《5 · 1》 ᠎ᠤ ᠠᠮᠠᠷᠠᠯᠳᠠ᠎ᠶ᠋ᠢᠨ ᠬᠤᠭᠤᠴᠠᠭᠠᠨ᠎ᠳᠤ ᠬᠦᠬᠡᠬᠤᠲᠠ᠎ᠶ᠋ᠢᠨ ᠴᠠᠭᠠᠨ ᠰᠤᠪᠤᠷᠭ᠎ᠠ ᠤᠯᠠᠨ ᠤᠯᠤᠰ᠎ᠤᠨ ᠨᠢᠰᠭᠡᠯ᠎ᠤᠨ ᠪᠠᠭᠤᠳᠠᠯ 6 ᠲᠦᠮᠡᠨ ᠠᠶᠠᠨᠴᠢᠨ ᠵᠦᠬᠡᠬᠡᠪᠦᠷᠢᠯᠡᠪᠡ
2020-05-10 15:09:54
ᠵᠣᠬᠢᠶᠠᠭ᠍ᠴᠢ᠄
ᠬᠠᠢ ᠴᠢᠤᠧᠠᠨ
ᠣᠩᠱᠢᠭ᠍ᠰᠠᠨ ᠣᠳᠠᠭ᠎ᠠ᠄
★★★☆☆

    ᠡᠨᠡ ᠵᠢᠯ᠎ᠤᠨ 《5 · 1》 ᠎ᠤ ᠠᠮᠠᠷᠠᠯᠳᠠ᠎ᠶ᠋ᠢᠨ ᠬᠤᠭᠤᠴᠠᠭᠠᠨ᠎ᠳᠤ᠂ ᠬᠦᠬᠡᠬᠤᠳᠠ᠎ᠶ᠋ᠢᠨ ᠴᠠᠭᠠᠨ ᠰᠤᠪᠤᠷᠭ᠎ᠠ ᠤᠯᠠᠨ ᠤᠯᠤᠰ᠎ᠤᠨ ᠨᠢᠰᠭᠡᠯ᠎ᠤᠨ ᠪᠠᠭᠤᠳᠠᠯ ᠨᠡᠢᠳᠡ 774 ᠡᠬᠡᠯᠵᠢ᠎ᠶ᠋ᠢᠨ ᠨᠢᠰᠭᠡᠯ᠎ᠤᠨ ᠨᠢᠰᠴᠤ᠌ ᠪᠠᠭᠤᠬᠤ᠎ᠶ᠋ᠢ ᠪᠠᠳᠤᠯᠠᠵᠦ᠍᠂ ᠨᠡᠢᠳᠡ 6 ᠲᠦᠮᠡᠨ ᠠᠶᠠᠨᠴᠢᠨ (ᠬᠦᠮᠦᠨ ᠤᠳᠠᠭ᠎ᠠ) ᠎ᠢ ᠵᠦᠬᠡᠬᠡᠪᠦᠷᠢᠯᠡᠵᠦ᠍᠂ ᠡᠳᠦᠷ ᠲᠤᠮᠳᠠᠴᠢ ᠨᠢᠰᠴᠤ᠌ ᠪᠠᠭᠤᠬ᠍ᠰᠠᠨ ᠨᠢᠰᠭᠡᠯ᠎ᠤᠨ ᠡᠬᠡᠯᠵᠢ᠎ᠶ᠋ᠢᠨ ᠲᠤᠭ᠎ᠠ ᠪᠠ ᠵᠦᠬᠡᠬᠡᠪᠦᠷᠢᠯᠡᠭ᠌ᠰᠡᠨ ᠠᠶᠠᠨᠴᠢᠨ᠎ᠤ ᠲᠤᠭ᠎ᠠ᠎ᠨᠢ ᠲᠤᠰ ᠲᠤᠰ 155 ᠪᠠ 1.2 ᠲᠦᠮᠡ᠎ᠳᠤ ᠬᠦᠷᠴᠠᠢ᠃
   ᠬᠢᠵᠢᠭ᠎ᠤᠨ ᠪᠠᠢᠳᠠᠯ᠎ᠤᠨ ᠨᠦᠯᠦᠭᠡ᠎ᠠᠴᠠ ᠪᠤᠯᠵᠦ᠍᠂ ᠬᠦᠬᠡᠬᠤᠳᠠ᠎ᠶ᠋ᠢᠨ ᠴᠠᠭᠠᠨ ᠰᠤᠪᠤᠷᠭ᠎ᠠ ᠤᠯᠠᠨ ᠤᠯᠤᠰ᠎ᠤᠨ ᠨᠢᠰᠭᠡᠯ᠎ᠤᠨ ᠪᠠᠭᠤᠳᠠᠯ᠎ᠤᠨ 2020 ᠤᠨ᠎ᠤ ᠵᠤᠨ᠎ᠤ ᠤᠯᠠᠷᠢᠯ᠎ᠤᠨ ᠠᠭᠠᠷ᠎ᠤᠨ ᠠᠶᠠᠯᠠᠯ᠎ᠤᠨ ᠵᠦᠬᠡᠬᠡᠪᠦᠷᠢ᠎ᠨᠢ 5 ᠰᠠᠷ᠎ᠠ᠎ᠶ᠋ᠢᠨ 3 ᠎ᠤ ᠡᠳᠦᠷ᠎ᠠᠴᠠ ᠵᠢᠩᠬᠢᠨᠢ᠎ᠪᠠᠷ ᠡᠬᠢᠯᠡᠵᠦ᠍᠂ 10 ᠰᠠᠷ᠎ᠠ᠎ᠶ᠋ᠢᠨ 24 ᠎ᠤ ᠡᠳᠦᠷ ᠪᠤᠯᠳᠠᠯ᠎ᠠ ᠨᠡᠢᠳᠡ 175 ᠡᠳᠦᠷ᠎ᠤᠨ ᠬᠤᠭᠤᠴᠠᠭ᠎ᠠ᠎ᠲᠠᠢ ᠶᠠᠪᠤᠬ᠍ᠳᠠᠬᠤ ᠪᠤᠯᠤᠨ᠎ᠠ᠃ ᠡᠨᠡ ᠵᠢᠯ᠎ᠤᠨ ᠵᠤᠨ᠎ᠤ ᠤᠯᠠᠷᠢᠯ᠎ᠤᠨ ᠠᠭᠠᠷ᠎ᠤᠨ ᠠᠶᠠᠯᠠᠯ᠎ᠤᠨ ᠵᠦᠬᠡᠬᠡᠪᠦᠷᠢ᠎ᠶ᠋ᠢᠨ ᠬᠤᠭᠤᠴᠠᠭ᠎ᠠ᠎ᠳᠤ ᠲᠤᠰ ᠨᠢᠰᠭᠡᠯ᠎ᠤᠨ ᠪᠠᠭᠤᠳᠠᠯ᠎ᠨᠢ ᠨᠡᠢᠳᠡ 2796 ᠡᠬᠡᠯᠵᠢ᠎ᠶ᠋ᠢᠨ ᠨᠢᠰᠭᠡᠯ ᠨᠢᠰᠭᠡᠬᠦ᠌᠎ᠪᠠᠷ ᠲᠦᠯᠦᠪᠯᠡᠵᠦ᠍᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 4% ᠎ᠪᠠᠷ ᠨᠡᠮᠡᠭ᠌ᠳᠡᠨ᠂ ᠨᠡᠪᠲᠡᠷᠡᠬᠦ᠌ ᠠᠭᠠᠷ᠎ᠤᠨ ᠠᠶᠠᠯᠠᠯ᠎ᠤᠨ ᠱᠤᠭᠤᠮ᠎ᠢᠶᠠᠨ 154 ᠵᠤᠷᠪᠤᠰ᠎ᠲᠤ ᠬᠦᠷᠬᠡᠬᠦ᠌᠎ᠪᠠᠷ ᠲᠦᠯᠦᠪᠯᠡᠵᠦ᠍᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 2 ᠵᠤᠷᠪᠤᠰ ᠨᠡᠮᠡᠭ᠌ᠳᠡᠬᠦᠯᠦᠨ᠂ 91 ᠬᠤᠳᠠ᠎ᠳᠤ ᠠᠭᠠᠷ᠎ᠤᠨ ᠠᠶᠠᠯᠠᠯ᠎ᠤᠨ ᠱᠤᠭᠤᠮ ᠨᠡᠪᠲᠡᠷᠡᠬᠦᠯᠬᠦ᠌᠎ᠪᠠᠷ ᠲᠦᠯᠦᠪᠯᠡᠵᠦ᠍᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 8 ᠨᠡᠮᠡᠭ᠌ᠳᠡᠬᠦ᠌ ᠪᠤᠯᠤᠨ᠎ᠠ᠂ ᠡᠬᠦᠨ᠎ᠳᠤ᠂ ᠤᠯᠠᠨ ᠤᠯᠤᠰ᠎ᠤᠨ 8 ᠬᠤᠳᠠ᠎ᠳᠤ ᠠᠭᠠᠷ᠎ᠤᠨ ᠠᠶᠠᠯᠠᠯ᠎ᠤᠨ ᠱᠤᠭᠤᠮ ᠨᠡᠪᠲᠡᠷᠡᠬᠦᠯᠦᠨ᠂ 79 ᠬᠤᠳᠠ᠎ᠳᠤ ᠨᠢᠰᠭᠡᠯ ᠱᠢᠭᠤᠳ ᠬᠦᠷᠬᠦ᠌ ᠪᠤᠯᠤᠨ᠎ᠠ᠃ ᠤᠳᠤᠬᠠᠨ᠎ᠳᠤ᠂ ᠲᠤᠰ ᠨᠢᠰᠭᠡᠯ᠎ᠤᠨ ᠪᠠᠭᠤᠳᠠᠯ᠎ᠨᠢ ᠤᠯᠠᠨ ᠤᠯᠤᠰ᠎ᠲᠤ ᠨᠡᠪᠲᠡᠷᠡᠬᠦ᠌ ᠨᠢᠰᠭᠡᠯ᠎ᠤᠨ ᠡᠬᠡᠯᠵᠢ᠎ᠪᠠᠨ ᠪᠦᠬᠦᠨ᠎ᠢ ᠲᠦᠷ ᠵᠤᠬ᠍ᠰᠤᠭᠠᠭᠠᠳ ᠪᠠᠢᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号