《ᠪᠦᠷᠦᠶ᠎ᠶ᠋ᠢᠨ ᠦᠶ᠎ᠠ᠎ᠪᠠᠷ ᠨᠠᠭᠤᠷ᠎ᠤᠨ ᠬᠦᠪᠡᠭᠡ᠎ᠪᠠᠷ ᠠᠯᠬᠤᠬᠤ᠎ᠳᠤ ᠵᠦᠬᠡᠯᠡᠨ ᠰᠠᠯᠬᠢ ᠰᠡᠪᠡᠯᠵᠡᠵᠤ᠂ ᠨᠠᠭᠤᠷ᠎ᠤᠨ ᠤᠰᠤ ᠮᠡᠯᠮᠡᠯᠵᠡᠨ᠂ ᠯᠢᠩᠬ᠊ ᠤᠠ᠋ ᠴᠡᠴᠡᠭ᠎ᠤᠨ ᠠᠩᠬᠢᠯᠤᠮ᠎ᠠ ᠦᠨᠦᠷ ᠬᠠᠩᠬᠤᠯᠵᠤ᠂ ᠰᠡᠳᠭᠢᠯ᠎ᠳᠤ ᠲᠤᠩ ᠲᠠᠭᠠᠳᠡᠢ》 ᠬᠡᠵᠤ ᠮᠢᠨ ᠱᠧᠩ ᠲᠤᠰᠭᠤᠨ᠎ᠤ ᠠᠷᠠᠳ ᠨᠤᠳᠤᠭ᠎ᠤᠨ᠎ᠢᠶᠠᠨ ᠦᠵᠡᠮᠵᠢ᠎ᠪᠠᠨ ᠪᠠᠭ᠍ᠠᠳᠤᠨ ᠶᠠᠷᠢᠨ᠎ᠠ᠃
ᠮᠢᠨ ᠱᠧᠩ ᠲᠣᠰᠭᠤᠨ ᠪᠠᠶᠠᠨᠨᠠᠭᠤᠷ ᠬᠤᠲᠠ᠎ᠶ᠋ᠢᠨ ᠬᠠᠩᠭᠢᠨ ᠬᠤᠢᠲᠤ ᠬᠤᠱᠢᠭᠤᠨ᠎ᠤ ᠮᠠᠩᠬᠢᠰᠤ ᠪᠠᠯᠭᠠᠰᠤ᠎ᠠᠴᠠ ᠵᠡᠬᠦᠨ ᠬᠤᠢᠰᠢ 9 ᠺᠢᠯᠣᠮᠧᠲᠷ᠎ᠤᠨ ᠵᠠᠢ᠎ᠳᠤ ᠪᠠᠢᠷᠢᠯᠠᠳᠠᠭ᠂ ᠨᠡᠢᠲᠡ 589 ᠡᠷᠦᠬᠡ 1606 ᠬᠦᠮᠦᠨ ᠠᠮᠠ᠎ᠲᠠᠢ᠂ 8900 ᠮᠥ᠍ ᠲᠠᠷᠢᠶᠠᠨ ᠭᠠᠵᠠᠷ᠎ᠲᠠᠢ ᠲᠤᠰᠭᠤᠨ ᠪᠢᠯᠡ᠃ ᠬᠡᠳᠦᠨ ᠬᠤᠭᠤᠴᠠᠭᠠᠨ᠎ᠤ ᠲᠣᠰᠭᠤᠨ᠎ᠤ ᠬᠤᠶᠠᠷ ᠵᠥᠪᠯᠡᠯ᠎ᠤᠨ ᠴᠢᠷᠮᠠᠢᠯᠭ᠎ᠠ᠎ᠪᠠᠷ ᠲᠠᠮᠵᠢᠨ ᠮᠢᠨ ᠱᠧᠩ ᠲᠣᠰᠭᠤᠨ᠎ᠳᠤ ᠮᠠᠰᠢ ᠲᠦᠷᠭᠡᠨ᠎ᠢᠶᠠᠷ ᠬᠤᠪᠢᠷᠠᠯᠲᠠ ᠭᠠᠷᠴᠤ᠌᠂ ᠦᠩᠬᠡᠷᠡᠭ᠌ᠰᠡᠨ᠎ᠳᠤ ᠪᠠᠯᠭᠠᠰᠤᠨ᠎ᠤ᠎ᠪᠠᠨ ᠬᠠᠮᠤᠭ᠎ᠤᠨ ᠶᠠᠳᠠᠭᠤ ᠪᠠᠢᠭ᠍ᠰᠠᠨ ᠲᠤᠰᠭᠤᠨ ᠦᠨᠤᠳᠤᠷ ᠊ᠦᠵᠡᠰᠭᠦᠯᠡᠩᠳᠤ ᠰᠠᠢᠬᠠᠨ ᠲᠤᠰᠭᠤᠨ ᠪᠤᠯᠵᠤ ᠬᠤᠪᠢᠷᠠᠵᠡᠢ᠃
ᠭᠧᠩ ᠵᠢᠶᠦ᠋ᠨ ᠪᠤᠯ ᠮᠢᠨ ᠱᠧᠩ ᠲᠣᠰᠭᠤᠨ᠎ᠳᠤ ᠳᠦᠷᠦᠵᠦ᠍ ᠥᠰᠦᠭ᠌ᠰᠡᠨ ᠬᠥᠮᠦᠨ᠃ ᠲᠡᠷᠡ ᠲᠦᠷᠦᠬᠦᠦ ᠬᠡᠳᠤᠨ ᠵᠢᠯ ᠪᠦᠯᠬᠦᠮᠳᠡᠯ ᠪᠠᠯᠭᠠᠰᠤᠨ᠎ᠳᠤ ᠬᠦᠯᠡᠮᠵᠢ᠎ᠳᠤ ᠲᠠᠷᠢᠬᠤ᠎ᠶ᠋ᠢ ᠰᠦᠪᠡᠭ᠌ᠴᠢᠯᠡᠵᠤ᠂ ᠲᠤᠰᠭᠠᠶ ᠬᠤᠷᠱᠢᠶ᠎ᠠ ᠪᠠᠢᠭᠤᠯᠤᠨ᠂ ᠠᠱᠢᠬ ᠤᠷᠤᠯᠭ᠎ᠠ ᠨᠡᠯᠢᠶᠡᠳ ᠵᠦᠬᠡᠷ ᠪᠠᠢᠵᠡᠢ᠃ ᠮᠢᠨ ᠱᠧᠩ ᠲᠣᠰᠭᠤᠨ᠎ᠤ ᠬᠤᠴᠤᠷᠤᠩᠭᠤᠢ ᠪᠠᠢᠳᠠᠯ᠎ᠢ ᠬᠤᠪᠢᠷᠠᠭᠤᠯᠬᠤ᠎ᠶ᠋ᠢᠨ ᠲᠥᠯᠥᠭᠡ᠂ ᠮᠠᠩᠬᠢᠰᠤ ᠪᠠᠯᠭᠠᠰᠤᠨ᠎ᠤ ᠨᠠᠮ᠎ᠤᠨ ᠬᠤᠷᠢ᠊ ᠡᠶ᠎ᠡ᠂ ᠵᠠᠰᠠᠭ᠎ᠤᠨ ᠣᠷᠳᠣᠨ᠎ᠤ᠎ᠬᠢᠨ ᠭᠧᠩ ᠵᠢᠶᠦ᠋ᠨ᠎ᠢ ᠨᠤᠳᠤᠭ᠎ᠲᠠᠭᠠᠨ ᠪᠤᠴᠠᠵᠤ ᠠᠳᠠᠯ ᠤᠢ᠍ᠢᠯᠡᠰ ᠪᠤᠰᠭᠠᠬᠤ᠎ᠶ᠋ᠢ ᠤᠯᠠᠨ ᠤᠳᠠᠭ᠎ᠠ ᠡᠷᠢᠵᠤ ᠵᠤᠷᠢᠭ᠍ᠵᠢᠭᠤᠯᠵᠤ ᠰᠠᠨᠠᠭᠠᠴᠢᠯᠠᠭ᠍ᠰᠠᠨ᠎ᠠᠴᠠ ᠭᠧᠩ ᠵᠢᠶᠦ᠋ᠨ ᠨᠤᠲᠤᠭ᠎ᠲᠠᠭᠠᠨ ᠪᠤᠴᠠᠵᠤ ᠲᠤᠰᠭᠤᠨ᠎ᠤ᠎ᠪᠠᠨ ᠨᠠᠮ᠎ᠤᠨ ᠡᠬᠦᠷ᠎ᠤᠨ ᠱᠦᠵᠢ᠎ᠶ᠋ᠢᠨ ᠲᠤᠱᠢᠶᠠᠯ᠎ᠢ ᠡᠬᠦᠷᠭᠡᠯᠡᠪᠡ᠃ ᠢᠩᠬᠢᠬᠡᠳ 200 ᠰᠠᠭᠤᠷᠢ ᠢᠳᠡᠱᠢᠨ ᠨᠣᠭᠤᠭ᠎ᠠ᠎ᠶ᠋ᠢᠨ ᠬᠦᠯᠡᠮᠵᠢ ᠪᠠᠢᠭᠤᠯᠵᠤ᠂ ᠨᠤᠳᠤᠭ᠎ᠤᠨ ᠤᠯᠠᠨ᠎ᠢᠶᠠᠨ ᠲᠠᠭᠠᠭᠤᠯᠤᠨ ᠤᠷᠤᠯᠭ᠎ᠠ᠎ᠶ᠋ᠢ᠎ᠨᠢ ᠨᠡᠮᠡᠭ᠌ᠳᠡᠬᠦᠯᠬᠦ᠌᠎ᠶ᠋ᠢᠨ ᠬᠠᠮᠲᠤ ᠵᠢᠯ ᠪᠦᠷᠢ ᠠᠱᠢᠭ ᠣᠷᠣᠯᠭ᠎ᠠ᠎ᠶ᠋ᠢᠨ ᠭᠤᠷᠪᠠᠨ᠎ᠤ ᠨᠢᠭᠡ᠎ᠶ᠋ᠢ ᠭᠠᠷᠭᠠᠵᠤ ᠶᠠᠳᠠᠭᠤ ᠡᠷᠦᠬᠡ᠎ᠶ᠋ᠢ ᠲᠡᠮᠵᠢᠵᠡᠢ᠃
ᠭᠧᠩ ᠵᠢᠶᠦ᠋ᠨ᠎ᠤ ᠦᠵᠡᠬᠦ᠌᠎ᠪᠠᠷ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠪᠣᠯ ᠳᠠᠷᠤᠶ ᠲᠣᠰᠭᠤᠨ᠎ᠤ ᠠᠷᠠᠳ᠎ᠤᠨ ᠳᠣᠲᠣᠭᠠᠳᠤ ᠬᠥᠳᠡᠯᠭᠡᠬᠦ᠌ ᠬᠦᠴᠦᠨ᠎ᠢ ᠬᠦᠭ᠌ᠵᠢᠭᠡᠬᠦ᠌ ᠶᠠᠪᠤᠳᠠᠯ ᠪᠣᠯᠤᠨ᠎ᠠ᠃ ᠮᠢᠨ ᠱᠧᠩ ᠲᠤᠰᠭᠤᠨ ᠮᠠᠩᠬᠢᠰᠤ ᠪᠠᠯᠭᠠᠰᠤᠨ᠎ᠳᠠᠭᠠᠨ ᠬᠠᠮᠤᠭ᠎ᠤᠨ ᠬᠦᠴᠦᠷᠬᠡᠭ ᠲᠤᠰᠭᠤᠨ᠎ᠤ ᠨᠠᠮ᠎ᠤᠨ ᠡᠬᠦᠷ᠎ᠢ ᠪᠠᠢᠭᠤᠯᠵᠤ᠂ ᠨᠠᠮ᠎ᠤᠨ ᠡᠬᠦᠷ ᠪᠤᠯᠤᠨ ᠤᠯᠠᠨ ᠲᠦᠮᠡᠨ ᠬᠠᠮᠳᠤ᠎ᠪᠠᠷ ᠬᠦᠴᠦᠷᠭᠡᠭ᠌ᠵᠢᠬᠦ᠌ᠶ᠋ᠢ ᠪᠡᠶᠡᠯᠡᠬᠦᠯᠦᠭ᠌ᠰᠡᠨ᠎ᠢᠶᠠᠷ ᠲᠤᠰᠭᠤᠨ᠎ᠤ ᠠᠷᠠᠳ᠎ᠤᠨ ᠦᠪᠡᠷ᠎ᠤᠨ ᠪᠡᠶ᠎ᠠ᠎ᠪᠠᠨ ᠬᠠᠮᠢᠶᠠᠷᠬᠤ᠂ ᠦᠪᠡᠷ᠎ᠤᠨ ᠪᠡᠶ᠎ᠠ᠎ᠳᠡᠭᠡᠨ ᠤᠢ᠍ᠢᠯᠡᠴᠢᠯᠡᠬᠦ᠌ ᠴᠢᠳᠠᠪᠤᠷᠢ ᠲᠠᠰᠤᠷᠠᠯᠳᠡ ᠦᠬᠡᠢ ᠨᠡᠮᠡᠭ᠌ᠳᠡᠨ᠂ ᠠᠷᠠᠳ᠎ᠤᠨ ᠶᠠᠪᠤᠳᠠᠯ᠎ᠢ ᠠᠷᠠᠳᠴᠢᠯᠡᠯ᠎ᠢᠶᠠᠷ ᠵᠦᠪᠯᠡᠬᠦ᠂ ᠠᠷᠠᠳ᠎ᠤᠨ ᠶᠠᠪᠤᠳᠠᠯ᠎ᠢ ᠠᠷᠠᠳᠴᠢᠯᠡᠯ᠎ᠢᠶᠠᠷ ᠬᠦᠢᠴᠡᠳᠭᠡᠬᠦ᠂ ᠠᠷᠠᠳ᠎ᠤᠨ ᠶᠠᠪᠤᠳᠠᠯ᠎ᠢ ᠠᠷᠠᠳᠴᠢᠯᠡᠯ᠎ᠢᠶᠠᠷ ᠬᠠᠮᠢᠶᠠᠷᠬᠤ᠎ᠨᠢ ᠲᠤᠰᠭᠤᠨ᠎ᠤ ᠵᠠᠰᠠᠯᠳᠡ᠎ᠶ᠋ᠢᠨ ᠱᠢᠨ᠎ᠠ ᠬᠡᠪ ᠪᠠᠢᠳᠠᠯ ᠪᠤᠯᠪᠠ᠃ ᠮᠢᠨ ᠱᠧᠩ ᠲᠣᠰᠭᠤᠨ ᠬᠡᠷᠡᠭ ᠶᠠᠪᠤᠳᠠᠯ᠎ᠢ ᠠᠷᠠᠳᠴᠢᠯᠠᠯ᠎ᠢᠶᠠᠷ ᠵᠦᠪᠯᠡᠬᠦ᠌᠎ᠪᠠᠷ ᠳᠠᠮᠵᠢᠨ᠂ 450 ᠲᠡᠭ᠌ᠰᠢ ᠳᠥᠷᠪᠡᠯᠵᠢᠨ ᠮᠧᠳ᠋ᠷ᠎ᠤᠨ ᠭᠡᠷᠡᠯᠴᠢ ᠴᠡᠨᠡᠭ᠎ᠤᠨ ᠠᠵᠤ ᠦᠢᠯᠡᠰ᠎ᠤᠨ ᠲᠥᠷᠥᠯ ᠵᠦᠢᠯ᠎ᠢ ᠪᠦᠲᠦᠭᠡᠨ ᠪᠠᠢᠭᠤᠯᠵᠤ᠂ ᠲᠣᠰᠭᠤᠨ᠎ᠤ ᠬᠠᠮᠲᠤ᠎ᠶ᠋ᠢᠨ ᠠᠵᠤ ᠠᠬᠤᠢ᠎ᠶ᠋ᠢ ᠲᠠᠰᠤᠷᠠᠯᠲᠠ ᠦᠭᠡᠢ ᠪᠤᠵᠠᠭᠠᠢᠷᠠᠭᠤᠯᠬᠤ᠎ᠶ᠋ᠢᠨ ᠬᠠᠮᠲᠤ ᠶᠠᠳᠠᠭᠤ ᠬᠦᠴᠢᠷᠳᠡᠯᠲᠡᠢ ᠡᠷᠦᠬᠡ᠎ᠶ᠋ᠢ ᠬᠡᠷᠡᠯᠴᠢ ᠴᠡᠨᠡᠭ᠎ᠤᠨ ᠠᠵᠤ ᠦᠢᠯᠡᠰ᠎ᠤᠨ ᠬᠡᠯᠬᠢᠶ᠎ᠡ᠎ᠳᠤ ᠣᠷᠣᠭᠤᠯᠪᠠ; ᠨᠢᠳᠤᠨᠤᠨ 200 ᠮᠦ᠍ ᠬᠦᠯᠡᠮᠵᠢ᠎ᠶ᠋ᠢ ᠪᠣᠳᠠᠲᠠᠢ ᠲᠥᠯᠥᠪᠵᠢᠭᠦᠯᠦᠨ ᠪᠠᠢᠭᠤᠯᠵᠤ᠂ ᠬᠤᠵᠢᠷᠯᠢᠭ ᠬᠦᠷᠦᠰᠦᠨ ᠲᠡᠭᠡᠷ᠎ᠠ ᠬᠦᠯᠡᠮᠵᠢ᠎ᠳᠤ ᠲᠠᠷᠢᠬᠤ᠎ᠶ᠋ᠢ ᠪᠡᠶᠡᠯᠡᠬᠦᠯᠪᠡ᠃
ᠬᠦᠳᠡᠭᠡ ᠲᠤᠰᠭᠤᠨ᠎ᠤ ᠤᠷᠤᠱᠢᠨ ᠰᠠᠭᠤᠷᠢᠱᠢᠬᠤ ᠤᠷᠴᠢᠨ ᠲᠤᠭᠤᠷᠢᠨ᠎ᠢ ᠰᠠᠢᠵᠢᠷᠠᠭᠤᠯᠬᠤ ᠪᠤᠯ ᠬᠦᠳᠡᠭᠡ ᠲᠤᠰᠭᠤᠨ᠎ᠢ ᠬᠦᠭ᠌ᠵᠢᠬᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢᠨ ᠴᠢᠬᠤᠯᠠ ᠨᠢᠭᠡᠨ ᠡᠬᠦᠷᠭᠡ ᠪᠤᠯᠤᠨ᠎ᠠ᠃ ᠮᠢᠨ ᠱᠧᠩ ᠲᠣᠰᠭᠤᠨ ᠬᠡᠷᠡᠯᠳᠤᠬᠦᠯᠬᠦ᠂ ᠭᠤᠶᠤᠵᠢᠭᠤᠯᠬᠤ᠂ ᠨᠤᠭᠤᠭᠠᠷᠠᠭᠤᠯᠬᠤ᠂ ᠴᠡᠪᠡᠷᠵᠢᠬᠦᠯᠬᠦ᠂ ᠵᠢᠷᠤᠮᠵᠢᠭᠤᠯᠬᠤ ᠠᠵᠢᠯ᠎ᠢ ᠰᠠᠢᠳᠤᠷ ᠬᠢᠵᠤ᠂ ᠲᠠᠷᠢᠶᠠᠴᠢᠨ ᠡᠷᠦᠬᠡ᠎ᠶ᠋ᠢᠨ ᠬᠦᠷᠢᠶᠡᠨ ᠳᠣᠲᠣᠷ᠎ᠠ ᠠᠮᠢᠳᠤᠷᠠᠯ᠎ᠤᠨ ᠲᠣᠭᠤᠷᠢᠭ᠂ ᠲᠦᠯᠡᠭᠡ ᠡᠪᠡᠰᠦᠨ᠎ᠤ ᠲᠣᠭᠤᠷᠢᠭ᠂ ᠬᠦᠷᠢᠶ᠎ᠡ ᠬᠠᠱᠢᠶ᠎ᠠ᠎ᠶ᠋ᠢᠨ ᠲᠣᠭᠤᠷᠢᠭ ᠭᠠᠷᠭᠠᠵᠤ᠂ ᠠᠷᠠᠳ᠎ᠤᠨ ᠠᠮᠢᠳᠤᠷᠠᠯ᠎ᠢ ᠴᠢᠨᠡᠭᠡᠯᠢᠭ᠌ᠵᠢᠬᠦᠯᠬᠦ᠌ ᠪᠠ ᠲᠣᠰᠭᠤᠨ᠎ᠢᠶᠠᠨ ᠭᠤᠶᠤᠵᠢᠭᠤᠯᠬᠤ᠎ᠶ᠋ᠢ ᠬᠠᠮᠳᠦ᠎ᠳᠤᠨᠢ ᠪᠡᠶᠡᠯᠡᠬᠦᠯᠪᠠ᠃ 《ᠦᠵᠡᠰᠭᠦᠯᠡᠩᠳᠤ ᠰᠠᠢᠬᠠᠨ ᠬᠦᠳᠡᠭᠡ ᠲᠤᠰᠭᠤᠨ》 ᠤ ᠪᠦᠳᠦᠭᠡᠨ ᠪᠠᠢᠭᠤᠯᠤᠯᠳᠡ ᠲᠤᠮᠳᠠ᠂ ᠲᠤᠰ ᠲᠤᠰᠭᠤᠨ᠎ᠨᠢ ᠬᠦᠷᠢᠶ᠎ᠠ ᠬᠠᠱᠢᠶᠠᠨ᠎ᠤ ᠵᠢᠮᠢᠰ᠎ᠢ 200 ᠭᠠᠷᠤᠢ ᠮᠦ᠍ ᠲᠠᠷᠢᠵᠤ᠂ ᠪᠠᠰᠠ ᠵᠢᠮᠢᠰ᠎ᠤᠨ ᠮᠤᠳᠤᠨ᠎ᠤ ᠦᠮᠴᠢᠯᠡᠬᠦ᠌ ᠡᠷᠭᠡ᠎ᠶ᠋ᠢ ᠲᠤᠳᠤᠷᠬᠠᠢᠯᠠᠵᠡᠢ᠃ ᠲᠤᠰᠭᠤᠨ᠎ᠢ ᠲᠤᠭᠤᠷᠢᠭ᠍ᠰᠠᠨ ᠨᠤᠭᠤᠭᠠᠷᠠᠭᠤᠯᠤᠯᠳᠡ᠎ᠶ᠋ᠢᠨ ᠡᠷᠴᠢᠮ᠎ᠢ ᠴᠢᠩᠭᠠᠷᠠᠭᠤᠯᠤᠭ᠍ᠰᠠᠨᠠᠴᠠ ᠲᠤᠰᠭᠤᠨ᠎ᠤ ᠨᠤᠭᠤᠭᠠᠷᠠᠭᠤᠯᠤᠯᠳᠡ᠎ᠶ᠋ᠢᠨ ᠨᠤᠷᠮ᠎ᠠ 42% ᠲᠤ ᠬᠦᠷᠴᠤ᠌᠂ ᠤᠢ ᠱᠢᠭᠤᠢ᠎ᠪᠠᠷ ᠬᠦᠷᠢᠶᠡᠯᠡᠬᠦᠯᠦᠭ᠌ᠰᠡᠨ ᠭᠤᠢᠳᠡ ᠦᠵᠡᠮᠵᠢ᠎ᠶ᠋ᠢ ᠪᠦᠷᠢᠳᠦᠬᠦᠯᠪᠡ᠃ 《ᠤᠳᠤ 200 ᠭᠠᠷᠤᠢ ᠮᠦ᠍ ᠵᠢᠮᠢᠰ᠎ᠤᠨ ᠮᠤᠳᠤ᠎ᠶ᠋ᠢ ᠨᠢᠭᠡᠳᠤᠯᠳᠡᠢ ᠠᠷᠠᠴᠢᠯᠠᠵᠦ᠍᠂ ᠬᠦᠷᠢᠶ᠎ᠠ ᠬᠠᠱᠢᠶᠠᠨ᠎ᠤ ᠠᠵᠤ ᠠᠬᠤᠢ᠎ᠶ᠋ᠢᠨ ᠤᠢ᠎ᠶ᠋ᠢ ᠬᠦᠭ᠌ᠵᠢᠬᠦᠯᠬᠦ᠌᠎ᠪᠠᠷ ᠲᠠᠮᠵᠢᠨ᠂ ᠠᠵᠤ ᠤᠢ᠍ᠢᠯᠡᠰ ᠪᠤᠯᠤᠨ ᠲᠠᠷᠢᠶᠠᠴᠢᠳ᠎ᠤᠨ ᠤᠷᠤᠯᠭ᠎ᠠ᠎ᠶ᠋ᠢᠨ ᠨᠡᠮᠡᠭ᠌ᠳᠡᠯ᠎ᠢ ᠤᠶᠠᠯᠳᠤᠭᠤᠯᠵᠤ᠂ ᠲᠠᠷᠢᠶᠠᠴᠢᠳ᠎ᠲᠠᠢ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ᠎ᠶ᠋ᠢᠨ ᠬᠡᠯᠡᠯᠴᠡᠭᠡᠷ ᠲᠤᠭ᠍ᠳᠠᠵᠤ᠂ ᠤᠢ ᠱᠢᠭᠤᠢ᠎ᠶ᠋ᠢ ᠰᠠᠢᠳᠤᠷ ᠬᠠᠮᠢᠶᠠᠷᠴᠤ᠌ ᠬᠠᠮᠠᠭᠠᠯᠠᠬᠤ᠂ ᠤᠢ ᠱᠢᠭᠤᠢ᠎ᠠᠴᠠ ᠤᠷᠤᠯᠭ᠎ᠠ ᠤᠯᠬᠤ᠎ᠶ᠋ᠢ ᠦᠨᠡᠨ ᠬᠦ᠌ ᠪᠠᠳᠤᠯᠠᠵᠤ ᠴᠢᠳᠠᠵᠡᠢ》 ᠬᠡᠵᠤ ᠭᠧᠩ ᠵᠢᠶᠦ᠋ᠨ ᠲᠠᠨᠢᠯᠴᠠᠭᠤᠯᠤᠨ᠎ᠠ᠃
ᠱᠢᠨ᠎ᠡ ᠰᠡᠳᠭᠢᠬᠦᠢ᠂ ᠱᠢᠨ᠎ᠡ ᠵᠠᠩ ᠳᠠᠳᠭᠠᠯ᠂ ᠱᠢᠨ᠎ᠡ ᠬᠡᠪ ᠰᠤᠷᠲᠠᠯ ᠮᠢᠨ ᠱᠧᠩ ᠲᠣᠰᠭᠤᠨ᠎ᠳᠤ ᠠᠭᠤᠰᠤᠨ ᠤᠷᠤᠪᠠ᠃ 《ᠲᠣᠰᠭᠤᠨ᠎ᠤ ᠠᠷᠠᠳ᠎ᠤᠨ ᠰᠤᠷᠲᠠᠯ ᠬᠤᠪᠢᠷᠬᠠᠰᠠᠨ ᠱᠢᠯᠲᠠᠭᠠᠨ᠎ᠢ ᠶᠠᠷᠢᠪᠠᠯ᠂ ᠪᠢᠳᠡ ᠬᠠᠷᠢᠭᠤᠴᠠᠯᠭ᠎ᠠ᠎ᠶ᠋ᠢᠨ ᠰᠦᠯᠵᠢᠶᠡᠵᠢᠭ᠌ᠰᠡᠨ ᠬᠠᠮᠢᠶᠠᠷᠤᠯᠲᠠ᠎ᠶ᠋ᠢ ᠬᠡᠷᠡᠭ᠌ᠵᠢᠭᠦᠯᠦᠭ᠌ᠰᠡᠨ᠎ᠳᠤ ᠪᠠᠢᠨ᠎ᠠ᠂ ᠳᠠᠷᠤᠶ ᠬᠤᠷᠱᠢᠶ᠎ᠠ ᠪᠦ᠍ᠷᠢᠠᠴᠠ ᠳᠥᠷᠪᠡ᠎ᠠᠴᠠ ᠲᠠᠪᠤᠨ ᠨᠡᠷ᠎ᠠ ᠬᠠᠷᠢᠭᠤᠴᠠᠯᠭ᠎ᠠ᠎ᠶ᠋ᠢᠨ ᠰᠦᠯᠵᠢᠶᠡᠨ ᠳᠠᠷᠤᠭ᠎ᠠ᠎ᠶ᠋ᠢ ᠰᠤᠩᠭᠤᠨ ᠭᠠᠷᠭᠠᠵᠤ᠂ ᠲᠡᠳᠡ ᠡᠳᠤᠷ ᠲᠤᠳᠤᠮ᠎ᠤᠨ ᠠᠵᠢᠯ᠎ᠢᠶᠠᠨ ᠬᠢᠭ᠌ᠰᠡᠨ᠎ᠤ ᠰᠠᠭᠤᠷᠢᠨ ᠲᠡᠭᠡᠷ᠎ᠠ ᠬᠥᠷᠰᠢ ᠵᠡᠷᠭᠡᠯᠡᠳᠡᠭᠡ᠎ᠶ᠋ᠢᠨ ᠵᠥᠷᠢᠴᠡᠯ᠎ᠢ ᠱᠢᠢᠳᠪᠤᠷᠢᠯᠡᠳᠡᠭ᠃ ᠥᠩᠭᠡᠷᠡᠭ᠌ᠰᠡᠨ᠎ᠳᠤ᠂ ᠵᠥᠷᠢᠴᠡᠯ ᠡᠬᠦᠰᠪᠡᠯ ᠪᠦᠷ ᠥᠪᠡᠷ᠎ᠢᠶᠠᠨ ᠱᠢᠢᠳᠪᠦᠷᠢᠯᠡᠬᠦ᠌᠎ᠳᠤ ᠲᠦᠱᠢᠭ᠌ᠯᠡᠨ᠎ᠡ᠂ ᠵᠠᠷᠢᠮ᠎ᠨᠢ ᠪᠠᠭ᠎ᠠ ᠰᠠᠭ᠎ᠠ ᠤᠴᠢᠷ ᠳᠡᠬᠡᠷ᠎ᠠ ᠵᠦᠷᠢᠴᠡᠯ᠎ᠲᠠᠢ ᠪᠤᠯᠤᠭᠠᠳ ᠬᠤᠶᠠᠷ ᠭᠤᠷᠪᠡᠨ ᠵᠢᠯ ᠬᠤᠭᠤᠷᠤᠨᠳᠤ᠎ᠪᠠᠨ ᠦᠬᠡ ᠶᠠᠷᠢᠬᠤ ᠦᠬᠡᠢ ᠪᠠᠢᠬ᠍ᠰᠠᠨ᠂ ᠣᠳᠣ ᠰᠦᠯᠵᠢᠶᠡᠨ ᠲᠠᠷᠤᠭ᠎ᠠ ᠣᠯᠠᠨ᠎ᠢ ᠳᠠᠭᠠᠭᠤᠯᠤᠨ ᠢᠳᠭᠠᠨ ᠡᠶᠡᠳᠡᠭᠦᠯᠳᠡᠭᠠᠴᠠ ᠡᠢᠮᠤ ᠶᠠᠪᠤᠳᠠᠯ ᠡᠬᠦᠰᠭᠦ ᠦᠬᠡᠢ ᠪᠤᠯᠤᠭ᠍ᠰᠠᠨ》 ᠬᠡᠵᠤ ᠲᠤᠰᠭᠤᠨ᠎ᠤ ᠨᠢᠭ᠍ᠲᠠᠯᠠᠨ ᠪᠣᠳᠣᠭ᠍ᠴᠢ ᠯᠢ ᠭᠠᠶ ᠶᠢᠩ ᠢᠳᠡᠭᠡᠯ ᠲᠦᠬᠦᠷᠡᠩ ᠶᠠᠷᠢᠨ᠎ᠠ᠃ ᠮᠢᠨ ᠱᠧᠩ ᠲᠣᠰᠭᠤᠨ᠎ᠤ ᠡᠭᠡᠯ ᠪᠣᠷᠣᠭ᠍ᠵᠢᠭᠤᠨ ᠠᠷᠠᠳ᠎ᠤᠨ ᠰᠤᠷᠲᠠᠯ ᠪᠤᠯᠤᠨ ᠺᠠᠳ᠋ᠷ ᠤᠯᠠᠨ ᠲᠦᠮᠡᠨ᠎ᠤ ᠡᠶ᠎ᠡ ᠵᠣᠬᠢᠴᠠᠩᠭᠤᠢ ᠬᠠᠷᠢᠴᠠᠭ᠎ᠠ᠎ᠨᠢ ᠡᠨᠡ ᠬᠦ᠌ ᠲᠣᠰᠭᠤᠨ᠎ᠳᠤ ᠤᠯᠠᠮ᠎ᠢᠶᠠᠷ ᠦᠩᠬᠡ ᠨᠡᠮᠡᠷᠢᠯᠡᠵᠡᠢ᠃
ᠮᠠᠩᠬᠢᠰᠤ ᠪᠠᠯᠭᠠᠰᠤᠨ᠎ᠤ ᠮᠣᠷᠢᠨ ᠤᠷᠤᠯᠳᠤᠭᠠᠨ᠎ᠤ ᠲᠠᠯᠠᠪᠠᠶ᠂ ᠪᠦᠦ ᠯᠢᠶᠠᠨ ᠰᠧ ᠰᠦᠮ᠎ᠡ᠂ ᠲᠤᠤᠷᠠᠢ᠎ᠶ᠋ᠢᠨ ᠤᠢ᠂ ᠲᠦᠮᠡᠨ ᠮᠦ᠍᠎ᠶ᠋ᠢᠨ ᠨᠡᠷᠡᠨ ᠬᠤᠧᠠᠷ᠎ᠤᠨ ᠬᠦᠷᠢᠶᠡᠯᠡᠩ ᠵᠡᠷᠭᠡ ᠣᠨᠴᠠᠯᠢᠭ᠍ᠲᠤ ᠵᠢᠭᠤᠯᠴᠢᠯᠠᠯ᠎ᠤᠨ ᠳᠠᠪᠠᠭᠤᠯᠢᠭ᠎ᠲᠤ ᠲᠦᠱᠢᠭ᠌ᠯᠡᠨ᠂ ᠮᠢᠨ ᠱᠧᠩ ᠲᠤᠰᠭᠤᠨ ᠬᠦᠳᠡᠭᠡ ᠲᠤᠰᠭᠤᠨ᠎ᠤ ᠵᠢᠭᠤᠯᠴᠢᠯᠡᠯ᠎ᠢ ᠱᠤᠭᠤᠬᠤ ᠱᠢᠨ᠎ᠠ ᠵᠠᠮ᠎ᠢᠶᠠᠷ ᠵᠠᠮᠨᠠᠵᠤ᠂ ᠡᠨᠡ ᠵᠢᠯ ᠵᠢᠭᠤᠯᠴᠢᠯᠠᠯ᠎ᠤᠨ ᠲᠥᠷᠥᠯ ᠵᠦᠶᠯ᠎ᠢ ᠲᠡᠭᠡᠭ᠌ᠰᠢ ᠮᠡᠳᠡᠭᠦᠯᠦᠭ᠌ᠰᠡᠨ ᠰᠠᠭᠤᠷᠢᠨ ᠳᠡᠭᠡᠷ᠎ᠡ ᠡᠳᠦᠶ ᠲᠡᠳᠦᠶ ᠠᠷᠠᠳ᠎ᠤᠨ ᠣᠷᠣᠨ ᠰᠠᠭᠤᠴᠠ᠎ᠶ᠋ᠢ ᠨᠡᠮᠡᠬᠦ᠌᠎ᠪᠠᠷ ᠪᠤᠯᠵᠡᠢ᠃ ᠮᠠᠩᠬᠢᠰᠤ ᠪᠠᠯᠭᠠᠰᠤᠨ᠎ᠤ ᠰᠦᠮ᠎ᠡ᠎ᠶ᠋ᠢᠨ ᠴᠤᠭ᠍ᠯᠠᠭᠠᠨ᠎ᠢ ᠲᠣᠭᠤᠷᠢᠬᠤ᠂ ᠮᠣᠷᠢ ᠤᠨᠤᠬᠤ᠂ ᠲᠣᠤᠷᠠᠶ᠎ᠶ᠋ᠢᠨ ᠤᠢ᠎ᠶ᠋ᠢ ᠰᠤᠨᠢᠷᠬᠠᠬᠤ᠂ ᠠᠮᠲᠠᠲᠤ ᠬᠡᠮᠬᠡ ᠠᠮᠳᠠᠯᠠᠬᠤ ᠵᠡᠷᠭᠡ ᠵᠢᠭᠤᠯᠴᠢᠯᠡᠯ᠎ᠤᠨ ᠴᠡᠭ᠎ᠤᠨ ᠰᠠᠭᠤᠷᠢᠨ ᠳᠡᠭᠡᠷ᠎ᠡ ᠱᠢᠨ᠎ᠠ ᠨᠢᠭᠡᠨ ᠦᠵᠡᠮᠵᠢ᠎ᠶ᠋ᠢᠨ ᠴᠡᠭ ᠪᠤᠯᠬᠤ ᠮᠢᠨ ᠱᠧᠩ ᠲᠤᠰᠭᠤᠨ᠎ᠤ ᠶᠤᠧᠠᠢ ᠯᠢᠶᠠᠩ ᠬᠡᠤ ᠨᠠᠭᠤᠷ᠎ᠢ ᠨᠡᠮᠡᠪᠡ᠃ ᠲᠤᠰᠭᠤᠨ᠎ᠳᠤ ᠪᠠᠰᠠ ᠬᠤᠪᠢ ᠨᠡᠮᠡᠷᠢ ᠦᠵᠡᠭᠦᠯᠬᠦ᠌ ᠱᠢᠨ᠎ᠡ ᠤᠷᠤᠰᠭᠠᠯ ᠪᠤᠢ ᠪᠤᠯᠪᠠ᠃ ᠨᠡᠢᠭᠡᠮ᠎ᠤᠨ ᠡᠯ᠎ᠠ ᠡᠳᠡᠭᠡᠳ᠎ᠤᠨ ᠬᠠᠯᠭᠤᠨ ᠰᠡᠳᠭᠢᠯ᠎ᠳᠤ ᠬᠦᠮᠦᠰ᠎ᠤᠨ ᠬᠠᠨᠳᠢᠪᠯᠠᠬᠤ ᠠᠵᠢᠯᠯᠠᠭ᠎ᠠ ᠬᠠᠯᠠᠭᠤᠨ᠎ᠢᠶᠠᠷ ᠦᠷᠨᠢᠬᠦ᠌ᠶ᠋ᠢ ᠲᠠᠭᠠᠯᠳᠤᠨ᠂ ᠮᠢᠨ ᠱᠧᠩ ᠲᠣᠰᠭᠤᠨ᠎ᠤ ᠠᠷᠠᠳ᠎ᠤᠨ ᠭᠡᠪ ᠰᠤᠷᠳᠠᠯ ᠴᠤ᠌ ᠲᠡᠭᠡᠭ᠌ᠰᠢᠯᠡᠵᠠᠢ᠃ ᠨᠢᠭᠡᠳᠦᠭᠡᠷ ᠱᠦᠵᠢ ᠮᠢᠶᠣᠣ ᠬᠡᠤ ᠶᠠᠳᠠᠭᠤ ᠬᠦᠴᠢᠷᠳᠡᠯᠲᠡᠶ ᠡᠷᠦᠬᠡ᠎ᠳᠤ ᠬᠠᠨᠳᠢᠪᠯᠠᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠭ᠍ᠰᠠᠨ᠎ᠳᠤ᠂ 10 ᠡᠳᠦᠷ᠎ᠲᠤ 8000 ᠭᠠᠷᠤᠶ ᠲᠥᠭᠦᠷᠢᠭ᠎ᠤᠨ ᠬᠠᠨᠳᠢᠪ᠎ᠤᠨ ᠮᠥᠩᠭᠦ᠌ ᠣᠯᠵᠠᠶ᠃ 《ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠶ᠋ᠢ ᠪᠦᠲᠦᠮᠵᠢᠲᠡᠶ ᠵᠣᠯᠭᠠᠭᠤᠯᠬᠤ ᠶᠠᠪᠤᠴᠠ ᠳᠤᠮᠳᠠ᠂ ᠮᠢᠨ ᠱᠧᠩ ᠲᠣᠰᠭᠤᠨ ᠬᠦᠨ ᠵᠤᠵᠠᠭᠠᠨ ᠬᠠᠢᠷ᠎ᠠ ᠬᠠᠯᠠᠮᠵᠢ᠎ᠶ᠋ᠢᠨ ᠠᠭᠤᠷ ᠠᠮᠢᠰᠭᠤᠯ᠎ᠢ ᠪᠤᠢ ᠪᠤᠯᠭᠠᠵᠤ᠂ ᠪᠢᠳᠠᠨ᠎ᠤ ᠠᠵᠢᠯᠯᠠᠬᠤ ᠤᠷᠮ᠎ᠠ ᠵᠤᠷᠢᠭ᠎ᠢ ᠴᠤ᠌ ᠬᠦᠭ᠌ᠵᠢᠭᠡᠵᠡᠢ》 ᠬᠡᠵᠤ ᠮᠢᠶᠣᠣ ᠬᠡᠤ ᠤᠷᠮᠠᠳᠠᠢ ᠶᠠᠷᠢᠨ᠎ᠠ᠃
ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠱᠢᠨ᠎ᠡ ᠵᠢᠷᠤᠭ ᠲᠦᠯᠦᠪᠯᠡᠭᠡ ᠮᠢᠨ ᠱᠧᠩ ᠲᠣᠰᠭᠤᠨ᠎ᠳᠤ ᠲᠡᠯᠭᠡᠭ᠌ᠳᠡᠯᠠ᠃ ᠮᠢᠨ ᠱᠧᠩ ᠲᠤᠰᠭᠤᠨ ᠠᠷᠠᠳ᠎ᠤᠨ ᠠᠮᠢᠳᠤᠷᠠᠯ᠎ᠢ ᠠᠩᠬᠠᠷᠬᠤ ᠪᠣᠯ ᠰᠠᠭᠤᠷᠢ᠂ ᠶᠠᠳᠠᠭᠤ ᠬᠦᠴᠢᠷᠳᠡᠯᠲᠡᠶ ᠡᠷᠦᠬᠡ᠎ᠶ᠋ᠢ ᠬᠠᠯᠠᠮᠵᠢᠯᠠᠬᠤ ᠪᠣᠯ ᠨᠢᠭ᠍ᠲᠠᠷᠠᠯ᠂ ᠳᠣᠲᠣᠭᠠᠳᠤ ᠬᠥᠳᠡᠯᠭᠡᠬᠦ᠌ ᠬᠦᠴᠦᠨ᠎ᠢ ᠬᠦᠭ᠌ᠵᠢᠭᠡᠬᠦ᠌ ᠪᠣᠯ ᠭᠤᠣᠯᠳᠠᠯᠭ᠎ᠠ᠂ ᠠᠷᠠᠳ᠎ᠤᠨ ᠠᠮᠢᠳᠤᠷᠠᠯ᠎ᠤᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠌ ᠪᠤᠯᠤᠨ ᠣᠷᠣᠱᠢᠨ ᠰᠠᠭᠤᠷᠢᠱᠢᠬᠤ ᠣᠷᠴᠢᠨ ᠲᠤᠭᠤᠷᠢᠨ᠎ᠢ ᠰᠠᠢᠵᠢᠷᠠᠭᠤᠯᠬᠤ᠎ᠶ᠋ᠢ ᠬᠠᠮᠤᠭ᠎ᠤᠨ ᠡᠴᠦᠰ᠎ᠤᠨ ᠵᠣᠷᠢᠯᠭ᠎ᠠ ᠪᠤᠯᠭᠠᠵᠤ᠂ ᠦᠵᠡᠰᠭᠦᠯᠡᠩᠳᠤ ᠰᠠᠢᠬᠠᠨ ᠬᠦᠳᠡᠭᠡ ᠲᠤᠰᠭᠤᠨ᠎ᠤ ᠱᠢᠨ᠎ᠠ ᠬᠠᠭᠤᠳᠠᠰᠤ᠎ᠶ᠋ᠢ ᠪᠢᠴᠢᠭ᠌ᠯᠡᠬᠦ᠌᠎ᠪᠠᠷ ᠡᠷᠡᠮᠡᠬᠡᠢᠯᠡᠨ ᠤᠷᠤᠭ᠍ᠰᠢᠯᠠᠭ᠍ᠰᠠᠭᠠᠷ᠃