ᠳᠦᠪᠡᠷᠭᠡᠯᠡᠨ ᠠᠢᠰᠤᠢ ᠠᠳᠤᠭᠤᠨ᠎ᠤ ᠠᠵᠦ᠍ ᠦᠢᠯᠡᠰ
2020-04-12 11:35:37
ᠵᠣᠬᠢᠶᠠᠭ᠍ᠴᠢ᠄
ᠪᠣᠣ ᠦᠷᠭᠡᠨ
ᠣᠩᠱᠢᠭ᠍ᠰᠠᠨ ᠣᠳᠠᠭ᠎ᠠ᠄
★★★☆☆

       ᠮᠠᠨ᠎ᠤ ᠤᠷᠤᠨ ᠪᠣᠯ ᠪᠥᠬᠦ᠌ ᠤᠯᠤᠰ᠎ᠤᠨ ᠤᠯᠠᠮᠵᠢᠯᠠᠯᠲᠤ ᠠᠳᠤᠭᠤᠨ᠎ᠤ ᠠᠵᠤ ᠦᠢᠯᠡᠰ᠎ᠤᠨ ᠲᠤᠮᠤ ᠣᠷᠣᠨ ᠪᠤᠯᠬᠤ ᠶᠤᠮ᠂ ᠮᠣᠩᠭᠤᠯ ᠦᠨᠳᠦᠰᠦᠲᠡᠨ 《ᠮᠣᠷᠢᠨ ᠨᠢᠷᠤᠭᠤᠨ ᠳᠡᠭᠡᠷᠡᠬᠢ ᠦᠨᠳᠦᠰᠦᠲᠡᠨ》 ᠬᠡᠬᠦ᠌ ᠰᠠᠢᠬᠠᠨ ᠠᠯᠳᠠᠷ᠎ᠲᠠᠢ ᠮᠥᠷᠳᠡᠭᠡᠨ ᠠᠳᠤᠭᠤ ᠠᠷᠠᠴᠢᠯᠠᠨ ᠲᠡᠵᠢᠭᠡᠭ᠌ᠰᠡᠨ ᠥᠨᠢ ᠤᠳᠠᠭᠠᠨ ᠲᠡᠤᠬᠡ ᠰᠤᠶᠤᠯ᠎ᠲᠠᠢ᠃ ᠴᠡᠷᠢᠭ᠎ᠤᠨ ᠶᠠᠪᠤᠳᠠᠯ᠂ ᠦᠶᠯᠡᠳᠪᠦᠷᠢᠯᠡᠯ ᠠᠮᠢᠳᠤᠷᠠᠯ᠂ ᠵᠠᠩ ᠳᠠᠳᠭᠠᠯ ᠪᠣᠯᠤᠨ ᠰᠤᠶᠤᠯ ᠤᠷᠠᠯᠢᠭ ᠵᠡᠷᠭᠡ ᠣᠯᠠᠨ ᠬᠥᠷᠢᠶ᠎ᠠ ᠴᠠᠷᠠᠭᠠᠨ᠎ᠳᠤ ᠠᠳᠤᠭᠤᠨ ᠰᠣᠶᠣᠯ ᠥᠷᠭᠡᠨ ᠳᠡᠯᠭᠡᠷ ᠬᠡᠷᠡᠭ᠌ᠯᠡᠭ᠌ᠳᠡᠵᠦ᠍᠂ ᠠᠳᠤᠭᠤᠨ ᠰᠣᠶᠣᠯ᠎ᠤᠨ ᠭᠦᠨ ᠵᠤᠵᠠᠭᠠᠨ ᠬᠥᠷᠥᠰᠤ᠎ᠶ᠋ᠢ ᠪᠥᠷᠢᠯᠳᠥᠬᠦᠯᠪᠠ᠃ ᠥᠪᠥᠷ ᠮᠤᠩᠭᠤᠯᠴᠤᠳ ᠠᠳᠤᠭᠤ᠎ᠶ᠋ᠢ ᠠᠷᠠᠴᠢᠯᠠᠨ ᠲᠡᠵᠢᠭᠡᠬᠦ᠂ ᠠᠳᠤᠭᠤᠨ᠎ᠤ ᠥᠡᠭ᠌ᠭᠡ ᠵᠢᠰᠤᠮ᠎ᠢ ᠲᠤᠳᠤᠯᠠᠬᠤ᠂ ᠠᠳᠤᠭᠤ᠎ᠪᠠᠨ ᠬᠠᠢᠷᠠᠯᠠᠬᠤ ᠣᠯᠠᠨ ᠲᠦᠮᠡᠨ᠎ᠤ ᠬᠠᠢᠷ᠎ᠠ ᠰᠡᠳᠭᠢᠯᠬᠡ ᠥᠳᠭᠡᠷᠭᠡᠭ᠂ ᠲᠡᠤᠭᠡ ᠰᠤᠳᠤᠷ ᠥᠯᠠᠮᠵᠢ ᠪᠠᠢᠳᠠᠬ᠎ᠢᠶᠠᠷ᠎ᠢᠶᠠᠨ ᠪᠤᠰᠤᠳ᠎ᠠᠴᠠ ᠤᠨᠴᠠᠯᠢᠬ᠍ᠳᠠᠨ᠎ᠠ᠃
       ᠥᠪᠥᠷ ᠮᠣᠩᠭᠤᠯ ᠬᠡᠵᠥ᠍ ᠳᠤᠷᠠᠳᠭᠤ᠎ᠲᠠᠢ ᠵᠡᠷᠭᠡ ᠮᠠᠰᠢ ᠣᠯᠠᠨ ᠬᠥᠮᠦᠰ ᠥᠷᠭᠡᠨ ᠠᠭᠤᠳᠠᠮ ᠲᠠᠯ᠎ᠠ ᠨᠤᠲᠤᠭ᠂ ᠳᠡᠭᠦᠯᠢᠨ ᠲᠠᠪᠬᠢᠬᠤ ᠠᠵᠢᠨᠠᠶ ᠬᠥᠯᠥᠭ᠎ᠢ ᠪᠣᠳᠣᠵᠤ ᠣᠯᠳᠠᠭ ᠤᠴᠢᠷᠳᠠᠢ᠃ ᠬᠥᠯᠥᠨ ᠪᠤᠢᠷ᠎ᠤᠨ ᠲᠠᠯ᠎ᠠ ᠨᠤᠲᠤᠭ᠂ ᠱᠢᠯᠢ᠎ᠶ᠋ᠢᠨ ᠭᠤᠤᠯ᠎ᠤᠨ ᠲᠠᠯ᠎ᠠ ᠨᠤᠲᠤᠭ᠂ ᠤᠯᠠᠭᠠᠨᠴᠠᠪ᠎ᠤᠨ ᠲᠠᠯ᠎ᠠ ᠨᠤᠲᠤᠭ᠂ ᠣᠷᠳᠣᠰ᠎ᠤᠨ ᠲᠠᠯ᠎ᠠ ᠨᠤᠲᠤᠭ᠂ ᠤᠷᠠᠳ᠎ᠤᠨ ᠲᠠᠯ᠎ᠠ ᠨᠤᠲᠤᠭ ᠁ ᠮᠠᠨ᠎ᠤ ᠤᠷᠤᠨ᠎ᠤ ᠲᠠᠯ᠎ᠠ ᠨᠤᠲᠤᠭ᠎ᠤᠨ ᠤᠰᠤ ᠪᠡᠯᠴᠢᠭᠡᠷ ᠥᠡᠭ ᠱᠢᠮᠡᠯᠢᠭ ᠪᠠᠢᠵᠥ᠍᠂ ᠠᠳᠤᠭᠤ᠎ᠶ᠋ᠢ ᠦᠷᠡᠵᠢᠭᠦᠯᠦᠨ ᠪᠤᠢᠵᠢᠭᠤᠯᠬᠤ ᠪᠠ ᠲᠠᠰᠭᠠᠨ ᠲᠡᠵᠢᠭᠡᠬᠦ᠌᠎ᠳᠤ ᠲᠣᠬᠢᠷᠠᠮᠵᠢᠲᠠᠶ ᠣᠷᠴᠢᠨ ᠲᠣᠭᠤᠷᠢᠨ᠎ᠲᠠᠢ᠃ ᠲᠡᠷᠡᠴᠢᠯᠠᠨ ᠮᠠᠨ᠎ᠤ ᠤᠷᠤᠨ᠎ᠳᠤ ᠯᠠᠢ ᠳ᠋ᠧ ᠠᠳᠤᠭᠤᠨ᠎ᠤ ᠦᠶᠯᠡᠰ᠂ ᠮᠸᠡᠭ ᠵᠢᠶᠦ᠋ᠨ ᠣᠯᠠᠨ ᠤᠯᠤᠰ᠎ᠤᠨ ᠠᠳᠤᠭᠤᠨ᠎ᠤ ᠥᠢᠯᠠᠰ᠂ ᠤᠤ ᠸᠧᠶ ᠪᠦᠯᠦᠭ᠌ᠯᠡᠯ᠎ᠢᠶᠠᠷ ᠳᠠᠭᠠᠭᠤᠯᠤᠭ᠍ᠴᠢ ᠪᠣᠯᠭᠠᠭ᠍ᠰᠠᠨ ᠠᠳᠤᠭᠤᠨ᠎ᠤ ᠠᠵᠤ ᠦᠢᠯᠡᠰ᠎ᠤᠨ ᠳᠠᠭᠠᠭᠤᠯᠤᠭ᠍ᠴᠢ ᠠᠵᠤ ᠠᠬᠤᠢ᠍ᠢᠯᠠᠯ ᠶᠠᠭ ᠡᠰᠡᠨᠢᠨ ᠬᠥᠭ᠌ᠵᠢᠭᠡᠳ ᠠᠳᠤᠭᠤᠨ᠎ᠤ ᠠᠵᠤ ᠥᠢᠯᠡᠰ᠎ᠤᠨ ᠱᠢᠨ᠎ᠠ ᠲᠠᠪᠠᠯᠳᠠ᠎ᠶ᠋ᠢ ᠪᠡᠶᠡᠯᠡᠬᠦᠯᠬᠦ᠌᠎ᠳᠤ ᠵᠢᠬᠦᠷ ᠤᠷᠭᠤᠭᠤᠯᠵᠠᠢ᠃
       ᠥᠢᠯᠠᠭᠠᠬ᠍ᠰᠠᠨ᠎ᠢᠶᠠᠷ᠂ ᠤᠳᠤᠬᠠᠨ᠎ᠳᠤ ᠪᠥᠬᠦ᠌ ᠣᠷᠣᠨ᠎ᠳᠤ ᠮᠣᠷᠢᠨ ᠣᠷᠣᠯᠳᠤᠭᠠᠨ᠎ᠤ ᠲᠠᠯᠠᠪᠠᠢ 36 ᠪᠤᠯᠵᠥ᠍᠂ ᠠᠵᠤ ᠠᠬᠤᠢᠯᠠᠯ ᠵᠢᠴᠢ ᠺᠯᠦ᠋ᠪ᠎ᠤᠨ ᠥᠪᠡᠷ᠎ᠲᠡᠭᠡᠨ ᠪᠠᠢᠭᠤᠯᠤᠬ᠍ᠰᠠᠨ ᠤᠷᠤᠯᠳᠤᠭᠠᠨ᠎ᠤ ᠲᠠᠯᠠᠪᠠᠢ ᠪᠠ ᠤᠷᠤᠯᠳᠤᠭᠠᠨ᠎ᠤ ᠤᠷᠳᠤᠨ 23 ᠪᠤᠢ᠃ ᠡᠭᠦᠨ᠎ᠳᠤ ᠥᠪᠥᠷ ᠮᠣᠩᠭᠤᠯ᠎ᠤᠨ ᠮᠣᠷᠢᠨ ᠤᠷᠤᠯᠳᠤᠭᠠᠨ᠎ᠤ ᠲᠠᠯᠠᠪᠠᠢ᠂ ᠬᠥᠬᠡᠬᠤᠲᠠ᠎ᠶ᠋ᠢᠨ ᠬᠥᠬᠡᠲᠠᠯ᠎ᠠ ᠮᠣᠷᠢᠨ ᠤᠷᠤᠯᠳᠤᠭᠠᠨ᠎ᠤ ᠲᠠᠯᠠᠪᠠᠢ᠂ ᠱᠢᠯᠢ᠎ᠶ᠋ᠢᠨ ᠭᠤᠤᠯ᠎ᠤᠨ ᠮᠣᠷᠢᠨ ᠤᠷᠤᠯᠳᠤᠭᠠᠨ᠎ᠤ ᠲᠠᠯᠠᠪᠠᠢ᠂ ᠬᠤᠷᠴᠢᠨ ᠪᠠᠷᠠᠭᠤᠨ ᠭᠠᠷᠤᠨ ᠲᠤᠮᠳᠠᠳᠤ ᠬᠤᠱᠢᠭᠤᠨ᠎ᠤ ᠮᠣᠷᠢᠨ ᠤᠷᠤᠯᠳᠤᠭᠠᠨ᠎ᠤ ᠲᠠᠯᠠᠪᠠᠢ ᠵᠡᠷᠭᠡ 7 ᠲᠣᠮᠣ ᠮᠣᠷᠢᠨ ᠤᠷᠤᠯᠳᠤᠭᠠᠨ᠎ᠤ ᠲᠠᠯᠠᠪᠠᠢ᠎ᠨᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠲᠣᠮᠣ ᠬᠡᠯᠪᠡᠷᠢ᠎ᠶ᠋ᠢᠨ ᠮᠣᠷᠢᠨ ᠮᠡᠷᠭᠡᠵᠢᠯ᠎ᠤᠨ ᠥᠷᠢᠰᠥᠯᠳᠥᠬᠡᠨᠳᠤ ᠤᠷᠤᠯᠳᠤᠭᠠᠨ᠎ᠢ ᠳᠠᠭᠠᠭᠠᠨ ᠠᠪᠬᠤ ᠪᠠ ᠡᠷᠬᠢᠯᠡᠬᠦ᠌ ᠴᠢᠳᠠᠪᠤᠷᠢ᠎ᠶ᠋ᠢ ᠪᠥᠷᠢᠯᠳᠥᠬᠦᠯᠥᠭ᠌ᠰᠡᠨ ᠪᠠᠢᠨ᠎ᠠ᠃
       ᠡᠵᠡᠨ᠎ᠡ᠎ᠶ᠋ᠢᠨ ᠮᠣᠷᠢᠨ ᠤᠷᠤᠯᠳᠤᠭᠠᠨ᠂ 《8 · 18》 ᠎ᠶ᠋ᠢᠨ ᠵᠢᠷᠢᠮ᠎ᠤᠨ ᠮᠣᠷᠢᠨ ᠤᠷᠤᠯᠳᠤᠭᠠᠨ᠎ᠤ ᠨᠠᠢᠷ ᠵᠡᠷᠭᠡ ᠤᠯᠠᠮᠵᠢᠯᠠᠯᠲᠤ ᠨᠠᠢᠷ ᠨᠠᠭᠠᠳᠤᠮ ᠵᠢᠴᠢ ᠮᠠᠨ᠎ᠤ ᠤᠷᠤᠨ᠎ᠤ ᠬᠤᠷᠳᠤᠨ ᠮᠣᠷᠢᠨ᠎ᠤ ᠤᠷᠤᠯᠳᠤᠭᠠᠨ᠂ ᠮᠣᠷᠢᠨ ᠮᠡᠷᠭᠡᠵᠢᠯ᠎ᠤᠨ ᠲᠡᠰᠪᠤᠷᠢ᠎ᠶ᠋ᠢᠨ ᠤᠷᠤᠯᠳᠤᠭᠠᠨ᠂ ᠮᠣᠷᠢᠨ ᠮᠡᠷᠭᠡᠵᠢᠯ᠎ᠤᠨ ᠮᠠᠩᠯᠠᠢ ᠱᠢᠯᠭᠠᠷᠠᠭᠤᠯᠬᠤ ᠤᠷᠤᠯᠳᠤᠭᠠᠨ ᠵᠡᠷᠭᠡ ᠨᠢᠭᠡ ᠪᠦᠯᠦᠭ ᠱᠢᠨ᠎ᠡ ᠮᠠᠶᠢᠭ᠎ᠤᠨ ᠮᠣᠷᠢᠨ ᠤᠷᠤᠯᠳᠤᠭᠠᠨ ᠢᠳᠡ ᠭᠥᠭ᠎ᠲᠠᠢ ᠶᠠᠪᠤᠬ᠍ᠳᠠᠨ᠂ ᠡᠯ᠎ᠡ ᠠᠢᠮᠠᠭ ᠬᠤᠲᠠ᠎ᠶ᠋ᠢᠨ ᠬᠠᠮᠢᠶ᠎ᠠ ᠪᠦᠬᠦᠢ ᠠᠵᠢᠯᠯᠠᠭ᠎ᠠ ᠴᠤ᠌ ᠡᠳᠡᠭᠡᠳ ᠤᠨᠴᠠᠯᠢᠬ᠎ᠢᠶᠠᠷ ᠲᠡᠯᠭᠡᠭ᠌ᠳᠡᠨ᠂ ᠮᠣᠷᠢᠨ ᠤᠷᠤᠯᠳᠤᠭᠠᠨ᠎ᠢ ᠬᠡᠷᠡᠭ᠌ᠯᠡᠬᠦ᠌ ᠪᠠ ᠨᠡᠮᠡᠭ᠌ᠳᠡᠭᠦᠯᠬᠦ᠌᠎ᠳᠤ ᠥᠷᠭᠡᠨ ᠠᠭᠤᠳᠠᠮ ᠲᠠᠪᠴᠠᠩ ᠬᠠᠩᠭᠠᠭ᠍ᠰᠠᠨ ᠪᠠᠢᠨ᠎ᠠ᠃
       ᠲᠤᠭ᠎ᠠ ᠪᠠᠷᠢᠮᠲᠠ᠎ᠠᠴᠠ ᠦᠵᠡᠪᠠᠯ᠂ 2017 ᠣᠨ᠎ᠤ ᠰᠡᠬᠦᠯᠴᠢ ᠪᠣᠯᠲᠠᠯ᠎ᠠ ᠪᠥᠬᠦ᠌ ᠤᠷᠤᠨ᠎ᠤ ᠠᠳᠤᠭᠤᠨ᠎ᠤ ᠲᠤᠭ᠎ᠠ 84.85 ᠲᠦᠮᠡ᠎ᠳᠤ ᠬᠦᠷᠴᠦ᠍᠂ ᠪᠥᠬᠦ᠌ ᠤᠯᠤᠰ ᠠᠳᠤᠭᠤᠨ᠎ᠤ ᠶᠡᠷᠦᠩᠬᠡᠶ ᠬᠡᠮᠵᠢᠶ᠎ᠡ᠎ᠶ᠋ᠢᠨ 24.47 % ᠎ᠶ᠋ᠢ ᠡᠵᠡᠯᠡᠪᠡ᠃ ᠡᠳᠡᠭᠡᠷ ᠠᠳᠤᠭᠤ ᠭᠤᠤᠯᠳᠠᠭᠤ ᠱᠢᠯᠢ᠎ᠶ᠋ᠢᠨ ᠭᠤᠤᠯ᠂ ᠲᠦᠩᠯᠢᠶᠣᠤ ᠬᠤᠲᠠ᠂ ᠬᠥᠯᠥᠨ ᠪᠤᠢᠷ᠂ ᠤᠯᠠᠭᠠᠨᠬᠠᠳᠠ ᠬᠤᠲᠠ ᠪᠣᠯᠤᠨ ᠬᠢᠩᠭᠠᠨ ᠵᠡᠷᠭᠡ ᠠᠢᠮᠠᠭ ᠬᠤᠳᠠ᠎ᠪᠠᠷ ᠲᠠᠷᠬᠠᠵᠤ᠂ ᠲᠦᠮᠡ᠎ᠠᠴᠠ ᠲᠡᠭᠡᠭ᠌ᠰᠢ ᠠᠳᠤᠭᠤ᠎ᠲᠠᠢ ᠬᠤᠱᠢᠭᠤ ᠱᠢᠶᠠᠨ ᠲᠣᠭᠤᠷᠢᠭ ᠨᠢᠬᠡᠨᠳᠠ 31 ᠪᠤᠯᠤᠬ᠍ᠰᠠᠨ ᠪᠠᠢᠨ᠎ᠠ᠃
       ᠦᠢᠷ᠎ᠡ᠎ᠶ᠋ᠢᠨ ᠵᠢᠯ᠎ᠤᠨ ᠲᠤᠷᠰᠢ ᠮᠠᠨ᠎ᠤ ᠤᠷᠤᠨ᠎ᠤ ᠠᠳᠤᠭᠤᠨ᠎ᠤ ᠠᠵᠤ ᠦᠢᠯᠡᠰ᠎ᠤᠨ ᠬᠥᠭ᠌ᠵᠢᠯᠲᠡ ᠠᠳᠤᠭᠤᠨ᠎ᠤ ᠭᠧᠨ᠎ᠤ ᠬᠥᠮᠥᠷᠭᠡ᠎ᠶ᠋ᠢᠨ ᠪᠠᠢᠭᠤᠯᠤᠯᠲᠠ᠂ ᠠᠳᠤᠭᠤᠨ᠎ᠤ ᠠᠵᠤ ᠦᠢᠯᠡᠰ᠎ᠤᠨ ᠴᠢᠳᠠᠪᠤᠷᠢᠲᠠᠨ᠎ᠢ ᠬᠥᠮᠦᠵᠢᠭᠦᠯᠬᠦ᠂ ᠠᠳᠤᠭᠤ ᠥᠷᠡᠵᠢᠬᠦᠯᠥᠨ ᠪᠤᠢᠵᠢᠭᠤᠯᠬᠤ ᠱᠢᠰᠲ᠋ᠧᠮ᠂ ᠠᠳᠤᠭᠤᠨ᠎ᠤ ᠠᠵᠤ ᠦᠢᠯᠡᠰ᠎ᠤᠨ ᠪᠠᠷᠢᠮᠵᠢᠶᠠᠳᠤ ᠱᠢᠰᠲ᠋ᠧᠮ ᠵᠡᠷᠭᠡ ᠲᠠᠯ᠎ᠠ᠎ᠪᠠᠷ᠎ᠬᠢ ᠲᠤᠯᠭᠠᠭᠤᠷᠢᠯᠠᠯ᠎ᠤᠨ ᠬᠥᠴᠥᠨ ᠠᠯᠭᠤᠷ᠎ᠢᠶᠠᠷ ᠬᠥᠴᠥᠷᠭᠡᠭ᠌ᠵᠢᠵᠥ᠍ ᠪᠤᠢ; ᠠᠳᠤᠭᠤᠨ᠎ᠤ ᠠᠵᠤ ᠦᠢᠯᠡᠰ᠎ᠤᠨ ᠬᠡᠯᠬᠢᠶᠡᠵᠢᠯ᠂ ᠰᠠᠭᠤᠷᠢ ᠪᠦᠲᠦᠭᠡᠨ ᠪᠠᠢᠭᠤᠯᠤᠯᠲᠠ᠂ ᠮᠠᠯᠴᠢᠨ ᠲᠦᠮᠡᠨ ᠪᠣᠯᠤᠨ ᠠᠳᠤᠭᠤᠨ᠎ᠤ ᠠᠵᠤ ᠠᠬᠤᠢᠯᠠᠯ᠎ᠤᠨ ᠠᠱᠢᠭ ᠬᠦᠷᠲᠡᠬᠦ᠌ ᠬᠡᠪᠴᠢᠶ᠎ᠡ ᠴᠤ᠌ ᠶᠠᠪᠤᠬᠤ ᠲᠤᠳᠤᠮ ᠲᠡᠭᠡᠭ᠌ᠰᠢᠯᠡᠨ᠂ ᠣᠷᠴᠣᠨ ᠠᠳᠤᠭᠤ᠂ ᠰᠠᠨ ᠾᠧ ᠠᠳᠤᠭᠤ᠂ ᠪᠠᠷᠭᠤ ᠠᠳᠤᠭᠤ᠂ ᠦᠵᠦᠮᠤᠴᠢᠨ ᠠᠳᠤᠭᠤ᠂ ᠬᠤᠷᠴᠢᠨ ᠠᠳᠤᠭᠤ ᠵᠡᠷᠭᠡ ᠠᠳᠤᠭᠤ ᠭᠠᠵᠠᠷ ᠤᠷᠤᠨ᠎ᠤ ᠨᠠᠷ᠎ᠠ ᠨᠥᠯᠥᠭᠡ᠎ᠶ᠋ᠢ ᠥᠷᠭᠡᠳᠭᠡᠵᠥ᠍ ᠪᠤᠢ᠃
       ᠴᠢᠳᠠᠪᠤᠷᠢᠲᠠᠨ ᠬᠥᠮᠦᠵᠢᠭᠦᠯᠬᠦ᠌ ᠲᠡᠯ᠎ᠠ᠎ᠪᠠᠷ ᠥᠪᠥᠷ ᠮᠣᠩᠭᠤᠯ᠎ᠤᠨ ᠶᠡᠭᠡ ᠰᠤᠷᠭᠠᠭᠤᠯᠢ᠂ ᠥᠪᠥᠷ ᠮᠣᠩᠭᠤᠯ᠎ᠤᠨ ᠮᠣᠷᠢᠨ ᠮᠡᠷᠭᠡᠵᠢᠯ᠎ᠤᠨ ᠰᠤᠷᠭᠠᠭᠤᠯᠢ᠂ ᠱᠢᠯᠢ᠎ᠶ᠋ᠢᠨ ᠭᠤᠤᠯ᠎ᠤᠨ ᠠᠵᠢᠯ ᠮᠡᠷᠭᠡᠵᠢᠯ᠎ᠤᠨ ᠳᠡᠭᠡᠳᠤ ᠰᠤᠷᠭᠠᠭᠤᠯᠢ᠂ ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠂ ᠥᠪᠥᠷ ᠮᠣᠩᠭᠤᠯ᠎ᠤᠨ ᠪᠡᠶ᠎ᠡ᠎ᠶ᠋ᠢᠨ ᠲᠠᠮᠢᠷ᠎ᠤᠨ ᠠᠵᠢᠯ ᠮᠡᠷᠭᠡᠵᠢᠯ᠎ᠤᠨ ᠳᠡᠭᠡᠳᠤ ᠰᠤᠷᠭᠠᠭᠤᠯᠢ᠂ ᠬᠢᠩᠭᠠᠨ ᠠᠢᠮᠠᠬ᠎ᠤᠨ ᠠᠵᠢᠯ ᠮᠡᠷᠭᠡᠵᠢᠯ᠎ᠤᠨ ᠳᠡᠭᠡᠳᠤ ᠰᠤᠷᠭᠠᠭᠤᠯᠢ᠂ ᠬᠥᠯᠥᠨ ᠪᠤᠢᠷ ᠬᠤᠳᠠ᠎ᠶ᠋ᠢᠨ ᠳᠡᠭᠡᠳᠤ ᠰᠤᠷᠭᠠᠭᠤᠯᠢ ᠱᠠᠯᠠᠪᠳᠠᠨ ᠠᠳᠤᠭᠤᠨ᠎ᠤ ᠦᠢᠯᠡᠰ᠎ᠤᠨ ᠴᠢᠳᠠᠪᠤᠷᠢᠲᠠᠨ᠎ᠢ ᠬᠥᠮᠦᠵᠢᠭᠦᠯᠵᠤ᠂ ᠠᠮᠢᠲᠠᠨ᠎ᠤ ᠠᠨᠠᠭᠠᠬᠤ ᠤᠬᠠᠭᠠᠨ᠂ ᠮᠠᠯ᠎ᠤᠨ ᠡᠮᠴᠢ᠂ ᠪᠡᠶ᠎ᠠ᠎ᠶ᠋ᠢᠨ ᠲᠠᠮᠢᠷ᠎ᠤᠨ ᠬᠥᠳᠡᠯᠭᠡᠭᠡᠨ᠂ ᠲᠡᠵᠢᠭᠡᠯ ᠪᠣᠷᠳᠤᠭ᠎ᠠ ᠪᠣᠯᠤᠨ ᠠᠮᠢᠲᠠᠨ᠎ᠤ ᠱᠢᠮ᠎ᠡ ᠲᠡᠵᠢᠭᠡᠯ᠎ᠤᠨ ᠲᠤᠰᠭᠠᠶ ᠮᠡᠷᠭᠡᠵᠢᠯ ᠵᠡᠷᠭᠡ ᠲᠤᠰᠭᠠᠶ ᠮᠡᠷᠭᠡᠵᠢᠯ᠎ᠢ ᠨᠡᠭᠡᠭᠡᠵᠦ᠍᠂ ᠲᠤᠰᠭᠠᠶ ᠪᠠ ᠲᠤᠱᠢᠶᠠᠯ ᠬᠠᠪᠰᠤᠷᠭᠠᠭ᠍ᠰᠠᠨ ᠪᠠᠭ᠍ᠰᠢ ᠨᠢᠬᠡᠨᠳᠠ ᠵᠠᠭᠤ ᠱᠢᠬᠠᠮ ᠪᠤᠯᠵᠥ᠍᠂ ᠠᠳᠤᠭᠤᠨ᠎ᠤ ᠠᠵᠤ ᠦᠢᠯᠡᠰ᠎ᠤᠨ ᠬᠤᠯᠪᠣᠭ᠍ᠳᠠᠯ ᠪᠦᠬᠦᠢ ᠲᠤᠰᠭᠠᠶ ᠮᠡᠷᠭᠡᠵᠢᠯ᠎ᠤᠨ ᠰᠤᠷᠤᠭ᠍ᠴᠢ᠎ᠶ᠋ᠢ ᠨᠡᠢᠲᠡ 1000 ᠱᠢᠬᠠᠮ ᠬᠥᠮᠦᠵᠢᠭᠦᠯᠵᠤ ᠪᠤᠢ᠃
       ᠣᠳᠣᠬᠠᠨ᠎ᠳᠤ ᠠᠳᠤᠭᠤᠨ᠎ᠤ ᠠᠵᠤ ᠥᠢᠯᠡᠰ ᠬᠢᠬᠡᠳ ᠰᠣᠶᠣᠯ᠂ ᠵᠢᠭᠤᠯᠴᠢᠯᠠᠯ᠂ ᠺᠢᠨᠣ᠋ ᠲᠧᠯᠸᠢᠰ᠂ ᠡᠮ ᠡᠮᠨᠡᠯᠭᠡ ᠵᠡᠷᠭᠡ᠎ᠶ᠋ᠢᠨ ᠠᠭᠤᠰᠤᠯᠴᠠᠭ᠎ᠠ ᠢᠳᠡᠭ ᠢᠳᠡᠭ᠎ᠢᠶᠠᠷ ᠠᠵᠤ ᠦᠢᠯᠡᠰ᠎ᠤᠨ ᠬᠡᠯᠬᠢᠶ᠎ᠡ ᠪᠤᠯᠤᠨ ᠪᠥᠷᠢᠯᠳᠥᠵᠥ᠍᠂ 《ᠪᠤᠭᠤᠷᠤᠯ ᠲᠡᠤᠬᠡ᠎ᠶ᠋ᠢᠨ ᠬᠦᠯᠦᠭ᠎ᠤᠨ ᠮᠠᠭ᠍ᠳᠠᠭᠤ》᠂ 《ᠮᠣᠩᠭᠤᠯ ᠮᠣᠷᠢ》᠂ 《ᠨᠢᠭᠡᠨ ᠦᠶ᠎ᠡ᠎ᠶ᠋ᠢᠨ ᠲᠡᠭ᠌ᠷᠢᠯᠢᠭ ᠬᠥᠪᠡᠬᠦᠨ》᠂ 《ᠮᠠᠷᠺᠤ ᠫᠣᠯᠣ᠎ᠶ᠋ᠢᠨ ᠳᠣᠮᠤᠭ》᠂ 《ᠰᠦᠬᠡ᠎ᠶ᠋ᠢᠨ ᠰᠠᠭᠠᠷᠠᠯ》 ᠵᠡᠷᠭᠡ ᠨᠢᠭᠡ ᠪᠦᠯᠦᠭ ᠱᠢᠯᠢᠳᠡᠭ ᠲᠣᠮᠣ ᠬᠡᠯᠪᠡᠷᠢ᠎ᠶ᠋ᠢᠨ ᠪᠣᠳᠠᠲᠤ ᠦᠵᠡᠭ᠌ᠳᠡᠯᠲᠦ ᠲᠣᠭ᠍ᠯᠠᠯᠲᠠ᠎ᠶ᠋ᠢᠨ ᠵᠦᠴᠦᠭᠡ ᠠᠳᠤᠭᠤᠨ᠎ᠤ ᠠᠵᠤ ᠥᠢᠯᠡᠰ᠎ᠢ ᠠᠴᠢᠶᠠᠯᠠᠨ ᠤᠷᠤᠨ᠎ᠤ ᠳᠣᠲᠣᠭᠠᠳᠤ ᠭᠠᠳᠠᠭᠠᠳᠤ᠎ᠶ᠋ᠢᠨ ᠨᠠᠩ ᠥᠷᠭᠡᠨ ᠠᠭᠤᠳᠠᠮ ᠵᠠᠬ᠎ᠠ ᠳᠡᠯᠭᠡᠭᠦᠷ᠎ᠲᠤ ᠭᠠᠷᠭᠠᠵᠥ᠍ ᠪᠤᠢ᠃
       ᠠᠳᠤᠭᠤᠨ᠎ᠤ ᠠᠵᠤ ᠦᠶᠯᠡᠰ᠎ᠢ ᠨᠡᠭᠡᠭᠡᠨ ᠬᠥᠭ᠌ᠵᠢᠭᠦᠯᠬᠦ᠌ ᠲᠠᠯ᠎ᠠ᠎ᠪᠠᠷ ᠤᠳᠤᠬᠠᠨ᠎ᠳᠤ ᠠᠳᠤᠭᠤᠨ ᠰᠣᠶᠣᠯ᠎ᠤᠨ ᠦᠵᠡᠭᠦᠯᠭᠡ᠂ ᠴᠡᠭᠡ᠂ ᠠᠳᠤᠭᠤᠨ᠎ᠤ ᠠᠱᠢᠭ ᠣᠯᠵᠠᠪᠤᠷᠢ ᠵᠡᠷᠭᠡ ᠬᠦᠷᠢᠶᠡᠨ ᠬᠡᠪᠴᠢᠶᠡᠨ᠎ᠤ ᠤᠷᠤᠯᠭ᠎ᠠ᠎ᠠᠴᠠ᠎ᠪᠠᠨ ᠠᠳᠤᠭᠤᠨ᠎ᠤ ᠪᠣᠷᠣᠯᠠᠭᠤᠯᠭ᠎ᠠ᠂ ᠮᠣᠷᠢᠨ ᠮᠡᠷᠭᠡᠵᠢᠯ᠎ᠤᠨ ᠵᠢᠭᠠᠨ ᠰᠤᠷᠭᠠᠯᠲᠠ᠂ ᠲᠡᠵᠢᠭᠡᠨ ᠦᠷᠡᠵᠢᠭᠦᠯᠬᠦ᠂ ᠲᠠᠯᠠᠪᠤᠷ ᠲᠦᠷᠢᠶᠡᠰᠦᠯᠡᠬᠦ᠂ ᠤᠷᠤᠯᠳᠤᠭᠠᠨ᠎ᠤ ᠠᠵᠢᠯᠯᠠᠭ᠎ᠠ ᠡᠷᠬᠢᠯᠡᠬᠦ᠌ ᠵᠡᠷᠭᠡ ᠲᠠᠯ᠎ᠠ᠎ᠪᠠᠷ᠎ᠬᠢ ᠣᠷᠣᠯᠭ᠎ᠠ ᠴᠤ᠌ ᠮᠡᠳᠡᠭ᠌ᠳᠡᠮ᠎ᠠ ᠲᠡᠭᠡᠭ᠌ᠰᠢᠯᠡᠨ ᠠᠳᠤᠭᠤᠨ᠎ᠤ ᠠᠵᠤ ᠦᠢᠯᠡᠰ᠎ᠤᠨ ᠪᠣᠳᠠᠲᠤ ᠴᠣᠭ᠍ᠴᠠ᠎ᠶ᠋ᠢᠨ ᠰᠡᠷᠭᠦᠨ ᠮᠡᠨᠳᠦᠯᠳᠠ᠎ᠶ᠋ᠢ ᠠᠬᠢᠭᠤᠯᠵᠥ᠍ ᠪᠤᠢ᠃ ᠤᠨᠴᠠᠭᠠᠢᠯᠠᠨ ᠮᠠᠨ᠎ᠤ ᠤᠷᠤᠨ᠎ᠤ ᠠᠳᠤᠭᠤᠨ᠎ᠤ ᠠᠵᠤ ᠦᠶᠯᠡᠰ᠂ ᠠᠳᠤᠭᠤᠨ᠎ᠤ ᠰᠣᠶᠣᠯ ᠵᠡᠷᠭᠡ ᠬᠦᠷᠢᠶᠡᠨ᠎ᠳᠤ ᠬᠤᠪᠤᠷ ᠨᠠᠨᠳᠢᠨ ᠤᠨᠤᠯ᠎ᠤᠨ ᠮᠡᠳᠡᠯᠭᠡ ᠪᠣᠯᠤᠨ ᠡᠯᠪᠡᠭ ᠪᠠᠶᠠᠯᠢᠭ ᠦᠶᠯᠡᠳᠦᠯᠭᠡ᠎ᠶ᠋ᠢᠨ ᠲᠤᠷᠱᠢᠯᠭ᠎ᠠ ᠬᠤᠷᠠᠮᠳᠤᠭᠤᠯᠵᠠᠶ᠃ ᠡᠬᠦᠨ᠎ᠳᠤ ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠎ᠶ᠋ᠢᠨ ᠠᠳᠤᠭᠤᠨ᠎ᠤ ᠰᠤᠳᠤᠯᠭᠠᠨ᠎ᠤ ᠲᠥᠪ ᠪᠦᠬᠦ᠌ ᠤᠯᠤᠰ᠎ᠤᠨ ᠠᠩᠬᠠᠳᠠᠭ᠍ᠴᠢ ᠠᠳᠤᠭᠤᠨ᠎ᠤ ᠲᠥᠷᠥᠯ᠎ᠤᠨ ᠠᠮᠢᠲᠠᠨ᠎ᠤ ᠤᠳᠤᠮᠱᠢᠯ ᠪᠠ ᠦᠷᠡᠵᠢᠯ᠎ᠤᠨ ᠱᠢᠨᠵᠢᠯᠡᠬᠦ᠌ ᠤᠬᠠᠭᠠᠨ᠎ᠤ ᠠᠵᠢᠬ᠍ᠯᠠᠯᠲᠠ ᠲᠤᠷᠱᠢᠯᠲᠠ᠎ᠶ᠋ᠢᠨ ᠥᠷᠲᠡᠭᠡ᠎ᠶ᠋ᠢ ᠪᠠᠢᠭᠤᠯᠵᠤ᠂ ᠴᠡᠭᠡ ᠠᠱᠢᠬ᠍ᠯᠠᠬᠤ ᠰᠤᠳᠤᠯᠭᠠᠨ᠎ᠤ ᠠᠵᠤ ᠦᠢᠯᠡᠰᠵᠢᠯᠲᠡ᠎ᠶ᠋ᠢᠨ ᠰᠠᠭᠤᠷᠢᠨ᠎ᠢ ᠪᠠᠢᠭᠤᠯᠵᠤ᠂ ᠥᠪᠥᠷ ᠮᠣᠩᠭᠤᠯ᠎ᠤᠨ ᠠᠳᠤᠭᠤᠨ᠎ᠤ ᠦᠢᠯᠡᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ ᠪᠣᠯᠤᠨ ᠨᠡᠭᠡᠭᠡᠨ ᠬᠥᠭ᠌ᠵᠢᠭᠦᠯᠬᠦ᠌ ᠬᠡᠷᠡᠭ᠌ᠯᠡᠭᠡᠨ᠎ᠤ ᠱᠢᠨ᠎ᠡ᠎ᠶ᠋ᠢ ᠡᠭᠦᠳᠬᠦ᠌ ᠪᠦᠯᠬᠦᠮ᠎ᠢ ᠪᠠᠢᠭᠤᠯᠤᠭᠠᠳ ᠠᠳᠤᠭᠤᠨ᠎ᠤ ᠠᠵᠤ ᠥᠢᠯᠡᠰ᠎ᠤᠨ ᠬᠥᠭ᠌ᠵᠢᠯᠳᠠ᠎ᠳᠤ ᠮᠡᠷᠭᠡᠵᠢᠯ᠎ᠤᠨ ᠬᠥᠴᠥᠳᠤ ᠪᠠᠳᠤᠯᠠᠭ᠎ᠠ ᠬᠠᠨᠭ᠌ᠭᠠᠵᠥ᠍ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号