《5 · 1》 ᠎ᠤ ᠠᠮᠷᠠᠯᠳᠠ᠎ᠶ᠋ᠢᠨ ᠬᠤᠭᠤᠴᠠᠭᠠᠨ᠎ᠳᠤ ᠡᠯ᠎ᠠ ᠭᠠᠵᠠᠷ᠎ᠤᠨ ᠦᠵᠡᠮᠵᠢ᠎ᠶ᠋ᠢᠨ ᠤᠷᠤᠨ᠎ᠢ ᠠᠮᠤᠷ ᠲᠦᠪᠱᠢᠨ ᠡᠮᠬᠢ ᠵᠢᠷᠤᠮ᠎ᠲᠠᠢ ᠨᠡᠭᠡᠭᠡᠨ᠎ᠡ
2020-04-30 18:07:46
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

    ᠲᠦᠪ᠎ᠤᠨ ᠤᠬᠠᠭᠤᠯᠬᠤ ᠬᠡᠯᠳᠡᠰ᠂ ᠰᠤᠶᠤᠯ ᠪᠠ ᠵᠢᠭᠤᠯᠴᠢᠯᠠᠯ᠎ᠤᠨ ᠶᠠᠮᠤᠨ 27 ᠎ᠤ ᠡᠳᠤᠷ 2020 ᠤᠨ᠎ᠤ 《5 · 1》 ᠎ᠤ ᠠᠮᠠᠷᠠᠯᠳᠠ᠎ᠶ᠋ᠢᠨ ᠬᠤᠭᠤᠴᠠᠭᠠᠨ᠎ᠤ ᠵᠢᠭᠤᠯᠴᠢᠯᠠᠯ᠎ᠤᠨ ᠦᠵᠡᠮᠵᠢ᠎ᠶ᠋ᠢᠨ ᠤᠷᠤᠨ᠎ᠢ ᠨᠡᠬᠡᠬᠡᠬᠦ᠌ ᠬᠠᠮᠢᠶᠠᠷᠤᠯᠳᠠ᠎ᠶ᠋ᠢᠨ ᠠᠵᠢᠯ᠎ᠤᠨ ᠲᠧᠯᠸᠢᠰ ᠤᠳᠠᠰᠤ ᠬᠤᠷᠠᠯ ᠬᠤᠷᠠᠯᠳᠤᠭᠤᠯᠵᠤ᠂ ᠡᠯ᠎ᠠ ᠭᠠᠵᠠᠷ᠎ᠤᠨ᠎ᠬᠢᠨ ᠵᠢᠭᠤᠯᠴᠢᠯᠠᠯ᠎ᠤᠨ ᠦᠵᠡᠮᠵᠢ᠎ᠶ᠋ᠢᠨ ᠤᠷᠤᠨ᠎ᠤ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠪᠠ ᠠᠮᠤᠷ ᠲᠦᠪᠱᠢᠨ ᠡᠮᠬᠢ ᠵᠢᠷᠤᠮ᠎ᠲᠠᠢ ᠨᠡᠬᠡᠬᠡᠬᠦ᠌ ᠠᠵᠢᠯ᠎ᠢ ᠦᠨᠡᠨ ᠬᠦ᠌ ᠰᠠᠢᠳᠤᠷ ᠬᠢᠵᠤ᠂ ᠠᠷᠠᠳ ᠤᠯᠠᠨ᠎ᠤ ᠠᠮᠠᠷᠠᠯᠳᠠ᠎ᠶ᠋ᠢᠨ ᠬᠤᠭᠤᠴᠠᠭᠠᠨ᠎ᠳᠠᠬᠢ ᠵᠢᠭᠤᠯᠴᠢᠯᠠᠯ᠎ᠤᠨ ᠭᠡᠷᠡᠭ᠌ᠴᠡᠭᠡ ᠪᠤᠯᠤᠨ ᠦᠵᠡᠮᠵᠢ᠎ᠶ᠋ᠢᠨ ᠤᠷᠤᠨ᠎ᠤ ᠬᠠᠮᠢᠶᠠᠷᠤᠯᠳᠠ᠎ᠶ᠋ᠢᠨ ᠠᠵᠢᠯ᠎ᠤᠨ ᠱᠢᠨ᠎ᠠ ᠬᠦᠰᠡᠯ ᠱᠠᠭᠠᠷᠳᠠᠯᠭ᠎ᠠ᠎ᠶ᠋ᠢ ᠨᠡᠩ ᠰᠠᠢᠨ ᠬᠠᠩᠭᠠᠬᠤ ᠭᠡᠷᠡᠭ᠌ᠳᠠᠢ ᠬᠡᠵᠤ ᠵᠢᠭᠠᠵᠤ ᠭᠠᠷᠭᠠᠪᠠ᠃
    ᠬᠤᠷᠠᠯ᠎ᠠᠴᠠ᠂ ᠡᠯ᠎ᠠ ᠱᠠᠳᠤᠨ᠎ᠤ ᠤᠬᠠᠭᠤᠯᠭ᠎ᠠ᠂ ᠰᠤᠶᠤᠯ ᠪᠠ ᠵᠢᠭᠤᠯᠴᠢᠯᠠᠯ᠎ᠤᠨ ᠰᠠᠯᠠᠭ᠎ᠠ ᠮᠦᠴᠢᠷ᠎ᠤᠨ᠎ᠬᠢᠨ ᠶᠡᠭᠡ ᠲᠠᠯ᠎ᠠ᠎ᠶ᠋ᠢᠨ ᠤᠬᠠᠮᠰᠠᠷ ᠪᠤᠯᠤᠨ ᠬᠤᠷᠢᠭ᠎ᠠ ᠱᠤᠭᠤᠮ᠎ᠤᠨ ᠰᠡᠳᠭᠢᠬᠦᠢ᠎ᠪᠠᠨ ᠡᠷᠴᠢᠮᠵᠢᠬᠦᠯᠵᠦ᠍᠂ ᠵᠢᠭᠤᠯᠴᠢᠯᠠᠯ᠎ᠤᠨ ᠦᠵᠡᠮᠵᠢ᠎ᠶ᠋ᠢᠨ ᠤᠷᠤᠨ᠎ᠢ ᠨᠡᠬᠡᠬᠡᠬᠦ᠌ ᠬᠠᠮᠢᠶᠠᠷᠤᠯᠳᠠ᠎ᠶ᠋ᠢᠨ ᠡᠯ᠎ᠠ ᠵᠦᠢᠯ᠎ᠤᠨ ᠠᠵᠢᠯ᠎ᠢ ᠦᠨᠡᠨ ᠬᠦ᠌ ᠪᠤᠳᠠᠳᠠᠢ ᠠᠳᠭᠤᠬᠤ ᠭᠡᠷᠡᠭ᠌ᠳᠠᠢ᠃ ᠰᠡᠷᠬᠡᠢᠯᠡᠨ ᠡᠵᠡᠮᠳᠡᠬᠦ᠌᠎ᠶ᠋ᠢ ᠤᠷᠢᠳ᠎ᠢᠶᠠᠷ ᠪᠤᠳᠤᠯᠬᠢᠯᠠᠬᠤ᠎ᠶ᠋ᠢ ᠪᠠᠷᠢᠮᠳᠠᠯᠠᠵᠦ᠍᠂ ᠡᠮᠬᠢ ᠵᠢᠷᠤᠮ᠎ᠲᠠᠢ ᠨᠡᠬᠡᠬᠡᠬᠦ᠌᠎ᠶ᠋ᠢ ᠪᠠᠳᠤᠯᠠᠬᠤ ᠭᠡᠷᠡᠭ᠌ᠳᠠᠢ; ᠵᠢᠭᠤᠯᠴᠢᠯᠠᠬ᠍ᠰᠠᠳ᠎ᠤᠨ ᠲᠤᠭ᠎ᠠ ᠭᠡᠮᠵᠢᠶ᠎ᠠ᠎ᠶ᠋ᠢ ᠬᠠᠮᠢᠶᠠᠷᠤᠨ ᠡᠵᠡᠮᠳᠡᠵᠦ᠍᠂ ᠦᠵᠡᠮᠵᠢ᠎ᠶ᠋ᠢᠨ ᠤᠷᠤᠨ᠎ᠤ ᠡᠬᠦᠳᠠ᠂ ᠭᠤᠤᠯᠳᠠᠯᠭ᠎ᠠ᠎ᠲᠠᠢ ᠵᠢᠭᠤᠯᠴᠢᠯᠠᠯ᠎ᠤᠨ ᠴᠡᠭ ᠵᠡᠷᠬᠡ ᠭᠤᠤᠯᠳᠠᠯᠭ᠎ᠠ᠎ᠲᠠᠢ ᠤᠷᠤᠨ ᠪᠦᠰᠠ ᠪᠤᠯᠤᠨ ᠭᠤᠤᠯᠳᠠᠯᠭ᠎ᠠ᠎ᠲᠠᠢ ᠴᠡᠭ᠎ᠤᠨ ᠬᠠᠮᠢᠶᠠᠷᠤᠯᠳᠠ᠎ᠶ᠋ᠢ ᠴᠢᠩᠭᠠᠳᠭᠠᠵᠤ᠂ ᠬᠦᠮᠦᠨ ᠬᠠᠷ᠎ᠠ ᠬᠡᠳᠦ ᠬᠤᠷᠠᠨ ᠴᠤᠬ᠍ᠯᠠᠷᠠᠬᠤ᠎ᠶ᠋ᠢ ᠴᠢᠩᠭ᠎ᠠ ᠰᠡᠷᠭᠡᠢᠯᠡᠬᠦ᠌ ᠭᠡᠷᠡᠭ᠌ᠳᠠᠢ ᠬᠡᠵᠤ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号