ᠪᠠᠢᠭᠤᠯᠤᠯ᠎ᠤᠨ ᠳᠠᠪᠠᠭᠤᠯᠢᠭ᠎ᠢ ᠬᠦᠭ᠌ᠵᠢᠬᠡᠵᠥ᠍ ᠳᠡᠮᠡᠴᠡᠯ᠎ᠤᠨ ᠠᠤᠭ᠎ᠠ ᠬᠦᠴᠦᠨ᠎ᠢ ᠨᠢᠬ᠍ᠳᠠᠷᠠᠭᠤᠯᠰᠤᠭᠠᠢ -- ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠳᠦᠯᠦᠬᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ ᠡᠬᠢᠯᠡᠭ᠌ᠰᠡᠨ᠎ᠳᠤ ᠬᠠᠯᠠᠭᠤᠨ ᠪᠠᠶᠠᠷ ᠬᠦᠷᠭᠡᠶ᠎ᠡ
2020-05-22 10:23:22
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆
ᠵᠣᠨ᠎ᠤ ᠡᠬᠢᠨ ᠰᠠᠷ᠎ᠠ᠎ᠳᠤ ᠡᠪᠡᠰᠤ ᠮᠤᠳᠤ ᠨᠤᠭᠤᠭᠠᠷᠠᠭᠠᠳ ᠤᠯᠠᠷᠢᠯ᠎ᠤᠨ ᠰᠠᠢᠬᠠᠨ᠎ᠢ ᠭᠠᠢᠬᠠᠭᠤᠯᠤᠨ᠎ᠠ᠃ ᠡᠨᠡ ᠡᠳᠤᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠳᠦᠯᠦᠬᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ ᠳᠦᠮᠡᠨ ᠤᠯᠠᠨ᠎ᠤ ᠠᠩᠬᠠᠷᠤᠯ ᠳᠤᠮᠳᠠ ᠡᠬᠢᠯᠡᠯ᠎ᠠ᠃ ᠪᠦᠬᠦ᠌ ᠤᠯᠤᠰ᠎ᠤᠨ ᠠᠷᠠᠳ᠎ᠤᠨ ᠳᠦᠯᠦᠬᠡᠯᠡᠭ᠌ᠴᠢᠳ᠎ᠤᠨ ᠶᠡᠭᠡ ᠬᠤᠷᠠᠯ᠎ᠤᠨ 3000 ᠱᠢᠬᠠᠮ ᠳᠦᠯᠦᠬᠡᠯᠡᠭ᠌ᠴᠢ ᠠᠷᠠᠳ ᠳᠦᠮᠡᠨ᠎ᠤ ᠬᠦᠨᠳᠤ ᠨᠠᠢᠳᠠᠯᠭ᠎ᠠ᠎ᠶ᠋ᠢ ᠡᠬᠦᠷᠬᠡᠯᠡᠨ ᠪᠡᠬᠡᠵᠢᠩ᠎ᠳᠤ ᠴᠤᠬ᠍ᠯᠠᠷᠠᠨ ᠲᠦᠷᠦ᠎ᠶ᠋ᠢᠨ ᠶᠠᠪᠤᠳᠠᠯ᠎ᠢ ᠬᠠᠮᠳᠤ᠎ᠪᠠᠷ ᠵᠦᠪᠯᠡᠵᠥ᠍᠂ ᠴᠢᠨᠡᠬᠡᠯᠢᠭ ᠨᠡᠢᠬᠡᠮ᠎ᠢ ᠪᠦᠬᠦ᠌ ᠳᠠᠯ᠎ᠠ᠎ᠪᠠᠷ ᠪᠡᠶᠡᠯᠡᠬᠦᠯᠬᠦ᠌ ᠱᠢᠢᠳᠪᠦᠷᠢᠳᠤ ᠢᠯᠠᠯᠳᠠ᠎ᠶ᠋ᠢ ᠤᠯᠬᠤ ᠠᠷᠭ᠎ᠠ ᠪᠤᠳᠤᠯᠭ᠎ᠠ᠎ᠶ᠋ᠢ ᠰᠦᠪᠡᠭ᠌ᠴᠢᠯᠡᠵᠦ᠍᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠪᠠ ᠠᠵᠥ᠍ ᠠᠬᠤᠢ ᠨᠡᠢᠬᠡᠮ᠎ᠤᠨ ᠬᠦᠭ᠌ᠵᠢᠯᠳᠡ᠎ᠶ᠋ᠢ ᠨᠢᠬᠡᠳᠦᠯᠳᠡᠢ ᠳᠦᠯᠦᠪᠵᠢᠬᠦᠯᠦᠨ ᠠᠬᠢᠭᠤᠯᠬᠤ ᠤᠯᠠᠨ᠎ᠤ ᠰᠡᠳᠭᠢᠯ᠎ᠢ ᠨᠢᠭᠡᠳᠭᠡᠨ ᠲᠦᠮᠡᠨ᠎ᠤ ᠬᠦᠴᠦᠨ᠎ᠢ ᠳᠦᠪᠯᠡᠷᠡᠬᠦᠯᠦᠨ᠎ᠡ᠃ ᠪᠢᠳᠡ ᠶᠡᠭᠡ ᠬᠤᠷᠠᠯ᠎ᠤᠨ ᠡᠬᠢᠯᠡᠭ᠌ᠰᠡᠨ᠎ᠳᠤ ᠬᠠᠯᠠᠭᠤᠨ ᠪᠠᠶᠠᠷ ᠬᠦᠷᠬᠡᠵᠥ᠍ ᠪᠠᠢᠬᠤ᠎ᠪᠠᠨ ᠢᠯᠡᠳᠭᠡᠶ᠎ᠡ!
ᠬᠤᠯᠠ ᠬᠡᠮᠡᠨ ᠪᠤᠤ ᠴᠦᠬᠦ᠌ ᠶᠠᠪᠤᠪᠠᠰᠤ ᠬᠦᠷᠦᠶᠦ᠍᠂ ᠬᠦᠨᠳᠤ ᠬᠡᠮᠡᠨ ᠪᠤᠤ ᠠᠶᠦ᠍ ᠡᠷᠭᠦᠪᠡᠰᠤ ᠳᠠᠭᠠᠭᠠᠶᠤ᠃ ᠦᠩᠬᠡᠷᠡᠭ᠌ᠰᠡᠨ ᠨᠢᠭᠡ ᠵᠢᠯ᠎ᠳᠤ᠂ ᠮᠠᠨ᠎ᠤ ᠤᠯᠤᠰ᠎ᠤᠨ ᠬᠦᠭ᠌ᠵᠢᠯᠳᠡ ᠠᠯᠢ ᠤᠯᠠᠨ ᠬᠦᠴᠢᠷ ᠪᠡᠷᠬᠡᠱᠢᠶᠠᠯ ᠦᠷᠢᠰᠦᠯᠳᠦᠬᠡᠨ᠎ᠳᠤ ᠳᠤᠯᠭᠠᠷᠠᠵᠤ᠂ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠬ᠍ᠰᠠᠨ ᠨᠠᠮ᠎ᠤᠨ ᠳᠦᠪ ᠬᠤᠷᠢᠶ᠎ᠠ ᠪᠦᠬᠦ᠌ ᠤᠯᠤᠰ᠎ᠤᠨ ᠦᠨᠳᠦᠰᠦᠳᠡᠨ᠎ᠨᠦᠭᠦᠳ᠎ᠤᠨ ᠠᠷᠠᠳ ᠳᠦᠮᠡᠨ᠎ᠢ ᠪᠦᠯᠬᠦᠮᠳᠡᠬᠦᠯᠦᠨ ᠳᠠᠢᠴᠢᠯᠠᠵᠥ᠍ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠵᠥ᠍᠂ ᠪᠦᠬᠦ᠌ ᠵᠢᠯ᠎ᠤᠨ ᠭᠤᠤᠯ ᠬᠠᠷᠠᠯᠳᠠ ᠡᠬᠦᠷᠬᠡ᠎ᠪᠠᠨ ᠪᠡᠶᠡᠯᠡᠬᠦᠯᠤᠨ᠂ ᠴᠢᠨᠡᠬᠡᠯᠢᠭ ᠨᠡᠢᠬᠡᠮ᠎ᠢ ᠪᠦᠬᠦ᠌ ᠳᠠᠯ᠎ᠠ᠎ᠪᠠᠷ ᠪᠡᠶᠡᠯᠡᠬᠦᠯᠬᠦ᠌᠎ᠳᠤ ᠱᠢᠢᠳᠪᠦᠷᠢᠳᠤ ᠴᠢᠨᠠᠷᠳᠠᠢ ᠰᠠᠭᠤᠷᠢ᠎ᠶ᠋ᠢ ᠳᠠᠯᠪᠢᠵᠠᠢ᠃ ᠱᠢᠨ᠎ᠡ ᠳᠢᠳᠢᠮᠯᠢᠭ ᠠᠭᠤᠰᠭᠢᠨ ᠦᠷᠪᠢᠰᠤᠯ᠎ᠤᠨ ᠬᠢᠵᠢᠭ᠎ᠤᠨ ᠪᠠᠢᠳᠠᠯ ᠭᠠᠷᠤᠬ᠍ᠰᠠᠨ᠎ᠤ ᠳᠠᠷᠠᠭ᠎ᠠ᠂ ᠨᠠᠮ᠎ᠤᠨ ᠳᠦᠪ ᠬᠤᠷᠢᠶ᠎ᠠ᠎ᠠᠴᠠ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌᠎ᠶ᠋ᠢ ᠳᠡᠷᠢᠬᠦᠨ ᠴᠢᠬᠤᠯᠠ ᠶᠠᠪᠤᠳᠠᠯ ᠪᠤᠯᠭᠠᠨ ᠠᠳᠭᠤᠵᠥ᠍᠂ ᠶᠡᠷᠦᠩᠬᠡᠢ ᠱᠦᠵᠢ ᠰᠢ᠎ᠶ᠋ᠢᠨ ᠫᠢᠩ ᠪᠡᠶ᠎ᠡ᠎ᠪᠠᠷ᠎ᠢᠶᠠᠨ ᠵᠢᠯᠤᠭᠤᠳᠴᠤ᠌᠂ ᠪᠡᠶ᠎ᠡ᠎ᠪᠠᠷ᠎ᠢᠶᠠᠨ ᠪᠠᠢᠷᠢᠯᠠᠭᠤᠯᠤᠨ᠂ ᠠᠷᠠᠳ ᠳᠦᠮᠡᠨ᠎ᠤ ᠠᠮᠢ ᠨᠠᠰᠤᠨ᠎ᠤ ᠠᠮᠤᠷ ᠳᠦᠪᠱᠢᠨ ᠪᠠ ᠪᠠᠶ᠎ᠡ ᠮᠠᠬᠠᠪᠤᠳ᠎ᠤᠨ ᠡᠷᠡᠬᠦᠯ ᠮᠠᠨᠳᠤ᠎ᠶ᠋ᠢ ᠳᠡᠷᠢᠬᠦᠨ᠎ᠳᠤ ᠳᠠᠯᠪᠢᠬᠤ᠎ᠶ᠋ᠢ ᠪᠠᠷᠢᠮᠳᠠᠯᠠᠵᠤ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠳᠡᠨ᠎ᠨᠦᠭᠦᠳ᠎ᠤᠨ ᠠᠷᠠᠳ ᠳᠦᠮᠡᠨ᠎ᠢ ᠤᠳᠤᠷᠢᠳᠤᠨ ᠬᠢᠵᠢᠭ᠎ᠤᠨ ᠪᠠᠢᠳᠠᠯ᠎ᠢ ᠰᠠᠷᠬᠡᠢᠯᠡᠨ ᠡᠵᠡᠮᠳᠡᠬᠦ᠌ ᠠᠷᠠᠳ᠎ᠤᠨ ᠳᠠᠢᠨ᠂ ᠶᠡᠷᠦᠩᠬᠡᠢ ᠳᠠᠢᠯᠠᠯᠳᠤᠭᠠᠨ᠂ ᠬᠤᠷᠢᠬ᠍ᠯᠠᠯᠳᠠ᠎ᠶ᠋ᠢᠨ ᠳᠠᠢᠯᠠᠯᠳᠤᠭᠠᠨ᠎ᠢ ᠰᠠᠢᠳᠤᠷ ᠬᠢᠪᠡ᠃ ᠪᠡᠷᠬᠡ ᠬᠠᠳᠠᠭᠤᠵᠢᠯᠳᠠᠢ ᠴᠢᠷᠮᠠᠢᠯᠭ᠎ᠠ᠎ᠪᠠᠷ ᠳᠠᠮᠵᠢᠨ ᠦᠬᠠᠨ᠎ᠢ ᠬᠠᠮᠠᠭᠠᠯᠠᠬᠤ ᠳᠠᠢᠯᠠᠯᠳᠤᠭᠠᠨ᠂ ᠬᠤᠪᠸᠢ᠎ᠶ᠋ᠢ ᠬᠠᠮᠠᠭᠠᠯᠠᠬᠤ ᠳᠠᠢᠯᠠᠯᠳᠤᠭᠠᠨ ᠱᠢᠢᠳᠪᠦᠷᠢᠳᠤ ᠴᠢᠨᠠᠷᠳᠠᠢ ᠦᠷ᠎ᠡ ᠪᠦᠲᠦᠭᠡᠯ ᠤᠯᠵᠥ᠍᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠬᠤᠷᠢᠬ᠍ᠯᠠᠯᠳᠠ᠎ᠶ᠋ᠢᠨ ᠳᠠᠢᠯᠠᠯᠳᠤᠭᠠᠨ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠦᠷ᠎ᠡ ᠪᠦᠲᠦᠭᠡᠯ ᠤᠯᠵᠥ᠍᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠪᠠ ᠠᠵᠥ᠍ ᠠᠬᠤᠢ ᠨᠡᠢᠬᠡᠮ᠎ᠤᠨ ᠬᠦᠭ᠌ᠵᠢᠯᠳᠡ᠎ᠶ᠋ᠢ ᠨᠢᠬᠡᠳᠦᠯᠳᠡᠢ ᠳᠦᠯᠦᠪᠵᠢᠬᠦᠯᠤᠨ ᠠᠬᠢᠭᠤᠯᠬᠤ ᠠᠵᠢᠯ ᠢᠳᠡᠪᠬᠢᠳᠠᠢ ᠦᠷ᠎ᠡ ᠪᠦᠲᠦᠮᠵᠢ ᠤᠯᠤᠬ᠍ᠰᠠᠨ ᠪᠠᠢᠨ᠎ᠠ᠃ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ ᠵᠢᠴᠢ ᠲᠡᠬᠦᠨ᠎ᠤ ᠪᠠᠢᠩᠭᠤ᠎ᠶ᠋ᠢᠨ ᠬᠤᠷᠢᠶ᠎ᠡ ᠨᠠᠮ᠎ᠤᠨ ᠲᠦᠪ ᠬᠤᠷᠢᠶᠡᠨ᠎ᠤ ᠱᠢᠢᠳᠪᠤᠷᠢᠳᠤ ᠪᠤᠳᠤᠯᠭ᠎ᠠ ᠪᠠᠢᠷᠢᠯᠠᠭᠤᠯᠤᠯᠳᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠥ᠍᠂ ᠠᠷᠠᠳ ᠲᠦᠮᠡᠨ᠎ᠤ ᠠᠩᠬᠠᠷᠴᠦ᠍ ᠪᠠᠢᠭ᠎ᠠ ᠠᠰᠠᠭᠤᠳᠠᠯ᠎ᠳᠤ ᠢᠳᠡᠪᠬᠢᠳᠡᠢ᠎ᠪᠠᠷ ᠬᠠᠷᠢᠭᠤᠯᠳᠠ ᠦᠭ᠌ᠴᠦ᠂ ᠤᠯᠠᠨ ᠲᠦᠮᠡᠨ᠎ᠤ ᠠᠩᠬᠠᠷᠴᠦ᠍ ᠪᠠᠢᠭ᠎ᠠ ᠲᠤᠪᠤᠢᠮ᠎ᠠ ᠠᠰᠠᠭᠤᠳᠠᠯ᠎ᠢ ᠱᠢᠢᠳᠪᠤᠷᠢᠯᠡᠬᠦ᠌᠎ᠶ᠋ᠢ ᠠᠬᠢᠭᠤᠯᠤᠨ᠂ ᠬᠠᠤᠯᠢ ᠲᠤᠭ᠍ᠳᠠᠭᠠᠬᠤ᠂ ᠬᠢᠨᠠᠯᠳᠠ ᠲᠠᠯᠪᠢᠬᠤ᠂ ᠲᠦᠯᠦᠭᠡᠯᠡᠭ᠌ᠴᠢ᠎ᠶ᠋ᠢᠨ ᠠᠵᠢᠯ᠂ ᠭᠠᠳᠠᠭᠠᠳᠤ ᠶᠠᠪᠤᠯᠴᠠᠭ᠎ᠠ᠂ ᠲᠤᠰ ᠪᠡᠶ᠎ᠡ᠎ᠶ᠋ᠢᠨ ᠪᠠᠢᠭᠤᠯᠤᠯᠳᠠ ᠵᠡᠷᠬᠡ ᠲᠡᠯ᠎ᠡ᠎ᠪᠠᠷ ᠪᠦᠷ ᠱᠢᠨ᠎ᠡ ᠠᠬᠢᠴᠠ ᠱᠢᠨ᠎ᠡ ᠠᠮᠵᠢᠯᠳᠡ ᠪᠦᠳᠤᠮᠵᠢ ᠤᠯᠤᠬ᠍ᠰᠠᠠ ᠪᠠᠢᠨ᠎ᠠ᠃ ᠤᠨᠴᠠᠭᠠᠢᠯᠠᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠬᠤᠭᠤᠴᠠᠭᠠᠨ᠎ᠳᠤ᠂ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠪᠠᠢᠩᠭᠤ᠎ᠶ᠋ᠢᠨ ᠬᠤᠷᠢᠶ᠎ᠡ ᠬᠠᠤᠯᠢ ᠶᠤᠰᠤᠭᠠᠷ ᠲᠤᠱᠢᠶᠠᠯ ᠬᠠᠷᠢᠭᠤᠴᠠᠯᠭ᠎ᠠ᠎ᠪᠠᠨ ᠬᠦᠢᠴᠡᠳᠭᠡᠨ᠂ 《ᠬᠡᠬᠡᠷ᠎ᠡ᠎ᠶ᠋ᠢᠨ ᠠᠮᠢᠳᠠᠨ᠎ᠢ ᠬᠠᠤᠯᠢ ᠪᠤᠰᠤ᠎ᠪᠠᠷ ᠠᠷᠠᠯᠵᠢᠶᠠᠯᠠᠬᠤ᠎ᠶ᠋ᠢ ᠪᠦᠬᠦ᠌ ᠲᠡᠯ᠎ᠡ᠎ᠪᠠᠷ ᠴᠠᠭᠠᠵᠠᠯᠠᠵᠥ᠍᠂ ᠬᠡᠬᠡᠷ᠎ᠡ᠎ᠶ᠋ᠢᠨ ᠠᠮᠢᠳᠠᠨ᠎ᠢ ᠲᠤᠷ᠎ᠡ᠎ᠪᠠᠷ᠎ᠢᠶᠠᠨ ᠢᠳᠡᠬᠦ᠌ ᠮᠠᠭᠤᠬᠠᠢ ᠲᠠᠳᠭᠠᠯᠢ ᠠᠷᠢᠯᠭᠠᠨ᠂ ᠠᠷᠠᠳ ᠤᠯᠠᠨ᠎ᠤ ᠠᠮᠢ ᠨᠠᠰᠤ ᠡᠷᠡᠬᠦᠯ ᠮᠡᠨᠳᠤ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠳᠤᠯᠠᠬᠤ ᠲᠤᠬᠠᠢ ᠲᠤᠭ᠍ᠳᠠᠭᠠᠯ》 ᠢ ᠴᠠᠭ ᠲᠤᠬᠠᠢᠳᠤᠨᠢ ᠲᠤᠭ᠍ᠳᠠᠭᠠᠨ ᠨᠡᠢᠳᠡᠯᠡᠵᠦ᠍᠂ ᠤᠯᠠᠨ ᠨᠠᠢᠳᠠ᠎ᠶ᠋ᠢᠨ ᠡᠷᠡᠬᠦᠯ ᠬᠠᠮᠠᠭᠠᠯᠠᠯ᠎ᠤᠨ ᠬᠠᠤᠯᠢᠵᠢᠯ᠎ᠤᠨ ᠪᠠᠳᠤᠯᠠᠭ᠎ᠠ᠎ᠶ᠋ᠢᠨ ᠱᠢᠰᠲ᠋ᠧᠮ᠎ᠢ ᠴᠢᠩᠭᠠᠳᠭᠠᠬᠤ ᠬᠠᠤᠯᠢ ᠲᠤᠭ᠍ᠳᠠᠭᠠᠬᠤ ᠬᠠᠤᠯᠢ᠎ᠳᠤ ᠵᠠᠰᠠᠪᠤᠷᠢ ᠤᠷᠤᠭᠤᠯᠬᠤ ᠠᠵᠢᠯ᠎ᠢ ᠪᠠᠢᠷᠢᠯᠠᠭᠤᠯᠤᠨ ᠡᠬᠢᠯᠡᠭᠦᠯᠵᠦ᠍᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠪᠠ ᠠᠵᠥ᠍ ᠠᠬᠤᠢ ᠨᠡᠢᠬᠡᠮ᠎ᠤᠨ ᠬᠦᠭ᠌ᠵᠢᠯᠳᠡ᠎ᠳᠤ ᠬᠠᠤᠯᠢ ᠴᠠᠭᠠᠵᠠ᠎ᠶ᠋ᠢᠨ ᠲᠡᠮᠵᠢᠯᠬᠡ ᠬᠠᠩᠭᠠᠨ᠂ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠲᠦᠯᠥᠬᠡᠯᠡᠭ᠌ᠴᠢ ᠪᠤᠯᠤᠨ ᠤᠷᠤᠨ ᠨᠤᠳᠤᠭ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠲᠦᠯᠥᠬᠡᠯᠡᠭ᠌ᠴᠢ ᠡᠯ᠎ᠡ ᠹᠷᠤᠨᠲ᠎ᠲᠤ᠌᠂ ᠦᠪᠡᠷ ᠦᠪᠡᠷ᠎ᠤᠨ ᠠᠵᠢᠯ᠎ᠤᠨ ᠪᠠᠢᠷᠢ ᠲᠡᠬᠡᠷ᠎ᠡ᠎ᠪᠠᠨ ᠢᠳᠡᠪᠬᠢᠳᠡᠢ ᠬᠤᠪᠢ ᠨᠡᠮᠡᠷᠢ ᠦᠵᠡᠬᠦᠯᠵᠥ᠍᠂ ᠪᠤᠳᠠᠳᠤ ᠠᠵᠢᠯᠯᠠᠭ᠎ᠠ᠎ᠪᠠᠷ᠎ᠢᠶᠠᠨ ᠠᠷᠠᠳ ᠲᠦᠮᠡᠨ᠎ᠢ ᠲᠦᠯᠥᠬᠡᠯᠡᠬᠦ᠂ ᠠᠷᠠᠳ ᠲᠦᠮᠡᠨ᠎ᠤ ᠲᠦᠯᠥᠬᠡ ᠪᠠᠢᠬᠤ᠂ ᠠᠷᠠᠳ ᠲᠦᠮᠡᠨ᠎ᠳᠤ ᠦᠢᠯᠡᠴᠢᠯᠡᠬᠦ᠌ ᠦᠩᠬᠡ ᠬᠡᠷᠡᠯ᠎ᠲᠠᠢ ᠡᠬᠦᠷᠬᠡ ᠬᠠᠷᠢᠭᠤᠴᠠᠯᠭ᠎ᠠ᠎ᠪᠠᠨ ᠦᠢᠯᠡᠳᠦᠯᠬᠡᠵᠢᠬᠦᠯᠥᠭ᠌ᠰᠡᠡ ᠪᠠᠢᠨ᠎ᠠ᠃
ᠪᠠᠢᠭᠤᠯᠤᠯ᠎ᠤᠨ ᠲᠠᠪᠠᠭᠤᠯᠢᠭ ᠪᠤᠯ ᠨᠢᠬᠡ ᠤᠯᠤᠰ᠎ᠤᠨ ᠬᠠᠮᠤᠭ᠎ᠤᠨ ᠶᠡᠭᠡ ᠲᠠᠪᠠᠭᠤᠯᠢᠭ ᠪᠤᠯᠤᠨ᠎ᠠ᠃ ᠨᠠᠮ᠎ᠤᠨ ᠠᠷᠪᠠ ᠶᠢᠰᠦᠳᠦᠬᠡᠷ ᠬᠤᠭᠤᠴᠠᠭᠠᠨ᠎ᠤ ᠲᠦᠪ ᠬᠤᠷᠢᠶᠡᠨ᠎ᠤ ᠲᠦᠷᠪᠡᠳᠤᠭᠡᠷ ᠪᠦᠬᠦᠳᠡ ᠬᠤᠷᠡᠯ᠎ᠠᠴᠠ ᠮᠠᠨ᠎ᠤ ᠤᠯᠤᠰ᠎ᠤᠨ ᠤᠯᠤᠰ᠎ᠤᠨ ᠪᠠᠢᠭᠤᠯᠤᠯ ᠪᠤᠯᠤᠨ ᠤᠯᠤᠰ᠎ᠤᠨ ᠵᠠᠰᠠᠯᠳᠠ᠎ᠶ᠋ᠢᠨ ᠱᠢᠰᠲ᠋ᠧᠮ᠎ᠤᠨ ᠪᠠᠢᠭᠤᠯᠤᠯᠳᠠ᠎ᠶ᠋ᠢᠨ ᠤᠨᠤᠯ᠎ᠤᠨ ᠦᠷ᠎ᠡ ᠪᠦᠳᠦᠬᠡᠯ ᠪᠤᠯᠤᠨ ᠦᠢᠯᠡᠳᠦᠯᠬᠡ᠎ᠶ᠋ᠢᠨ ᠲᠤᠷᠱᠢᠯᠭ᠎ᠠ᠎ᠶ᠋ᠢ ᠱᠢᠰᠲ᠋ᠧᠮ᠎ᠲᠠᠢ ᠳ᠋ᠦᠩᠨᠡᠵᠥ᠍᠂ ᠱᠢᠨ᠎ᠡ ᠴᠠᠭ ᠦᠶ᠎ᠡ᠎ᠳᠤ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢᠬᠡᠮ ᠵᠢᠷᠤᠮ᠎ᠤᠨ ᠪᠠᠢᠭᠤᠯᠤᠯ᠎ᠢ ᠪᠠᠷᠢᠮᠳᠠᠯᠠᠬᠤ ᠪᠠ ᠲᠡᠭᠦᠯᠳᠡᠷᠵᠢᠭᠦᠯᠵᠦ᠍᠂ ᠤᠯᠤᠰ᠎ᠤᠨ ᠵᠠᠰᠠᠯᠳᠠ᠎ᠶ᠋ᠢᠨ ᠱᠢᠰᠲ᠋ᠧᠮ ᠪᠤᠯᠤᠨ ᠵᠠᠰᠠᠯᠳᠠ᠎ᠶ᠋ᠢᠨ ᠴᠢᠳᠠᠪᠤᠷᠢ᠎ᠶ᠋ᠢᠨ ᠤᠳᠤᠬᠢᠴᠢᠯᠠᠯᠳᠠ᠎ᠶ᠋ᠢ ᠠᠬᠢᠭᠤᠯᠬᠤ ᠲᠤᠬᠠᠢ ᠦᠵᠦ᠍ ᠲᠦᠯᠥᠪᠯᠡᠭᠡ ᠪᠤᠯᠤᠨ ᠪᠦᠬᠦ᠌ ᠲᠡᠯ᠎ᠡ᠎ᠶ᠋ᠢᠨ ᠪᠠᠢᠷᠢᠯᠠᠭᠤᠯᠤᠯᠳᠠ ᠬᠢᠵᠠᠢ᠃ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ ᠪᠤᠯᠤᠨ ᠮᠠᠨ᠎ᠤ ᠤᠯᠤᠰ᠎ᠤᠨ ᠨᠡᠢᠬᠡᠮ ᠵᠢᠷᠤᠮᠳᠤ ᠪᠠᠢᠭᠤᠯᠤᠯ᠂ ᠮᠠᠨ᠎ᠤ ᠤᠯᠤᠰ᠎ᠤᠨ ᠤᠯᠤᠰ᠎ᠤᠨ ᠵᠠᠰᠠᠯᠳᠠ᠎ᠶ᠋ᠢᠨ ᠱᠢᠰᠲ᠋ᠧᠮ᠎ᠨᠢ ᠬᠦᠴᠦᠷᠬᠡᠭ ᠶᠡᠭᠡ ᠠᠮᠢᠵᠢᠷᠡᠯ᠎ᠤᠨ ᠬᠦᠴᠦᠨ ᠪᠠ ᠢᠯᠠ ᠲᠤᠳᠤ ᠲᠠᠪᠠᠭᠤᠯᠢᠭ ᠴᠢᠨᠠᠷᠳᠠᠢ ᠪᠠᠢᠵᠥ᠍᠂ ᠶᠠᠮᠠᠷᠪᠠ ᠬᠦᠴᠢᠷ ᠪᠡᠷᠬᠡᠱᠢᠶᠠᠯ ᠬᠠᠷᠰᠢ ᠰᠠᠭᠠᠳ᠎ᠢ ᠢᠯᠠᠨ ᠲᠠᠪᠠᠵᠥ᠍᠂ ᠬᠦᠮᠥᠨ ᠲᠦᠷᠦᠯᠬᠢᠳᠡᠨ᠎ᠤ ᠪᠤᠯᠪᠠᠰᠤᠨ᠎ᠤ ᠲᠠᠪᠱᠢᠯᠳᠠ᠎ᠳᠤ ᠴᠢᠬᠤᠯᠠ ᠬᠤᠪᠢ ᠨᠡᠮᠡᠷᠢ ᠦᠵᠡᠬᠦᠯᠵᠥ᠍ ᠴᠢᠳᠠᠨ᠎ᠠ ᠬᠡᠳᠡᠭ᠎ᠢ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠲᠡᠮᠡᠴᠡᠯ᠎ᠤᠨ ᠦᠢᠯᠡᠳᠦᠯᠬᠡ ᠲᠠᠬᠢᠨᠳᠠ ᠬᠡᠷᠡᠴᠢᠯᠠᠯᠠ᠃ ᠬᠦᠭ᠌ᠵᠢᠯᠳᠡ᠎ᠶ᠋ᠢᠨ ᠤᠷᠴᠢᠨ ᠬᠦᠨᠳᠦ ᠬᠡᠴᠡᠭᠦᠦ ᠡᠭᠡᠳᠡᠷᠡᠭᠡᠨ ᠪᠤᠳᠤᠯᠢᠶᠠᠨᠳᠠᠢ ᠪᠤᠯᠬᠤ ᠳᠤᠳᠤᠮ ᠦᠭᠡᠷᠡᠴᠢᠯᠡᠯᠳᠡ᠎ᠶ᠋ᠢ ᠤᠯᠠᠮ ᠡᠷᠡᠰ ᠭᠤᠢᠪᠢᠰᠢ ᠦᠭᠡᠢ᠎ᠪᠠᠷ ᠭᠦᠨᠵᠡᠭᠡᠢᠷᠡᠭᠦᠯᠵᠤ᠂ ᠡᠯ᠎ᠠ ᠲᠠᠯ᠎ᠠ᠎ᠶ᠋ᠢᠨ ᠳᠦᠷᠢᠮ᠎ᠢᠶᠠᠨ ᠪᠦᠷᠢᠨᠱᠢᠭᠦᠯᠤᠨ᠂ ᠳᠦᠷᠢᠮ᠎ᠤᠨ ᠪᠠᠢᠭᠤᠯᠤᠯᠳᠠ ᠪᠤᠯᠤᠨ ᠵᠠᠰᠠᠯᠳᠠ᠎ᠶ᠋ᠢᠨ ᠦᠷ᠎ᠠ ᠪᠦᠲᠦᠮᠵᠢ᠎ᠶ᠋ᠢ ᠨᠡᠩ ᠰᠠᠢᠨ᠎ᠢᠶᠠᠷ ᠤᠨᠳᠤᠤᠱᠢᠭᠤᠯᠤᠨ ᠠᠭᠤᠰᠤᠯᠴᠠᠭᠤᠯᠬᠤ᠎ᠶ᠋ᠢ ᠠᠬᠢᠭᠤᠯᠵᠤ᠂ ᠳᠦᠷᠢᠮ᠎ᠤᠨ ᠳᠠᠪᠠᠭᠤᠯᠢᠭ᠎ᠢ ᠠᠱᠢᠡᠡᠯᠠᠨ ᠠᠶᠤᠯ ᠲᠦᠭ᠌ᠰᠢᠭᠦᠷᠢ ᠦᠷᠢᠰᠦᠯᠳᠦᠭᠡᠨ᠎ᠤ ᠳᠠᠭᠠᠷᠢᠯᠳᠠ᠎ᠶ᠋ᠢ ᠠᠷᠭᠠᠴᠠᠭᠠᠬᠤ᠎ᠳᠠᠭᠠᠨ ᠴᠢᠳᠠᠮᠠᠭᠠᠢ ᠪᠠᠢᠬᠤ ᠬᠡᠷᠡᠭ᠌ᠳᠠᠢ᠃ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ ᠪᠤᠯ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮ᠎ᠤᠨ ᠪᠠᠢᠭᠤᠯᠤᠯ᠎ᠤᠨ ᠴᠢᠬᠤᠯᠠ ᠪᠦᠷᠢᠯᠳᠦᠭᠦᠨ ᠬᠡᠰᠡᠭ ᠪᠤᠯᠤᠨ᠎ᠠ᠂ ᠤᠯᠤᠰ᠎ᠤᠨ ᠵᠠᠰᠠᠯᠳᠠ᠎ᠶ᠋ᠢᠨ ᠱᠢᠰᠲ᠋ᠧᠮ ᠪᠤᠯᠤᠨ ᠵᠠᠰᠠᠯᠳᠠ᠎ᠶ᠋ᠢᠨ ᠴᠢᠳᠠᠪᠤᠷᠢ᠎ᠶ᠋ᠢ ᠲᠤᠯᠭᠠᠭᠤᠷᠢᠯᠠᠵᠤ ᠪᠠᠢᠭ᠎ᠠ ᠦᠨᠳᠦᠰᠦᠨ ᠤᠯᠤᠰ ᠲᠦᠷᠦ᠎ᠶ᠋ᠢᠨ ᠪᠠᠢᠭᠤᠯᠤᠯ ᠪᠤᠯᠤᠨ᠎ᠠ᠃ ᠱᠢᠨ᠎ᠠ ᠴᠠᠭ ᠦᠶ᠎ᠠ᠎ᠳᠤ ᠡᠷᠡᠮᠡᠬᠡᠢᠯᠡᠨ ᠲᠡᠮᠡᠴᠡᠵᠦ᠍᠂ ᠱᠢᠨ᠎ᠠ ᠠᠶᠠᠨ᠎ᠳᠤ ᠮᠤᠷᠳᠠᠬᠤ᠎ᠳᠠᠭᠠᠨ ᠪᠢᠳᠡ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠢᠮᠠᠭ᠍ᠳᠠ ᠪᠠᠷᠢᠮᠳᠠᠯᠠᠨ ᠲᠡᠭᠦᠯᠳᠡᠷᠵᠢᠭᠦᠯᠵᠤ᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠦᠢᠯᠡᠳᠦᠯᠭᠡ᠎ᠶ᠋ᠢᠨ ᠤᠨᠴᠠᠯᠢᠭ᠂ ᠴᠠᠭ ᠦᠶ᠎ᠠ᠎ᠶ᠋ᠢᠨ ᠤᠨᠴᠠᠯᠢᠭ᠎ᠢ ᠲᠠᠰᠤᠷᠠᠯᠳᠠ ᠦᠭᠡᠢ ᠪᠠᠶᠠᠯᠢᠭ᠍ᠵᠢᠭᠤᠯᠤᠨ᠂ ᠪᠠᠢᠭᠤᠯᠤᠯ᠎ᠤᠨ ᠳᠠᠪᠠᠭᠤᠯᠢᠭ᠎ᠢ ᠤᠯᠤᠰ᠎ᠤᠨ ᠵᠠᠰᠠᠯᠳᠠ᠎ᠶ᠋ᠢᠨ ᠦᠷ᠎ᠠ ᠪᠦᠲᠦᠮᠵᠢ ᠪᠤᠯᠭᠠᠨ ᠬᠤᠪᠢᠷᠠᠭᠤᠯᠵᠤ᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢᠶᠠᠷ ᠳᠠᠮᠵᠢᠨ ᠤᠯᠤᠰ ᠪᠤᠯᠤᠨ ᠦᠨᠳᠦᠰᠦᠳᠡᠨ᠎ᠤ ᠢᠷᠡᠭᠡᠳᠦᠢ ᠬᠤᠪᠢ ᠵᠠᠶᠠᠭ᠎ᠠ᠎ᠶ᠋ᠢ ᠠᠷᠠᠳ ᠲᠦᠮᠡᠨ᠎ᠤ ᠭᠠᠷ᠎ᠲᠤ ᠴᠢᠩᠭ᠎ᠠ ᠠᠳᠭᠤᠭᠤᠯᠬᠤ ᠬᠡᠷᠡᠭ᠌ᠳᠠᠢ᠃
ᠠᠷᠠᠳ ᠲᠦᠮᠡᠨ ᠪᠤᠯ ᠲᠡᠤᠬᠡ᠎ᠶ᠋ᠢᠨ ᠡᠭᠦᠳᠦᠭ᠌ᠴᠢ ᠮᠦᠨ᠂ ᠠᠷᠠᠳ ᠲᠦᠮᠨᠨ ᠪᠤᠯ ᠵᠢᠩᠭᠢᠨᠢ ᠪᠠᠭᠠᠳᠤᠷ ᠮᠦᠨ᠃ ᠤᠳᠤᠬᠠᠨ᠎ᠳᠤ ᠪᠦᠬᠦ᠌ ᠳᠡᠯᠡᠭᠡᠢ᠎ᠶ᠋ᠢᠨ ᠬᠢᠵᠢᠭ᠎ᠤᠨ ᠪᠠᠢᠳᠠᠯ ᠪᠤᠯᠤᠨ ᠳᠡᠯᠡᠭᠡᠢ᠎ᠶ᠋ᠢᠨ ᠠᠵᠤ ᠠᠬᠤᠢ᠎ᠶ᠋ᠢᠨ ᠪᠠᠢᠳᠠᠯ ᠮᠦᠨ ᠬᠦ᠌ ᠬᠦᠨᠳᠦ ᠬᠡᠴᠡᠭᠦᠦ ᠡᠭᠡᠳᠡᠷᠡᠭᠡᠨ ᠪᠤᠳᠤᠯᠢᠶᠠᠨᠳᠠᠢ ᠪᠠᠢᠵᠤ᠂ ᠮᠠᠨ᠎ᠤ ᠤᠯᠤᠰ᠎ᠤᠨ ᠬᠦᠭ᠌ᠵᠢᠯᠳᠡ᠎ᠳᠤ ᠲᠤᠯᠭᠠᠷᠠᠵᠤ ᠪᠠᠢᠭ᠎ᠠ ᠦᠷᠢᠰᠦᠯᠳᠦᠭᠡᠨ ᠤᠷᠢᠳ ᠡᠮᠦᠨ᠎ᠠ ᠪᠠᠢᠭ᠎ᠠ ᠦᠭᠡᠢ ᠶᠤᠮ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠪᠠᠢᠩᠭᠤᠵᠢᠭᠤᠯᠬᠤ᠎ᠶ᠋ᠢ ᠤᠭ᠍ᠳᠤ ᠰᠤᠯᠠᠷᠠᠭᠤᠯᠤᠯ ᠦᠭᠡᠢ ᠠᠳᠭᠤᠨ᠂ ᠠᠵᠤ ᠠᠬᠤᠢ ᠨᠡᠢᠭᠡᠮ᠎ᠤᠨ ᠬᠦᠭ᠌ᠵᠢᠯᠳᠡ᠎ᠶ᠋ᠢᠨ ᠡᠯ᠎ᠠ ᠵᠦᠢᠯ᠎ᠤᠨ ᠠᠵᠢᠯ᠎ᠢ ᠨᠢᠭᠡᠳᠦᠯᠳᠠᠢ ᠲᠦᠯᠦᠪᠵᠢᠭᠦᠯᠦᠨ ᠰᠠᠢᠳᠤᠷ ᠬᠢᠵᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠱᠢᠢᠳᠪᠦᠷᠢᠳᠤ ᠳᠠᠢᠯᠠᠯᠳᠤᠭᠠᠨ ᠬᠢᠵᠤ ᠱᠢᠢᠳᠪᠦᠷᠢᠳᠤ ᠢᠯᠠᠯᠳᠠ ᠤᠯᠬᠤ ᠬᠠᠷᠠᠯᠳᠠ ᠡᠭᠦᠷᠭᠡ᠎ᠶ᠋ᠢ ᠪᠡᠶᠡᠯᠡᠭᠦᠯᠬᠦ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠶ᠋ᠢ ᠦᠨᠡᠨ ᠬᠦ᠌ ᠪᠠᠳᠤᠯᠠᠬᠤ᠎ᠳᠤ ᠴᠦᠮ ᠡᠷᠬᠡᠪᠰᠢ ᠠᠷᠠᠳ ᠲᠦᠮᠡᠨ᠎ᠤ ᠵᠤᠭ᠍ᠰᠤᠯᠳᠠ᠎ᠶ᠋ᠢ ᠪᠠᠳᠤ ᠰᠠᠬᠢᠵᠤ᠂ ᠠᠷᠠᠳ ᠲᠦᠮᠡᠨ᠎ᠤ ᠭᠤᠤᠯ ᠴᠤᠭ᠍ᠴᠠ᠎ᠶ᠋ᠢᠨ ᠪᠠᠢᠷᠢ ᠰᠠᠭᠤᠷᠢ᠎ᠶ᠋ᠢ ᠪᠠᠷᠢᠮᠳᠠᠯᠠᠨ᠂ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠳᠦᠨ ᠬᠦᠴᠢᠷ᠎ᠢ ᠲᠤᠭᠤᠯᠵᠤ ᠪᠡᠷᠬᠡ᠎ᠶ᠋ᠢ ᠳᠠᠪᠠᠭ᠍ᠤ ᠠᠤᠭ᠎ᠠ ᠬᠦᠴᠦᠨ᠎ᠢ ᠨᠢᠭ᠍ᠳᠠᠷᠠᠭᠤᠯᠬᠤ ᠬᠡᠷᠡᠭ᠌ᠳᠠᠢ᠃ ᠠᠷᠠᠳ ᠲᠦᠮᠡᠨ ᠡᠷᠭᠡ ᠮᠡᠳᠡᠵᠤ ᠡᠵᠡᠨ ᠰᠠᠭᠤᠬᠤ ᠪᠤᠯ ᠨᠡᠢᠭᠡᠮ ᠵᠢᠷᠤᠮ᠎ᠤᠨ ᠠᠷᠠᠳᠴᠢᠯᠠᠬ᠍ᠰᠡᠨ ᠤᠯᠤᠰ ᠲᠦᠷᠦ᠎ᠶ᠋ᠢᠨ ᠮᠦᠨ ᠴᠢᠨᠠᠷ ᠪᠠ ᠭᠤᠤᠯᠳᠠᠯᠭ᠎ᠠ ᠪᠤᠯᠤᠨ᠎ᠡ᠂ ᠨᠡᠢᠭᠡᠮ ᠵᠢᠷᠤᠮ᠎ᠤᠨ ᠠᠷᠠᠳᠴᠢᠯᠠᠬ᠍ᠰᠡᠨ ᠤᠯᠤᠰ ᠲᠦᠷᠤ᠎ᠶ᠋ᠢ ᠬᠦᠭ᠌ᠵᠢᠬᠦᠯᠬᠦ᠌᠎ᠨᠢ ᠳᠠᠷᠤᠢ ᠠᠷᠠᠳ ᠲᠦᠮᠡᠨ᠎ᠤ ᠵᠤᠷᠢᠭ ᠰᠠᠨᠠᠭ᠎ᠠ᠎ᠶ᠋ᠢ ᠢᠯᠡᠷᠡᠭᠦᠯᠵᠦ᠍᠂ ᠠᠷᠠᠳ ᠲᠦᠮᠡᠨ᠎ᠤ ᠡᠷᠬᠡ ᠠᠱᠢᠭ᠎ᠢ ᠪᠠᠳᠤᠯᠠᠨ᠂ ᠠᠷᠠᠳ ᠲᠦᠮᠨᠨ᠎ᠤ ᠡᠬᠦᠳᠤᠨ ᠪᠦᠳᠦᠭᠡᠬᠦ᠌ ᠠᠮᠢᠵᠢᠷᠠᠯ᠎ᠤᠨ ᠬᠦᠴᠤᠨ᠎ᠢ ᠬᠦᠭ᠌ᠵᠢᠭᠡᠬᠦ᠌᠎ᠳᠤ ᠪᠠᠢᠨ᠎ᠠ᠃ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ ᠪᠤᠯ ᠲᠤᠮᠳᠠᠳᠤ ᠤᠯᠤᠰ᠎ᠤᠨ ᠤᠯᠤᠰ᠎ᠤᠨ ᠪᠠᠢᠳᠠᠯ ᠪᠠ ᠪᠤᠳᠠᠳᠤ ᠪᠠᠢᠳᠠᠯ᠎ᠳᠤ ᠨᠡᠢᠴᠡᠬᠦ᠂ ᠨᠡᠢᠭᠡᠮ ᠵᠢᠷᠤᠮᠳᠤ ᠤᠯᠤᠰ᠎ᠤᠨ ᠱᠢᠨᠵᠢ ᠴᠢᠨᠠᠷ᠎ᠢ ᠢᠯᠡᠷᠡᠬᠦᠯᠬᠦ᠂ ᠠᠷᠠᠳ ᠲᠦᠮᠡᠨ᠎ᠤ ᠡᠷᠭᠡ ᠮᠠᠳᠠᠵᠤ ᠡᠵᠡᠨ ᠰᠠᠭᠤᠬᠤ᠎ᠶ᠋ᠢ ᠪᠠᠳᠤᠯᠠᠬᠤ᠂ ᠲᠤᠮᠳᠠᠳᠤ᠎ᠶ᠋ᠢᠨ ᠦᠨᠳᠤᠰᠤᠳᠡᠨ᠎ᠤ ᠠᠭᠤᠤ ᠶᠡᠭᠡ ᠰᠡᠷᠬᠦᠨ ᠮᠠᠨᠳᠤᠯᠳᠠ᠎ᠶ᠋ᠢ ᠪᠠᠶᠠᠯᠡᠬᠦᠯᠬᠦ᠌᠎ᠶ᠋ᠢ ᠪᠠᠳᠤᠯᠠᠬᠤ ᠰᠠᠢᠨ ᠪᠠᠢᠭᠤᠯᠤᠯ ᠪᠤᠯᠬᠤ᠎ᠶ᠋ᠢ ᠦᠢᠯᠡᠳᠦᠯᠭᠡ ᠬᠦᠢᠴᠠᠳ ᠭᠡᠷᠡᠴᠢᠯᠡᠪᠡ᠃ ᠠᠷᠠᠳ ᠲᠦᠮᠡᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠢᠶᠠᠷ ᠳᠠᠮᠵᠢᠨ ᠤᠯᠤᠰ᠎ᠤᠨ ᠡᠷᠭᠡ ᠮᠡᠳᠡᠯ᠎ᠢ ᠭᠡᠷᠡᠭ᠌ᠵᠢᠬᠦᠯᠬᠦ᠌᠎ᠶ᠋ᠢ ᠳᠡᠮᠵᠢᠬᠦ᠌ ᠪᠠ ᠪᠠᠳᠤᠯᠠᠵᠤ᠂ ᠨᠡᠩ ᠦᠷᠭᠡᠨ ᠲᠡᠯᠭᠡᠷ᠂ ᠨᠡᠩ ᠬᠦᠢᠴᠡᠳ᠂ ᠨᠡᠩ ᠪᠦᠷᠢᠨ ᠲᠡᠭᠦᠯᠳᠡᠷ ᠠᠷᠠᠳ᠎ᠤᠨ ᠠᠷᠠᠳᠴᠢᠯᠠᠯ᠎ᠢ ᠬᠦᠭ᠌ᠵᠢᠬᠦᠯᠤᠨ᠂ ᠠᠷᠠᠳ ᠲᠦᠮᠡᠨ᠎ᠤ ᠬᠦᠰᠠᠯ ᠰᠠᠨᠠᠯ᠎ᠢ ᠰᠤᠨᠤᠰᠴᠤ᠌᠂ ᠠᠷᠠᠳ ᠲᠦᠮᠡᠨ᠎ᠤ ᠤᠶᠤᠨ ᠤᠬᠠᠭᠠᠨ᠎ᠢ ᠨᠢᠬ᠍ᠳᠠᠷᠠᠭᠤᠯᠵᠤ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠳᠤ ᠬᠠᠷᠢᠭᠤᠯᠳᠠ ᠦᠭ᠌ᠪᠡᠯ ᠯᠠᠪᠳᠠᠢ ᠲᠠᠮᠠᠴᠡᠯ᠎ᠤᠨ ᠠᠤᠭ᠎ᠠ ᠬᠦᠴᠤᠨ᠎ᠢ ᠨᠢᠬ᠍ᠳᠠᠷᠠᠭᠤᠯᠵᠤ᠂ ᠬᠠᠳᠠᠭᠤ ᠪᠡᠷᠬᠡᠱᠢᠶᠠᠯ᠎ᠢ ᠬᠠᠮᠳᠤ᠎ᠪᠠᠷ ᠲᠤᠭᠤᠯᠵᠤ᠂ ᠰᠡᠳᠭᠢᠯ ᠨᠢᠭᠡᠳᠦᠨ ᠬᠦᠰᠡᠯ ᠵᠡᠬᠦᠳᠤ᠎ᠪᠠᠨ ᠲᠡᠷᠭᠡᠯᠱᠢᠬᠦᠯᠵᠤ ᠴᠢᠳᠠᠬᠤ ᠶᠤᠮ᠃
ᠲᠡᠤᠭᠡ᠎ᠶ᠋ᠢᠨ ᠤᠷᠤᠰᠭᠠᠯ ᠵᠤᠬ᠍ᠰᠤᠰᠢ ᠦᠭᠡᠢ ᠦᠷᠬᠦᠯᠵᠢᠯᠠᠵᠤ᠂ ᠵᠠᠷᠢᠮ᠎ᠳᠠᠭᠠᠨ ᠨᠠᠮ ᠲᠦᠯᠭᠡᠭᠡᠨ ᠪᠠᠢᠵᠤ᠂ ᠵᠠᠷᠢᠮ᠎ᠳᠠᠭᠠᠨ ᠲᠤᠬ᠍ᠰᠢᠨ ᠰᠠᠯᠬᠢ ᠱᠢᠷᠤᠬᠦᠨ ᠲᠠᠪᠠᠯᠭᠠᠨ᠎ᠲᠠᠢ ᠪᠠᠢᠳᠠᠭ᠃ ᠪᠢᠳᠠ ᠰᠠᠯᠬᠢ ᠪᠤᠷᠤᠭᠠᠨ᠎ᠠᠴᠠ ᠰᠦᠷᠳᠡᠬᠦ᠌ ᠦᠭᠡᠢ ᠪᠦᠭᠡᠳ ᠬᠦᠴᠢᠷ ᠪᠡᠷᠭᠡᠱᠢᠶᠠᠯ ᠬᠠᠷᠰᠢ ᠰᠠᠭᠠᠳ᠎ᠠᠴᠠ ᠠᠶᠤᠬᠤ ᠦᠭᠡᠢ ᠶᠤᠮ᠃ ᠦᠷᠭᠡᠨ ᠤᠯᠠᠨ ᠲᠦᠯᠦᠭᠡᠯᠡᠭ᠌ᠴᠢ 《ᠴᠠᠭ ᠮᠦᠴᠠ ᠪᠢᠳᠡᠨ᠎ᠢ ᠬᠦᠯᠢᠶᠠᠬᠦ᠌ ᠦᠭᠡᠢ ᠦᠷᠯᠦᠭᠡ ᠦᠳᠡᠰᠢ᠎ᠶ᠋ᠢ ᠲᠠᠮᠠᠴᠡᠬᠦ᠌》 ᠲᠤᠯᠭᠠᠮ ᠪᠤᠳᠤᠯ ᠪᠤᠯᠤᠨ 《ᠡᠬᠦᠷᠭᠡ ᠲᠤᠱᠢᠶᠠᠯ᠎ᠢᠶᠠᠨ ᠬᠢᠴᠢᠶᠠᠩᠬᠦ᠋ᠢᠯᠡᠨ ᠬᠦᠢᠴᠡᠳᠭᠡᠵᠤ ᠦᠷᠯᠤᠭᠡ ᠦᠳᠡᠰᠢ ᠦᠭᠡᠢ ᠠᠵᠢᠯ᠎ᠳᠠᠭᠠᠨ ᠴᠢᠷᠮᠠᠢᠬᠤ》 ᠡᠬᠦᠷᠭᠡᠳᠤ ᠪᠤᠳᠤᠯ᠎ᠢᠶᠠᠷ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ᠎ᠶ᠋ᠢ ᠪᠠᠷᠢᠮᠳᠠᠯᠠᠵᠤ᠂ ᠬᠠᠤᠯᠢ ᠶᠤᠰᠤᠭᠠᠷ ᠲᠤᠱᠢᠶᠠᠯ ᠬᠠᠷᠢᠭᠤᠴᠠᠯᠭ᠎ᠠ᠎ᠪᠠᠨ ᠬᠦᠢᠴᠡᠳᠭᠡᠨ᠂ ᠤᠶᠤᠨ ᠤᠬᠠᠭᠠᠨ ᠬᠦᠴᠤᠨ ᠴᠢᠳᠠᠯ᠎ᠢᠶᠠᠨ ᠢᠳᠡᠪᠬᠢᠳᠠᠢ ᠡᠷᠬᠦᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠡ᠎ᠪᠠᠷ ᠪᠠᠶᠡᠯᠡᠬᠦᠯᠬᠦ᠂ 《ᠬᠤᠤᠰ ᠵᠠᠭᠤᠨ ᠵᠢᠯ》 ᠤᠨ ᠲᠡᠮᠡᠴᠡᠬᠦ᠌ ᠬᠠᠷᠠᠯᠳᠠ᠎ᠶ᠋ᠢ ᠪᠠᠶᠠᠯᠠᠬᠦᠯᠬᠦ᠂ ᠲᠤᠮᠳᠠᠳᠤ᠎ᠶ᠋ᠢᠨ ᠦᠨᠳᠤᠰᠤᠳᠡᠨ᠎ᠤ ᠠᠭᠤᠤ ᠶᠡᠭᠡ ᠰᠡᠷᠬᠦᠨ ᠮᠠᠨᠳᠤᠯᠳᠠ᠎ᠶ᠋ᠢᠨ ᠲᠤᠮᠳᠠᠳᠤ᠎ᠶ᠋ᠢᠨ ᠵᠡᠬᠦᠳᠤ᠎ᠶ᠋ᠢ ᠲᠡᠷᠭᠡᠯᠱᠢᠬᠦᠯᠬᠦ᠌ᠶ᠋ᠢᠨ ᠲᠦᠯᠦᠭᠡ ᠴᠢᠷᠮᠠᠢᠨ ᠲᠠᠮᠠᠴᠡᠬᠦ᠌᠎ᠶ᠋ᠢ ᠬᠦᠰᠡᠨ ᠪᠠᠷᠠᠯᠠᠵᠤ ᠪᠠᠢᠨ᠎ᠡ᠃
ᠶᠡᠭᠡ ᠬᠤᠷᠠᠯ᠎ᠤᠨ ᠲᠡᠬᠦᠰ ᠠᠮᠵᠢᠯᠳᠠ ᠤᠯᠬᠤ᠎ᠶ᠋ᠢ ᠵᠦᠡᠭ᠌ᠨᠡᠶᠡ!
(ᠱᠢᠨᠬᠤᠸᠠ ᠬᠤᠷᠢᠶᠠᠨ᠎ᠤ ᠪᠡᠭᠡᠵᠢᠩ᠎ᠤᠨ 5 ᠰᠠᠷ᠎ᠠ᠎ᠶ᠋ᠢᠨ 21 ᠤ ᠴᠠᠬᠢᠯᠭᠠᠨ ᠮᠡᠳᠡᠭᠡ)
ᠣᠷᠴᠢᠭᠤᠯᠤᠭ᠍ᠴᠢ᠄
ᠨᠠᠢᠷᠠᠭᠤᠯᠤᠭ᠍ᠴᠢ᠄
ᠼᠠᠢ ᠬᠤᠩ
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号