ᠪᠤᠭᠤᠲᠤ ᠬᠤᠳᠠ᠄ ᠪᠦᠬᠦ᠌ ᠤᠯᠤᠰ ᠴᠢᠨᠠᠬ᠍ᠰᠢᠯᠠᠠ ᠲᠡᠯᠡᠭᠡᠢ᠎ᠶ᠋ᠢᠨ ᠬᠤᠪᠤᠷ ᠱᠢᠷᠤᠢ᠎ᠶ᠋ᠢᠨ ᠠᠵᠤ ᠦᠢᠯᠡᠰ᠎ᠤᠨ ᠱᠢᠨ᠎ᠠ᠎ᠶ᠋ᠢ ᠡᠬᠦᠳᠬᠦ᠌ ᠬᠦᠭ᠌ᠵᠢᠯᠳᠡ᠎ᠶ᠋ᠢᠨ ᠱᠢᠨ᠎ᠠ ᠦᠨᠳᠦᠷᠯᠢᠭ ᠤᠷᠤᠨ ᠪᠤᠯᠬᠤ᠎ᠪᠠᠷ ᠴᠢᠷᠮᠠᠢᠨ᠎ᠠ
2020-12-09 10:40:06
ᠵᠣᠬᠢᠶᠠᠭ᠍ᠴᠢ᠄
ᠸ᠊ · ᠭᠡᠷᠡᠯᠳᠦ
ᠣᠩᠱᠢᠭ᠍ᠰᠠᠨ ᠣᠳᠠᠭ᠎ᠠ᠄
★★★☆☆

《ᠠᠷᠪᠠᠨ ᠭᠤᠷᠪᠠᠳᠤᠭᠠᠷ ᠲᠠᠪᠤᠨ ᠵᠢᠯ》 ᠱᠢᠪᠳᠤᠷᠭᠠᠨ᠎ᠳᠠᠭᠠᠨ ᠤᠷᠤᠵᠦ᠍᠂ 《ᠠᠷᠪᠠᠨ ᠲᠦᠷᠪᠡᠳᠦᠭᠡᠷ ᠲᠠᠪᠤᠨ ᠵᠢᠯ》 ᠠᠶᠠᠨ᠎ᠤ ᠭᠠᠷᠤᠭ᠎ᠠ᠎ᠪᠠᠨ ᠡᠬᠢᠯᠡᠬᠦᠯᠬᠦ᠌᠎ᠪᠠᠷ ᠪᠡᠯᠡᠭᠡᠨ ᠪᠤᠯᠤᠬ᠍ᠰᠠᠨ ᠡᠨᠡ ᠬᠦ᠌ ᠮᠦᠴᠡ᠎ᠳᠤ᠂ ᠲᠠᠯ᠎ᠠ ᠨᠤᠳᠤᠭ᠎ᠤᠨ ᠪᠤᠯᠤᠳ ᠬᠤᠳᠠ ᠪᠤᠭᠤᠳᠤ ᠬᠤᠢᠱᠢᠲᠠ᠎ᠶ᠋ᠢᠨ ᠲᠠᠪᠤᠨ ᠵᠢᠯ᠎ᠤᠨ ᠲᠦᠯᠦᠪᠵᠢᠬᠦᠯᠭᠡ᠎ᠶ᠋ᠢᠨ ᠬᠠᠷᠠᠭ᠎ᠠ᠎ᠪᠠᠨ ᠬᠤᠪᠤᠷ ᠱᠢᠷᠤᠢ᠎ᠶ᠋ᠢᠨ ᠠᠵᠤ ᠦᠢᠯᠡᠰ ᠲᠡᠭᠡᠷ᠎ᠠ ᠲᠠᠯᠪᠢᠵᠦ᠍᠂ 《ᠬᠤᠪᠤᠷ ᠱᠢᠷᠤᠢ》 ᠎ᠶ᠋ᠢ ᠡᠨᠡ ᠲᠠᠪᠤᠨ ᠵᠢᠯ᠎ᠤᠨ ᠬᠦᠭ᠌ᠵᠢᠯᠳᠡ᠎ᠶ᠋ᠢᠨ ᠭᠤᠤᠯᠳᠠᠯᠭ᠎ᠠ ᠪᠤᠯᠭᠠᠬᠤ ᠠᠵᠢᠯ᠎ᠢᠶᠠᠨ ᠨᠢᠭᠡᠨᠳᠡ ᠡᠬᠢᠯᠡᠬᠦᠯᠦᠭ᠌ᠰᠡᠨ ᠪᠠᠢᠨ᠎ᠠ᠃

11 ᠰᠠᠷ᠎ᠠ᠎ᠶ᠋ᠢᠨ 18 ᠎ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ᠎ᠤ ᠲᠤᠮᠳᠠᠳᠤ ᠤᠯᠤᠰ᠎ᠤᠨ ᠪᠤᠭᠤᠲᠤ · ᠬᠤᠪᠤᠷ ᠱᠢᠷᠤᠢ᠎ᠶ᠋ᠢᠨ ᠠᠵᠤ ᠦᠢᠯᠡᠰ᠎ᠤᠨ ᠤᠯᠠᠨ ᠤᠯᠤᠰ᠎ᠤᠨ ᠶᠠᠷᠢᠶᠠᠨ᠎ᠤ ᠲᠠᠪᠴᠠᠩ᠎ᠤᠨ ᠬᠤᠷᠠᠯ ᠪᠤᠭᠤᠲᠤ ᠬᠤᠳᠠ᠎ᠳᠤ ᠪᠤᠯᠪᠠ᠃ ᠶᠡᠷᠦᠳᠡᠭᠡᠨ ᠵᠢᠯ ᠪᠦᠷᠢ᠎ᠶ᠋ᠢᠨ 8 ᠰᠠᠷ᠎ᠠ᠎ᠳᠤ ᠶᠠᠪᠤᠬ᠍ᠳᠠᠳᠠᠭ ᠡᠨᠡ ᠬᠦ᠌ ᠬᠤᠷᠠᠯ ᠡᠨᠡ ᠵᠢᠯ ᠬᠢᠵᠢᠭ ᠵᠡᠷᠭᠡ ᠱᠢᠯᠳᠠᠭᠠᠨ᠎ᠠᠴᠠ ᠪᠤᠯᠵᠦ᠍ ᠲᠤᠬ᠍ᠳᠠᠭ᠍ᠰᠠᠨ ᠴᠠᠭ᠎ᠲᠠᠭᠠᠨ ᠬᠤᠷᠠᠯᠳᠤᠵᠦ᠍ ᠲᠡᠢᠯᠦᠭ᠌ᠰᠡᠨ ᠦᠭᠡᠢ᠃ ᠬᠡᠪᠡᠴᠦ᠍ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠬᠦᠳᠠ ᠬᠤᠷᠠᠯ᠎ᠤᠨ ᠵᠤᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠦ᠍᠂ 《ᠠᠷᠪᠠᠨ ᠲᠦᠷᠪᠡᠳᠦᠭᠡᠷ ᠲᠠᠪᠤᠨ ᠵᠢᠯ》 ᠎ᠤᠨ ᠲᠦᠯᠦᠪᠵᠢᠬᠦᠯᠭᠡ᠎ᠶ᠋ᠢ ᠨᠠᠢᠷᠠᠭᠤᠯᠤᠨ ᠵᠤᠬᠢᠶᠠᠵᠦ᠍ ᠪᠠᠢᠭ᠎ᠠ ᠵᠠᠩᠬᠢᠯᠠᠭ᠎ᠠ᠎ᠶ᠋ᠢᠨ ᠴᠠᠭ ᠦᠶ᠎ᠠ᠎ᠳᠤ ᠡᠨᠡ ᠬᠦ᠌ ᠬᠤᠷᠠᠯ ᠮᠦᠨ ᠴᠠᠭ᠎ᠢ ᠵᠠᠪᠳᠤᠨ ᠬᠤᠷᠠᠯᠳᠤᠯ᠎ᠠ᠃ ᠲᠤᠰ ᠬᠤᠷᠠᠯ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢᠶᠠᠷ ᠭᠤᠤᠯ ᠴᠣᠭ᠍ᠴᠠ ᠪᠣᠯᠭᠠᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ ᠪᠣᠯᠤᠨ ᠪᠦᠬᠦ᠌ ᠳᠡᠯᠡᠬᠡᠢ᠎ᠶ᠋ᠢᠨ ᠬᠠᠷᠠᠭᠠᠰᠤ᠎ᠠᠴᠠ ᠪᠤᠳᠤᠯᠬᠢᠯᠠᠵᠤ᠂ ᠬᠤᠪᠣᠷ ᠱᠢᠷᠣᠢ᠎ᠶ᠋ᠢᠨ ᠠᠵᠤ ᠦᠢᠯᠡᠰ᠎ᠤᠨ ᠪᠦᠬᠦ᠌ ᠳᠡᠯᠡᠬᠡᠢ᠎ᠳᠠᠬᠢ ᠨᠥᠯᠥᠭᠡᠯᠡᠬᠦ᠌ ᠬᠦᠴᠦᠨ᠎ᠢ ᠴᠢᠷᠮᠠᠢᠨ ᠳᠡᠭᠡᠭ᠌ᠰᠢᠯᠡᠬᠦᠯᠬᠦ᠌ ᠲᠠᠯ᠎ᠠ᠎ᠪᠠᠷ ᠠᠷᠭ᠎ᠠ ᠪᠣᠳᠣᠯᠭ᠎ᠠ ᠳᠤᠷᠠᠳᠴᠠᠢ᠃ ᠲᠡᠷᠡᠴᠢᠯᠡᠨ ᠲᠦᠷᠦᠯ ᠵᠦᠢᠯ᠎ᠤᠨ ᠭᠡᠷ᠎ᠠ ᠲᠤᠭ᠍ᠳᠠᠬᠤ ᠶᠤᠰᠤᠯᠠᠯ ᠶᠠᠪᠤᠭᠤᠯᠵᠦ᠍᠂ ᠬᠤᠪᠣᠷ ᠱᠢᠷᠣᠶ᠎ᠶ᠋ᠢᠨ ᠪᠦᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠲᠣᠭᠤᠷᠢᠨ᠎ᠳᠤ 27 ᠬᠤᠪᠣᠷ ᠱᠢᠷᠣᠶ᠎ᠶ᠋ᠢᠨ ᠠᠵᠤ ᠦᠢᠯᠡᠰ᠎ᠤᠨ ᠲᠥᠷᠥᠯ ᠵᠦᠢᠯ᠎ᠢ ᠣᠷᠣᠭᠤᠯᠤᠨ ᠠᠪᠴᠢᠷᠠᠵᠤ᠂ ᠶᠡᠷᠦᠩᠬᠡᠶ ᠪᠠᠯᠠ ᠣᠷᠣᠭᠤᠯᠤᠯᠲᠠ᠎ᠨᠢ 45.5 ᠳ᠋ᠦᠩᠱᠢᠭᠤᠷ ᠭᠠᠷᠤᠢ ᠲᠦᠬᠦᠷᠢᠭ᠎ᠲᠤ ᠬᠦᠷᠦᠭ᠌ᠰᠡᠨ ᠪᠠᠢᠨ᠎ᠠ᠃

ᠬᠤᠪᠤᠷ ᠱᠢᠷᠤᠢ᠎ᠶ᠋ᠢᠨ ᠡᠬᠢ ᠪᠠᠶᠠᠯᠢᠭ᠎ᠤᠨ ᠲᠠᠬ᠍ᠰᠢᠨ ᠤᠷᠤᠨ ᠪᠤᠯᠤᠬ᠍ᠰᠠᠨ ᠪᠤᠭᠤᠲᠤ ᠬᠤᠳᠠ ᠬᠤᠪᠤᠷ ᠱᠢᠷᠤᠢ᠎ᠶ᠋ᠢᠨ ᠠᠵᠤ ᠦᠢᠯᠡᠰ᠎ᠤᠨ ᠴᠢᠨᠠᠷ ᠰᠠᠢᠳᠠᠢ ᠬᠦᠭ᠌ᠵᠢᠯᠳᠡ᠎ᠶ᠋ᠢᠨ 《ᠠᠷᠪᠠᠨ ᠲᠦᠷᠪᠡᠳᠦᠭᠡᠷ ᠲᠠᠪᠤᠨ ᠵᠢᠯ》 ᠎ᠤᠨ ᠲᠤᠰᠭᠠᠢ ᠲᠦᠯᠦᠪᠵᠢᠬᠦᠯᠭᠡ ᠪᠤᠯᠤᠨ ᠤᠨ᠎ᠤ ᠲᠦᠯᠦᠪᠯᠡᠭᠡ᠎ᠶ᠋ᠢ ᠨᠢᠭᠡᠨᠳᠡ ᠨᠠᠢᠷᠠᠭᠤᠯᠤᠨ ᠵᠤᠬᠢᠶᠠᠵᠦ᠍ ᠲᠠᠭᠤᠰᠭᠠᠬ᠍ᠰᠠᠨ ᠪᠠᠢᠨ᠎ᠠ᠃ ᠡᠨᠡ ᠬᠦ᠌ ᠲᠦᠯᠦᠪᠵᠢᠬᠦᠯᠭᠡ᠎ᠳᠤ᠎ᠪᠠᠨ 2025 ᠤᠨ ᠪᠤᠯᠳᠠᠯ᠎ᠠ ᠴᠢᠨᠠᠭ᠍ᠰᠢᠳᠠ ᠨᠡᠩ ᠤᠷᠳᠤ ᠬᠤᠭᠤᠴᠠᠭᠠᠨ᠎ᠤ ᠬᠦᠭ᠌ᠵᠢᠯᠳᠡ᠎ᠶ᠋ᠢᠨ ᠬᠠᠷᠠᠯᠳᠠ᠂ ᠠᠵᠢᠯ᠎ᠤᠨ ᠡᠭᠦᠷᠭᠡ ᠪᠤᠯᠤᠨ ᠠᠷᠭ᠎ᠠ ᠪᠠᠷᠢᠯ᠎ᠢ ᠲᠤᠷᠠᠳᠤᠨ ᠭᠠᠷᠭᠠᠵᠦ᠍᠂ ᠮᠦᠨ ᠵᠢᠯ ᠪᠤᠯᠭᠠᠨ᠎ᠤ ᠪᠤᠳᠠᠳᠤ ᠠᠵᠢᠯ᠎ᠤᠨ ᠲᠦᠯᠦᠪᠯᠡᠭᠡ᠎ᠳᠤ ᠪᠠᠰᠠ ᠲᠤᠬᠢᠷᠠᠭᠤᠯᠤᠯᠳᠠ ᠬᠢᠭ᠌ᠰᠡᠨ ᠪᠠᠢᠨ᠎ᠠ᠃ ᠲᠦᠯᠤᠪᠵᠢᠬᠦᠯᠭᠡ ᠶᠤᠰᠤᠭᠠᠷ᠂ ᠬᠤᠢᠱᠢᠳᠠ᠎ᠶ᠋ᠢᠨ ᠲᠠᠪᠤᠨ ᠵᠢᠯ᠎ᠳᠤ ᠪᠤᠭᠤᠲᠤ ᠬᠤᠳᠠ ᠬᠤᠪᠤᠷ ᠱᠢᠷᠤᠢ᠎ᠶ᠋ᠢᠨ ᠠᠵᠤ ᠦᠢᠯᠡᠰ᠎ᠤᠨ ᠲᠠᠭᠠᠭᠤᠯᠤᠭ᠍ᠴᠢ ᠠᠵᠤ ᠠᠬᠤᠢ᠍ᠢᠯᠠᠯ᠎ᠢ ᠪᠤᠢᠵᠢᠭᠤᠯᠬᠤ ᠠᠵᠢᠯᠯᠠᠭ᠎ᠠ᠂ ᠠᠵᠤ ᠦᠢᠯᠡᠰ᠎ᠤᠨ ᠬᠡᠯᠬᠢᠶ᠎ᠠ᠎ᠶ᠋ᠢ ᠤᠷᠳᠤᠳᠭᠠᠬᠤ ᠠᠵᠢᠯᠯᠠᠭ᠎ᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠲᠡᠭᠡᠭ᠌ᠰᠢᠯᠡᠬᠦᠯᠬᠦ᠌ ᠠᠵᠢᠯᠯᠠᠭ᠎ᠠ ᠵᠡᠷᠭᠡ ᠴᠢᠬᠤᠯᠠ ᠠᠵᠢᠯᠯᠠᠭ᠎ᠠ᠎ᠨᠤᠭᠤᠳ᠎ᠢ ᠬᠡᠷᠡᠭ᠌ᠵᠢᠬᠦᠯᠵᠦ᠍᠂ ᠬᠠᠮᠢᠶ᠎ᠠ ᠪᠦᠬᠦᠢ ᠠᠷᠭ᠎ᠠ ᠪᠤᠳᠤᠯᠭ᠎ᠠ᠎ᠶ᠋ᠢᠨ ᠱᠢᠰᠲ᠋ᠧᠮ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠠ᠎ᠶ᠋ᠢ ᠡᠬᠦᠳᠬᠦ᠌ ᠱᠢᠰᠲ᠋ᠧᠮ᠂ ᠴᠢᠳᠠᠪᠤᠷᠢᠳᠠᠨ᠎ᠢ ᠬᠦᠮᠦᠵᠢᠬᠦᠯᠬᠦ᠌ ᠱᠢᠰᠲ᠋ᠧᠮ ᠪᠤᠯᠤᠨ ᠮᠦᠩᠬᠦᠨ ᠬᠦᠢᠯᠭᠡᠭᠡ᠎ᠶ᠋ᠢᠨ ᠦᠢᠯᠡᠴᠢᠯᠡᠭᠦ᠌ ᠵᠠᠬ᠍ᠪᠤᠷ᠎ᠢ ᠲᠡᠭᠦᠯᠳᠡᠷᠵᠢᠬᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠤᠪᠤᠷ ᠱᠢᠷᠤᠢ᠎ᠶ᠋ᠢᠨ ᠠᠵᠤ ᠦᠢᠯᠡᠰ᠎ᠤᠨ ᠴᠢᠨᠠᠷ ᠰᠠᠢᠳᠠᠢ ᠬᠦᠭ᠌ᠵᠢᠯᠳᠡ᠎ᠳᠤ ᠦᠵᠡᠬᠦᠯᠬᠦ᠌ ᠦᠢᠯᠡᠳᠤᠯ᠎ᠢ ᠬᠦᠢᠴᠡᠳ ᠪᠠᠳᠠᠷᠠᠭᠤᠯᠵᠦ᠍᠂ ᠬᠤᠪᠤᠷ ᠱᠢᠷᠤᠢ᠎ᠶ᠋ᠢᠨ ᠵᠠᠩᠬᠢᠯᠠᠭ᠎ᠠ᠎ᠶ᠋ᠢᠨ ᠭᠤᠤᠯ ᠮᠡᠷᠭᠡᠵᠢᠯ᠎ᠤᠨ ᠱᠢᠪᠳᠤᠯᠤᠯᠳᠠ᠎ᠶ᠋ᠢ ᠲᠦᠷᠭᠡᠳᠭᠡᠨ᠂ ᠬᠤᠪᠤᠷ ᠱᠢᠷᠤᠢ᠎ᠶ᠋ᠢᠨ ᠡᠬᠢ ᠪᠠᠶᠠᠯᠢᠭ᠎ᠤᠨ ᠭᠠᠵᠠᠷ ᠱᠢᠨᠵᠢᠯᠡᠭᠡᠨ᠎ᠤ ᠬᠠᠢᠨ ᠪᠠᠢᠴᠠᠭᠠᠯᠳᠠ ᠪᠤᠯᠤᠨ ᠶᠡᠷᠦᠩᠬᠡᠢᠯᠡᠭ᠌ᠰᠡᠨ ᠦᠨᠳᠤᠷ ᠦᠷ᠎ᠠ ᠪᠦᠲᠦᠮᠵᠢᠲᠡᠢ ᠬᠠᠮᠠᠭᠠᠯᠠᠬᠤ ᠠᠱᠢᠬ᠍ᠯᠠᠬᠤ ᠡᠷᠴᠢᠮ᠎ᠢ ᠴᠢᠩᠭᠠᠳᠭᠠᠨ᠂ ᠬᠤᠪᠤᠷ ᠱᠢᠷᠤᠢ᠎ᠶ᠋ᠢᠨ ᠠᠵᠤ ᠦᠢᠯᠡᠰ᠎ᠤᠨ ᠬᠦᠭ᠌ᠵᠢᠯᠳᠡ᠎ᠶ᠋ᠢᠨ ᠠᠮᠢ ᠠᠬᠤᠢ᠎ᠶ᠋ᠢ ᠱᠢᠯᠢᠳᠡᠭ᠌ᠵᠢᠬᠦᠯᠵᠦ᠍᠂ ᠭᠤᠤᠯᠳᠠᠭᠤ ᠪᠠᠢᠩᠭᠤ ᠰᠤᠷᠢᠨᠵᠢᠨᠳᠤ᠂ ᠤᠰᠤᠳᠦ᠋ᠷᠦᠭ᠌ᠴᠢ ᠬᠠᠳᠠᠭᠠᠯᠠᠬᠤ᠂ ᠬᠡᠷᠡᠯᠳᠦᠬᠦᠯᠭᠡ᠂ ᠲᠦᠷᠭᠡᠳᠭᠡᠭᠦᠷ᠂ ᠬᠤᠪᠤᠷ ᠱᠢᠷᠤᠢ᠎ᠶ᠋ᠢᠨ ᠬᠠᠢᠯᠤᠰᠢ ᠵᠡᠷᠭᠡ ᠬᠦᠷᠢᠶ᠎ᠠ ᠴᠠᠷᠠᠭ᠎ᠠ ᠲᠤᠳᠤᠷ᠎ᠠ ᠨᠢᠭᠡ ᠪᠦᠯᠦᠭ ᠲᠠᠭᠠᠭᠤᠯᠤᠭ᠍ᠴᠢ ᠠᠵᠤ ᠠᠬᠤᠢ᠍ᠢᠯᠠᠯ᠎ᠢ ᠪᠤᠢᠵᠢᠭᠤᠯᠵᠦ᠍᠂ ᠪᠠᠢᠩᠭᠤ ᠰᠤᠷᠢᠨᠵᠢᠨᠳᠤ ᠴᠠᠬᠢᠯᠭᠠᠨ ᠮᠠᠱᠢᠨ᠂ ᠮᠠᠱᠢᠨ ᠬᠦᠮᠦᠨ᠂ ᠱᠢᠨ᠎ᠠ ᠡᠨᠧᠷᠬᠢ᠎ᠶ᠋ᠢᠨ ᠮᠠᠱᠢᠨ ᠲᠡᠷᠭᠡ᠂ ᠡᠮ ᠡᠮᠨᠡᠯᠭᠡ᠎ᠶ᠋ᠢᠨ ᠪᠠᠭᠠᠵᠢ ᠲᠦᠬᠦᠭᠡᠷᠦᠮᠵᠢ ᠵᠡᠷᠭᠡ ᠬᠤᠪᠤᠷ ᠱᠢᠷᠤᠢ᠎ᠶ᠋ᠢᠨ ᠠᠵᠤ ᠦᠢᠯᠡᠰ᠎ᠤᠨ ᠬᠦᠭ᠌ᠵᠢᠯᠳᠡ᠎ᠶ᠋ᠢ ᠲᠦᠷᠭᠡᠳᠭᠡᠨ᠂ ᠬᠤᠪᠤᠷ ᠱᠢᠷᠤᠢ᠎ᠶ᠋ᠢᠨ ᠡᠬᠢ ᠪᠠᠶᠠᠯᠢᠭ᠎ᠤᠨ ᠲᠠᠪᠠᠭᠤᠯᠢᠭ᠎ᠢ ᠨᠡᠩ ᠰᠠᠢᠨ᠎ᠢᠶᠠᠷ ᠠᠵᠤ ᠦᠢᠯᠡᠰ᠎ᠤᠨ ᠲᠠᠪᠠᠭᠤᠯᠢᠭ᠂ ᠭᠦᠭ᠌ᠵᠢᠯᠳᠡ᠎ᠶ᠋ᠢᠨ ᠲᠠᠪᠠᠭᠤᠯᠢᠭ ᠪᠤᠯᠭᠠᠨ ᠬᠤᠪᠢᠷᠠᠭᠤᠯᠵᠦ᠍᠂ 2025 ᠤᠨ ᠪᠤᠯᠬᠤ᠎ᠳᠤ ᠪᠦᠬᠦ᠌ ᠬᠤᠳᠠ᠎ᠶ᠋ᠢᠨ ᠬᠤᠪᠤᠷ ᠱᠢᠷᠤᠢ᠎ᠶ᠋ᠢᠨ ᠱᠢᠨ᠎ᠠ᠎ᠶ᠋ᠢ ᠡᠬᠦᠳᠬᠦ᠌ ᠬᠡᠯᠬᠢᠶ᠎ᠠ᠎ᠶ᠋ᠢᠨ ᠦᠷ᠎ᠠ ᠪᠦᠳᠦᠮᠵᠢ᠎ᠶ᠋ᠢ ᠶᠡᠭᠡ᠎ᠪᠠᠷ ᠲᠡᠭᠡᠭ᠌ᠰᠢᠯᠡᠬᠦᠯᠬᠦ᠌᠎ᠪᠠᠷ ᠴᠢᠷᠮᠠᠢᠵᠦ᠍᠂ ᠬᠤᠪᠤᠷ ᠱᠢᠷᠤᠢ ᠪᠤᠯᠤᠨ ᠬᠤᠪᠤᠷ ᠱᠢᠷᠤᠢ᠎ᠶ᠋ᠢᠨ ᠠᠵᠤ ᠦᠢᠯᠡᠰ᠎ᠤᠨ ᠴᠤᠬ᠍ᠯᠠᠷᠠᠯ᠎ᠤᠨ ᠬᠡᠪᠴᠢᠶ᠎ᠠ᠎ᠶ᠋ᠢ ᠱᠢᠨ᠎ᠠ ᠨᠢᠭᠡ ᠱᠠᠳᠤᠨ᠎ᠳᠤ ᠭᠠᠷᠭᠠᠵᠦ᠍᠂ ᠪᠤᠭᠤᠲᠤ ᠬᠤᠳᠠ᠎ᠶ᠋ᠢ ᠪᠦᠬᠦ᠌ ᠤᠯᠤᠰ ᠴᠢᠨᠠᠬ᠍ᠰᠢᠯᠠᠠ ᠲᠡᠯᠡᠭᠡᠢ᠎ᠶ᠋ᠢᠨ ᠬᠤᠪᠤᠷ ᠱᠢᠷᠤᠢ᠎ᠶ᠋ᠢᠨ ᠠᠵᠤ ᠦᠢᠯᠡᠰ᠎ᠤᠨ ᠱᠢᠨ᠎ᠠ᠎ᠶ᠋ᠢ ᠡᠬᠦᠳᠬᠦ᠌ ᠬᠦᠭ᠌ᠵᠢᠯᠳᠡ᠎ᠶ᠋ᠢᠨ ᠱᠢᠨ᠎ᠠ ᠦᠨᠳᠤᠷᠯᠢᠡ ᠤᠷᠤᠨ ᠪᠤᠯᠭᠠᠬᠤ᠎ᠪᠠᠷ ᠴᠢᠷᠮᠠᠢᠨ᠎ᠠ᠃

2018 ᠤᠨ᠎ᠤ ᠲᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠭᠠᠵᠠᠷ ᠱᠢᠨᠵᠢᠯᠡᠭᠡᠨ ᠪᠤᠯᠤᠨ ᠳᠡᠯᠡᠬᠡᠢ᠎ᠶ᠋ᠢᠨ ᠪᠦᠮᠪᠦᠷᠴᠡᠭ᠎ᠤᠨ ᠹᠢᠽᠢᠺ᠎ᠤᠨ ᠰᠤᠳᠤᠯᠭᠠᠨ᠎ᠤ ᠭᠠᠵᠠᠷ᠎ᠤᠨ ᠠᠩᠬ᠎ᠠ ᠠᠯᠬᠤᠮ᠎ᠤᠨ ᠬᠠᠢᠨ ᠲᠤᠳᠤᠯᠠᠯᠳᠠ᠎ᠪᠠᠷ᠂ ᠪᠠᠶᠬᠠᠤᠪᠤᠭ᠎ᠠ᠎ᠶ᠋ᠢᠨ ᠬᠤᠪᠤᠷ ᠱᠢᠷᠤᠢ᠎ᠶ᠋ᠢᠨ ᠠᠭᠤᠷᠬᠠᠢ᠎ᠳᠤ ᠡᠯᠪᠡᠭ ᠪᠠᠶᠠᠯᠢᠭ ᠬᠦᠩᠬᠡᠨ ᠬᠤᠪᠤᠷ ᠱᠢᠷᠤᠢ ᠠᠭᠤᠯᠤᠬ᠍ᠳᠠᠵᠦ᠍ ᠪᠠᠢᠬᠤ᠎ᠠᠴᠠ ᠭᠠᠳᠠᠨ᠎ᠠ᠂ ᠪᠠᠰᠠ ᠬᠦᠨᠳᠤ ᠬᠤᠪᠤᠷ ᠱᠢᠷᠤᠢ᠎ᠶ᠋ᠢᠨ ᠶᠡᠷᠦᠩᠬᠡᠢ ᠬᠠᠳᠠᠭᠠᠯᠠᠬ᠍ᠴᠠ ᠪᠠᠷᠤᠭ 100 ᠲᠦᠮᠡᠨ ᠲᠤᠨ ᠤᠷᠴᠢᠮ ᠪᠠᠢᠨ᠎ᠠ᠃ ᠪᠦᠬᠦ᠌ ᠤᠯᠤᠰ ᠴᠢᠨᠠᠬ᠍ᠰᠢᠯᠠᠪᠠᠯ ᠲᠡᠯᠡᠭᠡᠢ᠎ᠶ᠋ᠢᠨ ᠬᠤᠪᠤᠷ ᠱᠢᠷᠤᠢ᠎ᠶ᠋ᠢᠨ ᠱᠢᠨ᠎ᠠ᠎ᠶ᠋ᠢ ᠡᠭᠦᠳᠤᠨ ᠭᠦᠭ᠌ᠵᠢᠭᠦᠯᠬᠦ᠌ ᠱᠢᠨ᠎ᠠ ᠦᠨᠳᠤᠷᠯᠢᠡ ᠤᠷᠤᠨ᠎ᠢ ᠪᠠᠢᠭᠤᠯᠵᠦ᠍᠂ ᠨᠡᠷ᠎ᠠ ᠨᠢᠳᠡᠷ᠎ᠲᠡᠭᠡᠨ ᠨᠡᠢᠴᠡᠭ᠌ᠰᠡᠨ 《ᠲᠡᠯᠡᠭᠡᠢ᠎ᠶ᠋ᠢᠨ ᠬᠤᠪᠤᠷ ᠱᠢᠷᠤᠢ᠎ᠶ᠋ᠢᠨ ᠬᠤᠳᠠ》 ᠎ᠶ᠋ᠢ ᠴᠤᠬ᠍ᠴᠠᠯᠠᠬᠤ ᠡᠭᠦᠳᠡᠨ᠎ᠠᠴᠠ᠂ ᠪᠤᠭᠤᠲᠤ ᠬᠤᠳᠠ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠬᠦᠳᠠ ᠬᠤᠷᠠᠯ᠎ᠤᠨ ᠵᠤᠷᠢᠭ ᠰᠠᠨᠠᠭ᠎ᠠ᠎ᠶ᠋ᠢ ᠬᠦᠨᠵᠡᠭᠡᠢ ᠰᠤᠷᠤᠯᠴᠠᠨ ᠲᠤᠭᠤᠱᠢᠯᠠᠭᠤᠯᠵᠦ᠍᠂ ᠬᠤᠪᠤᠷ ᠱᠢᠷᠤᠢ᠎ᠶ᠋ᠢᠨ ᠠᠵᠤ ᠦᠢᠯᠡᠰ᠎ᠤᠨ ᠬᠦᠭ᠌ᠵᠢᠯᠳᠡ ᠪᠤᠯᠤᠨ ᠱᠢᠨ᠎ᠠ᠎ᠶ᠋ᠢ ᠡᠭᠦᠳᠤᠨ ᠬᠦᠭ᠌ᠵᠢᠬᠦᠯᠬᠦ᠌ ᠡᠯ᠎ᠠ ᠭᠤᠬ᠍ᠴᠤᠭ᠎ᠠ᠂ ᠡᠯ᠎ᠠ ᠡᠯᠧᠮᠧᠨ᠋ᠲ᠎ᠤᠨ ᠲᠤᠭᠤᠷᠢᠨ᠎ᠳᠤ ᠠᠵᠤ ᠠᠬᠤᠢ᠍ᠢᠯᠠᠯ᠂ ᠰᠤᠳᠤᠯᠭᠠᠨ᠎ᠤ ᠪᠠᠢᠭᠤᠯᠭ᠎ᠠ᠂ ᠴᠢᠳᠠᠪᠤᠷᠢᠳᠠᠨ ᠵᠡᠷᠭᠡ᠎ᠳᠤ ᠱᠢᠭᠤᠳ ᠬᠦᠷᠳᠡᠭᠡᠯ ᠪᠤᠯᠵᠦ᠍ ᠲᠡᠢᠯᠬᠦ᠌ ᠱᠢᠯᠢᠳᠡᠭ ᠰᠠᠢᠨ ᠭᠠᠵᠠᠷ ᠤᠷᠤᠨ᠎ᠤ ᠲᠦᠷᠤ᠎ᠶ᠋ᠢᠨ ᠪᠤᠳᠤᠯᠭ᠎ᠠ ᠲᠤᠭ᠍ᠳᠠᠭᠠᠨ᠎ᠠ᠃ ᠪᠤᠳᠠᠳᠤ ᠦᠷ᠎ᠠ ᠪᠦᠳᠦᠮᠵᠢ᠎ᠲᠠᠢ ᠨᠢᠭᠡ ᠪᠦᠯᠦᠭ ᠭᠠᠵᠠᠷ ᠤᠷᠤᠨ᠎ᠤ ᠠᠷᠭ᠎ᠠ ᠪᠤᠳᠤᠯᠭ᠎ᠠ᠎ᠪᠠᠷ ᠬᠤᠪᠤᠷ ᠱᠢᠷᠤᠢ᠎ᠶ᠋ᠢᠨ ᠠᠵᠤ ᠦᠢᠯᠡᠰ᠎ᠤᠨ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠤᠨ᠎ᠠ᠃ ᠡᠳᠡᠭᠡᠷ ᠠᠷᠭ᠎ᠠ ᠪᠤᠳᠤᠯᠭ᠎ᠠ ᠬᠤᠪᠤᠷ ᠱᠢᠷᠤᠢ᠎ᠶ᠋ᠢᠨ ᠲᠦᠭᠦᠬᠡᠢ ᠮᠠᠲ᠋ᠧᠷᠢᠶᠠᠯ᠂ ᠰᠤᠳᠤᠯᠤᠨ ᠨᠡᠭᠡᠭᠡᠬᠦ᠂ ᠱᠢᠨ᠎ᠠ᠎ᠶ᠋ᠢ ᠡᠬᠦᠳᠬᠦ᠂ ᠴᠢᠳᠠᠪᠤᠷᠢᠳᠠᠨ᠂ ᠭᠠᠵᠠᠷ ᠬᠡᠷᠡᠭ᠌ᠯᠡᠬᠦ᠂ ᠪᠡᠯᠡ ᠤᠷᠤᠭᠤᠯᠤᠯᠳᠠ᠂ ᠴᠠᠬᠢᠯᠭᠠᠨ᠎ᠤ ᠦᠨ᠎ᠠ᠂ ᠮᠦᠩᠬᠦᠨ ᠬᠦᠢᠯᠭᠡᠭᠡ᠂ ᠡᠳ᠋᠎ᠤᠨ ᠵᠠᠰᠠᠭ ᠭᠠᠢᠯᠢ ᠵᠡᠷᠭᠡ ᠤᠯᠠᠨ ᠲᠠᠯ᠎ᠠ᠎ᠶ᠋ᠢ ᠬᠠᠮᠤᠷᠴᠦ᠍᠂ ᠤᠳᠤᠬᠠᠨ᠎ᠤ ᠤᠯᠤᠰ᠎ᠤᠨ ᠲᠤᠳᠤᠭᠠᠳᠤ᠎ᠳᠠᠬᠢ ᠲᠡᠮᠵᠢᠯᠭᠡ᠎ᠶ᠋ᠢᠨ ᠡᠷᠴᠢᠮ᠎ᠢᠶᠠᠷ ᠬᠠᠮᠤᠭ ᠶᠡᠭᠡ᠂ ᠶᠡᠷᠦᠩᠬᠡᠢᠯᠡᠭ᠌ᠰᠡᠨ ᠦᠷ᠎ᠡ ᠪᠦᠳᠦᠮᠵᠢ᠎ᠪᠠᠷ ᠬᠠᠮᠤᠭ ᠰᠠᠢᠨ ᠨᠢᠭᠡ ᠪᠦᠯᠦᠭ ᠵᠤᠷᠢᠬ᠍ᠵᠢᠭᠤᠯᠤᠯ᠎ᠤᠨ ᠠᠷᠭ᠎ᠠ ᠪᠤᠳᠤᠯᠭ᠎ᠠ᠎ᠶ᠋ᠢ ᠲᠤᠬ᠍ᠳᠠᠭᠠᠨ᠂ ᠬᠤᠪᠤᠷ ᠱᠢᠷᠤᠢ᠎ᠶ᠋ᠢᠨ ᠠᠵᠤ ᠦᠢᠯᠡᠰ᠎ᠤᠨ ᠰᠠᠭᠤᠷᠢ᠎ᠶ᠋ᠢ ᠪᠠᠬᠢᠵᠢᠭᠦᠯᠬᠦ᠂ ᠬᠤᠪᠤᠷ ᠱᠢᠷᠤᠢ᠎ᠶ᠋ᠢᠨ ᠠᠵᠤ ᠦᠢᠯᠡᠰ᠎ᠤᠨ ᠤᠳᠤᠬᠢᠴᠢᠯᠠᠯᠲᠠ᠎ᠶ᠋ᠢᠨ ᠲᠦᠪᠱᠢᠨ᠎ᠢ ᠲᠡᠭᠡᠭ᠌ᠰᠢᠯᠡᠬᠦᠯᠬᠦ᠌ ᠲᠠᠯ᠎ᠠ᠎ᠪᠠᠷ ᠦᠨᠡᠨᠬᠦ᠌ ᠱᠢᠨ᠎ᠠ ᠲᠠᠪᠠᠯᠳᠠ ᠱᠢᠪᠳᠤᠯᠤᠯᠳᠠ ᠭᠠᠷᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号