— ᠦᠪᠡᠷᠳᠡᠭᠡᠨ ᠵᠠᠰᠠᠬᠤ ᠤᠷᠤᠨ᠎ᠤ ᠬᠦᠳᠡᠯᠮᠤᠷᠢ᠎ᠶ᠋ᠢᠨ ᠵᠢᠱ᠌ᠢᠶᠡᠴᠢ ᠸᠠᠩ ᠯᠢ ᠵᠢᠶᠦ᠋ᠨ᠎ᠢ ᠲᠡᠮᠳᠡᠭ᠌ᠯᠡᠪᠠ
ᠡᠩ᠎ᠤᠨ ᠲᠠᠷᠢᠶᠠᠯᠠᠩ᠎ᠤᠨ ᠮᠡᠷᠭᠡᠵᠢᠯᠲᠡᠨ᠎ᠠᠴᠠ᠎ᠪᠠᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠲᠤᠰᠭᠠᠶ ᠮᠡᠷᠭᠡᠵᠢᠯᠲᠡᠨ ᠪᠤᠯᠳᠠᠯ᠎ᠠ᠂ ᠲᠡᠷᠡ ᠰᠣᠷᠣᠭ᠍ᠰᠠᠨ ᠮᠡᠳᠡᠯᠭᠡ᠎ᠪᠠᠷ᠎ᠢᠶᠠᠨ 《ᠲᠠᠷᠢᠶᠠᠯᠠᠩ᠂ ᠬᠥᠳᠡᠭᠡ ᠲᠣᠰᠭᠤᠨ᠂ ᠲᠠᠷᠢᠶᠠᠴᠢᠨ》 ᠤ ᠠᠵᠢᠯ᠎ᠳᠤ ᠦᠢᠯᠡᠴᠢᠯᠡᠵᠦ᠍᠂ ᠮᠡᠷᠭᠡᠵᠢᠯ᠎ᠤᠨ ᠦᠷ᠎ᠡ ᠪᠦᠲᠦᠭᠡᠯ᠎ᠢᠶᠠᠨ ᠲᠠᠷᠢᠶᠠᠨ ᠭᠠᠵᠠᠷ ᠱᠠᠩ᠎ᠤᠨ ᠳᠡᠷᠭᠡᠳᠡ ᠤᠢᠯᠡᠳᠤᠯᠭᠡᠵᠢᠬᠦᠯᠵᠦ᠍᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠥᠭᠦᠯᠡᠯ᠎ᠢᠶᠠᠨ ᠬᠥᠯᠥᠨ ᠪᠤᠢᠷ᠎ᠤᠨ ᠡᠬᠡ ᠭᠠᠵᠠᠷ ᠳᠡᠭᠡᠷ᠎ᠡ ᠲᠤᠭᠤᠷᠪᠢᠯᠠ᠃ ᠲᠡᠷᠡ ᠪᠣᠯ ᠬᠥᠯᠥᠨ ᠪᠤᠢᠷ ᠬᠤᠳᠠ᠎ᠶ᠋ᠢᠨ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ᠌ ᠦᠢᠯᠡᠴᠢᠯᠡᠭᠡᠨ᠎ᠤ ᠲᠥᠪ᠎ᠤᠨ ᠨᠠᠮ᠎ᠤᠨ ᠡᠭᠦᠷ᠎ᠤᠨ ᠱᠦᠵᠢ᠂ ᠡᠷᠬᠢᠯᠡᠭ᠌ᠴᠢ ᠸᠠᠩ ᠯᠢ ᠵᠢᠶᠦ᠋ᠨ ᠪᠣᠯᠤᠨ᠎ᠠ᠃
1986 ᠣᠨ᠎ᠳᠤ᠂ ᠥᠪᠥᠷ ᠮᠣᠩᠭᠤᠯ᠎ᠤᠨ ᠲᠠᠷᠢᠶᠠᠯᠠᠩ ᠮᠠᠯ ᠠᠵᠤ ᠠᠬᠤᠢ᠎ᠶ᠋ᠢᠨ ᠳᠡᠭᠡᠳᠦ ᠰᠤᠷᠭᠠᠭᠤᠯᠢ᠎ᠶ᠋ᠢᠨ ᠲᠠᠷᠢᠶᠠᠯᠠᠩ᠎ᠤᠨ ᠤᠬᠠᠭᠠᠨ᠎ᠤ ᠰᠠᠯᠪᠤᠷᠢ᠎ᠠᠴᠠ ᠲᠡᠭᠦᠰᠦᠭ᠌ᠰᠡᠨ ᠮᠣᠩᠭᠤᠯ ᠬᠡᠦᠬᠡᠨ ᠸᠠᠩ ᠯᠢ ᠵᠢᠶᠦ᠋ᠨ ᠲᠦᠷᠦᠭ᠌ᠰᠡᠨ ᠨᠣᠳᠤᠭ ᠬᠦᠯᠤᠨ ᠪᠤᠢᠷ᠎ᠲᠠᠭᠠᠨ ᠪᠤᠴᠠᠵᠠᠢ᠃ 34 ᠵᠢᠯ᠎ᠤᠨ ᠲᠤᠷᠰᠢ᠂ ᠲᠡᠷᠡ ᠶᠡᠷᠦ᠎ᠨᠢ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ᠌ ᠡᠮᠤᠨ᠎ᠠ ᠹᠷᠣᠨᠲ᠎ᠲᠤ ᠭᠠᠪᠱᠢᠭᠠᠢᠯᠠᠵᠤ᠂ ᠲᠠᠷᠢᠮᠠᠯ᠎ᠤᠨ ᠱᠢᠨ᠎ᠡ ᠡᠭᠦᠯᠳᠡᠷ᠂ ᠱᠢᠨ᠎ᠡ ᠮᠡᠷᠭᠡᠵᠢᠯ᠎ᠢ ᠣᠷᠣᠭᠤᠯᠤᠨ ᠠᠪᠴᠢᠷᠠᠵᠣ ᠲᠤᠷᠱᠢᠯᠲᠠ ᠬᠢᠬᠦ᠌᠎ᠠᠴᠠ ᠵᠢᠱ᠌ᠢᠶ᠎ᠡ ᠦᠵᠡᠭᠦᠯᠦᠨ ᠳᠡᠯᠭᠡᠷᠡᠭᠦᠯᠬᠦ᠌ ᠬᠦᠷᠲᠡᠯ᠎ᠡ᠂ ᠬᠥᠳᠡᠭᠡ ᠲᠣᠰᠭᠤᠨ᠎ᠤ ᠬᠡᠷᠡᠭ᠌ᠯᠡᠭᠡᠨ᠎ᠤ ᠮᠡᠷᠭᠡᠵᠢᠯ᠎ᠤᠨ ᠮᠠᠲ᠋ᠧᠷᠢᠶᠠᠯ᠎ᠢ ᠡᠮᠬᠢᠳᠭᠡᠨ ᠨᠠᠢᠷᠠᠭᠤᠯᠬᠤ᠎ᠠᠴᠠ ᠠᠵᠤ ᠦᠢᠯᠡᠰ᠎ᠢᠶᠠᠷ ᠶᠠᠳᠠᠭᠤ᠎ᠶ᠋ᠢ ᠲᠡᠳᠬᠦᠬᠦ᠌ ᠪᠣᠯᠪᠠᠰᠣᠷᠠᠯ ᠬᠢᠬᠦ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠮᠡᠳᠡᠯᠭᠡ᠎ᠶ᠋ᠢ ᠬᠥᠳᠡᠭᠡ ᠬᠦᠷᠭᠡᠬᠦ᠌ ᠬᠦᠷᠲᠡᠯ᠎ᠡ᠂ ᠬᠠᠪᠤᠷ ᠲᠥᠷᠥᠯ ᠵᠦᠶᠯ᠎ᠤᠨ ᠭᠠᠵᠠᠷ᠎ᠢ ᠨᠠᠢᠳᠠᠪᠤᠷᠢᠵᠢᠭᠤᠯᠬᠤ᠂ ᠮᠦᠷᠳᠡᠨ ᠮᠡᠷᠭᠡᠵᠢᠯ᠎ᠤᠨ ᠦᠶᠯᠡᠴᠢᠯᠡᠭᠡ ᠬᠢᠬᠦ᠌᠎ᠠᠴᠠ ᠨᠠᠮᠤᠷ᠎ᠤᠨ ᠬᠤᠷᠢᠶᠠᠯᠳᠠ᠎ᠶ᠋ᠢᠨ ᠦᠶᠡᠰ ᠲᠤᠬᠠᠶ᠎ᠶ᠋ᠢᠨ ᠭᠠᠵᠠᠷ᠎ᠲᠤᠨᠢ ᠬᠦᠷᠴᠤ᠌ ᠣᠨᠠᠯᠳᠠ᠎ᠶ᠋ᠢ ᠬᠡᠮᠵᠢᠬᠦ᠌ ᠪᠠ ᠳ᠋ᠦᠩᠨᠡᠨ ᠵᠠᠳᠠᠯᠬᠤ ᠬᠦᠷᠲᠡᠯ᠎ᠡ᠂ ᠬᠠᠮᠢᠭ᠎ᠠ ᠬᠡᠷᠡᠭ᠌ᠴᠡᠭᠡ᠎ᠲᠠᠢ ᠪᠣᠯ ᠲᠡᠷᠡ ᠲᠡᠨᠳᠡ ᠮᠤᠩᠭᠠᠨᠢᠨ᠎ᠠ᠃
ᠣᠯᠠᠨ ᠵᠢᠯ᠎ᠤᠨ ᠲᠤᠷᠰᠢ᠂ ᠸᠠᠩ ᠯᠢ ᠵᠢᠶᠦ᠋ᠨ ᠮᠡᠷᠭᠡᠵᠢᠯ᠎ᠤᠨ ᠪᠦᠯᠬᠦᠮ᠎ᠢᠶᠠᠨ ᠳᠠᠭᠠᠭᠤᠯᠤᠨ ᠪᠦᠬᠦ᠌ ᠬᠤᠲᠠ᠎ᠶ᠋ᠢᠨ᠎ᠢᠶᠠᠨ ᠠᠳᠠᠯᠢ ᠪᠤᠰᠤ ᠴᠠᠭ ᠦᠶ᠎ᠡ᠎ᠶ᠋ᠢᠨ ᠲᠠᠷᠢᠶᠠᠯᠠᠩ ᠦᠢᠯᠡᠳᠪᠦᠷᠢᠯᠡᠯ᠎ᠤᠨ ᠬᠦᠴᠢᠷᠳᠡᠯ ᠠᠰᠠᠭᠤᠳᠠᠯ᠎ᠳᠤ ᠴᠢᠭ᠌ᠯᠡᠭᠦᠯᠵᠦ᠍᠂ ᠱᠢᠨ᠎ᠡ ᠮᠡᠷᠭᠡᠵᠢᠯ᠎ᠤᠨ ᠲᠤᠷᠱᠢᠯᠲᠠ᠎ᠶ᠋ᠢᠨ ᠰᠤᠳᠤᠯᠭᠠᠨ ᠦᠷᠨᠢᠭᠦᠯᠵᠦ᠍᠂ ᠪᠣᠬᠢᠷᠲᠤᠯ ᠦᠭᠡᠢ ᠥᠨᠳᠥᠷ ᠤᠨᠠᠯᠲᠠ᠎ᠲᠠᠢ ᠥᠨᠳᠥᠷ ᠪᠦᠲᠦᠮᠵᠢᠲᠡᠶ ᠮᠡᠷᠭᠡᠵᠢᠯ᠎ᠤᠨ ᠵᠠᠭ᠍ᠪᠤᠷ᠎ᠢᠶᠠᠷ ᠬᠥᠲᠥᠯᠥᠨ ᠳᠠᠭᠠᠭᠤᠯᠬᠤ ᠲᠠᠪᠴᠠᠩ ᠪᠠᠢᠭᠤᠯᠵᠤ 《ᠰᠠᠭᠤᠷᠢᠨ + ᠦᠨᠳᠦᠰᠦᠨ ᠱᠠᠲᠤᠨ᠎ᠤ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ᠌ ᠰᠠᠯᠠᠭ᠎ᠠ ᠮᠥᠴᠢᠷ + ᠱᠢᠨ᠎ᠡ ᠬᠡᠯᠪᠡᠷᠢ᠎ᠶ᠋ᠢᠨ ᠲᠠᠷᠢᠶᠠᠯᠠᠩ᠎ᠤᠨ ᠡᠵᠡᠩᠨᠡᠯᠲᠡ᠎ᠶ᠋ᠢᠨ ᠭᠤᠣᠯ ᠴᠣᠭ᠍ᠴᠠ + ᠠᠵᠤ ᠠᠬᠤᠢᠯᠠᠯ》 ᠤᠨ ᠬᠡᠯᠬᠢᠶᠡᠵᠢᠭ᠌ᠰᠡᠨ ᠮᠡᠷᠭᠡᠵᠢᠯ ᠳᠡᠯᠭᠡᠷᠡᠭᠦᠯᠬᠦ᠌ ᠦᠢᠯᠡᠴᠢᠯᠡᠭᠡᠨ᠎ᠤ ᠵᠠᠭ᠍ᠪᠤᠷ᠎ᠢ ᠰᠦᠪᠡᠭ᠌ᠴᠢᠯᠡᠨ ᠪᠠᠢᠭᠤᠯᠵᠤ᠂ ᠪᠦᠬᠦ᠌ ᠬᠤᠲᠠ᠎ᠶ᠋ᠢᠨ᠎ᠢᠶᠠᠨ ᠲᠠᠷᠢᠶᠠᠯᠠᠩ᠎ᠤᠨ ᠴᠢᠨᠠᠷ ᠰᠠᠢᠲᠠᠢ ᠬᠥᠭ᠌ᠵᠢᠯᠲᠡ᠂ ᠪᠣᠬᠢᠷᠲᠤᠯ ᠦᠭᠡᠢ ᠦᠢᠯᠡᠳᠪᠦᠷᠢᠯᠡᠯ᠎ᠳᠤ ᠱᠢᠨᠵᠢᠯᠡᠬᠦ᠌ ᠣᠬᠠᠭᠠᠨ ᠲᠧᠭ᠌ᠨᠢᠭ ᠮᠡᠷᠭᠡᠵᠢᠯ᠎ᠤᠨ ᠬᠦᠴᠦᠳᠡᠢ ᠲᠤᠯᠭᠠᠭᠤᠷᠢᠯᠠᠯ ᠬᠠᠩᠭᠠᠪᠠ᠃
《ᠲᠣᠰᠣ ᠶᠡᠬᠡᠲᠡᠶ ᠱᠢᠷ᠎ᠠ ᠪᠤᠷᠴᠠᠭ᠎ᠤᠨ ᠤᠨᠠᠯᠲᠠ᠎ᠶ᠋ᠢ ᠨᠡᠮᠡᠭ᠌ᠳᠡᠭᠦᠯᠬᠦ᠌ ᠶᠡᠷᠦᠩᠬᠡᠢᠯᠡᠭ᠌ᠰᠡᠨ ᠢᠵᠢ ᠪᠦᠷᠢᠳᠦᠭᠦᠯᠬᠦ᠌ ᠮᠡᠷᠭᠡᠵᠢᠯ᠎ᠤᠨ ᠵᠢᠱ᠌ᠢᠶ᠎ᠡ ᠦᠵᠡᠭᠦᠯᠬᠦ᠌ ᠪᠠ ᠳᠡᠯᠭᠡᠷᠡᠭᠦᠯᠬᠦ᠌ ᠲᠥᠷᠥᠯ ᠵᠦᠢᠯ》 ᠪᠣᠯ ᠤᠯᠤᠰ᠎ᠤᠨ ᠱᠢᠷ᠎ᠠ ᠪᠤᠷᠴᠠᠭ᠎ᠢ ᠬᠥᠭ᠌ᠵᠢᠬᠦᠯᠤᠨ ᠮᠠᠨᠳᠤᠭᠤᠯᠬᠤ ᠲᠥᠯᠥᠪᠵᠢᠬᠦᠯᠭᠡ᠎ᠶ᠋ᠢᠨ ᠭᠤᠣᠯ ᠠᠭᠤᠯᠭ᠎ᠠ ᠪᠣᠯᠤᠨ᠎ᠠ᠃ ᠸᠠᠩ ᠯᠢ ᠵᠢᠶᠦ᠋ᠨ 2002 ᠣᠨ᠎ᠠᠴᠠ ᠡᠬᠢᠯᠡᠨ ᠬᠥᠯᠥᠨ ᠪᠤᠢᠷ ᠬᠤᠳᠠ᠎ᠳᠤ ᠡᠨᠡ ᠬᠦ᠌ ᠲᠦᠷᠦᠯ ᠵᠦᠢᠯ᠎ᠢ ᠬᠠᠷᠢᠭᠤᠴᠠᠨ ᠭᠦᠢᠴᠡᠳᠭᠡᠪᠡ᠃ ᠲᠥᠷᠥᠯ ᠵᠦᠢᠯ᠎ᠤᠨ ᠣᠷᠣᠨ᠎ᠳᠤ 8 ᠲᠥᠷᠥᠯ᠎ᠤᠨ 165 ᠵᠦᠢᠯ (ᠤᠳᠠᠭ᠎ᠠ) ᠤᠨ ᠢᠵᠢ ᠪᠦᠷᠢᠳᠦᠭᠦᠯᠬᠦ᠌ ᠮᠡᠷᠭᠡᠵᠢᠯ᠎ᠤᠨ ᠲᠤᠷᠱᠢᠯᠲᠠ᠎ᠶ᠋ᠢᠨ ᠰᠤᠳᠤᠯᠭᠠᠨ ᠪᠠ ᠶᠡᠭᠡ ᠬᠡᠪᠴᠢᠶ᠎ᠡ᠎ᠪᠠᠷ ᠳᠡᠯᠭᠡᠷᠡᠭᠦᠯᠬᠦ᠌ ᠠᠵᠢᠯ᠎ᠢ ᠳᠠᠭᠤᠰᠭᠠᠵᠣ᠂ ᠬᠦᠯᠦᠨ ᠪᠤᠢᠷ ᠬᠤᠲᠠ᠎ᠶ᠋ᠢᠨ ᠱᠢᠷ᠎ᠠ ᠪᠤᠷᠴᠠᠭ᠎ᠤᠨ ᠦᠢᠯᠡᠳᠪᠦᠷᠢᠯᠡᠯ᠎ᠤᠨ ᠵᠠᠩᠭᠢᠯᠠᠭ᠎ᠠ᠎ᠶ᠋ᠢᠨ ᠮᠡᠷᠭᠡᠵᠢᠯ᠎ᠤᠨ ᠪᠣᠭᠤᠮᠢ᠎ᠶ᠋ᠢ ᠪᠦᠲᠦᠭᠡᠯᠴᠢ᠎ᠪᠠᠷ ᠱᠢᠢᠳᠪᠦᠷᠢᠯᠡᠵᠡᠢ᠃ ᠡᠨᠡ ᠬᠦ᠌ ᠭᠤᠣᠯᠯᠠᠬᠤ ᠮᠡᠷᠭᠡᠵᠢᠯ᠎ᠨᠢ 2008 ᠣᠨ᠎ᠳᠤ ᠤᠯᠤᠰ᠎ᠤᠨ ᠮᠡᠳᠡᠯᠭᠡ᠎ᠶ᠋ᠢᠨ ᠥᠮᠴᠢᠯᠡᠬᠦ᠌ ᠡᠷᠬᠡ᠎ᠶ᠋ᠢᠨ ᠲᠤᠰᠭᠠᠢ ᠠᠱᠢᠭ᠎ᠤᠨ ᠡᠷᠬᠡ᠎ᠶ᠋ᠢ ᠣᠯᠵᠠᠢ᠃
2008 ᠣᠨ᠎ᠠᠴᠠ ᠡᠬᠢᠯᠡᠨ ᠸᠠᠩ ᠯᠢ ᠵᠢᠶᠦ᠋ᠨ 12 ᠵᠢᠯ ᠳᠠᠷᠠᠭᠠᠯᠠᠨ ᠬᠥᠯᠥᠨ ᠪᠤᠢᠷ ᠬᠤᠲᠠ᠎ᠶ᠋ᠢᠨ ᠠᠮᠤ ᠪᠤᠳᠠᠭ᠎ᠠ ᠲᠣᠰᠣᠯᠢᠭ ᠲᠠᠷᠢᠮᠠᠯ᠎ᠤᠨ ᠤᠨᠠᠯᠲᠠ᠎ᠶ᠋ᠢ ᠪᠣᠬᠢᠷᠲᠤᠯ ᠥᠬᠡᠶ ᠨᠡᠮᠡᠭ᠌ᠳᠡᠭᠦᠯᠬᠦ᠌ ᠵᠠᠭ᠍ᠪᠤᠷ᠎ᠤᠨ ᠪᠣᠭᠤᠮᠲᠠ ᠱᠢᠪᠲᠤᠯᠬᠤ ᠪᠠ ᠮᠡᠷᠭᠡᠵᠢᠯ᠎ᠤᠨ ᠵᠢᠯᠣᠭᠤᠳᠣᠯᠭ᠎ᠠ᠎ᠶ᠋ᠢ ᠬᠠᠷᠢᠭᠤᠴᠠᠨ ᠭᠦᠢᠴᠡᠳᠭᠡᠭ᠌ᠰᠡᠨ ᠪᠥᠭᠡᠳ ᠲᠣᠰ ᠬᠤᠲᠠ᠎ᠶ᠋ᠢᠨ ᠠᠮᠤ ᠪᠤᠳᠠᠭ᠎ᠠ ᠲᠣᠰᠣᠯᠢᠭ ᠲᠠᠷᠢᠮᠠᠯ᠎ᠤᠨ ᠥᠨᠳᠥᠷ ᠤᠨᠠᠯᠲᠠ᠎ᠶ᠋ᠢᠨ ᠲᠡᠮᠳᠡᠭ᠌ᠯᠡᠯ᠎ᠢ ᠣᠯᠠᠨ ᠤᠳᠠᠭ᠎ᠠ ᠡᠬᠦᠳᠴᠤ᠌᠂ ᠲᠡᠷᠢᠭᠦᠨ᠎ᠤ ᠮᠡᠷᠭᠡᠵᠢᠯ᠎ᠢ ᠬᠡᠷᠡᠭ᠌ᠯᠡᠭ᠌ᠰᠡᠨ ᠲᠠᠯᠠᠪᠠᠶ᠎ᠨᠢ ᠨᠢᠭᠡᠨᠲᠡ ᠪᠥᠬᠦ᠌ ᠬᠤᠲᠠ᠎ᠶ᠋ᠢᠨ ᠲᠠᠷᠢᠮᠠᠯ᠎ᠤᠨ ᠶᠡᠷᠦᠩᠬᠡᠶ ᠲᠠᠯᠠᠪᠠᠶ᠎ᠶ᠋ᠢᠨ ᠬᠢᠨᠢ 82% ᠢ ᠡᠵᠡᠯᠡᠪᠡ᠃
《ᠥᠪᠥᠷ ᠮᠣᠩᠭᠤᠯ᠎ᠤᠨ ᠲᠠᠷᠢᠮᠠᠯ᠎ᠤᠨ ᠡᠪᠡᠳᠴᠢᠨ ᠬᠤᠷᠣᠬᠠᠶ ᠡᠪᠡᠰᠦᠨ᠎ᠤ ᠬᠥᠨᠥᠭᠡᠯ᠎ᠢ ᠮᠡᠳᠡᠭᠡ ᠵᠠᠩᠭᠢᠴᠢᠯᠠᠯᠳᠠ᠎ᠪᠠᠷ ᠨᠢᠭᠡᠳᠦᠯᠲᠡᠶ ᠲᠥᠯᠥᠪᠵᠢᠬᠦᠯᠤᠨ ᠰᠡᠷᠭᠡᠢᠯᠡᠨ ᠵᠠᠰᠠᠬᠤ ᠮᠡᠷᠭᠡᠵᠢᠯ᠎ᠤᠨ ᠰᠤᠳᠤᠯᠭᠠᠨ ᠬᠡᠷᠡᠭ᠌ᠯᠡᠯᠲᠡ》 ᠪᠠᠷ ᠳᠠᠮᠵᠢᠭᠤᠯᠣᠨ᠂ ᠸᠠᠩ ᠯᠢ ᠵᠢᠶᠦ᠋ᠨ ᠪᠦᠯᠬᠦᠮ᠎ᠢᠶᠠᠨ ᠳᠠᠭᠠᠭᠤᠯᠤᠨ 3 ᠵᠢᠯ᠎ᠳᠤ 478 ᠲᠦᠮᠡᠨ ᠮᠥ᠍ ᠡᠷᠳᠡᠨᠢ ᠱᠢᠰᠢ᠂ ᠱᠢᠷ᠎ᠠ ᠪᠤᠷᠴᠠᠭ᠎ᠤᠨ ᠳᠠᠷᠢᠶᠠᠨ᠎ᠳᠤ ᠮᠡᠳᠡᠭᠡ ᠵᠠᠩᠭᠢᠴᠢᠯᠠᠯᠳᠠ᠎ᠪᠠᠷ ᠰᠡᠷᠭᠡᠢᠯᠡᠨ ᠬᠤᠷᠢᠬ᠍ᠯᠠᠬᠤ ᠮᠡᠷᠭᠡᠵᠢᠯ᠎ᠢ ᠳᠡᠯᠭᠡᠷᠡᠭᠦᠯᠪᠡ᠃ ᠲᠡᠷᠡ ᠱᠢᠨ᠎ᠡ ᠬᠡᠯᠪᠡᠷᠢ᠎ᠶ᠋ᠢᠨ ᠣᠷᠭᠠᠨᠢᠭ ᠪᠤᠷᠳᠤᠭᠤᠷ — ᠨᠠᠮᠤᠭ᠎ᠤᠨ ᠪᠤᠷᠳᠤᠭᠤᠷ᠎ᠢᠶᠠᠷ ᠢᠳᠡᠱᠢᠨ ᠨᠣᠭᠤᠭ᠎ᠠ᠂ ᠬᠠᠷ᠎ᠠ ᠳᠡᠯᠳᠡᠦ ᠵᠢᠴᠢ ᠡᠷᠳᠡᠨᠢ ᠱᠢᠰᠢ᠂ ᠤᠰᠤᠨ ᠲᠤᠲᠤᠷᠭ᠎ᠠ᠎ᠶ᠋ᠢᠨ ᠦᠷ᠎ᠡ᠎ᠶ᠋ᠢ ᠳᠡᠪᠲᠦᠭᠡᠭ᠌ᠰᠡᠨᠤ ᠳᠠᠷᠠᠭᠠᠬᠢ ᠱᠢᠨᠵᠢ ᠪᠠᠢᠳᠠᠯ᠂ ᠣᠨᠠᠯᠳᠠ᠂ ᠱᠢᠮ᠎ᠡ ᠲᠡᠵᠢᠭᠡᠯ ᠶᠠᠰᠤ ᠴᠢᠨᠠᠷ᠎ᠲᠤ ᠦᠵᠡᠭᠦᠯᠬᠦ᠌ ᠨᠥᠯᠥᠭᠡ᠎ᠶ᠋ᠢᠨ ᠰᠤᠳᠤᠯᠭᠠᠨ᠎ᠢ ᠬᠠᠷᠢᠭᠤᠴᠠᠨ ᠥᠷᠨᠢᠭᠦᠯᠵᠦ᠍᠂ ᠢᠳᠡᠱᠢᠨ ᠨᠣᠭᠤᠭ᠎ᠠ᠂ ᠠᠮᠤ ᠪᠤᠳᠠᠭᠠᠨ᠎ᠤ ᠪᠣᠬᠢᠷᠲᠤᠯ ᠦᠭᠡᠢ ᠦᠢᠯᠡᠳᠪᠦᠷᠢᠯᠡᠯ᠎ᠳᠤ ᠴᠢᠨᠠᠷ ᠰᠠᠢᠲᠠᠢ ᠪᠤᠷᠳᠤᠭᠤᠷ ᠬᠡᠷᠡᠭ᠌ᠯᠡᠬᠦ᠌᠎ᠳᠤ ᠱᠢᠨᠵᠢᠯᠡᠬᠦ᠌ ᠤᠬᠠᠭᠠᠨᠴᠢ ᠦᠨᠳᠤᠰᠦᠯᠡᠯ ᠬᠠᠩᠭᠠᠵᠠᠢ᠃
ᠲᠡᠷᠡ ᠮᠡᠷᠭᠡᠵᠢᠯ᠎ᠤᠨ ᠪᠦᠯᠬᠦᠮ᠎ᠢᠶᠠᠨ ᠳᠠᠭᠠᠭᠤᠯᠤᠨ ᠪᠦᠬᠦ᠌ ᠬᠤᠲᠠ᠎ᠶ᠋ᠢᠨ᠎ᠢᠶᠠᠨ ᠭᠤᠤᠯ ᠪᠣᠯᠬᠤ ᠬᠥᠷᠥᠰᠥ᠍ ᠱᠢᠷᠣᠶ᠎ᠶ᠋ᠢᠨ ᠲᠥᠷᠥᠯ ᠬᠡᠯᠪᠡᠷᠢ᠎ᠶ᠋ᠢ ᠪᠦᠷᠬᠦᠭ᠌ᠰᠡᠨ ᠲᠠᠷᠢᠶᠠᠨ ᠭᠠᠵᠠᠷ᠎ᠤᠨ ᠶᠠᠰᠤ ᠴᠢᠨᠠᠷ᠎ᠢ ᠬᠢᠨᠠᠨ ᠬᠡᠮᠵᠢᠬᠦ᠌ ᠳᠣᠣᠷ ᠪᠠᠢᠭᠤᠯᠵᠣ᠂ ᠲᠠᠷᠢᠶᠠᠨ ᠭᠠᠵᠠᠷ᠎ᠤᠨ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠲᠣᠮᠣ ᠳ᠋ᠠᠢᠲ᠋ᠠ᠎ᠶ᠋ᠢᠨ ᠲᠠᠪᠴᠠᠩ ᠴᠣᠭ᠍ᠴᠠᠯᠠᠵᠣ᠂ ᠪᠦᠬᠦ᠌ ᠬᠤᠲᠠ᠎ᠶ᠋ᠢᠨ᠎ᠢᠶᠠᠨ ᠲᠠᠷᠢᠶᠠᠨ ᠭᠠᠵᠠᠷ᠎ᠤᠨ ᠲᠠᠷᠬᠠᠯᠲᠠ᠂ ᠲᠠᠷᠢᠶᠠᠨ ᠭᠠᠵᠠᠷ᠎ᠤᠨ ᠶᠠᠰᠤ ᠴᠢᠨᠠᠷ᠎ᠤᠨ ᠬᠤᠪᠢᠷᠠᠯᠲᠠ ᠵᠡᠷᠭᠡ ᠪᠠᠢᠳᠠᠯ᠎ᠢ ᠪᠦᠬᠦ᠌ ᠲᠠᠯ᠎ᠠ᠎ᠪᠠᠷ ᠡᠵᠡᠮᠱᠢᠨ᠂ ᠲᠠᠷᠢᠮᠠᠯ᠎ᠤᠨ ᠣᠷᠣᠨ ᠬᠤᠪᠢᠶᠠᠷᠢᠯᠠᠯ᠂ ᠲᠠᠷᠢᠶᠠᠨ ᠭᠠᠵᠠᠷ᠎ᠤᠨ ᠡᠬᠢ ᠪᠠᠶᠠᠯᠢᠭ᠎ᠢ ᠵᠣᠬᠢᠰᠲᠠᠶ ᠲᠣᠬᠢᠷᠠᠭᠤᠯᠬᠤ ᠵᠡᠷᠭᠡ ᠠᠵᠢᠯ᠎ᠳᠤ ᠱᠢᠨᠵᠢᠯᠡᠬᠦ᠌ ᠤᠬᠠᠭᠠᠨᠴᠢ ᠪᠠᠲᠤᠯᠠᠭ᠎ᠠ ᠬᠠᠩᠭᠠᠵᠤ᠂ ᠲᠠᠷᠢᠮᠠᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠍᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠬᠥᠮᠦᠰ᠎ᠤᠨ ᠰᠡᠳᠭᠢᠯ᠎ᠳᠤ ᠭᠦᠨ ᠬᠠᠳᠠᠩᠱᠢᠭᠤᠯᠵᠠᠢ᠃
ᠡᠨᠡ ᠵᠢᠯ ᠸᠠᠩ ᠯᠢ ᠵᠢᠶᠦ᠋ᠨ ᠪᠠᠢᠭᠤᠯᠭ᠎ᠠ᠎ᠶ᠋ᠢᠨ᠎ᠢᠶᠠᠨ 《ᠨᠠᠮ᠎ᠤᠨ ᠬᠡᠱᠢᠬᠦᠨ᠎ᠤ ᠭᠠᠪᠱᠢᠭᠠᠢ ᠠᠩᠬᠢ》 ᠶ᠋ᠢᠨ 17 ᠭᠡᠱᠢᠭᠦᠨ᠎ᠢ ᠳᠠᠭᠠᠭᠤᠯᠤᠨ᠂ ᠬᠢᠵᠢᠭ᠎ᠢ ᠰᠡᠷᠭᠡᠢᠯᠡᠨ ᠡᠵᠡᠮᠳᠡᠬᠦ᠌ ᠨᠢᠭᠡᠳᠦᠭᠡᠷ ᠹᠷᠣᠨᠲ᠎ᠲᠤ ᠭᠠᠪᠱᠢᠭᠠᠢᠯᠠᠵᠣ᠂ ᠲᠠᠷᠢᠶᠠᠯᠠᠩ ᠮᠠᠯ ᠠᠵᠤ ᠠᠬᠤᠢ᠎ᠶ᠋ᠢᠨ ᠦᠢᠯᠡᠳᠪᠦᠷᠢᠯᠡᠯ᠎ᠤᠨ ᠮᠡᠷᠭᠡᠵᠢᠯ᠎ᠤᠨ ᠰᠦᠯᠵᠢᠶᠡᠨ ᠳᠡᠭᠡᠷᠡᠬᠢ ᠬᠢᠴᠢᠶᠡᠯ᠎ᠤᠨ ᠲᠠᠩᠬᠢᠮ᠎ᠳᠤ᠂ ᠸᠢᠳᠢᠣ᠋᠎ᠶ᠋ᠢᠨ ᠬᠡᠯᠪᠡᠷᠢ᠎ᠪᠠᠷ ᠥᠷᠭᠡᠨ ᠣᠯᠠᠨ ᠮᠠᠯᠴᠢᠨ ᠲᠠᠷᠢᠶᠠᠴᠢᠨ᠎ᠳᠤ ᠲᠦᠷᠦ᠎ᠶ᠋ᠢᠨ ᠪᠤᠳᠤᠯᠭ᠎ᠠ᠂ ᠲᠠᠷᠢᠶᠠᠯᠠᠩ᠎ᠤᠨ ᠮᠡᠷᠭᠡᠵᠢᠯ᠎ᠢ ᠤᠯᠠᠮᠵᠢᠯᠠᠵᠤ᠂ ᠪᠥᠬᠦ᠌ ᠬᠤᠲᠠ᠎ᠶ᠋ᠢᠨ᠎ᠢᠶᠠᠨ ᠲᠠᠷᠢᠶᠠᠯᠠᠩ ᠮᠠᠯ ᠠᠵᠤ ᠠᠬᠤᠶ᠎ᠶ᠋ᠢᠨ ᠱᠢᠰᠲ᠋ᠧᠮ᠎ᠤᠨ ᠰᠦᠯᠵᠢᠶᠡᠨ ᠳᠡᠭᠡᠷ᠎ᠡ ᠪᠣᠯᠪᠠᠰᠤᠷᠠᠭᠤᠯᠵᠣ ᠵᠢᠯᠣᠭᠤᠳᠴᠣ ᠦᠢᠯᠡᠴᠢᠯᠡᠬᠦ᠌ ᠬᠦᠱᠢᠭᠡ᠎ᠶ᠋ᠢ ᠰᠡᠬᠦᠪᠡ᠃ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠎ᠠᠴᠠ ᠨᠠᠮᠤᠷ᠎ᠤᠨ ᠬᠤᠷᠢᠶᠠᠯᠳᠠ ᠬᠦᠷᠳᠡᠯ᠎ᠠ ᠸᠠᠩ ᠯᠢ ᠵᠢᠶᠦ᠋ᠨ᠎ᠤ ᠮᠡᠷᠭᠡᠵᠢᠯ᠎ᠤᠨ ᠪᠦᠯᠬᠦᠮ ᠲᠠᠷᠢᠶᠠᠯᠠᠩ᠎ᠤᠨ ᠮᠡᠷᠭᠡᠵᠢᠯ᠎ᠢ ᠵᠢᠯᠣᠭᠤᠳᠤᠯᠭ᠎ᠠ ᠦᠢᠯᠡᠴᠢᠯᠡᠭᠡᠨ᠎ᠤ ᠪᠦᠬᠦ᠌ ᠶᠠᠪᠤᠴᠠ᠎ᠶ᠋ᠢ ᠮᠦᠷᠳᠡᠨ ᠳᠠᠭᠠᠵᠤ᠂ 2020 ᠣᠨ᠎ᠳᠤ ᠲᠠᠷᠢᠶᠠᠯᠠᠩ᠎ᠤᠨ ᠡᠯᠪᠡᠭ ᠬᠤᠷᠢᠶᠠᠯᠲᠠ ᠣᠯᠬᠤ᠎ᠶ᠋ᠢ ᠦᠨᠡᠨ ᠬᠦ᠌ ᠪᠠᠳᠣᠯᠠᠪᠠ᠃
ᠤᠳᠣ ᠪᠣᠯᠳᠠᠯ᠎ᠠ᠂ ᠸᠠᠩ ᠯᠢ ᠵᠢᠶᠦ᠋ᠨ᠎ᠤ ᠮᠡᠷᠭᠡᠵᠢᠯ᠎ᠤᠨ ᠪᠦᠯᠬᠦᠮ ᠣᠯᠠᠨ ᠵᠦᠢᠯ᠎ᠤᠨ ᠡᠯ᠎ᠡ ᠱᠠᠲᠤᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ ᠪᠠ ᠳᠡᠯᠭᠡᠷᠡᠭᠦᠯᠬᠦ᠌ ᠲᠥᠷᠥᠯ ᠵᠦᠢᠯ᠎ᠳᠤ ᠤᠷᠣᠯᠴᠠᠭ᠍ᠰᠠᠨ ᠪᠣᠶᠣ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ᠎ᠶ᠋ᠢᠨ ᠳᠡᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠱᠠᠩᠨᠠᠯ᠎ᠢ 21᠂ ᠮᠤᠵᠢ ᠶᠠᠮᠤᠨ᠎ᠤ ᠲᠠᠰ᠎ᠠᠴᠠ ᠳᠡᠭᠡᠭ᠌ᠰᠢᠬᠢ ᠱᠠᠩᠨᠠᠯ᠎ᠢ 12 ᠬᠦᠷᠳᠡᠪᠠ; ᠦᠢᠯᠡᠳᠪᠦᠷᠢᠯᠡᠯ᠎ᠤᠨ ᠲᠠᠯ᠎ᠠ᠎ᠪᠠᠷ 9874.5 ᠲᠦᠮᠡᠨ ᠮᠦ᠍ ᠲᠠᠷᠢᠶᠠᠨ ᠭᠠᠵᠠᠷ᠎ᠲᠤ ᠱᠢᠨ᠎ᠡ ᠮᠡᠷᠭᠡᠵᠢᠯ᠎ᠢ ᠳᠡᠯᠭᠡᠷᠡᠭᠦᠯᠦᠨ ᠬᠡᠷᠡᠭ᠌ᠯᠡᠵᠤ᠂ ᠢᠯᠡᠷᠬᠡᠢ ᠠᠵᠤ ᠠᠬᠤᠶ᠎ᠶ᠋ᠢᠨ ᠦᠷ᠎ᠡ ᠠᠱᠢᠭ ᠪᠠ ᠨᠡᠢᠭᠡᠮ᠎ᠤᠨ ᠦᠷ᠎ᠡ ᠠᠱᠢᠭ ᠤᠯᠪᠠ᠃ ᠲᠡᠷᠡ ᠲᠤᠬᠠᠢᠯᠠᠭ᠍ᠰᠠᠨ ᠠᠵᠢᠯ᠎ᠤᠨ ᠳᠣᠬᠠᠢ 15 ᠪᠦᠳᠦᠭᠡᠯ᠎ᠢ ᠨᠠᠢᠷᠠᠭᠤᠯᠤᠨ ᠪᠢᠴᠢᠬᠦ᠌ ᠠᠵᠢᠯ᠎ᠳᠤ ᠣᠷᠣᠯᠴᠠᠵᠤ᠂ 17 ᠬᠤᠪᠢ ᠮᠡᠷᠭᠡᠵᠢᠯ᠎ᠤᠨ ᠥᠭᠦᠯᠡᠯ᠂ ᠪᠠᠢᠴᠠᠭᠠᠯᠲᠠ᠎ᠶ᠋ᠢᠨ ᠮᠡᠳᠡᠭᠦᠯᠦᠯᠲᠡ ᠨᠡᠢᠲᠡᠯᠡᠵᠦ᠍᠂ ᠡᠷᠳᠡᠨᠢ ᠱᠢᠰᠢ᠂ ᠱᠢᠷ᠎ᠠ ᠪᠤᠷᠴᠠᠭ᠂ ᠪᠤᠭᠤᠳᠠᠢ᠂ ᠱᠢᠯᠢᠮᠳᠡᠭ᠎ᠤᠨ ᠥᠪᠡᠷᠲᠡᠭᠡᠨ ᠵᠠᠰᠠᠬᠤ ᠣᠷᠣᠨ ᠵᠢᠴᠢ ᠬᠤᠲᠠ᠎ᠶ᠋ᠢᠨ ᠱᠠᠲᠤᠨ᠎ᠤ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠣᠭ᠍ᠲᠠᠭᠠᠬᠤ ᠠᠵᠢᠯ᠎ᠳᠤ ᠣᠷᠣᠯᠴᠠᠪᠠ᠃ ᠲᠡᠷᠡ ᠤᠷᠢᠳ ᠬᠤᠵᠢᠳ 《ᠪᠦᠬᠦ᠌ ᠤᠯᠤᠰ᠎ᠤᠨ ᠲᠠᠷᠢᠶᠠᠯᠠᠩ᠎ᠤᠨ ᠲᠡᠷᠢᠭᠦᠨ᠎ᠤ ᠬᠤᠪᠢ ᠬᠥᠮᠦᠨ》 《ᠪᠦᠬᠦ᠌ ᠤᠯᠤᠰ᠎ᠤᠨ ᠠᠮᠤ ᠪᠤᠳᠠᠭᠠᠨ᠎ᠤ ᠦᠢᠯᠡᠳᠪᠦᠷᠢᠯᠡᠯ᠎ᠤᠨ ᠳᠤᠪᠤᠢᠮ᠎ᠠ ᠬᠤᠪᠢ ᠨᠡᠮᠡᠷᠢ ᠦᠵᠡᠭᠦᠯᠦᠭ᠌ᠰᠡᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠲᠠᠨ》᠂ 《ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ》 《ᠲᠠᠯ᠎ᠠ ᠨᠤᠲᠤᠭ᠎ᠤᠨ ᠰᠤᠳᠤᠨ ᠴᠢᠳᠠᠪᠤᠷᠢᠲᠠᠨ》 ᠵᠡᠷᠭᠡ ᠢᠷᠠᠭᠤ ᠠᠯᠳᠠᠷ᠎ᠢ ᠬᠦᠷᠳᠡᠪᠡ᠃