ᠨᠠᠮ᠎ᠤᠨ ᠭᠡᠱᠢᠭᠦᠨ᠎ᠳᠤ ᠬᠦᠮᠦᠵᠢᠯ ᠬᠦᠷᠳᠡᠭᠡᠭᠦ᠌ ᠭᠤᠷᠮᠤᠰᠤᠨ ᠠᠷᠭ᠎ᠠ
2020-03-23 11:53:40
ᠵᠣᠬᠢᠶᠠᠭ᠍ᠴᠢ᠄
ᠰᠦᠨ ᠯᠢ ᠶᠢᠩ
ᠣᠩᠱᠢᠭ᠍ᠰᠠᠨ ᠣᠳᠠᠭ᠎ᠠ᠄
★★★☆☆

       ᠱᠢᠨ᠎ᠠ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠡᠭᠦᠰᠦᠭ᠌ᠰᠡᠨ᠎ᠠᠴᠠ ᠨᠠᠭᠠᠰᠢ᠂ ᠰᠦᠨᠢᠳ ᠪᠠᠷᠠᠭᠤᠨ ᠬᠤᠱᠢᠭᠤ᠎ᠶ᠋ᠢᠨ᠎ᠬᠢᠨ ᠨᠠᠮ᠎ᠤᠨ ᠬᠡᠱᠢᠬᠦᠨ᠎ᠤ ᠬᠦᠮᠦᠵᠢᠯ᠎ᠤᠨ ᠠᠷᠭ᠎ᠠ ᠠᠪᠴᠠᠯ᠎ᠢᠶᠠᠨ ᠱᠢᠨᠠᠴᠢᠯᠠᠵᠤ᠂ ᠨᠠᠮ᠎ᠤᠨ ᠬᠡᠱᠢᠬᠦᠳ᠎ᠲᠤ ᠬᠦᠮᠦᠵᠢᠯ ᠬᠦᠷᠳᠡᠭᠡᠬᠦ᠌ ᠭᠤᠷᠪᠠᠨ ᠵᠦᠢᠯ᠎ᠤᠨ ᠬᠢᠴᠢᠶᠡᠯ᠎ᠤᠨ ᠲᠠᠩᠭᠢᠮ᠎ᠢ ᠨᠡᠭᠡᠭᠡᠵᠦ᠍᠂ ᠨᠠᠮ᠎ᠤᠨ ᠬᠡᠱᠢᠬᠦᠨ᠎ᠤ ᠬᠦᠮᠦᠵᠢᠯ᠎ᠢ ᠦᠷᠬᠦᠯᠵᠢᠯᠡᠨ ᠴᠢᠩᠭᠠᠳᠭᠠᠵᠠᠢ᠃
       《ᠰᠦᠯᠵᠢᠶᠠᠨ᠎ᠤ ᠬᠢᠴᠢᠶᠡᠯ᠎ᠤᠨ ᠲᠠᠩᠭᠢᠮ》 ᠎ᠢᠶᠠᠷ ᠰᠤᠷᠤᠯᠴᠠᠯᠭ᠎ᠠ᠎ᠶ᠋ᠢ ᠬᠦᠳᠦᠯᠦᠨ ᠵᠢᠯᠤᠭᠤᠳᠪᠠ᠃ 《ᠢᠨᠲᠧᠷ ᠰᠦᠯᠵᠢᠶ᠎ᠠ +》 ᠎ᠶ᠋ᠢᠨ ᠲᠦᠷᠭᠡᠨ᠂ ᠲᠦᠭᠦᠮ᠂ ᠬᠠᠷᠢᠯᠴᠠᠨ ᠬᠦᠳᠡᠯᠦᠯᠴᠡᠬᠦ᠌ ᠲᠠᠪᠠᠭᠤᠯᠢᠭ᠎ᠢ ᠠᠱᠢᠬ᠍ᠯᠠᠵᠤ᠂ ᠰᠤᠷᠤᠯᠴᠠᠯᠭ᠎ᠠ᠂ ᠤᠬᠠᠭᠤᠯᠭ᠎ᠠ᠂ ᠬᠦᠮᠦᠵᠢᠯ᠂ ᠪᠤᠯᠪᠠᠰᠤᠷᠠᠯ᠂ ᠰᠤᠯᠢᠯᠴᠠᠭ᠎ᠠ 《ᠲᠠᠪᠤ᠎ᠶ᠋ᠢ ᠨᠢᠭᠡ ᠴᠤᠬ᠍ᠴᠠᠵᠢᠭᠤᠯᠬᠤ》 ᠨᠠᠮ᠎ᠤᠨ ᠬᠡᠱᠢᠬᠦᠨ᠎ᠤ ᠬᠦᠮᠦᠵᠢᠯ᠎ᠤᠨ ᠪᠢᠴᠢᠯ ᠱᠢᠰᠲᠧᠮ᠎ᠢ ᠢᠳᠡᠪᠬᠢᠳᠡᠢ ᠴᠤᠬ᠍ᠴᠠᠯᠠᠵᠤ᠂ ᠨᠠᠮ᠎ᠤᠨ ᠪᠠᠢᠭᠤᠯᠤᠯᠳᠠ᠎ᠶ᠋ᠢᠨ ᠰᠦᠯᠵᠢᠶ᠎ᠠ᠂ ᠰᠤᠷᠤᠯᠴᠠᠯᠭ᠎ᠠ᠎ᠶ᠋ᠢᠨ ᠬᠦᠴᠦᠷᠭᠡᠭ ᠤᠯᠤᠰ ᠵᠡᠷᠭᠡ ᠲᠠᠪᠴᠠᠩ᠎ᠢ ᠬᠦᠢᠴᠡᠳ ᠠᠱᠢᠬ᠍ᠯᠠᠵᠤ᠂ ᠴᠠᠭ ᠲᠠᠷᠤᠢ᠎ᠳᠤᠨᠢ ᠰᠤᠷᠤᠯᠴᠠᠯᠭ᠎ᠠ᠎ᠶ᠋ᠢᠨ ᠨᠠᠷᠢᠨ ᠲᠠᠩᠰᠠ᠂ ᠠᠵᠢᠯᠯᠠᠭ᠎ᠠ᠎ᠶ᠋ᠢᠨ ᠲᠦᠯᠦᠪᠯᠡᠭᠡ᠂ ᠰᠤᠷᠤᠯᠴᠠᠬᠤ ᠮᠡᠲᠧᠷᠢᠶᠡᠯ ᠵᠡᠷᠭᠡ᠎ᠶ᠋ᠢ ᠲᠠᠮᠵᠢᠭᠤᠯᠵᠤ᠂ ᠰᠤᠷᠤᠯᠴᠠᠬᠤ ᠠᠭᠤᠯᠭ᠎ᠠ᠎ᠶ᠋ᠢᠨ ᠱᠢᠨ᠎ᠠ ᠰᠡᠪᠡᠬᠦᠨ᠂ ᠡᠯᠪᠡᠭ ᠪᠠᠶᠠᠯᠢᠭ᠎ᠢ ᠪᠠᠳᠤᠯᠠᠵᠠᠢ᠃ ᠡᠨᠡ ᠵᠢᠯ᠎ᠤᠨ ᠡᠬᠢ᠎ᠠᠴᠠ ᠨᠠᠭᠠᠰᠢ᠂ ᠡᠯ᠎ᠠ ᠲᠦᠷᠦᠯ᠎ᠤᠨ ᠲᠠᠪᠴᠠᠩ᠎ᠢᠶᠠᠷ 200 ᠭᠠᠷᠤᠢ ᠵᠤᠷᠪᠤᠰ ᠮᠡᠳᠡᠭᠡ ᠵᠠᠩᠭᠢ᠎ᠶ᠋ᠢ ᠲᠠᠮᠵᠢᠭᠤᠯᠵᠤ᠂ 1989 ᠨᠠᠮ᠎ᠤᠨ ᠬᠡᠱᠢᠬᠦᠨ᠎ᠤ ᠭᠤᠤᠯ ᠰᠡᠳᠦᠪ᠎ᠲᠤ ᠲᠦᠪᠯᠡᠷᠡᠬᠦᠯᠦᠨ ᠭᠦᠨᠵᠡᠭᠡᠢ ᠰᠤᠷᠤᠯᠴᠠᠬᠤ᠂ ᠬᠢᠵᠢᠭ᠎ᠤᠨ ᠪᠠᠢᠳᠠᠯ᠎ᠲᠠᠢ ᠤᠶᠠᠯᠳᠤᠭᠤᠯᠤᠨ ᠰᠠᠨᠠᠭᠠᠴᠢᠯᠠᠭ᠎ᠠ᠎ᠠᠴᠠ᠎ᠪᠠᠨ ᠰᠤᠷᠤᠯᠴᠠᠬᠤ᠂ ᠬᠦᠷᠦᠯᠴᠡᠬᠦ᠌ ᠦᠭᠡᠢ ᠲᠡᠯ᠎ᠠ᠎ᠪᠠᠨ ᠤᠢ᠍ᠢᠯᠠᠭᠠᠵᠤ ᠰᠤᠩᠭᠤᠨ ᠰᠤᠷᠤᠯᠴᠠᠬᠤ᠎ᠶ᠋ᠢ ᠬᠦᠳᠦᠯᠦᠨ ᠵᠢᠯᠤᠭᠤᠳᠴᠦ᠍᠂ ᠰᠤᠷᠤᠯᠴᠠᠯᠭ᠎ᠠ ᠬᠦᠮᠦᠵᠢᠯ᠎ᠤᠨ ᠢᠮᠠᠬ᠍ᠳᠠ ᠬᠤᠴᠤᠷᠬᠤ ᠦᠭᠡᠢ᠂ ᠵᠤᠬ᠍ᠰᠤᠩᠭᠤᠢ᠍ᠢᠷᠠᠬᠤ ᠦᠭᠡᠢ᠎ᠶ᠋ᠢ ᠪᠠᠳᠤᠯᠠᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠰᠤᠷᠤᠯᠴᠠᠯᠭ᠎ᠠ ᠬᠦᠮᠦᠵᠢᠯ᠎ᠢ ᠵᠡᠷᠭᠡ᠎ᠪᠠᠷ ᠠᠬᠢᠭᠤᠯᠪᠠ᠃
       《ᠦᠢᠯᠡᠳᠦᠯᠭᠡ᠎ᠶ᠋ᠢᠨ ᠬᠢᠴᠢᠶᠡᠯ᠎ᠤᠨ ᠲᠠᠩᠭᠢᠮ》 ᠎ᠢᠶᠠᠷ ᠰᠤᠷᠤᠯᠴᠠᠯᠭ᠎ᠠ᠎ᠶ᠋ᠢ ᠪᠤᠳᠠᠳᠠᠢᠵᠢᠭᠤᠯᠪᠠ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠠ ᠹᠷᠤᠨᠲ᠎ᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠬᠦᠯᠬᠦ᠌ ᠴᠢᠬᠤᠯᠠ ᠲᠠᠯᠠᠪᠠᠢ ᠪᠤᠯᠭᠠᠵᠤ᠂ ᠵᠦᠷᠢᠶ᠎ᠠ᠎ᠪᠠᠨ ᠡᠷᠢᠵᠦ᠍᠂ ᠨᠠᠢᠳᠠᠪᠤᠷᠢᠵᠢᠭᠤᠯᠤᠯᠳᠠ᠎ᠶ᠋ᠢ ᠠᠳᠭᠤᠵᠤ᠂ ᠲᠠᠷᠢᠬᠦᠨ᠎ᠤ ᠵᠢᠱ᠌ᠢᠶᠡᠴᠢ᠎ᠠᠴᠠ ᠰᠤᠷᠤᠯᠴᠠᠬᠤ ᠬᠠᠯᠠᠮᠱᠢᠯ᠎ᠢ ᠪᠤᠢ ᠪᠤᠯᠭᠠᠪᠠ᠃ ᠪᠦᠬᠦ᠌ ᠬᠤᠱᠢᠭᠤᠨ᠎ᠤ ᠡᠯ᠎ᠠ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ᠎ᠶ᠋ᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠲᠤᠷᠱᠢᠯᠭ᠎ᠠ᠂ ᠲᠡᠷᠢᠬᠦᠨ᠎ᠤ ᠦᠢᠯᠡ ᠶᠠᠪᠤᠳᠠᠯ᠎ᠢ ᠬᠦᠨᠵᠡᠭᠡᠢ ᠠᠭᠤᠳᠠᠯᠠᠵᠤ᠂ ᠨᠡᠢᠳᠡᠯᠢᠭ ᠵᠢᠱ᠌ᠢᠶᠡᠴᠢ᠎ᠶ᠋ᠢᠨ ᠬᠦᠳᠦᠯᠦᠨ ᠲᠠᠢᠴᠢᠯᠠᠬᠤ ᠦᠢᠯᠡᠳᠦᠯ᠎ᠢ ᠬᠦᠢᠴᠡᠳ ᠪᠠᠳᠠᠷᠠᠭᠤᠯᠵᠤ᠂ ᠦᠨᠳᠦᠰᠦᠨ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ ᠪᠠ ᠦᠷᠭᠡᠨ ᠤᠯᠠᠨ ᠨᠠᠮ᠎ᠤᠨ ᠬᠡᠱᠢᠬᠦᠨ ᠺᠠᠳ᠋ᠷ᠎ᠤᠨ ᠢᠳᠡᠪᠬᠢᠵᠢᠯ ᠪᠠ ᠰᠠᠨᠠᠭᠠᠴᠢᠯᠠᠯᠳᠤ ᠴᠢᠨᠠᠷ᠎ᠢ ᠲᠠᠢᠴᠢᠯᠠᠵᠤ᠂ ᠨᠠᠮ᠎ᠤᠨ ᠬᠡᠱᠢᠬᠦᠨ᠎ᠤ ᠬᠦᠮᠦᠵᠢᠯ᠎ᠤᠨ ᠦᠷ᠎ᠠ ᠪᠦᠳᠦᠮᠵᠢᠳᠤ ᠴᠢᠨᠠᠷ᠎ᠢ ᠦᠨᠡᠨ ᠬᠦ᠌ ᠲᠡᠭᠡᠭ᠌ᠰᠢᠯᠡᠬᠦᠯᠵᠡᠢ᠃
       《ᠰᠠᠢᠨ ᠲᠤᠷ᠎ᠠ᠎ᠶ᠋ᠢᠨ ᠬᠢᠴᠢᠶᠡᠯ᠎ᠤᠨ ᠲᠠᠩᠭᠢᠮ》 ᠎ᠢᠶᠠᠷ ᠰᠤᠷᠤᠯᠴᠠᠯᠭ᠎ᠠ᠎ᠶ᠋ᠢ ᠭᠦᠨᠵᠡᠭᠡᠢᠷᠡᠬᠦᠯᠦᠨ ᠨᠠᠢᠳᠠᠪᠤᠷᠢᠵᠢᠭᠤᠯᠪᠠ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠲᠠᠢ ᠤᠶᠠᠯᠳᠤᠭᠤᠯᠵᠦ᠍᠂ ᠨᠠᠮ᠎ᠤᠨ ᠬᠡᠱᠢᠬᠦᠨ ᠰᠠᠢᠨ ᠲᠤᠷᠠᠴᠤᠳ᠎ᠢ ᠵᠤᠬᠢᠶᠠᠨ ᠪᠠᠢᠭᠤᠯᠤᠨ 《ᠰᠠᠭᠤᠭᠠᠯᠢ ᠠᠷᠠᠳ᠎ᠤᠨ ᠲᠤᠭᠤᠷᠢᠭ᠎ᠤᠨ ᠬᠠᠮᠢᠶᠠᠷᠤᠬ᠍ᠴᠢ》 ᠪᠤᠯᠭᠠᠵᠤ᠂ ᠰᠦᠯᠵᠢᠶᠠᠨ ᠲᠡᠭᠡᠷ᠎ᠠ ᠪᠠ ᠰᠦᠯᠵᠢᠶᠠᠨ ᠭᠠᠳᠠᠨ᠎ᠠ᠎ᠶ᠋ᠢᠨ ᠤᠯᠠᠨ ᠵᠦᠢᠯ᠎ᠤᠨ ᠠᠷᠭ᠎ᠠ ᠬᠡᠯᠪᠡᠷᠢ᠎ᠪᠠᠷ ᠤᠯᠠᠨ ᠲᠦᠮᠡᠨ᠎ᠤ ᠬᠠᠯᠠᠮᠵᠢᠯᠠᠵᠤ ᠪᠠᠢᠭ᠎ᠠ ᠠᠰᠠᠭᠤᠳᠠᠯ᠎ᠳᠤ ᠬᠠᠷᠢᠭᠤᠯᠳᠠ ᠦᠭ᠌ᠴᠦ ᠢᠳᠡᠪᠬᠢ ᠬᠦᠴᠦᠨ᠎ᠢ ᠲᠠᠮᠵᠢᠭᠤᠯᠵᠠᠢ᠃ ᠡᠷᠭᠡ ᠰᠦᠷᠳᠦ ᠮᠡᠳᠡᠭᠡ ᠵᠠᠩᠭᠢ᠎ᠶ᠋ᠢ ᠴᠠᠭ ᠲᠠᠷᠤᠢ᠎ᠳᠤᠨᠢ ᠲᠠᠮᠵᠢᠭᠤᠯᠵᠤ᠂ ᠤᠯᠠᠨ ᠲᠦᠮᠡᠨ᠎ᠢ ᠴᠤᠤᠷᠬᠠᠯ᠎ᠢ ᠢᠳᠡᠭᠡᠭᠦ᠌ ᠦᠭᠡᠢ᠂ ᠴᠤᠤᠷᠬᠠᠯ᠎ᠢ ᠲᠠᠮᠵᠢᠭᠤᠯᠬᠤ ᠦᠭᠡᠢ᠂ ᠨᠠᠢᠷ ᠴᠤᠬ᠍ᠯᠠᠭᠠᠨ᠎ᠳᠤ ᠤᠷᠤᠯᠴᠠᠬᠤ ᠦᠭᠡᠢ ᠪᠠᠢᠬᠤ ᠪᠤᠯᠭᠠᠵᠤ᠂ ᠬᠢᠵᠢᠭ᠎ᠤᠨ ᠪᠠᠢᠳᠠᠯ᠎ᠲᠠᠢ ᠲᠡᠮᠡᠴᠡᠯ ᠬᠢᠬᠦ᠌ ᠤᠬᠠᠭᠤᠯᠤᠬ᠍ᠴᠢ ᠪᠤᠯᠪᠠ᠃ ᠨᠡᠢᠭᠡᠮ ᠲᠤᠭᠤᠷᠢᠭ᠎ᠲᠠᠢ ᠬᠠᠮᠵᠢᠯᠴᠠᠵᠤ ᠭᠡᠷ᠎ᠲᠡᠭᠡᠨ ᠲᠤᠰᠠᠭᠠᠷᠯᠠᠵᠤ ᠪᠠᠢᠭ᠎ᠠ ᠬᠦᠮᠦᠰ᠎ᠢ ᠬᠢᠨᠠᠨ ᠬᠠᠮᠢᠶᠠᠷᠴᠦ᠍᠂ ᠤᠳᠠᠰᠤ ᠠᠪᠬᠤ᠂ ᠵᠢᠷᠬᠢᠶ᠎ᠠ ᠵᠡᠷᠭᠡ ᠠᠷᠭ᠎ᠠ ᠠᠪᠴᠠᠯ᠎ᠢ ᠠᠱᠢᠬ᠍ᠯᠠᠵᠤ ᠡᠳᠡᠭᠡᠷ ᠬᠦᠮᠦᠰ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠴᠠᠭ ᠲᠠᠷᠤᠢ᠎ᠳᠤᠨᠢ ᠬᠠᠨᠭ᠌ᠭᠠᠵᠤ᠂ ᠬᠢᠵᠢᠭ᠎ᠤᠨ ᠪᠠᠢᠳᠠᠯ᠎ᠠᠴᠠ ᠲᠤᠰᠠᠭᠠᠷᠯᠠᠬ᠍ᠰᠠᠨ ᠴᠤ᠌ ᠬᠠᠢᠷ᠎ᠠ ᠬᠠᠯᠠᠮᠵᠢ᠎ᠶ᠋ᠢ ᠶᠡᠷᠦ᠍ ᠲᠤᠰᠠᠭᠠᠷᠯᠠᠬ᠍ᠰᠠᠨ ᠦᠭᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号