ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬ᠍ᠰᠠᠨ ᠱᠢᠨ᠎ᠠ ᠲᠤᠤᠯᠢᠰ — ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠪᠠᠢᠭᠤᠯᠤᠭ᠍ᠳᠠᠭ᠍ᠰᠠᠨ ᠲᠤᠷᠠᠰᠭᠠᠯ᠎ᠤᠨ ᠡᠳᠦᠷ᠎ᠲᠤ ᠵᠤᠷᠢᠭᠤᠯᠪᠠ (ᠭᠤᠷᠪᠠ)
2020-05-02 10:28:26
ᠵᠣᠬᠢᠶᠠᠭ᠍ᠴᠢ᠄
ᠱᠢᠶᠡᠩ ᠴᠦᠨ
ᠣᠩᠱᠢᠭ᠍ᠰᠠᠨ ᠣᠳᠠᠭ᠎ᠠ᠄
★★★☆☆

      ᠦᠵᠡᠰᠭᠦᠯᠡᠩᠳᠦ ᠰᠠᠢᠬᠠᠨ ᠮᠢᠨᠦ᠍ ᠨᠤᠳᠤᠭ᠎ᠲᠤ
      ᠦᠡᠭ᠌ᠬᠡ᠎ᠶ᠋ᠢᠨ ᠴᠡᠴᠡᠭ ᠰᠤᠯᠤᠩᠭᠠᠷᠠᠨ᠎ᠠ
      ᠤᠷᠠᠨ ᠪᠤᠯᠵᠤᠮᠤᠷ ᠵᠢᠷᠬᠢᠨ ᠲᠤᠩᠭᠤᠳᠤᠭᠠᠳ
      ᠤᠰᠤᠨ ᠪᠤᠯᠤᠷ ᠭᠤᠤᠯ ᠲᠤᠨᠤᠯᠵᠠᠨ᠎ᠠ
      ᠁
      ᠡᠨᠡ ᠪᠤᠯ ᠡᠬᠡ ᠤᠯᠤᠰ᠎ᠤᠨ ᠤᠮᠡᠷᠡᠳᠦ ᠬᠢᠯᠢ᠎ᠶ᠋ᠢᠨ ᠦᠵᠡᠰᠭᠦᠯᠡᠩᠳᠦ ᠰᠠᠢᠬᠠᠨ ᠦᠵᠡᠮᠵᠢ᠎ᠶ᠋ᠢᠨ ᠤᠷᠤᠨ᠎ᠳᠤ ᠤᠷᠤᠱᠢᠨ ᠠᠮᠢᠳᠤᠷᠠᠭ᠎ᠠ 2500 ᠲᠦᠮᠡᠨ ᠦᠪᠦᠷ ᠮᠤᠩᠭᠤᠯᠴᠤᠳ᠎ᠤᠨ ᠠᠵᠠ ᠵᠢᠷᠭᠠᠯᠳᠦ ᠠᠮᠢᠳᠤᠷᠠᠯ᠎ᠤᠨ ᠵᠢᠷᠤᠭ᠍ᠯᠠᠯ ᠮᠦᠨ᠃
      ᠨᠠᠮ᠎ᠤᠨ ᠲᠥᠪ ᠬᠤᠷᠢᠶ᠎ᠠ᠂ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠵᠥᠪ ᠤᠨᠤᠪᠴᠢᠳᠠᠢ ᠤᠳᠤᠷᠢᠳᠤᠯᠭ᠎ᠠ ᠳᠣᠣᠷ᠎ᠠ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠪᠦᠯᠬᠦᠮᠳᠡᠨ ᠲᠡᠮᠡᠴᠡᠵᠦ᠍᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠡᠷᠬᠦᠭ᠌ᠰᠡᠭᠡᠷ ᠢᠷᠡᠭ᠌ᠰᠡᠨ ᠶᠤᠮ᠃ ᠢᠯᠠᠩᠭᠤᠶ᠎ᠠ ᠤᠢ᠍ᠢᠷ᠎ᠠ᠎ᠶ᠋ᠢᠨ ᠬᠡᠳᠦᠨ ᠵᠢᠯ᠎ᠳᠤ᠂ ᠦᠨᠳᠦᠰᠦᠲᠡᠨ᠎ᠨᠦᠭᠦᠳ᠎ᠤᠨ ᠠᠷᠠᠳ ᠲᠦᠮᠠᠨ ᠭᠠᠷ ᠭᠠᠷ᠎ᠢᠶᠠᠨ ᠬᠤᠯᠪᠣᠨ᠂ ᠰᠠᠬᠢᠨ ᠪᠠᠷᠠᠯᠠᠵᠦ᠍ ᠬᠠᠷᠢᠯᠴᠠᠨ ᠬᠠᠪᠰᠤᠷᠤᠯᠴᠠᠵᠦ᠍᠂ ᠡᠬᠡ ᠤᠯᠤᠰ᠎ᠤᠨ ᠤᠮᠠᠷᠠᠲᠤ ᠬᠢᠯᠢ᠎ᠶ᠋ᠢ ᠨᠡᠩ ᠦᠵᠡᠰᠭᠦᠯᠡᠩᠳᠦ ᠰᠠᠢᠬᠠᠨ ᠦᠵᠡᠮᠵᠢ᠎ᠶ᠋ᠢᠨ ᠤᠷᠤᠨ ᠪᠤᠯᠭᠠᠨ ᠪᠦᠳᠦᠭᠡᠨ ᠪᠠᠢᠭᠤᠯᠬᠤ᠎ᠶ᠋ᠢᠨ ᠲᠥᠯᠥᠭᠡ ᠴᠢᠷᠮᠠᠢᠨ ᠲᠡᠮᠡᠴᠡᠵᠦ᠍᠂ ᠦᠨᠳᠦᠰᠦᠲᠡᠨ᠎ᠤ ᠪᠦᠯᠬᠦᠮᠳᠡᠯ᠎ᠤᠨ ᠰᠡᠳᠭᠢᠯ ᠬᠥᠳᠡᠯᠭᠡᠮ᠎ᠡ ᠬᠠᠭᠤᠳᠠᠰᠤ᠎ᠶ᠋ᠢ ᠪᠢᠴᠢᠭ᠌ᠯᠡᠭ᠌ᠰᠡᠨ ᠪᠠᠢᠨ᠎ᠠ᠃

      ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠡᠷᠬᠢᠮ ᠳᠡᠭᠡᠳᠦ ᠢᠷᠠᠭᠤ ᠠᠯᠳᠠᠷ᠎ᠢᠶᠠᠨ ᠬᠠᠮᠠᠭᠠᠯᠠᠨ᠎ᠠ

      ᠦᠨᠳᠦᠰᠦᠳᠡᠨ᠎ᠤ ᠶᠡᠭᠡ ᠪᠦᠯᠬᠦᠮᠳᠡᠯ ᠪᠤᠯ ᠦᠪᠦᠷ ᠮᠤᠩᠭᠤᠯ᠎ᠤᠨ ᠢᠷᠠᠭᠤ ᠠᠯᠳᠠᠷᠳᠦ ᠤᠯᠠᠮᠵᠢᠯᠠᠯ ᠪᠤᠯᠤᠨ᠎ᠠ᠂ ᠦᠪᠡᠷᠳᠡᠭᠡᠨ ᠵᠠᠰᠠᠬᠤ ᠤᠷᠤᠨ᠎ᠤ ᠡᠯ᠎ᠠ ᠲᠦᠷᠦᠯ᠎ᠤᠨ ᠠᠵᠢᠯ ᠦᠢᠯᠡᠰ᠎ᠤᠨ ᠬᠦᠭ᠌ᠵᠢᠯᠳᠡ ᠲᠡᠪᠱᠢᠯᠳᠡ᠎ᠶ᠋ᠢᠨ ᠰᠠᠭᠤᠷᠢ ᠮᠦᠨ᠃
      ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠪᠠᠢᠭᠤᠯᠤᠭ᠍ᠳᠠᠬ᠍ᠰᠠᠨ 73 ᠵᠢᠯ᠎ᠤᠨ ᠲᠤᠷᠰᠢ᠂ ᠨᠠᠮ᠎ᠤᠨ ᠦᠨᠳᠦᠰᠦᠳᠡᠨ᠎ᠤ ᠲᠤᠬᠠᠢ ᠲᠦᠷᠦ᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠡᠪᠤᠷᠢᠵᠢᠭᠤᠯᠵᠦ᠍᠂ ᠦᠨᠳᠦᠰᠦᠳᠡᠨ᠎ᠤ ᠤᠷᠤᠨ᠎ᠤ ᠦᠪᠡᠷᠳᠡᠭᠡᠨ ᠵᠠᠰᠠᠬᠤ ᠪᠠᠢᠭᠤᠯᠤᠯ᠎ᠢ ᠪᠡᠷᠢᠮᠳᠡᠯᠡᠨ ᠲᠡᠬᠦᠯᠳᠡᠷᠵᠢᠬᠦᠯᠵᠦ᠍᠂ ᠦᠨᠳᠦᠰᠦᠳᠡᠨ᠎ᠨᠦᠭᠦᠳ᠎ᠤᠨ ᠰᠡᠳᠭᠢᠯ ᠵᠢᠷᠦᠬᠡ᠎ᠪᠠᠨ ᠬᠤᠯᠪᠤᠵᠦ᠍᠂ ᠭᠠᠷ ᠭᠠᠷ᠎ᠢᠶᠠᠨ ᠬᠤᠯᠪᠤᠯᠴᠠᠬᠤ ᠰᠠᠢᠨ ᠰᠠᠢᠬᠠᠨ ᠤᠯᠠᠮᠵᠢᠯᠠᠯ᠎ᠢ ᠪᠠᠳᠠᠷᠠᠭᠤᠯᠤᠭ᠍ᠰᠠᠭᠠᠷ ᠢᠷᠡᠵᠡᠢ᠃
      2020 ᠤᠨ᠎ᠤ ᠡᠬᠢ᠎ᠪᠠᠷ᠂ ᠦᠪᠦᠷ ᠮᠤᠩᠭᠤᠯ᠎ᠤᠨ ᠡᠯ᠎ᠠ ᠦᠨᠳᠦᠰᠦᠳᠡᠨ᠎ᠤ ᠠᠷᠠᠳ ᠲᠦᠮᠡᠨ ᠰᠡᠳᠭᠢᠯ ᠨᠢᠬᠡᠳᠦᠨ ᠱᠢᠨ᠎ᠠ ᠲᠢᠳᠢᠮᠯᠢᠭ ᠠᠭᠤᠰᠭᠢᠨ ᠦᠷᠪᠢᠰᠦᠯ᠎ᠢ ᠰᠡᠷᠬᠡᠢᠯᠡᠨ ᠡᠵᠡᠮᠳᠡᠬᠦ᠌ ᠠᠷᠠᠳ᠎ᠤᠨ ᠲᠠᠢᠨ᠎ᠳᠤ ᠭᠠᠪᠱᠢᠭᠠᠢᠯᠠᠨ᠂ ᠦᠪᠡᠷ᠎ᠤᠨ ᠪᠤᠳᠠᠳᠦ ᠦᠢᠯᠡᠳᠦᠯᠬᠡ᠎ᠪᠠᠷ᠎ᠢᠶᠠᠨ ᠰᠠᠬᠢᠨ ᠪᠠᠷᠠᠯᠠᠵᠦ᠍ ᠬᠠᠷᠢᠯᠴᠠᠨ ᠬᠠᠪᠰᠤᠷᠤᠯᠴᠠᠬᠤ ᠢᠷᠠᠭᠤ ᠲᠤᠤᠯᠢᠰ᠎ᠢ ᠪᠢᠴᠢᠭ᠌ᠯᠡᠭ᠌ᠰᠡᠨ ᠶᠤᠮ᠃
      ᠱᠢᠨ᠎ᠠ ᠲᠢᠳᠢᠮᠯᠢᠭ ᠠᠭᠤᠰᠭᠢᠨ ᠦᠷᠪᠢᠰᠦᠯ ᠡᠬᠦᠰᠦᠭ᠌ᠰᠡᠨ᠎ᠤ ᠲᠠᠷᠠᠭ᠎ᠠ᠂ ᠬᠢᠵᠢᠭ᠎ᠤᠨ ᠭᠤᠤᠯ ᠤᠷᠤᠨ ᠪᠤᠯᠤᠬ᠍ᠰᠠᠨ ᠬᠤᠪᠸᠢ ᠮᠤᠵᠢ᠎ᠶ᠋ᠢᠨ ᠪᠠᠢᠲᠠᠯ ᠦᠪᠦᠷ ᠮᠤᠩᠭᠤᠯ ᠲᠠᠶᠠᠭᠠᠷ᠎ᠤᠨ ᠠᠩᠬᠠᠷᠤᠯ᠎ᠢ ᠲᠠᠳᠠᠵᠤ᠂ ᠤᠷᠢᠳ ᠬᠤᠵᠢᠳ 8 ᠡᠮᠴᠢᠯᠡᠬᠡᠨ᠎ᠤ ᠠᠩᠬᠢ᠎ᠶ᠋ᠢᠨ 841 ᠡᠮᠴᠢ ᠰᠤᠪᠢᠯᠠᠬ᠍ᠴᠢ ᠬᠤᠪᠸᠢ᠎ᠶ᠋ᠢ ᠲᠡᠮᠵᠢᠬᠦ᠌᠎ᠪᠠᠷ ᠮᠤᠷᠳᠡᠵᠡᠢ᠃ ᠲᠡᠳᠡᠨ᠎ᠤ ᠲᠤᠳᠤᠷ᠎ᠠ᠂ ᠮᠤᠩᠭᠤᠯ ᠦᠨᠳᠦᠰᠦᠳᠡᠨ᠎ᠢᠶᠠᠷ ᠭᠤᠤᠯ ᠪᠤᠯᠭᠠᠭ᠍ᠰᠠᠨ 220 ᠭᠠᠷᠤᠢ ᠴᠦᠬᠡᠨ ᠲᠤᠭᠠᠳᠤ ᠦᠨᠳᠦᠰᠦᠳᠡᠨ᠎ᠤ ᠡᠮᠴᠢ ᠰᠤᠪᠢᠯᠠᠭ᠍ᠴᠢ ᠪᠠᠭ᠍ᠳᠠᠯᠴᠠᠵᠠᠢ᠃
      ᠤᠷᠳᠤᠰ ᠨᠤᠳᠤᠭ᠍ᠳᠠᠢ ᠮᠣᠩᠭᠤᠯ ᠰᠤᠪᠢᠯᠠᠭ᠍ᠴᠢ ᠴᠣᠯᠮᠣᠨᠲᠤᠶᠠᠭ᠎ᠠ ᠪᠤᠯ ᠲᠡᠳᠡᠨ᠎ᠤ ᠲᠤᠮᠳᠠᠬᠢ ᠨᠢᠬᠡᠨ ᠬᠡᠱᠢᠬᠦᠨ ᠪᠠᠢᠵᠦ᠍᠂ ᠦᠬᠠᠨ᠎ᠤ ᠴᠢᠩᠭᠡᠯᠢᠭ ᠡᠮᠨᠡᠯᠭᠡ᠎ᠶ᠋ᠢᠨ ᠬᠤᠷᠢᠶᠠᠨ᠎ᠳᠤ ᠬᠤᠪᠢᠶᠠᠭ᠍ᠳᠠᠨ ᠠᠵᠢᠯᠯᠠᠵᠠᠢ᠃
      2 ᠰᠠᠷ᠎ᠠ᠎ᠶ᠋ᠢᠨ 18 ᠎ᠤ ᠡᠳᠦᠷ᠂ ᠲᠡᠷᠡ ᠪᠠᠢᠭᠤᠯᠭ᠎ᠠ᠎ᠠᠴᠠ᠎ᠨᠢ ᠢᠯᠡᠭᠡᠭ᠌ᠰᠡᠨ ᠠᠮᠢᠳᠤᠷᠠᠯ᠎ᠤᠨ ᠡᠳ᠋ ᠪᠣᠳᠠᠰ ᠪᠠ ᠨᠢᠭᠡ ᠪᠦᠯᠦᠭ ᠮᠣᠩᠭᠤᠯ ᠡᠮ᠎ᠢ ᠬᠤᠷᠢᠶᠠᠵᠦ᠍ ᠤᠯᠤᠬ᠍ᠰᠠᠨ᠎ᠤ ᠳᠤᠳᠤᠷ᠎ᠠ᠎ᠨᠢ 《ᠨᠠᠭ᠍ᠪᠤ — 9 ᠠᠷᠴᠠ᠎ᠶ᠋ᠢᠨ ᠤᠭᠤᠳᠠ》 ᠪᠠᠭ᠍ᠳᠠᠵᠠᠢ᠃ ᠲᠡᠷᠡ ᠡᠨᠡ ᠬᠦ᠌ ᠠᠷᠴᠠ᠎ᠶ᠋ᠢᠨ ᠤᠭᠤᠲᠠ᠎ᠶ᠋ᠢᠨ ᠪᠡᠯᠭᠡᠳᠡᠯ ᠰᠠᠨᠠᠭ᠎ᠠ᠎ᠶ᠋ᠢ ᠳᠤᠳᠤᠷᠬᠠᠢ ᠮᠡᠳᠡᠳᠡᠭ᠎ᠢᠶᠠᠷ᠎ᠢᠶᠠᠨ᠂ ᠮᠠᠰᠢ ᠬᠢᠴᠢᠶᠡᠮᠵᠢᠲᠡᠢ᠎ᠪᠠᠷ ᠭᠠᠷ ᠦᠵᠦᠭᠦᠷ ᠬᠠᠳᠠᠭᠠᠯᠠᠨ᠂ ᠡᠪᠡᠳᠴᠢᠲᠡᠨ᠎ᠤ ᠥᠷᠥᠭᠡᠨ᠎ᠳᠤ ᠣᠷᠣᠬᠤ ᠪᠤᠯᠭᠠᠨ ᠪᠡᠶ᠎ᠡ᠎ᠳᠡᠭᠡᠨ ᠠᠪᠴᠤ᠌ ᠶᠠᠪᠤᠳᠠᠭ ᠪᠠᠢᠯ᠎ᠠ᠃
      ᠨᠢᠭᠡ ᠡᠳᠦᠷ᠂ ᠨᠢᠭᠡᠨ ᠡᠪᠡᠳᠴᠢᠲᠡᠨ ᠶᠡᠭᠡ ᠪᠤᠬᠢᠨᠢᠳᠤᠨ ᠪᠠᠴᠢᠮᠳᠠᠵᠤ᠂ ᠰᠡᠳᠭᠢᠯ ᠰᠠᠨᠠᠭ᠎ᠠ᠎ᠪᠠᠨ ᠡᠵᠡᠮᠳᠡᠵᠦ᠍ ᠳᠡᠢᠯᠬᠦ᠌ ᠦᠭᠡᠢ ᠪᠤᠯᠵᠤ᠂ ᠶᠠᠭᠠᠬᠢᠵᠤ ᠲᠠᠢᠳᠭᠤᠷᠠᠭᠤᠯᠤᠭ᠍ᠰᠠᠨ ᠴᠤ᠌ ᠦᠭᠡ ᠰᠣᠨᠣᠰᠭᠤ ᠦᠭᠡᠢ ᠪᠠᠢᠯ᠎ᠠ᠃ ᠴᠤᠯᠮᠤᠠᠲᠤᠶᠠᠭ᠎ᠠ ᠲᠡᠭᠦᠨ᠎ᠢ ᠲᠠᠢᠳᠭᠤᠷᠠᠭᠤᠯᠬᠤ᠎ᠶ᠋ᠢᠨ ᠲᠦᠯᠦᠭᠡ ᠮᠤᠩᠭᠤᠯ ᠡᠮ᠎ᠤᠨ ᠠᠷᠴᠠ᠎ᠶ᠋ᠢᠨ ᠤᠭᠤᠳᠠ᠎ᠪᠠᠨ ᠭᠠᠷᠭᠠᠠ ᠲᠡᠭᠦᠨ᠎ᠳᠤ ᠦᠭ᠌ᠴᠤ᠄ 《ᠡᠨᠡ ᠪᠤᠯ ᠸᠢᠷᠦ᠋ᠰ᠎ᠢ ᠡᠰᠡᠷᠭᠦᠴᠡᠵᠦ᠍ ᠠᠮᠤᠷ ᠠᠮᠤᠭᠤᠯᠠᠩ ᠪᠠᠢᠬᠤ᠎ᠶ᠋ᠢ ᠢᠪᠡᠭᠡᠬᠦ᠌ ᠮᠤᠩᠭᠤᠯ ᠡᠮ ᠮᠦᠨ᠂ ᠲᠠᠠ᠎ᠳᠤ ᠪᠡᠯᠡᠭ᠌ᠯᠡᠶ᠎ᠠ᠂ ᠲᠠᠠ᠎ᠤ ᠠᠮᠤᠷ ᠠᠮᠤᠭᠤᠯᠠᠩ ᠪᠠᠢᠬᠤ᠎ᠶ᠋ᠢ ᠵᠦᠩᠨᠡᠶ᠎ᠠ》 ᠭᠡᠵᠦ᠍ ᠬᠡᠯᠡᠪᠡ᠃ ᠡᠪᠡᠳᠴᠢᠲᠠᠠ ᠠᠭᠠᠵᠢᠮ᠎ᠢᠶᠠᠷ ᠳᠠᠢᠳᠭᠤᠷᠠᠵᠤ᠄ 《ᠠᠷᠴᠠ᠎ᠶ᠋ᠢᠨ ᠤᠭᠤᠳᠠ᠎ᠪᠠᠨ ᠨᠠᠲᠠ ᠦᠭ᠌ᠭᠦᠴᠢᠭᠡᠭᠡᠳ ᠲᠠ ᠶᠠᠭᠠᠬᠢᠨ᠎ᠠ ᠪᠤᠢ?》 ᠭᠡᠵᠦ᠍ ᠠᠰᠠᠭᠤᠭ᠍ᠰᠠᠨ᠎ᠳᠤ᠂ ᠴᠤᠯᠮᠤᠠᠲᠤᠶᠠᠭ᠎ᠠ᠄ 《ᠬᠠᠮᠢᠶ᠎ᠠ ᠦᠭᠡᠢ᠂ ᠲᠠᠨ᠎ᠤ ᠡᠷᠡᠭᠦᠯ ᠮᠡᠨᠳᠤ ᠨᠡᠩ ᠴᠢᠬᠤᠯᠠ!》 ᠭᠡᠰᠡᠨ᠎ᠳᠤ ᠲᠡᠷᠡ ᠡᠷᠡᠭ᠌ᠲᠡᠢ᠎ᠶ᠋ᠢᠨ ᠬᠤᠭᠤᠯᠠᠢ ᠴᠡᠴᠡᠷᠬᠢᠯᠡᠨ᠄ 《ᠴᠢᠨᠤ ᠡᠨᠡ ᠴᠢᠨᠢ ᠠᠶᠤᠯ ᠲᠦᠭ᠌ᠰᠢᠬᠦᠷᠢ᠎ᠶ᠋ᠢ ᠪᠡᠶ᠎ᠠ᠎ᠳᠡᠭᠡᠨ ᠦᠯᠡᠲᠡᠭᠡᠵᠤ ᠪᠠᠢᠭ᠎ᠠ ᠶᠠᠪᠤᠳᠠᠯ᠂ ᠴᠢᠮ᠎ᠠ᠎ᠳᠤ ᠪᠠᠶᠠᠷᠯᠠᠯ᠎ᠠ! ᠲᠠ ᠨᠠᠷ ᠢᠡᠭ᠌ᠬᠢᠵᠦ᠍ ᠪᠢᠳᠡᠨ᠎ᠢ ᠰᠠᠬᠢᠨ ᠬᠠᠮᠠᠭᠠᠯᠠᠵᠤ ᠪᠠᠢᠬᠤ᠎ᠳᠤ᠂ ᠪᠢᠲᠠ ᠯᠠᠪᠲᠠᠢ ᠦᠭᠡ ᠰᠤᠨᠤᠰᠴᠤ᠌᠂ ᠯᠠᠪᠳᠠᠢ ᠬᠠᠲᠠᠭᠤᠵᠢᠵᠦ᠍᠂ ᠯᠠᠪᠳᠠᠢ ᠡᠷᠡᠭᠦᠯᠵᠢᠨ ᠲᠡᠩᠭᠡᠷᠡᠨ᠎ᠠ!》 ᠭᠡᠵᠦ᠍ ᠬᠡᠯᠡᠪᠡ᠃
      ᠴᠤᠯᠮᠤᠨᠳᠤᠶᠠᠭ᠎ᠠ᠎ᠲᠠᠢ ᠠᠳᠠᠯᠢ᠎ᠪᠠᠷ᠂ ᠬᠤᠪᠸᠢ᠎ᠶ᠋ᠢ ᠲᠤᠰᠠᠯᠠᠬᠤ᠎ᠪᠠᠷ ᠮᠤᠷᠳᠠᠬ᠍ᠰᠠᠨ ᠦᠪᠦᠷ ᠮᠤᠩᠭᠤᠯ᠎ᠤᠨ ᠡᠮᠴᠢ ᠰᠤᠪᠢᠯᠠᠬ᠍ᠴᠢᠳ ᠬᠦᠨ ᠵᠤᠵᠠᠭᠠᠠ ᠬᠠᠢᠷ᠎ᠠ ᠰᠡᠳᠭᠢᠯᠭᠡ᠎ᠪᠠᠷ ᠡᠪᠡᠳᠴᠢᠳᠠᠨ᠎ᠳᠡᠭᠡᠨ ᠬᠠᠷᠢᠭᠤᠴᠠᠵᠦ᠍᠂ ᠲᠠᠯ᠎ᠠ ᠨᠤᠳᠤᠭ᠎ᠤᠨ ᠬᠦᠮᠤᠨ ᠠᠷᠠᠳ᠎ᠤᠨ ᠦᠷᠦᠪᠴᠢ ᠴᠠᠢᠯᠭᠠᠨ ᠰᠡᠳᠭᠢᠯ᠂ ᠭᠤᠶᠠᠴᠢ ᠦᠬᠡᠢ ᠬᠠᠢᠷ᠎ᠠ᠎ᠶ᠋ᠢ ᠲᠠᠮᠵᠢᠭᠤᠯᠪᠠ᠃ ᠲᠤᠬᠠᠢ᠎ᠶ᠋ᠢᠨ ᠭᠠᠵᠠᠷ᠎ᠤᠨ ᠡᠮᠴᠢ ᠰᠤᠪᠢᠯᠠᠭ᠍ᠴᠢᠳ ᠪᠦᠷ᠄ ᠦᠪᠦᠷ ᠮᠤᠩᠭᠤᠯ᠎ᠢ ᠪᠠᠭ᠍ᠠᠷᠬᠠᠨ᠎ᠠ᠂ ᠦᠪᠦᠷ ᠮᠤᠩᠭᠤᠯ᠎ᠤᠨ 《ᠲᠠᠢᠴᠢᠨ ᠬᠠᠨᠢ》 ᠎ᠪᠠᠨ ᠪᠠᠭ᠍ᠠᠷᠬᠠᠨ᠎ᠠ᠂ ᠡᠨᠡ ᠤᠲᠠᠭ᠎ᠠ᠎ᠶ᠋ᠢᠨ ᠬᠢᠵᠢᠭ᠎ᠢᠶᠠᠷ ᠲᠠᠮᠵᠢᠵᠦ᠍᠂ ᠦᠪᠦᠷ ᠮᠤᠩᠭᠤᠯ᠎ᠤᠨ ᠠᠷᠠᠳ ᠲᠦᠮᠡᠡ᠎ᠤ ᠴᠠᠢᠯᠭᠠᠠ ᠰᠡᠳᠭᠢᠯ᠂ ᠠᠭᠤᠲᠠᠮᠴᠢ ᠪᠠᠭ᠍ᠲᠠᠭᠠᠮᠵᠢ ᠬᠢᠭᠡᠳ ᠡᠷᠡᠯᠬᠡᠭ᠌ᠯᠡᠨ ᠲᠡᠮᠡᠴᠡᠬᠦ᠌ ᠵᠤᠷᠢᠭ ᠰᠠᠨᠠᠭ᠎ᠠ᠎ᠶ᠋ᠢ ᠤᠯᠠᠮ ᠢᠯᠡᠭᠦᠦ ᠤᠢ᠍ᠢᠯᠠᠭᠠᠯ᠎ᠠ ᠭᠡᠵᠦ᠍ ᠶᠠᠷᠢᠵᠠᠭᠠᠨ᠎ᠠ᠃
      ᠦᠬᠠᠨ᠎ᠤ ᠬᠢᠵᠢᠭ᠎ᠲᠠᠢ ᠲᠡᠮᠡᠴᠡᠬᠦ᠌ ᠡᠳ᠋ ᠪᠤᠳᠠᠰ ᠲᠤᠳᠠᠭ᠍ᠳᠠᠬᠤ᠎ᠳᠤ᠂ ᠦᠷᠭᠡᠨ ᠠᠭᠤᠲᠠᠮ ᠦᠪᠦᠷ ᠮᠤᠩᠭᠤᠯ᠎ᠳᠤ ᠮᠠᠨᠢ ᠬᠤᠪᠧᠢ᠎ᠶ᠋ᠢ ᠲᠤᠰᠠᠯᠠᠨ ᠲᠡᠮᠵᠢᠬᠦ᠌ ᠠᠵᠢᠯᠯᠠᠭ᠎ᠠ ᠰᠦᠷ ᠲᠠᠯᠠᠢᠴᠠ᠎ᠲᠠᠢ ᠦᠷᠨᠢᠵᠦ᠍᠂ 600 ᠲᠣᠨ ᠦᠬᠡᠷ ᠬᠤᠨᠢᠨ ᠮᠢᠬ᠎ᠠ ᠪᠣᠯᠤᠨ ᠦᠨᠢᠶᠡᠨ ᠰᠦ ᠵᠡᠷᠭᠡ ᠠᠮᠢᠳᠤᠷᠠᠯ᠎ᠤᠨ ᠡᠳ᠋ ᠪᠣᠳᠠᠰ᠎ᠢ ᠤᠷᠢᠳ ᠬᠤᠵᠢᠳ ᠲᠤᠰᠠᠯᠠᠵᠤ᠂ ᠥᠪᠥᠷ ᠮᠣᠩᠭᠤᠯ᠎ᠤᠨ ᠨᠡᠢᠭᠡᠮ᠎ᠤᠨ ᠡᠯ᠎ᠡ ᠡᠲᠡᠭᠡᠳ᠎ᠠᠴᠠ ᠬᠤᠪᠸᠢ ᠮᠤᠵᠢ᠎ᠳᠤ 1.14 ᠳ᠋ᠦᠩᠱᠢᠭᠤᠷ ᠲᠥᠭᠦᠷᠢᠭ ᠬᠠᠨᠳᠢᠪᠯᠠᠬ᠍ᠰᠠᠨ ᠪᠠᠢᠨ᠎ᠠ᠃
      1 ᠰᠠᠷ᠎ᠠ᠎ᠶ᠋ᠢᠨ 23 ᠎ᠤ ᠡᠳᠦᠷ᠂ ᠦᠪᠦᠷ ᠮᠤᠩᠭᠤᠯ᠎ᠳᠤ ᠠᠩᠬᠠᠨ᠎ᠤ ᠱᠢᠨ᠎ᠠ ᠲᠢᠳᠢᠮᠯᠢᠭ ᠠᠭᠤᠰᠭᠢᠨ ᠦᠷᠪᠢᠰᠦᠯ᠎ᠳᠤ ᠨᠡᠷᠪᠡᠭ᠌ᠳᠡᠭ᠌ᠰᠡᠨ ᠡᠪᠡᠳᠴᠢᠳᠠᠨ᠎ᠢ ᠲᠤᠳᠤᠯᠠᠬ᠍ᠰᠠᠨ᠎ᠠᠴᠠ ᠠᠪᠤᠭᠠᠳ᠂ ᠮᠠᠨ᠎ᠤ ᠤᠷᠤᠨ᠎ᠤ ᠡᠮᠴᠢ ᠰᠤᠪᠢᠯᠠᠬ᠍ᠴᠢ᠂ ᠠᠷᠠᠳ᠎ᠤᠨ ᠴᠠᠭ᠍ᠳᠠᠭ᠎ᠠ᠂ ᠨᠡᠢᠬᠡᠮ ᠲᠤᠭᠤᠷᠢᠭ᠎ᠤᠨ ᠠᠵᠢᠯᠳᠡᠨ᠂ ᠰᠠᠢᠨ ᠲᠤᠷᠠᠴᠤᠤᠯ ᠁᠂ ᠨᠢᠬ᠍ᠳᠡ ᠪᠦᠯᠬᠦᠮᠳᠡᠨ ᠬᠠᠷᠢᠯᠴᠠᠨ ᠬᠠᠪᠰᠤᠷᠤᠯᠴᠠᠵᠦ᠍ ᠬᠢᠵᠢᠭ᠎ᠲᠠᠢ ᠡᠷᠡᠯᠭᠡᠭ᠌ᠯᠡᠨ ᠲᠡᠮᠡᠴᠡᠯ᠎ᠠ᠃
      ᠠᠶᠤᠯᠳᠦ ᠬᠢᠵᠢᠭ᠎ᠤᠨ ᠡᠮᠦᠨ᠎ᠠ᠂ 2500 ᠲᠦᠮᠡᠨ ᠲᠠᠯ᠎ᠠ ᠨᠤᠳᠤᠭ᠎ᠤᠨ ᠬᠦᠪᠡᠭᠦᠳ ᠦᠬᠢᠳ ᠲᠤᠮᠤ ᠬᠡᠷ ᠪᠦᠯᠢ᠎ᠶ᠋ᠢᠨ ᠦᠨᠳᠦᠰᠦᠲᠡᠨ᠎ᠨᠦᠭᠦᠳ᠎ᠤᠨ ᠴᠢᠰᠤ ᠮᠢᠬᠠᠨ᠎ᠤ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠨᠡᠢᠳᠡ ᠤᠯᠠᠨ᠎ᠠ ᠦᠵᠡᠬᠦᠯᠤᠨ ᠭᠠᠢᠬᠠᠭᠤᠯᠤᠬ᠍ᠰᠠᠨ ᠪᠠᠢᠨ᠎ᠠ᠃
      ᠨᠠᠮ᠎ᠤᠨ ᠠᠷᠪᠠᠨ ᠨᠠᠶᠮᠠᠳᠤᠭᠠᠷ ᠶᠡᠭᠡ ᠬᠤᠷᠠᠯ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠲᠤᠰᠭᠠᠶ ᠪᠢᠴᠢᠭ ᠮᠠᠲ᠋ᠧᠷᠢᠶᠠᠯ ᠨᠡᠢᠲᠡᠯᠡᠵᠦ᠍᠂ ᠦᠨᠳᠦᠰᠦᠲᠡᠨ᠎ᠤ ᠪᠦᠯᠬᠦᠮᠳᠡᠯ᠎ᠢ ᠰᠠᠢᠲᠤᠷ ᠬᠢᠬᠦ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠶ ᠪᠠᠢᠷᠢᠯᠠᠭᠤᠯᠤᠯᠲᠠ ᠬᠢᠵᠠᠢ᠃
      2019 ᠤᠨ᠎ᠤ 9 ᠰᠠᠷ᠎ᠠ᠎ᠶ᠋ᠢᠨ 27 ᠎ᠤ ᠡᠳᠦᠷ᠂ ᠪᠡᠬᠡᠵᠢᠩ᠎ᠳᠤ ᠪᠤᠯᠤᠬ᠍ᠰᠠᠨ ᠪᠦᠬᠦ᠌ ᠤᠯᠤᠰ᠎ᠤᠨ ᠦᠨᠳᠦᠰᠦᠳᠡᠨ᠎ᠤ ᠪᠦᠯᠬᠦᠮᠳᠡᠯ ᠲᠠᠪᠱᠢᠯᠳᠡ᠎ᠶ᠋ᠢᠨ ᠱᠠᠩᠨᠠᠯ ᠤᠯᠭᠤᠬᠤ ᠬᠤᠷᠠᠯ ᠲᠡᠬᠡᠷ᠎ᠠ᠂ ᠦᠪᠦᠷ ᠮᠤᠩᠭᠤᠯ᠎ᠤᠨ 27 ᠦᠨᠳᠦᠰᠦᠳᠡᠨ᠎ᠤ ᠪᠦᠯᠬᠦᠮᠳᠡᠯ ᠲᠠᠪᠱᠢᠯᠳᠡ᠎ᠶ᠋ᠢᠨ ᠵᠢᠱ᠌ᠢᠶᠡᠴᠢ ᠬᠠᠮᠳᠦ ᠨᠡᠢᠳᠡ ᠪᠠ 33 ᠨᠡᠷ᠎ᠠ ᠵᠢᠱ᠌ᠢᠶᠠᠴᠢ ᠬᠤᠪᠢ ᠬᠦᠮᠦᠨ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠱᠠᠩᠨᠠᠯ ᠬᠦᠬᠢᠬᠦᠯᠦᠯ᠎ᠢ ᠲᠤᠰᠤᠯ᠎ᠠ᠃ ᠡᠳᠡᠬᠡᠷ ᠬᠠᠮᠳᠦ ᠨᠡᠢᠳᠡ ᠪᠡ ᠬᠤᠪᠢ ᠬᠦᠮᠦᠨ ᠲᠤᠬᠠᠢᠯᠠᠬ᠍ᠰᠠᠨ ᠠᠵᠢᠯ᠎ᠤᠨ ᠪᠠᠢᠷᠢ ᠲᠡᠭᠡᠷ᠎ᠠ᠎ᠪᠠᠨ ᠨᠠᠮ᠎ᠤᠨ ᠦᠨᠳᠦᠰᠦᠳᠡᠨ᠎ᠤ ᠲᠤᠬᠠᠢ ᠲᠦᠷᠦ᠎ᠶ᠋ᠢᠨ ᠪᠤᠳᠤᠯᠭ᠎ᠠ᠎ᠶ᠋ᠢ ᠲᠤᠤᠱᠯᠠᠭᠤᠯᠤᠨ ᠨᠠᠢᠳᠠᠪᠤᠷᠢᠵᠢᠭᠤᠯᠵᠦ᠍᠂ ᠦᠨᠳᠦᠰᠦᠳᠡᠨ᠎ᠤ ᠤᠷᠤᠨ᠎ᠤ ᠠᠵᠦ᠍ ᠠᠬᠤᠢ ᠨᠡᠢᠬᠡᠮ᠎ᠤᠨ ᠬᠦᠭ᠌ᠵᠢᠯᠳᠡ᠎ᠶ᠋ᠢ ᠲᠦᠷᠬᠡᠳᠭᠡᠬᠦ᠂ ᠦᠨᠳᠦᠰᠦᠳᠡᠨ᠎ᠨᠦᠭᠦᠳ᠎ᠤᠨ ᠰᠤᠯᠢᠯᠴᠠᠭ᠎ᠠ ᠶᠠᠪᠤᠯᠴᠠᠭ᠎ᠠ ᠠᠭᠤᠰᠤᠯᠴᠠᠭ᠎ᠠ᠎ᠶ᠋ᠢ ᠠᠬᠢᠭᠤᠯᠵᠦ᠍᠂ ᠪᠤᠳᠠᠳᠦ ᠠᠵᠢᠯᠯᠠᠭ᠎ᠠ᠎ᠪᠠᠷ᠎ᠢᠶᠠᠨ ᠦᠨᠳᠦᠰᠦᠳᠡᠨ᠎ᠤ ᠪᠦᠯᠬᠦᠮᠳᠡᠯ᠎ᠤᠨ ᠶᠡᠭᠡ ᠬᠠᠢᠷ᠎ᠠ᠎ᠶ᠋ᠢ ᠪᠢᠴᠢᠭ᠌ᠯᠡᠵᠦ᠍᠂ ᠦᠨᠳᠦᠰᠦᠳᠡᠨ᠎ᠤ ᠪᠦᠯᠬᠦᠮᠳᠡᠯ᠎ᠤᠨ ᠢᠳᠡᠪᠬᠢ ᠬᠦᠴᠦᠨ᠎ᠢ ᠲᠡᠮᠵᠢᠭᠤᠯᠤᠬ᠍ᠰᠠᠨ ᠪᠠᠢᠨ᠎ᠠ᠃
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ᠌ ᠵᠥᠪᠯᠡᠯ᠎ᠤᠨ ᠡᠷᠬᠢᠯᠡᠭ᠌ᠴᠢ ᠴᠢ᠎ᠶ᠋ᠢᠨ ᠢᠦᠶ᠄ 《1983 ᠣᠨ᠎ᠠᠴᠠ ᠣᠲᠣ ᠪᠣᠯᠲᠠᠯ᠎ᠠ᠂ ᠮᠠᠨ᠎ᠤ ᠣᠷᠣᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠬᠥᠬᠢᠭᠦᠯᠦᠨ ᠰᠠᠢᠱᠢᠶᠠᠬᠤ ᠶᠡᠭᠡ ᠬᠤᠷᠠᠯ᠎ᠢ ᠨᠡᠢᠲᠡ 9 ᠤᠳᠠᠭ᠎ᠠ ᠬᠤᠷᠠᠯᠳᠤᠭᠤᠯᠵᠤ᠂ 1925 ᠵᠢᠱ᠌ᠢᠶᠡᠴᠢ ᠬᠠᠮᠲᠤ ᠨᠡᠢᠲᠡ ᠪᠠ 2542 ᠵᠢᠱ᠌ᠢᠶᠡᠴᠢ ᠬᠤᠪᠢ ᠬᠥᠮᠦᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠬᠥᠬᠢᠭᠦᠯᠦᠯ᠎ᠢ ᠣᠯᠵᠤ᠂ 215 ᠵᠢᠱ᠌ᠢᠶᠡᠴᠢ ᠬᠠᠮᠲᠤ ᠨᠡᠢᠲᠡ ᠪᠠ 234 ᠵᠢᠱ᠌ᠢᠶᠡᠴᠢ ᠬᠤᠪᠢ ᠬᠥᠮᠦᠨ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠬᠥᠬᠢᠭᠦᠯᠦᠯ᠎ᠢ ᠭᠥᠷᠳᠡᠪᠡ᠃ ᠬᠢᠩᠭᠠᠨ ᠠᠢᠮᠠᠭ᠂ ᠬᠥᠯᠥᠨ ᠪᠤᠢᠷ ᠬᠤᠲᠠ᠂ ᠣᠷᠳᠣᠰ ᠬᠤᠲᠠ᠎ᠶ᠋ᠢ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ᠌ ᠵᠥᠪᠯᠡᠯ᠎ᠠᠴᠠ ᠪᠥᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠵᠢᠱ᠌ᠢᠶ᠎ᠡ ᠦᠵᠡᠭᠦᠯᠬᠦ᠌ ᠠᠢᠮᠠᠭ᠂ ᠵᠢᠱ᠌ᠢᠶ᠎ᠡ ᠦᠵᠡᠭᠦᠯᠬᠦ᠌ ᠬᠤᠲᠠ᠎ᠪᠠᠷ ᠨᠡᠷᠡᠢᠳᠪᠡ》 ᠬᠡᠵᠦ᠍ ᠮᠠᠨ᠎ᠤ ᠤᠷᠤᠨ᠎ᠤ ᠦᠨᠳᠦᠰᠦᠳᠡᠨ᠎ᠤ ᠪᠦᠯᠬᠦᠮᠳᠡᠯ ᠲᠠᠪᠱᠢᠯᠳᠠ᠎ᠶ᠋ᠢᠨ ᠠᠮᠵᠢᠯᠳᠠ ᠪᠦᠳᠦᠮᠵᠢ᠎ᠶ᠋ᠢ ᠲᠠᠨᠢᠯᠴᠠᠭᠤᠯᠵᠦ᠍ ᠪᠠᠢᠪᠠ᠃

     ᠪᠦᠯᠬᠦᠮᠳᠡᠨ ᠲᠡᠮᠡᠴᠡᠵᠦ᠍ ᠦᠵᠡᠰᠭᠦᠯᠡᠩᠲᠦ ᠰᠠᠢᠬᠠᠨ ᠤᠮᠠᠷᠠᠲᠤ ᠬᠢᠯᠢ᠎ᠶ᠋ᠢ ᠪᠦᠲᠦᠭᠡᠨ ᠪᠠᠢᠭᠤᠯᠤᠨ᠎ᠠ

      ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠤᠯ᠎ᠳᠤ ᠱᠢᠨᠵᠢᠯᠡᠨ ᠪᠠᠢᠴᠠᠭᠠᠬᠤ᠎ᠳᠠᠭᠠᠨ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠤᠯᠠᠨ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠡᠬᠡ ᠤᠯᠤᠰ᠎ᠤᠨ ᠤᠮᠠᠷᠠᠲᠤ᠎ᠶ᠋ᠢᠨ ᠡᠨᠡ ᠬᠦ᠌ ᠦᠵᠡᠮᠵᠢ᠎ᠶ᠋ᠢᠨ ᠣᠷᠣᠨ᠎ᠢᠶᠠᠨ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠬᠤ᠎ᠶ᠋ᠢ ᠬᠦᠰᠡᠵᠦ᠍ ᠪᠠᠢᠨ᠎ᠠ ᠬᠡᠪᠡ᠃
      ᠮᠠᠨ᠎ᠤ ᠤᠷᠤᠨ ᠶᠡᠷᠦᠩᠬᠡᠢ ᠱᠦᠵᠢ᠎ᠶ᠋ᠢᠨ ᠱᠠᠭᠠᠷᠳᠠᠯᠭ᠎ᠠ ᠶᠤᠰᠤᠭᠠᠷ᠂ ᠤᠯᠤᠰ᠎ᠤᠨ ᠬᠢᠯᠢ ᠬᠢᠵᠠᠭᠠᠷ ᠤᠷᠤᠨ ᠪᠠ ᠬᠦᠮᠦᠨ ᠠᠮᠠ ᠬᠠᠷᠢᠴᠠᠩᠭᠤᠢ ᠴᠦᠬᠡᠪᠳᠦᠷ ᠦᠨᠳᠦᠰᠦᠳᠡᠨ᠎ᠤ ᠲᠦᠪᠯᠡᠷᠡᠨ ᠰᠠᠭᠤᠷᠢᠱᠢᠭ᠍ᠰᠠᠨ ᠭᠠᠵᠠᠷ ᠤᠷᠤᠨ᠎ᠳᠤ ᠬᠠᠨᠳᠤᠭᠤᠯᠤᠬ᠍ᠰᠠᠨ ᠵᠦᠷᠢᠶᠡᠴᠢᠯᠡᠭ᠌ᠰᠡᠨ ᠲᠡᠳᠬᠦᠬᠦ᠌ ᠲᠦᠷᠦ᠎ᠶ᠋ᠢᠨ ᠪᠤᠳᠤᠯᠭ᠎ᠠ᠎ᠶ᠋ᠢ ᠪᠦᠬᠦ᠌ ᠲᠡᠯ᠎ᠠ᠎ᠪᠠᠷ ᠨᠡᠢᠳᠡᠪᠤᠷᠢᠵᠢᠭᠤᠯᠵᠦ᠍᠂ ᠬᠢᠯᠢ ᠬᠢᠵᠠᠭᠠᠷ ᠤᠷᠤᠨ᠎ᠢ ᠮᠠᠨᠳᠤᠭᠤᠯᠤᠨ ᠠᠷᠠᠳ᠎ᠢ ᠪᠡᠶᠡᠵᠢᠭᠤᠯᠬᠤ ᠠᠵᠢᠯᠯᠠᠭ᠎ᠠ ᠪᠠ ᠬᠦᠮᠦᠨ ᠠᠮᠠ ᠬᠠᠷᠢᠴᠠᠩᠭᠤᠢ ᠴᠦᠬᠡᠪᠳᠦᠷ ᠦᠨᠳᠦᠰᠦᠳᠡᠨ᠎ᠤ ᠬᠦᠭ᠌ᠵᠢᠯᠳᠡ᠎ᠶ᠋ᠢᠨ ᠲᠦᠯᠦᠪᠵᠢᠬᠦᠯᠬᠡ᠎ᠶ᠋ᠢ ᠬᠢᠨᠠᠮᠠᠭᠠᠢ ᠬᠡᠷᠡᠭ᠌ᠵᠢᠬᠦᠯᠵᠦ᠍ ᠬᠦᠴᠦᠨ ᠲᠡᠬᠦᠯᠳᠡᠷ ᠠᠵᠢᠯᠯᠠᠵᠦ᠍ ᠪᠠᠢᠨ᠎ᠠ᠃
      ᠡᠨᠡ ᠵᠢᠯ᠎ᠤᠨ 3 ᠰᠠᠷ᠎ᠠ᠎ᠳᠤ᠂ ᠮᠠᠨ᠎ᠤ ᠤᠷᠤᠨ᠎ᠤ ᠳᠥᠷᠪᠡᠳ ᠬᠤᠱᠢᠭᠤ᠂ ᠲᠠᠢᠹᠤᠰᠧ ᠬᠤᠱᠢᠭᠤ᠂ ᠬᠦᠷᠢᠶ᠎ᠡ ᠬᠤᠱᠢᠭᠤ ᠵᠡᠷᠭᠡ 20 ᠬᠤᠱᠢᠭᠤ ᠱᠢᠶᠠᠨ ᠤᠯᠤᠰ᠎ᠤᠨ ᠲᠠᠰ᠎ᠤᠨ ᠶᠠᠳᠠᠭᠤ ᠬᠦᠴᠢᠷᠳᠡᠯᠲᠡᠶ ᠬᠤᠱᠢᠭᠤ ᠱᠢᠶᠠᠨ᠎ᠤ ᠡᠩᠨᠡᠭᠡ᠎ᠠᠴᠠ ᠤᠬᠤᠷᠢᠨ ᠭᠠᠷᠬᠤ᠎ᠶ᠋ᠢ ᠳᠠᠭᠠᠯᠳᠤᠨ᠂ ᠥᠪᠡᠷᠲᠡᠭᠡᠨ ᠵᠠᠰᠠᠬᠤ ᠣᠷᠣᠨ᠎ᠤ 31 ᠤᠯᠤᠰ᠎ᠤᠨ ᠳᠡᠰ᠎ᠤᠨ ᠶᠠᠳᠠᠭᠤ ᠬᠦᠴᠢᠷᠳᠡᠯᠲᠡᠶ ᠬᠤᠱᠢᠭᠤ ᠱᠢᠶᠠᠨ ᠪᠦᠬᠦᠨ᠎ᠢᠶᠠᠷ᠎ᠢᠶᠠᠨ ᠶᠠᠳᠠᠭᠤ᠎ᠠᠴᠠ ᠠᠩᠭᠢᠵᠢᠷᠠᠵᠤ᠂ ᠨᠡᠢᠲᠡ 57 ᠶᠠᠳᠠᠭᠤ ᠬᠦᠴᠢᠷᠳᠡᠯᠲᠡᠶ ᠬᠤᠱᠢᠭᠤ ᠱᠢᠶᠠᠨ᠎ᠤ 3694 ᠶᠠᠳᠠᠭᠤ ᠬᠦᠴᠢᠷᠳᠡᠯᠲᠡᠶ ᠭᠠᠴᠠᠭ᠎ᠠ ᠲᠣᠰᠭᠤᠨ ᠶᠠᠳᠠᠭᠤ᠎ᠠᠴᠠ ᠠᠩᠬᠢᠵᠢᠷᠠᠵᠠᠢ᠃
      ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠪᠠᠷᠢᠮᠵᠢᠶ᠎ᠠ᠎ᠳᠠᠬᠢ ᠮᠠᠯᠵᠢᠬᠤ ᠲᠠᠷᠢᠶᠠᠯᠠᠬᠤ ᠣᠷᠣᠨ᠎ᠤ ᠶᠠᠳᠠᠭᠤ ᠬᠦᠴᠢᠷᠳᠡᠯᠲᠡᠶ ᠬᠥᠮᠦᠨ ᠠᠮᠠ 2013 ᠣᠨ᠎ᠤ ᠡᠴᠦᠰ᠎ᠲᠤ 157 ᠲᠦᠮᠡ ᠪᠠᠢᠭ᠍ᠰᠠᠨ᠎ᠠᠴᠠ᠎ᠪᠠᠨ 2019 ᠣᠨ᠎ᠤ ᠡᠴᠦᠰ᠎ᠲᠤ 1.6 ᠲᠦᠮᠡ ᠪᠣᠯᠵᠣ᠂ ᠨᠡᠢᠲᠡ 155.4 ᠲᠦᠮᠡᠨ ᠬᠥᠮᠦᠨ ᠶᠠᠳᠠᠭᠤ᠎ᠠᠴᠠ ᠠᠩᠭᠢᠵᠢᠷᠠᠵᠤ᠂ ᠶᠠᠳᠠᠭᠤᠷᠠᠯ᠎ᠤᠨ ᠨᠣᠷᠮ᠎ᠠ 11.7% ᠪᠠᠢᠭ᠍ᠰᠠᠨ᠎ᠠᠴᠠ᠎ᠪᠠᠨ 0.11% ᠪᠣᠯᠵᠣ ᠪᠠᠭᠤᠷᠠᠵᠠᠢ᠃
      ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠲᠦᠭᠡᠨ ᠪᠠᠢᠭᠤᠯᠬᠤ᠎ᠳᠤ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ ᠪᠤᠯ ᠳᠤᠲᠠᠭ᠍ᠳᠠᠵᠤ ᠪᠣᠯᠤᠰᠢ ᠦᠭᠡᠢ ᠶᠤᠮ᠃
      ᠶᠡᠷᠦᠩᠬᠡᠶ ᠱᠦᠵᠢ ᠰᠢ᠎ᠶ᠋ᠢᠨ ᠫᠢᠩ ᠪᠥᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠬᠥᠬᠢᠭᠦᠯᠦᠨ ᠰᠠᠢᠱᠢᠶᠠᠬᠤ ᠶᠡᠭᠡ ᠬᠤᠷᠠᠯ ᠳᠡᠭᠡᠷ᠎ᠡ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ᠎ᠶ᠋ᠢ ᠪᠥᠬᠦ᠌ ᠲᠠᠯ᠎ᠠ᠎ᠪᠠᠷ ᠭᠦᠨᠵᠡᠭᠡᠶ ᠥᠷᠨᠢᠭᠦᠯᠤᠨ᠂ ᠱᠢᠨ᠎ᠡ ᠠᠷᠭ᠎ᠠ ᠮᠠᠶᠢᠭ᠎ᠢ ᠡᠭᠦᠳᠴᠦ᠍᠂ ᠪᠠᠢᠭᠤᠯᠭ᠎ᠠ᠂ ᠠᠵᠤ ᠠᠬᠤᠢᠯᠠᠯ᠂ ᠨᠡᠢᠭᠡᠮ ᠲᠣᠭᠤᠷᠢᠭ᠂ ᠱᠢᠶᠠᠩ ᠪᠠᠯᠭᠠᠰᠤ᠂ ᠰᠤᠷᠭᠠᠭᠤᠯᠢ᠂ ᠰᠤᠮᠤᠨ ᠠᠩᠭᠢ᠂ ᠱᠠᠱᠢᠨ ᠰᠤᠷᠲᠠᠬᠤᠨ᠎ᠤ ᠠᠵᠢᠯᠯᠠᠭᠠᠨ᠎ᠤ ᠲᠠᠯᠠᠪᠤᠷ᠎ᠲᠤ ᠬᠦᠨᠵᠡᠬᠡᠢᠷᠡᠬᠦ᠌᠎ᠶ᠋ᠢ ᠠᠬᠢᠭᠤᠯᠬᠤ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃
      ᠨᠡᠢᠭᠡᠮ ᠲᠣᠭᠤᠷᠢᠭ ᠪᠣᠯ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠮᠲᠤ᠎ᠶ᠋ᠢᠨ ᠭᠡᠷ ᠪᠦᠯᠢ ᠮᠥᠨ᠃ ᠶᠡᠷᠦᠩᠬᠡᠶ ᠱᠦᠵᠢ ᠰᠢ᠎ᠶ᠋ᠢᠨ ᠫᠢᠩ᠎ᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠪᠥᠬᠦ᠌ ᠣᠷᠣᠨ᠎ᠤ ᠡᠯ᠎ᠡ ᠭᠠᠵᠠᠷ᠎ᠤᠨ᠎ᠬᠢᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠨᠡᠢᠭᠡᠮ ᠲᠣᠭᠤᠷᠢᠭ᠎ᠲᠤ ᠣᠷᠣᠭᠤᠯᠤᠨ᠂ 《ᠳᠤᠮᠳᠠᠳᠤ᠎ᠶ᠋ᠢᠨ ᠦᠨᠳᠦᠰᠦᠲᠡᠨ ᠨᠢᠭᠡ ᠬᠡᠷ ᠪᠦ᠍ᠯᠢ ᠮᠡᠳᠦ ᠳᠣᠲᠣᠨᠣ ᠪᠠᠢᠵᠤ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠎ᠶ᠋ᠢ ᠬᠠᠮᠲᠤ᠎ᠪᠠᠷ ᠲᠡᠷᠭᠡᠯᠱᠢᠭᠦᠯᠬᠦ᠌》 ᠦᠵᠡᠯ ᠰᠠᠨᠠᠭ᠎ᠠ᠎ᠶ᠋ᠢ ᠨᠡᠢᠭᠡᠮ ᠲᠣᠭᠤᠷᠢᠭ᠎ᠲᠤ ᠦᠨᠳᠦᠰᠦᠯᠡᠬᠦᠯᠦᠨ᠂ ᠨᠡᠢᠭᠡᠮ ᠲᠣᠭᠤᠷᠢᠭ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠰᠠᠭᠤᠷᠢ᠎ᠶ᠋ᠢ ᠤᠯᠠᠮ ᠨᠢᠭᠡ ᠠᠯᠬᠤᠮ ᠪᠠᠬᠢᠵᠢᠭᠦᠯᠪᠡ᠃
      ᠬᠥᠯᠥᠨ ᠪᠤᠢᠷ ᠬᠤᠲᠠ᠎ᠶ᠋ᠢᠨ ᠬᠠᠭᠤᠴᠢᠨ ᠪᠠᠷᠭᠤ ᠬᠤᠱᠢᠭᠤᠨ᠎ᠤ ᠪᠠᠶᠠᠨ ᠨᠡᠢᠭᠡᠮ ᠲᠣᠭᠤᠷᠢᠭ᠎ᠨᠢ ᠦᠨᠳᠦᠰᠦᠲᠡᠨ᠎ᠤ ᠪᠦᠯᠬᠦᠮᠳᠡᠯ᠎ᠤᠨ ᠬᠡᠷ ᠪᠦᠯᠢ᠂ ᠨᠡᠢᠭᠡᠮ ᠲᠣᠭᠤᠷᠢᠭ᠎ᠤᠨ ᠦᠨᠳᠦᠰᠦᠲᠡᠨ᠎ᠤ ᠪᠦᠯᠬᠦᠮᠳᠡᠯ᠎ᠤᠨ ᠣᠳᠣᠳ᠎ᠢ ᠱᠢᠯᠭᠠᠷᠠᠭᠤᠯᠬᠤ ᠵᠡᠷᠭᠡ ᠠᠵᠢᠯᠯᠠᠭ᠎ᠠ᠎ᠶ᠋ᠢ ᠥᠷᠨᠢᠭᠦᠯᠵᠦ᠍᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠨᠢᠭ᠍ᠲᠠᠷᠠᠯ᠎ᠤᠨ ᠬᠦᠴᠦᠨ᠎ᠢ ᠴᠢᠩᠭᠠᠷᠠᠭᠤᠯᠪᠠ᠃
      ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ᠎ᠢ ᠬᠡᠤᠬᠡᠳ ᠪᠠᠭᠠᠴᠤᠳ᠎ᠠᠴᠠ ᠡᠬᠢᠯᠡᠨ ᠠᠳᠭᠤᠵᠤ᠂ ᠰᠤᠷᠭᠠᠭᠤᠯᠢ᠎ᠶ᠋ᠢᠨ ᠬᠦᠷᠢᠶᠡᠨ᠎ᠤ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠴᠢᠩᠭᠠᠳᠭᠠᠬᠤ᠎ᠶ᠋ᠢᠨ ᠲᠤᠰᠠᠳᠠ᠂ ᠣᠷᠳᠣᠰ ᠬᠤᠲᠠ ᠵᠢᠯ ᠪᠦᠷᠢ 200 ᠲᠦᠮᠡᠨ ᠲᠥᠭᠦᠷᠢᠭ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠤᠨ ᠵᠠᠷᠤᠳᠠᠯ ᠲᠤᠬᠢᠷᠠᠭᠤᠯᠵᠦ᠍ ᠪᠠᠢᠨ᠎ᠠ᠃ ᠲᠤᠰ ᠬᠤᠳᠠ ᠪᠠᠰᠠ ᠨᠡᠢᠭᠡᠮ ᠵᠢᠷᠤᠮ᠎ᠤᠨ ᠭᠤᠣᠯᠯᠠᠭ᠍ᠴᠢ ᠦᠷᠳᠡᠭ᠎ᠤᠨ ᠦᠵᠡᠯᠲᠡ᠎ᠶ᠋ᠢ ᠦᠢᠯᠡᠳᠦᠯᠭᠡᠵᠢᠭᠦᠯᠬᠦ᠌᠎ᠶ᠋ᠢ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠳᠤ ᠠᠭᠤᠰᠤᠯᠴᠠᠭᠤᠯᠵᠤ᠂ ᠪᠠᠭ᠎ᠠ ᠰᠤᠷᠭᠠᠭᠤᠯᠢ᠎ᠠᠴᠠ ᠶᠡᠭᠡ ᠰᠤᠷᠭᠠᠭᠤᠯᠢ ᠬᠦᠷᠲᠡᠯᠡᠬᠢ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠤᠬᠠᠭᠤᠯᠭ᠎ᠠ ᠬᠥᠮᠦᠵᠢᠯ᠎ᠤᠨ ᠱᠢᠰᠲ᠋ᠧᠮ᠎ᠢ ᠪᠠᠢᠭᠤᠯᠪᠠ᠃
      ᠪᠦᠬᠦ᠌ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢᠨ ᠵᠢᠱ᠌ᠢᠶ᠎ᠡ ᠦᠵᠡᠭᠦᠯᠬᠦ᠌ ᠨᠢᠭᠡᠴᠢ ᠪᠣᠯᠤᠭ᠍ᠰᠠᠨ᠎ᠤ ᠬᠤᠪᠢ᠎ᠳᠤ᠂ ᠠᠯᠠᠱᠠ ᠵᠡᠭᠦᠨ ᠬᠤᠱᠢᠭᠤᠨ᠎ᠤ ᠮᠣᠩᠭᠤᠯ ᠦᠨᠳᠦᠰᠦᠲᠡᠨ᠎ᠤ ᠰᠤᠷᠭᠠᠭᠤᠯᠢ᠎ᠨᠢ ᠠᠳᠠᠯᠢ ᠪᠤᠰᠤ ᠣᠨ᠎ᠤ ᠰᠤᠷᠤᠭ᠍ᠴᠢᠳ᠎ᠲᠤ ᠴᠢᠭ᠌ᠯᠡᠭᠦᠯᠦᠨ ᠦᠨᠳᠦᠰᠦᠲᠡᠨ᠎ᠤ ᠰᠤᠶᠤᠯ᠎ᠤᠨ ᠬᠥᠮᠦᠵᠢᠯ᠂ ᠶᠡᠷᠦ᠎ᠶ᠋ᠢᠨ ᠮᠡᠳᠡᠯᠭᠡ᠎ᠶ᠋ᠢᠨ ᠬᠥᠮᠦᠵᠢᠯ ᠪᠠ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ᠎ᠢ ᠥᠷᠨᠢᠭᠦᠯᠵᠦ᠍᠂ ᠠᠩᠭᠢ᠎ᠶ᠋ᠢᠨ ᠬᠤᠷᠠᠯ᠂ ᠪᠠᠭᠠᠴᠤᠳ᠎ᠤᠨ ᠬᠤᠱᠢᠭᠤᠴᠢ ᠠᠩᠬᠢ᠎ᠶ᠋ᠢᠨ ᠪᠦᠯᠬᠦᠮ ᠨᠡᠢᠲᠡ᠎ᠶ᠋ᠢᠨ ᠠᠵᠢᠯᠯᠠᠭ᠎ᠠ᠂ ᠨᠡᠢᠭᠡᠮ᠎ᠤᠨ ᠦᠢᠯᠡᠳᠦᠯᠭᠡ ᠵᠡᠷᠭᠡ ᠠᠷᠭ᠎ᠠ ᠮᠠᠶᠢᠭ᠎ᠢᠶᠠᠷ ᠪᠦᠯᠬᠦᠮᠳᠡᠯ ᠪᠠ ᠲᠠᠪᠱᠢᠯᠳᠠ᠎ᠶ᠋ᠢᠨ ᠠᠭᠤᠷ ᠠᠮᠢᠰᠭᠤᠯ᠎ᠢ ᠪᠤᠢ ᠪᠣᠯᠭᠠᠵᠤ᠂ ᠡᠯ᠎ᠡ ᠦᠨᠳᠦᠰᠦᠲᠡᠨ᠎ᠤ ᠰᠤᠷᠤᠭ᠍ᠴᠢᠳ᠎ᠤᠨ ᠬᠠᠷᠢᠯᠴᠠᠨ ᠣᠢᠯᠠᠭᠠᠬᠤ᠂ ᠬᠦᠨᠳᠦᠳᠭᠡᠬᠦ᠂ ᠪᠠᠭ᠍ᠲᠠᠭᠠᠬᠤ᠂ ᠰᠤᠷᠤᠯᠴᠠᠬᠤ ᠪᠠ ᠰᠣᠨᠢᠷᠬᠠᠬᠤ᠎ᠶ᠋ᠢ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ᠎ᠤᠨ ᠦᠷ᠎ᠡ᠎ᠶ᠋ᠢ ᠰᠤᠷᠭᠠᠭᠤᠯᠢ᠎ᠶ᠋ᠢᠨ ᠬᠦᠷᠢᠶᠡᠨ᠎ᠳᠤ ᠰᠣᠶᠣᠭᠠᠯᠠᠭᠤᠯᠵᠠᠢ᠃
      《ᠣᠳᠣᠬᠠᠨ ᠪᠣᠯᠲᠠᠯ᠎ᠠ᠂ ᠪᠥᠬᠦ᠌ ᠣᠷᠣᠨ᠎ᠤ 43 ᠨᠢᠭᠡᠴᠡ᠎ᠶ᠋ᠢ ᠪᠥᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠵᠢᠱ᠌ᠢᠶ᠎ᠡ ᠦᠵᠡᠭᠦᠯᠬᠦ᠌ ᠨᠢᠭᠡᠴᠢ᠎ᠪᠠᠷ ᠨᠡᠷᠡᠢᠳᠴᠦ᠍᠂ 278 ᠨᠢᠭᠡᠴᠢ᠎ᠶ᠋ᠢ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠵᠢᠱ᠌ᠢᠶ᠎ᠡ ᠦᠵᠡᠭᠦᠯᠬᠦ᠌ ᠨᠢᠭᠡᠴᠢ᠎ᠪᠠᠷ ᠨᠡᠷᠡᠢᠳᠪᠡ᠃ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠰᠠᠢᠲᠤᠷ ᠥᠷᠨᠢᠭᠦᠯᠬᠦ᠌᠎ᠶ᠋ᠢᠨ ᠬᠠᠮᠲᠤ᠌᠂ ᠥᠪᠡᠷᠲᠡᠭᠡᠨ ᠵᠠᠰᠠᠬᠤ ᠣᠷᠣᠨ᠎ᠠᠴᠠ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠤᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ᠎ᠢ ᠤᠯᠠᠮ ᠨᠢᠭᠡ ᠠᠯᠬᠤᠮ ᠴᠢᠩᠭᠠᠳᠭᠠᠵᠤ᠂ ᠦᠨᠳᠦᠰᠦᠲᠡᠨ᠎ᠤ ᠪᠦᠯᠬᠦᠮᠳᠡᠯ᠎ᠢ ᠣᠶᠤᠨ ᠲᠠᠷᠢᠬᠢᠨ᠎ᠳᠤ ᠬᠠᠳᠠᠩᠱᠢᠭᠤᠯᠤᠨ᠂ ᠡᠭᠦᠳᠦᠨ ᠪᠠᠢᠭᠤᠯᠬᠤ ᠠᠵᠢᠯ᠎ᠤᠨ ᠬᠠᠮᠤᠷᠬᠤ ᠬᠡᠪᠴᠢᠶ᠎ᠡ ᠪᠠ ᠨᠥᠯᠥᠭᠡᠯᠡᠬᠦ᠌ ᠬᠦᠴᠦᠨ᠎ᠢ ᠲᠠᠰᠤᠷᠠᠯᠲᠠ ᠥᠬᠡᠶ ᠥᠷᠭᠡᠳᠭᠡᠵᠦ᠍᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠦᠶᠯᠡᠰ᠎ᠤᠨ ᠲᠠᠰᠤᠷᠠᠯᠲᠠ ᠥᠬᠡᠶ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠠᠬᠢᠭᠤᠯᠤᠨ᠎ᠠ》 ᠭᠡᠵᠦ᠍ ᠴᠢ᠎ᠶ᠋ᠢᠨ ᠢᠦᠶ ᠬᠡᠯᠡᠪᠡ᠃

      ᠤᠭ ᠰᠠᠨᠠᠭ᠎ᠠ᠎ᠪᠠᠨ ᠦᠯᠦ᠍ ᠮᠠᠷᠲᠠᠵᠤ ᠭᠡᠷᠡᠯ ᠰᠠᠴᠤᠷᠠᠩᠭᠤᠶ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠨ᠎ᠡ

      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠣᠯ ᠳᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭᠠᠯ ᠡᠳ᠋ᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠶᠠᠪᠤᠳᠠᠯ ᠪᠣᠯᠤᠨ᠎ᠠ᠃
      ᠶᠡᠷᠦᠩᠬᠡᠶ ᠱᠦᠵᠢ ᠰᠢ᠎ᠶ᠋ᠢᠨ ᠫᠢᠩ 2019 ᠣᠨ᠎ᠳᠤ ᠥᠪᠥᠷ ᠮᠣᠩᠭᠤᠯ᠎ᠳᠤ ᠱᠢᠨᠵᠢᠯᠡᠨ ᠪᠠᠢᠴᠠᠭᠠᠬᠤ᠎ᠳᠠᠭᠠᠨ᠂ ᠣᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠬ᠍ᠳᠠᠬᠤᠨ᠎ᠢ ᠨᠠᠢᠳᠠᠪᠤᠷᠢᠵᠢᠭᠤᠯᠵᠤ᠂ ᠨᠡᠮᠡᠭ᠌ᠳᠡᠯ᠎ᠢ ᠲᠣᠭ᠍ᠲᠠᠪᠤᠷᠢᠵᠢᠭᠤᠯᠬᠤ᠂ ᠥᠭᠡᠷᠡᠴᠢᠯᠡᠯᠲᠡ᠎ᠶ᠋ᠢ ᠠᠬᠢᠭᠤᠯᠬᠤ᠂ ᠪᠦᠲᠦᠴᠡ᠎ᠶ᠋ᠢ ᠲᠣᠬᠢᠷᠠᠭᠤᠯᠬᠤ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠂ ᠲᠣᠭ᠍ᠲᠠᠭᠤᠨ ᠪᠠᠢᠳᠠᠯ᠎ᠢ ᠪᠠᠲᠤᠯᠠᠬᠤ ᠡᠯ᠎ᠡ ᠵᠦᠶᠯ᠎ᠤᠨ ᠠᠵᠢᠯ᠎ᠢ ᠰᠠᠢᠲᠤᠷ ᠬᠢᠵᠦ᠍᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠤ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠵᠦ᠍᠂ ᠡᠬᠡ ᠤᠯᠤᠰ᠎ᠤᠨ ᠤᠮᠠᠷᠠᠳᠤ ᠬᠢᠯᠢ᠎ᠪᠠᠨ ᠨᠠᠩ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ ᠪᠣᠯᠭᠠᠨ ᠪᠥᠲᠥᠭᠡᠨ ᠪᠠᠢᠭᠤᠯᠬᠤ ᠬᠡᠷᠡᠭ᠌ᠲᠡᠶ ᠬᠡᠪᠡ᠃
      ᠬᠥᠭ᠌ᠵᠢᠯᠲᠡ ᠪᠣᠯ ᠠᠯᠢᠪᠠ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠦᠨᠳᠦᠰᠦᠨ ᠠᠷᠭ᠎ᠠ ᠵᠠᠮ ᠮᠥᠨ᠃ 73 ᠵᠢᠯ᠎ᠤᠨ ᠲᠤᠷᠰᠢ᠂ ᠦᠪᠡᠷᠳᠡᠭᠡᠨ ᠵᠠᠰᠠᠬᠤ ᠤᠷᠤᠨ᠎ᠤ ᠠᠵᠤ ᠠᠬᠤᠶ ᠨᠡᠢᠭᠡᠮ ᠲᠦᠷᠭᠡᠨ ᠬᠥᠭ᠌ᠵᠢᠵᠦ᠍᠂ ᠥᠪᠥᠷ ᠮᠣᠩᠭᠤᠯ ᠪᠣᠬᠢᠷᠲᠤᠯ ᠥᠬᠡᠶ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ ᠦᠢᠯᠡᠳᠪᠦᠷᠢᠯᠡᠵᠦ᠍ ᠡᠳ᠋ᠱᠢᠭᠦᠯᠦᠨ ᠭᠠᠳᠠᠭ᠍ᠰᠢ ᠭᠠᠷᠭᠠᠬᠤ ᠴᠢᠬᠤᠯᠠ ᠰᠠᠭᠤᠷᠢᠨ᠂ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠰᠠᠭᠤᠷᠢᠨ ᠪᠠ ᠳᠡᠭᠡᠳᠦ ᠲᠠᠰ᠎ᠤᠨ ᠲᠣᠨᠤᠭ ᠲᠥᠬᠦᠭᠡᠷᠦᠮᠵᠢ ᠦᠶᠯᠡᠳᠬᠦ᠌ ᠰᠠᠭᠤᠷᠢᠨ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠪᠣᠯᠵᠣ᠂ ᠭᠠᠳᠠᠭ᠍ᠰᠢ ᠭᠠᠷᠭᠠᠬᠤ ᠨᠡᠭᠦᠷᠡᠰᠦ ᠪᠠ ᠴᠠᠬᠢᠯᠭᠠᠨ ᠬᠦᠴᠦᠨ ᠪᠥᠬᠦ᠌ ᠤᠯᠤᠰ᠎ᠤᠨ ᠲᠡᠷᠢᠭᠦᠨ ᠪᠠᠢᠷᠢᠨ᠎ᠳᠤ ᠣᠷᠣᠵᠤ᠂ ᠰᠦ ᠮᠢᠬ᠎ᠠ ᠨᠣᠤᠯᠤᠭᠤᠤᠷ ᠠᠮᠤ ᠪᠤᠳᠠᠭ᠎ᠠ᠂ ᠨᠡᠭᠦᠷᠡᠰᠦ ᠴᠠᠬᠢᠯᠭᠠᠨ ᠱᠢᠲᠠᠮᠠᠬᠠᠶ ᠬᠡᠶ᠂ ᠬᠤᠪᠣᠷ ᠱᠢᠷᠣᠶ ᠪᠠᠯ ᠴᠢᠯᠠᠭᠤ ᠵᠡᠷᠬᠡ᠎ᠨᠢ ᠴᠥᠮ ᠤᠯᠤᠰ᠎ᠤᠨ ᠠᠵᠤ ᠠᠬᠤᠶ᠎ᠶ᠋ᠢᠨ ᠬᠡᠪᠴᠢᠶᠡᠨ᠎ᠳᠤ ᠴᠢᠬᠤᠯᠠ ᠪᠠᠢᠷᠢ ᠰᠠᠭᠤᠷᠢ᠎ᠶ᠋ᠢ ᠡᠵᠡᠯᠡᠵᠦ᠍ ᠪᠠᠢᠨ᠎ᠠ᠃
      ᠥᠪᠡᠷᠲᠡᠭᠡᠨ ᠵᠠᠰᠠᠬᠤ ᠣᠷᠣᠨ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠦᠲᠦᠭᠡᠨ ᠪᠠᠢᠭᠤᠯᠬᠤ ᠴᠢᠬᠤᠯᠠ ᠶᠡᠭᠡ ᠬᠠᠷᠢᠭᠤᠴᠠᠯᠭ᠎ᠠ᠎ᠶ᠋ᠢ ᠤᠬᠠᠮᠰᠠᠷ᠎ᠠᠴᠠ᠎ᠪᠠᠨ ᠡᠭᠦᠷᠭᠡᠯᠡᠵᠦ᠍᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠢᠳᠡᠪᠬᠢᠲᠡᠢ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠢ ᠠᠬᠤᠢ᠎ᠶ᠋ᠢᠨ ᠬᠠᠯᠬᠠᠪᠴᠢ᠎ᠶ᠋ᠢ ᠰᠠᠢᠲᠤᠷ ᠰᠠᠬᠢᠨ ᠬᠠᠮᠠᠭᠠᠯᠠᠪᠠ᠃ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ ᠪᠣᠯᠤᠨ ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠭᠦᠴᠠ 《ᠬᠤᠤᠰ ᠳᠡᠭᠡᠭ᠌ᠰᠢᠯᠡᠯᠲᠡ》 ᠎ᠶ᠋ᠢ ᠪᠡᠶᠡᠯᠡᠭᠦᠯᠵᠦ᠍᠂ ᠴᠦᠯᠯᠡᠷᠭᠡᠭ᠌ᠵᠢᠯ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ 《ᠬᠤᠤᠰ ᠲᠤᠷᠤᠭ᠍ᠰᠢᠯᠠᠯᠳᠠ》 ᠎ᠶ᠋ᠢ ᠪᠡᠶᠡᠯᠡᠭᠦᠯᠵᠠᠢ᠃
      ᠥᠪᠡᠷᠲᠡᠭᠡᠨ ᠵᠠᠰᠠᠬᠤ ᠣᠷᠣᠨ᠎ᠨᠢ ᠲᠤᠯᠤᠭᠠᠨ ᠬᠤᠪᠢ ᠣᠷᠴᠢᠮ᠎ᠤᠨ ᠡᠳ᠋᠎ᠤᠨ ᠬᠦᠴᠦᠨ᠎ᠢ ᠠᠷᠠᠳ᠎ᠤᠨ ᠠᠮᠢᠳᠤᠷᠠᠯ᠎ᠤᠨ ᠪᠦᠳᠦᠭᠡᠨ ᠪᠠᠢᠭᠤᠯᠤᠯᠲᠠ᠎ᠳᠤ ᠬᠡᠷᠡᠭ᠌ᠯᠡᠵᠦ᠍᠂ ᠬᠤᠲᠠ ᠬᠥᠳᠡᠭᠡ᠎ᠶ᠋ᠢ ᠬᠠᠮᠤᠷᠤᠭ᠍ᠰᠠᠨ ᠣᠯᠠᠨ ᠨᠡᠢᠲᠡ᠎ᠶ᠋ᠢᠨ ᠦᠨᠳᠦᠰᠦᠨ ᠦᠶᠯᠡᠴᠢᠯᠡᠭᠡᠨ᠎ᠤ ᠱᠢᠰᠲ᠋ᠧᠮ᠎ᠢ ᠪᠠᠢᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ᠂ ᠪᠡᠶ᠎ᠡ᠎ᠶ᠋ᠢᠨ ᠲᠠᠮᠢᠷ᠂ ᠨᠡᠢᠭᠡᠮ᠎ᠤᠨ ᠪᠠᠲᠤᠯᠠᠭ᠎ᠠ ᠵᠡᠷᠭᠡ ᠦᠶᠯᠡᠰ ᠲᠦᠷᠭᠡᠨ ᠬᠥᠭ᠌ᠵᠢᠵᠦ᠍᠂ ᠠᠮᠤᠷ ᠠᠮᠤᠭᠤᠯᠠᠩ ᠥᠪᠥᠷ ᠮᠣᠩᠭᠤᠯ᠂ ᠬᠠᠦᠯᠢᠵᠢᠯ᠎ᠤᠨ ᠥᠪᠥᠷ ᠮᠣᠩᠭᠤᠯ᠎ᠤᠨ ᠪᠥᠲᠥᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠪᠠ᠃ ᠠᠷᠠᠳ ᠲᠦᠮᠡᠨ ᠠᠮᠤᠷ ᠲᠠᠢᠪᠤᠡᠭ᠂ ᠨᠡᠢᠭᠡᠮ ᠡᠶ᠎ᠡ ᠨᠠᠢᠷᠠᠮᠳᠠᠭᠤ ᠪᠠᠢᠵᠦ᠍᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠪᠣᠳᠠᠰ᠎ᠤᠨ ᠪᠤᠯᠤᠨ ᠤᠶᠤᠨ ᠰᠠᠨᠠᠭᠠᠨ᠎ᠤ ᠠᠮᠢᠳᠤᠷᠠᠯ ᠨᠡᠩ ᠬᠥᠭ᠌ᠵᠢᠨ ᠪᠠᠳᠠᠷᠠᠭ᠍ᠰᠠᠨ ᠪᠠᠢᠨ᠎ᠠ᠃
      ᠲᠤᠮᠳᠠᠳᠦ᠎ᠶ᠋ᠢᠨ ᠦᠨᠳᠦᠰᠦᠳᠡᠨ᠎ᠤ ᠶᠡᠭᠡ ᠪᠦᠯᠬᠦᠮᠳᠡᠯ᠎ᠢ ᠴᠢᠩᠭᠠᠳᠭᠠᠬᠤ᠎ᠳᠤ ᠠᠯᠤᠰ ᠬᠡᠳᠦ᠎ᠶ᠋ᠢᠨ ᠪᠦᠬᠡᠳ ᠦᠨᠳᠦᠰᠦᠨ ᠵᠦᠢᠯ ᠪᠤᠯ ᠰᠤᠶᠤᠯ᠎ᠤᠨ ᠲᠡᠨᠢᠨ ᠮᠡᠳᠡᠷᠡᠬᠦᠢ᠎ᠶ᠋ᠢ ᠨᠡᠮᠡᠭ᠌ᠳᠡᠬᠦᠯᠵᠦ᠍᠂ ᠦᠨᠳᠦᠰᠦᠳᠡᠨ᠎ᠨᠦᠭᠦᠳ᠎ᠤᠨ ᠬᠠᠮᠳᠦ᠎ᠶ᠋ᠢᠨ ᠤᠶᠤᠨ ᠰᠠᠨᠠᠭᠠᠨ᠎ᠤ ᠬᠡᠷ ᠤᠷᠤᠨ᠎ᠢ ᠪᠠᠢᠭᠤᠯᠵᠦ᠍᠂ ᠲᠤᠮᠳᠠᠳᠦ᠎ᠶ᠋ᠢᠨ ᠦᠨᠳᠦᠰᠦᠳᠡᠨ᠎ᠤ ᠬᠠᠮᠳᠦ᠎ᠶ᠋ᠢᠨ ᠴᠤᠭ᠍ᠴᠠ᠎ᠶ᠋ᠢᠨ ᠤᠬ᠍ᠮᠠᠰᠡᠷ᠎ᠢ ᠪᠤᠢ ᠪᠤᠯᠭᠠᠬᠤ ᠪᠤᠯᠤᠨ᠎ᠠ᠃
      ᠬᠤᠷᠴᠢᠨ ᠪᠠᠷᠠᠭᠤᠨ ᠭᠠᠷᠤᠨ ᠲᠤᠮᠳᠠᠳᠦ ᠬᠤᠱᠢᠭᠤ᠎ᠶ᠋ᠢᠨ ᠬᠠᠳᠭᠤᠮᠠᠯ᠎ᠢ ᠪᠠᠰᠠ ᠲᠦᠱᠢᠶᠡᠳᠦ ᠬᠠᠳᠭᠤᠮᠠᠯ ᠬᠡᠳᠡᠭ᠃ 《ᠸᠠᠩ᠎ᠤᠨ ᠤᠷᠳᠤᠨ᠎ᠳᠤ ᠡᠬᠦᠰᠴᠦ᠍᠂ ᠠᠷᠠᠳ᠎ᠤᠨ ᠲᠤᠮᠳᠡ ᠪᠠᠶᠠᠯᠢᠬ᠍ᠵᠢᠨ ᠬᠦᠭ᠌ᠵᠢᠨ᠂ ᠬᠦᠳᠡᠭᠡ ᠲᠤᠰᠭᠤᠨ᠎ᠳᠤ ᠤᠯᠠᠮᠵᠢᠯᠠᠬ᠍ᠳᠠᠨ ᠬᠠᠳᠠᠭᠠᠯᠠᠬ᠍ᠳᠠᠬᠤ》 ᠪᠤᠯ ᠲᠤᠬᠠᠢ᠎ᠶ᠋ᠢᠨ ᠭᠠᠵᠠᠷ᠎ᠤᠨ ᠲᠠᠯ᠎ᠠ ᠨᠤᠳᠤᠬ᠎ᠤᠨ ᠰᠤᠶᠤᠯ᠎ᠤᠨ ᠤᠨᠴᠠᠯᠢᠭ ᠪᠤᠯᠤᠨ᠎ᠠ᠃ ᠤᠢ᠍ᠢᠷ᠎ᠠ᠎ᠶ᠋ᠢᠨ ᠵᠢᠯ᠎ᠤᠳ᠎ᠠᠴᠠ᠂ ᠡᠯ᠎ᠠ ᠭᠠᠵᠠᠷ᠎ᠤᠨ᠎ᠬᠢᠨ᠎ᠤ ᠪᠤᠳᠠᠰ᠎ᠤᠨ ᠪᠤᠰᠦ ᠰᠤᠶᠤᠯ᠎ᠤᠨ ᠦᠪ᠎ᠢ ᠤᠯᠠᠮᠵᠢᠯᠠᠨ ᠬᠠᠮᠠᠭᠠᠯᠠᠬᠤ ᠬᠦᠴᠦᠯᠡᠴᠡ ᠵᠢᠴᠢ ᠡᠯ᠎ᠠ ᠭᠠᠵᠠᠷ᠎ᠤᠨ ᠶᠠᠳᠠᠭᠤ᠎ᠶ᠋ᠢ ᠲᠡᠳᠬᠦᠬᠦ᠌ ᠲᠦᠷᠦ᠎ᠶ᠋ᠢᠨ ᠪᠤᠳᠤᠯᠭ᠎ᠠ᠎ᠶ᠋ᠢᠨ ᠰᠠᠢᠨ᠎ᠢᠶᠠᠷ᠂ ᠲᠦᠱᠢᠶᠡᠳᠦ ᠸᠠᠩ᠎ᠤᠨ ᠤᠷᠳᠤᠨ᠎ᠤ ᠬᠠᠳᠭᠤᠮᠠᠯ ᠬᠦᠮᠦᠰ᠎ᠤᠨ ᠬᠠᠷᠠᠭᠠᠨ᠎ᠳᠤ ᠬᠦᠷᠴᠦ᠍᠂ ᠠᠵᠦ᠍ ᠦᠢᠯᠡᠰᠵᠢᠯᠳᠡ᠎ᠶ᠋ᠢᠨ ᠬᠦᠭ᠌ᠵᠢᠯᠳᠡ᠎ᠶ᠋ᠢᠨ ᠵᠠᠮ᠎ᠢ ᠡᠯᠬᠦᠭ᠌ᠰᠡᠨ ᠪᠠᠢᠨ᠎ᠠ᠃ 2009 ᠤᠨ᠎ᠳᠤ᠂ ᠲᠦᠱᠢᠶᠡᠳᠦ ᠸᠠᠩ᠎ᠤᠨ ᠤᠷᠳᠤᠨ᠎ᠤ ᠬᠠᠳᠭᠤᠮᠠᠯ ᠦᠪᠡᠷᠳᠡᠭᠡᠨ ᠵᠠᠰᠠᠬᠤ ᠤᠷᠤᠨ᠎ᠤ ᠲᠡᠰ᠎ᠤᠨ ᠪᠤᠳᠠᠰ᠎ᠤᠨ ᠪᠤᠰᠦ ᠰᠤᠶᠤᠯ᠎ᠤᠨ ᠦᠪ᠎ᠲᠤ ᠪᠦᠷᠢᠳᠭᠡᠭ᠌ᠳᠡᠡ᠂ ᠨᠡᠩ ᠰᠠᠢᠨ ᠬᠦᠭ᠌ᠵᠢᠯ᠎ᠢᠶᠠᠨ ᠤᠯᠤᠬ᠍ᠰᠠᠨ ᠪᠠᠢᠨ᠎ᠠ᠃
      ᠶᠡᠷᠦᠩᠬᠡᠶ ᠱᠦᠵᠢ ᠰᠢ᠎ᠶ᠋ᠢᠨ ᠫᠢᠩ᠎ᠤᠨ ᠮᠣᠩᠭᠤᠯ ᠡᠷᠲᠡᠨ᠎ᠤ ᠨᠣᠮ ᠪᠢᠴᠢᠭ᠎ᠢ ᠬᠤᠷᠢᠶᠠᠨ ᠴᠤᠭ᠍ᠯᠠᠭᠤᠯᠬᠤ ᠡᠮᠬᠢᠳᠭᠡᠨ ᠲᠢᠭ᠌ᠯᠡᠬᠦ᠌ ᠬᠠᠮᠠᠭᠠᠯᠠᠬᠤ᠎ᠶ᠋ᠢ ᠴᠢᠩᠭᠠᠳᠭᠠᠬᠤ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 2019 ᠣᠨ᠎ᠳᠤ᠂ ᠥᠪᠡᠷᠲᠡᠭᠡᠨ ᠵᠠᠰᠠᠬᠤ ᠣᠷᠣᠨ 《ᠬᠢᠲᠠᠳ ᠮᠣᠩᠭᠤᠯ ᠬᠠᠤᠯᠢ ᠴᠠᠭᠠᠵᠠ᠎ᠶ᠋ᠢᠨ ᠬᠡᠷᠡᠭ᠌ᠯᠡᠭᠡᠨ᠎ᠤ ᠶᠡᠭᠡ ᠲᠣᠯᠢ》 ᠎ᠶ᠋ᠢ ᠨᠠᠢᠷᠠᠭᠤᠯᠤᠨ ᠵᠣᠬᠢᠶᠠᠪᠠ᠃ ᠳᠠᠭᠤᠷ ᠬᠡᠯᠡ᠂ ᠣᠷᠴᠣᠨ ᠬᠡᠯᠡ᠂ ᠡᠸᠡᠩᠬᠢ ᠬᠡᠯᠨ᠎ᠶ᠋ᠢᠨ ᠰᠣᠶᠣᠯ᠎ᠤᠨ ᠲᠣᠮᠣ ᠳ᠋ᠠᠢᠲ᠋ᠠ ᠪᠠ ᠲᠠᠪᠴᠠᠩ᠎ᠤᠨ ᠪᠠᠢᠭᠤᠯᠤᠯᠲᠠ ᠤᠷᠤᠭ᠍ᠰᠢᠲᠠᠶ ᠶᠠᠪᠤᠭ᠍ᠳᠠᠵᠤ᠂ ᠣᠷᠴᠣᠨ ᠬᠡᠯᠡᠨ᠎ᠤ ᠲᠣᠯᠢ ᠪᠢᠴᠢᠭ᠎ᠢ ᠨᠠᠢᠷᠠᠭᠤᠯᠵᠤ ᠳᠠᠭᠤᠰᠪᠠ᠃
      ᠰᠤᠶᠤᠯ᠎ᠤᠨ ᠲᠡᠨᠢᠨ ᠮᠡᠳᠡᠷᠡᠬᠦᠢ ᠪᠤᠯ ᠬᠠᠮᠤᠭ᠎ᠤᠨ ᠬᠦᠨ ᠲᠡᠪᠬᠤᠷᠭ᠎ᠠ᠎ᠶ᠋ᠢᠨ ᠲᠠᠨᠢᠨ ᠮᠡᠳᠡᠷᠡᠬᠦᠢ ᠮᠦᠨ᠂ ᠦᠨᠳᠦᠰᠦᠳᠡᠨ᠎ᠤ ᠪᠦᠯᠬᠦᠮᠳᠡᠯ᠎ᠤᠨ ᠤᠬ ᠦᠨᠳᠦᠰᠦ᠂ ᠦᠨᠳᠦᠰᠦᠳᠡᠨ᠎ᠤ ᠡᠶ᠎ᠡ ᠵᠤᠬᠢᠴᠠᠩᠭᠤᠢ ᠪᠠᠢᠬᠤ᠎ᠶ᠋ᠢᠨ ᠰᠦᠭ ᠰᠦᠨᠡᠰᠦ ᠮᠦᠨ᠃ 73 ᠵᠢᠯ᠎ᠤᠨ ᠲᠤᠷᠰᠢ᠂ ᠦᠪᠡᠷᠳᠡᠭᠡᠨ ᠵᠠᠰᠠᠬᠤ ᠤᠷᠤᠨ᠎ᠤ ᠰᠤᠶᠤᠯ ᠤᠷᠠᠯᠢᠬ ᠪᠡᠶ᠎ᠠ᠎ᠶ᠋ᠢᠨ ᠲᠡᠮᠢᠷ ᠡᠯ᠎ᠠ ᠵᠦᠢᠯ᠎ᠤᠨ ᠦᠢᠯᠡᠰ ᠪᠦᠬᠦ᠌ ᠲᠠᠯ᠎ᠠ᠎ᠪᠠᠷ ᠬᠦᠭ᠌ᠵᠢᠵᠦ᠍᠂ ᠦᠨᠳᠦᠰᠦᠳᠡᠨ᠎ᠨᠦᠭᠦᠳ᠎ᠤᠨ ᠤᠯᠠᠨ ᠲᠦᠮᠡᠨ ᠨᠡᠩ ᠤᠯᠠᠨ ᠨᠡᠩ ᠰᠠᠢᠨ ᠤᠯᠠᠨ ᠨᠡᠢᠳᠡ᠎ᠶ᠋ᠢᠨ ᠦᠢᠯᠡᠴᠢᠯᠡᠭᠡ᠎ᠶ᠋ᠢ ᠬᠦᠷᠳᠡᠬᠦ᠌ ᠪᠤᠯᠤᠯ᠎ᠠ᠃
      ᠲᠡᠤᠭᠡᠨ ᠳᠡᠭᠡᠷ᠎ᠡ᠂ ᠤᠮᠠᠷᠠᠳᠤ᠎ᠶ᠋ᠢᠨ ᠲᠠᠯ᠎ᠠ ᠨᠤᠳᠤᠬ᠎ᠲᠤ ᠤᠯᠠᠨ ᠦᠨᠳᠦᠰᠦᠳᠡᠨ᠎ᠤ ᠠᠭᠤᠰᠤᠯᠴᠠᠯ ᠬᠦᠭ᠌ᠵᠢᠯ᠎ᠢᠶᠠᠷ ᠲᠤᠮᠳᠠᠳᠤ᠎ᠶ᠋ᠢᠨ ᠰᠤᠶᠤᠯ᠎ᠤᠨ ᠬᠠᠭᠤᠳᠠᠰᠤᠨ᠎ᠳᠤ ᠲᠠᠯ᠎ᠠ ᠨᠤᠳᠤᠭ᠎ᠤᠨ ᠰᠤᠶᠤᠯ ᠬᠡᠮᠡᠭᠦ᠌ ᠨᠡᠷᠡᠳᠤ ᠲᠦᠷᠦᠯ ᠲᠡᠮᠳᠡᠭ ᠪᠤᠢ ᠪᠤᠯᠪᠠ᠃ ᠦᠨᠤᠳᠤᠷ᠂ ᠮᠦᠨ ᠡᠨᠡ ᠭᠦ᠌ ᠦᠷᠭᠡᠨ ᠠᠭᠤᠳᠠᠮ ᠨᠤᠳᠤᠭ ᠲᠡᠪᠢᠰᠭᠡᠷ ᠲᠡᠭᠡᠷ᠎ᠠ ᠦᠨᠳᠦᠰᠦᠳᠡᠨ᠎ᠨᠦᠭᠦᠳ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠳᠤ᠎ᠪᠠᠷ ᠡᠭᠡ ᠤᠯᠤᠰ᠎ᠤᠨ ᠤᠮᠠᠷᠠᠳᠤ ᠬᠢᠯᠢ᠎ᠪᠠᠨ ᠰᠠᠬᠢᠨ ᠬᠠᠮᠠᠭᠠᠯᠠᠵᠤ᠂ ᠬᠠᠮᠳᠤ᠎ᠪᠠᠷ ᠴᠡᠴᠡᠭ᠌ᠯᠡᠨ ᠬᠦᠭ᠌ᠵᠢᠵᠦ᠍᠂ ᠬᠠᠮᠳᠤ᠎ᠪᠠᠷ ᠰᠠᠢᠨ ᠰᠠᠢᠬᠠᠨ ᠬᠡᠷ ᠤᠷᠤᠨ᠎ᠢᠶᠠᠨ ᠴᠤᠭ᠍ᠴᠠᠯᠠᠨ ᠪᠠᠢᠭᠤᠯᠬᠤ ᠲᠡᠤᠭᠡ᠎ᠶ᠋ᠢᠨ ᠱᠢᠨ᠎ᠠ ᠬᠠᠷᠠᠯᠳᠠ ᠳᠡᠢᠰᠢ ᠬᠤᠷᠳᠤ ᠨᠡᠮᠠᠨ ᠤᠷᠤᠬ᠍ᠰᠢᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号