ᠯᠢ ᠺᠧ ᠴᠢᠶᠠᠩ ᠭᠤᠸᠠᠩᠰᠢ᠎ᠶ᠋ᠢᠨ ᠳᠦᠯᠦᠬᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ᠎ᠳᠠᠭᠠᠨ ᠴᠢᠬᠤᠯᠠᠴᠢᠯᠠᠬ᠍ᠰᠠᠨ᠎ᠨᠢ 《ᠵᠢᠷᠭᠤᠭ᠎ᠠ᠎ᠶ᠋ᠢ ᠳᠤᠬ᠍ᠳᠠᠪᠤᠷᠢᠵᠢᠭᠤᠯᠬᠤ》 《ᠵᠢᠷᠭᠤᠭ᠎ᠠ᠎ᠶ᠋ᠢ ᠪᠠᠳᠤᠯᠠᠬᠤ》 ᠠᠵᠢᠯ᠎ᠢ ᠯᠠᠪᠳᠠᠭᠤᠨ ᠪᠠᠳᠤᠳᠠᠢ ᠰᠠᠢᠳᠤᠷ ᠬᠢᠵᠥ᠍ ᠪᠦᠬᠦ᠌ ᠵᠢᠯ᠎ᠤᠨ ᠠᠵᠥ᠍ ᠠᠬᠤᠢ ᠨᠡᠢᠬᠡᠮ᠎ᠤᠨ ᠬᠦᠭ᠌ᠵᠢᠯᠳᠡ᠎ᠶ᠋ᠢᠨ ᠭᠤᠤᠯ ᠬᠠᠷᠠᠯᠳᠠ ᠡᠬᠦᠷᠬᠡ᠎ᠶ᠋ᠢ ᠴᠢᠷᠮᠠᠢᠨ ᠪᠡᠶᠡᠯᠡᠬᠦᠯᠬᠦ᠌ ᠬᠡᠷᠡᠭ᠌ᠳᠡᠢ
2020-05-24 11:59:30
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆
ᠨᠠᠮ᠎ᠤᠨ ᠳᠦᠪ ᠬᠤᠷᠢᠶᠠᠨ᠎ᠤ ᠤᠯᠤᠰ ᠳᠦᠷᠦ᠎ᠶ᠋ᠢᠨ ᠳᠤᠪᠴᠢᠶᠠᠨ᠎ᠤ ᠪᠠᠢᠩᠭᠤ᠎ᠶ᠋ᠢᠨ ᠬᠡᠱᠢᠬᠦᠨ᠂ ᠳᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠢᠳ ᠯᠢ ᠺᠧ ᠴᠢᠶᠠᠩ 23 ᠤ ᠦᠳᠡ᠎ᠶ᠋ᠢᠨ ᠡᠮᠤᠨ᠎ᠡ ᠳᠡᠬᠦᠨ᠎ᠤ ᠪᠠᠢᠭ᠎ᠠ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠳᠦᠯᠦᠬᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠭᠤᠸᠠᠩᠰᠢ᠎ᠶ᠋ᠢᠨ ᠳᠦᠯᠦᠬᠡᠯᠡᠭ᠌ᠴᠢᠳ᠎ᠤᠨ ᠪᠦᠯᠬᠦᠮ᠎ᠳᠤ ᠬᠦᠷᠴᠤ᠌᠂ ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠬᠦ᠌᠎ᠳᠤ ᠤᠷᠤᠯᠴᠠᠪᠠ᠃ ᠯᠦ᠍ ᠱᠢᠨ ᠱᠧ᠂ ᠴᠧᠨ ᠡᠤ᠂ ᠫᠧᠩ ᠱ᠌ᠢ ᠬᠤᠸᠠ ᠵᠡᠷᠬᠡ ᠳᠦᠯᠦᠬᠡᠯᠡᠭ᠌ᠴᠢ 《ᠵᠢᠷᠭᠤᠭ᠎ᠠ᠎ᠶ᠋ᠢ ᠳᠤᠬ᠍ᠳᠠᠪᠤᠷᠢᠵᠢᠭᠤᠯᠬᠤ》᠂ 《ᠵᠢᠷᠭᠤᠭ᠎ᠠ᠎ᠶ᠋ᠢ ᠪᠠᠳᠤᠯᠠᠬᠤ》 ᠶ᠋ᠢ ᠬᠦᠴᠦᠯᠡᠨ ᠪᠡᠶᠡᠯᠡᠬᠦᠯᠬᠦ᠂ ᠪᠠᠷᠠᠭᠤᠨ ᠤᠷᠤᠨ᠎ᠤ ᠬᠠᠭᠤᠷᠠᠢ ᠳᠠᠯᠠᠢ᠎ᠶ᠋ᠢᠨ ᠱᠢᠨ᠎ᠡ ᠨᠡᠪᠲᠡᠷᠡᠬᠦ᠌ ᠵᠠᠮ᠎ᠤᠨ ᠪᠦᠳᠦᠬᠡᠨ ᠪᠠᠢᠭᠤᠯᠤᠯᠳᠠ᠎ᠶ᠋ᠢ ᠠᠬᠢᠭᠤᠯᠬᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠱᠢᠢᠳᠪᠦᠷᠢᠳᠤ ᠳᠠᠢᠯᠠᠯᠳᠤᠭᠠᠨ ᠬᠢᠬᠦ᠌ ᠵᠡᠷᠬᠡ ᠠᠰᠠᠭᠤᠳᠠᠯ᠎ᠤᠨ ᠳᠤᠭᠤᠷᠢᠨ᠎ᠳᠤ ᠢᠳᠡᠪᠬᠢᠳᠠᠢ᠎ᠪᠠᠷ ᠦᠭᠡ ᠬᠡᠯᠡᠵᠠᠢ᠃ ᠯᠢ ᠺᠧ ᠴᠢᠶᠠᠩ ᠤᠯᠠᠨ᠎ᠲᠠᠢ ᠰᠠᠨᠠᠯ᠎ᠢᠶᠠᠨ ᠰᠤᠯᠢᠯᠴᠠᠵᠥ᠍᠂ ᠬᠦᠨᠵᠡᠬᠡᠢ ᠶᠡᠷᠢᠯᠴᠠᠵᠠᠢ᠃ ᠲᠡᠷᠡ᠂ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠭ᠍ᠰᠠᠨ ᠨᠠᠮ᠎ᠤᠨ ᠲᠦᠪ ᠬᠤᠷᠢᠶᠠᠨ᠎ᠤ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠭᠤᠸᠠᠩᠰᠢ᠎ᠶ᠋ᠢᠨ᠎ᠬᠢᠨ ᠪᠦᠬᠦ᠌ ᠤᠯᠤᠰ᠎ᠤᠨ᠎ᠬᠢᠨ᠎ᠲᠠᠢ ᠠᠳᠠᠯᠢ᠎ᠪᠠᠷ ᠡᠭᠡᠳᠡᠷᠡᠭᠡᠨ ᠪᠤᠳᠤᠯᠢᠶᠠᠨᠳᠠᠢ ᠤᠯᠤᠰ᠎ᠤᠨ ᠳᠤᠳᠤᠭᠠᠳᠤ ᠭᠠᠳᠠᠭᠠᠳᠤ᠎ᠶ᠋ᠢᠨ ᠤᠷᠴᠢᠨ ᠪᠤᠯᠤᠨ ᠭᠡᠨᠡᠳᠳᠡ ᠳᠡᠯᠭᠡᠷᠡᠭ᠌ᠰᠡᠨ ᠱᠢᠨ᠎ᠠ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠤᠨ ᠡᠮᠦᠨ᠎ᠠ᠂ ᠦᠨᠳᠦᠰᠦᠳᠡᠨ᠎ᠨᠦᠭᠦᠳ᠎ᠤᠨ ᠠᠷᠠᠳ ᠲᠦᠮᠡᠨ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠡᠷᠡᠮᠡᠬᠡᠢᠯᠡᠨ ᠤᠷᠤᠭ᠍ᠰᠢᠯᠠᠵᠤ᠂ ᠬᠢᠵᠢᠭ᠎ᠤᠨ ᠪᠠᠢᠳᠠᠯ᠎ᠢ ᠡᠷᠴᠢᠮᠳᠠᠢ ᠪᠦᠲᠦᠮᠵᠢᠳᠠᠢ ᠰᠡᠷᠭᠡᠢᠯᠡᠨ ᠡᠵᠡᠮᠳᠡᠵᠤ᠂ ᠠᠵᠤ ᠠᠬᠤᠢ ᠨᠡᠢᠭᠡᠮ᠎ᠤᠨ ᠬᠦᠭ᠌ᠵᠢᠯᠳᠡ ᠪᠠ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠲᠠᠯ᠎ᠠ᠎ᠪᠠᠷ ᠮᠦᠨ ᠬᠦ᠌ ᠱᠢᠨ᠎ᠠ ᠠᠮᠵᠢᠯᠳᠠ ᠤᠯᠵᠠᠢ ᠭᠡᠵᠤ ᠬᠡᠯᠡᠪᠡ᠃
ᠯᠢ ᠺᠧ ᠴᠢᠶᠠᠩ᠂ ᠡᠨᠡ ᠵᠢᠯ ᠮᠠᠨ᠎ᠤ ᠤᠯᠤᠰ᠎ᠤᠨ ᠬᠦᠭ᠌ᠵᠢᠯᠳᠡ᠎ᠳᠤ ᠲᠤᠯᠭᠠᠷᠠᠵᠤ ᠪᠠᠢᠭ᠎ᠠ ᠬᠦᠴᠢᠷᠳᠡᠯ ᠪᠠ ᠦᠷᠢᠰᠦᠯᠳᠦᠭᠡᠨ ᠤᠷᠢᠳᠤ ᠡᠮᠦᠨ᠎ᠠ ᠪᠠᠢᠭ᠎ᠠ ᠦᠭᠡᠢ ᠶᠤᠮ᠃ ᠰᠢ᠎ᠶ᠋ᠢᠨ ᠫᠢᠩ᠎ᠤᠨ ᠱᠢᠨ᠎ᠠ ᠴᠠᠭ ᠦᠶ᠎ᠠ᠎ᠶ᠋ᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ᠎ᠶ᠋ᠢ ᠪᠠᠷᠢᠮᠳᠠᠯᠠᠵᠤ᠂ ᠦᠪᠡᠷ᠎ᠤᠨ ᠶᠠᠪᠤᠳᠠᠯ᠎ᠢᠶᠠᠨ ᠰᠠᠢᠳᠤᠷ ᠬᠢᠬᠦ᠌᠎ᠳᠤ ᠰᠠᠭᠤᠷᠢᠯᠠᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠤᠨ ᠬᠦᠭ᠌ᠵᠢᠯᠳᠡ᠎ᠶ᠋ᠢ ᠨᠢᠭᠡᠳᠦᠯᠳᠠᠢ ᠲᠦᠯᠦᠪᠵᠢᠭᠦᠯᠬᠦ᠌ ᠠᠵᠢᠯ᠎ᠢ ᠠᠬᠢᠭᠤᠯᠵᠤ᠂ 《ᠵᠢᠷᠭᠤᠭ᠎ᠠ᠎ᠶ᠋ᠢ ᠲᠤᠭ᠍ᠳᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠳᠤᠳᠠᠢ ᠰᠠᠢᠳᠤᠷ ᠬᠢᠵᠤ᠂ 《ᠵᠢᠷᠭᠤᠭ᠎ᠠ᠎ᠶ᠋ᠢ ᠪᠠᠳᠤᠯᠠᠬᠤ》 ᠡᠬᠦᠷᠬᠡ᠎ᠶ᠋ᠢ ᠪᠦᠬᠦ᠌ ᠲᠡᠯ᠎ᠡ᠎ᠪᠠᠷ ᠨᠠᠢᠳᠠᠪᠤᠷᠢᠵᠢᠭᠤᠯᠵᠤ᠂ ᠲᠠᠭᠠᠷᠢᠯᠳᠡ᠎ᠶ᠋ᠢ ᠪᠦᠳᠦᠮᠵᠢᠳᠡᠢ ᠠᠷᠭᠠᠴᠠᠭᠠᠬᠤ᠂ ᠰᠠᠢᠨ ᠰᠠᠢᠬᠠᠨ ᠤᠷᠴᠢᠯ᠎ᠢ ᠪᠡᠶᠡᠯᠡᠬᠦᠯᠬᠦ᠌ ᠱᠢᠨ᠎ᠡ ᠵᠠᠮ᠎ᠢᠶᠠᠷ ᠵᠠᠮᠨᠠᠬᠤ᠎ᠪᠠᠷ ᠴᠢᠷᠮᠠᠢᠬᠤ ᠬᠡᠷᠡᠭ᠌ᠳᠡᠢ᠃ ᠠᠵᠥ᠍ ᠠᠬᠤᠢ᠎ᠶ᠋ᠢᠨ ᠦᠨᠳᠦᠰᠦᠨ ᠪᠠᠢᠳᠠᠯ᠎ᠢ ᠲᠤᠭ᠍ᠳᠠᠪᠤᠷᠢᠵᠢᠭᠤᠯᠵᠥ᠍᠂ ᠤᠨᠴᠠᠭᠠᠢᠯᠠᠨ ᠠᠵᠢᠯ ᠤᠯᠭᠤᠯᠳᠠ᠎ᠶ᠋ᠢ ᠲᠤᠭ᠍ᠳᠠᠪᠤᠷᠢᠵᠢᠭᠤᠯᠵᠥ᠍᠂ ᠠᠷᠠᠳ᠎ᠤᠨ ᠠᠮᠢᠳᠤᠷᠠᠯ᠎ᠢ ᠪᠠᠳᠤᠯᠠᠵᠥ᠍᠂ ᠵᠠᠬ᠎ᠠ ᠲᠡᠯᠬᠡᠬᠦᠷ᠎ᠤᠨ ᠭᠤᠤᠯ ᠴᠤᠭ᠍ᠴᠠ᠎ᠶ᠋ᠢ ᠪᠠᠳᠤᠯᠠᠬᠤ ᠬᠡᠷᠡᠭ᠌ᠳᠡᠢ᠃ ᠡᠯ᠎ᠡ ᠱᠠᠳᠤᠨ᠎ᠤ ᠵᠠᠰᠠᠭ᠎ᠤᠨ ᠤᠷᠳᠤᠨ 《ᠵᠢᠷᠭᠤᠭ᠎ᠠ᠎ᠶ᠋ᠢ ᠪᠠᠳᠤᠯᠠᠬᠤ》 ᠶ᠋ᠢ ᠪᠦᠷ ᠲᠤᠪᠤᠢᠮ᠎ᠠ ᠪᠠᠢᠷᠢᠨ᠎ᠳᠤ ᠲᠠᠯᠪᠢᠵᠥ᠍᠂ ᠡᠨᠡ ᠵᠢᠯ ᠡᠳ᠋᠎ᠤᠨ ᠵᠠᠰᠠᠭ᠎ᠤᠨ ᠤᠯᠠᠭᠠᠨ ᠲᠤᠭ᠎ᠠ᠎ᠶ᠋ᠢ ᠦᠷᠬᠡᠳᠭᠡᠵᠥ᠍᠂ ᠬᠢᠵᠢᠭ᠎ᠲᠠᠢ ᠲᠡᠮᠡᠴᠡᠬᠦ᠌ ᠤᠯᠤᠰ᠎ᠤᠨ ᠤᠨᠴᠠᠭᠠᠢ ᠵᠢᠬᠡᠯᠡᠯᠬᠡ ᠲᠠᠷᠬᠠᠭᠠᠬᠤ ᠵᠡᠷᠬᠡ᠎ᠪᠠᠷ ᠳᠠᠮᠵᠢᠨ ᠨᠡᠮᠡᠭ᠌ᠳᠡᠬᠦᠯᠥᠭ᠌ᠰᠡᠡ ᠡᠳ᠋᠎ᠤᠨ ᠵᠠᠰᠠᠭ᠎ᠤᠨ ᠪᠡᠯᠡ ᠮᠥᠩᠬᠦ᠌᠎ᠶ᠋ᠢ ᠪᠦᠬᠦᠨ᠎ᠢ ᠬᠤᠳᠠ ᠱᠢᠶᠠᠨ᠎ᠤ ᠦᠨᠳᠦᠰᠦᠨ ᠱᠠᠳᠤᠨ᠎ᠳᠤ ᠬᠡᠷᠡᠭ᠌ᠯᠡᠵᠥ᠍᠂ ᠠᠵᠢᠯ ᠤᠯᠭᠤᠯᠳᠠ᠎ᠶ᠋ᠢ ᠲᠤᠭ᠍ᠳᠠᠪᠤᠷᠢᠵᠢᠭᠤᠯᠬᠤ ᠠᠷᠠᠳ᠎ᠤᠨ ᠠᠮᠢᠳᠤᠷᠠᠯ᠎ᠢ ᠪᠠᠳᠤᠯᠠᠬᠤ᠎ᠳᠤ ᠲᠤᠯᠭᠠᠭᠤᠷᠢᠯᠠᠯ ᠬᠠᠩᠭᠠᠬᠤ ᠬᠡᠷᠡᠭ᠌ᠳᠡᠢ᠃ ᠠᠵᠢᠯ ᠤᠯᠭᠤᠯᠳᠠ᠎ᠶ᠋ᠢ ᠲᠤᠭ᠍ᠳᠠᠪᠤᠷᠢᠵᠢᠭᠤᠯᠬᠤ᠎ᠳᠤ ᠡᠷᠬᠡᠪᠰᠢ ᠵᠠᠬ᠎ᠠ ᠲᠡᠯᠬᠡᠬᠦᠷ᠎ᠤᠨ ᠭᠤᠤᠯ ᠴᠤᠭ᠍ᠴᠠ᠎ᠶ᠋ᠢ ᠪᠠᠳᠤᠯᠠᠬᠤ ᠬᠡᠷᠡᠭ᠌ᠳᠡᠢ᠃ ᠠᠵᠥ᠍ ᠠᠬᠤᠢ᠍ᠢᠯᠠᠯ᠎ᠢ ᠬᠠᠪᠰᠤᠷᠴᠦ᠍ ᠬᠦᠴᠢᠷᠳᠡᠯ᠎ᠠᠴᠠ ᠮᠤᠯᠳᠤᠷᠠᠭᠤᠯᠬᠤ ᠲᠦᠷᠦ᠎ᠶ᠋ᠢᠨ ᠪᠤᠳᠤᠯᠭ᠎ᠠ᠎ᠶ᠋ᠢ ᠪᠤᠳᠠᠳᠠᠢ᠎ᠳᠤ ᠨᠠᠢᠳᠠᠪᠤᠷᠢᠵᠢᠭᠤᠯᠵᠥ᠍᠂ ᠤᠨᠴᠠᠭᠠᠢᠯᠠᠨ ᠠᠷᠪᠢᠨ ᠠᠵᠢᠯ ᠤᠯᠭᠤᠳᠠᠭ ᠲᠤᠮᠳᠠ ᠪᠠᠭ᠎ᠠ ᠵᠢᠵᠢᠭ ᠠᠵᠥ᠍ ᠠᠬᠤᠢ᠍ᠢᠯᠠᠯ᠂ ᠬᠤᠪᠢ᠎ᠶ᠋ᠢᠨ ᠦᠢᠯᠡᠳᠪᠤᠷᠢ ᠬᠤᠳᠠᠯᠳᠤᠭᠠᠨ᠎ᠤ ᠡᠷᠦᠬᠡ᠎ᠶ᠋ᠢᠨ ᠬᠦᠴᠢᠷᠳᠡᠯ᠎ᠢ ᠲᠤᠭᠤᠯᠬᠤ᠎ᠶ᠋ᠢ ᠬᠠᠪᠰᠤᠷᠤᠨ ᠲᠡᠳᠬᠦᠬᠦ᠌ ᠬᠡᠷᠡᠭ᠌ᠳᠡᠢ᠃ ᠵᠢᠵᠢᠭ ᠬᠤᠳᠠᠯᠳᠤᠭᠠᠴᠢᠨ᠂ ᠵᠢᠵᠢᠭ ᠲᠡᠯᠬᠡᠬᠦᠷ ᠵᠡᠷᠬᠡ ᠠᠮᠢᠳᠤᠯᠢᠭ ᠠᠵᠢᠯ ᠤᠯᠭᠤᠯᠳᠠ᠎ᠶ᠋ᠢ ᠲᠡᠮᠵᠢᠵᠥ᠍᠂ ᠤᠯᠠᠨ ᠠᠷᠪᠢᠨ ᠵᠢᠵᠢᠭ ᠠᠵᠢᠯ ᠤᠯᠭᠤᠯᠳᠠ᠎ᠪᠠᠷ ᠠᠷᠠᠳ᠎ᠤᠨ ᠠᠮᠢᠳᠤᠷᠠᠯ᠎ᠢ ᠲᠤᠯᠭᠠᠭᠤᠷᠢᠯᠠᠬᠤ ᠬᠡᠷᠡᠭ᠌ᠳᠡᠢ ᠬᠡᠪᠡ᠃
ᠯᠢ ᠺᠧ ᠴᠢᠶᠠᠩ᠂ 《ᠵᠢᠷᠭᠤᠭ᠎ᠠ᠎ᠶ᠋ᠢ ᠪᠠᠲᠤᠯᠠᠬᠤ》 ᠡᠬᠦᠷᠭᠡ᠎ᠶ᠋ᠢ ᠨᠠᠢᠳᠠᠪᠤᠷᠢᠵᠢᠭᠤᠯᠬᠤ᠎ᠳᠤ ᠦᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠬᠦ᠌᠎ᠶ᠋ᠢ ᠪᠠᠷᠢᠮᠳᠠᠯᠠᠨ᠂ ᠪᠠᠢᠭᠤᠯᠤᠮᠵᠢ ᠲᠤᠭ᠍ᠲᠠᠴᠠ᠎ᠶ᠋ᠢᠨ ᠱᠢᠨ᠎ᠠ᠎ᠶ᠋ᠢ ᠡᠭᠦᠳᠬᠦ᠌᠎ᠪᠠᠷ ᠲᠦᠪᠡᠭ᠌ᠲᠡᠢ ᠠᠰᠠᠭᠤᠲᠠᠯ᠎ᠢ ᠱᠢᠢᠳᠪᠦᠷᠢᠯᠡᠬᠦ᠌᠎ᠶ᠋ᠢ ᠨᠡᠩ ᠴᠢᠬᠤᠯᠠᠴᠢᠯᠠᠬᠤ ᠭᠡᠷᠡᠭ᠌ᠲᠡᠢ᠃ ᠠᠵᠦ᠍ ᠠᠬᠤᠢ᠍ᠢᠯᠠᠯ᠎ᠤᠨ ᠠᠵᠢᠯ ᠦᠢᠯᠡᠳᠪᠦᠷᠢᠯᠡᠯ᠎ᠢᠶᠠᠨ ᠰᠡᠷᠭᠦᠭᠡᠬᠦ᠌ ᠡᠵᠡᠩᠨᠡᠯᠳᠡ᠎ᠪᠠᠨ ᠰᠡᠷᠭᠦᠭᠡᠬᠦ᠌᠎ᠳᠤ ᠲᠤᠯᠭᠠᠷᠠᠭ᠍ᠰᠠᠠ ᠠᠰᠠᠭᠤᠲᠠᠯ ᠪᠤᠯᠤᠨ ᠠᠷᠠᠯᠵᠢᠶ᠎ᠠ ᠡᠵᠡᠩᠨᠡᠬᠦ᠌ ᠤᠷᠴᠢᠨ᠎ᠤ ᠲᠤᠲᠠᠭᠤᠲᠠᠯ᠎ᠳᠤ ᠴᠢᠭ᠌ᠯᠡᠭᠦᠯᠵᠦ᠍᠂ 《ᠲᠠᠯᠪᠢᠬᠤ ᠬᠠᠮᠢᠶᠠᠷᠬᠤ ᠦᠢᠯᠡᠴᠢᠯᠡᠬᠦ᠌》 ᠦᠭᠡᠷᠡᠴᠢᠯᠡᠯᠲᠡ᠎ᠶ᠋ᠢ ᠬᠦᠨᠵᠡᠭᠡᠢᠷᠡᠭᠦᠯᠤᠨ᠂ ᠬᠦᠯᠢᠶᠡᠰᠦ᠎ᠶ᠋ᠢ ᠡᠪᠲᠡᠬᠦ᠂ ᠲᠦᠪ ᠭᠤᠤᠯᠴᠢ ᠦᠷᠢᠰᠦᠯᠲᠦᠭᠡᠡ᠎ᠢ ᠠᠬᠢᠭᠤᠯᠬᠤ᠂ ᠠᠵᠦ᠍ ᠠᠬᠤᠢ᠍ᠢᠯᠠᠯ᠎ᠳᠤ ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠬᠦ᠌ ᠲᠠᠯ᠎ᠠ᠎ᠪᠠᠷ ᠨᠡᠩ ᠤᠯᠠᠠ ᠪᠤᠲᠠᠲᠤ ᠠᠷᠭ᠎ᠠ ᠠᠪᠴᠤ᠌᠂ ᠵᠠᠬ᠎ᠠ ᠲᠡᠯᠭᠡᠭᠦᠷᠴᠢᠯᠡᠭ᠌ᠰᠡᠡ ᠬᠠᠤᠯᠢᠵᠢᠭ᠍ᠰᠠᠠ ᠲᠡᠯᠡᠭᠡᠢᠴᠢᠯᠡᠭ᠌ᠰᠡᠡ ᠠᠷᠠᠯᠵᠢᠶ᠎ᠠ ᠡᠵᠡᠩᠨᠡᠬᠦ᠌ ᠤᠷᠴᠢᠨ ᠲᠤᠭᠤᠷᠢᠨ᠎ᠢ ᠪᠤᠢ ᠪᠤᠯᠭᠠᠵᠦ᠍᠂ ᠵᠠᠬ᠎ᠠ ᠲᠡᠯᠭᠡᠭᠦᠷ᠎ᠤᠨ ᠠᠮᠢᠵᠢᠷᠠᠯ᠎ᠤᠨ ᠬᠦᠴᠤᠨ ᠪᠤᠯᠤᠨ ᠨᠡᠢᠭᠡᠮ᠎ᠤᠨ ᠡᠬᠦᠲᠦᠨ ᠪᠦᠲᠦᠭᠡᠬᠦ᠌ ᠬᠦᠴᠤᠨ᠎ᠢ ᠨᠡᠩ ᠶᠡᠭᠡ᠎ᠪᠠᠷ ᠤᠷᠮᠠᠱᠢᠭᠤᠯᠤᠨ ᠬᠦᠭ᠌ᠵᠢᠭᠡᠬᠦ᠌ ᠭᠡᠷᠡᠭ᠌ᠲᠡᠢ᠃ ᠭᠤᠸᠠᠩᠰᠢ ᠲᠠᠯᠠᠢ ᠲᠠᠭᠠᠤ ᠬᠢᠯᠢ ᠲᠠᠭᠠᠤ ᠪᠠᠢᠭ᠎ᠠ ᠤᠷᠤᠨ ᠪᠠᠢᠷᠢ᠎ᠶ᠋ᠢᠨ ᠲᠠᠪᠠᠭᠤᠯᠢᠭ᠎ᠢᠶᠠᠨ ᠰᠠᠢᠳᠦᠷ ᠪᠠᠲᠠᠷᠠᠭᠤᠯᠤᠨ᠂ ᠤᠯᠤᠰ᠎ᠤᠨ ᠲᠤᠲᠤᠭᠠᠲᠤ ᠭᠠᠲᠠᠭᠠᠲᠤ᠎ᠳᠤ ᠨᠡᠭᠡᠭᠡᠯᠲᠡ ᠬᠢᠬᠦ᠌᠎ᠪᠠᠨ ᠦᠷᠭᠡᠳᠭᠡᠵᠦ᠍᠂ ᠦᠠᠲᠦᠷ ᠲᠦᠪᠱᠢᠨ ᠪᠦᠬᠦᠢ ᠴᠢᠯᠦᠭᠡᠲᠦ ᠠᠷᠠᠯᠵᠢᠶᠠᠠᠤ ᠲᠤᠷᠱᠢᠯᠲᠠ᠎ᠶ᠋ᠢᠨ ᠲᠤᠭᠤᠷᠢᠭ᠂ ᠪᠠᠷᠠᠭᠤᠨ ᠤᠷᠤᠨ᠎ᠤ ᠬᠠᠭᠤᠷᠠᠢ ᠲᠠᠯᠠᠢ᠎ᠶ᠋ᠢᠨ ᠱᠢᠨ᠎ᠠ ᠵᠠᠮ᠎ᠤᠨ ᠪᠦᠲᠦᠭᠡᠡ ᠪᠠᠢᠭᠤᠯᠤᠯᠲᠠ᠎ᠪᠠᠷ ᠲᠤᠯᠭᠠᠭᠤᠷᠢᠯᠠᠯ ᠪᠤᠯᠭᠠᠵᠦ᠍᠂ ᠭᠤᠸᠠᠩᠲᠦᠩ ᠱᠢᠶᠠᠩᠭᠠᠩ ᠤᠤᠮᠸᠠᠤ ᠶᠡᠭᠡ ᠪᠤᠯᠤᠩ᠎ᠤᠨ ᠤᠷᠤᠨ᠎ᠲᠠᠢ ᠵᠤᠯᠭᠠᠭᠤᠯᠬᠤ᠂ ᠵᠡᠭᠦᠨ ᠡᠮᠦᠨᠡᠲᠦ ᠠᠽᠢᠶ᠎ᠠ᠎ᠶ᠋ᠢᠨ ᠬᠤᠯᠪᠤᠭ᠎ᠠ᠎ᠶ᠋ᠢᠨ ᠤᠯᠤᠰ᠎ᠤᠳ᠎ᠲᠤ ᠬᠠᠨᠲᠤᠭ᠍ᠰᠠᠠ ᠦᠨᠲᠦᠷ ᠲᠦᠪᠱᠢᠠ᠎ᠲᠠᠢ ᠨᠡᠭᠡᠭᠡᠯᠲᠡᠲᠦ ᠬᠠᠮᠲᠤᠷᠠᠯᠴᠠᠭᠠᠨ᠎ᠤ ᠲᠠᠪᠴᠠᠩ᠎ᠢ ᠪᠠᠢᠭᠤᠯᠬᠤ ᠭᠡᠷᠡᠭ᠌ᠲᠡᠢ ᠭᠡᠵᠦ᠍ ᠴᠢᠬᠤᠯᠠᠴᠢᠯᠠᠪᠠ᠃
ᠯᠢ ᠺᠧ ᠴᠢᠶᠠᠩ᠂ ᠬᠢᠵᠢᠭ᠎ᠤᠨ ᠪᠠᠢᠳᠠᠯ᠎ᠤᠨ ᠲᠠᠭᠠᠷᠢᠯᠳᠠ᠎ᠨᠢ ᠤᠯᠠᠨ ᠲᠦᠮᠡᠨ᠎ᠤ ᠠᠮᠢᠳᠤᠷᠠᠯ᠎ᠳᠤ ᠨᠡᠯᠢᠶᠡᠳ ᠶᠡᠭᠡ ᠨᠦᠯᠦᠭᠡ ᠦᠵᠡᠬᠦᠯᠵᠠᠢ᠂ ᠬᠦᠮᠦᠨ᠎ᠢᠶᠠᠷ ᠦᠨᠳᠤᠰᠤ ᠪᠤᠯᠭᠠᠬᠤ᠎ᠶ᠋ᠢ ᠪᠠᠷᠢᠮᠳᠠᠯᠠᠵᠤ᠂ ᠠᠷᠠᠳ᠎ᠤᠨ ᠦᠨᠳᠦᠰᠦᠨ ᠠᠮᠢᠳᠤᠷᠠᠯ᠎ᠤᠨ ᠠᠮᠤᠷ ᠲᠦᠪᠱᠢᠨ᠎ᠤ ᠲᠤᠤᠷ᠎ᠢ ᠨᠠᠷᠢᠨ ᠨᠢᠬ᠍ᠳᠠ ᠪᠦᠭᠡᠳ ᠪᠠᠳᠤ ᠪᠠᠬᠢ ᠰᠦᠯᠵᠢᠵᠤ᠂ ᠬᠦᠴᠢᠷᠳᠡᠯᠳᠠᠢ ᠤᠯᠠᠨ ᠲᠦᠮᠡᠨ᠂ ᠠᠵᠢᠯ ᠠᠯᠳᠠᠬ᠍ᠰᠡᠨ ᠬᠦᠮᠤᠰ᠎ᠤᠨ ᠦᠨᠳᠤᠰᠤᠨ ᠠᠮᠢᠳᠤᠷᠠᠯ᠎ᠢ ᠪᠠᠳᠤᠯᠠᠬᠤ ᠭᠡᠷᠡᠭ᠌ᠳᠠᠢ᠃ ᠬᠦᠴᠤᠨ᠎ᠢᠶᠠᠨ ᠲᠦᠪᠯᠡᠷᠡᠬᠦᠯᠤᠨ ᠤᠨᠴᠠ ᠶᠠᠳᠠᠭᠤ ᠬᠦᠴᠢᠷᠳᠡᠯ᠎ᠢ ᠠᠷᠢᠯᠭᠠᠬᠤ ᠲᠠᠢᠯᠠᠯᠳᠤᠭᠠᠨ᠎ᠢ ᠰᠠᠢᠳᠤᠷ ᠬᠢᠵᠤ᠂ ᠶᠠᠳᠠᠭᠤ᠎ᠠᠴᠠ ᠠᠩᠭᠢᠵᠢᠷᠠᠭᠠᠳᠤᠢ ᠶᠠᠳᠠᠭᠤ ᠬᠦᠴᠢᠷᠳᠡᠯᠳᠠᠢ ᠱᠢᠶᠠᠨ ᠪᠠ ᠲᠠᠩᠰᠠᠯᠠᠵᠤ ᠺᠠᠷᠲᠯᠠᠬ᠍ᠰᠨᠨ ᠶᠠᠳᠠᠭᠤ ᠬᠦᠴᠢᠷᠳᠡᠯᠳᠠᠢ ᠬᠦᠮᠦᠨ ᠠᠮᠠ᠎ᠶ᠋ᠢ ᠶᠠᠳᠠᠭᠤ᠎ᠠᠴᠠ ᠠᠩᠭᠢᠵᠢᠷᠠᠭᠤᠯᠬᠤ ᠬᠦᠴᠢᠷ ᠠᠰᠠᠭᠤᠳᠠᠯ᠎ᠢ ᠡᠷᠡᠰ ᠱᠢᠢᠳᠪᠤᠷᠢᠯᠡᠬᠦ᠌ ᠭᠡᠷᠡᠭ᠌ᠳᠠᠢ᠃ ᠬᠦᠳᠡᠭᠡ ᠲᠤᠰᠭᠤᠨ᠎ᠤ ᠰᠠᠭᠤᠷᠢ ᠲᠦᠬᠦᠭᠡᠷᠤᠮᠵᠢ᠂ ᠡᠮᠴᠢᠯᠡᠭᠡ ᠡᠷᠡᠬᠦᠯ ᠬᠠᠮᠠᠭᠠᠯᠠᠯ᠂ ᠠᠮᠢ ᠠᠬᠤᠢ᠎ᠶ᠋ᠢᠨ ᠬᠠᠮᠠᠭᠠᠯᠠᠯᠳᠠ ᠵᠡᠷᠭᠡ ᠬᠦᠷᠢᠶᠠᠨ᠎ᠤ 《ᠲᠤᠳᠠᠭᠤᠳᠠᠯ᠎ᠢ ᠨᠦᠬᠦᠪᠤᠷᠢᠯᠡᠬᠦ᠌》 ᠡᠷᠴᠢᠮ᠎ᠢᠶᠠᠨ ᠴᠢᠩᠭᠠᠷᠠᠭᠤᠯᠵᠤ᠂ ᠬᠤᠪᠢᠰᠭᠠᠯ᠎ᠤᠨ ᠡᠷᠳᠡ ᠴᠢᠯᠦᠭᠡᠯᠡᠭ᠌ᠳᠡᠭ᠌ᠰᠡᠨ ᠤᠷᠤᠨ᠂ ᠦᠨᠳᠤᠰᠤᠳᠠᠨ᠎ᠤ ᠤᠷᠤᠨ᠂ ᠬᠢᠯᠢ ᠬᠢᠵᠠᠭᠠᠷ ᠤᠷᠤᠨ᠂ ᠶᠠᠳᠠᠭᠤ ᠬᠦᠴᠢᠷᠳᠡᠯᠳᠠᠢ ᠤᠷᠤᠨ᠎ᠤ ᠬᠦᠭ᠌ᠵᠢᠯᠳᠠ᠎ᠶ᠋ᠢ ᠲᠠᠮᠵᠢᠵᠤ᠂ ᠲᠠᠷᠢᠶᠠᠴᠢᠳ᠎ᠤᠨ ᠤᠷᠤᠯᠭ᠎ᠠ᠎ᠪᠠᠨ ᠨᠡᠮᠡᠭ᠌ᠳᠡᠬᠦᠯᠬᠦ᠌᠎ᠶ᠋ᠢ ᠠᠬᠢᠭᠤᠯᠬᠤ ᠭᠡᠷᠡᠭ᠌ᠳᠠᠢ ᠭᠡᠵᠤ ᠵᠢᠭᠠᠵᠤ ᠭᠠᠷᠭᠠᠪᠠ᠃
ᠯᠢ ᠺᠧ ᠴᠢᠶᠠᠩ᠂ ᠭᠤᠸᠠᠩᠰᠢ᠎ᠶ᠋ᠢᠨ᠎ᠬᠢᠨ ᠶᠡᠷᠤᠩᠭᠡᠢ ᠱᠦᠵᠢ ᠰᠢ᠎ᠶ᠋ᠢᠨ ᠫᠢᠩ᠎ᠤᠨ ᠭᠤᠸᠠᠩᠰᠢ᠎ᠶ᠋ᠢᠨ ᠠᠵᠢᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠤᠷᠢᠭ ᠰᠠᠨᠠᠭ᠎ᠠ᠎ᠶ᠋ᠢ ᠬᠦᠨᠵᠡᠭᠡᠢ ᠲᠤᠭᠤᠱᠢᠯᠠᠭᠤᠯᠵᠤ᠂ ᠨᠠᠮ᠎ᠤᠨ ᠲᠦᠪ ᠬᠤᠷᠢᠶ᠎ᠡ᠂ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠪᠠᠢᠷᠢᠯᠠᠭᠤᠯᠤᠯᠳᠠ ᠶᠤᠰᠤᠭᠠᠷ᠂ ᠱᠢᠨ᠎ᠡ ᠴᠠᠭ ᠦᠶ᠎ᠡ᠎ᠳᠤ ᠪᠠᠷᠠᠭᠤᠨ ᠤᠷᠤᠨ᠎ᠢ ᠶᠡᠭᠡ᠎ᠪᠠᠷ ᠨᠡᠭᠡᠭᠡᠨ ᠬᠦᠭ᠌ᠵᠢᠬᠦᠯᠬᠦ᠌᠎ᠶ᠋ᠢ ᠠᠬᠢᠭᠤᠯᠤᠨ ᠱᠢᠨ᠎ᠡ ᠪᠠᠢᠷᠢᠱᠢᠯ᠎ᠢ ᠪᠦᠷᠢᠯᠳᠦᠬᠦᠯᠬᠦ᠌ ᠲᠡᠤᠭᠡᠨ ᠠᠵᠠ ᠲᠤᠬᠢᠶᠠᠯ᠎ᠢ ᠠᠳᠭᠤᠵᠤ᠂ ᠦᠨᠳᠤᠰᠤᠳᠡᠨ᠎ᠨᠦᠭᠦᠳ᠎ᠤᠨ ᠤᠯᠠᠨ ᠲᠦᠮᠡᠨ᠎ᠳᠤ ᠨᠢᠬ᠍ᠳᠠ ᠲᠦᠱᠢᠭ᠌ᠯᠡᠨ᠂ ᠰᠡᠳᠭᠢᠯ ᠨᠢᠭᠡᠳᠤᠨ ᠬᠦᠴᠦ᠎ᠪᠠᠨ ᠲᠦᠪᠯᠡᠷᠡᠭᠦᠯᠦᠨ ᠬᠦᠭ᠌ᠵᠢᠯᠳᠠ᠎ᠶ᠋ᠢ ᠠᠳᠭᠤᠵᠤ ᠠᠷᠠᠳ᠎ᠤᠨ ᠠᠮᠢᠳᠤᠷᠠᠯ᠎ᠢ ᠪᠠᠳᠤᠯᠠᠵᠤ᠂ ᠪᠦᠬᠦ᠌ ᠵᠢᠯ᠎ᠤᠨ ᠠᠵᠤ ᠠᠬᠤᠢ ᠨᠡᠢᠭᠡᠮ᠎ᠤᠨ ᠬᠦᠭ᠌ᠵᠢᠯᠳᠠ᠎ᠶ᠋ᠢᠨ ᠭᠤᠤᠯ ᠬᠠᠷᠠᠯᠳᠠ ᠡᠬᠦᠷᠭᠡ᠎ᠶ᠋ᠢ ᠴᠢᠷᠮᠠᠢᠨ ᠪᠠᠶᠡᠯᠡᠬᠦᠯᠬᠦ᠌ᠶ᠋ᠢ ᠬᠦᠰᠡᠪᠠ᠃
ᠣᠷᠴᠢᠭᠤᠯᠤᠭ᠍ᠴᠢ᠄
ᠨᠠᠢᠷᠠᠭᠤᠯᠤᠭ᠍ᠴᠢ᠄
ᠼᠠᠢ ᠬᠤᠩ
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号