ᠬᠠᠮᠳᠤ᠎ᠶ᠋ᠢᠨ ᠳᠠᠨᠢᠯᠳᠠ᠎ᠶ᠋ᠢ ᠦᠷᠬᠡᠨ᠎ᠢᠶᠠᠷ ᠨᠢᠬ᠍ᠳᠠᠷᠠᠭᠤᠯᠵᠥ᠍ ᠴᠢᠨᠡᠬᠡᠯᠢᠭ ᠨᠡᠢᠬᠡᠮ᠎ᠢ ᠪᠦᠬᠦ᠌ ᠳᠠᠯ᠎ᠠ᠎ᠪᠠᠷ ᠪᠡᠶᠡᠯᠡᠬᠦᠯᠬᠦ᠌ ᠱᠢᠢᠳᠪᠤᠷᠢᠳᠤ ᠢᠯᠠᠯᠳᠠ᠎ᠶ᠋ᠢ ᠤᠯᠰᠤᠭᠠᠢ -- ᠪᠦᠬᠦ᠌ ᠤᠯᠤᠰ᠎ᠤᠨ ᠤᠯᠤᠰ ᠲᠦᠷᠥ᠎ᠶ᠋ᠢᠨ ᠵᠦᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠭᠤᠷᠪᠠᠳᠤᠭᠠᠷ ᠬᠤᠷᠠᠯ ᠡᠬᠢᠯᠡᠭ᠌ᠰᠡᠨ᠎ᠳᠤ ᠬᠠᠯᠠᠭᠤᠨ ᠪᠠᠶᠠᠷ ᠬᠦᠷᠭᠡᠶ᠎ᠡ
2020-05-21 10:25:13
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

     ᠵᠣᠨ᠎ᠤ ᠡᠬᠢᠨ ᠰᠠᠷ᠎ᠠ᠎ᠪᠠᠷ ᠳᠦᠮᠡᠨ ᠪᠤᠳᠠᠰ ᠲᠦᠯᠵᠢᠨ ᠠᠮᠢᠯᠠᠨ᠎ᠠ᠃ ᠡᠨᠡ ᠡᠳᠤᠷ ᠪᠦᠬᠦ᠌ ᠤᠯᠤᠰ᠎ᠤᠨ ᠤᠯᠤᠰ ᠳᠦᠷᠦ᠎ᠶ᠋ᠢᠨ ᠵᠦᠪᠯᠡᠯᠬᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠭᠤᠷᠪᠠᠳᠤᠭᠠᠷ ᠬᠤᠷᠠᠯ ᠪᠡᠬᠡᠵᠢᠩ᠎ᠳᠤ ᠦᠪᠡᠳᠡᠭ᠌ᠰᠢ ᠶᠡᠭᠡ᠎ᠪᠠᠷ ᠡᠬᠢᠯᠡᠵᠤ᠂ 34 ᠡᠳᠡᠬᠡᠳ ᠢᠯᠭᠠᠯ᠎ᠤᠨ 2000 ᠭᠠᠷᠤᠢ ᠪᠦᠬᠦ᠌ ᠤᠯᠤᠰ᠎ᠤᠨ ᠤᠯᠤᠰ ᠳᠦᠷᠦ᠎ᠶ᠋ᠢᠨ ᠵᠦᠪᠯᠡᠯᠬᠡᠨ᠎ᠤ ᠬᠡᠱᠢᠬᠦᠨ ᠡᠬᠦᠷᠬᠡ ᠬᠠᠷᠢᠭᠤᠴᠠᠯᠭ᠎ᠠ ᠡᠬᠦᠷᠬᠡᠯᠡᠵᠥ᠍᠂ ᠨᠢᠬᠡ ᠳᠠᠩᠬᠢᠮ᠎ᠳᠤ ᠴᠤᠬ᠍ᠯᠠᠷᠠᠨ ᠰᠠᠨᠠᠯ ᠰᠠᠨᠠᠭᠤᠯᠭ᠎ᠠ ᠳᠤᠷᠠᠳᠴᠤ᠌ ᠠᠷᠭ᠎ᠠ ᠤᠬᠠᠭᠠᠨ ᠭᠠᠷᠭᠠᠨ᠎ᠠ᠃ ᠪᠢᠳᠡ ᠶᠡᠭᠡ ᠬᠤᠷᠠᠯ᠎ᠤᠨ ᠬᠤᠷᠠᠯᠳᠤᠵᠥ᠍ ᠡᠬᠢᠯᠡᠭ᠌ᠰᠡᠨ᠎ᠳᠤ ᠬᠠᠯᠠᠭᠤᠨ ᠪᠠᠶᠠᠷ ᠬᠦᠷᠬᠡᠵᠥ᠍ ᠪᠠᠢᠨ᠎ᠠ!
     ᠵᠢᠯ᠎ᠳᠤ ᠨᠢᠬᠡ ᠤᠳᠠᠭ᠎ᠠ ᠬᠤᠷᠠᠯᠳᠤᠬᠤ ᠪᠦᠬᠦ᠌ ᠤᠯᠤᠰ᠎ᠤᠨ ᠬᠤᠶᠠᠷ ᠬᠤᠷᠠᠯ ᠪᠤᠯ ᠮᠠᠨ᠎ᠤ ᠤᠯᠤᠰ᠎ᠤᠨ ᠤᠯᠤᠰ ᠳᠦᠷᠦ᠎ᠶ᠋ᠢᠨ ᠠᠮᠢᠳᠤᠷᠠᠯ᠎ᠳᠠᠬᠢ ᠶᠡᠭᠡ ᠶᠠᠪᠤᠳᠠᠯ ᠪᠤᠯᠤᠨ᠎ᠠ᠃ ᠬᠡᠨᠡᠳᠳᠡ᠎ᠪᠠᠷ ᠳᠠᠭᠠᠷᠢᠨ ᠢᠷᠡᠭ᠌ᠰᠡᠨ ᠱᠢᠨ᠎ᠡ ᠳᠢᠳᠢᠮᠯᠢᠭ ᠠᠭᠤᠰᠭᠢᠨ ᠦᠷᠪᠢᠰᠤᠯ᠎ᠤᠨ ᠬᠢᠵᠢᠭ᠎ᠤᠨ ᠪᠠᠢᠳᠠᠯ᠎ᠳᠤ ᠬᠠᠨᠳᠤᠭᠤᠯᠵᠤ᠂ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠬ᠍ᠰᠠᠨ ᠨᠠᠮ᠎ᠤᠨ ᠳᠦᠪ ᠬᠤᠷᠢᠶ᠎ᠠ ᠠᠷᠠᠳ ᠳᠦᠮᠡᠨ᠎ᠤ ᠠᠮᠢ ᠨᠠᠰᠤᠨ᠎ᠤ ᠠᠮᠤᠷ ᠳᠦᠪᠱᠢᠨ ᠪᠤᠯᠤᠨ ᠪᠡᠶ᠎ᠡ ᠮᠠᠬᠠᠪᠤᠳ᠎ᠤᠨ ᠡᠷᠡᠬᠦᠯ ᠮᠡᠨᠳᠤ᠎ᠶ᠋ᠢ ᠳᠡᠷᠢᠬᠦᠨ᠎ᠳᠤ ᠳᠠᠯᠪᠢᠵᠥ᠍᠂ ᠪᠦᠬᠦ᠌ ᠳᠠᠯ᠎ᠠ᠎ᠶ᠋ᠢ ᠨᠢᠬᠡᠳᠦᠯᠳᠡᠢ ᠳᠦᠯᠦᠪᠵᠢᠬᠦᠯᠦᠨ ᠬᠢᠨᠠᠭᠤᠷ ᠪᠤᠯᠭᠤᠮᠵᠢᠳᠠᠢ᠎ᠪᠠᠷ ᠠᠷᠭᠠᠴᠠᠭᠠᠨ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠳᠡᠨ᠎ᠨᠦᠭᠦᠳ᠎ᠤᠨ ᠠᠷᠠᠳ ᠳᠦᠮᠡᠨ᠎ᠢ ᠪᠦᠯᠬᠦᠮᠳᠡᠬᠦᠯᠦᠨ ᠲᠠᠭᠠᠭᠤᠯᠵᠦ᠍᠂ ᠳᠦᠮᠡᠨ ᠤᠯᠠᠨ ᠬᠦᠴᠦ᠍ ᠨᠢᠬᠡᠳᠦᠨ ᠳᠡᠮᠤᠷ ᠬᠡᠷᠡᠮ᠎ᠢ ᠴᠤᠬ᠍ᠴᠠᠯᠠᠵᠥ᠍᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠠᠷᠠᠳ᠎ᠤᠨ ᠳᠠᠢᠨ᠂ ᠶᠡᠷᠦᠩᠬᠡᠢ ᠳᠠᠢᠯᠠᠯᠳᠤᠭᠠᠨ᠂ ᠬᠤᠷᠢᠬ᠍ᠯᠠᠯᠳᠠ᠎ᠶ᠋ᠢᠨ ᠳᠠᠢᠯᠠᠯᠳᠤᠭᠠᠨ᠎ᠤ ᠢᠯᠠᠯᠳᠠ᠎ᠶ᠋ᠢ ᠡᠷᠡᠰ ᠤᠯᠬᠤ᠎ᠪᠠᠷ ᠲᠠᠮᠡᠴᠡᠪᠡ᠃ ᠪᠦᠬᠦ᠌ ᠤᠯᠤᠰ᠎ᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠬᠤᠷᠢᠬ᠍ᠯᠠᠯᠳᠠ᠎ᠶ᠋ᠢᠨ ᠳᠠᠢᠯᠠᠯᠳᠤᠭᠠᠨ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠦᠷ᠎ᠡ ᠪᠦᠳᠦᠭᠡᠯ ᠤᠯᠵᠥ᠍᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠪᠠ ᠠᠵᠥ᠍ ᠠᠬᠤᠢ ᠨᠡᠢᠬᠡᠮ᠎ᠤᠨ ᠬᠦᠭ᠌ᠵᠢᠯᠳᠡ᠎ᠶ᠋ᠢ ᠨᠢᠬᠡᠳᠦᠯᠳᠡᠢ ᠳᠦᠯᠦᠪᠵᠢᠬᠦᠯᠦᠨ ᠠᠬᠢᠭᠤᠯᠬᠤ ᠠᠵᠢᠯ ᠢᠳᠡᠪᠬᠢ ᠦᠷ᠎ᠡ ᠠᠱᠢᠬ ᠤᠯᠤᠬ᠍ᠰᠠᠨ ᠴᠢᠬᠤᠯᠠ ᠴᠠᠬ ᠮᠦᠴᠡ᠎ᠳᠤ᠂ ᠬᠤᠶᠠᠷ ᠬᠤᠷᠠᠯ᠎ᠨᠢ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠠᠵᠢᠯ᠎ᠢ ᠪᠠᠢᠩᠭᠤᠵᠢᠭᠤᠯᠤᠬ᠍ᠰᠠᠨ ᠤᠨᠴᠠᠭᠠᠢ ᠪᠠᠢᠳᠠᠯ ᠳᠤᠤᠷ᠎ᠠ ᠬᠤᠷᠠᠯᠳᠤᠵᠥ᠍᠂ ᠡᠨᠡ ᠵᠢᠯ᠎ᠤᠨ ᠠᠵᠥ᠍ ᠠᠬᠤᠢ ᠨᠡᠢᠬᠡᠮ᠎ᠤᠨ ᠬᠦᠭ᠌ᠵᠢᠯᠳᠡ᠎ᠶ᠋ᠢᠨ ᠬᠠᠷᠠᠯᠳᠠ ᠡᠬᠦᠷᠬᠡ᠎ᠶ᠋ᠢ ᠳᠦᠯᠦᠪᠵᠢᠭᠦᠯᠤᠨ ᠪᠠᠢᠷᠢᠯᠠᠭᠤᠯᠬᠤ ᠴᠢᠬᠤᠯᠠ ᠡᠬᠦᠷᠬᠡ᠎ᠶ᠋ᠢ ᠡᠬᠦᠷᠬᠡᠯᠡᠵᠥ᠍ ᠪᠠᠢᠨ᠎ᠠ᠂ ᠡᠨᠡ᠎ᠨᠢ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ᠂ ᠴᠢᠨᠡᠬᠡᠯᠢᠭ ᠨᠡᠢᠬᠡᠮ᠎ᠢ ᠪᠦᠬᠦ᠌ ᠳᠠᠯ᠎ᠠ᠎ᠪᠠᠷ ᠪᠡᠶᠡᠯᠡᠬᠦᠯᠬᠦ᠌ ᠱᠢᠢᠳᠪᠦᠷᠢᠳᠤ ᠳᠠᠢᠯᠠᠯᠳᠤᠭᠠᠨ ᠬᠢᠵᠥ᠍ ᠱᠢᠢᠳᠪᠦᠷᠢᠳᠤ ᠢᠯᠠᠯᠳᠠ ᠤᠯᠬᠤ᠎ᠶ᠋ᠢ ᠦᠨᠡᠨ ᠬᠦ᠌ ᠪᠡᠶᠡᠯᠡᠬᠦᠯᠬᠦ᠌᠎ᠳᠤ ᠳᠦᠢᠯ᠎ᠤᠨ ᠴᠢᠬᠤᠯᠠ ᠠᠴᠢ ᠬᠤᠯᠪᠤᠬ᠍ᠳᠠᠯ᠎ᠲᠠᠢ ᠶᠤᠮ᠃
     ᠦᠩᠬᠡᠷᠡᠭ᠌ᠰᠡᠨ ᠵᠢᠯ ᠭᠠᠷᠤᠢ᠎ᠶ᠋ᠢᠨ ᠳᠤᠷᠰᠢ᠂ ᠠᠷᠠᠳ᠎ᠤᠨ ᠤᠯᠤᠰ ᠳᠦᠷᠦ᠎ᠶ᠋ᠢᠨ ᠵᠦᠪᠯᠡᠯᠬᠡᠨ ᠱᠢᠨ᠎ᠡ ᠳᠤᠮᠳᠠᠳᠤ ᠤᠯᠤᠰ ᠪᠠᠢᠭᠤᠯᠤᠬ᠍ᠳᠠᠬ᠍ᠰᠠᠨ 70 ᠵᠢᠯ᠎ᠤᠨ ᠤᠢ ᠪᠤᠯᠤᠨ ᠠᠷᠠᠳ᠎ᠤᠨ ᠤᠯᠤᠰ ᠳᠦᠷᠦ᠎ᠶ᠋ᠢᠨ ᠵᠦᠪᠯᠡᠯᠬᠡᠨ ᠪᠠᠢᠭᠤᠯᠤᠬ᠍ᠳᠠᠬ᠍ᠰᠠᠨ 70 ᠵᠢᠯ᠎ᠤᠨ ᠤᠢ᠎ᠪᠠᠷ ᠭᠤᠤᠯᠳᠠᠯᠭ᠎ᠠ ᠪᠤᠯᠭᠠᠵᠥ᠍᠂ ᠴᠢᠨᠡᠬᠡᠯᠢᠭ ᠨᠡᠢᠬᠡᠮ᠎ᠢ ᠪᠦᠬᠦ᠌ ᠳᠠᠯ᠎ᠠ᠎ᠪᠠᠷ ᠪᠡᠶᠡᠯᠡᠬᠦᠯᠬᠦ᠌ ᠱᠢᠢᠳᠪᠦᠷᠢᠳᠤ ᠢᠯᠠᠯᠳᠠ᠎ᠶ᠋ᠢ ᠤᠯᠬᠤ᠂ ᠭᠤᠷᠪᠠᠨ ᠶᠡᠭᠡ ᠪᠤᠭᠤᠮᠳᠠ ᠱᠢᠪᠳᠤᠯᠬᠤ ᠳᠠᠢᠯᠠᠯᠳᠤᠭᠠᠨ᠎ᠢ ᠰᠠᠢᠳᠤᠷ ᠬᠢᠬᠦ᠌ ᠵᠡᠷᠬᠡ ᠡᠬᠦᠷᠬᠡ᠎ᠳᠤ ᠠᠩᠬᠠᠷᠤᠯ᠎ᠢᠶᠠᠨ ᠳᠦᠪᠯᠡᠷᠡᠬᠦᠯᠵᠥ᠍᠂ ᠳᠤᠰᠭᠠᠢ ᠵᠦᠪᠯᠡᠬᠦ᠌ ᠪᠠᠢᠭᠤᠯᠤᠮᠵᠢ᠎ᠶ᠋ᠢᠨ ᠪᠠᠢᠭᠤᠯᠤᠯᠳᠠ᠎ᠶ᠋ᠢ ᠴᠢᠩᠭᠠᠳᠭᠠᠨ᠂ ᠡᠯ᠎ᠡ ᠵᠦᠢᠯ᠎ᠤᠨ ᠡᠬᠦᠷᠬᠡ ᠴᠢᠳᠠᠪᠬᠢ᠎ᠪᠠᠨ ᠨᠠᠷᠢᠨ ᠬᠢᠨᠠᠮᠠᠭᠠᠢ ᠬᠦᠢᠴᠡᠳᠭᠡᠵᠥ᠍᠂ ᠨᠠᠮ᠎ᠤᠨ ᠳᠦᠪ ᠬᠤᠷᠢᠶᠠᠨ᠎ᠤ ᠱᠢᠢᠳᠪᠦᠷᠢᠳᠤ ᠪᠤᠳᠤᠯᠭ᠎ᠠ ᠪᠠᠢᠷᠢᠯᠠᠭᠤᠯᠤᠯᠳᠠ ᠪᠤᠯᠤᠨ ᠠᠷᠠᠳ᠎ᠤᠨ ᠤᠯᠤᠰ ᠳᠦᠷᠦ᠎ᠶ᠋ᠢᠨ ᠵᠦᠪᠯᠡᠯᠬᠡᠨ᠎ᠤ ᠳᠤᠬᠠᠢ ᠠᠵᠢᠯ᠎ᠤᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠤᠨ᠂ ᠤᠯᠤᠰ᠎ᠤᠨ ᠳᠤᠳᠤᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠦᠪᠡᠬᠦᠳ ᠦᠬᠢᠳ᠎ᠤᠨ ᠤᠶᠤᠨ ᠤᠬᠠᠭᠠᠨ ᠪᠠ ᠬᠦᠴᠦᠨ ᠴᠢᠳᠠᠯ᠎ᠢ ᠨᠢᠬ᠍ᠳᠠᠷᠠᠭᠤᠯᠬᠤ ᠤᠯᠤᠰ ᠳᠦᠷᠦ᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠡᠬᠦᠷᠬᠡᠯᠡᠵᠥ᠍᠂ ᠨᠠᠮ ᠪᠠ ᠤᠯᠤᠰ᠎ᠤᠨ ᠠᠵᠢᠯ ᠦᠢᠯᠡᠰ᠎ᠤᠨ ᠬᠦᠭ᠌ᠵᠢᠯᠳᠡ᠎ᠳᠤ ᠱᠢᠨ᠎ᠡ ᠬᠤᠪᠢ ᠨᠡᠮᠡᠷᠢ ᠦᠵᠡᠬᠦᠯᠦᠭ᠌ᠰᠡᠨ ᠪᠠᠢᠨ᠎ᠠ᠃ ᠬᠢᠵᠢᠭ᠎ᠤᠨ ᠪᠠᠢᠲᠠᠯ᠎ᠢ ᠰᠡᠷᠭᠡᠢᠯᠡᠡ ᠡᠵᠡᠮᠲᠡᠬᠦ᠌ ᠡᠨᠡ ᠤᠲᠠᠭ᠎ᠠ᠎ᠶ᠋ᠢᠨ ᠭᠡᠴᠡᠭᠦᠦ ᠲᠡᠮᠡᠴᠡᠯ ᠲᠤᠮᠲᠠ᠂ ᠠᠷᠠᠳ᠎ᠤᠨ ᠤᠯᠤᠰ ᠲᠦᠷᠦ᠎ᠶ᠋ᠢᠨ ᠵᠦᠪᠯᠡᠯᠭᠡᠡ᠎ᠨᠢ ᠶᠡᠷᠦᠩᠭᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠠ᠎ᠤ ᠵᠤᠷᠢᠭ ᠰᠠᠨᠠᠭ᠎ᠠ ᠪᠤᠯᠤᠨ ᠨᠠᠮ᠎ᠤᠨ ᠲᠦᠪ ᠬᠤᠷᠢᠶᠠᠠ᠎ᠤ ᠪᠠᠢᠷᠢᠯᠠᠭᠤᠯᠤᠯᠲᠠ ᠱᠠᠭᠠᠷᠲᠠᠯᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠵᠦ᠍᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ᠎ᠤᠨ ᠴᠢᠬᠤᠯᠠ ᠪᠦᠷᠢᠯᠲᠦᠭᠦᠨ ᠭᠡᠰᠡᠭ᠎ᠤᠨ ᠦᠢᠯᠡᠲᠦᠯ᠎ᠢᠶᠠᠨ ᠬᠦᠢᠴᠡᠳ ᠪᠠᠲᠠᠷᠠᠭᠤᠯᠤᠨ᠂ ᠬᠢᠵᠢᠭ᠎ᠲᠠᠢ ᠲᠡᠮᠡᠴᠡᠬᠦ᠌ ᠲᠡᠮᠡᠴᠡᠯ᠎ᠳᠤ ᠤᠷᠤᠯᠴᠠᠬᠤ᠎ᠶ᠋ᠢ ᠴᠢᠬᠤᠯᠡ ᠡᠬᠦᠷᠭᠡ᠎ᠪᠠᠨ ᠪᠤᠯᠭᠠᠵᠦ᠍᠂ ᠠᠷᠭ᠎ᠠ ᠤᠬᠠᠭᠠᠠ ᠭᠠᠷᠭᠠᠨ ᠵᠠᠰᠠᠭ᠎ᠲᠤ ᠲᠤᠰᠠᠯᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠬᠤᠶᠠᠷ ᠲᠠᠯ᠎ᠠ᠎ᠪᠠᠷ ᠬᠦᠴᠦᠯᠡᠬᠦ᠌᠎ᠶ᠋ᠢ ᠪᠠᠷᠢᠮᠲᠠᠯᠠᠠ᠂ ᠠᠷᠠᠳ᠎ᠤᠨ ᠤᠯᠤᠰ ᠲᠦᠷᠦ᠎ᠶ᠋ᠢᠨ ᠵᠦᠪᠯᠡᠯᠭᠡᠡ᠎ᠳᠤ ᠤᠷᠤᠯᠴᠠᠵᠦ᠍ ᠪᠠᠢᠭ᠎ᠠ ᠡᠯ᠎ᠠ ᠨᠠᠮ ᠪᠦᠯᠦᠭ ᠪᠦᠯᠬᠦᠮ ᠪᠤᠯᠤᠨ ᠡᠯ᠎ᠠ ᠦᠨᠲᠦᠰᠦᠲᠡᠡ ᠡᠯ᠎ᠠ ᠡᠲᠡᠭᠡᠳ᠎ᠤᠨ ᠬᠦᠮᠦᠰ᠎ᠢ ᠵᠤᠬᠢᠶᠠᠠ ᠪᠠᠢᠭᠤᠯᠵᠦ᠍᠂ ᠬᠢᠵᠢᠭ᠎ᠤᠨ ᠪᠠᠢᠲᠠᠯ᠎ᠢ ᠲᠡᠢᠯᠠᠨ ᠢᠯᠠᠬᠤ᠎ᠳᠤ ᠤᠶᠤᠨ ᠤᠬᠠᠭᠠᠠ ᠪᠤᠯᠤᠨ ᠬᠦᠴᠤᠨ ᠴᠢᠲᠠᠯ᠎ᠢᠶᠠᠨ ᠡᠷᠭᠦᠵᠠᠢ; ᠦᠷᠭᠡᠡ ᠤᠯᠠᠠ ᠤᠯᠤᠰ ᠲᠦᠷᠦ᠎ᠶ᠋ᠢᠨ ᠵᠦᠪᠯᠡᠯᠭᠡᠡ᠎ᠤ ᠭᠡᠱᠢᠭᠦᠨ ᠠᠵᠢᠯ᠎ᠤᠨ ᠪᠠᠢᠷᠢ᠎ᠳᠠᠭᠠᠨ ᠰᠠᠭᠤᠷᠢᠯᠠᠠ᠂ ᠡᠮᠴᠢᠯᠡᠵᠦ᠍ ᠤᠨᠤᠱᠢᠯᠠᠠ ᠵᠠᠰᠠᠬᠤ᠂ ᠱᠢᠨᠵᠢᠯᠡᠬᠦ᠌ ᠤᠬᠠᠭᠠᠠ᠎ᠤ ᠰᠤᠲᠤᠯᠭᠠᠠ᠎ᠤ ᠪᠤᠭᠤᠮᠲᠠ ᠱᠢᠪᠲᠤᠯᠬᠤ᠂ ᠨᠡᠢᠭᠡᠮ ᠲᠤᠭᠤᠷᠢᠭ᠎ᠤᠨ ᠬᠢᠵᠢᠭ᠎ᠢ ᠰᠡᠷᠭᠡᠢᠯᠡᠬᠦ᠂ ᠠᠵᠢᠯ ᠦᠢᠯᠡᠳᠪᠦᠷᠢᠯᠡᠯ᠎ᠢᠶᠠᠨ ᠰᠡᠷᠭᠦᠭᠡᠬᠦ᠌ ᠵᠡᠷᠭᠡ ᠠᠵᠢᠯ᠎ᠳᠤ ᠲᠤᠰ ᠲᠤᠰ᠎ᠤᠨ ᠦᠢᠯᠡᠲᠦᠯ᠎ᠢᠶᠠᠨ ᠪᠠᠲᠠᠷᠠᠭᠤᠯᠤᠨ ᠲᠤᠰ ᠲᠤᠰ᠎ᠤᠨ ᠴᠢᠲᠠᠪᠤᠷᠢ᠎ᠪᠠᠨ ᠪᠠᠲᠠᠷᠠᠭᠤᠯᠵᠦ᠍᠂ ᠬᠠᠢᠷ᠎ᠠ ᠬᠠᠯᠠᠮᠵᠢ᠎ᠪᠠᠨ ᠡᠷᠬᠦᠠ ᠬᠤᠪᠢ ᠨᠡᠮᠡᠷᠢ ᠦᠵᠡᠭᠦᠯᠵᠦ᠍᠂ 《ᠠᠷᠠᠳ᠎ᠤᠨ ᠤᠯᠤᠰ ᠲᠦᠷᠦ᠎ᠶ᠋ᠢᠨ ᠵᠦᠪᠯᠡᠯᠭᠡᠡ ᠠᠷᠠᠳ᠎ᠤᠨ ᠲᠦᠯᠦᠭᠡ》 ᠭᠡᠬᠦ᠌ ᠱᠠᠭᠠᠷᠲᠠᠯᠭ᠎ᠠ᠎ᠶ᠋ᠢ ᠦᠢᠯᠡᠲᠦᠯᠭᠡᠵᠢᠭᠦᠯᠦᠭ᠌ᠰᠡᠡ ᠪᠠᠢᠨ᠎ᠠ᠃
     《ᠬᠠᠲᠠᠭᠤ ᠪᠡᠷᠭᠡᠱᠢᠶᠡᠯ᠎ᠢ ᠦᠡᠭ᠌ᠭᠡᠷᠡᠭᠡᠪᠡᠯ ᠰᠠᠶᠢ ᠡᠷᠡᠯᠭᠡᠭ ᠪᠠᠭᠠᠲᠤᠷ ᠵᠠᠩ ᠴᠢᠨᠠᠷ᠎ᠢ ᠢᠯᠡᠷᠡᠭᠦᠯᠵᠦ᠍ ᠴᠢᠲᠠᠨ᠎ᠠ; ᠲᠡᠰᠪᠤᠷᠢ ᠬᠠᠳᠠᠭᠤᠵᠢᠯᠳᠠᠢ ᠠᠵᠢᠯᠯᠠᠪᠠᠯ ᠰᠠᠶᠢ ᠡᠷᠬᠢᠮ ᠨᠠᠠᠲᠢᠨ ᠵᠠᠩ ᠰᠤᠷᠳᠠᠯ᠎ᠢ ᠢᠯᠡᠷᠡᠭᠦᠯᠵᠦ᠍ ᠴᠢᠳᠠᠨ᠎ᠠ》᠃ 2020 ᠤᠨ ᠪᠤᠯ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠪᠠ 《ᠠᠷᠪᠠᠠ ᠭᠤᠷᠪᠠᠲᠤᠭᠠᠷ ᠲᠠᠪᠤᠠ ᠵᠢᠯ》 ᠎ᠤᠨ ᠠᠵᠢᠯ᠎ᠤᠨ ᠰᠡᠭᠦᠯ ᠬᠤᠷᠢᠶᠠᠬᠤ ᠵᠢᠯ ᠮᠦᠨ᠂ ᠪᠠᠰᠠ ᠴᠦ᠍ ᠶᠠᠲᠠᠭᠤ᠎ᠠᠴᠠ ᠠᠩᠭᠢᠵᠢᠷᠠᠭᠤᠯᠬᠤ ᠪᠤᠭᠤᠮᠲᠠ ᠱᠢᠪᠲᠤᠯᠬᠤ ᠱᠢᠢᠳᠪᠦᠷᠢᠲᠦ ᠲᠠᠢᠯᠠᠯᠲᠤᠭᠠᠠ᠎ᠤ ᠱᠢᠢᠳᠪᠦᠷᠢᠲᠦ ᠢᠯᠠᠯᠲᠠ᠎ᠶ᠋ᠢ ᠤᠯᠬᠤ ᠵᠢᠯ ᠮᠦᠨ᠂ ᠭᠡᠨᠡᠳᠲᠡ᠎ᠪᠠᠷ ᠡᠭᠦᠰᠦᠭ᠌ᠰᠡᠡ ᠱᠢᠨ᠎ᠠ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠨᠢ ᠮᠠᠠ᠎ᠤ ᠨᠢᠭᠡᠨᠲᠡ ᠲᠤᠭ᠍ᠲᠠᠭᠠᠭ᠍ᠰᠠᠠ ᠬᠠᠷᠠᠯᠲᠠᠲᠦ ᠡᠬᠦᠷᠭᠡ᠎ᠪᠠᠨ ᠪᠡᠶᠡᠯᠡᠭᠦᠯᠬᠦ᠌᠎ᠳᠤ ᠦᠷᠢᠰᠦᠯᠲᠦᠭᠡᠡ ᠲᠤᠯᠭᠠᠷᠠᠭᠤᠯᠵᠠᠢ᠃ ᠬᠠᠷᠠᠯᠲᠠ᠎ᠳᠠᠭᠠᠨ ᠭᠡᠲᠦᠢ ᠤᠢ᠍ᠢᠷᠠᠳᠭᠤ ᠲᠤᠲᠤᠮ᠂ ᠪᠠᠢᠲᠠᠯ ᠭᠡᠲᠦᠢ ᠨᠠᠷᠢᠨ ᠪᠤᠲᠤᠯᠢᠶᠠᠠᠲᠠᠢ ᠪᠤᠯᠬᠤ ᠲᠤᠲᠤᠮ᠂ ᠡᠬᠦᠷᠭᠡ ᠭᠡᠲᠦᠢ ᠱᠢᠷᠭᠠᠭᠤ ᠬᠠᠲᠠᠭᠤᠵᠢᠯᠲᠠᠢ ᠪᠤᠯᠬᠤ ᠲᠤᠲᠤᠮ᠂ ᠲᠤᠮᠲᠠᠲᠤ ᠤᠯᠤᠰ᠎ᠤᠨ ᠡᠪ ᠬᠠᠮᠲᠤ ᠨᠠᠮ᠎ᠤᠨ ᠤᠲᠤᠷᠢᠲᠤᠭ᠍ᠰᠠᠠ ᠤᠯᠤᠰ ᠲᠦᠷᠦ᠎ᠶ᠋ᠢᠨ ᠲᠠᠪᠠᠭᠤᠯᠢᠭ ᠪᠤᠯᠤᠨ ᠲᠤᠮᠲᠠᠲᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮᠲᠦ ᠪᠠᠢᠭᠤᠯᠤᠯ᠎ᠤᠨ ᠲᠠᠪᠠᠭᠤᠯᠢᠭ᠎ᠢ ᠲᠡᠲᠦᠢ ᠪᠠᠲᠠᠷᠠᠭᠤᠯᠵᠦ᠍᠂ ᠡᠯ᠎ᠠ ᠲᠠᠯ᠎ᠠ᠎ᠶ᠋ᠢᠨ ᠤᠶᠤᠨ ᠤᠬᠠᠭᠠᠠ ᠪᠤᠯᠤᠨ ᠬᠦᠴᠤᠨ ᠴᠢᠲᠠᠯ᠎ᠢ ᠨᠢᠭ᠍ᠲᠠᠷᠠᠭᠤᠯᠤᠨ᠂ ᠤᠯᠤᠰ᠎ᠤᠨ ᠲᠤᠲᠤᠭᠠᠲᠤ ᠭᠠᠲᠠᠭᠠᠲᠤ᠎ᠶ᠋ᠢᠨ ᠲᠤᠮᠲᠠᠲᠤ᠎ᠶ᠋ᠢᠨ ᠬᠦᠪᠡᠭᠦᠳ ᠦᠬᠢᠳ᠎ᠤᠨ ᠰᠡᠳᠭᠢᠯ᠎ᠢ ᠨᠢᠭᠡᠳᠭᠡᠨ ᠬᠦᠴᠤᠨ᠎ᠢ ᠬᠠᠮᠲᠤᠳᠭᠠᠬᠤ ᠬᠦᠴᠦᠷᠭᠡᠭ ᠶᠡᠭᠡ ᠬᠠᠮᠳᠤᠷᠠᠯ ᠬᠦᠴᠤ᠎ᠶ᠋ᠢ ᠪᠦᠷᠢᠯᠲᠦᠭᠦᠯᠬᠦ᠌ ᠬᠡᠷᠡᠭ᠌ᠲᠡᠢ᠃ ᠨᠢᠭᠡᠲᠦᠮᠡᠯ ᠹᠷᠤᠨᠲ᠎ᠤᠨ ᠵᠤᠬᠢᠶᠠᠠ ᠪᠠᠢᠭᠤᠯᠤᠯᠲᠠ᠂ ᠤᠯᠠᠠ ᠨᠠᠮ ᠬᠠᠮᠲᠤᠷᠠᠠ ᠠᠵᠢᠯᠯᠠᠬᠤ ᠪᠠ ᠤᠯᠤᠰ ᠲᠦᠷᠦ᠎ᠶ᠋ᠢᠨ ᠵᠦᠪᠯᠡᠯᠭᠡ ᠬᠢᠬᠦ᠌ ᠪᠠᠢᠭᠤᠯᠤᠮᠵᠢ᠂ ᠠᠷᠠᠳ᠎ᠤᠨ ᠠᠷᠠᠳᠴᠢᠯᠠᠯ᠎ᠤᠨ ᠴᠢᠬᠤᠯᠠ ᠪᠡᠶᠡᠯᠡᠯ᠎ᠤᠨ ᠬᠡᠯᠪᠡᠷᠢ ᠪᠤᠯᠤᠭ᠍ᠰᠠᠠ᠎ᠤ ᠬᠤᠪᠢ᠎ᠳᠤ᠂ ᠠᠷᠠᠳ᠎ᠤᠨ ᠤᠯᠤᠰ ᠲᠦᠷᠦ᠎ᠶ᠋ᠢᠨ ᠵᠦᠪᠯᠡᠯᠭᠡᠡ ᠪᠤᠯ ᠲᠤᠰᠭᠠᠢ ᠵᠦᠪᠯᠡᠯᠭᠡ ᠬᠢᠬᠦ᠌ ᠪᠠᠢᠭᠤᠯᠤᠮᠵᠢ ᠮᠦᠨ᠂ ᠲᠤᠮᠲᠠᠲᠤ ᠤᠯᠤᠰ᠎ᠤᠨ ᠤᠨᠴᠠᠯᠢᠭ᠎ᠲᠠᠢ ᠪᠠᠢᠭᠤᠯᠤᠯ᠎ᠤᠨ ᠲᠤᠬᠢᠷᠠᠭᠤᠯᠤᠯᠲᠠ ᠮᠦᠨ᠂ ᠲᠤᠮᠲᠠᠲᠤ ᠤᠯᠤᠰ᠎ᠤᠨ ᠤᠠᠴᠠᠯᠢᠭ᠎ᠲᠠᠢ ᠨᠡᠢᠭᠡᠮ ᠵᠢᠷᠤᠮ᠎ᠢ ᠪᠠᠷᠢᠮᠲᠠᠯᠠᠠ ᠬᠦᠭ᠌ᠵᠢᠭᠦᠯᠬᠦ᠌᠎ᠪᠠᠷ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠦᠷᠦ᠎ᠶ᠋ᠢᠨ ᠰᠠᠭᠤᠷᠢ᠎ᠶ᠋ᠢ ᠪᠠᠬᠢᠵᠢᠭᠦᠯᠬᠦ᠌ ᠭᠤᠤᠯ ᠲᠡᠩᠭᠡᠯᠢᠭ᠎ᠢᠶᠠᠨ ᠪᠤᠯᠭᠠᠠ᠂ 《ᠬᠤᠤᠰ ᠵᠠᠭᠤᠨ ᠵᠢᠯ》 ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠤ ᠦᠢᠯᠡᠴᠢᠯᠡᠬᠦ᠌᠎ᠶ᠋ᠢ ᠠᠵᠢᠯ᠎ᠤᠨ ᠭᠤᠤᠯ ᠱᠢᠵᠢᠮ᠎ᠢᠶᠠᠨ ᠪᠤᠯᠭᠠᠵᠦ᠍᠂ ᠦᠵᠡᠯ ᠰᠠᠨᠠᠭ᠎ᠠ ᠤᠯᠤᠰ ᠲᠦᠷᠦ᠎ᠪᠠᠷ ᠬᠦᠲᠦᠯᠦᠨ ᠲᠠᠭᠠᠭᠤᠯᠬᠤ᠎ᠶ᠋ᠢ ᠴᠢᠩᠭᠠᠳᠭᠠᠬᠤ᠂ ᠬᠠᠮᠲᠤ᠎ᠶ᠋ᠢᠨ ᠲᠠᠨᠢᠯᠲᠠ᠎ᠶ᠋ᠢ ᠦᠷᠭᠡᠡ᠎ᠢᠶᠠᠷ ᠨᠢᠭ᠍ᠲᠠᠷᠠᠭᠤᠯᠬᠤ᠎ᠶ᠋ᠢ ᠭᠤᠤᠯ ᠭᠤᠭ᠍ᠴᠤᠭ᠎ᠠ᠎ᠪᠠᠨ ᠪᠤᠯᠭᠠᠠ᠂ ᠠᠷᠠᠳ᠎ᠤᠨ ᠤᠯᠤᠰ ᠲᠦᠷᠦ᠎ᠶ᠋ᠢᠨ ᠵᠦᠪᠯᠡᠯᠭᠡᠡ᠎ᠤ ᠪᠠᠢᠭᠤᠯᠤᠯ᠎ᠤᠨ ᠲᠠᠪᠠᠭᠤᠯᠢᠭ᠎ᠢ ᠤᠯᠤᠰ᠎ᠤᠨ ᠵᠠᠰᠠᠯᠲᠠ᠎ᠶ᠋ᠢᠨ ᠴᠢᠲᠠᠪᠤᠷᠢ ᠪᠤᠯᠭᠠᠠ ᠬᠤᠪᠢᠷᠠᠭᠤᠯᠵᠦ᠍᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠬᠠᠷᠠᠯᠲᠠ ᠡᠬᠦᠷᠭᠡ᠎ᠶ᠋ᠢ ᠪᠡᠶᠡᠯᠡᠭᠦᠯᠬᠦ᠂ ᠱᠢᠨ᠎ᠠ ᠴᠠᠭ ᠦᠶ᠎ᠠ᠎ᠶ᠋ᠢᠨ ᠲᠤᠮᠲᠠᠲᠤ ᠤᠯᠤᠰ᠎ᠤᠨ ᠡᠪ ᠬᠠᠮᠲᠤ ᠨᠠᠮ᠎ᠤᠨ ᠲᠡᠤᠬᠡᠲᠦ ᠡᠬᠦᠷᠭᠡ᠎ᠶ᠋ᠢ ᠪᠡᠶᠡᠯᠡᠭᠦᠯᠬᠦ᠌᠎ᠳᠤ ᠰᠡᠳᠭᠢᠯ᠎ᠢᠶᠠᠨ ᠨᠢᠭᠡᠳᠭᠡᠨ ᠬᠦᠴᠤᠨ᠎ᠢᠶᠠᠨ ᠲᠦᠪᠯᠡᠷᠡᠭᠦᠯᠬᠦ᠌ ᠭᠡᠷᠡᠭ᠌ᠲᠡᠢ᠃
     ᠵᠦᠪᠳᠡᠯᠴᠡᠵᠤ ᠪᠠᠢᠭᠠᠳ ᠰᠠᠨᠠᠯ᠎ᠢᠶᠠᠨ ᠨᠢᠭᠡᠳᠭᠡᠵᠦ᠍᠂ ᠬᠠᠮᠳᠤᠷᠠᠯᠴᠠᠵᠦ᠍ ᠪᠠᠢᠭᠠᠳ ᠦᠢᠯᠡᠰ᠎ᠢᠶᠠᠨ ᠪᠦᠲᠦᠭᠡᠨ᠎ᠠ᠃ ᠤᠳᠤᠬᠠᠨ᠎ᠳᠤ ᠮᠠᠨ᠎ᠤ ᠤᠯᠤᠰ᠎ᠤᠨ ᠠᠵᠤ ᠠᠬᠤᠢ᠎ᠶ᠋ᠢᠨ ᠬᠦᠭ᠌ᠵᠢᠯᠳᠡ᠎ᠳᠤ ᠲᠤᠯᠭᠠᠷᠠᠵᠤ ᠪᠠᠢᠭ᠎ᠠ ᠦᠷᠢᠰᠦᠯᠳᠦᠭᠡᠨ ᠤᠷᠢᠳ ᠡᠮᠦᠨ᠎ᠠ ᠪᠠᠢᠭ᠎ᠠ ᠦᠭᠡᠢ ᠶᠤᠮ᠂ ᠡᠷᠬᠡᠪᠰᠢ ᠬᠦᠴᠢᠷ ᠪᠡᠷᠬᠡᠱᠢᠶᠡᠯ᠂ ᠠᠶᠤᠯ ᠲᠦᠭ᠌ᠰᠢᠭᠦᠷᠢ ᠪᠠ ᠲᠤᠭ᠍ᠳᠠᠭᠠᠯᠳᠤ ᠪᠤᠰᠤ ᠴᠢᠨᠠᠷ᠎ᠢ ᠭᠦᠢᠴᠡᠳ ᠵᠢᠱ᠌ᠢᠵᠦ᠍᠂ ᠲᠤᠯᠭᠠᠮ ᠪᠤᠳᠤᠯ᠎ᠢᠶᠠᠨ ᠦᠨᠡᠨ ᠬᠦ᠌ ᠴᠢᠩᠭᠠᠳᠭᠠᠨ᠂ ᠠᠵᠤ ᠠᠬᠤᠢ ᠨᠡᠢᠭᠡᠮ᠎ᠤᠨ ᠬᠦᠭ᠌ᠵᠢᠯᠳᠡ᠎ᠶ᠋ᠢᠨ ᠡᠯ᠎ᠠ ᠵᠦᠢᠯ᠎ᠤᠨ ᠠᠵᠢᠯ᠎ᠢ ᠪᠤᠳᠠᠳᠠᠢ ᠠᠳᠭᠤᠬᠤ ᠬᠡᠷᠡᠭ᠌ᠳᠠᠢ᠃ ᠠᠷᠠᠳ᠎ᠤᠨ ᠤᠯᠤᠰ ᠲᠦᠷᠦ᠎ᠶ᠋ᠢᠨ ᠵᠦᠪᠯᠡᠯᠭᠡᠨ᠎ᠨᠢ ᠰᠢ᠎ᠶ᠋ᠢᠨ ᠫᠢᠩ᠎ᠤᠨ ᠱᠢᠨ᠎ᠠ ᠴᠠᠭ ᠦᠶ᠎ᠠ᠎ᠶ᠋ᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠨ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠬᠠᠷᠠᠯᠳᠠ ᠡᠭᠦᠷᠭᠡ᠎ᠪᠠᠷ ᠭᠤᠤᠯᠳᠠᠭᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠤᠯᠤᠨ ᠠᠵᠤ ᠠᠬᠤᠢ ᠨᠡᠢᠭᠡᠮ᠎ᠤᠨ ᠬᠦᠭ᠌ᠵᠢᠯᠳᠡ᠎ᠶ᠋ᠢᠨ ᠠᠵᠢᠯ᠎ᠢ ᠨᠢᠭᠡᠳᠦᠯᠳᠠᠢ ᠲᠦᠯᠦᠪᠵᠢᠭᠦᠯᠦᠨ ᠠᠭᠢᠭᠤᠯᠬᠤ ᠲᠤᠬᠠᠢ ᠨᠠᠮ᠎ᠤᠨ ᠲᠦᠪ ᠬᠤᠷᠢᠶᠠᠨ᠎ᠤ ᠱᠢᠢᠳᠪᠦᠷᠢᠳᠤ ᠪᠤᠳᠤᠯᠭ᠎ᠠ ᠪᠠᠢᠷᠢᠯᠠᠭᠤᠯᠤᠯᠳᠠ᠎ᠶ᠋ᠢ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠪᠤᠳᠠᠳᠠᠢ ᠴᠢᠷᠮᠠᠢᠯᠭ᠎ᠠ ᠪᠤᠯᠭᠠᠵᠤ᠂ ᠠᠷᠠᠳ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠤᠯᠤᠰ ᠲᠦᠷᠦ᠎ᠶ᠋ᠢᠨ ᠵᠤᠬᠢᠶᠠᠨ ᠪᠠᠢᠭᠤᠯᠤᠯᠳᠠ ᠪᠠ ᠠᠷᠠᠳᠴᠢᠯᠠᠯ᠎ᠤᠨ ᠬᠡᠯᠪᠡᠷᠢ ᠪᠤᠯᠬᠤ ᠦᠢᠯᠡᠳᠦᠯ ᠴᠢᠳᠠᠪᠬᠢ᠎ᠶ᠋ᠢ ᠪᠠᠳᠠᠷᠠᠭᠤᠯᠵᠤ᠂ ᠤᠯᠤᠰ ᠲᠦᠷᠦ᠎ᠶ᠋ᠢᠨ ᠵᠦᠪᠯᠡᠯᠭᠡᠨ ᠬᠢᠬᠦ᠂ ᠠᠷᠠᠳᠴᠢᠯᠡᠯ᠎ᠢᠶᠠᠷ ᠬᠢᠨᠠᠯᠳᠠ ᠲᠠᠯᠪᠢᠬᠤ᠂ ᠲᠦᠷᠦ᠎ᠶ᠋ᠢᠨ ᠶᠠᠪᠤᠳᠠᠯ᠎ᠳᠤ ᠤᠷᠤᠯᠴᠠᠵᠤ ᠲᠦᠷᠦ᠎ᠶ᠋ᠢᠨ ᠶᠠᠪᠤᠳᠠᠯ᠎ᠢ ᠵᠦᠪᠯᠡᠬᠦ᠌ ᠲᠦᠪᠱᠢᠨ᠎ᠢᠶᠠᠨ ᠳᠡᠭᠡᠭ᠌ᠰᠢᠯᠡᠭᠦᠯᠤᠨ᠂ ᠬᠠᠮᠳᠦ᠎ᠶ᠋ᠢᠨ ᠲᠠᠨᠢᠯᠳᠠ᠎ᠶ᠋ᠢ ᠨᠡᠩ ᠰᠠᠢᠨ᠎ᠢᠶᠠᠷ ᠨᠢᠭ᠍ᠳᠠᠷᠠᠭᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠬᠦ᠂ ᠬᠦᠭ᠌ᠵᠢᠯᠳᠡ᠎ᠶ᠋ᠢ ᠠᠬᠢᠭᠤᠯᠬᠤ᠎ᠳᠤ ᠦᠷᠭᠦᠯᠵᠢᠯᠡᠨ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠳᠠᠷᠠᠭᠤᠯᠵᠤ᠂ 《ᠵᠢᠷᠭᠤᠭ᠎ᠠ᠎ᠶ᠋ᠢ ᠲᠤᠭ᠍ᠳᠠᠪᠤᠷᠢᠵᠢᠭᠤᠯᠬᠤ》 ᠠᠵᠢᠯ᠎ᠢ ᠰᠠᠢᠳᠤᠷ ᠬᠢᠬᠦ᠂ 《ᠵᠢᠷᠭᠤᠭ᠎ᠠ᠎ᠶ᠋ᠢ ᠪᠠᠳᠤᠯᠠᠬᠤ》 ᠡᠭᠦᠷᠭᠡ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭ᠌ᠳᠠᠢ᠃ ᠠᠷᠠᠳ᠎ᠤᠨ ᠤᠯᠤᠰ ᠲᠦᠷᠦ᠎ᠶ᠋ᠢᠨ ᠵᠦᠪᠯᠡᠯᠭᠡᠨ ᠪᠤᠯ ᠨᠠᠮ᠎ᠤᠨ ᠡᠯ᠎ᠠ ᠵᠦᠢᠯ᠎ᠤᠨ ᠠᠵᠢᠯ᠎ᠳᠠᠬᠢ ᠤᠳᠤᠷᠢᠳᠤᠯᠭ᠎ᠠ᠎ᠶ᠋ᠢ ᠪᠠᠷᠢᠮᠳᠠᠯᠠᠨ ᠴᠢᠩᠭᠠᠳᠭᠠᠬᠤ ᠴᠢᠬᠤᠯᠠ ᠵᠢᠬ᠍ᠰᠠᠭᠠᠯ᠎ᠤᠨ ᠭᠠᠵᠠᠷ ᠪᠤᠯᠤᠨ᠎ᠠ᠂ ᠨᠠᠮ᠎ᠤᠨ ᠱᠢᠨ᠎ᠠ᠎ᠶ᠋ᠢ ᠡᠭᠦᠳᠬᠦ᠌ ᠤᠨᠤᠯ᠎ᠢᠶᠠᠷ ᠡᠯ᠎ᠠ ᠦᠨᠳᠦᠰᠦᠳᠡᠨ ᠡᠯ᠎ᠠ ᠡᠳᠡᠭᠡᠳ᠎ᠤᠨ ᠲᠦᠯᠦᠭᠡᠯᠡᠭ᠌ᠴᠢ ᠬᠦᠮᠦᠰ᠎ᠢ ᠪᠦᠯᠬᠦᠮᠳᠡᠭᠦᠯᠦᠨ ᠬᠦᠮᠦᠵᠢᠭᠦᠯᠵᠤ ᠵᠢᠯᠤᠭᠤᠳᠭᠤ ᠴᠢᠬᠤᠯᠠ ᠲᠠᠪᠴᠠᠩ ᠪᠤᠯᠤᠨ᠎ᠠ᠂ ᠬᠠᠮᠳᠦ᠎ᠶ᠋ᠢᠨ ᠦᠵᠡᠯ ᠰᠠᠨᠠᠭ᠎ᠠ ᠤᠯᠤᠰ ᠲᠦᠷᠦ᠎ᠶ᠋ᠢᠨ ᠰᠠᠭᠤᠷᠢᠨ ᠳᠡᠭᠡᠷ᠎ᠠ ᠵᠦᠷᠢᠴᠡᠯ᠎ᠢ ᠱᠢᠢᠳᠪᠦᠷᠢᠯᠡᠬᠦ᠌ ᠪᠠ ᠬᠠᠮᠳᠦ᠎ᠶ᠋ᠢᠨ ᠲᠠᠨᠢᠯᠳᠠ᠎ᠶ᠋ᠢ ᠨᠢᠭ᠍ᠳᠠᠷᠠᠭᠤᠯᠬᠤ ᠴᠢᠬᠤᠯᠠ ᠠᠷᠭ᠎ᠠ ᠵᠠᠮ ᠪᠤᠯᠤᠨ᠎ᠠ᠂ ᠲᠡᠢᠮᠤ ᠪᠤᠯᠬᠤᠷ ᠦᠢᠯᠡᠳᠦᠯ ᠴᠢᠳᠠᠪᠬᠢ᠎ᠪᠠᠨ ᠭᠦᠢᠴᠡᠳ ᠪᠠᠳᠠᠷᠠᠭᠤᠯᠵᠤ᠂ ᠶᠡᠭᠡ ᠪᠦᠯᠬᠦᠮᠳᠡᠯ ᠶᠡᠭᠡ ᠬᠤᠯᠪᠤᠭᠠᠯᠠᠯ᠎ᠢ ᠪᠠᠷᠢᠮᠳᠠᠯᠠᠨ᠂ ᠨᠢᠭᠡᠳᠦᠯᠳᠤ ᠴᠢᠨᠠᠷ ᠪᠠ ᠤᠯᠠᠨ ᠶᠠᠩᠵᠤᠳᠤ ᠴᠢᠨᠠᠷ᠎ᠢ ᠤᠶᠠᠯᠳᠤᠭᠤᠯᠬᠤ᠎ᠶ᠋ᠢ ᠪᠠᠷᠢᠮᠳᠠᠯᠠᠵᠤ᠂ ᠦᠵᠡᠯ ᠰᠠᠨᠠᠭ᠎ᠠ ᠤᠯᠤᠰ ᠲᠦᠷᠦ᠎ᠶ᠋ᠢᠨ ᠰᠠᠭᠤᠷᠢ᠎ᠶ᠋ᠢ ᠲᠠᠰᠤᠷᠠᠯᠳᠠ ᠦᠭᠡᠢ ᠪᠠᠬᠢᠵᠢᠭᠦᠯᠤᠨ᠂ ᠬᠠᠮᠤᠭ᠎ᠤᠨ ᠶᠡᠭᠡ ᠶᠡᠷᠦᠩᠬᠡᠢ ᠬᠤᠷᠢᠶᠠᠭ᠍ᠴᠢ ᠲᠤᠭ᠎ᠠ᠎ᠶ᠋ᠢ ᠴᠢᠷᠮᠠᠢᠨ ᠡᠷᠢᠯᠬᠢᠯᠡᠵᠤ᠂ ᠬᠠᠮᠤᠭ᠎ᠤᠨ ᠶᠡᠭᠡ ᠢᠵᠢᠯᠢ ᠲᠦᠪᠳᠤ ᠲᠤᠭᠤᠷᠢᠭ᠎ᠢ ᠵᠢᠷᠤᠵᠤ᠂ ᠦᠨᠳᠦᠰᠦᠳᠡᠨ᠎ᠤ ᠰᠡᠷᠭᠦᠨ ᠮᠠᠨᠳᠤᠯᠳᠠ᠎ᠶ᠋ᠢᠨ ᠠᠭᠤᠤ ᠦᠢᠯᠡᠰ᠎ᠢ ᠬᠠᠮᠳᠤ᠎ᠪᠠᠷ ᠪᠡᠶᠡᠯᠡᠭᠦᠯᠬᠦ᠌ ᠬᠡᠷᠡᠭ᠌ᠳᠠᠢ᠃
     《ᠲᠦᠮᠡᠨ᠎ᠤ ᠬᠦᠴᠦ᠎ᠶ᠋ᠢ ᠬᠠᠮᠳᠤᠳᠭᠠᠪᠠᠰᠤ ᠢᠯᠠᠬᠤ ᠦᠭᠡᠢ ᠤᠴᠢᠷ ᠦᠭᠡᠢ; ᠤᠯᠠᠨ᠎ᠤ ᠤᠬᠠᠭᠠᠨ᠎ᠢ ᠨᠢᠭᠡᠳᠭᠡᠪᠡᠰᠤ ᠪᠦᠳᠦᠬᠦ᠌ ᠦᠭᠡᠢ ᠶᠠᠪᠤᠳᠠᠯ ᠠᠯᠠᠭ᠎ᠠ》᠃ 《ᠬᠤᠤᠰ ᠵᠠᠭᠤᠨ ᠵᠢᠯ》 ᠎ᠤᠨ ᠲᠡᠮᠡᠴᠡᠬᠦ᠌ ᠬᠠᠷᠠᠯᠳᠠ᠎ᠶ᠋ᠢ ᠪᠡᠶᠡᠯᠡᠭᠦᠯᠬᠦ᠌ ᠲᠡᠤᠬᠡᠨ ᠰᠤᠯᠪᠢᠴᠠᠯ᠎ᠤᠨ ᠴᠡᠭ᠎ᠲᠤ ᠵᠤᠭ᠍ᠰᠤᠵᠤ᠂ ᠤᠯᠤᠰ ᠲᠦᠷᠦ᠎ᠶ᠋ᠢᠨ ᠵᠦᠪᠯᠡᠯᠭᠡᠨ᠎ᠤ ᠡᠭᠦᠷᠭᠡ ᠦᠩᠭᠡ ᠭᠡᠷᠡᠯᠳᠠᠢ᠂ ᠬᠠᠷᠢᠭᠤᠴᠠᠯᠭ᠎ᠠ ᠬᠦᠨᠳᠦ ᠶᠡᠭᠡ ᠪᠠᠢᠨ᠎ᠠ᠃ ᠭᠡᠱᠢᠭᠦᠳ ᠤᠯᠤᠰ ᠭᠦ᠍ᠷᠦᠨ᠎ᠤ ᠲᠦᠯᠦᠭᠡ ᠲᠤᠱᠢᠶᠠᠯ᠎ᠢᠶᠠᠨ ᠭᠦᠢᠴᠡᠳᠭᠡᠬᠦ᠂ ᠠᠷᠠᠳ ᠲᠦᠮᠡᠨ᠎ᠤ ᠲᠦᠯᠦᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠰᠡᠳᠭᠢᠯᠭᠡ ᠪᠠ ᠡᠭᠦᠷᠭᠡᠯᠡᠯ᠎ᠢᠶᠠᠷ ᠠᠵᠢᠯ ᠦᠢᠯᠡᠰ᠎ᠢᠶᠠᠨ ᠪᠤᠳᠤᠵᠦ᠍᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠨ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠱᠢᠢᠳᠪᠦᠷᠢᠳᠤ ᠢᠯᠠᠯᠳᠠ᠎ᠶ᠋ᠢ ᠤᠯᠬᠤ᠂ ᠱᠢᠨ᠎ᠠ ᠴᠠᠭ ᠦᠶ᠎ᠠ᠎ᠶ᠋ᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮ᠎ᠤᠨ ᠱᠢᠨ᠎ᠠ ᠬᠠᠭᠤᠳᠠᠰᠤ᠎ᠶ᠋ᠢ ᠪᠢᠴᠢᠭ᠌ᠯᠡᠬᠦ᠂ ᠳᠤᠮᠳᠠᠳᠤ᠎ᠶ᠋ᠢᠨ ᠦᠨᠳᠦᠰᠦᠳᠡᠨ᠎ᠤ ᠠᠭᠤᠤ ᠶᠡᠭᠡ ᠰᠡᠷᠭᠦᠨ ᠮᠠᠨᠳᠤᠯᠳᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠳᠤ ᠨᠡᠩ ᠶᠡᠭᠡ ᠱᠢᠨ᠎ᠠ ᠬᠤᠪᠢ ᠨᠡᠮᠡᠷᠢ ᠦᠵᠡᠭᠦᠯᠬᠦ᠌᠎ᠶ᠋ᠢ ᠬᠦᠰᠡᠨ ᠬᠦᠯᠢᠶᠡᠵᠤ ᠪᠠᠢᠨ᠎ᠠ!
     ᠶᠡᠭᠡ ᠬᠤᠷᠠᠯ᠎ᠤᠨ ᠲᠡᠭᠦᠰ ᠠᠮᠵᠢᠯᠳᠠ ᠤᠯᠬᠤ᠎ᠶ᠋ᠢ ᠵᠦᠩᠨᠡᠶ᠎ᠡ!
     (ᠱᠢᠨᠬᠤᠸᠠ ᠬᠤᠷᠢᠶᠠᠨ᠎ᠤ ᠪᠡᠬᠡᠵᠢᠩ᠎ᠤᠨ 5 ᠰᠠᠷ᠎ᠠ᠎ᠶ᠋ᠢᠨ 20 ᠎ᠤ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠱᠢᠨᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号