ᠦᠪᠦᠷ ᠮᠤᠩᠭᠤᠯ᠎ᠤᠨ ᠦᠨᠳᠦᠰᠦᠲᠡᠨ᠎ᠤ ᠤᠷᠠᠯᠢᠭ ᠵᠦᠴᠦᠭᠡ᠎ᠶ᠋ᠢᠨ ᠬᠦᠷᠢᠶᠡᠯᠡᠩ ᠳᠤᠭ᠍ᠯᠠᠯᠳᠠ᠎ᠪᠠᠨ ᠰᠡᠷᠭᠦᠭᠡᠬᠦ᠌᠎ᠳᠤ ᠪᠡᠯᠡᠭᠡᠨ ᠪᠤᠯᠤᠯ᠎ᠠ
2020-04-28 17:15:14
ᠵᠣᠬᠢᠶᠠᠭ᠍ᠴᠢ᠄
ᠪᠤᠤ ᠰᠠᠷᠠᠭᠤᠯ
ᠣᠩᠱᠢᠭ᠍ᠰᠠᠨ ᠣᠳᠠᠭ᠎ᠠ᠄
★★★☆☆


   4 ᠰᠠᠷ᠎ᠠ᠎ᠶ᠋ᠢᠨ 23 ᠎ᠤ ᠦᠳᠡ᠎ᠶ᠋ᠢᠨ ᠡᠮᠦᠨ᠎ᠡ᠂ ᠰᠤᠷᠪᠤᠯᠵᠢᠯᠠᠭ᠍ᠴᠢ ᠦᠪᠡᠷᠳᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠳᠢᠩᠬᠢᠮ᠎ᠠᠴᠠ ᠤᠢ᠍ᠢᠯᠠᠭᠠᠭ᠍ᠰᠠᠨ᠎ᠢᠶᠠᠷ᠂ ᠦᠪᠦᠷ ᠮᠤᠩᠭᠤᠯ᠎ᠤᠨ ᠦᠨᠳᠦᠰᠦᠲᠡᠨ᠎ᠤ ᠤᠷᠠᠯᠢᠭ ᠵᠦᠴᠦᠭᠡ᠎ᠶ᠋ᠢᠨ ᠬᠦᠷᠢᠶᠡᠯᠡᠩ ᠠᠵᠢᠯ᠎ᠢᠶᠠᠨ ᠰᠡᠷᠭᠦᠭᠡᠵᠤ ᠦᠢᠯᠡᠳᠪᠦᠷᠢᠯᠡᠯ᠎ᠢᠶᠠᠨ ᠰᠡᠷᠭᠦᠭᠡᠬᠦ᠌ ᠠᠵᠢᠯ᠎ᠤᠨ ᠱᠠᠭᠠᠷᠳᠠᠯᠭ᠎ᠠ ᠪᠠ ᠠᠮᠤᠷ ᠲᠦᠪᠱᠢᠨ ᠦᠢᠯᠡᠳᠪᠦᠷᠢᠯᠠᠯ ᠡᠵᠡᠩᠨᠡᠯᠳᠡ᠎ᠶ᠋ᠢᠨ ᠱᠠᠭᠠᠷᠳᠠᠯᠭ᠎ᠠ ᠶᠤᠰᠤᠭᠠᠷ᠂ ᠦᠪᠦᠷ ᠮᠤᠩᠭᠤᠯ᠎ᠤᠨ ᠦᠨᠳᠦᠰᠦᠲᠡᠨ᠎ᠤ ᠤᠷᠠᠯᠢᠭ ᠵᠦᠴᠦᠭᠡ᠎ᠶ᠋ᠢᠨ ᠬᠦᠷᠢᠶᠡᠯᠡᠩ᠎ᠤᠨ ᠳᠠᠭᠤᠤ ᠬᠦᠭ᠌ᠵᠢᠮ᠎ᠤᠨ ᠲᠢᠩᠬᠢᠮ᠂ ᠤᠯᠠᠭᠠᠨ ᠲᠢᠶᠠᠲᠷ᠂ ᠦᠯᠢᠭᠡᠷ᠎ᠤᠨ ᠤᠷᠳᠤᠨ ᠵᠡᠷᠭᠡ ᠭᠤᠷᠪᠠᠨ ᠵᠦᠴᠦᠭᠡ᠎ᠶ᠋ᠢᠨ ᠤᠷᠳᠤᠨ᠎ᠢ ᠪᠦᠬᠦ᠌ ᠳᠠᠯ᠎ᠠ᠎ᠶ᠋ᠢᠨ ᠪᠠᠢᠴᠠᠭᠠᠨ ᠵᠠᠰᠠᠵᠤ᠂ ᠪᠦᠬᠦ᠌ ᠳᠠᠯ᠎ᠠ᠎ᠪᠠᠷ ᠠᠷᠢᠭᠤᠳᠭᠠᠨ ᠳᠤᠭ᠍ᠯᠠᠯᠳᠠ᠎ᠪᠠᠨ ᠰᠡᠷᠬᠦᠬᠡᠬᠦ᠌ ᠪᠡᠯᠡᠳᠭᠡᠯ ᠠᠵᠢᠯ᠎ᠢᠶᠠᠨ ᠤᠷᠤᠭ᠍ᠰᠢᠳᠠᠢ ᠠᠬᠢᠭᠤᠯᠵᠦ᠍ ᠪᠠᠢᠨ᠎ᠠ᠃
   ᠬᠢᠵᠢᠭ᠎ᠤᠨ ᠬᠤᠭᠤᠴᠠᠭᠠᠨ᠎ᠳᠤ᠂ ᠦᠪᠦᠷ ᠮᠤᠩᠭᠤᠯ᠎ᠤᠨ ᠦᠨᠳᠦᠰᠦᠲᠡᠨ᠎ᠤ ᠤᠷᠠᠯᠢᠭ ᠵᠦᠴᠦᠭᠡ᠎ᠶ᠋ᠢᠨ ᠬᠦᠷᠢᠶᠡᠯᠡᠩ 2020 ᠤᠨ᠎ᠤ ᠭᠤᠤᠯᠳᠠᠯᠭᠠᠳᠤ ᠲᠤᠭ᠍ᠯᠠᠯᠳᠠ᠎ᠳᠠᠭᠠᠨ ᠱᠢᠨ᠎ᠡ ᠲᠤᠬᠢᠷᠠᠭᠤᠯᠤᠯᠳᠠ ᠬᠢᠵᠤ᠂ ᠳᠤᠭ᠍ᠯᠠᠯᠳᠠ᠎ᠶ᠋ᠢᠨ ᠲᠤᠭ᠎ᠠ ᠬᠡᠮᠵᠢᠶ᠎ᠡ ᠬᠢᠬᠡᠳ ᠴᠢᠨᠠᠷ᠎ᠢ ᠪᠠᠳᠤᠯᠠᠬᠤ᠎ᠪᠠᠷ ᠵᠤᠷᠢᠪᠠ᠃ ᠡᠭᠦᠨ᠎ᠳᠤ 《ᠠᠷᠪᠠᠨ ᠳᠤᠯᠤᠳᠤᠭᠠᠷ ᠬᠤᠭᠤᠴᠠᠭᠠᠨ᠎ᠤ ᠲᠤᠮᠳᠠᠳᠤ ᠤᠯᠤᠰ · ᠳᠠᠯ᠎ᠠ ᠨᠤᠳᠤᠭ᠎ᠤᠨ ᠰᠤᠶᠤᠯ᠎ᠤᠨ ᠨᠠᠢᠷ》 ᠎ᠤᠨ ᠱᠢᠷᠢᠰ ᠲᠤᠭ᠍ᠯᠠᠯᠳᠠ᠂ 《ᠬᠤᠷᠢᠨ ᠬᠤᠶᠠᠳᠤᠭᠠᠷ ᠬᠤᠭᠤᠴᠠᠭᠠᠨ᠎ᠤ ᠳᠤᠮᠳᠠᠳᠤ ᠤᠯᠤᠰ ᠱᠠᠩᠬᠠᠢ᠎ᠶ᠋ᠢᠨ ᠤᠯᠠᠨ ᠤᠯᠤᠰ᠎ᠤᠨ ᠤᠷᠠᠯᠢᠭ᠎ᠤᠨ ᠨᠠᠢᠷ᠎ᠤᠨ ᠦᠪᠦᠷ ᠮᠤᠩᠭᠤᠯ᠎ᠤᠨ ᠬᠤᠪᠢᠶᠠᠷᠢ ᠳᠠᠯᠠᠪᠠᠢ》 ᠎ᠶ᠋ᠢᠨ ᠰᠤᠩᠭᠤᠳᠠᠭ ᠵᠦᠴᠦᠭᠡ 《ᠤᠷᠠᠨ ᠠᠷᠭ᠎ᠠ᠎ᠪᠠᠷ ᠸᠧᠢ ᠬᠤᠤ ᠱᠠᠨ ᠠᠭᠤᠯᠠ᠎ᠶ᠋ᠢ ᠡᠵᠡᠯᠡᠭ᠌ᠰᠡᠨ》᠂ ᠱᠠᠩᠬᠠᠢ᠎ᠶ᠋ᠢᠨ ᠪᠠᠯᠧᠲ ᠪᠦᠵᠢᠭ᠎ᠤᠨ ᠪᠦᠯᠬᠦᠮ᠎ᠤᠨ ᠰᠤᠩᠭᠤᠳᠠᠭ ᠪᠦᠳᠦᠭᠡᠯ 《ᠪᠤᠭᠤᠷᠤᠯ ᠬᠡᠦᠭᠡᠨ》᠂ ᠱᠢᠨ᠎ᠡ ᠵᠦᠴᠦᠭᠡ 《ᠴᠠᠢ᠎ᠶ᠋ᠢᠨ ᠴᠡᠴᠡᠭ᠌ᠳᠦ ᠠᠪᠠᠭ᠍ᠠᠢ》 ᠵᠢᠴᠢ ᠦᠯᠢᠭᠡᠷ ᠤᠷᠠᠯᠢᠭ᠎ᠤᠨ ᠤᠷᠳᠤᠨ᠎ᠤ 《ᠮᠤᠩᠭᠤᠯ ᠦᠨᠳᠦᠰᠦᠲᠡᠨ᠎ᠤ ᠤᠯᠠᠮᠵᠢᠯᠠᠯᠳᠤ ᠳᠠᠭᠤᠤᠷᠢᠯᠢᠭ》᠂ 2020 ᠤᠨ᠎ᠤ ᠱᠢᠮᠫᠤᠨᠢ ᠬᠦᠭ᠌ᠵᠢᠮ᠎ᠤᠨ ᠨᠠᠢᠷ᠂ ᠳᠠᠯ᠎ᠠ ᠨᠤᠳᠤᠭ᠎ᠤᠨ ᠰᠤᠶᠤᠯ ᠤᠷᠠᠯᠢᠭ᠎ᠤᠨ ᠳᠤᠭ᠍ᠯᠠᠯᠳᠠ᠂ ᠳᠠᠯ᠎ᠠ ᠨᠤᠳᠤᠭ᠎ᠤᠨ ᠳᠠᠭᠤᠤ ᠬᠦᠭ᠌ᠵᠢᠮ᠎ᠤᠨ ᠭᠠᠷᠠᠭ᠎ᠤᠨ ᠰᠡᠭᠦᠯᠴᠢ᠎ᠶ᠋ᠢᠨ ᠲᠤᠰᠭᠠᠢ ᠳᠤᠭ᠍ᠯᠠᠯᠳᠠ᠂ 《ᠤᠨᠢᠨ ᠳᠡᠭᠡᠷ᠎ᠡ᠎ᠨᠢ ᠶᠠᠳᠠᠭᠤ᠎ᠠᠴᠠ ᠠᠩᠬᠢᠵᠢᠷᠠᠭᠤᠯᠬᠤ》 ᠰᠤᠶᠤᠯ᠎ᠢᠶᠠᠷ ᠠᠷᠠᠳ᠎ᠲᠤ ᠠᠱᠢᠭ ᠬᠦᠷᠳᠡᠭᠡᠬᠦ᠌ ᠳᠤᠰᠭᠠᠢ ᠳᠤᠭ᠍ᠯᠠᠯᠳᠠ᠂ 《ᠳᠤᠮᠳᠠᠳᠤ᠎ᠶ᠋ᠢᠨ ᠵᠡᠭᠦᠳᠦ》 ᠲᠤᠰᠭᠠᠢ ᠳᠠᠯᠠᠪᠠᠢ ᠳᠤᠭ᠍ᠯᠠᠯᠳᠠ᠂ ᠦᠪᠦᠷ ᠮᠤᠩᠭᠤᠯ᠎ᠤᠨ ᠦᠨᠳᠦᠰᠦᠲᠡᠨ᠎ᠤ ᠤᠷᠠᠯᠢᠭ ᠵᠦᠴᠦᠭᠡ᠎ᠶ᠋ᠢᠨ ᠬᠦᠷᠢᠶᠡᠯᠡᠩ᠎ᠤᠨ ᠠᠷᠠᠳ᠎ᠤᠨ ᠬᠦᠭ᠌ᠵᠢᠮ᠎ᠤᠨ ᠱᠢᠨ᠎ᠡ ᠤᠨ᠎ᠤ ᠳᠠᠭᠤᠤ ᠬᠦᠭ᠌ᠵᠢᠮ᠎ᠤᠨ ᠳᠤᠭ᠍ᠯᠠᠯᠳᠠ᠂ ᠦᠪᠦᠷ ᠮᠤᠩᠭᠤᠯ᠎ᠤᠨ ᠦᠨᠳᠦᠰᠦᠲᠡᠨ᠎ᠤ ᠤᠷᠠᠯᠢᠭ ᠵᠦᠴᠦᠭᠡ᠎ᠶ᠋ᠢᠨ ᠬᠦᠷᠢᠶᠡᠯᠡᠩ᠎ᠤᠨ ᠱᠢᠮᠫᠤᠨᠢ ᠬᠦᠭ᠌ᠵᠢᠮ᠎ᠤᠨ ᠱᠢᠨ᠎ᠡ ᠤᠨ᠎ᠤ ᠳᠤᠭ᠍ᠯᠠᠯᠳᠠ ᠵᠡᠷᠭᠡ᠎ᠪᠠᠷ ᠠᠷᠠᠳ ᠤᠯᠠᠨ᠎ᠢᠶᠠᠨ ᠪᠠᠶᠠᠰᠭᠠᠨ᠂ ᠰᠤᠶᠤᠯ᠎ᠤᠨ ᠠᠮᠢᠳᠤᠷᠠᠯ᠎ᠢ᠎ᠨᠢ ᠪᠠᠶᠠᠯᠢᠭ᠍ᠵᠢᠭᠤᠯᠤᠨ᠂ ᠶᠡᠷᠦ᠍ ᠪᠤᠰᠤ᠎ᠶ᠋ᠢᠨ 2020 ᠤᠨ᠎ᠳᠤ ᠤᠷᠠᠨ ᠰᠠᠢᠬᠠᠨ᠎ᠤ ᠠᠭᠤᠷ ᠠᠮᠢᠰᠭᠤᠯ᠎ᠢ ᠪᠦᠷᠢᠯᠳᠦᠭᠦᠯᠵᠤ ᠦᠭ᠌ᠬᠦ᠎ᠪᠠᠷ ᠪᠡᠯᠡᠭᠡᠨ ᠪᠤᠯᠤᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠴᠣᠷᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号