ᠤᠯᠠᠭᠠᠨᠰᠤᠬᠠᠢ᠎ᠶ᠋ᠢᠨ ᠲᠠᠨᠵᠢᠨ᠎ᠳᠠᠬᠢ ᠤᠴᠢᠷᠳᠠᠢ ᠶᠠᠷᠢᠯᠴᠠᠭ᠎ᠠ
2020-12-06 12:38:48
ᠵᠣᠬᠢᠶᠠᠭ᠍ᠴᠢ᠄
ᠭᠤᠸ᠎ᠠ ᠬᠠᠢᠷᠬᠠᠨ ᠳᠡᠭᠦᠰᠪᠢᠯᠢᠭ
ᠣᠩᠱᠢᠭ᠍ᠰᠠᠨ ᠣᠳᠠᠭ᠎ᠠ᠄
★★★☆☆

ᠡᠪᠦᠯ᠎ᠤᠨ ᠡᠬᠢᠨ᠎ᠢᠶᠠᠷ ᠬᠠᠷᠠᠬᠠᠨ ᠬᠦᠯᠳᠡᠬᠡᠳᠤᠢ ᠤᠯᠠᠭᠠᠨᠰᠤᠬᠠᠢ ᠬᠦᠭᠡ ᠳᠡᠭ᠌ᠷᠢ᠎ᠪᠠᠨ ᠳᠤᠯᠢᠳᠠᠨ ᠴᠡᠩᠬᠡᠷᠯᠡᠵᠤ᠂ ᠦᠷᠲᠡᠭᠡᠯᠡᠨ ᠪᠠᠭᠤᠭ᠍ᠰᠠᠨ ᠨᠡᠭᠦᠳᠡᠯ᠎ᠤᠨ ᠱᠢᠪᠠᠭᠤᠳ ᠵᠡᠭᠡᠰᠦ ᠬᠤᠯᠤᠰᠤᠨ᠎ᠤ ᠨᠦᠮᠦᠷᠢ᠎ᠳᠤᠨᠢ ᠬᠤᠷᠭᠤᠳᠠᠨ ᠭᠠᠩᠭᠠᠨᠠᠯᠳᠤᠨ᠎ᠠ᠃

11 ᠰᠠᠷ᠎ᠠ᠎ᠶ᠋ᠢᠨ 16 ᠎ᠤ ᠦᠳᠡ᠎ᠶ᠋ᠢᠨ ᠬᠤᠢᠨ᠎ᠠ᠂ ᠪᠢᠳᠡ ᠤᠯᠠᠭᠠᠨᠰᠤᠬᠠᠢ᠎ᠶ᠋ᠢᠨ ᠡᠮᠤᠨ᠎ᠠ ᠲᠠᠨᠵᠢᠨ᠎ᠳᠤ ᠪᠠᠢᠷᠢᠱᠢᠬ᠍ᠰᠠᠨ ᠤᠷᠠᠳ᠎ᠤᠨ ᠡᠮᠦᠨᠡᠳᠤ ᠬᠤᠱᠢᠭᠤᠨ᠎ᠤ ᠡᠷᠳᠡᠨᠢᠪᠤᠯᠠᠭ ᠰᠤᠮᠤ᠎ᠶ᠋ᠢᠨ ᠠᠷᠴᠠ ᠭᠠᠴᠠᠭᠠᠨ᠎ᠤ ᠨᠠᠮ᠎ᠤᠨ ᠡᠭᠦᠷ᠎ᠤᠨ ᠱᠦᠵᠢ ᠰᠤᠶᠤᠯᠳᠤ᠎ᠶ᠋ᠢᠨ᠎ᠳᠤ ᠬᠦᠷᠬᠦᠯᠡᠷ ᠳᠡᠷᠡ ᠬᠤᠨᠢ ᠢᠮᠠᠭ᠎ᠠ᠎ᠪᠠᠨ ᠰᠠᠯᠭᠠᠵᠤ ᠬᠠᠱᠢᠶᠠᠯᠠᠭᠠᠳ ᠳᠤᠬᠢᠯᠢᠭ ᠰᠠᠷᠠᠭᠤᠯ ᠦᠷᠦᠬᠡᠨ᠎ᠳᠡᠭᠡᠨ ᠪᠢᠳᠡᠨ᠎ᠲᠠᠢ ᠵᠤᠭᠤᠭ ᠳᠡᠯᠭᠡᠯ᠎ᠠ᠃ 《ᠤᠯᠠᠭᠠᠨᠰᠤᠬᠠᠢ᠎ᠶ᠋ᠢᠨ ᠡᠷᠬᠢᠨ ᠲᠤᠭᠤᠷᠢᠨ᠎ᠤ ᠨᠤᠭᠤᠭᠠᠷᠠᠭᠤᠯᠤᠯᠳᠠ᠎ᠶ᠋ᠢᠨ ᠳᠦᠷᠦᠯ ᠵᠦᠢᠯ᠎ᠳᠤ ᠳᠤᠰ ᠭᠠᠴᠠᠭᠠᠨ᠎ᠤ 6 ᠲᠦᠮᠡᠨ ᠮᠦ᠍ ᠨᠤᠳᠤᠭ ᠬᠠᠮᠤᠷᠤᠬ᠍ᠳᠠᠵᠦ᠍᠂ ᠲᠦᠷᠦᠭᠦᠬᠡᠨ᠎ᠳᠤ ᠤᠰᠤᠨ ᠬᠤᠭᠤᠯᠠᠢ ᠲᠡᠪᠢᠰᠭᠦ ᠠᠵᠢᠯ ᠳᠠᠭᠤᠰᠤᠭᠠᠳ ᠢᠷᠡᠬᠦ᠌ ᠬᠠᠪᠤᠷ᠎ᠠᠴᠠ ᠡᠪᠡᠰᠤ ᠳᠠᠷᠢᠵᠤ ᠨᠠᠮᠤᠷ᠎ᠲᠠᠭᠠᠨ ᠬᠠᠳᠤᠯᠠᠩ ᠠᠪᠴᠦ᠍ ᠲᠠᠢᠯᠬᠦ᠌ ᠪᠤᠯᠵᠤ᠂ ᠭᠠᠴᠠᠭᠠᠨ᠎ᠤ 40 ᠭᠠᠷᠤᠢ ᠡᠷᠦᠭᠡ᠎ᠶ᠋ᠢᠨ ᠮᠠᠯᠴᠢᠳ ᠱᠢᠭᠤᠳ ᠠᠱᠢᠭ ᠬᠦᠷᠳᠡᠬᠦ᠌ ᠪᠤᠯᠤᠬ᠍ᠰᠠᠨ》 ᠬᠡᠵᠤ ᠮᠠᠨ᠎ᠤ ᠶᠠᠷᠢᠯᠴᠠᠭ᠎ᠠ ᠨᠠᠭᠤᠷ᠎ᠤᠨ ᠵᠠᠰᠠᠯᠲᠠ᠎ᠠᠴᠠ ᠡᠬᠢᠯᠡᠭ᠌ᠰᠡᠨ ᠶᠤᠮ᠃

《ᠠᠷᠪᠠᠭᠠᠳ ᠵᠢᠯ᠎ᠤᠨ ᠡᠮᠦᠨ᠎ᠠ ᠨᠠᠭᠤᠷ᠎ᠤᠨ ᠤᠰᠤ ᠪᠤᠬᠢᠷᠳᠤᠨ ᠦᠮᠡᠭᠡᠢ ᠦᠨᠦᠷ ᠬᠠᠮᠠᠷ ᠴᠤᠷᠬᠢᠳᠠᠭ ᠪᠤᠯᠬᠤᠷ ᠬᠠᠪᠤᠷ ᠴᠠᠭ᠎ᠲᠤ ᠨᠠᠭᠤᠷ ᠡᠬᠢᠯᠡᠨ ᠬᠡᠰᠦᠭ᠌ᠰᠡᠨ᠎ᠢ ᠨᠠᠰᠤᠳᠠᠢᠴᠤᠳ ᠬᠡᠷ᠎ᠠᠴᠠ᠎ᠪᠠᠨ ᠭᠠᠷᠬᠤ ᠦᠬᠡᠢ᠎ᠪᠠᠷ ᠮᠡᠳᠡᠴᠢᠬᠡᠳᠡᠭ ᠶᠤᠮ ᠁》 ᠭᠡᠵᠤ ᠨᠠᠭᠤᠷ ᠪᠠᠷᠠᠳᠠᠵᠦ᠍ ᠦᠰᠦᠭ᠌ᠰᠡᠨ ᠰᠤᠶᠤᠯᠳᠦ ᠤᠯᠠᠭᠠᠨᠰᠤᠬᠠᠢ᠎ᠶ᠋ᠢᠨ ᠪᠤᠬᠢᠷᠳᠤᠯ᠎ᠤᠨ ᠳᠤᠬᠠᠢ ᠤᠴᠢᠷᠯᠠᠨ᠎ᠠ᠃ ᠲᠤᠬᠠᠢ᠎ᠶ᠋ᠢᠨ ᠦᠶᠡᠰ ᠨᠠᠭᠤᠷ᠎ᠠᠴᠠ ᠭᠤᠷᠪᠠᠭ᠍ᠠᠨ ᠭᠠᠵᠠᠷ ᠵᠠᠢᠳᠠᠢ ᠰᠠᠭᠤᠷᠢᠱᠢᠭ᠎ᠠ ᠠᠷᠴᠠ ᠭᠠᠴᠠᠭ᠎ᠠ᠎ᠶ᠋ᠢᠨ᠎ᠬᠢᠨ ᠰᠠᠭᠤᠬᠤ ᠴᠤ᠌ ᠪᠢᠰᠢ ᠨᠡᠬᠦᠬᠦ᠌ ᠴᠤ᠌ ᠪᠢᠰᠢ ᠠᠷᠭ᠎ᠠ ᠶᠠᠳᠠᠵᠠᠢ᠃ ᠦᠨᠤᠳᠤᠷ ᠪᠤᠯᠬᠤ᠎ᠳᠤ ᠭᠠᠴᠠᠭᠠᠨ᠎ᠤ ᠮᠠᠯᠴᠢᠳ ᠬᠠᠷᠢᠨ ᠤᠯᠠᠭᠠᠨᠰᠤᠬᠠᠢ᠎ᠶ᠋ᠢᠨ ᠠᠮᠢ ᠠᠬᠤᠢ᠎ᠶ᠋ᠢᠨ ᠵᠠᠰᠠᠯᠳᠠ᠎ᠶ᠋ᠢᠨ ᠦᠷ᠎ᠡ ᠠᠱᠢᠭ᠎ᠢ ᠬᠦᠷᠳᠡᠵᠤ᠂ ᠴᠢᠨᠡᠬᠡᠯᠢᠭ ᠠᠮᠢᠳᠤᠷᠠᠯ ᠵᠦᠭ ᠲᠡᠮᠡᠤᠯᠵᠡᠭᠡᠨ᠎ᠠ᠃

ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠲᠥᠪ᠎ᠠᠴᠠ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ ᠵᠠᠰᠠᠯᠳᠠ᠎ᠶ᠋ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠯᠤᠰ ᠪᠠ ᠦᠪᠡᠷᠳᠡᠭᠡᠨ ᠵᠠᠰᠠᠬᠤ ᠤᠷᠤᠨ᠎ᠠᠴᠠ ᠤᠯᠠᠭᠠᠨᠰᠤᠬᠠᠢ᠎ᠶ᠋ᠢ ᠶᠡᠷᠦᠩᠬᠡᠢᠯᠡᠨ ᠵᠠᠰᠠᠬᠤ ᠠᠵᠢᠯ᠎ᠢ ᠬᠦᠴᠦᠯᠡᠨ ᠠᠬᠢᠭᠤᠯᠤᠭ᠍ᠰᠠᠨ᠎ᠠᠴᠠ ᠤᠯᠠᠭᠠᠨᠰᠤᠬᠠᠢ ᠳᠤᠩᠭᠠᠯᠠᠭ᠍ᠰᠢᠨ ᠨᠡᠭᠦᠳᠡᠯ᠎ᠤᠨ ᠱᠢᠪᠠᠭᠤᠳ ᠤᠯᠠᠱᠢᠷᠠᠵᠤ᠂ ᠤᠢ᠍ᠢᠷ᠎ᠠ ᠬᠠᠪᠢ᠎ᠶ᠋ᠢᠨ ᠬᠦᠷᠤᠰᠤᠨ᠎ᠤ ᠴᠢᠨᠠᠷ ᠴᠦ᠍ ᠰᠠᠢᠵᠢᠷᠠᠪᠠ᠃ 《ᠨᠠᠭᠤᠷ᠎ᠢ ᠶᠡᠷᠦᠩᠬᠡᠢᠯᠡᠨ ᠵᠠᠰᠠᠭ᠍ᠰᠠᠨ᠎ᠠᠴᠠ ᠳᠠᠷᠢᠶᠠᠨ ᠭᠠᠵᠠᠷ ᠬᠤᠵᠢᠷᠱᠢᠬᠤ᠎ᠪᠠᠨ ᠪᠤᠯᠢᠵᠤ᠂ ᠲᠠᠷᠢᠶ᠎ᠠ ᠲᠦᠮᠦᠰᠤ᠎ᠶ᠋ᠢᠨ ᠤᠨᠠᠯᠳᠠ ᠴᠦ᠍ ᠨᠡᠮᠡᠭ᠌ᠳᠡᠵᠦ᠍ ᠪᠠᠢᠨ᠎ᠠ᠃ ᠤᠯᠠᠭᠠᠨᠰᠤᠬᠠᠢ᠎ᠶ᠋ᠢᠨ ᠵᠢᠭᠤᠯᠴᠢᠯᠠᠯ᠎ᠳᠤ ᠵᠤᠷᠢᠭᠤᠯᠵᠤ ᠨᠢᠳᠤᠨᠤᠨ ᠮᠠᠨ᠎ᠤ ᠭᠠᠴᠠᠭ᠎ᠠ ᠨᠡᠭᠦᠳᠡᠯ ᠠᠷᠠᠳ᠎ᠤᠨ ᠳᠤᠰᠭᠤᠨ ᠪᠠᠢᠭᠤᠯᠵᠤ᠂ 60 ᠮᠠᠯᠵᠢᠬᠤ ᠡᠷᠦᠭᠡ᠎ᠶ᠋ᠢ ᠨᠡᠬᠦᠯᠬᠡᠨ ᠲᠦᠪᠬᠢᠨᠡᠬᠦᠯᠦᠭ᠌ᠰᠡᠨ ᠪᠦᠬᠡᠳ ᠬᠤᠨᠤᠭ᠎ᠤᠨ ᠭᠠᠵᠠᠷ ᠪᠠᠢᠭᠤᠯᠤᠨ ᠤᠯᠠᠭᠠᠨ ᠢᠳᠡᠭᠡᠨ ᠪᠠ ᠴᠠᠭᠠᠨ ᠢᠳᠡᠭᠡᠨ᠎ᠢᠶᠠᠨ ᠪᠤᠷᠤᠯᠠᠭᠤᠯᠵᠤ᠂ ᠮᠠᠯ ᠠᠵᠤ ᠠᠬᠤᠢ᠎ᠪᠠᠨ ᠤᠯᠠᠭᠠᠨᠰᠤᠬᠠᠢ᠎ᠶ᠋ᠢᠨ ᠵᠢᠭᠤᠯᠴᠢᠯᠠᠯ᠎ᠤᠨ ᠦᠢᠯᠡᠰ᠎ᠲᠠᠢ ᠤᠶᠠᠯᠳᠤᠭᠤᠯᠤᠨ ᠭᠦᠭ᠌ᠵᠢᠬᠦᠯᠵᠤ ᠮᠠᠯᠴᠢᠳ᠎ᠤᠨ ᠤᠷᠤᠯᠭ᠎ᠠ᠎ᠶ᠋ᠢ ᠨᠡᠮᠡᠭ᠌ᠳᠡᠬᠦᠯᠵᠦ᠍ ᠪᠠᠢᠨ᠎ᠠ》 ᠭᠡᠵᠦ᠍ ᠰᠤᠶᠤᠯᠳᠦ ᠭᠠᠴᠠᠭᠠᠨ᠎ᠤ ᠪᠠᠢᠳᠠᠯ᠎ᠢᠶᠠᠨ ᠳᠠᠨᠢᠯᠴᠠᠭᠤᠯᠤᠨ᠎ᠠ᠃ ᠤᠳᠤ ᠠᠷᠴᠠ ᠭᠠᠴᠠᠭᠠᠨ᠎ᠤ ᠶᠠᠳᠠᠭᠤ ᠬᠦᠴᠢᠷᠳᠠᠯᠳᠠᠢ ᠡᠷᠦᠭᠡ ᠪᠦᠬᠦᠨ᠎ᠢᠶᠠᠷ᠎ᠢᠶᠠᠨ ᠶᠠᠳᠠᠭᠤ᠎ᠠᠴᠠ ᠠᠩᠬᠢᠵᠢᠷᠠᠵᠤ᠂ ᠪᠦᠬᠦ᠌ ᠭᠠᠴᠠᠭᠠᠨ᠎ᠤ 134 ᠮᠠᠯᠵᠢᠬᠤ ᠡᠷᠦᠭᠡ᠎ᠶ᠋ᠢᠨ ᠵᠢᠯ᠎ᠤᠨ ᠳᠤᠮᠳᠠᠴᠢ ᠴᠡᠪᠡᠷ ᠤᠷᠤᠯᠭ᠎ᠠ ᠤᠤᠯ᠎ᠤᠨ 3 ᠲᠦᠮᠡᠨ ᠲᠦᠬᠦᠷᠢᠭ᠎ᠲᠤ ᠬᠦᠷᠬᠦ᠌ ᠦᠬᠡᠢ ᠪᠠᠢᠭ᠍ᠰᠠᠨ᠎ᠠᠴᠠ᠎ᠪᠠᠨ ᠨᠢᠳᠤᠨᠤᠨ 5 ᠲᠦᠮᠡᠨ ᠲᠦᠭᠦᠷᠢᠭ᠎ᠢ ᠳᠠᠪᠠᠵᠠᠢ᠃ ᠠᠮᠢ ᠠᠬᠤᠢ ᠣᠷᠴᠢᠨ ᠲᠣᠭᠤᠷᠢᠨ᠎ᠤ ᠶᠠᠰᠤ ᠴᠢᠨᠠᠷ ᠰᠠᠢᠵᠢᠷᠠᠬᠤ ᠳᠤᠳᠤᠮ ᠠᠮᠢ ᠠᠬᠤᠶ᠎ᠶ᠋ᠢᠨ ᠳᠠᠪᠠᠭᠤᠯᠢᠭ᠎ᠨᠢ ᠪᠣᠬᠢᠷᠲᠤᠯ ᠦᠭᠡᠶ ᠬᠥᠭ᠌ᠵᠢᠯᠲᠡ᠎ᠶ᠋ᠢᠨ ᠱᠢᠨ᠎ᠡ ᠬᠥᠳᠡᠯᠭᠡᠭᠦ᠌ ᠬᠦᠴᠦᠨ ᠪᠤᠯᠳᠠᠭ᠂ ᠡᠬᠦᠨ᠎ᠢ ᠤᠯᠠᠭᠠᠨᠰᠤᠬᠠᠢ᠎ᠶ᠋ᠢᠨ ᠲᠡᠨᠵᠢᠨ᠎ᠳᠠᠬᠢ ᠮᠠᠯᠴᠢᠳ᠎ᠤᠨ ᠦᠢᠯᠡᠳᠪᠤᠷᠢᠯᠡᠯ ᠠᠮᠢᠳᠤᠷᠠᠯ᠎ᠤᠨ ᠬᠤᠪᠢᠷᠠᠯᠳᠠ ᠲᠤᠳᠤᠬᠠᠨ ᠬᠡᠷᠡᠴᠢᠯᠡᠨ᠎ᠠ᠃

《ᠠᠵᠤ ᠠᠬᠤᠶ᠎ᠶ᠋ᠢ ᠬᠥᠭ᠌ᠵᠢᠭᠦᠯᠬᠦ᠌ ᠪᠣᠯ ᠠᠷᠠᠳ᠎ᠤᠨ ᠠᠮᠢᠳᠤᠷᠠᠯ᠎ᠤᠨ ᠲᠥᠯᠥᠭᠡ ᠶᠤᠮ᠂ ᠠᠮᠢ ᠠᠬᠤᠶ ᠣᠷᠴᠢᠨ ᠲᠣᠭᠤᠷᠢᠨ᠎ᠢ ᠬᠠᠮᠠᠭᠠᠯᠠᠬᠤ᠎ᠨᠢ ᠮᠥᠨ ᠴᠦ᠍ ᠠᠷᠠᠳ᠎ᠤᠨ ᠠᠮᠢᠳᠤᠷᠠᠯ᠎ᠤᠨ ᠲᠥᠯᠥᠭᠡ ᠶᠤᠮ》᠂ 《ᠠᠷᠪᠠᠨ ᠲᠦᠷᠪᠡᠳᠤᠬᠡᠷ ᠲᠠᠪᠤᠨ ᠵᠢᠯ》 ᠎ᠤᠨ ᠠᠵᠤ ᠠᠬᠤᠢ ᠨᠡᠢᠭᠡᠮ᠎ᠤᠨ ᠬᠦᠭ᠌ᠵᠢᠯᠳᠡ᠎ᠶ᠋ᠢᠨ ᠭᠤᠤᠯ ᠬᠠᠷᠠᠯᠳᠠ᠎ᠳᠤ 《ᠠᠮᠢ ᠠᠬᠤᠢ᠎ᠶ᠋ᠢᠨ ᠪᠤᠯᠪᠠᠰᠤᠨ᠎ᠤ ᠪᠠᠢᠭᠤᠯᠤᠯᠳᠠ ᠱᠢᠨ᠎ᠠ ᠳᠠᠪᠱᠢᠯᠳᠠ᠎ᠲᠠᠢ ᠪᠤᠯᠵᠤ᠂ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠪᠤᠬᠢᠷᠳᠤᠯ ᠦᠭᠡᠢ ᠪᠤᠯᠭᠠᠨ ᠬᠤᠪᠢᠷᠠᠭᠤᠯᠬᠤ ᠠᠵᠢᠯ ᠢᠯᠡᠳᠳᠡ ᠦᠷ᠎ᠠ ᠪᠦᠳᠦᠮᠵᠢ ᠤᠯᠵᠤ᠂ ᠡᠨᠧᠷᠬᠢ᠎ᠶ᠋ᠢᠨ ᠡᠬᠢ ᠪᠠᠶᠠᠯᠢᠭ᠎ᠤᠨ ᠳᠤᠬᠢᠷᠠᠭᠤᠯᠤᠯᠳᠠ᠎ᠶ᠋ᠢ ᠨᠡᠩ ᠵᠦᠢ ᠵᠤᠬᠢᠰᠳᠠᠢ ᠪᠤᠯᠭᠠᠨ᠂ ᠭᠤᠤᠯ ᠪᠤᠯᠬᠤ ᠪᠤᠬᠢᠷᠳᠤᠯ ᠪᠤᠳᠠᠰ᠎ᠢ ᠭᠠᠳᠠᠭ᠍ᠰᠢᠯᠠᠭᠤᠯᠬᠤ ᠶᠡᠷᠤᠩᠬᠡᠢ ᠬᠡᠮᠵᠢᠶ᠎ᠠ᠎ᠶ᠋ᠢ ᠦᠷᠭᠦᠯᠵᠢᠯᠡᠨ ᠪᠠᠭᠠᠰᠭᠠᠵᠦ᠍᠂ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠨᠡᠩ ᠪᠠᠳᠤ ᠴᠤᠭ᠍ᠴᠠᠯᠠᠨ᠂ ᠬᠤᠳᠠ ᠬᠦᠳᠡᠭᠡ᠎ᠶ᠋ᠢᠨ ᠤᠷᠤᠱᠢᠨ ᠰᠠᠭᠤᠷᠢᠱᠢᠬᠤ ᠤᠷᠴᠢᠨ ᠨᠦᠭᠦᠴᠡᠯ᠎ᠢ ᠢᠯᠡᠳᠳᠡ ᠰᠠᠢᠵᠢᠷᠠᠭᠤᠯᠤᠨ᠎ᠠ》 ᠁ ᠨᠠᠮ᠎ᠤᠨ ᠠᠷᠪᠠ ᠶᠢᠰᠦᠳᠦᠬᠡᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠬᠦᠳᠡ ᠬᠤᠷᠠᠯ᠎ᠤᠨ ᠠᠮᠢ ᠠᠬᠤᠢ ᠤᠷᠴᠢᠨ ᠲᠤᠭᠤᠷᠢᠨ᠎ᠤ ᠲᠤᠬᠠᠢ ᠲᠤᠷᠠᠳᠤᠯᠭ᠎ᠠ᠎ᠨᠢ ᠰᠤᠶᠤᠯᠳᠤ ᠪᠤᠯᠤᠨ ᠠᠷᠴᠠ ᠭᠠᠴᠠᠭᠠᠨ᠎ᠤ 24 ᠨᠠᠮ᠎ᠤᠨ ᠭᠡᠱᠢᠭᠦᠨ᠎ᠤ ᠠᠩᠬᠠᠷᠤᠯ᠎ᠢ ᠲᠠᠳᠠᠵᠤ ᠡᠷᠴᠢ ᠵᠤᠷᠢᠭ᠎ᠢ᠎ᠨᠢ ᠤᠯᠠᠮ ᠬᠦᠪᠴᠢᠯᠡᠯ᠎ᠠ᠃

ᠰᠤᠶᠤᠯᠳᠦ 《ᠠᠷᠪᠠᠨ ᠲᠦᠷᠪᠡᠳᠤᠬᠡᠷ ᠲᠠᠪᠤᠨ ᠵᠢᠯ》 ᠎ᠤᠨ ᠬᠤᠭᠤᠴᠠᠭᠠᠨ᠎ᠳᠠᠬᠢ ᠭᠠᠴᠠᠭᠠᠨ᠎ᠤ᠎ᠪᠠᠨ ᠬᠦᠭ᠌ᠵᠢᠯᠳᠡ᠎ᠶ᠋ᠢᠨ ᠲᠦᠰᠦᠪ᠎ᠢᠶᠠᠨ ᠪᠢᠳᠡᠨ᠎ᠳᠤ ᠢᠩᠬᠢᠵᠦ᠍ ᠵᠢᠷᠤᠭ᠍ᠯᠠᠯ᠎ᠠ᠄ ᠾᠧ ᠱᠢᠨ ᠺᠤᠮᠫᠠᠨᠢ᠎ᠶ᠋ᠢ ᠤᠷᠢᠨ ᠤᠷᠤᠭᠤᠯᠵᠤ ᠦᠢᠯᠡᠳᠪᠦᠷᠢ᠎ᠶ᠋ᠢᠨ ᠳᠠᠰᠤᠭ ᠪᠠᠢᠭᠤᠯᠤᠨ᠂ ᠢᠷᠡᠭᠦ᠌ ᠵᠢᠯ᠎ᠳᠤ ᠠᠱᠢᠬ᠍ᠯᠠᠯᠳᠠ᠎ᠳᠤ ᠤᠷᠤᠭᠤᠯᠵᠤ᠂ ᠭᠠᠴᠠᠭᠠᠨ᠎ᠤ ᠬᠠᠮᠳᠤ᠎ᠶ᠋ᠢᠨ ᠠᠵᠤ ᠠᠬᠤᠢ᠎ᠶ᠋ᠢᠨ ᠤᠷᠤᠯᠭ᠎ᠠ᠎ᠶ᠋ᠢ ᠨᠡᠮᠡᠭ᠌ᠳᠡᠭᠦᠯᠬᠦ᠌ ᠪᠦᠭᠡᠳ ᠮᠠᠯᠴᠢᠳ᠎ᠤᠨ ᠬᠤᠷᠢᠶᠠᠭ᠍ᠰᠠᠨ ᠡᠷᠳᠡᠨᠢ ᠱᠢᠰᠢ᠎ᠶ᠋ᠢ ᠵᠠᠬ᠎ᠠ ᠳᠡᠯᠭᠡᠭᠦᠷ᠎ᠤᠨ ᠦᠨ᠎ᠡ ᠬᠠᠩᠰᠢ᠎ᠠᠴᠠ ᠦᠨᠠᠳᠠᠢ᠎ᠪᠠᠷ ᠬᠤᠷᠢᠶᠠᠨ ᠠᠪᠴᠦ᠍ ᠤᠷᠤᠯᠭ᠎ᠠ᠎ᠶ᠋ᠢ᠎ᠨᠢ ᠨᠡᠮᠡᠭ᠌ᠳᠡᠭᠦᠯᠦᠨ᠎ᠡ; ᠭᠠᠴᠠᠭᠠᠨ᠎ᠤ᠎ᠪᠠᠨ ᠤᠰᠤᠨ ᠴᠦᠭᠦᠷᠤᠮ᠎ᠢ ᠳᠠᠬᠢᠨ ᠡᠵᠡᠩᠨᠡᠯᠳᠡ᠎ᠳᠤ ᠤᠷᠤᠭᠤᠯᠵᠤ᠂ ᠭᠠᠴᠠᠭᠠᠨ᠎ᠤ ᠬᠠᠮᠳᠤ᠎ᠶ᠋ᠢᠨ ᠠᠵᠤ ᠠᠬᠤᠢ᠎ᠶ᠋ᠢᠨ ᠤᠷᠤᠯᠭ᠎ᠠ᠎ᠶ᠋ᠢ ᠨᠡᠮᠡᠭ᠌ᠳᠡᠭᠦᠯᠦᠨ᠎ᠡ; ᠤᠯᠠᠭᠠᠨᠰᠤᠬᠠᠢ᠎ᠶ᠋ᠢᠨ ᠵᠢᠭᠤᠯᠴᠢᠯᠠᠯ᠎ᠳᠤ ᠵᠤᠷᠢᠭᠤᠯᠤᠭ᠍ᠰᠠᠨ ᠮᠤᠩᠭᠤᠯ ᠭᠡᠷ᠎ᠢᠶᠠᠨ ᠦᠷᠭᠡᠳᠭᠡᠨ ᠪᠠᠢᠭᠤᠯᠤᠨ᠎ᠠ; ᠨᠢᠭᠡᠨᠳᠡ ᠤᠯᠤᠭ᠍ᠰᠠᠨ ᠲᠦᠷᠦᠯ ᠵᠦᠢᠯ᠎ᠤᠨ ᠪᠡᠯᠡ ᠮᠦᠩᠭᠦ᠎ᠪᠠᠷ ᠭᠠᠴᠠᠭᠠᠨ᠎ᠤ᠎ᠪᠠᠨ ᠮᠤᠷᠢᠨ ᠤᠷᠤᠯᠳᠤᠭᠠᠨ᠎ᠤ ᠳᠠᠯᠠᠪᠠᠢ᠎ᠪᠠᠨ ᠵᠠᠰᠠᠨ ᠱᠢᠨᠡᠳᠭᠡᠵᠤ᠂ ᠮᠠᠯᠴᠢᠳ᠎ᠤᠨ ᠰᠤᠶᠤᠯ᠎ᠤᠨ ᠠᠮᠢᠳᠤᠷᠠᠯ᠎ᠢ ᠪᠠᠶᠠᠯᠢᠭ᠍ᠵᠢᠭᠤᠯᠬᠤ᠎ᠶ᠋ᠢᠨ ᠬᠠᠮᠳᠤ ᠤᠯᠠᠭᠠᠨᠰᠤᠬᠠᠢ᠎ᠶ᠋ᠢᠨ ᠵᠢᠭᠤᠯᠴᠢᠯᠠᠯ᠎ᠳᠤ ᠦᠢᠯᠡᠴᠢᠯᠡᠬᠦᠯᠦᠨ᠎ᠠ ᠁

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号