
12 ᠰᠠᠷ᠎ᠠ᠎ᠶ᠋ᠢᠨ 25 ᠤ ᠡᠳᠦᠷ᠎ᠤᠨ 14 ᠴᠠᠭ᠎ᠤᠨ ᠦᠶ᠎ᠠ᠎ᠪᠠᠷ᠂ ᠤᠯᠤᠰ᠎ᠲᠠᠭᠠᠨ ᠦᠢᠯᠡᠳᠪᠦᠷᠢᠯᠡᠭ᠌ᠰᠡᠨ C919 ᠲᠤᠮᠤ ᠬᠡᠯᠪᠡᠷᠢ᠎ᠶ᠋ᠢᠨ ᠠᠶᠠᠨᠴᠢᠨ᠎ᠤ ᠨᠢᠰᠭᠡᠯ ᠬᠦᠯᠦᠨ ᠪᠤᠢᠷ ᠬᠤᠳᠠ᠎ᠶ᠋ᠢᠨ ᠬᠠᠢᠯᠠᠷ᠎ᠤᠨ ᠵᠡᠬᠦᠨ ᠠᠭᠤᠯᠠ ᠤᠯᠠᠨ ᠤᠯᠤᠰ᠎ᠤᠨ ᠨᠢᠰᠭᠡᠯ᠎ᠤᠨ ᠲᠠᠯᠠᠪᠠᠢ᠎ᠳᠤ ᠠᠯᠭᠤᠷᠬᠠᠨ ᠪᠠᠭᠤᠵᠤ᠂ ᠬᠦᠢᠳᠡᠨ ᠤᠷᠤᠨ᠎ᠳᠤ ᠲᠤᠷᠱᠢᠨ ᠨᠢᠰᠭᠦ ᠲᠤᠰᠭᠠᠢ ᠡᠭᠦᠷᠭᠡ᠎ᠪᠠᠨ ᠡᠬᠢᠯᠡᠭᠦᠯᠪᠡ᠃ 《ᠳᠤᠮᠳᠠᠳᠤ ᠤᠯᠤᠰ᠎ᠤᠨ ᠬᠦᠢᠳᠡᠨ᠎ᠤ ᠲᠦᠢᠯ》 ᠬᠡᠮᠡᠭ᠌ᠳᠡᠭ᠌ᠰᠡᠨ ᠬᠦᠯᠦᠨ ᠪᠤᠢᠷ ᠬᠤᠳᠠ᠎ᠳᠤ 《ᠬᠠᠬᠢᠷ ᠬᠦᠢᠳᠡᠨ》 ᠤ ᠡᠬᠢ ᠪᠠᠶᠠᠯᠢᠭ᠎ᠲᠠᠢ ᠪᠤᠯᠬᠤᠷ ᠳᠤᠮᠳᠠᠳᠤ ᠤᠯᠤᠰ᠎ᠤᠨ ᠬᠤᠳᠠᠯᠳᠤᠭᠠᠨ᠎ᠳᠤ ᠬᠡᠷᠡᠭ᠌ᠯᠡᠬᠦ᠌ ᠨᠢᠰᠭᠡᠯ᠎ᠤᠨ ᠺᠤᠮᠫᠠᠨᠢ᠂ ᠳᠤᠮᠳᠠᠳᠤ ᠤᠯᠤᠰ᠎ᠤᠨ ᠨᠢᠰᠦᠯᠳᠡ᠎ᠶ᠋ᠢᠨ ᠲᠤᠷᠱᠢᠯᠳᠠ᠎ᠶ᠋ᠢᠨ ᠰᠤᠳᠤᠯᠭᠠᠨ᠎ᠤ ᠬᠦᠷᠢᠶᠡᠯᠡᠩ ᠵᠡᠷᠭᠡ ᠨᠡᠷᠡᠳᠤ ᠠᠵᠤ ᠠᠬᠤᠢ᠍ᠢᠯᠠᠯ ᠪᠠ ᠰᠤᠳᠤᠯᠭᠠᠨ᠎ᠤ ᠬᠦᠷᠢᠶᠡᠯᠡᠩ᠎ᠤᠨ᠎ᠬᠢᠨ ᠠᠳᠡ ᠤᠯᠠᠨ ᠤᠳᠠᠭ᠎ᠠ ᠢᠷᠡᠵᠤ᠂ ᠤᠯᠠᠨ ᠬᠡᠯᠪᠡᠷᠢ᠎ᠶ᠋ᠢᠨ ᠨᠢᠰᠭᠡᠯ᠎ᠤᠨ ᠬᠦᠢᠳᠡᠨ ᠤᠷᠴᠢᠨ᠎ᠳᠠᠬᠢ ᠨᠢᠰᠦᠯᠳᠡ᠎ᠶ᠋ᠢᠨ ᠲᠤᠷᠱᠢᠯᠳᠠ ᠬᠢᠵᠤ ᠦᠩᠭᠡᠷᠡᠵᠠᠢ᠃
ᠰᠤᠷᠪᠤᠯᠵᠢᠯᠠᠭ᠍ᠴᠢ ᠯᠢ ᠢᠤᠢ ᠵᠦᠸᠧ ᠰᠡᠭᠦᠳᠡᠷᠯᠡᠪᠡ
ᠬᠦᠬᠡᠬᠤᠳᠠ᠎ᠶ᠋ᠢᠨ ᠵᠢᠮᠳᠤ ᠲᠡᠮᠦᠷ ᠵᠠᠮ᠎ᠤᠨ 1 ᠨᠤᠮᠧᠷᠳᠤ ᠱᠤᠭᠤᠮ ᠨᠢᠳᠤᠨᠤᠨ᠎ᠤ 12 ᠰᠠᠷ᠎ᠠ᠎ᠶ᠋ᠢᠨ ᠰᠡᠬᠦᠯᠴᠢ᠎ᠪᠠᠷ ᠲᠡᠷᠬᠡ ᠨᠡᠪᠲᠡᠷᠡᠵᠤ᠂ ᠮᠠᠨ᠎ᠤ ᠤᠷᠤᠨ᠎ᠳᠤ ᠵᠢᠮᠳᠤ ᠲᠡᠮᠦᠷ ᠵᠠᠮ ᠦᠬᠡᠢ ᠪᠠᠢᠬ᠍ᠰᠠᠨ ᠲᠡᠤᠬᠡ ᠡᠴᠦᠰᠯᠡᠯᠠ᠃ ᠡᠨᠡ ᠵᠢᠯ᠎ᠤᠨ 10 ᠰᠠᠷ᠎ᠠ᠎ᠶ᠋ᠢᠨ ᠡᠬᠢ᠎ᠪᠠᠷ ᠬᠦᠬᠡᠬᠤᠳᠠ᠎ᠶ᠋ᠢᠨ ᠵᠢᠮᠳᠤ ᠲᠡᠮᠦᠷ ᠵᠠᠮ᠎ᠤᠨ 2 ᠨᠤᠮᠧᠷᠳᠤ ᠱᠤᠭᠤᠮ ᠨᠡᠪᠳᠡᠷᠡᠵᠦ᠍᠂ 1 ᠨᠤᠮᠧᠷᠳᠤ ᠱᠤᠭᠤᠮ ᠪᠤᠯᠤᠨ 2 ᠨᠤᠮᠧᠷᠳᠤ ᠱᠤᠭᠤᠮ ᠭᠠᠵᠠᠷ ᠳᠤᠤᠭᠤᠷ ᠬᠤᠯᠪᠤᠯᠳᠤᠭ᠍ᠰᠠᠨᠠᠴᠠ ᠬᠦᠬᠡᠬᠤᠳᠠ᠎ᠶ᠋ᠢᠨ ᠤᠯᠠᠨ ᠲᠦᠮᠡᠨ ᠶᠠᠪᠤᠵᠤ ᠰᠠᠭᠤᠬᠤ᠎ᠳᠤ ᠤᠯᠠᠮ ᠳᠦᠬᠦᠮ ᠪᠤᠯᠵᠠᠢ᠃ ᠮᠠᠨ᠎ᠤ ᠤᠷᠤᠨ ᠠᠱᠢᠬ᠍ᠯᠠᠮᠵᠢᠪᠠᠷ ᠦᠨᠳᠦᠷ᠂ ᠦᠪᠡᠷ᠎ᠤᠨ ᠥᠷᠳᠡᠭ᠎ᠢᠶᠠᠷ ᠳᠤᠤᠷ᠎ᠠ᠂ ᠳᠦᠬᠦᠮ ᠳᠦᠳᠡ ᠪᠤᠰᠤᠭ᠎ᠠ ᠴᠤᠭ᠍ᠴᠠ᠎ᠳᠦ ᠵᠠᠮ ᠬᠠᠷᠢᠯᠴᠠᠭᠠᠨ᠎ᠤ ᠪᠦᠳᠦᠭᠡᠨ ᠪᠠᠢᠭᠤᠯᠤᠯᠳᠠ᠎ᠶ᠋ᠢ ᠡᠷᠴᠢᠮᠳᠠᠢ ᠠᠬᠢᠭᠤᠯᠤᠬ᠍ᠰᠠᠨ᠎ᠢᠶᠠᠷ ᠤᠳᠤ ᠳᠦᠷᠪᠡᠨ ᠵᠦᠭ ᠨᠠᠢ᠍ᠮᠠᠨ ᠵᠤᠪᠬᠢᠰ᠎ᠲᠤ ᠰᠠᠭᠠᠳ ᠦᠬᠡᠢ ᠨᠡᠪᠳᠡᠷᠡᠭ᠌ᠰᠡᠨ ᠠᠭᠠᠷ᠎ᠤᠨ ᠠᠶᠠᠯᠠᠯ᠎ᠤᠨ ᠱᠤᠭᠤᠮ᠂ ᠳᠦᠷᠬᠡᠨᠤ ᠳᠡᠮᠦᠷ ᠵᠠᠮ᠂ ᠲᠦᠷᠬᠡᠨ᠎ᠤ ᠵᠠᠰᠠᠮᠠᠯ ᠵᠠᠮ ᠨᠡᠢᠯᠡᠬᠡᠳ ᠬᠤᠳᠠ᠎ᠠᠴᠠ ᠬᠦᠳᠡᠭᠡ ᠬᠦᠷᠳᠡᠯᠡᠬᠢ ᠪᠤᠰᠤᠭ᠎ᠠ ᠴᠤᠭ᠍ᠴᠠᠳᠤ ᠵᠠᠮ ᠬᠠᠷᠢᠯᠴᠠᠭ᠎ᠠ᠎ᠶ᠋ᠢ ᠪᠦᠷᠢᠯᠳᠦᠬᠦᠯᠵᠤ᠂ ᠴᠠᠭ ᠵᠠᠢ᠎ᠶ᠋ᠢ ᠤᠷᠢᠳ ᠭᠠᠷᠤᠭ᠎ᠠ ᠦᠬᠡᠢ ᠳᠤᠪᠴᠢᠯᠠᠭ᠍ᠰᠠᠨ ᠪᠠᠢᠨ᠎ᠠ᠃
ᠮᠠᠨ᠎ᠤ ᠤᠷᠤᠨ᠎ᠤ ᠵᠠᠰᠠᠮᠠᠯ ᠵᠠᠮ᠎ᠤᠨ ᠰᠠᠭᠤᠷᠢ ᠪᠦᠳᠦᠬᠡᠨ ᠪᠠᠢᠭᠤᠯᠤᠯᠳᠠ ᠡᠷᠴᠢᠮᠳᠠᠢ ᠶᠠᠪᠤᠬ᠍ᠳᠠᠵᠦ᠍᠂ ᠤᠳᠤ ᠪᠦᠬᠦ᠌ ᠤᠷᠤᠨ᠎ᠤ 12 ᠠᠢᠮᠠᠭ ᠬᠤᠳᠠ᠎ᠳᠤ ᠴᠦᠮ ᠲᠦᠷᠭᠡᠨ᠎ᠤ ᠵᠠᠰᠠᠮᠠᠯ ᠵᠠᠮ ᠨᠡᠪᠳᠡᠷᠡᠨ 103 ᠬᠤᠱᠢᠭᠤ ᠱᠢᠶᠠᠨ (ᠬᠤᠳᠠ᠂ ᠳᠤᠭᠤᠷᠢᠭ) ᠳᠤ ᠴᠦᠮ ᠨᠢᠭᠡᠳᠤᠭᠡᠷ ᠳᠡᠰ ᠵᠢᠴᠢ ᠲᠡᠬᠦᠨ᠎ᠠᠴᠠ ᠳᠡᠭᠡᠭ᠌ᠰᠢᠬᠢ ᠵᠠᠰᠠᠮᠠᠯ ᠵᠠᠮ ᠨᠡᠪᠳᠡᠷᠡᠵᠤ᠂ ᠨᠦᠬᠦᠴᠡᠯ᠎ᠳᠤ ᠨᠡᠢᠴᠡᠭ᠌ᠰᠡᠨ ᠵᠠᠰᠠᠭ ᠵᠠᠬᠢᠷᠭᠠᠨ᠎ᠤ ᠭᠠᠴᠠᠭ᠎ᠠ ᠳᠤᠰᠭᠤᠨ᠎ᠳᠤ ᠴᠦᠮ ᠬᠠᠳᠠᠭᠤᠷᠠᠭᠤᠯᠤᠭ᠍ᠰᠠᠨ ᠵᠠᠮ ᠨᠡᠪᠳᠡᠷᠡᠭ᠌ᠰᠡᠨ ᠪᠦᠭᠡᠳ ᠠᠶᠠᠨᠴᠢᠳ᠎ᠤᠨ ᠮᠠᠱᠢᠨ ᠲᠡᠷᠭᠡ᠎ᠲᠠᠢ ᠪᠤᠯᠵᠦ᠍᠂ 《ᠲᠦᠷᠪᠡᠨ ᠰᠠᠢᠨ ᠬᠦᠳᠡᠭᠡ ᠲᠤᠰᠭᠤᠨ᠎ᠤ ᠵᠠᠰᠠᠮᠠᠯ ᠵᠠᠮ》 ᠢ ᠨᠡᠢᠳᠡ 65514 ᠺᠢᠯᠤᠮᠧᠳ᠋ᠷ ᠤᠷᠳᠤ ᠵᠠᠰᠠᠪᠠ᠃ ᠡᠬᠦᠨ᠎ᠳᠤ ᠡᠨᠡ ᠵᠢᠯ ᠱᠢᠨ᠎ᠠ᠎ᠪᠠᠷ 8071 ᠺᠢᠯᠤᠮᠧᠳ᠋ᠷ ᠤᠷᠳᠤ ᠵᠠᠰᠠᠮᠠᠯ ᠵᠠᠮ ᠵᠠᠰᠠᠵᠤ᠂ ᠮᠠᠯᠵᠢᠬᠤ ᠲᠠᠷᠢᠶᠠᠯᠠᠬᠤ ᠤᠷᠤᠨ᠎ᠤ ᠵᠠᠮ ᠨᠡᠪᠳᠡᠷᠡᠯᠭᠡ᠎ᠶ᠋ᠢᠨ ᠪᠠᠢᠳᠠᠯ ᠶᠡᠭᠡ᠎ᠪᠠᠷ ᠰᠠᠢᠵᠢᠷᠠᠨ ᠴᠢᠨᠡᠭᠡᠯᠢᠭ ᠨᠡᠢᠭᠡᠮ᠎ᠢ ᠪᠦᠬᠦ᠌ ᠳᠠᠯ᠎ᠠ᠎ᠪᠠᠷ ᠪᠡᠶᠡᠯᠡᠬᠦᠯᠬᠦ᠌᠎ᠳᠤ ᠵᠠᠮ ᠬᠠᠷᠢᠯᠴᠠᠭᠠᠨ᠎ᠤ ᠬᠦᠴᠦᠳᠤ ᠪᠠᠳᠤᠯᠠᠭ᠎ᠠ ᠬᠠᠩᠭᠠᠪᠠ᠃
2020 ᠤᠨ᠎ᠳᠤ᠂ ᠮᠠᠨ᠎ᠤ ᠤᠷᠤᠨ ᠲᠦᠷᠭᠡᠨ᠎ᠤ ᠲᠡᠮᠦᠷ ᠵᠠᠮ᠎ᠢ ᠪᠦᠬᠦ᠌ ᠤᠯᠤᠰ᠎ᠤᠨ ᠲᠦᠷᠭᠡᠨ᠎ᠤ ᠲᠡᠮᠦᠷ ᠵᠠᠮ᠎ᠤᠨ ᠳᠤᠤᠷ ᠲᠤ᠋ ᠵᠠᠯᠭᠠᠬᠤ᠎ᠶ᠋ᠢ ᠤᠷᠢᠳ᠎ᠢᠶᠠᠷ ᠪᠤᠳᠤᠯᠬᠢᠯᠠᠵᠤ᠂ ᠵᠢᠨᠢᠩ — ᠳ᠋ᠠᠲ᠋ᠦ᠋ᠩ ᠬᠦᠷᠬᠦ᠌ ᠲᠦᠷᠬᠡᠨ᠎ᠤ ᠲᠡᠮᠦᠷ ᠵᠠᠮ᠎ᠢ ᠤᠷᠢᠳᠴᠢᠯᠠᠨ ᠪᠠᠷᠢᠯᠭ᠎ᠠ ᠡᠬᠢᠯᠡᠬᠦᠯᠤᠨ ᠪᠦᠳᠦᠭᠡᠨ ᠪᠠᠢᠭᠤᠯᠵᠤ ᠭᠤᠷᠪᠠᠨ ᠵᠢᠯ᠎ᠤᠨ ᠳᠤᠳᠤᠷ᠎ᠠ ᠪᠦᠬᠦ᠌ ᠪᠠᠷᠢᠯᠭ᠎ᠠ᠎ᠶ᠋ᠢ ᠳᠠᠭᠤᠰᠭᠠᠬᠤ᠎ᠪᠠᠷ ᠲᠦᠯᠦᠪᠯᠡᠵᠤ ᠪᠤᠢ᠃ ᠳᠤᠰ ᠲᠦᠷᠭᠡᠨ᠎ᠤ ᠳᠡᠮᠦᠷ ᠵᠠᠮ᠎ᠨᠢ ᠬᠦᠬᠡᠬᠤᠳᠠ ᠪᠤᠯᠤᠨ ᠪᠤᠭᠤᠳᠤ᠎ᠶ᠋ᠢᠨ ᠲᠦᠷᠭᠡᠨ᠎ᠤ ᠳᠡᠮᠤᠷ ᠵᠠᠮ᠎ᠢ ᠬᠦᠬᠡᠮᠦᠷᠡᠨ᠎ᠤ ᠭᠤᠷᠪᠠᠯᠵᠢᠨ ᠬᠤᠢᠭ᠂ ᠵᠦᠵᠢᠶᠠᠩ ᠮᠦᠷᠡᠨ᠎ᠤ ᠭᠤᠷᠪᠠᠯᠵᠢᠨ ᠬᠤᠢᠭ᠂ ᠪᠡᠭᠡᠵᠢᠩ ᠲᠢᠶᠠᠨᠵᠢᠨ ᠾᠧᠪᠧᠢ ᠵᠢᠴᠢ ᠪᠠᠷᠠᠭᠤᠨ ᠡᠮᠦᠨ᠎ᠡ ᠭᠠᠵᠠᠷ ᠤᠷᠤᠨ᠎ᠲᠠᠢ ᠱᠢᠭᠤᠳ ᠬᠤᠯᠪᠤᠬᠤ ᠪᠤᠯᠤᠨ᠎ᠠ᠃ ᠤᠳᠤ ᠬᠦᠬᠡᠬᠤᠳᠠ — ᠴᠢᠭᠤᠯᠤᠯᠳᠤ ᠬᠠᠭᠠᠯᠭ᠎ᠠ ᠬᠦᠷᠬᠦ᠌ ᠲᠦᠷᠭᠡᠨ᠎ᠤ ᠲᠡᠮᠦᠷ ᠵᠠᠮ᠂ ᠲᠦᠡᠭ᠌ᠯᠢᠶᠤᠤ᠎ᠠᠴᠠ ᠪᠡᠭᠡᠵᠢᠩ — ᠮᠦᠭ᠌ᠳᠡᠨ ᠬᠦᠷᠬᠦ᠌ ᠲᠦᠷᠭᠡᠨ᠎ᠤ ᠲᠡᠮᠦᠷ ᠵᠠᠮ᠂ ᠤᠯᠠᠭᠠᠨᠬᠠᠳᠠ᠎ᠠᠴᠠ ᠪᠡᠭᠡᠵᠢᠩ — ᠮᠦᠭ᠌ᠳᠡᠨ ᠬᠦ᠍ᠷᠬᠦ᠌ ᠲᠦᠷᠭᠡᠨ᠎ᠤ ᠳᠡᠮᠤᠷ ᠵᠠᠮ ᠨᠢᠭᠡᠨᠳᠡ ᠡᠵᠡᠩᠨᠡᠯᠳᠡ᠎ᠳᠤ ᠤᠷᠤᠪᠠ; ᠤᠷᠳᠤᠰ — ᠲᠠᠮᠡᠬᠡᠳᠤ᠂ ᠷᠠᠱᠢᠶᠠᠨ — ᠴᠠᠭᠠᠨᠬᠤᠳᠠ ᠬᠦᠷᠬᠦ᠌ ᠲᠡᠮᠤᠷ ᠵᠠᠮ᠎ᠤᠨ ᠲᠦᠷᠦᠯ ᠵᠦᠢᠯ᠎ᠤᠨ ᠡᠮᠦᠨᠡᠬᠢ ᠬᠤᠭᠤᠴᠠᠭᠠᠨ᠎ᠤ ᠭᠤᠤᠯᠳᠠᠯᠭ᠎ᠠ᠎ᠲᠠᠢ ᠠᠵᠢᠯ᠎ᠢ ᠨᠢᠭᠡᠨᠳᠡ ᠡᠬᠢᠯᠡᠬᠦᠯᠵᠦ᠍᠂ ᠬᠦᠬᠡᠬᠤᠳᠠ — ᠪᠤᠭᠤᠳᠤ ᠬᠦᠷᠬᠦ᠌ ᠲᠦᠷᠭᠡᠨ᠎ᠤ ᠳᠡᠮᠦᠷ ᠵᠠᠮ᠂ ᠬᠦᠬᠡᠬᠤᠳᠠ — ᠤᠷᠳᠤᠰ ᠬᠦᠷᠬᠦ᠌ ᠬᠤᠳᠠ᠎ᠶ᠋ᠢᠨ ᠬᠤᠭᠤᠷᠤᠨᠳᠤᠬᠢ ᠳᠡᠮᠦᠷ ᠵᠠᠮ᠂ ᠬᠠᠢᠯᠠᠷ — ᠮᠠᠨᠵᠤᠤᠷ — ᠴᠢᠴᠢᠬᠠᠷ ᠬᠦᠷᠬᠦ᠌ ᠲᠦᠷᠭᠡᠨ᠎ᠤ ᠳᠡᠮᠦᠷ ᠵᠠᠮ᠎ᠤᠨ ᠪᠦᠳᠦᠭᠡᠨ ᠪᠠᠢᠭᠤᠯᠤᠯᠳᠠ᠂ ᠲᠦᠡᠭ᠌ᠯᠢᠶᠤᠤ — ᠴᠢᠴᠢᠬᠠᠷ ᠬᠦᠷᠬᠦ᠌ ᠲᠦᠷᠭᠡᠨ᠎ᠤ ᠳᠡᠮᠦᠷ ᠵᠠᠮ ᠵᠡᠷᠭᠡ᠎ᠶ᠋ᠢ ᠪᠦᠳᠦᠭᠡᠨ ᠪᠠᠢᠭᠤᠯᠬᠤ᠎ᠪᠠᠷ ᠲᠦᠯᠦᠪᠵᠢᠬᠦᠯᠵᠤ ᠪᠠᠢᠨ᠎ᠡ᠃ ᠤᠳᠤ ᠮᠠᠨ᠎ᠤ ᠤᠷᠤᠨ᠎ᠤ ᠲᠡᠮᠦᠷ ᠵᠠᠮ᠎ᠤᠨ ᠡᠵᠡᠩᠨᠡᠯᠳᠡ᠎ᠶ᠋ᠢᠨ ᠶᠡᠷᠦᠩᠬᠡᠢ ᠤᠷᠳᠤ 1.4 ᠲᠦᠮᠡᠨ ᠺᠢᠯᠤᠮᠧᠳ᠋ᠷ᠎ᠲᠤ ᠬᠦᠷᠴᠤ᠌᠂ ᠪᠦᠬᠦ᠌ ᠤᠯᠤᠰ᠎ᠤᠨ ᠲᠡᠮᠦᠷ ᠵᠠᠮ᠎ᠤᠨ ᠲᠤᠤᠷ᠎ᠤᠨ ᠡᠵᠡᠩᠨᠡᠯᠳᠡ᠎ᠶ᠋ᠢᠨ ᠶᠡᠷᠦᠩᠬᠡᠢ ᠤᠷᠳᠤ᠎ᠶ᠋ᠢᠨ 11% ᠶ᠋ᠢ ᠡᠵᠡᠯᠡᠨ ᠪᠦᠬᠦ᠌ ᠤᠯᠤᠰ᠎ᠲᠤ ᠲᠦᠷᠦᠬᠦᠯᠡᠵᠤ ᠪᠤᠢ᠃
ᠬᠦᠬᠡᠬᠤᠳᠠ᠎ᠶ᠋ᠢᠨ ᠴᠠᠭᠠᠨ ᠰᠤᠪᠤᠷᠭ᠎ᠠ ᠤᠯᠠᠨ ᠤᠯᠤᠰ᠎ᠤᠨ ᠨᠢᠰᠭᠡᠯ᠎ᠤᠨ ᠪᠠᠭᠤᠳᠠᠯ᠎ᠤᠨ ᠱᠢᠯᠵᠢᠯᠳᠠ᠎ᠶ᠋ᠢᠨ ᠬᠤᠭᠤᠴᠠᠭᠠᠨ᠎ᠤ ᠲᠡᠰ ᠲᠡᠪᠱᠢᠬᠦᠯᠵᠦ᠍ ᠦᠬᠡᠷᠡᠴᠢᠯᠡᠨ ᠪᠠᠢᠭᠤᠯᠬᠤ ᠲᠦᠷᠦᠯ ᠵᠦᠢᠯ ᠪᠤᠯᠬᠤ ᠱᠢᠨ᠎ᠠ᠎ᠪᠠᠷ ᠪᠦᠲᠦᠬᠡᠨ ᠪᠠᠢᠭᠤᠯᠤᠬ᠍ᠰᠠᠨ ᠤᠯᠠᠨ ᠤᠯᠤᠰ᠎ᠤᠨ ᠨᠢᠰᠭᠡᠯ᠎ᠢ ᠲᠤᠰᠴᠦ᠍ ᠬᠦᠯᠢᠶᠡᠬᠦ᠌ ᠪᠠᠷᠢᠯᠭ᠎ᠠ᠎ᠶ᠋ᠢᠨ ᠠᠵᠢᠯ᠎ᠢ ᠡᠨᠡ ᠵᠢᠯ᠎ᠤᠨ 4 ᠰᠠᠷ᠎ᠠ᠎ᠳᠤ ᠡᠬᠢᠯᠡᠬᠦᠯᠵᠦ᠍᠂ 8 ᠰᠠᠷ᠎ᠠ᠎ᠶ᠋ᠢᠨ ᠪᠦᠳᠦᠬᠡᠨ ᠪᠠᠢᠭᠤᠯᠤᠯᠳᠠ᠎ᠪᠠᠷ ᠳᠠᠮᠵᠢᠨ 12 ᠰᠠᠷ᠎ᠠ᠎ᠶ᠋ᠢᠨ 12 ᠤᠨ ᠡᠳᠤᠷ ᠠᠱᠢᠬ᠍ᠯᠠᠯᠳᠠ᠎ᠳᠤ ᠤᠷᠤᠭᠤᠯᠪᠠ᠃ ᠡᠨᠡ᠎ᠨᠢ ᠬᠦᠬᠡᠬᠤᠳᠠ᠎ᠶ᠋ᠢᠨ ᠴᠠᠭᠠᠨ ᠰᠤᠪᠤᠷᠭ᠎ᠠ ᠤᠯᠠᠨ ᠤᠯᠤᠰ᠎ᠤᠨ ᠨᠢᠰᠭᠡᠯ᠎ᠤᠨ ᠪᠠᠭᠤᠳᠠᠯ᠎ᠤᠨ ᠠᠶᠠᠨᠴᠢᠳ᠎ᠤᠨ ᠵᠦᠬᠡᠬᠡᠪᠦᠷᠢ᠎ᠶ᠋ᠢᠨ ᠲᠠᠷᠤᠭᠠᠰᠤ᠎ᠶ᠋ᠢ ᠬᠦᠩᠭᠡᠷᠡᠬᠦᠯᠦᠭ᠌ᠰᠡᠨ ᠪᠦᠬᠡᠳ ᠤᠳᠤᠬᠠᠨ᠎ᠤ ᠬᠠᠷᠢᠭᠤᠴᠠᠵᠦ᠍ ᠪᠠᠢᠭ᠎ᠠ ᠤᠯᠠᠨ ᠤᠯᠤᠰ᠎ᠤᠨ ᠠᠶᠠᠨᠴᠢᠳ᠎ᠤᠨ ᠨᠢᠰᠭᠡᠯ᠎ᠢ ᠪᠠᠭᠤᠯᠭᠠᠬᠤ ᠠᠵᠢᠯ᠎ᠢ ᠪᠠᠳᠤᠯᠠᠬᠤ ᠬᠠᠳᠠᠭᠤ ᠲᠤᠨᠤᠬ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠴᠦ᠍ ᠪᠦᠲᠦᠮᠵᠢᠳᠡᠢ ᠬᠠᠩᠭᠠᠵᠠᠢ᠃ ᠲᠦᠯᠦᠪᠯᠡᠭᠡ᠎ᠪᠠᠷ 210.5 ᠳ᠋ᠦᠩᠱᠢᠭᠤᠷ ᠲᠦᠬᠦᠷᠢᠭ᠎ᠤᠨ ᠪᠡᠯᠡ ᠤᠷᠤᠭᠤᠯᠤᠯᠳᠠ᠎ᠲᠠᠢ ᠬᠦᠬᠡᠬᠤᠳᠠ᠎ᠶ᠋ᠢᠨ ᠱᠢᠨ᠎ᠠ ᠨᠢᠰᠭᠡᠯ᠎ᠤᠨ ᠪᠠᠭᠤᠳᠠᠯ ᠠᠱᠢᠬ᠍ᠯᠠᠯᠳᠠ᠎ᠳᠤ ᠤᠷᠤᠬ᠍ᠰᠠᠨ᠎ᠤ ᠲᠠᠷᠠᠭ᠎ᠠ ᠵᠢᠯ᠎ᠳᠤ 2200 ᠲᠦᠮᠡᠨ ᠠᠶᠠᠨᠴᠢᠨ (ᠤᠳᠠᠭ᠎ᠠ) ᠵᠦᠬᠡᠬᠡᠪᠦᠷᠢᠯᠡᠵᠤ᠂ ᠮᠠᠨ᠎ᠤ ᠤᠷᠤᠨ ᠲᠡᠷᠡᠴᠢᠯᠡᠨ ᠤᠯᠤᠰ᠎ᠤᠨ ᠲᠤᠳᠤᠭᠠᠳᠤ᠎ᠶ᠋ᠢᠨ ᠴᠢᠬᠤᠯᠠ ᠭᠤᠤᠯ ᠱᠤᠭᠤᠮ᠎ᠤᠨ ᠨᠢᠰᠭᠡᠯ᠎ᠤᠨ ᠪᠠᠭᠤᠳᠠᠯ᠂ ᠤᠷᠤᠨ ᠪᠦᠰᠡ᠎ᠶ᠋ᠢᠨ ᠴᠢᠨᠠᠷᠳᠠᠢ ᠬᠦᠢᠰᠤ ᠨᠢᠰᠭᠡᠯ᠎ᠤᠨ ᠪᠠᠭᠤᠳᠠᠯ ᠪᠤᠯᠵᠤ ᠦᠪᠤᠷ ᠮᠤᠩᠭᠤᠯ᠎ᠤᠨ ᠲᠠᠯ᠎ᠠ ᠨᠤᠳᠤᠭ᠎ᠲᠤ ᠰᠦᠨᠳᠡᠷᠯᠡᠬᠦ᠌ ᠪᠤᠯᠤᠨ᠎ᠠ᠃ ᠤᠳᠤ ᠪᠦᠬᠦ᠌ ᠤᠷᠤᠨ᠎ᠤ 12 ᠠᠢᠮᠠᠬ ᠬᠤᠳᠠ᠎ᠳᠤ ᠪᠦᠷ ᠨᠢᠰᠭᠡᠯ᠎ᠤᠨ ᠪᠠᠭᠤᠳᠠᠯ᠎ᠲᠠᠢ ᠪᠤᠯᠤᠬ᠍ᠰᠠᠨ ᠪᠦᠭᠡᠳ ᠬᠡᠰᠡᠭ ᠬᠤᠱᠢᠭᠤ ᠱᠢᠶᠠᠨ᠎ᠳᠤ ᠴᠤ᠌ ᠨᠢᠰᠭᠡᠯ᠎ᠤᠨ ᠪᠠᠭᠤᠳᠠᠯ᠎ᠲᠠᠢ ᠪᠤᠯᠵᠠᠢ᠃ ᠡᠨᠡ ᠵᠢᠯ ᠥᠪᠡᠷᠳᠡᠭᠡᠨ ᠵᠠᠰᠠᠬᠤ ᠤᠷᠤᠨ᠎ᠠᠴᠠ ᠨᠡᠢᠳᠡ᠎ᠶ᠋ᠢᠨ ᠬᠡᠷᠡᠭ᠌ᠯᠡᠬᠡᠨ᠎ᠤ ᠠᠭᠠᠷ᠎ᠤᠨ ᠠᠶᠠᠯᠠᠯ᠎ᠤᠨ ᠠᠵᠤ ᠦᠢᠯᠡᠰ᠎ᠤᠨ ᠬᠦᠭ᠌ᠵᠢᠯᠳᠡ᠎ᠶ᠋ᠢᠨ ᠲᠦᠯᠦᠪᠵᠢᠬᠦᠯᠭᠡ ᠪᠤᠯᠤᠨ ᠨᠡᠢᠳᠡ᠎ᠶ᠋ᠢᠨ ᠬᠡᠷᠡᠭ᠌ᠯᠡᠭᠡᠨ᠎ᠤ ᠨᠢᠰᠭᠡᠯ᠎ᠤᠨ ᠪᠠᠭᠤᠳᠠᠯ᠎ᠢ ᠪᠦᠳᠦᠭᠡᠨ ᠪᠠᠢᠭᠤᠯᠬᠤ ᠭᠤᠷᠪᠠᠨ ᠵᠢᠯ᠎ᠤᠨ ᠠᠵᠢᠯᠯᠠᠭᠠᠨ᠎ᠤ ᠲᠦᠰᠦᠪ᠎ᠢ ᠳᠤᠭ᠍ᠳᠠᠭᠠᠭ᠍ᠰᠠᠨ ᠪᠦᠬᠡᠳ ᠵᠠᠯᠠᠨ ᠠᠢᠯ᠂ ᠤᠯᠠᠭᠠᠨᠬᠤᠳᠠ᠂ ᠤᠷᠳᠤᠰ᠎ᠲᠤ ᠠᠭᠠᠷ᠎ᠤᠨ ᠠᠶᠠᠯᠠᠯ᠎ᠤᠨ ᠳᠠᠰᠭᠠᠯᠵᠢᠭᠤᠯᠤᠯᠳᠠᠶ᠋ᠢᠨ ᠰᠠᠭᠤᠷᠢᠨ᠂ ᠳᠤᠮᠤ ᠨᠢᠰᠭᠡᠯ᠎ᠤᠨ ᠳᠠᠰᠭᠠᠯᠵᠢᠭᠤᠯᠤᠯᠳᠠᠶ᠋ᠢᠨ ᠰᠠᠭᠤᠷᠢᠨ᠎ᠢ ᠪᠠᠢᠭᠤᠯᠪᠠ᠃ ᠤᠳᠤ ᠮᠠᠨ᠎ᠤ ᠤᠷᠤᠨ᠎ᠳᠤ 19 ᠨᠡᠢᠳᠡ᠎ᠶ᠋ᠢᠨ ᠬᠡᠷᠡᠭ᠌ᠯᠡᠭᠡᠨ᠎ᠤ ᠨᠢᠰᠭᠡᠯ᠎ᠤᠨ ᠪᠠᠭᠤᠳᠠᠯ᠎ᠲᠠᠢ ᠪᠤᠯᠵᠤ᠂ 2025 ᠤᠨ ᠪᠤᠯᠬᠤ᠎ᠳᠤ 50 ᠳᠤ ᠬᠦᠷᠬᠡᠬᠦ᠌᠎ᠪᠠᠷ ᠲᠦᠯᠦᠪᠯᠡᠵᠤ ᠪᠠᠢᠨ᠎ᠠ᠃