ᠵᠠᠯᠠᠢᠳ ᠬᠤᠱᠢᠭᠤ ᠪᠦᠬᠦ᠌ ᠤᠯᠤᠰ᠎ᠤᠨ ᠬᠠᠭᠤᠷᠠᠢ ᠲᠠᠷᠢᠶᠠᠯᠠᠭ᠎ᠠ᠎ᠶ᠋ᠢᠨ ᠤᠰᠤᠨ ᠲᠤᠳᠤᠷᠭ᠎ᠠ ᠲᠠᠷᠢᠬᠤ ᠬᠠᠮᠤᠭ᠎ᠤᠨ ᠲᠤᠮᠤ ᠰᠠᠭᠤᠷᠢᠨ ᠪᠤᠯᠪᠠ
2020-05-20 11:39:25
ᠵᠣᠬᠢᠶᠠᠭ᠍ᠴᠢ᠄
ᠬᠡᠱᠢᠭ᠌ᠪᠦᠶᠠᠨ
ᠣᠩᠱᠢᠭ᠍ᠰᠠᠨ ᠣᠳᠠᠭ᠎ᠠ᠄
★★★☆☆

      ᠵᠠᠯᠠᠢᠳ ᠬᠤᠱᠢᠭᠤ 《ᠤᠰᠤᠨ ᠲᠤᠳᠤᠷᠭ᠎ᠠ᠎ᠶ᠋ᠢᠨ ᠬᠠᠭᠤᠷᠠᠢ ᠲᠠᠷᠢᠶᠠᠯᠠᠭ᠎ᠠ》 ᠎ᠶ᠋ᠢᠨ ᠱᠢᠨ᠎ᠠ ᠮᠡᠷᠬᠡᠵᠢᠯ᠎ᠢᠶᠠᠷ ᠲᠠᠮᠵᠢᠨ ᠦᠩᠬᠡᠷᠡᠭ᠌ᠰᠡᠨ᠎ᠤ ᠲᠠᠷᠢᠶᠠᠨ ᠭᠠᠵᠠᠷ᠎ᠢᠶᠠᠨ ᠤᠰᠤ ᠲᠤᠨᠤᠳᠠᠯ᠎ᠠ ᠪᠢᠯᠬᠠᠭᠤᠯᠤᠨ ᠤᠰᠤᠯᠠᠵᠤ ᠴᠢᠬᠢ ᠰᠠᠭᠤᠯᠭᠠᠨ ᠲᠠᠷᠢᠶᠠᠯᠠᠬᠤ ᠤᠯᠠᠮᠵᠢᠯᠠᠯᠳᠤ ᠠᠷᠭ᠎ᠠ ᠬᠡᠯᠪᠡᠷᠢ᠎ᠶ᠋ᠢ ᠲᠦᠢᠯᠪᠤᠷᠢᠳᠠᠢ ᠬᠤᠪᠢᠷᠠᠭᠤᠯᠵᠤ᠂ ᠤᠰᠤ ᠠᠷᠪᠢᠯᠠᠬᠤ᠂ ᠦᠢᠯᠡᠳᠪᠤᠷᠢᠯᠡᠯ᠎ᠤᠨ ᠦᠪᠡᠷ᠎ᠤᠨ ᠦᠷᠳᠡᠭ᠎ᠢ ᠪᠠᠭᠤᠷᠠᠭᠤᠯᠵᠤ ᠤᠷᠤᠯᠭ᠎ᠠ᠎ᠪᠠᠨ ᠨᠡᠮᠡᠭ᠌ᠳᠡᠬᠦᠯᠬᠦ᠌ ᠠᠮᠢ ᠠᠬᠤᠢ ᠪᠠ ᠠᠵᠤ ᠠᠬᠤᠢ᠎ᠶ᠋ᠢᠨ ᠬᠤᠤᠰ ᠦᠷ᠎ᠠ ᠠᠱᠢᠭ᠎ᠢ ᠡᠬᠦᠳᠦᠭ᠌ᠰᠡᠨ ᠪᠠᠢᠨ᠎ᠠ᠃ ᠤᠳᠤ ᠲᠤᠰ ᠬᠤᠱᠢᠭᠤᠨ᠎ᠤ ᠬᠠᠭᠤᠷᠠᠢ ᠲᠠᠷᠢᠶᠠᠯᠠᠭ᠎ᠠ᠎ᠶ᠋ᠢᠨ ᠤᠰᠤᠨ ᠲᠤᠳᠤᠷᠭ᠎ᠠ ᠲᠠᠷᠢᠵᠤ ᠪᠠᠢᠭ᠎ᠠ ᠲᠠᠯᠠᠪᠠᠢ 12 ᠲᠦᠮᠡᠨ ᠮᠦ᠍᠎ᠶ᠋ᠢ ᠪᠠᠳᠤᠯᠠᠨ ᠵᠢᠯ᠎ᠳᠤ ᠳ᠋ᠦᠩᠱᠢᠭᠤᠷ ᠭᠠᠷᠤᠢ ᠪᠤᠰᠤᠭ᠎ᠠ ᠲᠦᠷᠪᠡᠯᠵᠢᠨ ᠮᠧᠲᠷ ᠤᠰᠤ ᠠᠷᠪᠢᠯᠠᠵᠤ᠂ ᠪᠦᠬᠦ᠌ ᠤᠯᠤᠰ᠎ᠤᠨ ᠬᠠᠭᠤᠷᠠᠢ ᠲᠠᠷᠢᠶᠠᠯᠠᠭ᠎ᠠ᠎ᠶ᠋ᠢᠨ ᠤᠰᠤᠨ ᠲᠤᠳᠤᠷᠭ᠎ᠠ ᠲᠠᠷᠢᠬᠤ ᠬᠠᠮᠤᠭ᠎ᠤᠨ ᠲᠤᠮᠤ ᠰᠠᠭᠤᠷᠢᠨ ᠪᠤᠯᠪᠠ᠃
      ᠵᠠᠯᠠᠢᠳ ᠬᠤᠱᠢᠭᠤᠨ᠎ᠤ ᠬᠤᠯᠪᠤᠭ᠎ᠠ ᠪᠠᠯᠭᠠᠰᠤ᠎ᠶ᠋ᠢᠨ ᠡᠦ ᠳ᠋ᠤᠤ ᠡᠾᠧᠽᠢ ᠲᠤᠰᠭᠤᠨ᠎ᠤ ᠡᠨᠡ ᠵᠢᠯ᠎ᠤᠨ ᠬᠠᠭᠤᠷᠠᠢ ᠲᠠᠷᠢᠶᠠᠯᠠᠭ᠎ᠠ᠎ᠶ᠋ᠢᠨ ᠤᠰᠤᠨ ᠲᠤᠳᠤᠷᠭ᠎ᠠ ᠲᠠᠷᠢᠬᠤ ᠠᠵᠢᠯ ᠱᠢᠪᠳᠤᠷᠠᠭᠠᠨ᠎ᠳᠠᠭᠠᠨ ᠤᠷᠤᠯ᠎ᠠ᠃ ᠵᠢᠯ ᠲᠠᠷᠠᠭᠠᠯᠠᠨ ᠭᠠᠩ ᠬᠠᠭ᠍ᠰᠠᠷᠠᠭᠠᠨ ᠲᠤᠬᠢᠶᠠᠭ᠍ᠰᠠᠨ᠂ ᠤᠰᠤᠨ᠎ᠤ ᠡᠬᠢ ᠰᠤᠷᠪᠤᠯᠵᠢ ᠬᠤᠮᠰᠠᠳᠠᠭ᠍ᠰᠠᠨ ᠵᠡᠷᠬᠡ ᠪᠤᠳᠠᠳᠤ ᠪᠠᠢᠳᠠᠯ᠎ᠤᠨ ᠲᠤᠤᠷ᠎ᠠ᠂ ᠵᠠᠯᠠᠢᠳ ᠬᠤᠱᠢᠭᠤ 2016 ᠤᠨ᠎ᠳᠤ ᠲᠤᠰᠭᠠᠢ ᠪᠦᠯᠬᠦᠮ ᠪᠠᠢᠭᠤᠯᠤᠨ ᠰᠦᠯᠢᠶᠤᠤ ᠪᠦᠷᠬᠦᠪᠴᠢ᠎ᠶ᠋ᠢᠨ ᠲᠤᠤᠭᠤᠷ ᠲᠤᠰᠤᠯᠭᠠᠨ ᠤᠰᠤᠯᠠᠵᠤ ᠤᠰᠤ ᠪᠤᠷᠳᠤᠭᠤᠷ᠎ᠢ ᠨᠢᠬᠡ ᠴᠤᠬ᠍ᠴᠡᠵᠢᠭᠤᠯᠤᠭ᠍ᠰᠠᠨ ᠤᠰᠤᠨ ᠲᠤᠳᠤᠷᠭ᠎ᠠ᠎ᠶ᠋ᠢᠨ ᠬᠠᠭᠤᠷᠠᠢ ᠲᠠᠷᠢᠶᠠᠯᠠᠭ᠎ᠠ᠎ᠶ᠋ᠢᠨ ᠱᠢᠨ᠎ᠠ ᠮᠡᠷᠬᠡᠵᠢᠯ᠎ᠢ ᠲᠤᠷᠱᠢᠨ ᠲᠡᠯᠬᠡᠷᠡᠬᠦᠯᠵᠤ᠂ ᠲᠤᠰ ᠵᠢᠯ᠎ᠳᠡᠭᠡᠨ 200 ᠮᠦ᠍ ᠬᠠᠭᠤᠷᠠᠢ ᠲᠠᠷᠢᠶᠠᠯᠠᠭ᠎ᠠ᠎ᠶ᠋ᠢᠨ ᠤᠰᠤᠨ ᠲᠤᠳᠤᠷᠭ᠎ᠠ ᠲᠤᠷᠱᠢᠨ ᠲᠠᠷᠢᠭᠠᠳ ᠮᠦ᠍ ᠨᠢᠬᠡᠴᠢ᠎ᠶ᠋ᠢᠨ ᠤᠨᠠᠯᠳᠠ᠎ᠨᠢ 500 ᠺᠢᠯᠥᠭ᠌ᠷᠠᠮ᠎ᠳᠤ ᠬᠦᠷᠴᠦ᠍᠂ ᠴᠡᠪᠡᠷ ᠤᠷᠤᠯᠭ᠎ᠠ᠎ᠨᠢ 800 — 1000 ᠲᠦᠭᠦᠷᠢᠭ᠎ᠲᠤ ᠬᠦᠷᠦᠭ᠌ᠰᠡᠨ ᠪᠠᠶᠠᠷᠯᠠᠭᠤᠱᠢᠳᠠᠢ ᠠᠮᠵᠢᠯᠳᠠ᠎ᠶ᠋ᠢ ᠤᠯᠵᠠᠢ᠃
      《ᠡᠷᠳᠡᠨᠢ ᠱᠢᠰᠢ᠎ᠶ᠋ᠢᠨ ᠪᠡᠯᠡ ᠤᠷᠤᠭᠤᠯᠤᠯᠳᠠ᠎ᠪᠠᠷ ᠤᠰᠤᠨ ᠲᠤᠳᠤᠷᠭ᠎ᠠ᠎ᠶ᠋ᠢᠨ ᠠᠱᠢᠭ ᠤᠷᠤᠯᠭ᠎ᠠ᠎ᠶ᠋ᠢ ᠡᠬᠦᠳᠤᠯ᠎ᠠ》᠃ ᠡᠨᠡ ᠪᠤᠯ ᠵᠠᠯᠠᠢᠳ ᠬᠤᠱᠢᠭᠤᠨ᠎ᠤ ᠬᠤᠯᠪᠤᠭ᠎ᠠ ᠪᠠᠯᠭᠠᠰᠤ᠎ᠶ᠋ᠢᠨ ᠡᠦ ᠳ᠋ᠤᠤ ᠡᠾᠧᠽᠢ ᠮᠠᠯ ᠠᠵᠦ᠍ ᠠᠬᠤᠢ ᠲᠠᠷᠢᠶᠠᠯᠠᠩ᠎ᠤᠨ ᠲᠤᠰᠭᠠᠢ ᠬᠤᠷᠱᠢᠶ᠎ᠠ᠎ᠶ᠋ᠢᠨ ᠬᠡᠷᠡᠭ ᠮᠡᠳᠡᠭ᠌ᠴᠢᠳ᠎ᠤᠨ ᠲᠠᠷᠤᠭ᠎ᠠ᠎ᠳᠤ ᠸᠧᠨ ᠢ᠎ᠶ᠋ᠢᠨ ᠬᠠᠭᠤᠷᠠᠢ ᠲᠠᠷᠢᠶᠠᠯᠠᠭ᠎ᠠ᠎ᠶ᠋ᠢᠨ ᠤᠰᠤᠨ ᠲᠤᠳᠤᠷᠭ᠎ᠠ᠎ᠳᠤ ᠦᠭ᠌ᠬᠦᠭ᠌ᠰᠡᠨ ᠦᠨᠡᠯᠡᠯᠳᠡ ᠪᠤᠯᠤᠨ᠎ᠠ᠃ ᠡᠨᠡ ᠵᠢᠯ ᠲᠡᠳᠡᠨ᠎ᠤ ᠲᠤᠰᠭᠠᠢ ᠬᠤᠷᠱᠢᠶ᠎ᠠ᠎ᠶ᠋ᠢᠨ᠎ᠬᠢᠨ 4000 ᠭᠠᠷᠤᠢ ᠮᠦ᠍ ᠬᠠᠭᠤᠷᠠᠢ ᠲᠠᠷᠢᠶᠠᠯᠠᠭ᠎ᠠ᠎ᠶ᠋ᠢᠨ ᠤᠰᠤᠨ ᠲᠤᠳᠤᠷᠭ᠎ᠠ ᠲᠠᠷᠢᠪᠠ᠃ 《ᠤᠯᠠᠮᠵᠢᠯᠠᠯᠳᠤ ᠮᠡᠷᠬᠡᠵᠢᠯ᠎ᠢᠶᠠᠷ ᠤᠰᠤᠨ ᠲᠤᠳᠤᠷᠭ᠎ᠠ ᠳᠠᠷᠢᠬᠤ᠎ᠳᠤ ᠴᠢᠬᠢ ᠪᠤᠢᠵᠢᠭᠤᠯᠬᠤ᠂ ᠲᠠᠷᠢᠶ᠎ᠠ ᠲᠡᠪᠳᠦᠬᠡᠬᠦ᠌ ᠮᠡᠳᠤ᠎ᠶ᠋ᠢᠨ ᠤᠯᠠᠨ ᠶᠠᠪᠤᠴᠠ᠎ᠶ᠋ᠢ ᠦᠩᠬᠡᠷᠡᠬᠦᠯᠬᠦ᠌ ᠴᠢᠬᠤᠯᠠᠳᠠᠢ ᠪᠤᠯᠬᠤᠷ ᠦᠢᠯᠡᠳᠪᠦᠷᠢᠯᠡᠯ᠎ᠤᠨ ᠦᠪᠡᠷ᠎ᠤᠨ ᠦᠷᠳᠡᠭ᠎ᠨᠢ ᠮᠠᠰᠢ ᠦᠨᠳᠦᠷ ᠪᠠᠢᠳᠠᠭ ᠶᠤᠮ᠃ ᠬᠠᠭᠤᠷᠠᠢ ᠲᠠᠷᠢᠶᠠᠯᠠᠭ᠎ᠠ᠎ᠶ᠋ᠢᠨ ᠤᠰᠤᠨ ᠲᠤᠳᠤᠷᠭ᠎ᠠ ᠲᠠᠷᠢᠬᠤ᠎ᠨᠢ ᠲᠤᠯᠠᠭᠠᠨ ᠬᠦᠯᠡᠮᠵᠢ ᠪᠠᠢᠭᠤᠯᠬᠤ᠂ ᠦᠷ᠎ᠠ ᠰᠤᠶᠤᠭᠠᠯᠠᠭᠤᠯᠬᠤ᠂ ᠴᠢᠬᠢ ᠪᠤᠢᠵᠢᠭᠤᠯᠬᠤ᠂ ᠲᠠᠷᠢᠶ᠎ᠠ ᠲᠡᠪᠳᠦᠬᠡᠬᠦ᠂ ᠨᠠᠷᠠᠬ᠍ᠳᠠᠬᠤ᠂ ᠴᠢᠬᠢ ᠰᠠᠭᠤᠯᠭᠠᠬᠤ ᠵᠡᠷᠬᠡ ᠤᠯᠠᠨ ᠭᠤᠭ᠍ᠴᠤᠭ᠎ᠠ᠎ᠶ᠋ᠢ ᠠᠷᠪᠢᠯᠠᠵᠦ᠍᠂ ᠪᠦᠬᠦ᠌ ᠶᠠᠪᠤᠴᠡ᠎ᠶ᠋ᠢ ᠮᠠᠱᠢᠨᠴᠢᠯᠠᠨ ᠬᠦᠳᠡᠯᠮᠦᠷᠢ ᠬᠦᠴᠦ᠎ᠶ᠋ᠢᠨ ᠤᠷᠤᠭᠤᠯᠤᠯᠳᠠ᠎ᠶ᠋ᠢ ᠶᠡᠭᠡ᠎ᠪᠠᠷ ᠪᠠᠭᠤᠷᠠᠭᠤᠯᠵᠠᠢ᠃ ᠲᠡᠷᠡ ᠮᠦᠷᠳᠡᠭᠡᠨ ᠬᠠᠭᠤᠷᠠᠢ ᠲᠠᠷᠢᠶᠠᠯᠠᠭ᠎ᠠ᠎ᠶ᠋ᠢᠨ ᠤᠰᠤᠨ ᠲᠤᠳᠤᠷᠭ᠎ᠠ᠎ᠶ᠋ᠢᠨ ᠴᠠᠭᠠᠨ ᠪᠤᠳᠠᠭ᠎ᠠ ᠭᠠᠷᠬᠤ ᠨᠤᠷᠮ᠎ᠠ ᠮᠠᠰᠢ ᠦᠨᠳᠤᠷ ᠪᠠᠢᠵᠤ᠂ ᠡᠩ᠎ᠤᠨ ᠤᠰᠤᠨ ᠲᠤᠳᠤᠷᠭ᠎ᠠ᠎ᠲᠠᠢ ᠬᠠᠷᠢᠴᠠᠭᠤᠯᠪᠠᠯ ᠲᠤᠮᠳᠠᠴᠢ᠎ᠪᠠᠷ ᠮᠦ᠍ ᠪᠦᠷᠢ᠎ᠠᠴᠠ 100 ᠭᠠᠷᠤᠢ ᠵᠢᠩ ᠴᠠᠭᠠᠨ ᠪᠤᠳᠠᠭ᠎ᠠ ᠢᠯᠡᠬᠦᠤ ᠬᠤᠷᠢᠶᠠᠵᠤ ᠪᠠᠢᠨ᠎ᠠ》 ᠭᠡᠵᠦ᠍ ᠳ᠋ᠦ᠋ ᠸᠧᠨ ᠢ ᠤᠷᠮᠠᠳᠠᠢ ᠲᠠᠨᠢᠯᠴᠠᠭᠤᠯᠤᠨ᠎ᠠ᠃
      《ᠪᠢᠳᠡᠨ᠎ᠤ 〈ᠤᠰᠤᠨ ᠲᠤᠳᠤᠷᠭ᠎ᠠ᠎ᠶ᠋ᠢᠨ ᠬᠠᠭᠤᠷᠠᠢ ᠲᠠᠷᠢᠶᠠᠯᠠᠭ᠎ᠠ〉 ᠎ᠶ᠋ᠢᠨ ᠱᠢᠨ᠎ᠠ ᠮᠡᠷᠬᠡᠵᠢᠯ᠎ᠤᠨ ᠵᠠᠩᠬᠢᠯᠠᠭ᠎ᠠ᠎ᠨᠢ ᠤᠰᠤ ᠠᠷᠪᠢᠯᠠᠬᠤ᠎ᠳᠤ ᠪᠠᠢᠵᠤ᠂ ᠰᠦᠯᠢᠶᠤᠤ ᠪᠦᠷᠬᠦᠪᠴᠢ᠎ᠶ᠋ᠢᠨ ᠲᠤᠭᠤᠤᠷ ᠲᠤᠰᠤᠯᠭᠠᠨ ᠤᠰᠤᠯᠠᠵᠤ ᠤᠰᠤ ᠪᠤᠷᠳᠤᠭᠤᠷ᠎ᠢ ᠨᠢᠬᠡ ᠴᠤᠬ᠍ᠴᠡᠵᠢᠭᠤᠯᠬᠤ᠎ᠪᠠᠷ ᠲᠠᠮᠵᠢᠨ ᠤᠰᠤᠨ ᠲᠤᠳᠤᠷᠭ᠎ᠠ᠎ᠶ᠋ᠢᠨ ᠤᠯᠠᠮᠵᠢᠯᠠᠯᠳᠤ ᠲᠠᠷᠢᠶᠠᠯᠠᠭ᠎ᠠ᠎ᠶ᠋ᠢᠨ ᠪᠢᠯᠬᠠᠭᠤᠯᠤᠨ ᠤᠰᠤᠯᠠᠬᠤ ᠶᠠᠪᠤᠳᠠᠯ᠎ᠢ ᠦᠬᠡᠢᠰᠭᠡᠵᠤ᠂ ᠤᠰᠤ ᠠᠷᠪᠢᠯᠠᠬᠤ ᠵᠤᠷᠢᠯᠳᠠ᠎ᠳᠠᠭᠠᠨ ᠬᠦᠷᠦᠯ᠎ᠡ》 ᠬᠡᠵᠤ ᠵᠠᠯᠠᠢᠳ ᠬᠤᠱᠢᠭᠤᠨ᠎ᠤ ᠲᠠᠷᠢᠶᠠᠯᠠᠩ ᠮᠠᠯ ᠠᠵᠦ᠍ ᠠᠬᠤᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠡ ᠮᠡᠷᠬᠡᠵᠢᠯ᠎ᠤᠨ ᠲᠤᠪᠴᠢᠶᠠᠨ᠎ᠤ ᠯᠢᠦ ᠹᠦ᠋ ᠰᠤᠳᠤᠯᠤᠭ᠍ᠴᠢ ᠶᠠᠷᠢᠨ᠎ᠠ᠃ ᠬᠢᠨᠡᠨ ᠬᠡᠮᠵᠢᠯᠳᠡ᠎ᠪᠠᠷ᠂ ᠬᠡᠪ᠎ᠤᠨ ᠤᠰᠤᠨ ᠲᠤᠳᠤᠷᠭ᠎ᠠ᠎ᠶ᠋ᠢᠨ ᠲᠠᠷᠢᠶᠠᠯᠠᠭ᠎ᠠ᠎ᠳᠤ ᠶᠡᠷᠦ᠎ᠳᠡᠭᠡᠨ ᠮᠦ᠍ ᠪᠦᠷᠢ᠎ᠳᠤ 800 — 1000 ᠪᠤᠰᠤᠭ᠎ᠠ ᠲᠦᠷᠪᠡᠯᠵᠢᠨ ᠮᠧᠳ᠋ᠷ ᠤᠰᠤ ᠬᠡᠷᠡᠭ᠌ᠯᠡᠨ᠎ᠠ᠃ ᠬᠡᠪᠡᠴᠤ᠌ ᠤᠰᠤᠨ ᠲᠤᠳᠤᠷᠭ᠎ᠠ᠎ᠶ᠋ᠢᠨ ᠬᠠᠭᠤᠷᠠᠢ ᠲᠠᠷᠢᠶᠠᠯᠠᠭ᠎ᠠ᠎ᠳᠤ ᠵᠦᠪᠬᠡᠨ 200 — 300 ᠪᠤᠰᠤᠭ᠎ᠠ ᠲᠦᠷᠪᠡᠯᠵᠢᠨ ᠮᠧᠳ᠋ᠷ ᠤᠰᠤ ᠬᠡᠷᠡᠭ᠌ᠯᠡᠵᠤ᠂ ᠬᠡᠪ᠎ᠤᠨ ᠤᠰᠤᠨ ᠲᠤᠳᠤᠷᠭ᠎ᠠ᠎ᠶ᠋ᠢᠨ ᠲᠠᠷᠢᠶᠠᠯᠠᠭ᠎ᠠ᠎ᠳᠤ ᠬᠡᠷᠡᠭ᠌ᠯᠡᠬᠦ᠌ ᠤᠰᠤ᠎ᠶ᠋ᠢ 70% ᠎ᠠᠴᠠ ᠲᠡᠬᠡᠭ᠌ᠰᠢ ᠠᠷᠪᠢᠯᠠᠭ᠍ᠰᠠᠨ ᠪᠠᠢᠨ᠎ᠠ᠃ 《ᠪᠦᠬᠦ᠌ ᠬᠤᠱᠢᠭᠤᠨ᠎ᠤ ᠬᠠᠭᠤᠷᠠᠢ ᠲᠠᠷᠢᠶᠠᠯᠠᠭ᠎ᠠ᠎ᠶ᠋ᠢᠨ ᠤᠰᠤᠨ ᠲᠤᠳᠤᠷᠭ᠎ᠠ ᠲᠠᠷᠢᠵᠤ ᠪᠠᠢᠭ᠎ᠠ ᠲᠠᠯᠠᠪᠠᠢ 12 ᠲᠦᠮᠡᠨ ᠮᠦ᠍᠎ᠶ᠋ᠢ ᠪᠠᠳᠤᠯᠠᠨ ᠵᠢᠯ᠎ᠳᠤ ᠳ᠋ᠦᠩᠱᠢᠭᠤᠷ ᠭᠠᠷᠤᠢ ᠪᠤᠰᠤᠭ᠎ᠠ ᠲᠦᠷᠪᠡᠯᠵᠢᠨ ᠮᠧᠲᠷ ᠤᠰᠤ ᠠᠷᠪᠢᠯᠠᠵᠤ᠂ ᠡᠨᠡ᠎ᠨᠢ ᠤᠯᠤᠰ᠎ᠤᠨ ᠪᠠᠷᠢᠮᠵᠢᠶ᠎ᠠ᠎ᠪᠠᠷ ᠪᠦᠳᠦᠬᠡᠨ ᠪᠠᠢᠭᠤᠯᠤᠭ᠍ᠰᠠᠨ ᠲᠤᠮᠤ ᠬᠡᠯᠪᠡᠷᠢ᠎ᠶ᠋ᠢᠨ ᠴᠦᠬᠦᠷᠦᠮ᠎ᠤᠨ ᠤᠰᠤᠨ᠎ᠤ ᠬᠡᠮᠵᠢᠶ᠎ᠠ᠎ᠲᠠᠢ ᠲᠠᠩᠴᠡᠵᠤ ᠪᠠᠢᠨ᠎ᠠ᠃ ᠠᠮᠢ ᠠᠬᠤᠢ᠂ ᠠᠵᠦ᠍ ᠠᠬᠤᠢ ᠪᠠ ᠨᠡᠢᠬᠡᠮ᠎ᠤᠨ ᠦᠷ᠎ᠠ ᠠᠱᠢᠭ᠎ᠤᠨ ᠠᠯᠢ ᠲᠠᠯ᠎ᠠ᠎ᠠᠴᠠ ᠠᠪᠴᠤ᠌ ᠬᠡᠯᠡᠭ᠌ᠰᠡᠨ ᠴᠦ᠍ ᠬᠠᠭᠤᠷᠠᠢ ᠲᠠᠷᠢᠶᠠᠯᠠᠭ᠎ᠠ᠎ᠶ᠋ᠢᠨ ᠤᠰᠤᠨ ᠲᠤᠳᠤᠷᠭ᠎ᠠ ᠲᠠᠷᠢᠬᠤ ᠦᠢᠯᠡᠰ᠎ᠲᠤ ᠰᠠᠢᠨ ᠰᠠᠢᠬᠠᠨ ᠬᠦᠭ᠌ᠵᠢᠯᠳᠠ᠎ᠶ᠋ᠢᠨ ᠢᠷᠡᠬᠡᠳᠦᠢ᠎ᠲᠠᠢ ᠶᠤᠮ》 ᠬᠡᠵᠦ᠍ ᠵᠠᠯᠠᠢᠳ ᠬᠤᠱᠢᠭᠤᠨ᠎ᠤ ᠲᠡᠳ᠋ ᠲᠠᠷᠤᠭ᠎ᠠ ᠯᠢᠦ ᠬᠠᠢ ᠲᠤᠤ ᠬᠡᠯᠠᠨ᠎ᠠ᠃ ᠡᠨᠡ ᠵᠢᠯ ᠵᠠᠯᠠᠢᠳ ᠬᠤᠱᠢᠭᠤ ᠦᠷᠬᠦᠯᠵᠢᠯᠡᠨ ᠦᠪᠡᠷᠮᠢᠴᠡ ᠤᠨᠴᠠᠯᠢᠭ᠎ᠲᠠᠢ ᠲᠠᠪᠠᠭᠤᠯᠢᠭ᠍ᠳᠤ ᠠᠵᠦ᠍ ᠦᠢᠯᠡᠰ᠎ᠤᠨ᠎ᠢᠶᠠᠨ ᠶᠠᠰᠤ ᠴᠢᠨᠠᠷ᠎ᠢ ᠲᠡᠭᠡᠭ᠌ᠰᠢᠯᠡᠬᠦᠯᠤᠨ ᠲᠡᠰ ᠲᠡᠪᠱᠢᠬᠦᠯᠵᠤ᠂ ᠤᠰᠤᠨ ᠲᠤᠳᠤᠷᠭ᠎ᠠ ᠲᠠᠷᠢᠬᠤ ᠲᠠᠯᠠᠪᠠᠢ᠎ᠪᠠᠨ 90 ᠲᠦᠮᠡᠨ ᠮᠦ᠍᠎ᠳᠤ ᠲᠤᠬ᠍ᠳᠠᠪᠦᠷᠢᠵᠢᠭᠤᠯᠵᠠᠢ᠃ ᠡᠬᠦᠨ᠎ᠳᠤ ᠬᠠᠭᠤᠷᠠᠢ ᠲᠠᠷᠢᠶᠠᠯᠠᠭ᠎ᠠ᠎ᠶ᠋ᠢᠨ ᠤᠰᠤᠨ ᠲᠤᠳᠤᠷᠭ᠎ᠠ ᠲᠠᠷᠢᠭ᠍ᠰᠠᠨ ᠲᠠᠯᠠᠪᠠᠢ᠎ᠨᠢ 12 ᠲᠦᠮᠡᠨ ᠮᠦ᠍᠎ᠶ᠋ᠢ ᠲᠠᠪᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号