ᠬᠦᠬᠡᠬᠤᠳᠠ᠎ᠶ᠋ᠢᠨ 118 ᠳᠣᠳᠣᠭᠠᠳᠣ᠎ᠶ᠋ᠢ ᠬᠠᠮᠠᠭᠠᠯᠠᠬᠤ ᠲᠤᠮᠢᠯᠠᠬ᠍ᠰᠠᠨ ᠰᠠᠯᠪᠤᠷᠢ 《ᠤᠯᠠᠨ ᠲᠦᠮᠡᠨ᠎ᠳᠤ ᠦᠢᠯᠡᠴᠢᠯᠡᠬᠦ᠌ +》 ᠵᠠᠬ᠍ᠪᠤᠷ᠎ᠢ ᠬᠡᠷᠡᠭ᠌ᠵᠢᠬᠦᠯᠵᠦ᠍ ᠡᠬᠢᠯᠡᠪᠡ
2020-03-02 10:53:13
ᠵᠣᠬᠢᠶᠠᠭ᠍ᠴᠢ᠄
ᠱᠢᠨᠡᠪᠢᠯᠢᠭ
ᠣᠩᠱᠢᠭ᠍ᠰᠠᠨ ᠣᠳᠠᠭ᠎ᠠ᠄
★★★☆☆

       ᠬᠦᠬᠡᠬᠤᠳᠠ᠎ᠶ᠋ᠢᠨ 118 ᠳᠣᠳᠣᠭᠠᠳᠣ᠎ᠶ᠋ᠢ ᠬᠠᠮᠠᠭᠠᠯᠠᠬᠤ ᠲᠤᠮᠢᠯᠠᠬ᠍ᠰᠠᠨ ᠰᠠᠯᠪᠤᠷᠢ 《ᠠᠷᠠᠳ ᠲᠦᠮᠡᠨ᠎ᠳᠤ ᠲᠠᠭᠠᠱᠢᠶᠠᠭ᠍ᠳᠠᠭ᠍ᠰᠠᠨ ᠲᠤᠮᠢᠯᠠᠬ᠍ᠰᠠᠨ ᠰᠠᠯᠪᠤᠷᠢ ᠠᠩᠬᠢ᠎ᠶ᠋ᠢ ᠡᠬᠦᠳᠦᠨ ᠪᠠᠢᠭᠤᠯᠬᠤ》 ᠎ᠪᠠᠷ ᠠᠵᠢᠯ᠎ᠤᠨ ᠬᠠᠷᠠᠯᠳᠠ᠎ᠪᠠᠨ ᠪᠤᠯᠭᠠᠵᠤ᠂ 《ᠤᠯᠠᠨ ᠲᠦᠮᠡᠨ᠎ᠳᠤ ᠦᠢᠯᠡᠴᠢᠯᠡᠬᠦ᠌ + ᠵᠠᠬ᠍ᠪᠤᠷ》 ᠎ᠢ ᠡᠬᠢᠯᠡᠨ ᠬᠡᠷᠡᠭ᠌ᠵᠢᠬᠦᠯᠵᠦ᠍᠂ ᠴᠠᠬ᠍ᠳᠠᠭ᠎ᠠ ᠠᠷᠠᠳ ᠬᠤᠷᠱᠢᠯᠴᠠᠬᠤ ᠰᠠᠭᠤᠷᠢᠨ᠎ᠢ ᠲᠠᠰᠤᠷᠠᠯᠳᠠ ᠦᠬᠡᠢ ᠦᠷᠬᠡᠳᠭᠡᠵᠦ᠍᠂ ᠱᠢᠨ᠎ᠠ ᠴᠠᠬ ᠦᠶ᠎ᠠ᠎ᠶ᠋ᠢᠨ 《ᠹᠧᠩ ᠴᠢᠶᠤᠤ᠎ᠶ᠋ᠢᠨ ᠲᠤᠷᠱᠢᠯᠭ᠎ᠠ》 ᠎ᠶ᠋ᠢ ᠪᠠᠷᠢᠮᠳᠠᠯᠠᠨ ᠬᠦᠭ᠌ᠵᠢᠬᠦᠯᠵᠦ᠍᠂ ᠦᠢᠯᠡᠴᠢᠯᠡᠬᠡᠨ᠎ᠤ ᠤᠬᠠᠮᠰᠠᠷ᠎ᠢᠶᠠᠨ ᠴᠢᠩᠭᠠᠷᠠᠭᠤᠯᠤᠨ᠂ ᠰᠠᠨᠠᠭᠠᠴᠢᠯᠠᠭ᠎ᠠ᠎ᠠᠴᠠ᠎ᠪᠠᠨ ᠤᠯᠠᠨ ᠲᠦᠮᠡᠨ᠎ᠤ ᠬᠢᠨᠠᠯᠳᠠ᠎ᠶ᠋ᠢ ᠬᠦᠯᠢᠶᠡᠵᠦ᠍ ᠪᠠᠢᠨ᠎ᠠ᠃
       ᠭᠤᠤᠯ ᠰᠡᠳᠦᠪᠳᠦ ᠬᠦᠮᠦᠵᠢᠯ + ᠦᠨᠡᠨ ᠰᠡᠳᠭᠢᠯ᠎ᠤᠨ ᠶᠠᠷᠢᠯᠴᠠᠭ᠎ᠠ᠎ᠶ᠋ᠢᠨ ᠵᠠᠬ᠍ᠪᠤᠷ᠃ 《ᠤᠬ ᠰᠠᠨᠠᠭ᠎ᠠ᠎ᠪᠠᠨ ᠦᠯᠦ᠍ ᠮᠠᠷᠳᠠᠵᠤ᠂ ᠡᠬᠦᠷᠬᠡ ᠬᠠᠷᠢᠭᠤᠴᠠᠯᠭ᠎ᠠ᠎ᠪᠠᠨ ᠪᠠᠳᠤ ᠴᠡᠬᠡᠵᠢᠯᠡᠬᠦ᠌》 ᠭᠤᠤᠯ ᠰᠡᠳᠦᠪᠳᠦ ᠬᠦᠮᠦᠵᠢᠯ᠎ᠢ ᠦᠷᠨᠢᠬᠦᠯᠦᠭ᠌ᠰᠡᠨ᠎ᠠᠴᠠ ᠨᠠᠭᠠᠰᠢ᠂ ᠬᠦᠬᠡᠬᠤᠳᠠ᠎ᠶ᠋ᠢᠨ ᠲᠤᠳᠤᠭᠠᠳᠤ᠎ᠶ᠋ᠢ ᠬᠠᠮᠠᠭᠠᠯᠠᠬᠤ ᠳᠣᠪᠴᠢᠶ᠎ᠠ ᠡᠯ᠎ᠡ ᠲᠤᠮᠢᠯᠠᠬ᠍ᠰᠠᠨ ᠰᠠᠯᠪᠤᠷᠢ᠎ᠪᠠᠨ ᠵᠤᠬᠢᠶᠠᠨ ᠪᠠᠢᠭᠤᠯᠤᠨ ᠴᠠᠬ᠍ᠳᠠᠭ᠎ᠠ ᠠᠷᠠᠳ ᠦᠨᠡᠨ ᠰᠡᠳᠭᠢᠯ᠎ᠠᠴᠠ᠎ᠪᠠᠨ ᠶᠠᠷᠢᠯᠴᠠᠬᠤ ᠠᠵᠢᠯᠯᠠᠭ᠎ᠠ ᠦᠷᠨᠢᠬᠦᠯᠵᠦ᠍᠂ 118 ᠲᠤᠮᠢᠯᠠᠬ᠍ᠰᠠᠨ ᠰᠠᠯᠪᠤᠷᠢ᠎ᠨᠢ ᠡᠯ᠎ᠡ ᠬᠠᠷᠢᠶ᠎ᠠ ᠲᠤᠭᠤᠷᠢᠬ᠎ᠲᠠᠭᠠᠨ 《ᠴᠠᠬ᠍ᠳᠠᠭ᠎ᠠ ᠠᠷᠠᠳ ᠭᠠᠷ ᠭᠠᠷ᠎ᠢᠶᠠᠨ ᠬᠤᠯᠪᠤᠯᠴᠠᠵᠤ ᠠᠮᠤᠷ ᠠᠮᠤᠭᠤᠯᠠᠩ᠎ᠢ ᠬᠠᠮᠳᠤ᠎ᠪᠠᠷ ᠡᠬᠦᠳᠬᠦ᠌》 ᠴᠠᠬ᠍ᠳᠠᠭ᠎ᠠ ᠠᠷᠠᠳ ᠴᠢᠩ ᠰᠡᠳᠭᠢᠯ᠎ᠠᠴᠠ᠎ᠪᠠᠨ ᠶᠠᠷᠢᠯᠴᠠᠬᠤ ᠠᠵᠢᠯᠯᠠᠭ᠎ᠠ ᠦᠷᠨᠢᠬᠦᠯᠵᠦ᠍᠂ ᠠᠷᠠᠳ᠎ᠤᠨ ᠴᠠᠬ᠍ᠳᠠᠭ᠎ᠠ ᠤᠢ᠍ᠢᠷ᠎ᠠ᠎ᠶ᠋ᠢᠨ ᠬᠤᠭᠤᠴᠠᠭᠠᠨ᠎ᠳᠤ ᠣᠯᠠᠨᠳᠠ ᠡᠭᠦᠰᠴᠦ᠍ ᠪᠠᠢᠭ᠎ᠠ ᠴᠠᠬᠢᠯᠭᠠᠨ ᠬᠤᠯᠪᠤᠭ᠎ᠠ ᠰᠦᠯᠵᠢᠶ᠎ᠡ᠎ᠶ᠋ᠢᠨ ᠮᠡᠬᠡᠯᠡᠯ᠎ᠤᠨ ᠬᠡᠷᠡᠭ᠎ᠤᠨ ᠵᠢᠱ᠌ᠢᠶ᠎ᠠ ᠪᠠ ᠪᠠᠢᠩᠭᠤ ᠲᠤᠬᠢᠶᠠᠯᠳᠤᠬᠤ ᠴᠠᠬᠢᠯᠭᠠᠨ ᠬᠤᠯᠪᠤᠭ᠎ᠠ ᠰᠦᠯᠵᠢᠶ᠎ᠡ᠎ᠶ᠋ᠢᠨ ᠮᠡᠬᠡᠯᠡᠯ᠎ᠤᠨ ᠲᠦᠷᠦᠯ᠎ᠲᠠᠢ ᠤᠶᠠᠯᠳᠤᠭᠤᠯᠤᠨ᠂ ᠲᠡᠷᠬᠡᠳᠡ᠎ᠨᠢ ᠡᠬᠦᠰᠦᠭ᠌ᠰᠡᠨ ᠬᠡᠷᠡᠭ᠎ᠤᠨ ᠵᠢᠱ᠌ᠢᠶ᠎ᠠ ᠪᠠ ᠠᠮᠢᠳᠤᠯᠢᠬ ᠴᠣᠪᠣᠭᠤᠯᠢᠭ ᠬᠡᠯᠡ ᠬᠡᠯᠡᠯᠭᠡ᠎ᠪᠠᠷ ᠮᠡᠬᠡᠯᠡᠯ᠎ᠤᠨ ᠠᠵᠢᠯᠯᠠᠭ᠎ᠠ᠎ᠶ᠋ᠢ ᠰᠡᠷᠭᠡᠢᠯᠡᠬᠦ᠌ ᠮᠡᠳᠡᠯᠭᠡ᠎ᠶ᠋ᠢ ᠤᠯᠠᠨ ᠲᠦᠮᠡᠨ᠎ᠳᠤ ᠲᠠᠢᠯᠪᠤᠷᠢᠯᠠᠨ ᠦᠭ᠌ᠴᠡᠢ᠃
       ᠦᠢᠯᠡᠴᠢᠯᠡᠭᠡ + ᠬᠠᠮᠢᠶᠠᠷᠤᠯᠳᠠ᠎ᠶ᠋ᠢᠨ ᠵᠠᠬ᠍ᠪᠤᠷ᠃ ᠠᠵᠢᠯ᠎ᠤᠨ ᠰᠤᠷᠳᠠᠯ᠎ᠢᠶᠠᠨ ᠬᠤᠪᠢᠷᠠᠭᠤᠯᠤᠨ᠂ ᠦᠩᠬᠡᠷᠡᠭ᠌ᠰᠡᠨ᠎ᠤ ᠲᠠᠩ ᠴᠤᠯᠭᠤᠢ ᠬᠠᠮᠢᠶᠠᠷᠤᠯᠳᠠ᠎ᠠᠴᠠ᠎ᠪᠠᠨ ᠦᠢᠯᠡᠴᠢᠯᠡᠭᠡ + ᠬᠠᠮᠢᠶᠠᠷᠤᠯᠳᠠ᠎ᠶ᠋ᠢᠨ ᠵᠠᠬ᠍ᠪᠤᠷ ᠪᠤᠯᠭᠠᠨ ᠬᠤᠪᠢᠷᠠᠭᠤᠯᠵᠣ᠂ ᠡᠯ᠎ᠠ ᠲᠤᠮᠢᠯᠠᠬ᠍ᠰᠠᠨ ᠰᠠᠯᠪᠤᠷᠢ᠎ᠶ᠋ᠢᠨ ᠬᠠᠷᠢᠭᠤᠴᠠᠯᠭᠠᠳᠠᠨ ᠡᠯ᠎ᠡ ᠬᠠᠷᠢᠶ᠎ᠠ ᠲᠤᠭᠤᠷᠢᠬ᠎ᠲᠠᠭᠠᠨ 《ᠰᠡᠳᠭᠢᠯ ᠵᠢᠷᠦᠬᠡ᠎ᠪᠠᠨ ᠬᠤᠯᠪᠤᠵᠤ᠂ ᠭᠠᠷ ᠭᠠᠷ᠎ᠢᠶᠠᠨ ᠬᠤᠯᠪᠤᠯᠴᠠᠵᠤ᠂ ᠴᠠᠬ᠍ᠳᠠᠭ᠎ᠠ ᠲᠠᠨ᠎ᠤ ᠲᠡᠷᠬᠡᠳᠡ》 ᠭᠤᠣᠯ ᠰᠡᠳᠦᠪᠳᠦ ᠠᠷᠠᠳ ᠲᠦᠮᠡᠨ᠎ᠳᠤ ᠬᠠᠷᠢᠭᠤ ᠮᠡᠳᠡᠬᠦᠯᠬᠦ᠌ ᠶᠠᠷᠢᠯᠴᠠᠬᠤ ᠬᠤᠷᠠᠯ ᠬᠢᠵᠦ᠍᠂ ᠶᠠᠷᠢᠯᠴᠠᠬᠤ ᠬᠤᠷᠠᠯ᠎ᠢᠶᠠᠷ ᠲᠠᠮᠵᠢᠭᠤᠯᠤᠨ ᠬᠠᠷᠢᠶ᠎ᠠ ᠲᠤᠭᠤᠷᠢᠬ᠎ᠤᠨ᠎ᠢᠶᠠᠨ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠤᠯᠠᠨ ᠲᠦᠮᠡᠨ᠎ᠳᠤ ᠲᠤᠮᠢᠯᠠᠬ᠍ᠰᠠᠨ ᠰᠠᠯᠪᠤᠷᠢ᠎ᠶ᠋ᠢᠨ ᠡᠩᠨᠡᠬᠡᠨ᠎ᠤ ᠪᠠᠢᠭᠤᠯᠤᠯᠳᠠ᠂ ᠬᠠᠷ᠎ᠠ ᠪᠦᠯᠦᠭ᠌ᠳᠡᠨ ᠬᠠᠷᠬᠢᠰ ᠬᠦᠴᠦᠨ᠎ᠢ ᠠᠷᠢᠯᠭᠠᠬᠤ ᠲᠡᠮᠡᠴᠡᠯ᠂ ᠵᠦᠷᠢᠴᠡᠯ ᠵᠠᠭᠤᠷᠠᠭᠠᠨ᠎ᠢ ᠱᠢᠢᠳᠪᠦᠷᠢᠯᠡᠬᠦ᠌ ᠪᠠᠢᠳᠠᠯ ᠵᠡᠷᠬᠡ ᠲᠠᠯ᠎ᠠ᠎ᠪᠠᠷ ᠪᠤᠳᠠᠳᠠᠢ ᠲᠤᠭ᠎ᠠ ᠭᠠᠷᠭᠠᠵᠤ᠂ ᠲᠤᠮᠢᠯᠠᠬ᠍ᠰᠠᠨ ᠰᠠᠯᠪᠤᠷᠢ᠎ᠶ᠋ᠢᠨ ᠡᠨᠡ ᠵᠢᠯ᠎ᠤᠨ ᠠᠵᠢᠯ᠎ᠤᠨ ᠲᠦᠯᠦᠪᠯᠡᠭᠡ᠂ ᠭᠤᠤᠯᠳᠠᠯᠭ᠎ᠠ᠎ᠲᠠᠢ ᠡᠬᠦᠷᠬᠡ ᠵᠡᠷᠬᠡ᠎ᠪᠠᠨ ᠤᠯᠠᠨ ᠲᠦᠮᠡᠨ᠎ᠳᠤ ᠬᠠᠷᠢᠭᠤ ᠮᠡᠳᠡᠬᠦᠯᠵᠡᠢ᠃
       ᠲᠡᠷᠢᠬᠦᠨ᠎ᠤ᠎ᠬᠢ᠎ᠶ᠋ᠢ ᠡᠭᠦᠳᠦᠨ ᠱᠢᠯᠢᠳᠡᠭ ᠪᠤᠯᠬᠤ᠎ᠪᠠᠷ ᠴᠢᠷᠮᠠᠢᠬᠤ + ᠤᠯᠠᠨ ᠲᠦᠮᠡᠨ᠎ᠲᠠᠢ ᠬᠤᠷᠱᠢᠯᠴᠠᠬᠤ ᠵᠠᠬ᠍ᠪᠤᠷ᠃ ᠬᠦᠬᠡᠬᠤᠳᠠ᠎ᠶ᠋ᠢᠨ ᠲᠤᠳᠤᠭᠠᠳᠤ᠎ᠶ᠋ᠢ ᠬᠠᠮᠠᠭᠠᠯᠠᠬᠤ ᠲᠤᠪᠴᠢᠶ᠎ᠠ ᠴᠠᠬ᠍ᠳᠠᠭ᠎ᠠ᠎ᠶ᠋ᠢᠨ ᠬᠤᠸᠠᠷᠠᠨ᠎ᠤ ᠨᠡᠬᠡᠬᠡᠯᠳᠡ᠎ᠶ᠋ᠢᠨ ᠡᠳᠦᠷ᠎ᠤᠨ ᠠᠵᠢᠯᠯᠠᠭ᠎ᠠ ᠡᠷᠬᠢᠯᠡᠵᠤ᠂ ᠡᠯ᠎ᠡ ᠡᠳᠡᠬᠡᠳ᠎ᠤᠨ ᠬᠦᠮᠦᠰ᠎ᠢ ᠤᠷᠢᠨ ᠲᠤᠮᠢᠯᠠᠬ᠍ᠰᠠᠨ ᠰᠠᠯᠪᠤᠷᠢ᠎ᠳᠠᠭᠠᠨ ᠠᠪᠴᠢᠷᠠᠵᠣ᠂ ᠦᠨᠳᠦᠰᠦᠨ ᠱᠠᠳᠤᠨ᠎ᠤ ᠲᠤᠮᠢᠯᠠᠬ᠍ᠰᠠᠨ ᠰᠠᠯᠪᠤᠷᠢ᠎ᠶ᠋ᠢᠨ ᠠᠵᠢᠯ᠎ᠢ ᠤᠢ᠍ᠢᠯᠠᠭᠠᠭᠤᠯᠬᠤ᠎ᠶ᠋ᠢᠨ ᠵᠡᠷᠬᠡ᠎ᠪᠠᠷ ᠠᠷᠠᠳ ᠤᠯᠠᠨ᠎ᠳᠤ 《ᠠᠷᠠᠳ ᠲᠦᠮᠡᠨ᠎ᠳᠤ ᠲᠠᠭᠠᠱᠢᠶᠠᠭ᠍ᠳᠠᠭ᠍ᠰᠠᠨ ᠲᠤᠮᠢᠯᠠᠬ᠍ᠰᠠᠨ ᠰᠠᠯᠪᠤᠷᠢ ᠠᠩᠬᠢ》 ᠎ᠶ᠋ᠢ ᠡᠬᠦᠳᠦᠨ ᠪᠠᠢᠭᠤᠯᠬᠤ ᠪᠠ 《ᠹᠧᠩ ᠴᠢᠶᠤᠤ ᠮᠠᠶᠢᠬ᠎ᠤᠨ ᠲᠤᠳᠤᠭᠠᠳᠤ᠎ᠶ᠋ᠢ ᠬᠠᠮᠠᠭᠠᠯᠠᠬᠤ ᠲᠤᠮᠢᠯᠠᠬ᠍ᠰᠠᠨ ᠰᠠᠯᠪᠤᠷᠢ》 ᠎ᠶ᠋ᠢ ᠡᠬᠦᠳᠦᠨ ᠪᠠᠢᠭᠤᠯᠬᠤ ᠬᠠᠮᠢᠶ᠎ᠠ ᠪᠦᠬᠦᠢ ᠠᠷᠭ᠎ᠠ ᠬᠡᠮᠵᠢᠶ᠎ᠠ᠎ᠪᠠᠨ ᠲᠠᠨᠢᠯᠴᠠᠭᠤᠯᠵᠣ᠂ ᠬᠠᠮᠢᠶ᠎ᠠ ᠪᠦᠬᠦᠢ ᠬᠠᠤᠯᠢ ᠬᠡᠷᠡᠭ᠌ᠵᠢᠬᠦᠯᠵᠦ᠍ ᠬᠡᠷᠡᠭ ᠱᠢᠢᠳᠪᠦᠷᠢᠯᠡᠬᠦ᠌ ᠲᠠᠯᠠᠪᠤᠷ᠎ᠢᠶᠠᠨ ᠲᠤᠭᠤᠷᠢᠭᠤᠯᠣᠨ ᠦᠵᠡᠬᠦᠯᠵᠡᠢ᠃
       《ᠭᠠᠷᠴᠤ᠌ ᠶᠠᠪᠤᠬᠤ + ᠤᠯᠠᠨ ᠲᠦᠮᠡᠨ》 ᠎ᠤ ᠬᠢᠨᠠᠯᠳᠠ᠎ᠶ᠋ᠢ ᠬᠦᠯᠢᠶᠡᠬᠦ᠌ ᠠᠪᠬᠤ ᠵᠠᠬ᠍ᠪᠤᠷ᠃ ᠡᠯ᠎ᠡ ᠲᠤᠮᠢᠯᠠᠬ᠍ᠰᠠᠨ ᠰᠠᠯᠪᠤᠷᠢ ᠴᠠᠭ᠍ᠳᠠᠭ᠎ᠠ ᠨᠠᠷ᠎ᠢᠶᠠᠨ ᠵᠤᠬᠢᠶᠠᠨ ᠪᠠᠢᠭᠤᠯᠵᠤ ᠰᠠᠨᠠᠭᠠᠴᠢᠯᠠᠭ᠎ᠠ᠎ᠠᠴᠠ᠎ᠪᠠᠨ ᠦᠷᠬᠡᠨ ᠤᠯᠠᠨ ᠲᠦᠮᠡᠨ᠎ᠤ ᠲᠤᠳᠤᠭᠠᠳᠤ᠎ᠶ᠋ᠢ ᠬᠠᠮᠠᠭᠠᠯᠠᠬᠤ ᠠᠵᠢᠯ᠎ᠳᠠᠬᠢ ᠰᠠᠨᠠᠯ ᠰᠠᠨᠠᠭᠤᠯᠭ᠎ᠠ᠎ᠶ᠋ᠢ ᠬᠤᠷᠢᠶᠠᠵᠣ᠂ ᠬᠠᠷᠢᠶ᠎ᠠ ᠲᠤᠭᠤᠷᠢᠬ᠎ᠤᠨ᠎ᠢᠶᠠᠨ ᠤᠯᠠᠨ ᠲᠦᠮᠡᠨ᠎ᠤ ᠦᠵᠡᠯ ᠰᠠᠨᠠᠭᠠᠨ᠎ᠤ ᠪᠠᠢᠳᠠᠯ᠎ᠢ ᠴᠠᠬ ᠲᠤᠬᠠᠢ᠎ᠳᠤᠨᠢ ᠤᠢ᠍ᠢᠯᠠᠭᠠᠵᠤ᠂ ᠤᠯᠠᠨ ᠲᠦᠮᠡᠨ᠎ᠤ ᠰᠠᠨᠠᠯ ᠰᠠᠨᠠᠭᠤᠯᠭ᠎ᠠ᠎ᠶ᠋ᠢ ᠬᠤᠷᠢᠶᠠᠩᠭᠤᠢ᠍ᠢᠯᠠᠨ ᠳ᠋ᠦᠩᠨᠡᠵᠦ᠍᠂ ᠪᠤᠳᠠᠳᠠᠢ ᠠᠵᠢᠯ᠎ᠲᠠᠢ᠎ᠪᠠᠨ ᠤᠶᠠᠯᠳᠤᠭᠤᠯᠤᠨ ᠠᠵᠢᠯ᠎ᠤᠨ ᠠᠷᠭ᠎ᠠ᠎ᠪᠠᠨ ᠰᠠᠢᠵᠢᠷᠠᠭᠤᠯᠪᠠ᠃ 《ᠰᠡᠳᠭᠢᠯ ᠵᠢᠷᠦᠬᠡ᠎ᠪᠠᠨ ᠬᠤᠯᠪᠤᠵᠤ᠂ ᠭᠠᠷ ᠭᠠᠷ᠎ᠢᠶᠠᠨ ᠬᠤᠯᠪᠤᠯᠴᠠᠵᠤ᠂ ᠴᠠᠬ᠍ᠳᠠᠭ᠎ᠠ ᠲᠠᠨ᠎ᠤ ᠲᠡᠷᠬᠡᠳᠡ》 ᠭᠤᠤᠯ ᠰᠡᠳᠦᠪᠳᠦ ᠠᠵᠢᠯᠯᠠᠭ᠎ᠠ ᠦᠷᠨᠢᠬᠦᠯᠬᠦ᠌᠎ᠪᠠᠷ ᠲᠠᠮᠵᠢᠭᠤᠯᠤᠨ᠂ ᠨᠡᠢᠬᠡᠮ᠎ᠤᠨ ᠡᠯ᠎ᠡ ᠡᠳᠡᠬᠡᠳ᠎ᠤᠨ᠎ᠬᠢᠨ᠎ᠳᠤ ᠲᠤᠳᠤᠭᠠᠳᠤ᠎ᠶ᠋ᠢ ᠬᠠᠮᠠᠭᠠᠯᠠᠬᠤ ᠠᠵᠢᠯ᠎ᠢ ᠤᠢ᠍ᠢᠯᠠᠭᠠᠭᠤᠯᠵᠤ᠂ ᠲᠤᠳᠤᠭᠠᠳᠤ᠎ᠶ᠋ᠢ ᠬᠠᠮᠠᠭᠠᠯᠠᠬᠤ ᠪᠠᠢᠭᠤᠯᠭ᠎ᠠ ᠪᠠ ᠤᠯᠠᠨ ᠲᠦᠮᠡᠨ᠎ᠤ ᠬᠤᠭᠤᠷᠣᠨᠳᠣᠬᠢ ᠵᠠᠢ᠎ᠶ᠋ᠢ ᠤᠢ᠍ᠢᠷᠠᠳᠤᠭᠤᠯᠵᠤ᠂ ᠦᠷᠬᠡᠨ ᠤᠯᠠᠨ ᠲᠦᠮᠡᠨ᠎ᠤ ᠲᠡᠮᠵᠢᠯᠬᠡ᠎ᠶ᠋ᠢ ᠤᠯᠵᠤ᠂ ᠤᠷᠤᠨ᠎ᠤ ᠲᠦᠪ ᠬᠤᠳᠠ᠎ᠶ᠋ᠢᠨ ᠦᠷᠬᠦᠯᠵᠢᠯᠡᠨ ᠠᠮᠤᠷ ᠲᠤᠬ᠍ᠳᠠᠭᠤᠨ ᠪᠠᠢᠬᠤ ᠪᠠ ᠰᠠᠢᠨ ᠰᠠᠢᠬᠠᠨ ᠠᠮᠤᠷ ᠲᠦᠪᠱᠢᠨ᠎ᠤ ᠤᠷᠴᠢᠨ ᠲᠤᠭᠤᠷᠢᠨ᠎ᠢ ᠡᠭᠦᠳᠬᠦ᠌᠎ᠳᠤ ᠪᠠᠳᠤ ᠪᠠᠬᠢ ᠤᠯᠠᠨ ᠲᠦᠮᠡᠨ᠎ᠤ ᠰᠠᠭᠤᠷᠢ᠎ᠶ᠋ᠢ ᠲᠠᠯᠪᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号