ᠤᠮᠠᠷᠠᠳᠦ ᠬᠢᠯᠢ᠎ᠳᠠᠬᠢ ᠤᠳᠤᠬᠢᠴᠢᠯᠠᠯᠳᠠ᠎ᠶ᠋ᠢᠨ ᠪᠠᠷᠠᠯᠠᠯ
2020-12-08 09:24:17
ᠵᠣᠬᠢᠶᠠᠭ᠍ᠴᠢ᠄
ᠬᠠᠢᠷᠬᠠᠨ ᠭᠤᠸ᠎ᠠ ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

ᠲᠦᠷᠦᠭᠦᠭᠡᠡ᠂ ᠠᠩᠬᠠᠨ᠎ᠤ ᠴᠠᠰᠤ ᠤᠷᠠᠳ ᠨᠤᠳᠤᠭ᠎ᠲᠤ ᠪᠠᠭᠤᠬᠤᠶ᠎ᠠ᠂ ᠮᠤᠨᠠ ᠠᠭᠤᠯᠠ ᠮᠦᠩᠭᠦᠨ ᠵᠠᠰᠠᠯ᠎ᠢᠶᠠᠷ ᠭᠤᠶᠤᠯᠠᠨ᠂ ᠠᠯᠤᠰ᠎ᠤᠨ ᠠᠯᠤᠰ᠎ᠲᠤ ᠰᠦᠮᠡᠯᠵᠡᠨ᠂ ᠤᠮᠠᠷᠠᠱᠢᠯᠠᠬᠤ ᠳᠤᠳᠤᠮ ᠡᠩ ᠦᠭᠡᠢ ᠥᠷᠭᠡᠨ ᠭᠤᠪᠢ ᠴᠠᠢᠷᠠᠨ ᠨᠡᠯᠦ᠋ᠢᠨ᠎ᠠ᠃ 

ᠪᠢᠳᠡ ᠴᠠᠰᠤᠳᠤ ᠭᠤᠪᠢ᠎ᠶ᠋ᠢᠨ ᠦᠵᠡᠮᠵᠢ᠎ᠶ᠋ᠢ ᠪᠠᠭ᠍ᠠᠳᠤᠨ ᠬᠢᠯᠢ ᠨᠤᠳᠤᠭ᠎ᠢ ᠵᠤᠷᠢᠬ᠍ᠰᠠᠭᠠᠷ᠂ ᠤᠷᠠᠳ᠎ᠤᠨ ᠳᠤᠮᠳᠠᠳᠤ ᠬᠤᠱᠢᠭᠤᠨ᠎ᠤ ᠭᠠᠭ᠍ᠴᠠᠮᠤᠳᠤ ᠪᠠᠯᠭᠠᠰᠤᠨ᠎ᠤ ᠲᠡᠷᠡᠰᠦ ᠭᠠᠴᠠᠭᠠᠨ᠎ᠳᠤ ᠬᠦᠷᠴᠤ᠌ ᠢᠷᠡᠯ᠎ᠡ᠃ ᠭᠠᠴᠠᠭᠠᠨ᠎ᠳᠤ ᠤᠷᠤᠬᠤ ᠳᠤᠮᠤ ᠡᠬᠦᠳᠡᠨ᠎ᠤ ᠬᠤᠶᠠᠷ ᠬᠠᠵᠠᠭᠤ᠎ᠳᠤ ᠤᠩᠭᠤᠨ ᠲᠡᠯ ᠬᠡᠢᠰᠭᠡᠨ ᠲᠡᠭᠦᠯᠢᠭ᠌ᠰᠡᠨ ᠬᠤᠶᠠᠷ ᠬᠦᠯᠦᠭ ᠮᠤᠷᠢᠨ᠎ᠤ ᠱᠤᠭᠤᠮᠠᠯ ᠰᠦᠨᠳᠡᠷᠯᠡᠨ᠎ᠡ᠃ ᠡᠮᠡᠭᠡᠯ᠎ᠤᠨ ᠮᠠᠶᠢᠭ᠎ᠢᠶᠠᠷ ᠴᠢᠮᠡᠭ᠌ᠰᠡᠨ ᠳᠤᠮᠤ ᠫᠠᠢᠰᠠᠨ ᠳᠡᠬᠡᠷ᠎ᠠ ᠳᠡᠷᠡᠰᠦ ᠭᠠᠴᠠᠭ᠎ᠠ ᠬᠡᠵᠦ᠍ ᠳᠤᠷᠠᠢᠳᠠᠯ᠎ᠠ ᠪᠢᠴᠢᠬᠡᠰᠦᠳᠡᠢ᠂ ᠵᠠᠮ ᠳᠤᠭᠤᠷᠢᠭᠤᠯᠤᠨ ᠪᠤᠰᠭᠠᠭ᠍ᠰᠠᠨ ᠨᠠᠢ᠍ᠮᠠᠨ ᠰᠦᠯᠳᠡ᠂ ᠠᠭᠤᠳᠠᠮ ᠮᠤᠷᠢᠨ ᠲᠠᠯᠠᠪᠠᠢ᠂ ᠲᠤᠮᠤ ᠲᠤᠯᠭ᠎ᠠ᠂ ᠵᠡᠷᠭᠡᠴᠡᠨ ᠪᠠᠢᠷᠢᠯᠠᠭ᠍ᠰᠠᠨ ᠲᠦᠷᠪᠡᠨ ᠮᠤᠩᠭᠤᠯ ᠭᠡᠷ᠎ᠨᠢ ᠠᠳᠡ ᠨᠠᠢᠷ ᠨᠠᠭᠠᠳᠤᠮ ᠪᠤᠯᠵᠦ᠍ ᠪᠠᠢᠬ᠍ᠰᠠᠨ᠎ᠢ ᠬᠠᠷᠠᠭᠤᠯᠤᠨ᠎ᠠ᠃ 

ᠭᠠᠴᠠᠭᠠᠨ᠎ᠤ ᠨᠠᠮ᠎ᠤᠨ ᠡᠭᠦᠷ᠎ᠤᠨ ᠱᠦᠵᠢ ᠰᠡᠴᠡᠨᠵᠢᠷᠭᠠᠯ ᠶᠠᠭ ᠠᠯᠪᠠᠨ᠎ᠳᠠᠭᠠᠨ ᠪᠠᠢᠬᠤ᠎ᠲᠠᠢ ᠲᠠᠭᠠᠷᠠᠯᠳᠤᠬ᠍ᠰᠠᠨ᠎ᠢᠶᠠᠷ ᠪᠢᠳᠡᠨ᠎ᠤ ᠰᠤᠷᠪᠤᠯᠵᠢᠯᠠᠭ᠎ᠠ ᠮᠠᠰᠢ ᠱᠢᠯᠤᠭᠤᠬᠠᠨ ᠡᠬᠢᠯᠠᠵᠠᠢ᠃ ᠬᠢᠯᠢ᠎ᠠᠴᠠ ᠬᠤᠷᠢᠬᠠᠨ ᠺᠢᠯᠤᠮᠧᠲᠷ᠎ᠤᠨ ᠵᠠᠢᠳᠠᠢ ᠡᠨᠡ ᠰᠠᠭᠤᠷᠢᠱᠢᠯ ᠳᠡᠭᠡᠷ᠎ᠡ᠎ᠪᠠᠨ ᠭᠠᠴᠠᠭᠠᠨ᠎ᠤ᠎ᠬᠢᠨ 2013 ᠤᠨ᠎ᠳᠤ ᠨᠡᠭᠦᠨ ᠢᠷᠡᠵᠦ᠍᠂ ᠤᠳᠤ ᠪᠤᠯᠬᠤ᠎ᠳᠤ ᠠᠯᠪᠠᠨ ᠬᠡᠷ᠎ᠠᠴᠠ᠎ᠪᠠᠨ ᠭᠠᠳᠠᠨ᠎ᠠ ᠰᠤᠶᠤᠯ᠎ᠤᠨ ᠥᠷᠦᠭᠡ᠂ 1000 ᠳᠡᠭ᠌ᠰᠢ ᠳᠦᠷᠪᠡᠯᠵᠢᠨ ᠮᠧᠲᠷ᠎ᠤᠨ ᠮᠠᠯ᠎ᠤᠨ ᠲᠤᠯᠠᠭᠠᠨ ᠰᠠᠷᠠᠪᠴᠢ ᠵᠡᠷᠭᠡ᠎ᠶ᠋ᠢ ᠢᠵᠢ ᠪᠦᠷᠢᠳᠦᠭᠦᠯᠦᠭ᠌ᠰᠡᠨ ᠪᠠᠢᠨ᠎ᠠ᠃ ᠤᠯᠤᠰ᠎ᠤᠨ ᠵᠠᠮ 331 ᠭᠠᠴᠠᠭᠠᠨ᠎ᠤ ᠨᠤᠳᠤᠭ᠎ᠢᠶᠠᠷ ᠲᠠᠭᠠᠷᠢᠨ ᠦᠩᠬᠡᠷᠡᠳᠡᠭ ᠪᠤᠯᠬᠤᠷ ᠵᠠᠮ ᠨᠡᠪᠳᠡᠷᠡᠯᠭᠡ ᠶᠡᠭᠡ ᠯᠠ ᠳᠦᠬᠦᠮ᠃ ᠤᠳᠤ ᠭᠠᠴᠠᠭᠠᠨ᠎ᠤ ᠡᠷᠦᠬᠡ ᠪᠤᠯᠭᠠᠨ ᠱᠢᠨ᠎ᠡ ᠪᠠᠢᠱᠢᠩ᠎ᠳᠤ ᠨᠡᠭᠦᠨ ᠤᠷᠤᠬ᠍ᠰᠠᠨ ᠪᠦᠬᠡᠳ ᠭᠠᠴᠠᠭᠠᠨ᠎ᠳᠤ 78 ᠭᠦᠨ ᠬᠤᠳᠳᠤᠭ ᠮᠠᠯᠳᠠᠵᠤ᠂ ᠮᠠᠯᠴᠢᠳ᠎ᠤᠨ ᠤᠰᠤ ᠤᠮᠳᠠ᠎ᠶ᠋ᠢᠨ ᠠᠰᠠᠭᠤᠳᠠᠯ᠎ᠢ ᠱᠢᠢᠳᠪᠦᠷᠢᠯᠡᠭ᠌ᠰᠡᠨ᠎ᠢᠶᠠᠷ ᠪᠠᠷᠠᠬᠤ ᠦᠭᠡᠢ᠂ ᠥᠨᠳᠥᠷ ᠪᠣᠭᠤᠨᠢ ᠳᠠᠷᠤᠯᠲᠠ᠎ᠶ᠋ᠢᠨ ᠱᠤᠭᠤᠮ᠎ᠢ ᠨᠢᠭᠡᠨᠲᠡ ᠪᠦᠬᠦ᠌ ᠲᠠᠯ᠎ᠠ᠎ᠪᠠᠷ ᠵᠠᠯᠭᠠᠨ ᠣᠷᠣᠭᠤᠯᠵᠤ᠂ ᠴᠢᠮᠡᠭᠡ ᠬᠤᠯᠪᠣᠭᠠᠨ᠎ᠤ ᠳᠣᠬᠢᠶ᠎ᠠ᠎ᠶ᠋ᠢ ᠴᠤ᠌ ᠪᠦᠬᠦᠨ᠎ᠢ ᠪᠦᠷᠬᠦᠬᠦᠯᠦᠭ᠌ᠰᠡᠨ ᠪᠠᠢᠨ᠎ᠠ᠃ 

ᠲᠠᠪᠤᠨ ᠬᠤᠱᠢᠭᠤ ᠮᠠᠯ ᠲᠡᠭ᠌ᠰᠢ ᠮᠠᠯᠵᠢᠵᠦ᠍ ᠪᠠᠢᠭ᠎ᠠ ᠳᠡᠷᠡᠰᠦ ᠭᠠᠴᠠᠭᠠᠨ᠎ᠳᠠᠭᠠᠨ 2000 ᠭᠠᠷᠤᠢ ᠠᠳᠤᠭᠤ᠎ᠲᠠᠢ ᠪᠠᠢᠵᠦ᠍᠂ 《ᠬᠤᠷᠳᠤ ᠠᠳᠤᠭᠤᠨ ᠦᠢᠯᠡᠰ᠎ᠤᠨ ᠨᠡᠢᠭᠡᠮᠯᠢᠭ》 ᠎ᠲᠠᠢ᠃ ᠭᠠᠴᠠᠭ᠎ᠠ᠎ᠠᠴᠠ ᠠᠳᠤᠭᠤᠨ ᠰᠤᠶᠤᠯ᠎ᠢᠶᠠᠨ ᠬᠦᠭ᠌ᠵᠢᠭᠦᠯᠵᠦ᠍᠂ ᠳᠤᠮᠳᠠᠳᠤ ᠮᠤᠩᠭᠤᠯ ᠬᠤᠶᠠᠷ ᠤᠯᠤᠰ᠎ᠤᠨ ᠠᠪᠤᠷᠭᠤ ᠠᠳᠤᠭᠤᠴᠢᠨ ᠱᠢᠯᠭᠠᠷᠠᠭᠤᠯᠬᠤ ᠲᠡᠮᠡᠴᠡᠭᠡᠨ ᠵᠡᠷᠭᠡ ᠶᠡᠭᠡ ᠪᠠᠭ᠎ᠠ ᠤᠯᠠᠨ ᠤᠳᠠᠭᠠᠨ᠎ᠤ ᠬᠦᠳᠡᠯᠭᠡᠭᠡᠨ᠎ᠢ ᠥᠷᠨᠢᠭᠦᠯᠦᠭ᠌ᠰᠡᠨ ᠶᠤᠮ᠃ 2014 ᠤᠨ᠎ᠳᠤ ᠳᠤᠮᠳᠠᠳᠤ ᠮᠤᠩᠭᠤᠯ᠎ᠤᠨ ᠰᠤᠶᠤᠯ᠎ᠤᠨ ᠰᠤᠯᠢᠯᠴᠠᠭᠠᠨ᠎ᠤ ᠠᠵᠢᠯᠯᠠᠭ᠎ᠠ᠎ᠶ᠋ᠢ ᠲᠡᠷᠡᠰᠦ ᠭᠠᠴᠠᠭᠠᠨ᠎ᠳᠤ ᠶᠠᠪᠤᠭ᠍ᠳᠠᠭᠤᠯᠵᠤ᠂ 3 ᠲᠦᠮᠡᠨ ᠬᠦᠮᠦᠨ ᠴᠤᠭ᠍ᠯᠠᠷᠠᠭ᠍ᠰᠠᠨ ᠤᠳᠠᠭ᠎ᠠ᠎ᠲᠠᠢ᠃ 《ᠮᠠᠨ᠎ᠤ ᠭᠠᠴᠠᠭ᠎ᠠ ᠡᠮᠦᠨ᠎ᠡ ᠬᠡᠳᠦᠨ ᠵᠢᠯ ᠲᠡᠷᠡᠰᠦ ᠤᠪᠤᠭ᠎ᠠ᠎ᠪᠠᠨ ᠰᠡᠷᠭᠦᠭᠡᠵᠦ᠍ ᠭᠠᠴᠠᠭᠠᠨ᠎ᠠᠴᠠ ᠲᠠᠬᠢᠬᠤ ᠪᠤᠯᠤᠭ᠍ᠰᠠᠨ ᠶᠤᠮ᠂ ᠮᠠᠨ᠎ᠤ ᠠᠳᠡ ᠨᠠᠢᠷ ᠨᠠᠭᠠᠳᠤᠮ ᠤᠯᠠᠨ ᠬᠢᠳᠡᠭ᠂ ᠵᠠᠮ ᠨᠡᠪᠳᠡᠷᠡᠯᠭᠡ ᠲᠦᠭᠦᠮ ᠤᠴᠢᠷ᠎ᠠᠴᠠ ᠱᠢᠯᠢ᠎ᠶ᠋ᠢᠨ ᠭᠤᠤᠯ᠂ ᠠᠯᠠᠱᠠ᠂ ᠤᠷᠳᠤᠰ ᠵᠡᠷᠭᠡ ᠤᠢ᠍ᠢᠷ᠎ᠠ ᠤᠷᠴᠢᠮ᠎ᠤᠨ ᠬᠤᠱᠢᠭᠤ ᠱᠢᠶᠠᠨ᠎ᠠᠴᠠ ᠤᠯᠠᠨ ᠮᠤᠷᠢᠳᠠᠨ᠂ ᠪᠦᠬᠡᠴᠢᠳ ᠢᠷᠡᠬᠦ᠌᠎ᠪᠠᠷ ᠪᠠᠷᠠᠬᠤ ᠦᠭᠡᠢ ᠮᠤᠩᠭᠤᠯ ᠤᠯᠤᠰ᠎ᠤᠨ ᠪᠦᠬᠡᠴᠢᠳ ᠪᠠᠰᠠ ᠤᠯᠠᠨ ᠴᠤᠭ᠍ᠯᠠᠷᠠᠳᠠᠭ ᠶᠤᠮ᠃ ᠠᠭᠤᠳᠠᠮ ᠮᠤᠷᠢᠨ ᠤᠷᠤᠯᠳᠤᠭᠠᠨ᠎ᠤ ᠲᠠᠯᠠᠪᠠᠢ᠎ᠲᠠᠢ ᠲᠠᠪᠠᠭᠤᠯᠢᠭ ᠨᠦᠬᠦᠴᠡᠯ᠎ᠳᠡᠭᠡᠨ ᠰᠠᠭᠤᠷᠢᠯᠠᠨ ᠬᠤᠷᠳᠤᠨ ᠮᠤᠷᠢᠨ᠎ᠤ ᠤᠷᠤᠯᠳᠤᠭᠠᠨ᠂ ᠬᠤᠯᠠ᠎ᠶ᠋ᠢᠨ ᠮᠤᠷᠢᠨ᠎ᠤ ᠤᠷᠤᠯᠳᠤᠭᠠᠨ ᠬᠢᠳᠡᠭ᠂ ᠨᠠᠢᠷ ᠨᠠᠭᠠᠳᠤᠮ᠎ᠢᠶᠠᠷ ᠬᠤᠯᠠ ᠤᠢ᠍ᠢᠷ᠎ᠠ᠎ᠶ᠋ᠢᠨ ᠮᠠᠯᠴᠢᠳ ᠬᠦᠷᠦᠯᠴᠡᠨ ᠢᠷᠡᠵᠡᠭᠡᠵᠦ᠍᠂ ᠮᠠᠯ ᠮᠠᠯᠵᠢᠬᠤ ᠳᠤᠷᠱᠢᠯᠭ᠎ᠠ᠎ᠪᠠᠨ ᠬᠠᠷᠢᠯᠴᠠᠨ ᠰᠤᠯᠢᠯᠴᠠᠳᠠᠭ᠎ᠢᠶᠠᠷ ᠪᠠᠷᠠᠬᠤ ᠦᠭᠡᠢ᠂ ᠮᠠᠨ᠎ᠤ ᠮᠠᠯᠴᠢᠳ ᠮᠤᠩᠭᠤᠯ ᠭᠡᠷ ᠪᠤᠰᠭᠠᠨ᠂ ᠨᠠᠢᠷ᠎ᠤᠨ ᠤᠯᠠᠨ᠎ᠳᠠᠭᠠᠨ ᠬᠤᠭᠤᠯᠠ ᠤᠮᠳᠠ ᠬᠠᠩᠭᠠᠨ ᠤᠷᠤᠯᠭ᠎ᠠ᠎ᠪᠠᠨ ᠴᠤ᠌ ᠨᠡᠮᠡᠭ᠌ᠳᠡᠭᠦᠯᠴᠢᠬᠡᠳᠡᠭ》 ᠭᠡᠵᠦ᠍ ᠰᠡᠴᠡᠨᠵᠢᠷᠭᠠᠯ ᠪᠠᠶᠠᠷᠳᠠᠢᠬᠠᠨ ᠶᠠᠷᠢᠨ᠎ᠠ᠃ 

ᠲᠡᠷᠡᠰᠦ ᠭᠠᠴᠠᠭ᠎ᠠ ᠮᠠᠯᠴᠢᠳ᠎ᠤᠨ᠎ᠢᠶᠠᠨ ᠤᠷᠤᠯᠭ᠎ᠠ᠎ᠶ᠋ᠢ ᠨᠡᠮᠡᠭ᠌ᠳᠡᠭᠦᠯᠬᠦ᠌᠎ᠶ᠋ᠢᠨ ᠳᠤᠰᠠᠳᠠ᠂ ᠬᠠᠮᠳᠤ᠎ᠶ᠋ᠢᠨ ᠠᠵᠤ ᠠᠬᠤᠢ᠎ᠪᠠᠨ ᠬᠦᠭ᠌ᠵᠢᠭᠦᠯᠵᠦ᠍᠂ ᠤᠤᠯ᠎ᠤᠨ ᠲᠠᠩ ᠭᠠᠭ᠍ᠴᠠ ᠪᠡᠯᠴᠢᠭᠡᠷ᠎ᠢᠶᠠᠨ ᠲᠦᠷᠢᠶᠡᠰᠦᠯᠡᠵᠦ᠍ ᠤᠷᠤᠯᠭ᠎ᠠ ᠤᠯᠳᠠᠭ ᠬᠡᠯᠪᠡᠷᠢ᠎ᠪᠠᠨ ᠥᠭᠡᠷᠡᠴᠢᠯᠡᠵᠦ᠍᠂ ᠡᠨᠡ ᠵᠢᠯ᠎ᠠᠴᠠ ᠭᠤᠪᠢ᠎ᠶ᠋ᠢᠨ ᠤᠬᠤᠷ ᠰᠡᠭᠦᠯᠲᠦ ᠬᠤᠨᠢᠨ᠎ᠤ ᠡᠭᠦᠯᠳᠡᠷ ᠪᠤᠢᠵᠢᠭᠤᠯᠬᠤ ᠰᠠᠭᠤᠷᠢᠨ ᠪᠠᠢᠭᠤᠯᠤᠨ᠂ 1000 ᠳᠡᠭ᠌ᠰᠢ ᠳᠦᠷᠪᠡᠯᠵᠢᠨ ᠮᠧᠲᠷ ᠪᠦᠬᠦᠢ ᠲᠠᠯᠠᠪᠠᠢ᠎ᠲᠠᠢ ᠤᠶᠤᠨᠴᠢ ᠨᠡᠷᠡᠨ ᠭᠡᠷᠡᠯᠲᠦ ᠳᠤᠯᠠᠭᠠᠨ ᠰᠠᠷᠠᠪᠴᠢ ᠪᠠᠷᠢᠵᠦ᠍᠂ 350 ᠬᠤᠨᠢ ᠬᠤᠳᠠᠯᠳᠤᠨ ᠠᠪᠴᠤ᠌ ᠮᠠᠯᠴᠢᠳ᠎ᠲᠠᠭᠠᠨ ᠠᠱᠢᠭ ᠬᠦᠷᠳᠡᠭᠡᠬᠦ᠌᠎ᠪᠠᠷ ᠪᠤᠢ᠃ ᠡᠭᠦᠨ᠎ᠠᠴᠠ ᠭᠠᠳᠠᠨ᠎ᠠ᠂ ᠭᠠᠴᠠᠭᠠᠨ᠎ᠤ ᠮᠠᠯᠴᠢᠨ ᠡᠷᠦᠬᠡ 《ᠪᠧᠢ ᠵᠢᠶᠠᠩ ᠯᠢᠤᠢ ᠶᠤᠧᠠᠨ ᠮᠠᠯᠵᠢᠯ᠎ᠤᠨ ᠦᠢᠯᠡᠰ᠎ᠤᠨ ᠲᠡᠵᠢᠭᠡᠨ ᠦᠷᠡᠵᠢᠭᠦᠯᠬᠦ᠌ ᠲᠤᠰᠭᠠᠢ ᠬᠤᠷᠱᠢᠶ᠎ᠠ》᠂ 《ᠥᠷᠨᠢᠭᠡ ᠲᠤᠰᠭᠠᠢ ᠬᠤᠷᠱᠢᠶ᠎ᠠ》 ᠵᠡᠷᠭᠡ ᠮᠠᠯᠵᠢᠯ᠎ᠤᠨ ᠳᠤᠰᠭᠠᠢ ᠬᠤᠷᠱᠢᠶ᠎ᠠ ᠪᠠᠢᠭᠤᠯᠤᠨ᠂ ᠡᠵᠡᠩᠨᠡᠯᠳᠡ᠎ᠶ᠋ᠢᠨ ᠬᠡᠯᠪᠡᠷᠢ᠎ᠪᠠᠨ ᠬᠤᠪᠢᠷᠠᠭᠤᠯᠤᠨ ᠠᠱᠢᠭ ᠤᠷᠤᠯᠭ᠎ᠠ ᠤᠯᠵᠤ ᠪᠤᠢ᠃ 

ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠭᠦᠳᠡ ᠬᠤᠷᠠᠯ᠎ᠤᠨ ᠬᠤᠭᠤᠴᠠᠭᠠᠨ᠎ᠳᠤ᠂ ᠭᠠᠭ᠍ᠴᠠᠮᠤᠳᠤ ᠪᠠᠯᠭᠠᠰᠤᠨ᠎ᠤ ᠨᠠᠮ᠎ᠤᠨ ᠬᠤᠷᠢᠶ᠎ᠠ᠎ᠠᠴᠠ ᠵᠤᠬᠢᠶᠠᠨ ᠪᠠᠢᠭᠤᠯᠤᠨ᠂ ᠪᠦᠭᠦᠳᠡ ᠬᠤᠷᠠᠯ᠎ᠤᠨ ᠵᠤᠷᠢᠭ ᠰᠠᠨᠠᠭ᠎ᠠ᠎ᠶ᠋ᠢ ᠰᠤᠷᠤᠯᠴᠠᠭᠤᠯᠵᠠᠢ᠂ ᠳᠡᠷᠡᠰᠦ ᠭᠠᠴᠠᠭᠠᠨ᠎ᠤ ᠨᠠᠮ᠎ᠤᠨ ᠭᠡᠱᠢᠭᠦᠳ᠂ ᠡᠪᠯᠡᠯ᠎ᠤᠨ ᠭᠡᠱᠢᠭᠦᠳ᠂ ᠮᠠᠯᠴᠢᠳ᠎ᠤᠨ ᠲᠦᠯᠦᠭᠡᠯᠡᠭ᠌ᠴᠢ ᠨᠠᠷ ᠢᠳᠡᠪᠬᠢᠯᠡᠨ ᠰᠤᠷᠤᠯᠴᠠᠵᠦ᠍᠂ ᠬᠤᠷᠠᠯ᠎ᠤᠨ ᠵᠤᠷᠢᠭ ᠰᠠᠨᠠᠭ᠎ᠠ᠎ᠪᠠᠷ ᠠᠵᠢᠯ᠎ᠢᠶᠠᠨ ᠵᠢᠯᠤᠭᠤᠳᠤᠭᠤᠯᠵᠦ᠍ ᠪᠤᠢ᠃ 《ᠬᠤᠷᠠᠯ᠎ᠤᠨ ᠶᠠᠷᠢᠶᠠᠨ᠎ᠳᠤ 〈ᠠᠷᠠᠳ ᠲᠦᠮᠡᠨ〉᠂ 〈ᠠᠷᠠᠳ᠎ᠤᠨ ᠠᠮᠢᠳᠤᠷᠠᠯ〉 ᠵᠡᠷᠭᠡ ᠦᠭᠡ ᠤᠯᠠᠨ ᠤᠳᠠᠭ᠎ᠠ ᠢᠯᠡᠷᠡᠭ᠌ᠰᠡᠨ᠎ᠢ ᠪᠢ ᠰᠤᠨᠤᠰᠤᠯ᠎ᠠ᠂ ᠤᠯᠠᠠ ᠲᠦᠮᠠᠠ᠎ᠳᠤ ᠦᠢᠯᠡᠴᠢᠯᠡᠬᠦ᠌ ᠡᠮᠦᠨ᠎ᠠ ᠹᠷᠤᠨᠲ᠎ᠲᠤ ᠠᠵᠢᠯᠯᠠᠵᠦ᠍ ᠪᠠᠢᠭ᠎ᠠ ᠪᠤᠯᠬᠤᠷ᠂ ᠠᠷᠠᠳ᠎ᠤᠨ᠎ᠢᠶᠠᠨ ᠬᠦᠰᠡᠯ᠎ᠢ ᠠᠵᠢᠯ᠎ᠤᠨ᠎ᠢᠶᠠᠨ ᠵᠤᠷᠢᠯᠳᠠ ᠪᠤᠯᠭᠠᠨ᠎ᠠ᠃ ᠠᠷᠠᠳ ᠤᠯᠠᠨ᠎ᠤ ᠠᠮᠢᠳᠤᠷᠠᠯ᠎ᠢ ᠰᠠᠢᠵᠢᠷᠠᠭᠤᠯᠬᠤ᠎ᠳᠤ ᠡᠩ ᠳᠡᠷᠢᠬᠦᠨ᠎ᠳᠤ ᠬᠠᠮᠳᠦ᠎ᠶ᠋ᠢᠨ ᠠᠵᠦ᠍ ᠠᠬᠤᠢ᠎ᠪᠠᠨ ᠬᠦᠭ᠌ᠵᠢᠬᠦᠯᠦᠨ ᠪᠤᠵᠠᠭᠠᠢᠷᠠᠭᠤᠯᠤᠨ᠎ᠠ᠃ ᠮᠠᠨ᠎ᠤ ᠬᠤᠱᠢᠭᠤ ᠮᠠᠯᠵᠢᠬᠤ ᠤᠷᠤᠨ᠎ᠤ ᠤᠳᠤᠬᠢᠴᠢᠯᠠᠯᠳᠠ᠎ᠶ᠋ᠢᠨ ᠳᠤᠷᠱᠢᠯᠳᠠ᠎ᠶ᠋ᠢᠨ ᠴᠡᠭ᠎ᠤᠨ ᠪᠦᠳᠦᠬᠡᠨ ᠪᠠᠢᠭᠤᠯᠤᠯᠳᠠ᠎ᠶ᠋ᠢ ᠦᠷᠨᠢᠬᠦᠯᠵᠦ᠍ ᠪᠠᠢᠭ᠎ᠠ ᠳᠠᠱᠢᠷᠠᠮ᠎ᠢᠶᠠᠷ ᠪᠢᠳᠡ 6 ᠲᠦᠮᠡᠨ ᠲᠡᠭ᠌ᠰᠢ ᠳᠥᠷᠪᠡᠯᠵᠢᠨ ᠮᠧᠲᠷ ᠲᠠᠯᠠᠪᠠᠢ ᠪᠦᠬᠦᠢ ᠤᠶᠤᠨᠴᠢ ᠮᠠᠯ ᠠᠵᠤ ᠠᠬᠤᠢ᠎ᠶ᠋ᠢᠨ ᠠᠵᠤ ᠦᠢᠯᠡᠰ᠎ᠤᠨ ᠬᠦᠷᠢᠶᠡᠯᠡᠩ ᠲᠣᠭᠤᠷᠢᠭ᠎ᠢ ᠪᠠᠢᠭᠤᠯᠵᠤ᠂ ᠤᠶᠤᠨᠴᠢ ᠨᠡᠷᠡᠨ ᠭᠡᠷᠡᠯᠲᠦ ᠲᠤᠯᠠᠭᠠᠨ ᠰᠠᠷᠠᠪᠴᠢ᠂ ᠬᠦᠢᠲᠡᠨ ᠤᠯᠠᠷᠢᠯ᠎ᠳᠤ ᠬᠠᠱᠢᠶᠠᠯᠠᠨ ᠲᠡᠵᠢᠭᠡᠬᠦ᠂ ᠳᠣᠣᠷ᠎ᠠ ᠥᠷᠲᠡᠭ᠎ᠢᠶᠠᠷ ᠲᠡᠵᠢᠭᠡᠨ ᠦᠷᠡᠵᠢᠭᠦᠯᠬᠦ᠌ ᠵᠡᠷᠭᠡ ᠮᠡᠷᠭᠡᠵᠢᠯ᠎ᠢ ᠳᠡᠯᠭᠡᠷᠡᠭᠦᠯᠦᠨ᠎ᠡ; 30 ᠲᠦᠮᠡᠨ ᠮᠦ᠍ ᠨᠤᠲᠤᠭ ᠪᠡᠯᠴᠢᠭᠡᠷ᠎ᠤᠨ ᠲᠣᠣᠷ ᠬᠦᠷᠢᠶ᠎ᠡ᠎ᠶ᠋ᠢ ᠴᠢᠯᠥᠭᠡᠲᠡᠢ ᠪᠣᠯᠭᠠᠵᠤ᠂ ᠲᠣᠭᠤᠷᠢᠭ ᠬᠤᠪᠢᠶᠠᠨ ᠰᠡᠯᠭᠦᠨ ᠮᠠᠯᠵᠢᠬᠤ᠎ᠶ᠋ᠢ ᠬᠡᠷᠡᠭ᠌ᠵᠢᠭᠦᠯᠦᠨ᠎ᠡ; 30 ᠲᠦᠮᠡᠨ ᠮᠦ᠍ ᠨᠤᠲᠤᠭ ᠪᠡᠯᠴᠢᠭᠡᠷ᠎ᠢ ᠠᠮᠠᠷᠠᠭᠤᠯᠤᠨ ᠰᠡᠷᠭᠦᠭᠡᠵᠦ᠍᠂ ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠬᠦᠴᠡ᠎ᠶ᠋ᠢ ᠰᠡᠷᠭᠦᠭᠡᠨ᠎ᠡ; ᠭᠤᠷᠪᠠᠨ ᠵᠢᠯ᠎ᠤᠨ ᠳᠣᠲᠣᠷ᠎ᠠ ᠮᠠᠯᠵᠢᠬᠤ ᠣᠷᠣᠨ᠎ᠤ ᠠᠮᠢ ᠠᠬᠤᠶ᠎ᠶ᠋ᠢ ᠦᠨᠳᠦᠰᠦᠨ᠎ᠠᠴᠠ᠎ᠨᠢ ᠰᠠᠢᠵᠢᠷᠠᠭᠤᠯᠬᠤ᠎ᠪᠠᠷ ᠴᠢᠷᠮᠠᠢᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠠᠷᠠᠯᠲᠠ᠎ᠶ᠋ᠢ ᠪᠡᠶᠡᠯᠡᠬᠦᠯᠬᠦ᠌᠎ᠳᠤ ᠬᠤᠪᠢ ᠨᠡᠮᠡᠷᠢ ᠦᠵᠡᠬᠦᠯᠦᠨ᠎ᠠ》 ᠭᠡᠵᠦ᠍ ᠰᠡᠴᠡᠨᠵᠢᠷᠭᠠᠯ ᠭᠠᠴᠠᠭᠠᠨ᠎ᠤ᠎ᠪᠠᠨ ᠬᠤᠵᠢᠮ᠎ᠤᠨ ᠲᠦᠰᠦᠪ ᠲᠦᠯᠦᠪᠯᠡᠭᠡ᠎ᠪᠠᠨ ᠳᠡᠯᠭᠡᠯ᠎ᠡ᠃ 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号