ᠠᠮᠤ ᠪᠤᠳᠠᠭᠠᠨ᠎ᠤ ᠤᠨᠠᠯᠳᠠ ᠱᠢᠨ᠎ᠠ ᠲᠡᠮᠳᠡᠭ᠌ᠯᠡᠯ᠎ᠢ ᠡᠬᠦᠳᠦᠯ᠎ᠠ
2020-12-28 08:46:40
ᠵᠣᠬᠢᠶᠠᠭ᠍ᠴᠢ᠄
ᠪᠤᠤ ᠨᠠᠷᠠᠨᠳᠤᠶᠠᠭ᠎ᠠ
ᠣᠩᠱᠢᠭ᠍ᠰᠠᠨ ᠣᠳᠠᠭ᠎ᠠ᠄
★★★☆☆

ᠮᠠᠯ ᠠᠵᠤ ᠠᠬᠤᠢ ᠲᠠᠷᠢᠶᠠᠯᠠᠩ᠎ᠤᠨ ᠠᠵᠢᠯ᠎ᠤᠨ ᠹᠷᠤᠨᠲ᠎ᠠᠴᠠ ᠪᠠᠶᠠᠷ᠎ᠤᠨ ᠴᠢᠮᠡᠭᠡ ᠤᠯᠠᠮᠵᠢᠯᠠᠭ᠍ᠳᠠᠯ᠎ᠠ᠄ ᠡᠨᠡ ᠵᠢᠯ ᠠᠮᠤ ᠪᠤᠳᠠᠭᠠᠨ᠎ᠤ ᠶᠡᠷᠦᠩᠬᠡᠶ ᠤᠨᠠᠯᠳᠠ 732.8 ᠳ᠋ᠦᠩᠱᠢᠭᠤᠷ ᠵᠢᠩ᠎ᠳᠤ ᠬᠦᠷᠴᠦ᠍᠂ ᠨᠢᠳᠤᠨᠤᠨ᠎ᠤ᠎ᠬᠢ᠎ᠠᠴᠠ 2.3 ᠳ᠋ᠦᠩᠱᠢᠭᠤᠷ ᠵᠢᠩ ᠨᠡᠮᠡᠭ᠌ᠳᠡᠬᠡᠳ ᠲᠡᠤᠬᠡᠨ ᠱᠢᠨ᠎ᠠ ᠲᠡᠮᠳᠡᠭ᠌ᠯᠡᠯ᠎ᠢ ᠡᠬᠦᠳᠴᠠᠢ᠃ ᠢᠩᠬᠢᠬᠡᠳ ᠮᠠᠨ᠎ᠤ ᠤᠷᠤᠨ᠎ᠤ ᠠᠮᠤ ᠪᠤᠳᠠᠭᠠᠨ᠎ᠤ ᠤᠨᠠᠯᠳᠠ ᠭᠤᠷᠪᠠᠨ ᠵᠢᠯ ᠳᠠᠷᠠᠭᠠᠯᠠᠨ 700 ᠳ᠋ᠦᠩᠱᠢᠭᠤᠷ ᠵᠢᠩ᠎ᠢ ᠲᠠᠪᠠᠵᠤ᠂ ᠤᠯᠤᠰ᠎ᠠᠴᠠ ᠮᠠᠨ᠎ᠤ ᠣᠷᠣᠨ᠎ᠳᠤ ᠪᠠᠭᠤᠯᠭᠠᠭ᠍ᠰᠠᠨ ᠠᠮᠤ ᠪᠤᠳᠠᠭᠠᠨ᠎ᠤ ᠦᠢᠯᠡᠳᠪᠦᠷᠢᠯᠡᠯ᠎ᠤᠨ ᠬᠠᠷᠠᠯᠲᠠ ᠡᠭᠦᠷᠭᠡ᠎ᠶ᠋ᠢ ᠳᠠᠪᠠᠭᠤᠯᠤᠨ ᠪᠡᠶᠡᠯᠡᠭᠦᠯᠦᠭ᠌ᠰᠡᠨ ᠪᠠᠢᠨ᠎ᠠ᠃ 

ᠮᠠᠨ᠎ᠤ ᠣᠷᠣᠨ ᠬᠠᠪᠤᠷ᠎ᠤᠨ ᠲᠠᠷᠢᠶᠠᠯᠠᠭ᠎ᠠ᠎ᠠᠴᠠ ᠡᠮᠦᠨᠡᠬᠢ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠡᠷᠳᠡᠨᠢ ᠱᠢᠰᠢ᠂ ᠱᠢᠷ᠎ᠠ ᠪᠤᠷᠴᠠᠭ ᠪᠠ ᠲᠥᠮᠥᠰᠥ᠍ ᠲᠠᠷᠢᠬᠤ ᠨᠥᠬᠦᠪᠥᠷᠢ ᠪᠤᠯᠤᠨ ᠲᠠᠷᠢᠶᠠᠨ ᠭᠠᠵᠠᠷ᠎ᠤᠨ ᠱᠢᠮ᠎ᠠ ᠬᠦᠴᠦ᠎ᠶ᠋ᠢ ᠲᠡᠭᠡᠭ᠌ᠰᠢᠯᠡᠭᠦᠯᠬᠦ᠌ ᠨᠥᠬᠦᠪᠥᠷᠢ ᠵᠡᠷᠭᠡ ᠡᠯ᠎ᠡ ᠲᠥᠷᠥᠯ᠎ᠤᠨ ᠪᠠᠯᠠ ᠮᠥᠩᠭᠦ᠎ᠶ᠋ᠢ ᠨᠡᠢᠳᠡ 146 ᠳ᠋ᠦᠩᠱᠢᠭᠤᠷ ᠲᠥᠭᠦᠷᠢᠭ ᠪᠠᠭᠤᠯᠭᠠᠵᠤ᠂ ᠪᠥᠬᠦ᠌ ᠣᠷᠣᠨ᠎ᠤ ᠡᠯ᠎ᠡ ᠱᠠᠲᠤᠨ᠎ᠤ ᠮᠠᠯ ᠠᠵᠤ ᠠᠬᠤᠶ ᠲᠠᠷᠢᠶᠠᠯᠠᠩ᠎ᠤᠨ ᠰᠠᠯᠠᠭ᠎ᠠ ᠮᠥᠴᠢᠷ᠎ᠤᠨ᠎ᠬᠢᠨ ᠲᠥᠷᠥ᠎ᠶ᠋ᠢᠨ ᠪᠣᠳᠣᠯᠭ᠎ᠠ᠎ᠶ᠋ᠢ ᠢᠳᠡᠪᠬᠢᠳᠡᠢ ᠤᠬᠠᠭᠤᠯᠤᠨ ᠮᠠᠯᠴᠢᠨ ᠲᠠᠷᠢᠶᠠᠴᠢᠳ᠎ᠤᠨ ᠠᠮᠤ ᠪᠤᠳᠠᠭ᠎ᠠ ᠲᠠᠷᠢᠵᠤ ᠣᠷᠣᠯᠭ᠎ᠠ᠎ᠪᠠᠨ ᠨᠡᠮᠡᠭ᠌ᠳᠡᠭᠦᠯᠬᠦ᠌ ᠢᠲᠡᠭᠡᠯ ᠵᠤᠷᠢᠭ᠎ᠢ ᠬᠦᠪᠴᠢᠯᠡᠪᠠ᠃ ᠪᠠᠰᠠ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠡᠳ᠋ ᠪᠣᠳᠠᠰ ᠲᠡᠭᠡᠭᠡᠪᠦᠷᠢᠯᠡᠬᠦ᠌᠎ᠶ᠋ᠢ ᠪᠠᠲᠤᠯᠠᠬᠤ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠨ ᠰᠠᠭᠠᠳ ᠦᠭᠡᠢ ᠨᠡᠪᠲᠡᠷᠡᠬᠦ᠌ ᠵᠠᠮ ᠭᠠᠷᠭᠠᠵᠤ᠂ ᠬᠠᠪᠤᠷ᠎ᠤᠨ ᠲᠠᠷᠢᠶᠠᠯᠠᠭ᠎ᠠ᠎ᠶ᠋ᠢᠨ ᠡᠳ᠋ ᠪᠣᠳᠠᠰ᠎ᠢ ᠲᠤᠬᠢᠷᠠᠭᠤᠯᠤᠨ ᠲᠡᠭᠡᠭᠡᠪᠤᠷᠢᠯᠡᠬᠦ᠂ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭ᠌ᠰᠡᠯ᠎ᠤᠨ ᠠᠵᠤ ᠠᠬᠤᠢᠯᠠᠯ᠎ᠤᠨ ᠠᠵᠢᠯ ᠦᠢᠯᠡᠳᠪᠦᠷᠢᠯᠡᠯ᠎ᠢᠶᠠᠨ ᠰᠡᠷᠭᠦᠭᠡᠬᠦ᠌᠎ᠶ᠋ᠢ ᠲᠠᠮᠵᠢᠵᠤ᠂ ᠬᠠᠪᠤᠷ᠎ᠤᠨ ᠲᠠᠷᠢᠶᠠᠯᠠᠭ᠎ᠠ᠎ᠶ᠋ᠢᠨ ᠠᠬᠢᠴᠠ᠎ᠶ᠋ᠢ ᠡᠳᠦᠷ ᠪᠦᠷᠢ ᠲᠣᠬᠢᠷᠠᠭᠤᠯᠤᠨ ᠬᠠᠪᠤᠷ᠎ᠤᠨ ᠲᠠᠷᠢᠶᠠᠯᠠᠭ᠎ᠠ᠎ᠶ᠋ᠢᠨ ᠤᠷᠤᠭ᠍ᠰᠢᠲᠠᠶ ᠶᠠᠪᠤᠭ᠍ᠳᠠᠬᠤ᠎ᠶ᠋ᠢ ᠪᠠᠳᠤᠯᠠᠵᠠᠢ᠃ ᠪᠦᠷᠢᠳᠭᠡᠯ᠎ᠢ ᠦᠨᠳᠦᠰᠦᠯᠡᠪᠡᠯ᠂ ᠡᠨᠡ ᠵᠢᠯ ᠪᠥᠬᠦ᠌ ᠣᠷᠣᠨ᠎ᠤ ᠠᠮᠤ ᠪᠤᠳᠠᠭ᠎ᠠ ᠲᠠᠷᠢᠭ᠍ᠰᠠᠨ ᠲᠠᠯᠠᠪᠠᠢ 1.025 ᠳ᠋ᠦᠩᠱᠢᠭᠤᠷ ᠮᠥ᠎ᠳᠤ ᠬᠦᠷᠴᠦ᠍᠂ ᠨᠢᠳᠤᠨᠤᠨ᠎ᠤ᠎ᠬᠢ᠎ᠠᠴᠠ 8.5 ᠲᠦᠮᠡᠨ ᠮᠥ᠍ ᠨᠡᠮᠡᠭ᠌ᠳᠡᠪᠠ᠃

ᠡᠯ᠎ᠡ ᠭᠠᠵᠠᠷ᠎ᠤᠨ᠎ᠬᠢᠨ ᠲᠠᠷᠢᠶᠠᠨ ᠭᠠᠵᠠᠷ᠎ᠤᠨ ᠠᠮᠤ ᠪᠤᠳᠠᠭᠠᠨ᠎ᠤ ᠦᠢᠯᠡᠳᠪᠤᠷᠢᠯᠡᠯ᠎ᠤᠨ ᠴᠢᠳᠠᠪᠤᠷᠢ᠎ᠶ᠋ᠢ ᠪᠠᠳᠤᠯᠠᠵᠤ ᠲᠧᠭ᠌ᠨᠢᠭ ᠮᠡᠷᠬᠡᠵᠢᠯ᠎ᠢᠶᠠᠷ ᠠᠮᠤ ᠪᠤᠳᠠᠭᠠᠨ᠎ᠤ ᠤᠨᠠᠯᠳᠠ᠎ᠶ᠋ᠢ ᠨᠡᠮᠡᠭ᠌ᠳᠡᠬᠦᠯᠬᠦ᠌ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ ᠪᠤᠯᠤᠨ ᠵᠡᠭᠦᠨ ᠬᠤᠢᠲᠤ ᠣᠷᠣᠨ᠎ᠤ ᠬᠠᠷ᠎ᠠ ᠬᠥᠷᠥᠰᠥᠳᠤ ᠲᠠᠷᠢᠶᠠᠨ ᠭᠠᠵᠠᠷ᠎ᠲᠠᠬᠢ ᠬᠠᠮᠠᠭᠠᠯᠠᠯᠲᠠ᠎ᠶ᠋ᠢᠨ ᠴᠢᠨᠠᠷᠲᠠᠶ ᠲᠠᠷᠢᠶᠠᠯᠠᠭ᠎ᠠ᠎ᠶ᠋ᠢ ᠲᠦᠷᠭᠡᠳᠭᠡᠵᠡᠢ᠃ ᠮᠠᠨ᠎ᠤ ᠣᠷᠣᠨ 2.48 ᠳ᠋ᠦᠩᠱᠢᠭᠤᠷ ᠲᠥᠭᠦᠷᠢᠭ ᠲᠤᠰᠭᠠᠶ ᠲᠦᠷᠦᠯ᠎ᠤᠨ ᠪᠡᠯᠡ ᠮᠥᠩᠭᠦ᠌ ᠲᠤᠬᠢᠷᠠᠭᠤᠯᠤᠨ ᠪᠣᠷᠣᠲᠣᠬᠤᠶ᠎ᠶ᠋ᠢᠨ ᠲᠠᠯ᠎ᠠ ᠭᠠᠵᠠᠷ᠂ ᠲᠦᠮᠡᠳ᠎ᠤᠨ ᠲᠠᠯ᠎ᠠ ᠭᠠᠵᠠᠷ᠂ ᠪᠠᠷᠠᠭᠤᠨ ᠯᠢᠶᠣᠤ ᠾᠧ ᠭᠤᠤᠯ᠎ᠤᠨ ᠲᠠᠯ᠎ᠠ ᠭᠠᠵᠠᠷ ᠵᠡᠷᠭᠡ ᠠᠮᠤ ᠪᠤᠳᠠᠭᠠᠨ᠎ᠤ ᠭᠤᠤᠯ ᠭᠠᠷᠤᠯᠲᠠ᠎ᠶ᠋ᠢᠨ ᠣᠷᠣᠨ᠎ᠳᠤ 6 ᠨᠡᠢᠲᠡᠯᠢᠭ ᠬᠤᠱᠢᠭᠤ ᠱᠢᠶᠠᠨ᠎ᠢ ᠰᠣᠩᠭᠤᠵᠤ ᠬᠤᠵᠢᠷᠱᠢᠭ᠍ᠰᠠᠨ ᠲᠠᠷᠢᠶᠠᠨ ᠭᠠᠵᠠᠷ᠎ᠢ ᠰᠠᠢᠵᠢᠷᠠᠭᠤᠯᠬᠤ ᠲᠤᠷᠱᠢᠯᠲᠠ᠎ᠶ᠋ᠢᠨ ᠴᠡᠭ᠎ᠤᠨ ᠠᠵᠢᠯ ᠥᠷᠨᠢᠭᠦᠯᠦᠭ᠌ᠰᠡᠨ ᠪᠠᠢᠨ᠎ᠠ᠃ ᠺᠠᠢᠯᠦ᠍ ᠱᠢᠶᠠᠨ᠎ᠤ 50 ᠲᠦᠮᠡᠨ ᠮᠥ᠍᠂ ᠬᠤᠷᠴᠢᠨ ᠲᠣᠭᠤᠷᠢᠭ᠎ᠤᠨ 20 ᠲᠦᠮᠡᠨ ᠮᠥ᠍᠂ ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤᠨ᠎ᠤ 40 ᠲᠦᠮᠡᠨ ᠮᠥ᠎ᠶ᠋ᠢᠨ ᠲᠥᠪᠯᠡᠷᠡᠵᠤ ᠵᠠᠯᠭᠠᠯᠳᠤᠭ᠍ᠰᠠᠨ ᠠᠷᠪᠢᠳᠠᠢ ᠤᠰᠤᠯᠠᠯᠳᠠ᠎ᠶ᠋ᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠥᠷᠥᠯ ᠵᠦᠶᠯ ᠪᠤᠯᠤᠨ ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤ᠂ ᠦᠶᠤᠸᠠᠨ ᠱᠢᠶᠠᠨ᠎ᠤ ᠬᠤᠵᠢᠷᠱᠢᠭ᠍ᠰᠠᠨ ᠲᠠᠷᠢᠶᠠᠨ ᠭᠠᠵᠠᠷ᠎ᠢ ᠰᠠᠢᠵᠢᠷᠠᠭᠤᠯᠬᠤ ᠲᠤᠷᠱᠢᠯᠲᠠ᠎ᠶ᠋ᠢᠨ ᠴᠡᠭ᠎ᠤᠨ ᠠᠵᠢᠯ᠎ᠢ ᠬᠠᠪᠤᠷ᠎ᠤᠨ ᠲᠠᠷᠢᠶᠠᠯᠠᠭ᠎ᠠ᠎ᠠᠴᠠ ᠡᠮᠦᠨ᠎ᠡ ᠪᠦᠬᠦᠨ᠎ᠢ ᠠᠮᠵᠢᠨ ᠳᠠᠭᠤᠰᠭᠠᠵᠤ᠂ ᠠᠮᠤ ᠪᠤᠳᠠᠭᠠᠨ᠎ᠤ ᠦᠢᠯᠡᠳᠪᠦᠷᠢᠯᠡᠯ᠎ᠳᠤ ᠬᠦᠴᠦᠲᠡᠶ ᠲᠤᠯᠭᠠᠭᠤᠷᠢᠯᠠᠯ ᠬᠠᠩᠭᠠᠵᠠᠢ᠃

ᠮᠠᠨ᠎ᠤ ᠣᠷᠣᠨ ᠠᠮᠤ ᠪᠤᠳᠠᠭᠠᠨ᠎ᠤ ᠦᠢᠯᠡᠳᠪᠦᠷᠢᠯᠡᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠤᠯᠭᠠᠭᠤᠷᠢᠯᠠᠯ᠎ᠢ ᠦᠷᠭᠦᠯᠵᠢᠯᠡᠨ ᠴᠢᠩᠭᠠᠳᠭᠠᠵᠤ᠂ ᠮᠡᠷᠭᠡᠵᠢᠯ᠎ᠤᠨ ᠦᠶᠯᠡᠴᠢᠯᠡᠭᠡᠨ᠎ᠤ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠱᠢᠨ᠎ᠠ ᠲᠢᠳᠢᠮᠯᠢᠭ ᠠᠭᠤᠰᠭᠢᠨ ᠦᠷᠪᠢᠰᠤᠯ᠎ᠤᠨ ᠬᠢᠵᠢᠭ᠎ᠲᠠᠢ ᠲᠡᠮᠡᠴᠡᠵᠤ ᠬᠠᠪᠤᠷ᠎ᠤᠨ ᠲᠠᠷᠢᠶᠠᠯᠠᠭ᠎ᠠ᠎ᠶ᠋ᠢ ᠪᠠᠳᠤᠯᠠᠬᠤ ᠲᠠᠷᠢᠮᠠᠯ᠎ᠤᠨ ᠦᠢᠯᠡᠰ᠎ᠤᠨ ᠮᠡᠷᠭᠡᠵᠢᠯ᠎ᠤᠨ ᠰᠦᠯᠵᠢᠶᠡᠨ ᠳᠡᠭᠡᠷᠡᠬᠢ ᠬᠢᠴᠢᠶᠡᠯ᠎ᠤᠨ ᠲᠠᠩᠬᠢᠮ᠎ᠢ ᠨᠡᠭᠡᠭᠡᠵᠦ᠍᠂ ᠰᠦᠯᠵᠢᠶ᠎ᠠ ᠪᠠ ᠵᠢᠷᠬᠢᠶ᠎ᠠ ᠵᠡᠷᠭᠡ ᠲᠠᠪᠴᠠᠩ᠎ᠢ ᠠᠱᠢᠭ᠍ᠯᠠᠨ ᠭᠤᠣᠯ ᠪᠣᠯᠬᠤ ᠲᠠᠷᠢᠮᠠᠯ᠎ᠤᠨ ᠮᠡᠷᠭᠡᠵᠢᠯ᠎ᠤᠨ ᠵᠢᠯᠤᠭᠤᠳᠤᠯᠭ᠎ᠠ᠎ᠶ᠋ᠢ ᠴᠠᠭ ᠲᠤᠬᠠᠢ᠎ᠳᠤᠨᠢ ᠮᠠᠯᠴᠢᠨ ᠲᠠᠷᠢᠶᠠᠴᠢᠳ᠎ᠲᠤ ᠳᠠᠮᠵᠢᠭᠤᠯᠤᠭ᠍ᠰᠠᠨ ᠪᠠᠢᠨ᠎ᠠ᠃ ᠡᠨᠡ ᠵᠢᠯ ᠪᠦᠬᠦ᠌ ᠣᠷᠣᠨ᠎ᠤ ᠬᠥᠷᠥᠰᠥ᠎ᠶ᠋ᠢ ᠱᠢᠨᠵᠢᠨ ᠪᠣᠷᠳᠣᠭᠤᠷ ᠣᠷᠣᠭᠤᠯᠬᠤ ᠮᠡᠷᠭᠡᠵᠢᠯ᠎ᠤᠨ ᠪᠦᠷᠬᠦᠴᠡ᠎ᠶ᠋ᠢᠨ ᠨᠤᠷᠮ᠎ᠠ 90.6% ᠎ᠳᠤ ᠬᠦᠷᠴᠦ᠍᠂ 295 ᠵᠦᠢᠯ᠎ᠤᠨ ᠦᠢᠯᠡᠳᠪᠦᠷᠢᠯᠡᠯ᠎ᠤᠨ ᠪᠠᠷᠢᠮᠵᠢᠶ᠎ᠠ ᠪᠠ ᠮᠡᠷᠭᠡᠵᠢᠯ᠎ᠤᠨ ᠳᠦᠷᠢᠮᠵᠢᠯ᠎ᠢ ᠭᠤᠤᠯᠯᠠᠨ ᠲᠡᠯᠭᠡᠷᠡᠭᠦᠯᠵᠦ᠍᠂ 4117.4 ᠲᠦᠮᠡᠨ ᠮᠦ᠍ ᠲᠠᠷᠢᠶᠠᠨ ᠭᠠᠵᠠᠷ᠎ᠲᠤ ᠠᠮᠤ ᠲᠣᠰᠣᠨ᠎ᠤ ᠲᠠᠷᠢᠮᠠᠯ᠎ᠤᠨ ᠪᠣᠬᠢᠷᠲᠤᠯ ᠦᠭᠡᠢ᠎ᠪᠠᠷ ᠲᠠᠷᠢᠶᠠᠯᠠᠬᠤ᠂ ᠶᠠᠰᠤ ᠴᠢᠨᠠᠷ᠎ᠢ ᠲᠡᠭᠡᠭ᠌ᠰᠢᠯᠡᠭᠦᠯᠵᠤ ᠦᠷ᠎ᠠ ᠠᠱᠢᠭ᠎ᠢ ᠨᠡᠮᠡᠭ᠌ᠳᠡᠭᠦᠯᠬᠦ᠌ ᠮᠡᠷᠭᠡᠵᠢᠯ᠎ᠢ ᠳᠡᠯᠭᠡᠷᠡᠭᠦᠯᠪᠡ᠃

ᠪᠦᠬᠦ᠌ ᠣᠷᠣᠨ᠎ᠤ ᠡᠯ᠎ᠡ ᠱᠠᠲᠤ᠎ᠶ᠋ᠢᠨ᠎ᠬᠢᠨ ᠡᠷᠲᠡ ᠬᠥᠳᠡᠯᠦᠯᠴᠡᠨ ᠡᠷᠲᠡ᠎ᠠᠴᠠ ᠪᠡᠯᠡᠳᠭᠡᠵᠦ᠍᠂ ᠭᠠᠮᠱᠢᠭ᠎ᠢ ᠰᠡᠷᠭᠡᠢᠯᠡᠨ ᠭᠠᠮᠱᠢᠭ᠎ᠤᠨ ᠬᠤᠬᠢᠷᠠᠯ᠎ᠢ ᠪᠠᠭᠠᠰᠭᠠᠬᠤ ᠡᠯ᠎ᠡ ᠵᠦᠢᠯ᠎ᠤᠨ ᠠᠷᠭ᠎ᠠ ᠬᠡᠮᠵᠢ᠊ ᠡᠶ᠎ᠡ᠎ᠶ᠋ᠢ ᠢᠳᠡᠪᠬᠢᠲᠡᠢ ᠨᠠᠢᠳᠠᠪᠤᠷᠢᠵᠢᠭᠤᠯᠵᠠᠢ᠃ 《ᠠᠷᠪᠠᠨ ᠵᠢᠯ᠎ᠤᠨ ᠶᠢᠰᠦᠨ ᠵᠢᠯ᠎ᠨᠢ ᠭᠠᠩᠳᠠᠵᠤ᠂ ᠬᠠᠪᠤᠷ ᠪᠤᠯᠭᠠᠨ ᠭᠠᠩ᠎ᠲᠠᠢ》 ᠪᠠᠢᠳᠠᠭ ᠣᠨᠴᠠᠯᠢᠭ᠎ᠲᠤ ᠴᠢᠭ᠌ᠯᠡᠭᠦᠯᠦᠨ ᠦᠪᠡᠷᠳᠡᠭᠡᠨ ᠵᠠᠰᠠᠬᠤ ᠤᠷᠤᠨ᠎ᠠᠴᠠ 《ᠮᠠᠯ ᠠᠵᠤ ᠠᠬᠤᠢ ᠲᠠᠷᠢᠶᠠᠯᠠᠩ᠎ᠤᠨ ᠴᠠᠭ ᠠᠭᠤᠷ᠎ᠤᠨ ᠭᠠᠮᠱᠢᠭ᠎ᠢ ᠰᠡᠷᠭᠡᠢᠯᠡᠵᠤ ᠭᠠᠮᠱᠢᠭ᠎ᠤᠨ ᠬᠤᠬᠢᠷᠠᠯ᠎ᠢ ᠪᠠᠭᠠᠰᠭᠠᠬᠤ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ᠌ ᠲᠤᠬᠠᠶ ᠮᠡᠳᠡᠭ᠌ᠳᠡᠯ》 ᠎ᠢ ᠤᠷᠢᠳᠴᠢᠯᠠᠨ ᠳᠠᠷᠤᠮᠠᠯᠯᠠᠨ ᠲᠠᠷᠬᠠᠭᠠᠵᠤ᠂ ᠭᠠᠩ ᠬᠠᠭ᠍ᠰᠠᠷᠠᠭᠠᠨ᠎ᠲᠠᠢ ᠲᠡᠮᠡᠴᠡᠵᠦ᠍ ᠬᠠᠪᠤᠷ᠎ᠤᠨ ᠲᠠᠷᠢᠶᠠᠯᠠᠭ᠎ᠠ᠎ᠶ᠋ᠢ ᠪᠠᠲᠤᠯᠠᠬᠤ ᠪᠦᠳᠦᠮᠵᠢᠳᠠᠢ ᠠᠷᠭ᠎ᠠ ᠬᠡᠮᠵᠢᠶ᠎ᠡ ᠠᠪᠤᠭ᠍ᠰᠠᠨ ᠪᠠᠢᠨ᠎ᠠ᠃ ᠬᠦᠨᠳᠦ ᠶᠡᠭᠡ ᠡᠪᠡᠳᠴᠢᠨ ᠬᠤᠷᠣᠬᠠᠶ᠎ᠶ᠋ᠢᠨ ᠬᠥᠨᠥᠭᠡᠯ᠎ᠢ ᠰᠡᠷᠭᠡᠢᠯᠡᠨ ᠬᠢᠵᠠᠭᠠᠷᠯᠠᠬᠤ ᠠᠵᠢᠯ᠎ᠢ ᠲᠤᠰᠭᠠᠶ ᠪᠠᠢᠷᠢᠯᠠᠭᠤᠯᠵᠤ᠂ ᠡᠪᠡᠰᠦᠲᠦ ᠭᠠᠵᠠᠷ᠎ᠤᠨ ᠰᠦᠨᠢ᠎ᠶ᠋ᠢᠨ ᠢᠳᠤᠭᠠᠨ ᠡᠷᠪᠡᠬᠡᠶ᠂ ᠨᠠᠩᠭᠢ ᠬᠤᠷᠣᠬᠠᠶ᠂ ᠡᠷᠳᠡᠨᠢ ᠱᠢᠰᠢ᠎ᠶ᠋ᠢᠨ ᠮᠢᠩ ᠡᠷᠪᠡᠬᠡᠶ ᠵᠡᠷᠭᠡ 9 ᠵᠦᠶᠯ᠎ᠤᠨ ᠬᠦᠨᠳᠦ ᠶᠡᠭᠡ ᠬᠤᠷᠣᠬᠠᠶ ᠱᠢᠪᠠᠵᠢ᠎ᠶ᠋ᠢᠨ ᠬᠦᠨᠦᠬᠡᠯ᠎ᠢ ᠰᠡᠷᠭᠡᠢᠯᠡᠨ ᠬᠢᠵᠠᠭᠠᠷᠯᠠᠬᠤ ᠮᠡᠷᠭᠡᠵᠢᠯ᠎ᠤᠨ ᠲᠥᠰᠦᠯ᠎ᠢ ᠨᠠᠢᠷᠠᠭᠤᠯᠤᠨ ᠲᠠᠷᠬᠠᠭᠠᠭ᠍ᠰᠠᠨ ᠪᠦᠬᠡᠳ 400 ᠲᠦᠮᠡᠨ ᠲᠥᠭᠦᠷᠢᠭ᠎ᠤᠨ ᠡᠳ᠋᠎ᠤᠨ ᠵᠠᠰᠠᠭ᠎ᠤᠨ ᠲᠤᠰᠭᠠᠶ ᠲᠦᠷᠦᠯ᠎ᠤᠨ ᠪᠠᠯᠠ ᠮᠥᠩᠭᠦ᠌ ᠪᠠᠭᠤᠯᠭᠠᠪᠠ᠃ ᠪᠠᠰᠠ ᠡᠪᠡᠳᠴᠢᠨ ᠬᠤᠷᠣᠬᠠᠶ᠎ᠶ᠋ᠢᠨ ᠬᠦᠨᠦᠬᠡᠯ᠎ᠢ ᠬᠢᠨᠠᠨ ᠬᠡᠮᠵᠢᠬᠦ᠌ ᠤᠯᠤᠰ᠎ᠤᠨ ᠲᠠᠰ᠎ᠤᠨ 43 ᠦᠷᠳᠡᠭᠡ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ 30 ᠦᠷᠳᠡᠭᠡ ᠪᠤᠯᠤᠨ ᠱᠢᠶᠠᠩ ᠪᠠᠯᠭᠠᠰᠤᠨ᠎ᠤ ᠲᠡᠰ᠎ᠤᠨ 273 ᠥᠷᠲᠡᠭᠡ ᠴᠡᠭ᠎ᠢ ᠴᠠᠭ ᠲᠤᠬᠠᠶ᠎ᠳᠤᠨᠢ ᠠᠵᠢᠯᠯᠠᠭᠤᠯᠵᠤ᠂ ᠠᠮᠤ ᠪᠤᠳᠠᠭᠠᠨ᠎ᠤ ᠦᠢᠯᠡᠳᠪᠦᠷᠢᠯᠡᠯ᠎ᠤᠨ ᠡᠪᠡᠳᠴᠢᠨ ᠬᠤᠷᠣᠬᠠᠶ᠎ᠶ᠋ᠢᠨ ᠬᠦᠨᠦᠬᠡᠯ᠎ᠳᠤ ᠤᠴᠠᠷᠠᠬᠤ ᠨᠤᠷᠮ᠎ᠠ᠎ᠶ᠋ᠢ 5% ᠎ᠶ᠋ᠢᠨ ᠳᠣᠲᠣᠷ᠎ᠠ ᠪᠦᠳᠦᠮᠵᠢᠳᠠᠢ ᠬᠢᠵᠠᠭᠠᠷᠯᠠᠵᠤ ᠲᠡᠢᠯᠦᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号