《80 90 ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ》 ᠬᠥᠬᠡᠬᠤᠲᠠ᠎ᠶ᠋ᠢᠨ ᠲᠡᠮᠦᠷ ᠵᠠᠮ᠎ᠤᠨ ᠨᠢᠭᠡᠳᠦᠭᠡᠷ ᠳᠤᠮᠳᠠᠳᠤ ᠰᠤᠷᠭᠠᠭᠤᠯᠢ᠎ᠳᠤ ᠤᠬᠠᠭᠤᠯᠤᠨ ᠲᠠᠢᠯᠪᠤᠷᠢᠯᠠᠪᠠ
2020-12-08 09:23:59
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 1 ᠎ᠤ ᠡᠳᠦᠷ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ 《80 90 ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ》 ᠬᠥᠬᠡᠬᠤᠲᠠ᠎ᠶ᠋ᠢᠨ ᠲᠡᠮᠦᠷ ᠵᠠᠮ᠎ᠤᠨ ᠨᠢᠭᠡᠳᠦᠭᠡᠷ ᠳᠤᠮᠳᠠᠳᠤ ᠰᠤᠷᠭᠠᠭᠤᠯᠢ᠎ᠳᠤ ᠢᠷᠡᠵᠦ᠍᠂ ᠪᠠᠭ᠍ᠰᠢ ᠰᠤᠷᠤᠭ᠍ᠴᠢᠳ᠎ᠲᠤ ᠲᠠᠪᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ 

《80 90 ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ》 ᠎ᠤᠨ ᠪᠦᠷᠢᠯᠳᠦᠬᠦᠨ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶᠠᠨ᠎ᠤ ᠰᠤᠷᠪᠤᠯᠵᠢᠯᠠᠭ᠍ᠴᠢ ᠳ᠋ᠧᠩ ᠢᠦᠢ ᠱᠢᠶᠠ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠦᠬᠦᠳᠡ ᠬᠤᠷᠠᠯ ᠬᠤᠷᠠᠯᠳᠤᠭ᠍ᠰᠠᠨ ᠠᠬᠤᠢ ᠪᠠᠢᠳᠠᠯ᠂ ᠠᠴᠢ ᠬᠤᠯᠪᠣᠭ᠍ᠳᠠᠯ ᠵᠡᠷᠭᠡ ᠠᠭᠤᠯᠭ᠎ᠠ᠎ᠠᠴᠠ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠤᠣᠯᠳᠠᠯᠭ᠎ᠠ ᠲᠤᠪᠤᠢᠮ᠎ᠠ᠂ ᠠᠭᠤᠯᠤᠭ᠍ᠳᠠᠬᠤᠨ ᠪᠠᠶᠠᠯᠢᠭ᠂ ᠠᠮᠢᠳᠤᠯᠢᠭ ᠰᠠᠢᠬᠠᠨ ᠰᠡᠳᠭᠢᠯ ᠬᠦᠳᠡᠯᠬᠡᠮ᠎ᠡ ᠪᠠᠢᠯ᠎ᠠ᠃ 

ᠬᠥᠬᠡᠬᠤᠲᠠ᠎ᠶ᠋ᠢᠨ ᠲᠡᠮᠦᠷ ᠵᠠᠮ᠎ᠤᠨ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠪᠠᠭ᠍ᠰᠢ ᠵᠠᠩ ᠢᠦᠶ ᠱᠢᠨ᠄ 《ᠰᠤᠷᠭᠠᠨ ᠬᠥᠮᠦᠵᠢᠯ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠶ ᠣᠢᠯᠠᠭᠠᠨ ᠰᠤᠷᠤᠯᠴᠠᠵᠤ᠂ ᠥᠪᠡᠷ᠎ᠤᠨ ᠠᠵᠢᠯ᠎ᠤᠨ ᠬᠢᠷᠢ ᠲᠦᠪᠱᠢᠨ᠎ᠢᠶᠠᠨ ᠴᠢᠷᠮᠠᠢᠨ ᠳᠡᠭᠡᠭ᠌ᠰᠢᠯᠡᠭᠦᠯᠵᠦ᠍᠂ ᠰᠤᠷᠤᠭ᠍ᠴᠢᠳ᠎ᠢ ᠬᠥᠲᠥᠯᠥᠨ ᠵᠢᠯᠣᠭᠤᠳᠴᠤ᠌ ᠪᠠᠢᠭᠠᠳ᠂ ᠠᠮᠢᠳᠤᠷᠠᠯ᠎ᠤᠨ ᠲᠥᠯᠥᠪᠵᠢᠭᠦᠯᠭᠡ᠂ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ᠎ᠨᠢ ᠲᠡᠭᠦᠯᠳᠡᠷᠵᠢᠭᠦᠯᠵᠦ᠍᠂ ᠲᠡᠳᠡᠨ᠎ᠢ ᠬᠠᠪᠰᠤᠷᠤᠨ ᠠᠮᠢᠳᠤᠷᠠᠬᠤᠶ᠎ᠶ᠋ᠢᠨ ᠬᠠᠷᠠᠯᠲᠠ᠎ᠶ᠋ᠢ᠎ᠨᠢ ᠪᠡᠶᠡᠯᠡᠬᠦᠯᠬᠦ᠌᠎ᠪᠠᠷ ᠴᠢᠷᠮᠠᠢᠨ᠎ᠠ》 ᠬᠡᠪᠡ᠃ 

ᠬᠥᠬᠡᠬᠤᠲᠠ᠎ᠶ᠋ᠢᠨ ᠲᠡᠮᠦᠷ ᠵᠠᠮ᠎ᠤᠨ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠥᠨᠳᠥᠷ ᠳᠤᠮᠳᠠᠳᠤ᠎ᠶ᠋ᠢᠨ ᠰᠤᠷᠤᠭ᠍ᠴᠢ ᠸᠠᠩ ᠵᠧ᠂ ᠡᠨᠡ ᠬᠦ᠌ 《ᠰᠣᠨᠣᠰᠤᠭᠠᠳ ᠣᠢᠯᠠᠭᠠᠬᠤ᠂ ᠰᠣᠨᠣᠰᠭᠤ ᠳᠤᠷᠠᠲᠠᠢ》 ᠤᠬᠠᠭᠤᠯᠤᠨ ᠲᠠᠢᠯᠪᠤᠷᠢᠯᠠᠬᠤ ᠠᠷᠭ᠎ᠠ ᠬᠡᠯᠪᠡᠷᠢ᠎ᠨᠢ ᠪᠢᠳᠡᠨ᠎ᠳᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠡᠩ ᠲᠣᠳᠣᠷᠬᠠᠢ ᠨᠡᠩ ᠲᠦᠢᠯᠪᠤᠷᠢᠲᠠᠢ ᠣᠢᠯᠠᠭᠠᠭᠤᠯᠵᠠᠢ᠃ ᠰᠤᠷᠤᠭ᠍ᠴᠢ ᠪᠣᠯᠤᠭ᠍ᠰᠠᠨ᠎ᠤ ᠬᠤᠪᠢ᠎ᠳᠤ᠂ ᠪᠢ ᠵᠠᠪᠠᠯ ᠨᠠᠩ ᠴᠢᠷᠮᠠᠢᠨ ᠰᠤᠷᠤᠯᠴᠠᠵᠤ᠂ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠳᠤ ᠥᠪᠡᠷ᠎ᠤᠨ ᠬᠤᠪᠢ ᠨᠡᠮᠡᠷᠢ᠎ᠪᠠᠨ ᠦᠵᠡᠭᠦᠯᠦᠨ᠎ᠡ ᠬᠡᠯ᠎ᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号