ᠪᠠᠢᠭᠤᠯᠤᠯ᠎ᠤᠨ ᠲᠠᠪᠠᠭᠤᠯᠢᠭ᠎ᠲᠤ ᠰᠠᠭᠤᠷᠢᠯᠠᠭ᠍ᠰᠠᠨ ᠪᠦᠷᠢᠨ ᠢᠯᠠᠯᠳᠠ᠎ᠶ᠋ᠢᠨ ᠬᠠᠨᠤᠮᠵᠢᠳᠠᠢ ᠬᠠᠭᠤᠳᠠᠰᠤ
2020-05-01 11:51:07
ᠵᠣᠬᠢᠶᠠᠭ᠍ᠴᠢ᠄
ᠪᠤᠤ ᠨᠠᠷᠠᠨᠳᠤᠶᠠᠭ᠎ᠠ
ᠣᠩᠱᠢᠭ᠍ᠰᠠᠨ ᠣᠳᠠᠭ᠎ᠠ᠄
★★★☆☆

             — ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠪᠠᠢᠭᠤᠯᠤᠭ᠍ᠳᠠᠭ᠍ᠰᠠᠨ
                  ᠲᠤᠷᠠᠰᠭᠠᠯ   ᠎ᠤᠨ    ᠡᠳᠦᠷ   ᠎ᠲᠤ    ᠵᠤᠷᠢᠭᠤᠯᠪᠠ     (ᠬᠤᠶᠠᠷ)
     2020 ᠤᠨ᠎ᠤ ᠡᠭᠢᠨ᠎ᠠᠴᠠ ᠪᠦᠬᠦ᠌ ᠲᠠᠯᠡᠭᠡᠢ᠎ᠶ᠋ᠢ ᠬᠠᠮᠤᠷᠤᠭ᠍ᠰᠠᠨ ᠱᠢᠨ᠎ᠠ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠭᠦ᠌ ᠬᠤᠷᠢᠠᠠᠯᠠᠯᠳᠠ᠎ᠶ᠋ᠢᠨ ᠲᠠᠢᠯᠠᠯᠳᠤᠭᠠᠨ᠎ᠤ ᠲᠤᠮᠳᠠ ᠢᠯᠡᠷᠡᠭᠦᠯᠦᠭ᠌ᠰᠡᠨ ᠲᠤᠮᠳᠠᠳᠤ ᠤᠯᠤᠰ᠎ᠤᠨ ᠬᠤᠷᠳᠤᠴᠠ᠂ ᠲᠤᠮᠳᠠᠳᠤ ᠤᠯᠤᠰ᠎ᠤᠨ ᠦᠷ᠎ᠠ ᠪᠦᠳᠦᠮᠵᠢ᠂ ᠲᠤᠮᠳᠠᠳᠤ ᠤᠯᠤᠰ᠎ᠤᠨ ᠬᠦᠴᠦᠨ ᠴᠢᠳᠠᠯ ᠪᠤᠯᠤᠨ ᠲᠤᠮᠳᠠᠳᠤ ᠤᠯᠤᠰ᠎ᠤᠨ ᠤᠶᠤᠨ ᠤᠬᠠᠭᠠᠨ ᠪᠤᠯ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮᠳᠤ ᠪᠠᠢᠭᠤᠯᠤᠯ᠎ᠤᠨ ᠬᠦᠴᠦᠷᠭᠡᠭ ᠶᠡᠭᠡ ᠲᠠᠪᠠᠭᠤᠯᠢᠭ ᠴᠢᠨᠠᠷ᠎ᠤᠨ ᠦᠵᠡᠭ᠌ᠳᠡᠵᠦ᠍ ᠬᠠᠷᠠᠭ᠍ᠳᠠᠮ᠎ᠠ ᠭᠡᠷᠡᠴᠢ! ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ 7 ᠵᠢᠯ ᠲᠠᠷᠠᠭᠠᠯᠠᠨ ᠵᠢᠯ ᠪᠦᠷᠢ 1000 ᠭᠠᠷᠤᠢ ᠲᠦᠮᠡᠨ ᠬᠦᠮᠦᠨ᠎ᠢ ᠶᠠᠳᠠᠭᠤ᠎ᠠᠴᠠ ᠠᠩᠬᠢᠵᠢᠷᠠᠭᠤᠯᠵᠤ᠂ ᠪᠦᠬᠦ᠌ ᠪᠦᠮᠪᠦᠷᠴᠡᠭ᠎ᠤᠨ ᠶᠠᠳᠠᠭᠤ᠎ᠶ᠋ᠢ ᠪᠠᠭᠠᠰᠭᠠᠬᠤ ᠦᠢᠯᠡᠰ᠎ᠲᠤ ᠲᠤᠮᠳᠠᠳᠤ᠎ᠶ᠋ᠢᠨ ᠤᠶᠤᠨ ᠤᠬᠠᠭᠠᠨ ᠪᠤᠯᠤᠨ ᠲᠤᠮᠳᠠᠳᠤ᠎ᠶ᠋ᠢᠨ ᠲᠦᠰᠦᠯ᠎ᠢ ᠬᠠᠩᠭᠠᠵᠤ ᠴᠢᠳᠠᠭ᠍ᠰᠠᠨ᠎ᠨᠢ ᠨᠡᠢᠭᠡᠮ ᠵᠢᠷᠤᠮᠳᠤ ᠪᠠᠢᠭᠤᠯᠤᠯ᠎ᠤᠨ ᠲᠠᠪᠠᠭᠤᠯᠢᠭ ᠴᠢᠨᠠᠷ᠎ᠤᠨ ᠭᠦᠨᠵᠡᠭᠡᠢ ᠢᠯᠡᠷᠡᠯ ᠁
     ᠦᠨᠳᠦᠰᠦᠳᠡᠨ᠎ᠤ ᠤᠷᠤᠨ᠎ᠤ ᠦᠪᠡᠷᠳᠡᠭᠡᠨ ᠵᠠᠰᠠᠬᠤ ᠪᠠᠢᠭᠤᠯᠤᠯ᠎ᠨᠢ ᠮᠠᠨ᠎ᠤ ᠤᠯᠤᠰ᠎ᠤᠨ ᠦᠨᠳᠦᠰᠦᠳᠡᠨ᠎ᠤ ᠠᠰᠠᠭᠤᠳᠠᠯ᠎ᠢ ᠱᠢᠢᠳᠪᠦᠷᠢᠯᠡᠬᠦ᠌ ᠦᠨᠳᠦᠰᠦᠨ ᠤᠯᠤᠰ ᠲᠦᠷᠦ᠎ᠶ᠋ᠢᠨ ᠪᠠᠢᠭᠤᠯᠤᠯ ᠪᠤᠯᠤᠭ᠍ᠰᠠᠨ᠎ᠤ ᠬᠤᠪᠢ᠎ᠳᠤ ᠴᠦᠬᠡᠨ ᠲᠤᠭᠠᠳᠤ ᠦᠨᠳᠦᠰᠦᠳᠡᠨ᠎ᠤ ᠡᠷᠭᠡ ᠮᠡᠳᠡᠵᠦ᠍ ᠡᠵᠡᠨ ᠰᠠᠭᠤᠬᠤ ᠡᠷᠭᠡ ᠠᠱᠢᠭ᠎ᠢ ᠭᠦᠢᠴᠡᠳ ᠪᠠᠳᠤᠯᠠᠵᠤ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ ᠲᠤᠤᠷ᠎ᠠ᠂ 73 ᠵᠢᠯ᠎ᠤᠨ ᠲᠤᠷᠰᠢ ᠦᠪᠦᠷ ᠮᠤᠩᠭᠤᠯ ᠤᠷᠤᠨ ᠮᠠᠨᠢ ᠶᠠᠳᠠᠭᠤ ᠬᠤᠴᠤᠷᠤᠩᠭᠤᠢ ᠪᠠᠢᠭ᠍ᠰᠠᠨ᠎ᠠᠴᠠ᠎ᠪᠠᠨ ᠪᠠᠶᠠᠨ ᠴᠢᠨᠡᠭᠡᠯᠢᠭ ᠲᠠᠪᠱᠢᠩᠭᠤᠢ ᠲᠡᠢᠰᠢ ᠭᠦᠭ᠌ᠵᠢᠵᠤ᠂ ᠦᠨᠳᠦᠰᠦᠳᠡᠨ ᠪᠦᠯᠬᠦᠮᠳᠡᠯ᠎ᠲᠠᠢ᠂ ᠠᠵᠤ ᠠᠬᠤᠢ ᠴᠡᠴᠡᠭ᠌ᠯᠡᠯᠳᠠ᠎ᠲᠠᠢ᠂ ᠨᠡᠢᠭᠡᠮ ᠲᠠᠪᠱᠢᠯᠳᠠ᠎ᠲᠠᠢ ᠲᠡᠭ᠌ᠷᠢ ᠭᠠᠵᠠᠷ᠎ᠢ ᠲᠤᠩᠰᠤᠯᠭᠠᠮ᠎ᠠ ᠲᠡᠦᠭᠡᠳᠦ ᠭᠠᠢᠬᠠᠮᠱᠢᠭ᠎ᠢ ᠡᠭᠦᠤᠨᠴᠤ᠌᠂ ᠯᠤᠳᠤ ᠶᠡᠭᠡ ᠲᠠᠪᠠᠭᠤᠯᠢᠭ ᠴᠢᠨᠠᠷ ᠪᠤᠯᠤᠨ ᠦᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢᠶᠠᠨ ᠬᠠᠷᠠᠭᠤᠯᠵᠤ ᠪᠢᠯᠡ᠃
     ᠦᠪᠤᠷ   ᠮᠤᠩᠭᠤᠯ᠎ᠤᠨ   ᠦᠭᠡᠷᠡᠴᠢᠯᠡᠯᠳᠠ   ᠨᠡᠭᠡᠭᠡᠯᠳᠠ   ᠭᠢᠵᠤ
     ᠦᠷᠭᠦᠯᠵᠢᠯᠡᠨ ᠲᠠᠪᠱᠢᠬᠤ᠎ᠳᠤ ᠦᠨᠳᠤᠰᠤᠨ ᠪᠠᠳᠤᠯᠠᠭ᠎ᠠ ᠬᠠᠨᠭ᠌ᠭᠠᠪᠠ

     73 ᠵᠢᠯ᠎ᠤᠨ ᠡᠮᠦᠨᠡᠬᠢ 5 ᠰᠠᠷ᠎ᠠ᠎ᠶ᠋ᠢᠨ 1 ᠎ᠤ ᠡᠳᠦᠷ᠂ ᠮᠠᠨ᠎ᠤ ᠤᠯᠤᠰ᠎ᠤᠨ ᠠᠩᠬᠠᠳᠠᠭ᠍ᠴᠢ ᠴᠦᠬᠡᠨ ᠲᠤᠭᠠᠳᠤ ᠦᠨᠳᠦᠰᠦᠳᠡᠨ᠎ᠤ ᠦᠪᠡᠷᠳᠡᠭᠡᠨ ᠵᠠᠰᠠᠬᠤ ᠤᠷᠤᠨ — ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠮᠠᠨᠢ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠰᠤᠳᠤ ᠮᠡᠷᠭᠡᠨ ᠤᠳᠤᠷᠢᠳᠤᠯᠭ᠎ᠠ᠎ᠶ᠋ᠢᠨ ᠲᠤᠤᠷ᠎ᠠ᠂ ᠪᠦᠬᠦ᠌ ᠤᠯᠤᠰ᠎ᠤᠨ ᠴᠢᠯᠦᠭᠡᠯᠡᠬᠦ᠌ ᠲᠠᠢᠨ᠎ᠤ ᠫᠤᠤ᠎ᠶ᠋ᠢᠨ ᠲᠠᠭᠤᠨ ᠲᠤᠮᠳᠠ ᠪᠠᠢᠭᠤᠯᠤᠭ᠍ᠳᠠᠭ᠍ᠰᠠᠨ᠎ᠢᠶᠠᠨ ᠲᠦᠪ ᠴᠢᠩᠭ᠎ᠠ᠎ᠪᠠᠷ ᠲᠤᠩᠬᠠᠭ᠍ᠯᠠᠪᠠ᠃
     73 ᠵᠢᠯ᠎ᠤᠨ ᠲᠤᠷᠰᠢ᠂ ᠦᠪᠦᠷ ᠮᠤᠩᠭᠤᠯ ᠮᠠᠨᠢ ᠤᠯᠤᠰ᠎ᠤᠨ ᠦᠨᠳᠦᠰᠦᠨ ᠬᠠᠤᠯᠢ᠂ ᠦᠨᠳᠦᠰᠦᠳᠡᠨ᠎ᠤ ᠤᠷᠤᠨ᠎ᠤ ᠦᠪᠡᠷᠳᠡᠭᠡᠨ ᠵᠠᠰᠠᠬᠤ ᠬᠠᠤᠯᠢ ᠵᠡᠷᠭᠡ ᠬᠠᠤᠯᠢ ᠴᠠᠭᠠᠵᠠ᠎ᠪᠠᠷ ᠦᠨᠳᠦᠰᠦᠯᠡᠯ ᠪᠤᠯᠭᠠᠨ᠂ ᠤᠷᠤᠨ ᠨᠤᠳᠤᠭ᠎ᠤᠨ ᠴᠢᠨᠠᠷᠳᠠᠢ ᠬᠠᠤᠯᠢ ᠲᠦᠷᠢᠮ᠎ᠢ ᠬᠡᠳᠦᠨ ᠵᠠᠭᠤᠨ ᠵᠤᠷᠪᠤᠰ ᠲᠤᠭ᠍ᠳᠠᠭᠠᠨ ᠬᠡᠷᠡᠭ᠌ᠵᠢᠭᠦᠯᠵᠦ᠍᠂ ᠡᠯ᠎ᠠ ᠦᠨᠳᠦᠰᠦᠳᠡᠨ᠎ᠤ ᠬᠠᠤᠯᠢ ᠶᠤᠰᠤᠨ᠎ᠤ ᠡᠷᠭᠡ ᠠᠱᠢᠭ᠎ᠢ ᠬᠠᠮᠠᠭᠠᠯᠠᠨ᠂ ᠲᠤᠬᠠᠢ᠎ᠶ᠋ᠢᠨ ᠭᠠᠵᠠᠷ᠎ᠤᠨ ᠠᠵᠤ ᠠᠬᠤᠢ᠎ᠶ᠋ᠢᠨ ᠬᠦᠭ᠌ᠵᠢᠯᠳᠡ᠂ ᠰᠤᠶᠤᠯ᠎ᠤᠨ ᠴᠡᠴᠡᠭ᠌ᠯᠡᠯᠳᠡ ᠪᠠ ᠨᠡᠢᠭᠡᠮ᠎ᠤᠨ ᠲᠠᠪᠱᠢᠯᠳᠠ᠎ᠶ᠋ᠢ ᠠᠬᠢᠭᠤᠯᠵᠠᠢ᠃ ᠦᠪᠡᠷ᠎ᠤᠨ ᠨᠢᠳᠤᠨ ᠴᠡᠴᠡᠭᠡᠢ᠎ᠪᠠᠨ ᠬᠠᠢᠷᠠᠯᠠᠬᠤ ᠱᠢᠭ᠋ ᠦᠨᠳᠦᠰᠦᠳᠡᠨ᠎ᠤ ᠪᠦᠯᠬᠦᠮᠳᠡᠯ᠎ᠢ ᠬᠠᠢᠷᠠᠯᠠᠵᠤ᠂ ᠦᠪᠡᠷ᠎ᠤᠨ ᠠᠮᠢ ᠨᠠᠰᠤ᠎ᠪᠠᠨ ᠨᠠᠨᠳᠢᠩᠨᠠᠬᠤ ᠱᠢᠭ᠋ ᠦᠨᠳᠦᠰᠦᠳᠡᠨ᠎ᠤ ᠪᠦᠯᠬᠦᠮᠳᠡᠯ᠎ᠢ ᠨᠠᠨᠳᠢᠩᠨᠠᠨ᠂ ᠦᠪᠦᠷ ᠮᠤᠩᠭᠤᠯ ᠪᠤᠳᠠᠳᠤ ᠠᠵᠢᠯᠯᠠᠭ᠎ᠠ᠎ᠪᠠᠷ᠎ᠢᠶᠠᠨ ᠦᠨᠳᠦᠰᠦᠳᠡᠨ᠎ᠤ ᠪᠦᠯᠬᠦᠮᠳᠡᠯ᠎ᠤᠨ ᠠᠵᠢᠯ᠎ᠢ ᠬᠦᠮᠦᠰ᠎ᠤᠨ ᠰᠡᠳᠭᠢᠯ᠎ᠳᠤ ᠭᠦᠨᠵᠡᠭᠡᠢ ᠰᠠᠭᠤᠭ᠍ᠳᠠᠭᠤᠯᠵᠠᠢ᠃
     ᠦᠨᠳᠦᠰᠦᠳᠡᠨ᠎ᠤ ᠤᠷᠤᠨ᠎ᠤ ᠦᠪᠡᠷᠳᠡᠭᠡᠨ ᠵᠠᠰᠭᠠᠤ ᠪᠠᠢᠭᠤᠯᠤᠯ ᠪᠤᠯ ᠲᠤᠮᠳᠠᠳᠤ ᠤᠯᠤᠰ᠎ᠤᠨ ᠡᠪ ᠬᠠᠮᠳᠤ ᠨᠠᠮ ᠤᠷᠳᠤ ᠬᠤᠭᠤᠴᠠᠭᠠᠨ᠎ᠤ ᠬᠠᠢᠨ ᠰᠦᠪᠡᠭ᠌ᠴᠢᠯᠡᠯᠳᠡ᠎ᠪᠠᠷ ᠲᠠᠮᠵᠢᠨ ᠡᠭᠦᠳᠦᠭ᠌ᠰᠡᠨ ᠦᠨᠳᠦᠰᠦᠳᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠦᠪ ᠰᠤᠩᠭᠤᠯᠳᠠ ᠮᠦᠨ᠂ ᠨᠠᠮ᠎ᠤᠨ ᠦᠨᠳᠦᠰᠦᠳᠡᠨ᠎ᠤ ᠲᠦᠷᠦ᠎ᠶ᠋ᠢᠨ ᠪᠤᠳᠤᠯᠭ᠎ᠠ᠎ᠶ᠋ᠢᠨ ᠡᠬᠢ ᠡᠭᠦᠰᠦᠯ ᠮᠦᠨ᠃ ᠦᠨᠳᠦᠰᠦᠳᠡᠨ᠎ᠤ ᠤᠷᠤᠨ᠎ᠤ ᠦᠪᠡᠷᠳᠡᠭᠡᠨ ᠵᠠᠰᠠᠬᠤ᠎ᠶ᠋ᠢ ᠪᠠᠷᠢᠮᠳᠠᠯᠠᠵᠤ᠂ ᠦᠨᠳᠦᠰᠦᠳᠡᠨ᠎ᠨᠦᠭᠦᠳ᠎ᠤᠨ ᠡᠵᠡᠨ ᠬᠦᠮᠦᠨ᠎ᠤ ᠤᠪᠤᠷ᠎ᠢᠶᠠᠷ ᠤᠯᠤᠰ ᠪᠠ ᠤᠷᠤᠨ ᠨᠤᠳᠤᠭ᠎ᠤᠨ ᠬᠡᠷᠡᠭ ᠶᠠᠪᠤᠳᠠᠯ᠎ᠳᠤ ᠢᠳᠡᠪᠬᠢᠳᠡᠢ ᠤᠷᠤᠯᠴᠠᠬᠤ᠎ᠶ᠋ᠢ ᠦᠨᠡᠨ ᠭᠦ᠌ ᠪᠠᠳᠤᠯᠠᠵᠤ᠂ ᠦᠨᠳᠦᠰᠦᠳᠡᠨ᠎ᠤ ᠡᠷᠭᠡ ᠲᠡᠭ᠌ᠰᠢ᠎ᠶ᠋ᠢ ᠦᠨᠡᠨ ᠭᠦ᠌ ᠪᠤᠳᠠᠳᠠᠢ᠎ᠳᠤ ᠨᠠᠢᠳᠠᠪᠤᠷᠢᠵᠢᠭᠤᠯᠬᠤ ᠪᠤᠯ ᠦᠪᠦᠷ ᠮᠤᠩᠭᠤᠯ᠎ᠤᠨ ᠬᠤᠪᠢᠰᠭᠠᠯ᠂ ᠪᠦᠳᠦᠭᠡᠨ ᠪᠠᠢᠭᠤᠯᠤᠯᠳᠠ᠂ ᠦᠭᠡᠷᠡᠴᠢᠯᠡᠯᠳᠡ᠎ᠶ᠋ᠢᠨ ᠡᠯ᠎ᠠ ᠵᠦᠢᠯ᠎ᠤᠨ ᠠᠵᠢᠯ ᠦᠢᠯᠡᠰ᠎ᠤᠨ ᠲᠠᠰᠤᠷᠠᠯᠳᠠ ᠦᠭᠡᠢ ᠤᠷᠤᠭ᠍ᠰᠢᠯᠠᠬᠤ᠎ᠶ᠋ᠢᠨ ᠦᠨᠳᠦᠰᠦᠨ ᠪᠠᠳᠤᠯᠠᠭ᠎ᠠ ᠪᠤᠯᠤᠨ᠎ᠠ᠃
     ᠱᠢᠨ᠎ᠠ ᠵᠠᠭᠤᠨ᠎ᠳᠤ ᠤᠷᠤᠭ᠍ᠰᠠᠨ᠎ᠠᠴᠠ ᠨᠠᠭᠠᠰᠢ᠂ ᠦᠭᠡᠷᠡᠴᠢᠯᠡᠯᠳᠡ ᠨᠡᠭᠡᠭᠡᠯᠳᠡ᠎ᠶ᠋ᠢᠨ ᠲᠠᠪᠠᠯᠭᠠᠨ ᠲᠤᠮᠳᠠ᠂ ᠦᠪᠦᠷ ᠮᠤᠩᠭᠤᠯ ᠪᠠᠷᠠᠭᠤᠨ ᠤᠷᠤᠨ᠎ᠢ ᠶᠡᠭᠡ᠎ᠪᠠᠷ ᠨᠡᠭᠡᠭᠡᠨ ᠬᠦᠭ᠌ᠵᠢᠭᠦᠯᠬᠦ᠌ ᠵᠡᠷᠭᠡ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠠᠵᠠ ᠲᠤᠬᠢᠶᠠᠯ᠎ᠢ ᠠᠮᠵᠢᠵᠤ᠂ ᠤᠷᠢᠳ ᠬᠤᠵᠢᠳ 《ᠬᠤᠶᠠᠷ ᠤᠷᠤᠨ ᠨᠢᠭᠡ ᠪᠦᠰᠡ》 ᠎ᠶ᠋ᠢᠨ ᠶᠡᠷᠦᠩᠬᠡᠢ ᠪᠠᠢᠯᠳᠤᠬᠤ ᠪᠤᠳᠤᠯᠭ᠎ᠠ᠂ ᠠᠵᠤ ᠠᠬᠤᠢ ᠨᠡᠢᠭᠡᠮ᠎ᠤᠨ ᠬᠦᠭ᠌ᠵᠢᠯᠳᠡ᠎ᠶ᠋ᠢᠨ 《ᠲᠠᠪᠤᠨ ᠶᠡᠭᠡ ᠪᠠᠢᠯᠳᠤᠬᠤ ᠪᠤᠳᠤᠯᠭ᠎ᠠ》᠂ 《ᠬᠤᠤᠰ ᠬᠤᠪᠢᠷᠠᠭᠤᠯᠤᠯᠳᠠ ᠬᠤᠤᠰ ᠲᠡᠭᠡᠭ᠌ᠰᠢᠯᠡᠯᠳᠡ》᠂ 《ᠱᠢᠨᠵᠢᠯᠡᠬᠦ᠌ ᠤᠬᠠᠭᠠᠨᠴᠢ ᠬᠦᠭ᠌ᠵᠢᠯᠳᠡ᠂ ᠠᠷᠠᠳ᠎ᠢ ᠪᠠᠶᠠᠵᠢᠭᠤᠯᠵᠤ ᠤᠷᠤᠨ᠎ᠢᠶᠠᠨ ᠬᠦᠴᠦᠷᠭᠡᠭ᠌ᠵᠢᠭᠦᠯᠬᠦ᠌》 ᠵᠡᠷᠭᠡ ᠪᠠᠢᠯᠳᠤᠬᠤ ᠪᠤᠳᠤᠯᠭ᠎ᠠ᠎ᠶ᠋ᠢᠨ ᠴᠢᠭ᠌ᠯᠡᠯᠳᠡ᠎ᠶ᠋ᠢ ᠲᠤᠷᠠᠳᠴᠤ᠌᠂ ᠡᠬᠢ ᠪᠠᠶᠠᠯᠢᠭ᠎ᠤᠨ ᠲᠠᠪᠠᠭᠤᠯᠢᠭ᠎ᠢ ᠠᠵᠤ ᠠᠬᠤᠢ᠎ᠶ᠋ᠢᠨ ᠲᠠᠪᠠᠭᠤᠯᠢᠭ ᠪᠤᠯᠭᠠᠨ ᠬᠤᠪᠢᠷᠠᠭᠤᠯᠬᠤ᠎ᠶ᠋ᠢ ᠠᠬᠢᠭᠤᠯᠵᠤ᠂ ᠦᠭᠡᠷᠡᠴᠢᠯᠡᠯᠳᠡ ᠨᠡᠭᠡᠭᠡᠯᠳᠡ ᠪᠠ ᠤᠳᠤᠬᠢᠴᠢᠯᠠᠯᠳᠠ᠎ᠶ᠋ᠢᠨ ᠪᠦᠳᠦᠭᠡᠨ ᠪᠠᠢᠭᠤᠯᠤᠯᠳᠠ᠎ᠶ᠋ᠢ ᠲᠠᠰᠤᠷᠠᠯᠳᠠ ᠦᠭᠡᠢ ᠠᠬᠢᠭᠤᠯᠪᠠ᠃
     ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠦᠪᠦᠷ ᠮᠤᠩᠭᠤᠯ ᠶᠡᠷᠦᠩᠬᠡᠢ ᠱᠦᠵᠢ ᠰᠢ᠎ᠶ᠋ᠢᠨ ᠫᠢᠩ᠎ᠤᠨ ᠱᠢᠷᠢᠰ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠪᠤᠯᠤᠨ ᠲᠦᠷᠦ᠎ᠶ᠋ᠢ ᠵᠠᠰᠠᠵᠤ ᠵᠠᠰᠠᠭ᠎ᠢ ᠡᠷᠬᠢᠯᠡᠬᠦ᠌ ᠱᠢᠨ᠎ᠠ ᠤᠢ᠍ᠢᠯᠠᠭᠠᠭ᠍ᠳᠠᠬᠤᠨ ᠱᠢᠨ᠎ᠠ ᠦᠵᠡᠯ ᠰᠠᠨᠠᠭ᠎ᠠ ᠱᠢᠨ᠎ᠠ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠳᠤ ᠱᠢᠨᠵᠢᠯᠡᠨ ᠪᠠᠢᠴᠠᠭᠠᠬᠤ ᠦᠶ᠎ᠠ᠎ᠶ᠋ᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠢ ᠪᠠᠢᠷᠢᠱᠢᠭᠤᠯᠤᠯᠳᠠ᠂ 《ᠲᠦᠷᠪᠡᠨ ᠪᠦᠬᠦ᠌ ᠲᠠᠯ᠎ᠠ》 ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠳᠠ᠎ᠶ᠋ᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ ᠡᠯ᠎ᠠ ᠲᠠᠯ᠎ᠠ᠎ᠶ᠋ᠢᠨ ᠠᠵᠢᠯ ᠱᠢᠨ᠎ᠠ ᠠᠬᠢᠯᠳᠠ ᠱᠢᠨ᠎ᠠ ᠦᠷ᠎ᠠ ᠪᠦᠳᠦᠮᠵᠢ᠎ᠲᠠᠢ ᠪᠤᠯᠵᠠᠢ᠃ ᠦᠪᠡᠷᠳᠡᠭᠡᠨ ᠵᠠᠰᠭᠠᠤ ᠤᠷᠤᠨ᠎ᠤ ᠠᠷᠪᠠᠳᠤᠭᠠᠷ ᠤᠳᠠᠭᠠᠨ᠎ᠤ ᠨᠠᠮ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠠᠴᠠ ᠮᠠᠨ᠎ᠤ ᠤᠷᠤᠨ᠎ᠤ ᠬᠦᠭ᠌ᠵᠢᠯᠳᠡ᠎ᠶ᠋ᠢᠨ ᠪᠤᠳᠠᠳᠤ ᠪᠠᠢᠳᠠᠯ᠎ᠳᠤ ᠨᠡᠢᠴᠡᠭ᠌ᠰᠡᠨ ᠠᠯᠢ ᠤᠯᠠᠨ ᠪᠠᠢᠯᠳᠤᠬᠤ ᠪᠤᠳᠤᠯᠭ᠎ᠠ᠎ᠶ᠋ᠢᠨ ᠰᠡᠳᠭᠢᠴᠡ᠎ᠶ᠋ᠢ ᠲᠤᠷᠠᠳᠴᠤ᠌᠂ ᠦᠪᠦᠷ ᠮᠤᠩᠭᠤᠯ᠎ᠤᠨ ᠬᠦᠭ᠌ᠵᠢᠯᠳᠡ᠎ᠶ᠋ᠢ ᠬᠦᠳᠦᠯᠦᠨ ᠲᠠᠭᠠᠭᠤᠯᠵᠤ᠂ ᠪᠦᠬᠦ᠌ ᠲᠠᠯ᠎ᠠ᠎ᠪᠠᠷ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠱᠢᠬᠦᠯᠬᠦ᠌ ᠱᠢᠨ᠎ᠠ ᠴᠠᠭ ᠦᠶ᠎ᠠ᠎ᠳᠤ ᠤᠷᠤᠭᠤᠯᠪᠠ᠃
     2019 ᠤᠨ᠎ᠳᠤ᠂ ᠪᠦᠬᠦ᠌ ᠤᠷᠤᠨ᠎ᠤ ᠦᠢᠯᠡᠳᠪᠦᠷᠢᠯᠡᠯ᠎ᠤᠨ ᠶᠡᠷᠦᠩᠬᠡᠢ ᠦᠷᠳᠡᠭ 17212.5 ᠳ᠋ᠦᠩᠱᠢᠭᠤᠷ ᠲᠦᠭᠦᠷᠢᠭ᠎ᠲᠤ ᠬᠦᠷᠴᠦ᠍᠂ ᠬᠦᠮᠦᠨ ᠲᠤᠮᠳᠠᠴᠢ ᠦᠢᠯᠡᠳᠪᠦᠷᠢᠯᠡᠯ᠎ᠤᠨ ᠶᠡᠷᠦᠩᠬᠡᠢ ᠦᠷᠳᠡᠭ 67852 ᠲᠦᠭᠦᠷᠢᠭ᠎ᠲᠤ ᠬᠦᠷᠦᠭ᠌ᠰᠡᠨ ᠪᠠᠢᠨ᠎ᠠ; ᠬᠡᠷᠡᠭ᠌ᠯᠡᠭᠡ ᠲᠤᠭ᠍ᠳᠠᠭᠤᠨ᠎ᠢᠶᠠᠷ ᠨᠡᠮᠡᠭ᠌ᠳᠡᠬᠦ᠌᠎ᠶ᠋ᠢ ᠪᠠᠶᠠᠯᠡᠭᠦᠯᠵᠦ᠍᠂ ᠪᠦᠬᠦ᠌ ᠤᠷᠤᠨ᠎ᠤ ᠨᠡᠢᠭᠡᠮ᠎ᠤᠨ ᠬᠡᠷᠡᠭ᠌ᠯᠡᠭᠡᠨ᠎ᠤ ᠵᠦᠢᠯ᠎ᠤᠨ ᠵᠢᠵᠢᠭ᠌ᠯᠡᠨ ᠬᠤᠳᠠᠯᠳᠤᠭ᠍ᠰᠠᠨ ᠶᠡᠷᠦᠩᠬᠡᠢ ᠲᠤᠭ᠎ᠠ ᠲᠡᠭᠡᠷ᠎ᠠ ᠵᠢᠯ᠎ᠤᠨ᠎ᠬᠢ᠎ᠠᠴᠠ 4.1% ᠎ᠪᠠᠷ ᠨᠡᠮᠡᠭ᠌ᠳᠡᠪᠠ; ᠪᠦᠬᠦ᠌ ᠵᠢᠯ᠎ᠤᠨ ᠰᠠᠭᠤᠭᠠᠯᠢ ᠠᠷᠠᠳ᠎ᠤᠨ ᠬᠦᠮᠦᠨ ᠲᠤᠮᠳᠠᠴᠢ᠎ᠶ᠋ᠢᠨ ᠡᠵᠡᠮᠳᠡᠵᠦ᠍ ᠪᠤᠯᠬᠤ ᠤᠷᠤᠯᠭ᠎ᠠ 30555 ᠲᠦᠭᠦᠷᠢᠭ᠎ᠲᠤ ᠬᠦᠷᠴᠦ᠍᠂ ᠲᠡᠭᠡᠷ᠎ᠠ ᠵᠢᠯ᠎ᠤᠨ᠎ᠬᠢ᠎ᠠᠴᠠ 7.7% ᠎ᠪᠠᠷ ᠨᠡᠮᠡᠭ᠌ᠳᠡᠪᠠ; ᠰᠠᠭᠤᠭᠠᠯᠢ ᠠᠷᠠᠳ᠎ᠤᠨ ᠠᠮᠢᠳᠤᠷᠠᠯ᠎ᠤᠨ ᠬᠡᠷᠡᠭ᠌ᠯᠡᠭᠡᠨ᠎ᠤ ᠬᠦᠮᠦᠨ ᠲᠤᠮᠳᠠᠴᠢ᠎ᠶ᠋ᠢᠨ ᠵᠠᠷᠤᠯᠭ᠎ᠠ 20743 ᠲᠦᠭᠦᠷᠢᠭ᠎ᠲᠤ ᠬᠦᠷᠴᠦ᠍᠂ 5.5% ᠎ᠪᠠᠷ ᠨᠡᠮᠡᠭ᠌ᠳᠡᠵᠡᠢ᠃ ᠨᠡᠢᠭᠡᠮ᠎ᠤᠨ ᠪᠠᠳᠤᠯᠠᠭ᠎ᠠ᠂ ᠰᠤᠷᠭᠠᠨ ᠬᠦᠮᠦᠵᠢᠯ᠂ ᠰᠤᠶᠤᠯ᠂ ᠡᠷᠡᠭᠦᠯ ᠬᠠᠮᠠᠭᠠᠯᠠᠯ᠂ ᠪᠠᠶ᠎ᠠ᠎ᠶ᠋ᠢᠨ ᠲᠠᠮᠢᠷ ᠵᠡᠷᠭᠡ ᠡᠯ᠎ᠠ ᠵᠦᠢᠯ᠎ᠤᠨ ᠨᠡᠢᠭᠡᠮ᠎ᠤᠨ ᠦᠢᠯᠡᠰ ᠪᠦᠬᠦ᠌ ᠲᠠᠯ᠎ᠠ᠎ᠪᠠᠷ ᠴᠢᠩᠭᠠᠳᠴᠤ᠌᠂ ᠪᠦᠬᠦ᠌ ᠤᠷᠤᠨ᠎ᠤ ᠠᠵᠤ ᠠᠬᠤᠢ᠎ᠶ᠋ᠢᠨ ᠡᠷᠬᠢᠯᠳᠡ ᠵᠤᠬᠢᠰᠳᠠᠢ ᠬᠡᠪᠴᠢᠶᠠᠨ᠎ᠳᠤ ᠪᠤᠢ᠃
     ᠤᠨᠴᠠᠭᠠᠢᠯᠡᠨ ᠱᠢᠨ᠎ᠠ ᠲᠢᠳᠢᠮᠯᠢᠭ ᠠᠭᠤᠰᠭᠢᠨ ᠦᠷᠪᠢᠰᠦᠯ᠎ᠤᠨ ᠭᠢᠵᠢᠭ᠎ᠤᠨ ᠪᠠᠢᠳᠡᠯ ᠡᠭᠦᠰᠦᠭ᠌ᠰᠡᠨ᠎ᠠᠴᠠ ᠨᠠᠭᠠᠰᠢ᠂ ᠨᠠᠮ᠎ᠤᠨ ᠨᠢᠭᠡᠳᠤᠯᠳᠡᠢ ᠤᠳᠤᠷᠢᠳᠤᠯᠭ᠎ᠠ᠎ᠶ᠋ᠢ ᠪᠡᠷᠢᠮᠳᠠᠯᠠᠡ᠂ ᠭᠢᠵᠢᠭ᠎ᠲᠠᠢ ᠲᠡᠮᠡᠴᠡᠭᠦ᠌ ᠪᠡ ᠠᠷᠡᠤᠨ ᠲᠦᠮᠡᠨ᠎ᠢᠶᠠᠷ ᠭᠤᠤᠯ ᠪᠤᠯᠭᠠᠬᠤ᠎ᠶ᠋ᠢ ᠪᠠᠷᠢᠮᠳᠠᠯᠡᠨ᠂ ᠲᠤᠮᠳᠠᠳᠤ ᠤᠯᠤᠰ᠎ᠤᠨ ᠤᠨᠴᠠᠯᠢᠬ᠎ᠲᠠᠢ ᠨᠡᠢᠭᠡᠮ ᠵᠢᠷᠤᠮᠳᠤ ᠪᠠᠢᠭᠤᠯᠤᠯ᠎ᠤᠨ ᠲᠠᠪᠠᠭᠤᠯᠢᠬ᠎ᠢ ᠭᠦᠢᠴᠡᠤᠨ ᠬᠠᠷᠠᠭᠤᠯᠵᠡᠢ᠃
     ᠦᠢᠯᠡᠳᠦᠯᠭᠡ ᠭᠡᠷᠡᠴᠢᠯᠡᠭ᠌ᠰᠡᠨ᠎ᠨᠢ᠂ ᠮᠠᠨ᠎ᠤ ᠤᠯᠤᠰ᠎ᠤᠨ ᠬᠡᠷᠡᠭ᠌ᠵᠢᠭᠦᠯᠵᠦ᠍ ᠪᠠᠢᠭ᠎ᠠ ᠦᠨᠳᠦᠰᠦᠳᠡᠨ᠎ᠤ ᠤᠷᠤᠨ᠎ᠤ ᠦᠪᠡᠷᠳᠡᠭᠡᠨ ᠵᠠᠰᠠᠬᠤ ᠪᠠᠢᠭᠤᠯᠤᠯ᠎ᠨᠢ ᠨᠢᠭᠡᠨᠳᠡ ᠲᠡᠯᠡᠭᠡᠢ᠎ᠶ᠋ᠢᠨ ᠤᠯᠠᠨ ᠦᠨᠳᠦᠰᠦᠳᠡᠨ᠎ᠲᠠᠢ ᠤᠯᠤᠰ᠎ᠲᠤ ᠦᠨᠳᠦᠰᠦᠳᠡᠨ᠎ᠤ ᠠᠰᠠᠭᠤᠳᠠᠯ᠎ᠢ ᠱᠢᠢᠳᠪᠦᠷᠢᠯᠡᠬᠦ᠌ ᠲᠤᠮᠳᠠᠳᠤ ᠤᠯᠤᠰ᠎ᠤᠨ ᠲᠦᠰᠦᠯ ᠪᠤᠯᠵᠠᠢ᠃ ᠦᠪᠦᠷ ᠮᠤᠩᠭᠤᠯ ᠤᠷᠤᠨ ᠮᠠᠨᠢ 《ᠵᠢᠱ᠌ᠢᠶᠡᠴᠢ ᠦᠪᠡᠷᠳᠡᠭᠡᠨ ᠵᠠᠰᠠᠬᠤ ᠤᠷᠤᠨ》 ᠎ᠤ ᠢᠷᠠᠭᠤ ᠠᠯᠳᠠᠷ᠎ᠢ ᠡᠭᠦᠷᠢᠳᠡ ᠭᠡᠷᠡᠯ ᠬᠢᠯᠪᠠᠭ᠎ᠠ ᠰᠠᠴᠤᠷᠠᠭᠤᠯᠬᠤ᠎ᠪᠠᠷ ᠮᠤᠩᠭᠤᠯ ᠮᠤᠷᠢᠨ᠎ᠤ ᠵᠤᠷᠢᠭ ᠰᠠᠨᠠᠭ᠎ᠠ᠎ᠪᠠᠷ ᠮᠤᠨᠳᠠᠰᠢ ᠦᠭᠡᠢ ᠤᠷᠤᠭ᠍ᠰᠢᠯᠠᠨ᠎ᠠ᠃
      ᠦᠪᠦᠷ ᠮᠤᠩᠭᠤᠯ᠎ᠤᠨ ᠬᠦᠭ᠌ᠵᠢᠯᠳᠡ᠎ᠶ᠋ᠢᠨ ᠬᠠᠮᠤᠭ᠎ᠤᠨ ᠰᠡᠳᠭᠢᠯ
     ᠭᠦᠳᠡᠯᠭᠡᠮ᠎ᠠ     ᠨᠤᠭᠤᠭᠠᠨ     ᠦᠩᠭᠡ᠎ᠶ᠋ᠢ ᠪᠦᠷᠢᠯᠳᠤᠭᠦᠯᠪᠡ

     ᠶᠡᠷᠦᠩᠬᠡᠢ ᠱᠦᠵᠢ ᠰᠢ᠎ᠶ᠋ᠢᠨ ᠫᠢᠩ ᠦᠪᠦᠷ ᠮᠤᠩᠭᠤᠯ᠎ᠳᠤ ᠱᠢᠨᠵᠢᠯᠡᠨ ᠪᠠᠢᠴᠠᠭᠠᠬᠤ᠎ᠳᠠᠭᠠᠨ᠄ 《ᠦᠪᠦᠷ ᠮᠤᠩᠭᠤᠯ᠎ᠤᠨ ᠠᠮᠢ ᠠᠬᠤᠢ᠎ᠶ᠋ᠢᠨ ᠪᠠᠢᠳᠠᠯ ᠶᠠᠮᠠᠷ ᠪᠠᠢᠬᠤ᠎ᠨᠢ ᠪᠦᠬᠦ᠌ ᠤᠷᠤᠨ᠎ᠤ ᠦᠨᠳᠦᠰᠦᠳᠡᠨ᠎ᠨᠦᠭᠦᠳ᠎ᠤᠨ ᠤᠯᠠᠨ ᠲᠦᠮᠡᠨ᠎ᠤ ᠤᠷᠤᠱᠢᠨ ᠲᠤᠭ᠍ᠳᠠᠨᠢᠬᠤ ᠪᠠ ᠬᠦᠭ᠌ᠵᠢᠬᠦ᠌᠎ᠳᠤ ᠬᠤᠯᠪᠤᠭ᠍ᠳᠠᠬᠤ᠎ᠪᠠᠷ ᠪᠠᠷᠠᠬᠤ ᠦᠭᠡᠢ᠂ ᠪᠠᠰᠠ ᠵᠡᠭᠦᠨ ᠬᠤᠢᠳᠤ ᠤᠷᠤᠨ᠂ ᠤᠮᠠᠷᠠᠳᠤ ᠤᠷᠤᠨ᠂ ᠪᠠᠷᠠᠭᠤᠨ ᠬᠤᠢᠳᠤ ᠤᠷᠤᠨ ᠴᠢᠨᠠᠭ᠍ᠰᠢᠯᠠᠪᠠᠯ ᠪᠦᠬᠦ᠌ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠳᠤ ᠬᠤᠯᠪᠤᠭ᠍ᠳᠠᠨ᠎ᠠ》 ᠭᠡᠵᠡᠢ᠃
     ᠦᠪᠡᠷᠳᠡᠭᠡᠨ ᠵᠠᠰᠠᠬᠤ ᠤᠷᠤᠨ᠎ᠤ ᠠᠷᠪᠠᠳᠤᠭᠠᠷ ᠤᠳᠠᠭᠠᠨ᠎ᠤ ᠨᠠᠮ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠨᠢ ᠬᠦᠭ᠌ᠵᠢᠯᠳᠡ᠂ ᠠᠷᠠᠳ᠎ᠤᠨ ᠠᠮᠢᠳᠤᠷᠠᠯ᠂ ᠠᠮᠢ ᠠᠬᠤᠢ 《ᠭᠤᠷᠪᠠᠨ ᠵᠤᠷᠪᠤᠰ ᠬᠤᠷᠢᠭ᠎ᠠ ᠱᠤᠭᠤᠮ》 ᠎ᠢ ᠰᠠᠬᠢᠬᠤ᠎ᠶ᠋ᠢ ᠤᠳᠤᠬᠢᠴᠢᠯᠠᠭ᠍ᠰᠠᠨ ᠦᠪᠦᠷ ᠮᠤᠩᠭᠤᠯ᠎ᠢ ᠪᠦᠳᠦᠭᠡᠨ ᠪᠠᠢᠭᠤᠯᠬᠤ ᠦᠨᠳᠦᠰᠤᠨ ᠱᠠᠭᠠᠷᠳᠠᠯᠭ᠎ᠠ ᠪᠤᠯᠭᠠᠵᠤ᠂ 《ᠤᠷᠴᠢᠨ ᠲᠤᠭᠤᠷᠢᠨ᠎ᠢ ᠦᠷᠡᠭ᠌ᠳᠡᠭᠦᠯᠬᠦ᠂ ᠡᠬᠢ ᠪᠠᠶᠠᠯᠢᠭ᠎ᠢ ᠪᠦᠷᠢᠯᠭᠡᠬᠦ᠌᠎ᠪᠠᠷ ᠦᠨ᠎ᠠ ᠲᠦᠯᠦᠪᠤᠷᠢ ᠪᠤᠯᠭᠠᠵᠤ᠂ ᠲᠦᠷ ᠴᠠᠭ᠎ᠤᠨ ᠠᠵᠤ ᠠᠬᠤᠢ᠎ᠶ᠋ᠢᠨ ᠨᠡᠮᠡᠭ᠌ᠳᠡᠯ᠎ᠢ ᠰᠤᠯᠢᠵᠤ ᠪᠤᠯᠬᠤ ᠦᠭᠡᠢ》 ᠭᠡᠵᠦ᠍ ᠠᠮᠢ ᠠᠬᠤᠢ᠎ᠶ᠋ᠢ ᠬᠠᠮᠠᠭᠠᠯᠠᠬᠤ᠎ᠶ᠋ᠢᠨ ᠴᠢᠬᠤᠯᠠ ᠴᠢᠨᠠᠷ᠎ᠢ ᠲᠤᠪᠤᠢᠯᠭᠠᠵᠠᠢ᠃
     ᠦᠭᠡᠷᠡᠴᠢᠯᠡᠯᠳᠡ ᠨᠡᠭᠡᠭᠡᠯᠳᠡ ᠬᠢᠭ᠌ᠰᠡᠨ᠎ᠠᠴᠠ ᠨᠠᠭᠠᠰᠢ᠂ ᠦᠪᠦᠷ ᠮᠤᠩᠭᠤᠯ ᠤᠯᠤᠰ᠎ᠤᠨ ᠪᠠᠷᠠᠭᠤᠨ ᠤᠷᠤᠨ᠎ᠢ ᠶᠡᠬᠡᠪᠡᠷ ᠨᠡᠭᠡᠭᠡᠨ ᠬᠦᠭ᠌ᠵᠢᠭᠦᠯᠬᠦ᠌ ᠠᠯᠬᠤᠭ᠎ᠠ᠎ᠶ᠋ᠢ ᠠᠯᠳᠠᠯ ᠦᠭᠡᠢ ᠲᠠᠭᠠᠵᠤ᠂ ᠠᠷᠪᠢᠯᠠᠨ ᠭᠠᠮᠨᠠᠬᠤ᠎ᠶ᠋ᠢ ᠲᠡᠷᠢᠭᠦᠨ᠎ᠳᠤ ᠲᠠᠯᠪᠢᠬᠤ᠂ ᠬᠠᠮᠠᠭᠠᠯᠠᠬᠤ᠎ᠶ᠋ᠢ ᠲᠡᠷᠢᠭᠦᠨ᠎ᠳᠤ ᠲᠠᠯᠪᠢᠬᠤ᠂ ᠠᠶᠠᠨᠳᠠᠭᠠᠨ ᠰᠡᠷᠭᠦᠭᠡᠬᠦ᠌᠎ᠪᠠᠷ ᠭᠤᠤᠯ ᠪᠤᠯᠭᠠᠬᠤ ᠴᠢᠭ᠌ᠯᠡᠯᠳᠡ᠎ᠶ᠋ᠢ ᠪᠠᠷᠢᠮᠳᠠᠯᠠᠵᠤ᠂ ᠠᠮᠢ ᠠᠬᠤᠢ᠎ᠶ᠋ᠢᠨ ᠪᠦᠳᠦᠭᠡᠨ ᠪᠠᠢᠭᠤᠯᠤᠯᠳᠠ᠎ᠶ᠋ᠢ ᠬᠠᠮᠤᠭ᠎ᠤᠨ ᠶᠡᠭᠡ ᠰᠠᠭᠤᠷᠢ ᠪᠦᠳᠦᠭᠡᠨ ᠪᠠᠢᠭᠤᠯᠤᠯᠳᠠ ᠪᠤᠯᠭᠠᠨ ᠠᠳᠭᠤᠵᠤ᠂ ᠡᠷᠬᠢᠯᠳᠡᠳᠦ ᠠᠵᠤ ᠠᠬᠤᠢ᠎ᠶ᠋ᠢ ᠶᠡᠬᠡᠪᠡᠷ ᠬᠦᠭ᠌ᠵᠢᠭᠦᠯᠵᠦ᠍᠂ ᠪᠡᠭᠡᠵᠢᠩ ᠲᠢᠶᠠᠨᠵᠢᠨ ᠾᠧᠪᠸᠢ᠎ᠶ᠋ᠢᠨ ᠡᠯᠡᠰᠤ ᠰᠠᠯᠭᠢᠨ᠎ᠤ ᠡᠬᠢ᠎ᠶ᠋ᠢ ᠵᠠᠰᠠᠬᠤ᠂ ᠤᠮᠠᠷᠠᠳᠤ᠎ᠶ᠋ᠢᠨ ᠭᠤᠷᠪᠠᠨ ᠤᠷᠤᠨ᠎ᠤ ᠬᠠᠯᠬᠠᠪᠴᠢ ᠤᠢ᠂ ᠪᠠᠢᠭᠠᠯᠢ᠎ᠶ᠋ᠢᠨ ᠤᠢ᠎ᠶ᠋ᠢᠨ ᠡᠬᠢ ᠪᠠᠶᠠᠯᠢᠭ᠎ᠢ ᠬᠠᠮᠠᠭᠠᠯᠠᠬᠤ᠂ ᠪᠡᠯᠴᠢᠭᠡᠷᠯᠡᠭᠦᠯᠭᠦ᠎ᠶ᠋ᠢ ᠵᠤᠭ᠍ᠰᠤᠭᠠᠵᠤ ᠡᠪᠡᠰᠤ ᠪᠡᠯᠴᠢᠭᠡᠷ᠎ᠢ ᠰᠡᠷᠭᠦᠭᠡᠬᠦ᠂ ᠱᠢᠨ᠎ᠠ ᠨᠢᠭᠡᠨ ᠡᠭᠡᠯᠵᠢ᠎ᠶ᠋ᠢᠨ ᠲᠠᠷᠢᠶᠠᠯᠠᠬᠤ᠎ᠶ᠋ᠢ ᠵᠤᠭ᠍ᠰᠤᠭᠠᠵᠤ ᠤᠢ ᠱᠢᠭᠤᠢ ᠡᠪᠡᠰᠤ ᠪᠡᠯᠴᠢᠭᠡᠷ᠎ᠢ ᠰᠡᠷᠭᠦᠭᠡᠬᠦ᠌ ᠵᠡᠷᠭᠡ ᠤᠯᠤᠰ᠎ᠤᠨ ᠭᠤᠤᠯᠳᠠᠯᠭ᠎ᠠ᠎ᠲᠠᠢ ᠠᠮᠢ ᠠᠬᠤᠢ᠎ᠶ᠋ᠢ ᠰᠡᠷᠭᠦᠭᠡᠬᠦ᠌ ᠢᠨᠵᠧᠨᠧᠷᠢᠩ᠎ᠢ ᠪᠦᠬᠦ᠌ ᠲᠠᠯ᠎ᠠ᠎ᠪᠠᠷ ᠬᠡᠷᠡᠭ᠌ᠵᠢᠭᠦᠯᠪᠡ᠃
     ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠮᠠᠨ᠎ᠤ ᠤᠷᠤᠨ ᠤᠢ ᠱᠢᠭᠤᠢ᠎ᠶ᠋ᠢᠨ ᠠᠮᠢ ᠠᠬᠤᠢ᠎ᠶ᠋ᠢᠨ ᠪᠦᠳᠦᠭᠡᠨ ᠪᠠᠢᠭᠤᠯᠤᠯᠳᠠ᠎ᠶ᠋ᠢᠨ ᠲᠠᠯ᠎ᠠ᠎ᠪᠠᠷ ᠨᠡᠢᠳᠡ 7083.3 ᠲᠦᠮᠡᠨ ᠮᠦ᠍᠎ᠶ᠋ᠢᠨ ᠤᠢ᠍ᠢᠵᠢᠭᠤᠯᠤᠯᠳᠠ᠎ᠶ᠋ᠢᠨ ᠡᠭᠦᠷᠭᠡ᠎ᠶ᠋ᠢ ᠪᠡᠶᠡᠯᠡᠭᠦᠯᠵᠦ᠍᠂ ᠵᠢᠯ ᠲᠤᠮᠳᠠᠴᠢ᠎ᠪᠠᠷ 1180 ᠭᠠᠷᠤᠢ ᠲᠦᠮᠡᠨ ᠮᠦ᠍ ᠤᠢ᠍ᠢᠵᠢᠭᠤᠯᠵᠠᠢ; ᠤᠯᠤᠰ᠎ᠤᠨ ᠭᠤᠤᠯᠳᠠᠯᠭ᠎ᠠ᠎ᠲᠠᠢ ᠠᠮᠢ ᠠᠬᠤᠢ᠎ᠶ᠋ᠢᠨ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠵᠦ᠍᠂ ᠤᠳᠤ ᠪᠤᠯᠳᠠᠯ᠎ᠠ᠂ ᠤᠮᠠᠷᠠᠳᠤ᠎ᠶ᠋ᠢᠨ ᠭᠤᠷᠪᠠᠨ ᠤᠷᠤᠨ᠎ᠤ ᠬᠠᠯᠬᠠᠪᠴᠢ ᠤᠢ᠎ᠶ᠋ᠢᠨ ᠢᠨᠵᠧᠨᠧᠷᠢᠩ᠎ᠤᠨ ᠪᠦᠳᠦᠭᠡᠨ ᠪᠠᠢᠭᠤᠯᠤᠯᠳᠠ᠎ᠶ᠋ᠢᠨ ᠡᠭᠦᠷᠭᠡ᠎ᠶ᠋ᠢ 1.21 ᠳ᠋ᠦᠩᠱᠢᠭᠤᠷ ᠮᠦ᠍᠂ ᠪᠡᠭᠡᠵᠢᠩ ᠲᠢᠶᠠᠨᠵᠢᠨ᠎ᠤ ᠡᠯᠡᠰᠤ ᠰᠠᠯᠭᠢᠨ᠎ᠤ ᠡᠬᠢ᠎ᠶ᠋ᠢ ᠵᠠᠰᠠᠬᠤ ᠢᠨᠵᠧᠨᠧᠷᠢᠩ᠎ᠤᠨ ᠪᠦᠳᠦᠭᠡᠨ ᠪᠠᠢᠭᠤᠯᠤᠯᠳᠠ᠎ᠶ᠋ᠢᠨ ᠡᠭᠦᠷᠭᠡ᠎ᠶ᠋ᠢ 5982 ᠲᠦᠮᠡᠨ ᠮᠦ᠍ ᠪᠠᠶᠠᠯᠠᠭᠦᠯᠵᠡᠢ; ᠭᠤᠤᠯᠳᠠᠯᠭ᠎ᠠ᠎ᠲᠠᠢ ᠤᠷᠤᠨ ᠪᠦᠰᠡ᠎ᠶ᠋ᠢᠨ ᠨᠤᠭᠤᠭᠠᠷᠠᠭᠤᠯᠤᠯᠳᠠ᠎ᠶ᠋ᠢ ᠬᠦᠴᠦᠯᠡᠨ ᠠᠬᠢᠭᠤᠯᠵᠤ᠂ ᠨᠡᠢᠳᠡ 1150 ᠭᠠᠷᠤᠢ ᠲᠦᠮᠡᠨ ᠮᠦ᠍ ᠨᠤᠭᠤᠭᠠᠷᠠᠭᠤᠯᠵᠤ᠂ ᠡᠯ᠎ᠠ ᠱᠠᠳᠤ ᠡᠯ᠎ᠠ ᠲᠦᠷᠦᠯ᠎ᠤᠨ ᠵᠢᠱ᠌ᠢᠶ᠎ᠠ ᠦᠵᠡᠭᠦᠯᠬᠦ᠌ ᠲᠦᠷᠦᠯ ᠵᠦᠢᠯ᠎ᠢ 500 ᠭᠠᠷᠤᠢ ᠪᠦᠳᠦᠭᠡᠨ ᠪᠠᠢᠭᠤᠯᠵᠡᠢ; ᠡᠯᠡᠰᠤ ᠮᠠᠩᠬ᠎ᠠ᠎ᠶ᠋ᠢ ᠵᠠᠰᠠᠬᠤ ᠠᠵᠢᠯ ᠢᠯᠡᠷᠭᠡᠢ ᠦᠷ᠎ᠠ ᠪᠦᠳᠦᠮᠵᠢ ᠤᠯᠵᠤ᠂ ᠪᠦᠬᠦ᠌ ᠤᠷᠤᠨ᠎ᠤ ᠴᠦᠯᠯᠡᠷᠭᠡᠭ᠌ᠵᠢᠭ᠌ᠰᠡᠨ ᠪᠠ ᠡᠯᠡᠰᠦᠷᠭᠡᠭ᠌ᠵᠢᠭ᠌ᠰᠡᠨ ᠭᠠᠵᠠᠷ᠎ᠤᠨ ᠠᠮᠢ ᠠᠬᠤᠢ᠎ᠶ᠋ᠢᠨ ᠪᠠᠢᠳᠠᠯ ᠦᠷᠭᠦᠯᠵᠢᠯᠡᠨ ᠰᠠᠢᠵᠢᠷᠠᠵᠤ᠂ 15 ᠵᠢᠯ ᠲᠠᠷᠠᠭᠠᠯᠠᠨ 《ᠬᠤᠤᠰ ᠬᠠᠰᠤᠭ᠍ᠳᠠᠯ》 ᠎ᠢ ᠪᠡᠶᠡᠯᠡᠭᠦᠯᠦᠭ᠌ᠰᠡᠨ ᠪᠠᠢᠨ᠎ᠠ᠃
     ᠬᠠᠮᠢᠶᠠᠷᠴᠤ᠌ ᠬᠠᠮᠠᠭᠠᠯᠠᠬᠤ᠎ᠶ᠋ᠢ ᠤᠶᠠᠯᠳᠤᠭᠤᠯᠵᠤ᠂ ᠤᠢ ᠱᠢᠭᠤᠢ ᠡᠪᠡᠰᠤᠨ᠎ᠤ ᠡᠬᠢ ᠪᠠᠶᠠᠯᠢᠭ᠎ᠢ ᠪᠦᠳᠦᠮᠵᠢᠳᠡᠢ ᠬᠠᠮᠠᠭᠠᠯᠠᠵᠤ᠂ 2012 ᠤᠨ᠎ᠠᠴᠠ ᠦᠪᠦᠷ ᠮᠤᠩᠭᠤᠯ ᠡᠩ ᠲᠦᠷᠦᠭᠦᠨ᠎ᠳᠤ ᠷᠠᠱᠢᠶᠠᠨ ᠤᠷᠤᠨ᠎ᠳᠤ ᠬᠤᠳᠠᠯᠳᠤᠭᠠᠨ᠎ᠤ ᠴᠢᠨᠠᠷᠳᠠᠢ ᠮᠤᠳᠤ ᠤᠭ᠍ᠳᠤᠯᠬᠤ᠎ᠶ᠋ᠢ ᠵᠤᠭ᠍ᠰᠤᠭᠠᠪᠠ; 2015 ᠤᠨ᠎ᠤ 4 ᠰᠠᠷ᠎ᠠ᠎ᠶ᠋ᠢᠨ 1 ᠎ᠤ ᠡᠳᠦᠷ᠎ᠠᠴᠠ ᠡᠬᠢᠯᠡᠨ᠂ ᠤᠯᠤᠰ᠎ᠠᠴᠠ ᠶᠡᠭᠡ ᠬᠢᠩᠭᠠᠨ ᠲᠠᠪᠠᠭᠠᠨ᠎ᠤ ᠱᠢᠭᠤᠢ᠍ᠢᠳᠤ ᠤᠷᠤᠨ᠂ ᠶᠡᠭᠡ ᠬᠢᠩᠭᠠᠨ ᠲᠠᠪᠠᠭᠠᠨ᠎ᠠᠴᠠ ᠡᠮᠦᠨᠡᠬᠢ ᠨᠠᠢ᠍ᠮᠠᠨ ᠲᠤᠪᠴᠢᠶ᠎ᠠ ᠪᠤᠯᠤᠨ ᠵᠡᠭᠦᠨ ᠬᠡᠰᠡᠭ᠎ᠤᠨ ᠲᠠᠪᠤᠨ ᠠᠢᠮᠠᠭ ᠬᠤᠳᠠ᠎ᠶ᠋ᠢᠨ 102 ᠤᠯᠤᠰ᠎ᠤᠨ ᠦᠮᠴᠢᠯᠡᠯᠳᠤ ᠤᠢ ᠱᠢᠭᠤᠢ᠎ᠶ᠋ᠢᠨ ᠲᠠᠯᠠᠪᠠᠢ᠎ᠶ᠋ᠢᠨ ᠮᠤᠳᠤᠨ ᠮᠠᠲ᠋ᠧᠷᠢᠶᠠᠯ᠎ᠢ ᠬᠤᠳᠠᠯᠳᠤᠭᠠᠨ᠎ᠤ ᠴᠢᠨᠠᠷᠳᠠᠢ ᠤᠭ᠍ᠳᠤᠯᠬᠤ᠎ᠶ᠋ᠢ ᠪᠦᠬᠦ᠌ ᠲᠠᠯ᠎ᠠ᠎ᠪᠠᠷ ᠵᠤᠭ᠍ᠰᠤᠭᠠᠪᠠ᠃
     ᠡᠨᠡ ᠵᠢᠯ᠂ ᠮᠠᠨ᠎ᠤ ᠤᠷᠤᠨ ᠠᠭᠤᠯᠠ ᠤᠰᠤ ᠤᠢ ᠱᠢᠭᠤᠢ ᠲᠠᠷᠢᠶᠠᠨ ᠭᠠᠵᠠᠷ ᠨᠠᠭᠤᠷ ᠪᠦᠷᠢᠳᠤ ᠨᠤᠳᠤᠭ ᠪᠡᠯᠴᠢᠭᠡᠷ᠎ᠤᠨ ᠱᠢᠰᠲ᠋ᠧᠮ᠎ᠲᠠᠢ ᠵᠠᠰᠠᠯᠳᠠ᠎ᠶ᠋ᠢ ᠦᠷᠬᠦᠯᠵᠢᠯᠡᠨ ᠨᠢᠭᠡᠳᠦᠯᠳᠡᠢ ᠲᠦᠯᠦᠪᠯᠡᠵᠦ᠍᠂ ᠤᠯᠤᠰ᠎ᠤᠨ ᠭᠤᠤᠯᠳᠠᠯᠭ᠎ᠠ᠎ᠲᠠᠢ ᠠᠮᠢ ᠠᠬᠤᠢ᠎ᠶ᠋ᠢᠨ ᠪᠦᠳᠦᠭᠡᠨ ᠪᠠᠢᠭᠤᠯᠤᠯᠳᠠ᠎ᠶ᠋ᠢᠨ ᠢᠨᠵᠧᠨᠧᠷᠢᠩ ᠪᠠ ᠦᠪᠡᠷᠳᠡᠭᠡᠨ ᠵᠠᠰᠠᠬᠤ ᠤᠷᠤᠨ᠎ᠤ ᠭᠤᠤᠯᠳᠠᠯᠭ᠎ᠠ᠎ᠲᠠᠢ ᠤᠷᠤᠨ ᠪᠦᠰᠡ᠎ᠶ᠋ᠢᠨ ᠨᠤᠭᠤᠭᠠᠷᠠᠭᠤᠯᠤᠯᠳᠠ᠎ᠶ᠋ᠢ ᠬᠢᠨᠠᠮᠠᠭᠠᠢ ᠵᠤᠬᠢᠶᠠᠨ ᠪᠠᠢᠭᠤᠯᠤᠨ᠎ᠠ᠃ ᠨᠤᠳᠤᠭ ᠪᠡᠯᠴᠢᠭᠡᠷ᠎ᠤᠨ ᠠᠮᠢ ᠠᠬᠤᠢ᠎ᠶ᠋ᠢ ᠬᠠᠮᠠᠭᠠᠯᠠᠨ ᠰᠡᠷᠭᠦᠭᠡᠬᠦ᠌ ᠲᠤᠮᠳᠠ ᠤᠷᠳᠤ ᠬᠤᠭᠤᠴᠠᠭᠠᠨ᠎ᠤ ᠲᠦᠯᠦᠪᠵᠢᠭᠦᠯᠭᠡ᠎ᠶ᠋ᠢ ᠨᠠᠢᠷᠠᠭᠤᠯᠤᠨ ᠵᠤᠬᠢᠶᠠᠵᠤ᠂ ᠮᠠᠭᠤᠳᠠᠭ᠍ᠰᠠᠨ ᠨᠤᠳᠤᠭ ᠪᠡᠯᠴᠢᠭᠡᠷ᠎ᠤᠨ ᠠᠮᠢ ᠠᠬᠤᠢ᠎ᠶ᠋ᠢ ᠰᠡᠷᠭᠦᠭᠡᠬᠦ᠌ ᠤᠯᠤᠰ᠎ᠤᠨ ᠲᠤᠷᠱᠢᠯᠳᠠ ᠪᠠ ᠨᠤᠳᠤᠭ ᠪᠡᠯᠴᠢᠭᠡᠷ᠎ᠤᠨ ᠲᠦᠷᠦ᠎ᠶ᠋ᠢᠨ ᠪᠤᠳᠤᠯᠭ᠎ᠠ᠎ᠶ᠋ᠢᠨ ᠴᠢᠨᠠᠷᠳᠠᠢ ᠲᠠᠭᠠᠳᠭᠠᠯ᠎ᠤᠨ ᠲᠤᠷᠱᠢᠯᠳᠠ᠎ᠶ᠋ᠢᠨ ᠠᠵᠢᠯ᠎ᠢ ᠠᠬᠢᠭᠤᠯᠬᠤ᠂ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠳᠠ᠎ᠶ᠋ᠢ ᠴᠢᠩᠭᠠᠳᠭᠠᠬᠤ᠂ ᠲᠠᠯᠠᠨ ᠬᠠᠷ᠎ᠠ ᠠᠭᠤᠯᠠ᠎ᠶ᠋ᠢᠨ ᠠᠮᠢ ᠠᠬᠤᠢ᠎ᠶ᠋ᠢ ᠵᠠᠰᠠᠨ ᠰᠡᠷᠭᠦᠭᠡᠬᠦ᠂ ᠬᠦᠳᠡᠭᠡ ᠲᠤᠰᠭᠤᠨ᠎ᠤ ᠨᠤᠭᠤᠭᠠᠷᠠᠭᠤᠯᠤᠯᠳᠠ ᠭᠤᠶᠤᠵᠢᠭᠤᠯᠤᠯᠳᠠ ᠵᠡᠷᠭᠡ ᠤᠯᠠᠨ ᠠᠵᠢᠯ᠎ᠢ ᠨᠢᠭᠡᠨᠳᠡ ᠪᠦᠬᠦ᠌ ᠲᠠᠯ᠎ᠠ᠎ᠪᠠᠷ ᠪᠠᠢᠷᠢᠯᠠᠭᠤᠯᠪᠠ᠃
     ᠡᠭᠡ ᠤᠯᠤᠰ᠎ᠤᠨ ᠤᠮᠠᠷᠠᠳᠤ᠎ᠶ᠋ᠢᠨ ᠦᠵᠡᠰᠭᠦᠯᠡᠩᠳᠤ ᠰᠠᠢᠬᠠᠨ ᠦᠵᠡᠮᠵᠢ᠎ᠶ᠋ᠢᠨ ᠤᠷᠤᠨ ᠪᠤᠯᠤᠭ᠍ᠰᠨ ᠦᠪᠦᠷ ᠮᠤᠩᠭᠤᠯ ᠮᠠᠨᠢ ᠨᠤᠮᠢᠨ ᠨᠤᠭᠤᠭᠠᠨ᠎ᠢ ᠬᠦᠭᠡᠭᠡᠴᠡᠯᠳᠦᠬᠦ᠌ ᠠᠶᠠᠨ ᠵᠠᠮ ᠲᠡᠭᠡᠷ᠎ᠠ᠂ ᠦᠨᠳᠦᠰᠦᠳᠡᠨ᠎ᠨᠦᠭᠦᠳ᠎ᠤᠨ ᠠᠷᠠᠳ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠡᠭᠡ ᠤᠯᠤᠰ᠎ᠤᠨ ᠤᠮᠠᠷᠠᠳᠤ ᠬᠢᠯᠢ᠎ᠳᠤ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠴᠤᠭ᠍ᠴᠠᠯᠠᠨ ᠪᠠᠢᠭᠤᠯᠵᠤ᠂ ᠠᠮᠢ ᠠᠬᠤᠢ᠎ᠶ᠋ᠢᠨ ᠤᠷᠴᠢᠨ ᠲᠤᠭᠤᠷᠢᠨ 《ᠪᠦᠬᠦᠯᠢ ᠴᠤᠭ᠍ᠴᠠ᠎ᠪᠠᠷ ᠮᠠᠭᠤᠳᠠᠬᠤ ᠬᠠᠨᠳᠤᠰᠢ᠎ᠶ᠋ᠢ ᠪᠦᠳᠦᠮᠵᠢᠳᠡᠢ ᠬᠤᠷᠢᠠᠠᠯᠠᠨ᠂ ᠵᠠᠰᠠᠯᠳᠠ᠎ᠶ᠋ᠢᠨ ᠤᠷᠤᠨ ᠢᠯᠡᠳᠳᠡ ᠰᠠᠢᠵᠢᠷᠠᠭ᠍ᠰᠠᠨ》 ᠱᠢᠨ᠎ᠠ ᠪᠠᠢᠳᠠᠯ ᠢᠯᠡᠷᠡᠪᠡ᠃
     ᠦᠪᠦᠷ ᠮᠤᠩᠭᠤᠯ ᠬᠦᠭᠡᠮᠳᠦᠭ ᠨᠤᠭᠤᠭᠠᠨ ᠠᠭᠤᠯᠠ ᠤᠰᠤ᠎ᠪᠠᠨ ᠤᠯᠠᠮ ᠭᠤᠶᠤ ᠪᠦᠳᠦᠭᠡᠨ ᠪᠠᠢᠭᠤᠯᠵᠤ᠂ ᠠᠯᠳᠠ ᠮᠦᠩᠭᠦᠨ ᠠᠭᠤᠯᠠ᠎ᠪᠠᠨ ᠤᠯᠠᠮ ᠪᠤᠵᠠᠭᠠᠢᠷᠠᠭᠤᠯᠤᠨ᠂ ᠨᠤᠭᠤᠭᠠᠨ ᠦᠩᠭᠡ᠎ᠨᠢ ᠦᠪᠦᠷ ᠮᠤᠩᠭᠤᠯ᠎ᠤᠨ ᠬᠦᠭ᠌ᠵᠢᠯᠳᠡ᠎ᠶ᠋ᠢᠨ ᠬᠠᠮᠤᠭ᠎ᠤᠨ ᠰᠡᠳᠭᠢᠯ ᠬᠦᠳᠡᠯᠭᠡᠮ᠎ᠠ ᠦᠩᠭᠡ ᠪᠤᠯᠵᠠᠢ᠃
      ᠴᠢᠨᠡᠭᠡᠯᠢᠭ ᠨᠡᠢᠭᠡᠮ᠎ᠢ ᠪᠦᠭᠦ᠌ ᠲᠠᠯ᠎ᠠ᠎ᠪᠠᠷ ᠪᠡᠶᠡᠯᠡᠭᠦᠯᠭᠦ᠌ ᠱᠢᠨ᠎ᠠ
     ᠠᠮᠵᠢᠯᠳᠠ᠎ᠶ᠋ᠢᠨ    ᠱᠢᠷᠬᠢᠰᠢ ᠦᠭᠡᠢ   ᠡᠬᠢ ᠪᠤᠯᠠᠭ ᠪᠤᠯᠪᠡ

     《ᠠᠷᠠᠳ ᠲᠦᠮᠡᠨ᠎ᠢ ᠰᠡᠳᠭᠢᠯ ᠵᠢᠷᠦᠭᠡᠨ᠎ᠤ᠎ᠪᠠᠨ ᠬᠠᠮᠤᠭ ᠲᠡᠭᠡᠳᠦ ᠪᠠᠢᠷᠢᠨ᠎ᠳᠤ ᠲᠠᠯᠪᠢᠵᠤ᠂ ᠪᠦᠬᠦ᠌ ᠬᠦᠴᠦᠨ᠎ᠢᠶᠠᠷ ᠤᠯᠠᠨ ᠲᠦᠮᠡᠨ᠎ᠤ ᠬᠦᠴᠢᠷ ᠵᠤᠪᠠᠭᠤᠷᠢ᠎ᠶ᠋ᠢ ᠱᠢᠢᠳᠪᠦᠷᠢᠯᠡᠵᠦ᠍ ᠦᠭ᠌ᠬᠦ ᠬᠡᠷᠡᠭ᠌ᠳᠡᠢ》᠃
     《ᠨᠢᠭᠡ ᠠᠢᠯ ᠡᠷᠦᠭᠡ ᠴᠢᠨᠠᠭ᠍ᠰᠢᠯᠠᠪᠠᠯ ᠨᠢᠭᠡ ᠬᠦᠮᠦᠨ ᠦᠨᠳᠦᠰᠦᠨ ᠠᠮᠢᠳᠤᠷᠠᠯ᠎ᠤᠨ ᠠᠰᠠᠭᠤᠳᠠᠯ᠎ᠢᠶᠠᠨ ᠱᠢᠢᠳᠪᠦᠷᠢᠯᠡᠵᠦ᠍ ᠲᠡᠢᠯᠦᠭᠡᠳᠦᠢ ᠯᠡ ᠶᠤᠮ ᠪᠤᠯ ᠪᠢᠳᠡ ᠲᠠᠷᠤᠢ ᠰᠠᠨᠠᠭ᠎ᠠ ᠠᠮᠤᠷ ᠪᠠᠢᠵᠤ ᠴᠢᠳᠠᠬᠤ ᠦᠭᠡᠢ; ᠤᠯᠠᠨ ᠲᠦᠮᠡᠨ᠎ᠤ ᠵᠤᠯ ᠵᠢᠷᠭᠠᠯᠳᠤ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠨᠢ ᠪᠤᠳᠠᠳᠤ ᠠᠬᠤᠢ ᠪᠤᠯᠤᠭᠠᠳᠤᠢ ᠯᠡ ᠶᠤᠮ ᠪᠤᠯ ᠪᠢᠳᠡ ᠦᠴᠦᠭᠡᠨ ᠴᠦ᠍ ᠴᠠᠯᠠᠭᠠᠢᠷᠠᠯ ᠦᠭᠡᠢ᠎ᠪᠠᠷ ᠤᠯᠠᠨ ᠲᠦᠮᠡᠨ᠎ᠢ ᠪᠦᠯᠬᠦᠮᠳᠡᠭᠦᠯᠦᠨ ᠲᠠᠭᠠᠭᠤᠯᠵᠤ ᠬᠠᠮᠳᠤ᠎ᠪᠠᠷ ᠲᠡᠮᠡᠴᠡᠬᠦ᠌ ᠬᠡᠷᠡᠭ᠌ᠳᠡᠢ》᠃
     ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠳᠤ ᠱᠢᠨᠵᠢᠯᠡᠨ ᠪᠠᠢᠴᠠᠭᠠᠬᠤ ᠦᠶ᠎ᠠ᠎ᠶ᠋ᠢᠨ ᠴᠢᠩ ᠰᠡᠳᠭᠢᠯ᠎ᠤᠨ ᠬᠦᠰᠡᠯ ᠨᠠᠢᠳᠠᠯᠭ᠎ᠠ᠎ᠨᠢ ᠦᠨᠳᠦᠰᠦᠳᠡᠨ᠎ᠤ ᠤᠷᠤᠨ᠎ᠤ ᠦᠪᠡᠷᠳᠡᠭᠡᠨ ᠵᠠᠰᠠᠬᠤ ᠵᠠᠮ ᠲᠡᠭᠡᠷ᠎ᠠ ᠡᠷᠡᠯᠭᠡᠭ᠌ᠯᠡᠨ ᠤᠷᠤᠭ᠍ᠰᠢᠯᠠᠵᠤ ᠪᠠᠢᠭ᠎ᠠ ᠦᠪᠦᠷ ᠮᠤᠩᠭᠤᠯ᠎ᠤᠨ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠢ ᠴᠠᠭ ᠢᠮᠠᠭ᠍ᠳᠠ ᠤᠷᠮᠠᠱᠢᠭᠤᠯᠤᠨ ᠵᠤᠷᠢᠠᠠᠵᠢᠭᠤᠯᠤᠨ᠎ᠠ᠃
     ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠦᠪᠦᠷ ᠮᠤᠩᠭᠤᠯ ᠲᠦᠷᠦ᠎ᠶ᠋ᠢᠨ ᠪᠤᠳᠤᠯᠭ᠎ᠠ᠎ᠪᠠᠷ ᠬᠦᠳᠦᠯᠦᠨ ᠵᠢᠯᠤᠭᠤᠳᠭᠤ᠂ ᠪᠡᠯᠡ ᠮᠦᠩᠭᠦ᠎ᠪᠠᠷ ᠲᠠᠮᠵᠢᠬᠦ᠂ ᠲᠦᠷᠦᠯ ᠵᠦᠢᠯ᠎ᠢᠶᠠᠷ ᠲᠠᠢᠴᠢᠯᠠᠬᠤ᠎ᠪᠠᠷ ᠲᠠᠮᠵᠢᠨ ᠦᠨᠳᠦᠰᠦᠳᠡᠨ᠎ᠤ ᠠᠵᠤ ᠠᠬᠤᠢ᠎ᠶ᠋ᠢ ᠲᠦᠷᠭᠡᠨ ᠬᠦᠭ᠌ᠵᠢᠯᠳᠡ᠎ᠶ᠋ᠢᠨ ᠵᠠᠮ᠎ᠳᠤ ᠤᠷᠤᠭᠤᠯᠵᠤ᠂ ᠶᠠᠳᠠᠭᠤ᠎ᠶ᠋ᠢ ᠲᠡᠳᠭᠦᠵᠦ᠍ ᠨᠡᠭᠡᠭᠡᠨ ᠬᠦᠭ᠌ᠵᠢᠭᠦᠯᠬᠦ᠌ ᠢᠨᠵᠧᠨᠧᠷᠢᠩ᠂ ᠠᠷᠠᠳ ᠢᠷᠭᠡᠳ᠎ᠤᠨ ᠠᠮᠤᠭᠤᠯᠠᠩ ᠤᠷᠤᠨ ᠰᠠᠭᠤᠴᠠ ᠪᠠ ᠦᠢᠯᠡᠰ ᠪᠤᠰᠭᠠᠬᠤ ᠠᠵᠢᠯ ᠤᠯᠭᠤᠬᠤ ᠢᠨᠵᠧᠨᠧᠷᠢᠩ᠂ ᠮᠠᠯᠵᠢᠬᠤ ᠲᠠᠷᠢᠶᠠᠯᠠᠬᠤ ᠤᠷᠤᠨ᠎ᠤ ᠤᠯᠠᠨ ᠨᠡᠢᠳᠡ᠎ᠶ᠋ᠢᠨ ᠦᠢᠯᠡᠴᠢᠯᠡᠭᠡᠨ᠎ᠢ ᠪᠦᠬᠦᠨ᠎ᠢ ᠪᠦᠷᠬᠦᠬᠦᠯᠬᠦ᠌ ᠢᠨᠵᠧᠨᠧᠷᠢᠩ ᠵᠡᠷᠭᠡ᠎ᠶ᠋ᠢ ᠬᠦᠴᠦᠯᠡᠨ ᠬᠦᠭ᠌ᠵᠢᠭᠦᠯᠵᠦ᠍᠂ ᠮᠠᠯᠵᠢᠬᠤ ᠲᠠᠷᠢᠶᠠᠯᠠᠬᠤ ᠤᠷᠤᠨ᠎ᠤ ᠲᠦᠷᠰᠦ ᠪᠠᠢᠳᠠᠯ᠎ᠢ ᠰᠠᠢᠵᠢᠷᠠᠭᠤᠯᠵᠤ᠂ ᠮᠠᠯᠴᠢᠨ ᠲᠠᠷᠢᠶᠠᠴᠢᠳ᠎ᠤᠨ ᠬᠦᠷᠳᠡᠮᠵᠢ᠎ᠶ᠋ᠢᠨ ᠲᠦᠷᠦᠭ᠌ᠳᠡᠯ᠂ ᠵᠤᠯ ᠵᠢᠷᠭᠠᠯᠳᠤ ᠲᠦᠷᠦᠭ᠌ᠳᠡᠯ᠎ᠢ ᠨᠡᠮᠡᠭ᠌ᠳᠡᠭᠦᠯᠵᠡᠢ᠃
     《ᠠᠷᠠᠳ᠎ᠤᠨ ᠠᠮᠢᠳᠤᠷᠠᠯ᠎ᠤᠨ ᠬᠤᠷᠢᠭ᠎ᠠ ᠱᠤᠭᠤᠮ᠎ᠢ ᠪᠠᠳᠤ ᠰᠠᠬᠢᠬᠤ ᠪᠤᠯ ᠲᠠᠷᠤᠢ ᠠᠷᠠᠳ᠎ᠢ ᠪᠠᠶᠠᠵᠢᠭᠤᠯᠬᠤ ᠬᠢᠭᠡᠳ ᠤᠷᠤᠨ᠎ᠢ ᠬᠦᠴᠦᠷᠭᠡᠭ᠌ᠵᠢᠭᠦᠯᠬᠦ᠌᠎ᠶ᠋ᠢ ᠵᠡᠷᠭᠡᠪᠡᠷ ᠴᠢᠬᠤᠯᠠᠴᠢᠯᠠᠬᠤ᠂ ᠠᠷᠠᠳ᠎ᠢ ᠪᠠᠶᠠᠵᠢᠭᠤᠯᠬᠤ᠎ᠶ᠋ᠢ ᠲᠡᠷᠢᠭᠦᠨ᠎ᠳᠤ ᠲᠠᠯᠪᠢᠬᠤ᠎ᠶ᠋ᠢ ᠪᠠᠷᠢᠮᠳᠠᠯᠠᠵᠤ᠂ ᠲᠦᠭᠡᠮᠡᠯ ᠬᠠᠷᠠᠭᠠᠯᠵᠠᠯ᠎ᠤᠨ ᠴᠢᠨᠠᠷᠳᠠᠢ᠂ ᠰᠠᠭᠤᠷᠢ ᠴᠢᠨᠠᠷᠳᠠᠢ᠂ ᠬᠤᠷᠢᠭ᠎ᠠ ᠱᠤᠭᠤᠮ᠎ᠢ ᠪᠠᠳᠤᠯᠠᠬᠤ ᠴᠢᠨᠠᠷᠳᠠᠢ ᠠᠷᠠᠳ᠎ᠤᠨ ᠠᠮᠢᠳᠤᠷᠠᠯ᠎ᠤᠨ ᠴᠤᠭ᠍ᠴᠠᠯᠠᠯᠳᠠ᠎ᠶ᠋ᠢᠨ ᠠᠵᠢᠯ᠎ᠢ ᠯᠠᠪᠳᠠᠭᠤᠨ ᠪᠠᠳᠤᠳᠠᠢ ᠰᠠᠢᠳᠤᠷ ᠬᠢᠵᠦ᠍᠂ ᠶᠠᠳᠠᠭᠤ ᠬᠦᠴᠢᠷᠳᠡᠯᠳᠡᠢ ᠤᠯᠠᠨ ᠲᠦᠮᠡᠨ᠎ᠢ ᠪᠦᠬᠦ᠌ ᠲᠠᠯ᠎ᠠ᠎ᠪᠠᠷ ᠴᠢᠨᠡᠭᠡᠯᠢᠭ᠌ᠵᠢᠬᠦ᠌ ᠵᠠᠮ ᠲᠡᠭᠡᠷ᠎ᠠ ᠶᠠᠭᠠᠬᠢᠭ᠍ᠰᠠᠨ ᠴᠦ᠍ ᠡᠩᠨᠡᠭᠡ᠎ᠠᠴᠠ᠎ᠪᠠᠨ ᠬᠤᠴᠤᠷᠤᠭᠤᠯᠬᠤ ᠦᠭᠡᠢ ᠪᠠᠢᠬᠤ᠎ᠶ᠋ᠢ ᠪᠠᠳᠤᠯᠠᠬᠤ ᠶᠠᠪᠤᠳᠠᠯ ᠪᠤᠯᠤᠨ᠎ᠠ》 ᠭᠡᠵᠦ᠍ ᠦᠪᠡᠷᠳᠡᠭᠡᠨ ᠵᠠᠰᠠᠬᠤ ᠤᠷᠤᠨ᠎ᠤ ᠠᠷᠪᠠᠳᠤᠭᠠᠷ ᠤᠳᠠᠭᠠᠨ᠎ᠤ ᠨᠠᠮ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ ᠲᠡᠭᠡᠷ᠎ᠠ ᠲᠦᠪ ᠴᠢᠩᠭ᠎ᠠ ᠠᠮᠠᠯᠠᠪᠠ᠃
     《ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠢᠯᠠᠯᠳᠠ᠎ᠶ᠋ᠢ ᠵᠠᠪᠠᠯ ᠤᠯᠬᠤ ᠪᠤᠯ ᠲᠠᠷᠢᠭᠦᠨ ᠴᠢᠬᠤᠯᠠ ᠠᠷᠠᠳ᠎ᠤᠨ ᠠᠮᠢᠳᠤᠷᠠᠯ᠎ᠤᠨ ᠢᠨᠵᠧᠨᠧᠷᠢᠩ᠂ ᠬᠦᠨᠳᠦ ᠴᠢᠬᠤᠯᠠ ᠬᠠᠷᠢᠭᠤᠴᠠᠯᠭ᠎ᠠ ᠮᠦᠨ》᠃
     ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠵᠠᠩᠭᠢᠯᠠᠭ᠎ᠠ᠎ᠶ᠋ᠢᠨ ᠨᠢᠭᠡ ᠵᠢᠯ ᠪᠤᠯᠬᠤ 2019 ᠤᠨ᠎ᠳᠤ ᠮᠠᠨ᠎ᠤ ᠤᠷᠤᠨ ᠤᠨᠢᠨ ᠲᠡᠭᠡᠷ᠎ᠠ᠎ᠨᠢ ᠶᠠᠳᠠᠭᠤ᠎ᠶ᠋ᠢ ᠲᠡᠳᠬᠦᠬᠦ᠂ ᠤᠨᠢᠨ ᠲᠡᠭᠡᠷ᠎ᠠ᠎ᠨᠢ ᠶᠠᠳᠠᠭᠤ᠎ᠠᠴᠠ ᠠᠩᠬᠢᠵᠢᠷᠠᠭᠤᠯᠬᠤ ᠦᠨᠳᠦᠰᠦᠨ ᠪᠤᠳᠤᠯᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠶᠠᠳᠠᠭᠤ᠎ᠶ᠋ᠢ ᠲᠡᠳᠬᠦᠬᠦ᠌ ᠪᠠᠢᠭᠤᠯᠤᠮᠵᠢ ᠲᠤᠭ᠍ᠳᠠᠴᠠ᠎ᠶ᠋ᠢᠨ ᠱᠢᠨ᠎ᠠ᠎ᠶ᠋ᠢ ᠡᠭᠦᠳᠴᠦ᠍᠂ 《ᠬᠤᠶᠠᠷ᠎ᠲᠤ ᠵᠤᠪᠠᠭ᠍ᠤ ᠦᠭᠡᠢ ᠭᠤᠷᠪᠠ᠎ᠶ᠋ᠢ ᠪᠠᠳᠤᠯᠠᠬᠤ》 ᠎ᠳᠤ ᠴᠢᠭ᠌ᠯᠡᠭᠦᠯᠦᠨ᠂ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠂ ᠲᠦᠷᠦ᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠬᠤ ᠪᠠ ᠠᠵᠢᠯ᠎ᠢ ᠨᠠᠢᠳᠠᠪᠤᠷᠢᠵᠢᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠤᠭ᠍ᠰᠠᠨ᠎ᠢᠶᠠᠷ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠠᠵᠢᠯ ᠱᠢᠢᠳᠪᠦᠷᠢᠳᠤ ᠴᠢᠨᠠᠷᠳᠠᠢ ᠠᠬᠢᠴᠠ᠎ᠲᠠᠢ ᠪᠤᠯᠵᠤ᠂ ᠪᠦᠬᠦ᠌ ᠤᠷᠤᠨ᠎ᠢᠶᠠᠷ᠎ᠢᠶᠠᠨ 14.1 ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ᠎ᠶ᠋ᠢ ᠶᠠᠳᠠᠭᠤ᠎ᠠᠴᠠ ᠠᠩᠬᠢᠵᠢᠷᠠᠭᠤᠯᠵᠤ᠂ ᠶᠠᠳᠠᠭᠤᠷᠠᠯ᠎ᠤᠨ ᠨᠤᠷᠮ᠎ᠠ 11.7% ᠎ᠠᠴᠠ᠎ᠪᠠᠨ ᠪᠠᠭᠤᠷᠠᠭᠠᠳ 0.11% ᠪᠤᠯᠵᠠᠢ᠃
     2020 ᠤᠨ᠎ᠤ ᠡᠰᠡᠨᠢᠯᠳᠤ ᠬᠠᠪᠤᠷ᠎ᠲᠠᠢ ᠡᠩ ᠵᠡᠷᠭᠡᠴᠡᠨ ᠦᠪᠦᠷ ᠮᠤᠩᠭᠤᠯ᠎ᠤᠨ ᠶᠠᠳᠠᠭᠤ ᠬᠦᠴᠢᠷᠳᠡᠯᠳᠡᠢ ᠬᠤᠱᠢᠭᠤ ᠱᠢᠶᠠᠨ ᠪᠦᠬᠦᠨ᠎ᠢᠶᠠᠷ ᠶᠠᠳᠠᠭᠤ᠎ᠠᠴᠠ ᠠᠩᠬᠢᠵᠢᠷᠠᠭ᠍ᠰᠠᠨ ᠪᠠᠶᠠᠷ᠎ᠤᠨ ᠴᠢᠮᠡᠭᠡ ᠲᠠᠯ᠎ᠠ ᠬᠦᠳᠡᠭᠡ᠎ᠶ᠋ᠢ ᠪᠠᠶᠠᠰᠭᠨ ᠲᠠᠭᠤᠷᠢᠰᠤᠨ᠎ᠠ᠃
     ᠶᠡᠷᠦᠩᠬᠡᠢ ᠱᠦᠵᠢ ᠰᠢ᠎ᠶ᠋ᠢᠨ ᠫᠢᠩ ᠨᠢᠳᠤᠨᠤᠨ ᠵᠢᠯ ᠮᠠᠨ᠎ᠤ ᠤᠷᠤᠨ᠎ᠳᠤ ᠱᠢᠨᠵᠢᠯᠡᠨ ᠪᠠᠢᠴᠠᠭᠠᠬᠤ᠎ᠳᠠᠭᠠᠨ᠂ ᠤᠳᠤᠬᠠᠨ᠎ᠳᠤ ᠦᠪᠦᠷ ᠮᠤᠩᠭᠤᠯ᠎ᠤᠨ ᠲᠠᠩᠰᠠᠯᠠᠵᠤ ᠺᠠᠷᠲᠯᠠᠭ᠍ᠰᠠᠨ ᠶᠠᠳᠠᠭᠤ ᠬᠦᠴᠢᠷᠳᠡᠯᠳᠡᠢ ᠬᠦᠮᠦᠨ ᠠᠮᠠ᠎ᠶ᠋ᠢᠨ ᠲᠤᠭ᠎ᠠ ᠬᠡᠳᠦ᠋ᠢᠪᠡᠷ ᠤᠯᠠᠨ ᠪᠢᠰᠢ ᠪᠤᠯᠪᠠᠴᠤ᠌ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠡᠭᠦᠷᠭᠡ᠎ᠶ᠋ᠢ ᠲᠤᠭ᠍ᠳᠠᠭ᠍ᠰᠠᠨ ᠬᠤᠭᠤᠴᠠᠭᠠᠨ᠎ᠳᠤ ᠪᠠᠶᠠᠯᠡᠭᠦᠯᠬᠦ᠌᠎ᠳᠤ ᠮᠦᠨ ᠯᠡ ᠨᠡᠩ ᠬᠠᠳᠠᠭᠤᠵᠢᠯᠳᠠᠢ ᠴᠢᠷᠮᠠᠢᠯᠭ᠎ᠠ ᠭᠠᠷᠭᠠᠬᠤ ᠬᠡᠷᠡᠭ᠌ᠳᠡᠢ ᠭᠡᠵᠦ᠍ ᠤᠨᠴᠠᠭᠠᠢᠯᠠᠨ ᠵᠢᠭᠠᠵᠤ ᠭᠠᠷᠭᠠᠪᠠ᠃
     ᠡᠨᠡ ᠵᠢᠯ ᠮᠠᠨ᠎ᠤ ᠤᠷᠤᠨ ᠬᠠᠷᠠᠯᠳᠠ᠎ᠪᠠᠨ ᠪᠠᠳᠤ ᠲᠤᠭ᠍ᠳᠠᠭᠠᠵᠤ᠂ ᠪᠤᠭᠤᠮᠳᠠ ᠱᠢᠪᠳᠤᠯᠬᠤ ᠠᠵᠢᠯ᠎ᠢ ᠪᠠᠷᠢᠮᠵᠢᠶ᠎ᠠ ᠶᠤᠰᠤᠭᠠᠷ ᠪᠠᠳᠤᠯᠠᠵᠤ᠂ ᠬᠠᠷᠢᠭᠤᠴᠠᠯᠭ᠎ᠠ᠎ᠶ᠋ᠢ ᠴᠢᠩᠭᠠᠳᠭᠠᠨ᠂ ᠲᠤᠪᠤᠢᠮ᠎ᠠ ᠠᠰᠠᠭᠤᠳᠠᠯ᠎ᠢ ᠪᠦᠬᠦ᠌ ᠲᠠᠯ᠎ᠠ᠎ᠪᠠᠷ ᠪᠠᠢᠴᠠᠭᠠᠨ ᠱᠢᠢᠳᠪᠦᠷᠢᠯᠡᠵᠦ᠍᠂ ᠭᠤᠤᠯᠳᠠᠯᠭ᠎ᠠ᠎ᠲᠠᠢ ᠭᠠᠵᠠᠷ ᠤᠷᠤᠨ᠂ ᠭᠤᠤᠯᠳᠠᠯᠭ᠎ᠠ᠎ᠲᠠᠢ ᠠᠵᠢᠯ᠎ᠳᠤ ᠫᠠᠢᠰᠠ ᠡᠯᠭᠦᠨ ᠱᠠᠯᠠᠪᠳᠠᠭᠤᠯᠤᠨ ᠪᠠᠢᠴᠠᠭᠠᠵᠤ᠂ ᠦᠯᠡᠳᠡᠵᠦ᠍ ᠪᠠᠢᠭ᠎ᠠ 1.6 ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ ᠪᠤᠯᠤᠨ ᠱᠢᠨ᠎ᠠ᠎ᠪᠠᠷ ᠶᠠᠳᠠᠭᠤᠷᠠᠭ᠍ᠰᠠᠨ ᠲᠠᠬᠢᠨ ᠶᠠᠳᠠᠭᠤᠷᠠᠭ᠍ᠰᠠᠨ ᠬᠦᠮᠦᠨ ᠠᠮᠠ᠎ᠶ᠋ᠢ ᠶᠠᠳᠠᠭᠤ᠎ᠠᠴᠠ ᠠᠩᠬᠢᠵᠢᠷᠠᠭᠤᠯᠬᠤ ᠡᠭᠦᠷᠭᠡ᠎ᠶ᠋ᠢ ᠪᠡᠶᠡᠯᠡᠭᠦᠯᠵᠦ᠍᠂ ᠶᠠᠳᠠᠭᠤ᠎ᠠᠴᠠ ᠠᠩᠬᠢᠵᠢᠷᠠᠭᠤᠯᠤᠭ᠍ᠰᠠᠨ ᠦᠷ᠎ᠠ ᠪᠦᠳᠦᠭᠡᠯ᠎ᠢ ᠪᠠᠬᠢᠵᠢᠭᠦᠯᠵᠦ᠍᠂ ᠶᠠᠳᠠᠭᠤ᠎ᠠᠴᠠ ᠠᠩᠬᠢᠵᠢᠷᠠᠭᠤᠯᠬᠤ ᠶᠠᠰᠤ ᠴᠢᠨᠠᠷ᠎ᠢ ᠲᠡᠭᠡᠭ᠌ᠰᠢᠯᠡᠭᠦᠯᠤᠨ᠂ ᠳ᠋ᠦᠩᠨᠡᠨ ᠤᠬᠠᠭᠤᠯᠬᠤ᠎ᠶ᠋ᠢ ᠴᠢᠩᠭᠠᠳᠭᠠᠵᠤ᠂ ᠬᠠᠷᠢᠴᠠᠩᠭᠤᠢ ᠶᠠᠳᠠᠭᠤ ᠬᠦᠴᠢᠷᠳᠡᠯ᠎ᠢ ᠱᠢᠢᠳᠪᠦᠷᠢᠯᠡᠬᠦ᠌ ᠤᠷᠳᠤ ᠬᠤᠭᠤᠴᠠᠭᠠᠨ᠎ᠤ ᠪᠦᠳᠦᠮᠵᠢᠳᠦ ᠲᠤᠭ᠍ᠳᠠᠴᠠ᠎ᠶ᠋ᠢ ᠰᠤᠳᠤᠯᠤᠨ ᠪᠠᠢᠭᠤᠯᠵᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠡᠭᠦᠷᠭᠡ᠎ᠶ᠋ᠢ ᠬᠤᠭᠤᠴᠠᠭ᠎ᠠ ᠶᠤᠰᠤᠭᠠᠷ ᠪᠦᠬᠦ᠌ ᠲᠠᠯ᠎ᠠ᠎ᠪᠠᠷ ᠪᠠᠶᠡᠯᠡᠭᠦᠯᠬᠦ᠌᠎ᠶ᠋ᠢ ᠪᠠᠳᠤᠯᠠᠨ᠎ᠠ᠃ ᠦᠪᠦᠷ ᠮᠤᠩᠭᠤᠯ ᠪᠤᠯ ᠪᠦᠬᠦ᠌ ᠤᠯᠤᠰ᠎ᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠲᠤᠮᠳᠠᠬᠢ ᠨᠢᠭᠡᠨ ᠡᠩᠨᠡᠭᠡ ᠲᠡᠳᠦᠢ᠂ ᠪᠦᠬᠦ᠌ ᠤᠯᠤᠰ᠎ᠤᠨ ᠶᠠᠳᠠᠭᠤ ᠬᠦᠴᠢᠷᠳᠡᠯᠳᠡᠢ ᠬᠦᠮᠦᠨ ᠠᠮᠠ 2012 ᠤᠨ᠎ᠤ ᠡᠴᠤᠰ᠎ᠲᠤ 9899 ᠲᠦᠮᠡ ᠪᠠᠢᠭ᠍ᠰᠠᠨ᠎ᠠᠴᠠ᠎ᠪᠠᠨ 2019 ᠤᠨ᠎ᠤ ᠡᠴᠤᠰ᠎ᠲᠤ 551 ᠲᠦᠮᠡ ᠪᠤᠯᠤᠨ ᠪᠠᠭᠠᠰᠴᠤ᠌᠂ ᠶᠠᠳᠠᠭᠤᠷᠠᠯ᠎ᠤᠨ ᠨᠤᠷᠮ᠎ᠠ 10.2% ᠪᠠᠢᠭ᠍ᠰᠠᠨ᠎ᠠᠴᠠ᠎ᠪᠠᠨ 0.6% ᠪᠤᠯᠵᠤ ᠪᠠᠭᠤᠷᠠᠪᠠ᠃ ᠡᠨᠡ ᠵᠢᠯ᠎ᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠡᠭᠦᠷᠭᠡ᠎ᠶ᠋ᠢ ᠪᠠᠶᠡᠯᠡᠭᠦᠯᠦᠭ᠌ᠰᠡᠨ᠎ᠤ ᠲᠠᠷᠠᠭ᠎ᠠ᠂ ᠮᠠᠨ᠎ᠤ ᠤᠯᠤᠰ ᠤᠯᠠᠨ ᠤᠯᠤᠰ᠎ᠤᠨ ᠬᠤᠯᠪᠤᠭᠠᠳᠤ ᠪᠠᠢᠭᠤᠯᠭ᠎ᠠ᠎ᠶ᠋ᠢᠨ 2030 ᠤᠨ᠎ᠤ ᠦᠷᠭᠦᠯᠵᠢᠯᠡᠬᠦ᠌ ᠬᠦᠭ᠌ᠵᠢᠯᠳᠡ᠎ᠶ᠋ᠢᠨ ᠵᠦᠪᠯᠡᠬᠦ᠌ ᠵᠦᠢᠯ᠎ᠤᠨ ᠶᠠᠳᠠᠭᠤ᠎ᠶ᠋ᠢ ᠪᠠᠭᠠᠰᠭᠠᠬᠤ ᠬᠠᠷᠠᠯᠳᠠ᠎ᠶ᠋ᠢ 10 ᠵᠢᠯ ᠤᠷᠢᠳᠴᠢᠯᠠᠨ ᠪᠡᠶᠡᠯᠡᠭᠦᠯᠬᠦ᠌ ᠪᠤᠯᠤᠨ᠎ᠠ᠃
     ᠲᠠᠶᠠᠩ᠎ᠳᠤ ᠲᠠᠭᠤᠷᠢᠰᠤᠨ᠂ ᠲᠡᠦᠭᠡᠨ᠎ᠳᠤ ᠲᠡᠮᠳᠡᠭ᠌ᠯᠡᠭ᠌ᠳᠡᠬᠦ᠌ ᠦᠯᠡᠮᠵᠢ ᠤᠯᠠᠨ ᠠᠮᠵᠢᠯᠳᠠ ᠪᠦᠳᠦᠭᠡᠯ᠎ᠨᠢ ᠨᠡᠢᠭᠡᠮ ᠵᠢᠷᠤᠮ᠎ᠤᠨ ᠪᠠᠢᠭᠤᠯᠤᠯ᠎ᠤᠨ ᠠᠷᠠᠳ ᠲᠦᠮᠡᠨ᠎ᠢᠶᠠᠷ ᠠᠯᠢᠪᠠ ᠠᠵᠢᠯ᠎ᠤᠨ ᠱᠢᠷᠬᠢᠰᠢ ᠦᠭᠡᠢ ᠡᠬᠢ ᠪᠤᠯᠠᠭ ᠪᠤᠯᠭᠠᠵᠤ᠂ ᠪᠦᠬᠦ᠌ ᠤᠯᠤᠰ᠎ᠢᠶᠠᠷ᠎ᠢᠶᠠᠨ ᠠᠨᠠᠷ᠎ᠤᠨ ᠮᠦᠭᠦᠯᠢᠭ ᠱᠢᠭ ᠪᠦᠯᠬᠦᠮᠳᠡᠨ᠂ ᠬᠦᠴᠦ᠎ᠪᠠᠨ ᠲᠦᠪᠯᠡᠷᠡᠭᠦᠯᠦᠨ ᠶᠡᠭᠡ ᠶᠠᠪᠤᠳᠠᠯ᠎ᠢ ᠪᠦᠳᠦᠭᠡᠬᠦ᠌ ᠢᠯᠡᠳᠳᠡ ᠲᠠᠪᠠᠭᠤᠯᠢᠭ᠎ᠲᠤ ᠰᠠᠭᠤᠷᠢᠯᠠᠭ᠍ᠰᠠᠨ᠎ᠤ ᠠᠴᠢ ᠪᠢᠯᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠣᠯᠣᠩᠭ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号