ᠣᠷᠳᠣᠰ ᠬᠤᠲᠠ᠎ᠶ᠋ᠢᠨ᠎ᠬᠢᠨ ᠴᠠᠬᠢᠯᠭᠠᠨ ᠬᠤᠯᠪᠣᠭᠠᠨ᠎ᠤ ᠮᠡᠬᠡᠯᠡᠯ᠎ᠢ ᠡᠰᠡᠷᠭᠦᠴᠡᠬᠦ᠌ ᠤᠬᠠᠭᠤᠯᠭ᠎ᠠ ᠦᠷᠨᠢᠬᠦᠯᠵᠡᠢ
2020-04-26 17:12:49
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


   ᠦᠢᠷ᠎ᠠ᠎ᠶ᠋ᠢᠨ ᠵᠢᠯ᠎ᠠᠴᠠ ᠨᠠᠭᠠᠰᠢ᠂ ᠣᠷᠳᠣᠰ ᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶᠠᠨ᠎ᠤ ᠺᠦᠩ ᠭᠠᠩ ᠬᠤᠪᠢᠶᠠᠷᠢ ᠲᠣᠪᠴᠢᠶ᠎ᠠ᠎ᠶ᠋ᠢᠨ᠎ᠬᠢᠨ ᠳᠣᠲᠣᠭᠠᠳᠤ᠎ᠶ᠋ᠢ ᠬᠠᠮᠠᠭᠠᠯᠠᠬᠤ ᠠᠵᠢᠯ᠎ᠤᠨ ᠪᠣᠳᠠᠲᠤ ᠪᠠᠢᠳᠠᠯ ᠪᠠ ᠬᠡᠷᠡᠭ ᠭᠠᠷᠬᠤ ᠬᠠᠨᠳᠤᠰᠢ᠎ᠲᠠᠢ᠎ᠪᠠᠨ ᠤᠶᠠᠯᠳᠤᠭᠤᠯᠤᠨ᠂ ᠤᠬᠠᠭᠤᠯᠬᠤ ᠠᠵᠢᠯ᠎ᠤᠨ ᠲᠥᠰᠦᠯ᠎ᠢ ᠲᠣᠭ᠍ᠲᠠᠭᠠᠨ ᠨᠡᠢᠲᠡᠯᠡᠵᠦ᠍᠂ ᠴᠠᠬᠢᠯᠭᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠠᠴᠠ ᠰᠡᠷᠬᠡᠢᠯᠡᠬᠦ᠌ ᠤᠬᠠᠭᠤᠯᠭ᠎ᠠ᠎ᠶ᠋ᠢᠨ ᠠᠵᠢᠯ᠎ᠢ ᠪᠥᠬᠦ᠌ ᠲᠠᠯ᠎ᠠ᠎ᠪᠠᠷ ᠥᠷᠨᠢᠭᠦᠯᠪᠡ᠃
   ᠨᠢᠭᠡ᠎ᠳᠤ᠂ ᠠᠭᠤᠯᠭ᠎ᠠ᠎ᠶ᠋ᠢ ᠠᠮᠢᠳᠤᠯᠢᠭ ᠪᠣᠯᠭᠠᠪᠠ᠃ ᠰᠦᠯᠵᠢᠶᠡᠨ ᠳᠡᠭᠡᠷᠡᠬᠢ ᠵᠢᠭᠡᠯᠡᠯᠭᠡ᠂ ᠢᠲᠡᠭᠡᠮᠵᠢ᠎ᠶ᠋ᠢᠨ ᠺᠠᠷᠲ ᠡᠷᠡᠮᠡᠯᠵᠡᠯᠡᠬᠦ᠌ ᠮᠡᠬᠡᠯᠡᠯ᠂ ᠵᠢᠷᠬᠢᠶ᠎ᠡ᠎ᠶ᠋ᠢ ᠬᠤᠯᠠᠭᠠᠢᠯᠠᠬᠤ᠂ QQ ᠳ᠋ᠤᠭᠠᠷ᠎ᠤᠨ ᠮᠡᠬᠡᠯᠡᠯ ᠵᠡᠷᠭᠡ ᠴᠠᠬᠢᠯᠭᠠᠨ ᠬᠤᠯᠪᠣᠭᠠᠨ᠎ᠤ ᠮᠡᠬᠡᠯᠡᠯ᠎ᠤᠨ ᠠᠷᠭ᠎ᠠ ᠪᠠᠷᠢᠯ ᠪᠠ ᠰᠡᠷᠭᠡᠢᠯᠡᠬᠦ᠌ ᠠᠷᠭ᠎ᠠ ᠬᠡᠮᠵᠢᠶ᠎ᠡ᠎ᠪᠠᠷ ᠺᠠᠷᠲ᠋ᠣᠨ ᠣᠬᠤᠷ ᠹᠢᠯᠢᠮ ᠬᠢᠵᠥ᠍᠂ ᠰᠠᠨᠠᠭᠤᠯᠤᠮᠵᠢ᠎ᠶ᠋ᠢᠨ ᠦᠭᠡ ᠱᠢᠩᠬᠡᠬᠡᠨ ᠤᠬᠠᠭᠤᠯᠵᠠᠶ᠃ ᠬᠤᠶᠠᠷ᠎ᠲᠤ᠌᠂ ᠤᠬᠠᠭᠤᠯᠭ᠎ᠠ᠎ᠶ᠋ᠢ ᠪᠠᠢᠩᠭᠤᠵᠢᠭᠤᠯᠪᠠ᠃ ᠣᠷᠳᠣᠰ᠎ᠤᠨ ᠨᠢᠰᠭᠡᠯ᠎ᠤᠨ ᠪᠠᠭᠤᠳᠠᠯ᠎ᠤᠨ ᠬᠥᠮᠦᠰ᠎ᠤᠨ ᠤᠷᠤᠰᠴᠠ᠎ᠶ᠋ᠢᠨ ᠬᠡᠮᠵᠢᠶ᠎ᠡ ᠶᠡᠭᠡ ᠪᠠᠢᠳᠠᠯ᠎ᠳᠤ ᠴᠢᠭ᠌ᠯᠡᠬᠦᠯᠤᠨ᠂ LED ᠳᠡᠯᠭᠡᠴᠡ ᠳᠡᠭᠡᠷ᠎ᠡ᠎ᠨᠢ ᠡᠳᠤᠷ ᠪᠦᠷᠢ ᠮᠡᠬᠡᠯᠡᠯ᠎ᠠᠴᠠ ᠰᠡᠷᠭᠡᠢᠯᠡᠬᠦ᠌ ᠤᠬᠠᠭᠤᠯᠭ᠎ᠠ᠎ᠶ᠋ᠢᠨ ᠹᠢᠯᠢᠮ᠎ᠢ ᠨᠡᠪᠲᠡᠷᠡᠭᠦᠯᠵᠦ᠍᠂ ᠬᠤᠪᠢᠶᠠᠷᠢ ᠲᠣᠪᠴᠢᠶ᠎ᠠ᠎ᠶ᠋ᠢᠨ ᠵᠢᠷᠬᠢᠶ᠎ᠡ᠎ᠶ᠋ᠢᠨ ᠲᠠᠪᠴᠠᠩ ᠳᠡᠭᠡᠷ᠎ᠡ ᠰᠡᠷᠭᠡᠢᠯᠡᠯᠲᠡ᠎ᠶ᠋ᠢᠨ ᠮᠡᠳᠡᠭᠡ ᠵᠠᠩᠭᠢ᠎ᠶ᠋ᠢ ᠦᠷᠭᠦᠯᠵᠢᠯᠡᠨ ᠱᠢᠨᠡᠳᠭᠡᠵᠦ᠍᠂ ᠠᠶᠠᠨᠴᠢᠳ᠎ᠤᠨ ᠮᠡᠬᠡᠯᠡᠯ᠎ᠠᠴᠠ ᠰᠡᠷᠭᠡᠢᠯᠡᠬᠦ᠌ ᠴᠢᠳᠠᠪᠤᠷᠢ᠎ᠶ᠋ᠢ ᠪᠦᠲᠦᠮᠵᠢᠲᠡᠶ ᠳᠡᠭᠡᠭ᠌ᠰᠢᠯᠡᠭᠦᠯᠪᠡ᠃ ᠭᠤᠷᠪᠠ᠎ᠳᠤ᠂ ᠨᠠᠷᠢᠯᠢᠭ ᠣᠨᠣᠪᠴᠢᠲᠠᠢ᠎ᠪᠠᠷ ᠰᠤᠳᠤᠯᠤᠨ ᠮᠠᠭᠠᠳᠯᠠᠪᠠ᠃ ᠲᠣᠭ᠍ᠲᠠᠮᠠᠯ ᠬᠤᠭᠤᠴᠠᠭ᠎ᠠ᠎ᠲᠠᠢ᠎ᠪᠠᠷ ᠵᠥᠪᠳᠡᠯᠴᠡᠨ ᠰᠤᠳᠤᠯᠤᠨ ᠵᠥᠪᠳᠡᠯᠴᠡᠬᠦ᠌᠎ᠶ᠋ᠢ ᠥᠷᠨᠢᠭᠦᠯᠵᠦ᠍᠂ ᠡᠳᠦᠷ ᠲᠤᠲᠤᠮ᠎ᠤᠨ ᠠᠮᠤᠷ ᠲᠦᠪᠱᠢᠨ᠎ᠤ ᠰᠡᠷᠭᠡᠢᠯᠡᠯᠲᠡ᠎ᠳᠠᠬᠢ ᠭᠤᠤᠯᠳᠠᠯᠭ᠎ᠠ᠎ᠲᠠᠢ ᠬᠦᠴᠢᠷᠳᠡᠯ᠂ ᠠᠯᠳᠠᠰᠢ ᠳᠤᠲᠠᠭ᠍ᠳᠠᠯ᠎ᠤᠨ ᠲᠤᠬᠠᠶ ᠶᠠᠷᠢᠯᠴᠠᠨ ᠰᠤᠳᠤᠯᠤᠨ ᠵᠥᠪᠳᠡᠯᠴᠡᠬᠦ᠌᠎ᠶ᠋ᠢ ᠥᠷᠨᠢᠭᠦᠯᠵᠦ᠍᠂ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠴᠡᠭ ᠲᠣᠭ᠍ᠲᠠᠭᠠᠨ ᠥᠷᠨᠢᠭᠦᠯᠵᠦ᠍᠂ ᠮᠡᠬᠡᠯᠡᠯ᠎ᠠᠴᠠ ᠰᠡᠷᠭᠡᠢᠯᠡᠬᠦ᠌᠎ᠳᠤ ᠣᠷᠣᠯᠴᠠᠬᠤ ᠬᠡᠮᠵᠢᠶ᠎ᠡ ᠪᠣᠯᠤᠨ ᠤᠬᠠᠭᠤᠯᠭ᠎ᠠ᠎ᠶ᠋ᠢᠨ ᠬᠠᠮᠤᠷᠬᠤ ᠬᠡᠪᠴᠢᠶ᠎ᠡ᠎ᠶ᠋ᠢ ᠦᠨᠡᠨ ᠬᠦ᠌ ᠥᠷᠭᠡᠳᠭᠡᠪᠡ᠃ (ᠯᠢᠦ ᠵᠢᠩ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠴᠣᠷᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号