ᠤᠯᠤᠰ᠎ᠤᠨ ᠲᠤᠳᠤᠭᠠᠳᠦ᠎ᠶ᠋ᠢᠨ ᠶᠡᠭᠡ ᠤᠷᠴᠢᠯ᠎ᠳᠤ ᠪᠦᠬᠦ᠌ ᠲᠠᠯ᠎ᠠ᠎ᠪᠠᠷ ᠠᠭᠤᠰᠤᠯᠴᠠᠶ᠎ᠠ
2020-12-04 09:51:50
ᠵᠣᠬᠢᠶᠠᠭ᠍ᠴᠢ᠄
ᠵᠦ᠍ ᠱᠢᠶᠤᠤ ᠵᠢᠶᠦ᠋ᠨ ᠱᠢᠩ ᡁᠢ ᠽᠠᠩ
ᠣᠩᠱᠢᠭ᠍ᠰᠠᠨ ᠣᠳᠠᠭ᠎ᠠ᠄
★★★☆☆

【 ᠭᠤᠤᠯ ᠰᠠᠨᠠᠭᠤᠯᠤᠮᠵᠢ 】

● ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠳᠤ ᠭᠦᠨ ᠠᠭᠤᠰᠤᠯᠴᠠᠬᠤ᠎ᠨᠢ ᠥᠪᠥᠷ ᠮᠣᠩᠭᠤᠯ᠎ᠤᠨ ᠬᠠᠷᠢᠭᠤᠴᠠᠯᠭ᠎ᠠ ᠡᠭᠦᠷᠭᠡᠯᠡᠯ ᠪᠣᠯᠬᠤ᠎ᠪᠠᠷ ᠪᠠᠷᠠᠬᠤ ᠦᠭᠡᠢ ᠣᠷᠣᠨ ᠪᠦᠰᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠢᠯᠠᠰᠢ ᠥᠬᠡᠶ ᠶᠠᠪᠤᠬᠤ ᠵᠠᠮ ᠪᠣᠯᠤᠨ᠎ᠠ

● ᠥᠭᠡᠷᠡᠴᠢᠯᠡᠯᠲᠡ᠂ ᠨᠡᠭᠡᠭᠡᠯᠲᠡ᠂ ᠱᠢᠨ᠎ᠡ᠎ᠶ᠋ᠢ ᠡᠭᠦᠳᠬᠦ᠌᠎ᠪᠠᠷ ᠦᠨᠳᠦᠰᠦᠨ ᠬᠥᠳᠡᠯᠭᠡᠬᠦ᠌ ᠬᠦᠴᠦᠨ ᠪᠣᠯᠭᠠᠵᠤ᠂ ᠬᠠᠷᠢᠴᠠᠭᠤᠯᠤᠭ᠍ᠰᠠᠨ ᠳᠠᠪᠠᠭᠤᠯᠢᠭ᠎ᠲᠠᠭᠠᠨ ᠰᠠᠭᠤᠷᠢᠯᠠᠵᠤ᠂ ᠱᠢᠪᠲᠤᠯᠤᠯᠲᠠ᠎ᠶ᠋ᠢᠨ ᠴᠡᠭ᠎ᠢᠶᠠᠨ ᠣᠨᠣᠪᠴᠢᠲᠠᠶ ᠤᠯᠵᠦ᠍᠂ ᠱᠢᠨ᠎ᠡ ᠣᠷᠣᠨ ᠪᠠᠢᠷᠢ᠎ᠶ᠋ᠢ ᠲᠣᠭ᠍ᠲᠠᠭᠠᠵᠤ᠂ ᠱᠢᠨ᠎ᠡ ᠦᠨ᠎ᠡ ᠥᠷᠲᠡᠭ᠎ᠲᠠᠢ᠂ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠳᠤ ᠪᠦᠬᠦ᠌ ᠲᠠᠯ᠎ᠠ᠎ᠪᠠᠷ ᠠᠭᠤᠰᠤᠯᠴᠠᠵᠤ᠂ ᠬᠦᠭ᠌ᠵᠢᠯᠳᠡ᠎ᠶ᠋ᠢᠨ ᠰᠠᠨᠠᠭᠠᠴᠢᠯᠠᠭᠠᠳᠦ ᠡᠷᠭᠡ᠎ᠶ᠋ᠢ ᠪᠠᠳᠦ ᠡᠵᠡᠮᠱᠢᠪᠡᠯ ᠵᠤᠬᠢᠨ᠎ᠠ


ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠎ᠠᠴᠠ᠂ 《ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢᠶᠠᠷ ᠭᠤᠣᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠣᠰ ᠣᠷᠴᠢᠯ᠎ᠢᠶᠠᠷ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ ᠭᠡᠷᠡᠭ᠌ᠳᠠᠢ ᠁ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠡᠨᠡ ᠬᠦ᠌ ᠪᠠᠢᠯᠳᠤᠬᠤ ᠪᠤᠳᠤᠯᠭ᠎ᠠ᠎ᠶ᠋ᠢᠨ ᠰᠠᠭᠤᠷᠢ ᠴᠡᠭ᠎ᠢ ᠪᠠᠷᠢᠮᠲᠠᠯᠠᠵᠤ᠂ ᠪᠦᠷᠢᠨ ᠪᠦᠲᠦᠨ ᠳᠣᠲᠣᠭᠠᠳᠤ ᠬᠡᠷᠡᠭ᠌ᠴᠡᠭᠡ᠎ᠶ᠋ᠢᠨ ᠱᠢᠰᠲ᠋ᠧᠮ᠎ᠢ ᠲᠦᠷᠭᠡᠨ ᠪᠤᠢᠵᠢᠭᠤᠯᠵᠦ᠍᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠶ᠋ᠢ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠲᠠᠢ ᠣᠷᠭᠠᠨᠢᠭ᠎ᠢᠶᠠᠷ ᠤᠶᠠᠯᠳᠤᠭᠤᠯᠵᠤ᠂ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠬᠤ᠂ ᠴᠢᠨᠠᠷ ᠰᠠᠢᠲᠠᠶ ᠬᠠᠩᠭᠠᠯᠭ᠎ᠠ᠎ᠪᠠᠷ ᠱᠢᠨ᠎ᠡ ᠬᠡᠷᠡᠭ᠌ᠴᠡᠭᠡ᠎ᠶ᠋ᠢ ᠬᠥᠲᠥᠯᠥᠨ ᠳᠠᠭᠠᠭᠤᠯᠬᠤ ᠪᠠ ᠡᠭᠦᠳᠦᠨ ᠪᠦᠲᠦᠭᠡᠬᠦ᠌ ᠭᠡᠷᠡᠭ᠌ᠳᠠᠢ᠃ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢ ᠰᠠᠭᠠᠳ ᠦᠭᠡᠢ ᠨᠡᠪᠲᠡᠷᠡᠭᠦᠯᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠢ ᠠᠬᠢᠭᠤᠯᠵᠤ᠂ ᠬᠡᠷᠡᠭ᠌ᠯᠡᠭᠡ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠪᠡᠯᠡ ᠣᠷᠣᠭᠤᠯᠤᠯᠲᠠ᠎ᠶ᠋ᠢᠨ ᠣᠷᠣᠨ ᠵᠠᠶ᠎ᠶ᠋ᠢ ᠥᠷᠭᠡᠳᠭᠡᠬᠦ᠌ ᠬᠡᠷᠡᠭ᠌ᠲᠡᠶ》᠃ ᠡᠨᠡ ᠪᠣᠯ ᠰᠢ᠎ᠶ᠋ᠢᠨ ᠫᠢᠩ ᠨᠥᠬᠦᠷ᠎ᠢᠶᠠᠷ ᠭᠤᠤᠯ ᠪᠤᠯᠭᠠᠬ᠍ᠰᠠᠠ ᠨᠠᠮ᠎ᠤᠨ ᠲᠥᠪ ᠬᠤᠷᠢᠶᠠᠨ᠎ᠤ ᠬᠥᠭ᠌ᠵᠢᠯᠲᠡ᠎ᠶ᠋ᠢᠨ ᠪᠠᠢᠳᠠᠯ᠎ᠤᠨ ᠬᠤᠪᠢᠷᠠᠯᠲᠠ᠎ᠳᠤ ᠴᠢᠭ᠌ᠯᠡᠭᠦᠯᠦᠨ ᠭᠠᠷᠭᠠᠭ᠍ᠰᠠᠨ ᠪᠠᠢᠯᠳᠤᠬᠤ ᠪᠤᠳᠤᠯᠭ᠎ᠠ᠎ᠶ᠋ᠢᠨ ᠱᠢᠶᠳᠪᠦᠷᠢᠲᠦ ᠪᠤᠳᠤᠯᠭ᠎ᠠ ᠮᠥᠨ᠃ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠮᠠᠨ᠎ᠤ ᠤᠯᠤᠰ᠎ᠤᠨ ᠠᠵᠤ ᠠᠬᠤᠶ ᠨᠡᠢᠭᠡᠮ᠎ᠤᠨ ᠲᠣᠭ᠍ᠲᠠᠭᠤᠨ᠎ᠢᠶᠠᠷ ᠠᠯᠤᠰ᠎ᠢ ᠵᠤᠷᠢᠨ ᠠᠶᠠᠯᠠᠬᠤ᠎ᠳᠤ ᠴᠢᠭ᠌ᠯᠡᠯ᠎ᠢ ᠲᠣᠳᠣᠷᠬᠠᠶ ᠵᠢᠭᠠᠵᠤ ᠥᠭ᠌ᠴᠡᠶ᠃ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠳᠤ ᠭᠦᠨᠵᠡᠭᠡᠢ ᠠᠭᠤᠰᠤᠯᠴᠠᠬᠤ ᠪᠣᠯ ᠥᠪᠥᠷ ᠮᠣᠩᠭᠤᠯ᠎ᠤᠨ ᠬᠠᠷᠢᠭᠤᠴᠠᠯᠭ᠎ᠠ ᠡᠭᠦᠷᠭᠡᠯᠡᠯ ᠪᠣᠯᠬᠤ᠎ᠪᠠᠷ ᠪᠠᠷᠠᠬᠤ ᠦᠭᠡᠢ ᠪᠠᠰᠠ ᠣᠷᠣᠨ ᠪᠦᠰᠡ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠢᠯᠠᠰᠢ ᠦᠭᠡᠢ ᠶᠠᠪᠤᠬᠤ ᠵᠠᠮ ᠪᠣᠯᠤᠨ᠎ᠠ᠃ ᠪᠢᠳᠡ ᠥᠭᠡᠷᠡᠴᠢᠯᠡᠯᠲᠡ ᠬᠢᠬᠦ᠂ ᠨᠡᠭᠡᠭᠡᠯᠳᠠ ᠬᠢᠭᠦ᠌᠂ ᠱᠢᠨ᠎ᠡ᠎ᠶ᠋ᠢ ᠡᠭᠦᠳᠬᠦ᠌᠎ᠪᠠᠷ ᠦᠨᠳᠦᠰᠦᠨ ᠬᠥᠳᠡᠯᠭᠡᠬᠦ᠌ ᠬᠦᠴᠦᠨ ᠪᠣᠯᠭᠠᠵᠤ᠂ ᠬᠠᠷᠢᠴᠠᠭᠤᠯᠤᠭ᠍ᠰᠠᠨ ᠳᠠᠪᠠᠭᠤᠯᠢᠭ᠎ᠲᠠᠭᠠᠨ ᠰᠠᠭᠤᠷᠢᠯᠠᠵᠤ᠂ ᠱᠢᠪᠲᠤᠯᠤᠯᠲᠠ᠎ᠶ᠋ᠢᠨ ᠴᠡᠭ᠎ᠢᠶᠠᠨ ᠣᠨᠣᠪᠴᠢᠲᠠᠶ ᠤᠯᠵᠦ᠍᠂ ᠱᠢᠨ᠎ᠡ ᠣᠷᠣᠨ ᠪᠠᠢᠷᠢ᠎ᠶ᠋ᠢ ᠲᠣᠭ᠍ᠲᠠᠭᠠᠵᠤ᠂ ᠱᠢᠨ᠎ᠡ ᠦᠨ᠎ᠡ ᠦᠷᠲᠡᠭ᠎ᠲᠠᠢ ᠪᠠᠢᠵᠤ᠂ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠳᠤ ᠪᠦᠬᠦ᠌ ᠲᠠᠯ᠎ᠠ᠎ᠪᠠᠷ ᠠᠭᠤᠰᠤᠯᠴᠠᠵᠤ᠂ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠪᠠᠲᠤ ᠡᠵᠡᠮᠱᠢᠪᠡᠯ ᠵᠤᠬᠢᠨ᠎ᠠ ᠭᠡᠪᠡ᠃

ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠬᠦᠨᠵᠡᠭᠡᠢᠷᠡᠭᠦᠯᠦᠨ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠳᠤ ᠠᠭᠤᠰᠤᠯᠴᠠᠨ ᠠᠵᠤ ᠦᠢᠯᠡᠰ᠎ᠤᠨ ᠳᠠᠪᠠᠭᠤᠯᠢᠭ᠎ᠢ ᠪᠦᠷᠢᠯᠳᠦᠭᠦᠯᠤᠨ᠎ᠠ

ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢᠶᠠᠷ ᠭᠤᠤᠯ ᠴᠣᠭ᠍ᠴᠠ ᠪᠣᠯᠭᠠᠬᠤ᠎ᠨᠢ ᠲᠠᠷᠤᠢ ᠤᠯᠤᠰ᠎ᠤᠨ ᠳᠣᠲᠣᠭᠠᠳᠤ᠎ᠶ᠋ᠢᠨ ᠬᠡᠷᠡᠭ᠌ᠴᠡᠭᠡ᠎ᠶ᠋ᠢ ᠬᠠᠩᠭᠠᠬᠤ ᠶᠠᠪᠤᠳᠠᠯ᠎ᠢ ᠬᠥᠭ᠌ᠵᠢᠯᠲᠡ᠎ᠶ᠋ᠢᠨ ᠭᠠᠷᠤᠭ᠎ᠠ ᠪᠠ ᠵᠤᠷᠢᠯᠳᠠ ᠪᠣᠯᠭᠠᠵᠦ᠍ ᠪᠦᠷᠢᠨ ᠪᠦᠲᠦᠨ ᠠᠵᠤ ᠦᠢᠯᠡᠰ᠎ᠤᠨ ᠬᠡᠯᠬᠢᠶ᠎ᠡ᠎ᠶ᠋ᠢ ᠲᠦᠷᠭᠡᠳᠭᠡᠨ ᠪᠠᠢᠭᠤᠯᠬᠤ ᠶᠠᠪᠤᠳᠠᠯ ᠪᠤᠯᠤᠨ᠎ᠠ᠃ ᠦᠭᠡᠷ᠎ᠠ᠎ᠪᠠᠷ ᠭᠡᠯᠡᠪᠡᠯ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠪᠣᠯ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠳᠤ ᠠᠭᠤᠰᠤᠯᠴᠠᠬᠤ᠎ᠶ᠋ᠢᠨ ᠲᠡᠷᠢᠭᠦᠨ ᠴᠢᠬᠤᠯᠠ ᠡᠭᠦᠷᠭᠡ ᠮᠥᠨ᠂ ᠲᠡᠷᠡ᠎ᠨᠢ ᠵᠠᠬ᠎ᠠ ᠳᠡᠯᠭᠡᠭᠦᠷ᠎ᠤᠨ ᠲᠣᠭ᠍ᠲᠠᠴᠠ᠎ᠪᠠᠷ ᠳᠠᠮᠵᠢᠭᠤᠯᠤᠨ ᠣᠷᠣᠨ ᠪᠦᠰᠡ᠎ᠶ᠋ᠢᠨ ᠠᠵᠤ ᠠᠬᠤᠶ᠎ᠶ᠋ᠢᠨ ᠳᠣᠲᠣᠭᠠᠳᠤ ᠬᠡᠷᠡᠭ᠌ᠴᠡᠭᠡ᠎ᠶ᠋ᠢᠨ ᠠᠬᠤᠶ ᠪᠠᠢᠳᠠᠯ ᠳᠣᠤᠷᠠᠬᠢ ᠠᠵᠤ ᠦᠢᠯᠡᠰ᠎ᠤᠨ ᠠᠵᠢᠯ᠎ᠤᠨ ᠬᠤᠪᠢᠶᠠᠷᠢᠯᠠᠯ᠎ᠤᠨ ᠪᠠᠢᠷᠢ ᠰᠠᠭᠤᠷᠢ᠎ᠶ᠋ᠢ ᠡᠷᠢᠬᠦ᠌᠎ᠳᠤ ᠠᠱᠢᠭ᠍ᠲᠠᠶ ᠶᠤᠮ᠃ ᠨᠢᠭᠡ᠎ᠳᠤ᠂ ᠪᠦᠭᠦ᠌ ᠤᠯᠤᠰ᠎ᠤᠨ ᠠᠵᠤ ᠦᠢᠯᠡᠰ᠎ᠤᠨ ᠬᠡᠯᠬᠢᠶ᠎ᠠ᠂ ᠦᠷᠳᠡᠭ᠎ᠤᠨ ᠬᠡᠯᠬᠢᠶ᠎ᠠ᠎ᠶ᠋ᠢ ᠪᠠᠢᠭᠤᠯᠬᠤ᠎ᠶ᠋ᠢᠨ ᠲᠤᠭᠤᠷᠢᠨ᠎ᠳᠤ᠂ ᠪᠣᠳᠠᠲᠤ ᠴᠣᠭ᠍ᠴᠠ᠎ᠶ᠋ᠢᠨ ᠠᠵᠤ ᠠᠬᠤᠶ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠣᠳᠣ ᠦᠶ᠎ᠡ᠎ᠶ᠋ᠢᠨ ᠮᠥᠩᠭᠦᠨ ᠭᠦᠶᠯᠭᠡᠭᠡᠨ᠂ ᠬᠥᠮᠦᠨ᠎ᠤ ᠬᠦᠴᠦᠨ᠎ᠤ ᠡᠬᠢ ᠪᠠᠶᠠᠯᠢᠭ ᠬᠠᠮᠵᠢᠯᠴᠠᠨ ᠬᠥᠭ᠌ᠵᠢᠬᠦ᠌ ᠣᠳᠣ ᠦᠶ᠎ᠡ᠎ᠶ᠋ᠢᠨ ᠠᠵᠤ ᠦᠢᠯᠡᠰ᠎ᠤᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠤᠯᠠᠮᠵᠢᠯᠠᠯᠲᠤ ᠠᠵᠤ ᠦᠢᠯᠡᠰ᠎ᠤᠨ ᠳᠠᠪᠠᠭᠤᠯᠢᠭ᠎ᠢ ᠦᠷᠭᠦᠯᠵᠢᠯᠡᠨ ᠪᠠᠬᠢᠵᠢᠭᠦᠯᠵᠤ᠂ ᠱᠢᠨ᠎ᠡ᠎ᠪᠠᠷ ᠮᠠᠨᠳᠤᠬ᠍ᠰᠡᠨ ᠠᠵᠤ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠵᠤ᠂ ᠣᠨᠴᠠᠯᠢᠭ᠍ᠲᠤ ᠠᠵᠤ ᠦᠢᠯᠡᠰ᠎ᠤᠨ ᠰᠦᠷᠦᠭ᠌ᠵᠢᠯ᠎ᠢ ᠲᠦᠷᠭᠡᠳᠭᠡᠨ ᠪᠤᠢ ᠪᠣᠯᠭᠠᠵᠤ᠂ ᠬᠠᠩᠭᠠᠯᠭ᠎ᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ᠂ ᠠᠵᠤ ᠦᠢᠯᠡᠰ᠎ᠤᠨ ᠥᠷᠢᠰᠦᠯᠳᠦᠬᠦ᠌ ᠬᠦᠴᠦᠨ᠎ᠢ ᠴᠢᠩᠭᠠᠷᠠᠭᠤᠯᠤᠨ᠎ᠠ᠃ ᠬᠤᠶᠠᠷ᠎ᠲᠤ᠌᠂ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠠ ᠠᠵᠤ ᠦᠢᠯᠡᠰ᠎ᠤᠨ ᠬᠤᠪᠢᠰᠭᠠᠯ᠎ᠤᠨ ᠱᠢᠨ᠎ᠡ ᠠᠵᠠ ᠲᠣᠬᠢᠶᠠᠯ᠎ᠢ ᠠᠮᠵᠢᠵᠤ᠂ ᠣᠯᠠᠨ ᠤᠯᠤᠰ᠎ᠤᠨ ᠪᠠ ᠤᠯᠤᠰ᠎ᠤᠨ ᠳᠣᠲᠣᠭᠠᠳᠤ᠎ᠶ᠋ᠢᠨ ᠠᠵᠤ ᠦᠢᠯᠡᠰ᠎ᠤᠨ ᠮᠡᠷᠭᠡᠵᠢᠯ᠎ᠤᠨ ᠬᠥᠭ᠌ᠵᠢᠯᠲᠡ᠎ᠶ᠋ᠢᠨ ᠬᠠᠨᠳᠤᠰᠢ᠎ᠶ᠋ᠢ ᠡᠵᠡᠮᠳᠡᠵᠦ᠍᠂ ᠣᠳᠣ ᠦᠶ᠎ᠡ᠎ᠶ᠋ᠢᠨ ᠡᠨᠧᠷᠭᠢ᠎ᠶ᠋ᠢᠨ ᠠᠵᠤ ᠦᠢᠯᠡᠰ᠎ᠤᠨ ᠮᠡᠷᠭᠡᠵᠢᠯ᠎ᠤᠨ ᠱᠢᠰᠲ᠋ᠧᠮ᠂ ᠣᠳᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠡᠳ᠋ᠱᠢᠭᠦᠯᠭᠦ᠌ ᠠᠵᠤ ᠦᠢᠯᠡᠰ᠎ᠤᠨ ᠮᠡᠷᠭᠡᠵᠢᠯ᠎ᠤᠨ ᠱᠢᠰᠲ᠋ᠧᠮ᠂ ᠣᠳᠣ ᠦᠶ᠎ᠡ᠎ᠶ᠋ᠢᠨ ᠡᠷᠡᠭᠦᠯ ᠮᠡᠨᠳᠦ᠎ᠶ᠋ᠢᠨ ᠠᠵᠤ ᠦᠢᠯᠡᠰ᠎ᠤᠨ ᠮᠡᠷᠭᠡᠵᠢᠯ᠎ᠤᠨ ᠱᠢᠰᠲ᠋ᠧᠮ᠂ ᠣᠳᠣ ᠦᠶ᠎ᠡ᠎ᠶ᠋ᠢᠨ ᠪᠣᠬᠢᠷᠲᠤᠯ ᠦᠭᠡᠶ ᠠᠮᠢ ᠠᠬᠤᠶ᠎ᠶ᠋ᠢᠨ ᠠᠵᠤ ᠦᠢᠯᠡᠰ᠎ᠤᠨ ᠮᠡᠷᠭᠡᠵᠢᠯ᠎ᠤᠨ ᠱᠢᠰᠲ᠋ᠧᠮ᠂ ᠣᠳᠣ ᠦᠶ᠎ᠡ᠎ᠶ᠋ᠢᠨ ᠮᠠᠱᠢᠨ ᠲᠣᠨᠣᠭ᠍ᠯᠠᠯ᠎ᠤᠨ ᠠᠵᠤ ᠦᠢᠯᠡᠰ᠎ᠤᠨ ᠮᠡᠷᠭᠡᠵᠢᠯ᠎ᠤᠨ ᠱᠢᠰᠲ᠋ᠧᠮ᠂ ᠣᠳᠣ ᠦᠶ᠎ᠡ᠎ᠶ᠋ᠢᠨ ᠮᠠᠲ᠋ᠧᠷᠢᠶᠠᠯ᠎ᠤᠨ ᠠᠵᠤ ᠦᠢᠯᠡᠰ᠎ᠤᠨ ᠮᠡᠷᠭᠡᠵᠢᠯ᠎ᠤᠨ ᠱᠢᠰᠲ᠋ᠧᠮ᠎ᠤᠨ ᠪᠠᠢᠭᠤᠯᠤᠯᠲᠠ᠎ᠳᠤ ᠥᠷᠭᠡᠨ᠎ᠢᠶᠠᠷ ᠣᠷᠣᠯᠴᠠᠬᠤ ᠬᠡᠷᠡᠭ᠌ᠲᠡᠶ᠃ ᠭᠤᠷᠪᠠ᠎ᠳᠤ᠂ ᠠᠵᠤ ᠦᠢᠯᠡᠰ᠎ᠤᠨ ᠳᠡᠰ ᠳᠡᠪᠱᠢᠯᠳᠠ᠎ᠳᠤ ᠪᠦᠲᠦᠮᠵᠢᠲᠡᠶ ᠪᠡᠯᠡ ᠣᠷᠣᠭᠤᠯᠤᠯᠲᠠ᠎ᠶ᠋ᠢ ᠥᠷᠭᠡᠳᠭᠡᠵᠦ᠍᠂ ᠠᠵᠤ ᠦᠢᠯᠡᠰ᠎ᠤᠨ ᠲᠠᠪᠴᠠᠩ᠎ᠤᠨ ᠣᠯᠠᠨ ᠨᠡᠢᠲᠡ᠎ᠶ᠋ᠢᠨ ᠢᠵᠢ ᠪᠦᠷᠢᠳᠦᠭᠦᠯᠬᠦ᠌ ᠲᠥᠬᠦᠭᠡᠷᠦᠮᠵᠢ᠎ᠶ᠋ᠢᠨ ᠳᠤᠲᠠᠭᠤᠳᠠᠯ᠎ᠢ ᠨᠥᠬᠦᠪᠥᠷᠢᠯᠡᠵᠦ᠍᠂ ᠪᠠᠭᠤᠷᠠᠶ ᠲᠠᠯ᠎ᠠ᠎ᠶ᠋ᠢ ᠬᠦᠴᠦᠷᠬᠡᠭ᠌ᠵᠢᠭᠦᠯᠵᠦ᠍᠂ ᠪᠡᠯᠡ ᠣᠷᠣᠭᠤᠯᠤᠯᠲᠠ᠎ᠶ᠋ᠢᠨ ᠡᠷᠴᠢᠮ᠎ᠢᠶᠠᠨ ᠨᠡᠮᠡᠭ᠌ᠳᠡᠭᠦᠯᠦᠨ᠎ᠡ᠃ ᠳᠥᠷᠪᠡ᠎ᠳᠤ᠂ ᠵᠠᠬ᠎ᠠ ᠳᠡᠯᠭᠡᠭᠦᠷ᠎ᠤᠨ ᠡᠷᠬᠢᠯᠳᠠ ᠪᠠ ᠵᠠᠰᠠᠭ᠎ᠤᠨ ᠣᠷᠳᠣᠨ᠎ᠤ ᠵᠢᠯᠣᠭᠤᠳᠤᠯᠭ᠎ᠠ᠎ᠪᠠᠷ ᠳᠠᠮᠵᠢᠭᠤᠯᠤᠨ᠂ ᠤᠯᠤᠰ᠎ᠤᠨ ᠳᠣᠲᠣᠭᠠᠳᠤ᠎ᠶ᠋ᠢᠨ ᠶᠡᠭᠡ ᠤᠷᠴᠢᠯ᠎ᠳᠤ ᠠᠭᠤᠰᠤᠯᠴᠠᠬᠤ᠎ᠶ᠋ᠢ ᠠᠵᠤ ᠦᠢᠯᠡᠰ᠂ ᠠᠵᠤ ᠠᠬᠤᠢᠯᠠᠯ᠂ ᠦᠶᠯᠡᠳᠬᠦᠨ᠎ᠤ ᠶᠠᠰᠤ ᠴᠢᠨᠠᠷ ᠪᠣᠯᠤᠨ ᠲᠦᠷᠦᠯ ᠲᠡᠮᠳᠡᠭ᠎ᠤᠨ ᠴᠤᠬ᠍ᠴᠠᠯᠠᠯᠳᠠ ᠳᠡᠭᠡᠷ᠎ᠡ ᠨᠠᠢᠳᠠᠪᠤᠷᠢᠵᠢᠭᠤᠯᠵᠤ᠂ ᠶᠠᠰᠤ ᠴᠢᠨᠠᠷ᠎ᠢᠶᠠᠷ ᠲᠦᠷᠦᠯ ᠲᠡᠮᠳᠡᠭ ᠴᠤᠬ᠍ᠴᠠᠯᠠᠵᠤ᠂ ᠲᠦᠷᠦᠯ ᠲᠡᠮᠳᠡᠭ᠎ᠢᠶᠠᠷ ᠶᠠᠰᠤ ᠴᠢᠨᠠᠷ᠎ᠢ ᠠᠬᠢᠭᠤᠯᠵᠤ᠂ ᠣᠷᠣᠨ ᠪᠦᠰᠡ᠎ᠶ᠋ᠢᠨ ᠲᠦᠷᠦᠯ ᠲᠡᠮᠳᠡᠭ᠎ᠢᠶᠠᠷ ᠠᠵᠤ ᠦᠢᠯᠡᠰ ᠪᠠ ᠦᠢᠯᠡᠳᠬᠦᠨ᠎ᠤ ᠲᠦᠷᠦᠯ ᠲᠡᠮᠳᠡᠭ᠎ᠢ ᠳᠠᠢᠴᠢᠯᠠᠨ᠂ ᠶᠠᠰᠤ ᠴᠢᠨᠠᠷ ᠪᠠ ᠲᠦᠷᠦᠯ ᠲᠡᠮᠳᠡᠭ᠎ᠤᠨ ᠬᠠᠮᠲᠤᠷᠠᠨ ᠬᠥᠭ᠌ᠵᠢᠵᠦ᠍᠂ ᠠᠵᠤ ᠦᠢᠯᠡᠰ᠎ᠤᠨ ᠨᠥᠯᠥᠭᠡᠯᠡᠬᠦ᠌ ᠬᠦᠴᠦᠨ ᠪᠠ ᠥᠷᠢᠰᠦᠯᠳᠦᠬᠦ᠌ ᠬᠦᠴᠦᠨ᠎ᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭ᠌ᠲᠡᠶ᠃

ᠬᠡᠷᠡᠭ᠌ᠯᠡᠭᠡᠨ᠎ᠤ ᠳᠡᠰ ᠲᠠᠪᠱᠢᠯᠳᠠ᠎ᠶ᠋ᠢᠨ ᠱᠢᠨ᠎ᠡ ᠬᠠᠨᠳᠤᠰᠢ᠎ᠳᠤ ᠵᠣᠬᠢᠴᠠᠭᠤᠯᠤᠨ ᠤᠯᠤᠰ᠎ᠤᠨ ᠳᠣᠲᠣᠭᠠᠳᠤ᠎ᠶ᠋ᠢᠨ ᠬᠡᠷᠡᠭ᠌ᠯᠡᠭᠡᠨ᠎ᠤ ᠵᠠᠬ᠎ᠠ ᠳᠡᠯᠭᠡᠭᠦᠷ᠎ᠲᠤ ᠬᠦᠨᠵᠡᠭᠡᠢ ᠠᠭᠤᠰᠤᠯᠴᠠᠨ᠎ᠠ

ᠣᠳᠣᠬᠠᠨ᠎ᠳᠤ᠂ ᠰᠠᠭᠤᠭᠠᠯᠢ ᠠᠷᠠᠳ᠎ᠤᠨ ᠬᠤᠳᠠᠯᠳᠤᠨ ᠠᠪᠬᠤ ᠴᠢᠳᠠᠪᠤᠷᠢ ᠪᠣᠯᠤᠨ ᠬᠡᠷᠡᠭ᠌ᠴᠡᠭᠡᠨ᠎ᠤ ᠳᠡᠰ ᠳᠠᠪᠬᠤᠷᠭ᠎ᠠ ᠲᠠᠰᠤᠷᠠᠯᠲᠠ ᠦᠭᠡᠢ ᠳᠡᠭᠡᠭ᠌ᠰᠢᠯᠡᠬᠦ᠌᠎ᠶ᠋ᠢ ᠳᠠᠭᠠᠯᠳᠤᠨ᠂ ᠬᠡᠷᠡᠭ᠌ᠯᠡᠭᠡ ᠶᠠᠭ ᠲᠤᠭ᠎ᠠ ᠬᠡᠮᠵᠢᠶᠡᠨ᠎ᠤ ᠬᠡᠯᠪᠡᠷᠢ᠂ ᠣᠷᠣᠱᠢᠨ ᠲᠣᠭ᠍ᠲᠠᠨᠢᠬᠤ ᠬᠡᠯᠪᠡᠷᠢ᠂ ᠢᠳᠡᠵᠦ᠍ ᠡᠮᠦᠰᠭᠦ᠎ᠳᠡᠭᠡᠨ ᠵᠥᠪ ᠬᠡᠷᠡᠭ᠌ᠯᠡᠭᠡ᠎ᠠᠴᠠ ᠶᠠᠰᠤ ᠴᠢᠨᠠᠷ᠎ᠤᠨ ᠬᠡᠯᠪᠡᠷᠢ᠂ ᠬᠥᠭ᠌ᠵᠢᠯᠲᠡ᠎ᠶ᠋ᠢᠨ ᠬᠡᠯᠪᠡᠷᠢ᠂ ᠵᠢᠷᠭᠠᠵᠤ ᠴᠡᠩᠭᠡᠬᠦ᠌ ᠬᠡᠯᠪᠡᠷᠢ᠎ᠶ᠋ᠢᠨ ᠬᠡᠷᠡᠭ᠌ᠯᠡᠭᠡ ᠲᠡᠢᠰᠢ ᠬᠤᠪᠢᠷᠠᠵᠤ᠂ ᠰᠠᠭᠤᠭᠠᠯᠢ ᠠᠷᠠᠳ᠎ᠤᠨ ᠬᠡᠷ ᠪᠦᠯᠢ᠎ᠶ᠋ᠢᠨ ᠬᠡᠷᠡᠭ᠌ᠯᠡᠭᠡᠨ᠎ᠤ ᠶᠠᠰᠤ ᠴᠢᠨᠠᠷ ᠪᠣᠯᠤᠨ ᠠᠮᠤᠷ ᠲᠦᠪᠱᠢᠨ᠎ᠤ ᠲᠤᠬᠠᠶ ᠭᠤᠤᠯ ᠴᠣᠭ᠍ᠴᠠ᠎ᠶ᠋ᠢᠨ ᠤᠬᠠᠮᠰᠠᠷ ᠶᠠᠪᠤᠬᠤ ᠲᠤᠲᠤᠮ ᠴᠢᠩᠭᠠᠷᠠᠵᠤ᠂ ᠲᠠᠸᠠᠷ ᠪᠣᠯᠤᠨ ᠦᠶᠯᠡᠴᠢᠯᠡᠭᠡᠨ᠎ᠤ ᠶᠠᠰᠤ ᠴᠢᠨᠠᠷ᠎ᠤᠨ ᠱᠠᠭᠠᠷᠳᠠᠯᠭ᠎ᠠ ᠶᠠᠪᠤᠬᠤ ᠲᠤᠲᠤᠮ ᠦᠨᠳᠦᠷ ᠪᠤᠯᠪᠡ᠃ ᠬᠡᠷᠡᠭ᠌ᠴᠡᠭᠡ᠎ᠶ᠋ᠢᠨ ᠪᠦᠲᠦᠴᠡ ᠪᠣᠯᠤᠨ ᠬᠡᠷᠡᠭ᠌ᠯᠡᠭᠡᠨ᠎ᠤ ᠴᠢᠨᠠᠷ ᠴᠢᠨᠰᠠᠭ᠎ᠠ᠎ᠶ᠋ᠢᠨ ᠳᠡᠰ ᠳᠠᠪᠱᠢᠯᠲᠠ ᠪᠣᠯ ᠤᠯᠤᠰ ᠠᠷᠠᠳ᠎ᠤᠨ ᠠᠵᠤ ᠠᠬᠤᠶ᠎ᠶ᠋ᠢᠨ ᠰᠠᠢᠨ ᠣᠷᠴᠢᠯ᠎ᠢ ᠳᠠᠢᠴᠢᠯᠠᠬᠤ᠂ ᠤᠯᠤᠰ᠎ᠤᠨ ᠳᠣᠲᠣᠭᠠᠳᠤ ᠭᠠᠲᠠᠭᠠᠲᠤ᠎ᠶ᠋ᠢᠨ ᠬᠤᠤᠰ ᠣᠷᠴᠢᠯ᠎ᠢ ᠲᠦᠷᠭᠡᠳᠭᠡᠬᠦ᠌ ᠴᠢᠬᠤᠯᠠ ᠬᠥᠳᠡᠯᠭᠡᠭ᠌ᠴᠢ ᠬᠦᠴᠦᠨ ᠪᠣᠯᠤᠨ᠎ᠠ᠃ ᠬᠡᠷᠡᠭ᠌ᠯᠡᠭᠡᠨ᠎ᠤ ᠱᠢᠨ᠎ᠡ ᠣᠨᠴᠠᠯᠢᠭ᠂ ᠱᠢᠨ᠎ᠡ ᠬᠤᠪᠢᠷᠠᠯᠲᠠ᠂ ᠱᠢᠨ᠎ᠡ ᠬᠠᠨᠳᠤᠰᠢ᠎ᠳᠤ ᠵᠣᠬᠢᠴᠠᠬᠤ ᠪᠣᠯ ᠤᠯᠤᠰ᠎ᠤᠨ ᠳᠣᠲᠣᠭᠠᠳᠤ᠎ᠶ᠋ᠢᠨ ᠤᠯᠤᠰ ᠠᠷᠠᠳ᠎ᠤᠨ ᠠᠵᠤ ᠠᠬᠤᠢ᠎ᠶ᠋ᠢᠨ ᠶᠡᠭᠡ ᠣᠷᠴᠢᠯ᠎ᠳᠤ ᠠᠭᠤᠰᠤᠯᠴᠠᠬᠤ᠎ᠶ᠋ᠢᠨ ᠰᠠᠭᠤᠷᠢ ᠮᠥᠨ᠃ ᠨᠢᠭᠡ᠎ᠳᠤ᠂ ᠠᠷᠠᠳ᠎ᠤᠨ ᠠᠮᠢᠳᠤᠷᠠᠯ᠎ᠢ ᠪᠦᠬᠦ᠌ ᠲᠠᠯ᠎ᠠ᠎ᠪᠠᠷ ᠪᠠᠲᠤᠯᠠᠵᠤ᠂ ᠲᠡᠩᠴᠡᠭᠦᠷᠢᠲᠡᠶ ᠬᠥᠭ᠌ᠵᠢᠯᠲᠡ᠎ᠶ᠋ᠢ ᠠᠬᠢᠭᠤᠯᠬᠤ᠎ᠪᠠᠷ ᠵᠣᠷᠢᠯᠲᠠ᠎ᠪᠠᠨ ᠪᠣᠯᠭᠠᠵᠤ᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢ ᠲᠡᠭᠦᠯᠳᠡᠷᠵᠢᠭᠦᠯᠬᠦ᠌᠎ᠶ᠋ᠢ ᠨᠡᠩ ᠢᠯᠡᠭᠦᠤ ᠠᠩᠬᠠᠷᠴᠤ᠌᠂ ᠳᠠᠪᠬᠤᠷᠭ᠎ᠠ ᠪᠠ ᠬᠤᠳᠠ ᠬᠥᠳᠡᠭᠡ᠎ᠶ᠋ᠢᠨ ᠠᠱᠢᠭ ᠲᠤᠰᠠ᠎ᠶ᠋ᠢᠨ ᠪᠠᠢᠷᠢᠱᠢᠯ᠎ᠢ ᠵᠦᠶ ᠵᠣᠬᠢᠰᠲᠠᠶ ᠲᠣᠬᠢᠷᠠᠭᠤᠯᠤᠨ᠎ᠠ᠃ ᠬᠤᠲᠠ ᠣᠷᠣᠭ᠍ᠰᠠᠨ ᠮᠠᠯᠴᠢᠨ ᠲᠠᠷᠢᠶᠠᠴᠢᠨ᠂ ᠱᠢᠨ᠎ᠡ ᠬᠡᠯᠪᠡᠷᠢ᠎ᠶ᠋ᠢᠨ ᠲᠤᠰᠭᠠᠢ ᠮᠠᠯᠴᠢᠨ ᠲᠠᠷᠢᠶᠠᠴᠢᠨ᠂ ᠶᠡᠭᠡ ᠰᠤᠷᠭᠠᠭᠤᠯᠢ᠎ᠠᠴᠠ ᠲᠡᠭᠦᠰᠦᠭ᠌ᠰᠡᠳ᠎ᠢᠶᠠᠷ ᠭᠤᠤᠯ ᠪᠣᠯᠭᠠᠵᠤ᠂ ᠳᠤᠮᠳᠠ ᠵᠡᠷᠭᠡ᠎ᠶ᠋ᠢᠨ ᠣᠷᠣᠯᠭ᠎ᠠ᠎ᠲᠠᠢ ᠬᠠᠮᠲᠤᠯᠢᠭ᠎ᠢ ᠲᠠᠰᠤᠷᠠᠯᠲᠠ ᠥᠬᠡᠶ ᠪᠤᠵᠠᠭᠠᠢᠷᠠᠭᠤᠯᠤᠨ᠎ᠠ᠃ ᠠᠯᠪᠠᠲᠠᠨ᠎ᠤ ᠴᠠᠯᠢᠩ᠎ᠤᠨ ᠬᠡᠪ᠎ᠤᠨ ᠨᠡᠮᠡᠭ᠌ᠳᠡᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠵᠢᠯ ᠦᠢᠯᠡᠰ᠎ᠤᠨ ᠨᠢᠭᠡᠴᠢ᠎ᠶ᠋ᠢᠨ ᠴᠠᠯᠢᠩ᠎ᠤᠨ ᠳᠦᠷᠢᠮ᠎ᠢ ᠥᠭᠡᠷᠡᠴᠢᠯᠡᠵᠦ᠍᠂ ᠮᠡᠷᠭᠡᠵᠢᠯ ᠴᠢᠳᠠᠪᠤᠷᠢ᠎ᠲᠠᠢ ᠴᠢᠳᠠᠪᠤᠷᠢᠲᠠᠨ ᠪᠠ ᠲᠤᠰᠭᠠᠶ ᠮᠡᠷᠭᠡᠵᠢᠯ᠎ᠤᠨ ᠠᠵᠢᠯᠲᠠᠨ᠎ᠤ ᠴᠠᠯᠢᠩ᠎ᠤᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠬᠡᠷᠡᠭ᠌ᠯᠡᠭᠡᠨ᠎ᠤ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠦᠨ᠎ᠡ᠃ ᠬᠤᠶᠠᠷ᠎ᠲᠤ ᠠᠷᠠᠳ ᠣᠯᠠᠨ᠎ᠤ ᠬᠠᠩᠭᠠᠯᠳᠠ᠎ᠪᠠᠨ ᠤᠯᠵᠤ ᠲᠡᠢᠯᠦᠭᠡ ᠦᠭᠡᠢ ᠦᠨᠳᠦᠰᠦᠨ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠮᠢ ᠠᠬᠤᠶ᠎ᠶ᠋ᠢᠨ ᠲᠠᠷᠢᠶᠠᠯᠠᠩ ᠮᠠᠯ ᠠᠵᠤ ᠠᠬᠤᠶ᠂ ᠠᠮᠢ ᠠᠬᠤᠶ᠎ᠶ᠋ᠢᠨ ᠵᠢᠭᠤᠯᠴᠢᠯᠠᠯ᠎ᠤᠨ ᠦᠢᠯᠡᠰ᠂ ᠡᠷᠡᠭᠦᠯᠵᠢᠯ ᠠᠰᠠᠷᠠᠮᠵᠢ᠎ᠶ᠋ᠢᠨ ᠠᠵᠤ ᠦᠢᠯᠡᠰ ᠵᠡᠷᠭᠡ᠎ᠶ᠋ᠢ ᠬᠥᠭ᠌ᠵᠢᠭᠦᠯᠬᠦ᠌᠎ᠪᠠᠷ ᠳᠠᠮᠵᠢᠨ ᠪᠣᠬᠢᠷᠲᠤᠯ ᠦᠭᠡᠶ᠂ ᠠᠮᠤᠷ ᠲᠦᠪᠱᠢᠨ᠂ ᠡᠷᠡᠭᠦᠯ ᠴᠢᠭᠢᠷᠠᠭ᠂ ᠴᠢᠨᠠᠷ ᠰᠠᠢᠲᠠᠶ ᠬᠡᠷᠡᠭ᠌ᠯᠡᠭᠡᠨ᠎ᠤ ᠵᠦᠶᠯ ᠪᠣᠯᠤᠨ ᠦᠶᠯᠡᠴᠢᠯᠡᠭᠡᠨ᠎ᠤ ᠬᠠᠩᠭᠠᠯᠭ᠎ᠠ᠎ᠶ᠋ᠢ ᠪᠠᠳᠤᠯᠠᠵᠤ᠂ ᠤᠯᠤᠰ᠎ᠤᠨ ᠳᠣᠲᠣᠭᠠᠳᠤ᠎ᠶ᠋ᠢᠨ ᠨᠢᠭᠡᠨᠲᠡ ᠪᠠᠢᠭ᠎ᠠ ᠬᠡᠷᠡᠭ᠌ᠴᠡᠭᠡ ᠪᠠ ᠱᠢᠨ᠎ᠡ᠎ᠶ᠋ᠢ ᠡᠭᠦᠳᠬᠦ᠌ ᠬᠡᠷᠡᠭ᠌ᠴᠡᠭᠡ᠎ᠶ᠋ᠢ ᠨᠡᠩ ᠰᠠᠢᠲᠤᠷ ᠬᠠᠩᠭᠠᠵᠤ᠂ ᠠᠵᠤ ᠠᠬᠤᠶ᠎ᠶ᠋ᠢᠨ ᠦᠷᠭᠦᠯᠵᠢᠯᠡᠨ ᠡᠷᠡᠭᠦᠯ᠎ᠢᠶᠠᠷ ᠬᠥᠭ᠌ᠵᠢᠬᠦ᠌᠎ᠳᠤ ᠦᠵᠡᠭᠦᠯᠬᠦ᠌ ᠬᠡᠷᠡᠭ᠌ᠯᠡᠭᠡ᠎ᠶ᠋ᠢᠨ ᠦᠶᠯᠡᠳᠦᠯ᠎ᠢ ᠭᠦᠶᠴᠡᠳ ᠢᠯᠡᠷᠡᠭᠦᠯᠦᠨ᠎ᠡ᠃ ᠭᠤᠷᠪᠠ᠎ᠳᠤ ᠱᠢᠨ᠎ᠡ ᠬᠡᠯᠪᠡᠷᠢ᠎ᠶ᠋ᠢᠨ ᠬᠡᠷᠡᠭ᠌ᠯᠡᠭᠡ᠎ᠶ᠋ᠢ ᠢᠳᠡᠪᠬᠢᠲᠡᠢ ᠬᠥᠭ᠌ᠵᠢᠭᠦᠯᠵᠦ᠍᠂ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠬᠤ ᠪᠠ ᠰᠦᠯᠵᠢᠶᠡᠨ ᠳᠡᠭᠡᠷ᠎ᠡ ᠦᠶᠯᠡᠴᠢᠯᠡᠬᠦ᠌᠎ᠪᠠᠷ ᠲᠥᠯᠥᠭᠡᠯᠡᠭ᠌ᠴᠢ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠬᠡᠷᠡᠭ᠌ᠯᠡᠭᠡ᠎ᠶ᠋ᠢ ᠵᠣᠷᠢᠭ᠍ᠵᠢᠭᠤᠯᠤᠨ ᠬᠥᠭ᠌ᠵᠢᠭᠦᠯᠵᠦ᠍᠂ ᠪᠣᠬᠢᠷᠲᠤᠯ ᠦᠭᠡᠢ ᠬᠡᠷᠡᠭ᠌ᠯᠡᠭᠡ᠂ ᠴᠠᠭ᠎ᠢ ᠲᠠᠭᠠᠭ᠍ᠰᠠᠨ ᠬᠡᠷᠡᠭ᠌ᠯᠡᠭᠡ᠂ ᠲᠣᠭ᠍ᠲᠠᠮᠠᠯ ᠬᠡᠷᠡᠭ᠌ᠯᠡᠭᠡ᠂ ᠮᠡᠳᠡᠭᠡ ᠵᠠᠩᠭᠢ᠎ᠶ᠋ᠢᠨ ᠬᠡᠷᠡᠭ᠌ᠯᠡᠭᠡ᠂ ᠤᠶᠤᠯᠢᠭ ᠬᠡᠷᠡᠭ᠌ᠯᠡᠭᠡ ᠵᠡᠷᠭᠡ ᠱᠢᠨ᠎ᠡ᠎ᠪᠠᠷ ᠮᠠᠨᠳᠤᠬ᠍ᠰᠡᠨ ᠬᠡᠷᠡᠭ᠌ᠯᠡᠭᠡ᠎ᠶ᠋ᠢᠨ ᠬᠦᠷᠢᠶ᠎ᠡ᠎ᠶ᠋ᠢ ᠲᠦᠷᠭᠡᠪᠴᠢᠯᠡᠨ ᠥᠷᠭᠡᠳᠭᠡᠵᠦ᠍᠂ ᠡᠷᠡᠭᠦᠯ ᠮᠡᠨᠳᠦ᠂ ᠨᠠᠰᠤᠵᠢᠯ᠎ᠤᠨ ᠠᠰᠠᠷᠠᠮᠵᠢ᠂ ᠡᠮ ᠡᠮᠨᠡᠯᠭᠡ᠂ ᠰᠣᠶᠣᠯ᠂ ᠰᠤᠷᠭᠠᠨ ᠬᠥᠮᠦᠵᠢᠯ ᠵᠢᠴᠢ ᠠᠮᠤᠷ ᠲᠦᠪᠱᠢᠨ ᠵᠡᠷᠭᠡ ᠬᠦᠷᠢᠶᠡᠨ᠎ᠳᠠᠬᠢ ᠬᠡᠷᠡᠭ᠌ᠯᠡᠭᠡᠨ᠎ᠤ ᠪᠦᠲᠦᠮᠵᠢᠲᠡᠶ ᠬᠠᠩᠭᠠᠯᠭ᠎ᠠ᠎ᠶ᠋ᠢ ᠨᠡᠮᠡᠭ᠌ᠳᠡᠭᠦᠯᠵᠦ᠍᠂ ᠪᠦᠬᠦ᠌ ᠨᠡᠢᠭᠡᠮ᠎ᠤᠨ ᠬᠡᠷᠡᠭ᠌ᠯᠡᠭᠡᠨ᠎ᠤ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠣᠷᠣᠨ᠎ᠤ ᠳᠣᠲᠣᠷᠠᠬᠢ ᠵᠠᠬ᠎ᠠ ᠳᠡᠯᠭᠡᠭᠦᠷ᠎ᠢ ᠨᠢᠭᠡ ᠴᠣᠭ᠍ᠴᠠ ᠪᠣᠯᠭᠠᠨ ᠠᠭᠤᠰᠤᠯᠴᠠᠭᠤᠯᠤᠨ᠎ᠠ᠃

ᠬᠤᠳᠠᠯᠳᠤᠭ᠎ᠠ ᠡᠵᠡᠩᠨᠡᠬᠦ᠌ ᠰᠠᠢᠨ ᠰᠠᠢᠬᠠᠨ ᠣᠷᠴᠢᠨ ᠨᠦᠭᠦᠴᠡᠯ᠎ᠢ ᠪᠣᠶ ᠪᠣᠯᠭᠠᠨ ᠡᠯᠧᠮᠧᠨ᠋ᠲ᠎ᠤᠨ ᠲᠣᠬᠢᠷᠠᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠤᠨ᠎ᠠ

ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠤᠨ ᠪᠦᠷᠢᠯᠳᠦᠯ᠎ᠨᠢ᠂ ᠱᠢᠨ᠎ᠡ ᠨᠢᠭᠡ ᠡᠭᠡᠯᠵᠢ᠎ᠶ᠋ᠢᠨ ᠠᠵᠤ ᠦᠢᠯᠡᠰ᠎ᠤᠨ ᠱᠠᠲᠤᠯᠢᠭ ᠱᠢᠯᠵᠢᠯᠲᠡ᠎ᠶ᠋ᠢᠨ ᠡᠬᠢᠯᠡᠯᠲᠡ ᠪᠠ ᠠᠵᠤ ᠦᠢᠯᠡᠰ᠎ᠤᠨ ᠬᠤᠪᠢᠶᠠᠷᠢᠯᠠᠯ᠎ᠤᠨ ᠳᠠᠬᠢᠨ ᠪᠦᠷᠢᠯᠳᠦᠬᠦ᠌᠎ᠶ᠋ᠢ ᠬᠠᠷᠠᠭᠤᠯᠵᠤ᠂ ᠤᠯᠤᠰ᠎ᠤᠨ ᠳᠣᠲᠣᠭᠠᠳᠤ᠎ᠶ᠋ᠢᠨ ᠡᠯᠧᠮᠧᠨ᠋ᠲ᠎ᠤᠨ ᠣᠷᠴᠢᠯ ᠤᠯᠠᠮ ᠨᠢᠭᠡ ᠠᠯᠬᠤᠮ ᠲᠦᠷᠭᠡᠳᠬᠦ᠌᠎ᠶ᠋ᠢ ᠬᠠᠷᠠᠭᠤᠯᠵᠤ ᠪᠠᠢᠨ᠎ᠠ᠃ ᠥᠪᠥᠷ ᠮᠣᠩᠭᠤᠯ᠎ᠤᠨ ᠴᠢᠨᠠᠷ ᠰᠠᠢᠲᠠᠶ ᠬᠥᠭ᠌ᠵᠢᠯᠲᠡ᠎ᠨᠢ ᠬᠥᠷᠥᠩᠭᠡ᠂ ᠮᠡᠷᠭᠡᠵᠢᠯ᠂ ᠴᠢᠳᠠᠪᠤᠷᠢᠲᠠᠨ᠂ ᠵᠠᠬ᠎ᠠ ᠳᠡᠯᠭᠡᠭᠦᠷ ᠵᠡᠷᠭᠡ ᠡᠯᠧᠮᠧᠨ᠋ᠲ ᠳᠤᠲᠠᠭ᠍ᠳᠠᠵᠤ ᠪᠠᠢᠭ᠎ᠠ ᠥᠷᠢᠰᠥᠯᠳᠦᠭᠡᠨ᠎ᠳᠤ ᠲᠤᠯᠭᠠᠷᠠᠵᠤ᠂ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢᠶᠠᠷ ᠭᠤᠤᠯ ᠴᠣᠭ᠍ᠴᠠ ᠪᠣᠯᠭᠠᠭ᠍ᠰᠠᠨ ᠤᠯᠤᠰ᠎ᠤᠨ ᠳᠣᠲᠣᠭᠠᠳᠤ ᠭᠠᠲᠠᠭᠠᠲᠤ᠎ᠶ᠋ᠢᠨ ᠬᠤᠤᠰ ᠣᠷᠴᠢᠯ ᠬᠠᠷᠢᠯᠴᠠᠨ ᠠᠬᠢᠭᠤᠯᠬᠤ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠦᠷᠢᠯᠳᠦᠭᠦᠯᠵᠡᠶ᠃ ᠮᠠᠨ᠎ᠤ ᠣᠷᠣᠨ᠎ᠤ ᠡᠯᠧᠮᠧᠨ᠋ᠲ᠎ᠤᠨ ᠣᠷᠴᠢᠯ᠎ᠢ ᠱᠢᠯᠤᠭᠤᠳᠭᠠᠬᠤ ᠴᠢᠬᠤᠯᠠ ᠶᠡᠭᠡ ᠠᠵᠠ ᠲᠣᠬᠢᠶᠠᠯ ᠪᠣᠯᠤᠨ᠎ᠠ᠃ ᠬᠤᠳᠠᠯᠳᠤᠭ᠎ᠠ ᠡᠵᠡᠩᠨᠡᠬᠦ᠌ ᠣᠷᠴᠢᠨ ᠨᠦᠭᠦᠴᠡᠯ᠎ᠤᠨ ᠰᠠᠢᠨ ᠮᠠᠭᠤ᠎ᠨᠢ ᠠᠵᠤ ᠦᠢᠯᠡᠰ᠎ᠤᠨ ᠵᠠᠯᠭᠠᠮᠵᠢ ᠬᠦᠴᠦᠨ ᠵᠦᠶᠯ᠎ᠤᠨ ᠲᠥᠪᠯᠡᠷᠡᠯ ᠵᠢᠴᠢ ᠪᠦᠬᠦ᠌ ᠤᠯᠤᠰ᠎ᠤᠨ ᠠᠵᠤ ᠦᠢᠯᠡᠰ᠎ᠤᠨ ᠠᠵᠢᠯ᠎ᠤᠨ ᠬᠤᠪᠢᠶᠠᠷᠢ᠎ᠳᠠᠬᠢ ᠪᠠᠢᠷᠢ ᠰᠠᠭᠤᠷᠢ᠎ᠶ᠋ᠢ ᠲᠣᠭ᠍ᠲᠠᠭᠠᠨ᠎ᠠ᠃ ᠤᠯᠤᠰ᠎ᠤᠨ ᠳᠣᠲᠣᠭᠠᠳᠤ᠎ᠶ᠋ᠢᠨ ᠲᠤᠮᠤ ᠵᠠᠬ᠎ᠠ ᠳᠡᠯᠭᠡᠭᠦᠷ᠎ᠲᠤ ᠠᠭᠤᠰᠤᠨ ᠣᠷᠣᠬᠤ ᠵᠠᠩᠭᠢᠯᠠᠭ᠎ᠠ᠎ᠶ᠋ᠢᠨ ᠭᠤᠭ᠍ᠴᠤᠭ᠎ᠠ ᠮᠥᠨ᠃ ᠬᠠᠮᠢᠶ᠎ᠠ ᠪᠥᠬᠦᠶ ᠰᠤᠳᠤᠯᠭᠠᠨ᠎ᠠᠴᠠ ᠦᠵᠡᠪᠡᠯ᠂ ᠥᠪᠥᠷ ᠮᠣᠩᠭᠤᠯ᠎ᠤᠨ ᠭᠤᠤᠯ ᠪᠣᠯᠬᠤ ᠬᠤᠲᠠ᠎ᠶ᠋ᠢᠨ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠤᠨ ᠵᠢᠭᠠᠯᠲᠠ ᠲᠤᠭ᠎ᠠ ᠪᠥᠬᠦ᠌ ᠤᠯᠤᠰ᠎ᠤᠨ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠶ᠋ᠢᠨ ᠡᠮᠦᠨ᠎ᠡ 100 ᠬᠤᠲᠠ᠎ᠶ᠋ᠢᠨ ᠳᠤᠮᠳᠠ ᠳᠣᠤᠷᠠᠳᠤ ᠪᠠᠢᠷᠢ᠎ᠳᠤ ᠵᠢᠭ᠍ᠰᠠᠭᠠᠭ᠍ᠳᠠᠵᠠᠶ᠃ ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠭ᠍ᠰᠠᠨ ᠪᠠ ᠳᠡᠯᠡᠬᠡᠢᠵᠢᠭ᠌ᠰᠡᠨ ᠬᠤᠳᠠᠯᠳᠤᠭ᠎ᠠ ᠡᠵᠡᠩᠨᠡᠬᠦ᠌ ᠣᠷᠴᠢᠨ ᠨᠦᠭᠦᠴᠡᠯ᠎ᠢ ᠪᠦᠷᠢᠯᠳᠦᠭᠦᠯᠵᠤ᠂ ᠨᠢᠭᠡ ᠤᠳᠠᠭᠠᠨ᠎ᠤ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠵᠦ᠍᠂ ᠨᠢᠭᠡ ᠤᠳᠠᠭᠠᠨ᠎ᠤ ᠪᠣᠭᠤᠮᠲᠠ ᠱᠢᠪᠲᠤᠯᠬᠤ ᠳᠠᠢᠯᠠᠯᠳᠤᠭᠠᠨ ᠬᠢᠵᠦ᠍᠂ ᠣᠷᠣᠨ ᠨᠤᠲᠤᠭ᠎ᠤᠨ ᠬᠠᠮᠠᠭᠠᠯᠠᠬᠤ ᠦᠵᠡᠯ᠎ᠢ ᠡᠪᠳᠡᠵᠦ᠍᠂ ᠡᠯ᠎ᠡ ᠲᠥᠷᠥᠯ᠎ᠤᠨ ᠵᠠᠰᠠᠭ ᠵᠠᠬᠢᠷᠭᠠᠨ᠎ᠤ ᠬᠢᠵᠠᠭᠠᠷᠯᠠᠯ ᠪᠠ ᠡᠷᠬᠡ ᠲᠡᠭ᠌ᠰᠢ ᠪᠤᠰᠤ ᠥᠷᠢᠰᠥᠯᠳᠦᠭᠡᠨ᠎ᠢ ᠠᠷᠢᠯᠭᠠᠵᠤ᠂ ᠵᠦᠶ ᠵᠣᠬᠢᠰ ᠥᠬᠡᠶ ᠰᠦᠶᠳᠭᠡᠯ ᠬᠤᠷᠢᠶᠠᠯᠲᠠ᠎ᠶ᠋ᠢ ᠲᠦᠢᠯᠪᠤᠷᠢᠲᠠᠶ ᠢᠯᠭᠠᠷᠠᠭᠤᠯᠵᠤ᠂ ᠪᠥᠬᠦ᠌ ᠨᠡᠢᠭᠡᠮ᠎ᠤᠨ ᠠᠷᠠᠯᠵᠢᠶᠠᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ᠎ᠠ; ᠡᠯᠧᠮᠧᠨ᠋ᠲ᠎ᠤᠨ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠴᠢᠬᠤᠯᠠᠲᠠᠶ ᠬᠦᠴᠦᠨ ᠵᠦᠶᠯ᠎ᠤᠨ ᠴᠢᠯᠥᠭᠡᠲᠡᠶ ᠱᠢᠯᠵᠢᠬᠦ᠌᠎ᠶ᠋ᠢ ᠬᠠᠷᠱᠢᠯᠠᠬᠤ ᠡᠯ᠎ᠡ ᠲᠠᠯ᠎ᠠ᠎ᠶ᠋ᠢᠨ ᠬᠢᠵᠠᠭᠠᠷᠯᠠᠯ᠎ᠢ ᠠᠷᠢᠯᠭᠠᠵᠤ᠂ ᠨᠠᠵᠠᠭᠠᠶ ᠲᠠᠯ᠎ᠠ᠎ᠶ᠋ᠢᠨ ᠨᠠᠷᠢᠨ ᠲᠠᠩᠰᠠ᠂ ᠡᠷᠬᠡ᠎ᠶ᠋ᠢᠨ ᠨᠠᠷᠢᠨ ᠳᠠᠩᠰᠠ᠂ ᠬᠠᠷᠢᠭᠤᠴᠠᠯᠭ᠎ᠠ᠎ᠶ᠋ᠢᠨ ᠨᠠᠷᠢᠨ ᠲᠠᠩᠰᠠ᠎ᠪᠠᠷ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠎ᠤᠨ ᠵᠠᠭᠠᠭ᠎ᠢ ᠤᠯᠠᠮ ᠨᠢᠭᠡ ᠠᠯᠬᠤᠮ ᠲᠣᠳᠣᠷᠬᠠᠢᠯᠠᠵᠤ᠂ ᠥᠩᠭᠡᠷᠡᠭ᠌ᠰᠡᠨ᠎ᠳᠤ ᠨᠡᠭᠦᠷᠡᠰᠦᠨ᠎ᠤ ᠡᠬᠢ ᠪᠠᠶᠠᠯᠢᠭ᠎ᠲᠤ ᠲᠦᠱᠢᠭ᠌ᠯᠡᠨ ᠠᠷᠠᠯᠵᠢᠶᠠᠴᠢᠨ ᠤᠷᠢᠬᠤ᠂ ᠭᠠᠵᠠᠷ ᠱᠢᠷᠣᠢ᠎ᠶ᠋ᠢᠨ ᠡᠬᠢ ᠪᠠᠶᠠᠯᠢᠭ᠎ᠢᠶᠠᠷ ᠠᠷᠠᠯᠵᠢᠶᠠᠴᠢᠨ ᠤᠷᠢᠬᠤ᠂ ᠴᠠᠬᠢᠯᠭᠠᠨ᠎ᠤ ᠳᠣᠣᠷ᠎ᠠ ᠦᠨ᠎ᠡ᠎ᠪᠠᠷ ᠠᠷᠠᠯᠵᠢᠶᠠᠴᠢᠨ ᠤᠷᠢᠬᠤ ᠵᠡᠷᠭᠡ ᠬᠡᠯᠪᠡᠷᠢ᠎ᠶ᠋ᠢ᠎ᠨᠢ ᠥᠭᠡᠷᠡᠲᠡᠭᠦᠯᠦᠭ᠌ᠰᠡᠨ ᠵᠠᠰᠠᠭ᠎ᠤᠨ ᠣᠷᠳᠣᠨ᠎ᠠᠴᠠ ᠡᠬᠢ ᠪᠠᠶᠠᠯᠢᠭ᠎ᠢ ᠲᠣᠬᠢᠷᠠᠭᠤᠯᠬᠤ ᠠᠷᠭ᠎ᠠ ᠮᠠᠶᠢᠭ᠎ᠢ ᠬᠤᠪᠢᠷᠠᠭᠤᠯᠵᠤ᠂ ᠡᠬᠢ ᠪᠠᠶᠠᠯᠢᠭ᠎ᠢ ᠲᠣᠬᠢᠷᠠᠭᠤᠯᠬᠤ ᠡᠷᠬᠡ᠎ᠶ᠋ᠢ ᠠᠯᠢ ᠴᠢᠳᠠᠬᠤ᠎ᠪᠠᠷ ᠵᠠᠬ᠎ᠠ ᠳᠡᠯᠭᠡᠭᠦᠷ᠎ᠲᠤ ᠲᠤᠱᠢᠶᠠᠨ ᠥᠭ᠌ᠴᠦ᠂ ᠡᠷᠬᠡ ᠲᠡᠭ᠌ᠰᠢ᠎ᠪᠠᠷ ᠥᠷᠢᠰᠦᠯᠳᠦᠬᠦ᠌ ᠳᠦᠷᠢᠮ᠎ᠤᠨ ᠣᠷᠴᠢᠨ ᠲᠣᠭᠤᠷᠢᠨ᠎ᠢ ᠬᠦᠴᠦᠯᠡᠨ ᠬᠠᠮᠠᠭᠠᠯᠠᠵᠤ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ᠃

ᠤᠯᠤᠰ᠎ᠤᠨ ᠳᠣᠲᠣᠭᠠᠳᠤ᠎ᠶ᠋ᠢᠨ ᠠᠵᠤ ᠠᠬᠤᠶ᠎ᠶ᠋ᠢᠨ ᠣᠷᠴᠢᠯ᠎ᠳᠤ ᠵᠣᠬᠢᠴᠠᠭ᠍ᠰᠠᠨ ᠠᠵᠤ ᠠᠬᠤᠶ᠎ᠶ᠋ᠢᠨ ᠪᠠᠢᠷᠢᠱᠢᠭᠤᠯᠤᠯᠳᠠ᠎ᠶ᠋ᠢ ᠲᠦᠷᠭᠡᠳᠭᠡᠨ ᠲᠡᠭᠦᠯᠳᠡᠷᠵᠢᠭᠦᠯᠵᠤ ᠤᠯᠤᠰ᠎ᠤᠨ ᠳᠣᠲᠣᠭᠠᠳᠤ᠎ᠶ᠋ᠢᠨ ᠠᠵᠤ ᠠᠬᠤᠶ᠎ᠶ᠋ᠢᠨ ᠶᠡᠭᠡ ᠣᠷᠴᠢᠯ᠎ᠳᠤ ᠠᠭᠤᠰᠤᠯᠴᠠᠬᠤ ᠭᠤᠤᠯᠯᠠᠬ᠍ᠴᠢ ᠲᠠᠪᠴᠠᠩ᠎ᠢ ᠪᠦᠷᠢᠯᠳᠦᠭᠦᠯᠦᠨ᠎ᠡ

ᠢᠷᠡᠭᠡᠳᠦᠢ᠎ᠳᠤ ᠲᠥᠪ ᠬᠤᠲᠠ ᠪᠣᠯᠤᠨ ᠬᠤᠲᠠ᠎ᠶ᠋ᠢᠨ ᠰᠦᠷᠦᠭ᠌ᠵᠢᠯ᠎ᠨᠢ ᠬᠥᠭ᠌ᠵᠢᠯᠲᠡ᠎ᠶ᠋ᠢᠨ ᠬᠦᠴᠦᠨ ᠵᠦᠶᠯ᠎ᠢ ᠠᠴᠢᠶᠠᠯᠠᠬᠤ ᠭᠤᠤᠯ ᠣᠷᠣᠨ ᠵᠠᠶ᠎ᠶ᠋ᠢᠨ ᠠᠴᠢᠶᠠᠯᠠᠪᠤᠷᠢ ᠪᠣᠯᠤᠨ᠎ᠠ᠂ ᠡᠨᠡ᠎ᠨᠢ ᠨᠢᠭᠡᠳᠦᠯ᠎ᠲᠠᠢ ᠤᠯᠤᠰ᠎ᠤᠨ ᠳᠣᠲᠣᠭᠠᠳᠤ᠎ᠶ᠋ᠢᠨ ᠲᠣᠮᠣ ᠵᠠᠬ᠎ᠠ ᠳᠡᠯᠭᠡᠭᠦᠷ᠎ᠢ ᠪᠦᠷᠢᠯᠳᠦᠭᠦᠯᠬᠦ᠌ ᠵᠠᠩᠭᠢᠯᠠᠭ᠎ᠠ᠎ᠶ᠋ᠢᠨ ᠬᠦᠴᠦᠨ ᠪᠣᠯ ᠲᠥᠪ ᠬᠤᠲᠠ ᠪᠣᠯᠤᠨ ᠬᠤᠲᠠ᠎ᠶ᠋ᠢᠨ ᠰᠦᠷᠦᠭ᠌ᠵᠢᠯ ᠪᠣᠯᠤᠨ᠎ᠠ᠂ ᠦᠶᠯᠡᠳᠪᠦᠷᠢᠯᠡᠯ᠎ᠤᠨ ᠡᠯᠧᠮᠧᠨ᠋ᠲ ᠲᠥᠪ ᠬᠤᠲᠠ᠎ᠶ᠋ᠢᠨ ᠬᠤᠭᠤᠷᠣᠨᠳᠣ᠂ ᠬᠤᠲᠠ᠎ᠶ᠋ᠢᠨ ᠰᠦᠷᠦᠭ᠌ᠵᠢᠯ᠎ᠤᠨ ᠬᠤᠭᠤᠷᠣᠨᠳᠣ᠎ᠪᠠᠨ ᠨᠡᠩ ᠠᠷᠪᠢᠨ ᠱᠢᠯᠵᠢᠵᠦ᠍᠂ ᠰᠣᠯᠢᠯᠴᠠᠭ᠎ᠠ ᠬᠢᠬᠦ᠌ ᠪᠤᠯᠤᠨ᠎ᠠ ᠭᠡᠳᠡᠭ᠎ᠢ ᠬᠠᠷᠠᠭᠤᠯᠵᠤ ᠪᠠᠢᠨ᠎ᠠ᠃ ᠡᠨᠡ᠎ᠨᠢ ᠪᠠᠰᠠ ᠢᠷᠡᠭᠡᠳᠦᠶ᠎ᠶ᠋ᠢᠨ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠤᠨ ᠥᠷᠢᠰᠥᠯᠳᠦᠭᠡᠨ ᠪᠣᠯ ᠠᠵᠤ ᠦᠢᠯᠡᠰ᠎ᠤᠨ ᠬᠡᠯᠬᠢᠶ᠎ᠡ᠎ᠶ᠋ᠢᠨ ᠥᠷᠢᠰᠥᠯᠳᠦᠭᠡᠨ᠂ ᠠᠵᠤ ᠦᠢᠯᠡᠰ᠎ᠤᠨ ᠰᠦᠷᠦᠭ᠌ᠵᠢᠯ ᠪᠠ ᠠᠵᠤ ᠦᠢᠯᠡᠰ᠎ᠤᠨ ᠰᠦᠷᠦᠭ᠌ᠵᠢᠯ᠎ᠤᠨ ᠬᠤᠭᠤᠷᠣᠨᠳᠣᠬᠢ ᠥᠷᠢᠰᠥᠯᠳᠦᠭᠡᠨ ᠪᠣᠯᠬᠤ᠎ᠶ᠋ᠢ ᠬᠠᠷᠠᠭᠤᠯᠵᠤ ᠪᠠᠢᠨ᠎ᠠ᠃ ᠡᠢᠮᠦ᠎ᠠᠴᠠ᠂ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠳᠤ ᠵᠣᠬᠢᠴᠠᠭ᠍ᠰᠠᠨ ᠠᠵᠤ ᠠᠬᠤᠶ᠎ᠶ᠋ᠢᠨ ᠪᠠᠢᠷᠢᠱᠢᠯ᠎ᠢ ᠲᠡᠭᠦᠯᠳᠡᠷᠵᠢᠭᠦᠯᠬᠦ᠌ ᠪᠣᠯ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠳᠤ ᠠᠭᠤᠰᠤᠯᠴᠠᠬᠤ ᠭᠤᠤᠯ ᠭᠠᠷᠳᠠᠴᠠ ᠮᠥᠨ᠃ ᠨᠢᠭᠡ ᠲᠠᠯ᠎ᠠ᠎ᠪᠠᠷ ᠬᠥᠬᠡᠬᠤᠲᠠ ᠪᠤᠭᠤᠲᠤ ᠣᠷᠳᠣᠰ᠎ᠤᠨ ᠬᠤᠲᠠ᠎ᠶ᠋ᠢᠨ ᠰᠦᠷᠦᠭ᠌ᠵᠢᠯ᠎ᠢ ᠲᠦᠷᠭᠡᠪᠴᠢᠯᠡᠨ ᠪᠤᠢᠵᠢᠭᠤᠯᠤᠨ ᠬᠥᠭ᠌ᠵᠢᠭᠦᠯᠵᠦ᠍᠂ ᠬᠥᠬᠡᠬᠤᠲᠠ ᠪᠤᠭᠤᠲᠤ ᠣᠷᠳᠣᠰ ᠵᠢᠴᠢ ᠤᠯᠠᠭᠠᠨᠴᠠᠪ᠎ᠤᠨ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠵᠤ᠂ ᠮᠠᠨ᠎ᠤ ᠣᠷᠣᠨ᠎ᠤ ᠤᠯᠤᠰ᠎ᠤᠨ ᠳᠣᠲᠣᠭᠠᠳᠤ᠎ᠶ᠋ᠢᠨ ᠠᠵᠢᠯ᠎ᠤᠨ ᠬᠤᠪᠢᠶᠠᠷᠢᠯᠠᠯ᠎ᠤᠨ ᠱᠢᠰᠲ᠋ᠧᠮ᠎ᠳᠤ ᠣᠷᠣᠯᠴᠠᠬᠤ ᠭᠤᠤᠯ ᠲᠠᠪᠴᠠᠩ᠎ᠢ ᠪᠠᠢᠭᠤᠯᠤᠨ᠎ᠠ; ᠤᠯᠠᠭᠠᠨᠬᠠᠳᠠ᠂ ᠲᠦᠩᠯᠢᠶᠣᠤ ᠵᠡᠷᠭᠡ ᠣᠷᠣᠨ ᠪᠦᠰᠡ᠎ᠶ᠋ᠢᠨ ᠲᠥᠪ ᠬᠤᠲᠠ᠎ᠶ᠋ᠢᠨ ᠳᠠᠭᠠᠭᠠᠴᠠ ᠪᠠ ᠰᠠᠴᠤᠷᠠᠯᠲᠠ᠎ᠶ᠋ᠢᠨ ᠬᠦᠴᠦᠨ᠎ᠢ ᠪᠦᠬᠦ᠌ ᠬᠦᠴᠦᠨ᠎ᠢᠶᠠᠷ ᠳᠡᠭᠡᠭ᠌ᠰᠢᠯᠡᠭᠦᠯᠵᠦ᠍᠂ ᠮᠠᠨ᠎ᠤ ᠤᠯᠤᠰ᠎ᠤᠨ ᠵᠡᠭᠦᠨ ᠬᠤᠢᠲᠤ ᠣᠷᠣᠨ᠎ᠤ ᠴᠢᠬᠤᠯᠠ ᠣᠷᠣᠨ ᠪᠦᠰᠡ᠎ᠶ᠋ᠢᠨ ᠴᠢᠨᠠᠷᠲᠠᠢ ᠲᠥᠪ ᠬᠤᠳᠠ᠎ᠶ᠋ᠢ ᠪᠠᠢᠭᠤᠯᠤᠨ᠎ᠠ; ᠣᠯᠠᠨ ᠨᠡᠢᠲᠡ᠎ᠶ᠋ᠢᠨ ᠦᠶᠯᠡᠴᠢᠯᠡᠭᠡᠨ᠎ᠤ ᠪᠡᠯᠡᠳᠭᠡᠮᠵᠢ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ ᠬᠡᠪᠴᠢᠶ᠎ᠡ᠎ᠶ᠋ᠢ ᠥᠷᠭᠡᠳᠭᠡᠬᠦ᠂ ᠣᠷᠴᠢᠨ ᠲᠣᠭᠤᠷᠢᠨ᠎ᠤ ᠡᠷᠡᠭᠦᠯ ᠬᠠᠮᠠᠭᠠᠯᠠᠯ᠎ᠤᠨ ᠪᠡᠯᠡᠳᠭᠡᠮᠵᠢ᠎ᠶ᠋ᠢ ᠳᠡᠰ ᠳᠡᠪᠱᠢᠭᠦᠯᠬᠦ᠌ ᠴᠢᠳᠠᠪᠤᠷᠢ᠎ᠶ᠋ᠢ ᠥᠷᠭᠡᠳᠭᠡᠬᠦ᠂ ᠬᠤᠲᠠ᠎ᠶ᠋ᠢᠨ ᠶᠠᠪᠤᠳᠠᠯ᠎ᠤᠨ ᠨᠡᠢᠲᠡ᠎ᠶ᠋ᠢᠨ ᠬᠡᠷᠡᠭ᠌ᠯᠡᠭᠡᠨ᠎ᠤ ᠪᠡᠯᠡᠳᠭᠡᠮᠵᠢ᠎ᠶ᠋ᠢ ᠳᠡᠰ ᠳᠡᠪᠱᠢᠭᠦᠯᠬᠦ᠂ ᠠᠵᠤ ᠦᠢᠯᠡᠰ᠎ᠢ ᠪᠤᠢᠵᠢᠭᠤᠯᠬᠤ ᠪᠡᠯᠡᠳᠭᠡᠮᠵᠢ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠲᠠᠢ ᠤᠶᠠᠯᠳᠤᠭᠤᠯᠤᠨ᠂ ᠤᠯᠠᠨ ᠵᠦᠶᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠪᠡᠯᠡ ᠣᠷᠣᠭᠤᠯᠤᠯᠲᠠ᠎ᠶ᠋ᠢ ᠴᠢᠩᠭᠠᠳᠭᠠᠵᠤ᠂ ᠬᠥᠭ᠌ᠵᠢᠯᠲᠡ᠎ᠶ᠋ᠢᠨ ᠲᠠᠪᠴᠠᠩ᠎ᠤᠨ ᠬᠦᠴᠦᠨ ᠵᠦᠶᠯ᠎ᠢ ᠲᠥᠪᠯᠡᠷᠡᠭᠦᠯᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠨᠥᠭᠦᠭᠡ ᠲᠠᠯ᠎ᠠ᠎ᠪᠠᠷ᠂ ᠤᠯᠤᠰ᠎ᠠᠴᠠ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠵᠣᠯᠭᠠᠭᠤᠯᠵᠤ᠂ ᠱᠢᠨ᠎ᠡ ᠨᠢᠭᠡ ᠡᠭᠡᠯᠵᠢ᠎ᠶ᠋ᠢᠨ ᠪᠡᠭᠡᠵᠢᠩ᠎ᠤᠨ ᠨᠡᠢᠰᠯᠡᠯ᠎ᠤᠨ ᠪᠤᠰᠤ ᠴᠢᠳᠠᠮᠵᠢ᠎ᠶ᠋ᠢ ᠲᠠᠷᠬᠠᠭᠠᠨ ᠵᠣᠬᠢᠴᠠᠭᠤᠯᠬᠤ᠎ᠶ᠋ᠢᠨ ᠲᠣᠭᠤᠷᠢᠨ᠎ᠳᠤ᠂ ᠪᠡᠭᠡᠵᠢᠩ ᠥᠪᠥᠷ ᠮᠣᠩᠭᠤᠯ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠪᠡᠭᠡᠵᠢᠩ ᠲᠢᠶᠠᠨᠵᠢᠨ᠎ᠤ ᠡᠷᠭᠢᠨ ᠲᠣᠭᠤᠷᠢᠨ᠎ᠤ ᠣᠷᠣᠨ ᠪᠦᠰᠡ᠎ᠶ᠋ᠢ ᠵᠣᠷᠢᠭ᠍ᠵᠢᠭᠤᠯᠤᠨ ᠠᠵᠤ ᠦᠢᠯᠡᠰ᠎ᠤᠨ ᠱᠢᠯᠵᠢᠯᠲᠡ᠂ ᠣᠯᠠᠨ ᠨᠡᠢᠲᠡ᠎ᠶ᠋ᠢᠨ ᠦᠶᠯᠡᠴᠢᠯᠡᠭᠡᠨ᠎ᠤ ᠱᠢᠯᠵᠢᠯᠲᠡ᠎ᠶ᠋ᠢ ᠶᠡᠭᠡ᠎ᠪᠠᠷ ᠳᠠᠭᠠᠭᠠᠨ ᠠᠪᠴᠤ᠌᠂ ᠪᠡᠭᠡᠵᠢᠩ ᠲᠢᠶᠠᠨᠵᠢᠨ ᠾᠧᠪᠧᠶ᠎ᠶ᠋ᠢᠨ 《ᠢᠳᠡᠱᠢᠨ ᠨᠣᠭᠤᠭ᠎ᠠ》᠂ 《ᠠᠷᠤ ᠴᠡᠴᠡᠷᠯᠢᠭ》᠂ 《ᠵᠢᠭᠤᠯᠴᠢᠯᠠᠯ᠎ᠤᠨ ᠡᠷᠡᠭᠦᠯᠵᠢᠯ ᠰᠤᠪᠢᠯᠠᠯᠲᠠ᠎ᠶ᠋ᠢᠨ ᠰᠠᠭᠤᠷᠢᠨ》 ᠪᠣᠯᠤᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠢᠵᠢ ᠪᠦᠷᠢᠳᠦᠭᠦᠯᠬᠦ᠌ ᠰᠠᠭᠤᠷᠢᠨ᠎ᠢ ᠪᠦᠲᠦᠭᠡᠨ ᠪᠠᠢᠭᠤᠯᠤᠨ᠎ᠠ᠃

(ᠵᠣᠬᠢᠶᠠᠭ᠍ᠴᠢ᠎ᠶ᠋ᠢᠨ ᠪᠠᠢᠭᠤᠯᠭ᠎ᠠ᠄ ᠥᠪᠥᠷ ᠮᠣᠩᠭᠤᠯ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠡᠳᠡᠭᠡᠳ᠎ᠤᠨ᠎ᠬᠢᠨ᠎ᠤ ᠬᠤᠯᠪᠣᠭᠠᠲᠤ ᠬᠤᠷᠠᠯ)


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号