ᠦᠵᠡᠰᠭᠦᠯᠡᠩᠲᠦ ᠰᠠᠢᠬᠠᠨ ᠬᠦᠲᠡᠭᠡ ᠨᠤᠳᠤᠭ᠎ᠤᠨ ᠪᠤᠬᠢᠷᠲᠦᠯ ᠦᠭᠡᠢ ᠬᠦᠭ᠌ᠵᠢᠯᠳᠠ
2020-12-03 10:35:07
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠤᠯᠠᠭᠠᠨᠬᠠᠲᠠ ᠬᠤᠲᠠ᠎ᠶ᠋ᠢᠨ ᠰᠦᠩᠱᠠᠨ ᠲᠤᠭᠤᠷᠢᠭ᠎ᠤᠨ ᠶᠡᠭᠡ ᠰᠦᠮ᠎ᠡ ᠪᠠᠯᠭᠠᠰᠤᠨ᠎ᠤ ᠪᠠᠭ᠎ᠠ ᠰᠦᠮ᠎ᠡ ᠲᠤᠰᠭᠤᠨ᠎ᠤ᠎ᠬᠢᠨ 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠦᠨ》 ᠬᠡᠬᠦ᠌ ᠬᠦᠭ᠌ᠵᠢᠯᠲᠡ᠎ᠶ᠋ᠢᠨ ᠤᠢ᠍ᠢᠯᠠᠭᠠᠬ᠍ᠲᠠᠬᠤᠨ᠎ᠢ ᠢᠮᠠᠬ᠍ᠲᠠ ᠲᠤᠭᠤᠱᠢᠯᠠᠭᠤᠯᠤᠨ ᠦᠢᠯᠡᠲᠦᠯᠭᠡᠵᠢᠭᠦᠯᠵᠦ᠍᠂ ᠪᠤᠬᠢᠷᠲᠦᠯ ᠦᠭᠡᠢ ᠡᠬᠢ ᠪᠠᠶᠠᠯᠢᠬ᠎ᠲᠤ ᠲᠦᠱᠢᠭ᠌ᠯᠡᠵᠤ ᠬᠦᠭ᠌ᠵᠢᠯᠲᠡ᠎ᠶ᠋ᠢ ᠡᠷᠢᠯᠬᠢᠯᠡᠨ᠂ 《ᠠᠵᠦ᠍ ᠦᠢᠯᠡᠰ ᠬᠦᠭ᠌ᠵᠢᠭ᠌ᠰᠡᠨ᠂ ᠠᠮᠢ ᠠᠬᠤᠢ ᠤᠷᠤᠱᠢᠨ ᠰᠠᠭᠤᠷᠢᠱᠢᠬᠤ᠎ᠳᠤ ᠲᠤᠬᠢᠷᠠᠮᠵᠢᠳᠠᠢ᠂ ᠨᠤᠲᠤᠭ᠎ᠤᠨ ᠵᠠᠩᠱᠢᠯ ᠪᠤᠯᠪᠠᠰᠤᠨ᠂ ᠵᠠᠰᠠᠯᠳᠠ ᠪᠦᠲᠦᠮᠵᠢᠳᠡᠢ᠂ ᠠᠮᠢᠳᠤᠷᠠᠯ ᠪᠠᠶᠠᠨ ᠴᠢᠨᠡᠭᠡᠯᠢᠭ》 ᠬᠦᠲᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠤᠬ᠍ᠰᠠᠨ ᠵᠢᠷᠤᠭ᠎ᠢ ᠠᠲᠡ ᠲᠡᠯᠭᠡᠵᠦ᠍ ᠪᠤᠢ᠃

2014 ᠤᠨ᠎ᠠᠴᠠ ᠡᠮᠦᠨ᠎ᠡ᠂ ᠪᠠᠭ᠎ᠠ ᠰᠦᠮ᠎ᠡ ᠲᠤᠰᠭᠤᠨ ᠬᠤᠯᠤᠤᠪᠠᠩ ᠲᠠᠷᠢᠬᠤ᠎ᠪᠠᠷ ᠭᠤᠤᠯᠯᠠᠵᠦ᠍᠂ ᠪᠦᠬᠦ᠌ ᠲᠤᠰᠭᠤᠨ᠎ᠤ ᠤᠷᠤᠯᠭ᠎ᠠ᠎ᠨᠢ 1000 ᠭᠠᠷᠤᠢ ᠲᠦᠮᠡᠨ ᠲᠦᠭᠦᠷᠢᠭ᠎ᠲᠤ ᠬᠦᠷᠴᠦ᠍ ᠪᠠᠢᠬ᠍ᠰᠠᠨ ᠶᠤᠮ᠃ ᠬᠡᠲᠡᠯ᠎ᠠ ᠵᠠᠬ᠎ᠠ ᠲᠡᠯᠭᠡᠭᠦᠷ᠎ᠤᠨ ᠬᠤᠪᠢᠷᠠᠯᠲᠠ᠂ ᠡᠷᠬᠢᠨ ᠲᠤᠭᠤᠷᠢᠨ᠎ᠤ ᠭᠠᠵᠠᠷ ᠤᠷᠤᠨ᠎ᠤ ᠦᠷᠢᠰᠦᠯᠲᠦᠭᠡᠨ ᠵᠢᠴᠢ ᠡᠪᠡᠳᠴᠢᠨ ᠬᠤᠷᠤᠬᠠᠢ᠎ᠶ᠋ᠢᠨ ᠬᠦᠨᠦᠭᠡᠯ ᠵᠡᠷᠭᠡ᠎ᠶ᠋ᠢᠨ ᠨᠦᠯᠦᠭᠡ᠎ᠠᠴᠠ ᠪᠤᠯᠵᠦ᠍᠂ ᠬᠤᠯᠤᠤᠪᠠᠩ ᠲᠠᠷᠢᠬᠤ᠎ᠨᠢ ᠪᠦᠲᠦᠴᠡ ᠲᠠᠩ ᠴᠤᠯᠭᠤᠢ᠂ ᠠᠶᠤᠯ ᠲᠦᠭ᠌ᠰᠢᠭᠦᠷᠢ᠎ᠶ᠋ᠢ ᠰᠡᠷᠬᠡᠢᠯᠡᠨ ᠬᠤᠷᠢᠬ᠍ᠯᠠᠬᠤ ᠴᠢᠲᠠᠪᠤᠷᠢ ᠠᠨᠠᠢ ᠪᠠᠢᠬᠤ ᠪᠠᠢᠲᠠᠯ ᠠᠭᠠᠵᠢᠮ᠎ᠢᠶᠠᠷ ᠲᠤᠪᠤᠢᠮ᠎ᠠ ᠪᠤᠯᠤᠭ᠍ᠰᠠᠨ᠎ᠠᠴᠠ ᠲᠤᠰ ᠲᠤᠰᠭᠤᠨ᠎ᠤ ᠬᠤᠶᠠᠷ ᠵᠦᠪᠯᠡᠯ᠎ᠤᠨ ᠤᠳᠤᠷᠢᠳᠭᠤ ᠪᠠᠭ ᠨᠡᠩ ᠴᠢᠨᠠᠷ ᠰᠠᠢᠲᠠᠢ ᠬᠦᠭ᠌ᠵᠢᠯᠲᠡ᠎ᠶ᠋ᠢ ᠡᠷᠢᠯᠬᠢᠯᠡᠬᠦ᠌ ᠶᠠᠪᠤᠴᠠ᠎ᠳᠠᠭᠠᠨ ᠬᠢᠲᠠᠳ ᠡᠮ᠎ᠤᠨ ᠮᠠᠲ᠋ᠧᠷᠢᠶᠠᠯ ᠲᠠᠷᠢᠬᠤ ᠳᠡᠭᠡᠷ᠎ᠡ ᠠᠩᠬᠠᠷᠤᠯ᠎ᠢᠶᠠᠨ ᠲᠥᠪᠯᠡᠷᠡᠭᠦᠯᠦᠭ᠌ᠰᠡᠨ ᠪᠠᠢᠯ᠎ᠠ᠃

2014 ᠣᠨ᠎ᠳᠤ᠂ ᠪᠠᠭ᠎ᠠ ᠰᠦᠮ᠎ᠡ ᠲᠣᠰᠭᠤᠨ ᠬᠤᠩ ᠳ᠋ᠦ᠋ ᠲᠠᠷᠢᠮᠠᠯ᠎ᠤᠨ ᠲᠤᠰᠭᠠᠶ ᠬᠤᠷᠱᠢᠶ᠎ᠠ ᠪᠠᠢᠭᠤᠯᠵᠤ᠂ 3 ᠨᠠᠮ᠎ᠤᠨ ᠭᠡᠱᠢᠭᠦᠨ ᠲᠦᠷᠦᠭᠦᠯᠡᠨ ᠬᠤᠪᠢ ᠣᠷᠣᠭᠤᠯᠵᠤ᠂ ᠬᠢᠲᠠᠳ ᠡᠮ᠎ᠤᠨ ᠮᠠᠲ᠋ᠧᠷᠢᠶᠠᠯ᠎ᠢ ᠬᠡᠪᠴᠢᠶᠡᠵᠢᠭᠦᠯᠦᠨ ᠲᠠᠷᠢᠬᠤ᠎ᠶ᠋ᠢ ᠡᠬᠢᠯᠡᠨ ᠲᠤᠷᠱᠢᠪᠠ᠃ ᠨᠠᠮ᠎ᠤᠨ ᠭᠡᠱᠢᠭᠦᠨ᠎ᠤ ᠳᠠᠭᠠᠭᠤᠯᠭ᠎ᠠ᠎ᠪᠠᠷ ᠲᠠᠷᠢᠶᠠᠴᠢᠨ ᠡᠷᠦᠬᠡ ᠬᠢᠲᠠᠳ ᠡᠪᠡᠰᠦᠨ ᠡᠮ ᠲᠠᠷᠢᠬᠤ᠎ᠳᠤ ᠢᠳᠡᠪᠬᠢᠲᠡᠶ ᠣᠷᠣᠯᠴᠠᠬ᠍ᠰᠠᠨ ᠪᠦᠭᠡᠳ ᠲᠤᠰᠭᠠᠢ ᠬᠤᠷᠱᠢᠶ᠎ᠠ᠎ᠶ᠋ᠢᠨ ᠡᠮ᠎ᠤᠨ ᠮᠠᠲ᠋ᠧᠷᠢᠶᠠᠯ ᠲᠠᠷᠢᠬ᠍ᠰᠠᠨ ᠲᠠᠯᠠᠪᠠᠶ᠎ᠨᠢ 500 ᠮᠦ᠍ ᠪᠠᠢᠭ᠍ᠰᠠᠨ᠎ᠠᠴᠠ ᠣᠳᠣ 4000 ᠮᠦ᠍ ᠪᠣᠯᠤᠨ ᠬᠥᠭ᠌ᠵᠢᠵᠦ᠍᠂ ᠲᠥᠷᠥᠯ ᠵᠦᠢᠯ᠎ᠨᠢ ᠱᠦᠭᠦᠷᠭᠡᠨ᠎ᠡ᠂ ᠲᠠᠤᠯᠠᠢ᠎ᠶ᠋ᠢᠨ ᠮᠠᠩᠭᠢᠷ ᠵᠡᠷᠭᠡ 10 ᠭᠠᠷᠤᠶ ᠲᠥᠷᠥᠯ ᠵᠦᠢᠯ᠎ᠲᠠᠢ ᠪᠤᠯᠵᠠᠢ᠃

ᠣᠯᠠᠨ ᠡᠮ ᠡᠮᠨᠡᠯᠭᠡ᠎ᠶ᠋ᠢᠨ ᠠᠵᠤ ᠠᠬᠤᠢᠯᠠᠯ᠎ᠲᠠᠢ ᠭᠡᠷ᠎ᠡ ᠲᠣᠭ᠍ᠲᠠᠵᠤ ᠬᠤᠯᠪᠣᠭᠠᠯᠠᠨ᠂ ᠵᠠᠬᠢᠶᠠᠯᠠᠭ᠎ᠠ᠎ᠪᠠᠷ ᠲᠠᠷᠢᠬᠤ᠎ᠶ᠋ᠢ ᠬᠥᠭ᠌ᠵᠢᠭᠦᠯᠵᠦ᠍᠂ ᠦᠢᠯᠡᠳᠬᠦᠨ᠎ᠤ ᠪᠣᠷᠣᠯᠠᠭᠤᠯᠭ᠎ᠠ᠎ᠶ᠋ᠢ ᠪᠠᠲᠤᠯᠠᠵᠤ᠂ ᠦᠢᠯᠡᠳᠬᠦᠨ᠎ᠤ ᠦᠨ᠎ᠡ᠎ᠶ᠋ᠢ ᠲᠣᠭ᠍ᠲᠠᠪᠤᠷᠢᠵᠢᠭᠤᠯᠪᠠ; 300 ᠲᠦᠮᠡᠨ ᠲᠥᠭᠦᠷᠢᠭ᠎ᠤᠨ ᠪᠡᠯᠡ ᠣᠷᠣᠭᠤᠯᠵᠤ ᠡᠮ᠎ᠤᠨ ᠮᠠᠲ᠋ᠧᠷᠢᠶᠠᠯ ᠪᠣᠯᠪᠠᠰᠤᠷᠠᠭᠤᠯᠬᠤ ᠦᠢᠯᠡᠳᠪᠦᠷᠢ ᠪᠠᠢᠭᠤᠯᠤᠨ᠂ ᠡᠮ᠎ᠤᠨ ᠮᠠᠲ᠋ᠧᠷᠢᠶᠠᠯ᠎ᠢ ᠨᠠᠷᠢᠯᠢᠭ ᠪᠣᠯᠪᠠᠰᠤᠷᠠᠭᠤᠯᠵᠤ᠂ ᠪᠣᠯᠪᠠᠰᠤᠷᠠᠭᠤᠯᠤᠭ᠍ᠰᠠᠨ᠎ᠤ ᠳᠠᠷᠠᠭᠠᠬᠢ ᠬᠢᠲᠠᠳ ᠡᠮ᠎ᠤᠨ ᠪᠦᠲᠦᠭᠡᠭ᠌ᠳᠡᠬᠦᠨ᠎ᠨᠢ ᠠᠨᠾᠦ᠋ᠢ᠂ ᠾᠧᠪᠧᠶ ᠵᠡᠷᠭᠡ ᠮᠤᠵᠢ ᠤᠷᠤᠨ᠎ᠤ ᠵᠠᠬ᠎ᠠ ᠲᠡᠯᠭᠡᠬᠦᠷ᠎ᠲᠤ ᠣᠷᠣᠬ᠍ᠰᠠᠨ ᠪᠦᠭᠡᠳ ᠠᠩᠬᠠᠨ᠎ᠤ ᠱᠠᠲᠤᠨ᠎ᠤ ᠡᠮ᠎ᠤᠨ ᠮᠠᠲ᠋ᠧᠷᠢᠶᠠᠯ᠎ᠨᠢ ᠵᠡᠭᠦᠨ ᠡᠮᠦᠨᠡᠲᠦ ᠠᠽᠢᠶ᠎ᠠ᠂ ᠤᠷᠤᠰ᠂ ᠺᠣᠷᠢᠶᠠ ᠵᠡᠷᠭᠡ ᠤᠯᠤᠰ ᠤᠷᠤᠨ᠎ᠳᠤ ᠪᠣᠷᠣᠯᠠᠭᠤᠯᠤᠭ᠍ᠳᠠᠬᠤ ᠪᠤᠯᠪᠠ᠃ ᠡᠭᠦᠨ᠎ᠠᠴᠠ ᠡᠬᠢᠯᠡᠨ᠂ ᠬᠥᠮᠦᠨ ᠳᠤᠮᠳᠠᠴᠢ᠎ᠶ᠋ᠢᠨ ᠲᠠᠷᠢᠶᠠᠨ ᠭᠠᠵᠠᠷ 2 ᠮᠥ᠍ ᠬᠥᠷᠬᠦ᠌ ᠥᠬᠡᠶ᠂ ᠬᠤᠯᠤᠤᠪᠠᠩ ᠳᠠᠷᠢᠬᠤ᠎ᠪᠠᠷ ᠭᠤᠤᠯ ᠪᠣᠯᠭᠠᠵᠦ᠍ ᠪᠠᠢᠭ᠍ᠰᠠᠨ ᠪᠠᠭ᠎ᠠ ᠰᠦᠮ᠎ᠡ ᠲᠤᠰᠭᠤᠨ᠎ᠤ ᠠᠷᠠᠳ ᠲᠦᠮᠡᠨ ᠶᠠᠳᠠᠭᠤ᠎ᠠᠴᠠ ᠠᠩᠭᠢᠵᠢᠷᠠᠨ ᠴᠢᠨᠡᠭᠡᠯᠢᠭ᠌ᠵᠢᠬᠦ᠌ ᠬᠦᠴᠦᠷᠬᠡᠭ ᠶᠡᠭᠡ 《ᠬᠥᠳᠡᠯᠭᠡᠭᠦᠷ》 ᠎ᠲᠠᠢ ᠪᠣᠯᠪᠠ᠃

ᠪᠠᠭ᠎ᠠ ᠰᠦᠮ᠎ᠡ ᠲᠣᠰᠭᠤᠨ᠎ᠤ ᠡᠷᠬᠢᠯᠡᠭ᠌ᠴᠢ ᠯᠢ ᠶᠦᠩ ᠪᠥᠸᠧ᠎ᠶ᠋ᠢᠨ ᠲᠠᠨᠢᠯᠴᠠᠭᠤᠯᠤᠭ᠍ᠰᠠᠨ᠎ᠢᠶᠠᠷ᠂ ᠶᠠᠳᠠᠭᠤ ᠬᠦᠴᠢᠷᠳᠡᠯᠲᠡᠶ ᠡᠷᠦᠬᠡ ᠭᠠᠵᠠᠷ ᠱᠢᠷᠣᠶ᠎ᠶ᠋ᠢᠨ ᠡᠵᠡᠩᠨᠡᠯᠲᠡ᠎ᠶ᠋ᠢᠨ ᠡᠷᠬᠡ᠎ᠶ᠋ᠢ ᠬᠦᠢᠯᠭᠡᠭᠡᠵᠦ᠍ ᠵᠢᠯ ᠪᠦᠷᠢ ᠨᠢᠭᠡ ᠮᠦ᠍᠎ᠠᠴᠠ 1000 ᠲᠥᠭᠦᠷᠢᠭ ᠣᠯᠲᠠᠭ᠂ ᠲᠤᠰᠭᠠᠢ ᠬᠤᠷᠱᠢᠶ᠎ᠠ᠎ᠳᠤ ᠠᠵᠢᠯᠯᠠᠪᠠᠯ ᠵᠢᠯ ᠪᠦᠷᠢ 3.6 ᠲᠦᠮᠡᠨ ᠲᠥᠭᠦᠷᠢᠭ ᠣᠯᠲᠠᠬ᠂ ᠲᠡᠳᠡᠨ᠎ᠢ ᠪᠠᠰᠠ ᠳᠠᠭᠠᠳᠭᠠᠯ᠎ᠳᠤ ᠤᠷᠤᠯᠴᠠᠭᠤᠯᠲᠠᠭ ᠪᠦᠭᠡᠳ ᠲᠤᠰᠭᠠᠢ ᠬᠤᠷᠱᠢᠶ᠎ᠠ᠎ᠳᠤ ᠬᠤᠭᠤᠯᠠ ᠢᠲᠡᠭᠦᠯᠲᠡᠭ ᠶᠤᠮ᠃ 2018 ᠤᠨ᠎ᠠᠴᠠ ᠨᠠᠭᠠᠰᠢ᠂ ᠪᠦᠬᠦ᠌ ᠲᠣᠰᠭᠤᠨ᠎ᠳᠤ ᠨᠡᠢᠲᠡ 60 ᠲᠠᠷᠢᠶᠠᠴᠢᠨ ᠡᠷᠦᠬᠡ᠎ᠶ᠋ᠢᠨ 75 ᠲᠠᠷᠢᠶᠠᠴᠢᠨ ᠲᠤᠰᠭᠠᠢ ᠬᠤᠷᠱᠢᠶ᠎ᠠ᠎ᠳᠤ ᠠᠵᠢᠯᠯᠠᠵᠤ᠂ ᠡᠭᠦᠨ᠎ᠳᠤ 13 ᠶᠠᠳᠠᠭᠤ ᠬᠦᠴᠢᠷᠳᠡᠯᠲᠡᠶ ᠡᠷᠦᠬᠡ ᠪᠠᠢᠵᠦ᠍᠂ ᠲᠤᠰᠭᠠᠢ ᠬᠤᠷᠱᠢᠶ᠎ᠠ᠎ᠠᠴᠠ ᠵᠢᠯ ᠪᠦᠷᠢ ᠶᠠᠳᠠᠭᠤ ᠬᠦᠴᠢᠷᠳᠡᠯᠲᠡᠶ ᠡᠷᠦᠬᠡ᠎ᠳᠤ 14.4 ᠲᠦᠮᠡᠨ ᠲᠥᠭᠦᠷᠢᠭ᠎ᠤᠨ ᠡᠳ᠋ ᠬᠥᠷᠥᠩᠭᠡ᠎ᠶ᠋ᠢᠨ ᠠᠱᠢᠭ ᠭᠥᠷᠳᠡᠬᠦ᠌ ᠪᠠᠯᠠ ᠮᠥᠩᠭᠦ᠌ ᠲᠠᠷᠬᠠᠭᠠᠵᠠᠢ᠃ 2019 ᠣᠨ᠎ᠳᠤ ᠬᠢᠲᠠᠳ ᠡᠪᠡᠰᠦᠨ ᠡᠮ ᠳᠠᠷᠢᠬᠤ᠎ᠳᠤ ᠲᠦᠱᠢᠭ᠌ᠯᠡᠨ᠂ ᠪᠠᠭ᠎ᠠ ᠰᠦᠮ᠎ᠡ ᠲᠣᠰᠭᠤᠨ᠎ᠤ ᠬᠥᠮᠦᠨ ᠳᠤᠮᠳᠠᠴᠢ᠎ᠶ᠋ᠢᠨ ᠣᠷᠣᠯᠭ᠎ᠠ 2500 ᠲᠥᠭᠦᠷᠢᠭ ᠨᠡᠮᠡᠭ᠌ᠳᠡᠵᠠᠢ᠃

2017 ᠤᠨ᠎ᠳᠤ᠂ ᠪᠠᠭ᠎ᠠ ᠰᠥᠮ᠎ᠡ ᠲᠤᠰᠭᠤᠨ ᠬᠦᠭ᠌ᠵᠢᠯᠲᠡ᠎ᠶ᠋ᠢᠨ ᠱᠢᠨ᠎ᠡ ᠵᠠᠮ᠎ᠢ ᠰᠦᠪᠡᠭ᠌ᠴᠢᠯᠡᠵᠦ᠍᠂ 1300 ᠮᠦ᠍᠎ᠶ᠋ᠢᠨ ᠲᠣᠰᠭᠤᠨ᠎ᠤ ᠭᠤᠤᠯᠳᠠᠯᠭ᠎ᠠ᠎ᠲᠠᠢ ᠨᠣᠭᠤᠭᠠᠷᠠᠭᠤᠯᠤᠯᠲᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠵᠦ᠍᠂ 20 ᠭᠠᠷᠤᠶ ᠲᠦᠮᠡᠨ ᠰᠠᠭᠤᠷᠢ ᠴᠢᠬᠢ ᠮᠣᠳᠣ ᠵᠠᠢᠯᠠᠵᠦ᠍᠂ ᠪᠦᠬᠦ᠌ ᠲᠣᠰᠭᠤᠨ᠎ᠤ 5370 ᠮᠦ᠍ ᠲᠠᠷᠢᠶᠠᠨ ᠭᠠᠵᠠᠷ᠎ᠲᠤ ᠤᠰᠤ ᠠᠷᠪᠢᠯᠠᠨ ᠲᠤᠰᠤᠯᠭᠠᠨ ᠤᠰᠤᠯᠠᠬᠤ᠎ᠶ᠋ᠢ ᠬᠡᠷᠡᠭ᠌ᠵᠢᠭᠦᠯᠵᠦ᠍᠂ ᠲᠤᠰᠭᠤᠨ᠎ᠤ ᠭᠤᠤᠯᠲᠠᠯᠭ᠎ᠠ᠎ᠲᠠᠢ ᠠᠵᠦ᠍ ᠠᠬᠤᠢ᠍ᠢᠯᠠᠯ᠎ᠳᠤ ᠡᠨᠧᠷᠬᠢ ᠠᠷᠪᠢᠯᠠᠵᠦ᠍ ᠪᠤᠬᠢᠷᠲᠦᠯ᠎ᠢ ᠭᠠᠲᠠᠬ᠍ᠰᠢᠯᠠᠭᠤᠯᠬᠤ᠎ᠶ᠋ᠢ ᠪᠡᠶᠡᠯᠡᠭᠦᠯᠵᠦ᠍᠂ ᠲᠣᠰᠭᠤᠨ᠎ᠢᠶᠠᠷ ᠤᠷᠤᠰᠤᠨ ᠥᠩᠭᠡᠷᠡᠬᠦ᠌ ᠭᠤᠤᠯ᠎ᠤᠨ ᠳᠡᠭᠡᠳᠦ ᠳᠣᠣᠷᠠᠳᠤ ᠤᠷᠤᠰᠭᠠᠯ ᠵᠢᠴᠢ ᠬᠤᠶᠠᠷ ᠡᠷᠭᠢ᠎ᠶ᠋ᠢ ᠪᠦᠲᠦᠮᠵᠢᠲᠡᠶ ᠵᠠᠰᠠᠵᠤ᠂ ᠥᠩᠭᠡᠷᠡᠭ᠌ᠰᠡᠨ᠎ᠤ 《ᠪᠤᠯᠠᠩᠬᠢᠷ ᠤᠰᠤ》 ᠎ᠶ᠋ᠢ ᠲᠠᠬᠢᠨ 《ᠲᠤᠩᠭᠠᠯᠠᠭ ᠤᠰᠤ》 ᠪᠤᠯᠭᠠᠨ ᠬᠤᠪᠢᠷᠠᠭᠤᠯᠪᠠ᠃

ᠡᠨᠡ ᠵᠢᠯ᠎ᠤᠨ 4 ᠰᠠᠷ᠎ᠠ᠎ᠳᠤ᠂ ᠰᠦᠩᠱᠠᠨ ᠲᠣᠭᠤᠷᠢᠭ᠎ᠤᠨ ᠶᠡᠭᠡ ᠰᠦᠮ᠎ᠡ ᠪᠠᠯᠭᠠᠰᠤᠨ᠎ᠤ ᠬᠡᠳᠦᠨ ᠵᠠᠭᠤᠨ ᠨᠠᠮ᠎ᠤᠨ ᠭᠡᠱᠢᠭᠦᠨ ᠺᠠᠳ᠋ᠷ ᠪᠠᠭ᠎ᠠ ᠰᠦᠮ᠎ᠡ ᠲᠤᠰᠭᠤᠨ᠎ᠤ ᠬᠤᠢᠲᠤ ᠲᠠᠯ᠎ᠠ᠎ᠶ᠋ᠢᠨ ᠠᠭ᠍ᠯᠠᠭ ᠠᠭᠤᠯᠠᠨ ᠬᠥᠲᠥᠯ ᠳᠡᠭᠡᠷ᠎ᠡ ᠮᠢᠩᠭ᠎ᠠ ᠱᠢᠬᠠᠮ ᠮᠦ᠍ ᠭᠠᠵᠠᠷ ᠬᠠᠭᠠᠯᠪᠤᠷᠢᠯᠠᠵᠤ᠂ 3 ᠲᠦᠮᠡ ᠭᠠᠷᠤᠢ ᠰᠠᠭᠤᠷᠢ ᠤᠯᠠᠭᠠᠨ ᠬᠦᠢᠯᠡᠰᠤ᠂ ᠠᠯᠢᠮ᠎ᠠ᠎ᠶ᠋ᠢᠨ ᠮᠣᠳᠣ ᠵᠠᠢᠯᠠᠪᠠ᠃ ᠦᠩᠭᠡᠷᠡᠭ᠌ᠰᠡᠨ᠎ᠳᠤ ᠠᠳᠡ ᠰᠠᠯᠬᠢᠯᠠᠮᠠᠭ᠍ᠴᠠ ᠱᠢᠷ᠎ᠠ ᠡᠯᠡᠰᠦ ᠲᠡᠭ᠌ᠲᠡᠲᠡᠭ ᠡᠵᠡᠭᠦᠶ ᠬᠥᠲᠥᠯ ᠪᠠᠢᠬ᠍ᠰᠠᠨ ᠶᠤᠮ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢ᠂ ᠪᠠᠭ᠎ᠠ ᠰᠦᠮ᠎ᠡ ᠲᠣᠰᠭᠤᠨ᠎ᠤ ᠨᠠᠮ᠎ᠤᠨ ᠡᠭᠦᠷ᠎ᠤᠨ ᠱᠦᠵᠢ ᠵᠣᠣ ᠬᠤᠢ ᠵᠢᠶᠧ᠄ 《2 ᠵᠢᠯ᠎ᠤᠨ ᠲᠠᠷᠠᠭ᠎ᠠ ᠡᠨᠡ ᠬᠦ᠌ ᠠᠵᠦ᠍ ᠠᠬᠤᠢ᠎ᠶ᠋ᠢᠨ ᠵᠢᠮᠢᠰ᠎ᠤᠨ ᠤᠢ᠎ᠶ᠋ᠢᠨ ᠮᠦ᠍ ᠪᠦᠷᠢ᠎ᠶ᠋ᠢᠨ ᠳᠤᠮᠳᠠᠴᠢ ᠠᠱᠢᠭ ᠣᠷᠣᠯᠭ᠎ᠠ 2500 ᠲᠥᠭᠦᠷᠢᠭ᠎ᠲᠤ ᠬᠦᠷᠬᠦ᠌ ᠪᠤᠯᠤᠨ᠎ᠠ》 ᠬᠡᠵᠦ᠍ ᠢᠲᠡᠭᠡᠯ ᠲᠦᠭᠦᠷᠡᠩ ᠶᠠᠷᠢᠨ᠎ᠠ᠃

ᠪᠠᠭ᠎ᠠ ᠰᠦᠮ᠎ᠡ ᠲᠤᠰᠭᠤᠨ ᠬᠢᠵᠠᠭᠠᠷ᠎ᠲᠠᠢ ᠭᠠᠵᠠᠷ ᠱᠢᠷᠣᠶ᠎ᠶ᠋ᠢᠨ ᠡᠬᠢ ᠪᠠᠶᠠᠯᠢᠭ᠎ᠤᠨ ᠬᠠᠮᠤᠭ᠎ᠤᠨ ᠶᠡᠭᠡ ᠳᠠᠯᠳᠠ ᠴᠢᠳᠠᠪᠤᠷᠢ᠎ᠶ᠋ᠢ ᠪᠠᠳᠠᠷᠠᠭᠤᠯᠵᠤ᠂ ᠨᠢᠭᠡ ᠬᠡᠰᠡᠭ ᠭᠠᠵᠠᠷ ᠱᠢᠷᠣᠶ᠎ᠠᠴᠠ ᠣᠯᠠᠨ ᠳᠠᠪᠬᠤᠷ ᠦᠷ᠎ᠡ ᠠᠱᠢᠭ ᠬᠦᠷᠳᠡᠬᠦ᠌᠎ᠪᠠᠷ ᠴᠢᠷᠮᠠᠢᠯ᠎ᠠ᠃ 《ᠠᠵᠦ᠍ ᠠᠬᠤᠢ᠎ᠶ᠋ᠢᠨ ᠤᠢ᠎ᠶ᠋ᠢ ᠠᠭᠤᠰᠤᠯᠴᠠᠭᠤᠯᠤᠨ ᠬᠠᠮᠲᠦ᠎ᠪᠠᠷ ᠪᠠᠢᠭᠤᠯᠬᠤ》 ᠲᠦᠷᠦᠯ ᠵᠦᠢᠯ᠎ᠢ ᠪᠡᠶᠡᠯᠡᠭᠦᠯᠦᠮᠡᠭ᠌ᠴᠡ᠂ ᠪᠠᠭ᠎ᠠ ᠰᠦᠮ᠎ᠡ ᠲᠤᠰᠭᠤᠨ᠎ᠤ ᠺᠠᠳ᠋ᠷ ᠤᠯᠠᠨ ᠲᠦᠮᠡᠨ ᠲᠠᠬᠢᠨ 《ᠤᠢ᠎ᠶ᠋ᠢᠨ ᠬᠤᠷᠮᠤᠢ᠎ᠶ᠋ᠢᠨ ᠠᠵᠦ᠍ ᠠᠬᠤᠢ》 ᠎ᠶ᠋ᠢ ᠬᠦᠭ᠌ᠵᠢᠭᠦᠯᠬᠦ᠌ ᠠᠷᠭ᠎ᠠ ᠰᠦᠪᠡᠭ᠌ᠴᠢᠯᠡᠵᠦ᠍ ᠡᠬᠢᠯᠡᠪᠡ᠃ ᠣᠯᠠᠨ ᠨᠠᠰᠤᠲᠤ ᠡᠪᠡᠰᠦᠯᠢᠭ ᠡᠮ᠎ᠤᠨ ᠤᠷᠭᠤᠮᠠᠯ ᠱᠢᠷ᠎ᠠ ᠬᠠᠢᠴᠢ ᠡᠪᠡᠰᠦ ᠪᠤᠯ ᠨᠡᠯᠢᠶᠡᠳ ᠥᠨᠳᠥᠷ ᠰᠣᠨᠢᠷᠬᠠᠯ᠎ᠤᠨ ᠦᠨ᠎ᠡ ᠴᠡᠨ᠎ᠡ᠎ᠲᠠᠢ ᠪᠠᠢᠵᠦ᠍᠂ ᠲᠡᠭᠦᠨ᠎ᠤ ᠲᠥᠮᠥᠰᠦᠯᠢᠭ ᠡᠰᠢ᠎ᠨᠢ ᠡᠮ᠎ᠳᠤ ᠣᠷᠣᠳᠠᠭ᠃ ᠤᠳᠤᠬᠢ ᠦᠨ᠎ᠡ᠎ᠪᠠᠷ ᠪᠤᠳᠤᠪᠠᠯ᠂ ᠥᠪᠡᠷ᠎ᠤᠨ ᠥᠷᠲᠡᠭ᠎ᠢ ᠭᠠᠷᠭᠠᠪᠠᠯ ᠮᠥ᠍ ᠪᠦᠷᠢ᠎ᠶ᠋ᠢᠨ ᠳᠤᠮᠳᠠᠴᠢ ᠴᠡᠪᠡᠷ ᠠᠱᠢᠭ ᠣᠷᠣᠯᠭ᠎ᠠ᠎ᠨᠢ 5500 ᠲᠥᠭᠦᠷᠢᠭ ᠣᠷᠴᠢᠮ ᠬᠦᠷᠲᠡᠭ᠃

《ᠱᠢᠷ᠎ᠠ ᠬᠠᠢᠴᠢ ᠡᠪᠡᠰᠦ ᠡᠮ᠎ᠳᠤ ᠣᠷᠣᠬᠤ ᠪᠦᠭᠡᠳ ᠨᠠᠮᠤᠷ᠎ᠤᠨ ᠤᠯᠠᠷᠢᠯ᠎ᠳᠤ ᠴᠡᠴᠡᠭ᠎ᠨᠢ ᠮᠠᠰᠢ ᠭᠤᠶᠤ ᠪᠠᠢᠳᠠᠭ ᠪᠤᠯᠬᠤᠷ ᠮᠠᠰᠢ ᠰᠠᠢᠨ ᠰᠣᠨᠢᠷᠬᠠᠬᠤ ᠦᠨ᠎ᠡ ᠥᠷᠲᠡᠭ᠎ᠲᠠᠢ᠂ ᠪᠠᠰᠠ ᠵᠢᠭᠤᠯᠴᠢᠯᠠᠯ᠎ᠢ ᠳᠠᠢᠴᠢᠯᠠᠵᠤ ᠴᠢᠳᠠᠨ᠎ᠠ᠂ ᠠᠭᠤᠯᠠᠨ ᠳᠡᠭᠡᠷᠡᠬᠢ ᠤᠰᠤ᠎ᠶ᠋ᠢ ᠬᠠᠲᠠᠭᠠᠯᠠᠵᠦ᠍᠂ ᠬᠥᠷᠥᠰᠥ᠍ ᠱᠢᠷᠣᠶ᠎ᠶ᠋ᠢᠨ ᠢᠳᠡᠭ᠌ᠳᠡᠯ᠎ᠢ ᠰᠡᠷᠭᠡᠢᠯᠡᠵᠦ᠍ ᠴᠢᠳᠠᠬᠤ᠎ᠪᠠᠷ ᠪᠠᠷᠠᠬᠤ ᠦᠭᠡᠢ ᠠᠵᠤ ᠠᠬᠤᠶ᠎ᠶ᠋ᠢᠨ ᠦᠷ᠎ᠡ ᠠᠱᠢᠭ᠎ᠲᠠᠢ᠃ ᠤᠢ᠎ᠶ᠋ᠢᠨ ᠬᠤᠷᠮᠣᠶ᠎ᠶ᠋ᠢᠨ ᠠᠵᠤ ᠠᠬᠤᠢ᠎ᠶ᠋ᠢᠨ ᠲᠥᠷᠥᠯ ᠵᠦᠢᠯ᠎ᠢ ᠪᠡᠶᠡᠯᠡᠭᠦᠯᠦᠭ᠌ᠰᠡᠨ᠎ᠤ ᠳᠠᠷᠠᠭ᠎ᠠ᠂ ᠪᠢᠳᠡ ᠨᠡᠩ ᠤᠯᠠᠨ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ᠎ᠶ᠋ᠢ ᠬᠦᠷᠢᠶᠡᠯᠡᠩ ᠲᠣᠭᠤᠷᠢᠭ᠎ᠲᠤ ᠣᠷᠣᠭᠤᠯᠤᠨ ᠠᠵᠢᠯᠯᠠᠭᠤᠯᠵᠦ᠍᠂ ᠲᠡᠳᠡᠨ᠎ᠤ ᠶᠠᠳᠠᠭᠤ᠎ᠠᠴᠠ ᠠᠩᠭᠢᠵᠢᠷᠠᠭ᠍ᠰᠠᠨ ᠦᠷ᠎ᠡ ᠪᠦᠲᠦᠮᠵᠢ᠎ᠶ᠋ᠢ᠎ᠨᠢ ᠲᠣᠭ᠍ᠲᠠᠪᠤᠷᠢᠵᠢᠭᠤᠯᠵᠤ ᠴᠢᠳᠠᠨ᠎ᠠ》 ᠬᠡᠵᠦ᠍ ᠵᠤᠤ ᠬᠤᠢ ᠵᠢᠶᠧ ᠬᠡᠬᠦᠳᠡᠭ ᠳᠦᠭᠦᠷᠡᠩ ᠬᠦᠰᠡᠯ ᠡᠷᠡᠮᠡᠯᠵᠡᠯ᠎ᠲᠠᠢ ᠶᠠᠷᠢᠨ᠎ᠠ᠃

ᠥᠨᠢ ᠤᠳᠠᠭᠠᠨ ᠲᠡᠦᠬᠡ᠎ᠲᠠᠢ᠂ ᠭᠤᠶᠤ ᠰᠠᠢᠬᠠᠨ ᠪᠠᠢᠭᠠᠯᠢ᠎ᠶ᠋ᠢᠨ ᠳᠠᠪᠠᠭᠤᠯᠢᠭ᠎ᠲᠠᠭᠠᠨ ᠰᠠᠭᠤᠷᠢᠯᠠᠵᠤ᠂ ᠪᠠᠭ᠎ᠠ ᠰᠦᠮ᠎ᠡ ᠲᠣᠰᠭᠤᠨ 《ᠭᠤᠷᠪᠠᠨ ᠠᠵᠤ ᠦᠶᠯᠡᠰ》 ᠎ᠤᠨ ᠠᠭᠤᠰᠤᠯᠴᠠᠨ ᠬᠥᠭ᠌ᠵᠢᠬᠦ᠌ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠲᠣᠰᠭᠤᠨ᠎ᠤ ᠲᠡᠤᠬᠡ᠎ᠶ᠋ᠢᠨ ᠣᠷᠳᠣᠨ᠂ ᠵᠠᠩ ᠦᠢᠯᠡ᠎ᠶ᠋ᠢᠨ ᠣᠷᠳᠣᠨ᠂ ᠵᠢᠭᠤᠯᠴᠢᠯᠠᠬ᠍ᠰᠠᠳ᠎ᠢ ᠬᠦᠯᠢᠶᠡᠨ ᠠᠪᠬᠤ ᠲᠥᠪ᠎ᠢ ᠨᠢᠭᠡ ᠴᠣᠭ᠍ᠴᠠᠵᠢᠭᠤᠯᠤᠬ᠍ᠰᠠᠨ ᠰᠣᠶᠣᠯ ᠵᠢᠭᠤᠯᠴᠢᠯᠠᠯ᠎ᠤᠨ ᠦᠢᠯᠡᠴᠢᠯᠡᠭᠡᠨ᠎ᠤ ᠲᠥᠪ᠎ᠢ ᠪᠠᠢᠭᠤᠯᠵᠦ᠍᠂ ᠪᠠᠭ᠎ᠠ ᠰᠦᠮ᠎ᠡ ᠲᠣᠰᠭᠤᠨ᠎ᠤ ᠬᠥᠳᠡᠭᠡ ᠲᠣᠰᠭᠤᠨ᠎ᠤ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠵᠡᠷᠭᠡ᠎ᠪᠠᠷ ᠨᠠᠢᠷᠠᠭᠤᠯᠤᠨ ᠵᠣᠬᠢᠶᠠᠵᠤ᠂ ᠲᠣᠰᠭᠤᠨ᠎ᠤ ᠵᠢᠭᠤᠯᠴᠢᠯᠠᠯ᠎ᠤᠨ ᠦᠢᠯᠡᠰ᠎ᠤᠨ ᠬᠥᠭ᠌ᠵᠢᠯᠲᠡ᠎ᠶ᠋ᠢᠨ ᠬᠤᠭᠤᠰᠣᠨ᠎ᠢ ᠨᠥᠬᠦᠪᠥᠷᠢᠯᠡᠪᠡ᠃

ᠪᠠᠭ᠎ᠠ ᠰᠦᠮ᠎ᠡ ᠲᠤᠰᠭᠤᠨ ᠪᠣᠬᠢᠷᠲᠤᠯ ᠦᠭᠡᠢ ᠠᠵᠤ ᠦᠢᠯᠡᠰ᠎ᠤᠨ ᠬᠥᠭ᠌ᠵᠢᠯᠲᠡ ᠪᠣᠯᠤᠨ ᠪᠣᠯᠪᠠᠰᠤᠨ ᠲᠣᠰᠭᠤᠨ᠎ᠤ ᠰᠤᠷᠲᠠᠯ᠎ᠢ ᠪᠤᠢ ᠪᠣᠯᠭᠠᠬᠤ᠎ᠶ᠋ᠢ ᠵᠡᠷᠬᠡ᠎ᠪᠠᠷ ᠴᠢᠬᠤᠯᠠᠴᠢᠯᠠᠵᠦ᠍᠂ ᠪᠣᠯᠪᠠᠰᠤᠨ ᠠᠮᠢᠳᠤᠷᠠᠯ᠎ᠤᠨ ᠠᠷᠭ᠎ᠠ ᠮᠠᠶᠢᠭ᠎ᠢ ᠪᠠᠢᠭᠤᠯᠵᠦ᠍ ᠪᠤᠬᠢᠷᠲᠦᠯ ᠦᠭᠡᠢ ᠦᠵᠡᠰᠭᠦᠯᠡᠩᠲᠦ ᠰᠠᠢᠬᠠᠨ ᠬᠥᠳᠡᠭᠡ ᠲᠣᠰᠭᠤᠨ᠎ᠢ ᠬᠦᠭ᠌ᠵᠢᠭᠦᠯᠪᠡ᠃

ᠪᠠᠭ᠎ᠠ ᠰᠦᠮ᠎ᠡ ᠲᠣᠰᠭᠤᠨ 2018 ᠣᠨ᠎ᠠᠴᠠ ᠡᠬᠢᠯᠡᠨ ᠲᠣᠰᠭᠤᠨ᠎ᠤ ᠠᠷᠠᠳ᠎ᠢ ᠢᠲᠡᠪᠬᠢᠲᠡᠢ ᠵᠤᠷᠢᠬ᠍ᠵᠢᠭᠤᠯᠤᠨ ᠬᠦᠲᠦᠯᠦᠨ ᠵᠢᠯᠤᠭᠤᠳᠴᠤ᠌ ᠪᠠᠢᠭᠠᠳ ᠬᠤᠭ ᠨᠣᠪᠰᠢ᠎ᠶ᠋ᠢ ᠲᠥᠷᠥᠯ ᠬᠤᠪᠢᠶᠠᠯᠭᠠᠵᠦ᠍᠂ ᠬᠤᠶᠠᠷ ᠵᠢᠯ ᠱᠢᠬᠠᠮ᠎ᠤᠨ ᠦᠢᠯᠡᠳᠦᠯᠭᠡ᠎ᠪᠠᠷ ᠳᠠᠮᠵᠢᠨ᠂ ᠣᠳᠣ ᠲᠣᠰᠭᠤᠨ᠎ᠤ ᠬᠤᠭ ᠨᠣᠪᠰᠢ᠎ᠶ᠋ᠢ ᠲᠤᠬᠠᠶ᠎ᠶ᠋ᠢᠨ ᠭᠠᠵᠠᠷ᠎ᠲᠤᠨᠢ ᠱᠢᠢᠳᠪᠦᠷᠢᠯᠡᠬᠦ᠌᠎ᠶ᠋ᠢ ᠪᠡᠶᠡᠯᠡᠭᠦᠯᠵᠦ᠍᠂ ᠬᠤᠭ ᠨᠣᠪᠰᠢ᠎ᠶ᠋ᠢ 99% ᠎ᠪᠠᠷ ᠪᠠᠭᠠᠰᠭᠠᠵᠠᠶ᠃ ᠪᠠᠭ᠎ᠠ ᠰᠦᠮ᠎ᠡ ᠲᠣᠰᠭᠤᠨ ᠬᠠᠲᠠᠭᠤ ᠪᠡᠶᠡᠲᠦ ᠣᠷᠭᠠᠨᠢᠭ ᠬᠠᠶᠠᠭ᠍ᠳᠠᠮᠠᠯ ᠪᠣᠳᠠᠰ᠎ᠢ ᠲᠦᠷᠭᠡᠨ ᠱᠢᠢᠳᠪᠦᠷᠢᠯᠡᠬᠦ᠌ ᠱᠢᠨ᠎ᠡ ᠮᠡᠷᠭᠡᠵᠢᠯ᠎ᠢ ᠲᠤᠰᠭᠤᠨ᠎ᠳᠠᠭᠠᠨ ᠣᠷᠣᠭᠤᠯᠤᠨ ᠠᠪᠴᠢᠷᠠᠵᠦ᠍᠂ ᠲᠣᠰᠭᠤᠨ᠎ᠤ ᠬᠤᠭ ᠨᠣᠪᠰᠢ᠎ᠶ᠋ᠢ ᠲᠥᠷᠥᠯ ᠬᠤᠪᠢᠶᠠᠨ  ᠱᠢᠢᠳᠪᠦᠷᠢᠯᠡᠬᠦ᠌ ᠲᠥᠪ᠎ᠤᠨ ᠠᠮᠢᠳᠤᠷᠠᠯ᠎ᠤᠨ ᠬᠤᠭ ᠨᠣᠪᠰᠢ᠎ᠶ᠋ᠢ ᠬᠤᠤᠷ ᠥᠬᠡᠢᠲᠡᠭᠦᠯᠦᠨ ᠱᠢᠢᠳᠪᠦᠷᠢᠯᠡᠵᠦ᠍᠂ ᠤᠤᠯ᠎ᠤᠨ ᠲᠣᠰᠭᠤᠨ᠎ᠤ ᠬᠤᠭ ᠨᠣᠪᠰᠢ᠎ᠶ᠋ᠢ ᠪᠤᠯᠠᠬᠤ᠎ᠪᠠᠷ ᠭᠤᠤᠯ ᠪᠣᠯᠭᠠᠵᠦ᠍ ᠪᠠᠢᠬ᠍ᠰᠠᠨ ᠤᠯᠠᠮᠵᠢᠯᠠᠯᠲᠤ ᠱᠢᠢᠳᠪᠦᠷᠢᠯᠡᠬᠦ᠌ ᠠᠷᠭ᠎ᠠ ᠮᠠᠶᠢᠭ᠎ᠢ ᠬᠤᠪᠢᠷᠠᠭᠤᠯᠵᠦ᠍᠂ ᠪᠦᠬᠦ᠌ ᠲᠣᠰᠭᠤᠨ᠎ᠤ ᠠᠮᠢᠳᠤᠷᠠᠯ᠎ᠤᠨ ᠬᠤᠭ ᠨᠣᠪᠰᠢ᠎ᠶ᠋ᠢ ᠡᠳᠦᠷ᠎ᠲᠤᠨᠢ ᠱᠢᠢᠳᠪᠦᠷᠢᠯᠡᠬᠦ᠌᠎ᠶ᠋ᠢ ᠦᠨᠳᠦᠰᠦᠨ᠎ᠳᠡᠭᠡᠨ ᠪᠡᠶᠡᠯᠡᠭᠦᠯᠪᠡ᠃

ᠲᠠᠰᠤᠷᠠᠯᠲᠠ ᠤᠢ᠍ᠭᠡᠢ ᠰᠠᠢᠵᠢᠷᠠᠭ᠍ᠰᠠᠨ ᠦᠢᠯᠡᠳᠪᠦᠷᠢᠯᠡᠯ ᠠᠮᠢᠳᠤᠷᠠᠯ᠎ᠤᠨ ᠨᠥᠬᠦᠴᠡᠯ᠎ᠨᠢ ᠪᠠᠭ᠎ᠠ ᠰᠦᠮ᠎ᠡ ᠲᠣᠰᠭᠤᠨ᠎ᠤ ᠠᠷᠠᠳ᠎ᠲᠤ ᠬᠠᠯᠠᠭᠤᠨ ᠳᠤᠯᠠᠭᠠᠬᠠᠨ ᠰᠠᠨᠠᠭ᠍ᠳᠠᠵᠦ᠍ ᠰᠡᠳᠭᠢᠯ ᠲᠡᠨᠢᠭᠦᠭᠡᠨ ᠠᠮᠢᠳᠤᠷᠠᠨ᠎ᠠ᠃ ᠳᠡᠭᠡᠲᠦ ᠱᠠᠲᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠣᠨ᠎ᠤ ᠳᠡᠮᠵᠢᠯᠭᠡ ᠪᠠ ᠬᠠᠪᠰᠤᠷᠤᠯᠭ᠎ᠠ ᠳᠣᠣᠷ᠎ᠠ᠂ ᠪᠠᠭ᠎ᠠ ᠰᠦᠮ᠎ᠡ ᠲᠣᠰᠭᠤᠨ ᠰᠠᠭᠤᠷᠢ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠡᠭᠦᠯᠳᠡᠷᠵᠢᠭᠦᠯᠵᠦ᠍᠂ ᠲᠣᠰᠭᠤᠨ᠎ᠤ ᠳᠦᠷᠰᠦ ᠪᠠᠢᠳᠠᠯ᠎ᠢ ᠰᠠᠢᠵᠢᠷᠠᠭᠤᠯᠵᠤ᠂ ᠲᠣᠰᠭᠤᠨ᠎ᠳᠤ ᠨᠡᠪᠲᠡᠷᠡᠬᠦ᠌ ᠵᠠᠮ᠂ ᠳᠤᠭᠤᠢᠯᠠᠩ᠎ᠳᠤ ᠨᠡᠪᠲᠡᠷᠡᠬᠦ᠌ ᠵᠠᠮ ᠪᠦᠬᠦᠨ᠎ᠢ ᠬᠠᠲᠠᠭᠤᠷᠠᠭᠤᠯᠵᠤ᠂ ᠨᠡᠷᠡᠨ᠎ᠤ ᠡᠨᠧᠷᠭᠢ᠎ᠶ᠋ᠢᠨ ᠵᠠᠮ᠎ᠤᠨ ᠳ᠋ᠧᠩ᠎ᠢ 100 ᠤᠭ᠍ᠰᠠᠷᠠᠪᠠ᠃ 2019 ᠣᠨ᠎ᠤ ᠳᠣᠣᠷ᠎ᠠ ᠬᠠᠭᠠᠰ ᠵᠢᠯ᠎ᠳᠤ ᠪᠦᠬᠦ᠌ ᠲᠣᠰᠭᠤᠨ᠎ᠢᠶᠠᠷ᠎ᠢᠶᠠᠨ 100 ᠭᠡᠷ ᠳᠣᠲᠣᠷᠠᠬᠢ ᠤᠰᠤ᠎ᠪᠠᠷ ᠴᠡᠪᠡᠷᠱᠢᠭᠦᠯᠬᠦ᠌ ᠵᠣᠷᠯᠣᠩ᠎ᠤᠨ ᠪᠦᠲᠦᠭᠡᠨ ᠪᠠᠢᠭᠤᠯᠤᠯᠲᠠ᠎ᠶ᠋ᠢ ᠪᠡᠶᠡᠯᠡᠭᠦᠯᠵᠦ᠍᠂ ᠡᠨᠡ ᠵᠢᠯ ᠶᠠᠭ 318 ᠬᠡᠷ᠎ᠤᠨ ᠭᠠᠳᠠᠨᠠᠬᠢ ᠠᠷᠢᠭᠤᠨ ᠴᠡᠪᠡᠷ ᠵᠣᠷᠯᠣᠩ᠎ᠢ ᠪᠠᠢᠭᠤᠯᠵᠤ ᠪᠣᠶ᠂ ᠪᠠᠢᠭᠤᠯᠤᠭ᠍ᠳᠠᠭ᠍ᠰᠠᠨ᠎ᠤ ᠳᠠᠷᠠᠭ᠎ᠠ ᠪᠥᠬᠦ᠌ ᠲᠣᠰᠭᠤᠨ᠎ᠤ ᠪᠠᠢᠩᠭᠤ ᠰᠠᠭᠤᠭ᠎ᠠ ᠡᠷᠦᠬᠡ ᠴᠥᠮ 《ᠵᠣᠷᠯᠣᠩ᠎ᠤᠨ ᠬᠤᠪᠢᠰᠭᠠᠯ》 ᠎ᠢ ᠪᠡᠶᠡᠯᠡᠭᠦᠯᠬᠦ᠌ ᠪᠣᠯᠤᠨ᠎ᠠ᠃

ᠪᠠᠭ᠎ᠠ ᠰᠦᠮ᠎ᠡ ᠲᠤᠰᠭᠤᠨ ᠪᠣᠬᠢᠷᠲᠤᠯ ᠦᠭᠡᠢ ᠠᠵᠤ ᠦᠢᠯᠡᠰ᠎ᠲᠤ ᠲᠦᠱᠢᠭ᠌ᠯᠡᠨ ᠠᠷᠠᠳ ᠤᠯᠠᠨ᠎ᠢ ᠪᠠᠶᠠᠵᠢᠭᠤᠯᠵᠤ᠂ ᠪᠣᠯᠪᠠᠰᠤᠨ ᠲᠣᠰᠭᠤᠨ᠎ᠤ ᠰᠤᠷᠲᠠᠯ᠎ᠢᠶᠠᠷ ᠤᠯᠠᠨ ᠲᠦᠮᠡᠨ᠎ᠢ ᠬᠦᠳᠦᠯᠦᠨ ᠳᠠᠭᠠᠭᠤᠯᠤᠨ᠎ᠠ᠃

4000 ᠮᠦ᠍ ᠡᠮ᠎ᠤᠨ ᠮᠠᠲ᠋ᠧᠷᠢᠶᠠᠯ ᠲᠠᠷᠢᠵᠦ᠍᠂ 1000 ᠮᠦ᠍ ᠠᠮᠢ ᠠᠬᠤᠢ᠎ᠶ᠋ᠢᠨ ᠠᠵᠤ ᠠᠬᠤᠢ᠎ᠶ᠋ᠢᠨ ᠤᠢ᠎ᠶ᠋ᠢ ᠤᠢ᠍ᠢᠵᠢᠭᠤᠯᠪᠡ; ᠪᠦᠬᠦ᠌ ᠲᠣᠰᠭᠤᠨ᠎ᠤ ᠬᠥᠮᠦᠨ ᠳᠤᠮᠳᠠᠴᠢ᠎ᠶ᠋ᠢᠨ ᠴᠡᠪᠡᠷ ᠣᠷᠣᠯᠭ᠎ᠠ 2009 ᠣᠨ᠎ᠳᠤ 3000 ᠲᠥᠭᠦᠷᠢᠭ ᠬᠦᠷᠬᠦ᠌ ᠦᠭᠡᠢ ᠪᠠᠢᠭ᠍ᠰᠠᠨ᠎ᠠᠴᠠ᠎ᠪᠠᠨ 2019 ᠣᠨ᠎ᠳᠤ 1.5 ᠲᠦᠮᠡᠨ ᠲᠥᠭᠦᠷᠢᠭ ᠪᠤᠯᠵᠠᠢ; 2019 ᠣᠨ᠎ᠤ ᠡᠴᠦᠰ᠎ᠲᠤ ᠪᠥᠬᠦ᠌ ᠲᠣᠰᠭᠤᠨ᠎ᠤ ᠲᠠᠩᠰᠠᠯᠠᠵᠦ᠍ ᠺᠠᠷᠳ᠋ᠯᠠᠬ᠍ᠰᠠᠨ ᠶᠠᠳᠠᠭᠤ ᠬᠦᠴᠢᠷᠳᠡᠯᠲᠡᠶ 48 ᠡᠷᠦᠬᠡ᠂ 99 ᠬᠥᠮᠦᠨ ᠠᠮᠠ ᠪᠦᠬᠦᠨ᠎ᠢᠶᠠᠷ᠎ᠢᠶᠠᠨ ᠶᠠᠳᠠᠭᠤ᠎ᠠᠴᠠ ᠠᠩᠬᠢᠵᠢᠷᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号