ᠯᠢ ᠺᠧ ᠴᠢᠶᠠᠩ ᠯᠢ ᠵᠠᠨ ᠱᠦ᠍ ᠸᠠᠩ ᠶᠠᠩ ᠸᠠᠩ ᠬᠤ᠌ ᠨᠢᠩ ᠵᠤᠤ ᠯᠧ ᠵᠶ᠋ᠢ ᠬᠠᠨ ᠵᠧᠩ ᠲᠤᠰ ᠲᠤᠰ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠭᠤᠷᠪᠠᠳᠤᠭᠠᠷ ᠬᠤᠷᠠᠯ᠎ᠳᠤ ᠤᠷᠤᠯᠴᠠᠵᠦ᠍ ᠪᠠᠢᠭ᠎ᠠ ᠬᠡᠱᠢᠬᠦᠳ᠎ᠢ ᠡᠷᠬᠢᠨ ᠦᠵᠡᠭᠦ᠎ᠶ᠋ᠢᠨ ᠬᠠᠮᠳᠤ ᠶᠠᠷᠢᠯᠴᠠᠭ᠎ᠠ᠎ᠳᠤ ᠤᠷᠤᠯᠴᠠᠪᠠ
2020-05-24 11:59:22
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

      ᠨᠠᠮ᠎ᠤᠨ ᠲᠦᠪ ᠬᠤᠷᠢᠶᠠᠨ᠎ᠤ ᠤᠯᠤᠰ ᠲᠦᠷᠦ᠎ᠶ᠋ᠢᠨ ᠲᠤᠪᠴᠢᠶᠠᠨ᠎ᠤ ᠪᠠᠢᠩᠭᠤ᠎ᠶ᠋ᠢᠨ ᠬᠡᠱᠢᠬᠦᠨ᠂ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠢᠳ ᠯᠢ ᠺᠧ ᠴᠢᠶᠠᠩ᠂ ᠨᠠᠮ᠎ᠤᠨ ᠲᠦᠪ ᠬᠤᠷᠢᠶᠠᠨ᠎ᠤ ᠤᠯᠤᠰ ᠲᠦᠷᠦ᠎ᠶ᠋ᠢᠨ ᠲᠤᠪᠴᠢᠶᠠᠨ᠎ᠤ ᠪᠠᠢᠩᠭᠤ᠎ᠶ᠋ᠢᠨ ᠬᠡᠱᠢᠬᠦᠨ᠂ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠤᠷᠢᠶᠠᠨ ᠲᠠᠷᠤᠭ᠎ᠠ ᠯᠢ ᠵᠠᠨ ᠱᠦ᠍᠂ ᠨᠠᠮ᠎ᠤᠨ ᠲᠦᠪ ᠬᠤᠷᠢᠶᠠᠨ᠎ᠤ ᠤᠯᠤᠰ ᠲᠦᠷᠦ᠎ᠶ᠋ᠢᠨ ᠲᠤᠪᠴᠢᠶᠠᠨ᠎ᠤ ᠪᠠᠢᠩᠭᠤ᠎ᠶ᠋ᠢᠨ ᠬᠡᠱᠢᠬᠦᠨ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠲᠡᠷᠢᠬᠦᠯᠡᠭ᠌ᠴᠢ ᠸᠠᠩ ᠶᠠᠩ᠂ ᠨᠠᠮ᠎ᠤᠨ ᠲᠦᠪ ᠬᠤᠷᠢᠶᠠᠨ᠎ᠤ ᠤᠯᠤᠰ ᠲᠦᠷᠦ᠎ᠶ᠋ᠢᠨ ᠲᠤᠪᠴᠢᠶᠠᠨ᠎ᠤ ᠪᠠᠢᠩᠭᠤ᠎ᠶ᠋ᠢᠨ ᠬᠡᠱᠢᠬᠦᠨ᠂ ᠲᠦᠪ᠎ᠤᠨ ᠱᠦᠵᠢ ᠨᠠᠷ᠎ᠤᠨ ᠭᠠᠵᠠᠷ᠎ᠤᠨ ᠱᠦᠵᠢ ᠸᠠᠩ ᠬᠤ᠌ ᠨᠢᠩ᠂ ᠨᠠᠮ᠎ᠤᠨ ᠲᠦᠪ ᠬᠤᠷᠢᠶᠠᠨ᠎ᠤ ᠤᠯᠤᠰ ᠲᠦᠷᠦ᠎ᠶ᠋ᠢᠨ ᠲᠤᠪᠴᠢᠶᠠᠨ᠎ᠤ ᠪᠠᠢᠩᠭᠤ᠎ᠶ᠋ᠢᠨ ᠬᠡᠱᠢᠬᠦᠨ᠂ ᠲᠦᠪ᠎ᠤᠨ ᠰᠠᠬᠢᠯᠭ᠎ᠠ ᠪᠠᠳᠤ ᠪᠠᠢᠴᠠᠭᠠᠬᠤ ᠬᠤᠷᠢᠶᠠᠨ᠎ᠤ ᠱᠦᠵᠢ ᠵᠤᠤ ᠯᠧ ᠵᠶ᠋ᠢ᠂ ᠨᠠᠮ᠎ᠤᠨ ᠲᠦᠪ ᠬᠤᠷᠢᠶᠠᠨ᠎ᠤ ᠤᠯᠤᠰ ᠲᠦᠷᠦ᠎ᠶ᠋ᠢᠨ ᠲᠤᠪᠴᠢᠶᠠᠨ᠎ᠤ ᠪᠠᠢᠩᠭᠤ᠎ᠶ᠋ᠢᠨ ᠬᠡᠱᠢᠬᠦᠨ᠂ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠲᠡᠳ᠋ ᠶᠡᠷᠦᠩᠬᠡᠢ ᠰᠠᠢᠳ ᠬᠠᠨ ᠵᠧᠩ 23 ᠎ᠤ ᠡᠳᠦᠷ ᠲᠤᠰ ᠲᠤᠰ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠭᠤᠷᠪᠠᠳᠤᠭᠠᠷ ᠬᠤᠷᠠᠯ᠎ᠳᠤ ᠤᠷᠤᠯᠴᠠᠵᠦ᠍ ᠪᠠᠢᠭ᠎ᠠ ᠬᠡᠱᠢᠬᠦᠳ᠎ᠢ ᠡᠷᠬᠢᠨ ᠦᠵᠡᠬᠦ᠌᠎ᠶ᠋ᠢᠨ ᠬᠠᠮᠳᠤ ᠲᠤᠭᠤᠢ᠍ᠢᠯᠠᠩ ᠬᠤᠪᠢᠶᠠᠬ᠍ᠰᠠᠨ ᠶᠠᠷᠢᠯᠴᠠᠭ᠎ᠠ᠎ᠳᠤ ᠤᠷᠤᠯᠴᠠᠵᠦ᠍᠂ ᠤᠯᠠᠨ᠎ᠲᠠᠢ ᠬᠠᠮᠳᠤ᠎ᠪᠠᠷ ᠲᠦᠷᠦ᠎ᠶ᠋ᠢᠨ ᠶᠠᠪᠤᠳᠠᠯ᠎ᠢ ᠵᠦᠪᠳᠡᠭ᠌ᠰᠡᠨ ᠪᠠᠢᠨ᠎ᠠ᠃
      23 ᠎ᠤ ᠦᠳᠡ᠎ᠶ᠋ᠢᠨ ᠬᠤᠢᠨ᠎ᠠ᠂ ᠯᠢ ᠺᠧ ᠴᠢᠶᠠᠩ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠨᠡᠢᠬᠡᠮᠯᠢᠭ᠂ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠡᠳᠡᠬᠡᠳ᠎ᠤᠨ ᠬᠡᠱᠢᠬᠦᠳ᠎ᠤᠨ ᠬᠠᠮᠳᠤᠷᠠᠬ᠍ᠰᠠᠨ ᠲᠤᠭᠤᠢ᠍ᠢᠯᠠᠩ᠎ᠤᠨ ᠬᠤᠷᠠᠯ᠎ᠳᠤ ᠤᠷᠤᠯᠴᠠᠵᠠᠢ᠃ ᠵᠤᠤ ᠢᠤᠢ ᠯᠢᠶᠠᠩ᠂ ᠦ᠋ ᠸᠧᠢ ᠷᠧᠨ᠂ ᠫᠠᠨ ᠵᠢᠶᠠᠨ ᠸᠧᠢ ᠵᠡᠷᠬᠡ ᠬᠡᠱᠢᠬᠦᠨ᠎ᠤ ᠦᠬᠡ ᠬᠡᠯᠡᠬᠦ᠌᠎ᠶ᠋ᠢ ᠰᠤᠨᠤᠰᠤᠬ᠍ᠰᠠᠨ᠎ᠤ ᠲᠠᠷᠠᠭ᠎ᠠ᠂ ᠯᠢ ᠺᠧ ᠴᠢᠶᠠᠩ᠂ ᠤᠯᠤᠰ ᠲᠠᠶᠠᠭᠠᠷ᠎ᠢᠶᠠᠨ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠬ᠍ᠰᠠᠨ ᠨᠠᠮ᠎ᠤᠨ ᠲᠦᠪ ᠬᠤᠷᠢᠶᠠᠨ᠎ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠰᠡᠳᠭᠢᠯ᠎ᠢᠶᠠᠨ ᠨᠢᠬᠡᠳᠭᠡᠨ ᠬᠦᠴᠤ᠎ᠪᠠᠨ ᠬᠠᠮᠳᠤᠳᠭᠠᠵᠦ᠍᠂ ᠬᠦᠴᠢᠷ ᠪᠡᠷᠬᠡ᠎ᠶ᠋ᠢ ᠲᠤᠭᠤᠯᠤᠨ ᠤᠷᠤᠬ᠍ᠰᠢᠯᠠᠵᠦ᠍᠂ ᠱᠢᠨ᠎ᠠ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠪᠦᠲᠦᠮᠵᠢᠳᠡᠢ ᠡᠵᠡᠮᠳᠡᠵᠦ᠍᠂ ᠠᠵᠦ᠍ ᠠᠬᠤᠢ ᠨᠡᠢᠬᠡᠮ᠎ᠤᠨ ᠬᠦᠭ᠌ᠵᠢᠯᠳᠡ ᠱᠢᠨ᠎ᠠ ᠬᠢᠷᠢ ᠪᠦᠲᠦᠮᠵᠢ ᠤᠯᠤᠬ᠍ᠰᠠᠨ᠎ᠨᠢ ᠦᠷᠬᠡᠨ ᠤᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠠᠵᠢᠯᠳᠠᠳ᠎ᠤᠨ ᠭᠠᠪᠢᠶ᠎ᠠ ᠵᠢᠳᠬᠦᠯ᠎ᠠᠴᠠ ᠰᠠᠯᠵᠤ ᠲᠡᠢᠯᠬᠦ᠌ ᠦᠬᠡᠢ ᠪᠠᠢᠵᠦ᠍᠂ ᠤᠯᠤᠰ ᠲᠦᠷᠦ᠎ᠶ᠋ᠢᠨ ᠵᠦᠪᠯᠡᠯᠬᠡᠨ᠎ᠤ ᠬᠡᠱᠢᠬᠦᠳ ᠢᠳᠡᠪᠬᠢᠳᠡᠢ ᠬᠤᠪᠢ ᠨᠡᠮᠡᠷᠢ ᠦᠵᠡᠬᠦᠯᠵᠡᠢ᠃ ᠤᠳᠤᠬᠠᠨ᠎ᠤ ᠡᠬᠡᠳᠡᠷᠡᠭᠡᠨ ᠪᠤᠳᠤᠯᠢᠶᠠᠨᠳᠠᠢ ᠬᠦᠨᠳᠤ ᠬᠡᠴᠡᠬᠦᠦ ᠪᠠᠢᠳᠠᠯ ᠪᠠ ᠡᠯ᠎ᠠ ᠵᠦᠢᠯ᠎ᠤᠨ ᠦᠷᠢᠰᠦᠯᠳᠦᠬᠡᠨ᠎ᠳᠤ ᠱᠢᠭᠤᠳ ᠬᠠᠨᠳᠤᠨ᠂ ᠰᠢ᠎ᠶ᠋ᠢᠨ ᠫᠢᠩ᠎ᠤᠨ ᠱᠢᠨ᠎ᠠ ᠴᠠᠬ ᠦᠶ᠎ᠠ᠎ᠶ᠋ᠢᠨ ᠲᠤᠮᠳᠠᠳᠤ ᠤᠯᠤᠰ᠎ᠤᠨ ᠤᠨᠴᠠᠯᠢᠬ᠎ᠲᠠᠢ ᠨᠡᠢᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠦ᠍᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠪᠠ ᠠᠵᠦ᠍ ᠠᠬᠤᠢ ᠨᠡᠢᠬᠡᠮ᠎ᠤᠨ ᠬᠦᠭ᠌ᠵᠢᠯᠳᠡ᠎ᠶ᠋ᠢ ᠨᠢᠬᠡᠳᠦᠯᠳᠡᠢ ᠲᠦᠯᠦᠪᠵᠢᠬᠦᠯᠦᠨ ᠠᠬᠢᠭᠤᠯᠬᠤ ᠠᠵᠢᠯ᠎ᠢ ᠯᠠᠪᠳᠠᠭᠤᠨ ᠪᠠᠳᠤᠳᠠᠢ ᠰᠠᠢᠳᠤᠷ ᠬᠢᠬᠦ᠌ ᠬᠡᠷᠡᠭ᠌ᠳᠡᠢ᠃ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ ᠮᠠᠨᠳᠤᠪᠠᠯ᠂ ᠤᠯᠤᠰ ᠬᠦᠴᠦᠷᠭᠡᠭ᠌ᠵᠢᠨ ᠠᠷᠠᠳ ᠠᠮᠤᠭᠤᠯᠠᠩ ᠪᠠᠢᠵᠦ᠍ ᠴᠢᠳᠠᠨ᠎ᠠ᠃ ᠲᠦᠬᠦᠮ ᠲᠦᠳᠡ ᠦᠨᠳᠦᠷ ᠪᠦᠲᠦᠮᠵᠢᠳᠡᠢ ᠱᠢᠯᠭᠠᠨ ᠬᠡᠮᠵᠢᠬᠦ᠌ ᠮᠡᠷᠬᠡᠵᠢᠯ᠂ ᠪᠦᠲᠦᠮᠵᠢᠳᠡᠢ ᠡᠮ᠂ ᠸᠠᠺᠼᠢᠨ ᠵᠡᠷᠬᠡ᠎ᠶ᠋ᠢ ᠰᠤᠳᠤᠯᠤᠨ ᠨᠡᠬᠡᠬᠡᠬᠦ᠌ ᠪᠤᠭᠤᠮᠳᠠ ᠱᠢᠪᠲᠤᠯᠬᠤ᠎ᠶ᠋ᠢ ᠦᠷᠬᠦᠯᠵᠢᠯᠡᠨ ᠴᠢᠩᠭᠠᠳᠭᠠᠵᠦ᠍᠂ ᠤᠯᠠᠨ ᠤᠯᠤᠰ᠎ᠤᠨ ᠬᠠᠮᠳᠤᠷᠠᠯᠴᠠᠭ᠎ᠠ᠎ᠶ᠋ᠢ ᠠᠬᠢᠭᠤᠯᠤᠨ᠂ ᠬᠢᠵᠢᠭ᠎ᠤᠨ ᠪᠠᠢᠳᠠᠯ᠎ᠢ ᠢᠯᠠᠬᠤ᠎ᠳᠤ ᠲᠤᠯᠭᠠᠭᠤᠷᠢᠯᠠᠯ ᠬᠠᠩᠭᠠᠬᠤ ᠬᠡᠷᠡᠭ᠌ᠳᠡᠢ᠃ ᠱᠢᠨ᠎ᠠ᠎ᠶ᠋ᠢ ᠡᠬᠦᠳᠬᠦ᠌ ᠴᠢᠳᠠᠪᠤᠷᠢ᠎ᠶ᠋ᠢ ᠲᠡᠭᠡᠭ᠌ᠰᠢᠯᠡᠬᠦᠯᠬᠦ᠂ ᠬᠦᠭ᠌ᠵᠢᠯᠳᠡ᠎ᠶ᠋ᠢᠨ ᠱᠢᠨ᠎ᠠ ᠬᠦᠳᠡᠯᠬᠡᠬᠦ᠌ ᠴᠢᠳᠠᠪᠤᠷᠢ᠎ᠶ᠋ᠢ ᠴᠢᠩᠭᠠᠷᠠᠭᠤᠯᠬᠤ᠎ᠶ᠋ᠢᠨ ᠲᠤᠭᠤᠷᠢᠨ᠎ᠳᠤ᠂ ᠦᠷᠬᠦᠯᠵᠢᠯᠡᠨ ᠲᠤᠬ᠍ᠳᠠᠪᠤᠷᠢᠳᠠᠢ ᠪᠡᠯᠡ ᠤᠷᠤᠭᠤᠯᠤᠯᠳᠠ᠎ᠶ᠋ᠢᠨ ᠲᠤᠬ᠍ᠳᠠᠴᠠ᠎ᠶ᠋ᠢ ᠪᠦᠷᠢᠨᠱᠢᠬᠦᠯᠦᠨ᠂ ᠰᠠᠭᠤᠷᠢ ᠰᠤᠳᠤᠯᠭᠠᠨ᠎ᠤ ᠲᠦᠪᠱᠢᠨ᠎ᠢ ᠲᠡᠭᠡᠭ᠌ᠰᠢᠯᠡᠬᠦᠯᠬᠦ᠌ ᠬᠡᠷᠡᠭ᠌ᠳᠡᠢ; 《ᠤᠯᠠᠨ᠎ᠢᠶᠠᠷ᠎ᠢᠶᠠᠨ ᠦᠢᠯᠡᠰ ᠪᠤᠰᠭᠠᠵᠦ᠍᠂ ᠨᠡᠢᠳᠡ᠎ᠪᠠᠷ᠎ᠢᠶᠠᠨ ᠱᠢᠨ᠎ᠠ᠎ᠶ᠋ᠢ ᠡᠬᠦᠳᠬᠦ᠌》 ᠎ᠪᠠᠷ ᠤᠯᠠᠨ᠎ᠤ ᠤᠶᠤᠨ ᠤᠬᠠᠭᠠᠨ᠎ᠢ ᠲᠦᠪᠯᠡᠷᠡᠬᠦᠯᠦᠨ ᠬᠤᠷᠠᠮᠳᠤᠭᠤᠯᠵᠦ᠍᠂ ᠠᠵᠦ᠍ ᠠᠬᠤᠢ᠍ᠢᠯᠠᠯ᠎ᠤᠨ ᠰᠤᠳᠤᠯᠤᠨ ᠨᠡᠬᠡᠬᠡᠯᠳᠡ ᠬᠢᠬᠦ᠌ ᠪᠡ ᠮᠡᠷᠬᠡᠵᠢᠯ᠎ᠤᠨ ᠱᠢᠨᠡᠴᠢᠯᠡᠯᠳᠡ ᠬᠢᠬᠦ᠌᠎ᠶ᠋ᠢ ᠴᠢᠩᠭᠠᠳᠭᠠᠬᠤ᠎ᠶ᠋ᠢ ᠠᠬᠢᠭᠤᠯᠵᠦ᠍᠂ ᠱᠢᠨ᠎ᠠ᠎ᠶ᠋ᠢ ᠡᠬᠦᠳᠬᠦ᠌᠎ᠳᠤ ᠠᠱᠢᠬ᠍ᠳᠠᠢ ᠬᠢᠨᠠᠨ ᠱᠢᠯᠭᠠᠬᠤ ᠪᠠ ᠦᠷ᠎ᠠ ᠪᠦᠲᠦᠬᠡᠯ᠎ᠢ ᠤᠨᠳᠤᠤᠱᠢᠭᠤᠯᠬᠤ ᠲᠤᠬ᠍ᠳᠠᠴᠠ᠎ᠶ᠋ᠢ ᠪᠦᠷᠢᠨᠱᠢᠬᠦᠯᠦᠨ᠂ ᠱᠢᠨ᠎ᠠ ᠮᠡᠷᠬᠡᠵᠢᠯ᠎ᠢ ᠬᠡᠷᠡᠭ᠌ᠯᠡᠯᠳᠡ᠎ᠳᠤ ᠤᠷᠤᠭᠤᠯᠬᠤ ᠰᠠᠢᠨ ᠰᠠᠢᠬᠠᠨ ᠠᠮᠢ ᠠᠬᠤᠢ᠎ᠶ᠋ᠢ ᠴᠤᠬ᠍ᠴᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠦᠷ᠎ᠠ ᠪᠦᠲᠦᠬᠡᠯ᠎ᠢ ᠠᠯᠢ ᠲᠦᠷᠬᠡᠨ᠎ᠢᠶᠠᠷ ᠦᠢᠯᠡᠳᠪᠦᠷᠢᠯᠡᠯ᠎ᠤᠨ ᠬᠦᠴᠦᠨ ᠪᠤᠯᠭᠠᠨ ᠤᠨᠳᠤᠤᠱᠢᠭᠤᠯᠬᠤ᠎ᠶ᠋ᠢ ᠠᠬᠢᠭᠤᠯᠤᠨ᠂ ᠠᠵᠦ᠍ ᠦᠢᠯᠡᠰ᠎ᠤᠨ ᠬᠡᠯᠬᠢᠶ᠎ᠠ ᠬᠠᠩᠭᠠᠯᠭ᠎ᠠ᠎ᠶ᠋ᠢᠨ ᠬᠡᠯᠬᠢᠶ᠎ᠠ᠎ᠶ᠋ᠢᠨ ᠪᠠᠳᠤᠯᠠᠭ᠎ᠠ᠎ᠶ᠋ᠢᠨ ᠲᠦᠪᠱᠢᠨ᠎ᠢ ᠲᠡᠭᠡᠭ᠌ᠰᠢᠯᠡᠬᠦᠯᠤᠨ᠂ ᠱᠢᠨ᠎ᠠ ᠠᠵᠦ᠍ ᠦᠢᠯᠡᠰ ᠱᠢᠨ᠎ᠠ ᠡᠵᠡᠩᠨᠡᠯᠳᠡ᠎ᠶ᠋ᠢᠨ ᠬᠡᠯᠪᠡᠷᠢ᠎ᠶ᠋ᠢᠨ ᠬᠦᠭ᠌ᠵᠢᠯᠳᠡ᠎ᠶ᠋ᠢ ᠠᠬᠢᠭᠤᠯᠬᠤ᠂ ᠬᠡᠷᠡᠭ᠌ᠯᠡᠭᠡ᠎ᠶ᠋ᠢ ᠦᠷᠬᠡᠳᠭᠡᠬᠦ᠂ ᠠᠷᠠᠳ᠎ᠤᠨ ᠠᠮᠢᠳᠤᠷᠠᠯ᠎ᠳᠤ ᠠᠱᠢᠬ ᠬᠦᠷᠳᠡᠬᠡᠬᠦ᠌᠎ᠳᠤ ᠨᠡᠩ ᠶᠡᠭᠡ ᠦᠢᠯᠡᠳᠦᠯ ᠪᠠᠳᠠᠷᠠᠭᠤᠯᠬᠤ ᠬᠡᠷᠡᠭ᠌ᠳᠡᠢ᠃ ᠱᠢᠨ᠎ᠠ᠎ᠶ᠋ᠢ ᠡᠬᠦᠳᠬᠦ᠌᠎ᠨᠢ ᠬᠦᠮᠦᠨ᠎ᠤ ᠴᠢᠯᠦᠬᠡᠳᠦ ᠡᠬᠦᠳᠦᠯᠳᠡ᠎ᠠᠴᠠ ᠢᠷᠡᠯᠳᠡ᠎ᠲᠠᠢ᠃ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠬᠦᠷᠢᠶ᠎ᠠ ᠴᠠᠷᠠᠭ᠎ᠠ᠎ᠳᠠᠬᠢ 《ᠲᠠᠯᠪᠢᠬᠤ ᠬᠠᠮᠢᠶᠠᠷᠬᠤ ᠦᠢᠯᠡᠴᠢᠯᠡᠬᠦ᠌》 ᠦᠬᠡᠷᠡᠴᠢᠯᠡᠯᠳᠡ᠎ᠶ᠋ᠢ ᠬᠦᠨᠵᠡᠬᠡᠢᠷᠡᠬᠦᠯᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠠᠵᠢᠯᠳᠠᠨ᠎ᠤ ᠨᠢᠬᠡ ᠯᠡ ᠰᠡᠳᠭᠢᠯ᠎ᠢᠶᠠᠷ ᠬᠠᠢᠨ ᠰᠦᠪᠡᠭ᠌ᠴᠢᠯᠡᠬᠦ᠌᠎ᠳᠤ ᠬᠦᠯᠢᠶᠡᠰᠤ᠎ᠶ᠋ᠢ ᠠᠯᠳᠠᠷᠠᠭᠠᠨ ᠲᠠᠷᠤᠭᠠᠰᠤ᠎ᠶ᠋ᠢ ᠬᠦᠩᠬᠡᠷᠡᠬᠦᠯᠵᠦ᠍᠂ ᠵᠠᠯᠠᠭᠤ ᠴᠢᠳᠠᠪᠤᠷᠢᠳᠠᠨ᠎ᠢ ᠵᠤᠷᠢᠬ᠍ᠳᠠᠢ᠎ᠪᠠᠷ ᠬᠡᠷᠡᠭ᠌ᠯᠡᠨ ᠴᠢᠬᠤᠯᠠ ᠡᠬᠦᠷᠬᠡ ᠡᠬᠦᠷᠬᠡᠯᠡᠬᠦᠯᠵᠦ᠍᠂ ᠮᠡᠳᠡᠯᠬᠡ᠎ᠶ᠋ᠢᠨ ᠦᠮᠴᠢᠯᠡᠯ᠎ᠤᠨ ᠡᠷᠬᠡ᠎ᠶ᠋ᠢᠨ ᠬᠠᠮᠠᠭᠠᠯᠠᠯᠳᠠ᠎ᠶ᠋ᠢ ᠴᠢᠩᠭᠠᠳᠭᠠᠨ᠂ ᠪᠦᠲᠦᠭᠡᠯᠴᠢ ᠬᠦᠳᠡᠯᠮᠦᠷᠢ᠎ᠳᠤ ᠨᠡᠢᠬᠡᠮ᠎ᠤᠨ ᠬᠦᠨᠳᠦᠳᠭᠡᠯ ᠪᠠ ᠤᠯᠪᠠᠰᠤ ᠵᠤᠬᠢᠰᠳᠠᠢ ᠤᠯᠭᠤᠮᠵᠢ ᠤᠯᠭᠤᠨ᠂ ᠱᠢᠨ᠎ᠠ᠎ᠶ᠋ᠢ ᠡᠬᠦᠳᠬᠦ᠌᠎ᠪᠠᠷ ᠬᠦᠳᠡᠯᠬᠡᠬᠦᠷ ᠪᠤᠯᠭᠠᠬᠤ ᠬᠦᠭ᠌ᠵᠢᠯᠳᠡ᠎ᠳᠤ ᠲᠠᠰᠤᠷᠠᠯᠳᠠ ᠦᠬᠡᠢ ᠬᠦᠳᠡᠯᠬᠡᠬᠦ᠌ ᠬᠦᠴᠦᠨ ᠬᠠᠩᠭᠠᠬᠤ ᠬᠡᠷᠡᠭ᠌ᠳᠡᠢ ᠬᠡᠵᠦ᠍ ᠬᠡᠯᠡᠪᠡ᠃
      23 ᠎ᠤ ᠦᠳᠡ᠎ᠶ᠋ᠢᠨ ᠬᠤᠢᠨ᠎ᠠ᠂ ᠯᠢ ᠵᠠᠨ ᠱᠦ᠍ ᠠᠷᠠᠳᠴᠢᠯᠡᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠂ ᠲᠠᠷᠢᠶᠠᠴᠢᠨ ᠠᠵᠢᠯᠴᠢᠨ᠎ᠤ ᠠᠷᠠᠳᠴᠢᠯᠠᠬ᠍ᠰᠠᠨ ᠨᠠᠮ᠎ᠤᠨ ᠬᠡᠱᠢᠬᠦᠳ᠎ᠤᠨ ᠬᠠᠮᠳᠤᠷᠠᠬ᠍ᠰᠠᠨ ᠳᠤᠭᠤᠢ᠍ᠢᠯᠠᠩ᠎ᠤᠨ ᠬᠤᠷᠠᠯ᠎ᠳᠤ ᠤᠷᠤᠯᠴᠠᠵᠠᠢ᠃ ᠰᠦᠨ ᠳ᠋ᠦᠩ ᠱᠧᠩ᠂ ᠼᠠᠢ ᠸᠧᠢ᠂ ᠬᠤᠩ ᠬᠤᠢ ᠮᠢᠨ ᠵᠡᠷᠬᠡ ᠬᠡᠱᠢᠬᠦᠨ᠎ᠤ ᠦᠬᠡ ᠬᠡᠯᠡᠬᠦ᠌᠎ᠶ᠋ᠢ ᠰᠤᠨᠤᠰᠤᠬ᠍ᠰᠠᠨ᠎ᠤ ᠲᠠᠷᠠᠭ᠎ᠠ᠂ ᠯᠢ ᠵᠠᠨ ᠱᠦ᠍᠂ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠬ᠍ᠰᠠᠨ ᠨᠠᠮ᠎ᠤᠨ ᠲᠦᠪ ᠬᠤᠷᠢᠶᠠᠨ᠎ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠲᠠᠯ᠎ᠠ᠎ᠪᠠᠷ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠦᠷ᠎ᠠ ᠪᠦᠲᠦᠬᠡᠯ ᠤᠯᠤᠬ᠍ᠰᠠᠨ ᠪᠠᠢᠨ᠎ᠠ᠃ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠲᠦᠪ ᠬᠤᠷᠢᠶ᠎ᠠ᠂ ᠲᠠᠷᠢᠶᠠᠴᠢᠨ ᠠᠵᠢᠯᠴᠢᠨ᠎ᠤ ᠠᠷᠠᠳᠴᠢᠯᠠᠬ᠍ᠰᠠᠨ ᠨᠠᠮ᠎ᠤᠨ ᠲᠦᠪ ᠬᠤᠷᠢᠶ᠎ᠠ ᠤᠬᠠᠮᠰᠠᠷ᠎ᠠᠴᠠ᠎ᠪᠠᠨ ᠨᠠᠮ᠎ᠤᠨ ᠲᠦᠪ ᠬᠤᠷᠢᠶᠠᠨ᠎ᠤ ᠨᠢᠬᠡᠳᠦᠯᠳᠡᠢ ᠪᠠᠢᠷᠢᠯᠠᠭᠤᠯᠤᠯᠳᠠ᠎ᠶ᠋ᠢ ᠲᠤᠭᠤᠱᠢᠯᠠᠭᠤᠯᠵᠦ᠍᠂ ᠨᠠᠮ᠎ᠤᠨ ᠲᠦᠪ ᠬᠤᠷᠢᠶᠠᠨ᠎ᠤ ᠤᠷᠢᠶᠠᠯᠠᠭ᠎ᠠ᠎ᠶ᠋ᠢ ᠴᠤᠤᠷᠢᠶᠠᠳᠤᠵᠦ᠍᠂ ᠡᠯ᠎ᠠ ᠱᠠᠳᠤᠨ᠎ᠤ ᠵᠤᠬᠢᠶᠠᠨ ᠪᠠᠢᠭᠤᠯᠤᠯᠳᠠ ᠪᠠ ᠦᠷᠬᠡᠨ ᠤᠯᠠᠨ ᠪᠦᠷᠢᠯᠳᠦᠬᠦᠨ᠎ᠢᠶᠠᠨ ᠲᠠᠢᠴᠢᠯᠠᠨ ᠬᠢᠵᠢᠭ᠎ᠲᠠᠢ ᠲᠡᠮᠡᠴᠡᠬᠦ᠌᠎ᠳᠤ ᠢᠳᠡᠪᠬᠢᠳᠡᠢ ᠤᠷᠤᠯᠴᠠᠭᠤᠯᠵᠦ᠍᠂ ᠴᠢᠬᠤᠯᠠ ᠬᠤᠪᠢ ᠨᠡᠮᠡᠷᠢ ᠦᠵᠡᠬᠦᠯᠵᠡᠢ᠃ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠂ ᠲᠠᠷᠢᠶᠠᠴᠢᠨ ᠠᠵᠢᠯᠴᠢᠨ᠎ᠤ ᠠᠷᠠᠳᠴᠢᠯᠬᠠᠰᠠᠨ ᠨᠠᠮ᠎ᠨᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶᠠᠨ᠎ᠤ ᠵᠤᠷᠢᠬ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠵᠦ᠍᠂ ᠠᠷᠠᠳ ᠲᠦᠮᠡᠨ᠎ᠢ ᠲᠡᠭᠡᠳᠦᠯᠡᠬᠦ᠌᠎ᠶ᠋ᠢ ᠪᠠᠷᠢᠮᠳᠠᠯᠠᠨ᠂ ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠤᠯ ᠰᠡᠳᠦᠪ᠎ᠢ ᠪᠠᠷᠢᠮᠳᠠᠯᠠᠵᠦ᠍᠂ ᠨᠠᠮ ᠪᠠ ᠲᠦᠷᠦ᠎ᠶ᠋ᠢᠨ ᠭᠤᠤᠯ ᠡᠬᠦᠷᠬᠡ᠎ᠶ᠋ᠢᠨ ᠲᠤᠭᠤᠷᠢᠨ᠎ᠳᠤ ᠲᠠᠪᠠᠭᠤᠯᠢᠬ᠎ᠢᠶᠠᠨ ᠪᠠᠳᠠᠷᠠᠭᠤᠯᠤᠨ᠂ ᠡᠬᠦᠷᠬᠡᠯᠡᠨ ᠤᠷᠤᠬ᠍ᠰᠢᠯᠠᠵᠦ᠍᠂ ᠡᠨᠡ ᠵᠢᠯ᠎ᠤᠨ ᠡᠯ᠎ᠠ ᠵᠦᠢᠯ᠎ᠤᠨ ᠬᠠᠷᠠᠯᠳᠠ ᠡᠬᠦᠷᠬᠡ᠎ᠶ᠋ᠢ ᠪᠡᠶᠡᠯᠡᠬᠦᠯᠬᠦ᠌᠎ᠳᠤ ᠱᠢᠨ᠎ᠠ ᠬᠤᠪᠢ ᠨᠡᠮᠡᠷᠢ᠎ᠪᠠᠨ ᠦᠵᠡᠬᠦᠯᠬᠦ᠌᠎ᠶ᠋ᠢ ᠬᠦᠰᠡᠭ᠌ᠰᠡᠨ ᠪᠠᠢᠨ᠎ᠠ᠃ ᠯᠢ ᠵᠠᠨ ᠱᠦ᠍᠂ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠬ᠍ᠰᠠᠨ ᠨᠠᠮ᠎ᠤᠨ ᠲᠦᠪ ᠬᠤᠷᠢᠶ᠎ᠠ ᠤᠯᠠᠨ ᠨᠠᠮ ᠬᠠᠮᠳᠤᠷᠠᠨ ᠠᠵᠢᠯᠯᠠᠬᠤ ᠦᠢᠯᠡᠰ᠎ᠢ ᠲᠡᠭᠡᠳᠤ ᠬᠡᠮᠵᠢᠶ᠎ᠠ᠎ᠪᠠᠷ ᠴᠢᠬᠤᠯᠠᠴᠢᠯᠠᠵᠦ᠍ ᠪᠠᠢᠨ᠎ᠠ᠃ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠂ ᠲᠠᠷᠢᠶᠠᠴᠢᠨ ᠠᠵᠢᠯᠴᠢᠨ᠎ᠤ ᠠᠷᠠᠳᠴᠢᠯᠠᠬ᠍ᠰᠨᠨ ᠨᠠᠮ᠎ᠨᠢ ᠰᠢ᠎ᠶ᠋ᠢᠨ ᠫᠢᠩ᠎ᠤᠨ ᠱᠢᠨ᠎ᠠ ᠴᠠᠬ ᠦᠶ᠎ᠠ᠎ᠶ᠋ᠢᠨ ᠲᠤᠮᠳᠠᠳᠤ ᠤᠯᠤᠰ᠎ᠤᠨ ᠤᠨᠴᠠᠯᠢᠬ᠎ᠲᠠᠢ ᠨᠡᠢᠬᠡᠮ ᠵᠢᠷᠤᠮ᠎ᠤᠨ ᠦᠵᠡᠯ ᠰᠠᠨᠠᠭ᠎ᠠ᠎ᠶ᠋ᠢ ᠬᠦᠨᠵᠡᠬᠡᠢ ᠰᠤᠷᠤᠯᠴᠠᠨ ᠲᠤᠭᠤᠱᠢᠯᠠᠭᠤᠯᠵᠦ᠍᠂ ᠲᠤᠮᠳᠠᠳᠤ ᠤᠯᠤᠰ᠎ᠤᠨ ᠤᠨᠴᠠᠯᠢᠬ᠎ᠲᠠᠢ ᠨᠡᠢᠬᠡᠮ ᠵᠢᠷᠤᠮ᠎ᠤᠨ ᠵᠠᠮ᠎ᠢᠶᠠᠷ ᠭᠤᠢᠪᠢᠰᠢ ᠦᠬᠡᠢ ᠵᠠᠮᠨᠠᠬᠤ᠎ᠶ᠋ᠢ ᠪᠠᠷᠢᠮᠳᠠᠯᠠᠨ᠂ ᠮᠠᠨ᠎ᠤ ᠤᠯᠤᠰ᠎ᠤᠨ ᠱᠢᠨ᠎ᠠ ᠬᠡᠯᠪᠡᠷᠢ᠎ᠶ᠋ᠢᠨ ᠲᠦᠷᠦ᠎ᠶ᠋ᠢᠨ ᠨᠠᠮ᠎ᠤᠨ ᠪᠠᠢᠭᠤᠯᠤᠯ᠎ᠢ ᠪᠠᠷᠢᠮᠳᠠᠯᠠᠨ ᠲᠡᠬᠦᠯᠳᠡᠷᠵᠢᠬᠦᠯᠵᠦ᠍᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ᠎ᠶ᠋ᠢ ᠤᠬᠠᠮᠰᠠᠷ᠎ᠠᠴᠠ᠎ᠪᠠᠨ ᠬᠦᠯᠢᠶᠡᠭ᠌ᠰᠡᠨ᠂ ᠲᠤᠮᠳᠠᠳᠤ ᠤᠯᠤᠰ᠎ᠤᠨ ᠡᠪ ᠬᠠᠮᠳᠤ ᠨᠠᠮ᠎ᠲᠠᠢ ᠬᠦᠴᠦ᠎ᠪᠠᠨ ᠬᠠᠮᠳᠤᠳᠭᠠᠵᠦ᠍ ᠬᠠᠮᠳᠤᠷᠠᠨ ᠠᠵᠢᠯᠯᠠᠬ᠍ᠰᠠᠨ ᠲᠤᠳᠤᠨᠤ ᠨᠦᠬᠦᠷᠰᠡᠭ ᠨᠠᠮ ᠪᠠ ᠰᠠᠢᠨ ᠵᠦᠪᠯᠡᠭ᠌ᠴᠢ᠂ ᠰᠠᠢᠨ ᠬᠠᠪᠰᠤᠷᠤᠬ᠍ᠴᠢ᠂ ᠰᠠᠢᠨ ᠬᠠᠮᠳᠤ ᠠᠵᠢᠯᠯᠠᠬ᠍ᠴᠢ ᠪᠤᠯᠬᠤ᠎ᠶ᠋ᠢ ᠬᠦᠰᠡᠵᠦ᠍ ᠪᠠᠢᠨ᠎ᠠ᠃ ᠲᠤᠮᠳᠠᠳᠤ ᠤᠯᠤᠰ᠎ᠤᠨ ᠤᠨᠴᠠᠯᠢᠬ᠎ᠲᠠᠢ ᠨᠡᠢᠭᠡᠮ ᠵᠢᠷᠤᠮ᠎ᠤᠨ ᠠᠭᠤᠤ ᠶᠡᠭᠡ ᠤᠢ᠍ᠢᠯᠡᠰ᠎ᠤᠨ ᠲᠤᠮᠳᠠ᠂ ᠠᠷᠡᠤᠨᠴᠢᠯᠡᠯ᠎ᠤᠨ ᠨᠠᠮ ᠪᠦᠯᠦᠭ ᠶᠡᠭᠡ ᠵᠢᠤᠨᠭᠦᠯ ᠴᠢᠷᠮᠡᠢᠯᠭ᠎ᠠ ᠭᠠᠷᠭᠠᠵᠤ ᠲᠠᠢᠯᠤᠨ᠎ᠠ᠃ ᠭᠤᠤᠯᠳᠡᠯᠭ᠎ᠠ᠎ᠶ᠋ᠢᠨ ᠲᠤᠭᠤᠷᠢᠨ᠎ᠳᠤ᠂ ᠶᠡᠭᠡ ᠲᠠᠯ᠎ᠠ᠎ᠳᠤ ᠦᠢᠯᠡᠴᠢᠯᠡᠨ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠪᠠ ᠠᠵᠦ᠍ ᠠᠬᠤᠢ ᠨᠡᠢᠬᠡᠮ᠎ᠤᠨ ᠬᠦᠭ᠌ᠵᠢᠯᠳᠡ᠎ᠶ᠋ᠢ ᠨᠢᠬᠡᠳᠦᠯᠳᠡᠢ ᠲᠦᠯᠦᠪᠵᠢᠬᠦᠯᠦᠨ ᠠᠬᠢᠭᠤᠯᠬᠤ ᠠᠵᠢᠯ᠎ᠳᠤ ᠢᠳᠡᠪᠬᠢᠳᠡᠢ ᠤᠷᠤᠯᠴᠠᠨ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠱᠢᠢᠳᠪᠦᠷᠢᠳᠤ ᠲᠠᠢᠯᠠᠯᠳᠤᠭᠠᠨ ᠬᠢᠵᠦ᠍ ᠱᠢᠢᠳᠪᠦᠷᠢᠳᠤ ᠢᠯᠠᠯᠳᠠ ᠤᠯᠬᠤ ᠬᠠᠷᠠᠯᠳᠠ ᠡᠬᠦᠷᠬᠡ᠎ᠶ᠋ᠢ ᠪᠡᠶᠡᠯᠡᠬᠦᠯᠬᠦ᠂ ᠴᠢᠨᠡᠬᠡᠯᠢᠭ ᠨᠡᠢᠬᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠌ ᠠᠭᠤᠤ ᠶᠡᠭᠡ ᠦᠢᠯᠡᠳᠦᠯᠬᠡ ᠲᠤᠮᠳᠠ ᠭᠠᠪᠢᠶ᠎ᠠ ᠪᠠᠢᠭᠤᠯᠵᠦ᠍ ᠵᠢᠳᠬᠦᠯ ᠭᠠᠷᠭᠠᠬᠤ ᠬᠡᠷᠡᠭ᠌ᠳᠡᠢ ᠬᠡᠵᠦ᠍ ᠴᠢᠬᠤᠯᠠᠴᠢᠯᠠᠵᠠᠢ᠃
      23 ᠎ᠤ ᠦᠳᠡ᠎ᠶ᠋ᠢᠨ ᠬᠤᠢᠨ᠎ᠠ᠂ ᠸᠠᠩ ᠶᠠᠩ ᠭᠤᠮᠢᠨᠳᠠᠩ᠎ᠤᠨ ᠬᠤᠪᠢᠰᠭᠠᠯᠳᠤ ᠬᠤᠷᠢᠶ᠎ᠠ᠂ ᠲᠠᠢᠸᠠᠨ᠎ᠤ ᠠᠷᠠᠳᠴᠢᠯᠠᠯ᠎ᠢᠶᠠᠷ ᠦᠪᠡᠷᠳᠡᠭᠡᠨ ᠵᠠᠰᠠᠬᠤ ᠬᠤᠯᠪᠤᠭ᠎ᠠ᠂ ᠲᠤᠮᠳᠠᠳᠤ᠎ᠶ᠋ᠢᠨ ᠪᠦᠬᠦ᠌ ᠤᠯᠤᠰ᠎ᠤᠨ ᠲᠠᠢᠸᠠᠨ᠎ᠤ ᠠᠬ᠎ᠠ ᠲᠡᠬᠦᠦ ᠨᠠᠷ᠎ᠤᠨ ᠨᠦᠬᠦᠷᠯᠡᠯ᠎ᠤᠨ ᠬᠤᠯᠪᠤᠭ᠎ᠠ᠎ᠶ᠋ᠢᠨ ᠡᠳᠡᠬᠡᠳ᠎ᠤᠨ ᠬᠡᠱᠢᠬᠦᠳ᠎ᠤᠨ ᠬᠠᠮᠳᠤᠷᠠᠬ᠍ᠰᠠᠨ ᠲᠤᠭᠤᠢ᠍ᠢᠯᠠᠩ᠎ᠤᠨ ᠬᠤᠷᠠᠯ᠎ᠳᠤ ᠤᠷᠤᠯᠴᠠᠵᠠᠢ᠃ ᠦ᠋ ᠵᠢᠩ᠂ ᠦ᠋ ᠬᠦᠸᠧ ᠬᠤᠧᠠ᠂ ᠵᠢᠶᠠᠩ ᠡᠯ ᠱᠢᠶᠦ᠋ᠩ ᠵᠡᠷᠬᠡ ᠬᠡᠱᠢᠬᠦᠨ ᠲᠠᠢᠸᠠᠨ ᠬᠤᠭᠤᠯᠠᠢ᠎ᠶ᠋ᠢᠨ ᠬᠤᠶᠠᠷ ᠬᠦᠪᠡᠭᠡ᠎ᠶ᠋ᠢᠨ ᠠᠭᠤᠰᠤᠯᠴᠠᠨ ᠬᠦᠭ᠌ᠵᠢᠬᠦ᠌᠎ᠳᠤ ᠬᠦᠴᠦᠨ ᠨᠡᠮᠡᠷᠢᠯᠡᠬᠦ᠂ ᠲᠠᠢᠸᠠᠡ᠎ᠤ ᠵᠠᠯᠠᠭᠤᠴᠤᠳ᠎ᠤᠨ ᠡᠬᠡ ᠬᠠᠭᠤᠷᠠᠢ᠎ᠳᠤ ᠢᠷᠡᠵᠦ᠍ ᠠᠵᠢᠯ ᠤᠯᠵᠦ᠍ ᠦᠢᠯᠡᠰ ᠪᠤᠰᠭᠠᠬᠤ᠎ᠶ᠋ᠢ ᠠᠬᠢᠭᠤᠯᠬᠤ᠂ ᠨᠤᠮ ᠤᠩᠱᠢᠬᠤ᠎ᠪᠠᠷ ᠲᠠᠢᠸᠠᠨ ᠬᠤᠭᠤᠯᠠᠢ᠎ᠶ᠋ᠢᠨ ᠬᠤᠶᠠᠷ ᠬᠦᠪᠡᠭᠡ᠎ᠶ᠋ᠢᠨ ᠠᠬ᠎ᠠ ᠲᠡᠬᠦᠦ ᠨᠠᠷ᠎ᠤᠨ ᠬᠠᠢᠷ᠎ᠠ ᠰᠡᠳᠭᠢᠯᠬᠡ ᠪᠠ ᠬᠠᠮᠳᠤ᠎ᠶ᠋ᠢᠨ ᠲᠠᠨᠢᠯᠳᠠ᠎ᠶ᠋ᠢ ᠨᠡᠮᠡᠭ᠌ᠳᠡᠬᠦᠯᠬᠦ᠌ ᠵᠡᠷᠬᠡ ᠲᠤᠭᠤᠷᠢᠨ᠎ᠳᠤ ᠰᠠᠨᠠᠯ ᠰᠠᠨᠠᠭᠤᠯᠭ᠎ᠠ᠎ᠪᠠᠨ ᠢᠯᠡᠳᠭᠡᠭ᠌ᠰᠡᠨ ᠪᠠᠢᠨ᠎ᠠ᠃ ᠬᠡᠱᠢᠬᠦᠳ᠎ᠤᠨ ᠦᠬᠡ ᠬᠡᠯᠡᠬᠦ᠌᠎ᠶ᠋ᠢ ᠨᠠᠷᠢᠨ ᠬᠢᠨᠠᠮᠠᠭᠠᠢ ᠰᠤᠨᠤᠰᠤᠬ᠍ᠰᠠᠨ᠎ᠤ ᠲᠠᠷᠠᠭ᠎ᠠ᠂ ᠸᠠᠩ ᠶᠠᠩ᠂ ᠤᠳᠤᠬᠠᠨ᠎ᠤ ᠲᠠᠢᠸᠠᠨ᠎ᠤ ᠪᠠᠢᠳᠠᠯ ᠨᠡᠩ ᠡᠬᠡᠳᠡᠷᠡᠭᠡᠨ ᠪᠤᠳᠤᠯᠢᠶᠠᠨᠳᠠᠢ ᠬᠦᠨᠳᠤ ᠬᠡᠴᠡᠬᠦᠦ ᠬᠠᠨᠳᠤᠰᠢ᠎ᠲᠠᠢ ᠪᠤᠯᠵᠤ ᠪᠠᠢᠭ᠎ᠠ ᠪᠤᠯᠪᠠᠴᠤ᠌ ᠲᠠᠢᠸᠠᠨ ᠬᠤᠭᠤᠯᠠᠢ᠎ᠶ᠋ᠢᠨ ᠬᠤᠶᠠᠷ ᠬᠦᠪᠡᠬᠡᠨ᠎ᠤ ᠠᠬ᠎ᠠ ᠲᠡᠬᠦᠤ ᠨᠠᠷ᠎ᠤᠨ ᠡᠩᠬᠡ ᠲᠠᠢᠪᠤᠩ᠎ᠢ ᠬᠦᠰᠡᠵᠦ᠍᠂ ᠬᠦᠭ᠌ᠵᠢᠯᠳᠡ᠎ᠶ᠋ᠢ ᠬᠦᠰᠡᠵᠦ᠍ ᠪᠠᠢᠭ᠎ᠠ ᠬᠠᠮᠳᠤ᠎ᠶ᠋ᠢᠨ ᠬᠦᠰᠡᠯ ᠡᠷᠡᠮᠡᠯᠵᠡᠯ᠎ᠨᠢ ᠬᠤᠪᠢᠷᠠᠬ᠍ᠰᠠᠨ ᠦᠬᠡᠢ᠂ 《ᠲᠠᠢᠸᠠᠨ᠎ᠢ ᠲᠤᠰᠠᠭᠠᠷ ᠲᠤᠬ᠍ᠳᠠᠨᠢᠭᠤᠯᠬᠤ》 ᠰᠦᠷᠬᠡᠤ ᠤᠷᠤᠰᠭᠠᠯ ᠪᠠ ᠭᠠᠳᠠᠭᠠᠳᠤ᠎ᠶ᠋ᠢᠨ ᠬᠦᠴᠦᠨ ᠲᠠᠢᠸᠠᠨ ᠬᠤᠭᠤᠯᠠᠢ᠎ᠶ᠋ᠢᠨ ᠬᠤᠶᠠᠷ ᠬᠦᠪᠡᠬᠡᠨ᠎ᠤ ᠬᠠᠷᠢᠴᠠᠭ᠎ᠠ᠎ᠶ᠋ᠢᠨ ᠦᠨᠳᠦᠰᠦᠨ ᠪᠠᠢᠷᠢᠱᠢᠯ᠎ᠢ ᠬᠤᠪᠢᠷᠠᠭᠤᠯᠵᠦ᠍ ᠲᠡᠢᠯᠬᠦ᠌ ᠦᠬᠡᠢ᠂ ᠡᠬᠡ ᠤᠯᠤᠰ᠎ᠢᠶᠠᠨ ᠨᠠᠢᠷᠠᠮᠳᠠᠯ᠎ᠢᠶᠠᠷ ᠨᠢᠬᠡᠳᠭᠡᠬᠦ᠌ ᠲᠡᠤᠬᠡ᠎ᠶ᠋ᠢᠨ ᠤᠷᠤᠰᠭᠠᠯ᠎ᠢ ᠬᠤᠷᠢᠬ᠍ᠯᠠᠵᠦ᠍ ᠲᠡᠢᠯᠬᠦ᠌ ᠦᠬᠡᠢ ᠶᠤᠮ᠃ ᠶᠡᠷᠦᠩᠬᠡᠢ ᠱᠦᠵᠢ ᠰᠢ᠎ᠶ᠋ᠢᠨ ᠫᠢᠩ᠎ᠤᠨ 《ᠲᠠᠢᠸᠠᠨ᠎ᠤ ᠠᠬ᠎ᠠ ᠲᠡᠬᠦᠦ ᠨᠠᠷ᠎ᠲᠤ ᠮᠡᠳᠡᠭ᠌ᠳᠡᠬᠦ᠌ ᠪᠢᠴᠢᠭ》 ᠎ᠢ ᠨᠡᠢᠳᠡᠯᠡᠭ᠌ᠰᠡᠨ 40 ᠵᠢᠯ᠎ᠤᠨ ᠤᠢ᠎ᠶ᠋ᠢ ᠲᠤᠷᠠᠰᠭᠠᠬᠤ ᠬᠤᠷᠠᠯ ᠲᠡᠬᠡᠷ᠎ᠠ ᠲᠠᠯᠪᠢᠬ᠍ᠰᠠᠨ ᠴᠢᠬᠤᠯᠠ ᠶᠠᠷᠢᠶᠠᠨ᠎ᠤ ᠵᠤᠷᠢᠬ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠦ᠍᠂ ᠨᠠᠮ᠎ᠤᠨ ᠲᠦᠪ ᠬᠤᠷᠢᠶᠠᠨ᠎ᠤ ᠲᠠᠢᠸᠠᠨ᠎ᠤ ᠠᠵᠢᠯ᠎ᠤᠨ ᠲᠤᠬᠠᠢ ᠱᠢᠢᠳᠪᠦᠷᠢᠳᠤ ᠪᠤᠳᠤᠯᠭ᠎ᠠ᠎ᠶ᠋ᠢᠨ ᠪᠠᠢᠷᠢᠯᠠᠭᠤᠯᠤᠯᠳᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ ᠪᠠᠢᠯᠳᠤᠬᠤ ᠪᠤᠳᠤᠯᠭ᠎ᠠ᠎ᠶ᠋ᠢᠨ ᠲᠤᠬ᠍ᠳᠠᠯ ᠬᠦᠴᠦ᠎ᠪᠠᠨ ᠪᠠᠳᠤᠯᠠᠨ᠂ ᠬᠤᠷᠢᠭ᠎ᠠ ᠱᠤᠭᠤᠮ᠎ᠤᠨ ᠰᠡᠳᠭᠢᠬᠦᠢ᠎ᠶ᠋ᠢ ᠪᠠᠳᠤ ᠱᠤᠭᠤᠵᠦ᠍᠂ 《ᠨᠠᠢᠷᠠᠮᠳᠠᠯ᠎ᠢᠶᠠᠷ ᠨᠢᠬᠡᠳᠭᠡᠬᠦ᠂ ᠨᠢᠬᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠬᠦᠯᠬᠦ᠌》 ᠦᠨᠳᠦᠰᠦᠨ ᠴᠢᠭ᠌ᠯᠡᠯᠳᠡ᠎ᠶ᠋ᠢ ᠪᠠᠷᠢᠮᠳᠠᠯᠠᠨ᠂ ᠨᠢᠬᠡ ᠲᠤᠮᠳᠠᠳᠤ ᠤᠯᠤᠰ᠎ᠤᠨ ᠵᠠᠷᠴᠢᠮ᠎ᠢ ᠢᠯᠡᠷᠡᠬᠦᠯᠦᠭ᠌ᠰᠡᠨ 《ᠶᠡᠷᠡᠨ ᠬᠤᠶᠠᠷ ᠤᠨ᠎ᠤ ᠬᠠᠮᠳᠤ᠎ᠶ᠋ᠢᠨ ᠲᠠᠨᠢᠯᠳᠠ》 ᠎ᠶ᠋ᠢ ᠪᠠᠷᠢᠮᠳᠠᠯᠠᠨ᠂ ᠶᠠᠮᠠᠷᠪᠠ ᠬᠡᠯᠪᠡᠷᠢ᠎ᠶ᠋ᠢᠨ 《ᠲᠠᠢᠸᠠᠨ᠎ᠢ ᠲᠤᠰᠠᠭᠠᠷ ᠲᠤᠬ᠍ᠳᠠᠨᠢᠭᠤᠯᠬᠤ》 ᠬᠠᠭᠠᠴᠠᠭᠤᠯᠬᠤ ᠠᠵᠢᠯᠯᠠᠭ᠎ᠠ᠎ᠶ᠋ᠢ ᠡᠷᠡᠰ ᠡᠰᠡᠷᠬᠦᠴᠡᠨ ᠬᠤᠷᠢᠬ᠍ᠯᠠᠵᠦ᠍᠂ ᠲᠠᠢᠸᠠᠨ ᠬᠤᠭᠤᠯᠠᠢ᠎ᠶ᠋ᠢᠨ ᠬᠤᠶᠠᠷ ᠬᠦᠪᠡᠬᠡᠨ᠎ᠤ ᠰᠤᠯᠢᠯᠴᠠᠭ᠎ᠠ ᠬᠠᠮᠳᠤᠷᠠᠯᠴᠠᠭ᠎ᠠ᠎ᠶ᠋ᠢ ᠠᠬᠢᠭᠤᠯᠬᠤ᠂ ᠲᠠᠢᠸᠠᠨ ᠬᠤᠭᠤᠯᠠᠢ᠎ᠶ᠋ᠢᠨ ᠬᠤᠶᠠᠷ ᠬᠦᠪᠡᠬᠡᠨ᠎ᠤ ᠠᠭᠤᠰᠤᠯᠴᠠᠨ ᠬᠦᠭ᠌ᠵᠢᠬᠦ᠌᠎ᠶ᠋ᠢ ᠬᠦᠨᠵᠡᠬᠡᠢᠷᠡᠬᠦᠯᠬᠦ᠂ ᠲᠠᠢᠸᠠᠨ᠎ᠤ ᠠᠬ᠎ᠠ ᠲᠡᠬᠦᠦ ᠨᠠᠷ᠎ᠤᠨ ᠠᠵᠠ ᠵᠢᠷᠭᠠᠯ᠎ᠢ ᠪᠠᠳᠤᠯᠠᠬᠤ ᠪᠠᠢᠭᠤᠯᠤᠯ᠎ᠤᠨ ᠲᠤᠬᠢᠷᠠᠭᠤᠯᠤᠯᠳᠠ ᠪᠠ ᠲᠦᠷᠦ᠎ᠶ᠋ᠢᠨ ᠪᠤᠳᠤᠯᠭ᠎ᠠ ᠠᠷᠭ᠎ᠠ ᠠᠪᠴᠡᠯ᠎ᠢ ᠨᠠᠢᠳᠠᠪᠤᠷᠢᠵᠢᠭᠤᠯᠤᠨ ᠲᠡᠬᠦᠯᠳᠡᠷᠵᠢᠬᠦᠯᠵᠦ᠍᠂ ᠲᠠᠢᠸᠠᠨ ᠬᠤᠭᠤᠯᠠᠢ᠎ᠶ᠋ᠢᠨ ᠬᠤᠶᠠᠷ ᠬᠦᠪᠡᠬᠡᠨ᠎ᠤ ᠬᠠᠷᠢᠴᠠᠭ᠎ᠠ᠎ᠶ᠋ᠢ ᠭᠤᠤᠯᠯᠠᠨ ᠲᠠᠭᠠᠭᠤᠯᠬᠤ ᠡᠷᠬᠡ ᠰᠠᠨᠠᠭᠠᠴᠢᠯᠠᠭᠠᠳᠤ ᠡᠷᠬᠡ᠎ᠶ᠋ᠢ ᠪᠠᠳᠤ ᠡᠵᠡᠮᠱᠢᠬᠦ᠌ ᠬᠡᠷᠡᠭ᠌ᠳᠡᠢ᠃ ᠲᠤᠮᠳᠠᠳᠤ ᠤᠯᠤᠰ᠎ᠤᠨ ᠭᠤᠮᠢᠨᠳᠠᠩ᠎ᠤᠨ ᠬᠤᠪᠢᠰᠭᠠᠯᠳᠤ ᠬᠤᠷᠢᠶ᠎ᠠ᠂ ᠲᠠᠢᠸᠠᠨ᠎ᠤ ᠠᠷᠠᠳᠴᠢᠯᠠᠯ᠎ᠢᠶᠠᠷ ᠦᠪᠡᠷᠳᠡᠭᠡᠨ ᠵᠠᠰᠠᠬᠤ ᠬᠤᠯᠪᠤᠭ᠎ᠠ᠂ ᠲᠤᠮᠳᠠᠳᠤ᠎ᠶ᠋ᠢᠨ ᠪᠦᠬᠦ᠌ ᠤᠯᠤᠰ᠎ᠤᠨ ᠲᠠᠢᠸᠠᠨ᠎ᠤ ᠠᠬ᠎ᠠ ᠲᠡᠬᠦᠤ ᠨᠠᠷ᠎ᠤᠨ ᠨᠦᠬᠦᠷᠯᠡᠯ᠎ᠤᠨ ᠬᠤᠯᠪᠤᠭ᠎ᠠ ᠪᠤᠯ ᠲᠠᠢᠸᠠᠨ ᠬᠤᠭᠤᠯᠠᠢ᠎ᠶ᠋ᠢᠨ ᠬᠤᠶᠠᠷ ᠬᠦᠪᠡᠬᠡᠨ᠎ᠤ ᠬᠠᠷᠢᠴᠠᠭ᠎ᠠ᠎ᠶ᠋ᠢᠨ ᠨᠠᠢᠷᠠᠮᠳᠠᠯ᠎ᠢᠶᠠᠷ ᠬᠦᠭ᠌ᠵᠢᠬᠦ᠌᠎ᠶ᠋ᠢ ᠠᠬᠢᠭᠤᠯᠬᠤ᠂ ᠡᠬᠡ ᠤᠯᠤᠰ᠎ᠢᠶᠠᠨ ᠨᠠᠢᠷᠠᠮᠳᠠᠯ᠎ᠢᠶᠠᠷ ᠨᠢᠬᠡᠳᠭᠡᠬᠦ᠌᠎ᠶ᠋ᠢ ᠠᠬᠢᠭᠤᠯᠬᠤ ᠴᠢᠬᠤᠯᠠ ᠬᠦᠴᠤᠨ ᠮᠦᠨ᠃ ᠬᠡᠱᠢᠬᠦᠳ ᠲᠤᠰ ᠪᠡᠶ᠎ᠠ᠎ᠶ᠋ᠢᠨ ᠲᠠᠪᠠᠭᠤᠯᠢᠬ᠎ᠢᠶᠠᠨ ᠬᠦᠢᠴᠡᠳ ᠪᠠᠳᠠᠷᠠᠭᠤᠯᠤᠨ᠂ ᠲᠠᠢᠸᠠᠨ ᠬᠤᠭᠤᠯᠠᠢ᠎ᠶ᠋ᠢᠨ ᠬᠤᠶᠠᠷ ᠬᠦᠪᠡᠬᠡᠨ᠎ᠤ ᠰᠤᠯᠢᠯᠴᠠᠭ᠎ᠠ ᠬᠠᠮᠳᠤᠷᠠᠯᠴᠠᠭ᠎ᠠ᠎ᠶ᠋ᠢ ᠠᠬᠢᠭᠤᠯᠬᠤ᠂ ᠠᠬ᠎ᠠ ᠲᠡᠬᠦᠦ ᠨᠠᠷ᠎ᠤᠨ ᠠᠵᠠ ᠵᠢᠷᠭᠠᠯ᠎ᠢ ᠨᠡᠮᠡᠭ᠌ᠳᠡᠬᠦᠯᠬᠦ᠌᠎ᠳᠤ ᠠᠱᠢᠬ᠍ᠳᠠᠢ ᠠᠵᠢᠯ᠎ᠢ ᠢᠯᠡᠬᠦᠬᠡᠨ ᠬᠢᠵᠦ᠍᠂ ᠦᠷᠬᠡᠨ ᠤᠯᠠᠨ ᠲᠠᠢᠸᠠᠨ᠎ᠤ ᠠᠬ᠎ᠠ ᠲᠡᠬᠦᠦ ᠨᠠᠷ᠎ᠲᠠᠢ ᠪᠦᠯᠬᠦᠮᠳᠡᠵᠦ᠍ ᠬᠦᠲᠦᠯᠦᠨ ᠲᠠᠭᠠᠭᠤᠯᠵᠦ᠍ ᠴᠠᠬ ᠪᠠ ᠪᠠᠢᠳᠠᠯ᠎ᠢ ᠲᠤᠳᠤᠷᠬᠠᠢ ᠬᠠᠷᠠᠵᠦ᠍᠂ ᠠᠱᠢᠬ ᠪᠠ ᠬᠤᠤᠷ᠎ᠢ ᠲᠤᠳᠤᠷᠬᠠᠢ ᠲᠠᠨᠢᠵᠦ᠍᠂ ᠦᠨᠡᠨ ᠪᠠ ᠬᠤᠳᠠᠯ᠎ᠢ ᠲᠤᠳᠤᠷᠬᠠᠢ ᠢᠯᠭᠠᠵᠦ᠍᠂ ᠦᠨᠳᠦᠰᠦᠳᠡᠨ᠎ᠤ ᠶᠡᠭᠡ ᠵᠢᠷᠤᠮ᠎ᠢ ᠬᠠᠮᠳᠤ᠎ᠪᠠᠷ ᠰᠠᠬᠢᠨ᠂ ᠰᠡᠷᠬᠦᠨ ᠮᠠᠨᠳᠤᠯᠳᠠ᠎ᠶ᠋ᠢᠨ ᠠᠭᠤᠤ ᠦᠢᠯᠡᠰ᠎ᠢ ᠬᠠᠮᠳᠤ᠎ᠪᠠᠷ ᠪᠡᠶᠡᠯᠡᠬᠦᠯᠬᠦ᠌ ᠬᠡᠷᠡᠭ᠌ᠳᠡᠢ ᠬᠡᠵᠦ᠍ ᠵᠢᠭᠠᠵᠦ᠍ ᠭᠠᠷᠭᠠᠪᠠ᠃
      23 ᠎ᠤ ᠦᠳᠡ᠎ᠶ᠋ᠢᠨ ᠡᠮᠦᠨ᠎ᠡ᠂ ᠸᠠᠩ ᠬᠤ᠌ ᠨᠢᠩ ᠪᠡᠶ᠎ᠡ᠎ᠶ᠋ᠢᠨ ᠲᠠᠮᠢᠷ᠎ᠤᠨ ᠡᠲᠡᠭᠡᠳ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠲᠡᠭᠡᠳ᠎ᠤᠨ ᠭᠡᠱᠢᠭᠦᠳ᠎ᠤᠨ ᠬᠠᠮᠳᠤᠷᠠᠬ᠍ᠰᠠᠨ ᠳᠤᠭᠤᠢᠯᠠᠩ᠎ᠤᠨ ᠬᠤᠷᠠᠯ᠎ᠳᠤ ᠣᠷᠣᠯᠴᠠᠪᠠ᠃ ᠴᠧᠨ ᠸᠧᠶ᠂ ᠸᠠᠩ ᠴᠧᠨ᠂ ᠰᠦᠨ ᠲᠢᠶᠧ ᠶᠢᠩ ᠵᠡᠷᠭᠡ ᠭᠡᠱᠢᠭᠦᠳ᠎ᠤᠨ ᠰᠠᠨᠠᠯ ᠰᠠᠨᠠᠭᠤᠯᠭ᠎ᠠ᠎ᠶ᠋ᠢ ᠬᠢᠨᠠᠮᠠᠭᠠᠶ ᠰᠣᠨᠣᠰᠤᠭ᠍ᠰᠠᠨ᠎ᠤ ᠳᠠᠷᠠᠭ᠎ᠠ᠂ ᠸᠠᠩ ᠬᠤ᠌ ᠨᠢᠩ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠡᠭᠦᠰᠦᠭ᠌ᠰᠡᠨ᠎ᠤ ᠳᠠᠷᠠᠭ᠎ᠠ᠂ ᠶᠡᠷᠦᠩᠬᠡᠶ ᠱᠦᠵᠢ ᠰᠢ᠎ᠶ᠋ᠢᠨ ᠫᠢᠩ ᠪᠡᠶ᠎ᠡ᠎ᠪᠠᠷ᠎ᠢᠶᠠᠨ ᠵᠢᠯᠣᠭᠤᠳᠴᠤ᠌᠂ ᠪᠡᠶ᠎ᠡ᠎ᠪᠠᠷ᠎ᠢᠶᠠᠨ ᠪᠠᠢᠷᠢᠯᠠᠭᠤᠯᠵᠤ᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠎ᠶ᠋ᠢ ᠲᠡᠷᠢᠭᠦᠨ ᠪᠠᠢᠷᠢᠨ᠎ᠳᠤ ᠲᠠᠯᠪᠢᠬᠤ᠎ᠶ᠋ᠢ ᠪᠠᠷᠢᠮᠲᠠᠯᠠᠵᠤ᠂ ᠤᠷᠢᠳ ᠬᠤᠵᠢᠳ ᠠᠯᠢ ᠣᠯᠠᠨ ᠴᠢᠬᠤᠯᠠ ᠶᠡᠭᠡ ᠪᠠᠢᠯᠳᠤᠬᠤ ᠪᠣᠳᠣᠯᠭ᠎ᠠ᠎ᠶ᠋ᠢᠨ ᠱᠢᠢᠳᠪᠦᠷᠢᠲᠦ ᠪᠣᠳᠣᠯᠭ᠎ᠠ ᠭᠠᠷᠭᠠᠵᠤ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠤᠳᠤᠷᠢᠳᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠷᠢᠬ᠍ᠯᠠᠯᠳᠠ᠎ᠶ᠋ᠢᠨ ᠳᠠᠢᠯᠠᠯᠳᠤᠭᠠᠨ᠎ᠤ ᠴᠢᠬᠤᠯᠠ ᠶᠡᠭᠡ ᠪᠠᠢᠯᠳᠤᠬᠤ ᠪᠣᠳᠣᠯᠭ᠎ᠠ᠎ᠶ᠋ᠢᠨ ᠥᠷ᠎ᠠ ᠪᠥᠳᠥᠮᠵᠢ᠎ᠶ᠋ᠢ ᠣᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠠᠵᠢᠯ᠎ᠢ ᠨᠢᠭᠡᠳᠦᠯᠲᠡᠶ ᠲᠥᠯᠥᠪᠵᠢᠬᠦᠯᠬᠦ᠌᠎ᠶ᠋ᠢ ᠪᠥᠳᠥᠮᠵᠢᠳᠠᠢ᠎ᠪᠠᠷ ᠠᠬᠢᠭᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠲᠡᠭᠡᠳ᠎ᠤᠨ ᠮᠠᠰᠢ ᠤᠯᠠᠨ ᠨᠥᠬᠦᠳ ᠬᠢᠵᠢᠭ᠎ᠲᠠᠢ ᠲᠡᠮᠡᠴᠡᠬᠦ᠌ ᠨᠢᠭᠡᠳᠦᠭᠡᠷ ᠹᠷᠣᠨᠲ᠎ᠲᠤ ᠣᠷᠣᠯᠴᠠᠵᠤ᠂ ᠬᠢᠵᠢᠭ᠎ᠢ ᠡᠮᠨᠡᠨ ᠵᠠᠰᠠᠬᠤ᠂ ᠬᠢᠵᠢᠭ᠎ᠤᠨ ᠪᠠᠢᠳᠠᠯ ᠳᠡᠯᠭᠡᠷᠡᠬᠦ᠌᠎ᠶ᠋ᠢ ᠰᠡᠷᠭᠡᠢᠯᠡᠬᠦ᠂ ᠸᠠᠺᠼᠢᠨ᠎ᠢ ᠰᠤᠳᠤᠯᠤᠨ ᠨᠡᠭᠡᠭᠡᠬᠦ᠌᠎ᠶ᠋ᠢ ᠲᠦᠷᠭᠡᠳᠭᠡᠬᠦ᠌ ᠵᠡᠷᠭᠡ ᠲᠠᠯ᠎ᠠ᠎ᠪᠠᠷ ᠢᠳᠡᠪᠬᠢᠲᠡᠶ ᠬᠤᠪᠢ ᠨᠡᠮᠡᠷᠢ ᠦᠵᠡᠭᠦᠯᠵᠠᠢ᠃ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠶᠣᠰᠣᠭᠠᠷ᠂ ᠬᠢᠵᠢᠭ᠎ᠢ ᠰᠡᠷᠭᠡᠢᠯᠡᠨ ᠡᠵᠡᠮᠳᠡᠬᠦ᠌ ᠱᠢᠰᠲ᠋ᠧᠮ᠎ᠢ ᠲᠦᠷᠭᠡᠳᠭᠡᠨ ᠥᠭᠡᠷᠡᠴᠢᠯᠡᠨ ᠲᠡᠭᠦᠯᠳᠡᠷᠵᠢᠭᠦᠯᠵᠦ᠍᠂ ᠡᠮᠴᠢᠯᠡᠭᠡ ᠡᠷᠡᠭᠦᠯ ᠮᠡᠨᠳᠦ᠎ᠶ᠋ᠢᠨ ᠵᠠᠩᠭᠢᠯᠠᠭ᠎ᠠ᠎ᠶ᠋ᠢᠨ ᠭᠤᠤᠯ ᠮᠡᠷᠭᠡᠵᠢᠯ᠎ᠤᠨ ᠪᠣᠭᠤᠮᠲᠠ ᠱᠢᠪᠲᠤᠯᠬᠤ᠎ᠶ᠋ᠢ ᠴᠢᠩᠭᠠᠳᠭᠠᠵᠤ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠭᠡᠨᠡᠳᠲᠡ᠎ᠶ᠋ᠢᠨ ᠬᠦᠨᠳᠦ ᠶᠡᠭᠡ ᠬᠡᠷᠡᠭ᠎ᠢ ᠠᠷᠭᠠᠴᠠᠭᠠᠬᠤ ᠴᠢᠳᠠᠪᠤᠷᠢ ᠪᠠ ᠲᠦᠪᠱᠢᠨ᠎ᠢ ᠳᠡᠭᠡᠭ᠌ᠰᠢᠯᠡᠭᠦᠯᠬᠦ᠌ ᠭᠡᠷᠡᠭ᠌ᠳᠠᠢ᠃ ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠨᠠᠢᠳᠠᠪᠤᠷᠢᠵᠢᠭᠤᠯᠵᠤ᠂ ᠪᠡᠶ᠎ᠡ᠎ᠶ᠋ᠢᠨ ᠲᠠᠮᠢᠷ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠬᠦᠷᠢᠶᠡᠨ᠎ᠳᠠᠬᠢ ᠤᠯᠠᠨ ᠲᠦᠮᠡᠨ᠎ᠤ ᠠᠮᠢ ᠪᠡᠶ᠎ᠡ᠎ᠶ᠋ᠢᠨ ᠠᠱᠢᠭ ᠲᠤᠰᠠ᠎ᠳᠤ ᠬᠤᠯᠪᠣᠭ᠍ᠳᠠᠬᠤ ᠠᠰᠠᠭᠤᠳᠠᠯ᠎ᠢ ᠬᠢᠨᠠᠮᠠᠭᠠᠶ ᠱᠢᠢᠳᠪᠦᠷᠢᠯᠡᠬᠦ᠌ ᠬᠡᠷᠡᠭ᠌ᠲᠡᠶ᠃ ᠪᠡᠶ᠎ᠡ᠎ᠶ᠋ᠢᠨ ᠲᠠᠮᠢᠷ᠎ᠤᠨ ᠡᠲᠡᠭᠡᠳ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠲᠡᠭᠡᠳ᠎ᠤᠨ ᠭᠡᠱᠢᠭᠦᠳ ᠠᠷᠠᠳ ᠲᠦᠮᠡᠨ᠎ᠤ ᠡᠷᠡᠭᠦᠯ ᠮᠡᠨᠳᠦ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠂ ᠠᠷᠠᠳ ᠲᠦᠮᠡᠨ᠎ᠤ ᠵᠤᠯ ᠵᠢᠷᠭᠠᠯ᠎ᠤᠨ ᠲᠥᠷᠥᠭ᠌ᠳᠡᠯ᠎ᠢ ᠨᠡᠮᠡᠭ᠌ᠳᠡᠭᠦᠯᠬᠦ᠌ ᠵᠡᠷᠭᠡ ᠲᠠᠯ᠎ᠠ᠎ᠪᠠᠷ᠎ᠬᠢ ᠴᠢᠬᠤᠯᠠ ᠦᠢᠯᠡᠳᠦᠯ᠎ᠢᠶᠠᠨ ᠪᠠᠳᠠᠷᠠᠭᠤᠯᠵᠤ᠂ ᠡᠷᠡᠭᠦᠯ ᠡᠩᠬᠡ ᠳᠤᠮᠳᠠᠳᠤ ᠤᠯᠤᠰ᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ ᠭᠡᠵᠦ᠍ ᠢᠯᠡᠷᠬᠡᠢᠯᠡᠪᠡ᠃
      23 ᠎ᠤ ᠦᠳᠡ᠎ᠶ᠋ᠢᠨ ᠡᠮᠦᠨ᠎ᠡ᠂ ᠵᠤᠤ ᠯᠧ ᠵᠶ᠋ᠢ ᠲᠤᠮᠳᠠᠳᠤ ᠤᠯᠤᠰ᠎ᠤᠨ ᠠᠷᠠᠳᠴᠢᠯᠠᠬ᠍ᠰᠠᠨ ᠬᠤᠯᠪᠣᠭ᠎ᠠ᠂ ᠲᠤᠮᠳᠠᠳᠤ ᠤᠯᠤᠰ᠎ᠤᠨ ᡁᠢᠬᠦ᠋ᠩᠳᠠᠩ ᠨᠠᠮ᠂ ᠬᠠᠷᠢᠶᠠᠲᠤ ᠨᠠᠷ᠎ᠤᠨ ᠬᠤᠯᠪᠣᠭ᠎ᠠ᠎ᠶ᠋ᠢᠨ ᠭᠡᠱᠢᠭᠦᠳ᠎ᠤᠨ ᠬᠠᠮᠳᠤᠷᠠᠬ᠍ᠰᠠᠨ ᠳᠤᠭᠤᠢᠯᠠᠩ᠎ᠤᠨ ᠬᠤᠷᠠᠯ᠎ᠳᠤ ᠣᠷᠣᠯᠴᠠᠪᠠ᠃ ᠶᠠᠩ ᠶᠦᠨ ᠶᠠᠨ᠂ ᠶᠠᠨ ᠱᠢᠶᠣᠤ ᠫᠧᠶ᠂ ᠱᠣᠣ ᠱᠢᠤᠢ ᠵᠢᠶᠦ᠋ᠨ ᠵᠡᠷᠭᠡ ᠭᠡᠱᠢᠭᠦᠳ᠎ᠤᠨ ᠦᠭᠡ ᠭᠡᠯᠡᠭᠦ᠎ᠶ᠋ᠢ ᠨᠠᠷᠢᠨ ᠬᠢᠨᠠᠮᠠᠭᠠᠶ ᠰᠣᠨᠣᠰᠤᠭ᠍ᠰᠠᠨ᠎ᠤ ᠳᠠᠷᠠᠭ᠎ᠠ᠂ ᠵᠤᠤ ᠯᠧ ᠵᠢᠶ᠂ ᠥᠩᠭᠡᠷᠡᠭ᠌ᠰᠡᠨ ᠨᠢᠬᠡ ᠵᠢᠯ ᠭᠠᠷᠤᠶ᠎ᠶ᠋ᠢᠨ ᠲᠤᠷᠰᠢ᠂ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠬᠡᠱᠢᠬᠦᠳ ᠰᠢ᠎ᠶ᠋ᠢᠨ ᠫᠢᠩ ᠨᠥᠬᠦᠷ᠎ᠢᠶᠠᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ ᠪᠣᠯᠤᠨ ᠤᠯᠤᠰ᠎ᠤᠨ ᠭᠤᠤᠯ ᠡᠭᠦᠷᠭᠡ᠎ᠲᠠᠢ ᠨᠢᠭ᠍ᠲᠠ ᠤᠶᠠᠯᠳᠤᠭᠤᠯᠤᠨ ᠡᠭᠦᠷᠭᠡ ᠬᠠᠷᠢᠭᠤᠴᠠᠯᠭ᠎ᠠ᠎ᠪᠠᠨ ᠭᠦᠶᠴᠡᠳᠭᠡᠵᠡᠶ᠃ ᠡᠯ᠎ᠡ ᠲᠠᠯ᠎ᠠ᠎ᠶ᠋ᠢᠨ ᠠᠵᠢᠯ ᠱᠢᠨ᠎ᠡ ᠠᠬᠢᠴᠠ᠂ ᠱᠢᠨ᠎ᠡ ᠠᠮᠵᠢᠯᠲᠠ ᠪᠦᠲᠦᠮᠵᠢ ᠣᠯᠵᠤ᠂ ᠤᠯᠤᠰ ᠲᠦᠷᠦ᠎ᠶ᠋ᠢᠨ ᠵᠥᠪᠯᠡᠯᠭᠡᠨ᠎ᠤ ᠥᠷᠭᠡᠨ ᠤᠯᠠᠨ ᠭᠡᠱᠢᠭᠦᠳ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠱᠢᠢᠳᠪᠦᠷᠢᠲᠦ ᠲᠠᠢᠯᠠᠯᠳᠤᠭᠠᠨ ᠬᠢᠵᠦ᠍ ᠱᠢᠢᠳᠪᠦᠷᠢᠳᠤ ᠢᠯᠠᠯᠲᠠ ᠤᠯᠬᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠌ ᠵᠡᠷᠭᠡ ᠴᠢᠬᠤᠯᠠ ᠶᠡᠭᠡ ᠡᠭᠦᠷᠭᠡ᠎ᠶ᠋ᠢᠨ ᠳᠤᠮᠳᠠ ᠴᠢᠬᠤᠯᠠ ᠦᠶᠯᠡᠳᠦᠯ᠎ᠢᠶᠠᠨ ᠪᠠᠳᠠᠷᠠᠭᠤᠯᠪᠠ᠃ ᠣᠳᠣᠬᠠᠨ᠎ᠳᠤ ᠪᠠᠢᠳᠠᠯ ᠡᠭᠡᠳᠡᠷᠡᠭᠡᠨ ᠪᠤᠳᠤᠯᠢᠶᠠᠨᠲᠠᠶ ᠬᠤᠪᠢᠷᠠᠯᠲᠠ ᠶᠡᠬᠡᠲᠡᠶ ᠪᠠᠢᠬᠤ ᠪᠦᠭᠡᠤᠨ ᠬᠢᠵᠢᠭ᠎ᠤᠨ ᠪᠠᠢᠳᠠᠯ᠎ᠤᠨ ᠨᠥᠯᠥᠭᠡ᠎ᠠᠴᠠ ᠪᠣᠯᠵᠤ᠂ ᠡᠨᠡ ᠵᠢᠯ᠎ᠤᠨ ᠠᠵᠢᠯ᠎ᠤᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠤ ᠮᠠᠰᠢ ᠣᠯᠠᠨ ᠬᠦᠴᠢᠷᠳᠠᠯ ᠪᠠ ᠥᠷᠢᠰᠥᠯᠳᠥᠭᠡᠨ ᠲᠤᠯᠭᠠᠷᠠᠵᠤ ᠪᠠᠢᠨ᠎ᠠ ᠬᠡᠵᠦ᠍ ᠬᠡᠯᠡᠪᠡ᠃ ᠭᠡᠱᠢᠭᠦᠳ ᠬᠡᠬᠦᠳᠡᠭ ᠴᠡᠭᠡᠵᠢᠨ᠎ᠳᠡᠭᠡᠨ ᠶᠡᠭᠡ ᠲᠠᠯ᠎ᠠ᠎ᠶ᠋ᠢ ᠪᠠᠭ᠍ᠲᠠᠭᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠭᠤᠢᠪᠢᠰᠢ ᠦᠭᠡᠶ ᠪᠠᠷᠢᠮᠲᠠᠯᠠᠵᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠦᠷᠭᠦᠯᠵᠢᠯᠡᠨ ᠰᠤᠷᠤᠯᠴᠠᠨ ᠨᠡᠪᠲᠡᠷᠡᠲᠡᠯ᠎ᠡ ᠣᠢᠯᠠᠭᠠᠨ ᠪᠣᠳᠠᠲᠠᠢᠵᠢᠭᠤᠯᠵᠥ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠬᠦᠯᠥᠨ ᠠᠬᠢᠭᠤᠯᠬᠤ᠂ 《ᠵᠢᠷᠭᠤᠭ᠎ᠠ᠎ᠶ᠋ᠢ ᠲᠤᠬ᠍ᠳᠠᠪᠤᠷᠢᠵᠢᠭᠤᠯᠬᠤ》 ᠠᠵᠢᠯ᠎ᠢ ᠰᠠᠢᠲᠤᠷ ᠬᠢᠬᠦ᠂ 《ᠵᠢᠷᠭᠤᠭ᠎ᠠ᠎ᠶ᠋ᠢ ᠪᠠᠲᠤᠯᠠᠬᠤ》 ᠡᠭᠦᠷᠭᠡ᠎ᠶ᠋ᠢ ᠨᠠᠢᠳᠠᠪᠤᠷᠢᠵᠢᠭᠤᠯᠬᠤ ᠵᠡᠷᠭᠡ ᠴᠢᠬᠤᠯᠠ ᠶᠡᠭᠡ  ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢᠨ ᠲᠤᠭᠤᠷᠢᠨ᠎ᠳᠤ ᠠᠷᠭ᠎ᠠ ᠤᠬᠠᠭᠠᠨ ᠭᠠᠷᠭᠠᠵᠦ᠍ ᠵᠠᠰᠠᠭ᠎ᠲᠤ ᠲᠤᠰᠠᠯᠠᠨ᠂ ᠠᠷᠭ᠎ᠠ ᠪᠣᠳᠣᠯᠭ᠎ᠠ ᠲᠡᠪᠱᠢᠬᠦᠯᠵᠦ᠍᠂ 《ᠳᠥᠷᠪᠡᠨ ᠤᠬᠠᠮᠰᠠᠷ》 ᠎ᠢᠶᠠᠨ ᠴᠢᠩᠭᠠᠳᠭᠠᠵᠤ᠂ 《ᠳᠥᠷᠪᠡᠨ ᠢᠲᠡᠭᠡᠯ》 ᠎ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠭᠦ᠎ᠶ᠋ᠢ ᠦᠢᠯᠡ ᠠᠵᠢᠯᠯᠠᠭ᠎ᠠ ᠳᠡᠭᠡᠷ᠎ᠡ᠎ᠪᠠᠨ ᠨᠠᠢᠳᠠᠪᠤᠷᠢᠵᠢᠭᠤᠯᠬᠤ ᠬᠡᠷᠡᠭ᠌ᠲᠡᠶ; ᠦᠵᠡᠯ ᠰᠠᠨᠠᠭ᠎ᠠ ᠤᠯᠤᠰ ᠲᠥᠷᠥ᠎ᠶ᠋ᠢᠨ ᠵᠢᠯᠣᠭᠤᠳᠤᠯᠭ᠎ᠠ᠎ᠪᠠᠨ ᠦᠨᠡᠨ ᠬᠦ᠌ ᠴᠢᠩᠭᠠᠳᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠣᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠥᠷᠥ᠎ᠶ᠋ᠢᠨ ᠵᠥᠪᠯᠡᠯᠭᠡ ᠬᠢᠬᠦ᠌ ᠪᠠᠢᠭᠤᠯᠤᠯ᠎ᠤᠨ ᠳᠠᠪᠠᠭᠤᠯᠢᠭ᠂ ᠪᠦᠲᠦᠮᠵᠢᠲᠡᠶ  ᠦᠢᠯᠡᠳᠦᠯᠭᠡ᠎ᠶ᠋ᠢ ᠭᠦᠨᠵᠡᠭᠡᠶ ᠤᠬᠠᠭᠤᠯᠵᠤ᠂ ᠤᠯᠤᠰ ᠲᠥᠷᠥ᠎ᠶ᠋ᠢᠨ ᠵᠥᠪᠯᠡᠯᠭᠡᠨ᠎ᠤ ᠬᠡᠱᠢᠬᠦᠳ ᠡᠯ᠎ᠠ ᠡᠲᠡᠭᠡᠳ᠎ᠤᠨ ᠣᠯᠠᠨ ᠲᠦᠮᠡᠨ᠎ᠤ ᠳᠤᠮᠳᠠ ᠤᠷᠢᠬᠠᠨ ᠰᠠᠯᠬᠢ ᠥᠭ᠌ᠭᠢᠶᠡᠮᠥᠷ ᠬᠤᠷ᠎ᠠ᠎ᠶ᠋ᠢᠨ ᠠᠵᠢᠯᠯᠠᠭ᠎ᠠ ᠪᠠ ᠰᠡᠵᠢᠭ ᠲᠥᠭᠡᠷᠢᠭ᠌ᠳᠡᠯ᠎ᠢ ᠲᠠᠢᠯᠬᠤ ᠠᠵᠢᠯ᠎ᠢ ᠢᠯᠡᠭᠦᠬᠡᠨ ᠬᠢᠵᠦ᠍᠂ ᠬᠠᠮᠲᠤ᠎ᠶ᠋ᠢᠨ ᠲᠠᠨᠢᠯᠲᠠ᠎ᠪᠠᠨ ᠥᠷᠭᠡᠨ ᠲᠡᠯᠭᠡᠷ ᠨᠢᠭ᠍ᠲᠠᠷᠠᠭᠤᠯᠬᠤ ᠭᠡᠷᠡᠭ᠌ᠳᠠᠢ; ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠦᠷᠭᠦᠯᠵᠢᠯᠡᠨ ᠬᠠᠯᠠᠮᠵᠢᠯᠠᠨ ᠳᠡᠮᠵᠢᠵᠦ᠍᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠪᠣᠳᠠᠲᠠᠶ ᠥᠷᠨᠢᠭᠦᠯᠵᠦ᠍᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠶ᠋ᠢᠨ ᠲᠤᠰ ᠪᠡᠶ᠎ᠡ᠎ᠶ᠋ᠢᠨ ᠪᠠᠢᠭᠤᠯᠤᠯᠲᠠ᠂ ᠲᠤᠰ ᠪᠡᠶ᠎ᠡ᠎ᠶ᠋ᠢᠨ ᠬᠢᠨᠠᠯᠲᠠ ᠲᠠᠯᠪᠢᠬᠤ᠎ᠳᠤ ᠰᠠᠨᠠᠯ ᠰᠠᠨᠠᠭᠤᠯᠭ᠎ᠠ ᠳᠤᠷᠠᠳᠴᠤ᠌᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠦᠨ ᠬᠥᠭ᠌ᠵᠢᠭᠦᠯᠬᠦ᠌᠎ᠳᠤ ᠬᠦᠴᠦᠨ ᠴᠢᠳᠠᠯ᠎ᠢᠶᠠᠨ ᠡᠷᠭᠦᠬᠦ᠌ ᠭᠡᠷᠡᠭ᠌ᠳᠠᠢ ᠬᠡᠵᠥ᠍ ᠬᠥᠰᠡᠭ᠌ᠰᠡᠨ ᠪᠠᠢᠨ᠎ᠠ᠃
      23 ᠎ᠤ ᠦᠳᠡ᠎ᠶ᠋ᠢᠨ ᠡᠮᠦᠨ᠎ᠡ᠂ ᠬᠠᠨ ᠵᠧᠩ ᠱᠢᠶᠠᠩᠭᠠᠩ ᠣᠣᠮᠧᠨ᠎ᠤ ᠤᠨᠴᠠᠭᠠᠢ ᠵᠠᠰᠠᠬ ᠵᠠᠬᠢᠷᠭᠠᠨ᠎ᠤ ᠣᠷᠣᠨ᠎ᠤ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠳ᠎ᠤᠨ ᠬᠠᠮᠳᠤᠷᠠᠬ᠍ᠰᠠᠨ ᠳᠤᠭᠤᠢᠯᠠᠩ᠎ᠤᠨ ᠬᠤᠷᠠᠯ᠎ᠳᠤ ᠣᠷᠣᠯᠴᠠᠪᠠ᠃ ᠯᠢᠨ ᠵᠢᠶᠠᠨ ᠶᠤᠸᠠᠢ᠂ ᠱᠢᠤᠢ ᠵᠢᠶᠠᠨ ᠺᠠᠩ᠂ ᠯᠢᠨ ᠱᠤ᠌ ᠢ ᠵᠡᠷᠭᠡ ᠭᠡᠱᠢᠭᠦᠳ᠎ᠤᠨ ᠦᠭᠡ ᠭᠡᠯᠡᠭᠦ᠎ᠶ᠋ᠢ ᠨᠠᠷᠢᠨ ᠬᠢᠨᠠᠮᠠᠭᠠᠶ ᠰᠣᠨᠣᠰᠤᠭ᠍ᠰᠠᠨ᠎ᠤ ᠳᠠᠷᠠᠭ᠎ᠠ᠂ ᠬᠠᠨ ᠵᠧᠩ᠂ ᠱᠢᠶᠠᠩᠭᠠᠩ᠂ ᠣᠣᠮᠧᠨ ᠡᠬᠡ ᠣᠯᠤᠰ᠎ᠲᠠᠭᠠᠨ ᠪᠤᠴᠠᠵᠤ ᠢᠷᠡᠭ᠌ᠰᠡᠨ᠎ᠠᠴᠠ ᠨᠠᠭᠠᠰᠢ᠂ 《ᠨᠢᠬᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠬᠦᠯᠬᠦ᠌》  ᠦᠢᠯᠡᠳᠦᠯᠭᠡ ᠳᠡᠯᠡᠬᠡᠶ ᠳ᠋ᠠᠬᠢᠨ᠎ᠳᠤ ᠮᠡᠳᠡᠷᠡᠭ᠌ᠳᠡᠭ᠌ᠰᠡᠨ ᠠᠮᠵᠢᠯᠲᠠ ᠪᠦᠲᠦᠮᠵᠢ ᠣᠯᠵᠠᠶ᠃ 《ᠨᠢᠬᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠬᠦᠯᠬᠦ᠌》 ᠎ᠨᠢ ᠤᠯᠤᠰ ᠪᠠ ᠦᠨᠳᠦᠰᠦᠲᠡᠨ᠎ᠤ ᠦᠨᠳᠦᠰᠦᠨ ᠠᠱᠢᠭ ᠲᠤᠰᠠ᠎ᠲᠠᠢ ᠨᠡᠢᠴᠡᠵᠦ᠍᠂ ᠱᠢᠶᠠᠩᠭᠠᠩ ᠣᠣᠮᠧᠨ᠎ᠤ ᠪᠦᠬᠦᠯᠢ ᠴᠣᠭ᠍ᠴᠠ ᠪᠠ ᠠᠯᠤᠰ ᠬᠡᠲᠦ᠎ᠶ᠋ᠢᠨ ᠠᠱᠢᠭ ᠲᠤᠰᠠ᠎ᠲᠠᠢ ᠨᠡᠢᠴᠡᠵᠦ᠍᠂ ᠪᠦᠷᠢᠮᠦᠰᠦᠨ ᠭᠡᠷᠡᠭ᠌ᠵᠢᠬᠦᠯᠦᠭ᠌ᠳᠡᠨ ᠪᠡᠶᠡᠯᠡᠭ᠌ᠳᠡᠵᠤ᠂ ᠬᠥᠮᠦᠨ᠎ᠤ ᠰᠡᠳᠭᠢᠯ᠎ᠢ ᠤᠯᠤᠬ᠍ᠰᠠᠨ ᠭᠡᠳᠡᠭ᠎ᠢ ᠦᠢᠯᠡᠳᠦᠯᠬᠡ ᠬᠡᠷᠡᠴᠢᠯᠡᠵᠡᠢ᠃ ᠲᠥᠪ᠎ᠤᠨ 《ᠨᠢᠬᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠬᠦᠯᠬᠦ᠌》 ᠎ᠶ᠋ᠢ ᠬᠠᠮᠠᠭᠠᠯᠠᠬᠤ ᠡᠷᠡᠰ ᠵᠣᠷᠢᠭ ᠪᠠ ᠢᠲᠡᠭᠡᠯ ᠵᠤᠷᠢᠬ ᠢᠮᠠᠭ᠍ᠲᠠ ᠭᠤᠢᠪᠢᠰᠢ ᠦᠭᠡᠢ᠂ ᠱᠢᠶᠠᠩᠭᠠᠩ᠂ ᠣᠣᠮᠧᠨ᠎ᠤ ᠴᠡᠴᠡᠭ᠌ᠯᠡᠯᠳᠠ ᠭᠥᠭ᠌ᠵᠢᠯᠳᠠ ᠲᠣᠭ᠍ᠲᠠᠭᠤᠨ᠎ᠤ ᠪᠠᠢᠳᠠᠯ ᠪᠠ ᠱᠢᠶᠠᠩᠭᠠᠩ ᠣᠣᠮᠧᠨ᠎ᠤ ᠠᠬ᠎ᠠ ᠳᠡᠭᠦᠤ ᠨᠡᠷ᠎ᠤᠨ ᠠᠵᠠ ᠵᠢᠷᠭᠠᠯ᠎ᠤᠨ ᠲᠥᠷᠥᠭ᠌ᠳᠡᠯ᠎ᠢ ᠬᠠᠮᠤᠭ᠎ᠤᠨ ᠶᠡᠭᠡ᠎ᠪᠠᠷ ᠬᠠᠯᠠᠮᠵᠢᠯᠠᠨ᠎ᠠ᠃ ᠤᠯᠤᠰ᠎ᠤᠨ ᠳᠡᠰ ᠳᠠᠪᠬᠤᠷᠭ᠎ᠠ᠎ᠠᠴᠠ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ ᠲᠦᠷᠢᠮ ᠪᠣᠯᠤᠨ ᠬᠡᠷᠡᠭ᠌ᠵᠢᠭᠦᠯᠬᠦ᠌ ᠲᠣᠭ᠍ᠲᠠᠴᠠ᠎ᠶ᠋ᠢ ᠪᠠᠢᠭᠤᠯᠤᠨ ᠪᠥᠷᠢᠨᠱᠢᠬᠦᠯᠬᠦ᠌ ᠪᠤᠯ ᠲᠥᠪ᠎ᠠᠴᠠ ᠱᠢᠶᠠᠩᠭᠠᠩ᠎ᠤᠨ ᠪᠠᠢᠳᠠᠯ᠎ᠳᠤ ᠰᠠᠭᠤᠷᠢᠯᠠᠵᠤ ᠭᠠᠷᠭᠠᠭ᠍ᠰᠠᠨ ᠪᠣᠯᠭᠤᠮᠵᠢᠲᠠᠶ ᠱᠢᠢᠳᠪᠦᠷᠢᠲᠦ ᠪᠤᠳᠤᠯᠭ᠎ᠠ ᠮᠥᠨ᠂ ᠲᠡᠷᠡ᠎ᠨᠢ ᠤᠯᠤᠰ᠎ᠢ ᠬᠠᠭᠠᠴᠠᠭᠤᠯᠬᠤ᠂ ᠲᠦᠷᠦ᠎ᠶ᠋ᠢᠨ ᠡᠷᠬᠡ᠎ᠶ᠋ᠢ ᠨᠤᠷᠠᠭᠠᠬᠤ᠂ ᠰᠦᠷᠳᠡᠭᠦᠯᠦᠯ᠎ᠤᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌ ᠵᠡᠷᠭᠡ ᠤᠯᠤᠰ᠎ᠤᠨ ᠠᠮᠤᠷ ᠲᠦᠪᠱᠢᠨ᠎ᠳᠤ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠬᠤ ᠦᠢᠯᠡ ᠠᠵᠢᠯᠯᠠᠭ᠎ᠠ ᠵᠢᠴᠢ ᠭᠠᠳᠠᠭᠠᠳᠤ᠎ᠶ᠋ᠢᠨ ᠬᠦᠴᠦᠨ᠎ᠤ ᠱᠢᠶᠠᠩᠭᠠᠩ᠎ᠤᠨ ᠬᠡᠷᠡᠭ ᠶᠠᠪᠤᠳᠠᠯ᠎ᠳᠤ ᠭᠠᠷ ᠲᠦᠷᠦᠭᠦ᠎ᠳᠤ ᠴᠢᠭ᠌ᠯᠡᠭᠦᠯᠦᠭ᠌ᠰᠡᠨ ᠶᠤᠮ᠃ 《ᠱᠢᠶᠠᠩᠭᠠᠩ᠎ᠢ ᠲᠤᠰᠠᠭᠠᠷ ᠲᠣᠭ᠍ᠲᠠᠨᠢᠭᠤᠯᠬᠤ》᠂ 《ᠬᠠᠷ᠎ᠠ ᠪᠥᠯᠥᠭ᠌ᠳᠡᠨ ᠬᠠᠷᠬᠢᠰ ᠬᠥᠴᠥᠨ》 ᠵᠡᠷᠭᠡ ᠲᠦᠢᠯ᠎ᠤᠨ ᠴᠥᠭᠡᠨ ᠲᠣᠭᠠᠨ᠎ᠤ ᠬᠥᠮᠦᠰ᠎ᠢ ᠬᠠᠤᠯᠢ ᠶᠣᠰᠣᠭᠠᠷ ᠵᠠᠯᠬᠠᠭᠠᠨ ᠱᠢᠢᠳᠭᠡᠬᠦ᠌᠎ᠨᠢ ᠭᠠᠳᠠᠭᠠᠳᠤ᠎ᠶ᠋ᠢᠨ ᠭᠠᠷ ᠲᠦᠷᠦᠭᠦ᠎ᠶ᠋ᠢ ᠡᠷᠡᠰ ᠡᠰᠡᠷᠭᠦᠴᠡᠵᠦ᠍᠂ ᠱᠢᠶᠠᠩᠭᠠᠩ᠎ᠤᠨ ᠵᠣᠩᠬᠢᠯᠠᠬᠤ ᠤᠯᠠᠨ ᠲᠣᠭᠠᠨ᠎ᠤ ᠬᠤᠳᠠ᠎ᠶ᠋ᠢᠨ ᠠᠷᠠᠳ᠎ᠤᠨ ᠬᠠᠤᠯᠢ ᠶᠣᠰᠣᠨ᠎ᠤ ᠡᠷᠬᠡ ᠠᠱᠢᠭ ᠪᠠ ᠲᠤᠰ ᠪᠡᠶ᠎ᠡ᠎ᠶ᠋ᠢᠨ ᠠᠱᠢᠭ ᠲᠤᠰᠠ᠎ᠶ᠋ᠢ ᠬᠠᠮᠠᠭᠠᠯᠠᠵᠤ᠂ ᠱᠢᠶᠠᠩᠭᠠᠩ᠎ᠤᠨ ᠥᠨᠢ ᠤᠳᠠᠭᠠᠨ ᠠᠮᠤᠷ ᠲᠦᠪᠱᠢᠨ ᠪᠠᠢᠬᠤ ᠪᠠ ᠴᠡᠴᠡᠭ᠌ᠯᠡᠯᠳᠠ ᠬᠥᠭ᠌ᠵᠢᠯᠳᠠ᠎ᠲᠠᠢ ᠲᠣᠭ᠍ᠲᠠᠭᠤᠨ ᠪᠠᠢᠬᠤ᠎ᠶ᠋ᠢ ᠪᠠᠲᠤᠯᠠᠬᠤ᠎ᠶ᠋ᠢᠨ ᠲᠥᠯᠥᠭᠡ ᠶᠤᠮ ᠬᠡᠵᠤ ᠢᠯᠡᠷᠬᠡᠢᠯᠡᠪᠡ᠃ ᠬᠠᠨ ᠵᠧᠩ ᠱᠢᠶᠠᠩᠭᠠᠩ ᠣᠣᠮᠧᠨ᠎ᠤ ᠤᠨᠴᠠᠭᠠᠢ ᠵᠠᠰᠠᠬ ᠵᠠᠬᠢᠷᠭᠠᠨ᠎ᠤ ᠣᠷᠣᠨ᠎ᠤ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠳ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠪᠠᠢᠳᠠᠯ᠎ᠢ ᠭᠦᠶᠴᠡᠳ ᠨᠤᠲᠠᠯᠠᠵᠤ᠂ ᠭᠡᠱᠢᠭᠦᠳ᠎ᠢ ᠡᠭᠦᠷᠭᠡ ᠲᠤᠱᠢᠶᠠᠯ᠎ᠢᠶᠠᠨ ᠬᠢᠴᠢᠶᠡᠩᠭᠦ᠋ᠢᠯᠡᠨ  ᠭᠦᠢᠴᠡᠳᠭᠡᠵᠦ᠍᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠯᠪᠣᠭ᠍ᠳᠠᠯ ᠪᠦᠬᠦᠢ ᠲᠣᠭ᠍ᠲᠠᠭᠠᠯ᠎ᠢ ᠢᠳᠡᠪᠬᠢᠲᠡᠶ ᠤᠬᠠᠭᠤᠯᠤᠨ ᠲᠠᠢᠯᠪᠤᠷᠢᠯᠠᠵᠤ᠂ ᠵᠠᠰᠠᠭ ᠵᠠᠬᠢᠷᠭᠠᠨ᠎ᠤ ᠳᠠᠷᠤᠭ᠎ᠠ ᠪᠣᠯᠤᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ᠎ᠤᠨ ᠣᠷᠳᠣᠨ᠎ᠤ ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠡᠷᠡᠰ ᠳᠠᠮᠵᠢᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ᠎ᠶ᠋ᠢ ᠬᠦᠭ᠌ᠵᠢᠬᠦᠯᠬᠦ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠠᠵᠢᠯ᠎ᠢ ᠰᠠᠢᠲᠤᠷ ᠬᠢᠵᠦ᠍᠂ 《ᠨᠢᠬᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠬᠦᠯᠬᠦ᠌》 ᠎ᠤᠨ ᠠᠮᠵᠢᠯᠲᠠ᠎ᠲᠠᠢ ᠦᠶᠯᠡᠳᠦᠯᠭᠡ᠎ᠶ᠋ᠢᠨ ᠦᠷᠭᠦᠯᠵᠢᠯᠡᠨ ᠵᠥᠪ ᠵᠠᠮ᠎ᠢᠶᠠᠷ ᠯᠠᠪᠳᠠᠭᠤᠨ᠎ᠢᠶᠠᠷ ᠤᠷᠳᠤ ᠤᠳᠠᠭᠠᠨ ᠬᠡᠷᠡᠭ᠌ᠵᠢᠬᠦᠯᠦᠭ᠌ᠳᠡᠬᠦ᠌᠎ᠳᠤ ᠨᠡᠩ ᠶᠡᠭᠡ ᠬᠤᠪᠢ ᠨᠡᠮᠡᠷᠢ᠎ᠪᠠᠨ ᠦᠵᠡᠭᠦᠯᠬᠦ᠌᠎ᠶ᠋ᠢ ᠬᠦᠰᠡᠵᠡᠢ᠃
      ᠶᠢᠤ ᠴᠢᠤᠸᠠᠨ ᠨᠡᠷ ᠲᠤᠭᠤᠢ᠍ᠢᠯᠠᠩ ᠬᠤᠪᠢᠶᠠᠨ ᠶᠠᠷᠢᠯᠴᠠᠬᠤ᠎ᠳᠤ ᠤᠷᠤᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠱᠢᠨᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号