25 ᠲᠦᠮᠡ ᠭᠠᠷᠤᠢ ᠲᠦᠭᠦᠷᠢᠭ᠎ᠤᠨ ᠠᠪᠤᠷᠠᠨ ᠲᠤᠰᠠᠯᠠᠬᠤ ᠮᠦᠩᠭᠦ᠎ᠶ᠋ᠢᠨ ᠠᠷᠤ ᠎ᠳᠤ
2020-05-13 10:29:34
ᠵᠣᠬᠢᠶᠠᠭ᠍ᠴᠢ᠄
ᠱᠢᠨᠡᠪᠢᠯᠢᠭ
ᠣᠩᠱᠢᠭ᠍ᠰᠠᠨ ᠣᠳᠠᠭ᠎ᠠ᠄
★★★☆☆

     ᠬᠢᠩᠭᠠᠨ ᠠᠢᠮᠠᠬ᠎ᠤᠨ ᠪᠠᠢᠴᠠᠭᠠᠬᠤ ᠬᠤᠪᠢᠶᠠᠷᠢ ᠬᠤᠷᠢᠶ᠎ᠠ᠎ᠶ᠋ᠢᠨ 《ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠤᠷᠳᠤ ᠬᠤᠭᠤᠴᠠᠭᠠᠨ᠎ᠤ ᠪᠦᠳᠦᠮᠵᠢᠳᠡᠢ ᠲᠤᠬ᠍ᠳᠠᠴᠠ᠎ᠶ᠋ᠢ ᠤᠨᠢᠨ ᠲᠡᠭᠡᠷ᠎ᠡ᠎ᠨᠢ ᠶᠠᠳᠠᠭᠤ᠎ᠶ᠋ᠢ ᠲᠡᠳᠬᠦᠬᠦ᠌ ᠪᠠ ᠬᠦᠳᠡᠭᠡ ᠲᠤᠰᠭᠤᠨ᠎ᠤ ᠠᠵᠤ ᠠᠬᠤᠢ᠎ᠶ᠋ᠢ ᠬᠦᠭ᠌ᠵᠢᠬᠦᠯᠦᠨ ᠮᠠᠨᠳᠤᠭᠤᠯᠬᠤ᠎ᠲᠠᠢ ᠵᠤᠯᠭᠠᠭᠤᠯᠬᠤ》 ᠠᠵᠢᠯ᠎ᠤᠨ ᠠᠩᠬᠠᠨ᠎ᠤ ᠠᠱᠢᠬ ᠤᠯᠵᠠᠪᠤᠷᠢ᠎ᠶ᠋ᠢ ᠳᠣᠰᠣᠭ᠍ᠰᠠᠨ ᠴᠧᠨ ᠠᠪᠣᠭᠠᠢ᠄ 《ᠬᠠᠷᠠᠵᠤ ᠪᠠᠢᠳᠠᠯ᠎ᠠ ᠬᠠᠪᠤᠷ᠎ᠤᠨ ᠲᠠᠷᠢᠶᠠᠯᠠᠭ᠎ᠠ ᠣᠢᠷᠠᠳᠣᠴᠢᠬᠠᠯ᠎ᠠ᠂ ᠬᠢᠵᠢᠭ᠎ᠤᠨ ᠨᠦᠯᠦᠭᠡ᠎ᠪᠠᠷ ᠤᠷᠤᠯᠭ᠎ᠠ ᠪᠠᠭᠠᠰᠤᠭᠠᠳ ᠶᠠᠭᠠᠬᠢᠬᠤ᠎ᠪᠠᠨ ᠤᠯᠬᠤ ᠦᠬᠡᠢ ᠭᠠᠴᠢᠭ᠍ᠳᠠᠵᠣ ᠪᠠᠢᠭ᠍ᠰᠠᠨ ᠪᠢᠳᠡ ᠭᠡᠨᠡᠳᠳᠡ ᠡᠢᠮᠦ᠍ ᠣᠷᠣᠯᠭ᠎ᠠ᠎ᠲᠠᠢ ᠪᠣᠯᠣᠨ᠎ᠠ ᠭᠡᠵᠦ᠍ ᠠᠷᠪᠠᠨ ᠵᠡᠭᠦᠳᠦᠨ᠎ᠳᠤ ᠪᠠᠢᠭ᠍ᠰᠠᠨ ᠦᠭᠡᠢ》 ᠭᠡᠵᠦ᠍ ᠰᠡᠳᠭᠢᠯ ᠲᠤᠬ᠍ᠳᠤᠯᠤᠨ ᠬᠡᠯᠡᠵᠦ᠍ ᠪᠠᠢᠯ᠎ᠠ᠃
     ᠨᠢᠳᠤᠨᠤᠨ ᠵᠢᠯ ᠬᠡᠷᠡᠭ᠎ᠠᠴᠠ ᠪᠤᠯᠵᠤ ᠶᠠᠳᠠᠭᠤᠷᠠᠬ᠍ᠰᠠᠨ ᠬᠡᠳᠦᠨ ᠬᠡᠷ ᠪᠦᠯᠢ᠎ᠶ᠋ᠢᠨ᠎ᠬᠢᠨ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠬᠤᠤᠰ ᠴᠢᠭ᠌ᠯᠡᠯ᠎ᠢᠶᠠᠷ ᠤᠷᠳᠤᠳᠭᠠᠬ᠍ᠰᠠᠨ ᠬᠠᠪᠰᠤᠷᠤᠯᠭ᠎ᠠ᠎ᠪᠠᠷ ᠶᠠᠳᠠᠭᠤ᠎ᠠᠴᠠ᠎ᠪᠠᠨ ᠠᠩᠬᠢᠵᠢᠷᠠᠬ᠍ᠰᠠᠨ ᠴᠤ᠌ ᠮᠦᠨ ᠤᠷᠢᠳ ᠡᠮᠦᠨ᠎ᠡ ᠭᠠᠷᠤᠭ᠎ᠠ ᠦᠬᠡᠢ ᠬᠢᠮᠤᠷᠠᠯ᠎ᠳᠤ ᠤᠴᠠᠷᠠᠪᠠ᠂ ᠲᠡᠳᠡᠨᠠᠷ᠎ᠤᠨ ᠠᠮᠢᠳᠤᠷᠠᠯ ᠶᠠᠮᠠᠷ ᠵᠡᠷᠬᠡ ᠪᠠᠢᠭ᠎ᠠ ᠪᠤᠯ? ᠬᠢᠩᠭᠠᠨ ᠠᠢᠮᠠᠬ᠎ᠤᠨ ᠪᠠᠢᠴᠠᠭᠠᠬᠤ ᠪᠠᠢᠭᠤᠯᠭ᠎ᠠ᠎ᠶ᠋ᠢᠨ ᠺᠠᠳ᠋ᠷ ᠴᠠᠬ᠍ᠳᠠᠭ᠎ᠠ ᠨᠠᠷ ᠲᠠᠷᠦ᠋ᠢᠬᠠᠨ ᠬᠤᠷᠴᠢᠨ ᠪᠠᠷᠠᠭᠤᠨ ᠭᠠᠷᠤᠨ ᠲᠤᠮᠳᠠᠳᠤ ᠬᠤᠱᠢᠭᠤᠨ᠎ᠤ ᠬᠠᠮᠢᠶ᠎ᠠ ᠪᠦᠬᠦᠢ ᠪᠠᠢᠭᠤᠯᠭ᠎ᠠ ᠨᠢᠬᠡᠴᠢ᠎ᠲᠠᠢ ᠬᠠᠷᠢᠯᠴᠠᠵᠣ᠂ ᠬᠠᠤᠯᠢ ᠴᠠᠭᠠᠵᠠ᠎ᠶ᠋ᠢᠨ ᠠᠪᠤᠷᠠᠨ ᠲᠤᠰᠠᠯᠠᠬᠤ ᠮᠦᠩᠬᠦ᠌᠎ᠠᠴᠠ ᠡᠬᠦᠰᠦᠭ᠌ᠰᠡᠨ ᠲᠦᠷᠦᠭᠦᠦ ᠪᠦᠯᠦᠭ ᠠᠱᠢᠬ ᠤᠯᠵᠠᠪᠤᠷᠢ᠎ᠶ᠋ᠢ ᠡᠳᠡᠬᠡᠷ ᠬᠡᠷ ᠪᠦᠯᠢ᠎ᠶ᠋ᠢᠨ᠎ᠬᠢᠨ᠎ᠳᠤ ᠬᠦᠷᠬᠡᠨ ᠦᠭ᠌ᠴᠡᠢ᠃
     ᠤᠯᠠᠨ ᠵᠢᠯ᠎ᠤᠨ ᠲᠡᠷᠳᠡᠬᠡᠬᠢ ᠲᠡᠷᠬᠡᠨ ᠠᠳᠡᠯ᠎ᠠᠴᠠ ᠪᠤᠯᠵᠤ ᠴᠧᠨ ᠠᠪᠣᠭᠠᠢ ᠴᠢᠨᠡᠬᠡᠯᠢᠭ ᠡᠷᠦᠬᠡ ᠪᠠᠢᠬ᠍ᠰᠠᠨ᠎ᠠᠴᠠ᠎ᠪᠠᠨ ᠨᠢᠭᠡ ᠯᠡ ᠳᠡᠭᠡᠷ᠎ᠡ 《ᠲᠠᠩᠰᠠᠯᠠᠵᠤ ᠺᠠᠷᠲᠯᠠᠬ᠍ᠳᠠᠭ᠍ᠰᠠᠨ ᠶᠠᠳᠠᠭᠤ ᠬᠦᠴᠢᠷᠳᠡᠯᠳᠡᠢ ᠡᠷᠦᠬᠡ》 ᠪᠤᠯᠪᠠ᠃ ᠬᠢᠩᠭᠠᠨ ᠠᠢᠮᠠᠬ᠎ᠤᠨ ᠪᠠᠢᠴᠠᠭᠠᠬᠤ ᠬᠤᠪᠢᠶᠠᠷᠢ ᠬᠤᠷᠢᠶ᠎ᠠ᠎ᠶ᠋ᠢᠨ ᠨᠠᠷᠢᠯᠢᠬ᠍ᠵᠢᠭᠤᠯᠤᠬ᠍ᠰᠠᠨ ᠱᠢᠷᠢᠰ ᠲᠤᠰᠠᠯᠠᠮᠵᠢ᠎ᠶ᠋ᠢ ᠬᠦᠷᠳᠡᠭ᠌ᠰᠡᠨ᠎ᠤ ᠲᠠᠷᠠᠭ᠎ᠠ ᠴᠧᠨ ᠠᠪᠣᠭᠠᠢ᠎ᠶ᠋ᠢᠨ᠎ᠬᠢ ᠡᠩ ᠲᠡᠷᠢᠬᠦᠨ᠎ᠳᠤ ᠶᠠᠳᠠᠭᠤ᠎ᠠᠴᠠ᠎ᠪᠠᠨ ᠠᠩᠬᠢᠵᠢᠷᠠᠬᠤ ᠪᠠᠷᠢᠮᠵᠢᠶ᠎ᠠ᠎ᠳᠤ ᠬᠦᠷᠦᠭ᠌ᠰᠡᠨ 《ᠬᠤᠱᠢᠭᠤᠴᠢ ᠴᠡᠷᠢᠭ》 ᠪᠤᠯᠪᠠ᠃ ᠴᠧᠨ ᠠᠪᠣᠭᠠᠢ ᠱᠢᠬ ᠬᠡᠨᠡᠳᠳᠠ᠎ᠶ᠋ᠢᠨ ᠬᠡᠷᠡᠭ᠎ᠠᠴᠠ ᠪᠤᠯᠵᠤ ᠶᠠᠳᠠᠭᠤᠷᠠᠬ᠍ᠰᠠᠨ ᠬᠡᠷ ᠪᠦᠯᠢ᠎ᠶ᠋ᠢᠨ᠎ᠬᠢᠨ ᠬᠠᠮᠢᠶ᠎ᠠ ᠪᠦᠬᠦᠢ ᠲᠦᠷᠦ᠎ᠶ᠋ᠢᠨ ᠪᠤᠳᠤᠯᠭ᠎ᠠ᠎ᠶ᠋ᠢᠨ ᠲᠡᠮᠵᠢᠯᠬᠡ᠎ᠶ᠋ᠢ ᠬᠦᠷᠳᠡᠭ᠌ᠰᠡᠨ᠎ᠤ ᠲᠠᠷᠠᠭ᠎ᠠ ᠦᠷᠬᠦᠯᠵᠢᠯᠡᠬᠦ᠌ ᠪᠠᠳᠤᠯᠠᠭ᠎ᠠ᠎ᠶ᠋ᠢ ᠨᠡᠩ ᠢᠯᠡᠬᠦᠦ ᠱᠠᠭᠠᠷᠳᠠᠬᠤ ᠪᠣᠯᠣᠨ᠎ᠠ᠂ ᠬᠡᠷᠬᠢᠨ ᠬᠢᠵᠠᠭᠠᠷ᠎ᠲᠠᠢ ᠬᠠᠤᠯᠢ ᠴᠠᠭᠠᠵᠠ᠎ᠶ᠋ᠢᠨ ᠠᠪᠤᠷᠠᠨ ᠲᠤᠰᠠᠯᠠᠬᠤ ᠮᠦᠩᠬᠦ᠌᠎ᠶ᠋ᠢ ᠡᠬᠦᠷᠢᠳᠡ ᠬᠦᠴᠦᠨ ᠴᠢᠳᠠᠯ᠎ᠲᠠᠢ ᠪᠤᠯᠭᠠᠬᠤ᠎ᠨᠢ ᠬᠢᠩᠭᠠᠨ ᠠᠢᠮᠠᠬ᠎ᠤᠨ ᠪᠠᠢᠴᠠᠭᠠᠬᠤ ᠬᠤᠪᠢᠶᠠᠷᠢ ᠬᠤᠷᠢᠶ᠎ᠠ᠎ᠶ᠋ᠢᠨ ᠺᠠᠳ᠋ᠷ ᠴᠠᠬ᠍ᠳᠠᠭ᠎ᠠ ᠨᠠᠷ᠎ᠤᠨ ᠰᠡᠳᠭᠢᠯ᠎ᠢ ᠶᠡᠭᠡ ᠵᠦᠳᠡᠭᠡᠪᠡ᠃
     ᠡᠴᠦᠰ᠎ᠲᠤ ᠪᠠᠢᠴᠠᠭᠠᠬᠤ ᠪᠠᠢᠭᠤᠯᠭ᠎ᠠ ᠶᠠᠳᠠᠭᠤ᠎ᠶ᠋ᠢ ᠲᠡᠳᠬᠦᠬᠦ᠌ ᠰᠠᠯᠠᠭ᠎ᠠ ᠮᠦᠴᠢᠷ᠎ᠲᠠᠢ ᠬᠠᠷᠢᠯᠴᠠᠨ ᠵᠦᠪᠳᠡᠯᠴᠡᠭ᠌ᠰᠡᠨ᠎ᠤ ᠲᠠᠷᠠᠭ᠎ᠠ ᠡᠬᠡ ᠮᠦᠩᠬᠦ᠌᠎ᠨᠢ ᠪᠠᠭᠠᠰᠭᠤ ᠦᠬᠡᠢ ᠤᠷᠢᠳᠠᠯ ᠲᠤᠤᠷ᠎ᠠ ᠡᠳᠡᠬᠡᠷ ᠭᠡᠨᠡᠳᠳᠠ᠎ᠶ᠋ᠢᠨ ᠬᠡᠷᠡᠭ᠎ᠠᠴᠠ ᠪᠤᠯᠵᠤ ᠶᠠᠳᠠᠭᠤᠷᠠᠬ᠍ᠰᠠᠨ ᠬᠡᠷ ᠪᠦᠯᠢ᠎ᠶ᠋ᠢᠨ᠎ᠬᠢᠨ᠎ᠤ ᠤᠯᠬᠤ ᠶᠤᠰᠤᠳᠠᠢ ᠬᠠᠤᠯᠢ ᠴᠠᠭᠠᠵᠠ᠎ᠶ᠋ᠢᠨ ᠠᠪᠤᠷᠠᠨ ᠲᠤᠰᠠᠯᠠᠬᠤ ᠮᠦᠩᠬᠦ᠌᠎ᠶ᠋ᠢᠨ ᠨᠢᠬᠡ ᠬᠡᠰᠡᠭ᠎ᠢ᠎ᠨᠢ ᠲᠤᠬᠠᠢ᠎ᠶ᠋ᠢᠨ ᠭᠠᠵᠠᠷ᠎ᠤᠨ ᠬᠦᠳᠡᠭᠡ ᠲᠤᠰᠭᠤᠨ᠎ᠢ ᠬᠦᠭ᠌ᠵᠢᠬᠦᠯᠦᠨ ᠮᠠᠨᠳᠤᠭᠤᠯᠬᠤ ᠬᠤᠷᠱᠢᠭ᠍ᠰᠠᠨ ᠠᠵᠣ ᠠᠬᠤᠢ᠎ᠶ᠋ᠢᠨ ᠲᠦᠷᠦᠯ ᠵᠦᠢᠯ᠎ᠳᠤ ᠪᠡᠯᠡ ᠤᠷᠤᠭᠤᠯᠤᠬ᠍ᠰᠠᠨ ᠪᠦᠬᠡᠳ ᠵᠢᠯ ᠪᠦᠷᠢ᠎ᠶ᠋ᠢᠨ 3 ᠰᠠᠷ᠎ᠠ᠂ 9 ᠰᠠᠷ᠎ᠠ᠎ᠶ᠋ᠢᠨ ᠬᠠᠪᠤᠷ᠎ᠤᠨ ᠲᠠᠷᠢᠶᠠᠯᠠᠭ᠎ᠠ᠂ ᠨᠠᠮᠤᠷ᠎ᠤᠨ ᠬᠤᠷᠢᠶᠠᠯᠳᠠ ᠪᠠ ᠰᠤᠷᠤᠯᠭ᠎ᠠ ᠡᠬᠢᠯᠡᠬᠦ᠌ ᠵᠡᠷᠭᠡ ᠴᠢᠬᠤᠯᠠ ᠴᠠᠬ ᠦᠶ᠎ᠠ᠎ᠳᠤ ᠠᠱᠢᠬ ᠤᠯᠵᠠᠪᠤᠷᠢ᠎ᠶ᠋ᠢ᠎ᠨᠢ ᠪᠤᠴᠠᠭᠠᠵᠤ᠂ ᠦᠷᠬᠦᠯᠵᠢᠳᠡ᠎ᠶ᠋ᠢᠨ ᠬᠦᠴᠦᠨ ᠴᠢᠳᠠᠯ᠎ᠲᠠᠢ ᠪᠤᠯᠭᠠᠪᠠ᠃ ᠴᠧᠨ ᠠᠪᠣᠭᠠᠢ᠎ᠶ᠋ᠢᠨ ᠬᠡᠷ ᠪᠦᠯᠢ᠎ᠶ᠋ᠢᠨ᠎ᠬᠢᠨ᠎ᠤ ᠡᠨᠡ ᠤᠳᠠᠭ᠎ᠠ ᠭᠠᠷᠳᠠᠨ ᠤᠯᠤᠬ᠍ᠰᠠᠨ ᠮᠦᠩᠬᠦ᠌ ᠪᠤᠯ ᠶᠠᠬ ᠡᠨᠡ ᠬᠦ᠌ ᠤᠷᠤᠯᠭ᠎ᠠ᠎ᠶ᠋ᠢᠨ ᠬᠤᠪᠢᠶᠠᠷᠢᠯᠠᠯᠳᠠ ᠪᠣᠯᠣᠨ᠎ᠠ᠃
     ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠠᠵᠢᠯ᠎ᠲᠠᠢ ᠵᠣᠯᠭᠠᠭᠤᠯᠤᠬ᠍ᠰᠠᠨ ᠡᠨᠡ ᠬᠦ᠌ ᠠᠷᠢᠭᠤᠨ ᠬᠤᠷ᠎ᠠ᠎ᠳᠤ ᠤᠮᠳᠠᠯᠠᠬ᠍ᠳᠠᠬ᠍ᠰᠠᠳ᠎ᠲᠤ ᠪᠠᠰᠠ ᠪᠤᠤ ᠠᠪᠣᠭᠠᠢ᠎ᠶ᠋ᠢᠨ ᠬᠡᠷ ᠪᠦᠯᠢ᠎ᠶ᠋ᠢᠨ᠎ᠬᠢᠨ ᠪᠤᠢ᠃ ᠪᠤᠤ ᠠᠪᠣᠭᠠᠢ᠎ᠶ᠋ᠢᠨ ᠬᠦᠦ᠎ᠨᠢ ᠤᠯᠠᠨ ᠵᠢᠯ᠎ᠤᠨ ᠡᠮᠦᠨ᠎ᠡ ᠲᠡᠷᠬᠡᠨ ᠠᠳᠡᠯ᠎ᠢᠶᠠᠷ ᠨᠠᠰᠤ ᠪᠠᠷᠠᠵᠤ᠂ ᠬᠦᠦ ᠪᠡᠷᠢ᠎ᠨᠢ ᠴᠦ᠍ ᠤᠨᠳᠤᠤ ᠬᠦᠮᠦᠨ᠎ᠳᠤ ᠮᠤᠷᠳᠠᠵᠤ᠂ ᠬᠤᠶᠠᠷ ᠨᠢᠯᠬ᠎ᠠ ᠬᠡᠦᠬᠡᠳ᠎ᠢ᠎ᠨᠢ ᠪᠤᠤ ᠠᠪᠣᠭᠠᠢ ᠡᠷ᠎ᠡ ᠡᠮ᠎ᠡ ᠬᠤᠶᠠᠭᠤᠯᠠ᠎ᠪᠠᠨ ᠲᠦᠩᠬᠡᠨ ᠲᠠᠩᠭᠠᠨ ᠠᠷᠠᠴᠢᠯᠠᠨ ᠲᠡᠵᠢᠬᠡᠵᠦ᠍ ᠪᠠᠢᠯ᠎ᠠ᠃ ᠬᠡᠷᠡᠭ᠎ᠢ ᠤᠯᠠᠨ ᠵᠢᠯ ᠲᠠᠩᠨᠠᠨ ᠪᠠᠢᠴᠠᠭᠠᠭ᠍ᠰᠠᠨ ᠴᠦ᠍ ᠢᠯᠡᠷᠡᠬᠦᠯᠵᠦ᠍ ᠲᠡᠢᠯᠦᠭ᠌ᠰᠡᠨ ᠦᠬᠡᠢ ᠤᠴᠢᠷ᠎ᠠᠴᠠ ᠪᠤᠤ ᠠᠪᠣᠭᠠᠢ ᠡᠷ᠎ᠡ ᠡᠮ᠎ᠡ ᠬᠤᠶᠠᠭᠤᠯᠠ ᠶᠠᠮᠠᠷ ᠴᠤ᠌ ᠲᠦᠯᠦᠪᠦᠷᠢ ᠮᠦᠩᠬᠦ᠌ ᠤᠯᠤᠬ᠍ᠰᠠᠨ ᠦᠬᠡᠢ᠃ ᠬᠢᠩᠭᠠᠨ ᠠᠢᠮᠠᠬ᠎ᠤᠨ ᠪᠠᠢᠴᠠᠭᠠᠬᠤ ᠬᠤᠪᠢᠶᠠᠷᠢ ᠬᠤᠷᠢᠶ᠎ᠠ᠎ᠶ᠋ᠢᠨ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢ ᠬᠦᠷᠳᠡᠭ᠌ᠰᠡᠨ᠎ᠤ ᠲᠠᠷᠠᠭ᠎ᠠ ᠪᠤᠤ ᠠᠪᠣᠭᠠᠢ ᠡᠷ᠎ᠡ ᠡᠮ᠎ᠡ ᠬᠤᠶᠠᠭᠤᠯᠠ᠎ᠶ᠋ᠢᠨ ᠴᠢᠷᠠᠢ᠎ᠳᠤ ᠤᠳᠠᠳᠠᠯ᠎ᠠ ᠬᠠᠷᠠᠬ᠍ᠳᠠᠬ᠍ᠰᠠᠨ ᠦᠬᠡᠢ ᠢᠨᠢᠶᠡᠮᠰᠦᠭ᠌ᠯᠡᠯ ᠲᠤᠳᠤᠷᠠᠵᠠᠢ᠃
     《ᠠᠷᠠᠳ ᠤᠯᠠᠨ᠎ᠤ ᠬᠦᠴᠢᠷ ᠵᠤᠪᠠᠯᠠᠩ᠎ᠢ ᠰᠡᠳᠭᠢᠯ᠎ᠳᠡᠭᠡᠨ ᠪᠤᠳᠤᠵᠤ ᠶᠠᠪᠤᠨ᠎ᠠ᠃》 ᠶᠠᠬ ᠡᠢᠮᠦ᠍ ᠬᠠᠢᠷ᠎ᠠ ᠬᠠᠯᠠᠮᠵᠢ ᠪᠠᠢᠬ᠍ᠰᠠᠨ᠎ᠠᠴᠠ ᠬᠢᠵᠢᠭ ᠳᠠᠬᠤᠯ᠎ᠤᠨ ᠡᠮᠦᠨ᠎ᠡ᠂ ᠬᠠᠪᠤᠷ᠎ᠤᠨ ᠲᠠᠷᠢᠶᠠᠯᠠᠭ᠎ᠠ᠎ᠪᠠᠨ ᠡᠬᠢᠯᠡᠭᠦᠯᠬᠦ᠌᠎ᠪᠠᠷ ᠶᠠᠭᠠᠷᠠᠭ᠎ᠠ ᠶᠠᠳᠠᠭᠤ ᠬᠦᠴᠢᠷᠳᠡᠯᠳᠡᠢ ᠬᠡᠷ ᠪᠦᠯᠢ᠎ᠶ᠋ᠢᠨ᠎ᠬᠢᠨ ᠬᠢᠵᠢᠭ᠎ᠤᠨ ᠪᠠᠢᠳᠠᠯ᠎ᠤᠨ ᠬᠤᠭᠤᠴᠠᠭᠠᠨ᠎ᠳᠤ ᠲᠠᠬᠢᠨ ᠶᠠᠳᠠᠭᠤᠷᠠᠬᠤ᠎ᠠᠴᠠ ᠵᠠᠢᠯᠠᠰᠭᠢᠵᠤ ᠴᠢᠳᠠᠵᠠᠢ᠃ 2019 ᠤᠨ᠎ᠠᠴᠠ ᠨᠠᠭᠠᠰᠢ᠂ ᠬᠢᠩᠭᠠᠨ ᠠᠢᠮᠠᠬ᠎ᠤᠨ ᠪᠠᠢᠴᠠᠭᠠᠬᠤ ᠪᠠᠢᠭᠤᠯᠭ᠎ᠠ ᠪᠠᠢᠴᠠᠭᠠᠬᠤ ᠡᠭᠦᠷᠭᠡ ᠴᠢᠳᠠᠪᠬᠢ᠎ᠪᠠᠨ ᠤᠨᠢᠨ ᠲᠡᠭᠡᠷ᠎ᠡ᠎ᠨᠢ ᠶᠠᠳᠠᠭᠤ᠎ᠶ᠋ᠢ ᠲᠡᠳᠬᠦᠬᠦ᠌᠎ᠲᠠᠢ ᠵᠤᠯᠭᠠᠭᠤᠯᠬᠤ᠎ᠳᠤ ᠰᠠᠭᠤᠷᠢᠯᠠᠵᠤ᠂ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠤᠷᠳᠤ ᠬᠤᠭᠤᠴᠠᠭᠠᠨ᠎ᠤ ᠪᠦᠳᠦᠮᠵᠢᠳᠡᠢ ᠲᠤᠬ᠍ᠳᠠᠴᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠠᠢ᠃ ᠤᠳᠤᠬᠠᠨ ᠪᠤᠯᠳᠠᠯ᠎ᠠ᠂ ᠬᠢᠩᠭᠠᠨ ᠠᠢᠮᠠᠬ ᠤᠯᠤᠰ᠎ᠤᠨ ᠬᠠᠤᠯᠢ ᠴᠠᠭᠠᠵᠠ᠎ᠶ᠋ᠢᠨ ᠠᠪᠤᠷᠠᠨ ᠲᠤᠰᠠᠯᠠᠬᠤ ᠮᠦᠩᠬᠦ᠌᠎ᠶ᠋ᠢ ᠤᠨᠢᠨ ᠲᠡᠭᠡᠷ᠎ᠡ᠎ᠨᠢ ᠶᠠᠳᠠᠭᠤ᠎ᠶ᠋ᠢ ᠲᠡᠳᠬᠦᠬᠦ᠂ ᠬᠦᠳᠡᠭᠡ ᠲᠤᠰᠭᠤᠨ᠎ᠤ ᠠᠵᠤ ᠠᠬᠤᠢ᠎ᠶ᠋ᠢ ᠬᠦᠭ᠌ᠵᠢᠬᠦᠯᠦᠨ ᠮᠠᠨᠳᠤᠭᠤᠯᠬᠤ ᠤᠷᠳᠤ ᠬᠤᠭᠤᠴᠠᠭᠠᠨ᠎ᠤ ᠪᠦᠳᠦᠮᠵᠢᠳᠡᠢ ᠲᠤᠬ᠍ᠳᠠᠴᠠ᠎ᠲᠠᠢ ᠵᠤᠯᠭᠠᠭᠤᠯᠤᠭᠠᠳ ᠨᠡᠢᠳᠡ 7 ᠬᠡᠷ ᠪᠦᠯᠢ᠎ᠶ᠋ᠢ ᠠᠪᠤᠷᠠᠨ ᠲᠤᠰᠠᠯᠠᠵᠤ᠂ 25 ᠲᠦᠮᠡ ᠭᠠᠷᠤᠢ ᠲᠦᠬᠦᠷᠢᠭ᠎ᠤᠨ ᠠᠪᠤᠷᠠᠨ ᠲᠤᠰᠠᠯᠠᠬᠤ ᠮᠦᠩᠬᠦ᠌ ᠣᠯᠭᠤᠵᠣ᠂ ᠬᠠᠤᠯᠢ ᠴᠠᠭᠠᠵᠠ᠎ᠶ᠋ᠢᠨ ᠠᠪᠤᠷᠠᠨ ᠲᠤᠰᠠᠯᠠᠬᠤ ᠮᠦᠩᠬᠦᠨ᠎ᠠᠴᠠ 3 ᠲᠦᠮᠡ ᠭᠠᠷᠤᠢ ᠲᠦᠬᠦᠷᠢᠭ᠎ᠤᠨ ᠠᠱᠢᠬ ᠤᠯᠵᠠᠪᠤᠷᠢ ᠣᠯᠵᠣ᠂ ᠬᠡᠨᠡᠳᠳᠠ᠎ᠶ᠋ᠢᠨ ᠬᠡᠷᠡᠭ᠎ᠠᠴᠠ ᠪᠤᠯᠵᠤ ᠶᠠᠳᠠᠭᠤᠷᠠᠬ᠍ᠰᠠᠨ ᠬᠡᠷ ᠪᠦᠯᠢ᠎ᠶ᠋ᠢᠨ᠎ᠬᠢᠨ᠎ᠢ ᠦᠷᠬᠦᠯᠵᠢᠯᠡᠨ ᠲᠤᠰᠠᠯᠠᠬ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号