— 《5 · 1》 ᠤ ᠠᠮᠠᠷᠠᠯᠳᠠ᠎ᠶ᠋ᠢᠨ ᠬᠤᠭᠤᠴᠠᠭᠠᠨ᠎ᠳᠠᠬᠢ ᠮᠠᠨ᠎ᠤ ᠤᠷᠤᠨ᠎ᠤ ᠵᠢᠭᠤᠯᠴᠢᠯᠠᠯ᠎ᠤᠨ ᠦᠢᠯᠡᠰ᠎ᠤᠨ ᠪᠠᠢᠳᠠᠯ᠎ᠤᠨ ᠲᠤᠬᠠᠢ ᠠᠵᠢᠬ᠍ᠯᠠᠯᠲᠠ
● ᠠᠮᠵᠢᠯᠳᠠ᠄
《5 · 1》 ᠤ ᠠᠮᠠᠷᠠᠯᠳᠠ᠎ᠳᠤ ᠮᠠᠨ᠎ᠤ ᠤᠷᠤᠨ 227.34 ᠲᠦᠮᠡᠨ
ᠬᠦᠮᠦᠨ ᠤᠳᠠᠭ᠎ᠠ ᠵᠢᠭᠤᠯᠴᠢᠯᠠᠭ᠍ᠰᠠᠳ᠎ᠢ ᠬᠦᠯᠢᠶᠡᠨ ᠠᠪᠴᠤ᠌᠂ ᠵᠢᠭᠤᠯᠴᠢᠯᠠᠯ᠎ᠤᠨ
ᠶᠡᠷᠦᠩᠭᠡᠢᠯᠡᠭ᠌ᠰᠡᠨ ᠤᠷᠤᠯᠭ᠎ᠠ 65040.43 ᠲᠦᠮᠡᠨ ᠲᠦᠬᠦᠷᠢᠭ᠎ᠲᠤ
ᠬᠦᠷᠴᠠᠢ᠃
● ᠪᠠᠢᠳᠠᠯ᠄
《5 · 1》 ᠤ ᠠᠮᠠᠷᠠᠯᠳᠠ᠎ᠳᠤ ᠮᠠᠨ᠎ᠤ ᠤᠷᠤᠨ᠎ᠤ 313 A ᠲᠡᠰ᠎ᠤᠨ
ᠵᠢᠭᠤᠯᠴᠢᠯᠠᠯ᠎ᠤᠨ ᠦᠵᠡᠮᠵᠢ᠎ᠶ᠋ᠢᠨ ᠤᠷᠤᠨ ᠡᠬᠦᠳᠡ᠎ᠪᠠᠨ ᠨᠡᠭᠡᠭᠡᠵᠦ᠍᠂ ᠪᠦᠬᠦ᠌ A ᠲᠡᠰ᠎ᠤᠨ
ᠵᠢᠭᠤᠯᠴᠢᠯᠠᠯ᠎ᠤᠨ ᠦᠵᠡᠮᠵᠢ᠎ᠶ᠋ᠢᠨ ᠤᠷᠤᠨ᠎ᠤ 66.17% ᠶ᠋ᠢ ᠡᠵᠡᠯᠡᠪᠡ;
219 ᠤᠳᠤᠨ ᠲᠡᠰ᠎ᠤᠨ ᠵᠤᠴᠢᠳ᠎ᠤᠨ ᠪᠠᠭᠤᠳᠠᠯ ᠠᠵᠢᠯ᠎ᠢᠶᠠᠨ ᠰᠡᠷᠬᠦᠭᠡᠵᠦ᠍᠂
ᠠᠵᠢᠯ᠎ᠢᠶᠠᠨ ᠰᠡᠷᠬᠦᠭᠡᠭ᠌ᠰᠡᠨ ᠨᠤᠷᠮ᠎ᠠ 84.56% ᠳᠤ ᠬᠦᠷᠴᠡᠢ; 14953
ᠤᠯᠠᠨ ᠨᠡᠢᠳᠡ᠎ᠶ᠋ᠢᠨ ᠰᠤᠶᠤᠯ᠎ᠤᠨ ᠲᠠᠯᠠᠪᠤᠷ ᠠᠵᠢᠯ᠎ᠢᠶᠠᠨ ᠰᠡᠷᠬᠦᠭᠡᠵᠦ᠍᠂ ᠠᠵᠢᠯ᠎ᠢᠶᠠᠨ
ᠰᠡᠷᠬᠦᠭᠡᠭ᠌ᠰᠡᠨ ᠨᠤᠷᠮ᠎ᠠ 99.24% ᠳᠤ ᠬᠦᠷᠪᠠ᠃


● ᠠᠰᠠᠭᠤᠲᠠᠯ᠄
ᠡᠨᠡ ᠵᠢᠯ᠎ᠤᠨ 《5 · 1》 ᠤ ᠠᠮᠠᠷᠠᠯᠳᠠ᠎ᠳᠠᠬᠢ ᠮᠠᠨ᠎ᠤ ᠤᠷᠤᠨ᠎ᠤ ᠬᠦᠯᠢᠶᠡᠨ ᠠᠪᠤᠭ᠍ᠰᠠᠨ ᠵᠢᠭᠤᠯᠴᠢᠯᠠᠭ᠍ᠰᠠᠳ᠎ᠤᠨ ᠲᠤᠭ᠎ᠠ ᠪᠠ ᠵᠢᠭᠤᠯᠴᠢᠯᠠᠯ᠎ᠤᠨ ᠦᠢᠯᠡᠰ᠎ᠤᠨ ᠶᠡᠷᠦᠩᠬᠡᠢ ᠤᠷᠤᠯᠭ᠎ᠠ ᠨᠢᠳᠤᠨᠤᠨ᠎ᠤ᠎ᠬᠢ᠎ᠲᠠᠢ ᠬᠠᠷᠢᠴᠠᠭᠤᠯᠪᠠᠯ ᠵᠦᠪᠭᠡᠨ 30% ᠲᠡᠳᠦᠢ᠃ ᠬᠢᠵᠢᠭ᠎ᠤᠨ ᠪᠠᠢᠳᠠᠯ᠎ᠠᠴᠠ ᠪᠤᠯᠵᠦ᠍ ᠤᠯᠠᠩᠬᠢ᠎ᠨᠢ ᠤᠷᠤᠨ᠎ᠤ ᠲᠤᠳᠤᠷᠠᠬᠢ ᠵᠢᠭᠤᠯᠴᠢᠯᠠᠭ᠍ᠰᠠᠳ ᠪᠠᠢᠵᠦ᠍᠂ ᠪᠦᠬᠦ᠌ ᠵᠢᠭᠤᠯᠴᠢᠯᠠᠭ᠍ᠰᠠᠳ᠎ᠤᠨ 91.81% ᠶ᠋ᠢ ᠡᠵᠡᠯᠡᠪᠠ᠃
● ᠤᠨᠴᠠᠯᠢᠭ᠄
ᠡᠨᠡ ᠵᠢᠯ᠎ᠤᠨ 《5 · 1》 ᠤ ᠠᠮᠠᠷᠠᠯᠳᠠ᠎ᠶ᠋ᠢᠨ ᠬᠤᠭᠤᠴᠠᠭᠠᠨ᠎ᠳᠠᠬᠢ ᠵᠢᠭᠤᠯᠴᠢᠯᠠᠯ᠎ᠤᠨ ᠵᠠᠬ᠎ᠠ ᠲᠡᠯᠭᠡᠬᠦᠷ᠎ᠤᠨ ᠤᠨᠴᠠᠯᠢᠬ ᠶᠠᠭᠤᠨ᠎ᠤ ᠤᠷᠢᠳ ᠬᠢᠵᠢᠭ᠎ᠢ ᠰᠡᠷᠭᠡᠢᠯᠡᠨ ᠡᠵᠡᠮᠳᠡᠬᠦ᠌᠎ᠶ᠋ᠢ ᠬᠠᠮᠤᠭ᠎ᠤᠨ ᠴᠢᠬᠤᠯᠠ ᠬᠠᠷᠠᠯᠳᠠ ᠪᠤᠯᠭᠠᠨ ᠴᠢᠩᠭ᠎ᠠ ᠠᠳᠭᠤᠪᠠ; ᠲᠤᠬᠠᠢ᠎ᠶ᠋ᠢᠨ ᠭᠠᠵᠠᠷ᠎ᠲᠠᠭᠠᠨ ᠵᠢᠭᠤᠯᠴᠢᠯᠠᠬᠤ᠂ ᠤᠢ᠍ᠢᠷ᠎ᠠ ᠲᠤᠭᠤᠷᠢᠨ᠎ᠢᠶᠠᠷ ᠵᠢᠭᠤᠯᠴᠢᠯᠠᠬᠤ ᠵᠢᠭᠤᠯᠴᠢᠯᠠᠯ ᠭᠤᠤᠯ ᠤᠷᠤᠰᠭᠠᠯ ᠪᠤᠯᠵᠠᠢ; ᠪᠠᠢᠭᠠᠯᠢ᠎ᠶ᠋ᠢᠨ ᠦᠵᠡᠮᠵᠢ ᠪᠤᠯᠤᠨ ᠬᠤᠳᠠ᠎ᠶ᠋ᠢᠨ ᠲᠡᠬᠦᠷᠭᠡ᠎ᠶ᠋ᠢᠨ ᠬᠡᠭᠡᠷ᠎ᠡ᠎ᠶ᠋ᠢᠨ ᠵᠢᠭᠤᠯᠴᠢᠯᠠᠯ ᠬᠦᠮᠦᠰ᠎ᠤᠨ ᠲᠠᠭᠠᠱᠢᠶᠠᠯ᠎ᠢ ᠤᠯᠪᠠ; ᠡᠬᠦᠳᠡᠨ ᠪᠢᠯᠧᠲ᠎ᠤᠨ ᠦᠨ᠎ᠡ᠎ᠪᠠᠨ ᠪᠠᠭᠤᠷᠠᠭᠤᠯᠬᠤ ᠵᠡᠷᠭᠡ ᠭᠡᠷᠡᠭ᠌ᠯᠡᠭᠡ᠎ᠶ᠋ᠢ ᠠᠬᠢᠭᠤᠯᠤᠭ᠍ᠰᠠᠨ ᠠᠵᠢᠯᠯᠠᠭ᠎ᠠ ᠭᠡᠷᠡᠭ᠌ᠯᠡᠭ᠌ᠴᠢᠳ᠎ᠤᠨ ᠱᠠᠭᠠᠷᠳᠠᠯᠭ᠎ᠠ᠎ᠳᠤ ᠨᠡᠢᠴᠡᠪᠡ; ᠤᠷᠢᠳᠴᠢᠯᠠᠨ ᠪᠤᠯᠵᠤᠵᠦ᠍ ᠵᠢᠭᠤᠯᠴᠢᠯᠠᠬᠤ᠎ᠨᠢ ᠵᠢᠭᠤᠯᠴᠢᠯᠠᠯ᠎ᠤᠨ ᠱᠢᠨ᠎ᠠ ᠨᠢᠭᠡᠨ ᠬᠠᠨᠳᠤᠰᠢ ᠪᠤᠯᠵᠦ᠍ ᠪᠠᠢᠨ᠎ᠠ᠃


● ᠰᠣᠷᠪᠣᠯᠵᠢᠯᠠᠭ᠍ᠴᠢ᠎ᠶ᠋ᠢᠨ ᠡᠪᠦᠷ ᠲᠡᠮᠳᠡᠭ᠌ᠯᠡᠯ
《5 · 1》 ᠤ ᠠᠮᠠᠷᠠᠯᠳᠠ᠎ᠶ᠋ᠢᠨ ᠬᠤᠭᠤᠴᠠᠭᠠᠨ᠎ᠳᠤ᠂ ᠰᠤᠷᠪᠤᠯᠵᠢᠯᠠᠬ᠍ᠴᠢ
ᠮᠠᠨ᠎ᠤ ᠤᠷᠤᠨ᠎ᠤ ᠲᠠᠭᠤᠳᠤ ᠨᠠᠭᠤᠷ᠂ ᠪᠠᠳᠺᠡᠷ ᠵᠤᠤ ᠵᠡᠷᠭᠡ ᠵᠢᠭᠤᠯᠴᠢᠯᠠᠯ᠎ᠤᠨ
ᠦᠵᠡᠮᠵᠢ᠎ᠶ᠋ᠢᠨ ᠤᠷᠤᠨ᠎ᠢᠶᠠᠷ ᠪᠡᠶᠡᠴᠢᠯᠡᠨ ᠰᠤᠷᠪᠤᠯᠵᠢᠯᠠᠭᠠᠳ ᠵᠢᠭᠤᠯᠴᠢᠯᠠᠯ᠎ᠤᠨ
ᠤᠷᠤᠨ᠎ᠳᠤ ᠵᠢᠭᠤᠯᠴᠢᠯᠠᠵᠦ᠍ ᠪᠠᠢᠭ᠎ᠠ ᠬᠦᠮᠦᠨ᠎ᠤ ᠲᠤᠭ᠎ᠠ ᠨᠡᠯᠢᠶᠡᠳ ᠤᠯᠠᠱᠢᠷᠠᠵᠦ᠍
ᠪᠠᠢᠭ᠎ᠠ᠎ᠶ᠋ᠢ ᠤᠢ᠍ᠢᠯᠠᠭᠠᠵᠠᠢ᠃ ᠬᠦᠮᠦᠰ ᠮᠦᠨᠴᠤ᠌ ᠬᠢᠵᠢᠭ᠎ᠤᠨ ᠪᠠᠢᠳᠠᠯ᠎ᠢ ᠰᠡᠷᠭᠡᠢᠯᠡᠨ
ᠡᠵᠡᠮᠳᠡᠬᠦ᠌᠎ᠶ᠋ᠢ ᠲᠡᠷᠢᠬᠦᠨ ᠴᠢᠬᠤᠯᠠ ᠶᠠᠪᠤᠳᠠᠯ ᠪᠤᠯᠭᠠᠵᠦ᠍ ᠪᠠᠢᠭ᠎ᠠ ᠪᠦᠭᠡᠳ ᠪᠤᠯᠪᠠᠰᠤᠨ
ᠵᠢᠭᠤᠯᠴᠢᠯᠠᠯ᠎ᠢ ᠲᠤᠩ ᠡᠷᠬᠢᠮᠯᠡᠵᠦ᠍ ᠡᠬᠢᠯᠡᠭ᠌ᠰᠡᠨ᠎ᠨᠢ ᠢᠯᠡᠳᠳᠡ ᠪᠠᠢᠪᠠ᠃
ᠬᠠᠬᠢᠷ ᠡᠪᠦᠯ ᠬᠠᠢᠯᠤᠨ ᠤᠰᠤᠨ᠎ᠳᠤ ᠤᠶᠠᠰᠤᠭᠠᠳ ᠬᠠᠪᠤᠷ᠎ᠲᠤ
ᠬᠦᠭᠡᠭᠡᠭ᠌ᠳᠡᠳᠡᠭ ᠱᠢᠭ᠎ᠢᠶᠠᠷ᠂ ᠬᠢᠵᠢᠭ᠎ᠤᠨ ᠪᠠᠢᠳᠠᠯ ᠮᠠᠨ᠎ᠤ ᠤᠷᠤᠨ᠎ᠳᠤ ᠨᠢᠭᠡᠨᠳᠡ
ᠨᠠᠮᠳᠠᠵᠦ᠍᠂ ᠡᠪᠦᠯ᠎ᠢ ᠤᠷᠤᠴᠠᠨ᠎ᠳᠠᠭᠠᠨ ᠦᠩᠭᠡᠷᠡᠬᠦᠯᠵᠦ᠍᠂ ᠬᠠᠪᠤᠷ᠎ᠢᠶᠠᠨ
ᠤᠭ᠍ᠳᠤᠭ᠍ᠰᠠᠨ ᠬᠦᠮᠦᠰ ᠵᠢᠭᠤᠯᠴᠢᠯᠠᠬᠤ ᠬᠦᠰᠡᠯᠲᠡᠭᠡᠨ ᠲᠠᠳᠠᠭ᠍ᠳᠠᠨ ᠲᠤᠷᠠᠳᠠᠢ
ᠵᠦᠭ᠎ᠢᠶᠠᠨ ᠲᠡᠮᠡᠦᠯᠵᠡᠭᠡᠨᠡ᠃
ᠡᠬᠦᠨ᠎ᠢ ᠲᠠᠭᠠᠯᠳᠤᠭᠠᠳ ᠮᠠᠨ᠎ᠤ ᠤᠷᠤᠨ᠎ᠤ ᠵᠢᠭᠤᠯᠴᠢᠯᠠᠯ᠎ᠤᠨ ᠦᠢᠯᠡᠰ
ᠴᠤ᠌ ᠤᠤᠯ᠎ᠤᠨ᠎ᠢᠶᠠᠨ ᠱᠢᠬ ᠬᠦᠭ᠌ᠵᠢᠬᠦᠨ ᠪᠠᠳᠠᠷᠠᠭᠤᠨ ᠪᠤᠯᠬᠤ᠎ᠨᠢ ᠯᠠᠪᠳᠠᠢ᠃



