ᠬᠢᠵᠢᠭ᠎ᠲᠠᠢ ᠲᠡᠮᠡᠴᠡᠬᠦ᠌ ᠡᠮᠤᠨ᠎ᠡ ᠹᠷᠦᠨᠲ᠎ᠲᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠦᠨ᠎ᠡ
2020-03-23 11:53:33
ᠵᠣᠬᠢᠶᠠᠭ᠍ᠴᠢ᠄
ᠰᠦᠨ ᠯᠢ ᠶᠢᠩ
ᠣᠩᠱᠢᠭ᠍ᠰᠠᠨ ᠣᠳᠠᠭ᠎ᠠ᠄
★★★☆☆

       ᠱᠢᠨ᠎ᠠ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠡᠭᠦᠰᠦᠭ᠌ᠰᠡᠨ᠎ᠠᠴᠠ ᠨᠠᠭᠠᠰᠢ᠂ ᠲᠦᠡᠭ᠌ᠯᠢᠶᠤᠤ ᠬᠤᠳᠠ᠎ᠶ᠋ᠢᠨ ᠡᠯ᠎ᠠ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ ᠪᠠ ᠦᠷᠭᠡᠨ ᠤᠯᠠᠨ ᠨᠠᠮ᠎ᠤᠨ ᠬᠡᠱᠢᠬᠦᠨ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠴᠢᠬᠤᠯᠠ ᠵᠢᠭᠠᠪᠤᠷᠢ᠎ᠶ᠋ᠢᠨ ᠵᠤᠷᠢᠭ ᠰᠠᠨᠠᠭ᠎ᠠ ᠪᠠ ᠨᠠᠮ᠎ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠶ᠋ᠢᠨ ᠱᠢᠢᠳᠪᠤᠷᠢᠳᠦ ᠪᠤᠳᠤᠯᠭ᠎ᠠ ᠪᠠᠢᠷᠢᠯᠠᠭᠤᠯᠤᠯᠳᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠭ ᠰᠠᠨᠠᠭ᠎ᠠ᠎ᠪᠠᠨ ᠦᠯᠦ᠍ ᠮᠠᠷᠳᠠᠨ ᠡᠭᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠵᠦ᠍᠂ ᠦᠨᠳᠦᠰᠦᠨ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ᠎ᠶ᠋ᠢᠨ ᠪᠠᠬᠢᠯᠡᠯᠳᠡ᠎ᠶ᠋ᠢᠨ ᠦᠢᠯᠡᠳᠦᠯ ᠪᠠ ᠨᠠᠮ᠎ᠤᠨ ᠬᠡᠱᠢᠬᠦᠨ᠎ᠤ ᠬᠤᠱᠢᠭᠤᠴᠢ ᠦᠢᠯᠡᠳᠦᠯ᠎ᠢ ᠬᠦᠢᠴᠡᠳ ᠪᠠᠳᠠᠷᠠᠭᠤᠯᠵᠠᠢ᠃

       8341 ᠨᠠᠮ᠎ᠤᠨ ᠵᠤᠬᠢᠶᠠᠨ ᠪᠠᠢᠭᠤᠯᠤᠯᠳᠠ ᠬᠦᠳᠡᠯᠤᠯᠴᠠᠪᠠ

       ᠲᠦᠡᠭ᠌ᠯᠢᠶᠤᠤ ᠬᠤᠳᠠ᠎ᠶ᠋ᠢᠨ ᠡᠯ᠎ᠠ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠰᠠᠢᠳᠤᠷ ᠬᠢᠬᠦ᠌᠎ᠶ᠋ᠢ ᠰᠢ᠎ᠶ᠋ᠢᠨ ᠫᠢᠡᠭ᠎ᠤᠨ ᠱᠢᠨ᠎ᠠ ᠴᠠᠭ ᠦᠶ᠎ᠠ᠎ᠶ᠋ᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠬᠤ ᠴᠢᠬᠤᠯᠠ ᠱᠢᠯᠭᠠᠯᠳᠠ ᠪᠤᠯᠭᠠᠵᠤ᠂ 《ᠤᠬ ᠰᠠᠨᠠᠭ᠎ᠠ᠎ᠪᠠᠨ ᠦᠯᠦ᠍ ᠮᠠᠷᠳᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠬᠦ᠌》 ᠭᠤᠤᠯ ᠰᠡᠳᠦᠪᠳᠦ ᠬᠦᠮᠦᠵᠢᠯ᠎ᠤᠨ ᠦᠷ᠎ᠠ ᠪᠦᠳᠦᠮᠵᠢ᠎ᠶ᠋ᠢ ᠪᠠᠳᠤᠳᠭᠠᠬᠤ ᠦᠢᠯᠡᠳᠦᠯᠭᠡ᠎ᠶ᠋ᠢᠨ ᠲᠠᠯᠠᠪᠤᠷ ᠪᠤᠯᠭᠠᠪᠠ᠃
       ᠨᠠᠮ᠎ᠤᠨ ᠵᠤᠬᠢᠶᠠᠨ ᠪᠠᠢᠭᠤᠯᠤᠯᠳᠠ ᠪᠤᠯ ᠲᠠᠷᠤᠢ ᠲᠠᠢᠴᠢᠨ ᠪᠠᠬᠢᠯᠡᠯᠳᠡ ᠮᠦᠨ᠃ 1 ᠰᠠᠷ᠎ᠠ᠎ᠶ᠋ᠢᠨ 25 ᠎ᠤ ᠡᠳᠦᠷ᠂ ᠲᠦᠡᠭ᠌ᠯᠢᠶᠤᠤ ᠬᠤᠳᠠ᠎ᠶ᠋ᠢᠨ 8341 ᠨᠠᠮ᠎ᠤᠨ ᠵᠤᠬᠢᠶᠠᠨ ᠪᠠᠢᠭᠤᠯᠤᠯᠳᠠ ᠲᠠᠷᠡ ᠲᠠᠷᠤᠢ᠎ᠳᠤᠨᠢ ᠬᠦᠳᠡᠯᠦᠯᠴᠡᠵᠦ᠍᠂ ᠪᠦᠬᠦ᠌ ᠬᠡᠱᠢᠬᠦᠨ ᠠᠵᠢᠯ᠎ᠤᠨ ᠪᠠᠢᠷᠢ᠎ᠳᠠᠭᠠᠨ ᠬᠦᠷᠴᠤ᠌᠂ ᠤᠯᠠᠨ ᠲᠦᠮᠡᠨ᠎ᠢ ᠬᠦᠳᠦᠯᠦᠨ ᠲᠠᠢᠴᠢᠯᠠᠵᠤ᠂ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠠᠷᠭ᠎ᠠ ᠠᠪᠴᠠᠯ᠎ᠢ ᠨᠠᠢᠳᠠᠪᠤᠷᠢᠵᠢᠭᠤᠯᠵᠤ᠂ ᠵᠤᠬᠢᠶᠠᠨ ᠪᠠᠢᠭᠤᠯᠤᠯᠳᠠ᠎ᠶ᠋ᠢᠨ ᠲᠠᠪᠠᠭᠤᠯᠢᠭ᠎ᠢ ᠬᠦᠢᠴᠡᠳ ᠪᠠᠳᠠᠷᠠᠭᠤᠯᠵᠦ᠍᠂ ᠵᠤᠬᠢᠶᠠᠨ ᠪᠠᠢᠭᠤᠯᠤᠯᠳᠠ᠎ᠶ᠋ᠢᠨ ᠬᠦᠴᠦᠨ ᠴᠢᠳᠠᠯ᠎ᠢ ᠨᠢᠬ᠍ᠳᠠᠷᠠᠭᠤᠯᠵᠠᠢ᠃
       ᠮᠠᠯᠵᠢᠬᠤ ᠲᠠᠷᠢᠶᠠᠯᠠᠬᠤ ᠤᠷᠤᠨ᠎ᠳᠤ᠂ ᠡᠯ᠎ᠠ ᠰᠤᠮᠤ ᠭᠠᠴᠠᠭ᠎ᠠ ᠲᠤᠰᠭᠤᠨ᠎ᠤ ᠨᠠᠮ᠎ᠤᠨ ᠵᠤᠬᠢᠶᠠᠨ ᠪᠠᠢᠭᠤᠯᠤᠯᠳᠠ ᠲᠦᠷᠭᠡᠨ ᠬᠦᠳᠡᠯᠦᠯᠴᠡᠵᠦ᠍ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ 2606 《ᠬᠤᠱᠢᠭᠤᠴᠢ ᠠᠩᠭᠢ》 ᠎ᠶ᠋ᠢ ᠪᠠᠢᠭᠤᠯᠵᠤ᠂ ᠭᠠᠴᠠᠭ᠎ᠠ ᠲᠤᠰᠭᠤᠨ᠎ᠢᠶᠠᠷ ᠨᠢᠭᠡᠴᠢ ᠪᠤᠯᠭᠠᠵᠤ᠂ ᠭᠡᠷ ᠨᠤᠳᠤᠭ᠎ᠲᠠᠭᠠᠨ ᠪᠤᠴᠠᠬ᠍ᠰᠠᠨ ᠭᠤᠤᠯᠳᠠᠯᠭ᠎ᠠ᠎ᠲᠠᠢ ᠬᠦᠮᠦᠰ᠎ᠢ ᠪᠦᠬᠦ᠌ ᠲᠠᠯ᠎ᠠ᠎ᠪᠠᠷ ᠢᠯᠭᠠᠨ ᠪᠠᠢᠴᠠᠭᠠᠪᠠ᠃
       ᠬᠤᠳᠠ ᠪᠠᠯᠭᠠᠰᠤ᠎ᠳᠤ᠂ ᠵᠡᠭᠡᠯᠢ ᠭᠤᠳᠤᠮᠵᠢ ᠨᠡᠢᠭᠡᠮ ᠲᠤᠭᠤᠷᠢᠭ᠎ᠤᠨ ᠨᠠᠮ᠎ᠤᠨ ᠵᠤᠬᠢᠶᠠᠨ ᠪᠠᠢᠭᠤᠯᠤᠯᠳᠠ ᠲᠤᠤᠷᠵᠢᠭᠤᠯᠤᠭ᠍ᠰᠠᠨ ᠬᠠᠮᠢᠶᠠᠷᠤᠯᠳᠠ᠎ᠶ᠋ᠢᠨ ᠬᠡᠯᠪᠡᠷᠢ᠎ᠪᠠᠷ ᠬᠢᠵᠢᠭ᠎ᠤᠨ ᠪᠠᠢᠳᠠᠯ᠎ᠤᠨ ᠬᠢᠨᠠᠯᠳᠠ ᠬᠠᠮᠢᠶᠠᠷᠤᠯᠳᠠ᠎ᠶ᠋ᠢ ᠴᠢᠩᠭᠠᠳᠭᠠᠵᠠᠢ᠃ ᠬᠤᠳᠠ ᠪᠠᠯᠭᠠᠰᠤ᠎ᠪᠠᠷ ᠤᠷᠤᠵᠤ ᠭᠠᠷᠬᠤ ᠭᠠᠵᠠᠷ᠂ ᠵᠠᠰᠠᠮᠠᠯ ᠵᠠᠮ᠎ᠤᠨ ᠬᠤᠷᠢᠭ᠎ᠠ ᠭᠠᠵᠠᠷ ᠪᠤᠯᠤᠨ ᠡᠮ ᠡᠮᠨᠡᠯᠭᠡ ᠡᠷᠡᠬᠦᠯ ᠬᠠᠮᠠᠭᠠᠯᠠᠯ᠂ ᠪᠠᠴᠢᠮ ᠠᠪᠤᠷᠠᠯᠳᠠ᠎ᠶ᠋ᠢᠨ ᠪᠠᠳᠤᠯᠠᠭ᠎ᠠ᠂ ᠤᠯᠠᠨ ᠨᠡᠢᠳᠡ᠎ᠶ᠋ᠢᠨ ᠦᠢᠯᠡᠴᠢᠯᠡᠭᠡᠨ᠎ᠤ ᠲᠠᠯᠠᠪᠠᠢ ᠵᠡᠷᠭᠡ ᠭᠤᠤᠯᠳᠠᠯᠭ᠎ᠠ᠎ᠲᠠᠢ ᠭᠠᠵᠠᠷ ᠤᠷᠤᠨ᠎ᠳᠤ 106 ᠲᠦᠷ ᠴᠠᠭ᠎ᠤᠨ ᠨᠠᠮ᠎ᠤᠨ ᠵᠤᠬᠢᠶᠠᠨ ᠪᠠᠢᠭᠤᠯᠤᠯᠳᠠ ᠪᠠᠢᠭᠤᠯᠵᠤ᠂ ᠪᠠᠬᠢᠯᠡᠯᠳᠠ᠎ᠪᠠᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠠ ᠹᠷᠤᠨᠲ ᠬᠦᠷᠳᠡᠯ᠎ᠠ ᠴᠤᠬ᠍ᠴᠠᠯᠠᠵᠠᠢ᠃ ᠬᠤᠷᠴᠢᠨ ᠲᠤᠭᠤᠷᠢᠭ᠎ᠤᠨ 1684 ᠲᠠᠷᠢᠶᠠᠴᠢᠨ ᠨᠠᠮ᠎ᠤᠨ ᠬᠡᠱᠢᠬᠦᠨ᠎ᠢᠶᠠᠷ ᠪᠦᠷᠢᠯᠳᠦᠭ᠌ᠰᠡᠨ 284 《ᠵᠠᠯᠠᠭᠤ ᠨᠠᠮ᠎ᠤᠨ ᠬᠡᠱᠢᠬᠦᠨ᠎ᠤ ᠬᠤᠱᠢᠭᠤᠴᠢ ᠠᠩᠭᠢ》 ᠰᠠᠨᠠᠭᠠᠴᠢᠯᠠᠭ᠎ᠠ᠎ᠠᠴᠠ᠎ᠪᠠᠨ ᠲᠡᠷᠭᠡ ᠬᠦᠰᠭᠡ᠎ᠶ᠋ᠢ ᠲᠡᠮᠳᠡᠭ᠌ᠯᠡᠨ ᠲᠠᠩᠰᠠᠯᠠᠬᠤ ᠪᠠ ᠭᠠᠳᠠᠨ᠎ᠠ ᠭᠠᠵᠠᠷ᠎ᠠᠴᠠ ᠢᠷᠡᠭ᠌ᠰᠡᠳ᠎ᠢ ᠢᠳᠭᠠᠨ ᠪᠤᠴᠠᠭᠠᠬᠤ ᠠᠵᠢᠯ᠎ᠢ ᠬᠢᠪᠡ᠃

       ᠨᠠᠮ᠎ᠤᠨ ᠭᠡᠱᠢᠬᠦᠨ 2103 ᠭᠠᠴᠠᠭ᠎ᠠ ᠲᠤᠰᠭᠤᠨ 222 ᠨᠡᠢᠭᠡᠮ ᠲᠤᠭᠤᠷᠢᠭ ᠪᠡ ᠰᠡᠷᠭᠡᠢᠯᠡᠨ ᠡᠵᠡᠮᠳᠡᠬᠦ᠌ ᠴᠡᠭ ᠪᠦᠬᠦᠨ᠎ᠳᠤ ᠭᠠᠪᠱᠢᠭᠠᠢᠯᠠᠨ ᠠᠵᠢᠯᠯᠠᠪᠠ

       ᠡᠯ᠎ᠠ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ ᠷᠠᠳᠢᠣ᠋᠂ ᠲᠧᠯᠸᠢᠰ᠂ ᠵᠢᠷᠬᠢᠶ᠎ᠠ ᠵᠡᠷᠭᠡ ᠲᠠᠪᠴᠠᠩ᠎ᠢᠶᠠᠷ ᠲᠦᠪ᠎ᠤᠨ ᠪᠠ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠂ ᠲᠦᠡᠭ᠌ᠯᠢᠶᠤᠤ ᠬᠤᠳᠠ᠎ᠶ᠋ᠢᠨ ᠨᠠᠮ᠎ᠤᠨ ᠬᠤᠷᠢᠶ᠎ᠠ᠎ᠶ᠋ᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠲᠤᠬᠠᠢ ᠪᠠᠢᠷᠢᠯᠠᠭᠤᠯᠤᠯᠳᠠ ᠪᠠ ᠮᠡᠳᠡᠭᠡ ᠵᠠᠩᠭᠢ᠎ᠶ᠋ᠢ ᠲᠠᠮᠵᠢᠭᠤᠯᠵᠤ᠂ ᠤᠯᠠᠨ ᠲᠦᠮᠡᠨ᠎ᠤ ᠬᠢᠵᠢᠭ᠎ᠲᠠᠢ ᠲᠡᠮᠡᠴᠡᠬᠦ᠌ ᠢᠳᠡᠭᠡᠯ ᠵᠤᠷᠢᠭ᠎ᠢ᠎ᠨᠢ ᠬᠦᠪᠴᠢᠯᠡᠭ᠌ᠰᠡᠨ ᠪᠠᠢᠨ᠎ᠠ᠃ ᠬᠤᠷᠴᠢᠨ ᠵᠡᠬᠦᠨ ᠭᠠᠷᠤᠨ ᠲᠤᠮᠳᠠᠳᠤ ᠬᠤᠱᠢᠭᠤ ᠭᠠᠴᠠᠭ᠎ᠠ ᠲᠤᠰᠭᠤᠨ᠎ᠤ ᠯᠠᠪᠠᠷ᠎ᠢ ᠠᠱᠢᠬ᠍ᠯᠠᠵᠤ ᠡᠳᠦᠷ ᠪᠦᠷᠢ ᠪᠦᠬᠦ᠌ ᠤᠯᠤᠰ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ᠎ᠢ ᠲᠠᠨᠢᠯᠴᠠᠭᠤᠯᠵᠠᠢ᠃ ᠵᠠᠷᠤᠳ ᠬᠤᠱᠢᠭᠤ ᠵᠢᠯᠤᠭᠤᠴᠢ ᠦᠭᠡᠢ ᠨᠢᠰᠭᠡᠯ᠎ᠢ ᠬᠡᠷᠡᠭ᠌ᠯᠡᠵᠦ᠍ ᠮᠤᠩᠭᠤᠯ ᠬᠢᠳᠡᠳ ᠬᠤᠤᠰ ᠬᠡᠯᠡᠡ᠎ᠤ ᠤᠬᠠᠭᠤᠯᠭ᠎ᠠ᠎ᠶ᠋ᠢᠨ ᠬᠠᠭᠤᠳᠠᠰᠤ ᠲᠠᠷᠬᠠᠭᠠᠬᠤ᠎ᠶ᠋ᠢᠨ ᠬᠠᠮᠳᠤ ᠨᠡᠭᠦᠳᠡᠯ ᠤᠬᠠᠭᠤᠯᠭ᠎ᠠ᠎ᠶ᠋ᠢᠨ ᠮᠠᠱᠢᠨ ᠲᠡᠷᠭᠡ᠎ᠪᠠᠷ ᠬᠢᠵᠢᠭ᠎ᠢ ᠰᠡᠷᠭᠡᠢᠯᠡᠬᠦ᠌ ᠬᠠᠮᠢᠶ᠎ᠠ ᠪᠦᠬᠦᠢ ᠮᠡᠳᠡᠯᠭᠡ᠎ᠶ᠋ᠢ ᠨᠡᠪᠳᠡᠷᠡᠬᠦᠯᠪᠡ᠃
       ᠪᠦᠬᠦ᠌ ᠬᠤᠳᠠ᠎ᠶ᠋ᠢᠨ ᠡᠯ᠎ᠠ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ᠎ᠶ᠋ᠢᠨ᠎ᠬᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠶᠠᠪᠤᠴᠠ᠎ᠳᠤ ᠤᠯᠠᠨ ᠲᠦᠮᠡᠨ᠎ᠤ ᠰᠡᠳᠭᠢᠯ ᠲᠠᠯᠪᠢᠵᠤ ᠪᠠᠢᠭ᠎ᠠ ᠰᠡᠷᠭᠡᠢᠯᠡᠨ ᠬᠠᠮᠠᠭᠠᠯᠠᠬᠤ ᠡᠳ᠋ ᠪᠤᠳᠠᠰ᠂ ᠠᠮᠤ ᠪᠤᠳᠠᠭ᠎ᠠ᠂ ᠲᠤᠰᠤ ᠨᠤᠭᠤᠭ᠎ᠠ ᠵᠡᠷᠭᠡ ᠡᠳ᠋ ᠪᠤᠳᠠᠰ᠎ᠤᠨ ᠬᠠᠨᠭ᠌ᠭᠠᠯᠭ᠎ᠠ᠎ᠶ᠋ᠢᠨ ᠠᠰᠠᠭᠤᠳᠠᠯ᠎ᠢ ᠪᠦᠳᠦᠮᠵᠢᠳᠡᠢ ᠱᠢᠢᠳᠪᠤᠷᠢᠯᠡᠬᠦ᠌᠎ᠶ᠋ᠢᠨ ᠬᠠᠮᠳᠤ᠎ᠪᠠᠷ ᠤᠷᠴᠢᠨ ᠲᠤᠭᠤᠷᠢᠨ᠎ᠤ ᠡᠷᠡᠬᠦᠯ ᠬᠠᠮᠠᠭᠠᠯᠠᠯ᠎ᠢ ᠴᠡᠭ᠌ᠴᠡᠯᠡᠨ ᠰᠠᠢᠵᠢᠷᠠᠭᠤᠯᠬᠤ᠂ ᠨᠡᠬᠦᠳᠡᠯ ᠬᠦᠮᠦᠨ ᠠᠮᠠ᠎ᠶ᠋ᠢᠨ ᠬᠠᠮᠢᠶᠠᠷᠤᠯᠳᠠ᠂ ᠲᠤᠬ᠍ᠳᠠᠬ᠍ᠰᠠᠨ ᠬᠤᠭᠤᠴᠠᠭ᠎ᠠ᠎ᠲᠠᠢ ᠠᠷᠢᠭᠤᠳᠭᠠᠨ ᠴᠡᠪᠡᠷᠯᠡᠬᠦ᠌ ᠵᠡᠷᠭᠡ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠰᠠᠢᠳᠤᠷ ᠬᠢᠭ᠌ᠰᠡᠨ ᠪᠠᠢᠨ᠎ᠠ᠃ ᠬᠤᠤᠯᠢᠩᠭᠤᠤᠯ ᠬᠤᠳᠠ᠎ᠶ᠋ᠢᠨ ᠨᠡᠢᠭᠡᠮ ᠲᠤᠭᠤᠷᠢᠭ᠎ᠤᠨ ᠨᠠᠮ᠎ᠤᠨ ᠵᠤᠬᠢᠶᠠᠨ ᠪᠠᠢᠭᠤᠯᠤᠯᠳᠠ ᠰᠠᠢᠨ ᠲᠤᠷ᠎ᠠ᠎ᠶ᠋ᠢᠨ ᠦᠢᠯᠡᠴᠢᠯᠡᠭᠡᠨ᠎ᠤ ᠡᠩᠨᠡᠭᠡ ᠪᠠᠢᠭᠤᠯᠵᠤ᠂ ᠲᠤᠰᠠᠭᠠᠷᠯᠠᠬ᠍ᠰᠠᠨ ᠲᠤᠭᠤᠷᠢᠭ᠎ᠤᠨ ᠰᠠᠭᠤᠭᠠᠯᠢ ᠠᠷᠠᠳ᠎ᠢ ᠬᠠᠪᠰᠤᠷᠤᠨ ᠡᠳᠦᠷ ᠲᠤᠳᠤᠮ᠎ᠤᠨ ᠡᠳ᠋ ᠬᠡᠷᠡᠭ᠌ᠰᠡᠯ᠎ᠢ ᠬᠤᠳᠠᠯᠳᠤᠨ ᠠᠪᠬᠤ᠂ ᠬᠤᠭ ᠨᠤᠪᠰᠢ᠎ᠶ᠋ᠢ ᠬᠠᠶᠠᠵᠤ ᠦᠭ᠌ᠪᠡ᠃ ᠺᠠᠢᠯᠤ ᠱᠢᠶᠠᠨ 638 ᠡᠯ᠎ᠠ ᠱᠠᠳᠤᠨ᠎ᠤ ᠨᠠᠮ᠎ᠤᠨ ᠬᠡᠱᠢᠬᠦᠨ ᠤᠳᠤᠷᠢᠳᠭᠤ ᠺᠠᠳ᠋ᠷ᠎ᠢ ᠵᠤᠬᠢᠶᠠᠨ ᠪᠠᠢᠭᠤᠯᠵᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ ᠤᠯᠠᠨ ᠲᠦᠮᠡᠨ᠎ᠳᠤ ᠲᠤᠯᠠᠭᠠᠷᠠᠬ᠍ᠰᠠᠨ ᠬᠦᠴᠢᠷᠳᠡᠯ ᠪᠠ ᠠᠰᠠᠭᠤᠳᠠᠯ᠎ᠢ᠎ᠨᠢ ᠱᠢᠢᠳᠪᠤᠷᠢᠯᠡᠪᠡ᠃
       ᠱᠢᠨ᠎ᠠ ᠲᠢᠳᠢᠮᠯᠢᠭ ᠠᠭᠤᠰᠭᠢᠨ ᠦᠷᠪᠢᠰᠦᠯ᠎ᠢ ᠰᠡᠷᠭᠡᠢᠯᠡᠨ ᠡᠵᠡᠮᠳᠡᠬᠦ᠌ ᠶᠠᠪᠤᠴᠠ᠎ᠳᠤ ᠦᠷᠭᠡᠨ ᠤᠯᠠᠨ ᠨᠠᠮ᠎ᠤᠨ ᠬᠡᠱᠢᠬᠦᠨ ᠤᠭ ᠰᠠᠨᠠᠭ᠎ᠠ᠎ᠪᠠᠨ ᠦᠢᠯᠡ ᠠᠵᠢᠯᠯᠠᠭ᠎ᠠ᠎ᠪᠠᠷ᠎ᠢᠶᠠᠨ ᠢᠯᠡᠷᠡᠬᠦᠯᠵᠦ᠍᠂ ᠡᠭᠦᠷᠭᠡ ᠬᠠᠷᠢᠭᠤᠴᠠᠯᠭ᠎ᠠ᠎ᠪᠠᠨ ᠠᠵᠢᠯ᠎ᠤᠨ ᠪᠠᠢᠷᠢ᠎ᠳᠠᠭᠠᠨ ᠨᠠᠢᠳᠠᠪᠤᠷᠢᠵᠢᠭᠤᠯᠪᠠ᠃ 992 ᠨᠠᠮ ᠵᠠᠰᠠᠭ᠎ᠤᠨ ᠪᠠᠢᠭᠤᠯᠭ᠎ᠠ ᠠᠵᠤ ᠠᠬᠤᠢ᠍ᠢᠯᠠᠯ ᠠᠵᠢᠯ ᠦᠢᠯᠡᠰ᠎ᠤᠨ ᠨᠢᠭᠡᠴᠢ᠂ 25600 ᠭᠠᠷᠤᠢ ᠨᠠᠮ᠎ᠤᠨ ᠬᠡᠱᠢᠬᠦᠨ᠎ᠤ ᠵᠤᠬᠢᠶᠠᠨ ᠪᠠᠢᠭᠤᠯᠤᠬ᠍ᠰᠠᠨ 《ᠬᠤᠱᠢᠭᠤᠴᠢ ᠠᠩᠭᠢ》᠂ 《ᠬᠠᠮᠠᠭᠠᠯᠠᠬ᠍ᠴᠢ ᠠᠩᠭᠢ》᠂ 《ᠰᠠᠢᠨ ᠲᠤᠷ᠎ᠠ᠎ᠶ᠋ᠢᠨ ᠦᠢᠯᠡᠴᠢᠯᠡᠭᠡᠨ᠎ᠤ ᠠᠩᠭᠢ》᠂ ᠨᠠᠮ᠎ᠤᠨ ᠬᠡᠱᠢᠬᠦᠨ᠎ᠤ 《ᠬᠤᠱᠢᠭᠤᠴᠢ ᠠᠵᠢᠯ᠎ᠤᠨ ᠪᠠᠢᠷᠢ》᠂ 《ᠬᠢᠨᠠᠨ ᠬᠠᠮᠢᠶᠠᠷᠬᠤ ᠠᠵᠢᠯ᠎ᠤᠨ ᠪᠠᠢᠷᠢ》 ᠎ᠨᠢ ᠵᠡᠭᠡᠯᠢ ᠭᠤᠳᠤᠮᠵᠢ ᠨᠡᠢᠭᠡᠮ ᠲᠤᠭᠤᠷᠢᠭ᠎ᠢ ᠬᠠᠮᠵᠢᠯᠴᠠᠵᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠬᠢᠪᠠ᠃ 1569 ᠲᠤᠰᠭᠤᠨ᠎ᠳᠤ ᠰᠠᠭᠤᠭ᠎ᠠ ᠨᠢᠭᠡᠳᠦᠭᠡᠷ ᠱᠦᠵᠢ᠂ ᠠᠵᠢᠯᠯᠠᠬᠤ ᠠᠩᠭᠢ᠎ᠶ᠋ᠢᠨ ᠲᠠᠷᠤᠭ᠎ᠠ ᠭᠠᠴᠠᠭ᠎ᠠ ᠲᠤᠰᠭᠤᠨ᠎ᠢᠶᠠᠷ ᠭᠦᠡᠵᠡᠭᠡᠢᠷᠡᠨ ᠭᠤᠤᠯᠳᠠᠯᠭ᠎ᠠ᠎ᠲᠠᠢ ᠬᠦᠮᠦᠰ᠎ᠢ ᠢᠯᠭᠠᠨ ᠪᠠᠢᠴᠠᠭᠠᠬᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠮᠡᠳᠡᠯᠭᠡ᠎ᠶ᠋ᠢ ᠤᠬᠠᠭᠤᠯᠵᠠᠢ᠃ ᠲᠦᠡᠭ᠌ᠯᠢᠶᠤᠤ ᠬᠤᠳᠠ᠎ᠶ᠋ᠢᠨ 2103 ᠭᠠᠴᠠᠭ᠎ᠠ ᠲᠤᠰᠭᠤᠨ᠂ 222 ᠨᠡᠢᠭᠡᠮ ᠲᠤᠭᠤᠷᠢᠭ᠂ ᠡᠯ᠎ᠠ ᠵᠦᠢᠯ᠎ᠤᠨ ᠲᠠᠯᠠᠪᠠᠢ᠎ᠶ᠋ᠢᠨ ᠰᠡᠷᠭᠡᠢᠯᠡᠨ ᠡᠵᠡᠮᠳᠡᠬᠦ᠌ ᠴᠡᠭ ᠪᠦᠬᠦᠨ᠎ᠳᠤ ᠨᠠᠮ᠎ᠤᠨ ᠬᠡᠱᠢᠬᠦᠨ ᠭᠠᠪᠱᠢᠭᠠᠢᠯᠠᠨ ᠠᠵᠢᠯᠯᠠᠪᠠ᠃
       ᠦᠨᠳᠦᠰᠦᠨ ᠱᠠᠳᠤᠨ᠎ᠤ ᠦᠷᠭᠡᠨ ᠤᠯᠠᠨ ᠨᠠᠮ᠎ᠤᠨ ᠬᠡᠱᠢᠬᠦᠨ ᠬᠦᠴᠢᠷ ᠪᠡᠷᠭᠡᠱᠢᠶᠡᠯ᠎ᠢ ᠰᠦᠷᠦᠨ ᠤᠷᠤᠬ᠍ᠰᠢᠯᠠᠵᠤ᠂ ᠦᠪᠡᠷ᠎ᠤᠨ ᠦᠢᠯᠡ ᠠᠵᠢᠯᠯᠠᠭ᠎ᠠ᠎ᠪᠠᠷ᠎ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠱᠢᠯᠭᠠᠨ ᠪᠠᠢᠴᠠᠭᠠᠪᠠ᠃

       745.5 ᠲᠦᠮᠡᠨ ᠲᠦᠭᠦᠷᠢᠭ᠎ᠤᠨ ᠲᠤᠰᠭᠠᠢ ᠨᠠᠮ᠎ᠤᠨ ᠰᠦᠢᠳᠭᠡᠯ᠎ᠢ ᠪᠠᠭᠤᠯᠭᠠᠪᠠ

       ᠲᠦᠡᠭ᠌ᠯᠢᠶᠤᠤ ᠬᠤᠳᠠ᠎ᠶ᠋ᠢᠨ ᠡᠯ᠎ᠠ ᠱᠠᠳᠤᠨ᠎ᠤ ᠵᠤᠬᠢᠶᠠᠨ ᠪᠠᠢᠭᠤᠯᠬᠤ ᠰᠠᠯᠠᠭ᠎ᠠ ᠮᠦᠴᠢᠷ᠎ᠤᠨ᠎ᠬᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠷᠢᠬ᠍ᠯᠠᠯᠳᠠ᠎ᠶ᠋ᠢᠨ ᠲᠠᠢᠯᠠᠯᠳᠤᠭᠠᠨ᠎ᠤ ᠢᠯᠠᠯᠳᠠ᠎ᠶ᠋ᠢ ᠤᠯᠬᠤ᠎ᠶ᠋ᠢ ᠲᠡᠷᠢᠬᠦᠨ ᠴᠢᠬᠤᠯᠠ ᠡᠭᠦᠷᠭᠡ ᠪᠤᠯᠭᠠᠵᠤ᠂ ᠡᠭᠦᠷᠭᠡ ᠴᠢᠳᠠᠪᠬᠢ᠎ᠶ᠋ᠢᠨ ᠲᠠᠪᠠᠭᠤᠯᠢᠭ᠎ᠢᠶᠠᠨ ᠪᠠᠳᠠᠷᠠᠭᠤᠯᠵᠤ᠂ ᠡᠯ᠎ᠠ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ ᠪᠠ ᠦᠨᠳᠦᠰᠦᠨ ᠱᠠᠳᠤᠨ᠎ᠤ ᠨᠠᠮ᠎ᠤᠨ ᠬᠡᠱᠢᠬᠦᠨ ᠺᠠᠳ᠋ᠷ᠎ᠢ ᠡᠭᠦᠷᠭᠡ ᠬᠠᠷᠢᠭᠤᠴᠠᠯᠭ᠎ᠠ᠎ᠪᠠᠨ ᠵᠤᠷᠢᠬ᠍ᠳᠠᠢ ᠬᠠᠷᠢᠭᠤᠴᠠᠬᠤ᠎ᠶ᠋ᠢ ᠵᠤᠷᠢᠭ᠍ᠵᠢᠭᠤᠯᠪᠠ᠃ ᠨᠡᠢᠳᠡ 745.5 ᠲᠦᠮᠡᠨ ᠲᠦᠭᠦᠷᠢᠭ᠎ᠤᠨ ᠲᠤᠰᠭᠠᠢ ᠨᠠᠮ᠎ᠤᠨ ᠰᠦᠢᠳᠭᠡᠯ᠎ᠢ ᠪᠠᠭᠤᠯᠭᠠᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠠ ᠹᠷᠤᠨᠲ᠎ᠤᠨ ᠡᠮᠴᠢᠯᠡᠭᠡᠨ᠎ᠤ ᠠᠵᠢᠯᠳᠠᠨ ᠪᠠ ᠦᠨᠳᠦᠰᠦᠨ ᠱᠠᠳᠤᠨ᠎ᠤ ᠨᠠᠮ᠎ᠤᠨ ᠬᠡᠱᠢᠬᠦᠨ ᠺᠠᠳ᠋ᠷ᠎ᠢ ᠪᠤᠯᠭᠤᠭᠠᠨ ᠲᠤᠬᠤᠨᠢᠭᠤᠯᠵᠤ᠂ ᠦᠨᠳᠦᠰᠦᠨ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ᠎ᠶ᠋ᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠦᠷᠨᠢᠬᠦᠯᠬᠦ᠌᠎ᠳᠤ ᠲᠠᠮᠵᠢᠯᠭᠡ ᠦᠵᠡᠬᠦᠯᠦᠭ᠌ᠰᠡᠨ ᠪᠠᠢᠨ᠎ᠠ᠃
       ᠲᠦᠡᠭ᠌ᠯᠢᠶᠤᠤ ᠬᠤᠳᠠ᠎ᠶ᠋ᠢᠨ ᠡᠯ᠎ᠠ ᠭᠠᠵᠠᠷ᠎ᠤᠨ᠎ᠬᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠠ ᠹᠷᠤᠨᠲ᠎ᠢ ᠺᠠᠳ᠋ᠷ᠎ᠢ ᠱᠢᠯᠭᠠᠨ ᠪᠠᠢᠴᠠᠭᠠᠬᠤ ᠴᠢᠬᠤᠯᠠ ᠲᠠᠢᠨ᠎ᠤ ᠲᠠᠯᠠᠪᠤᠷ ᠪᠤᠯᠭᠠᠵᠤ᠂ ᠡᠯ᠎ᠠ ᠱᠠᠳᠤᠨ᠎ᠤ ᠨᠠᠮ᠎ᠤᠨ ᠬᠤᠷᠢᠶ᠎ᠠ᠎ᠠᠴᠠ ᠤᠢ᠍ᠢᠯᠠᠭᠠᠬᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠤᠭᠤᠳᠭᠤ ᠰᠠᠯᠠᠭ᠎ᠠ ᠮᠦᠴᠢᠷ᠎ᠤᠨ ᠬᠠᠷᠢᠭᠤ ᠲᠤᠰᠭᠠᠯ᠂ ᠵᠤᠬᠢᠶᠠᠨ ᠪᠠᠢᠭᠤᠯᠬᠤ ᠰᠠᠯᠠᠭ᠎ᠠ ᠮᠦᠴᠢᠷ᠎ᠤᠨ ᠲᠤᠬᠠᠢ᠎ᠶ᠋ᠢᠨ ᠭᠠᠵᠠᠷ᠎ᠤᠨ ᠪᠠᠢᠴᠠᠭᠠᠯᠳᠠ᠂ ᠵᠠᠭᠤᠴᠢᠯᠠᠭᠤᠷ᠎ᠤᠨ ᠮᠡᠳᠡᠭᠡᠯᠡᠯ᠂ ᠰᠦᠯᠵᠢᠶᠠᠨ᠎ᠤ ᠶᠠᠷᠢᠶ᠎ᠠ ᠬᠡᠯᠡᠯᠴᠡᠭᠡ ᠵᠡᠷᠭᠡ ᠠᠷᠭ᠎ᠠ ᠵᠠᠮ᠎ᠢᠶᠠᠷ ᠡᠯ᠎ᠠ ᠱᠠᠳᠤᠨ᠎ᠤ ᠤᠳᠤᠷᠢᠳᠭᠤ ᠪᠠᠭ ᠪᠠ ᠨᠠᠮ᠎ᠤᠨ ᠬᠡᠱᠢᠬᠦᠨ ᠺᠠᠳ᠋ᠷ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠷᠢᠬ᠍ᠯᠠᠯᠳᠠ᠎ᠶ᠋ᠢᠨ ᠲᠠᠢᠯᠠᠯᠳᠤᠭᠠᠨ᠎ᠤ ᠦᠶ᠎ᠠ᠎ᠶ᠋ᠢᠨ ᠪᠠᠢᠳᠠᠯ᠎ᠢ ᠱᠢᠯᠭᠠᠨ ᠪᠠᠢᠴᠠᠭᠠᠵᠤ᠂ ᠪᠤᠳᠠᠳᠤ ᠶᠠᠪᠤᠳᠠᠯ᠎ᠢ ᠲᠠᠩᠰᠠᠯᠠᠨ ᠲᠡᠮᠳᠡᠭ᠌ᠯᠡᠵᠡᠢ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ᠂ ᠲᠦᠡᠭ᠌ᠯᠢᠶᠤᠤ ᠬᠤᠳᠠ᠎ᠶ᠋ᠢᠨ᠎ᠬᠢᠨ 71 ᠨᠠᠮ᠎ᠤᠨ ᠵᠤᠬᠢᠶᠠᠨ ᠪᠠᠢᠭᠤᠯᠤᠯᠳᠠ᠂ 318 ᠨᠠᠮ᠎ᠤᠨ ᠬᠡᠱᠢᠬᠦᠨ᠎ᠢ ᠰᠠᠢᠱᠢᠶᠠᠵᠤ᠂ ᠬᠠᠷᠢᠭᠤᠴᠠᠯᠭ᠎ᠠ ᠡᠬᠦᠷᠭᠡᠯᠡᠭ᠌ᠰᠡᠨ ᠦᠭᠡᠢ 139 ᠺᠠᠳ᠋ᠷ᠎ᠠᠴᠠ ᠬᠠᠷᠢᠭᠤᠴᠠᠯᠭ᠎ᠠ ᠨᠡᠭᠡᠮᠵᠢᠯᠡᠪᠡ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠠ ᠹᠷᠤᠨᠲ᠎ᠲᠤ ᠭᠠᠪᠱᠢᠭᠠᠢᠯᠠᠵᠤ ᠪᠠᠢᠭ᠎ᠠ 1200 ᠭᠠᠷᠤᠢ ᠺᠠᠳ᠋ᠷ ᠤᠯᠠᠨ ᠲᠦᠮᠡᠨ ᠨᠠᠮ᠎ᠳᠤ ᠭᠤᠶᠤᠴᠢᠯᠠᠬᠤ ᠡᠷᠭᠦᠳᠡᠯ᠎ᠤᠨ ᠪᠢᠴᠢᠭ᠎ᠢᠶᠠᠨ ᠲᠤᠱᠢᠶᠠᠵᠠᠢ᠃
       ᠨᠠᠮ᠎ᠤᠨ ᠲᠤᠭ ᠨᠠᠮᠢᠷᠠᠵᠤ᠂ ᠨᠠᠮ᠎ᠤᠨ ᠰᠦᠯᠳᠠ ᠬᠢᠯᠠᠯᠵᠠᠨ᠎ᠠ᠃ ᠲᠦᠡᠭ᠌ᠯᠢᠶᠤᠤ ᠬᠤᠳᠠ᠎ᠶ᠋ᠢᠨ ᠡᠯ᠎ᠠ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ ᠪᠠ ᠨᠠᠮ᠎ᠤᠨ ᠬᠡᠱᠢᠬᠦᠨ ᠲᠠᠢᠯᠠᠯᠳᠤᠭᠠᠨ᠎ᠤ ᠪᠠᠬᠢᠯᠡᠯᠳᠡ ᠪᠠ ᠬᠤᠱᠢᠭᠤᠴᠢ ᠦᠢᠯᠡᠳᠦᠯ᠎ᠢᠶᠠᠨ ᠬᠦᠢᠴᠡᠳ ᠪᠠᠳᠠᠷᠠᠭᠤᠯᠵᠤ᠂ ᠦᠨᠳᠦᠰᠦᠳᠡᠨ᠎ᠨᠦᠭᠦᠳ᠎ᠤᠨ ᠤᠯᠠᠨ ᠲᠦᠮᠡᠨ᠎ᠢᠶᠠᠨ ᠬᠦᠳᠦᠯᠦᠨ ᠲᠠᠢᠴᠢᠯᠠᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠷᠢᠬ᠍ᠯᠠᠯᠳᠠ᠎ᠶ᠋ᠢᠨ ᠲᠠᠢᠯᠠᠯᠳᠤᠭᠠᠨ᠎ᠤ ᠢᠯᠠᠯᠳᠠ᠎ᠶ᠋ᠢ ᠤᠯᠬᠤ᠎ᠪᠠᠷ ᠡᠷᠴᠢ ᠵᠤᠷᠢᠭ᠎ᠢᠶᠠᠨ ᠬᠦᠪᠴᠢᠯᠠᠨ ᠪᠦᠬᠦ᠌ ᠬᠦᠴᠦᠨ᠎ᠢᠶᠠᠷ ᠴᠢᠷᠮᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号