《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠤᠭᠤᠴᠠᠭᠠᠨ᠎ᠤ ᠥᠪᠥᠷ ᠮᠣᠩᠭᠤᠯ᠎ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠰᠡᠢᠨ ᠰᠡᠢᠬᠠᠨ ᠠᠯᠤᠰ᠎ᠤᠨ ᠲᠥᠰᠦᠪ᠎ᠢ ᠵᠢᠷᠤᠭ᠍ᠯᠠᠨ᠎ᠠ — ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢ᠍ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠯᠢ ᠵᠦᠩ ᠺᠠᠢ᠎ᠶ᠋ᠢ ᠰᠤᠷᠪᠤᠯᠵᠢᠯᠠᠭ᠍ᠰᠠᠨ᠎ᠨᠢ
2020-12-04 09:51:44
ᠵᠣᠬᠢᠶᠠᠭ᠍ᠴᠢ᠄
ᠯᠢ ᠶᠦᠩ ᠲᠤᠤ
ᠣᠩᠱᠢᠭ᠍ᠰᠠᠨ ᠣᠳᠠᠭ᠎ᠠ᠄
★★★☆☆

QQ图片20201204083908.png


ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢ᠍ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠯᠢ ᠵᠥᠩ ᠺᠠᠶ


《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ 《ᠬᠤᠤᠰ ᠵᠠᠭᠤᠨ ᠵᠢᠯ》 ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠶᠠᠪᠤᠴᠠ᠎ᠳᠠᠬᠢ ᠤᠷᠢᠳᠤᠬᠢ᠎ᠶ᠋ᠢ ᠵᠠᠯᠭᠠᠮᠵᠢᠯᠠᠨ ᠬᠤᠢᠱᠢᠬᠢ᠎ᠳᠤ ᠵᠠᠮ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠤᠯᠤᠨ᠎ᠠ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠎ᠠᠴᠠ᠂ ᠦᠢᠯᠡᠳᠬᠦ᠌ ᠦᠢᠯᠡᠰ᠎ᠤᠨ ᠬᠦᠴᠦᠷᠬᠡᠭ ᠤᠯᠤᠰ᠂ ᠶᠠᠰᠤ ᠴᠢᠨᠠᠷ᠎ᠤᠨ ᠬᠦᠴᠦᠷᠬᠡᠭ ᠤᠯᠤᠰ᠂ ᠲᠣᠤᠷ ᠰᠦᠯᠵᠢᠶᠡᠨ᠎ᠤ ᠬᠦᠴᠦᠷᠬᠡᠭ ᠤᠯᠤᠰ᠂ ᠲᠣᠭᠠᠴᠢᠯᠠᠭ᠍ᠰᠠᠨ ᠳᠤᠮᠳᠠᠳᠤ ᠤᠯᠤᠰ᠎ᠢ ᠡᠷᠡᠰ ᠭᠤᠢᠪᠢᠰᠢ ᠦᠭᠡᠶ ᠪᠦᠲᠦᠭᠡᠨ ᠪᠠᠢᠭᠤᠯᠵᠤ᠂ ᠠᠵᠤ ᠦᠢᠯᠡᠰ᠎ᠤᠨ ᠰᠠᠭᠤᠷᠢ᠎ᠶ᠋ᠢᠨ ᠳᠡᠭᠡᠭ᠌ᠰᠢᠯᠡᠯᠲᠠ᠂ ᠠᠵᠤ ᠦᠢᠯᠡᠰ᠎ᠤᠨ ᠬᠡᠯᠬᠢᠶ᠎ᠠ᠎ᠶ᠋ᠢᠨ ᠤᠳᠤᠬᠢᠴᠢᠯᠠᠬ᠍ᠰᠠᠨ ᠬᠦᠭ᠌ᠵᠢᠯᠳᠡ᠎ᠶ᠋ᠢ ᠠᠬᠢᠭᠤᠯᠤᠨ᠂ ᠠᠵᠤ ᠠᠬᠤᠶ᠎ᠶ᠋ᠢᠨ ᠶᠠᠰᠤ ᠴᠢᠨᠠᠷ ᠦᠷ᠎ᠡ ᠠᠱᠢᠭ ᠪᠠ ᠭᠤᠤᠯᠯᠠᠬᠤ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠦᠨ᠎ᠡ᠃ ᠣᠢᠷ᠎ᠠ᠎ᠳᠤ᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢ ᠪᠠᠷᠠᠯᠠᠵᠤ᠂ ᠦᠪᠡᠷᠳᠡᠭᠡᠨ ᠵᠠᠰᠠᠬᠤ ᠤᠷᠤᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠳᠤ ᠱᠢᠨᠵᠢᠯᠡᠨ ᠪᠠᠢᠴᠠᠭᠠᠬᠤ ᠦ᠊ ᠡᠶ᠎ᠡ᠎ᠶ᠋ᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠬᠡᠷᠬᠢᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠪᠠᠢᠭᠤᠯᠤᠯᠲᠠ᠎ᠶ᠋ᠢ ᠬᠡᠷᠬᠢᠨ ᠲᠦᠷᠭᠡᠳᠭᠡᠵᠤ ᠪᠠᠢᠬᠤ ᠳᠤᠬᠠᠢ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢ᠍ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠯᠢ ᠵᠥᠩ ᠺᠠᠶ᠎ᠶ᠋ᠢ ᠰᠤᠷᠪᠤᠯᠵᠢᠯᠠᠪᠠ᠃ 

ᠰᠤᠷᠪᠤᠯᠵᠢᠯᠠᠭ᠍ᠴᠢ᠄ 《ᠠᠷᠪᠠᠨ ᠳᠥᠷᠪᠡᠳᠦᠭᠡᠷ ᠲᠠᠪᠤᠨ ᠵᠢᠯ》 ᠎ᠢ ᠪᠠᠷᠠᠯᠠᠬᠤ᠎ᠳᠤ ᠥᠪᠥᠷ ᠮᠣᠩᠭᠤᠯ᠎ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠬᠥᠭ᠌ᠵᠢᠯᠲᠡ᠎ᠶ᠋ᠢᠨ ᠶᠡᠷᠦᠩᠬᠡᠶ ᠰᠡᠳᠭᠢᠮᠵᠢ᠎ᠨᠢ ᠶᠠᠭᠤ ᠪᠣᠶ? 

ᠯᠢ ᠵᠥᠩ ᠺᠠᠶ᠄ ᠥᠪᠥᠷ ᠮᠣᠩᠭᠤᠯ᠎ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠪᠠᠢᠭᠤᠯᠤᠯᠲᠠ᠎ᠶ᠋ᠢᠨ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠠᠯᠤᠰ᠎ᠤᠨ ᠲᠥᠰᠦᠪ᠎ᠤᠨ ᠶᠡᠷᠦᠩᠬᠡᠶ ᠰᠡᠳᠭᠢᠮᠵᠢ ᠪᠣᠯ᠂ ᠬᠥᠭ᠌ᠵᠢᠭᠦᠯᠬᠦ᠌ ᠪᠣᠯ ᠲᠡᠷᠢᠭᠦᠨ ᠴᠢᠬᠤᠯᠠ ᠡᠭᠦᠷᠭᠡ ᠪᠤᠯᠬᠤ᠎ᠶ᠋ᠢ ᠭᠤᠢᠪᠢᠰᠢ ᠦᠭᠡᠢ ᠪᠠᠷᠢᠮᠳᠠᠯᠠᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠭᠤᠢᠪᠢᠰᠢ ᠦᠭᠡᠢ ᠲᠤᠭᠤᠱᠢᠯᠠᠭᠤᠯᠵᠤ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠤᠨ᠂ ᠲᠤᠯᠭᠠᠭᠤᠷᠢᠯᠠᠯ᠎ᠤᠨ ᠳᠤᠭᠤᠷᠢᠨ᠎ᠳᠤ ᠢᠵᠢ ᠪᠦᠷᠢᠳᠦᠭᠦᠯᠵᠤ᠂ ᠣᠨᠴᠠᠯᠢᠭ᠎ᠢ ᠳᠣᠪᠤᠢᠯᠭᠠᠨ ᠳᠠᠪᠠᠭᠤᠯᠢᠭ᠎ᠢ ᠪᠤᠢ ᠪᠤᠯᠭᠠᠨ᠂ ᠱᠢᠨ᠎ᠡ᠎ᠶ᠋ᠢ ᠡᠭᠦᠳᠬᠦ᠌᠎ᠳᠤ ᠲᠦᠱᠢᠭ᠌ᠯᠡᠨ ᠬᠦᠳᠡᠯᠭᠡᠭ᠌ᠴᠢ ᠬᠦᠴᠦᠨ᠎ᠢ ᠠᠬᠢᠭᠤᠯᠵᠤ᠂ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢᠶᠠᠷ ᠭᠤᠤᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ ᠬᠠᠷᠢᠯᠴᠠᠨ ᠠᠬᠢᠭᠤᠯᠤᠭ᠍ᠰᠠᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠣᠶ ᠪᠣᠯᠭᠠᠬᠤ᠎ᠶ᠋ᠢ ᠲᠦᠷᠭᠡᠳᠭᠡᠨ ᠠᠬᠢᠭᠤᠯᠵᠤ᠂ 《ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ》 ᠎ᠢ ᠨᠡᠭᠡᠭᠡᠨ᠎ᠡ᠃ 

ᠡᠢᠮᠦ᠎ᠠᠴᠠ ᠪᠢᠳᠡ ᠳᠣᠤᠷᠠᠬᠢ ᠵᠠᠷᠴᠢᠮ᠎ᠤᠳ᠎ᠢ ᠪᠠᠷᠢᠮᠲᠠᠯᠠᠵᠤ ᠪᠤᠢ᠄ 

— ᠪᠣᠬᠢᠷᠲᠤᠯ ᠦᠭᠡᠢ ᠬᠥᠭ᠌ᠵᠢᠯᠲᠡ᠎ᠶ᠋ᠢ ᠪᠠᠷᠢᠮᠲᠠᠯᠠᠨ᠎ᠠ᠃ ᠠᠮᠢ ᠠᠬᠤᠢ ᠣᠷᠴᠢᠨ ᠲᠣᠭᠤᠷᠢᠨ᠎ᠤ ᠬᠤᠷᠢᠭ᠎ᠠ ᠱᠤᠭᠤᠮ᠎ᠤᠨ ᠰᠡᠳᠭᠢᠬᠦᠢ᠎ᠶ᠋ᠢ ᠪᠠᠲᠤ ᠪᠠᠬᠢ ᠪᠤᠢ ᠪᠣᠯᠭᠠᠵᠤ᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠱᠠᠭᠠᠷᠳᠠᠯᠭ᠎ᠠ᠎ᠶ᠋ᠢ ᠴᠢᠩᠳᠠᠯᠠᠵᠤ᠂ ᠡᠬᠢ ᠪᠠᠶᠠᠯᠢᠭ ᠣᠷᠴᠢᠨ ᠲᠣᠭᠤᠷᠢᠨ᠎ᠤ ᠭᠡᠳᠡᠷᠭᠦ᠌ ᠱᠢᠬᠠᠮᠳᠠᠭᠤᠯᠬᠤ ᠲᠣᠭ᠍ᠲᠠᠴᠠ᠎ᠶ᠋ᠢ ᠴᠢᠩᠭᠠᠳᠭᠠᠵᠤ᠂ ᠠᠷᠢᠭᠤᠨ ᠴᠡᠪᠡᠷ ᠦᠢᠯᠡᠳᠪᠦᠷᠢᠯᠡᠯ ᠪᠣᠯᠤᠨ ᠡᠷᠬᠢᠯᠳᠡᠳᠦ ᠠᠵᠤ ᠠᠬᠤᠶ᠎ᠶ᠋ᠢ ᠬᠥᠭ᠌ᠵᠢᠭᠦᠯᠬᠦ᠌᠎ᠶ᠋ᠢ ᠠᠬᠢᠭᠤᠯᠵᠤ᠂ ᠡᠨᠧᠷᠭᠢ᠎ᠶ᠋ᠢ ᠱᠠᠲᠤᠯᠠᠨ ᠡᠷᠭᠢᠯᠳᠦᠭᠦᠯᠦᠨ ᠠᠱᠢᠭ᠍ᠯᠠᠬᠤ᠂ ᠡᠬᠢ ᠪᠠᠶᠠᠯᠢᠭ᠎ᠢ ᠵᠠᠯᠭᠠᠯᠳᠤᠭᠤᠯᠤᠨ ᠬᠠᠮᠠᠭᠠᠯᠠᠬᠤ᠂ ᠠᠮᠢ ᠠᠬᠤᠶ ᠣᠷᠴᠢᠨ ᠲᠣᠭᠤᠷᠢᠨ᠎ᠤ ᠨᠥᠬᠦᠷᠰᠡᠭ ᠪᠣᠬᠢᠷᠲᠤᠯ ᠦᠭᠡᠢ ᠦᠢᠯᠡᠳᠬᠦ᠌ ᠱᠢᠰᠲ᠋ᠧᠮ᠎ᠢ ᠪᠠᠢᠭᠤᠯᠤᠨ᠎ᠠ᠃ 

— ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠬᠤ᠎ᠶ᠋ᠢ ᠪᠠᠷᠢᠮᠲᠠᠯᠠᠨ᠎ᠠ᠃ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠣᠷᠴᠢᠨ ᠲᠣᠭᠤᠷᠢᠨ᠎ᠢ ᠱᠢᠯᠢᠳᠡᠭ᠌ᠵᠢᠭᠦᠯᠵᠦ᠍᠂ 《ᠤᠯᠠᠨ᠎ᠢᠶᠠᠷ᠎ᠢᠶᠠᠨ ᠦᠢᠯᠡᠰ ᠪᠤᠰᠭᠠᠵᠤ᠂ ᠨᠡᠢᠳᠡ᠎ᠪᠠᠷ᠎ᠢᠶᠠᠨ ᠱᠢᠨ᠎ᠡ᠎ᠶ᠋ᠢ ᠡᠭᠦᠳᠬᠦ᠌》 ᠎ᠶ᠋ᠢ ᠠᠬᠢᠭᠤᠯᠵᠤ᠂ ᠠᠵᠢᠯ ᠲᠥᠷᠥᠯ ᠪᠣᠯᠤᠨ ᠠᠵᠤ ᠠᠬᠤᠢ᠍ᠢᠯᠠᠯ᠎ᠢᠶᠠᠷ ᠭᠤᠤᠯ ᠴᠣᠭ᠍ᠴᠠ ᠪᠣᠯᠭᠠᠭ᠍ᠰᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠨᠢ ᠡᠯᠧᠮᠧᠨ᠋ᠲ᠎ᠢᠶᠠᠷ ᠬᠥᠳᠡᠯᠭᠡᠭᠦᠷ ᠪᠣᠯᠭᠠᠵᠤ ᠪᠠᠢᠭ᠍ᠰᠠᠨ᠎ᠠᠴᠠ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠬᠤ ᠲᠡᠢᠰᠢ ᠬᠤᠪᠢᠷᠠᠭᠤᠯᠬᠤ᠎ᠶ᠋ᠢ ᠠᠬᠢᠭᠤᠯᠵᠤ᠂ ᠠᠭᠤᠯᠬᠤᠨ᠎ᠤ ᠥᠷᠭᠡᠵᠢᠯ᠎ᠠᠴᠠ ᠠᠭᠤᠯᠤᠭ᠍ᠳᠠᠬᠤᠨ᠎ᠤ ᠳᠡᠭᠡᠭ᠌ᠰᠢᠯᠡᠯᠲᠡ ᠲᠡᠢᠰᠢ ᠬᠤᠪᠢᠷᠠᠬᠤ᠎ᠶ᠋ᠢ ᠠᠬᠢᠭᠤᠯᠤᠨ᠎ᠠ᠃ 

— ᠵᠣᠬᠢᠴᠠᠩᠭᠤᠢ ᠬᠥᠭ᠌ᠵᠢᠯᠲᠡ᠎ᠶ᠋ᠢ ᠪᠠᠷᠢᠮᠲᠠᠯᠠᠨ᠎ᠠ᠃ ᠨᠡᠯᠢᠶᠡᠳ ᠴᠢᠩᠭ᠎ᠠ ᠣᠷᠣᠨ ᠪᠦᠰᠡ᠎ᠶ᠋ᠢᠨ ᠥᠷᠢᠰᠦᠯᠳᠦᠬᠦ᠌ ᠬᠦᠴᠦᠨ᠎ᠲᠠᠢ ᠨᠢᠭᠡ ᠪᠦᠯᠦᠭ ᠳᠠᠭᠠᠭᠤᠯᠤᠭ᠍ᠴᠢ ᠠᠵᠤ ᠠᠬᠤᠢ᠍ᠢᠯᠠᠯ᠎ᠢ ᠪᠤᠢᠵᠢᠭᠤᠯᠵᠤ᠂ ᠳᠠᠭᠠᠭᠤᠯᠤᠭ᠍ᠴᠢ ᠭᠤᠤᠯᠯᠠᠭ᠍ᠴᠢ ᠠᠵᠤ ᠠᠬᠤᠢ᠍ᠢᠯᠠᠯ᠎ᠤᠨ ᠳᠠᠢᠴᠢᠯᠠᠬᠤ ᠦᠢᠯᠡᠳᠦᠯ᠎ᠢ ᠴᠢᠩᠭᠠᠳᠭᠠᠨ᠂ ᠠᠵᠤ ᠦᠢᠯᠡᠰ᠎ᠤᠨ ᠬᠡᠯᠬᠢᠶ᠎ᠡ᠎ᠶ᠋ᠢ ᠤᠷᠲᠤᠳᠭᠠᠵᠤ᠂ ᠠᠵᠤ ᠦᠢᠯᠡᠰ᠎ᠤᠨ ᠳᠡᠭᠡᠳᠦ ᠳᠤᠮᠳᠠ ᠲᠤᠤᠷᠠᠳᠤ ᠤᠷᠤᠰᠭᠠᠯ᠎ᠤᠨ ᠵᠣᠬᠢᠴᠠᠩᠭᠤᠶ ᠬᠥᠭ᠌ᠵᠢᠯᠲᠡ᠎ᠶ᠋ᠢ ᠪᠡᠶᠡᠯᠡᠭᠦᠯᠦᠨ᠎ᠡ; ᠠᠵᠤ ᠦᠢᠯᠡᠰ᠎ᠤᠨ ᠪᠦᠲᠦᠴᠡ᠎ᠶ᠋ᠢ ᠲᠣᠬᠢᠷᠠᠭᠤᠯᠵᠤ᠂ ᠠᠵᠤ ᠦᠢᠯᠡᠰ᠎ᠤᠨ ᠬᠤᠭᠤᠷᠣᠨᠳᠣᠬᠢ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠤᠨ᠎ᠠ; ᠬᠥᠭ᠌ᠵᠢᠯᠲᠡ᠎ᠶ᠋ᠢᠨ ᠶᠠᠰᠤ ᠴᠢᠨᠠᠷ ᠪᠠ ᠦᠷ᠎ᠡ ᠠᠱᠢᠭ᠎ᠢ ᠳᠡᠭᠡᠭ᠌ᠰᠢᠯᠡᠭᠦᠯᠵᠦ᠍᠂ ᠠᠵᠤ ᠦᠢᠯᠡᠳᠪᠦᠷᠢ᠎ᠶ᠋ᠢᠨ ᠠᠵᠤ ᠠᠬᠤᠢ᠎ᠶ᠋ᠢᠨ ᠲᠤᠭ᠎ᠠ ᠬᠡᠮᠵᠢᠶ᠎ᠡ ᠪᠠ ᠶᠠᠰᠤ ᠴᠢᠨᠠᠷ᠎ᠤᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠤᠨ᠎ᠠ᠃ 

— ᠨᠡᠭᠡᠭᠡᠯᠲᠡᠲᠦ ᠬᠥᠭ᠌ᠵᠢᠯᠲᠡ᠎ᠶ᠋ᠢ ᠪᠠᠷᠢᠮᠲᠠᠯᠠᠨ᠎ᠠ᠃ ᠨᠡᠭᠡᠭᠡᠯᠲᠡᠲᠠᠢ ᠠᠵᠤ ᠠᠬᠤᠶ᠎ᠶ᠋ᠢ ᠪᠠᠢᠭᠤᠯᠬᠤ᠎ᠪᠠᠷ ᠤᠳᠤᠷᠢᠳᠤᠮᠵᠢ ᠪᠣᠯᠭᠠᠵᠤ᠂ ᠤᠯᠤᠰ᠎ᠤᠨ 《ᠨᠢᠭᠡ ᠪᠦᠰᠡ ᠨᠢᠭᠡ ᠵᠠᠮ》᠂ ᠪᠡᠭᠡᠵᠢᠩ ᠲᠢᠶᠠᠨᠵᠢᠨ ᠾᠧᠪᠸᠢ᠎ᠶ᠋ᠢᠨ ᠬᠠᠮᠵᠢᠯᠴᠠᠨ ᠵᠤᠬᠢᠴᠠᠭᠤᠯᠤᠨ ᠬᠥᠭ᠌ᠵᠢᠬᠦ᠂ ᠪᠦᠧᠧᠬᠠᠶ ᠲᠠᠩᠭᠢᠰ᠎ᠢ ᠲᠣᠭᠤᠷᠢᠭ᠍ᠰᠠᠨ ᠠᠵᠤ ᠠᠬᠤᠶ᠎ᠶ᠋ᠢᠨ ᠬᠦᠷᠢᠶ᠎ᠡ ᠵᠡᠷᠭᠡ ᠴᠢᠬᠤᠯᠠ ᠶᠡᠭᠡ ᠪᠠᠢᠯᠳᠤᠬᠤ ᠪᠣᠳᠣᠯᠭ᠎ᠠ᠎ᠶ᠋ᠢᠨ ᠲᠡᠤᠬᠡ᠎ᠶ᠋ᠢᠨ ᠠᠵᠠ ᠲᠣᠬᠢᠶᠠᠯ᠎ᠢ ᠵᠠᠪᠳᠤᠨ ᠠᠳᠭᠤᠵᠤ᠂ ᠤᠯᠤᠰ᠎ᠤᠨ ᠪᠠᠢᠯᠳᠤᠬᠤ ᠪᠣᠳᠣᠯᠭ᠎ᠠ᠎ᠳᠤ ᠠᠭᠤᠰᠤᠯᠴᠠᠬᠤ ᠳᠤᠮᠳᠠ ᠠᠵᠤ ᠠᠬᠤᠶ᠎ᠶ᠋ᠢᠨ ᠱᠢᠨ᠎ᠡ ᠨᠡᠮᠡᠭ᠌ᠳᠡᠯ᠎ᠤᠨ ᠴᠡᠭ᠎ᠢ ᠡᠷᠢᠯᠬᠢᠯᠡᠨ᠎ᠡ᠃ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠦᠢᠯᠡᠳᠪᠦᠷᠢᠯᠡᠯ᠎ᠤᠨ ᠴᠢᠳᠠᠪᠤᠷᠢ᠎ᠶ᠋ᠢᠨ ᠬᠠᠮᠲᠤᠷᠠᠯᠴᠠᠭ᠎ᠠ᠎ᠳᠤ ᠢᠳᠡᠪᠬᠢᠲᠡᠢ ᠣᠷᠣᠯᠴᠠᠵᠤ᠂ ᠪᠦᠬᠦ᠌ ᠪᠥᠮᠪᠥᠷᠴᠡᠭ᠎ᠤᠨ ᠨᠥᠯᠥᠭᠡᠯᠡᠬᠦ᠌ ᠬᠦᠴᠦᠨ᠎ᠲᠠᠢ ᠨᠢᠭᠡ ᠪᠦᠯᠦᠭ ᠲᠡᠷᠢᠭᠦᠨ᠎ᠤ ᠦᠢᠯᠡᠳᠬᠦ᠌ ᠦᠢᠯᠡᠰ᠎ᠤᠨ ᠠᠵᠤ ᠠᠬᠤᠢ᠍ᠢᠯᠠᠯ ᠪᠣᠯᠤᠨ ᠲᠡᠷᠢᠭᠦᠨ᠎ᠤ ᠦᠢᠯᠡᠳᠬᠦ᠌ ᠦᠢᠯᠡᠰ᠎ᠤᠨ ᠪᠦᠯᠦᠭ᠌ᠵᠢᠯ᠎ᠢ ᠪᠤᠢᠵᠢᠭᠤᠯᠵᠤ᠂ ᠥᠪᠥᠷ ᠮᠣᠩᠭᠤᠯ᠎ᠤᠨ ᠦᠢᠯᠡᠳᠬᠦ᠌ ᠦᠢᠯᠡᠰ᠎ᠤᠨ ᠨᠥᠯᠥᠭᠡᠯᠡᠬᠦ᠌ ᠬᠦᠴᠦᠨ᠎ᠢ ᠨᠡᠮᠡᠭ᠌ᠳᠡᠭᠦᠯᠦᠨ᠎ᠡ᠃ 

— ᠵᠠᠬ᠎ᠠ ᠳᠡᠯᠭᠡᠭᠦᠷ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠨ᠎ᠠ᠃ ᠡᠬᠢ ᠪᠠᠶᠠᠯᠢᠭ᠎ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ᠎ᠤᠨ ᠱᠢᠢᠳᠪᠦᠷᠢᠯᠡᠭ᠌ᠴᠢ ᠴᠢᠨᠠᠷᠲᠠᠶ ᠦᠢᠯᠡᠳᠦᠯ᠎ᠢ ᠭᠦᠢᠴᠡᠳ ᠪᠠᠳᠠᠷᠠᠭᠤᠯᠵᠤ᠂ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠤᠨ᠂ ᠠᠵᠤ ᠠᠬᠤᠢ᠍ᠢᠯᠠᠯ᠎ᠤᠨ ᠭᠤᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠠᠵᠤ ᠠᠬᠤᠢ᠍ᠢᠯᠠᠯ᠎ᠤᠨ ᠠᠮᠢᠵᠢᠷᠠᠯ᠎ᠤᠨ ᠬᠦᠴᠦᠨ ᠪᠠ ᠪᠦᠲᠦᠭᠡᠯᠴᠢ ᠬᠦᠴᠦᠨ᠎ᠢ ᠬᠥᠭ᠌ᠵᠢᠭᠡᠨ᠎ᠡ; ᠵᠠᠰᠠᠭ᠎ᠤᠨ ᠣᠷᠳᠣᠨ᠎ᠤ ᠦᠢᠯᠡᠳᠦᠯ᠎ᠢ ᠨᠠᠩ ᠰᠠᠢᠲᠤᠷ ᠪᠠᠳᠠᠷᠠᠭᠤᠯᠵᠤ᠂ ᠡᠭᠦᠷᠭᠡ ᠴᠢᠳᠠᠪᠬᠢ᠎ᠶ᠋ᠢ ᠢᠳᠡᠪᠬᠢᠲᠡᠢ ᠬᠤᠪᠢᠷᠠᠭᠤᠯᠵᠤ᠂ ᠪᠠᠢᠯᠳᠤᠬᠤ ᠪᠣᠳᠣᠯᠭ᠎ᠠ᠎ᠶ᠋ᠢᠨ ᠰᠤᠳᠤᠯᠭᠠᠨ ᠪᠠ ᠲᠥᠯᠥᠪᠵᠢᠭᠦᠯᠭᠡ᠎ᠪᠠᠷ ᠬᠥᠲᠥᠯᠥᠨ ᠵᠢᠯᠣᠭᠤᠳᠭᠤ᠎ᠶ᠋ᠢ ᠴᠢᠩᠭᠠᠳᠭᠠᠵᠤ᠂ ᠬᠠᠮᠢᠶ᠎ᠠ ᠪᠦᠬᠦᠢ ᠳᠡᠮᠵᠢᠯᠭᠡ ᠪᠠ ᠭᠡᠳᠡᠷᠭᠦ᠌ ᠱᠢᠬᠠᠮᠳᠠᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠵᠤ ᠠᠬᠤᠢ᠍ᠢᠯᠠᠯ᠎ᠤᠨ ᠬᠥᠭ᠌ᠵᠢᠯᠲᠡ᠎ᠳᠤ ᠰᠠᠢᠨ ᠰᠠᠢᠬᠠᠨ ᠣᠷᠴᠢᠨ ᠲᠣᠭᠤᠷᠢᠨ᠎ᠢ ᠪᠤᠢ ᠪᠣᠯᠭᠠᠨ ᠦᠭ᠌ᠭᠦᠨ᠎ᠡ᠃ 

ᠰᠤᠷᠪᠤᠯᠵᠢᠯᠠᠬ᠍ᠴᠢ᠄ 《ᠠᠷᠪᠠᠨ ᠲᠦᠷᠪᠡᠳᠦᠭᠡᠷ ᠲᠠᠪᠤᠨ ᠵᠢᠯ》 ᠎ᠤᠨ ᠬᠤᠭᠤᠴᠠᠭᠠᠨ᠎ᠳᠤ᠂ ᠦᠪᠦᠷ ᠮᠤᠩᠭᠤᠯ ᠠᠵᠤ ᠦᠢᠯᠡᠰ᠎ᠤᠨ ᠰᠠᠭᠤᠷᠢ᠎ᠶ᠋ᠢᠨ ᠲᠡᠭᠡᠳᠤ ᠲᠡᠰᠵᠢᠯᠳᠠ᠂ ᠠᠵᠤ ᠦᠢᠯᠡᠰ᠎ᠤᠨ ᠬᠡᠯᠬᠢᠶ᠎ᠠ᠎ᠶ᠋ᠢᠨ ᠤᠳᠤᠬᠢᠴᠢᠯᠠᠬ᠍ᠰᠠᠨ ᠬᠦᠭ᠌ᠵᠢᠯᠳᠡ᠎ᠶ᠋ᠢ ᠠᠭᠢᠭᠤᠯᠬᠤ ᠲᠠᠯ᠎ᠠ᠎ᠪᠠᠷ ᠶᠠᠮᠠᠷ ᠶᠠᠮᠠᠷ ᠠᠵᠢᠯ ᠬᠢᠬᠦ᠌ ᠪᠤᠢ? 

ᠯᠢ ᠵᠦᠩ ᠺᠠᠢ᠄ 《ᠠᠷᠪᠠᠨ ᠲᠦᠷᠪᠡᠳᠦᠭᠡᠷ ᠲᠠᠪᠤᠨ ᠵᠢᠯ》 ᠎ᠤᠨ ᠬᠤᠭᠤᠴᠠᠭᠠᠨ᠎ᠳᠤ᠂ ᠦᠪᠦᠷ ᠮᠤᠩᠭᠤᠯ ᠠᠵᠦ᠍ ᠦᠢᠯᠡᠰ᠎ᠤᠨ ᠬᠦᠭ᠌ᠵᠢᠯᠳᠡ᠎ᠶ᠋ᠢ ᠠᠭᠢᠭᠤᠯᠬᠤ ᠲᠠᠯ᠎ᠠ᠎ᠪᠠᠷ ᠲᠤᠤᠷᠠᠬᠢ ᠬᠡᠳᠦᠨ ᠵᠦᠢᠯ᠎ᠤᠨ ᠠᠵᠢᠯ᠎ᠢ ᠰᠠᠢᠳᠤᠷ ᠬᠢᠨ᠎ᠠ᠄ 

ᠲᠤᠯᠭᠠᠭᠤᠷᠢᠯᠠᠯ᠎ᠤᠨ ᠲᠤᠭᠤᠷᠢᠨ᠎ᠳᠤ ᠢᠵᠢ ᠪᠦᠷᠢᠯᠳᠦᠬᠦᠯᠤᠨ᠂ ᠠᠵᠤ ᠠᠬᠤᠢ᠎ᠶ᠋ᠢᠨ ᠰᠠᠭᠤᠷᠢ᠎ᠶ᠋ᠢ ᠪᠠᠬᠢᠵᠢᠭᠦᠯᠦᠨ᠎ᠠ᠃ ᠭᠤᠤᠯᠳᠠᠭᠤ ᠤᠳᠤᠬᠢᠴᠢᠯᠠᠬ᠍ᠰᠠᠨ ᠡᠨᠧᠷᠬᠢ᠎ᠶ᠋ᠢᠨ ᠠᠵᠤ ᠠᠬᠤᠢ᠂ ᠱᠢᠨ᠎ᠠ ᠬᠡᠯᠪᠡᠷᠢ᠎ᠶ᠋ᠢᠨ ᠬᠢᠮᠢ᠎ᠶ᠋ᠢᠨ ᠠᠵᠤ ᠦᠢᠯᠡᠳᠪᠦᠷᠢ᠂ ᠪᠤᠯᠤᠳ ᠲᠡᠮᠦᠷ᠂ ᠦᠩᠭᠡᠳᠦ ᠲᠡᠮᠦᠷᠯᠢᠭ᠂ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠦᠨ ᠪᠤᠯᠪᠠᠰᠤᠷᠠᠭᠤᠯᠬᠤ ᠵᠡᠷᠬᠡ ᠤᠯᠠᠮᠵᠢᠯᠠᠯᠲᠤ ᠠᠵᠤ ᠦᠢᠯᠡᠰ᠎ᠢ ᠦᠭᠡᠷᠡᠴᠢᠯᠡᠨ ᠲᠡᠰ ᠲᠡᠪᠱᠢᠬᠦᠯᠬᠦ᠌ ᠪᠠ ᠱᠢᠨᠡᠴᠢᠯᠡᠯ ᠰᠤᠯᠢᠬ᠍ᠳᠠᠯ᠎ᠤᠨ ᠠᠯᠬᠤᠴᠠ᠎ᠶ᠋ᠢ ᠲᠦᠷᠭᠡᠳᠭᠡᠵᠦ᠍᠂ ᠭᠤᠤᠯᠯᠠᠬ᠍ᠴᠢ ᠠᠵᠤ ᠦᠢᠯᠡᠰ᠎ᠤᠨ ᠬᠡᠯᠬᠢᠶᠡᠵᠢᠯ᠎ᠢ ᠤᠷᠳᠤᠳᠭᠠᠬᠤ ᠪᠠ ᠨᠦᠬᠦᠪᠦᠷᠢᠯᠡᠬᠦ᠂ ᠲᠡᠭᠡᠳᠦ ᠲᠤᠤᠷᠠᠳᠤ ᠱᠠᠳᠤ ᠬᠠᠮᠵᠢᠯᠴᠠᠨ ᠢᠵᠢ ᠪᠦᠷᠢᠳᠦᠭᠦᠯᠦᠨ ᠬᠦᠭ᠌ᠵᠢᠬᠦ᠌᠎ᠶ᠋ᠢ ᠠᠬᠢᠭᠤᠯᠵᠦ᠍᠂ ᠡᠨᠧᠷᠬᠢ᠎ᠶ᠋ᠢᠨ ᠪᠤᠯᠪᠠᠰᠤᠷᠠᠭᠤᠯᠤᠨ ᠤᠨᠳᠤᠤᠱᠢᠭᠤᠯᠬᠤ ᠨᠤᠷᠮ᠎ᠠ ᠪᠤᠯᠤᠨ ᠪᠦᠲᠦᠭᠡᠭ᠌ᠳᠡᠭᠦᠨ᠎ᠤ ᠨᠡᠮᠡᠭ᠌ᠳᠡᠯ ᠦᠷᠳᠡᠭ᠎ᠢ ᠳᠡᠭᠡᠭ᠌ᠰᠢᠯᠡᠬᠦᠯᠵᠦ᠍᠂ ᠦᠷᠳᠡᠭ᠎ᠤᠨ ᠬᠡᠯᠬᠢᠶᠡᠵᠢᠯ᠎ᠢ ᠲᠠᠰᠤᠷᠠᠯᠳᠠ ᠦᠬᠡᠢ ᠳᠤᠮᠳᠠ ᠳᠡᠭᠡᠳᠦ ᠬᠡᠮᠵᠢᠶᠠᠨ᠎ᠳᠤ ᠬᠦᠷᠭᠡᠵᠦ᠍᠂ ᠠᠵᠦ᠍ ᠦᠢᠯᠡᠳᠪᠦᠷᠢ᠎ᠶ᠋ᠢᠨ ᠬᠦᠭ᠌ᠵᠢᠯᠲᠠ᠎ᠶ᠋ᠢᠨ ᠰᠠᠭᠤᠷᠢ᠎ᠶ᠋ᠢ ᠪᠠᠬᠢᠵᠢᠬᠦᠯᠦᠨ᠎ᠠ᠃ 

ᠤᠨᠴᠠᠯᠢᠬ᠎ᠢ ᠳᠤᠪᠤᠢᠯᠭᠠᠨ ᠳᠠᠪᠠᠭᠤᠯᠢᠭ᠎ᠢ ᠪᠤᠢ ᠪᠤᠯᠭᠠᠨ᠂ ᠱᠢᠨ᠎ᠠ᠎ᠪᠠᠷ ᠮᠠᠨᠳᠤᠬ᠍ᠰᠠᠨ ᠠᠵᠤ ᠦᠢᠯᠡᠰ᠎ᠢ ᠲᠠᠰᠤᠷᠠᠯᠲᠠ ᠦᠬᠡᠢ ᠬᠦᠴᠦᠷᠭᠡᠭ᠌ᠵᠢᠬᠦᠯᠦᠨ᠎ᠠ᠃ ᠭᠤᠤᠯᠳᠠᠭᠤ ᠮᠡᠷᠭᠡᠵᠢᠯ᠎ᠤᠨ ᠱᠢᠨ᠎ᠠ ᠡᠭᠦᠳᠦᠯᠳᠡ ᠪᠤᠯᠤᠨ ᠱᠢᠨ᠎ᠡ ᠮᠡᠷᠭᠡᠵᠢᠯ᠎ᠤᠨ ᠠᠵᠤ ᠦᠢᠯᠡᠰᠵᠢᠬᠦᠯᠦᠭ᠌ᠰᠡᠨ ᠬᠡᠷᠡᠭ᠌ᠯᠡᠯᠲᠠ᠎ᠳᠤ ᠲᠦᠱᠢᠭ᠌ᠯᠡᠵᠦ᠍᠂ ᠤᠳᠤ ᠦᠶ᠎ᠠ᠎ᠶ᠋ᠢᠨ ᠮᠠᠱᠢᠨ ᠳᠤᠨᠤᠭ᠍ᠯᠠᠯ ᠦᠢᠯᠡᠳᠬᠦ᠂ ᠱᠢᠨ᠎ᠠ ᠮᠠᠲ᠋ᠧᠷᠢᠶᠠᠯ᠂ ᠠᠮᠢᠳᠤ ᠪᠤᠳᠠᠰ ᠡᠮ ᠡᠮᠨᠡᠯᠭᠡ᠂ ᠡᠯᠧᠺᠲᠷᠤᠨ ᠮᠡᠳᠡᠭᠡ ᠵᠠᠩᠬᠢ᠂ ᠡᠨᠧᠷᠬᠢ ᠠᠷᠪᠢᠯᠠᠨ ᠤᠷᠴᠢᠨ ᠲᠤᠭᠤᠷᠢᠨ᠎ᠢ ᠬᠠᠮᠠᠭᠠᠯᠠᠬᠤ ᠵᠡᠷᠬᠡ ᠤᠨᠴᠠᠯᠢᠬ᠍ᠳᠤ ᠠᠵᠤ ᠦᠢᠯᠡᠰ᠎ᠤᠨ ᠬᠡᠪᠴᠢᠶ᠎ᠠ᠎ᠶ᠋ᠢ ᠦᠷᠭᠡᠳᠭᠡᠨ ᠬᠦᠭ᠌ᠵᠢᠬᠦᠯᠵᠦ᠍᠂ ᠠᠵᠤ ᠠᠬᠤᠢ᠎ᠶ᠋ᠢᠨ ᠲᠠᠪᠠᠭᠤᠯᠢᠭ᠎ᠢᠶᠠᠨ ᠤᠯᠠᠮ ᠨᠢᠭᠡ ᠠᠯᠬᠤᠮ ᠰᠠᠢᠵᠢᠷᠠᠭᠤᠯᠵᠦ᠍᠂ ᠡᠳᠡᠭᠡᠷ ᠠᠵᠢᠯ ᠲᠦᠷᠦᠯ᠎ᠤᠨ ᠪᠦᠬᠦ᠌ ᠤᠯᠤᠰ᠎ᠲᠠᠬᠢ ᠦᠷᠢᠰᠦᠯᠳᠦᠬᠦ᠌ ᠬᠦᠴᠦᠨ᠎ᠢ ᠨᠡᠮᠡᠭ᠌ᠳᠡᠭᠦᠯᠦᠨ᠎ᠡ᠃ ᠠᠵᠤ ᠦᠢᠯᠡᠰ᠎ᠤᠨ ᠡᠷᠬᠢᠯᠳᠡ᠎ᠶ᠋ᠢ ᠱᠢᠯᠤᠭᠤᠳᠭᠠᠵᠦ᠍᠂ ᠵᠠᠬ᠎ᠠ ᠳᠡᠯᠬᠡᠭᠦᠷ᠎ᠢᠶᠠᠷ ᠲᠦᠷᠦᠯ ᠵᠦᠢᠯ᠎ᠢ ᠰᠤᠯᠢᠬᠤ᠂ ᠲᠦᠷᠦᠯ ᠵᠦᠢᠯ᠎ᠢᠶᠠᠷ ᠠᠵᠤ ᠦᠢᠯᠡᠰ᠎ᠢ ᠬᠦᠭ᠌ᠵᠢᠭᠦᠯᠬᠦ᠌ ᠬᠡᠯᠪᠡᠷᠢ᠎ᠪᠠᠷ ᠴᠠᠬᠢᠯᠭᠠᠨ ᠬᠦᠳᠡᠯᠬᠡᠬᠦᠷᠳᠤ ᠬᠦᠨᠳᠦ ᠠᠴᠢᠶᠠᠨ᠎ᠤ ᠮᠠᠱᠢᠨ ᠲᠡᠷᠭᠡ᠎ᠪᠠᠷ ᠤᠯᠠᠮᠵᠢᠯᠠᠯᠳᠤ ᠲᠤᠰᠤ ᠱᠢᠳᠠᠭᠠᠯᠭ᠎ᠠ᠎ᠶ᠋ᠢᠨ ᠬᠦᠨᠳᠦ ᠠᠴᠢᠶᠠᠨ᠎ᠤ ᠮᠠᠱᠢᠨ ᠲᠡᠷᠭᠡ᠎ᠶ᠋ᠢ ᠤᠷᠤᠯᠠᠭᠤᠯᠬᠤ᠎ᠶ᠋ᠢᠨ ᠳᠤᠭᠤᠷᠢᠨ᠎ᠳᠤ᠂ ᠱᠢᠨ᠎ᠠ ᠡᠨᠧᠷᠬᠢ᠎ᠶ᠋ᠢᠨ ᠮᠠᠱᠢᠨ ᠲᠡᠷᠬᠡ ᠦᠢᠯᠡᠳᠬᠦ᠌ ᠠᠵᠤ ᠦᠢᠯᠡᠰ᠎ᠢ ᠬᠦᠭ᠌ᠵᠢᠬᠦᠯᠦᠨ᠎ᠠ; ᠢᠯᠴᠢ᠎ᠶ᠋ᠢᠨ ᠴᠠᠬᠢᠯᠭᠠᠨ᠂ ᠰᠠᠯᠬᠢᠨ ᠬᠦᠴᠦᠨ᠎ᠤ ᠴᠠᠬᠢᠯᠭᠠᠨ᠂ ᠬᠡᠷᠠᠯᠴᠢ ᠴᠡᠨᠡᠭ᠎ᠤᠨ ᠮᠠᠱᠢᠨ ᠴᠤᠭ᠍ᠴᠠᠯᠠᠪᠤᠷᠢ᠎ᠶ᠋ᠢᠨ ᠬᠡᠪᠴᠢᠶ᠎ᠠ᠎ᠶ᠋ᠢ ᠦᠷᠭᠡᠳᠭᠡᠬᠦ᠌ ᠲᠤᠭᠤᠷᠢᠨ᠎ᠳᠤ᠂ ᠴᠠᠬᠢᠯᠭᠠᠨ ᠬᠦᠴᠦᠨ᠎ᠤ ᠮᠠᠱᠢᠨ ᠳᠤᠨᠤᠭ᠍ᠯᠠᠯ ᠦᠢᠯᠡᠳᠬᠦ᠌ ᠦᠢᠯᠡᠰ᠎ᠢ ᠬᠦᠭ᠌ᠵᠢᠭᠦᠯᠦᠨ᠎ᠠ; ᠨᠡᠭᠡᠭᠡᠨ ᠠᠭᠤᠳᠠᠯᠬᠤ ᠦᠢᠯᠡᠰ᠂ ᠮᠠᠯ ᠠᠵᠤ ᠠᠬᠤᠢ ᠲᠠᠷᠢᠶᠠᠯᠠᠩ᠎ᠤᠨ ᠲᠤᠭᠤᠷᠢᠨ᠎ᠳᠤ᠂ ᠠᠭᠤᠷᠬᠠᠢ᠎ᠶ᠋ᠢᠨ ᠮᠠᠱᠢᠨ ᠮᠧᠬᠠᠨᠢᠭ ᠪᠤᠯᠤᠨ ᠮᠠᠯ ᠠᠵᠤ ᠠᠬᠤᠢ ᠲᠠᠷᠢᠶᠠᠯᠠᠩ᠎ᠤᠨ ᠮᠠᠱᠢᠨ ᠮᠧᠬᠠᠨᠢᠭ ᠦᠢᠯᠡᠳᠬᠦ᠌ ᠦᠢᠯᠡᠰ᠎ᠢ ᠬᠦᠭ᠌ᠵᠢᠬᠦᠯᠦᠨ᠎ᠠ᠃ 

ᠱᠢᠨ᠎ᠡ᠎ᠶ᠋ᠢ ᠡᠭᠦᠳᠬᠦ᠌᠎ᠳᠤ ᠲᠦᠱᠢᠭ᠌ᠯᠡᠨ ᠬᠦᠳᠡᠯᠭᠡᠭ᠌ᠴᠢ ᠬᠦᠴᠦᠨ᠎ᠢ ᠠᠬᠢᠭᠤᠯᠵᠤ᠂ ᠬᠦᠭ᠌ᠵᠢᠯᠳᠡ᠎ᠶ᠋ᠢᠨ ᠱᠢᠨ᠎ᠠ ᠤᠷᠤᠨ ᠵᠠᠢ᠎ᠶ᠋ᠢ ᠦᠷᠭᠡᠳᠭᠡᠨ᠎ᠠ᠃ ᠭᠤᠤᠯᠳᠠᠭᠤ ᠱᠢᠨ᠎ᠠ ᠰᠠᠭᠤᠷᠢ ᠪᠦᠳᠦᠭᠡᠨ ᠪᠠᠢᠭᠤᠯᠤᠯᠲᠠ᠎ᠶ᠋ᠢᠨ ᠬᠦᠷᠢᠶ᠎ᠡ ᠴᠠᠷᠠᠭᠠᠨ᠎ᠤ ᠪᠡᠯᠡ ᠤᠷᠤᠭᠤᠯᠤᠯᠲᠠ᠎ᠶ᠋ᠢᠨ ᠬᠡᠪᠴᠢᠶ᠎ᠠ᠎ᠶ᠋ᠢ ᠦᠷᠭᠡᠳᠭᠡᠨ᠂ ᠳ᠋ᠠᠢᠲ᠋ᠠ᠎ᠶ᠋ᠢᠨ ᠲᠦᠪ᠎ᠤᠨ ᠪᠠᠢᠷᠢᠱᠢᠯ᠎ᠢ ᠱᠢᠯᠢᠳᠡᠭ᠌ᠵᠢᠬᠦᠯᠵᠦ᠍᠂ ᠤᠷᠤᠨ ᠨᠤᠳᠤᠬ᠎ᠤᠨ ᠤᠨᠴᠠᠯᠢᠭ ᠪᠦᠬᠦᠢ ᠠᠵᠤ ᠦᠢᠯᠡᠳᠪᠦᠷᠢ᠎ᠶ᠋ᠢᠨ ᠬᠤᠯᠪᠤᠭᠠᠨ᠎ᠤ ᠰᠦᠯᠵᠢᠶ᠎ᠡ᠎ᠶ᠋ᠢ ᠬᠦᠭ᠌ᠵᠢᠬᠦᠯᠵᠦ᠍᠂ 5G ᠮᠡᠷᠭᠡᠵᠢᠯ᠎ᠤᠨ ᠬᠡᠷᠡᠭ᠌ᠯᠡᠯᠲᠠ᠎ᠶ᠋ᠢ ᠠᠬᠢᠭᠤᠯᠵᠦ᠍᠂ ᠨᠢᠭᠡ ᠪᠦᠯᠦᠭ ᠤᠶᠤᠨᠳᠦ ᠬᠦᠷᠢᠶᠡᠯᠡᠩ ᠲᠤᠭᠤᠷᠢᠬ᠂ ᠤᠶᠤᠨᠳᠦ ᠠᠭᠤᠷᠬᠠᠢ᠎ᠶ᠋ᠢᠨ ᠤᠷᠤᠨ᠂ ᠤᠶᠤᠨᠳᠤ ᠦᠢᠯᠡᠳᠪᠤᠷᠢ᠂ ᠤᠶᠤᠨᠳᠤ ᠦᠢᠯᠡᠳᠪᠦᠷᠢ᠎ᠶ᠋ᠢᠨ ᠳᠠᠰᠤᠭ᠎ᠢ ᠪᠠᠢᠭᠤᠯᠵᠦ᠍᠂ ᠡᠯᠧᠺᠳ᠋ᠷᠤᠨ ᠮᠡᠳᠡᠭᠡ ᠵᠠᠩᠬᠢ᠎ᠶ᠋ᠢᠨ ᠳᠤᠨᠤᠭ ᠲᠦᠬᠦᠭᠡᠷᠦᠮᠵᠢ ᠦᠢᠯᠡᠳᠬᠦ᠂ ᠲᠤᠭ᠎ᠠ ᠪᠡᠷᠢᠮᠲᠠ᠎ᠶ᠋ᠢᠨ ᠬᠡᠷᠡᠭ᠌ᠯᠡᠭᠡᠨ ᠵᠢᠴᠢ ᠠᠵᠢᠯᠯᠠᠭᠤᠯᠬᠤ ᠠᠵᠦ᠍ ᠦᠢᠯᠡᠰ᠎ᠢ ᠢᠵᠢ ᠪᠦᠷᠢᠳᠦᠬᠦᠯᠦᠨ ᠬᠦᠭ᠌ᠵᠢᠬᠦᠯᠵᠦ᠍᠂ ᠲᠤᠭᠠᠴᠢᠯᠠᠭ᠍ᠰᠠᠨ ᠠᠵᠦ᠍ ᠠᠬᠤᠢ᠎ᠶ᠋ᠢᠨ ᠬᠡᠪᠴᠢᠶ᠎ᠠ᠎ᠶ᠋ᠢ ᠲᠠᠰᠤᠷᠠᠯᠲᠠ ᠦᠬᠡᠢ ᠦᠷᠭᠡᠳᠭᠡᠵᠤ᠂ ᠦᠢᠯᠡᠳᠬᠦ᠌ ᠦᠢᠯᠡᠰ᠎ᠤᠨ ᠬᠦᠭ᠌ᠵᠢᠯᠳᠡ᠎ᠶ᠋ᠢᠨ ᠤᠷᠤᠨ ᠵᠠᠢ᠎ᠶ᠋ᠢ ᠦᠷᠭᠡᠳᠭᠡᠨ᠎ᠠ᠃ 

ᠤᠷᠴᠢᠨ ᠲᠤᠭᠤᠷᠢᠨ᠎ᠤ ᠴᠢᠩᠭ᠎ᠠ ᠬᠦᠯᠢᠶᠡᠰᠦᠯᠡᠯ᠎ᠢ ᠴᠢᠩᠭᠠᠳᠭᠠᠵᠦ᠍᠂ ᠬᠤᠷᠤᠭ᠍ᠳᠠᠯ᠎ᠤᠨ ᠭᠠᠳᠠᠭ᠍ᠰᠢᠯᠠᠭᠤᠯᠬᠤ ᠬᠡᠮᠵᠢᠶ᠎ᠠ᠎ᠶ᠋ᠢ ᠴᠢᠩᠭ᠎ᠠ ᠬᠢᠵᠠᠭᠠᠷᠯᠠᠨ᠎ᠠ᠃ ᠭᠤᠤᠯᠳᠠᠭᠤ ᠡᠨᠧᠷᠬᠢ ᠬᠤᠷᠤᠭ᠍ᠳᠠᠭᠤᠯᠬᠤ ᠲᠦᠪᠱᠢᠨ ᠪᠤᠯᠤᠨ ᠪᠤᠬᠢᠷᠳᠤᠯ᠎ᠢ ᠭᠠᠳᠠᠭ᠍ᠰᠢᠯᠠᠭᠤᠯᠬᠤ ᠬᠡᠮᠵᠢᠶ᠎ᠠ᠎ᠶ᠋ᠢ ᠪᠠᠭᠠᠰᠭᠠᠵᠦ᠍᠂ ᠨᠢᠭᠡᠴᠢ ᠠᠵᠦ᠍ ᠦᠢᠯᠡᠳᠪᠦᠷᠢ᠎ᠶ᠋ᠢᠨ ᠨᠡᠮᠡᠭ᠌ᠳᠡᠯ ᠦᠷᠳᠡᠭ᠎ᠤᠨ ᠡᠨᠧᠷᠬᠢ ᠬᠤᠷᠤᠭ᠍ᠳᠠᠭᠤᠯᠬᠤ ᠪᠤᠯᠤᠨ ᠭᠠᠳᠠᠭ᠍ᠰᠢᠯᠠᠭᠤᠯᠬᠤ ᠬᠡᠮᠵᠢᠶ᠎ᠠ᠎ᠪᠠᠷ ᠬᠢᠵᠠᠭᠠᠷᠯᠠᠯ ᠪᠤᠯᠭᠠᠨ᠂ ᠬᠡᠦᠷᠱᠢᠭᠦᠯᠬᠦ᠂ ᠴᠠᠬᠢᠯᠠᠭᠤᠷ ᠴᠢᠯᠠᠭᠤ᠂ ᠲᠡᠮᠤᠷ᠎ᠤᠨ ᠬᠠᠢᠯᠤᠰᠢ ᠵᠡᠷᠬᠡ ᠦᠨᠳᠦᠷ ᠡᠨᠧᠷᠬᠢ᠎ᠶ᠋ᠢᠨ ᠬᠤᠷᠤᠭ᠍ᠳᠠᠯ᠂ ᠦᠨᠳᠦᠷ ᠭᠠᠳᠠᠭ᠍ᠰᠢᠯᠠᠭᠤᠯᠤᠯᠲᠠ᠎ᠶ᠋ᠢᠨ ᠠᠵᠢᠯ ᠲᠦᠷᠦᠯ᠎ᠤᠨ ᠬᠦᠭ᠌ᠵᠢᠯᠲᠠ᠎ᠶ᠋ᠢᠨ ᠬᠤᠷᠳᠤᠴᠡ ᠪᠤᠯᠤᠨ ᠬᠡᠪᠴᠢᠶ᠎ᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠤᠬ᠍ᠳᠠᠭᠠᠨ᠂ ᠦᠯᠡᠭᠦᠳᠡᠭ᠌ᠰᠡᠨ ᠦᠢᠯᠡᠳᠪᠦᠷᠢᠯᠡᠯ᠎ᠤᠨ ᠴᠢᠳᠠᠪᠤᠷᠢ᠎ᠲᠠᠢ ᠠᠵᠢᠯ ᠲᠦᠷᠦᠯ᠎ᠤᠨ ᠵᠠᠬ᠎ᠠ ᠳᠡᠯᠬᠡᠬᠦᠷ᠎ᠲᠤ ᠤᠷᠤᠭᠤᠯᠬᠤ ᠪᠡᠷᠢᠮᠵᠢᠶ᠎ᠠ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠬᠦᠯᠵᠦ᠍᠂ ᠨᠡᠩ ᠪᠠᠭ᠎ᠠ ᠡᠨᠧᠷᠬᠢ᠎ᠶ᠋ᠢᠨ ᠬᠤᠷᠤᠭ᠍ᠳᠠᠯ ᠨᠡᠩ ᠪᠠᠭ᠎ᠠ ᠪᠤᠬᠢᠷᠳᠤᠯ ᠪᠤᠳᠠᠰ᠎ᠤᠨ ᠭᠠᠳᠠᠭ᠍ᠰᠢᠯᠠᠭᠤᠯᠤᠯᠲᠠ᠎ᠪᠠᠷ ᠨᠡᠩ ᠶᠡᠭᠡ ᠠᠵᠤ ᠦᠢᠯᠡᠰ᠎ᠤᠨ ᠬᠦᠭ᠌ᠵᠢᠯᠲᠠ᠎ᠶ᠋ᠢᠨ ᠤᠷᠤᠨ ᠵᠠᠢ᠎ᠶ᠋ᠢ ᠪᠤᠢ ᠪᠤᠯᠭᠠᠨ᠎ᠠ᠃ 

ᠰᠤᠷᠪᠤᠯᠵᠢᠯᠠᠬ᠍ᠴᠢ᠄ ᠠᠵᠤ ᠦᠢᠯᠡᠰ᠎ᠤᠨ ᠬᠦᠭ᠌ᠵᠢᠯᠲᠠ᠎ᠶ᠋ᠢ ᠠᠬᠢᠭᠤᠯᠬᠤ᠎ᠨᠢ ᠲᠦᠷᠦᠯ ᠵᠦᠢᠯ᠎ᠤᠨ ᠪᠠᠢᠭᠤᠯᠤᠯᠲᠠ᠎ᠠᠴᠠ ᠰᠠᠯᠵᠦ᠍ ᠴᠢᠳᠠᠬᠤ ᠦᠬᠡᠢ᠃ 《ᠠᠷᠪᠠᠨ ᠲᠦᠷᠪᠡᠳᠦᠭᠡᠷ ᠲᠠᠪᠤᠨ ᠵᠢᠯ》 ᠎ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠳᠤ᠂ ᠦᠪᠦᠷ ᠮᠤᠩᠭᠤᠯ ᠠᠯᠢ ᠬᠡᠳᠦᠨ ᠭᠤᠤᠯᠳᠠᠯᠭ᠎ᠠ᠎ᠲᠠᠢ ᠲᠦᠷᠦᠯ ᠵᠦᠢᠯ᠎ᠢᠶᠠᠷ ᠠᠵᠤ ᠦᠢᠯᠡᠳᠪᠦᠷᠢ ᠪᠤᠯᠤᠨ ᠮᠡᠳᠡᠭᠡ ᠵᠠᠩᠬᠢᠵᠢᠯᠳᠠ᠎ᠶ᠋ᠢᠨ ᠬᠦᠭ᠌ᠵᠢᠯᠳᠡ᠎ᠳᠤ ᠲᠤᠯᠭᠠᠭᠤᠷᠢᠯᠠᠭᠤᠯᠬᠤ ᠪᠤᠢ? 

ᠯᠢ ᠵᠦᠩ ᠺᠠᠢ᠄ 《ᠠᠷᠪᠠᠨ ᠲᠦᠷᠪᠡᠳᠦᠭᠡᠷ ᠲᠠᠪᠤᠨ ᠵᠢᠯ》 ᠎ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠳᠤ᠂ ᠦᠪᠦᠷ ᠮᠤᠩᠭᠤᠯ ᠲᠤᠤᠷᠠᠬᠢ ᠲᠠᠪᠤᠨ ᠲᠠᠯ᠎ᠠ᠎ᠶ᠋ᠢᠨ ᠠᠷᠭ᠎ᠠ ᠬᠡᠮᠵᠢᠶ᠎ᠠ᠎ᠪᠠᠷ ᠠᠵᠦ᠍ ᠦᠢᠯᠡᠳᠪᠦᠷᠢ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠦᠭ᠌ᠵᠢᠯᠳᠡ᠎ᠶ᠋ᠢ ᠠᠭᠢᠭᠤᠯᠤᠨ᠎ᠠ᠃ 

ᠠᠵᠤ ᠠᠬᠤᠢ᠍ᠢᠯᠠᠯ᠎ᠤᠨ ᠮᠡᠷᠭᠡᠵᠢᠯ᠎ᠤᠨ ᠱᠢᠨ᠎ᠠ᠎ᠶ᠋ᠢ ᠡᠬᠦᠳᠬᠦ᠌ ᠴᠢᠳᠡᠪᠦᠷᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠠᠵᠤ ᠠᠬᠤᠢ᠍ᠢᠯᠠᠯ᠎ᠢ ᠲᠡᠮᠵᠢᠨ ᠨᠢᠬᠡ ᠪᠦᠯᠦᠭ ᠮᠡᠷᠭᠡᠵᠢᠯ᠎ᠤᠨ ᠱᠢᠨ᠎ᠠ᠎ᠶ᠋ᠢ ᠡᠬᠦᠳᠭᠦ᠌ ᠲᠦᠪ᠂ ᠦᠢᠯᠡᠳᠬᠦ᠌ ᠦᠢᠯᠡᠰ᠎ᠤᠨ ᠱᠢᠨ᠎ᠠ᠎ᠶ᠋ᠢ ᠡᠭᠦᠳᠬᠦ᠌ ᠲᠦᠪ᠎ᠢ ᠪᠦᠳᠦᠭᠡᠨ ᠪᠠᠢᠭᠤᠯᠤᠨ᠂ ᠠᠵᠢᠯ ᠲᠦᠷᠦᠯ᠎ᠤᠨ ᠭᠤᠤᠯᠯᠠᠭ᠍ᠴᠢ ᠠᠵᠤ ᠠᠬᠤᠢ᠍ᠢᠯᠠᠯ ᠪᠤᠯᠭᠠᠨ᠎ᠢ ᠦᠪᠡᠷ᠎ᠤᠨ᠎ᠢᠶᠠᠨ ᠮᠡᠷᠭᠡᠵᠢᠯ᠎ᠤᠨ ᠱᠢᠨ᠎ᠠ᠎ᠶ᠋ᠢ ᠡᠬᠦᠳᠬᠦ᠌ ᠲᠠᠪᠴᠠᠩ᠎ᠲᠠᠢ ᠪᠤᠯᠭᠠᠨ᠂ ᠨᠢᠭᠡ ᠪᠦᠯᠦᠭ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠠᠵᠤ ᠦᠢᠯᠡᠰᠵᠢᠭᠦᠯᠦᠭ᠌ᠰᠡᠨ ᠬᠡᠷᠡᠭ᠌ᠯᠡᠯᠳᠡ᠎ᠶ᠋ᠢ ᠪᠡᠶᠡᠯᠡᠬᠦᠯᠬᠦ᠌᠎ᠶ᠋ᠢ ᠠᠬᠢᠭᠤᠯᠤᠨ᠎ᠠ᠃ ᠨᠡᠢᠲᠡ᠎ᠪᠠᠷ᠎ᠢᠶᠠᠨ ᠦᠢᠯᠡᠰ ᠪᠤᠰᠭᠠᠨ ᠤᠯᠠᠨ᠎ᠢᠶᠠᠷ᠎ᠢᠶᠠᠨ ᠱᠢᠨ᠎ᠠ᠎ᠶ᠋ᠢ ᠡᠭᠦᠳᠬᠦ᠌᠎ᠶ᠋ᠢ ᠠᠭᠢᠭᠤᠯᠤᠨ᠂ ᠤᠯᠤᠰ᠎ᠤᠨ ᠳᠡᠰ᠂ ᠦᠪᠡᠷᠳᠡᠭᠡᠨ ᠵᠠᠰᠠᠬᠤ ᠤᠷᠤᠨ᠎ᠤ ᠲᠠᠰ᠎ᠤᠨ ᠨᠡᠢᠲᠡ᠎ᠪᠠᠷ᠎ᠢᠶᠠᠨ ᠦᠢᠯᠡᠰ ᠪᠤᠰᠭᠠᠨ ᠤᠯᠠᠨ᠎ᠢᠶᠠᠷ᠎ᠢᠶᠠᠨ ᠱᠢᠨ᠎ᠠ᠎ᠶ᠋ᠢ ᠡᠭᠦᠳᠦᠭ᠌ᠰᠡᠨ ᠨᠢᠭᠡ ᠪᠦᠯᠦᠭ ᠵᠢᠱ᠌ᠢᠶ᠎ᠠ ᠦᠵᠡᠬᠦᠯᠬᠦ᠌ ᠰᠠᠭᠤᠷᠢᠨ ᠪᠤᠯᠤᠨ ᠤᠯᠠᠨ᠎ᠢᠶᠠᠷ᠎ᠢᠶᠠᠨ ᠱᠢᠨ᠎ᠠ᠎ᠶ᠋ᠢ ᠡᠭᠦᠳᠬᠦ᠌ ᠤᠷᠤᠨ᠎ᠢ ᠪᠦᠲᠦᠭᠡᠨ ᠪᠠᠢᠭᠤᠯᠤᠨ᠎ᠠ᠃ ᠠᠵᠤ ᠠᠬᠤᠢ᠍ᠢᠯᠠᠯ᠎ᠤᠨ ᠰᠤᠳᠤᠯᠤᠨ ᠦᠢᠯᠡᠳᠬᠦ᠂ ᠪᠤᠷᠤᠯᠠᠭᠤᠯᠬᠤ᠂ ᠬᠠᠮᠤᠭ᠎ᠤᠨ ᠠᠩᠬᠠᠨ᠎ᠤ ᠴᠢᠬᠤᠯᠠ ᠶᠡᠭᠡ ᠮᠡᠷᠭᠡᠵᠢᠯ᠎ᠤᠨ ᠮᠠᠱᠢᠨ ᠲᠤᠨᠤᠭ᠍ᠯᠠᠯ᠂ ᠱᠢᠨ᠎ᠠ ᠮᠠᠲ᠋ᠧᠷᠢᠶᠠᠯ᠎ᠤᠨ ᠠᠩᠬᠠᠨ᠎ᠤ ᠪᠦᠳᠦᠭᠡᠭ᠌ᠳᠡᠬᠦᠨ᠎ᠢ ᠬᠡᠷᠡᠭ᠌ᠯᠡᠬᠦ᠌᠎ᠶ᠋ᠢ ᠵᠤᠷᠢᠬ᠍ᠵᠢᠭᠤᠯᠤᠨ᠂ ᠬᠠᠮᠤᠭ᠎ᠤᠨ ᠠᠩᠬᠠᠨ᠎ᠤ ᠴᠢᠬᠤᠯᠡ ᠶᠡᠭᠡ ᠮᠡᠷᠭᠡᠵᠢᠯ᠎ᠤᠨ ᠮᠠᠱᠢᠨ ᠳᠤᠨᠤᠭ᠍ᠯᠠᠯ ᠤᠯᠤᠰ᠎ᠤᠨ ᠤᠬᠠᠭᠤᠯᠤᠨ ᠳᠡᠯᠭᠡᠷᠡᠬᠦᠯᠬᠦ᠌ ᠨᠡᠷᠡᠰ᠎ᠲᠤ ᠵᠢᠭ᠍ᠰᠠᠭᠠᠭ᠍ᠳᠠᠬᠤ᠎ᠶ᠋ᠢ ᠳᠡᠮᠵᠢᠨ᠎ᠠ᠃ 

ᠪᠤᠬᠢᠷᠳᠤᠯ ᠦᠬᠡᠢ ᠦᠢᠯᠡᠳᠬᠦ᠌ ᠦᠢᠯᠡᠰ᠎ᠤᠨ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠪᠡᠷᠢᠮᠵᠢᠶ᠎ᠠ᠎ᠳᠤ ᠬᠦᠷᠦᠭ᠌ᠰᠡᠨ ᠳᠠᠭᠠᠭᠤᠯᠤᠬ᠍ᠴᠢ ᠠᠵᠤ ᠠᠬᠤᠢ᠍ᠢᠯᠠᠯ᠎ᠳᠤ ᠱᠢᠨ᠎ᠡ ᠮᠡᠷᠭᠡᠵᠢᠯ᠂ ᠱᠢᠨ᠎ᠡ ᠤᠷ᠎ᠡ ᠮᠡᠷᠭᠡᠱᠢᠯ᠂ ᠱᠢᠨ᠎ᠡ ᠲᠤᠨᠤᠭ ᠲᠦᠭᠦᠭᠡᠷᠦᠮᠵᠢ᠎ᠶ᠋ᠢ ᠲᠡᠯᠭᠡᠷᠡᠭᠦᠯᠦᠨ ᠬᠡᠷᠡᠭ᠌ᠯᠡᠵᠦ᠍᠂ ᠡᠨᠧᠷᠬᠢ ᠠᠷᠪᠢᠯᠠᠨ ᠬᠤᠷᠤᠬ᠍ᠳᠠᠯ᠎ᠢ ᠪᠠᠭᠠᠰᠭᠠᠨ᠂ ᠠᠷᠢᠭᠤᠨ ᠴᠡᠪᠡᠷ ᠦᠢᠯᠡᠳᠪᠦᠷᠢᠯᠡᠬᠦ᠌᠎ᠶ᠋ᠢ ᠠᠬᠢᠭᠤᠯᠤᠨ᠎ᠠ᠃ ᠡᠷᠬᠢᠯᠳᠡᠳᠦ ᠠᠵᠤ ᠠᠬᠤᠢ᠎ᠶ᠋ᠢ ᠶᠡᠭᠡ ᠬᠦᠴᠦᠨ᠎ᠢᠶᠠᠷ ᠬᠦᠭ᠌ᠵᠢᠬᠦᠯᠦᠨ᠂ ᠡᠨᠧᠷᠬᠢ᠎ᠶ᠋ᠢ ᠱᠠᠳᠤᠯᠠᠨ ᠡᠷᠬᠢᠯᠳᠦᠭᠦᠯᠦᠨ ᠠᠱᠢᠬ᠍ᠯᠠᠬᠤ᠂ ᠤᠰᠤᠨ᠎ᠤ ᠡᠬᠢ ᠪᠠᠶᠠᠯᠢᠭ᠎ᠢ ᠡᠷᠬᠢᠯᠳᠦᠭᠦᠯᠦᠨ ᠠᠱᠢᠬ᠍ᠯᠠᠬᠤ᠂ ᠬᠠᠳᠠᠭᠤ ᠪᠡᠶᠡᠳᠤ ᠬᠠᠶᠠᠬ᠍ᠳᠠᠮᠠᠯ ᠪᠤᠳᠠᠰ᠎ᠢ ᠶᠡᠷᠦᠩᠬᠡᠢᠯᠡᠨ ᠬᠡᠷᠡᠭ᠌ᠯᠡᠬᠦ᠌᠎ᠶ᠋ᠢ ᠠᠬᠢᠭᠤᠯᠤᠨ᠂ ᠡᠷᠬᠢᠯᠳᠡᠳᠦ ᠠᠵᠤ ᠦᠢᠯᠡᠰ᠎ᠤᠨ ᠬᠡᠯᠬᠢᠶᠡᠵᠢᠯ᠎ᠢ ᠪᠦᠷᠢᠯᠳᠦᠬᠦᠯᠦᠨ᠂ ᠨᠢᠭᠡ ᠪᠦᠯᠦᠭ ᠡᠷᠬᠢᠯᠳᠡᠳᠦ ᠠᠵᠤ ᠠᠬᠤᠢ᠎ᠶ᠋ᠢᠨ ᠵᠢᠱ᠌ᠢᠶ᠎ᠠ ᠦᠵᠡᠬᠦᠯᠬᠦ᠌ ᠠᠵᠤ ᠠᠬᠤᠢ᠍ᠢᠯᠠᠯ᠂ ᠵᠢᠱ᠌ᠢᠶ᠎ᠠ ᠦᠵᠡᠬᠦᠯᠬᠦ᠌ ᠬᠦᠷᠢᠶᠡᠯᠡᠩ ᠲᠤᠭᠤᠷᠢᠭ ᠪᠤᠯᠤᠨ ᠵᠢᠱ᠌ᠢᠶ᠎ᠠ ᠦᠵᠡᠬᠦᠯᠬᠦ᠌ ᠬᠤᠲᠠ᠎ᠶ᠋ᠢ ᠪᠠᠢᠭᠤᠯᠤᠨ᠎ᠠ᠃ 

ᠬᠦᠷᠢᠶᠡᠯᠡᠩ ᠲᠤᠭᠤᠷᠢᠭ᠎ᠤᠨ ᠰᠠᠭᠤᠷᠢ ᠴᠢᠳᠠᠪᠤᠷᠢ᠎ᠶ᠋ᠢ ᠲᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠠᠵᠤ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠭ᠎ᠤᠨ ᠠᠵᠤ ᠦᠢᠯᠡᠰ᠎ᠤᠨ ᠬᠦᠭ᠌ᠵᠢᠯᠲᠡ᠎ᠶ᠋ᠢᠨ ᠴᠢᠭ᠌ᠯᠡᠯ᠎ᠢ ᠱᠢᠨᠵᠢᠯᠡᠬᠦ᠌ ᠤᠬᠠᠭᠠᠨᠴᠢ᠎ᠪᠠᠷ ᠲᠤᠭ᠍ᠳᠠᠭᠠᠵᠤ᠂ ᠠᠵᠤ ᠦᠢᠯᠡᠰ᠎ᠤᠨ ᠲᠦᠯᠦᠪᠵᠢᠭᠦᠯᠭᠡ᠎ᠪᠠᠷ ᠠᠵᠤ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠭ᠎ᠤᠨ ᠰᠤᠯᠪᠢᠴᠠᠯ ᠬᠦᠭ᠌ᠵᠢᠯᠲᠡ᠂ ᠡᠮᠬᠢ ᠵᠢᠷᠦᠮ᠎ᠲᠠᠢ ᠦᠷᠢᠰᠦᠯᠳᠦᠭᠡᠨ᠎ᠢ ᠬᠦᠳᠦᠯᠦᠨ ᠵᠢᠯᠤᠭᠤᠳᠴᠤ᠌᠂ ᠠᠵᠤ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠭ᠎ᠤᠨ ᠴᠢᠨᠠᠷ ᠰᠠᠢᠳᠠᠢ ᠭᠦᠭ᠌ᠵᠢᠯᠲᠡ᠎ᠶ᠋ᠢ ᠠᠬᠢᠭᠤᠯᠤᠨ᠎ᠠ᠃ ᠭᠤᠤᠯᠯᠠᠬ᠍ᠴᠢ ᠠᠵᠤ ᠦᠢᠯᠡᠰ᠎ᠤᠨ ᠬᠡᠯᠬᠢᠶ᠎ᠡ᠎ᠶ᠋ᠢ ᠤᠷᠳᠤᠳᠭᠠᠬᠤ᠂ ᠬᠡᠯᠬᠢᠶ᠎ᠡ᠎ᠶ᠋ᠢ ᠨᠦᠬᠦᠪᠦᠷᠢᠯᠡᠬᠦ᠂ ᠬᠡᠯᠬᠢᠶ᠎ᠡ᠎ᠶ᠋ᠢ ᠪᠠᠢᠷᠢᠯᠠᠭᠤᠯᠬᠤ ᠲᠦᠷᠦᠯ ᠵᠦᠢᠯ᠎ᠢ ᠴᠢᠩᠭᠠᠳᠭᠠᠬᠤ᠂ ᠬᠦᠷᠢᠶᠡᠯᠡᠩ ᠲᠤᠭᠤᠷᠢᠭ᠎ᠢ ᠨᠡᠢᠯᠡᠭᠦᠯᠬᠦ᠌ ᠲᠤᠭᠤᠷᠢᠨ᠎ᠳᠤ ᠬᠠᠮᠳᠤᠷᠠᠨ ᠠᠵᠢᠯᠯᠠᠵᠤ᠂ ᠬᠠᠮᠳᠤ᠎ᠪᠠᠷ ᠬᠦᠷᠢᠶᠡᠯᠡᠩ ᠲᠤᠭᠤᠷᠢᠭ ᠪᠠᠢᠭᠤᠯᠬᠤ᠎ᠶ᠋ᠢ ᠲᠡᠮᠵᠢᠵᠦ᠍᠂ ᠠᠵᠤ ᠦᠢᠯᠡᠰ᠎ᠤᠨ ᠲᠦᠪᠯᠡᠷᠡᠯ᠂ ᠪᠦᠯᠦᠭ᠌ᠵᠢᠯ᠂ ᠡᠷᠴᠢᠮᠯᠢᠭ ᠬᠦᠭ᠌ᠵᠢᠯᠲᠡ᠎ᠶ᠋ᠢ ᠠᠬᠢᠭᠤᠯᠤᠨ᠎ᠠ᠃ ᠠᠵᠤ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠭ᠎ᠤᠨ ᠰᠠᠭᠤᠷᠢ ᠲᠦᠭᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠲᠡᠭᠦᠯᠳᠡᠷᠵᠢᠭᠦᠯᠵᠦ᠍᠂ ᠠᠵᠤ ᠦᠢᠯᠡᠰ᠎ᠤᠨ ᠬᠦᠭ᠌ᠵᠢᠯᠲᠡ᠎ᠶ᠋ᠢᠨ ᠲᠠᠭᠠᠭᠠᠴᠠ᠎ᠶ᠋ᠢ ᠲᠡᠭᠡᠭ᠌ᠰᠢᠯᠡᠭᠦᠯᠦᠨ᠎ᠡ᠃ ᠱᠢᠯᠭᠠᠨ ᠬᠢᠨᠠᠵᠤ ᠬᠦᠳᠦᠯᠦᠨ ᠵᠢᠯᠤᠭᠤᠳᠭᠤ ᠪᠠ ᠬᠢᠵᠠᠭᠠᠷᠯᠠᠬᠤ᠎ᠶ᠋ᠢ ᠴᠢᠩᠭᠠᠳᠭᠠᠵᠤ᠂ ᠨᠢᠭᠡᠴᠢ ᠭᠠᠵᠠᠷ ᠱᠢᠷᠤᠢ᠎ᠶ᠋ᠢᠨ ᠲᠠᠯᠠᠪᠠᠢ᠎ᠶ᠋ᠢᠨ ᠪᠡᠯᠡ ᠤᠷᠤᠭᠤᠯᠤᠯᠲᠠ᠂ ᠭᠠᠢᠯᠢ ᠲᠠᠳᠠᠪᠤᠷᠢ᠎ᠶ᠋ᠢᠨ ᠬᠤᠪᠢ ᠨᠡᠮᠡᠷᠢ ᠵᠢᠴᠢ ᠱᠢᠨ᠎ᠡ᠎ᠶ᠋ᠢ ᠡᠭᠦᠳᠬᠦ᠌᠎ᠪᠠᠷ ᠬᠦᠳᠡᠯᠭᠡᠭᠦᠷ ᠪᠤᠯᠭᠠᠵᠤ᠂ ᠪᠤᠬᠢᠷᠳᠤᠯ ᠦᠭᠡᠢ ᠬᠦᠭ᠌ᠵᠢᠯᠲᠡ ᠵᠡᠷᠭᠡ᠎ᠪᠠᠷ ᠭᠤᠤᠯ ᠠᠭᠤᠯᠭ᠎ᠠ ᠪᠤᠯᠭᠠᠭ᠍ᠰᠠᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠭ᠎ᠤᠨ ᠴᠢᠨᠠᠷ ᠰᠠᠢᠳᠠᠢ ᠬᠦᠭ᠌ᠵᠢᠯᠲᠡ᠎ᠶ᠋ᠢ ᠱᠢᠯᠭᠠᠨ ᠬᠢᠨᠠᠬᠤ ᠦᠨᠡᠯᠡᠬᠦ᠌ ᠪᠠᠷᠢᠮᠵᠢᠶ᠎ᠠ᠎ᠶ᠋ᠢᠨ ᠱᠢᠰᠲ᠋ᠧᠮ᠎ᠢ ᠪᠠᠢᠭᠤᠯᠤᠨ᠎ᠠ᠃ 

ᠤᠶᠤᠨᠴᠢᠯᠠᠭ᠍ᠰᠠᠨ ᠦᠭᠡᠷᠡᠴᠢᠯᠡᠯᠲᠡ᠎ᠶ᠋ᠢᠨ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠭᠤᠤᠯᠳᠠᠯᠭ᠎ᠠ᠎ᠨᠢ ᠱᠢᠨ᠎ᠡ ᠨᠢᠭᠡ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠂ ᠲᠡᠷᠢᠭᠦᠨ᠎ᠤ ᠬᠡᠷᠡᠭ᠌ᠯᠡᠭᠡᠨ᠎ᠤ ᠮᠡᠷᠭᠡᠵᠢᠯ ᠪᠤᠯᠤᠨ ᠲᠡᠭᠡᠳᠦ ᠱᠢᠨ᠎ᠡ ᠮᠡᠷᠭᠡᠵᠢᠯ᠎ᠢ ᠠᠱᠢᠭ᠍ᠯᠠᠨ ᠤᠯᠠᠮᠵᠢᠯᠠᠯᠳᠤ ᠠᠵᠤ ᠦᠢᠯᠡᠰ᠎ᠢ ᠦᠭᠡᠷᠡᠴᠢᠯᠡᠨ ᠳᠡᠰ ᠳᠡᠪᠱᠢᠭᠦᠯᠵᠤ᠂ ᠪᠦᠬᠦ᠋ᠢᠯᠡ ᠦᠢᠯᠡᠳᠬᠦ᠌ ᠦᠢᠯᠡᠰ᠎ᠤᠨ ᠶᠠᠰᠤ ᠴᠢᠨᠠᠷ᠎ᠢ ᠲᠡᠭᠡᠭ᠌ᠰᠢᠯᠡᠭᠦᠯᠦᠨ ᠳᠡᠰ ᠳᠡᠪᠱᠢᠭᠦᠯᠬᠦ᠌᠎ᠶ᠋ᠢ ᠠᠬᠢᠭᠤᠯᠤᠨ ᠪᠡᠶᠡᠯᠡᠭᠦᠯᠦᠨ᠎ᠡ᠃ ᠤᠯᠤᠰ᠎ᠤᠨ ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠠᠭᠤᠰᠤᠯᠴᠠᠭ᠍ᠰᠠᠨ ᠬᠠᠮᠢᠶᠠᠷᠤᠯᠲᠠ᠎ᠶ᠋ᠢᠨ ᠱᠢᠰᠲ᠋ᠧᠮ᠎ᠤᠨ ᠪᠠᠷᠢᠮᠵᠢᠶ᠎ᠠ᠎ᠪᠠᠷ ᠪᠠᠷᠢᠮᠵᠢᠶᠠᠯᠠᠵᠤ᠂ 《ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ᠎ᠶ᠋ᠢ ᠠᠭᠤᠰᠤᠯᠴᠠᠭᠤᠯᠬᠤ》 ᠦᠭᠡᠷᠡᠴᠢᠯᠡᠯᠲᠡ᠎ᠶ᠋ᠢ ᠲᠦᠷᠭᠡᠳᠭᠡᠵᠦ᠍᠂ ᠬᠡᠪᠴᠢᠶᠡᠵᠢᠯ᠎ᠠᠴᠠ ᠲᠡᠭᠡᠭ᠌ᠰᠢᠬᠢ ᠠᠵᠤ ᠦᠢᠯᠡᠳᠪᠦᠷᠢ᠎ᠶ᠋ᠢᠨ ᠠᠵᠤ ᠠᠬᠤᠢ᠍ᠢᠯᠠᠯ᠎ᠤᠨ ᠪᠠᠷᠢᠮᠵᠢᠶ᠎ᠠ᠎ᠶ᠋ᠢ ᠪᠦᠷᠬᠦᠭᠦᠯᠬᠦ᠌᠎ᠶ᠋ᠢ ᠪᠡᠶᠡᠯᠡᠭᠦᠯᠦᠨ᠎ᠡ᠃ 《ᠮᠠᠱᠢᠨ᠎ᠢᠶᠠᠷ ᠬᠦᠮᠦᠨ᠎ᠢ ᠤᠷᠤᠯᠠᠭᠤᠯᠬᠤ》 ᠲᠦᠯᠦᠪᠯᠡᠭᠡ᠎ᠶ᠋ᠢ ᠬᠡᠷᠡᠭ᠌ᠵᠢᠭᠦᠯᠵᠦ᠍᠂ ᠤᠶᠤᠨᠴᠢᠯᠠᠭ᠍ᠰᠠᠨ ᠦᠭᠡᠷᠡᠴᠢᠯᠡᠯᠲᠡ᠎ᠶ᠋ᠢ ᠠᠬᠢᠭᠤᠯᠤᠨ᠂ ᠤᠶᠤᠨᠳᠤ ᠦᠢᠯᠡᠳᠪᠦᠷᠢ᠎ᠶ᠋ᠢᠨ ᠲᠠᠰᠤᠭ᠂ ᠤᠶᠤᠨᠳᠤ ᠦᠢᠯᠡᠳᠪᠦᠷᠢ᠎ᠶ᠋ᠢ ᠪᠦᠳᠦᠭᠡᠨ ᠪᠠᠢᠭᠤᠯᠤᠨ᠎ᠠ᠃ ᠳ᠋ᠠᠢᠲ᠋ᠠ᠂ ᠢᠨᠲ᠋ᠧᠷ ᠰᠦᠯᠵᠢᠶᠡᠨ᠎ᠳᠤ ᠰᠠᠭᠤᠷᠢᠯᠠᠨ ᠦᠪᠡᠷᠮᠢᠴᠡ ᠤᠨᠴᠠᠯᠢᠭ᠍ᠳᠤ ᠵᠠᠬᠢᠶᠠᠯᠠᠭ᠎ᠠ ᠬᠢᠭᠦ᠌᠂ ᠤᠶᠠᠨ ᠴᠢᠨᠠᠷ᠎ᠲᠠᠢ ᠦᠢᠯᠡᠳᠬᠦ᠌ ᠵᠡᠷᠭᠡ ᠦᠢᠯᠡᠴᠢᠯᠡᠭᠡᠨ᠎ᠤ ᠬᠡᠯᠪᠡᠷᠢ᠎ᠶ᠋ᠢᠨ ᠦᠢᠯᠡᠳᠬᠦ᠌ ᠵᠠᠭ᠍ᠪᠤᠷ᠎ᠢ ᠬᠦᠭ᠌ᠵᠢᠭᠦᠯᠦᠨ᠎ᠡ᠃ ᠵᠤᠬᠢᠬᠤ ᠤᠷᠤᠨ ᠪᠦᠰᠡ᠎ᠶ᠋ᠢᠨ ᠨᠦᠯᠦᠭᠡᠯᠡᠬᠦ᠌ ᠬᠦᠴᠦᠨ ᠪᠠ ᠠᠵᠢᠯ ᠲᠦᠷᠦᠯ᠎ᠤᠨ ᠲᠤᠯᠭᠠᠭᠤᠷᠢᠯᠠᠬᠤ ᠬᠦᠴᠦᠨ᠎ᠲᠠᠢ ᠠᠵᠤ ᠦᠢᠯᠡᠳᠪᠦᠷᠢ᠎ᠶ᠋ᠢᠨ ᠡᠭᠦᠯᠡᠨ ᠲᠠᠪᠴᠠᠩ᠎ᠢ ᠪᠦᠳᠦᠭᠡᠨ ᠪᠠᠢᠭᠤᠯᠤᠨ᠎ᠠ᠃ 

《ᠲᠤᠰᠭᠠᠢᠵᠢᠬ᠍ᠰᠠᠨ ᠨᠠᠷᠢᠯᠢᠭ ᠤᠨᠴᠠ ᠱᠢᠨ᠎ᠡ》 ᠲᠤᠮᠳᠠ ᠪᠠᠭ᠎ᠠ ᠠᠵᠤ ᠠᠬᠤᠢ᠍ᠢᠯᠠᠯ᠎ᠢ ᠪᠤᠢᠵᠢᠭᠤᠯᠬᠤ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠭᠤᠤᠯᠳᠠᠯᠭ᠎ᠠ᠎ᠲᠠᠢ ᠲᠤᠮᠤ ᠬᠡᠯᠪᠡᠷᠢ᠎ᠶ᠋ᠢᠨ ᠭᠤᠤᠯᠯᠠᠭ᠍ᠴᠢ ᠠᠵᠤ ᠠᠬᠤᠢ᠍ᠢᠯᠠᠯ᠎ᠤᠨ ᠢᠵᠢ ᠪᠦᠷᠢᠳᠦᠭᠦᠯᠬᠦ᠌ ᠪᠤᠯᠤᠨ ᠠᠵᠤ ᠦᠢᠯᠡᠰ᠎ᠤᠨ ᠪᠦᠯᠦᠭ᠌ᠵᠢᠯ᠎ᠢ ᠪᠤᠢ ᠪᠤᠯᠭᠠᠬᠤ᠎ᠶ᠋ᠢᠨ ᠳᠤᠭᠤᠷᠢᠨ᠎ᠳᠤ ᠨᠢᠭᠡ ᠪᠦᠯᠦᠭ 《ᠲᠤᠰᠭᠠᠢᠵᠢᠬ᠍ᠰᠠᠨ ᠨᠠᠷᠢᠯᠢᠭ ᠤᠨᠴᠠ ᠱᠢᠨ᠎ᠡ》 ᠲᠤᠮᠳᠠ ᠪᠠᠭ᠎ᠠ ᠠᠵᠤ ᠠᠬᠤᠢ᠍ᠢᠯᠠᠯ᠎ᠢ ᠪᠤᠢᠵᠢᠭᠤᠯᠵᠤ᠂ ᠠᠵᠤ ᠦᠢᠯᠡᠰ᠎ᠤᠨ ᠠᠭᠤᠰᠤᠯᠴᠠᠨ ᠨᠡᠪᠳᠡᠷᠡᠯᠴᠡᠨ ᠬᠦᠭ᠌ᠵᠢᠬᠦ᠌᠎ᠶ᠋ᠢ ᠠᠬᠢᠭᠤᠯᠤᠨ᠎ᠠ᠃ 《ᠤᠯᠠᠨ᠎ᠢᠶᠠᠷ᠎ᠢᠶᠠᠨ ᠦᠢᠯᠡᠰ ᠪᠦᠳᠦᠭᠡᠵᠤ᠂ ᠬᠤᠪᠢ ᠬᠦᠮᠦᠨ᠎ᠢ ᠠᠵᠤ ᠠᠬᠤᠢ᠍ᠢᠯᠠᠯ ᠪᠤᠯᠭᠠᠨ ᠬᠤᠪᠢᠷᠠᠭᠤᠯᠬᠤ᠂ ᠪᠠᠭ᠎ᠠ᠎ᠶ᠋ᠢ ᠬᠡᠪᠴᠢᠶᠡᠵᠢᠭᠦᠯᠬᠦ᠂ ᠵᠢᠵᠢᠭ ᠠᠪᠤᠷᠭᠤ ᠬᠦᠮᠦᠨ》 ᠎ᠤ ᠠᠵᠤ ᠠᠬᠤᠢ᠍ᠢᠯᠠᠯ᠎ᠤᠨ ᠦᠰᠦᠨ ᠪᠤᠢᠵᠢᠬᠤ ᠠᠷᠭ᠎ᠠ ᠵᠠᠮ᠎ᠤᠨ ᠲᠤᠭᠤᠷᠢᠨ᠎ᠳᠤ ᠪᠠᠭ᠎ᠠ ᠵᠢᠵᠢᠭ ᠠᠵᠤ ᠠᠬᠤᠢ᠍ᠢᠯᠠᠯ᠎ᠤᠨ ᠬᠦᠭ᠌ᠵᠢᠯᠲᠡ᠎ᠶ᠋ᠢᠨ ᠲᠠᠯᠳᠠ ᠬᠦᠴᠦᠨ᠎ᠢ ᠠᠭᠤᠳᠠᠯᠵᠤ᠂ ᠪᠠᠭ᠎ᠠ ᠵᠢᠵᠢᠭ ᠠᠵᠤ ᠠᠬᠤᠢ᠍ᠢᠯᠠᠯ᠎ᠤᠨ ᠭᠤᠤᠯᠯᠠᠬᠤ ᠦᠷᠢᠰᠦᠯᠳᠦᠬᠦ᠌ ᠬᠦᠮᠦᠨ ᠪᠠ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠨᠡᠮᠡᠭ᠌ᠳᠡᠭᠦᠯᠦᠨ᠎ᠡ᠃ ᠪᠠᠭ᠎ᠠ ᠵᠢᠵᠢᠭ ᠠᠵᠤ ᠠᠬᠤᠢ᠍ᠢᠯᠠᠯ᠎ᠤᠨ ᠬᠡᠪᠴᠢᠶᠡᠵᠢᠯ᠎ᠠᠴᠠ ᠲᠡᠭᠡᠭ᠌ᠰᠢᠬᠢ ᠠᠵᠤ ᠠᠬᠤᠢ᠍ᠢᠯᠠᠯ ᠪᠤᠯᠤᠨ ᠲᠡᠰ ᠲᠡᠪᠱᠢᠬᠦ᠌᠎ᠶ᠋ᠢ ᠲᠡᠮᠵᠢᠵᠦ᠍᠂ ᠪᠠᠭ᠎ᠠ ᠵᠢᠵᠢᠭ ᠠᠵᠤ ᠠᠬᠤᠢ᠍ᠢᠯᠠᠯ᠎ᠤᠨ ᠨᠠᠷᠢᠯᠢᠭ ᠦᠢᠯᠡᠳᠪᠦᠷᠢᠯᠡᠭᠦ᠌ ᠬᠦᠴᠦᠷᠬᠡᠭ᠌ᠵᠢᠬᠦ᠌᠎ᠶ᠋ᠢ ᠠᠬᠢᠭᠤᠯᠤᠨ᠎ᠠ᠃ ᠨᠢᠭᠡ ᠪᠦᠯᠦᠭ 《ᠲᠤᠰᠭᠠᠢᠵᠢᠬ᠍ᠰᠠᠨ ᠨᠠᠷᠢᠯᠢᠭ ᠤᠨᠴᠠ ᠱᠢᠨ᠎ᠡ》 ᠲᠤᠮᠳᠠ ᠪᠠᠭ᠎ᠠ ᠠᠵᠤ ᠠᠬᠤᠢ᠍ᠢᠯᠠᠯ᠎ᠢ ᠪᠤᠢᠵᠢᠭᠤᠯᠵᠤ᠂ ᠲᠤᠮᠳᠠ ᠪᠠᠭ᠎ᠠ ᠠᠵᠤ ᠠᠬᠤᠢ᠍ᠢᠯᠠᠯ᠎ᠤᠨ ᠲᠤᠰᠭᠠᠢᠵᠢᠭ᠍ᠰᠠᠨ ᠬᠦᠭ᠌ᠵᠢᠯᠲᠡ᠂ ᠨᠠᠷᠢᠯᠢᠭ᠍ᠵᠢᠭᠤᠯᠤᠨ ᠶᠠᠰᠤ ᠴᠢᠨᠠᠷ᠎ᠢ ᠲᠡᠭᠡᠭ᠌ᠰᠢᠯᠡᠭᠦᠯᠬᠦ᠂ ᠤᠨᠴᠠᠯᠢᠭ᠍ᠵᠢᠭᠤᠯᠤᠨ ᠦᠷᠢᠰᠦᠯᠳᠦᠬᠦ᠂ ᠱᠢᠨ᠎ᠡ ᠰᠤᠷᠭᠤᠭ ᠪᠤᠯᠭᠠᠨ ᠦᠭᠡᠷᠡᠴᠢᠯᠡᠬᠦ᠌᠎ᠶ᠋ᠢ ᠬᠦᠳᠦᠯᠦᠨ ᠵᠢᠯᠤᠭᠤᠳᠤᠨ᠎ᠠ᠃ ᠨᠠᠷᠢᠯᠢᠭ ᠬᠦᠷᠢᠶ᠎ᠡ ᠴᠠᠷᠠᠭᠠᠨ᠎ᠳᠠᠬᠢ 《ᠵᠢᠵᠢᠭ ᠠᠪᠤᠷᠭᠤ ᠬᠦᠮᠦᠨ》 ᠎ᠤ ᠠᠵᠤ ᠠᠬᠤᠢ᠍ᠢᠯᠠᠯ᠎ᠢ ᠪᠠᠢᠭᠤᠯᠵᠤ᠂ ᠦᠢᠯᠡᠳᠬᠦᠨ᠂ ᠮᠡᠷᠭᠡᠵᠢᠯ᠂ ᠡᠵᠡᠩᠨᠡᠯᠲᠡ᠎ᠶ᠋ᠢᠨ ᠪᠠᠢᠳᠠᠯ ᠪᠤᠯᠤᠨ ᠡᠵᠡᠩᠨᠡᠯᠲᠡ᠎ᠶ᠋ᠢᠨ ᠬᠡᠯᠪᠡᠷᠢ ᠵᠠᠭ᠍ᠪᠤᠷ᠎ᠤᠨ ᠲᠠᠯ᠎ᠡ᠎ᠶ᠋ᠢᠨ ᠠᠵᠢᠯ ᠲᠦᠷᠦᠯ᠎ᠤᠨ ᠬᠦᠭ᠌ᠵᠢᠯᠲᠡ᠎ᠶ᠋ᠢ ᠬᠦᠳᠦᠯᠦᠨ ᠲᠠᠭᠠᠭᠤᠯᠵᠤ᠂ ᠲᠤᠮᠳᠠ ᠪᠠᠭ᠎ᠠ ᠠᠵᠤ ᠠᠬᠤᠢ᠍ᠢᠯᠠᠯ᠎ᠤᠨ ᠬᠦᠭ᠌ᠵᠢᠯᠲᠡ᠎ᠶ᠋ᠢᠨ ᠳᠠᠭᠠᠭᠤᠯᠤᠭ᠍ᠴᠢ ᠪᠤᠯᠭᠠᠨ᠎ᠠ᠃ 




ᠦᠪᠦᠷ ᠮᠤᠩᠭᠤᠯ᠎ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠤ ᠦᠷ᠎ᠡ ᠪᠦᠳᠦᠮᠵᠢ 

ᠠᠵᠤ ᠦᠢᠯᠡᠳᠪᠦᠷᠢ᠎ᠶ᠋ᠢᠨ ᠶᠡᠷᠦᠩᠬᠡᠢᠯᠡᠭ᠌ᠰᠡᠨ ᠪᠤᠳᠠᠳᠤ ᠬᠦᠴᠦᠨ ᠤᠯᠠᠮ ᠨᠢᠭᠡ ᠠᠯᠬᠤᠮ ᠴᠢᠩᠭᠠᠷᠠᠵᠤ᠂ ᠶᠡᠷᠦᠩᠬᠡᠢ ᠬᠡᠮᠵᠢᠶ᠎ᠡ ᠲᠠᠰᠤᠷᠠᠯᠲᠠ ᠦᠭᠡᠢ ᠪᠤᠵᠠᠭᠠᠢᠷᠠᠨ᠂ ᠵᠢᠱ᠌ᠢᠯᠳᠠ᠎ᠪᠠᠷ ᠠᠵᠤ ᠦᠢᠯᠡᠳᠪᠦᠷᠢ᠎ᠶ᠋ᠢᠨ ᠨᠡᠮᠡᠭ᠌ᠳᠡᠯ ᠦᠷᠳᠡᠭ 5500 ᠳ᠋ᠦᠡᠭ᠌ᠰᠢᠭᠤᠷ ᠲᠦᠭᠦᠷᠢᠭ᠎ᠲᠤ ᠬᠦᠷᠴᠦ᠍᠂ ᠵᠢᠯ ᠲᠤᠮᠳᠠᠴᠢ᠎ᠪᠠᠷ 4.5% ᠤᠷᠴᠢᠮ ᠨᠡᠮᠡᠭ᠌ᠳᠡᠵᠦ᠍᠂ ᠠᠵᠤ ᠦᠢᠯᠡᠳᠪᠦᠷᠢᠯᠡᠯ᠎ᠤᠨ ᠲᠤᠭ᠍ᠳᠠᠮᠠᠯ ᠬᠦᠷᠦᠩᠭᠡ᠎ᠶ᠋ᠢᠨ ᠪᠡᠯᠡ ᠤᠷᠤᠭᠤᠯᠤᠯᠲᠠ᠎ᠶ᠋ᠢ 5 ᠵᠢᠯ᠎ᠳᠤ ᠨᠡᠢᠲᠡ 9000 ᠳ᠋ᠦᠡᠭ᠌ᠰᠢᠭᠤᠷ ᠲᠦᠭᠦᠷᠢᠭ ᠪᠡᠶᠡᠯᠡᠭᠦᠯᠪᠡ᠃ 

ᠠᠵᠤ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠭ᠎ᠤᠨ ᠦᠢᠯᠡᠳᠭᠦᠨ᠎ᠤ ᠦᠷᠳᠡᠭ 1.1 ᠲᠦᠮᠡᠨ ᠳ᠋ᠦᠡᠭ᠌ᠰᠢᠭᠤᠷ ᠲᠦᠭᠦᠷᠢᠭ᠎ᠢ ᠲᠠᠪᠠᠵᠤ᠂ ᠦᠢᠯᠡᠳᠭᠦᠨ᠎ᠤ ᠦᠷᠳᠡᠭ᠎ᠨᠢ ᠳ᠋ᠦᠡᠭ᠌ᠰᠢᠭᠤᠷ ᠲᠦᠭᠦᠷᠢᠭ᠎ᠢ ᠲᠠᠪᠠᠭ᠍ᠰᠠᠨ ᠬᠦᠷᠢᠶᠡᠯᠡᠩ ᠲᠤᠭᠤᠷᠢᠭ 32 ᠪᠠᠢᠵᠤ᠂ 2015 ᠤᠨ᠎ᠤ 3.6 ᠲᠠᠬᠢᠨ ᠪᠤᠯᠵᠠᠢ᠃ ᠶᠠᠰᠤ ᠴᠢᠨᠠᠷ ᠦᠷ᠎ᠡ ᠠᠱᠢᠭ ᠢᠯᠡᠳᠳᠡ ᠲᠡᠭᠡᠭ᠌ᠰᠢᠯᠡᠵᠦ᠍᠂ ᠵᠢᠱ᠌ᠢᠯᠲᠡ᠎ᠪᠠᠷ ᠬᠡᠪᠴᠢᠶᠡᠵᠢᠯ᠎ᠠᠴᠠ ᠲᠡᠭᠡᠭ᠌ᠰᠢᠬᠢ ᠠᠵᠤ ᠦᠢᠯᠡᠳᠪᠦᠷᠢ᠎ᠶ᠋ᠢᠨ ᠠᠵᠤ ᠠᠬᠤᠢ᠍ᠢᠯᠠᠯ᠎ᠤᠨ ᠭᠤᠤᠯ ᠡᠵᠡᠩᠨᠡᠯᠲᠡ᠎ᠶ᠋ᠢᠨ ᠲᠤᠬᠠᠢᠯᠠᠭ᠍ᠰᠠᠨ ᠠᠵᠢᠯ᠎ᠤᠨ ᠤᠷᠤᠯᠭ᠎ᠠ᠎ᠶ᠋ᠢ ᠵᠢᠯ ᠲᠤᠮᠳᠠᠴᠢ᠎ᠪᠠᠷ 10% ᠎ᠪᠠᠷ ᠨᠡᠮᠡᠭ᠌ᠳᠡᠭᠦᠯᠵᠦ᠍᠂ ᠠᠱᠢᠭ ᠤᠯᠵᠠᠪᠤᠷᠢ᠎ᠶ᠋ᠢ ᠵᠢᠯ ᠲᠤᠮᠳᠠᠴᠢ᠎ᠪᠠᠷ 7% ᠎ᠪᠠᠷ ᠨᠡᠮᠡᠭ᠌ᠳᠡᠭᠦᠯᠦᠨ᠂ ᠭᠠᠢᠯᠢ ᠲᠠᠳᠠᠪᠤᠷᠢ᠎ᠶ᠋ᠢᠨ ᠤᠷᠤᠯᠭ᠎ᠠ ᠵᠢᠯ ᠲᠤᠮᠳᠠᠴᠢ᠎ᠪᠠᠷ 6.5 % ᠎ᠪᠠᠷ ᠨᠡᠮᠡᠭ᠌ᠳᠡᠪᠡ᠃ 

ᠨᠡᠭᠦᠷᠡᠰᠦ᠎ᠶ᠋ᠢ ᠭᠠᠳᠠᠭ᠍ᠰᠢ ᠵᠦᠭᠡᠭᠡᠪᠦᠷᠢᠯᠡᠬᠦ᠌ ᠬᠡᠮᠵᠢᠶ᠎ᠡ ᠪᠦᠬᠦ᠌ ᠤᠯᠤᠰ᠎ᠤᠨ 1/3 ᠎ᠶ᠋ᠢ ᠡᠵᠡᠯᠡᠵᠦ᠍᠂ ᠴᠠᠬᠢᠯᠭᠠᠨ ᠬᠦᠴᠦᠨ᠎ᠤ ᠭᠠᠳᠠᠭ᠍ᠰᠢ ᠲᠤᠬᠢᠷᠠᠭᠤᠯᠬᠤ ᠬᠡᠮᠵᠢᠶ᠎ᠡ ᠪᠦᠬᠦ᠌ ᠤᠯᠤᠰ᠎ᠤᠨ 14% ᠎ᠶ᠋ᠢ ᠡᠵᠡᠯᠡᠨ᠂ ᠬᠡᠤᠷᠡᠰᠦ᠂ PVC᠂ ᠮᠧᠲ᠋ᠢᠯ ᠠᠯᠺᠤᠤᠯ᠂ ᠠᠯᠺᠧᠨ᠂ ᠴᠠᠬᠢᠯᠭᠠᠨ ᠵᠠᠳᠠᠯᠤᠯ᠎ᠤᠨ ᠬᠦᠡᠭ᠌ᠭᠡᠨᠴᠠᠭᠠᠨ᠂ ᠲᠡᠮᠦᠷ᠎ᠤᠨ ᠬᠠᠢᠯᠤᠰᠢ᠂ ᠬᠤᠪᠤᠷ ᠱᠢᠷᠤᠢ᠎ᠶ᠋ᠢᠨ ᠨᠢᠭᠡᠳᠪᠦᠷᠢ ᠵᠡᠷᠭᠡ ᠶᠡᠭᠡ ᠬᠡᠮᠵᠢᠶᠡᠨ᠎ᠤ ᠠᠵᠤ ᠦᠢᠯᠡᠳᠪᠦᠷᠢ᠎ᠶ᠋ᠢᠨ ᠦᠢᠯᠡᠳᠭᠦᠨ᠎ᠤ ᠪᠦᠬᠦ᠌ ᠤᠯᠤᠰ᠎ᠤᠨ ᠵᠠᠬ᠎ᠠ ᠲᠡᠯᠭᠡᠭᠦᠷ᠎ᠲᠠᠬᠢ ᠡᠵᠡᠯᠡᠬᠦ᠌ ᠨᠤᠷᠮ᠎ᠠ ᠲᠤᠰ ᠲᠤᠰ 7.8%᠂ 20.3%᠂ 21.9%᠂ 33.4%᠂ 14.3%᠂ 31% ᠪᠠ 70.6% ᠎ᠳᠤ ᠬᠦᠷᠴᠦ᠍᠂ ᠤᠯᠤᠰ᠎ᠤᠨ ᠴᠢᠬᠤᠯᠠ ᠡᠨᠧᠷᠭᠢ᠎ᠶ᠋ᠢᠨ ᠰᠤᠷᠪᠤᠯᠵᠢ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠪᠤᠯᠪᠠ᠃ 

ᠠᠵᠤ ᠦᠢᠯᠡᠰ᠎ᠤᠨ ᠪᠦᠳᠦᠴᠡ ᠤᠯᠠᠮ ᠱᠢᠯᠢᠳᠡᠭ᠌ᠵᠢᠵᠦ᠍᠂ ᠦᠢᠯᠡᠳᠬᠦ᠌ ᠦᠢᠯᠡᠰ᠎ᠤᠨ ᠨᠡᠮᠡᠭ᠌ᠳᠡᠯ ᠦᠷᠳᠡᠭ ᠵᠢᠯ ᠲᠤᠮᠳᠠᠴᠢ᠎ᠪᠠᠷ 8% ᠤᠷᠴᠢᠮ ᠨᠡᠮᠡᠭ᠌ᠳᠡᠨ᠂ ᠱᠢᠨ᠎ᠡ᠎ᠪᠠᠷ ᠮᠠᠨᠳᠤᠵᠤ ᠪᠠᠢᠭ᠎ᠠ ᠠᠵᠤ ᠦᠢᠯᠡᠰ᠎ᠤᠨ ᠨᠡᠮᠡᠭ᠌ᠳᠡᠯ ᠦᠷᠳᠡᠭ ᠵᠢᠯ ᠲᠤᠮᠳᠠᠴᠢ᠎ᠪᠠᠷ 14% ᠤᠷᠴᠢᠮ ᠨᠡᠮᠡᠭ᠌ᠳᠡᠵᠦ᠍᠂ ᠴᠦᠮ ᠠᠵᠤ ᠦᠢᠯᠡᠳᠪᠦᠷᠢ᠎ᠶ᠋ᠢᠨ ᠨᠡᠮᠡᠭ᠌ᠳᠡᠯ ᠦᠷᠳᠡᠭ᠎ᠤᠨ ᠨᠡᠮᠡᠭ᠌ᠳᠡᠯ᠎ᠤᠨ ᠬᠤᠷᠳᠤᠴᠠ᠎ᠠᠴᠠ ᠦᠨᠳᠦᠷ ᠪᠤᠯᠪᠠ᠃ 

ᠦᠢᠯᠡᠳᠬᠦ᠌ ᠦᠢᠯᠡᠰ᠎ᠤᠨ ᠪᠡᠯᠡ ᠤᠷᠤᠭᠤᠯᠤᠯᠲᠠ᠎ᠶ᠋ᠢᠨ ᠡᠵᠡᠯᠡᠬᠦ᠌ ᠬᠠᠷᠢᠴᠠᠯ 2015 ᠤᠨ᠎ᠳᠤ 42% ᠪᠠᠢᠭ᠍ᠰᠠᠨ᠎ᠠᠴᠠ᠎ᠪᠠᠨ 2020 ᠤᠨ ᠪᠤᠯᠬᠤ᠎ᠳᠤ 51% ᠪᠤᠯᠤᠨ ᠲᠡᠭᠡᠭ᠌ᠰᠢᠯᠡᠵᠦ᠍᠂ ᠱᠢᠨ᠎ᠡ᠎ᠪᠠᠷ ᠮᠠᠨᠳᠤᠵᠤ ᠪᠠᠢᠭ᠎ᠠ ᠠᠵᠤ ᠦᠢᠯᠡᠰ᠎ᠤᠨ ᠪᠡᠯᠡ ᠤᠷᠤᠭᠤᠯᠤᠯᠲᠠ ᠵᠢᠯ ᠲᠤᠮᠳᠠᠴᠢ᠎ᠪᠠᠷ 18% ᠤᠷᠴᠢᠮ ᠨᠡᠮᠡᠭ᠌ᠳᠡᠵᠦ᠍᠂ 3000 ᠳ᠋ᠦᠡᠭ᠌ᠰᠢᠭᠤᠷ ᠲᠦᠭᠦᠷᠢᠭ᠎ᠢ ᠲᠠᠪᠠᠪᠠ᠃ ᠬᠤᠴᠤᠷᠤᠩᠭᠤᠢ ᠨᠡᠭᠦᠷᠡᠰᠦᠨ᠎ᠤ ᠦᠢᠯᠡᠳᠪᠦᠷᠢᠯᠡᠬᠦ᠌ ᠴᠢᠳᠠᠪᠤᠷᠢ᠎ᠶ᠋ᠢ 4639 ᠲᠦᠮᠡᠨ ᠲᠤᠨ᠂ ᠪᠤᠯᠤᠳ ᠲᠡᠮᠦᠷ᠎ᠤᠨ ᠦᠢᠯᠡᠳᠪᠦᠷᠢᠯᠡᠬᠦ᠌ ᠴᠢᠳᠠᠪᠤᠷᠢ᠎ᠶ᠋ᠢ 346 ᠲᠦᠮᠡᠨ ᠲᠤᠨ ᠪᠤᠴᠠᠭᠠᠨ ᠭᠠᠷᠭᠠᠵᠤ᠂ ᠤᠯᠤᠰ᠎ᠠᠴᠠ ᠪᠠᠭᠤᠯᠭᠠᠭ᠍ᠰᠠᠨ ᠨᠡᠭᠦᠷᠡᠰᠦ᠂ ᠪᠤᠯᠤᠳ ᠲᠡᠮᠦᠷ᠎ᠤᠨ ᠦᠯᠡᠭᠦᠳᠡᠭ᠌ᠰᠡᠨ ᠦᠢᠯᠡᠳᠪᠦᠷᠢᠯᠡᠯ᠎ᠤᠨ ᠴᠢᠳᠠᠪᠤᠷᠢ᠎ᠶ᠋ᠢ ᠱᠢᠭ᠌ᠰᠢᠭ᠌ᠳᠡᠭᠦᠯᠭᠦ᠌ ᠡᠭᠦᠷᠭᠡ᠎ᠶ᠋ᠢ ᠪᠡᠶᠡᠯᠡᠭᠦᠯᠪᠡ᠃ 

ᠦᠪᠡᠷᠳᠡᠭᠡᠨ ᠵᠠᠰᠠᠬᠤ ᠤᠷᠤᠨ᠎ᠤ ᠠᠵᠤ ᠠᠬᠤᠢ᠍ᠢᠯᠠᠯ᠎ᠤᠨ ᠮᠡᠷᠭᠡᠵᠢᠯ᠎ᠤᠨ ᠲᠦᠪ 220᠂ ᠦᠢᠯᠡᠳᠬᠦ᠌ ᠦᠢᠯᠡᠰ᠎ᠤᠨ ᠱᠢᠨ᠎ᠡ᠎ᠶ᠋ᠢ ᠡᠭᠦᠳᠬᠦ᠌ ᠲᠦᠪ 6 ᠎ᠶ᠋ᠢ ᠡᠭᠦᠳᠦᠨ ᠪᠠᠢᠭᠤᠯᠵᠤ᠂ ᠪᠤᠭᠤᠳᠤ᠎ᠶ᠋ᠢᠨ ᠬᠤᠪᠤᠷ ᠱᠢᠷᠤᠢ᠎ᠶ᠋ᠢᠨ ᠴᠢᠳᠠᠮᠵᠢᠳᠤ ᠮᠠᠲ᠋ᠧᠷᠢᠶᠠᠯ᠎ᠤᠨ ᠱᠢᠨ᠎ᠡ᠎ᠶ᠋ᠢ ᠡᠭᠦᠳᠬᠦ᠌ ᠲᠦᠪ᠎ᠨᠢ ᠤᠯᠤᠰ᠎ᠤᠨ ᠲᠡᠰ᠎ᠤᠨ ᠦᠢᠯᠡᠳᠬᠦ᠌ ᠦᠢᠯᠡᠰ᠎ᠤᠨ ᠱᠢᠨ᠎ᠡ᠎ᠶ᠋ᠢ ᠡᠭᠦᠳᠬᠦ᠌ ᠲᠦᠪ ᠪᠤᠯᠵᠤ᠂ ᠠᠵᠤ ᠠᠬᠤᠢ᠍ᠢᠯᠠᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ ᠲᠠᠰᠤᠷᠠᠯᠳᠠ ᠦᠭᠡᠢ ᠨᠡᠮᠡᠭ᠌ᠳᠡᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号