ᠱᠠᠨ ᠰᠢ ᠵᠦᠴᠦᠭᠡ᠎ᠶ᠋ᠢᠨ ᠶᠡᠭᠡ ᠪᠠᠭ᠍ᠰᠢᠳᠠᠨ ᠺᠠᠩ ᠼᠦᠢ ᠯᠢᠩ ᠠᠪᠤᠭᠠᠢ᠎ᠶ᠋ᠢᠨ ᠮᠡᠨᠳᠦᠯᠡᠭ᠌ᠰᠡᠨ 90 ᠵᠢᠯ᠎ᠤᠨ ᠤᠢ᠎ᠶ᠋ᠢ ᠳᠤᠷᠠᠰᠭᠠᠬᠤ ᠲᠤᠰᠭᠠᠢ ᠲᠣᠭ᠍ᠯᠠᠯᠲᠠ ᠪᠤᠯᠪᠠ
2020-12-23 15:57:27
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2020 ᠣᠨ ᠪᠣᠯ ᠱᠠᠨ ᠰᠢ ᠵᠦᠴᠦᠭᠡ᠎ᠶ᠋ᠢᠨ ᠶᠡᠭᠡ ᠪᠠᠭ᠍ᠰᠢᠳᠠᠨ ᠺᠠᠩ ᠼᠦᠢ ᠯᠢᠩ ᠠᠪᠤᠭᠠᠢ᠎ᠶ᠋ᠢᠨ ᠮᠡᠨᠳᠦᠯᠡᠭ᠌ᠰᠡᠨ 90 ᠵᠢᠯ᠎ᠤᠨ ᠤᠢ ᠪᠣᠯᠤᠨ᠎ᠠ᠂ ᠬᠥᠬᠡᠬᠤᠲᠠ᠎ᠶ᠋ᠢᠨ ᠦᠨᠳᠦᠰᠦᠲᠡᠨ᠎ᠤ ᠲᠣᠭ᠍ᠯᠠᠯᠲᠠ᠎ᠶ᠋ᠢᠨ ᠪᠦᠯᠦᠭ᠌ᠯᠡᠯ᠎ᠤᠨ ᠱᠠᠨ ᠰᠢ ᠵᠦᠴᠦᠭᠡ᠎ᠶ᠋ᠢᠨ ᠬᠦᠷᠢᠶᠡᠯᠡᠩ ᠤᠢ᠍ᠢᠷ᠎ᠠ᠎ᠳᠤ 《ᠱᠠᠨ ᠰᠢ ᠵᠦᠴᠦᠭᠡ᠎ᠶ᠋ᠢᠨ ᠶᠡᠭᠡ ᠪᠠᠭ᠍ᠰᠢᠳᠠᠨ ᠺᠠᠩ ᠼᠦᠢ ᠯᠢᠩ ᠠᠪᠤᠭᠠᠢ᠎ᠶ᠋ᠢᠨ ᠮᠡᠨᠳᠦᠯᠡᠭ᠌ᠰᠡᠨ 90 ᠵᠢᠯ᠎ᠤᠨ ᠤᠢ᠎ᠶ᠋ᠢ ᠳᠤᠷᠠᠰᠭᠠᠬᠤ》 ᠲᠤᠰᠭᠠᠢ ᠲᠤᠭ᠍ᠯᠠᠯᠳᠠ ᠭᠠᠷᠭᠠᠪᠠ᠃

ᠺᠠᠩ ᠼᠦᠢ ᠯᠢᠩ᠂ ᠠᠯᠳᠠᠷᠲᠤ ᠱᠠᠨ ᠰᠢ ᠵᠦ᠍ᠴᠦᠭᠡ᠎ᠶ᠋ᠢᠨ ᠤᠷᠠᠯᠢᠭ᠍ᠴᠢᠨ᠂ 1930 ᠣᠨ᠎ᠳᠤ ᠲᠥᠷᠥᠵᠡᠢ᠃ ᠬᠥᠬᠡᠬᠤᠲᠠ᠎ᠶ᠋ᠢᠨ ᠱᠠᠨ ᠰᠢ ᠵᠦᠴᠦᠭᠡ᠎ᠶ᠋ᠢᠨ ᠪᠦᠯᠬᠦᠮ᠎ᠤᠨ ᠳᠠᠷᠤᠭ᠎ᠠ ᠪᠠᠢᠪᠠ᠃ ᠲᠡᠷᠡ ᠪᠤᠯ ᠲᠤᠬᠠᠢ᠎ᠶ᠋ᠢᠨ ᠦᠶ᠎ᠠ᠎ᠳᠤ ᠬᠥᠬᠡᠬᠤᠲᠠ᠎ᠶ᠋ᠢᠨ ᠰᠣᠶᠣᠯ ᠤᠷᠠᠯᠢᠭ᠎ᠤᠨ ᠡᠳᠡᠭᠡᠳ᠎ᠲᠤ ᠮᠡᠳᠡᠷᠡᠭ᠌ᠳᠡᠭ᠌ᠰᠡᠨ ᠱᠠᠨ ᠰᠢ ᠵᠦᠴᠦᠬᠡ᠎ᠶ᠋ᠢᠨ ᠠᠷᠪᠠᠨ ᠶᠡᠭᠡ ᠲᠤᠬ᠍ᠯᠠᠬ᠍ᠴᠢ᠎ᠶ᠋ᠢᠨ ᠲᠤᠳᠤᠷᠠᠬᠢ ᠤᠬᠢ ᠰᠤᠳᠤ᠎ᠨᠢ ᠪᠠᠢᠵᠤ᠂ ᠱᠠᠨ ᠰᠢ ᠵᠦᠴᠦᠭᠡ᠎ᠶ᠋ᠢᠨ ᠵᠠᠯᠭᠠᠮᠵᠢ ᠦᠶ᠎ᠡ᠎ᠶ᠋ᠢᠨ᠎ᠬᠢᠨ᠎ᠤ ᠰᠤᠷᠤᠯᠴᠠᠬᠤ ᠦᠯᠢᠭᠡᠷ ᠳᠠᠭᠤᠷᠢᠶᠠᠯ ᠪᠣᠯᠤᠨ᠎ᠠ᠃ ᠲᠤᠰ ᠤᠳᠠᠭᠠᠨ᠎ᠤ ᠲᠤᠰᠭᠠᠢ ᠲᠤᠬ᠍ᠯᠠᠯᠳᠡ᠎ᠳᠤ ᠺᠠᠩ ᠼᠦᠢ ᠯᠢᠩ᠂ ᠷᠧᠨ ᠼᠦᠢ ᠹᠧᠩ ᠵᠡᠷᠭᠡ ᠠᠬᠠᠮᠠᠳ ᠨᠢᠭᠡ ᠦᠶ᠎ᠠ᠎ᠶ᠋ᠢᠨ ᠱᠠᠨ ᠰᠢ ᠵᠦᠴᠦᠭᠡ᠎ᠶ᠋ᠢᠨ ᠶᠡᠭᠡ ᠪᠠᠭ᠍ᠰᠢᠳᠠᠨ᠎ᠤ 1960 ᠤᠨ᠎ᠳᠤ ᠱᠢᠩᠭᠡᠭᠡᠭ᠌ᠰᠡᠨ ᠲᠠᠭᠤᠨ᠎ᠤ ᠳ᠋ᠢᠰᠺ᠎ᠢ ᠠᠩᠬ᠎ᠠ ᠤᠳᠠᠭ᠎ᠠ ᠢᠯᠡ᠎ᠪᠠᠷ ᠨᠡᠢᠳᠡᠯᠡᠵᠦ᠍᠂ ᠱᠠᠨ ᠰᠢ ᠵᠦᠴᠦᠭᠡ᠎ᠶ᠋ᠢᠨ ᠪᠠᠭ᠍ᠠᠳᠠᠳ᠎ᠤᠨ ᠠᠩᠬᠠᠷᠤᠯ᠎ᠢ ᠲᠠᠳᠠᠬ᠍ᠰᠠᠨ ᠪᠠᠢᠨ᠎ᠠ᠃

ᠱᠠᠨ ᠰᠢ ᠵᠦᠴᠦᠭᠡ ᠪᠤᠯ ᠱᠠᠨ ᠰᠢ᠎ᠶ᠋ᠢᠨ ᠤᠷᠤᠨ ᠨᠤᠳᠤᠭ᠎ᠤᠨ ᠲᠦᠷᠪᠡᠨ ᠲᠤᠮᠤ ᠰᠢ ᠵᠦᠴᠦᠭᠡ᠎ᠶ᠋ᠢᠨ ᠨᠢᠭᠡ ᠪᠤᠯᠤᠨ᠎ᠠ᠃ ᠲᠡᠷᠡ᠎ᠨᠢ ᠱᠠᠨ ᠰᠢ᠎ᠶ᠋ᠢᠨ ᠲᠤᠮᠳᠠ ᠬᠤᠢᠳᠤ ᠬᠡᠰᠡᠭ ᠵᠢᠴᠢ ᠱᠠᠨᠰᠢ ᠮᠤᠵᠢ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠬᠢᠬᠡᠳ ᠾᠧᠪᠧᠢ ᠮᠤᠵᠢ᠎ᠶ᠋ᠢᠨ ᠭᠡᠰᠡᠭ ᠭᠠᠵᠠᠷ ᠤᠷᠤᠨ᠎ᠢᠶᠠᠷ ᠦᠷᠭᠡᠨ᠎ᠢᠶᠠᠷ ᠲᠠᠭᠤᠯᠠᠬ᠍ᠳᠠᠬᠤ ᠰᠢ ᠵᠦᠴᠦᠭᠡ᠎ᠶ᠋ᠢᠨ ᠲᠦᠷᠦᠯ ᠮᠦᠨ᠃ ᠱᠠᠨ ᠰᠢ ᠵᠦᠴᠦᠭᠡ᠎ᠳᠤ ᠡᠷᠡᠭ᠌ᠳᠡᠢ᠂ ᠡᠮᠡᠭ᠌ᠳᠡᠢ᠂ ᠠᠯᠠᠭ ᠴᠠᠷᠠᠢᠳᠤ ᠵᠡᠷᠭᠡ ᠲᠦᠷᠢ᠎ᠶ᠋ᠢ ᠲᠠᠢᠰᠠᠨ᠎ᠠ ᠱᠤᠭᠤᠵᠤ᠂ ᠵᠦᠴᠦᠭᠡ ᠲᠤᠬ᠍ᠯᠠᠬᠤ᠎ᠳᠤ ᠭᠡᠩᠭᠡᠷᠭᠡ᠂ ᠴᠠᠩ᠂ ᠬᠠᠷᠠᠩᠭ᠎ᠠ᠂ ᠲᠤᠪᠱᠢᠭᠤᠷ᠂ ᠬᠤᠭᠤᠷ᠂ ᠯᠢᠩᠪᠤ᠂ ᠪᠦᠷᠢᠶ᠎ᠠ᠂ ᠪᠢᠰᠭᠢᠬᠦᠷ ᠵᠡᠷᠭᠡ ᠤᠯᠠᠨ ᠵᠦᠢᠯ᠎ᠤᠨ ᠭᠦᠭ᠌ᠵᠢᠮᠳᠡᠭᠦᠷ ᠤᠷᠤᠯᠴᠠᠳᠠᠭ᠃ 《ᠵᠢᠶᠠᠩ ᠡᠭᠡᠴᠢ》᠂ 《ᠱᠠ ᠵᠢᠶᠠ ᠪᠠᠩ》᠂ 《ᠤᠯᠠᠭᠠᠨ ᠳ᠋ᠧᠩ᠎ᠤᠨ ᠲᠡᠮᠳᠡᠭ᠌ᠯᠡᠯ》 ᠵᠡᠷᠭᠡ ᠤᠯᠠᠮᠵᠢᠯᠠᠯᠳᠤ ᠱᠠᠨ ᠰᠢ ᠵᠦᠴᠦᠭᠡ᠎ᠶ᠋ᠢᠨ ᠲᠦᠯᠦᠭᠡᠯᠡᠭ᠌ᠴᠢ ᠪᠦᠳᠦᠭᠡᠯ᠎ᠤᠳ᠎ᠨᠢ ᠦᠢ ᠤᠯᠠᠨ ᠦᠵᠡᠭ᠌ᠴᠢᠳ᠎ᠤᠨ ᠬᠦᠷᠢᠶᠡᠯᠡᠯ᠎ᠢ ᠤᠯᠵᠤ᠂ ᠲᠤᠮᠳᠠᠳᠤ᠎ᠶ᠋ᠢᠨ ᠰᠤᠶᠤᠯ᠎ᠤᠨ ᠴᠡᠴᠡᠭᠡᠰ᠎ᠤᠨ ᠬᠦᠷᠢᠶᠡᠯᠡᠩ᠎ᠳᠤ ᠦᠩᠭᠡ ᠨᠡᠮᠡᠷᠢᠯᠡᠭ᠌ᠰᠡᠨ ᠪᠠᠢᠨ᠎ᠠ᠃ (ᠬᠠᠮᠢᠶ᠎ᠠ ᠪᠦᠬᠦᠢ ᠰᠦᠯᠵᠢᠶᠡᠨ᠎ᠠᠴᠠ ᠤᠷᠴᠢᠭᠤᠯᠤᠨ ᠠᠪᠤᠪᠠ)


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号