《5 · 1》 ᠎ᠤ ᠠᠮᠠᠷᠠᠯᠳᠠ᠎ᠶ᠋ᠢᠨ ᠬᠤᠭᠤᠴᠠᠭᠠᠨ᠎ᠳᠤ ᠣᠷᠳᠣᠰ ᠬᠤᠳᠠ 67.23 ᠳᠥᠮᠡᠨ ᠵᠢᠭᠤᠯᠴᠢᠯᠠᠬ᠍ᠰᠠᠳ ᠎ᠢ ᠬᠥᠯᠢᠶᠡᠨ ᠠᠪᠴᠥ᠍ 2.69 ᠳ᠋ᠥᠩᠱᠢᠭᠤᠷ ᠳᠥᠬᠦᠷᠢᠭ᠎ᠤᠨ ᠣᠷᠣᠯᠭ᠎ᠠ ᠡᠬᠦᠳᠪᠡ
2020-05-10 15:09:45
ᠵᠣᠬᠢᠶᠠᠭ᠍ᠴᠢ᠄
ᠡᠷᠳᠡᠨᠢᠵᠢᠷᠭᠠᠯ
ᠣᠩᠱᠢᠭ᠍ᠰᠠᠨ ᠣᠳᠠᠭ᠎ᠠ᠄
★★★☆☆

   ᠣᠷᠳᠣᠰ ᠬᠤᠳᠠ ᠱᠢᠨ᠎ᠠ ᠲᠢᠳᠢᠮᠯᠢᠭ ᠠᠭᠤᠰᠭᠢᠨ ᠥᠷᠪᠢᠰᠥᠯ᠎ᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠡᠯ᠎ᠠ ᠵᠥᠢᠯ᠎ᠤᠨ ᠠᠵᠢᠯ᠎ᠢ ᠴᠢᠩᠭ᠎ᠠ ᠪᠣᠳᠠᠳᠡᠢ ᠨᠠᠢᠳᠠᠪᠣᠷᠢᠵᠢᠭᠤᠯᠣᠬ᠍ᠰᠠᠨ᠎ᠠᠴᠠ ᠪᠥᠬᠦ᠌ ᠬᠤᠳᠠ᠎ᠶ᠋ᠢᠨ ᠰᠣᠶᠣᠯ ᠵᠢᠭᠤᠯᠴᠢᠯᠠᠯ᠎ᠤᠨ ᠵᠠᠬ᠎ᠠ ᠲᠡᠯᠬᠡᠬᠦᠷ ᠲᠠᠬᠢᠨ ᠬᠥᠷ ᠬᠥᠭ᠌ᠵᠢᠶᠠᠨ᠎ᠢᠶᠠᠷ ᠪᠢᠯᠬᠠᠵᠣ᠂ ᠥᠩᠬᠡᠷᠡᠭ᠌ᠰᠡᠨ᠎ᠤ ᠪᠠᠢᠳᠠᠯ᠎ᠢᠶᠠᠨ ᠠᠯᠬᠤᠮ ᠠᠯᠬᠤᠮ᠎ᠢᠶᠠᠷ ᠰᠡᠷᠬᠦᠬᠡᠪᠡ᠃ ᠡᠨᠡ ᠵᠢᠯ᠎ᠤᠨ 《5 · 1》 ᠎ᠤ ᠠᠮᠠᠷᠠᠯᠳᠠ᠎ᠶ᠋ᠢᠨ ᠬᠤᠭᠤᠴᠠᠭᠠᠨ᠎ᠳᠤ ᠣᠷᠳᠣᠰ ᠬᠤᠳᠠ 67.23 ᠳᠥᠮᠡᠨ ᠵᠢᠭᠤᠯᠴᠢᠯᠠᠬ᠍ᠰᠠᠳ᠎ᠢ ᠬᠥᠯᠢᠶᠡᠨ ᠠᠪᠴᠥ᠍᠂ 2.69 ᠳ᠋ᠥᠩᠱᠢᠭᠤᠷ ᠳᠥᠬᠦᠷᠢᠭ᠎ᠤᠨ ᠵᠢᠭᠤᠯᠴᠢᠯᠠᠯ᠎ᠤᠨ ᠣᠷᠣᠯᠭ᠎ᠠ ᠡᠬᠦᠳᠪᠡ᠃
    ᠡᠨᠡ ᠵᠢᠯ᠎ᠤᠨ 《5 · 1》 ᠎ᠤ ᠠᠮᠠᠷᠠᠯᠳᠠ᠎ᠶ᠋ᠢᠨ ᠬᠤᠭᠤᠴᠠᠭ᠎ᠠ ᠬᠥᠷᠴᠣ ᠢᠷᠡᠬᠦ᠌᠎ᠠᠴᠠ ᠡᠮᠣᠨ᠎ᠠ᠂ ᠣᠷᠳᠣᠰ ᠬᠤᠳᠠ᠎ᠶ᠋ᠢᠨ ᠰᠣᠶᠣᠯ ᠪᠠ ᠵᠢᠭᠤᠯᠴᠢᠯᠠᠯ᠎ᠤᠨ ᠳᠣᠪᠴᠢᠶ᠎ᠠ ᠳᠥᠷᠥᠬᠦᠯᠠᠨ᠂ ᠡᠯ᠎ᠠ ᠬᠤᠱᠢᠭᠤ ᠳᠣᠭᠤᠷᠢᠬ᠎ᠲᠤ ᠬᠥᠨᠵᠡᠬᠡᠢᠷᠡᠵᠣ᠂ ᠪᠥᠬᠦ᠌ ᠬᠤᠳᠠ᠎ᠶ᠋ᠢᠨ ᠡᠯ᠎ᠠ ᠶᠡᠭᠡ ᠥᠵᠡᠮᠵᠢ᠎ᠶ᠋ᠢᠨ ᠣᠷᠣᠨ᠂ ᠵᠣᠴᠢᠳ᠎ᠤᠨ ᠪᠠᠭᠤᠳᠠᠯ ᠪᠠ ᠵᠢᠭᠤᠯᠴᠢᠯᠠᠯ᠎ᠤᠨ ᠬᠤᠷᠢᠶ᠎ᠠ᠎ᠶ᠋ᠢ ᠪᠥᠬᠦ᠌ ᠲᠠᠯ᠎ᠠ᠎ᠪᠠᠷ ᠪᠠᠢᠴᠠᠭᠠᠨ ᠴᠡᠭ᠌ᠴᠡᠯᠡᠵᠣ᠂ ᠥᠵᠡᠮᠵᠢ᠎ᠶ᠋ᠢᠨ ᠣᠷᠣᠨ᠎ᠤ ᠵᠢᠭᠤᠯᠴᠢᠯᠠᠬ᠍ᠰᠠᠳ᠎ᠢ ᠬᠥᠯᠢᠶᠡᠨ ᠠᠪᠬᠤ ᠬᠡᠮᠵᠢᠶ᠎ᠠ᠎ᠶ᠋ᠢ 30% ᠎ᠠᠴᠠ ᠲᠠᠪᠠᠭᠤᠯᠵᠣ ᠪᠣᠯᠬᠤ ᠥᠬᠡᠢ ᠪᠠᠢᠬᠤ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠣᠷᠢᠵᠢᠭᠤᠯᠵᠣ᠂ ᠥᠷᠬᠡᠨ ᠣᠯᠠᠨ ᠵᠢᠭᠤᠯᠴᠢᠯᠠᠬ᠍ᠰᠡᠳ᠎ᠲᠤ ᠰᠠᠢᠨ ᠰᠠᠢᠬᠠᠨ ᠡᠮᠬᠢ ᠵᠢᠷᠣᠮ᠎ᠲᠠᠢ ᠵᠢᠭᠤᠯᠴᠢᠯᠠᠯ᠎ᠤᠨ ᠣᠷᠴᠢᠨ ᠳᠣᠭᠤᠷᠢᠨ᠎ᠢ ᠬᠠᠩᠭᠠᠭ᠍ᠰᠠᠨ ᠪᠠᠢᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号