ᠤᠯᠠᠭᠠᠨᠮᠤᠳᠤ᠎ᠶ᠋ᠢᠨ ᠤᠷᠠᠨ ᠪᠦᠰᠡᠭᠦ᠋ᠢᠴᠤᠳ
2020-12-04 09:50:53
ᠵᠣᠬᠢᠶᠠᠭ᠍ᠴᠢ᠄
ᠬᠡᠱᠢᠭ᠌ᠪᠤᠶᠠᠨ ᠪᠠᠢ ᠬᠠᠢ ᠱᠦᠨ ᠤᠳᠪᠠᠯᠠ
ᠣᠩᠱᠢᠭ᠍ᠰᠠᠨ ᠣᠳᠠᠭ᠎ᠠ᠄
★★★☆☆

ᠲᠠᠩᠰᠤᠭ ᠨᠠᠮᠤᠷ᠎ᠤᠨ ᠬᠦᠭ ᠠᠢᠵᠠᠮ᠎ᠢ ᠲᠠᠭᠠᠵᠦ᠍᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠱᠢᠭᠤᠨ᠎ᠤ ᠤᠯᠠᠭᠠᠨᠮᠤᠳᠤ᠎ᠶ᠋ᠢᠨ ᠲᠠᠯ᠎ᠠ ᠨᠤᠲᠤᠭ᠎ᠤᠨ ᠪᠦᠰᠡᠳᠡᠢᠴᠤᠳ ᠡᠪᠡᠰᠦ ᠪᠤᠷᠳᠤᠭ᠎ᠠ ᠤᠷᠤᠭᠤᠯᠤᠨ ᠡᠪᠤᠯ ᠬᠠᠪᠤᠷ᠎ᠤᠨ ᠪᠠᠯᠡᠳᠭᠡᠯ ᠠᠵᠢᠯ᠎ᠳᠠᠭᠠᠨ ᠶᠠᠭᠠᠷᠠᠯᠳᠤᠬᠤ᠎ᠳᠤ ᠪᠦᠰᠡᠭᠦ᠋ᠢᠴᠤᠳ᠎ᠨᠢ 《ᠰᠠᠷᠠᠯᠡᠩ》 ᠦᠨᠳᠦᠰᠦᠳᠡᠨ᠎ᠤ ᠭᠠᠷ ᠤᠷᠠᠯᠠᠯ᠎ᠤᠨ ᠲᠤᠰᠭᠠᠢ ᠬᠤᠷᠱᠢᠶ᠎ᠠ᠎ᠳᠤ ᠤᠶᠤᠳᠡᠯ ᠬᠠᠳᠭᠤᠮᠡᠯ ᠤᠶᠤᠵᠤ ᠤᠷᠤᠯᠭ᠎ᠠ᠎ᠪᠠᠨ ᠨᠡᠮᠡᠭ᠌ᠳᠡᠭᠦᠯᠬᠦ᠌᠎ᠪᠠᠷ ᠴᠢᠷᠮᠠᠢᠵᠠᠭᠠᠨ᠎ᠠ᠃


downLoad-20201024103641.jpg


ᠬᠤᠷᠴᠢᠨ ᠪᠠᠷᠠᠭᠤᠨ ᠭᠠᠷᠤᠨ ᠡᠮᠦᠨᠡᠳᠤ ᠬᠤᠱᠢᠭᠤᠨ᠎ᠤ ᠰᠠᠷᠠᠯᠠᠩ ᠪᠦᠰᠡᠭᠦ᠋ᠢᠴᠤᠳ᠎ᠤᠨ ᠦᠨᠳᠦᠰᠦᠲᠡᠨ᠎ᠤ ᠭᠠᠷ ᠤᠷᠠᠯᠠᠯ᠎ᠤᠨ ᠲᠤᠰᠭᠠᠢ ᠬᠤᠷᠱᠢᠶ᠎ᠠ 2017 ᠤᠨ᠎ᠳᠤ ᠪᠠᠢᠭᠤᠯᠤᠬ᠍ᠳᠠᠵᠠᠢ᠃ ᠤᠳᠤ 87 ᠭᠡᠱᠢᠭᠦᠨ᠎ᠲᠠᠢ᠃ ᠲᠤᠰ ᠬᠤᠷᠱᠢᠶ᠎ᠠ 《ᠨᠠᠮ᠎ᠤᠨ ᠭᠡᠱᠢᠭᠦᠨ + ᠬᠤᠷᠱᠢᠶ᠎ᠠ + ᠶᠠᠳᠠᠭᠤ ᠬᠦᠴᠢᠷᠳᠡᠯᠳᠠᠢ ᠡᠷᠦᠬᠡ》 ᠎ᠶ᠋ᠢᠨ ᠵᠠᠭ᠍ᠪᠤᠷ᠎ᠢᠶᠠᠷ ᠬᠤᠱᠢᠭᠤᠨ᠎ᠤ ᠶᠠᠳᠠᠭᠤ ᠬᠦᠴᠢᠷᠳᠡᠯᠳᠠᠢ ᠭᠠᠴᠠᠭ᠎ᠠ ᠲᠤᠰᠭᠤᠨ᠎ᠤ ᠭᠠᠴᠠᠭᠠᠠ᠎ᠤ ᠨᠠᠮ᠎ᠤᠨ ᠡᠬᠦᠷ᠂ ᠠᠷᠠᠳ᠎ᠤᠨ ᠵᠦᠪᠯᠡᠯ᠎ᠤᠨ ᠬᠠᠷᠢᠭᠤᠴᠠᠯᠭᠠᠳᠠᠳ᠎ᠲᠠᠢ ᠬᠠᠮᠵᠢᠯᠴᠠᠨ᠂ ᠶᠠᠳᠠᠭᠤ ᠬᠦᠴᠢᠷᠳᠡᠯᠳᠠᠢ ᠡᠷᠦᠬᠡ᠎ᠳᠤ ᠰᠦᠢᠳᠭᠡᠯ ᠬᠤᠷᠢᠶᠠᠬᠤ ᠦᠭᠡᠢ᠎ᠪᠠᠷ ᠤᠶᠤᠳᠠᠯ ᠬᠠᠳᠭᠤᠮᠠᠯ᠎ᠤᠨ ᠪᠤᠯᠪᠠᠰᠤᠷᠠᠯ ᠬᠦᠷᠳᠡᠭᠡᠬᠦ᠌᠎ᠶ᠋ᠢᠨ ᠵᠡᠷᠬᠡ᠎ᠪᠠᠷ ᠶᠠᠳᠠᠭᠤ ᠬᠦᠴᠢᠷᠳᠡᠯᠳᠠᠢ ᠡᠷᠦᠬᠡ᠎ᠲᠠᠢ ᠤᠶᠤᠳᠠᠯ ᠬᠠᠳᠭᠤᠮᠠᠯ᠎ᠤᠨ ᠪᠦᠳᠦᠭᠡᠭ᠌ᠳᠡᠭᠦᠨ᠎ᠤ ᠵᠠᠬᠢᠶᠠᠯᠠᠭ᠎ᠠ ᠲᠤᠭ᠍ᠳᠠᠵᠤ᠂ ᠮᠠᠯᠴᠢᠨ ᠲᠠᠷᠢᠶᠠᠴᠢᠨ᠎ᠳᠤ ᠠᠵᠢᠯ ᠤᠯᠭᠤᠬᠤ᠎ᠪᠠᠷ ᠲᠠᠮᠵᠢᠨ᠂ ᠮᠠᠯᠴᠢᠨ ᠲᠠᠷᠢᠶᠠᠴᠢᠨ᠎ᠤ ᠤᠷᠤᠯᠭ᠎ᠠ᠎ᠶ᠋ᠢ ᠨᠡᠮᠡᠭ᠌ᠳᠡᠬᠦᠯᠬᠦ᠌᠎ᠪᠠᠷ ᠵᠤᠷᠢᠯᠭ᠎ᠠ᠎ᠪᠠᠨ ᠪᠤᠯᠭᠠᠵᠡᠢ᠃


downLoad-20201024103711.jpg

ᠬᠤᠷᠱᠢᠶ᠎ᠠ᠎ᠶ᠋ᠢᠨ ᠡᠷᠬᠢᠯᠡᠭ᠌ᠴᠢ ᠱᠢᠦ ᠶᠦᠨ᠄ 《ᠮᠠᠨ᠎ᠤ ᠬᠤᠷᠱᠢᠶ᠎ᠠ ᠪᠠᠢᠭᠤᠯᠤᠬ᠍ᠳᠠᠬ᠍ᠰᠡᠨ᠎ᠠᠴᠠ ᠨᠠᠭᠠᠰᠢ ᠨᠠᠢᠳᠠ 20 ᠭᠠᠷᠤᠢ ᠤᠳᠠᠭᠠᠨ᠎ᠤ ᠪᠤᠯᠪᠠᠰᠤᠷᠠᠯ᠎ᠤᠨ ᠠᠩᠬᠢ ᠡᠷᠬᠢᠯᠡᠵᠦ᠍᠂ 2000 ᠭᠠᠷᠤᠢ ᠬᠦᠮᠦᠨ᠎ᠳᠤ ᠪᠤᠯᠪᠠᠰᠤᠷᠠᠯ ᠬᠦᠷᠳᠡᠭᠡᠵᠡᠢ᠂ ᠡᠬᠦᠨ᠎ᠳᠤ ᠶᠠᠳᠠᠭᠤ ᠬᠦᠴᠢᠷᠳᠡᠯᠳᠡᠢ ᠡᠷᠦᠬᠡ 300 ᠭᠠᠷᠤᠢ ᠪᠠᠢᠨ᠎ᠠ᠃ ᠤᠷᠳᠤ ᠤᠳᠠᠭᠠᠨ ᠦᠢᠯᠡᠳᠪᠦᠷᠢᠯᠡᠯ ᠠᠮᠢᠳᠤᠷᠠᠯ᠎ᠤᠨ ᠲᠤᠮᠳᠠ ᠤᠯᠠᠮᠵᠢᠯᠠᠯᠳᠦ ᠤᠶᠤᠳᠠᠯ ᠬᠠᠳᠭᠤᠮᠡᠯ᠎ᠤᠨ ᠤᠷ᠎ᠠ ᠮᠡᠷᠭᠡᠵᠢᠯ᠎ᠢᠶᠠᠨ ᠤᠯᠠᠮᠵᠢᠯᠠᠬ᠍ᠰᠠᠭᠠᠷ ᠢᠷᠡᠭ᠌ᠰᠡᠨ ᠤᠯᠠᠭᠠᠨᠮᠤᠳᠦ᠎ᠶ᠋ᠢᠨ ᠪᠦᠰᠡᠭᠦ᠋ᠢᠴᠤᠳ ᠬᠤᠷᠱᠢᠶ᠎ᠠ᠎ᠳᠤ ᠤᠷᠤᠯᠴᠠᠬᠤ᠎ᠪᠠᠷ ᠲᠠᠮᠵᠢᠨ᠂ ᠤᠶᠤᠳᠡᠯ ᠬᠠᠳᠭᠤᠮᠡᠯ᠎ᠤᠨ ᠤᠷ᠎ᠠ ᠮᠡᠷᠭᠡᠵᠢᠯ᠎ᠢᠶᠠᠨ ᠤᠯᠠᠮ ᠲᠡᠭᠡᠭ᠌ᠰᠢᠯᠡᠭᠦᠯᠵᠦ᠍᠂ ᠠᠪᠢᠶᠠᠰ ᠪᠢᠯᠢᠭ ᠪᠤᠯᠤᠨ ᠠᠵᠢᠯᠴᠢ ᠬᠦᠳᠡᠯᠮᠦᠷᠢᠴᠢ ᠬᠤᠶᠠᠷ ᠭᠠᠷ᠎ᠲᠠᠭᠠᠨ ᠲᠦᠱᠢᠭ᠌ᠯᠡᠨ᠂ ᠠᠳᠡᠯ ᠠᠮᠢᠳᠤᠷᠠᠯ᠎ᠢᠶᠠᠨ ᠰᠠᠢᠵᠢᠷᠠᠭᠤᠯᠵᠦ᠍᠂ ᠨᠡᠷ᠎ᠡ ᠠᠯᠳᠠᠷ᠎ᠢᠶᠠᠨ ᠬᠤᠯᠠ ᠤᠢᠷ᠎ᠠ᠎ᠳᠤ ᠠᠯᠳᠠᠷᠱᠢᠭᠤᠯᠵᠠᠢ》 ᠬᠡᠵᠥ᠍ ᠲᠡᠨᠢᠯᠴᠠᠭᠤᠯᠤᠯ᠎ᠠ᠃


downLoad-20201024103722.jpg

《ᠰᠠᠷᠠᠯᠠᠩ》 ᠪᠦᠰᠡᠭᠦ᠋ᠢᠴᠤᠳ᠎ᠤᠨ ᠦᠨᠳᠦᠰᠦᠲᠡᠨ᠎ᠤ ᠭᠠᠷ ᠤᠷᠠᠯᠠᠯ᠎ᠤᠨ ᠲᠤᠰᠭᠠᠢ ᠬᠤᠷᠱᠢᠶ᠎ᠠ ᠤᠯᠠᠭᠠᠨᠮᠤᠳᠤ᠎ᠶ᠋ᠢᠨ ᠲᠠᠯ᠎ᠠ ᠨᠤᠲᠤᠭ᠎ᠲᠤ ᠵᠦᠩᠳᠡᠭᠡᠨ ᠲᠡᠯᠭᠡᠷᠡᠳᠡᠭ ᠰᠠᠷᠠᠯᠠᠩ ᠴᠡᠴᠡᠭ᠎ᠤᠨ ᠨᠡᠷ᠎ᠡ᠎ᠪᠠᠷ ᠨᠡᠷᠡᠳᠤ ᠳᠡᠮᠳᠡᠭ᠎ᠢᠶᠠᠨ ᠳᠠᠩᠰᠠᠯᠠᠭᠤᠯᠵᠤ᠂ ᠮᠤᠩᠭᠤᠯ ᠦᠨᠳᠦᠰᠦᠲᠡᠨ᠎ᠤ ᠤᠯᠠᠮᠵᠢᠯᠠᠯᠳᠤ ᠬᠠᠳᠭᠤᠮᠠᠯ᠂ ᠬᠤᠪᠴᠠᠰᠤ ᠵᠠᠰᠠᠯ᠂ ᠵᠢᠭᠤᠯᠴᠢᠯᠠᠯ᠎ᠤᠨ ᠲᠤᠷᠠᠰᠭᠠᠯᠳᠦ ᠡᠳ᠋᠂ ᠰᠤᠶᠤᠯ᠎ᠤᠨ ᠬᠡᠷᠡᠭ᠌ᠰᠡᠯ ᠵᠡᠷᠭᠡ 30 ᠭᠠᠷᠤᠢ ᠲᠦᠷᠤᠯ᠎ᠤᠨ ᠪᠦᠳᠦᠭᠡᠭ᠌ᠳᠡᠬᠦᠨ ᠦᠢᠯᠡᠳᠪᠦᠷᠢᠯᠡᠵᠤ᠂ ᠪᠦᠲᠦᠭᠡᠭ᠌ᠳᠡᠭᠦᠨ᠎ᠨᠢ ᠶᠠᠫᠤᠨ᠂ ᠱᠢᠶᠠᠩᠭᠠᠩ᠂ ᠪᠡᠭᠡᠵᠢᠩ᠂ ᠬᠦᠬᠡᠬᠤᠳᠠ ᠵᠡᠷᠭᠡ ᠤᠯᠤᠰ ᠤᠷᠤᠨ᠎ᠳᠤ ᠪᠤᠷᠤᠯᠠᠭᠤᠯᠤᠬ᠍ᠳᠠᠵᠦ᠍ ᠪᠠᠢᠨ᠎ᠠ᠃ ᠨᠢᠳᠦᠨᠦᠨ᠎ᠠᠴᠠ ᠲᠤᠰ ᠬᠤᠷᠱᠢᠶ᠎ᠠ 150 ᠭᠠᠷᠤᠢ ᠶᠠᠳᠠᠭᠤ ᠬᠦᠴᠢᠷᠳᠡᠯᠳᠡᠢ ᠡᠷᠦᠬᠡ ᠪᠠ 1500 ᠭᠠᠷᠤᠢ ᠶᠠᠳᠠᠭᠤ᠎ᠠᠴᠠ ᠠᠩᠬᠢᠵᠢᠷᠠᠬ᠍ᠰᠡᠨ ᠡᠷᠦᠬᠡ᠎ᠲᠠᠢ ᠠᠱᠢᠭ ᠲᠤᠰᠠ᠎ᠶ᠋ᠢᠨ ᠬᠤᠯᠪᠤᠭ᠎ᠠ᠎ᠶ᠋ᠢᠨ ᠲᠤᠬ᠍ᠳᠠᠯᠴᠠᠭ᠎ᠠ ᠪᠠᠢᠭᠤᠯᠵᠦ᠍᠂ ᠡᠷᠦᠬᠡ ᠲᠤᠮᠳᠠᠴᠢ᠎ᠶ᠋ᠢᠨ ᠤᠷᠤᠯᠭ᠎ᠠ᠎ᠶ᠋ᠢ 1000 ᠭᠠᠷᠤᠢ ᠲᠦᠭᠦᠷᠢᠭ ᠨᠡᠮᠡᠭ᠌ᠳᠡᠭᠦᠯᠵᠦ᠍᠂ ᠤᠷᠢᠳ ᠬᠤᠵᠢᠳ 《ᠲᠤᠮᠳᠠᠳᠤ ᠤᠯᠤᠰ᠎ᠤᠨ 〈3 · 15〉 ᠵᠢᠱ᠌ᠢᠶᠡᠴᠢ ᠠᠵᠦ᠍ ᠠᠬᠤᠢ᠍ᠢᠯᠠᠯ》᠂ 《ᠳᠤᠮᠳᠠᠳᠦ ᠤᠯᠤᠰ᠎ᠤᠨ ᠦᠨᠳᠦᠰᠦᠨ ᠱᠠᠳᠤᠨ᠎ᠤ ᠬᠠᠩᠭᠠᠨ ᠪᠤᠷᠤᠯᠠᠭᠤᠯᠬᠤ ᠬᠤᠷᠱᠢᠶᠠᠨ᠎ᠤ ᠵᠢᠱ᠌ᠢᠶᠡᠴᠢ》 ᠵᠡᠷᠭᠡ ᠤᠯᠡᠨ ᠵᠦᠢᠯ᠎ᠤᠨ ᠢᠷᠠᠭᠤ ᠠᠯᠳᠡᠷ᠎ᠢ ᠬᠦᠷᠳᠡᠵᠠᠢ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号