ᠱᠢᠨ᠎ᠡ ᠲᠢᠳᠢᠮᠯᠢᠭ ᠠᠭᠤᠰᠭᠢᠨ ᠦᠷᠪᠢᠰᠤᠯ᠎ᠤᠨ ᠬᠢᠵᠢᠭ᠎ᠤᠨ ᠪᠠᠢᠳᠠᠯ ᠡᠭᠦᠰᠦᠭ᠌ᠰᠡᠨ᠎ᠤ ᠳᠠᠷᠠᠭ᠎ᠠ᠂ ᠱᠢᠯᠢ᠎ᠶ᠋ᠢᠨ ᠭᠤᠤᠯ ᠠᠢᠮᠠᠭ᠎ᠤᠨ ᠨᠠᠮ᠎ᠤᠨ ᠬᠤᠷᠢᠶᠠᠨ᠎ᠤ ᠨᠠᠮ᠎ᠤᠨ ᠰᠤᠷᠭᠠᠭᠤᠯᠢ᠎ᠶ᠋ᠢᠨ ᠳᠡᠳ᠋ ᠫᠷᠣᠹᠧᠰᠰᠣᠷ ᠸᠠᠩ ᠴᠠᠭᠠᠨ ᠵᠢᠷᠭᠢᠶ᠎ᠡ᠎ᠶ᠋ᠢᠨ ᠬᠤᠯᠪᠤᠭ᠎ᠠ᠎ᠪᠠᠷ ᠲᠠᠮᠵᠢᠭᠤᠯᠤᠨ᠂ ᠮᠠᠯᠵᠢᠬᠤ ᠤᠷᠤᠨ᠎ᠤ ᠨᠠᠮ᠎ᠤᠨ ᠭᠡᠱᠢᠭᠦᠳ᠎ᠲᠤ ᠬᠠᠨᠳᠤᠭᠤᠯᠤᠭ᠍ᠰᠠᠨ 《ᠴᠠᠬᠢᠮ ᠨᠠᠮ᠎ᠤᠨ ᠬᠢᠴᠢᠶᠡᠯ》 ᠨᠡᠬᠡᠭᠡᠪᠡ᠃ ᠲᠡᠷᠡ ᠡᠭᠦᠨ᠎ᠢᠶᠠᠷ ᠲᠠᠮᠵᠢᠭᠤᠯᠤᠨ ᠲᠡᠳᠡᠨ᠎ᠤ ᠨᠠᠮᠴᠢ ᠴᠢᠨᠠᠷ᠎ᠤᠨ ᠬᠦᠮᠦᠵᠢᠯ᠎ᠢ ᠴᠢᠩᠭᠠᠤᠡᠬᠠᠬᠤ᠂ ᠡᠨᠡ ᠬᠦ᠌ ᠤᠨᠴᠠᠭᠠᠢ ᠴᠠᠭ ᠦᠶ᠎ᠡ᠎ᠳᠤ ᠨᠠᠮ᠎ᠤᠨ ᠭᠡᠱᠢᠭᠦᠨ᠎ᠤ ᠬᠤᠱᠢᠭᠤᠴᠢ ᠦᠢᠯᠡᠳᠤᠯ᠎ᠢᠶᠠᠨ ᠪᠠᠳᠠᠷᠠᠭᠤᠯᠵᠤ᠂ ᠦᠷᠭᠡᠨ ᠤᠯᠠᠨ ᠲᠦᠮᠡᠨ᠎ᠯᠦᠭᠡ ᠰᠡᠳᠭᠢᠯ ᠨᠢᠭᠡᠳᠤᠨ ᠬᠦᠴᠤ᠎ᠪᠠᠨ ᠬᠠᠮᠳᠤᠤᠡᠬᠠᠨ᠂ ᠬᠡᠴᠡᠭᠦᠦ ᠪᠡᠷᠭᠡ᠎ᠶ᠋ᠢ ᠢᠯᠠᠨ ᠲᠠᠪᠠᠭ᠍ᠤ᠎ᠶ᠋ᠢ ᠤᠷᠢᠶᠠᠯᠠᠭ᠍ᠰᠠᠨ ᠪᠠᠢᠨ᠎ᠠ᠃
3 ᠰᠠᠷ᠎ᠠ᠎ᠶ᠋ᠢᠨ 10 ᠤ ᠡᠳᠦᠷ᠎ᠤᠨ ᠦᠳᠡ᠎ᠶ᠋ᠢᠨ ᠡᠮᠦᠨᠡᠬᠢ 9 ᠴᠠᠭ᠎ᠲᠤ ᠸᠠᠩ ᠴᠠᠭᠠᠨ ᠫᠷᠣᠹᠧᠰᠰᠣᠷ ᠬᠥᠪᠡᠭᠡᠲᠦ ᠱᠢᠷ᠎ᠠ ᠬᠤᠱᠢᠭᠤᠨ᠎ᠤ ᠤᠩᠭᠤᠠ ᠠᠭᠤᠯᠠ ᠰᠤᠮᠤᠨ᠎ᠤ 300 ᠭᠠᠷᠤᠢ ᠭᠡᠱᠢᠭᠦᠨ᠎ᠳᠤ 《ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠤ ᠨᠠᠮ᠎ᠤᠨ ᠭᠡᠱᠢᠭᠦᠨ ᠬᠤᠱᠢᠭᠤᠴᠢ ᠦᠢᠯᠡᠳᠦᠯ᠎ᠢ ᠬᠡᠷᠬᠢᠨ ᠪᠠᠲᠠᠷᠠᠭᠤᠯᠬᠤ ᠲᠤᠬᠠᠢ》 ᠬᠡᠭᠦ᠌ ᠭᠤᠤᠯ ᠰᠡᠳᠦᠪᠲᠦ ᠬᠢᠴᠢᠶᠡᠯ ᠤᠷᠤᠵᠠᠢ᠃ ᠣᠩᠭᠤᠨ ᠠᠭᠤᠯᠠ ᠰᠤᠮᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠭᠡᠱᠢᠭᠦᠨ ᠣᠤᠡᠬᠤᠨᠬᠤᠸᠠᠷ ᠬᠢᠴᠢᠶᠡᠯ᠎ᠤᠨ ᠲᠠᠢᠯᠤᠮᠵᠢ᠎ᠶ᠋ᠢ ᠰᠣᠨᠣᠰᠭᠤ᠎ᠶ᠋ᠢᠨ ᠳᠠᠭᠠᠤ ᠨᠠᠷᠢᠨ ᠲᠡᠮᠳᠡᠭ᠌ᠯᠡᠯ ᠬᠢᠵᠦ᠍᠂ ᠪᠠᠰᠠ ᠬᠢᠴᠢᠶᠡᠯ᠎ᠤᠨ ᠳᠠᠷᠠᠭ᠎ᠠ ᠳᠠᠬᠢᠨ ᠬᠢᠴᠢᠶᠡᠯ᠎ᠤᠨ ᠠᠭᠤᠯᠭ᠎ᠠ᠎ᠶ᠋ᠢ ᠪᠠᠭᠤᠯᠭᠠᠨ ᠠᠪᠴᠤ᠌᠂ ᠪᠦᠭᠦ᠌ ᠬᠤᠱᠢᠭᠤᠨ᠎ᠤ ᠪᠤᠰᠤᠳ ᠰᠤᠮᠤ ᠪᠠᠯᠭᠠᠰᠤᠨ᠎ᠤ ᠺᠠᠳ᠋ᠷ ᠠᠵᠢᠯᠲᠠᠳ᠎ᠤᠨ ᠬᠤᠯᠪᠤᠭᠠᠨ᠎ᠳᠤ ᠶᠠᠪᠤᠭᠤᠯᠵᠤ᠂ ᠤᠯᠠᠨ ᠲᠦᠮᠡᠨ᠎ᠤ ᠬᠢᠵᠢᠭ᠎ᠤᠨ ᠪᠠᠢᠳᠠᠯ᠎ᠢ ᠢᠯᠠᠨ ᠳᠠᠪᠠᠭ᠍ᠤ᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠰᠡᠷᠭᠦᠬᠡᠨ ᠭᠦᠭ᠌ᠵᠢᠭᠦᠯᠭᠦ᠌ ᠢᠲᠡᠭᠡᠯ ᠵᠣᠷᠢᠭ᠎ᠢ ᠡᠷᠴᠢᠯᠡᠵᠡᠢ᠃

3 ᠰᠠᠷ᠎ᠠ᠎ᠶ᠋ᠢᠨ 8 ᠤ ᠡᠳᠦᠷ᠂ ᠲᠠᠷᠤᠢ ᠡᠨᠡ ᠵᠢᠯ᠎ᠤᠨ 《ᠲᠡᠯᠡᠬᠡᠢ᠎ᠶ᠋ᠢᠨ ᠬᠦᠳᠡᠯᠮᠦᠷᠢᠴᠢᠨ ᠡᠮᠡᠭ᠌ᠲᠡᠢᠴᠦᠳ᠎ᠤᠨ ᠪᠠᠶᠠᠷ》 ᠤᠨ ᠡᠳᠦᠷ᠂ ᠸᠠᠩ ᠴᠠᠭᠠᠨ ᠪᠠᠭ᠍ᠰᠢ ᠵᠡᠭᠦᠨ ᠦᠵᠦᠮᠦᠴᠢᠨ ᠬᠤᠱᠢᠭᠤᠨ᠎ᠤ ᠤᠯᠢᠶᠠᠰᠤᠲᠠᠢ ᠪᠠᠯᠭᠠᠰᠤᠨ᠎ᠤ ᠬᠠᠯᠠᠭᠠᠢᠲᠤ ᠭᠠᠴᠠᠭᠠᠨ᠎ᠤ ᠮᠠᠯᠴᠢᠨ ᠪᠦᠰᠡᠭᠦ᠋ᠢᠴᠦᠳ᠎ᠲᠤ 《ᠲᠦᠷᠦ᠎ᠶ᠋ᠢᠨ ᠬᠠᠭᠠᠰ ᠲᠤᠯᠭᠠᠭᠤᠷᠢ᠂ ᠲᠦᠮᠡᠨ ᠤᠯᠠᠨ᠎ᠤ ᠱᠢᠨ᠎ᠡ ᠢᠯᠠᠯᠳᠠ》 ᠭᠡᠬᠦ᠌ ᠰᠡᠳᠦᠪ᠎ᠢᠶᠠᠷ ᠬᠢᠴᠢᠶᠡᠯ ᠲᠠᠢᠯᠤᠮᠵᠢ ᠬᠢᠵᠦ᠍᠂ ᠱᠢᠨ᠎ᠡ ᠴᠠᠭ ᠦᠶ᠎ᠡ᠎ᠶ᠋ᠢᠨ ᠡᠮᠡᠭ᠌ᠲᠡᠢᠴᠦᠳ᠎ᠤᠨ ᠬᠥᠳᠡᠭᠡ ᠲᠣᠰᠭᠤᠨ᠎ᠢᠶᠠᠨ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠡᠮᠡᠭ᠌ᠲᠡᠢᠴᠦᠳ᠎ᠤᠨ ᠦᠢᠯᠡᠰ ᠪᠤᠰᠭᠠᠬᠤ᠂ ᠱᠢᠨ᠎ᠡ᠎ᠶ᠋ᠢ ᠡᠭᠦᠳᠬᠦ᠌ ᠴᠢᠳᠠᠪᠦᠷᠢ ᠲᠦᠪᠱᠢᠨ᠎ᠢᠶᠠᠨ ᠳᠡᠭᠡᠭ᠌ᠰᠢᠯᠡᠭᠦᠯᠬᠦ᠌᠎ᠶ᠋ᠢ ᠤᠷᠮᠠᠱᠢᠭᠤᠯᠤᠨ ᠵᠣᠷᠢᠭ᠍ᠵᠢᠭᠤᠯᠵᠠᠢ᠃
ᠵᠡᠭᠦᠨ ᠦᠵᠦᠮᠦᠴᠢᠨ ᠬᠤᠱᠢᠭᠤᠨ᠎ᠤ ᠤᠯᠢᠶᠠᠰᠤᠲᠠᠢ ᠪᠠᠯᠭᠠᠰᠤᠨ᠎ᠤ ᠬᠠᠯᠠᠭᠠᠢᠲᠤ ᠭᠠᠴᠠᠭᠠᠨ᠎ᠤ ᠡᠮᠡᠭ᠌ᠲᠡᠢᠴᠦᠳ᠎ᠤᠨ ᠬᠤᠯᠪᠤᠭᠠᠳᠤ ᠬᠤᠷᠠᠯ᠎ᠤᠨ ᠡᠷᠬᠢᠯᠡᠭ᠌ᠴᠢ ᠰᠡᠴᠡᠨᠲᠠᠨ᠎ᠠ ᠰᠤᠷᠪᠤᠯᠵᠢᠯᠠᠭ᠎ᠠ ᠬᠦᠯᠢᠶᠡᠬᠦ᠌᠎ᠳᠡᠭᠡᠨ᠄ 《ᠥᠪᠡᠷ᠎ᠤᠨ ᠪᠡᠶ᠎ᠡ᠎ᠠᠴᠠ᠎ᠪᠠᠨ ᠡᠬᠢᠯᠡᠵᠦ᠍ ᠰᠤᠷᠤᠯᠴᠠᠨ᠎ᠠ᠂ ᠥᠪᠡᠷ᠎ᠤᠨ ᠪᠡᠶ᠎ᠡ᠎ᠠᠴᠠ᠎ᠪᠠᠨ ᠡᠬᠢᠯᠡᠵᠦ᠍ ᠤᠯᠠᠨ ᠲᠦᠮᠡᠨ᠎ᠢ ᠢᠳᠡᠪᠬᠢᠲᠡᠢ ᠪᠦᠯᠬᠦᠮᠳᠡᠭᠦᠯᠦᠨ ᠳᠠᠢᠴᠢᠯᠠᠵᠤ᠂ ᠲᠡᠳᠡᠨᠦᠰ᠎ᠤᠨ ᠬᠦᠮᠦᠵᠢᠯ ᠪᠤᠯᠪᠠᠰᠤᠷᠠᠯ᠎ᠢ ᠳᠡᠭᠡᠭ᠌ᠰᠢᠯᠡᠭᠦᠯᠵᠦ᠍᠂ ᠪᠦᠭᠦᠳᠡᠭᠡᠷ᠎ᠢᠶᠠᠨ ᠱᠢᠨ᠎ᠡ ᠴᠠᠭ ᠦᠶ᠎ᠡ᠎ᠶ᠋ᠢᠨ ᠠᠮᠵᠢᠯᠲᠠ᠎ᠳᠤ ᠬᠦᠷᠦᠨ᠎ᠡ ᠭᠡᠳᠡᠭ᠎ᠲᠤ ᠢᠳᠡᠬᠡᠵᠤ ᠪᠠᠢᠨ᠎ᠠ》 ᠭᠡᠯ᠎ᠠ᠃

ᠤᠢᠯᠠᠭᠠᠭ᠍ᠰᠠᠨ᠎ᠢᠶᠠᠷ᠂ ᠸᠠᠩ ᠴᠠᠭᠠᠨ ᠫᠷᠤᠹᠧᠰᠰᠤᠷ ᠵᠢᠯ ᠪᠦᠷᠢ ᠦᠨᠳᠦᠰᠦᠨ ᠱᠠᠲᠤᠨ᠎ᠳᠤ ᠭᠦᠨᠵᠡᠭᠡᠢᠷᠡᠨ᠂ 30 ᠭᠠᠷᠤᠶ ᠲᠠᠯᠠᠪᠠᠢ ᠬᠢᠴᠢᠶᠠᠯ ᠪᠣᠯᠪᠠᠰᠤᠷᠠᠯ ᠬᠢᠵᠤ᠂ 2 ᠲᠦᠮᠡ ᠭᠠᠷᠤᠶ ᠺᠠᠳ᠋ᠷ ᠠᠵᠢᠯᠲᠠᠨ᠎ᠳᠤ ᠨᠠᠮᠴᠢ ᠴᠢᠨᠠᠷ᠎ᠤᠨ ᠪᠣᠯᠪᠠᠰᠤᠷᠠᠯ ᠭᠦᠷᠲᠡᠬᠡᠵᠤ ᠪᠠᠢᠨ᠎ᠠ᠃ ᠱᠢᠨ᠎ᠡ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠡᠭᠦᠰᠦᠭ᠌ᠰᠡᠨ᠎ᠤ ᠳᠠᠷᠠᠭ᠎ᠠ᠂ ᠲᠡᠷᠡ ᠨᠠᠮ᠎ᠤᠨ ᠰᠤᠷᠭᠠᠭᠤᠯᠢ᠎ᠶ᠋ᠢᠨ ᠠᠬᠠᠮᠠᠳ ᠪᠠᠭ᠍ᠰᠢ ᠪᠣᠯᠤᠭ᠍ᠰᠠᠨ᠎ᠤ ᠬᠤᠪᠢ᠎ᠳᠤ᠂ 《ᠴᠠᠬᠢᠮ ᠨᠠᠮ᠎ᠤᠨ ᠬᠢᠴᠢᠶᠡᠯ》 ᠤᠷᠤᠬᠤ᠎ᠶ᠋ᠢ ᠢᠳᠡᠪᠬᠢᠲᠡᠢ ᠰᠠᠨᠠᠭᠠᠴᠢᠯᠠᠵᠤ᠂ ᠤᠳᠤᠬᠠᠨ ᠪᠤᠯᠳᠠᠯ᠎ᠠ ᠨᠢᠭᠡᠨᠲᠡ 9 ᠲᠠᠯᠠᠪᠠᠢ ᠦᠨ᠎ᠡ ᠲᠦᠯᠦᠪᠦᠷᠢ ᠦᠭᠡᠢ ᠬᠢᠴᠢᠶᠡᠯ ᠤᠷᠤᠵᠤ᠂ ᠦᠨᠳᠦᠰᠦᠨ ᠱᠠᠲᠤᠨ᠎ᠤ 3000 ᠭᠠᠷᠤᠶ ᠨᠠᠮ᠎ᠤᠨ ᠭᠡᠱᠢᠭᠦᠨ᠎ᠳᠤ ᠨᠠᠮᠴᠢ ᠴᠢᠨᠠᠷ᠎ᠤᠨ ᠬᠦᠮᠦᠵᠢᠯ ᠪᠤᠯᠪᠠᠰᠤᠷᠠᠯ ᠭᠦᠷᠲᠡᠭᠡᠭ᠌ᠰᠡᠨ ᠪᠠᠢᠨ᠎ᠠ᠃
ᠡᠨᠡ ᠲᠤᠬᠠᠢ ᠸᠠᠩ ᠴᠠᠭᠠᠨ ᠫᠷᠣᠹᠧᠰᠰᠣᠷ ᠰᠤᠷᠪᠤᠯᠵᠢᠯᠠᠭ᠎ᠠ ᠬᠦᠯᠢᠶᠡᠬᠦ᠌᠎ᠳᠡᠭᠡᠨ᠄ 《ᠨᠢᠭᠡ ᠨᠠᠮ᠎ᠤᠨ ᠡᠭᠦᠷ ᠪᠣᠯ ᠨᠢᠭᠡ ᠪᠠᠬᠢᠯᠡᠯᠲᠡ᠂ ᠨᠢᠭᠡ ᠨᠠᠮ᠎ᠤᠨ ᠭᠡᠱᠢᠭᠦᠨ ᠪᠣᠯ ᠨᠢᠭᠡ ᠲᠤᠭ ᠭᠡᠵᠦ᠍ ᠶᠠᠷᠢᠳᠠᠭ᠂ ᠡᠨᠡ ᠪᠤᠯ ᠨᠠᠮ᠎ᠤᠨ ᠭᠡᠱᠢᠭᠦᠨ ᠬᠡᠵᠢᠶᠡᠲᠡ ᠣᠯᠠᠨ ᠲᠦᠮᠡᠨ᠎ᠤ ᠳᠤᠮᠳᠠ ᠵᠢᠱ᠌ᠢᠶᠡᠴᠢ ᠳᠠᠭᠠᠭᠤᠯᠤᠭ᠍ᠴᠢ ᠦᠢᠯᠡᠳᠦᠯ ᠦᠵᠡᠭᠦᠯᠳᠡᠭ ᠭᠡᠰᠡᠨ ᠦᠭᠡ᠃ ᠮᠠᠨ᠎ᠤ ᠦᠨᠳᠦᠰᠦᠨ ᠱᠠᠲᠤᠨ᠎ᠤ ᠨᠠᠮ᠎ᠤᠨ ᠡᠭᠦᠷ ᠪᠣᠯ ᠪᠠᠢᠯᠳᠤᠭᠠᠨ᠎ᠤ ᠪᠠᠬᠢᠯᠡᠯᠲᠡ᠎ᠶ᠋ᠢᠨ ᠦᠢᠯᠡᠳᠦᠯ᠎ᠢ ᠦᠵᠡᠭᠦᠯᠦᠨ᠎ᠡ᠃ ᠶᠡᠷᠦ᠎ᠶ᠋ᠢᠨ ᠥᠶ᠎ᠡ᠎ᠳᠤ ᠪᠠᠰᠠ ᠡᠢᠮᠤ ᠪᠠᠢᠳᠠᠭ᠃ ᠨᠡᠩ ᠴᠤ᠌ ᠤᠯᠤᠰ ᠲᠠᠶᠠᠭᠠᠷ ᠱᠢᠨ᠎ᠡ ᠲᠢᠲᠢᠮᠯᠢᠭ ᠠᠭᠤᠰᠭᠢᠨ ᠦᠷᠪᠢᠰᠤᠯᠢ ᠰᠡᠷᠭᠡᠢᠯᠡᠨ ᠡᠵᠡᠮᠳᠡᠵᠦ᠍ ᠪᠠᠢᠭ᠎ᠠ ᠣᠨᠴᠠᠭᠠᠢ ᠴᠠᠭ ᠦᠶ᠎ᠡ᠎ᠳᠤ ᠪᠢᠳᠡ ᠨᠠᠮ᠎ᠤᠨ ᠭᠡᠱᠢᠭᠦᠨ᠎ᠤ ᠨᠠᠮᠴᠢ ᠴᠢᠨᠠᠷ᠎ᠢ ᠴᠢᠩᠭᠠᠳᠭᠠᠬᠤ᠎ᠨᠢ ᠮᠠᠰᠢ ᠴᠢᠬᠤᠯᠠ ᠠᠴᠢ ᠬᠤᠯᠪᠤᠭ᠍ᠳᠠᠯ᠎ᠲᠠᠢ》 ᠭᠡᠯ᠎ᠠ᠃