ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ ᠲᠤᠭᠤᠢ᠍ᠢᠯᠠᠩ ᠬᠤᠪᠢᠶᠠᠭ᠍ᠰᠠᠨ ᠬᠤᠷᠠᠯ ᠬᠢᠵᠤ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠨᠠᠷᠢᠨ ᠬᠢᠨᠠᠮᠠᠭᠠᠢ ᠰᠤᠷᠤᠯᠴᠠᠵᠦ᠍ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠦᠷᠭᠦᠯᠵᠢᠯᠡᠨ ᠬᠢᠨᠠᠨ ᠵᠦᠪᠯᠡᠪᠡ
2020-05-24 11:59:38
ᠵᠣᠬᠢᠶᠠᠭ᠍ᠴᠢ᠄
ᠳ᠋ᠠᠢ ᠬᠤᠩ ᠵᠠᠩ ᠺᠦᠢ
ᠣᠩᠱᠢᠭ᠍ᠰᠠᠨ ᠣᠳᠠᠭ᠎ᠠ᠄
★★★☆☆
ᠱ᠌ᠢ᠎ᠲᠠᠢ ᠹᠧᠩ ᠪᠦ᠋ ᠱᠢᠶᠤᠤ ᠯᠢᠨ ᠯᠢ ᠱᠢᠦ ᠯᠢᠩ ᠯᠢ ᠵᠶ᠋ᠢ ᠾᠧᠩ ᠦᠭᠡ ᠬᠡᠯᠡᠵᠡᠢ
5 ᠰᠠᠷ᠎ᠠ᠎ᠶ᠋ᠢᠨ 23 ᠤ ᠦᠲᠡ᠎ᠶ᠋ᠢᠨ ᠡᠮᠦᠨ᠎ᠡ᠂ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ ᠰᠠᠭᠤᠭ᠎ᠠ ᠭᠠᠵᠠᠷ᠎ᠲᠠᠭᠠᠨ ᠲᠤᠭᠤᠢ᠍ᠢᠯᠠᠩ ᠬᠤᠪᠢᠶᠠᠭ᠍ᠰᠠᠨ ᠬᠤᠷᠠᠯ ᠬᠢᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠬᠦᠨᠵᠡᠭᠡᠢ ᠰᠤᠷᠤᠯᠴᠠᠵᠦ᠍᠂ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠪᠡ᠃
ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠲᠠᠷᠤᠭ᠎ᠠ ᠱ᠌ᠢ᠎ᠲᠠᠢ ᠹᠧᠩ᠂ ᠪᠦᠯᠬᠦᠮ᠎ᠤᠨ ᠲᠡᠳ᠋ ᠲᠠᠷᠤᠭ᠎ᠠ ᠪᠦ᠋ ᠱᠢᠶᠤᠤ ᠯᠢᠨ᠂ ᠯᠢ ᠱᠢᠤ ᠯᠢᠩ ᠦᠭᠡ ᠬᠡᠯᠡᠵᠡᠢ᠃ ᠪᠦᠯᠬᠦᠮ᠎ᠤᠨ ᠲᠡᠳ᠋ ᠲᠠᠷᠤᠭ᠎ᠠ ᠯᠢᠨ ᠱᠤᠤ ᠴᠦᠨ᠂ ᠮᠠ ᠱᠢᠤᠸᠠᠢ ᠵᠢᠶᠦ᠋ᠨ ᠲᠤᠰ ᠲᠤᠰ ᠲᠤᠭᠤᠢ᠍ᠢᠯᠠᠩ ᠬᠤᠪᠢᠶᠠᠭ᠍ᠰᠠᠨ ᠬᠤᠷᠠᠯ᠎ᠢ ᠡᠷᠬᠢᠯᠡᠭ᠌ᠰᠡᠨ ᠪᠦᠭᠡᠳ ᠦᠭᠡ ᠬᠡᠯᠡᠵᠡᠢ᠃ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠡᠳ᠋᠎ᠤᠨ ᠵᠠᠰᠠᠭ ᠠᠵᠦ᠍ ᠠᠬᠤᠢ᠎ᠶ᠋ᠢᠨ ᠵᠦᠪᠯᠡᠯ᠂ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠂ ᠤᠯᠤᠰ᠎ᠤᠨ ᠬᠦᠭ᠌ᠵᠢᠭᠦᠯᠦᠯᠲᠡ ᠪᠠ ᠦᠭᠡᠷᠡᠴᠢᠯᠡᠯᠲᠡ᠎ᠶ᠋ᠢᠨ ᠵᠦᠪᠯᠡᠯ᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ᠌ ᠵᠦᠪᠯᠡᠯ᠂ ᠲᠤᠲᠤᠭᠠᠲᠦ᠎ᠶ᠋ᠢ ᠬᠠᠮᠠᠭᠠᠯᠠᠬᠤ ᠶᠠᠮᠤᠨ᠂ ᠡᠳ᠋᠎ᠤᠨ ᠵᠠᠰᠠᠭ᠎ᠤᠨ ᠶᠠᠮᠤᠨ᠎ᠤ ᠬᠠᠮᠢᠶ᠎ᠠ ᠪᠦᠬᠦᠢ ᠨᠦᠬᠦᠳ ᠰᠦᠯᠵᠢᠶᠡᠨ᠎ᠤ ᠸᠢᠳᠢᠣ᠋ ᠬᠡᠯᠪᠡᠷᠢ᠎ᠪᠠᠷ ᠲᠦᠯᠦᠭᠡᠯᠡᠭ᠌ᠴᠢᠳ᠎ᠤᠨ ᠬᠢᠨᠠᠨ ᠵᠦᠪᠯᠡᠬᠦ᠌᠎ᠶ᠋ᠢ ᠬᠦᠯᠢᠶᠡᠨ ᠠᠪᠴᠤ᠌ ᠰᠤᠨᠤᠰᠤᠭ᠍ᠰᠠᠨ ᠪᠠᠢᠨ᠎ᠠ᠃
ᠱ᠌ᠢ᠎ᠲᠠᠢ ᠹᠧᠩ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠨᠢ ᠤᠯᠤᠰ ᠲᠦᠷᠦ᠍᠂ ᠪᠦᠬᠦ᠌ ᠲᠠᠯ᠎ᠠ᠂ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ᠎ᠠᠴᠠ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠬᠤ ᠲᠤᠬᠠᠢ ᠬᠦᠨᠵᠡᠭᠡᠢ ᠦᠭᠦᠯᠡᠵᠦ᠍᠂ ᠴᠢᠬᠤᠯᠠ ᠱᠠᠭᠠᠷᠲᠠᠯᠭ᠎ᠠ ᠲᠤᠷᠠᠳᠴᠤ᠌᠂ ᠮᠠᠨ᠎ᠤ ᠨᠠᠮ᠎ᠤᠨ ᠮᠠᠷᠺᠰ᠎ᠤᠨ ᠦᠵᠡᠯ᠎ᠤᠨ ᠲᠦᠷᠦ᠎ᠶ᠋ᠢᠨ ᠨᠠᠮ ᠪᠤᠯᠤᠬ᠍ᠰᠠᠨ᠎ᠤ ᠬᠤᠪᠢ᠎ᠳᠤ ᠪᠤᠰᠤᠳ ᠲᠦᠷᠦ᠎ᠶ᠋ᠢᠨ ᠨᠠᠮ᠎ᠠᠴᠠ ᠢᠯᠭᠠᠬ᠍ᠲᠠᠬᠤ ᠲᠤᠪᠤᠢᠮ᠎ᠠ ᠱᠢᠨᠵᠢ ᠲᠡᠮᠲᠡᠭ᠂ ᠮᠠᠨ᠎ᠤ ᠨᠠᠮ᠎ᠤᠨ ᠠᠵᠦ᠍ ᠠᠬᠤᠢ ᠨᠡᠢᠭᠡᠮ᠎ᠤᠨ ᠬᠦᠭ᠌ᠵᠢᠯᠲᠡ᠎ᠶ᠋ᠢ ᠠᠬᠢᠭᠤᠯᠬᠤ ᠦᠨᠳᠦᠰᠦᠨ ᠵᠤᠷᠢᠯᠭ᠎ᠠ᠂ ᠮᠠᠨ᠎ᠤ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠰᠠᠭᠤᠷᠢ ᠠᠮᠢᠨ ᠰᠤᠲᠠᠰᠤ ᠪᠤᠯᠤᠨ ᠬᠠᠮᠤᠭ᠎ᠤᠨ ᠶᠡᠭᠡ ᠦᠮᠦᠭ ᠲᠦᠱᠢᠭᠢ ᠬᠦᠨᠵᠡᠭᠡᠢ ᠢᠯᠡᠷᠡᠭᠦᠯᠵᠦ᠍᠂ ᠮᠠᠨ᠎ᠤ ᠨᠠᠮ᠎ᠤᠨ ᠠᠷᠠᠳ᠎ᠤᠨ ᠲᠦᠯᠦᠭᠡ ᠲᠦᠷᠦ᠍ ᠪᠠᠷᠢᠬᠤ ᠦᠷᠲᠡᠭ᠎ᠤᠨ ᠬᠠᠨᠳᠤᠰᠢ ᠪᠠ ᠬᠠᠷᠢᠭᠤᠴᠠᠯᠭ᠎ᠠ ᠡᠭᠦᠷᠭᠡᠯᠡᠯ᠎ᠢ ᠬᠦᠢᠴᠡᠳ ᠢᠯᠡᠷᠡᠭᠦᠯᠵᠡᠢ᠃ ᠪᠢᠲᠡ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠬᠦᠨᠵᠡᠭᠡᠢ ᠰᠤᠷᠤᠯᠴᠠᠨ ᠤᠢ᠍ᠢᠯᠠᠭᠠᠵᠦ᠍᠂ ᠠᠷᠠᠳ ᠲᠦᠮᠡᠨ᠎ᠢ ᠲᠡᠭᠡᠲᠦᠯᠡᠬᠦ᠌ᠶ᠋ᠢ ᠪᠠᠷᠢᠮᠲᠠᠯᠠᠬᠤ᠂ ᠠᠷᠠᠳ ᠲᠦᠮᠡᠨ᠎ᠳᠤ ᠨᠢᠬ᠍ᠲᠠ ᠲᠦᠱᠢᠭ᠌ᠯᠡᠬᠦ᠂ ᠠᠷᠠᠳ ᠲᠦᠮᠡᠨ᠎ᠳᠤ ᠲᠠᠰᠤᠷᠠᠯᠲᠠ ᠦᠭᠡᠢ ᠪᠤᠶᠠᠨ ᠦᠶᠯᠡᠳᠬᠦ᠂ ᠠᠷᠠᠳ ᠲᠦᠮᠡᠨ᠎ᠤ ᠲᠤᠮᠲᠠ ᠪᠠᠲᠦ ᠦᠨᠳᠦᠰᠦᠯᠡᠬᠦ᠌᠎ᠶ᠋ᠢᠨ ᠴᠢᠬᠤᠯᠠ ᠤᠯᠤᠰ ᠲᠥᠷᠥ᠎ᠶ᠋ᠢᠨ ᠱᠠᠭᠠᠷᠲᠠᠯᠭ᠎ᠠ ᠪᠤᠯᠤᠨ ᠦᠶᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠨ ᠡᠵᠡᠮᠱᠢᠵᠤ᠂ ᠡᠷᠡᠰ ᠲᠤᠭᠤᠱᠢᠯᠠᠭᠤᠯᠤᠨ ᠨᠠᠢᠲᠠᠪᠤᠷᠢᠵᠢᠭᠤᠯᠵᠦ᠍᠂ ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠲᠥᠯᠥᠭᠡᠯᠡᠭ᠌ᠴᠢ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠭᠦᠶᠴᠡᠳᠭᠡᠬᠦ᠌ ᠪᠠ ᠶᠡᠭᠡ ᠬᠤᠷᠠᠯ᠎ᠤᠨ ᠡᠭᠦᠷᠭᠡ᠎ᠶ᠋ᠢ ᠪᠡᠶᠡᠯᠡᠭᠦᠯᠬᠦ᠌᠎ᠳᠤ ᠦᠨᠡᠨ ᠬᠦ᠌ ᠨᠠᠢᠳᠠᠪᠤᠷᠢᠵᠢᠭᠤᠯᠵᠦ᠍᠂ ᠡᠯ᠎ᠡ ᠵᠦᠢᠯ᠎ᠤᠨ ᠱᠢᠶᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠤᠯᠤᠨ ᠪᠣᠳᠠᠲᠠᠶ ᠠᠵᠢᠯ᠎ᠳᠠᠭᠠᠨ ᠨᠠᠢᠳᠠᠪᠤᠷᠢᠵᠢᠭᠤᠯᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠦᠯᠦᠪᠵᠢᠭᠦᠯᠬᠦ᠌ ᠠᠵᠢᠯ᠎ᠢ ᠰᠠᠢᠲᠤᠷ ᠬᠢᠬᠦ᠌ ᠳᠤᠮᠳᠠ ᠨᠠᠢᠳᠠᠪᠤᠷᠢᠵᠢᠭᠤᠯᠵᠦ᠍᠂ ᠶᠠᠷᠢᠶᠠᠨ᠎ᠤ ᠵᠣᠷᠢᠭ ᠰᠠᠨᠠᠭᠠᠨ᠎ᠤ ᠵᠢᠯᠤᠭᠤᠳᠤᠯᠭ᠎ᠠ ᠳᠣᠤᠷ᠎ᠠ ᠱᠢᠨ᠎ᠡ ᠴᠠᠭ ᠦᠶ᠎ᠡ᠎ᠶ᠋ᠢᠨ ᠥᠪᠥᠷ ᠮᠣᠩᠭᠤᠯ᠎ᠤᠨ ᠬᠥᠭ᠌ᠵᠢᠯᠲᠡ᠎ᠶ᠋ᠢ ᠨᠠᠩ ᠰᠠᠢᠲᠤᠷ ᠠᠬᠢᠭᠤᠯᠵᠦ᠍᠂ ᠨᠠᠮ ᠪᠠ ᠤᠯᠤᠰ᠎ᠤᠨ ᠶᠡᠭᠡ ᠲᠠᠯ᠎ᠠ᠎ᠳᠤ ᠨᠠᠩ ᠰᠠᠢᠲᠤᠷ ᠦᠶᠯᠡᠴᠢᠯᠡᠬᠦ᠌ ᠬᠡᠷᠡᠭ᠌ᠲᠡᠢ ᠬᠡᠵᠤ ᠭᠡᠯᠡᠪᠠ᠃
ᠱ᠌ᠢ᠎ᠲᠠᠢ ᠹᠧᠩ᠂ ᠶᠡᠷᠦᠩᠬᠡᠶ ᠰᠠᠢᠳ ᠯᠢ ᠺᠧ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠦ᠍᠂ ᠠᠮᠵᠢᠯᠲᠠ ᠪᠦᠲᠦᠮᠵᠢ᠎ᠶ᠋ᠢ ᠳ᠋ᠦᠩᠨᠡᠬᠦ᠌᠎ᠳᠡᠭᠡᠨ ᠦᠨᠡᠨ᠎ᠠᠴᠠ ᠵᠥᠪ᠎ᠢ ᠡᠷᠢᠵᠦ᠍᠂ ᠪᠠᠢᠳᠠᠯ᠎ᠢ ᠬᠦᠨᠵᠡᠭᠡᠢ ᠮᠦᠷᠳᠡᠭᠡᠨ ᠨᠡᠪᠲᠡᠷᠠᠳᠠᠯᠠ ᠵᠠᠳᠠᠯᠤᠨ ᠱᠢᠨᠵᠢᠵᠤ᠂ ᠡᠭᠦᠷᠭᠡ᠎ᠶ᠋ᠢ ᠨᠠᠷᠢᠯᠢᠭ ᠣᠨᠣᠴᠠᠲᠠᠶ ᠪᠠᠢᠷᠢᠯᠠᠭᠤᠯᠪᠠ᠂ ᠣᠨᠴᠠᠭᠠᠢᠯᠠᠨ ᠪᠦᠬᠦ᠌ ᠪᠥᠮᠪᠥᠷᠴᠡᠭ᠎ᠤᠨ ᠬᠢᠵᠢᠭ᠎ᠤᠨ ᠪᠠᠢᠳᠠᠯ ᠪᠣᠯᠤᠨ ᠠᠵᠤ ᠠᠬᠤᠶ ᠠᠷᠠᠯᠵᠢᠶᠠᠨ᠎ᠤ ᠪᠠᠢᠳᠠᠯ᠎ᠤᠨ ᠲᠣᠭ᠍ᠲᠠᠪᠤᠷᠢ ᠦᠭᠡᠶ ᠴᠢᠨᠠᠷ᠂ ᠮᠠᠨ᠎ᠤ ᠤᠯᠤᠰ᠎ᠤᠨ ᠬᠥᠭ᠌ᠵᠢᠯᠲᠡ᠎ᠳᠤ ᠲᠤᠯᠭᠠᠷᠠᠬ᠍ᠰᠠᠨ ᠵᠠᠷᠢᠮ ᠲᠥᠰᠦᠭᠡᠯᠡᠬᠦᠶ᠎ᠡ ᠪᠡᠷᠬᠡᠳᠠᠢ ᠨᠥᠯᠥᠭᠡᠯᠡᠯ᠎ᠤᠨ ᠬᠦᠴᠦᠨ ᠵᠦᠶᠯ᠎ᠢ ᠪᠣᠳᠣᠯᠬᠢᠯᠠᠵᠤ᠂ ᠡᠨᠡ ᠵᠢᠯ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠵᠢᠱ᠌ᠢᠭ᠌ᠰᠡᠨ ᠬᠠᠷᠠᠯᠲᠠ᠎ᠳᠤ ᠵᠣᠬᠢᠰᠲᠠᠶ ᠲᠣᠬᠢᠷᠠᠭᠤᠯᠤᠯᠲᠠ ᠬᠢᠵᠦ᠍᠂ ᠪᠦᠬᠦ᠌ ᠵᠢᠯ᠎ᠤᠨ ᠠᠵᠤ ᠠᠬᠤᠢ᠎ᠶ᠋ᠢᠨ ᠨᠡᠮᠡᠭ᠌ᠳᠡᠯ᠎ᠤᠨ ᠬᠤᠷᠳᠤᠴᠠᠳᠤ ᠪᠣᠳᠠᠲᠠᠶ ᠬᠠᠷᠠᠯᠲᠠ ᠳᠤᠷᠠᠳᠤᠭ᠍ᠰᠠᠨ ᠦᠭᠡᠢ᠂ ᠬᠠᠷᠢᠨ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》᠂ 《ᠵᠢᠷᠭᠤᠭ᠎ᠠ᠎ᠶ᠋ᠢ ᠪᠠᠲᠤᠯᠠᠬᠤ》 ᠶ᠋ᠢ ᠰᠠᠢᠲᠤᠷ ᠠᠳᠭᠤᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠷᠠᠯᠲᠠ ᠲᠤᠬ᠍ᠲᠠᠭᠠᠵᠦ᠍ ᠡᠭᠦᠷᠭᠡ ᠲᠣᠭ᠍ᠲᠠᠭᠠᠨ ᠠᠷᠭ᠎ᠠ ᠬᠡᠮᠵᠢᠶ᠎ᠡ ᠲᠣᠭ᠍ᠲᠠᠭᠠᠵᠤ᠂ ᠵᠤᠷᠪᠤᠰ ᠨᠢᠬᠡ ᠪᠦᠷᠢ᠎ᠨᠢ ᠬᠦᠴᠢᠷ ᠪᠡᠷᠬᠡᠱᠢᠶᠡᠯ ᠥᠷᠢᠰᠥᠯᠳᠦᠭᠡᠨ᠎ᠳᠤ ᠴᠢᠭ᠌ᠯᠡᠭᠦᠯᠤᠨ᠂ ᠭᠠᠵᠠᠷ ᠪᠣᠯᠭᠠᠨ᠎ᠳᠤ ᠠᠷᠠᠳ᠎ᠤᠨ ᠠᠮᠢᠳᠤᠷᠠᠯ᠎ᠤᠨ ᠤᠳᠤᠷᠢᠳᠤᠮᠵᠢ᠎ᠶ᠋ᠢ ᠢᠯᠡᠷᠡᠭᠦᠯᠵᠦ᠍᠂ ᠦᠭᠦᠯᠡᠪᠦᠷᠢ ᠪᠤᠯᠭᠠᠨ᠎ᠨᠢ ᠬᠥᠭ᠌ᠵᠢᠯᠲᠡ᠎ᠶ᠋ᠢᠨ ᠢᠲᠡᠭᠡᠯ ᠵᠣᠷᠢᠭ᠎ᠢ ᠳᠠᠮᠵᠢᠭᠤᠯᠪᠠ᠂ ᠪᠢ ᠪᠦᠷᠢᠮᠦᠰᠦᠨ ᠵᠥᠪᠱᠢᠶᠡᠷᠡᠵᠤ ᠪᠠᠢᠨ᠎ᠠ᠃ ᠪᠢᠳᠡ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠤᠨ ᠪᠠᠢᠷᠢᠯᠠᠭᠤᠯᠤᠯᠲᠠ ᠱᠠᠭᠠᠷᠲᠠᠯᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠲᠠᠪᠤᠷᠢᠵᠢᠭᠤᠯᠵᠦ᠍᠂ ᠦᠪᠡᠷᠲᠡᠭᠡᠨ ᠵᠠᠰᠭᠠᠤ ᠤᠷᠤᠨ᠎ᠤ ᠪᠤᠲᠠᠲᠤ ᠪᠠᠢᠲᠠᠯ᠎ᠳᠤ ᠰᠠᠭᠤᠷᠢᠯᠠᠨ᠂ ᠪᠠᠢᠳᠠᠯ᠎ᠤᠨ ᠬᠤᠪᠢᠷᠠᠯᠲᠠ᠎ᠳᠤ ᠵᠣᠬᠢᠴᠠᠭᠤᠯᠵᠤ᠂ ᠨᠡᠩ ᠪᠣᠳᠠᠲᠠᠶ᠎ᠶ᠋ᠢ ᠡᠷᠬᠢᠮᠯᠡᠭ᠌ᠰᠡᠨ᠂ ᠨᠠᠩ ᠪᠦᠳᠤᠮᠵᠢᠳᠠᠢ ᠪᠣᠭᠤᠮᠲᠠ ᠱᠢᠪᠲᠤᠯᠬᠤ ᠠᠷᠭ᠎ᠠ ᠬᠡᠮᠵᠢᠶ᠎ᠡ ᠠᠪᠴᠤ᠌᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠱᠢᠶᠳᠪᠦᠷᠢᠲᠦ ᠢᠯᠠᠯᠲᠠ᠎ᠶ᠋ᠢ ᠣᠯᠬᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠱᠢᠢᠳᠪᠤᠷᠢᠳᠤ ᠲᠠᠢᠯᠠᠯᠳᠤᠭᠠᠨ᠎ᠤ ᠬᠠᠷᠠᠯᠲᠠ ᠡᠭᠦᠷᠭᠡ᠎ᠪᠠᠨ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠵᠤ᠂ ᠱᠢᠨ᠎ᠡ ᠴᠠᠭ ᠦᠶ᠎ᠡ᠎ᠳᠤ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠠᠶᠠᠨ᠎ᠳᠤ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠬᠡᠷᠡᠭ᠌ᠲᠡᠢ ᠬᠡᠵᠤ ᠭᠡᠯᠡᠪᠠ᠃
ᠪᠦ᠋ ᠱᠢᠶᠤᠤ ᠯᠢᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠨᠢ ᠠᠷᠠᠳ᠎ᠢᠶᠠᠨ ᠬᠡᠰᠡᠨ ᠬᠠᠯᠠᠭᠤᠨ ᠰᠡᠳᠭᠢᠯᠭᠡ ᠪᠣᠯᠤᠨ ᠠᠷᠠᠳ ᠲᠦᠮᠡᠨ᠎ᠢ ᠳᠡᠭᠡᠳᠦᠯᠡᠬᠦ᠌ ᠲᠦᠷᠦ᠍ ᠪᠠᠷᠢᠬᠤ ᠣᠢᠯᠠᠭᠠᠭ᠍ᠳᠠᠬᠤᠨ᠎ᠢ ᠭᠦᠢᠴᠡᠳ ᠢᠯᠡᠷᠡᠭᠦᠯᠵᠡᠢ᠃ ᠠᠷᠠᠳ ᠲᠦᠮᠡᠨ᠎ᠢᠶᠠᠷ ᠭᠤᠣᠯ ᠪᠣᠯᠭᠠᠬᠤ ᠪᠣᠯ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠭᠤᠣᠯ ᠴᠢᠬᠤᠯᠠ ᠠᠭᠤᠯᠭ᠎ᠠ᠎ᠶ᠋ᠢᠨ ᠨᠢᠭᠡ ᠪᠣᠯᠤᠨ᠎ᠠ᠂ ᠮᠥᠨ ᠴᠦ᠍ ᠪᠢᠲᠡᠨ᠎ᠤ ᠠᠯᠢᠪᠠ ᠠᠵᠢᠯ᠎ᠤᠨ ᠵᠤᠷᠢᠯᠲᠠ ᠪᠠ ᠲᠤᠰᠤᠯᠲᠠ ᠮᠥᠨ᠃ ᠶᠡᠷᠦᠩᠬᠡᠶ ᠱᠦᠵᠢ᠎ᠶ᠋ᠢᠨ ᠴᠢᠬᠤᠯᠠ ᠶᠠᠷᠢᠶ᠎ᠠ᠎ᠶ᠋ᠢᠨ ᠵᠣᠷᠢᠭ ᠰᠠᠨᠠᠭᠠᠨ᠎ᠤ ᠮᠥᠨ ᠴᠢᠨᠠᠷ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠢᠶᠠᠨ ᠤᠯᠠᠮ ᠨᠢᠬᠡ ᠠᠯᠬᠤᠮ ᠴᠢᠩᠭᠠᠳᠭᠠᠨ᠂ 《ᠳᠥᠷᠪᠡᠨ ᠢᠲᠡᠭᠡᠯ》 ᠢ ᠪᠠᠲᠤ ᠪᠤᠯᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ᠌ ᠬᠡᠷᠡᠭ᠌ᠲᠡᠢ᠃ ᠠᠷᠠᠳ ᠲᠦᠮᠡᠨ᠎ᠤ ᠵᠣᠭ᠍ᠰᠣᠯᠲᠠ᠎ᠶ᠋ᠢ ᠪᠠᠷᠢᠮᠲᠠᠯᠠᠨ᠂ ᠤᠯᠠᠨ ᠲᠦᠮᠡᠨ᠎ᠳᠤ ᠨᠢᠬ᠍ᠲᠠ ᠲᠦᠱᠢᠭ᠌ᠯᠡᠵᠦ᠍᠂ ᠤᠯᠠᠨ ᠲᠦᠮᠡᠨ᠎ᠲᠠᠢ ᠪᠦᠯᠬᠦᠮᠳᠡᠵᠦ᠍᠂ ᠤᠯᠠᠨ ᠲᠦᠮᠡᠨ᠎ᠳᠤ ᠦᠶᠯᠡᠴᠢᠯᠡᠬᠦ᠌ ᠬᠡᠷᠡᠭ᠌ᠲᠡᠢ᠃ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠦ᠍ ᠪᠣᠬᠢᠷᠲᠤᠯ ᠦᠭᠡᠢ᠎ᠪᠠᠷ ᠬᠦᠭ᠌ᠵᠢᠬᠦᠯᠬᠦ᠌ ᠤᠳᠤᠷᠢᠳᠤᠮᠵᠢ᠎ᠶ᠋ᠢ ᠪᠠᠲᠤ ᠪᠤᠢ ᠪᠣᠯᠭᠠᠵᠤ᠂ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》 ᠠᠵᠢᠯ᠎ᠤᠨ ᠡᠷᠴᠢᠮ᠎ᠢᠶᠠᠨ ᠴᠢᠩᠭᠠᠷᠠᠭᠤᠯᠤᠨ 《ᠵᠢᠷᠭᠤᠭ᠎ᠠ᠎ᠶ᠋ᠢ ᠪᠠᠲᠤᠯᠠᠬᠤ》 ᠡᠭᠦᠷᠭᠡ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠦᠯᠦᠪᠵᠢᠭᠦᠯᠬᠦ᠌ ᠠᠵᠢᠯ᠎ᠢ ᠰᠠᠢᠲᠤᠷ ᠬᠢᠬᠦ᠌ ᠬᠡᠷᠡᠭ᠌ᠲᠡᠢ᠃ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠤᠨᠴᠠᠯᠢᠬ᠎ᠲᠠᠢ ᠨᠡᠢᠭᠡᠮ ᠵᠢᠷᠦᠮ᠎ᠤᠨ ᠦᠵᠡᠯ ᠰᠠᠨᠠᠭ᠎ᠠ᠎ᠶ᠋ᠢ ᠭᠦᠢᠴᠡᠳ ᠢᠯᠡᠷᠡᠭᠦᠯᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠪᠣᠯᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠠᠭᠠᠷᠳᠠᠯᠭ᠎ᠠ᠎ᠶ᠋ᠢ ᠲᠤᠭᠤᠱᠢᠯᠠᠭᠤᠯᠤᠨ᠂ ᠨᠡᠢᠭᠡᠮ᠎ᠤᠨ ᠬᠠᠯᠠᠮᠵᠢᠯᠠᠯ ᠪᠣᠯᠤᠨ ᠠᠷᠠᠳ ᠲᠦᠮᠡᠨ᠎ᠤ ᠬᠦᠰᠡᠯ ᠱᠠᠭᠠᠷᠲᠠᠯᠭ᠎ᠠ᠎ᠳᠤ ᠬᠠᠷᠢᠭᠤᠯᠲᠠ ᠥᠭ᠌ᠴᠦ᠂ ᠦᠨᠡᠨ᠎ᠢ ᠪᠠᠷᠢᠮᠲᠠᠯᠠᠵᠤ ᠪᠣᠳᠠᠲᠠᠶ᠎ᠶ᠋ᠢ ᠡᠷᠬᠢᠮᠯᠡᠭ᠌ᠰᠡᠨ᠂ ᠰᠡᠳᠭᠢᠯ᠎ᠢᠶᠠᠨ ᠨᠢᠭᠡᠳᠭᠡᠵᠤ ᠬᠦᠴᠦ᠎ᠪᠠᠨ ᠬᠠᠮᠲᠤᠳᠭᠠᠭ᠍ᠰᠠᠨ ᠢᠯᠡᠳᠭᠡᠯ ᠪᠤᠯᠵᠠᠢ᠂ ᠪᠢᠳᠡ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠲᠡᠷᠡ ᠶᠣᠰᠣᠭᠠᠷ ᠰᠠᠢᠲᠤᠷ ᠠᠳᠭᠤᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠱᠢᠢᠳᠪᠦᠷᠢᠲᠦ ᠢᠯᠠᠯᠲᠠ᠎ᠶ᠋ᠢ ᠤᠯᠬᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠱᠢᠢᠳᠪᠦᠷᠢᠲᠦ ᠳᠠᠢᠯᠠᠯᠳᠤᠭᠠᠨ᠎ᠤ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ ᠴᠢᠬᠤᠯᠠᠳᠠᠢ ᠬᠡᠵᠦ᠍ ᠬᠡᠯᠡᠪᠡ᠃
ᠯᠢ ᠱᠢᠤ ᠯᠢᠩ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠨᠢ ᠨᠠᠮ᠎ᠤᠨ ᠲᠡᠤᠬᠡᠨ ᠲᠤᠷᠱᠢᠯᠭ᠎ᠠ ᠪᠣᠯᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠲᠡᠬᠦ᠌ ᠠᠮᠢᠳᠤᠯᠢᠭ ᠦᠶᠯᠡᠳᠦᠯᠭᠡ᠎ᠲᠠᠢ ᠤᠶᠠᠯᠳᠤᠭᠤᠯᠵᠤ᠂ ᠪᠢᠲᠡᠨ᠎ᠳᠤ ᠨᠢᠭᠡ ᠤᠳᠠᠭ᠎ᠠ᠎ᠶ᠋ᠢᠨ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢᠨ ᠬᠥᠮᠦᠵᠢᠯ ᠬᠦᠷᠳᠡᠬᠡᠵᠤ᠂ ᠠᠷᠠᠳ ᠲᠦᠮᠡᠨ᠎ᠤ ᠤᠳᠤᠷᠢᠳᠤᠭ᠍ᠴᠢ᠎ᠶ᠋ᠢᠨ ᠠᠷᠠᠳ ᠲᠦᠮᠡᠨ᠎ᠢᠶᠠᠨ ᠬᠡᠰᠡᠨ ᠬᠠᠯᠠᠭᠤᠨ ᠰᠡᠳᠭᠢᠯᠭᠡ᠎ᠶ᠋ᠢ ᠭᠦᠶᠴᠡᠳ ᠢᠯᠡᠷᠡᠭᠦᠯᠵᠡᠶ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ ᠲᠥᠪ᠎ᠤᠨ ᠠᠵᠤ ᠠᠬᠤᠶ᠎ᠶ᠋ᠢᠨ ᠠᠵᠢᠯ᠎ᠤᠨ ᠬᠤᠷᠠᠯ ᠪᠣᠯᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠲᠡᠭ᠌ᠰᠡᠨᠠᠴᠠ ᠨᠠᠭᠠᠱᠢᠬᠢ ᠨᠠᠮ᠎ᠤᠨ ᠲᠥᠪ ᠬᠤᠷᠢᠶᠠᠨ᠎ᠤ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠳᠤ ᠬᠢᠭ᠌ᠰᠡᠨ ᠱᠢᠨᠵᠢᠯᠡᠬᠦ᠌ ᠤᠬᠠᠭᠠᠨᠴᠢ ᠮᠠᠭᠠᠳᠯᠠᠯᠲᠠ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠲᠤᠬᠠᠶ ᠴᠢᠬᠤᠯᠠ ᠶᠡᠭᠡ ᠵᠠᠷᠴᠢᠮ᠎ᠤᠨ ᠴᠢᠨᠠᠷᠲᠠᠶ ᠱᠠᠭᠠᠷᠳᠠᠯᠭ᠎ᠠ᠎ᠳᠤ ᠨᠡᠢᠴᠡᠵᠦ᠍᠂ ᠬᠢᠵᠢᠭ᠎ᠤᠨ ᠪᠠᠢᠳᠠᠯ᠎ᠤᠨ ᠳᠠᠭᠠᠷᠢᠯᠲᠠ᠎ᠳᠤ ᠱᠢᠭᠤᠳ ᠬᠠᠨᠳᠤᠨ᠂ ᠣᠳᠣᠬᠠᠨ᠎ᠤ ᠠᠷᠠᠳ ᠤᠯᠠᠨ ᠪᠣᠯᠤᠨ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢᠨ ᠬᠦᠰᠡᠯ ᠱᠠᠭᠠᠷᠳᠠᠯᠭ᠎ᠠ ᠵᠢᠴᠢ ᠠᠩᠬᠠᠷᠴᠤ᠌ ᠪᠠᠢᠭ᠎ᠠ ᠠᠰᠠᠭᠤᠳᠠᠯ᠎ᠳᠤ ᠪᠦᠲᠦᠮᠵᠢᠲᠡᠢ ᠬᠠᠷᠢᠭᠤᠯᠲᠠ ᠥᠭ᠌ᠴᠦ᠂ ᠦᠨᠡᠨ᠎ᠠᠴᠠ ᠵᠥᠪ᠎ᠢ ᠡᠷᠢᠭ᠌ᠰᠡᠨ᠂ ᠢᠳᠡᠪᠬᠢᠲᠡᠢ ᠮᠦᠷᠳᠡᠭᠡᠨ ᠪᠠᠶᠠᠰᠤᠩᠭᠤᠢ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬ᠍ᠰᠠᠨ ᠠᠵᠢᠯ᠎ᠤᠨ ᠬᠦᠭ ᠠᠶᠠᠰ᠎ᠢ ᠴᠢᠪᠬᠠᠳᠠᠵᠠᠢ᠃ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠠᠷᠠᠳ ᠲᠦᠮᠡᠨ᠎ᠢ ᠤᠳᠤᠷᠢᠳᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠭ᠌ᠰᠡᠨ ᠠᠭᠤᠤ ᠶᠡᠭᠡ ᠦᠶᠯᠡᠳᠦᠯᠭᠡ ᠪᠣᠯᠤᠨ ᠳᠤᠮᠳᠠᠳᠤ ᠭᠠᠳᠠᠭᠠᠳᠤ᠎ᠶ᠋ᠢᠨ ᠬᠠᠷᠢᠴᠠᠭᠤᠯᠤᠯ ᠳᠤᠮᠳᠠ᠎ᠠᠴᠠ ᠲᠤᠷᠱᠢᠯᠭ᠎ᠠ᠎ᠶ᠋ᠢᠨ ᠰᠡᠩᠬᠡᠷᠡᠭᠦᠯᠦᠯ ᠣᠯᠵᠤ᠂ 《ᠳᠥᠷᠪᠡᠨ ᠤᠬᠠᠮᠰᠠᠷ》 ᠢᠶᠠᠨ ᠴᠢᠩᠭᠠᠳᠭᠠᠨ᠂ 《ᠳᠥᠷᠪᠡᠨ ᠢᠲᠡᠭᠡᠯ》 ᠢᠶᠠᠨ ᠪᠠᠲᠤᠳᠭᠠᠵᠦ᠍᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ᠌ ᠬᠡᠷᠡᠭ᠌ᠲᠡᠶ; ᠬᠤᠷᠢᠭ᠎ᠠ ᠱᠤᠭᠤᠮ᠎ᠤᠨ ᠡᠭᠦᠷᠭᠡ᠎ᠶ᠋ᠢᠨ ᠤᠬᠠᠮᠰᠠᠷ᠎ᠢᠶᠠᠨ ᠴᠢᠩᠭᠠᠳᠭᠠᠨ᠂ ᠴᠢᠨᠡᠭᠡᠯᠢᠭ ᠨᠡᠢᠭᠡᠮ᠎ᠢ ᠪᠥᠬᠦ᠌ ᠲᠠᠯ᠎ᠠ᠎ᠪᠠᠷ ᠪᠡᠶᠡᠯᠡᠭᠦᠯᠬᠦ᠌ ᠡᠯ᠎ᠡ ᠵᠦᠶᠯ᠎ᠤᠨ ᠬᠠᠷᠠᠯᠲᠠ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ; ᠬᠢᠵᠢᠭ᠎ᠤᠨ ᠪᠠᠢᠳᠠᠯ᠎ᠤᠨ ᠳᠠᠭᠠᠷᠢᠯᠲᠠ ᠪᠠ ᠠᠵᠤ ᠠᠬᠤᠶ ᠮᠠᠭᠤᠳᠠᠬᠤ ᠳᠠᠷᠤᠯᠲᠠ᠎ᠶ᠋ᠢᠨ ᠡᠮᠦᠨ᠎ᠡ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠡᠷᠡᠰ ᠭᠤᠢᠪᠢᠰᠢ ᠦᠭᠡᠢ ᠲᠤᠭᠤᠱᠢᠯᠠᠭᠤᠯᠵᠤ᠂ ᠨᠢᠭᠡᠳᠦᠯᠲᠡᠶ ᠲᠥᠯᠦᠪᠵᠢᠭᠦᠯᠦᠨ ᠨᠡᠢᠲᠡᠮ᠎ᠳᠤᠨᠢ ᠬᠠᠷᠠᠭᠠᠯᠵᠠᠵᠦ᠍᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠭᠤᠤᠯ ᠱᠤᠭᠤᠮ᠎ᠠᠴᠠ ᠰᠠᠯᠬᠤ ᠦᠭᠡᠢ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠬᠡᠵᠦ᠍ ᠬᠡᠯᠡᠪᠡ᠃
ᠯᠢ ᠵᠶ᠋ᠢ ᠾᠧᠩ ᠲᠥᠯᠥᠭᠡᠯᠡᠭ᠌ᠴᠢ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠪᠦᠷᠢᠮᠦᠰᠦᠨ ᠵᠥᠪᠱᠢᠶᠡᠷᠡᠵᠦ᠍ ᠪᠠᠢᠨ᠎ᠠ᠃ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠡᠨ ᠵᠦᠪᠯᠡᠬᠦ᠌᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶ᠎ᠠ᠎ᠨᠢ ᠪᠢᠳᠡᠨ᠎ᠳᠤ ᠠᠮᠢᠳᠤᠯᠢᠭ ᠰᠠᠢᠬᠠᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢᠨ ᠬᠢᠴᠢᠶᠡᠯ᠂ ᠨᠠᠮᠴᠢ ᠴᠢᠨᠠᠷ᠎ᠤᠨ ᠬᠥᠮᠦᠵᠢᠯ᠎ᠤᠨ ᠬᠢᠴᠢᠶᠡᠯ ᠣᠷᠣᠭ᠍ᠰᠠᠨ ᠪᠠᠢᠨ᠎ᠠ᠃ ᠶᠡᠷᠦᠩᠬᠡᠶ ᠱᠦᠵᠢ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠲᠡᠬᠦ᠌ ᠠᠵᠢᠯ᠎ᠢ ᠤᠳᠤᠷᠢᠳᠭᠤ᠎ᠳᠠᠭᠠᠨ ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠡᠶ᠎ᠡ᠎ᠪᠠᠷ᠎ᠢᠶᠠᠨ ᠦᠢᠯᠡᠲᠦᠯᠭᠡᠵᠢᠭᠦᠯᠵᠦ᠍᠂ ᠬᠢᠵᠢᠭ᠎ᠤᠨ ᠪᠠᠢᠳᠠᠯ ᠬᠠᠮᠤᠭ᠎ᠤᠨ ᠲᠦᠭ᠌ᠰᠢᠭᠦᠷᠢᠲᠡᠶ ᠦᠶ᠎ᠠ᠎ᠳᠤ ᠬᠤᠲᠠ᠎ᠶ᠋ᠢ ᠪᠢᠲᠡᠭᠦᠮᠵᠢᠯᠡᠬᠦ᠌ ᠠᠷᠭ᠎ᠠ ᠪᠣᠳᠣᠯᠭ᠎ᠠ᠎ᠶ᠋ᠢ ᠡᠷᠡᠰ ᠱᠢᠭᠤᠷᠬᠠᠶ ᠬᠡᠷᠡᠭ᠌ᠵᠢᠭᠦᠯᠵᠦ᠍᠂ ᠬᠢᠵᠢᠭ᠎ᠤᠨ ᠪᠠᠢᠳᠠᠯ᠎ᠤᠨ ᠦᠷᠪᠢᠰᠤᠨ ᠲᠡᠯᠭᠡᠷᠡᠬᠦ᠌᠎ᠶ᠋ᠢ ᠦᠳᠲᠡᠷ ᠲᠦᠷᠭᠡᠨ ᠲᠠᠰᠤᠯᠵᠠᠢ; ᠦᠨ᠎ᠡ ᠦᠷᠲᠡᠭ ᠪᠦᠬᠦᠨ᠎ᠢ ᠪᠤᠳᠤᠬᠤ ᠦᠭᠡᠢ᠎ᠪᠠᠷ ᠡᠪᠡᠳᠴᠢᠲᠡᠨ᠎ᠢ ᠲᠤᠰᠠᠭᠠᠷᠯᠠᠬᠤ ᠪᠠ ᠡᠮᠨᠡᠨ ᠵᠠᠰᠠᠬᠤ ᠠᠵᠢᠯ᠎ᠢ ᠰᠠᠢᠲᠤᠷ ᠠᠳᠭᠤᠵᠦ᠍᠂ ᠬᠠᠯᠳᠠᠪᠤᠷᠢᠯᠠᠬᠤ ᠨᠤᠷᠮ᠎ᠠ ᠪᠠ ᠡᠪᠡᠳᠴᠢᠨ᠎ᠢᠶᠠᠷ ᠦᠬᠦᠬᠦ᠌ ᠨᠤᠷᠮ᠎ᠠ᠎ᠶ᠋ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭᠠᠰᠭᠠᠵᠠᠢ; ᠬᠢᠵᠢᠭ᠎ᠤᠨ ᠪᠠᠢᠳᠠᠯ ᠰᠤᠨᠵᠢᠷᠠᠬᠤ ᠪᠠᠢᠲᠠᠯ᠎ᠳᠤ ᠴᠢᠭ᠌ᠯᠡᠭᠦᠯᠦᠨ᠂ ᠴᠢᠭ᠌ᠯᠡᠯ᠎ᠢᠶᠠᠨ ᠪᠠᠲᠤ ᠡᠵᠡᠮᠳᠡᠵᠦ᠍᠂ ᠵᠥᠪ ᠣᠨᠣᠪᠴᠢᠲᠠᠶ ᠱᠢᠢᠳᠪᠦᠷᠢ ᠲᠣᠭ᠍ᠲᠠᠭᠠᠵᠠᠢ; ᠬᠤᠪᠢᠰᠤᠩᠭᠤᠶ ᠰᠡᠳᠭᠢᠬᠦᠶ᠂ ᠱᠢᠨᠵᠢᠯᠡᠬᠦ᠌ ᠤᠬᠠᠭᠠᠨᠴᠢ ᠰᠡᠳᠭᠢᠬᠦᠶ᠂ ᠬᠠᠤᠯᠢᠵᠢᠯ᠎ᠤᠨ ᠰᠡᠳᠭᠢᠬᠦᠶ᠂ ᠱᠢᠰᠲ᠋ᠧᠮᠲᠦ ᠰᠡᠳᠭᠢᠬᠦᠶ᠎ᠶ᠋ᠢ ᠪᠣᠯᠪᠠᠰᠤᠷᠠᠩᠭᠤᠶ ᠬᠡᠷᠡᠭ᠌ᠯᠡᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠦᠭ᠌ᠰᠡᠨ ᠪᠠᠢᠨ᠎ᠠ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠤᠨ ᠦᠨᠳᠦᠰᠦᠨ ᠵᠦᠢᠯ᠎ᠢ ᠪᠠᠲᠤᠯᠠᠬᠤ ᠡᠭᠦᠷᠭᠡ ᠬᠠᠷᠢᠭᠤᠴᠠᠯᠭ᠎ᠠ᠎ᠪᠠᠨ ᠪᠦᠬᠦ᠌ ᠬᠦᠴᠦᠨ᠎ᠢᠶᠠᠷ ᠭᠦᠢᠴᠡᠳᠭᠡᠵᠦ᠍᠂ 《ᠨᠢᠭᠡ ᠡᠷᠦᠬᠡ ᠨᠢᠭᠡ ᠬᠥᠮᠦᠨ᠎ᠢ ᠴᠦ᠍ ᠡᠩᠨᠡᠭᠡ᠎ᠠᠴᠠ ᠬᠤᠴᠤᠷᠤᠭᠤᠯᠬᠤ ᠦᠭᠡᠢ》 ᠪᠠᠢᠬᠤ᠎ᠶ᠋ᠢ ᠦᠨᠡᠨ ᠬᠦ᠌ ᠪᠠᠳᠤᠯᠠᠬᠤ ᠬᠡᠷᠡᠭ᠌ᠳᠠᠢ; ᠡᠯ᠎ᠡ ᠲᠥᠷᠥᠯ᠎ᠤᠨ ᠬᠦᠴᠢᠷᠳᠡᠯᠲᠡᠶ ᠣᠯᠠᠨ ᠲᠦᠮᠡᠨ ᠪᠠ ᠭᠤᠤᠯᠳᠠᠯᠭ᠎ᠠ᠎ᠲᠠᠢ ᠬᠦᠮᠤᠰ᠎ᠢ ᠠᠪᠤᠷᠠᠨ ᠲᠤᠰᠠᠯᠠᠵᠤ ᠪᠠᠲᠤᠯᠠᠭ᠎ᠠ ᠬᠠᠨᠭ᠌ᠭᠠᠬᠤ ᠠᠵᠢᠯ᠎ᠢ ᠰᠠᠢᠲᠤᠷ ᠬᠢᠵᠦ᠍᠂ ᠲᠡᠳᠡ ᠨᠠᠷ᠎ᠢ ᠬᠠᠪᠰᠤᠷᠤᠨ ᠪᠥᠬᠦ᠌ ᠲᠠᠯ᠎ᠠ᠎ᠪᠠᠷ ᠴᠢᠨᠡᠭᠡᠯᠢᠭ ᠨᠡᠢᠭᠡᠮ᠎ᠳᠤ ᠵᠡᠷᠭᠡ᠎ᠪᠠᠷ ᠣᠷᠣᠭᠤᠯᠬᠤ ᠬᠡᠷᠡᠭ᠌ᠳᠠᠢ; ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠦᠨᠳᠦᠰᠦᠨ ᠱᠠᠲᠤᠨ᠎ᠤ ᠨᠡᠢᠭᠡᠮ᠎ᠤᠨ ᠵᠠᠰᠠᠯᠲᠠ ᠪᠠ ᠦᠢᠯᠡᠴᠢᠯᠡᠭᠡ᠎ᠶ᠋ᠢ ᠱᠢᠨᠠᠴᠢᠯᠠᠬᠦ᠌ ᠬᠡᠷᠡᠭ᠌ᠳᠠᠢ ᠭᠡᠵᠦ᠍ ᠬᠡᠯᠡᠪᠠ᠃
ᠯᠢᠦ ᠴᠢ ᠹᠠᠨ᠂ ᠨᠠᠰᠤᠨᠮᠦᠡᠭ᠌ᠭᠡ᠂ ᠸᠠᠩ ᠪᠥᠸᠧ᠂ ᠶᠠᠩ ᠽᠦᠩ ᠷᠧᠨ᠂ ᠸᠠᠩ ᠵᠢᠶᠦ᠋ᠨ ᠱᠢᠶᠠᠩ᠂ ᠢᠦᠶ ᠯᠢ ᠱᠢᠨ᠂ ᠯᠢ ᠭᠦᠸᠧ ᠴᠢᠨ᠂ ᠹᠧᠩ ᠢᠦᠶ ᠵᠧᠨ᠂ ᠵᠣᠣ ᠬᠤᠢ ᠵᠢᠶᠧ᠂ ᠬᠤᠤ ᠮᠤᠤ ᠷᠦᠩ ᠵᠡᠷᠭᠡ ᠲᠥᠯᠥᠭᠡᠯᠡᠭ᠌ᠴᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠶ᠋ᠢ ᠰᠤᠷᠤᠯᠴᠠᠨ ᠲᠤᠭᠤᠱᠢᠯᠠᠭᠤᠯᠬᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠥᠪᠯᠡᠬᠦ᠌ ᠲᠤᠬᠠᠢ ᠦᠭᠡ ᠭᠡᠯᠠᠪᠠ᠃
ᠣᠷᠴᠢᠭᠤᠯᠤᠭ᠍ᠴᠢ᠄
ᠨᠠᠢᠷᠠᠭᠤᠯᠤᠭ᠍ᠴᠢ᠄
ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号