ᠬᠦᠨ ᠵᠤᠵᠠᠭᠠᠨ ᠬᠠᠢᠷ᠎ᠠ ᠬᠠᠯᠠᠮᠵᠢ᠎ᠶ᠋ᠢ ᠤᠷᠤᠭ᠍ᠰᠢᠯᠠᠯᠳᠠ᠎ᠶ᠋ᠢᠨ ᠬᠦᠳᠡᠯᠬᠡᠬᠦ᠌ ᠬᠦᠴᠦᠨ ᠪᠤᠯᠭᠠᠰᠤᠭᠠᠢ
2020-05-24 11:59:14
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

      — ᠶᠡᠷᠤᠩᠬᠡᠢ ᠱᠦᠵᠢ ᠰᠢ᠎ᠶ᠋ᠢᠨ ᠫᠢᠩ᠎ᠤᠨ ᠦᠪᠤᠷ ᠮᠤᠩᠭᠤᠯ᠎ᠤᠨ ᠲᠦᠯᠥᠬᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠡᠨ ᠲᠤᠭᠤᠱᠢᠯᠠᠭᠤᠯᠵᠤ ᠨᠠᠢᠳᠠᠪᠤᠷᠢᠵᠢᠭᠤᠯᠬᠤ ᠲᠤᠬᠠᠢ ᠨᠢᠬᠡᠨᠳᠡ ᠦᠬᠦᠯᠡᠬᠦ᠌᠎ᠨᠢ
      5 ᠰᠠᠷ᠎ᠠ᠎ᠶ᠋ᠢᠨ 22 ᠎ᠤᠨ ᠦᠳᠡ᠎ᠶ᠋ᠢᠨ ᠬᠤᠢᠨ᠎ᠡ᠂ ᠶᠡᠷᠤᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠭᠤᠷᠪᠠᠳᠤᠭᠠᠷ ᠬᠤᠷᠠᠯ᠎ᠤᠨ ᠦᠪᠤᠷ ᠮᠤᠩᠭᠤᠯ᠎ᠤᠨ ᠲᠦᠯᠥᠬᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬ᠍ᠰᠠᠠ ᠪᠦᠬᠡᠳ ᠴᠢᠬᠤᠯᠠ ᠶᠠᠷᠢᠶ᠎ᠠ ᠲᠠᠯᠪᠢᠪᠠ᠃ ᠡᠨᠡ ᠪᠤᠯ ᠶᠡᠷᠤᠩᠬᠡᠢ ᠱᠦᠵᠢ ᠰᠢ᠎ᠶ᠋ᠢᠨ ᠫᠢᠩ ᠭᠤᠷᠪᠠᠳᠠᠬᠢ ᠤᠳᠠᠭ᠎ᠠ ᠦᠪᠤᠷ ᠮᠤᠩᠭᠤᠯ᠎ᠤᠨ ᠲᠦᠯᠥᠬᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠵᠥ᠍᠂ ᠦᠪᠤᠷ ᠮᠤᠩᠭᠤᠯ᠎ᠤᠨ ᠠᠵᠥ᠍ ᠠᠬᠤᠢ ᠨᠡᠢᠬᠡᠮ᠎ᠤᠨ ᠬᠦᠭ᠌ᠵᠢᠯᠳᠡ᠎ᠳᠤ ᠬᠦᠴᠦᠨ ᠨᠡᠮᠡᠷᠢᠯᠡᠵᠤ ᠠᠷᠭ᠎ᠠ ᠤᠬᠠᠭᠠᠨ ᠭᠠᠷᠭᠠᠨ ᠥᠭ᠌ᠴᠦ ᠪᠠᠢᠭ᠎ᠠ ᠶᠤᠮ᠃ ᠶᠡᠷᠤᠩᠬᠡᠢ ᠱᠦᠵᠢ᠎ᠶ᠋ᠢᠨ ᠬᠦᠨ ᠵᠤᠵᠠᠭᠠᠨ ᠬᠠᠢᠷ᠎ᠠ ᠬᠠᠯᠠᠮᠵᠢ᠎ᠨᠢ ᠪᠦᠬᠦ᠌ ᠤᠷᠤᠨ᠎ᠤ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠴᠤᠴᠠᠯᠳᠠ ᠦᠬᠡᠢ ᠤᠷᠤᠭ᠍ᠰᠢᠯᠠᠬᠤ ᠲᠡᠮᠡᠴᠡᠯ᠎ᠤᠨ ᠤᠷᠬᠢᠯᠤᠮ᠎ᠠ ᠰᠡᠳᠭᠢᠯᠬᠡ᠎ᠶ᠋ᠢ ᠲᠠᠬᠢᠨᠳᠠ ᠬᠦᠭ᠌ᠵᠢᠬᠡᠪᠠ᠃
      ᠴᠠᠭ ᠮᠦᠴᠠ᠎ᠶ᠋ᠢᠨ ᠦᠩᠬᠡᠷᠡᠬᠦ᠌᠎ᠨᠢ ᠤᠷᠤᠰᠭᠠᠯ ᠤᠰᠤᠨ ᠮᠡᠳᠤ ᠲᠦᠷᠬᠡᠨ ᠪᠤᠯᠪᠠᠴᠦ᠍ ᠬᠦᠨ ᠵᠤᠵᠠᠭᠠᠨ ᠬᠠᠢᠷ᠎ᠠ ᠬᠠᠯᠠᠮᠵᠢ ᠶᠡᠷᠤ᠎ᠨᠢ ᠬᠤᠪᠢᠷᠠᠬ᠍ᠰᠠᠠ ᠦᠬᠡᠢ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠡᠯ᠎ᠠᠴᠠ ᠨᠠᠭᠠᠰᠢ᠂ ᠶᠡᠷᠤᠩᠬᠡᠢ ᠱᠦᠵᠢ ᠰᠢ᠎ᠶ᠋ᠢᠨ ᠫᠢᠩ ᠦᠪᠤᠷ ᠮᠤᠩᠭᠤᠯ᠎ᠤᠨ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠢ ᠢᠮᠠᠬ᠍ᠳᠠ ᠰᠡᠳᠭᠢᠯ᠎ᠳᠡᠭᠡᠨ ᠪᠤᠳᠤᠵᠥ᠍᠂ ᠦᠪᠡᠷᠳᠡᠭᠡᠨ ᠵᠠᠰᠠᠬᠤ ᠤᠷᠤᠨ᠎ᠤ ᠡᠯ᠎ᠡ ᠵᠦᠢᠯ᠎ᠤᠨ ᠠᠵᠢᠯ ᠦᠢᠯᠡᠰ᠎ᠤᠨ ᠬᠦᠭ᠌ᠵᠢᠯᠳᠡ᠎ᠶ᠋ᠢ ᠲᠡᠬᠡᠳᠤ ᠬᠡᠮᠵᠢᠶ᠎ᠡ᠎ᠪᠠᠷ ᠴᠢᠬᠤᠯᠠᠴᠢᠯᠠᠨ᠂ ᠤᠷᠢᠳ ᠬᠤᠵᠢᠳ 2 ᠤᠳᠠᠭ᠎ᠠ ᠦᠪᠤᠷ ᠮᠤᠩᠭᠤᠯ᠎ᠳᠤ ᠱᠢᠨᠵᠢᠯᠡᠡ ᠪᠠᠢᠴᠠᠭᠠᠵᠤ ᠠᠵᠢᠯ ᠵᠢᠯᠤᠭᠤᠳᠴᠦ᠍᠂ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ 3 ᠤᠳᠠᠭ᠎ᠠ ᠤᠷᠤᠯᠴᠠᠵᠤ᠂ ᠮᠠᠨ᠎ᠤ ᠤᠷᠤᠨ᠎ᠤ ᠪᠦᠬᠦ᠌ ᠲᠠᠯ᠎ᠡ ᠪᠠ ᠠᠯᠤᠰ ᠭᠡᠳᠤ᠎ᠶ᠋ᠢᠨ ᠬᠦᠭ᠌ᠵᠢᠯᠳᠠ᠎ᠳᠤ ᠬᠤᠯᠪᠤᠬ᠍ᠳᠠᠬᠤ ᠴᠢᠬᠤᠯᠠ ᠠᠵᠢᠯ᠎ᠤᠨ ᠲᠤᠬᠠᠢ ᠤᠯᠡᠨ ᠤᠳᠠᠭ᠎ᠠ ᠵᠢᠭᠠᠪᠤᠷᠢ ᠴᠤᠬᠤᠯᠠᠪᠤᠷᠢ ᠦᠭ᠌ᠴᠠᠢ᠃ ᠦᠪᠤᠷ ᠮᠤᠩᠭᠤᠯ᠎ᠤᠨ ᠠᠯᠬᠤᠮ ᠪᠦᠷᠢ᠎ᠶ᠋ᠢᠨ ᠬᠦᠭ᠌ᠵᠢᠯᠳᠠ᠂ ᠠᠯᠬᠤᠮ ᠪᠦᠷᠢ᠎ᠶ᠋ᠢᠨ ᠲᠠᠪᠱᠢᠯᠳᠠ᠎ᠳᠤ ᠴᠦᠮ ᠶᠡᠷᠤᠩᠭᠡᠢ ᠱᠦᠵᠢ᠎ᠶ᠋ᠢᠨ ᠬᠠᠢᠷ᠎ᠡ ᠬᠠᠯᠠᠮᠵᠢ ᠠᠭᠤᠰᠤᠨ ᠶᠡᠷᠤᠩᠭᠡᠢ ᠱᠦᠵᠢ᠎ᠶ᠋ᠢᠨ ᠤᠬᠠᠭᠠᠨ ᠲᠠᠮᠢᠷ ᠱᠢᠩᠭᠡᠭ᠌ᠰᠡᠨ ᠬᠡᠵᠤ ᠬᠡᠯᠡᠵᠤ ᠪᠤᠯᠬᠤ ᠶᠤᠮ᠃ ᠶᠡᠷᠤᠩᠭᠡᠢ ᠱᠦᠵᠢ᠎ᠶ᠋ᠢᠨ ᠬᠦᠨ ᠵᠤᠵᠠᠭᠠᠨ ᠬᠠᠢᠷ᠎ᠡ ᠬᠠᠯᠠᠮᠵᠢ᠎ᠶ᠋ᠢ ᠦᠨᠡᠨ ᠰᠡᠳᠭᠢᠯ᠎ᠠᠴᠠ᠎ᠪᠠᠨ ᠤᠬᠠᠭᠠᠷᠠᠨ ᠮᠡᠳᠡᠷᠡᠵᠤ᠂ ᠶᠡᠷᠤᠩᠭᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠦᠪᠤᠷ ᠮᠤᠩᠭᠤᠯ᠎ᠤᠨ ᠡᠭᠡ ᠭᠠᠵᠠᠷ᠎ᠲᠤ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠷ᠎ᠡ ᠪᠦᠳᠦᠮᠵᠢ ᠭᠠᠷᠭᠠᠬᠤ᠎ᠶ᠋ᠢ ᠪᠦᠬᠦ᠌ ᠬᠦᠴᠤᠨ᠎ᠢᠶᠠᠷ᠎ᠢᠶᠠᠨ ᠠᠬᠢᠭᠤᠯᠪᠡᠯ ᠰᠠᠢ ᠡᠷᠡᠮᠡᠭᠡᠢᠯᠡᠨ ᠤᠷᠤᠬ᠍ᠰᠢᠯᠠᠬᠤ ᠰᠦᠷ ᠲᠠᠯᠠᠢᠴᠠᠳᠠᠢ ᠬᠦᠴᠤᠨ ᠴᠢᠳᠠᠯ᠎ᠢ ᠨᠢᠬ᠍ᠳᠠᠷᠠᠭᠤᠯᠵᠤ᠂ ᠮᠠᠨ᠎ᠤ ᠤᠷᠤᠨ᠎ᠤ ᠡᠯ᠎ᠡ ᠠᠵᠢᠯ ᠦᠢᠯᠡᠰ᠎ᠤᠨ ᠬᠦᠭ᠌ᠵᠢᠯᠳᠠ᠎ᠶ᠋ᠢᠨ ᠱᠢᠨ᠎ᠡ ᠪᠠᠢᠳᠠᠯ᠎ᠢ ᠲᠠᠰᠤᠷᠠᠯᠳᠠ ᠦᠭᠡᠢ ᠡᠬᠦᠳᠴᠦ᠍ ᠴᠢᠳᠠᠨ᠎ᠡ᠃
      《ᠠᠷᠠᠳ ᠲᠦᠮᠡᠨ᠎ᠢ ᠲᠡᠭᠡᠳᠦᠯᠡᠨ ᠠᠮᠢ ᠨᠠᠰᠤ᠎ᠶ᠋ᠢ ᠲᠡᠭᠡᠳᠦᠯᠡᠵᠤ᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠤᠳ᠎ᠤᠨ ᠡᠷᠡᠬᠦᠯ ᠮᠠᠨᠳᠤ᠎ᠶ᠋ᠢ ᠬᠠᠮᠠᠭᠠᠯᠬᠠᠤ᠎ᠳᠤ ᠶᠠᠮᠠᠷᠪᠡ ᠦᠷᠡᠭ᠌ᠳᠡᠯ ᠭᠠᠷᠭᠠᠬᠤ᠎ᠠᠴᠠ ᠴᠦ᠍ ᠪᠤᠴᠠᠬ᠍ᠰᠠᠨ ᠦᠭᠡᠢ》᠂ 《ᠪᠢᠳᠠ ᠠᠵᠤ ᠠᠬᠤᠢ ᠨᠡᠢᠭᠡᠮ᠎ᠤᠨ ᠬᠦᠭ᠌ᠵᠢᠯᠳᠠ᠎ᠶ᠋ᠢ ᠠᠬᠢᠭᠤᠯᠵᠤ ᠪᠠᠢᠬᠤ᠎ᠨᠢ ᠡᠴᠤᠰ᠎ᠤᠨ ᠡᠴᠤᠰ᠎ᠲᠡᠭᠡᠨ ᠠᠷᠡᠤᠨ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠭᠡᠷᠡᠭ᠌ᠴᠡᠭᠡ᠎ᠶ᠋ᠢ ᠲᠠᠰᠤᠷᠠᠯᠳᠠ ᠦᠭᠡᠢ ᠬᠠᠨᠭ᠌ᠭᠠᠬᠤ᠎ᠶ᠋ᠢᠨ ᠲᠦᠯᠦᠭᠡ ᠶᠤᠮ》 ᠁ 《ᠠᠷᠠᠳ ᠲᠦᠮᠡᠨ》 ᠪᠤᠯ ᠶᠡᠷᠤᠩᠭᠡᠢ ᠱᠦᠵᠢ ᠰᠢ᠎ᠶ᠋ᠢᠨ ᠫᠢᠩ᠎ᠤᠨ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠳᠤ ᠶᠠᠷᠢᠭ᠍ᠰᠠᠨ ᠴᠢᠬᠤᠯᠠ ᠶᠠᠷᠢᠶ᠎ᠡ᠎ᠶ᠋ᠢᠨ ᠵᠠᠩᠭᠢᠯᠠᠭ᠎ᠠ᠎ᠶ᠋ᠢᠨ ᠦᠭᠡ ᠪᠤᠯᠤᠨ᠎ᠡ᠃ ᠠᠷᠠᠳ᠎ᠤᠨ ᠲᠦᠯᠦᠭᠡ ᠭᠡᠬᠦ᠌ ᠰᠡᠳᠭᠢᠯ ᠪᠠᠢᠮᠠᠨᠵᠢᠨ ᠰᠠᠶᠢ ᠠᠷᠠᠳ᠎ᠤᠨ ᠲᠦᠯᠦᠭᠡ ᠠᠵᠢᠯ ᠬᠢᠵᠤ ᠴᠢᠳᠠᠨ᠎ᠠ᠃ ᠰᠢ᠎ᠶ᠋ᠢᠨ ᠫᠢᠩ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠰᠠᠢᠳᠤᠷ ᠰᠤᠷᠤᠯᠴᠠᠨ ᠲᠤᠭᠤᠱᠢᠯᠠᠭᠤᠯᠬᠤ᠎ᠳᠤ ᠵᠠᠪᠠᠯ ᠴᠠᠭ ᠢᠮᠠᠭ᠍ᠳᠠ ᠠᠷᠠᠳ ᠲᠦᠮᠡᠨ᠎ᠤ ᠠᠮᠤᠷ ᠵᠢᠮᠤᠷ ᠠᠵᠤ ᠲᠦᠷᠦᠬᠦ᠂ ᠠᠮᠤᠷ ᠲᠦᠪᠱᠢᠨ ᠬᠠᠯᠠᠭᠤᠨ ᠳᠤᠯᠠᠭᠠᠨ ᠪᠠᠢᠬᠤ᠎ᠶ᠋ᠢ ᠰᠡᠳᠭᠢᠯ᠎ᠳᠡᠭᠡᠨ ᠪᠤᠳᠤᠵᠤ᠂ ᠴᠠᠭ ᠢᠮᠠᠭ᠍ᠳᠠ ᠠᠷᠠᠳ ᠤᠯᠠᠨ᠎ᠯᠤᠭ᠎ᠠ ᠪᠤᠳᠤᠯ᠎ᠢᠶᠠᠨ ᠨᠢᠬᠡᠳᠭᠡᠨ ᠬᠦᠴᠦ᠎ᠪᠠᠨ ᠬᠠᠮᠳᠤᠳᠭᠠᠵᠤ᠂ ᠬᠠᠳᠠᠭᠤ ᠪᠡᠷᠬᠡᠱᠢᠶᠡᠯ᠎ᠢ ᠬᠠᠮᠳᠤ᠎ᠪᠠᠷ ᠲᠤᠭᠤᠯᠵᠤ ᠵᠢᠷᠭᠠᠯ ᠵᠤᠪᠠᠯᠠᠩ᠎ᠢᠶᠠᠨ ᠬᠠᠮᠳᠤᠳᠭᠠᠵᠤ᠂ ᠴᠠᠭ ᠢᠮᠠᠭ᠍ᠳᠠ ᠠᠷᠠᠳ ᠤᠯᠠᠨ᠎ᠲᠠᠢ ᠠᠮᠢᠰᠭᠤᠭ᠎ᠠ᠎ᠪᠠᠨ ᠨᠢᠬᠡᠳᠭᠡᠵᠤ ᠬᠤᠪᠢ ᠵᠠᠶᠠᠭ᠎ᠠ᠎ᠪᠠᠨ ᠬᠠᠮᠳᠤᠳᠭᠠᠨ᠂ ᠰᠡᠳᠭᠢᠯ ᠵᠢᠷᠦᠬᠡ᠎ᠪᠠᠨ ᠬᠤᠯᠪᠤᠵᠤ᠂ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠡ᠎ᠶ᠋ᠢᠨ ᠦᠵᠡᠯ ᠰᠠᠨᠠᠭ᠎ᠠ᠎ᠶ᠋ᠢ ᠡᠯ᠎ᠠ ᠵᠦᠢᠯ᠎ᠤᠨ ᠱᠢᠢᠳᠪᠦᠷᠢᠳᠤ ᠪᠤᠳᠤᠯᠭ᠎ᠠ ᠪᠠᠢᠷᠢᠯᠠᠭᠤᠯᠤᠯᠳᠠ ᠪᠤᠯᠤᠨ ᠪᠤᠳᠠᠳᠠᠢ ᠠᠵᠢᠯ᠎ᠳᠠᠭᠠᠨ ᠨᠠᠢᠳᠠᠪᠤᠷᠢᠵᠢᠭᠤᠯᠬᠤ ᠬᠡᠷᠡᠭ᠌ᠳᠠᠢ᠃
      ᠦᠢᠯᠡᠳᠦᠯᠭᠡ᠎ᠶ᠋ᠢ ᠳᠠᠭᠠᠯᠳᠤᠨ ᠮᠡᠳᠡᠯᠭᠡ ᠨᠡᠮᠡᠭ᠌ᠳᠡᠵᠤ᠂ ᠮᠡᠳᠡᠯᠭᠡ ᠨᠡᠮᠡᠭ᠌ᠳᠡᠬᠦ᠌᠎ᠶ᠋ᠢ ᠳᠠᠭᠠᠯᠳᠤᠨ ᠦᠢᠯᠡᠳᠦᠯᠭᠡ ᠵᠦᠪ ᠪᠤᠯᠳᠠᠭ᠃ ᠪᠦᠬᠦ᠌ ᠤᠷᠤᠨ᠎ᠤ ᠡᠯ᠎ᠠ ᠱᠠᠳᠤᠨ᠎ᠤ ᠺᠠᠳ᠋ᠷᠴᠤᠳ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠤᠳᠤᠬᠠᠨ ᠪᠠ ᠬᠤᠢᠱᠢᠳᠠ᠎ᠶ᠋ᠢᠨ ᠬᠡᠰᠡᠭ ᠬᠤᠭᠤᠴᠠᠭᠠᠨ᠎ᠤ ᠴᠢᠬᠤᠯᠠ ᠶᠡᠭᠡ ᠤᠯᠤᠰ ᠲᠦᠷᠦ᠎ᠶ᠋ᠢᠨ ᠡᠭᠦᠷᠭᠡ᠎ᠪᠠᠨ ᠪᠤᠯᠭᠠᠵᠤ᠂ 《ᠳᠦᠷᠪᠡᠨ ᠤᠬᠠᠮᠰᠠᠷ》 ᠎ᠢᠶᠠᠨ ᠴᠢᠩᠭᠠᠳᠭᠠᠨ 《ᠳᠦᠷᠪᠡᠨ ᠢᠳᠡᠭᠡᠯ》 ᠎ᠢᠶᠠᠨ ᠪᠠᠳᠤᠳᠭᠠᠵᠤ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠤ᠂ ᠲᠡᠭᠡᠲᠦ ᠬᠡᠮᠵᠢᠶᠠᠠ᠎ᠤ ᠤᠯᠤᠰ ᠲᠦᠷᠦ᠎ᠶ᠋ᠢᠨ ᠤᠬᠠᠮᠰᠠᠷ᠂ ᠦᠵᠡᠯ ᠰᠠᠨᠠᠭᠠᠠ᠎ᠤ ᠤᠬᠠᠮᠰᠠᠷ᠂ ᠦᠢᠯᠡ ᠠᠵᠢᠯᠯᠠᠭ᠎ᠠ᠎ᠶ᠋ᠢᠨ ᠤᠬᠠᠮᠰᠠᠷ᠎ᠢᠶᠠᠷ ᠰᠤᠷᠤᠯᠴᠠᠨ ᠲᠤᠭᠤᠱᠢᠯᠠᠭᠤᠯᠵᠤ ᠨᠠᠢᠲᠠᠪᠤᠷᠢᠵᠢᠭᠤᠯᠬᠤ᠎ᠶ᠋ᠢ ᠰᠠᠢᠲᠤᠷ ᠠᠳᠭᠤᠨ᠂ ᠶᠠᠷᠢᠶᠠᠠ᠎ᠤ ᠵᠤᠷᠢᠭ ᠰᠠᠨᠠᠭ᠎ᠠ᠎ᠶ᠋ᠢ ᠠᠰᠠᠭᠤᠲᠠᠯ᠎ᠢ ᠪᠤᠲᠤᠯᠬᠢᠯᠠᠬᠤ᠂ ᠱᠢᠢᠳᠪᠦᠷᠢᠲᠦ ᠪᠤᠲᠤᠯᠭ᠎ᠠ ᠲᠤᠭ᠍ᠲᠠᠭᠠᠬᠤ᠂ ᠠᠵᠢᠯ ᠬᠢᠬᠦ᠌ ᠪᠦᠬᠦ᠌ ᠶᠠᠪᠤᠴᠠ᠎ᠳᠤ ᠲᠤᠭᠤᠱᠢᠯᠠᠭᠤᠯᠵᠦ᠍᠂ ᠬᠦᠨ ᠵᠤᠵᠠᠭᠠᠨ ᠬᠠᠢᠷ᠎ᠠ ᠬᠠᠯᠠᠮᠵᠢ᠎ᠶ᠋ᠢ ᠵᠠᠮ ᠨᠡᠭᠡᠭᠡᠡ ᠤᠷᠤᠭ᠍ᠰᠢᠯᠠᠠ ᠲᠠᠪᠱᠢᠬᠤ ᠬᠦᠴᠦᠷᠭᠡᠭ ᠶᠡᠭᠡ ᠬᠦᠲᠡᠯᠭᠡᠬᠦ᠌ ᠬᠦᠴᠤᠨ ᠪᠤᠯᠭᠠᠠ ᠬᠤᠪᠢᠷᠠᠭᠤᠯᠵᠤ᠂ ᠪᠤᠳᠠᠳᠤ ᠠᠵᠢᠯᠯᠠᠭ᠎ᠠ ᠪᠠ ᠱᠢᠯᠢᠲᠡᠭ ᠠᠮᠵᠢᠯᠲᠠ᠎ᠪᠠᠷ᠎ᠢᠶᠠᠨ ᠶᠡᠷᠦᠩᠭᠡᠢ ᠱᠦᠵᠢ᠎ᠶ᠋ᠢᠨ ᠬᠦᠨ ᠵᠤᠵᠠᠭᠠᠨ ᠬᠠᠢᠷ᠎ᠠ ᠬᠠᠯᠠᠮᠵᠢ᠎ᠳᠤ ᠲᠠᠯᠠᠷᠬᠠᠯ ᠲᠡᠪᠱᠢᠬᠦᠯᠬᠦ᠌ ᠭᠡᠷᠡᠭ᠌ᠳᠡᠢ᠃
      ᠵᠤᠨ᠎ᠤ ᠡᠬᠢᠨ᠎ᠢᠶᠠᠷ ᠲᠦᠮᠡᠡ ᠪᠤᠲᠠᠰ ᠠᠮᠢᠯᠠᠵᠦ᠍᠂ ᠡᠬᠡ ᠤᠯᠤᠰ᠎ᠤᠨ ᠤᠮᠠᠷᠠᠲᠦ᠎ᠶ᠋ᠢᠨ ᠡᠭᠡ ᠭᠠᠵᠠᠷ ᠬᠦᠰᠡᠯ ᠠᠮᠢᠵᠢᠷᠠᠯ᠎ᠢᠶᠠᠷ ᠪᠢᠯᠬᠠᠨ᠎ᠠ᠃ ᠪᠢᠲᠠ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠭ᠍ᠰᠠᠠ ᠨᠠᠮ᠎ᠤᠨ ᠲᠦᠪ ᠬᠤᠷᠢᠶᠠᠠ᠎ᠤ ᠲᠤᠭᠤᠷᠢᠨ᠎ᠳᠤ ᠨᠡᠩ ᠨᠢᠭ᠍ᠲᠠᠷᠠᠠ ᠪᠦᠯᠬᠦᠮᠲᠡᠵᠦ᠍᠂ ᠶᠡᠷᠦᠩᠭᠡᠢ ᠱᠦᠵᠢ᠎ᠶ᠋ᠢᠨ ᠭᠦᠨ ᠵᠤᠵᠠᠭᠠᠨ ᠬᠠᠢᠷ᠎ᠠ ᠬᠠᠯᠠᠮᠵᠢ᠂ ᠬᠦᠨᠳᠤ ᠨᠠᠢᠲᠠᠯᠭ᠎ᠠ᠂ ᠠᠷᠠᠳ᠎ᠢᠶᠠᠨ ᠬᠡᠰᠡᠨ ᠬᠠᠯᠠᠭᠤᠨ ᠰᠡᠳᠭᠢᠯᠭᠡ᠎ᠶ᠋ᠢ ᠬᠦᠨᠵᠡᠭᠡᠢ ᠤᠬᠠᠭᠠᠷᠠᠨ ᠮᠡᠳᠡᠷᠡᠵᠤ᠂ ᠤᠭ ᠰᠠᠨᠠᠭ᠎ᠠ᠎ᠪᠠᠨ ᠦᠯᠦ᠍ ᠮᠠᠷᠲᠠᠵᠤ ᠡᠬᠦᠷᠭᠡ ᠬᠠᠷᠢᠭᠤᠴᠠᠯᠭ᠎ᠠ᠎ᠳᠠᠭᠠᠨ ᠦᠯᠦ᠍ ᠤᠰᠤᠯᠲᠠᠨ ᠬᠦᠨᠲᠦ ᠨᠠᠢᠲᠠᠯᠭ᠎ᠠ᠎ᠶ᠋ᠢ᠎ᠨᠢ ᠦᠯᠦ᠍ ᠬᠦᠰᠡᠷᠲᠡᠭᠦᠯᠵᠦ᠍᠂ ᠨᠢᠭᠡ ᠰᠡᠤᠨᠭᠢᠯ ᠨᠢᠬᠡ ᠵᠤᠷᠢᠭ᠎ᠢᠶᠠᠷ ᠱᠢᠷᠭᠠᠭᠤ ᠬᠠᠲᠠᠭᠤᠵᠢᠯᠲᠠᠢ ᠴᠢᠷᠮᠠᠢᠨ ᠠᠵᠢᠯᠯᠠᠵᠦ᠍ ᠱᠢᠨ᠎ᠠ ᠴᠠᠭ ᠦᠶ᠎ᠠ᠎ᠶ᠋ᠢᠨ 《ᠤᠷᠲᠤ ᠵᠠᠮ᠎ᠤᠨ ᠠᠶᠠᠠ ᠲᠡᠢᠨ》 ᠎ᠢ ᠰᠠᠢᠳᠤᠷ ᠭᠢᠵᠤ᠂ ᠱᠢᠨ᠎ᠠ ᠴᠠᠭ ᠦᠶ᠎ᠠ᠎ᠳᠤ ᠨᠡᠢᠭᠡᠮ ᠵᠢᠷᠤᠮ᠎ᠤᠨ ᠤᠲᠤᠬᠢᠴᠢᠯᠠᠭ᠍ᠰᠠᠠ ᠤᠯᠤᠰ᠎ᠢ ᠪᠦᠬᠦ᠌ ᠲᠠᠯ᠎ᠠ᠎ᠪᠠᠷ ᠪᠦᠲᠦᠭᠡᠡ ᠪᠠᠢᠭᠤᠯᠬᠤ ᠠᠶᠠᠠ᠎ᠳᠤ ᠦᠪᠦᠷ ᠮᠤᠩᠭᠤᠯ᠎ᠤᠨ ᠬᠦᠭ᠌ᠵᠢᠯᠲᠠ᠎ᠶ᠋ᠢᠨ ᠱᠢᠨ᠎ᠠ ᠬᠠᠭᠤᠲᠠᠰᠤ᠎ᠶ᠋ᠢ ᠪᠢᠴᠢᠭ᠌ᠯᠡᠰᠦᠭᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号