《ᠨᠣᠮ᠎ᠠᠴᠠ ᠬᠥᠮᠦᠨ᠎ᠤ ᠠᠮᠢᠳᠤᠷᠠᠯ᠎ᠢ ᠣᠢᠯᠠᠭᠠᠬᠤ》 ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠭᠦᠯᠪᠡ
2020-04-27 10:34:20
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

    4 ᠰᠠᠷ᠎ᠠ᠎ᠶ᠋ᠢᠨ 23 ᠎ᠤ ᠡᠳᠦᠷ᠂ ᠥᠪᠥᠷ ᠮᠣᠩᠭᠤᠯ᠎ᠤᠨ ᠬᠢᠯᠢ᠎ᠪᠠᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠶᠡᠷᠦᠩᠬᠡᠶ ᠥᠷᠲᠡᠭᠡ᠎ᠶ᠋ᠢᠨ ᠡᠭᠡᠯᠵᠢᠯᠡᠨ ᠪᠣᠯᠪᠠᠰᠤᠷᠠᠭᠤᠯᠬᠤ ᠶᠡᠭᠡ ᠠᠩᠭᠢ 《ᠨᠤᠮ᠎ᠠᠴᠠ ᠬᠥᠮᠦᠨ᠎ᠤ ᠠᠮᠢᠳᠤᠷᠠᠯ᠎ᠢ ᠣᠢᠯᠠᠭᠠᠬᠤ》 ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃



    ᠥᠪᠥᠷ ᠮᠣᠩᠭᠤᠯ᠎ᠤᠨ ᠬᠢᠯᠢ᠎ᠪᠠᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠶᠡᠷᠦᠩᠬᠡᠶ ᠥᠷᠲᠡᠭᠡ᠎ᠶ᠋ᠢᠨ ᠡᠭᠡᠯᠵᠢᠯᠡᠨ ᠪᠤᠯᠪᠠᠰᠤᠷᠠᠭᠤᠯᠬᠤ ᠶᠡᠭᠡ ᠠᠩᠭᠢ ᠨᠣᠮ ᠤᠩᠱᠢᠬᠤ ᠲᠤᠰᠭᠠᠶ ᠦᠷᠦᠭᠡ ᠲᠤᠬᠢᠷᠠᠭᠤᠯᠵᠤ᠂ ᠪᠦᠬᠦ᠌ ᠠᠷᠠᠳ᠎ᠤᠨ ᠴᠠᠭ᠍ᠳᠠᠭᠠᠨ᠎ᠤ ᠨᠣᠮ ᠤᠩᠱᠢᠬᠤ ᠠᠵᠢᠯᠯᠠᠭ᠎ᠠ ᠥᠷᠨᠢᠭᠦᠯᠪᠠ᠃ ᠬᠥᠬᠡᠬᠤᠲᠠ᠎ᠶ᠋ᠢᠨ ᠨᠣᠮ᠎ᠤᠨ ᠰᠠᠩ᠎ᠲᠠᠢ ᠤᠷᠲᠤ ᠬᠤᠭᠤᠴᠠᠭ᠎ᠠ᠎ᠪᠠᠷ ᠬᠠᠮᠳᠣᠷᠠᠨ ᠠᠵᠢᠯᠯᠠᠬᠤ 《ᠬᠤᠨ ᠭᠠᠯᠠᠭᠤ》 ᠲᠦᠯᠦᠪᠵᠢᠭᠦᠯᠭᠡ ᠲᠤᠭ᠍ᠲᠠᠭᠠᠵᠤ᠂ ᠨᠣᠮ᠎ᠤᠨ ᠰᠠᠩ᠎ᠤᠨ ᠡᠬᠢ ᠪᠠᠶᠠᠯᠢᠭ᠎ᠲᠤ ᠲᠦᠱᠢᠭ᠌ᠯᠡᠨ 1000 ᠳᠡᠪᠲᠡᠷ ᠨᠣᠮ᠎ᠢ ᠲᠣᠭ᠍ᠲᠠᠭ᠍ᠰᠠᠨ ᠬᠤᠭᠤᠴᠠᠭ᠎ᠠ᠎ᠲᠠᠢ᠎ᠪᠠᠷ ᠱᠢᠨᠡᠳᠭᠡᠵᠦ᠍᠂ ᠰᠦᠶᠳᠭᠡᠯ ᠬᠤᠷᠢᠶᠠᠬᠤ ᠥᠬᠡᠶ᠎ᠪᠠᠷ ᠵᠢᠭᠡᠯᠡᠭᠦᠯᠬᠦ᠌ ᠡᠶ᠎ᠡ ᠵᠣᠬᠢᠴᠠᠯ᠎ᠲᠠᠢ ᠤᠩᠱᠢᠯᠭ᠎ᠠ᠎ᠶ᠋ᠢᠨ ᠠᠭᠤᠷ ᠠᠮᠢᠰᠭᠤᠯ᠎ᠢ ᠪᠣᠶ ᠪᠤᠯᠭᠠᠵᠤ᠂ ᠰᠠᠢᠨ ᠨᠣᠮ ᠲᠠᠨᠢᠯᠴᠠᠭᠤᠯᠬᠤ᠂ ᠨᠣᠮ ᠤᠩᠱᠢᠭ᠍ᠰᠠᠨ ᠲᠥᠷᠥᠭ᠌ᠳᠡᠯ᠎ᠢᠶᠠᠨ ᠬᠤᠪᠢᠶᠠᠯᠴᠠᠬᠤ ᠵᠡᠷᠭᠡ ᠢᠵᠢ ᠪᠦᠷᠢᠳᠦᠭ᠌ᠰᠡᠨ ᠠᠵᠢᠯᠯᠠᠭ᠎ᠠ ᠥᠷᠨᠢᠭᠦᠯᠬᠦ᠌᠎ᠪᠠᠷ ᠳᠣᠬᠢᠷᠠᠯᠴᠠᠵᠠᠢ᠃
    ᠠᠵᠢᠯᠯᠠᠭ᠎ᠠ ᠳᠡᠭᠡᠷ᠎ᠡ᠂ ᠲᠠᠨ᠎ᠠ ᠵᠡᠷᠭᠡ 3 ᠴᠠᠭ᠍ᠳᠠᠭ᠎ᠠ ᠬᠢᠵᠢᠭ᠎ᠤᠨ ᠪᠠᠢᠳᠠᠯ᠎ᠢᠶᠠᠷ ᠭᠠᠷᠤᠭ᠎ᠠ ᠪᠣᠯᠭᠠᠵᠤ᠂ ᠬᠠᠯᠠᠭᠤᠨ ᠳᠤᠯᠠᠭᠠᠨ ᠭᠡᠷ ᠪᠦᠯᠢ᠎ᠶ᠋ᠢᠨ ᠠᠮᠢᠳᠤᠷᠠᠯ᠂ ᠬᠠᠢᠷ᠎ᠠ ᠰᠡᠳᠭᠢᠯᠭᠡ᠎ᠶ᠋ᠢᠨ ᠳᠤᠮᠳᠠᠬᠢ ᠬᠠᠷᠢᠯᠴᠠᠨ ᠤᠢᠯᠠᠭᠠᠯᠴᠠᠬᠤ᠂ ᠠᠮᠢᠳᠤᠷᠠᠯ᠎ᠤᠨ ᠤᠯᠠᠨ ᠶᠠᠩᠵᠤᠲᠤ ᠴᠢᠨᠠᠷ ᠵᠡᠷᠭᠡ ᠲᠠᠯ᠎ᠠ᠎ᠪᠠᠷ ᠨᠣᠮ ᠣᠩᠱᠢᠭ᠍ᠰᠠᠨ ᠤᠯᠤᠯᠲᠠ ᠲᠦᠷᠦᠭ᠌ᠳᠡᠯ᠎ᠢᠶᠠᠨ ᠬᠤᠪᠢᠶᠠᠯᠴᠠᠵᠤ᠂ ᠲᠤᠬᠠᠢ᠎ᠶ᠋ᠢᠨ ᠲᠠᠯᠠᠪᠠᠢ᠎ᠶ᠋ᠢᠨ ᠠᠷᠠᠳ᠎ᠤᠨ ᠴᠠᠭ᠍ᠳᠠᠭ᠎ᠠ ᠨᠠᠷ᠎ᠤᠨ ᠦᠨᠳᠦᠷ ᠦᠨᠡᠯᠡᠯᠲᠡ᠎ᠶ᠋ᠢ ᠤᠯᠪᠠ᠃
          (ᠭᠡᠷᠡᠯ ᠵᠢᠷᠤᠭ᠎ᠢ ᠥᠪᠥᠷ ᠮᠣᠩᠭᠤᠯ᠎ᠤᠨ ᠬᠢᠯᠢ᠎ᠪᠠᠷ ᠤᠷᠤᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠱᠢᠯᠭᠠᠨ ᠪᠠᠢᠴᠠᠭᠠᠬᠤ ᠶᠡᠷᠦᠩᠬᠡᠢ ᠥᠷᠲᠡᠭᠡ᠎ᠶ᠋ᠢᠨ ᠡᠭᠡᠯᠵᠢᠯᠡᠨ ᠪᠣᠯᠪᠠᠰᠤᠷᠠᠬᠤ ᠶᠡᠭᠡ ᠠᠩᠭᠢ ᠬᠠᠨᠭ᠌ᠭᠠᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号