ᠶᠡᠷᠦᠩᠬᠡᠢ ᠱᠦᠵᠢ᠎ᠶ᠋ᠢᠨ ᠠᠷᠠᠳ ᠲᠦᠮᠡᠨ᠎ᠢᠶᠠᠨ ᠬᠡᠰᠡᠨ ᠬᠠᠯᠠᠭᠤᠨ ᠰᠡᠳᠭᠢᠯᠬᠡ᠎ᠶ᠋ᠢ ᠤᠬᠠᠭᠠᠷᠠᠨ ᠮᠡᠳᠡᠷᠡᠬᠦᠢ
2020-05-23 13:35:08
ᠵᠣᠬᠢᠶᠠᠭ᠍ᠴᠢ᠄
ᠳ᠋ᠠᠢ ᠬᠤᠩ ᠵᠠᠩᠺᠦᠢ ᠬᠦᠸᠧ ᠵᠢᠶᠦ᠋ᠨ ᠯᠸᠥ
ᠣᠩᠱᠢᠭ᠍ᠰᠠᠨ ᠣᠳᠠᠭ᠎ᠠ᠄
★★★☆☆

          — ᠲᠦᠯᠦᠬᠡᠯᠡᠭ᠌ᠴᠢᠳ ᠬᠡᠱᠢᠬᠦᠳ ᠶᠡᠷᠤᠩᠬᠡᠢ ᠱᠦᠵᠢ ᠰᠢ᠎ᠶ᠋ᠢᠨ ᠫᠢᠩ᠎ᠤᠨ ᠦᠪᠤᠷ ᠮᠤᠩᠭᠤᠯ᠎ᠤᠨ ᠲᠦᠯᠥᠬᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠬᠠᠯᠠᠭᠤᠨ᠎ᠢᠶᠠᠷ ᠶᠠᠷᠢᠯᠴᠠᠨ᠎ᠠ    


    ᠢᠯᠠᠯᠳᠠ᠎ᠶ᠋ᠢᠨ ᠦᠤᠷ᠎ᠤᠨ ᠲᠤᠶᠠᠭ᠎ᠠ᠎ᠶ᠋ᠢ ᠤᠬ᠍ᠳᠤᠵᠥ᠍᠂ ᠠᠷᠠᠳ ᠲᠦᠮᠡᠨ᠎ᠤ ᠬᠦᠰᠡᠯ ᠨᠠᠢᠳᠠᠯᠭ᠎ᠠ᠎ᠶ᠋ᠢ ᠡᠪᠤᠷᠯᠡᠨ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠭᠤᠷᠪᠠᠳᠤᠭᠠᠷ ᠬᠤᠷᠡᠯ 5 ᠰᠠᠷ᠎ᠠ᠎ᠶ᠋ᠢᠨ 22 ᠎ᠤᠨ ᠦᠳᠡ᠎ᠶ᠋ᠢᠨ ᠡᠮᠤᠨ᠎ᠠ ᠪᠡᠬᠡᠵᠢᠩ᠎ᠳᠤ ᠦᠪᠡᠳᠡᠭ᠌ᠰᠢ ᠶᠡᠭᠡ᠎ᠪᠠᠷ ᠡᠬᠢᠯᠡᠪᠡ᠃
    ᠶᠡᠷᠤᠩᠬᠡᠢ ᠱᠦᠵᠢ ᠰᠢ᠎ᠶ᠋ᠢᠨ ᠫᠢᠩ ᠦᠪᠤᠷ ᠮᠤᠩᠭᠤᠯ᠎ᠤᠨ ᠲᠦᠯᠥᠬᠡᠯᠡᠭ᠌ᠴᠢᠳ᠎ᠤᠨ ᠪᠦᠯᠬᠦᠮ᠎ᠤᠨ ᠲᠦᠯᠥᠬᠡᠯᠡᠭ᠌ᠴᠢ᠎ᠶ᠋ᠢᠨ ᠬᠤᠪᠢ᠎ᠪᠠᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠦᠪᠤᠷ ᠮᠤᠩᠭᠤᠯ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠨᠢᠬᠡᠨᠳᠡ ᠬᠤᠶᠠᠷ ᠵᠢᠯ ᠲᠠᠷᠠᠭᠠᠯᠠᠨ ᠤᠷᠤᠯᠴᠠᠪᠠ᠃ 22 ᠎ᠤᠨ ᠦᠳᠡ᠎ᠶ᠋ᠢᠨ ᠬᠤᠢᠨ᠎ᠡ᠂ ᠲᠡᠷᠡ ᠲᠠᠬᠢᠨᠳᠠ ᠦᠪᠤᠷ ᠮᠤᠩᠭᠤᠯ᠎ᠤᠨ ᠲᠦᠯᠥᠬᠡᠯᠡᠭ᠌ᠴᠢᠳ᠎ᠤᠨ ᠪᠦᠯᠬᠦᠮ᠎ᠤᠨ ᠬᠢᠨᠡᠨ ᠵᠦᠪᠯᠡᠬᠦ᠌᠎ᠳᠤ ᠤᠷᠤᠯᠴᠠᠵᠥ᠍᠂ ᠦᠪᠡᠷᠳᠡᠭᠡᠨ ᠵᠠᠰᠠᠬᠤ ᠤᠷᠤᠨ᠎ᠤ ᠠᠵᠥ᠍ ᠠᠬᠤᠢ ᠨᠡᠢᠬᠡᠮ᠎ᠤᠨ ᠬᠦᠭ᠌ᠵᠢᠯᠳᠡ᠎ᠳᠤ ᠤᠷᠮ᠎ᠠ ᠬᠠᠢᠷᠠᠯᠠᠵᠤ᠂ ᠠᠷᠭ᠎ᠠ ᠤᠬᠠᠭᠠᠨ ᠰᠤᠪᠢᠪᠠ᠃ ᠶᠡᠷᠤᠩᠬᠡᠢ ᠱᠦᠵᠢ᠎ᠶ᠋ᠢᠨ ᠦᠪᠤᠷ ᠮᠤᠩᠭᠤᠯ᠎ᠤᠨ ᠲᠦᠯᠥᠬᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠮᠠᠨ᠎ᠤ ᠤᠷᠤᠨ᠎ᠤ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠲᠦᠯᠥᠬᠡᠯᠡᠭ᠌ᠴᠢ᠂ ᠮᠠᠨ᠎ᠤ ᠤᠷᠤᠨ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠬᠡᠱᠢᠬᠦᠳ᠎ᠤᠨ ᠲᠤᠮᠳᠠ ᠴᠢᠩᠭ᠎ᠠ ᠲᠤᠰᠭᠠᠯ ᠭᠠᠷᠤᠯ᠎ᠠ᠃
    ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠳᠠ ᠪᠦᠳᠦᠬᠡᠨ ᠪᠠᠢᠭᠤᠯᠤᠯᠳᠠ ᠪᠤᠯ ᠶᠡᠷᠤᠩᠬᠡᠢ ᠱᠦᠵᠢ᠎ᠶ᠋ᠢᠨ ᠦᠪᠤᠷ ᠮᠤᠩᠭᠤᠯ᠎ᠤᠨ ᠲᠦᠯᠥᠬᠡᠯᠡᠭ᠌ᠴᠢᠳ᠎ᠤᠨ ᠪᠦᠯᠬᠦᠮ᠎ᠳᠤ ᠦᠷᠬᠦᠯᠵᠢᠯᠡᠨ ᠠᠩᠬᠠᠷᠴᠦ᠍ ᠪᠠᠢᠭ᠎ᠠ ᠭᠤᠤᠯᠳᠠᠯᠭ᠎ᠠ ᠪᠤᠯᠤᠨ᠎ᠠ᠂ ᠡᠨᠡ ᠵᠢᠯ ᠴᠦ᠍ ᠦᠷᠭᠦᠯᠵᠢᠯᠡᠨ ᠠᠩᠬᠠᠷᠴᠦ᠍ ᠪᠠᠢᠯ᠎ᠠ᠃ ᠱᠢᠯᠢ᠎ᠶ᠋ᠢᠨ ᠭᠤᠤᠯ᠎ᠤᠨ ᠲᠡᠯ᠎ᠡ ᠨᠤᠳᠤᠭ ᠪᠤᠯ ᠨᠠᠢᠰᠯᠠᠯ ᠪᠡᠭᠡᠵᠢᠩ᠎ᠠᠴᠠ ᠬᠠᠮᠤᠭ᠎ᠤᠨ ᠤᠢ᠍ᠢᠷ᠎ᠠ ᠪᠠᠢᠭ᠎ᠠ ᠲᠠᠯ᠎ᠠ ᠨᠤᠳᠤᠭ ᠮᠦᠨ᠂ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠲᠦᠯᠥᠬᠡᠯᠡᠭ᠌ᠴᠢ᠂ ᠱᠢᠯᠢ᠎ᠶ᠋ᠢᠨ ᠭᠤᠤᠯ ᠠᠢᠮᠠᠭ᠎ᠤᠨ ᠲᠠᠷᠤᠭ᠎ᠠ ᠡᡁᠦᠸᠧ ᠵᠤᠤ ᠯᠢᠶᠠᠩ ᠶᠡᠷᠤᠩᠬᠡᠢ ᠱᠦᠵᠢ᠎ᠳᠤ ᠪᠦᠬᠦ᠌ ᠠᠢᠮᠠᠭ᠎ᠤᠨ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠭ᠍ᠰᠠᠨ ᠪᠤᠬᠢᠷᠳᠤᠯ ᠦᠬᠡᠢ ᠭᠦᠭ᠌ᠵᠢᠯᠳᠠ᠎ᠶ᠋ᠢ ᠪᠠᠷᠢᠮᠳᠠᠯᠠᠵᠤ᠂ ᠨᠤᠳᠤᠭ ᠪᠡᠯᠴᠢᠬᠡᠷ᠎ᠤᠨ ᠠᠮᠢ ᠠᠬᠤᠢ ᠤᠷᠴᠢᠨ ᠲᠤᠭᠤᠷᠢᠨ᠎ᠢ ᠪᠦᠬᠦ᠌ ᠬᠦᠴᠦ᠎ᠪᠠᠷ᠎ᠢᠶᠠᠨ ᠬᠠᠮᠠᠭᠠᠯᠠᠵᠥ᠍ ᠪᠠᠢᠭ᠎ᠠ ᠪᠠᠢᠳᠠᠯ᠎ᠢ ᠬᠠᠷᠢᠭᠤ ᠮᠡᠳᠡᠬᠦᠯᠪᠡ᠃ 《ᠪᠢ ᠪᠦᠬᠦ᠌ ᠠᠢᠮᠠᠬ᠎ᠤᠨ 60% ᠎ᠠᠴᠠ ᠳᠡᠬᠡᠭ᠌ᠰᠢᠬᠢ ᠤᠷᠤᠨ ᠪᠦᠰᠡ᠎ᠶ᠋ᠢ ᠠᠮᠢ ᠠᠬᠤᠢ᠎ᠶ᠋ᠢᠨ ᠬᠠᠮᠠᠭᠠᠯᠠᠯᠳᠠ᠎ᠶ᠋ᠢᠨ ᠤᠯᠠᠭᠠᠨ ᠱᠤᠭᠤᠮ᠎ᠳᠤ ᠤᠷᠤᠭᠤᠯᠵᠤ᠂ ᠳᠠᠯ᠎ᠠ ᠨᠤᠳᠤᠭ᠎ᠲᠤ ᠳᠠᠬᠢᠵᠥ᠍ ᠱᠢᠨ᠎ᠡ᠎ᠪᠠᠷ ᠠᠭᠤᠷᠬᠠᠢ ᠨᠡᠬᠡᠬᠡᠬᠦ᠌ ᠳᠦᠷᠦᠯ ᠵᠦᠢᠯ᠎ᠢ ᠤᠷᠤᠭᠤᠯᠬᠤ ᠦᠬᠡᠢ ᠬᠡᠵᠥ᠍ ᠬᠡᠯᠡᠬᠦ᠌ ᠦᠶᠡᠰ ᠶᠡᠷᠦᠩᠬᠡᠢ ᠱᠦᠵᠢ ᠵᠦᠪᠱᠢᠶᠡᠷᠡᠵᠦ᠍ ᠪᠠᠢᠬᠤ᠎ᠪᠠᠨ ᠢᠯᠡᠳᠭᠡᠵᠥ᠍᠂ 〈ᠳᠡᠷᠡ ᠬᠡᠪ᠎ᠢᠶᠠᠷ᠎ᠨᠢ ᠦᠯᠡᠳᠡᠭᠡ᠂ ᠦᠷ᠎ᠡ ᠬᠤᠢᠴᠢᠰ᠎ᠲᠤ ᠦᠪ ᠪᠤᠯᠬᠤ ᠶᠤᠮ〉 ᠬᠡᠵᠤ ᠬᠡᠯᠡᠭ᠌ᠰᠡᠨ ᠪᠠᠢᠨ᠎ᠠ》 ᠬᠡᠵᠥ᠍ ᠾᠦᠸᠧ ᠵᠤᠤ ᠯᠢᠶᠠᠩ ᠰᠡᠳᠭᠢᠯ ᠲᠤᠭ᠍ᠳᠤᠯᠤᠩᠭᠤᠢ ᠶᠠᠷᠢᠭ᠍ᠰᠠᠨ᠎ᠢᠶᠠᠨ ᠵᠠᠯᠭᠠᠭᠠᠳ᠄ 《ᠪᠢᠳᠡ ᠯᠠᠪᠳᠠᠢ ᠡᠨᠡ ᠬᠦ᠌ ᠴᠢᠬᠤᠯᠠ ᠳᠡᠥᠬᠡᠳᠤ ᠡᠬᠦᠷᠬᠡ᠎ᠶ᠋ᠢ ᠡᠬᠦᠷᠬᠡᠯᠡᠵᠥ᠍᠂ ᠡᠨᠡ ᠬᠦ᠌ ᠬᠦᠬᠡᠮᠳᠦᠭ ᠨᠤᠭᠤᠭᠠᠨ᠂ ᠴᠡᠪᠡᠷ ᠳᠤᠩᠭᠠᠯᠠᠭ ᠪᠠᠢᠳᠠᠯ᠎ᠢᠶᠠᠨ ᠰᠠᠢᠳᠤᠷ ᠰᠠᠬᠢᠨ ᠬᠠᠮᠠᠭᠠᠯᠠᠵᠤ᠂ ᠭᠦᠰᠡᠯ ᠨᠠᠢᠳᠠᠯᠭ᠎ᠠ᠎ᠶ᠋ᠢ᠎ᠨᠢ ᠬᠦᠰᠡᠷᠳᠡᠬᠦᠯᠬᠦ᠌ ᠦᠬᠡᠢ᠂ ᠡᠬᠦᠷᠬᠡ ᠬᠠᠷᠢᠭᠤᠴᠠᠯᠭ᠎ᠠ᠎ᠪᠠᠨ ᠭᠤᠳᠤᠭᠠᠬᠤ ᠦᠬᠡᠢ᠎ᠪᠠᠷ ᠦᠷᠬᠦᠯᠵᠢᠯᠡᠨ ᠪᠤᠤᠬᠢᠶ᠎ᠠ ᠵᠠᠯᠭᠠᠨ ᠲᠠᠮᠡᠴᠡᠵᠤ᠂ ᠰᠤᠯᠠᠷᠠᠰᠢ ᠦᠬᠡᠢ ᠭᠤᠢᠪᠢᠰᠢ ᠦᠬᠡᠢ᠎ᠪᠠᠷ ᠮᠠᠨ᠎ᠤ ᠤᠯᠤᠰ᠎ᠤᠨ ᠤᠮᠠᠷᠠᠳᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠳᠦᠪᠱᠢᠨ᠎ᠤ ᠬᠠᠯᠬᠠᠪᠴᠢ᠎ᠶ᠋ᠢ ᠪᠠᠬᠢᠵᠢᠬᠦᠯᠦᠨ᠎ᠡ》 ᠬᠡᠵᠤ ᠶᠠᠷᠢᠯ᠎ᠠ᠃
    ᠡᠨᠡ ᠵᠢᠯ ᠪᠤᠯ ᠴᠢᠨᠡᠬᠡᠯᠢᠭ ᠨᠡᠢᠬᠡᠮ᠎ᠢ ᠪᠦᠬᠦ᠌ ᠳᠠᠯ᠎ᠡ᠎ᠪᠠᠷ ᠪᠡᠶᠡᠯᠡᠬᠦᠯᠬᠦ᠌ ᠱᠢᠢᠳᠪᠦᠷᠢᠳᠤ ᠢᠯᠠᠯᠳᠠ᠎ᠶ᠋ᠢ ᠤᠯᠬᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠱᠢᠢᠳᠪᠦᠷᠢᠳᠤ ᠳᠠᠢᠯᠠᠯᠳᠤᠭᠠᠨ᠎ᠤ ᠰᠡᠬᠦᠯ ᠬᠤᠷᠢᠶᠠᠬᠤ ᠵᠢᠯ ᠪᠤᠯᠤᠨ᠎ᠠ᠃ ᠤᠳᠤᠬᠠᠨ᠎ᠳᠤ ᠦᠪᠦᠷ ᠮᠤᠩᠭᠤᠯ᠎ᠤᠨ ᠤᠯᠤᠰ᠎ᠤᠨ ᠳᠡᠰ᠎ᠤᠨ ᠶᠠᠳᠠᠭᠤ ᠬᠦᠴᠢᠷᠳᠡᠯᠳᠡᠢ 31 ᠬᠤᠱᠢᠭᠤ ᠱᠢᠶᠠᠨ ᠪᠦᠬᠦᠨ᠎ᠢᠶᠠᠷ᠎ᠢᠶᠠᠨ ᠶᠠᠳᠠᠭᠤ᠎ᠠᠴᠠ ᠠᠩᠬᠢᠵᠢᠷᠠᠵᠥ᠍᠂ ᠦᠯᠡᠳᠡᠭ᠌ᠰᠡᠨ 1.6 ᠳᠦᠮᠡᠨ ᠶᠠᠳᠠᠭᠤ᠎ᠠᠴᠠ᠎ᠪᠠᠨ ᠠᠩᠬᠢᠵᠢᠷᠠᠭᠠᠳᠤᠢ ᠬᠦᠮᠦᠨ ᠠᠮᠠ᠎ᠨᠢ ᠭᠤᠤᠯᠳᠠᠭᠤ ᠤᠯᠠᠭᠠᠨᠴᠠᠪ ᠬᠤᠳᠠ᠂ ᠤᠯᠠᠭᠠᠨᠬᠠᠳᠠ ᠬᠤᠳᠠ ᠵᠡᠷᠬᠡ 7 ᠠᠢᠮᠠᠬ ᠬᠤᠳᠠ᠎ᠳᠤ ᠳᠠᠷᠬᠠᠵᠥ᠍ ᠪᠤᠢ᠃ ᠪᠦᠬᠦ᠌ ᠤᠯᠤᠰ᠎ᠤᠨ ᠠᠷᠠᠳ᠎ᠤᠨ ᠳᠦᠯᠦᠬᠡᠯᠡᠭ᠌ᠴᠢᠳ᠎ᠤᠨ ᠶᠡᠭᠡ ᠬᠤᠷᠠᠯ᠎ᠤᠨ ᠳᠦᠯᠦᠬᠡᠯᠡᠭ᠌ᠴᠢ᠂ ᠤᠯᠠᠭᠠᠨᠴᠠᠪ ᠬᠤᠳᠠ᠎ᠶ᠋ᠢᠨ ᠳᠠᠷᠤᠭ᠎ᠠ ᠹᠸᠢ ᠳ᠋ᠦᠩ ᠪᠢᠨ ᠶᠡᠷᠦᠩᠬᠡᠢ ᠱᠦᠵᠢ ᠰᠢ᠎ᠶ᠋ᠢᠨ ᠫᠢᠩ᠎ᠳᠤ ᠡᠨᠡ ᠬᠡᠳᠦᠨ ᠵᠢᠯ᠎ᠤᠨ ᠤᠷᠤᠨ ᠨᠤᠳᠤᠭ᠎ᠤᠨ᠎ᠢᠶᠠᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠳᠤᠬᠠᠢ ᠬᠠᠮᠢᠶ᠎ᠠ ᠪᠦᠬᠦᠢ ᠪᠠᠢᠳᠠᠯ᠎ᠢ ᠬᠠᠷᠢᠭᠤ ᠮᠡᠳᠡᠬᠦᠯᠪᠡ᠃ 《ᠶᠡᠷᠦᠩᠬᠡᠢ ᠱᠦᠵᠢ ᠮᠠᠰᠢ ᠨᠠᠷᠢᠨ ᠨᠢᠬ᠍ᠳᠠ ᠠᠰᠠᠭᠤᠵᠥ᠍᠂ ᠬᠠᠶᠠ᠎ᠳᠠᠭᠠᠨ ᠪᠠᠰᠠ ᠵᠠᠷᠢᠮ ᠪᠤᠳᠠᠳᠠᠢ ᠪᠠᠢᠳᠠᠯ ᠨᠠᠷᠢᠨ ᠪᠠᠢᠳᠠᠯ᠎ᠢ ᠰᠤᠷᠠᠬ᠍ᠯᠠᠵᠥ᠍ ᠪᠠᠢᠪᠠ᠂ ᠳᠡᠷᠡ ᠪᠠᠰᠠ ᠡᠨᠡ ᠤᠳᠠᠭ᠎ᠠ᠎ᠶ᠋ᠢᠨ ᠬᠢᠵᠢᠭ᠎ᠤᠨ ᠪᠠᠢᠳᠠᠯ᠎ᠨᠢ ᠤᠯᠠᠨ ᠳᠦᠮᠡᠨ᠎ᠤ ᠳᠠᠬᠢᠨ ᠶᠠᠳᠠᠭᠤᠷᠠᠬᠤ ᠪᠠᠢᠳᠠᠯ᠎ᠢ ᠡᠬᠦᠰᠭᠡᠭ᠌ᠰᠡᠨ ᠡᠰᠡᠬᠦ᠌᠎ᠶ᠋ᠢ ᠤᠨᠴᠠᠭᠠᠢᠯᠠᠨ ᠠᠰᠠᠭᠤᠵᠥ᠍ ᠪᠠᠢᠪᠡ᠃ ᠪᠢᠳᠡ ᠪᠦᠬᠦ᠌ ᠤᠯᠤᠰ᠎ᠲᠠᠢ ᠬᠠᠮᠳᠤ᠎ᠪᠠᠷ ᠪᠦᠬᠦ᠌ ᠳᠠᠯ᠎ᠠ᠎ᠶ᠋ᠢᠨ ᠴᠢᠨᠡᠬᠡᠯᠢᠭ ᠨᠡᠢᠬᠡᠮ᠎ᠳᠤ ᠤᠷᠤᠬᠤ᠎ᠳᠤ ᠢᠳᠡᠬᠡᠯ ᠲᠡᠬᠦᠯᠳᠡᠷ ᠪᠠᠢᠨ᠎ᠠ》 ᠬᠡᠵᠤ ᠲᠡᠷᠡ ᠤᠷᠮᠠᠳᠠᠢ    ᠶᠠᠷᠢᠨ᠎ᠠ᠃
    ᠶᠡᠷᠤᠩᠭᠡᠢ ᠱᠦᠵᠢ ᠨᠢᠳᠤᠨᠤᠨ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠡᠨ ᠵᠦᠪᠯᠡᠬᠦ᠌᠎ᠳᠤ ᠤᠷᠤᠯᠴᠠᠬᠤ ᠦᠶᠡᠰ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ᠂ ᠡᠸᠡᠩᠭᠢ ᠦᠨᠳᠤᠰᠤᠳᠡᠨ᠎ᠤ ᠦᠪᠡᠷᠳᠡᠭᠡᠨ ᠵᠠᠰᠠᠬᠤ ᠬᠤᠱᠢᠭᠤᠨ᠎ᠤ ᠢᠮᠢᠨ ᠭᠤᠤᠯ ᠰᠤᠷᠭᠠᠭᠤᠯᠢ᠎ᠶ᠋ᠢᠨ ᠵᠠᠬᠢᠷᠤᠯ ᠮᠸᠢ ᠬᠤᠸᠠ ᠶᠡᠷᠤᠩᠭᠡᠢ ᠱᠦᠵᠢ᠎ᠳᠤ ᠬᠠᠳᠠᠭ ᠡᠷᠭᠦᠨ ᠲᠡᠪᠱᠢᠭᠦᠯᠦᠭ᠌ᠰᠡᠨ ᠶᠤᠮ᠃ ᠨᠢᠭᠡ ᠵᠢᠯ᠎ᠤᠨ ᠲᠠᠷᠠᠭ᠎ᠠ ᠲᠡᠷᠨ ᠲᠠᠬᠢᠨ ᠶᠡᠷᠤᠩᠭᠡᠢ ᠱᠦᠵᠢ᠎ᠲᠠᠢ ᠠᠭᠤᠯᠵᠠᠵᠤ᠂ 《ᠦᠨᠳᠤᠰᠤᠳᠡᠨ᠎ᠤ ᠪᠦᠯᠬᠦᠮᠳᠡᠯ ᠲᠠᠪᠱᠢᠯᠳᠠ᠎ᠶ᠋ᠢᠨ ᠬᠦᠮᠦᠵᠢᠯ᠎ᠢ ᠭᠡᠤᠭᠡᠳ ᠦᠶ᠎ᠡ᠎ᠠᠴᠠ ᠡᠬᠢᠯᠡᠨ ᠠᠳᠭᠤᠬᠤ》 ᠰᠠᠨᠠᠭᠤᠯᠭ᠎ᠠ᠎ᠪᠠᠨ ᠬᠠᠷᠢᠭᠤ ᠮᠡᠳᠡᠬᠦᠯᠪᠠ᠃ 《ᠶᠡᠷᠤᠩᠭᠡᠢ ᠱᠦᠵᠢ ᠨᠠᠳᠠ᠎ᠠᠴᠠ ᠡᠸᠡᠩᠭᠢ ᠦᠨᠳᠤᠰᠤᠳᠡᠨ᠎ᠤ ᠲᠤᠬᠠᠢ ᠮᠠᠰᠢ ᠤᠯᠠᠨ ᠵᠦᠢᠯ᠎ᠢ ᠠᠰᠠᠭᠤᠵᠠᠢ᠂ ᠪᠢ ᠬᠠᠷᠢᠬ᠍ᠰᠡᠨ᠎ᠤ᠎ᠪᠠᠨ ᠲᠠᠷᠠᠭ᠎ᠠ ᠲᠠᠷᠦ᠋ᠢᠬᠠᠨ ᠨᠤᠳᠤᠭ᠎ᠤᠨ ᠤᠯᠡᠨ ᠲᠦᠮᠡᠨ᠎ᠳᠡᠭᠡᠨ ᠭᠡᠯᠠᠵᠤ ᠦᠭ᠌ᠭᠦᠨ᠎ᠠ》 ᠭᠡᠵᠦ᠍ ᠮᠸᠢ ᠬᠤᠸᠠ ᠶᠠᠷᠢᠨ᠎ᠠ᠃
    ᠬᠤᠷᠠᠯ ᠲᠠᠷᠬᠠᠮᠠᠬ᠍ᠴᠠ᠂ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ᠂ ᠪᠡᠭᠡᠵᠢᠩ᠎ᠳᠤ ᠰᠠᠭᠤᠭ᠎ᠠ ᠠᠤᠬᠠᠨ ᠬᠤᠱᠢᠭᠤᠨ᠎ᠤ ᠨᠡᠬᠦᠳᠡᠯ ᠨᠠᠮ᠎ᠤᠨ ᠡᠬᠦᠷ᠎ᠤᠨ ᠱᠦᠵᠢ ᠱᠢᠤᠸᠠᠢ ᡁᠢ ᠬᠦᠸᠧ ᠲᠠᠷᠦ᠋ᠢᠬᠠᠨ ᠤᠳᠠᠰᠤ ᠠᠪᠴᠤ᠌ ᠦᠪᠡᠷ᠎ᠤᠨ᠎ᠢᠶᠠᠨ ᠶᠡᠷᠤᠩᠭᠡᠢ ᠱᠦᠵᠢ᠎ᠳᠤ ᠬᠠᠷᠢᠭᠤ ᠮᠡᠳᠡᠬᠦᠯᠦᠭ᠌ᠰᠡᠨ ᠶᠠᠪᠤᠳᠠᠯ᠎ᠢᠶᠠᠨ ᠨᠤᠳᠤᠭ᠎ᠤᠨ ᠤᠯᠠᠨ᠎ᠳᠠᠭᠠᠨ ᠬᠡᠯᠡᠵᠤ ᠦᠭ᠌ᠪᠡ᠃
    《ᠰᠤᠨᠤᠰᠤᠭ᠍ᠰᠠᠨ ᠪᠦᠬᠦᠨ᠎ᠢᠶᠠᠷ᠎ᠢᠶᠠᠨ ᠮᠠᠰᠢ ᠰᠡᠳᠭᠢᠯ ᠲᠤᠬ᠍ᠳᠤᠯᠵᠤ᠂ ᠤᠷᠤᠢ ᠵᠠᠪᠡᠯ ᠲᠧᠯᠸᠢᠰ ᠦᠵᠡᠵᠤ᠂ ᠶᠡᠷᠤᠩᠭᠡᠢ ᠱᠦᠵᠢ᠎ᠶ᠋ᠢᠨ ᠬᠠᠢᠷ᠎ᠡ ᠬᠠᠯᠠᠮᠵᠢ᠎ᠶ᠋ᠢ ᠰᠡᠳᠭᠢᠯ᠎ᠳᠡᠭᠡᠨ ᠲᠤᠭ᠍ᠳᠠᠭᠠᠨ᠎ᠠ ᠭᠡᠮᠡᠨ ᠶᠠᠷᠢᠵᠠᠭᠠᠵᠤ ᠪᠤᠢ》 ᠬᠡᠵᠤ ᠱᠢᠤᠸᠠᠢ ᡁᠢ ᠬᠦᠸᠧ ᠰᠤᠷᠪᠤᠯᠵᠢᠯᠠᠭ᠍ᠴᠢ᠎ᠳᠤ ᠬᠡᠯᠡᠨ᠎ᠠ᠃ 《ᠶᠡᠷᠤᠩᠭᠡᠢ ᠱᠦᠵᠢ᠂ ᠨᠡᠬᠦᠳᠡᠯ ᠨᠠᠮ᠎ᠤᠨ ᠡᠬᠦᠷ᠎ᠤᠨ᠎ᠬᠢᠨ᠎ᠤ ᠬᠦᠯᠦᠰᠤᠨ ᠲᠠᠷᠢᠶᠠᠴᠢᠳ᠎ᠢ ᠲᠠᠢᠴᠢᠯᠠᠨ ᠠᠵᠢᠯ ᠤᠯᠭᠤᠬᠤ᠂ ᠶᠠᠳᠠᠭᠤ᠎ᠠᠴᠠ ᠠᠩᠭᠢᠵᠢᠷᠠᠭᠤᠯᠤᠨ ᠪᠠᠶᠠᠵᠢᠨ ᠴᠢᠨᠡᠭᠡᠯᠢᠭ᠌ᠵᠢᠭᠦᠯᠬᠦ᠌ ᠲᠤᠬᠠᠢ ᠤᠨᠴᠠᠭᠠᠢ ᠬᠠᠯᠠᠮᠵᠢᠯᠠᠵᠤ ᠪᠠᠢᠯ᠎ᠠ᠂ ᠠᠰᠠᠭᠤᠬ᠍ᠰᠡᠨ ᠠᠰᠠᠭᠤᠯᠳᠠ᠎ᠨᠢ ᠴᠦᠮ ᠮᠠᠰᠢ ᠪᠤᠳᠠᠳᠠᠢ᠂ ᠨᠡᠬᠦᠳᠠᠯ ᠨᠠᠮ᠎ᠤᠨ ᠡᠬᠦᠷ᠎ᠤᠨ ᠱᠦᠵᠢ ᠪᠤᠯᠤᠬ᠍ᠰᠡᠨ᠎ᠤ ᠬᠤᠪᠢ᠎ᠳᠤ ᠪᠢ ᠯᠠᠪᠳᠠᠶ᠎ᠠ ᠨᠡᠬᠦᠳᠡᠯ ᠨᠠᠮ᠎ᠤᠨ ᠡᠬᠦᠷ᠎ᠢ ᠦᠨᠡᠨ ᠬᠦ᠌ ᠭᠠᠳᠠᠬ᠍ᠰᠢ ᠭᠠᠷᠴᠤ᠌ ᠬᠦᠯᠦᠰᠤᠨ ᠠᠵᠢᠯ ᠬᠢᠭ᠌ᠰᠡᠳ᠎ᠤᠨ ᠬᠦᠮᠦᠨ᠎ᠤ ᠭᠠᠵᠠᠷ ᠬᠦᠨᠳᠡᠯᠡᠨ᠎ᠤ ᠨᠤᠳᠤᠭ᠎ᠲᠠᠬᠢ 〈ᠬᠠᠯᠠᠭᠤᠨ ᠲᠤᠯᠠᠭᠠᠨ ᠭᠡᠷ ᠤᠷᠤᠨ〉 ᠪᠤᠯᠭᠠᠵᠤ᠂ ᠨᠠᠬᠦᠳᠡᠯ ᠨᠠᠮ᠎ᠤᠨ ᠡᠬᠦᠷ᠎ᠢ 〈ᠨᠡᠬᠦᠳᠡᠯ ᠪᠠᠬᠢᠯᠡᠯᠳᠠ〉 ᠪᠤᠯᠭᠠᠨ᠂ ᠨᠡᠬᠦᠳᠡᠯ ᠨᠠᠮ᠎ᠤᠨ ᠭᠡᠱᠢᠬᠦᠨ᠎ᠢ 〈ᠨᠡᠬᠦᠳᠡᠯ ᠤᠯᠠᠭᠠᠨ ᠲᠤᠭ〉 ᠪᠤᠯᠭᠠᠨ᠎ᠡ》 ᠭᠡᠵᠤ ᠱᠢᠤᠸᠠᠢ ᡁᠢ ᠬᠦᠸᠧ ᠰᠡᠳᠭᠢᠯ ᠲᠤᠬ᠍ᠳᠤᠯᠤᠨ ᠬᠡᠯᠡᠨ᠎ᠠ᠃
    ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ᠂ ᠦᠪᠦᠷ ᠮᠤᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠎ᠶ᠋ᠢᠨ ᠫᠷᠤᠹᠧᠰᠰᠤᠷ ᠬᠦᠬᠡᠪᠠᠭᠠᠳᠤᠷ ᠶᠡᠷᠦᠩᠬᠡᠢ ᠱᠦᠵᠢ᠎ᠳᠤ ᠬᠦᠮᠦᠨ ᠠᠮᠢᠳᠠᠨ᠎ᠤ ᠬᠠᠮᠳᠤ᠎ᠶ᠋ᠢᠨ ᠡᠪᠡᠳᠴᠢᠨ ᠬᠢᠵᠢᠭ᠎ᠤᠨ ᠲᠤᠬᠠᠢ ᠬᠠᠷᠢᠭᠤ ᠮᠡᠳᠡᠭᠦᠯᠦᠯᠳᠡ ᠬᠢᠵᠠᠢ᠃ 《ᠶᠡᠷᠦᠩᠬᠡᠢ ᠱᠦᠵᠢ ᠮᠢᠨᠤ ᠮᠡᠳᠡᠬᠦᠯᠦᠭ᠌ᠰᠡᠨ ᠠᠮᠢᠳᠠᠨ᠎ᠤ ᠬᠡᠮ ᠬᠢᠵᠢᠭ᠎ᠢ ᠰᠡᠷᠭᠡᠢᠯᠡᠨ ᠡᠵᠡᠮᠳᠡᠬᠦ᠌ ᠲᠤᠬᠠᠢ ᠠᠰᠠᠭᠤᠳᠠᠯ᠎ᠢ ᠤᠨᠴᠠ ᠠᠩᠬᠠᠷᠴᠦ᠍ ᠪᠠᠢᠪᠠ᠂ ᠶᠠᠷᠤᠩᠬᠡᠢ ᠱᠦᠵᠢ ᠰᠡᠳᠭᠢᠯ᠎ᠳᠡᠭᠡᠨ ᠠᠷᠠᠳ ᠲᠦᠮᠡᠨ᠎ᠢ ᠪᠤᠳᠤᠵᠤ ᠪᠠᠢᠳᠠᠭ᠎ᠢ ᠪᠢ ᠬᠦᠨ ᠮᠡᠳᠡᠷᠡᠭ᠌ᠰᠡᠨ》 ᠬᠡᠵᠤ ᠬᠦᠬᠡᠪᠠᠭᠠᠳᠤᠷ ᠶᠠᠷᠢᠨ᠎ᠠ᠃
    ᠶᠡᠷᠦᠩᠬᠡᠢ ᠱᠦᠵᠢ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠵᠤ᠂ ᠲᠦᠯᠦᠭᠡᠯᠡᠭ᠌ᠴᠢᠳ᠎ᠲᠠᠢ ᠬᠠᠮᠳᠤ ᠤᠯᠤᠰ᠎ᠤᠨ ᠶᠠᠪᠤᠳᠠᠯ᠎ᠢ ᠵᠦᠪᠳᠡᠯᠴᠡᠭ᠌ᠰᠡᠨ᠎ᠨᠢ ᠮᠠᠨ᠎ᠤ ᠤᠷᠤᠨ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠭᠡᠱᠢᠭᠦᠳ᠎ᠢ ᠶᠡᠭᠡ᠎ᠪᠠᠷ ᠵᠤᠷᠢᠭ᠍ᠵᠢᠭᠤᠯᠪᠠ᠃ ᠳᠡᠳᠡ ᠶᠡᠷᠦᠩᠬᠡᠢ ᠱᠦᠵᠢ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠭ᠍ᠰᠠᠨ ᠰᠤᠨᠢᠨ ᠮᠡᠳᠡᠭᠡ᠎ᠶ᠋ᠢ ᠨᠠᠷᠢᠨ ᠬᠢᠨᠠᠮᠠᠭᠠᠢ ᠬᠦᠯᠢᠶᠠᠨ ᠠᠪᠴᠤ᠌ ᠦᠵᠡᠭ᠌ᠰᠡᠨ ᠪᠤᠶᠤ ᠰᠤᠨᠤᠰᠤᠭᠠᠳ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠭᠦᠨᠵᠡᠭᠡᠢ ᠤᠢ᠍ᠢᠯᠠᠭᠠᠪᠠ᠃ 《ᠬᠦᠭ᠌ᠵᠢᠬᠦᠯᠵᠤ ᠪᠠᠢᠬᠤ᠎ᠨᠢ ᠠᠷᠠᠳ ᠲᠦᠮᠡᠨ᠎ᠤ ᠲᠦᠯᠦᠭᠡ ᠶᠤᠮ᠂ ᠬᠦᠭ᠌ᠵᠢᠯᠳᠡ᠎ᠶ᠋ᠢᠨ ᠦᠷ᠎ᠠ ᠪᠦᠲᠦᠭᠡᠯ᠎ᠢ ᠠᠷᠠᠳ ᠲᠦᠮᠡᠨ ᠬᠠᠮᠳᠦ᠎ᠪᠠᠷ ᠡᠳ᠋ᠯᠡᠪᠡᠯ ᠵᠤᠬᠢᠨ᠎ᠠ᠂ ᠬᠦᠭ᠌ᠵᠢᠬᠦᠯᠵᠤ ᠪᠠᠢᠬᠤ᠎ᠨᠢ ᠠᠷᠠᠳ ᠲᠦᠮᠡᠨ᠎ᠤ ᠵᠤᠯ ᠵᠢᠷᠭᠠᠯ᠎ᠢ ᠨᠡᠮᠡᠭ᠌ᠳᠡᠭᠦᠯᠬᠦ᠌᠎ᠶ᠋ᠢᠨ ᠲᠦᠯᠦᠭᠡ ᠶᠤᠮ》 ᠭᠡᠵᠤ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠭᠡᠱᠢᠭᠦᠨ᠂ ᠦᠪᠡᠷᠳᠡᠭᠡᠨ ᠵᠠᠰᠠᠬᠤ ᠤᠷᠤᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠢᠩᠭᠢᠮ᠎ᠤᠨ ᠳᠠᠷᠤᠭ᠎ᠠ ᠰᠦᠨ ᠵᠢᠶᠦ᠋ᠨ ᠴᠢᠩ ᠬᠡᠯᠡᠨ᠎ᠠ᠃ 《ᠳᠦᠷᠪᠡᠨ ᠠᠷᠪᠢᠨ ᠳᠦᠷᠪᠡᠨ ᠴᠦᠬᠡᠨ》 ᠎ᠤ ᠪᠠᠢᠳᠠᠯ᠎ᠢ ᠴᠢᠷᠮᠠᠢᠨ ᠬᠤᠪᠢᠷᠠᠭᠤᠯᠵᠤ ᠡᠨᠧᠷᠭᠢ᠎ᠶ᠋ᠢᠨ ᠠᠵᠤ ᠠᠬᠤᠢ᠎ᠶ᠋ᠢ ᠰᠠᠢᠳᠤᠷ ᠠᠳᠭᠤᠬᠤ᠎ᠠᠴᠠ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠵᠤ ᠪᠤᠬᠢᠷᠳᠤᠯ ᠦᠭᠡᠢ ᠬᠦᠭ᠌ᠵᠢᠯᠳᠠ᠎ᠪᠠᠷ ᠤᠳᠤᠷᠢᠳᠤᠮᠵᠢ ᠪᠤᠯᠭᠠᠬ᠍ᠰᠠᠨ ᠴᠢᠨᠠᠷᠳᠠᠢ ᠰᠠᠢᠳᠠᠢ ᠬᠦᠭ᠌ᠵᠢᠯᠳᠡ᠎ᠶ᠋ᠢᠨ ᠱᠢᠨ᠎ᠠ ᠵᠠᠮ᠎ᠢ ᠰᠦᠪᠡᠭ᠌ᠴᠢᠯᠡᠭ᠌ᠰᠡᠨ ᠵᠢᠴᠢ ᠡᠨᠡ ᠤᠳᠠᠭ᠎ᠠ ᠠᠷᠠᠳ ᠲᠦᠮᠡᠨ᠎ᠢᠶᠠᠷ ᠭᠤᠤᠯ ᠪᠤᠯᠭᠠᠬᠤ᠎ᠶ᠋ᠢ ᠤᠨᠴᠠᠭᠠᠢᠯᠠᠨ ᠴᠢᠬᠤᠯᠠᠴᠢᠯᠠᠭ᠍ᠰᠠᠨ ᠬᠦᠭ᠌ᠵᠢᠯᠳᠡ᠎ᠶ᠋ᠢᠨ ᠦᠵᠡᠯ ᠰᠠᠨᠠᠭ᠎ᠠ᠎ᠶ᠋ᠢᠨ ᠭᠤᠤᠯ ᠶᠤᠰᠤ ᠪᠠ ᠦᠨᠳᠦᠰᠦᠨ ᠠᠭᠤᠯᠭ᠎ᠠ᠎ᠨᠢ ᠨᠢᠭᠡᠳᠦᠯᠳᠠᠢ ᠶᠤᠮ᠂ ᠶᠡᠷᠦᠩᠬᠡᠢ ᠱᠦᠵᠢ᠎ᠶ᠋ᠢᠨ ᠠᠷᠠᠳ᠎ᠤᠨ ᠲᠦᠯᠦᠭᠡ ᠭᠡᠬᠦ᠌ ᠰᠡᠳᠭᠢᠯᠭᠡ ᠪᠠ ᠲᠦᠷᠦ᠍ ᠪᠠᠷᠢᠬᠤ ᠤᠢ᠍ᠢᠯᠠᠭᠠᠭ᠍ᠳᠠᠬᠤᠨ᠎ᠢ ᠳᠤᠪᠤᠢᠮ᠎ᠠ ᠬᠠᠷᠠᠭᠤᠯᠪᠠ ᠭᠡᠵᠤ ᠰᠦᠨ ᠵᠢᠶᠦ᠋ᠨ ᠴᠢᠩ ᠪᠤᠳᠤᠭ᠍ᠰᠠᠨ᠎ᠢᠶᠠᠨ ᠲᠠᠯᠬᠡᠨ᠎ᠠ᠃
    ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠭᠡᠡ᠎ᠤ ᠭᠡᠱᠢᠭᠦᠨ᠂ ᠬᠢᠩᠭᠠᠠ ᠠᠢᠮᠠᠭ᠎ᠤᠨ ᠲᠡᠳ᠋ ᠲᠠᠷᠤᠭ᠎ᠠ ᠵᠠᠩ ᠯᠢ ᠸᠧᠠ᠂ ᠶᠡᠷᠦᠩᠭᠡᠢ ᠱᠦᠵᠢ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠠ ᠵᠦᠪᠯᠡᠬᠦ᠌᠎ᠳᠤ ᠤᠷᠤᠯᠴᠠᠬᠤ ᠦᠶ᠎ᠠ᠎ᠶ᠋ᠢᠨ 3 ᠤᠲᠠᠭ᠎ᠠ᠎ᠶ᠋ᠢᠨ ᠴᠢᠬᠤᠯᠠ ᠶᠠᠷᠢᠶ᠎ᠠ᠎ᠨᠢ ᠨᠢᠭᠡᠳᠦᠯᠳᠡᠢ ᠪᠠᠢᠵᠤ᠂ ᠶᠡᠷᠦᠩᠭᠡᠢ ᠱᠦᠵᠢ᠎ᠶ᠋ᠢᠨ ᠦᠪᠦᠷ ᠮᠤᠩᠭᠤᠯ᠎ᠤᠨ ᠬᠦᠭ᠌ᠵᠢᠯᠲᠠ᠎ᠶ᠋ᠢ ᠲᠡᠭᠡᠲᠦ ᠬᠡᠮᠵᠢᠶ᠎ᠠ᠎ᠪᠠᠷ ᠴᠢᠬᠤᠯᠠᠴᠢᠯᠠᠨ᠂ ᠡᠭᠡ ᠤᠯᠤᠰ᠎ᠤᠨ ᠤᠮᠠᠷᠠᠲᠦ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠦᠳᠦᠬᠡᠨ ᠪᠠᠢᠭᠤᠯᠬᠤ᠎ᠳᠤ ᠲᠤᠲᠤᠨᠤ ᠬᠦᠰᠡᠯ ᠡᠷᠡᠮᠡᠯᠵᠡᠯ ᠲᠠᠯᠪᠢᠵᠦ᠍ ᠪᠠᠢᠭ᠎ᠠ᠎ᠶ᠋ᠢ ᠬᠠᠷᠠᠭᠤᠯᠵᠠᠢ᠃ ᠪᠢᠲᠠ ᠰᠢ᠎ᠶ᠋ᠢᠨ ᠫᠢᠩ᠎ᠤᠨ ᠠᠮᠢ ᠠᠬᠤᠢ᠎ᠶ᠋ᠢᠨ ᠪᠤᠯᠪᠠᠰᠤᠨ᠎ᠤ ᠦᠵᠡᠯ ᠰᠠᠨᠠᠭ᠎ᠠ᠎ᠶ᠋ᠢ ᠡᠷᠡᠰ ᠲᠤᠭᠤᠱᠢᠯᠠᠭᠤᠯᠤᠨ ᠨᠠᠢᠲᠠᠪᠤᠷᠢᠵᠢᠭᠤᠯᠵᠦ᠍᠂ ᠠᠮᠢ ᠠᠬᠤᠢ ᠤᠷᠴᠢᠨ ᠲᠤᠭᠤᠷᠢᠠ᠎ᠤ ᠬᠠᠮᠠᠭᠠᠯᠠᠯᠲᠠ᠎ᠶ᠋ᠢ ᠦᠨᠡᠡ ᠬᠦ᠌ ᠴᠢᠬᠤᠯᠠᠴᠢᠯᠠᠨ᠂ ᠠᠮᠢ ᠠᠬᠤᠢ᠎ᠶ᠋ᠢ ᠤᠷᠢᠳ᠎ᠢᠶᠠᠷ ᠪᠤᠲᠤᠯᠬᠢᠯᠠᠵᠤ ᠪᠤᠬᠢᠷᠲᠤᠯ ᠦᠭᠡᠢ ᠬᠦᠭ᠌ᠵᠢᠯᠲᠠ᠎ᠪᠠᠷ ᠤᠳᠤᠷᠢᠳᠤᠮᠵᠢ ᠪᠤᠯᠭᠠᠭ᠍ᠰᠠᠠ ᠴᠢᠨᠠᠷ ᠰᠠᠢᠲᠠᠢ ᠬᠦᠭ᠌ᠵᠢᠯᠲᠠ᠎ᠶ᠋ᠢᠨ ᠱᠢᠨ᠎ᠠ ᠵᠠᠮ᠎ᠢᠶᠠᠷ ᠡᠷᠡᠰ ᠭᠤᠢᠪᠢᠰᠢ ᠦᠬᠡᠢ᠎ᠪᠠᠷ ᠰᠠᠢᠲᠤᠷ ᠵᠠᠮᠨᠠᠨ᠎ᠠ ᠭᠡᠵᠦ᠍ ᠬᠡᠯᠡᠪᠡ᠃
    ᠲᠦᠯᠦᠭᠡᠯᠡᠭ᠌ᠴᠢᠳ ᠭᠡᠱᠢᠭᠦᠳ᠂ ᠶᠡᠷᠦᠩᠭᠡᠢ ᠱᠦᠵᠢ᠎ᠶ᠋ᠢᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠠ ᠵᠦᠪᠯᠡᠬᠦ᠌᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶᠠᠠ᠎ᠤ ᠵᠤᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠵᠦ᠍᠂ 《ᠮᠤᠩᠭᠤᠯ ᠮᠤᠷᠢᠨ᠎ᠤ ᠵᠤᠷᠢᠭ       ᠰᠠᠨᠠᠭ᠎ᠠ》 ᠎ᠶ᠋ᠢ ᠶᠡᠭᠡ᠎ᠪᠠᠷ ᠪᠠᠲᠠᠷᠠᠭᠤᠯᠤᠨ᠂ ᠠᠷᠠᠳ ᠲᠦᠮᠡᠡ᠎ᠢᠶᠠᠷ ᠭᠤᠤᠯ ᠪᠤᠯᠭᠠᠬᠤ ᠬᠦᠭ᠌ᠵᠢᠯᠲᠠ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠦ᠍᠂ ᠬᠢᠵᠢᠭ᠎ᠤᠨ ᠪᠠᠢᠲᠠᠯ᠎ᠤᠨ ᠤᠴᠠᠷᠠᠭᠤᠯᠤᠭ᠍ᠰᠠᠨ ᠨᠦᠯᠦᠭᠡ᠎ᠶ᠋ᠢ ᠡᠷᠡᠰ ᠢᠯᠠᠠ ᠲᠠᠪᠠᠵᠦ᠍᠂ ᠴᠢᠨᠡᠬᠡᠯᠢᠭ ᠨᠡᠢᠬᠡᠮ᠎ᠢ ᠪᠦᠬᠦ᠌ ᠳᠠᠯ᠎ᠠ᠎ᠪᠠᠷ ᠪᠡᠶᠡᠯᠡᠬᠦᠯᠬᠦ᠌ ᠱᠢᠢᠳᠪᠤᠷᠢᠳᠦ ᠢᠯᠠᠯᠳᠠ᠎ᠶ᠋ᠢ ᠤᠯᠬᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠱᠢᠢᠳᠪᠦᠷᠢᠳᠤ ᠳᠠᠢᠯᠠᠯᠳᠤᠭᠠᠨ ᠬᠢᠬᠦ᠌ ᠬᠠᠷᠠᠯᠳᠠ ᠡᠬᠦᠷᠬᠡ᠎ᠪᠠᠨ ᠪᠡᠶᠡᠯᠡᠬᠦᠯᠬᠦ᠌᠎ᠶ᠋ᠢ ᠦᠨᠡᠨ ᠬᠦ᠌ ᠪᠠᠳᠤᠯᠠᠵᠥ᠍᠂ ᠱᠢᠨ᠎ᠡ ᠴᠠᠬ ᠦᠶ᠎ᠡ᠎ᠳᠤ ᠨᠡᠢᠭᠡᠮ ᠵᠢᠷᠦᠮ᠎ᠤᠨ ᠤᠳᠤᠬᠢᠴᠢᠯᠠᠬ᠍ᠰᠠᠨ ᠤᠯᠤᠰ᠎ᠢ ᠪᠦᠬᠦ᠌ ᠳᠠᠯ᠎ᠠ᠎ᠪᠠᠷ ᠪᠦᠲᠦᠭᠡᠨ ᠪᠠᠢᠭᠤᠯᠬᠤ ᠠᠶᠠᠨ᠎ᠳᠤ ᠦᠪᠦᠷ ᠮᠤᠩᠭᠤᠯ᠎ᠤᠨ ᠬᠦᠭ᠌ᠵᠢᠯᠳᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠠ ᠭᠡᠵᠦ᠍       ᠢᠯᠡᠳᠭᠡᠵᠡᠭᠡᠪᠡ᠃  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号