ᠮᠠᠨ᠎ᠤ ᠤᠷᠤᠨ᠎ᠳᠤ ᠤᠩᠱᠢᠯᠭ᠎ᠠ᠎ᠶ᠋ᠢᠨ ᠮᠠᠷᠠᠽᠤᠨ᠎ᠤ 《ᠡᠭᠦᠯᠡᠨ ᠳᠤᠪᠳᠤᠯᠤᠯᠳᠠ》 ᠶᠠᠪᠤᠬ᠍ᠳᠠᠪᠠ
2020-04-27 10:34:29
ᠵᠣᠬᠢᠶᠠᠭ᠍ᠴᠢ᠄
ᠪᠤᠤ ᠰᠠᠷᠠᠭᠤᠯ
ᠣᠩᠱᠢᠭ᠍ᠰᠠᠨ ᠣᠳᠠᠭ᠎ᠠ᠄
★★★☆☆

   4 ᠰᠠᠷ᠎ᠠ᠎ᠶ᠋ᠢᠨ 23 ᠎ᠤ ᠳᠡᠯᠡᠭᠡᠢ᠎ᠶ᠋ᠢᠨ ᠨᠤᠮ ᠤᠩᠱᠢᠬᠤ ᠡᠳᠤᠷ᠎ᠲᠤ ᠮᠠᠨ᠎ᠤ ᠤᠷᠤᠨ᠎ᠳᠤ ᠤᠯᠠᠨ ᠵᠦᠢᠯ᠎ᠤᠨ ᠬᠡᠯᠪᠡᠷᠢ᠎ᠶ᠋ᠢᠨ ᠨᠤᠮ ᠤᠩᠱᠢᠬᠤ ᠠᠵᠢᠯᠯᠠᠭ᠎ᠠ ᠶᠠᠪᠤᠭ᠍ᠳᠠᠵᠤ᠂ ᠨᠤᠮ ᠪᠢᠴᠢᠭ᠎ᠤᠨ ᠠᠷᠢᠭᠤᠨ ᠬᠤᠷ᠎ᠡ᠂ ᠨᠤᠮ ᠤᠩᠱᠢᠯᠭ᠎ᠠ᠎ᠶ᠋ᠢᠨ ᠢᠳᠡ ᠬᠦᠴᠦᠨ᠎ᠢ ᠤᠯᠨᠨ᠎ᠠ ᠳᠠᠮᠵᠢᠭᠤᠯᠤᠭ᠍ᠰᠠᠨ    ᠪᠠᠢᠨ᠎ᠠ᠃
    ᠬᠦᠬᠡᠬᠤᠳᠠ᠎ᠶ᠋ᠢᠨ ᠬᠤᠷᠢᠨ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠡᠷᠬᠢᠯᠡᠨ ᠶᠠᠪᠤᠭ᠍ᠳᠠᠭᠤᠯᠤᠭ᠍ᠰᠠᠨ 《ᠰᠤᠩᠭᠤᠳᠠᠭ ᠪᠦᠳᠦᠭᠡᠯ᠎ᠢ ᠠᠮᠳᠠᠷᠬᠠᠨ ᠨᠤᠮ᠎ᠤᠨ ᠬᠡᠱᠢᠭ᠎ᠢ ᠪᠠᠳᠠᠷᠠᠭᠤᠯᠤᠶ᠎ᠠ》 ᠬᠡᠮᠡᠬᠦ᠌ ᠠᠵᠢᠯᠯᠠᠭ᠎ᠠ᠎ᠨᠢ 《ᠤᠩᠱᠢᠯᠭ᠎ᠠ᠎ᠶ᠋ᠢᠨ ᠮᠠᠷᠠᠽᠤᠨ》 ᠎ᠤ ᠱᠢᠨ᠎ᠡ ᠬᠡᠯᠪᠡᠷᠢ᠎ᠪᠠᠷ ᠶᠠᠪᠤᠬ᠍ᠳᠠᠵᠤ᠂ ᠰᠦᠯᠵᠢᠶᠡᠨ ᠳᠡᠭᠡᠷ᠎ᠡ ᠪᠠ ᠠᠬᠤᠢ ᠳᠠᠯᠠᠪᠠᠢ᠎ᠶ᠋ᠢᠨ 1008 ᠪᠠᠭ᠍ᠰᠢ ᠰᠤᠷᠤᠭ᠍ᠴᠢ ᠤᠩᠱᠢᠨ ᠤᠷᠤᠯᠳᠤᠵᠤ᠂ ᠤᠩᠱᠢᠬᠤ ᠬᠤᠷᠳᠤᠴᠠ ᠪᠠ ᠠᠰᠠᠭᠤᠯᠳᠠ ᠬᠠᠷᠢᠭᠤᠯᠵᠤ ᠬᠤᠪᠢ ᠤᠯᠭᠤᠬᠤ ᠬᠡᠯᠪᠡᠷᠢ᠎ᠪᠠᠷ ᠳᠡᠷᠢᠭᠦᠨ ᠳᠡᠳ᠋᠎ᠢ ᠱᠢᠯᠭᠠᠷᠠᠭᠤᠯᠤᠭ᠍ᠰᠠᠨ ᠪᠠᠢᠨ᠎ᠠ᠃ ᠲᠤᠰ ᠠᠵᠢᠯᠯᠠᠭ᠎ᠠ᠎ᠨᠢ ᠦᠪᠡᠷᠳᠡᠭᠡᠨ ᠵᠠᠰᠠᠬᠤ ᠤᠷᠤᠨ᠎ᠤ 2020 ᠣᠨ᠎ᠤ ᠲᠠᠯ᠎ᠠ ᠨᠤᠲᠤᠭ᠎ᠤᠨ ᠤᠩᠱᠢᠯᠭ᠎ᠠ᠎ᠶ᠋ᠢᠨ ᠤᠯᠠᠷᠢᠯ᠎ᠳᠤ ᠰᠠᠭᠤᠷᠢᠯᠠᠵᠤ᠂ ᠮᠠᠨ᠎ᠤ ᠣᠷᠣᠨ᠎ᠤ ᠱᠢᠨ᠎ᠡ ᠴᠠᠭ ᠦᠶ᠎ᠡ᠎ᠶ᠋ᠢᠨ ᠪᠥᠬᠦ᠌ ᠠᠷᠠᠳ᠎ᠤᠨ ᠤᠩᠱᠢᠯᠭ᠎ᠠ᠎ᠶ᠋ᠢᠨ ᠠᠵᠢᠯᠯᠠᠭ᠎ᠠ᠎ᠶ᠋ᠢᠨ ᠰᠤᠷᠭᠠᠭᠤᠯᠢ᠎ᠶ᠋ᠢᠨ ᠬᠦᠷᠢᠶᠡᠨ᠎ᠳᠠᠬᠢ ᠬᠢᠯᠠᠰ ᠴᠡᠭ ᠪᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠳᠠᠭᠠᠨ ᠨᠤᠮ ᠪᠢᠴᠢᠭ᠎ᠤᠨ ᠦᠨᠦᠷ ᠬᠠᠩᠬᠤᠯᠤᠭᠤᠯᠤᠨ᠂ ᠨᠠᠩ ᠡᠯᠪᠡᠭ ᠪᠠᠶᠠᠯᠢᠭ ᠰᠣᠶᠣᠯ᠎ᠤᠨ ᠠᠭᠤᠷ ᠠᠮᠢᠰᠭᠤᠯ᠎ᠢ ᠪᠢᠯᠬᠠᠭᠤᠯᠬᠤ᠎ᠳᠤ ᠬᠦᠴᠦᠨ ᠨᠡᠮᠡᠷᠢᠯᠡᠪᠡ᠃
    ᠳᠡᠯᠡᠭᠡᠢ᠎ᠶ᠋ᠢᠨ ᠨᠤᠮ ᠤᠩᠱᠢᠬᠤ ᠡᠳᠤᠷ ᠪᠤᠯ 1995 ᠤᠨ᠎ᠤ 11 ᠰᠠᠷ᠎ᠠ᠎ᠶ᠋ᠢᠨ 15 ᠎ᠤ ᠡᠳᠤᠷ᠂ ᠤᠯᠠᠨ ᠤᠯᠤᠰ᠎ᠤᠨ ᠬᠤᠯᠪᠤᠭᠠᠳᠤ ᠪᠠᠢᠭᠤᠯᠭ᠎ᠠ᠎ᠠᠴᠠ ᠳᠤᠭ᠍ᠳᠠᠭᠠᠭ᠍ᠰᠠᠨ ᠳᠡᠯᠡᠭᠡᠢ᠎ᠶ᠋ᠢᠨ ᠴᠢᠨᠠᠷᠳᠠᠢ ᠠᠵᠢᠯᠯᠠᠭ᠎ᠠ ᠪᠠᠢᠵᠤ᠂ ᠳᠡᠯᠡᠭᠡᠢ᠎ᠶ᠋ᠢᠨ ᠠᠯᠳᠠᠷᠳᠤ ᠵᠤᠬᠢᠶᠠᠯᠴᠢ ᠱᠠᠺᠧᠰᠫᠧᠷ᠎ᠤᠨ ᠮᠡᠨᠳᠦᠯᠡᠭ᠌ᠰᠡᠨ ᠡᠳᠤᠷ ᠪᠤᠯᠬᠤ 4 ᠰᠠᠷ᠎ᠠ᠎ᠶ᠋ᠢᠨ 23 ᠎ᠤ ᠡᠳᠤᠷ᠎ᠲᠤ ᠳᠤᠬᠢᠷᠠᠭᠤᠯᠤᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号