《ᠢᠲᠡᠭᠡᠯ ᠵᠣᠷᠢᠭ ᠣᠶᠤᠨ ᠤᠬᠠᠭᠠᠨ᠎ᠢ ᠵᠡᠷᠭᠡ᠎ᠪᠠᠷ ᠲᠡᠳᠬᠦᠬᠦ᠌》 ᠎ᠪᠠᠷ ᠶᠠᠳᠠᠭᠤ᠎ᠠᠴᠠ ᠠᠩᠭᠢᠵᠢᠷᠠᠭᠤᠯᠬᠤ᠎ᠶ᠋ᠢ ᠠᠬᠢᠭᠤᠯᠵᠤ ᠴᠢᠨᠡᠭᠡᠯᠢᠭ ᠨᠡᠢᠭᠡᠮ ᠵᠦᠭ ᠤᠷᠤᠭ᠍ᠰᠢᠯᠠᠨ᠎ᠠ — ᠣᠷᠴᠣᠨ᠎ᠤ ᠥᠪᠡᠷᠲᠡᠭᠡᠨ ᠵᠠᠰᠠᠬᠤ ᠬᠤᠱᠢᠭᠤᠨ᠎ᠤ ᠨᠣᠮᠢᠨ ᠪᠠᠯᠭᠠᠰᠤᠨ᠎ᠤ ᠬᠤᠩ ᠱᠧᠩ ᠲᠣᠰᠭᠤᠨ᠎ᠤ ᠶᠠᠳᠠᠭᠤ᠎ᠠᠴᠠ ᠠᠩᠭᠢᠵᠢᠷᠠᠭᠤᠯᠤᠬ᠍ᠰᠠᠨ ᠠᠮᠵᠢᠯᠳᠠ ᠪᠥᠳᠥᠮᠵᠢ᠎ᠶ᠋ᠢᠨ ᠲᠤᠬᠠᠢ ᠱᠢᠷᠪᠢᠯᠳᠠ
2020-12-05 12:14:46
ᠵᠣᠬᠢᠶᠠᠭ᠍ᠴᠢ᠄
ᠪᠤᠤ ᠥᠷᠭᠡᠨ
ᠣᠩᠱᠢᠭ᠍ᠰᠠᠨ ᠣᠳᠠᠭ᠎ᠠ᠄
★★★☆☆

ᠬᠤᠩ ᠱᠧᠩ ᠲᠣᠰᠭᠤᠨ ᠪᠤᠯ ᠬᠥᠯᠥᠨ ᠪᠤᠢᠷ ᠬᠤᠳᠠ᠎ᠶ᠋ᠢᠨ ᠣᠷᠴᠣᠨ᠎ᠤ ᠥᠪᠡᠷᠲᠡᠭᠡᠨ ᠵᠠᠰᠠᠬᠤ ᠬᠤᠱᠢᠭᠤᠨ᠎ᠤ ᠨᠣᠮᠢᠨ ᠪᠠᠯᠭᠠᠰᠤᠨ᠎ᠤ ᠪᠠᠷᠠᠭᠤᠨ ᠲᠠᠯ᠎ᠠ᠎ᠳᠤ ᠪᠠᠢᠷᠢᠯᠠᠵᠤ᠂ ᠬᠠᠷᠢᠶ᠎ᠠ ᠣᠷᠣᠨ᠎ᠤ ᠲᠠᠯᠠᠪᠠᠶ᠎ᠨᠢ 3.2 ᠲᠡᠭ᠌ᠰᠢ ᠳᠥᠷᠪᠡᠯᠵᠢᠨ ᠺᠢᠯᠣᠮᠧᠲᠷ᠂ ᠲᠤᠰᠭᠤᠨ᠎ᠤ 409 ᠡᠷᠦᠬᠡ᠎ᠶ᠋ᠢᠨ 976 ᠬᠥᠮᠦᠨ ᠠᠮᠠ᠎ᠶ᠋ᠢᠨ ᠳᠤᠲᠤᠷ᠎ᠠ 93 ᠡᠷᠦᠬᠡ᠎ᠶ᠋ᠢᠨ 234 ᠬᠥᠮᠥᠨ ᠠᠮᠠ᠎ᠨᠢ ᠶᠠᠳᠠᠭᠤ ᠬᠦᠴᠢᠷᠳᠡᠯᠲᠡᠶ ᠡᠷᠦᠬᠡ ᠪᠠᠢᠪᠠ᠃ ᠲᠤᠰ ᠲᠤᠰᠭᠤᠨ᠎ᠤ ᠶᠠᠳᠠᠭᠤ ᠬᠦᠴᠢᠷᠳᠡᠯ ᠡᠭᠦᠰᠭᠦ ᠨᠣᠷᠮ᠎ᠠ᠎ᠨᠢ 36.4% ᠪᠠᠢᠭ᠍ᠰᠠᠨ᠎ᠠᠴᠠ᠎ᠪᠠᠨ 0.45% ᠪᠣᠯᠤᠨ ᠪᠠᠭᠤᠷᠠᠵᠤ᠂ 2019 ᠣᠨ᠎ᠳᠤ ᠬᠥᠳᠡᠭᠡ ᠲᠣᠰᠭᠤᠨ᠎ᠤ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 9800 ᠲᠥᠭᠦᠷᠢᠭ᠎ᠲᠤ ᠬᠦᠷᠴᠦ᠍᠂ 2020 ᠣᠨ᠎ᠳᠤ 《ᠢᠲᠡᠭᠡᠯ ᠵᠣᠷᠢᠭ ᠣᠶᠤᠨ ᠤᠬᠠᠭᠠᠨ᠎ᠢ ᠵᠡᠷᠭᠡ᠎ᠪᠠᠷ ᠲᠡᠳᠬᠦᠬᠦ᠌》 ᠎ᠪᠠᠷ ᠶᠠᠳᠠᠭᠤ᠎ᠠᠴᠠ ᠠᠩᠭᠢᠵᠢᠷᠠᠭᠤᠯᠬᠤ ᠠᠵᠢᠯᠯᠠᠭ᠎ᠠ᠎ᠪᠠᠨ ᠥᠷᠬᠦᠯᠵᠢᠯᠠᠨ ᠡᠷᠴᠢᠮᠳᠠᠢ ᠠᠬᠢᠭᠤᠯᠵᠦ᠍᠂ ᠬᠥᠮᠦᠨ ᠳᠤᠮᠳᠠᠴᠢ᠎ᠶ᠋ᠢᠨ ᠣᠷᠣᠯᠭ᠎ᠠ᠎ᠶ᠋ᠢ 14500 ᠲᠥᠭᠦᠷᠢᠭ᠎ᠲᠤ ᠬᠦᠷᠭᠡᠬᠦ᠌᠎ᠪᠠᠷ ᠬᠥᠴᠥᠯᠠᠨ ᠴᠢᠷᠮᠠᠢᠵᠥ᠍ ᠪᠤᠢ᠃

ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠎ᠶ᠋ᠢ ᠳᠣᠪᠤᠢᠯᠭᠠᠵᠤ᠂ ᠰᠡᠳᠭᠢᠯ᠎ᠢᠶᠠᠨ ᠨᠢᠭᠡᠳᠭᠡᠨ ᠬᠦᠴᠦ᠎ᠪᠠᠨ ᠬᠠᠮᠲᠤᠳᠭᠠᠵᠤ ᠶᠠᠳᠠᠭᠤᠷᠠᠯ᠎ᠤᠨ ᠦᠨᠳᠦᠰᠦ᠎ᠶ᠋ᠢ ᠠᠷᠢᠯᠭᠠᠵᠥ᠍ ᠪᠤᠢ᠃ ᠲᠤᠰ ᠲᠤᠰᠭᠤᠨ᠎ᠤ ᠬᠡᠰᠡᠭ ᠶᠠᠳᠠᠭᠤ ᠬᠦᠴᠢᠷᠳᠡᠯᠲᠡᠶ ᠣᠯᠠᠨ ᠲᠦᠮᠡᠨ᠎ᠳᠤ 《ᠬᠦᠯᠢᠶᠡᠬᠦ᠂ ᠲᠦᠱᠢᠭ᠌ᠯᠡᠬᠦ᠂ ᠠᠪᠬᠤ》 ᠦᠵᠡᠯ ᠰᠠᠨᠠᠭ᠎ᠠ ᠬᠦᠨᠳᠦ ᠨᠣᠴᠢᠲᠠᠶ ᠪᠠᠢᠵᠤ᠂ ᠣᠳᠣᠬᠠᠨ᠎ᠤ ᠪᠠᠢᠳᠠᠯ᠎ᠳᠠᠭᠠᠨ ᠰᠡᠳᠭᠢᠯ ᠬᠠᠨᠤᠵᠤ᠂ ᠶᠠᠳᠠᠭᠤ᠎ᠠᠴᠠ ᠠᠩᠭᠢᠵᠢᠷᠠᠭᠤᠯᠬᠤ ᠪᠡᠶᠡᠴᠢ ᠴᠢᠳᠠᠮᠠᠭᠠᠶ ᠴᠢᠨᠠᠷ ᠰᠦᠷᠡᠬᠡᠢ ᠳᠤᠲᠠᠭ᠍ᠳᠠᠵᠤ ᠪᠠᠢᠯ᠎ᠠ᠃ ᠲᠠᠳᠠᠨ᠎ᠤ 《ᠴᠢᠨᠡᠭᠡᠯᠢᠭ᠌ᠵᠢᠬᠦ᠌᠎ᠶ᠋ᠢ ᠬᠦᠰᠡᠬᠦ᠌ ᠦᠭᠡᠢ》᠂ 《ᠶᠠᠳᠠᠭᠤ᠎ᠠᠴᠠ ᠠᠩᠭᠢᠵᠢᠷᠠᠭᠤᠯᠬᠤ᠎ᠳᠤ ᠬᠦᠴᠦᠯᠠᠨ ᠴᠢᠷᠮᠠᠢᠬᠤ ᠥᠭᠡᠢ》 ᠰᠡᠳᠭᠢᠯᠭᠡ᠎ᠪᠠᠷ ᠡᠳᠦᠷ ᠥᠩᠭᠡᠷᠡᠭᠡᠵᠦ᠍᠂ ᠶᠠᠳᠠᠭᠤ᠎ᠶ᠋ᠢ ᠲᠡᠳᠬᠦᠬᠦ᠌ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠳᠤ ᠯᠠ ᠲᠥᠱᠢᠭ᠌ᠯᠡᠬᠦ᠌ ᠬᠤᠴᠣᠷᠤᠩᠭᠤᠶ ᠦᠵᠡᠯ ᠰᠠᠨᠠᠭ᠎ᠠ᠎ᠶ᠋ᠢ ᠬᠤᠪᠢᠷᠠᠭᠤᠯᠬᠤ᠎ᠶ᠋ᠢᠨ ᠲᠥᠯᠥᠭᠡ᠂ ᠲᠤᠰ ᠲᠤᠰᠭᠤᠨ᠎ᠤ ᠬᠠᠷᠢᠭᠤᠴᠠᠯᠭᠠᠳᠠᠳ 《ᠢᠲᠡᠭᠡᠯ ᠵᠣᠷᠢᠭ ᠣᠶᠤᠨ ᠤᠬᠠᠭᠠᠨ᠎ᠢ ᠵᠡᠷᠭᠡ᠎ᠪᠠᠷ ᠲᠡᠳᠬᠦᠬᠦ᠌》 ᠎ᠪᠠᠷ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠢ ᠠᠬᠢᠭᠤᠯᠵᠠᠢ᠃

《ᠤᠯᠤᠰ᠎ᠠᠴᠠ ᠡᠢᠮᠦ᠍ ᠰᠠᠢᠨ ᠲᠥᠷᠥ᠎ᠶ᠋ᠢᠨ ᠪᠣᠳᠣᠯᠭ᠎ᠠ ᠭᠡᠷᠡᠭ᠌ᠵᠢᠬᠦᠯᠵᠦ᠍ ᠪᠠᠢᠬᠤ᠎ᠳᠤ ᠶᠠᠳᠠᠭᠤ ᠬᠦᠴᠢᠷᠳᠡᠯᠲᠡᠶ ᠡᠷᠦᠬᠡ ᠪᠣᠯᠤᠭ᠍ᠰᠠᠨ᠎ᠤ ᠬᠤᠪᠢ᠎ᠳᠤ᠂ ᠪᠢ ᠣᠯᠠᠨ᠎ᠢ ᠬᠤᠢᠰᠢ ᠲᠠᠲᠠᠬᠤ᠎ᠠᠴᠠ ᠡᠪ ᠦᠭᠡᠢᠷᠡᠨ᠎ᠠ᠂ ᠭᠡᠷ᠎ᠤᠨ ᠬᠥᠮᠦᠰ᠎ᠢᠶᠠᠨ ᠳᠠᠭᠠᠭᠤᠯᠵᠤ ᠰᠠᠢᠳᠤᠷ ᠬᠥᠳᠡᠯᠮᠦᠷᠢᠯᠡᠵᠦ᠍ ᠪᠠᠢᠨ᠎ᠡ᠃ ᠬᠠᠷ᠎ᠠ ᠳᠡᠯᠳᠡᠦ ᠲᠠᠷᠢᠬᠤ ᠮᠡᠷᠭᠡᠵᠢᠯ᠎ᠢ ᠰᠠᠢᠲᠤᠷ ᠰᠤᠷᠴᠤ᠌᠂ ᠡᠷᠲᠡ ᠨᠢᠭᠡᠨ ᠡᠳᠦᠷ ᠶᠠᠳᠠᠭᠤ᠎ᠠᠴᠠ ᠠᠩᠭᠢᠵᠢᠷᠠᠵᠤ ᠴᠢᠨᠡᠭᠡᠯᠢᠭ᠌ᠵᠢᠬᠦ᠌᠎ᠪᠠᠷ ᠴᠢᠷᠮᠠᠢᠨ᠎ᠠ》 ᠭᠡᠵᠦ᠍ ᠶᠠᠳᠠᠭᠤ ᠬᠦᠴᠢᠷᠳᠡᠯᠲᠡᠶ ᠡᠷᠦᠬᠡ ᠸᠠᠩ ᠹᠧᠩ ᠬᠤᠸᠠ ᠬᠡᠯᠡᠨ᠎ᠠ᠃

《ᠢᠲᠡᠭᠡᠯ ᠵᠣᠷᠢᠭ ᠣᠶᠤᠨ ᠤᠬᠠᠭᠠᠨ᠎ᠢ ᠵᠡᠷᠭᠡ᠎ᠪᠠᠷ ᠲᠡᠳᠬᠦᠬᠦ᠌》 ᠦᠵᠡᠯ ᠰᠠᠨᠠᠭ᠎ᠠ᠎ᠪᠠᠷ ᠶᠠᠳᠠᠭᠤ᠎ᠶ᠋ᠢ ᠲᠡᠳᠬᠦᠬᠦ᠌ ᠠᠵᠢᠯ᠎ᠢ ᠭᠦᠨᠵᠡᠭᠡᠢᠷᠡᠭᠦᠯᠬᠦ᠌᠎ᠶ᠋ᠢᠨ ᠲᠥᠯᠥᠭᠡ᠂ ᠣᠯᠠᠨ ᠲᠦᠮᠡᠨ᠎ᠤ ᠰᠠᠨᠠᠭᠠᠴᠢᠯᠠᠭ᠎ᠠ᠎ᠠᠴᠠ᠎ᠪᠠᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠳᠤ ᠣᠷᠣᠯᠴᠠᠬᠤ ᠤᠬᠠᠮᠰᠠᠷ᠎ᠢ ᠪᠤᠢ ᠪᠣᠯᠭᠠᠵᠤ᠂ ᠬᠤᠩ ᠱᠧᠩ ᠲᠣᠰᠭᠤᠨ ᠢᠲᠡᠭᠡᠯ ᠵᠣᠷᠢᠭ ᠣᠶᠤᠨ ᠤᠬᠠᠭᠠᠨ᠎ᠢ ᠵᠡᠷᠭᠡ᠎ᠪᠠᠷ ᠲᠡᠳᠬᠦᠬᠦ᠌ ᠬᠤᠪᠢ ᠬᠤᠷᠠᠮᠳᠤᠭᠤᠯᠤᠨ ᠱᠢᠯᠭᠠᠷᠠᠭᠤᠯᠬᠤ᠂ ᠬᠠᠮᠤᠭ᠎ᠤᠨ ᠭᠤᠶᠤ ᠰᠠᠢᠬᠠᠨ ᠭᠡᠷ ᠪᠦᠯᠢ᠂ ᠠᠷᠢᠭᠤᠨ ᠴᠡᠪᠡᠷ ᠬᠦᠷᠢᠶ᠎ᠡ ᠬᠠᠱᠢᠶ᠎ᠠ᠎ᠶ᠋ᠢ ᠱᠢᠯᠭᠠᠷᠠᠭᠤᠯᠬᠤ ᠵᠡᠷᠭᠡ ᠠᠵᠢᠯᠯᠠᠭ᠎ᠠ᠎ᠪᠠᠷ ᠳᠠᠮᠵᠢᠭᠤᠯᠤᠨ᠂ ᠣᠯᠠᠨ ᠲᠦᠮᠡᠨ᠎ᠢ ᠬᠥᠲᠥᠯᠥᠨ ᠵᠢᠯᠣᠭᠤᠳᠴᠤ᠌ ᠨᠠᠮ᠎ᠤᠨ ᠬᠠᠢᠷ᠎ᠠ ᠬᠠᠯᠠᠮᠵᠢ᠂ ᠨᠠᠮ᠎ᠤᠨ ᠠᠴᠢ ᠡᠨᠡᠷᠢᠯ᠎ᠳᠤ ᠲᠠᠯᠠᠷᠬᠠᠵᠤ᠂ ᠤᠯᠠᠨ ᠲᠦᠮᠡᠨ᠎ᠤ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠵᠦ᠍᠂ ᠳᠡᠭᠡᠳᠦ ᠳᠤᠤᠷᠠᠳᠤ ᠱᠠᠳᠤ᠎ᠪᠠᠷ᠎ᠢᠶᠠᠨ ᠰᠡᠳᠭᠢᠯ ᠨᠢᠭᠡᠳᠴᠦ᠍ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠰᠠᠢᠨ ᠰᠠᠢᠬᠠᠨ ᠠᠭᠤᠷ ᠠᠮᠢᠰᠭᠤᠯ᠎ᠢ ᠪᠦᠷᠢᠯᠳᠦᠭᠦᠯᠥᠭ᠌ᠰᠡᠨ᠎ᠢᠶᠠᠷ᠂ ᠲᠤᠰ ᠲᠤᠰᠭᠤᠨ᠎ᠳᠤ ᠴᠥᠭᠡᠨ ᠪᠤᠰᠤ ᠶᠠᠳᠠᠭᠤ᠎ᠠᠴᠠ ᠠᠩᠭᠢᠵᠢᠷᠠᠬ᠍ᠰᠠᠨ ᠨᠡᠢᠲᠡᠯᠢᠭ ᠡᠷᠥᠭᠡ ᠴᠣᠯᠭᠤᠷᠠᠨ ᠭᠠᠷᠴᠠᠢ᠃

ᠮᠡᠷᠭᠡᠵᠢᠯ᠎ᠤᠨ ᠴᠢᠳᠠᠪᠤᠷᠢ᠎ᠶ᠋ᠢᠨ ᠪᠣᠯᠪᠠᠰᠤᠷᠠᠯ᠎ᠢ ᠴᠢᠩᠭᠠᠳᠭᠠᠵᠥ᠍ ᠪᠤᠢ᠃ ᠲᠤᠰ ᠲᠤᠰᠭᠤᠨ᠎ᠤ ᠬᠡᠰᠡᠭ ᠶᠠᠳᠠᠭᠤ ᠬᠦᠴᠢᠷᠳᠡᠯᠲᠡᠶ ᠣᠯᠠᠨ ᠲᠦᠮᠡᠨ᠎ᠤ ᠰᠣᠶᠣᠯ᠎ᠤᠨ ᠬᠢᠷᠢ ᠬᠡᠮᠵᠢᠶ᠎ᠡ ᠬᠠᠷᠢᠴᠠᠩᠭᠤᠢ ᠳᠣᠣᠷ᠎ᠠ᠂ ᠮᠡᠷᠭᠡᠵᠢᠯ ᠳᠤᠲᠠᠮᠠᠭ᠂ ᠪᠤᠳᠤᠯ ᠰᠡᠳᠭᠢᠬᠦᠢ ᠠᠨᠠᠢ ᠵᠡᠷᠭᠡ ᠬᠦᠴᠦᠨ ᠵᠦᠢᠯ᠎ᠤᠨ ᠬᠢᠵᠠᠭᠠᠷᠯᠠᠯ᠎ᠠᠴᠠ ᠪᠤᠯᠵᠦ᠍ ᠦᠢᠯᠡᠰ ᠪᠤᠰᠭᠠᠵᠤ ᠪᠠᠶᠠᠵᠢᠨ ᠴᠢᠨᠡᠭᠡᠯᠢᠭ᠌ᠵᠢᠬᠦ᠌ ᠬᠦᠰᠡᠯ ᠡᠷᠡᠮᠡᠯᠵᠡᠯ᠎ᠢᠶᠠᠷ ᠲᠤᠳᠠᠮᠠᠬ᠂ ᠪᠡᠯᠡ ᠣᠷᠣᠭᠤᠯᠵᠤ ᠦᠢᠯᠡᠰ ᠪᠦᠲᠦᠭᠡᠬᠦ᠌ ᠵᠣᠷᠢᠭ ᠦᠭᠡᠢ ᠪᠠᠢᠳᠠᠯ ᠢᠯᠡᠷᠡᠵᠥ᠍ ᠪᠠᠢᠪᠠ᠃ ᠬᠤᠩ ᠱᠧᠩ ᠲᠣᠰᠭᠤᠨ᠎ᠤ ᠨᠠᠮ᠎ᠤᠨ ᠬᠡᠱᠢᠬᠦᠨ ᠺᠠᠳ᠋ᠷᠴᠤᠳ ᠡᠨᠡ ᠬᠦ᠌ ᠪᠠᠢᠳᠠᠯ᠎ᠳᠤ ᠴᠢᠭ᠌ᠯᠡᠭᠦᠯᠵᠦ᠍᠂ ᠬᠥᠳᠡᠭᠡ ᠲᠣᠰᠭᠤᠨ᠎ᠤ ᠶᠠᠳᠠᠭᠤ ᠬᠦᠴᠢᠷᠳᠡᠯᠲᠡᠶ ᠣᠯᠠᠨ ᠲᠦᠮᠡᠨ᠎ᠤ ᠲᠠᠷᠢᠶᠠᠯᠠᠩ᠎ᠤᠨ ᠮᠡᠷᠭᠡᠵᠢᠯ᠎ᠤᠨ ᠪᠣᠯᠪᠠᠰᠤᠷᠠᠯ᠎ᠢ ᠴᠢᠩᠭᠠᠳᠭᠠᠵᠤ᠂ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢᠨ ᠥᠪᠡᠷ᠎ᠢ᠎ᠪᠠᠨ ᠬᠥᠭ᠌ᠵᠢᠭᠦᠯᠬᠦ᠌ ᠴᠢᠳᠠᠪᠤᠷᠢ᠎ᠶ᠋ᠢ ᠨᠡᠮᠡᠭ᠌ᠳᠡᠭᠦᠯᠪᠠ᠃ ᠥᠩᠭᠡᠷᠡᠭ᠌ᠰᠡᠨ᠎ᠳᠤ ᠬᠤᠩ ᠱᠧᠩ ᠲᠣᠰᠭᠤᠨ᠎ᠤ ᠠᠵᠤ ᠦᠢᠯᠡᠰ᠎ᠢ ᠬᠥᠭ᠌ᠵᠢᠭᠦᠯᠵᠦ᠍ ᠪᠠᠢᠭ᠍ᠰᠠᠨ ᠲᠣᠰᠭᠤᠨ᠎ᠤ ᠠᠷᠠᠳ ᠨᠡᠯᠢᠶᠡᠳ ᠴᠥᠭᠡᠨ᠂ 2020 ᠣᠨ᠎ᠳᠤ ᠪᠠᠯᠭᠠᠰᠤᠨ᠎ᠤ ᠵᠠᠰᠠᠭ᠎ᠤᠨ ᠣᠷᠳᠣᠨ ᠰᠦᠶᠳᠭᠡᠯ ᠬᠤᠷᠢᠶᠠᠬᠤ ᠦᠭᠡᠶ ᠮᠡᠷᠭᠡᠵᠢᠯ᠎ᠤᠨ ᠵᠢᠯᠣᠭᠤᠳᠤᠯᠭ᠎ᠠ ᠬᠢᠬᠦ᠌᠎ᠪᠠᠷ ᠲᠠᠮᠵᠢᠨ 28 ᠶᠠᠳᠠᠭᠤ ᠬᠦᠴᠢᠷᠳᠡᠯᠲᠡᠶ ᠡᠷᠦᠬᠡ ᠪᠡᠯᠡ ᠣᠷᠣᠭᠤᠯᠤᠨ ᠪᠠᠺᠲ᠋ᠧᠷᠢ᠎ᠶ᠋ᠢᠨ ᠤᠭᠤᠲᠠ ᠬᠤᠳᠠᠯᠳᠤᠨ ᠠᠪᠴᠤ᠌᠂ ᠨᠡᠢᠲᠡ 24 ᠲᠦᠮᠡᠨ ᠪᠠᠭ᠍ᠯᠠᠭ᠎ᠠ ᠡᠯᠭᠦᠮᠡᠯ ᠮᠣᠳᠣᠨ ᠳᠡᠯᠳᠡᠦ ᠲᠠᠷᠢᠵᠤ ᠤᠷᠤᠯᠭ᠎ᠠ᠎ᠶ᠋ᠢ᠎ᠨᠢ ᠨᠡᠮᠡᠭ᠌ᠳᠡᠬᠦᠯᠬᠦ᠌᠎ᠪᠠᠷ ᠬᠥᠳᠥᠯᠥᠨ ᠲᠠᠭᠠᠭᠤᠯᠵᠥ᠍ ᠪᠤᠢ᠃ 

ᠬᠤᠩ ᠱᠧᠩ ᠲᠣᠰᠭᠤᠨ᠎ᠤ ᠶᠠᠳᠠᠭᠤ ᠬᠦᠴᠢᠷᠳᠡᠯᠲᠡᠶ ᠡᠷᠦᠬᠡ ᠾᠧᠦ ᠵᠢᠶᠧ ᠪᠤᠯ 3 ᠬᠥᠮᠦᠨ ᠠᠮᠠ᠎ᠲᠠᠢ᠂ ᠲᠠᠷᠢᠶᠠᠨ ᠭᠠᠵᠠᠷ ᠴᠥᠭᠡᠨ᠂ ᠮᠡᠷᠭᠡᠵᠢᠯ ᠦᠭᠡᠢ ᠪᠣᠯᠬᠤᠷ ᠵᠥᠪᠬᠡᠨ ᠠᠷᠰᠠᠷ ᠠᠵᠢᠯ ᠬᠢᠵᠦ᠍ ᠠᠮᠢᠳᠤᠷᠠᠯ᠎ᠢᠶᠠᠨ ᠠᠷᠭᠠᠴᠠᠭᠠᠵᠥ᠍ ᠪᠠᠢᠪᠠ᠃ ᠲᠡᠷᠡ ᠶᠠᠳᠠᠭᠤ ᠬᠦᠴᠢᠷᠳᠡᠯᠲᠡᠢ ᠪᠠᠢᠬ᠍ᠰᠠᠨ ᠪᠤᠯᠪᠠᠴᠤ᠌ ᠤᠨᠢᠨ ᠳᠡᠭᠡᠷ᠎ᠡ᠎ᠨᠢ ᠶᠠᠳᠠᠭᠤ᠎ᠶ᠋ᠢ ᠲᠡᠳᠬᠦᠬᠦ᠌ ᠠᠵᠢᠯ ᠲᠡᠭᠦᠨ᠎ᠳᠤ ᠵᠣᠯ ᠵᠢᠷᠭᠠᠯᠲᠤ ᠠᠮᠢᠳᠤᠷᠠᠯ ᠲᠡᠢᠰᠢ ᠲᠡᠮᠡᠦᠯᠬᠦ᠌ ᠢᠲᠡᠭᠡᠯ ᠵᠣᠷᠢᠭ᠎ᠢ ᠣᠯᠭᠤᠭ᠍ᠰᠠᠨ ᠪᠠᠢᠨ᠎ᠠ᠃ ᠾᠧᠦ ᠵᠢᠶᠧ ᠬᠡᠳᠦ᠋ᠢᠪᠡᠷ ᠵᠣᠪᠠᠭᠤᠷᠢ ᠵᠦᠳᠡᠭᠦᠷᠢ᠎ᠶ᠋ᠢ ᠲᠡᠰᠪᠤᠷᠢᠯᠠᠨ ᠬᠥᠴᠥᠯᠠᠨ ᠴᠢᠷᠮᠠᠢᠬᠤ ᠡᠷᠴᠢ ᠵᠤᠷᠢᠬ᠎ᠲᠠᠢ ᠪᠤᠯᠪᠠᠴᠤ᠌ ᠪᠡᠯᠡ ᠮᠥᠩᠭᠦ᠌ ᠪᠠ ᠮᠡᠷᠭᠡᠵᠢᠯ ᠳᠤᠲᠠᠭ᠍ᠳᠠᠬ᠍ᠰᠠᠨ᠎ᠠᠴᠠ ᠶᠠᠳᠠᠭᠤ᠎ᠠᠴᠠ ᠠᠩᠭᠢᠵᠢᠷᠠᠨ ᠪᠠᠶᠠᠵᠢᠬᠤ ᠵᠠᠮ᠎ᠢᠶᠠᠷ ᠶᠠᠭᠠᠬᠢᠵᠤ ᠶᠠᠪᠤᠬᠤ᠎ᠪᠠᠨ ᠮᠡᠳᠡᠬᠦ᠌ ᠦᠭᠡᠢ ᠪᠠᠢᠵᠠᠢ᠃ ᠲᠡᠭᠦᠨ᠎ᠢ ᠶᠠᠭᠠᠬᠢᠬᠤ᠎ᠪᠠᠨ ᠣᠯᠬᠤ ᠦᠭᠡᠢ ᠭᠠᠴᠢᠬ᠍ᠳᠠᠵᠥ᠍ ᠪᠠᠢᠬ᠍ᠰᠠᠨ᠎ᠳᠤ ᠲᠤᠰᠭᠤᠨ᠎ᠤ ᠬᠠᠷᠢᠭᠤᠴᠠᠯᠭᠠᠳᠠᠳ ᠲᠤᠰᠭᠠᠢᠯᠠᠨ ᠭᠡᠷ᠎ᠲᠤ᠎ᠨᠢ ᠢᠷᠡᠵᠥ᠍᠂ ᠲᠡᠬᠦᠨ᠎ᠳᠤ ᠪᠠᠶᠠᠵᠢᠯ᠎ᠤᠨ ᠤᠬᠠᠭᠠᠨ ᠵᠢᠭᠠᠵᠥ᠍ ᠥᠭ᠌ᠬᠦ᠎ᠶ᠋ᠢᠨ ᠬᠠᠮᠳᠤ ᠬᠠᠨᠳᠤᠯᠭᠠᠲᠤ ᠴᠢᠨᠠᠷᠲᠠᠢ᠎ᠪᠠᠷ ᠮᠡᠷᠭᠡᠵᠢᠯ᠎ᠤᠨ ᠪᠣᠯᠪᠠᠰᠤᠷᠠᠯ᠎ᠳᠤ ᠣᠷᠣᠯᠴᠠᠭᠤᠯᠵᠥ᠍᠂ ᠰᠤᠷᠭᠠᠨ ᠬᠥᠮᠦᠵᠢᠯ᠂ ᠡᠷᠡᠭᠦᠯ ᠮᠡᠨᠳᠦ᠎ᠪᠠᠷ ᠶᠠᠳᠠᠭᠤ᠎ᠶ᠋ᠢ ᠲᠡᠳᠬᠦᠬᠦ᠌ ᠲᠦᠷᠦ᠎ᠶ᠋ᠢᠨ ᠪᠤᠳᠤᠯᠭ᠎ᠠ᠎ᠶ᠋ᠢ ᠬᠦᠷᠳᠡᠭᠡᠭ᠌ᠰᠡᠨ ᠪᠠᠢᠨ᠎ᠠ᠃

ᠬᠡᠪᠱᠢᠮᠠᠯ ᠵᠠᠩᠱᠢᠯ᠎ᠢ ᠥᠭᠡᠷᠡᠴᠢᠯᠡᠵᠦ᠍᠂ ᠪᠣᠯᠪᠠᠰᠤᠨ ᠱᠢᠨ᠎ᠡ ᠬᠡᠪ ᠰᠤᠷᠲᠠᠯ᠎ᠢ ᠤᠯᠠᠮᠵᠢᠯᠠᠪᠠ᠃ ᠬᠤᠩ ᠱᠧᠩ ᠲᠣᠰᠭᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠨᠡᠢᠲᠡᠯᠢᠭ ᠵᠢᠱ᠌ᠢᠶ᠎ᠡ᠎ᠶ᠋ᠢᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠡᠢᠭᠡᠮ ᠵᠢᠷᠤᠮ᠎ᠤᠨ ᠭᠤᠣᠯᠯᠠᠭ᠍ᠴᠢ ᠦᠷᠳᠡᠭ᠎ᠤᠨ ᠦᠵᠡᠯᠲᠡ᠎ᠶ᠋ᠢ ᠤᠯᠠᠮ ᠰᠠᠢᠨ ᠬᠦᠮᠦᠵᠢᠭᠦᠯᠦᠨ ᠦᠢᠯᠡᠳᠦᠯᠭᠡᠵᠢᠭᠦᠯᠪᠡ᠃ 2019 ᠣᠨ᠎ᠳᠤ ᠲᠤᠰ ᠲᠣᠰᠭᠤᠨ 《ᠢᠲᠡᠭᠡᠯ ᠵᠣᠷᠢᠭ ᠣᠶᠤᠨ ᠤᠬᠠᠭᠠᠨ᠎ᠢ ᠵᠡᠷᠭᠡ᠎ᠪᠠᠷ ᠲᠡᠳᠬᠦᠬᠦ᠌》 ᠱᠠᠩᠨᠠᠯ᠎ᠤᠨ ᠬᠤᠪᠢ ᠬᠤᠷᠠᠮᠳᠤᠭᠤᠯᠬᠤ ᠠᠵᠢᠯᠯᠠᠭ᠎ᠠ᠎ᠳᠤ ᠶᠠᠳᠠᠭᠤ ᠬᠦᠴᠢᠷᠳᠡᠯᠲᠡᠶ ᠡᠷᠦᠬᠡ᠎ᠶ᠋ᠢᠨ ᠢᠳᠡᠪᠬᠢᠳᠠᠢ ᠤᠷᠤᠯᠴᠠᠬᠤ᠎ᠶ᠋ᠢ ᠵᠤᠷᠢᠬ᠍ᠵᠢᠭᠤᠯᠵᠥ᠍᠂ ᠱᠠᠩᠨᠠᠯ ᠨᠥᠬᠦᠪᠥᠷᠢ᠎ᠶ᠋ᠢᠨ ᠪᠡᠯᠡ ᠮᠥᠩᠭᠦ᠌ 28996 ᠲᠥᠭᠦᠷᠢᠭ ᠲᠤᠬᠢᠷᠠᠭᠤᠯᠵᠠᠢ᠃ ᠡᠬᠦᠨ᠎ᠳᠤ 《ᠨᠠᠰᠤᠲᠠᠨ᠎ᠢᠶᠠᠨ ᠬᠦᠨᠳᠦᠯᠡᠵᠦ᠍ ᠨᠠᠰᠤᠲᠠᠨ᠎ᠢᠶᠠᠨ ᠠᠴᠢᠯᠠᠬ᠍ᠰᠠᠳ》᠂ 《ᠦᠵᠡᠰᠭᠦᠯᠡᠩᠲᠦ ᠰᠠᠢᠬᠠᠨ ᠭᠡᠷ ᠣᠷᠣᠨ》᠂ 《ᠠᠷᠪᠠᠨ ᠣᠳᠣᠨ ᠭᠡᠷ ᠪᠦᠯᠢ》 ᠵᠡᠷᠭᠡ᠎ᠶ᠋ᠢ ᠱᠢᠯᠭᠠᠷᠠᠭᠤᠯᠬᠤ ᠠᠵᠢᠯᠯᠠᠭ᠎ᠠ᠎ᠶ᠋ᠢ ᠢᠳᠡᠪᠬᠢᠲᠡᠢ ᠥᠷᠨᠢᠭᠦᠯᠵᠦ᠍᠂ 34 ᠡᠷᠦᠬᠡ ᠦᠵᠡᠰᠭᠦᠯᠡᠩᠲᠦ ᠰᠠᠢᠬᠠᠨ ᠬᠦᠷᠢᠶ᠎ᠡ ᠬᠠᠱᠢᠶ᠎ᠠ᠎ᠶ᠋ᠢ ᠱᠢᠯᠭᠠᠷᠠᠭᠤᠯᠵᠤ᠂ 《ᠨᠠᠰᠤᠲᠠᠨ᠎ᠢᠶᠠᠨ ᠬᠦᠨᠳᠦᠯᠡᠵᠦ᠍ ᠨᠠᠰᠤᠲᠠᠨ᠎ᠢᠶᠠᠨ ᠠᠴᠢᠯᠠᠬ᠍ᠰᠠᠨ》 ᠨᠡᠢᠲᠡᠯᠢᠭ ᠵᠢᠱ᠌ᠢᠶ᠎ᠡ 10 ᠬᠥᠮᠦᠨ᠂ 《ᠠᠷᠪᠠᠨ ᠣᠳᠣᠨ ᠭᠡᠷ ᠪᠦᠯᠢ》 ᠎ᠶ᠋ᠢ 4 ᠡᠷᠦᠬᠡ ᠱᠢᠯᠭᠠᠷᠠᠭᠤᠯᠤᠨ᠂ ᠨᠡᠢᠳᠠ 8583 ᠲᠥᠭᠦᠷᠢᠭ᠎ᠤᠨ ᠪᠠᠯᠠ ᠮᠥᠩᠭᠦ᠌ ᠣᠷᠣᠭᠤᠯᠵᠤ ᠱᠠᠩᠨᠠᠨ ᠬᠥᠬᠢᠭᠦᠯᠪᠡ᠃

ᠸᠠᠩ ᠹᠧᠩ ᠬᠤᠸᠠ᠎ᠶ᠋ᠢᠨ᠎ᠬᠢ ᠪᠣᠯ 《ᠢᠲᠡᠭᠡᠯ ᠵᠣᠷᠢᠭ ᠣᠶᠤᠨ ᠤᠬᠠᠭᠠᠨ᠎ᠢ ᠵᠡᠷᠭᠡ᠎ᠪᠠᠷ ᠲᠡᠳᠬᠦᠬᠦ᠌》 ᠎ᠪᠠᠷ ᠳᠠᠮᠵᠢᠨ ᠱᠢᠯᠭᠠᠷᠠᠭᠤᠯᠤᠭ᠍ᠰᠠᠨ ᠱᠢᠯᠢᠳᠡᠭ ᠶᠠᠳᠠᠭᠤ ᠬᠦᠴᠢᠷᠳᠡᠯᠲᠡᠶ ᠡᠷᠦᠬᠡ᠎ᠶ᠋ᠢᠨ ᠨᠢᠬᠡ ᠪᠣᠯᠤᠨ᠎ᠠ᠃ ᠸᠠᠩ ᠹᠧᠩ ᠬᠤᠸᠠ᠎ᠶ᠋ᠢᠨ᠎ᠬᠢ ᠭᠤᠷᠪᠠᠨ ᠠᠮᠠ ᠪᠦᠯᠢ᠎ᠲᠠᠢ᠃ ᠭᠡᠷᠭᠡᠶ ᠯᠢ ᠴᠧᠩ ᠱᠦᠨ᠎ᠤ ᠪᠡᠶ᠎ᠡ᠎ᠨᠢ ᠵᠡᠮᠳᠡᠭ ᠪᠣᠯᠤᠭ᠍ᠰᠠᠨ᠎ᠠᠴᠠ ᠭᠤᠶᠤᠴᠢᠯᠠᠯ ᠭᠠᠷᠭᠠᠨ ᠠᠷᠠᠳᠴᠢᠯᠠᠯ᠎ᠢᠶᠠᠷ ᠦᠨᠡᠯᠡᠨ ᠶᠠᠷᠢᠯᠴᠠᠬᠤ᠎ᠪᠠᠷ ᠳᠠᠮᠵᠢᠨ ᠬᠤᠩ ᠱᠧᠩ ᠲᠣᠰᠭᠤᠨ᠎ᠤ ᠶᠠᠳᠠᠭᠤ ᠬᠦᠴᠢᠷᠳᠡᠯᠲᠡᠶ ᠡᠷᠦᠬᠡ ᠪᠣᠯᠵᠤ᠂ ᠬᠦᠦ᠎ᠨᠢ ᠥᠨᠳᠥᠷ ᠳᠤᠮᠳᠠᠳᠤ᠎ᠳᠤ ᠰᠤᠷᠤᠯᠴᠠᠵᠤ ᠪᠠᠢᠨ᠎ᠠ᠃ ᠸᠠᠩ ᠹᠧᠩ ᠬᠤᠸᠠ ᠠᠵᠤ ᠦᠶᠯᠡᠰ᠎ᠢᠶᠠᠷ ᠶᠠᠳᠠᠭᠤ᠎ᠶ᠋ᠢ ᠲᠡᠳᠬᠦᠬᠦ᠌ ᠲᠥᠷᠥ᠎ᠶ᠋ᠢᠨ ᠪᠣᠳᠣᠯᠭ᠎ᠠ᠎ᠪᠠᠷ ᠬᠤᠩ ᠱᠧᠩ ᠲᠣᠰᠭᠤᠨ᠎ᠤ ᠮᠣᠳᠣᠨ ᠴᠢᠬᠢ ᠲᠠᠷᠢᠬᠤ ᠰᠠᠭᠤᠷᠢᠨ᠎ᠳᠤ ᠠᠵᠢᠯ ᠬᠢᠪᠠ᠃ ᠲᠣᠭ᠍ᠲᠠᠭᠤᠨ ᠠᠵᠢᠯ ᠣᠯᠭᠤᠯᠲᠠ᠎ᠶ᠋ᠢ ᠪᠡᠶᠡᠯᠡᠭᠦᠯᠵᠦ᠍᠂ ᠬᠠᠪᠰᠤᠷᠤᠨ ᠲᠡᠳᠬᠦᠬᠦ᠌ ᠬᠠᠷᠢᠭᠤᠴᠠᠯᠭᠠᠲᠠᠨ᠎ᠢᠶᠠᠷ ᠳᠠᠮᠵᠢᠨ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢ ᠣᠨᠣᠪᠴᠢᠲᠠᠶ ᠬᠡᠷᠡᠭ᠌ᠵᠢᠭᠦᠯᠦᠭ᠌ᠰᠡᠨ ᠶᠠᠪᠤᠳᠠᠯ᠎ᠨᠢ ᠲᠡᠭᠦᠨ᠎ᠤ ᠰᠡᠳᠭᠢᠯ᠎ᠢ ᠶᠡᠭᠡ ᠬᠥᠳᠡᠯᠭᠡᠵᠦ᠍᠂ ᠲᠡᠷᠡ ᠤᠳᠤ ᠪᠦᠬᠦ᠌ ᠲᠣᠰᠭᠤᠨ᠎ᠳᠤ ᠳᠠᠭᠠᠭᠤᠯᠤᠭ᠍ᠴᠢ᠎ᠶ᠋ᠢᠨ ᠦᠶᠯᠡᠳᠦᠯ ᠦᠵᠡᠭᠦᠯᠦᠭ᠌ᠰᠡᠨ ᠲᠣᠰᠭᠤᠨ᠎ᠤ ᠠᠷᠠᠳ ᠪᠣᠯᠵᠠᠢ᠃

ᠸᠠᠩ ᠹᠧᠩ ᠬᠤᠸᠠ᠎ᠶ᠋ᠢᠨ ᠬᠦᠷᠢᠶᠡᠨ᠎ᠳᠤ ᠣᠷᠣᠬᠤ᠎ᠳᠤ᠂ ᠡᠩ ᠲᠡᠷᠢᠭᠦᠨ᠎ᠳᠤ ᠡᠯ᠎ᠡ ᠵᠦᠶᠯ᠎ᠤᠨ ᠢᠳᠡᠱᠢᠨ ᠨᠣᠭᠤᠭ᠎ᠠ᠂ ᠡᠷᠳᠡᠨᠢ ᠱᠢᠰᠢ ᠪᠣᠯᠤᠨ ᠲᠡᠷᠢ ᠲᠡᠭ᠌ᠰᠢ ᠦᠵᠡᠰᠭᠦᠯᠡᠩᠲᠦ ᠰᠠᠢᠬᠠᠨ ᠨᠣᠭᠤᠭᠠᠷᠠᠭᠤᠯᠤᠯᠲᠠ᠎ᠶ᠋ᠢᠨ ᠮᠣᠳᠣᠳ ᠬᠠᠷᠠᠬ᠍ᠳᠠᠨ᠎ᠠ᠃ ᠭᠡᠷ ᠳᠣᠲᠣᠷᠠᠬᠢ ᠴᠣᠩᠬᠤᠨ ᠲᠠᠢᠰᠠᠨ ᠳᠡᠭᠡᠷ᠎ᠡ ᠫᠧᠩᠰᠡᠲᠦ ᠴᠡᠴᠡᠭ᠎ᠢ ᠡᠪᠲᠡᠢ ᠰᠠᠢᠬᠠᠨ ᠲᠠᠯᠪᠢᠵᠤ᠂ ᠭᠡᠷ᠎ᠤᠨ ᠡᠳ᠋ᠯᠡᠯ ᠬᠡᠷᠡᠭ᠌ᠰᠡᠯ᠎ᠢᠶᠠᠨ ᠡᠮᠬᠢ ᠲᠢᠭ᠎ᠲᠠᠢ ᠪᠠᠢᠷᠢᠯᠠᠭᠤᠯᠤᠭ᠍ᠰᠠᠨ ᠪᠠᠢᠯ᠎ᠠ᠃ ᠸᠠᠩ ᠹᠧᠩ ᠬᠤᠸᠠ᠎ᠶ᠋ᠢᠨ ᠭᠡᠷ ᠪᠦᠯᠢ᠎ᠨᠢ ᠡᠶ᠎ᠡ ᠨᠠᠢᠷᠲᠠᠶ᠂ ᠬᠠᠷᠢᠯᠴᠠᠨ ᠬᠦᠨᠳᠦᠳᠭᠡᠵᠦ᠍᠂ ᠨᠠᠰᠤᠲᠠᠨ᠎ᠢᠶᠠᠨ ᠬᠦᠨᠳᠦᠯᠡᠵᠦ᠍ ᠨᠢᠯᠬᠠᠰ᠎ᠢᠶᠠᠨ ᠬᠠᠢᠷᠠᠯᠠᠵᠤ᠂ ᠬᠥᠷᠰᠢ ᠵᠡᠷᠭᠡᠯᠡᠳᠡᠭᠡ᠎ᠶ᠋ᠢᠨ᠎ᠢᠶᠠᠨ ᠰᠠᠢᠨ ᠦᠨᠡᠯᠡᠯᠲᠡ᠎ᠶ᠋ᠢ ᠤᠯᠤᠭ᠍ᠰᠠᠨ ᠪᠦᠭᠡᠳ ᠬᠥᠷᠰᠢ ᠵᠡᠷᠭᠡᠯᠡᠳᠡᠭᠡ᠎ᠪᠠᠨ ᠨᠥᠯᠥᠭᠡᠯᠡᠵᠦ᠍᠂ ᠤᠯᠠᠨ᠎ᠤ ᠰᠤᠷᠤᠯᠴᠠᠬᠤ ᠦᠯᠢᠭᠡᠷ ᠳᠠᠭᠤᠷᠢᠶᠠᠯ ᠪᠤᠯᠵᠠᠢ᠃

《ᠢᠲᠡᠭᠡᠯ ᠵᠣᠷᠢᠭ ᠣᠶᠤᠨ ᠤᠬᠠᠭᠠᠨ᠎ᠢ ᠵᠡᠷᠭᠡ᠎ᠪᠠᠷ ᠲᠡᠳᠬᠦᠬᠦ᠌》 ᠠᠵᠢᠯᠯᠠᠭ᠎ᠠ᠎ᠶ᠋ᠢ ᠬᠡᠷᠡᠭ᠌ᠵᠢᠭᠦᠯᠦᠭ᠌ᠰᠡᠨ᠎ᠢᠶᠠᠷ ᠬᠤᠩ ᠱᠧᠩ ᠲᠣᠰᠭᠤᠨ᠎ᠤ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠳᠤ ᠬᠦᠰᠡᠯ ᠡᠷᠡᠮᠡᠯᠵᠡᠯ ᠠᠪᠴᠢᠷᠠᠪᠠ᠃ ᠭᠠᠴᠠᠭᠠᠨ᠎ᠤ ᠠᠷᠠᠳ᠎ᠤᠨ ᠦᠵᠡᠯ ᠤᠬᠠᠮᠰᠠᠷ ᠨᠡᠯᠢᠶᠡᠳ ᠶᠡᠭᠡ ᠬᠤᠪᠢᠷᠠᠯᠲᠠ᠎ᠲᠠᠢ ᠪᠤᠯᠵᠤ᠂ ᠣᠳᠣᠬᠠᠨ᠎ᠳᠤ ᠪᠦᠬᠦ᠌ ᠲᠣᠰᠭᠤᠨ᠎ᠤ ᠶᠠᠳᠠᠭᠤ ᠬᠦᠴᠢᠷᠳᠡᠯᠲᠡᠶ ᠡᠷᠦᠬᠡ᠎ᠶ᠋ᠢᠨ ᠬᠥᠮᠦᠨ ᠪᠦᠷᠢ᠎ᠶ᠋ᠢᠨ ᠳᠤᠮᠳᠠᠴᠢ ᠴᠡᠪᠡᠷ ᠣᠷᠣᠯᠭ᠎ᠠ 14136 ᠲᠥᠭᠦᠷᠢᠭ᠎ᠲᠤ ᠬᠦᠷᠴᠦ᠍᠂ ᠠᠵᠢᠯ ᠬᠥᠳᠡᠯᠮᠦᠷᠢ ᠬᠢᠬᠦ᠌᠎ᠪᠠᠷ ᠳᠠᠮᠵᠢᠨ 25 ᠡᠷᠦᠬᠡ ᠶᠠᠳᠠᠭᠤ᠎ᠠᠴᠠ ᠠᠩᠭᠢᠵᠢᠷᠠᠵᠤ᠂ ᠬᠥᠮᠦᠨ ᠪᠦᠷᠢ᠎ᠶ᠋ᠢᠨ ᠳᠤᠮᠳᠠᠴᠢ ᠴᠡᠪᠡᠷ ᠣᠷᠣᠯᠭ᠎ᠠ 11168 ᠲᠥᠭᠦᠷᠢᠭ᠎ᠲᠤ ᠬᠦᠷᠴᠠᠢ᠃





ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号