ᠬᠦᠴᠢᠷ ᠠᠰᠠᠭᠤᠳᠠᠯ᠎ᠢ ᠪᠦᠳᠦᠮᠵᠢᠳᠡᠢ ᠱᠢᠢᠳᠪᠦᠷᠢᠯᠡᠭ᠌ᠰᠡᠨ ᠪᠠᠢᠴᠠᠭᠠᠬᠤ ᠰᠠᠨᠠᠭᠤᠯᠭ᠎ᠠ
2020-05-18 10:18:34
ᠵᠣᠬᠢᠶᠠᠭ᠍ᠴᠢ᠄
ᠱᠢᠨᠡᠪᠢᠯᠢᠭ
ᠣᠩᠱᠢᠭ᠍ᠰᠠᠨ ᠣᠳᠠᠭ᠎ᠠ᠄
★★★☆☆

      《ᠨᠡᠬᠡᠷᠡᠨ ᠠᠮᠠᠷᠬᠠᠨ ᠪᠤᠯᠵᠠᠢ᠂ ᠪᠢᠳᠡ ᠲᠠᠬᠢᠭᠠᠳ ᠡᠰᠢ ᠰᠦᠷᠡᠯ᠎ᠢ ᠠᠷᠢᠯᠭᠠᠬᠤ᠎ᠶ᠋ᠢᠨ ᠲᠦᠯᠦᠭᠡ ᠵᠤᠪᠠᠭ᠍ᠤ ᠤᠴᠢᠷ ᠦᠬᠡᠢ ᠪᠤᠯᠤᠬ᠍ᠰᠠᠨ᠂ ᠤᠣᠯ᠎ᠨᠢ ᠪᠢᠳᠡ ᠠᠷᠭ᠎ᠠ ᠦᠬᠡᠢ᠎ᠳᠡᠭᠡᠨ ᠡᠰᠢ ᠰᠦᠷᠡᠯ᠎ᠢ ᠭᠠᠯᠳᠠᠨ ᠱᠢᠳᠠᠭᠠᠵᠤ ᠪᠠᠢᠬ᠍ᠰᠠᠨ᠂ ᠵᠠᠰᠠᠬ᠎ᠤᠨ ᠤᠷᠳᠤᠨ ᠪᠠ ᠪᠠᠢᠴᠠᠭᠠᠬ᠍ᠴᠢ ᠲᠤᠱᠢᠶᠠᠯᠳᠠᠨ ᠮᠠᠨ᠎ᠳᠤ ᠡᠨᠡ ᠬᠦ᠌ ᠬᠦᠴᠢᠷᠳᠡᠯ᠎ᠢ ᠱᠢᠢᠳᠪᠦᠷᠢᠯᠡᠵᠦ᠍ ᠦᠭ᠌ᠭᠦᠯ᠎ᠡ!》 ᠤᠢ᠍ᠢᠷ᠎ᠠ᠎ᠶ᠋ᠢᠨ ᠡᠳᠦᠷ᠂ ᠪᠤᠭᠤᠳᠤ ᠬᠤᠳᠠ᠎ᠶ᠋ᠢᠨ ᠬᠦᠶᠠᠩ ᠱᠢᠶᠠᠨ᠎ᠤ ᠱᠢᠩ ᠱᠦᠨ ᠰᠢ ᠪᠠᠯᠭᠠᠰᠤᠨ᠎ᠤ ᠱᠢᠶᠠᠩ ᠹᠠᠩ ᠲᠤᠰᠭᠤᠨ᠎ᠤ ᠲᠠᠷᠢᠶᠠᠴᠢᠨ ᠸᠠᠩ ᠰᠦᠸᠧ ᠵᠦ᠍ ᠲᠠᠷᠢᠶᠠᠨ᠎ᠳᠠᠬᠢ ᠨᠢᠭᠡᠨᠳᠡ ᠪᠣᠬᠢᠷᠳᠣᠯ ᠦᠭᠡᠢᠳᠡᠭᠦᠯᠦᠨ ᠱᠢᠢᠳᠪᠦᠷᠢᠯᠡᠭ᠌ᠰᠡᠨ ᠡᠰᠢ ᠰᠦᠷᠡᠯ᠎ᠢᠶᠠᠨ ᠵᠢᠭᠠᠭᠠᠳ ᠡᠢᠨ ᠬᠦ᠌ ᠬᠡᠯᠡᠨ᠎ᠡ᠃
      ᠳᠠᠷᠢᠶᠠᠨ᠎ᠤ ᠡᠰᠢ ᠰᠦᠷᠡᠯ᠎ᠢᠶᠠᠨ ᠬᠡᠷᠬᠢᠨ ᠱᠢᠢᠳᠪᠦᠷᠢᠯᠡᠬᠦ᠌᠎ᠨᠢ ᠭᠦᠶᠠᠩ ᠱᠢᠶᠠᠨ᠎ᠤ ᠲᠠᠷᠢᠶᠠᠴᠢᠳ᠎ᠤᠨ ᠰᠡᠳᠭᠢᠯ᠎ᠢ ᠵᠤᠪᠠᠭᠠᠵᠣ ᠪᠠᠢᠭ᠍ᠰᠠᠨ ᠬᠦᠴᠢᠷ ᠠᠰᠠᠭᠤᠳᠠᠯ ᠪᠣᠯᠵᠣ᠂ ᠲᠠᠷᠢᠶ᠎ᠠ ᠲᠠᠷᠢᠬᠤ ᠦᠪᠡᠷ᠎ᠤᠨ ᠦᠷᠳᠡᠭ᠎ᠢᠶᠠᠨ ᠠᠷᠪᠢᠯᠠᠬᠤ᠎ᠶ᠋ᠢᠨ ᠲᠦᠯᠦᠬᠡ ᠲᠠᠷᠢᠶᠠᠴᠢᠳ ᠣᠯᠠᠮᠵᠢᠯᠠᠯᠳᠣ ᠠᠷᠭ᠎ᠠ᠎ᠪᠠᠨ ᠦᠷᠬᠦᠯᠵᠢᠯᠡᠨ ᠬᠡᠷᠡᠭ᠌ᠯᠡᠵᠦ᠍ ᠲᠤᠬᠠᠢ᠎ᠶ᠋ᠢᠨ ᠭᠠᠵᠠᠷ᠎ᠲᠤᠨᠢ ᠭᠠᠯᠳᠠᠨ ᠱᠢᠳᠠᠭᠠᠳᠠᠬ ᠪᠠᠢᠵᠠᠢ᠃ ᠭᠡᠳᠡᠯ᠎ᠡ ᠳᠠᠷᠢᠶᠠᠨ᠎ᠤ ᠡᠰᠢ ᠰᠦᠷᠡᠯ᠎ᠢ ᠭᠠᠯᠳᠠᠨ ᠱᠢᠳᠠᠭᠠᠭᠠᠳ ᠡᠬᠦᠰᠦᠭ᠌ᠰᠡᠨ ᠬᠤᠤᠷᠳᠤ ᠪᠤᠳᠠᠰ᠎ᠨᠢ ᠠᠮᠢ ᠠᠬᠤᠢ᠎ᠶ᠋ᠢᠨ ᠤᠷᠴᠢᠨ ᠲᠤᠭᠤᠷᠢᠨ᠎ᠢ ᠪᠤᠬᠢᠷᠳᠤᠭᠤᠯᠵᠣ᠂ ᠲᠤᠰᠭᠤᠨ᠎ᠤ ᠠᠷᠠᠳ᠎ᠤᠨ ᠠᠮᠢ ᠨᠠᠰᠤ ᠡᠳ᠋ ᠬᠦᠷᠦᠩᠬᠡ᠎ᠶ᠋ᠢᠨ ᠠᠮᠤᠷ ᠲᠦᠪᠱᠢᠨ᠎ᠢ ᠬᠦᠨᠳᠦ ᠨᠤᠴᠢᠳᠠᠢ ᠨᠦᠯᠦᠬᠡᠯᠡᠵᠦ᠍ ᠪᠠᠢᠵᠠᠢ᠃
ᠬᠦᠳᠡᠭᠡ ᠲᠤᠰᠭᠤᠨ᠎ᠤ ᠤᠷᠴᠢᠨ ᠲᠤᠭᠤᠷᠢᠨ᠎ᠤ ᠵᠠᠰᠠᠯᠳᠠ᠎ᠶ᠋ᠢᠨ ᠡᠨᠡ ᠬᠦ᠌ ᠬᠦᠴᠢᠷ ᠠᠰᠠᠭᠤᠳᠠᠯ᠎ᠢ ᠲᠦᠢᠯᠪᠤᠷᠢᠳᠠᠢ ᠱᠢᠢᠳᠪᠦᠷᠢᠯᠡᠬᠦ᠌᠎ᠶ᠋ᠢᠨ ᠲᠦᠯᠦᠭᠡ᠂ ᠬᠦᠶᠠᠩ ᠱᠢᠶᠠᠨ᠎ᠤ ᠪᠠᠢᠴᠠᠭᠠᠬᠤ ᠬᠤᠷᠢᠶ᠎ᠠ ᠨᠡᠢᠳᠡ᠎ᠶ᠋ᠢᠨ ᠠᠰᠠᠷᠠᠮᠵᠢ᠎ᠶ᠋ᠢᠨ ᠬᠠᠮᠠᠭᠠᠯᠠᠯᠳᠠ ᠪᠠ ᠶᠡᠭᠡ ᠲᠠᠯ᠎ᠠ᠎ᠳᠤ ᠦᠢᠯᠡᠴᠢᠯᠡᠬᠦ᠌᠎ᠶ᠋ᠢ ᠬᠠᠷᠢᠯᠴᠠᠨ ᠤᠶᠠᠯᠳᠤᠭᠤᠯᠵᠤ᠂ ᠨᠡᠢᠳᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠪᠠᠢᠴᠠᠭᠠᠬᠤ ᠦᠢᠯᠡᠳᠦᠯ᠎ᠢᠶᠠᠨ ᠪᠠᠳᠠᠷᠠᠭᠤᠯᠵᠤ᠂ ᠲᠤᠬᠠᠢ᠎ᠶ᠋ᠢᠨ ᠭᠠᠵᠠᠷ᠎ᠲᠤᠨᠢ ᠪᠠᠢᠴᠠᠭᠠᠨ ᠰᠤᠳᠤᠯᠬᠤ᠂ ᠪᠠᠢᠴᠠᠭᠠᠬᠤ ᠰᠠᠨᠠᠭᠤᠯᠭ᠎ᠠ ᠳᠣᠷᠠᠳᠭᠤ᠎ᠪᠠᠷ ᠲᠠᠮᠵᠢᠭᠤᠯᠤᠨ᠂ ᠰᠠᠨᠠᠭᠠᠴᠢᠯᠠᠭ᠎ᠠ᠎ᠠᠴᠠ᠎ᠪᠠᠨ ᠬᠦᠶᠠᠩ ᠱᠢᠶᠠᠨ᠎ᠤ ᠵᠠᠰᠠᠬ᠎ᠤᠨ ᠤᠷᠳᠤᠨ ᠪᠠ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠳᠤ ᠬᠠᠷᠢᠭᠤ ᠮᠡᠳᠡᠬᠦᠯᠦᠨ ᠲᠡᠮᠵᠢᠯᠬᠡ᠎ᠶ᠋ᠢ᠎ᠨᠢ ᠤᠯᠪᠠ᠃
      《ᠡᠰᠢ ᠰᠦᠷᠡᠯ᠎ᠢ ᠭᠠᠯᠳᠠᠨ ᠱᠢᠳᠠᠭᠠᠬᠤ᠎ᠨᠢ ᠬᠦᠨᠳᠦ ᠨᠤᠴᠢᠳᠠᠢ ᠠᠭᠠᠷ ᠮᠠᠨᠳᠠᠯ᠎ᠤᠨ ᠪᠤᠬᠢᠷᠳᠤᠯ ᠡᠬᠦᠰᠭᠡᠬᠦ᠌ ᠮᠦᠷᠳᠡᠭᠡᠨ ᠬᠦᠷᠦᠰᠦ ᠱᠢᠷᠤᠢ᠎ᠶ᠋ᠢᠨ ᠬᠦᠴᠦ᠍ ᠱᠢᠮ᠎ᠠ᠎ᠶ᠋ᠢ ᠪᠠᠭᠤᠷᠠᠭᠤᠯᠤᠨ᠂ ᠲᠠᠷᠢᠶᠠᠨ ᠭᠠᠵᠠᠷ᠎ᠢ ᠲᠠᠴᠢᠷᠳᠠᠭᠤᠯᠵᠤ᠂ ᠲᠠᠷᠢᠶᠠᠨ ᠭᠠᠵᠠᠷ᠎ᠤᠨ ᠴᠢᠬᠢᠭ᠎ᠤᠨ ᠪᠠᠢᠳᠠᠯ᠎ᠢ ᠡᠪᠳᠡᠵᠦ᠍᠂ ᠬᠦᠷᠦᠰᠦ ᠱᠢᠷᠤᠢ᠎ᠶ᠋ᠢᠨ ᠱᠢᠮ᠎ᠠ ᠬᠦᠴᠦ᠎ᠶ᠋ᠢ ᠪᠤᠢᠵᠢᠭᠤᠯᠬᠤ᠎ᠳᠤ ᠠᠱᠢᠬ ᠦᠬᠡᠢ ᠮᠠᠭᠤ ᠤᠷᠴᠢᠯ᠎ᠢ ᠪᠤᠢ ᠪᠤᠯᠭᠠᠨ᠎ᠠ᠃ ᠲᠠᠷᠢᠶᠠᠴᠢᠳ᠎ᠲᠤ ᠡᠰᠢ ᠰᠦᠷᠡᠯ᠎ᠢ ᠭᠠᠯᠳᠠᠨ ᠱᠢᠳᠠᠭᠠᠬᠤ᠎ᠶ᠋ᠢᠨ ᠬᠤᠤᠷ ᠬᠦᠨᠦᠬᠡᠯ᠎ᠢ ᠬᠦᠢᠴᠡᠳ ᠲᠠᠨᠢᠭᠤᠯᠤᠨ ᠡᠰᠢ ᠰᠦᠷᠡᠯ᠎ᠢ ᠡᠬᠢ ᠪᠠᠶᠠᠯᠢᠬ᠍ᠵᠢᠭᠤᠯᠤᠨ ᠠᠱᠢᠬ᠍ᠯᠠᠬᠤ ᠮᠡᠷᠭᠡᠵᠢᠯ᠎ᠢ ᠲᠡᠯᠬᠡᠷᠡᠬᠦᠯᠪᠡᠯ ᠡᠰᠢ ᠰᠦᠷᠡᠯ᠎ᠢ ᠭᠠᠯᠳᠠᠨ ᠱᠢᠳᠠᠭᠠᠬᠤ᠎ᠶ᠋ᠢ ᠦᠨᠳᠦᠰᠦ᠎ᠠᠴᠠ᠎ᠨᠢ ᠬᠤᠷᠢᠬ᠍ᠯᠠᠵᠤ ᠴᠢᠳᠠᠨ᠎ᠠ᠃ ᠡᠢᠮᠦ᠎ᠠᠴᠠ ᠡᠨᠡ ᠵᠢᠯ ᠬᠦᠶᠠᠩ ᠱᠢᠶᠠᠨ᠎ᠤ ᠪᠠᠢᠴᠠᠭᠠᠬᠤ ᠬᠤᠷᠢᠶ᠎ᠠ ᠡᠰᠢ ᠰᠦᠷᠡᠯ᠎ᠢ ᠭᠠᠯᠳᠠᠨ ᠱᠢᠳᠠᠭᠠᠬᠤ ᠪᠠ ᠬᠤᠷᠢᠶᠠᠨ ᠠᠱᠢᠬ᠍ᠯᠠᠬᠤ᠎ᠶ᠋ᠢ ᠴᠢᠬᠤᠯᠠ ᠵᠦᠪᠯᠡᠬᠦ᠌ ᠵᠦᠢᠯ ᠪᠣᠯᠭᠠᠵᠣ᠂ ᠬᠦᠶᠠᠩ ᠱᠢᠶᠠᠨ᠎ᠤ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠳᠤ ᠲᠤᠱᠢᠶᠠᠨ ᠬᠢᠨᠠᠨ ᠵᠦᠪᠯᠡᠬᠦᠯᠦᠭ᠌ᠰᠡᠨ》 ᠬᠡᠵᠦ᠍ ᠬᠦᠶᠠᠩ ᠱᠢᠶᠠᠨ᠎ᠤ ᠪᠠᠢᠴᠠᠭᠠᠬᠤ ᠬᠤᠷᠢᠶ᠎ᠠ᠎ᠶ᠋ᠢᠨ ᠪᠠᠢᠴᠠᠭᠠᠬ᠍ᠴᠢ ᠲᠠᠷᠤᠭ᠎ᠠ ᠨᠢᠦ ᠯᠢ ᠵᠢᠶᠦ᠋ᠨ ᠬᠡᠯᠡᠨ᠎ᠡ᠃
      ᠬᠦᠶᠠᠩ ᠱᠢᠶᠠᠨ᠎ᠤ ᠪᠠᠢᠴᠠᠭᠠᠬᠤ ᠬᠤᠷᠢᠶ᠎ᠠ ᠪᠠᠰᠠ ᠡᠰᠢ ᠰᠦᠷᠡᠯ᠎ᠢ ᠭᠠᠯᠳᠠᠨ ᠱᠢᠳᠠᠭᠠᠬᠤ ᠠᠵᠢᠯᠯᠠᠭ᠎ᠠ᠎ᠶ᠋ᠢ ᠵᠠᠯᠬᠠᠭᠠᠨ ᠲᠤᠷᠭᠠᠵᠤ ᠴᠤᠬᠢᠯᠳᠠ ᠦᠭ᠌ᠬᠦ ᠡᠷᠴᠢᠮ᠎ᠢᠶᠠᠨ ᠴᠢᠩᠭᠠᠷᠠᠭᠤᠯᠬᠤ᠂ ᠡᠰᠢ ᠰᠦᠷᠡᠯ᠎ᠢ ᠬᠤᠤᠷ ᠦᠬᠡᠢᠳᠡᠬᠦᠯᠦᠨ ᠱᠢᠢᠳᠪᠦᠷᠢᠯᠡᠬᠦ᠌ ᠱᠠᠩᠨᠠᠯ ᠨᠦᠬᠦᠪᠦᠷᠢ ᠦᠭ᠌ᠬᠦ ᠠᠷᠭ᠎ᠠ ᠬᠡᠮᠵᠢᠶ᠎ᠠ᠎ᠶ᠋ᠢ ᠨᠠᠢᠳᠠᠪᠤᠷᠢᠵᠢᠭᠤᠯᠬᠤ ᠵᠡᠷᠬᠡ ᠠᠰᠠᠭᠤᠳᠠᠯ᠎ᠤᠨ ᠲᠤᠬᠠᠢ ᠱᠢᠶᠠᠨ᠎ᠤ᠎ᠪᠠᠨ ᠤᠷᠴᠢᠨ ᠲᠤᠭᠤᠷᠢᠨ᠎ᠤ ᠬᠠᠮᠠᠭᠠᠯᠠᠯᠳᠠ᠂ ᠲᠠᠷᠢᠶᠠᠯᠠᠩ ᠮᠠᠯ ᠠᠵᠤ ᠠᠬᠤᠢ ᠵᠡᠷᠬᠡ ᠬᠠᠮᠢᠶ᠎ᠠ ᠪᠦᠬᠦᠢ ᠰᠠᠯᠠᠭ᠎ᠠ ᠮᠦᠴᠢᠷ᠎ᠲᠤ ᠪᠠᠢᠴᠠᠭᠠᠬᠤ ᠰᠠᠨᠠᠭᠤᠯᠭ᠎ᠠ ᠳᠣᠷᠠᠳᠴᠠᠢ᠃
      ᠬᠦᠶᠠᠩ ᠱᠢᠶᠠᠨ᠎ᠤ ᠵᠠᠰᠠᠬ᠎ᠤᠨ ᠤᠷᠳᠤᠨ ᠪᠠᠢᠴᠠᠭᠠᠬᠤ ᠰᠠᠨᠠᠭᠤᠯᠭ᠎ᠠ᠎ᠶ᠋ᠢ ᠲᠡᠭᠡᠳᠦ ᠬᠡᠮᠵᠢᠶ᠎ᠡ᠎ᠪᠠᠷ ᠬᠦᠨᠳᠦᠳᠭᠡᠵᠦ᠍᠂ ᠠᠭᠤᠯᠭ᠎ᠠ᠎ᠶ᠋ᠢ᠎ᠨᠢ ᠵᠤᠷᠪᠤᠰ ᠲᠠᠷᠠᠭᠠᠯᠠᠨ ᠵᠠᠳᠠᠯᠵᠣ᠂ ᠬᠠᠷᠢᠭᠤᠴᠠᠯᠭ᠎ᠠ᠎ᠶ᠋ᠢ ᠪᠣᠳᠠᠳᠠᠢ᠎ᠳᠤ ᠨᠠᠢᠳᠠᠪᠤᠷᠢᠵᠢᠭᠤᠯᠵᠠᠢ᠃ ᠡᠩ ᠲᠦᠷᠦᠬᠦᠨ᠎ᠳᠤ ᠡᠰᠢ ᠰᠦᠷᠡᠯ᠎ᠢ ᠶᠡᠷᠦᠩᠬᠡᠢᠯᠡᠨ ᠠᠱᠢᠬ᠍ᠯᠠᠬᠤ ᠠᠵᠢᠯ᠎ᠤᠨ ᠤᠳᠤᠷᠢᠳᠭᠤ ᠲᠤᠭᠤᠢ᠍ᠢᠯᠠᠩ ᠪᠠᠢᠭᠤᠯᠵᠤ᠂ 《ᠠᠵᠢᠯ᠎ᠤᠨ ᠲᠦᠰᠦᠯ》 ᠲᠠᠷᠤᠮᠠᠯᠯᠠᠨ ᠲᠠᠷᠬᠠᠭᠠᠵᠤ᠂ ᠡᠯ᠎ᠡ ᠪᠠᠢᠭᠤᠯᠭ᠎ᠠ ᠨᠢᠬᠡᠴᠢ᠎ᠶ᠋ᠢᠨ᠎ᠬᠢᠨ᠎ᠤ ᠡᠭᠦᠷᠭᠡ ᠴᠢᠳᠠᠪᠬᠢ ᠠᠵᠢᠯ᠎ᠤᠨ ᠬᠤᠪᠢᠶᠠᠷᠢᠯᠠᠯ᠎ᠢ ᠲᠤᠳᠤᠷᠬᠠᠢᠯᠠᠵᠤ᠂ ᠪᠦᠬᠦ᠌ ᠱᠢᠶᠠᠨ᠎ᠤ ᠡᠯ᠎ᠡ ᠡᠭᠦᠷᠭᠡ ᠴᠢᠳᠠᠪᠬᠢᠳᠦ ᠰᠠᠯᠠᠭ᠎ᠠ ᠮᠦᠴᠢᠷ᠎ᠤᠨ ᠬᠦᠴᠦᠨ᠎ᠢ ᠲᠦᠪᠯᠡᠷᠡᠬᠦᠯᠦᠨ᠂ ᠠᠵᠤ ᠠᠬᠤᠢ᠂ ᠵᠠᠰᠠᠬ ᠵᠠᠬᠢᠷᠭᠠᠨ᠂ ᠬᠠᠤᠯᠢ ᠴᠠᠭᠠᠵᠠ᠎ᠶ᠋ᠢᠨ ᠠᠷᠭ᠎ᠠ ᠪᠠᠷᠢᠯ᠎ᠢ ᠶᠡᠷᠦᠩᠬᠡᠢᠯᠡᠨ ᠬᠡᠷᠡᠭ᠌ᠯᠡᠵᠦ᠍᠂ ᠨᠢᠬᠡᠳᠦᠯᠳᠡᠢ ᠲᠦᠯᠦᠪᠵᠢᠬᠦᠯᠦᠨ ᠠᠬᠢᠭᠤᠯᠪᠠ᠃
      ᠵᠠᠰᠠᠬ ᠵᠠᠬᠢᠷᠭᠠᠨ᠎ᠤ ᠬᠠᠤᠯᠢ ᠬᠡᠷᠡᠭ᠌ᠵᠢᠬᠦᠯᠬᠦ᠌ ᠵᠡᠷᠬᠡ ᠰᠠᠯᠠᠭ᠎ᠠ ᠮᠦᠴᠢᠷ᠎ᠯᠦᠭᠡ᠎ᠶ᠋ᠢᠨ ᠨᠡᠪᠳᠡᠷᠡᠯᠴᠡᠭᠡ ᠬᠠᠷᠢᠯᠴᠠᠭ᠎ᠠ᠎ᠪᠠᠨ ᠨᠢᠬ᠍ᠳᠠᠷᠠᠭᠤᠯᠣᠨ ᠤᠢ᠍ᠢᠯᠠᠭᠠᠯᠴᠠᠭ᠎ᠠ ᠢᠳᠡᠬᠡᠯᠴᠡᠭᠡ᠎ᠪᠠᠨ ᠨᠡᠮᠡᠭ᠌ᠳᠡᠬᠦᠯᠵᠦ᠍᠂ ᠵᠠᠰᠠᠬ ᠵᠠᠬᠢᠷᠭᠠᠨ᠎ᠤ ᠠᠷᠭ᠎ᠠ ᠪᠠᠷᠢᠯ ᠪᠠ ᠬᠠᠤᠯᠢ ᠴᠠᠭᠠᠵᠠ᠎ᠶ᠋ᠢᠨ ᠠᠷᠭ᠎ᠠ ᠪᠠᠷᠢᠯ᠎ᠢ ᠪᠦᠳᠦᠮᠵᠢᠳᠡᠢ ᠵᠤᠯᠭᠠᠭᠤᠯᠵᠤ᠂ ᠠᠮᠢ ᠠᠬᠤᠢ ᠤᠷᠴᠢᠨ ᠲᠤᠭᠤᠷᠢᠨ᠎ᠢ ᠬᠠᠮᠠᠭᠠᠯᠠᠬᠤ ᠬᠠᠮᠳᠤᠷᠠᠯ᠎ᠤᠨ ᠬᠦᠴᠦᠨ᠎ᠢ ᠪᠦᠷᠢᠯᠳᠦᠬᠦᠯᠵᠦ᠍᠂ ᠤᠯᠠᠨ ᠨᠡᠢᠳᠡ᠎ᠶ᠋ᠢᠨ ᠤᠷᠴᠢᠨ ᠲᠤᠭᠤᠷᠢᠨ᠎ᠤ ᠠᠱᠢᠬ ᠲᠤᠰᠠ᠎ᠶ᠋ᠢ ᠪᠦᠳᠦᠮᠵᠢᠳᠡᠢ ᠬᠠᠮᠠᠭᠠᠯᠠᠬᠤ ᠱᠠᠳᠤᠴᠢ ᠴᠢᠨᠠᠷᠳᠠᠢ ᠬᠠᠷᠠᠯᠳᠠ᠎ᠳᠤ ᠬᠦᠷᠴᠡᠢ᠃ ᠤᠳᠤᠬᠠᠨ᠎ᠳᠤ᠂ ᠶ᠋ᠢᠨ ᠱᠠᠨ ᠪᠠᠯᠭᠠᠰᠤ᠎ᠶ᠋ᠢᠨ ᠱ᠌ᠢ ᠡᠯ ᠹᠧᠨ ᠽᠢ ᠲᠤᠰᠭᠤᠨ ᠡᠰᠢ ᠰᠦᠷᠡᠯ᠎ᠢ ᠬᠤᠷᠢᠶᠠᠨ ᠠᠱᠢᠬ᠍ᠯᠠᠬᠤ᠎ᠶ᠋ᠢ ᠲᠤᠰᠭᠤᠨ᠎ᠤ ᠬᠠᠮᠳᠤ᠎ᠶ᠋ᠢᠨ ᠠᠵᠤ ᠠᠬᠤᠢ᠎ᠶ᠋ᠢᠨ ᠴᠢᠬᠤᠯᠠ ᠲᠦᠷᠦᠯ ᠵᠦᠢᠯ ᠪᠤᠯᠭᠠᠨ ᠯᠠᠪᠳᠠᠭᠤᠨ᠎ᠢᠶᠠᠷ ᠠᠬᠢᠭᠤᠯᠵᠤ᠂ ᠡᠰᠢ ᠰᠦᠷᠡᠯ᠎ᠢ ᠬᠤᠤᠷ ᠦᠬᠡᠢᠳᠡᠬᠦᠯᠦᠨ ᠱᠢᠢᠳᠪᠦᠷᠢᠯᠡᠬᠦ᠌ ᠰᠦᠢᠳᠭᠡᠯ᠎ᠢ ᠵᠠᠰᠠᠬ᠎ᠤᠨ ᠤᠷᠳᠤᠨ᠂ ᠠᠵᠤ ᠠᠬᠤᠢ᠍ᠢᠯᠠᠯ᠂ ᠲᠤᠰᠭᠤᠨ᠎ᠤ ᠠᠷᠠᠳ ᠭᠤᠷᠪᠠᠨ ᠲᠠᠯ᠎ᠠ ᠬᠠᠮᠳᠤ᠎ᠪᠠᠷ ᠡᠬᠦᠷᠬᠡᠯᠡᠬᠦ᠌ ᠠᠷᠭ᠎ᠠ᠎ᠶ᠋ᠢ ᠰᠦᠪᠡᠭ᠌ᠴᠢᠯᠡᠵᠦ᠍᠂ ᠡᠰᠢ ᠰᠦᠷᠡᠯ᠎ᠢ ᠬᠤᠤᠷ ᠦᠬᠡᠢᠳᠡᠬᠦᠯᠦᠨ ᠱᠢᠢᠳᠪᠦᠷᠢᠯᠡᠬᠦ᠌ ᠤᠷᠳᠤ ᠬᠤᠭᠤᠴᠠᠭᠠᠨ᠎ᠤ ᠪᠦᠳᠦᠮᠵᠢᠳᠡᠢ ᠲᠤᠬ᠍ᠳᠠᠴᠠ᠎ᠶ᠋ᠢ ᠪᠦᠷᠢᠯᠳᠦᠬᠦᠯᠪᠡ᠃
      《ᠭᠠᠯᠳᠠᠨ ᠱᠢᠳᠠᠭᠠᠬᠤ᠎ᠨᠢ ᠬᠤᠷᠢᠭ᠎ᠠ ᠱᠤᠭᠤᠮ᠂ ᠬᠤᠷᠢᠶᠠᠨ ᠠᠱᠢᠬ᠍ᠯᠠᠬᠤ᠎ᠨᠢ ᠦᠨᠳᠦᠰᠦ᠂ ᠬᠠᠮᠠᠷ ᠭᠠᠳᠠᠮ᠎ᠠ ᠭᠠᠱᠢᠭᠤᠨ ᠤᠳᠤᠭ᠎ᠠ᠎ᠠᠴᠠ ᠰᠡᠳᠭᠢᠯ ᠰᠡᠷᠭᠦᠭᠡᠮ᠎ᠡ ᠴᠡᠪᠡᠷ ᠠᠭᠠᠷ ᠪᠤᠯᠣᠭ᠍ᠰᠠᠨ ᠬᠤᠪᠢᠷᠠᠯᠳᠠ᠎ᠨᠢ ᠤᠯᠠᠨ᠎ᠢᠶᠠᠷ᠎ᠢᠶᠠᠨ ᠤᠷᠴᠢᠨ ᠲᠤᠭᠤᠷᠢᠨ᠎ᠢ ᠬᠠᠮᠠᠭᠠᠯᠠᠬᠤ᠎ᠶ᠋ᠢ ᠴᠢᠬᠤᠯᠠᠴᠢᠯᠠᠨ ᠦᠵᠡᠭ᠌ᠰᠡᠨ᠎ᠲᠠᠢ ᠬᠤᠯᠪᠤᠭ᠎ᠠ᠎ᠲᠠᠢ᠃ ᠪᠠᠢᠴᠠᠭᠠᠬᠤ ᠪᠠᠢᠭᠤᠯᠭ᠎ᠠ ᠨᠡᠢᠳᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠪᠠᠢᠴᠠᠭᠠᠬᠤ ᠡᠭᠦᠷᠭᠡ ᠴᠢᠳᠠᠪᠬᠢ᠎ᠪᠠᠷ᠎ᠢᠶᠠᠨ ᠲᠠᠮᠵᠢᠭᠤᠯᠤᠨ᠂ ᠬᠢᠨᠠᠯᠳᠠ᠎ᠪᠠᠨ ᠴᠢᠩᠭᠠᠷᠠᠭᠤᠯᠤᠨ᠂ ᠬᠠᠮᠢᠶ᠎ᠠ ᠪᠦᠬᠦᠢ ᠰᠠᠯᠠᠭ᠎ᠠ ᠮᠦᠴᠢᠷ᠎ᠢ ᠱᠠᠯᠠᠪᠳᠠᠭᠤᠯᠣᠨ ᠠᠷᠭ᠎ᠠ ᠪᠦᠬᠦᠨ᠎ᠢ ᠰᠦᠪᠡᠭ᠌ᠴᠢᠯᠡᠨ ᠡᠰᠢ ᠰᠦᠷᠡᠯ᠎ᠢ ᠲᠠᠷᠢᠶᠠᠨ᠎ᠠᠴᠠ ᠰᠠᠯᠭᠠᠬᠤ᠎ᠶ᠋ᠢ ᠲᠦᠷᠬᠡᠳᠭᠡᠨ᠂ ᠲᠠᠷᠢᠶᠠᠴᠢᠳ᠎ᠢ ᠬᠠᠪᠰᠤᠷᠤᠨ ᠬᠦᠴᠢᠷᠳᠡᠯ᠎ᠢ᠎ᠨᠢ ᠱᠢᠢᠳᠪᠦᠷᠢᠯᠡᠨ ᠦᠭ᠌ᠬᠦ᠎ᠨᠢ ᠬᠢᠪᠡᠰᠦ ᠵᠤᠬᠢᠬᠤ ᠠᠵᠢᠯ ᠪᠣᠯᠣᠨ᠎ᠠ》 ᠬᠡᠵᠦ᠍ ᠬᠦᠶᠠᠩ ᠱᠢᠶᠠᠨ᠎ᠤ ᠪᠠᠢᠴᠠᠭᠠᠬᠤ ᠬᠤᠷᠢᠶ᠎ᠠ᠎ᠶ᠋ᠢᠨ ᠺᠠᠳ᠋ᠷ ᠨᠢᠦ ᠼᠠᠢ ᠴᠢᠩ ᠬᠡᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号