ᠠᠷᠠᠳ ᠲᠦᠮᠡᠨ᠎ᠢ ᠲᠡᠭᠡᠳᠦᠯᠡᠬᠦ᠌᠎ᠶ᠋ᠢ ᠭᠤᠢᠪᠢᠰᠢ ᠦᠭᠡᠢ ᠪᠠᠷᠢᠮᠲᠠᠯᠠᠨ ᠠᠷᠠᠳ ᠲᠦᠮᠡᠨ᠎ᠳᠤ ᠨᠡᠩ ᠤᠯᠠᠨ ᠪᠤᠶᠠᠨ ᠦᠢᠯᠡᠳᠴᠦ᠍ ᠦᠪᠦᠷ ᠮᠤᠩᠭᠤᠯ᠎ᠤᠨ ᠬᠦᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ
2020-05-24 12:00:27
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

        — ᠶᠡᠷᠤᠩᠬᠡᠢ ᠱᠦᠵᠢ ᠰᠢ᠎ᠶ᠋ᠢᠨ ᠫᠢᠩ᠎ᠤᠨ ᠦᠪᠤᠷ ᠮᠤᠩᠭᠤᠯ᠎ᠤᠨ ᠲᠦᠯᠥᠬᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠮᠠᠨ᠎ᠤ ᠤᠷᠤᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠲᠤᠮᠳᠠ ᠴᠢᠩᠭ᠎ᠠ ᠲᠤᠰᠭᠠᠯ ᠭᠠᠷᠪᠠ
      5 ᠰᠠᠷ᠎ᠠ᠎ᠶ᠋ᠢᠨ 22 ᠎ᠤᠨ ᠦᠳᠠ᠎ᠶ᠋ᠢᠨ ᠬᠤᠢᠨ᠎ᠠ᠂ ᠶᠡᠷᠤᠩᠬᠡᠢ ᠱᠦᠵᠢ ᠰᠢ᠎ᠶ᠋ᠢᠨ ᠫᠢᠩ᠎ᠤᠨ ᠦᠪᠤᠷ ᠮᠤᠩᠭᠤᠯ᠎ᠤᠨ ᠲᠦᠯᠥᠬᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠮᠠᠨ᠎ᠤ ᠤᠷᠤᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠳᠤᠮᠳᠠ ᠴᠢᠩᠭ᠎ᠠ ᠳᠤᠰᠭᠠᠯ ᠭᠠᠷᠪᠠ᠃ ᠬᠦᠮᠦᠰ ᠲᠧᠯᠸᠢᠰ᠂ ᠭᠠᠷ ᠤᠲᠠᠰᠤ᠂ ᠺᠤᠮᠫᠢᠦ᠋ᠲ᠋ᠧᠷ ᠵᠡᠷᠭᠡ ᠵᠠᠭᠤᠴᠢᠯᠠᠭᠤᠷ᠎ᠢᠶᠠᠷ ᠳᠠᠮᠵᠢᠨ ᠴᠢᠬᠤᠯᠠ ᠶᠠᠷᠢᠶ᠎ᠠ᠎ᠶ᠋ᠢ ᠰᠤᠨᠤᠰᠤᠭᠠᠳ ᠤᠮᠤᠭ᠍ᠰᠢᠨ ᠵᠤᠷᠢᠭ᠍ᠵᠢᠵᠤ᠂ ᠲᠠᠯ᠎ᠠ ᠨᠤᠲᠤᠭ᠎ᠤᠨ᠎ᠢᠶᠠᠨ ᠠᠮᠢ ᠠᠬᠤᠢ᠎ᠶ᠋ᠢ ᠤᠯᠠᠮ ᠢᠯᠡᠭᠦᠦ ᠨᠠᠨᠳᠢᠩᠨᠠᠨ ᠬᠠᠢᠷᠠᠯᠠᠵᠤ᠂ ᠠᠷᠢᠭᠤᠨ ᠬᠦᠳᠡᠯᠮᠦᠷᠢ ᠱᠢᠳᠤᠷᠭᠤ ᠵᠢᠳᠬᠦᠯ᠎ᠢᠶᠠᠷ᠎ᠢᠶᠠᠨ ᠠᠵᠠ ᠵᠢᠷᠭᠠᠯᠳᠤ ᠭᠡᠷ ᠤᠷᠤᠨ᠎ᠢᠶᠠᠨ ᠨᠡᠩ ᠦᠨᠢᠷ ᠲᠠᠩᠰᠤᠭ ᠪᠤᠯᠭᠠᠨ ᠴᠤᠭ᠍ᠴᠠᠯᠠᠨ ᠪᠠᠢᠭᠤᠯᠬᠤ ᠢᠳᠡᠭᠡᠯ ᠵᠤᠷᠢᠭ ᠡᠷᠴᠢᠯᠡᠭ᠌ᠳᠡᠵᠠᠢ᠃
      ᠪᠦᠬᠦ᠌ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠤ᠎ᠶ᠋ᠢᠨ ᠱᠢᠰᠲ᠋ᠧᠮ᠎ᠤᠨ ᠱᠢᠨ᠎ᠠ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠭᠦ᠌ ᠠᠵᠢᠯ᠎ᠤᠨ ᠲᠡᠷᠢᠬᠦᠠ᠎ᠤ ᠬᠤᠪᠢ ᠬᠦᠮᠦᠨ᠂ ᠪᠤᠭᠤᠲᠤ ᠬᠤᠳᠠ᠎ᠶ᠋ᠢᠨ ᠨᠠᠢ᠍ᠮᠠᠳᠤᠭᠠᠷ ᠡᠮᠨᠡᠯᠭᠡ᠎ᠶ᠋ᠢᠨ ᠬᠤᠷᠢᠶᠠᠨ᠎ᠤ ᠵᠢᠷᠦᠭᠡᠨ᠎ᠤ ᠲᠤᠳᠤᠷ ᠰᠠᠯᠠᠭᠠᠨ᠎ᠤ ᠰᠤᠪᠢᠯᠠᠬ᠍ᠴᠢ᠎ᠶ᠋ᠢᠨ ᠳᠠᠷᠤᠭ᠎ᠠ ᠶᠠᠩ ᠬᠤᠢ ᠳ᠋ᠦᠩ᠄ 《22 ᠎ᠤᠨ ᠡᠳᠤᠷ ᠶᠡᠷᠦᠩᠬᠡᠢ ᠱᠦᠵᠢ ᠰᠢ᠎ᠶ᠋ᠢᠨ ᠫᠢᠩ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ᠎ᠳᠠᠭᠠᠨ᠂ ᠠᠷᠠᠳ ᠲᠦᠮᠡᠨ᠎ᠢ ᠲᠡᠭᠡᠳᠦᠯᠡᠬᠦ᠌᠎ᠶ᠋ᠢ ᠪᠠᠷᠢᠮᠲᠠᠯᠠᠨ᠂ ᠠᠷᠠᠳ ᠲᠦᠮᠡᠨ᠎ᠳᠤ ᠲᠠᠰᠤᠷᠠᠯᠳᠠ ᠦᠭᠡᠢ ᠪᠤᠶᠠᠨ ᠦᠢᠯᠡᠳᠴᠦ᠍᠂ ᠠᠷᠠᠳ ᠲᠦᠮᠡᠡ᠎ᠢᠶᠠᠷ ᠭᠤᠤᠯ ᠪᠤᠯᠭᠠᠬᠤ ᠬᠦᠭ᠌ᠵᠢᠯᠳᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠳᠠᠯᠠᠬᠤ᠎ᠶ᠋ᠢᠨ ᠬᠠᠮᠲᠤ ᠡᠯ᠎ᠠ ᠵᠦᠢᠯ᠎ᠤᠨ ᠱᠢᠢᠳᠪᠦᠷᠢᠳᠤ ᠪᠤᠳᠤᠯᠭ᠎ᠠ ᠪᠠᠢᠷᠢᠯᠠᠭᠤᠯᠤᠯᠳᠠ ᠪᠤᠯᠤᠨ ᠪᠤᠳᠠᠳᠠᠢ ᠠᠵᠢᠯ᠎ᠳᠠᠭᠠᠨ ᠨᠠᠢᠳᠠᠪᠤᠷᠢᠵᠢᠭᠤᠯᠬᠤ ᠬᠡᠷᠡᠭ᠌ᠳᠠᠢ ᠬᠡᠵᠦ᠍ ᠴᠢᠬᠤᠯᠠᠴᠢᠯᠠᠬ᠍ᠰᠠᠨ᠎ᠢ ᠰᠤᠨᠤᠰᠤᠭᠠᠳ ᠮᠠᠰᠢ ᠲᠤᠬ᠍ᠳᠤᠯᠤᠯ᠎ᠠ᠃ ᠠᠷᠠᠳ ᠲᠦᠮᠡᠨ᠎ᠢᠶᠠᠨ ᠲᠡᠭᠡᠳᠦᠯᠡᠭ᠌ᠰᠡᠨ ᠠᠭᠤᠤ ᠨᠠᠮ᠎ᠤᠨ᠎ᠢᠶᠠᠨ ᠤᠳᠤᠷᠢᠳᠤᠯᠭ᠎ᠠ ᠲᠤᠤᠷ᠎ᠠ᠂ ᠪᠦᠬᠦ᠌ ᠤᠯᠤᠰ᠎ᠤᠨ ᠠᠷᠠᠳ ᠲᠦᠮᠡᠨ ᠬᠢᠵᠢᠭ ᠡᠪᠡᠳᠴᠢᠨ᠎ᠤ ᠰᠦᠷᠳᠡᠭᠦᠯᠦᠯ᠎ᠢ ᠯᠠᠪᠳᠠᠢ ᠢᠯᠠᠨ ᠲᠠᠪᠠᠵᠦ᠍᠂ ᠬᠢᠵᠢᠭ᠎ᠤᠨ ᠲᠠᠷᠠᠭ᠎ᠠ ᠠᠵᠤ ᠠᠬᠤᠢ ᠨᠡᠢᠭᠡᠮ᠎ᠤᠨ ᠬᠦᠭ᠌ᠵᠢᠯᠳᠡ ᠨᠡᠩ ᠰᠠᠢᠨ ᠦᠷ᠎ᠠ ᠪᠦᠳᠦᠮᠵᠢ ᠤᠯᠵᠦ᠍᠂ ᠠᠷᠠᠳ ᠲᠦᠮᠡᠨ ᠡᠩᠬᠡ ᠲᠤᠩᠬ᠎ᠠ ᠠᠵᠠ ᠵᠢᠷᠭᠠᠯᠳᠠᠢ ᠰᠠᠢᠨ ᠰᠠᠢᠬᠠᠠ ᠠᠮᠢᠳᠤᠷᠠᠬᠤ ᠪᠤᠯᠤᠨ᠎ᠠ ᠬᠡᠳᠡᠭ᠎ᠲᠤ ᠪᠠᠳᠤ ᠢᠳᠡᠭᠡᠯ᠎ᠲᠠᠢ ᠪᠠᠢᠨ᠎ᠠ》 ᠬᠡᠯ᠎ᠠ᠃
      ᠪᠤᠭᠤᠳᠤ ᠬᠤᠳᠠ᠎ᠶ᠋ᠢᠨ ᠨᠠᠮ᠎ᠤᠨ ᠬᠤᠷᠢᠶᠠᠨ᠎ᠤ ᠨᠠᠮ᠎ᠤᠨ ᠲᠡᠤᠬᠡ ᠰᠤᠳᠤᠯᠬᠤ ᠠᠯᠪᠠᠨ ᠭᠡᠷ᠎ᠤᠨ ᠲᠡᠳ᠋ ᠡᠷᠬᠢᠯᠡᠭ᠌ᠴᠢ ᠢᠤᠢ᠎ᠶ᠋ᠢᠨ ᠱᠢᠦ᠄ 《ᠮᠠᠨ᠎ᠤ ᠨᠠᠮ ᠪᠠᠢᠭᠤᠯᠤᠬ᠍ᠳᠠᠬ᠍ᠰᠠᠨ ᠴᠠᠭ᠎ᠠᠴᠠ᠎ᠪᠠᠨ ᠠᠷᠠᠳ ᠲᠦᠮᠡᠨ᠎ᠢᠶᠠᠷ ᠦᠨᠳᠤᠰᠤ ᠪᠤᠯᠭᠠᠵᠦ᠍᠂ ᠠᠷᠠᠳ ᠲᠦᠮᠡᠨ᠎ᠳᠤ ᠲᠦᠱᠢᠭ᠌ᠯᠡᠨ᠂ ᠢᠯᠠᠯᠳᠠ᠎ᠠᠴᠠ ᠢᠯᠠᠯᠳᠠ᠎ᠳᠤ ᠬᠦᠷᠬᠦ᠌᠎ᠶ᠋ᠢ ᠵᠤᠷᠢᠵᠥ᠍ ᠪᠠᠶᠠᠯᠠᠬᠦᠯᠦᠭ᠌ᠰᠡᠬᠡᠷ ᠢᠷᠡᠪᠠ᠂ ᠶᠡᠷᠦᠩᠬᠡᠢ ᠱᠦᠵᠢ ᠰᠢ᠎ᠶ᠋ᠢᠨ ᠫᠢᠩ ᠪᠦᠬᠦ᠌ ᠰᠡᠳᠭᠢᠯ ᠪᠦᠬᠦ᠌ ᠵᠤᠷᠢᠭ᠎ᠢᠶᠠᠷ ᠠᠷᠠᠳ ᠲᠦᠮᠡᠨ᠎ᠳᠤ ᠦᠢᠯᠡᠴᠢᠯᠡᠬᠦ᠌᠎ᠶ᠋ᠢ ᠨᠠᠮ᠎ᠤᠨ ᠬᠡᠱᠢᠭᠦᠨ ᠺᠠᠳ᠋ᠷᠴᠤᠳ᠎ᠲᠤ ᠪᠠᠢᠡᠭ᠌ᠭᠤ᠎ᠶ᠋ᠢᠨ ᠴᠢᠨᠠᠷᠳᠠᠢ ᠰᠠᠨᠠᠭᠤᠯᠤᠠ ᠴᠢᠬᠤᠯᠠᠴᠢᠯᠠᠭ᠍ᠰᠠᠭᠠᠷ ᠢᠷᠡᠵᠡᠢ᠃ ᠡᠨᠡ ᠤᠳᠠᠭ᠎ᠠ ᠶᠡᠷᠦᠩᠬᠡᠢ ᠱᠦᠵᠢ ᠰᠢ᠎ᠶ᠋ᠢᠨ ᠫᠢᠩ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ᠎ᠳᠠᠭᠠᠨ᠂ ᠠᠷᠠᠳ ᠲᠦᠮᠡᠨ᠎ᠢ ᠲᠡᠭᠡᠳᠤᠯᠠᠨ᠂ ᠠᠮᠢ ᠨᠠᠰᠤ᠎ᠶ᠋ᠢ ᠲᠡᠭᠡᠳᠦᠯᠡᠵᠦ᠍᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠠ ᠮᠠᠬᠠᠪᠤᠳ᠎ᠤᠨ ᠡᠷᠡᠭᠦᠯ ᠮᠠᠨᠳᠤ᠎ᠶ᠋ᠢ ᠬᠠᠮᠠᠭᠠᠯᠠᠬᠤ᠎ᠳᠤ ᠶᠠᠮᠠᠷᠪᠠ ᠦᠷᠡᠭ᠌ᠳᠡᠯ ᠭᠠᠷᠭᠠᠬᠤ᠎ᠠᠴᠠ ᠪᠤᠴᠠᠬᠤ ᠦᠭᠡᠢ ᠬᠡᠰᠡᠠ᠎ᠨᠢ ᠮᠠᠨ᠎ᠤ ᠨᠠᠮ᠎ᠤᠨ ᠬᠦᠰᠡᠯᠡᠩ ᠢᠳᠡᠭᠡᠯ ᠪᠢᠱᠢᠷᠠᠯ᠎ᠢ ᠪᠦᠷᠢᠨ ᠬᠠᠷᠠᠭᠤᠯᠤᠭ᠍ᠰᠠᠨ᠎ᠢᠶᠠᠷ ᠪᠠᠷᠠᠬᠤ ᠦᠭᠡᠢ᠂ ᠪᠦᠬᠦ᠌ ᠤᠯᠤᠰ᠎ᠤᠨ ᠠᠷᠠᠳ ᠲᠦᠮᠡᠨ᠎ᠤ ᠰᠡᠳᠭᠢᠯ᠎ᠳᠤ ᠲᠤᠮᠳᠠᠳᠤ ᠤᠯᠤᠰ᠎ᠤᠨ ᠡᠪ ᠬᠠᠮᠲᠤ ᠨᠠᠮ ᠭᠡᠬᠦ᠌ ᠠᠪᠤᠷᠭᠤ ᠬᠦᠱᠢᠶ᠎ᠠ᠎ᠶ᠋ᠢ ᠪᠠᠳᠤ ᠰᠦᠨᠳᠡᠷᠯᠡᠭᠦᠯᠦᠨ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠰᠠᠭᠤᠷᠢ᠎ᠨᠢ ᠠᠷᠠᠳ ᠲᠦᠮᠡᠨ᠎ᠳᠤ ᠪᠠᠢᠨ᠎ᠠ᠂ ᠠᠮᠢᠨ ᠰᠤᠳᠠᠰᠤ᠎ᠨᠢ ᠠᠷᠠᠳ ᠲᠦᠮᠡᠨ᠎ᠳᠤ ᠪᠠᠢᠨ᠎ᠠ ᠬᠡᠬᠦ᠌ ᠬᠦᠨ ᠬᠦᠨᠵᠡᠭᠡᠢ ᠶᠤᠰᠤ ᠤᠴᠢᠷ᠎ᠢ ᠲᠠᠬᠢᠨᠳᠠ ᠠᠮᠢᠳᠤᠯᠢᠭ ᠪᠤᠳᠠᠳᠠᠢ ᠢᠯᠡᠳᠭᠡᠪᠠ》 ᠬᠡᠵᠥ᠍ ᠤᠯᠤᠯᠳᠠ ᠲᠦᠷᠦᠭ᠌ᠳᠡᠯ᠎ᠢᠶᠠᠨ ᠶᠠᠷᠢᠨ᠎ᠠ᠃
      《ᠶᠡᠷᠦᠩᠬᠡᠢ ᠱᠦᠵᠢ ᠰᠢ᠎ᠶ᠋ᠢᠨ ᠫᠢᠩ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ᠎ᠳᠠᠭᠠᠨ᠂ ᠦᠪᠤᠷ ᠮᠤᠩᠭᠤᠯ᠎ᠤᠨ ᠦᠪᠡᠷᠳᠡᠭᠡᠨ ᠵᠠᠰᠭᠠᠤ ᠤᠷᠤᠨ ᠪᠤᠯ ᠮᠠᠨ᠎ᠤ ᠤᠯᠤᠰ᠎ᠤᠨ ᠬᠠᠮᠤᠭ᠎ᠤᠨ ᠡᠷᠳᠡ ᠪᠠᠢᠭᠤᠯᠤᠬ᠍ᠳᠠᠬ᠍ᠰᠡᠨ ᠦᠨᠳᠤᠰᠤᠳᠡᠨ᠎ᠤ ᠦᠪᠡᠷᠳᠡᠭᠡᠨ ᠵᠠᠰᠭᠠᠤ ᠤᠷᠤᠨ ᠪᠤᠯᠤᠨ᠎ᠠ᠂ ᠦᠨᠳᠤᠰᠤᠳᠡᠨ᠎ᠤ ᠤᠷᠤᠨ᠎ᠤ ᠦᠪᠡᠷᠳᠡᠭᠡᠨ ᠵᠠᠰᠭᠠᠤ ᠪᠠᠢᠭᠤᠯᠤᠯ᠎ᠢ ᠪᠠᠷᠢᠮᠳᠠᠯᠡᠨ ᠲᠡᠬᠦᠯᠳᠡᠷᠵᠢᠬᠦᠯᠵᠤ᠂ ᠦᠨᠳᠤᠰᠤᠳᠡᠨ᠎ᠨᠦᠭᠦᠳ᠎ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠴᠢᠩᠭᠠᠳᠭᠠᠨ᠂ ᠦᠨᠳᠤᠰᠤᠳᠡᠨ᠎ᠤ ᠤᠷᠤᠨ᠎ᠤ ᠠᠵᠤ ᠠᠬᠤᠢ ᠨᠡᠢᠭᠡᠮ᠎ᠤᠨ ᠬᠦᠭ᠌ᠵᠢᠯᠳᠠ᠎ᠶ᠋ᠢᠨ ᠠᠯᠬᠤᠭ᠎ᠠ᠎ᠶ᠋ᠢ ᠲᠦᠷᠭᠡᠳᠭᠡᠵᠤ᠂ ᠦᠨᠳᠤᠰᠤᠳᠡᠨ᠎ᠨᠦᠭᠦᠳ᠎ᠤᠨ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠡᠮᠤᠨ᠎ᠠ ᠡᠩᠨᠡᠭᠡᠨ᠎ᠳᠤ ᠬᠤᠱᠢᠭᠤᠷᠠᠬᠤ ᠭᠡᠷᠡᠭ᠌ᠳᠠᠢ ᠭᠡᠵᠤ ᠴᠢᠬᠤᠯᠠᠴᠢᠯᠠᠪᠠ᠃ ᠡᠨᠡ᠎ᠨᠢ ᠨᠡᠩ ᠤᠮᠤᠭ ᠲᠡᠭᠦᠯᠳᠡᠷ᠂ ᠨᠡᠩ ᠡᠷᠴᠢ ᠵᠤᠷᠢᠭ᠎ᠲᠠᠢ᠎ᠪᠠᠷ ᠦᠨᠳᠦᠰᠦᠲᠡᠨ᠎ᠤ ᠠᠵᠢᠯ᠎ᠢᠶᠠᠨ ᠰᠠᠢᠲᠤᠷ ᠬᠢᠬᠦ᠌᠎ᠳᠤ ᠨᠠᠳᠠᠳᠤ ᠲᠤᠩ ᠶᠡᠭᠡ ᠵᠤᠷᠢᠭ᠍ᠵᠢᠭᠤᠯᠤᠯ ᠪᠤᠯᠪᠠ᠃ ᠨᠢᠳᠦᠨᠦᠨ ᠤᠯᠠᠭᠠᠨᠬᠠᠳᠠ ᠬᠤᠲᠠ 〈ᠪᠦᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠤᠲᠠ〉 ᠎ᠶ᠋ᠢ ᠴᠤᠭ᠍ᠴᠠᠯᠠᠨ ᠪᠠᠢᠭᠤᠯᠬᠤ ᠠᠵᠢᠯ᠎ᠢᠶᠠᠨ ᠡᠬᠢᠯᠡᠭᠦᠯᠵᠦ᠍᠂ ᠤᠳᠤ ᠶᠠᠭ ᠡᠷᠴᠢᠮᠲᠡᠢ ᠰᠠᠢᠬᠠᠨ ᠶᠠᠪᠤᠭ᠍ᠳᠠᠵᠤ ᠪᠤᠢ᠃ ᠤᠷᠴᠢᠮ ᠡᠨᠡ ᠲᠤᠬᠠᠢ ᠤᠳᠤᠷᠢᠳᠭᠤ ᠳᠤᠭᠤᠢ᠍ᠢᠯᠠᠩ᠎ᠤᠨ ᠬᠤᠷᠠᠯ ᠬᠤᠷᠠᠯᠳᠤᠭᠤᠯᠵᠤ᠂ ᠪᠦᠬᠦ᠌ ᠬᠤᠲᠠ᠎ᠶ᠋ᠢᠨ ᠦᠨᠳᠦᠰᠦᠲᠡᠨ᠎ᠤ ᠪᠦᠯᠬᠦᠮᠳᠡᠯ ᠳᠠᠪᠱᠢᠯᠲᠡ᠎ᠶ᠋ᠢᠨ ᠠᠵᠢᠯ᠎ᠢ ᠨᠠᠷᠢᠨ ᠨᠢᠮᠪᠠᠢ ᠪᠠᠢᠷᠢᠯᠠᠭᠤᠯᠵᠤ᠂ ᠪᠤᠲᠠᠲᠠᠢ ᠠᠷᠭ᠎ᠠ ᠠᠪᠴᠠᠯ ᠳᠤᠷᠠᠳᠴᠤ᠌᠂ ᠡᠭᠦᠷᠭᠡ ᠬᠠᠷᠢᠭᠤᠴᠠᠯᠭ᠎ᠠ᠎ᠶ᠋ᠢ ᠨᠡᠩ ᠳᠤᠲᠤᠷᠬᠠᠢ ᠪᠤᠯᠭᠠᠵᠠᠢ᠃ ᠬᠤᠢᠱᠢᠳᠠ᠎ᠶ᠋ᠢᠨ ᠠᠵᠢᠯ᠎ᠳᠠᠭᠠᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠦᠶᠯᠡᠰ᠎ᠢ ᠰᠠᠭᠤᠷᠢ ᠴᠢᠨᠠᠷᠲᠠᠶ ᠦᠶᠯᠡᠰ ᠪᠣᠯᠭᠠᠨ ᠦᠷᠭᠦᠯᠵᠢᠯᠡᠨ ᠰᠠᠢᠲᠤᠷ ᠠᠳᠭᠤᠵᠤ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠦᠶᠯᠡᠰ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍᠂ ᠮᠠᠨ᠎ᠤ ᠤᠷᠤᠨ᠎ᠢᠶᠠᠨ ᠱᠢᠨ᠎ᠡ ᠴᠠᠭ ᠦᠶ᠎ᠡ᠎ᠶ᠋ᠢᠨ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠪᠤᠯᠭᠠᠠ ᠪᠥᠲᠥᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠤᠯᠠᠭᠠᠨᠬᠠᠳᠠ ᠬᠤᠲᠠ᠎ᠶ᠋ᠢᠨ ᠦᠨᠳᠦᠰᠦᠲᠡᠨ᠎ᠤ ᠬᠡᠷᠡᠭ ᠡᠷᠬᠢᠯᠡᠬᠦ᠌ ᠵᠦᠪᠯᠡᠯ᠎ᠤᠨ ᠳᠡᠳ᠋ ᠡᠷᠬᠢᠯᠡᠭ᠌ᠴᠢ ᠪᠦᠬᠡᠴᠤᠭ᠍ᠲᠤ ᠬᠡᠯᠡᠨ᠎ᠡ᠃
      ᠯᠢᠨᠰᠢ ᠱᠢᠶᠠᠨ᠎ᠤ ᠯᠢᠨᠰᠢ ᠪᠠᠯᠭᠠᠰᠤᠨ᠎ᠤ ᠨᠠᠮ᠎ᠤᠨ ᠬᠤᠷᠢᠶᠠᠨ᠎ᠤ ᠱᠦᠵᠢ ᠷᠧᠨ ᠵᠥᠩ ᠯᠸᠢ᠄ 《ᠶᠡᠷᠦᠩᠬᠡᠶ ᠱᠦᠵᠢ ᠶᠠᠷᠢᠶᠠᠨ᠎ᠳᠠᠭᠠᠨ ᠠᠵᠤ ᠦᠢᠯᠡᠰ ᠠᠵᠢᠯ ᠣᠯᠭᠤᠯᠲᠠ᠎ᠪᠠᠷ ᠶᠠᠳᠠᠭᠤ᠎ᠶ᠋ᠢ ᠲᠡᠳᠬᠦᠬᠦ᠌ ᠦᠷ᠎ᠡ ᠪᠦᠲᠦᠮᠵᠢ᠎ᠶ᠋ᠢ ᠪᠠᠬᠢᠵᠢᠭᠦᠯᠦᠨ ᠥᠷᠭᠡᠳᠭᠡᠵᠦ᠍᠂ ᠶᠠᠳᠠᠭᠤ᠎ᠶ᠋ᠢ ᠲᠡᠳᠭᠦᠬᠦ᠌᠎ᠪᠠᠷ ᠣᠨᠳᠣᠣ ᠭᠠᠵᠠᠷ᠎ᠲᠤ ᠨᠡᠭᠦᠯᠭᠡᠭ᠌ᠰᠡᠨ᠎ᠤ ᠳᠠᠷᠠᠭᠠᠬᠢ ᠳᠡᠮᠵᠢᠯᠭᠡ᠎ᠶ᠋ᠢ ᠰᠠᠢᠲᠤᠷ ᠬᠢᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠣᠷᠭᠠᠨᠢᠭ᠎ᠢᠶᠠᠷ ᠵᠣᠯᠭᠠᠭᠤᠯᠬᠤ᠎ᠶ᠋ᠢ ᠠᠬᠢᠭᠤᠯᠬᠤ ᠬᠡᠷᠡᠭ᠌ᠲᠡᠢ ᠭᠡᠪᠡ᠂ ᠡᠨᠡ᠎ᠨᠢ ᠦᠨᠳᠦᠰᠦᠨ ᠱᠠᠲᠤᠨ᠎ᠤ ᠺᠠᠳ᠋ᠷ᠎ᠲᠤ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠥ᠍ ᠥᠭ᠌ᠴᠡᠢ᠃ ᠦᠢᠷ᠎ᠡ᠎ᠶ᠋ᠢᠨ ᠵᠢᠯ ᠮᠠᠨ᠎ᠤ ᠪᠠᠯᠭᠠᠰᠤ 402 ᠡᠷᠦᠬᠡ᠎ᠶ᠋ᠢᠨ 714 ᠬᠥᠮᠦᠨ᠎ᠢ ᠶᠠᠳᠠᠭᠤ᠎ᠠᠴᠠ ᠠᠩᠭᠢᠵᠢᠷᠠᠭᠤᠯᠪᠠ᠃ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠮᠵᠢ᠎ᠪᠠᠨ ᠦᠷᠭᠦᠯᠵᠢᠯᠡᠨ ᠪᠠᠬᠢᠵᠢᠭᠦᠯᠵᠦ᠍᠂ ᠣᠯᠠᠨ ᠲᠦᠮᠡᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌᠎ᠪᠠᠷ ᠶᠠᠳᠠᠭᠤ ᠬᠦᠴᠢᠷᠳᠡᠯᠲᠡᠶ ᠣᠯᠠᠨ ᠲᠦᠮᠡᠨ᠎ᠢ ᠳᠠᠭᠠᠭᠤᠯᠤᠨ᠂ 5 ᠵᠢᠵᠢᠭ ᠬᠦᠷᠢᠶᠡᠨ᠎ᠤ ᠠᠵᠤ ᠠᠬᠤᠶ᠎ᠶ᠋ᠢ ᠬᠥᠭ᠌ᠵᠢᠭᠦᠯᠵᠦ᠍᠂ ᠡᠷᠦᠬᠡ ᠪᠦᠷᠢ᠎ᠶ᠋ᠢᠨ ᠳᠤᠮᠳᠠᠴᠢ ᠣᠷᠣᠯᠭ᠎ᠠ᠎ᠶ᠋ᠢ 3000 ᠲᠥᠭᠦᠷᠢᠭ᠎ᠠᠴᠠ ᠳᠡᠭᠡᠭ᠌ᠰᠢ ᠨᠡᠮᠡᠭ᠌ᠳᠡᠭᠦᠯᠪᠡ᠃ ᠬᠤᠢᠱᠢᠳᠠ ᠪᠢᠳᠡ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠪᠠᠷᠢᠮᠲᠠᠯᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠢ ᠭᠦᠨᠵᠡᠭᠡᠢᠷᠡᠭᠦᠯᠤᠨ᠂ ᠠᠷᠠᠳ ᠲᠦᠮᠡᠨ᠎ᠳᠤ ᠨᠡᠩ ᠢᠯᠡᠭᠦᠦ ᠬᠦᠷᠲᠡᠮᠵᠢ᠎ᠶ᠋ᠢᠨ ᠲᠦᠷᠦᠭ᠌ᠳᠡᠯ᠂ ᠵᠣᠯ ᠵᠢᠷᠭᠠᠯ᠎ᠤᠨ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ ᠬᠦ᠍ᠷᠲᠡᠭᠡᠨ᠎ᠡ》 ᠭᠡᠵᠦ᠍ ᠪᠠᠶᠠᠷ᠎ᠲᠠᠢ ᠶᠠᠷᠢᠨ᠎ᠠ᠃
      ᠲᠥᠩᠯᠢᠶᠤᠤ ᠬᠤᠲᠠ᠎ᠶ᠋ᠢᠨ ᠥᠨᠳᠥᠰᠥᠳᠠᠨ᠎ᠤ ᠬᠡᠷᠡᠭ ᠡᠷᠬᠢᠯᠡᠬᠦ᠌ ᠵᠥᠪᠯᠡᠯ᠎ᠤᠨ ᠳᠡᠳ᠋ ᠡᠷᠬᠢᠯᠡᠭ᠌ᠴᠢ ᠴᠢ ᠭᠧᠨ ᠵᠥ᠍᠄ 《ᠶᠡᠷᠥᠩᠬᠡᠢ ᠱᠥᠵᠢ ᠰᠢ᠎ᠶ᠋ᠢᠨ ᠫᠢᠩ ᠥᠪᠥᠷ ᠮᠤᠩᠭᠤᠯ᠎ᠤᠨ ᠲᠥᠯᠥᠭᠡᠯᠡᠭ᠌ᠴᠢᠳ᠎ᠤᠨ ᠪᠥᠯᠬᠦᠮ᠎ᠤᠨ ᠬᠢᠨᠠᠨ ᠵᠥᠪᠯᠡᠬᠦ᠌᠎ᠳᠤ ᠤᠷᠤᠯᠴᠠᠬᠤ᠎ᠳᠠᠭᠠᠨ 〈ᠥᠪᠥᠷ ᠮᠤᠩᠭᠤᠯ᠎ᠤᠨ ᠥᠪᠡᠷᠳᠡᠭᠡᠨ ᠵᠠᠰᠠᠬᠤ ᠤᠷᠤᠨ ᠪᠤᠯ ᠮᠠᠨ᠎ᠤ ᠤᠯᠤᠰ᠎ᠤᠨ ᠬᠠᠮᠤᠬ᠎ᠤᠨ ᠡᠷᠳᠡ ᠪᠠᠢᠭᠤᠯᠤᠬ᠍ᠳᠠᠬ᠍ᠰᠠᠨ ᠥᠨᠳᠥᠰᠥᠳᠠᠨ᠎ᠤ ᠥᠪᠡᠷᠳᠡᠭᠡᠨ ᠵᠠᠰᠠᠬᠤ ᠤᠷᠤᠨ ᠪᠤᠯᠤᠨ᠎ᠠ᠂ ᠥᠨᠳᠥᠰᠥᠲᠠᠨ᠎ᠤ ᠤᠷᠤᠨ᠎ᠤ ᠥᠪᠡᠷᠳᠡᠭᠡᠨ ᠵᠠᠰᠠᠬᠤ ᠪᠠᠢᠭᠤᠯᠤᠯ᠎ᠢ ᠪᠠᠷᠢᠮᠳᠠᠯᠠᠨ ᠳᠡᠭᠦᠯᠳᠡᠷᠵᠢᠭᠦᠯᠵᠤ᠂ ᠥᠨᠳᠥᠰᠥᠲᠠᠨ᠎ᠨᠦᠭᠦᠳ᠎ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠴᠢᠩᠭᠠᠳᠭᠠᠨ᠂ ᠥᠨᠳᠥᠰᠥᠲᠠᠨ᠎ᠤ ᠤᠷᠤᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠠ᠎ᠶ᠋ᠢᠨ ᠠᠯᠬᠤᠭ᠎ᠠ᠎ᠶ᠋ᠢ ᠲᠥᠷᠭᠡᠳᠭᠡᠵᠤ᠂ ᠥᠨᠳᠥᠰᠥᠲᠠᠨ᠎ᠨᠦᠭᠦᠳ᠎ᠤᠨ ᠪᠥᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠡᠷᠡᠭ᠌ᠲᠠᠢ〉 ᠭᠡᠵᠠᠢ᠂ ᠡᠨᠡ᠎ᠨᠢ ᠪᠢᠳᠡᠨ᠎ᠳᠤ ᠮᠠᠰᠢ ᠶᠡᠭᠡ ᠤᠷᠮ᠎ᠠ ᠵᠤᠷᠢᠬ ᠬᠠᠢᠷᠠᠯᠠᠯ᠎ᠠ᠂ ᠲᠥᠩᠯᠢᠶᠤᠤ ᠪᠤᠯ ᠮᠤᠩᠭᠤᠯ ᠦᠨᠳᠦᠰᠦᠲᠡᠨ᠎ᠤ ᠬᠥᠮᠥᠨ ᠠᠮᠠ ᠬᠠᠮᠤᠬ᠎ᠤᠨ ᠲᠥᠪᠯᠡᠷᠡᠭ᠌ᠰᠡᠨ ᠬᠤᠲᠠ ᠪᠤᠯᠤᠨ᠎ᠠ᠂ ᠪᠢᠳᠡ 〈ᠮᠤᠩᠭᠤᠯ ᠮᠤᠷᠢᠨ᠎ᠤ ᠵᠤᠷᠢᠬ ᠰᠠᠨᠠᠭ᠎ᠠ〉 ᠎ᠶ᠋ᠢ ᠪᠠᠳᠠᠷᠠᠭᠤᠯᠵᠦ᠍᠂ ᠤᠬ ᠰᠠᠨᠠᠭ᠎ᠠ᠎ᠪᠠᠨ ᠥᠯᠥ᠍ ᠮᠠᠷᠳᠠᠨ᠂ ᠡᠭᠦᠷᠭᠡ ᠬᠠᠷᠢᠭᠤᠴᠠᠯᠭ᠎ᠠ᠎ᠪᠠᠨ ᠪᠠᠳᠤ ᠴᠡᠬᠡᠵᠢᠯᠠᠵᠥ᠍᠂ ᠤᠷᠤᠨ ᠨᠤᠲᠤᠬ᠎ᠤᠨ ᠠᠵᠤ ᠠᠬᠤᠢ ᠨᠡᠢᠭᠡᠮ᠎ᠤᠨ ᠬᠥᠭ᠌ᠵᠢᠯᠲᠠ᠎ᠳᠤ ᠬᠥᠴᠥᠨ ᠴᠢᠳᠠᠯ᠎ᠢᠶᠠᠨ ᠡᠷᠭᠦᠵᠤ᠂ ᠥᠨᠳᠥᠰᠥᠳᠠᠨ᠎ᠤ ᠪᠥᠯᠬᠦᠮᠳᠡᠯ ᠳᠠᠪᠱᠢᠯᠲᠠ᠎ᠶ᠋ᠢ ᠪᠥᠬᠦ᠌ ᠬᠥᠴᠥᠨ᠎ᠢᠶᠠᠷ ᠠᠬᠢᠭᠤᠯᠤᠨ᠂ ᠬᠠᠨᠤᠮᠵᠢᠳᠠᠢ ᠬᠠᠷᠢᠭᠤᠯᠳᠠ᠎ᠶ᠋ᠢᠨ ᠬᠠᠭᠤᠳᠠᠰᠤ ᠳᠤᠱᠢᠶᠠᠬᠤ᠎ᠪᠠᠷ ᠴᠢᠷᠮᠠᠢᠨ ᠠᠵᠢᠯᠯᠠᠨ᠎ᠠ》 ᠭᠡᠵᠤ ᠪᠤᠳᠤᠯ ᠳᠥᠷᠥᠭ᠌ᠳᠡᠯ᠎ᠢᠶᠠᠨ ᠶᠠᠷᠢᠯ᠎ᠠ᠃
      ᠨᠠᠢ᠍ᠮᠠᠨ ᠬᠤᠱᠢᠭᠤᠨ᠎ᠤ ᠭᠤᠷᠪᠠᠨᠬᠤᠸᠠ ᠰᠤᠮᠤᠨ᠎ᠤ ᠴᠠᠭᠠᠨᠨᠠᠭᠤᠷ ᠭᠠᠴᠠᠭᠠᠨ᠎ᠤ ᠳᠠᠩᠰᠠᠯᠠᠵᠤ ᠺᠠᠷᠲᠯᠠᠬ᠍ᠰᠠᠨ ᠶᠠᠳᠠᠭᠤ ᠬᠥᠴᠢᠷᠳᠡᠯᠲᠠᠢ ᠡᠷᠦᠬᠡ ᠳᠡᠮᠴᠢᠭ᠄ 《ᠶᠡᠷᠥᠩᠬᠡᠢ ᠱᠥᠵᠢ ᠰᠢ᠎ᠶ᠋ᠢᠨ ᠫᠢᠩ ᠦᠪᠦᠷ ᠮᠤᠩᠭᠤᠯ᠎ᠤᠨ ᠲᠥᠯᠥᠭᠡᠯᠡᠭ᠌ᠴᠢᠳ᠎ᠤᠨ ᠪᠥᠯᠬᠦᠮ᠎ᠤᠨ ᠬᠢᠨᠠᠨ ᠵᠥᠪᠯᠡᠬᠦ᠌᠎ᠳᠤ ᠤᠷᠤᠯᠴᠠᠬᠤ᠎ᠳᠠᠭᠠᠨ᠂ ᠶᠠᠳᠠᠭᠤ᠎ᠶ᠋ᠢ ᠳᠡᠳᠭᠦᠬᠦ᠌ ᠥᠷ᠎ᠡ ᠪᠥᠲᠥᠮᠵᠢ᠎ᠶ᠋ᠢ ᠪᠠᠬᠢᠵᠢᠭᠦᠯᠥᠨ ᠥᠷᠭᠡᠳᠭᠡᠵᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠪᠠ ᠬᠥᠳᠡᠭᠡ ᠲᠤᠰᠭᠤᠨ᠎ᠢ ᠬᠥᠭ᠌ᠵᠢᠭᠦᠯᠥᠨ ᠮᠠᠨᠳᠤᠭᠤᠯᠬᠤ᠎ᠶ᠋ᠢ ᠤᠷᠭᠠᠨᠢᠬ᠎ᠢᠶᠠᠷ ᠵᠤᠯᠭᠠᠭᠤᠯᠬᠤ᠎ᠶ᠋ᠢ ᠠᠬᠢᠭᠤᠯᠬᠤ ᠬᠡᠷᠡᠭ᠌ᠳᠡᠢ ᠬᠡᠵᠥ᠍ ᠴᠢᠬᠤᠯᠠᠴᠢᠯᠠᠠ ᠵᠢᠭᠠᠪᠤᠷᠢᠯᠠᠪᠠ᠂ ᠪᠢ ᠶᠠᠳᠠᠭᠤ ᠬᠥᠴᠢᠷᠳᠡᠯᠲᠠᠢ ᠡᠷᠥᠭᠡ ᠪᠤᠯᠤᠬ᠍ᠰᠠᠨ᠎ᠤ ᠬᠤᠪᠢ᠎ᠳᠤ ᠨᠠᠮ ᠵᠠᠰᠠᠬ᠎ᠤᠨ ᠬᠠᠢᠷ᠎ᠠ ᠬᠠᠯᠠᠮᠵᠢ᠎ᠶ᠋ᠢ ᠥᠯᠡᠮᠵᠢ ᠬᠥᠷᠳᠡᠯ᠎ᠡ᠂ ᠮᠥᠨ ᠴᠤ᠌ ᠡᠯ᠎ᠡ ᠵᠥᠢᠯ᠎ᠤᠨ ᠲᠥᠷᠥ᠎ᠶ᠋ᠢᠨ ᠪᠤᠳᠤᠯᠭ᠎ᠠ᠎ᠶ᠋ᠢᠨ ᠳᠤᠰᠠᠯᠠᠮᠵᠢ᠎ᠪᠠᠷ ᠠᠮᠢᠳᠤᠷᠠᠯ ᠮᠢᠨᠢ ᠤᠯᠠᠮ᠎ᠠᠴᠠ ᠤᠯᠠᠮ ᠰᠠᠢᠵᠢᠷᠠᠵᠤ᠂ ᠨᠢᠳᠥᠨᠤᠨ᠎ᠤ ᠤᠷᠤᠯᠭ᠎ᠠ 9 ᠲᠥᠮᠡ ᠭᠠᠷᠤᠢ ᠲᠥᠭᠦᠷᠢᠭ᠎ᠲᠤ ᠬᠥᠷᠪᠡ᠃ ᠪᠢ ᠨᠢᠭᠡᠨᠳᠡ 〈ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭᠠᠳᠤ ᠡᠷᠥᠭᠡ᠎ᠠᠴᠠ ᠭᠠᠷᠬᠤ ᠭᠤᠶᠤᠴᠢᠯᠠᠯ᠎ᠤᠨ ᠪᠢᠴᠢᠭ〉 ᠎ᠢᠶᠠᠨ ᠭᠠᠴᠠᠭᠠᠨ᠎ᠤ ᠨᠠᠮ᠎ᠤᠨ ᠡᠭᠦᠷ᠎ᠲᠤ ᠲᠤᠱᠢᠶᠠᠬ᠍ᠰᠠᠠ᠂ ᠶᠠᠳᠠᠭᠤ᠎ᠠᠴᠠ ᠲᠦᠢᠯᠪᠥᠷᠢᠲᠠᠢ ᠠᠩᠭᠢᠵᠢᠷᠠᠶ᠎ᠠ ᠭᠡᠪᠡᠯ ᠲᠦᠷᠦ᠎ᠶ᠋ᠢᠨ ᠪᠤᠳᠤᠯᠭ᠎ᠠ᠎ᠳᠤ ᠲᠦᠱᠢᠭ᠌ᠯᠡᠬᠡᠳ ᠯᠡ ᠪᠠᠢᠵᠤ ᠪᠣᠯᠬᠤ ᠦᠭᠡᠢ᠂ ᠡᠨᠡ ᠵᠢᠯ ᠪᠢ ᠳᠡᠵᠢᠭᠡᠪᠤᠷᠢ᠎ᠶ᠋ᠢᠨ ᠦᠢᠯᠡᠰ᠎ᠤᠨ ᠬᠡᠪᠴᠢᠶ᠎ᠠ᠎ᠪᠠᠨ ᠥᠷᠭᠡᠳᠭᠡᠵᠤ᠂ ᠠᠵᠤ ᠥᠢᠯᠡᠰ᠎ᠢᠶᠠᠨ ᠪᠤᠵᠠᠭᠠᠢᠷᠠᠭᠤᠯᠤᠨ᠂ ᠥᠪᠡᠷ᠎ᠤᠨ ᠬᠥᠴᠥ᠎ᠪᠠᠷ᠎ᠢᠶᠠᠨ ᠪᠠᠶᠠᠵᠢᠨ ᠴᠢᠨᠡᠭᠡᠯᠢᠭ᠌ᠵᠢᠬᠦ᠌᠎ᠪᠠᠷ ᠴᠢᠷᠮᠠᠢᠨ᠎ᠠ》 ᠭᠡᠵᠤ ᠢᠳᠡᠭᠡᠯ ᠳᠡᠭᠦᠯᠳᠡᠷ ᠶᠠᠷᠢᠨ᠎ᠠ᠃
      ᠬᠥᠪᠴᠢ᠎ᠶ᠋ᠢᠨ ᠡᠯᠡᠰᠣᠨ᠎ᠤ ᠬᠥᠪᠡᠬᠡᠨ᠎ᠳᠤ ᠪᠠᠢᠷᠢᠱᠢᠵᠣ ᠪᠠᠢᠭ᠎ᠠ ᠲᠠᠯᠠᠳ ᠬᠤᠱᠢᠭᠤᠨ᠎ᠤ ᠨᠠᠮ᠎ᠤᠨ ᠬᠤᠷᠢᠶᠠᠨ᠎ᠤ ᠱᠥᠵᠢ ᠴᠢ᠊ · ᠲᠡᠯᠠᠠᠳᠠᠢ᠄ 《ᠶᠡᠷᠣᠩᠬᠡᠢ ᠱᠥᠵᠢ ᠰᠢ᠎ᠶ᠋ᠢᠨ ᠫᠢᠩ ᠦᠪᠦᠷ ᠮᠣᠩᠭᠤᠯ᠎ᠤᠨ ᠳᠥᠯᠥᠬᠡᠯᠡᠭ᠌ᠴᠢᠳ᠎ᠤᠨ ᠪᠥᠯᠬᠦᠮ᠎ᠤᠨ ᠬᠢᠨᠡᠨ ᠵᠥᠪᠯᠡᠬᠦ᠌᠎ᠳᠤ ᠣᠷᠣᠯᠴᠠᠬᠤ᠎ᠳᠠᠭᠠᠨ 〈ᠠᠷᠠᠳ ᠳᠥᠮᠡᠨ᠎ᠢ ᠲᠡᠬᠡᠳᠥᠯᠡᠬᠦ᠌᠎ᠶ᠋ᠢ ᠪᠠᠷᠢᠮᠲᠠᠯᠠᠨ᠂ ᠠᠷᠠᠳ ᠳᠥᠮᠡᠨ᠎ᠳᠤ ᠲᠠᠰᠣᠷᠠᠯᠳᠠ ᠥᠬᠡᠢ ᠪᠣᠶᠠᠨ ᠥᠢᠯᠡᠳᠴᠤ᠌᠂ ᠠᠷᠠᠳ ᠳᠥᠮᠡᠨ᠎ᠢᠶᠠᠷ ᠭᠤᠣᠯ ᠪᠣᠯᠭᠠᠬᠤ ᠬᠥᠭ᠌ᠵᠢᠯᠳᠡ᠎ᠶ᠋ᠢᠨ ᠥᠵᠡᠯ ᠰᠠᠨᠠᠭ᠎ᠠ᠎ᠶ᠋ᠢ ᠪᠠᠷᠢᠮᠳᠠᠯᠠᠬᠤ᠎ᠶ᠋ᠢᠨ ᠬᠠᠮᠲᠤ ᠡᠯ᠎ᠠ ᠵᠥᠢᠯ᠎ᠤᠨ ᠱᠢᠢᠳᠪᠣᠷᠢᠳᠥ ᠪᠣᠳᠣᠯᠭ᠎ᠠ ᠪᠠᠢᠷᠢᠯᠠᠭᠤᠯᠣᠯᠳᠠ ᠪᠣᠯᠣᠨ ᠪᠣᠳᠠᠳᠡᠢ ᠠᠵᠢᠯ᠎ᠳᠠᠭᠠᠨ ᠨᠠᠢᠳᠠᠪᠣᠷᠢᠵᠢᠭᠤᠯᠬᠤ ᠬᠡᠷᠡᠭ᠌ᠳᠡᠢ〉 ᠬᠡᠰᠡᠨ ᠴᠢᠬᠤᠯᠠ ᠶᠠᠷᠢᠶ᠎ᠠ᠎ᠶ᠋ᠢ ᠰᠣᠨᠣᠰᠣᠭᠠᠳ ᠰᠡᠳᠭᠢᠯ ᠶᠡᠬᠡᠳᠠ ᠳᠣᠬ᠍ᠳᠣᠯᠣᠯ᠎ᠠ᠃ ᠮᠠᠨ᠎ᠤ ᠬᠤᠱᠢᠭᠤ 〈ᠥᠬᠦᠯ᠎ᠤᠨ ᠲᠠᠯᠠᠢ〉 ᠬᠡᠮᠡᠬᠦ᠌ ᠬᠥᠪᠴᠢ᠎ᠶ᠋ᠢᠨ ᠡᠯᠡᠰᠣᠨ᠎ᠳᠤ ᠪᠠᠢᠷᠢᠱᠢᠵᠣ᠂ ᠡᠯᠡᠰᠣ ᠮᠠᠩᠬᠠᠨ᠎ᠤ ᠬᠤᠣᠷ ᠬᠥᠨᠥᠬᠡᠯ᠎ᠢ ᠬᠠᠱᠢᠷᠠᠳᠠᠯ᠎ᠠ ᠠᠮᠰᠠᠬ᠍ᠰᠠᠨ ᠭᠠᠵᠠᠷ᠃ ᠬᠡᠪᠡᠴᠣ ᠮᠠᠨ᠎ᠤ ᠬᠤᠱᠢᠭᠤᠨ᠎ᠤ 30 ᠳᠥᠮᠡ ᠭᠠᠷᠤᠢ ᠺᠠᠳ᠋ᠷ ᠣᠯᠠᠨ ᠳᠥᠮᠡᠨ ᠡᠬᠡ ᠨᠣᠳᠤᠬ᠎ᠢᠶᠠᠨ ᠨᠣᠭᠤᠭᠠᠷᠠᠭᠤᠯᠬᠤ᠎ᠶ᠋ᠢᠨ ᠳᠥᠯᠥᠬᠡ ᠬᠡᠳᠣᠨ ᠠᠷᠪᠠᠨ ᠵᠢᠯ ᠡᠯᠡᠰᠣ ᠮᠠᠩᠬ᠎ᠠ᠎ᠲᠠᠢ ᠡᠷᠡᠯᠬᠡᠭ᠎ᠢᠶᠠᠷ ᠲᠡᠮᠡᠴᠡᠬᠡᠳ ᠥᠩᠬᠡᠷᠡᠭ᠌ᠰᠡᠨ᠎ᠤ ᠡᠯᠡᠰᠣ ᠤᠷᠤᠭ᠍ᠰᠢᠯᠠᠵᠥ᠍ ᠬᠥᠮᠥᠨ ᠣᠬᠤᠷᠢᠳᠠᠬ ᠪᠠᠢᠭ᠍ᠰᠠᠠ᠎ᠢ ᠬᠥᠮᠥᠨ ᠣᠷᠣᠬ᠍ᠰᠢᠯᠠᠵᠥ᠍ ᠡᠯᠡᠰᠣ ᠣᠬᠤᠷᠢᠳᠠᠬ ᠪᠣᠯᠭᠠᠨ ᠬᠤᠪᠢᠷᠠᠭᠤᠯᠵᠣ᠂ ᠥᠩᠬᠡᠷᠡᠭ᠌ᠰᠡᠨ᠎ᠤ 〈ᠥᠬᠦᠯ᠎ᠤᠨ ᠲᠠᠯᠠᠢ〉 ᠎ᠶ᠋ᠢ ᠥᠨᠣᠳᠣᠷ᠎ᠤᠨ 〈ᠬᠥᠰᠡᠯ᠎ᠤᠨ ᠲᠠᠯᠠᠢ〉 ᠪᠣᠯᠭᠠᠪᠠ᠃ ᠪᠢᠳᠡ ᠶᠡᠷᠣᠩᠬᠡᠢ ᠱᠥᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠬ ᠰᠠᠨᠠᠭ᠎ᠠ᠎ᠶ᠋ᠢ ᠡᠷᠡᠰ ᠨᠠᠢᠳᠠᠪᠣᠷᠢᠵᠢᠭᠤᠯᠵᠣ᠂ ᠠᠮᠢ ᠠᠬᠤᠢ᠎ᠶ᠋ᠢ ᠣᠷᠢᠳ᠎ᠢᠶᠠᠷ ᠪᠤᠳᠤᠯᠬᠢᠯᠠᠭ᠍ᠰᠠᠨ ᠪᠣᠬᠢᠷᠳᠣᠯ ᠥᠬᠡᠢ ᠬᠥᠭ᠌ᠵᠢᠯᠳᠡ᠎ᠶ᠋ᠢ ᠡᠷᠡᠰ ᠪᠠᠷᠢᠮᠳᠠᠯᠠᠵᠣ᠂ ᠴᠢᠨᠡᠷ ᠰᠠᠢᠳᠡᠢ ᠬᠥᠭ᠌ᠵᠢᠯᠳᠡ᠎ᠶ᠋ᠢᠨ ᠵᠠᠮ᠎ᠢᠶᠠᠷ ᠡᠷᠡᠰ ᠵᠠᠮᠨᠠᠵᠣ᠂ ᠳᠠᠯᠠᠳ ᠬᠤᠱᠢᠭᠤ᠎ᠪᠠᠨ ᠥᠪᠣᠷ ᠮᠣᠩᠭᠤᠯ᠎ᠤᠨ ᠥᠵᠡᠰᠭᠦᠯᠡᠩᠳᠣ ᠰᠠᠢᠬᠠᠨ ᠦᠵᠡᠮᠵᠢ᠎ᠶ᠋ᠢᠨ ᠣᠷᠣᠨ ᠪᠣᠯᠭᠠᠬᠤ᠎ᠪᠠᠷ ᠴᠢᠷᠮᠡᠢᠨ ᠲᠠᠮᠠᠴᠨᠨ᠎ᠠ》 ᠬᠡᠵᠣ ᠵᠤᠷᠢᠭ᠎ᠢᠶᠠᠨ ᠢᠯᠡᠳᠭᠡᠨ᠎ᠠ᠃
      ᠥᠣᠱᠢᠨ ᠬᠤᠱᠢᠭᠤᠨ᠎ᠤ ᠣᠯᠠᠭᠠᠨᠳᠣᠯᠣᠭᠠᠢ ᠪᠠᠯᠭᠠᠰᠣᠨ᠎ᠤ ᠪᠠᠶᠠᠨᠱᠢᠯᠢ ᠭᠠᠴᠠᠭᠠᠨ᠎ᠤ ᠲᠠᠷᠤᠭ᠎ᠠ ᠵᠢᠷᠭᠠᠯᠳᠠᠯᠠᠢ᠄ 《ᠪᠢ ᠲᠧᠯᠸᠢᠰ᠎ᠠᠴᠠ ᠶᠡᠷᠣᠩᠬᠡᠢ ᠱᠥᠵᠢ ᠰᠢ᠎ᠶ᠋ᠢᠨ ᠫᠢᠩ᠎ᠤᠨ ᠥᠪᠣᠷ ᠮᠣᠩᠭᠤᠯ᠎ᠤᠨ ᠳᠥᠯᠥᠬᠡᠯᠭ᠌ᠴᠢᠳ᠎ᠤᠨ ᠪᠥᠯᠬᠦᠮ᠎ᠤᠨ ᠬᠢᠨᠠᠨ ᠵᠦᠪᠯᠡᠬᠦ᠌᠎ᠳᠤ ᠣᠷᠣᠯᠴᠠᠬᠤ᠎ᠳᠠᠭᠠᠨ ᠶᠠᠷᠢᠭ᠍ᠰᠠᠨ ᠴᠢᠬᠤᠯᠠ ᠶᠠᠷᠢᠶ᠎ᠠ᠎ᠶ᠋ᠢ ᠰᠠᠳᠭᠢᠯ ᠲᠡᠯᠪᠢᠠ ᠰᠤᠷᠤᠯᠴᠠᠯ᠎ᠠ᠃ ᠶᠡᠷᠤᠩᠬᠡᠢ ᠱᠦᠵᠢ ᠥᠪᠣᠷ ᠮᠣᠩᠭᠤᠯ᠎ᠤᠨ ᠠᠷᠠᠳ ᠳᠥᠮᠡᠨ᠎ᠢ ᠶᠡᠬᠡᠳᠡ ᠠᠩᠬᠠᠷᠤᠠ ᠬᠠᠯᠠᠮᠵᠢᠯᠠᠵᠥ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠳᠠ ᠱᠢᠪᠳᠣᠯᠬᠤ᠂ ᠣᠷᠴᠢᠨ ᠳᠣᠭᠤᠷᠢᠨ᠎ᠢ ᠬᠠᠮᠠᠭᠠᠯᠠᠬᠤ᠂ ᠠᠮᠢ ᠠᠬᠤᠢ᠎ᠶ᠋ᠢ ᠰᠡᠷᠬᠦᠬᠡᠬᠦ᠂ ᠠᠷᠠᠳ᠎ᠤᠨ ᠠᠮᠢᠳᠣᠷᠠᠯ᠎ᠢ ᠰᠠᠢᠵᠢᠷᠠᠭᠤᠯᠬᠤ᠂ ᠬᠥᠳᠡᠭᠡ ᠳᠣᠰᠭᠤᠨ᠎ᠢ ᠬᠥᠭ᠌ᠵᠢᠬᠦᠯᠥᠨ ᠮᠠᠨᠳᠣᠭᠤᠯᠬᠤ ᠵᠡᠷᠬᠡ ᠪᠠᠢᠯᠳᠤᠬᠤ ᠪᠤᠳᠤᠯᠭ᠎ᠠ᠎ᠶ᠋ᠢᠨ ᠲᠡᠯ᠎ᠠ᠎ᠪᠠᠷ ᠨᠠᠩ ᠨᠠᠷᠢᠯᠢᠭ ᠨᠠᠩ ᠪᠤᠳᠠᠳᠠᠢ ᠱᠠᠭᠠᠷᠳᠠᠯᠭ᠎ᠠ ᠳᠣᠷᠠᠳᠴᠣ᠂ ᠣᠯᠠᠨ ᠳᠥᠮᠡᠨ᠎ᠳᠤ ᠪᠤᠳᠠᠳᠠᠢ ᠠᠱᠢᠬ ᠬᠥᠷᠳᠡᠬᠡᠬᠦ᠌᠎ᠶ᠋ᠢ ᠨᠠᠩ ᠴᠢᠬᠤᠯᠠᠴᠢᠯᠠᠭ᠍ᠰᠠᠠ᠎ᠳᠤ ᠪᠢᠳᠠ ᠶᠡᠬᠡᠳᠠ ᠪᠠᠶᠠᠷᠯᠠᠵᠥ᠍ ᠪᠠᠢᠨ᠎ᠠ᠃ ᠳᠥᠪ᠎ᠤᠨ ᠪᠠ ᠦᠪᠡᠷᠲᠡᠭᠡᠨ ᠵᠠᠰᠠᠬᠤ ᠣᠷᠣᠨ᠎ᠤ ᠡᠯ᠎ᠠ ᠵᠦᠢᠯ᠎ᠤᠨ ᠲᠦᠷᠦ᠎ᠶ᠋ᠢᠨ ᠪᠤᠳᠤᠯᠭ᠎ᠠ᠎ᠶ᠋ᠢᠨ ᠬᠠᠷᠠᠭᠠᠯᠵᠠᠯ᠎ᠢᠶᠠᠷ ᠮᠠᠨ᠎ᠤ ᠭᠠᠴᠠᠭᠠᠨ᠎ᠤ ᠠᠷᠠᠳ᠎ᠤᠨ ᠠᠮᠢᠳᠤᠷᠠᠯ ᠤᠯᠠᠮ᠎ᠢᠶᠠᠷ ᠰᠠᠢᠵᠢᠷᠠᠵᠥ᠍᠂ ᠭᠦᠮᠦᠨ ᠲᠤᠮᠳᠠᠴᠢ᠎ᠶ᠋ᠢᠨ ᠵᠢᠯ᠎ᠤᠨ ᠤᠷᠤᠯᠭ᠎ᠠ 2 ᠳᠥᠮᠡᠨ ᠲᠦᠭᠦᠷᠢᠭ᠎ᠲᠤ ᠬᠦᠷᠬᠦ᠌ ᠬᠡᠵᠥ᠍ ᠪᠠᠢᠨ᠎ᠠ᠂ ᠶᠠᠪᠣᠬᠤ ᠳᠣᠳᠣᠮ ᠰᠠᠢᠨ ᠪᠣᠯᠣᠨ᠎ᠠ ᠬᠡᠳᠡᠭ᠎ᠲᠤ ᠪᠠᠳᠣ ᠢᠳᠡᠬᠡᠯ᠎ᠲᠠᠢ ᠪᠠᠢᠨ᠎ᠠ》 ᠭᠡᠵᠤ ᠪᠠᠶᠠᠷ᠎ᠲᠠᠢ ᠬᠡᠯᠡᠨ᠎ᠡ᠃
      5 ᠰᠠᠷ᠎ᠠ᠎ᠶ᠋ᠢᠨ 22 ᠎ᠤᠨ ᠦᠳᠡ᠎ᠶ᠋ᠢᠨ ᠬᠤᠢᠨ᠎ᠠ᠂ ᠪᠠᠷᠠᠭᠤᠨ ᠦᠵᠦᠮᠦᠴᠢᠨ ᠬᠤᠱᠢᠭᠤᠨ᠎ᠤ ᠬᠤᠭᠤᠯᠠᠳᠤ᠎ᠶ᠋ᠢᠨ ᠭᠤᠤᠯ ᠪᠠᠯᠭᠠᠰᠤᠨ᠎ᠤ ᠱᠢᠨᠡᠪᠤᠯᠠᠭ ᠭᠠᠴᠠᠭᠠᠨ᠎ᠤ ᠮᠠᠯᠴᠢᠨ ᠡᠨᠡᠷᠢᠯᠳᠤ᠎ᠶ᠋ᠢᠨ᠎ᠬᠢᠨ᠎ᠳᠤ ᠬᠦᠯ ᠬᠦᠭᠡᠷᠴᠡᠭ ᠪᠤᠯᠵᠤ᠂ ᠤᠢ᠍ᠢᠷ᠎ᠠ ᠵᠡᠷᠭᠡᠯᠡᠳᠡᠭᠡ ᠬᠤᠳᠠ ᠤᠰᠤᠨ᠎ᠤ᠎ᠬᠢᠨ ᠬᠦᠷᠦᠯᠴᠡᠨ ᠢᠷᠡᠵᠡᠭᠡᠵᠦ᠍᠂ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠰᠤᠨᠢᠨ ᠮᠡᠳᠡᠭᠡᠨ᠎ᠤ ᠱᠢᠭᠤᠳ ᠨᠡᠪᠳᠡᠷᠡᠭᠦᠯᠭᠡ᠎ᠶ᠋ᠢ ᠱᠢᠮᠡᠳᠤᠨ ᠦᠵᠡᠵᠡᠭᠡᠪᠠ᠃ ᠮᠠᠯᠴᠢᠨ ᠡᠨᠡᠷᠢᠯᠳᠤ ᠪᠤᠯ ᠦᠪᠡᠷᠲᠡᠭᠡᠨ ᠵᠠᠰᠠᠬᠤ ᠤᠷᠤᠨ᠎ᠤ ᠲᠡᠰ᠎ᠤᠨ ᠱᠢᠯᠢᠳᠡᠭ ᠨᠠᠮ᠎ᠤᠨ ᠠᠵᠢᠯᠳᠠᠨ ᠪᠦᠭᠡᠳ ᠬᠤᠱᠢᠭᠤᠨ᠎ᠤ᠎ᠪᠠᠨ ᠠᠷᠠᠳ᠎ᠤᠨ ᠲᠦᠯᠦᠭᠡᠯᠡᠭ᠌ᠴᠢ᠂ ᠭᠠᠴᠠᠭᠠᠨ᠎ᠤ᠎ᠪᠠᠨ ᠪᠠᠶᠠᠵᠢᠯ᠎ᠤᠨ ᠲᠠᠭᠠᠭᠤᠯᠤᠭ᠍ᠴᠢ ᠡᠷᠦᠬᠡ᠎ᠶ᠋ᠢᠨ ᠨᠢᠭᠡ᠃ ᠤᠢ᠍ᠢᠷ᠎ᠠ᠎ᠶ᠋ᠢᠨ ᠵᠢᠯ᠎ᠳᠤ ᠲᠡᠷᠡ ᠲᠡᠭᠡᠳᠤ ᠱᠠᠲᠤᠨ᠎ᠤ ᠨᠠᠮ ᠵᠠᠰᠠᠭ᠎ᠤᠨ ᠲᠤᠷᠠᠳᠤᠭ᠍ᠰᠠᠨ 《ᠬᠤᠨᠢ᠎ᠶ᠋ᠢ ᠴᠦᠬᠡᠴᠢᠯᠡᠵᠦ᠍᠂ ᠦᠭᠡᠷ᠎ᠢ ᠨᠡᠮᠡᠭ᠌ᠳᠡᠭᠦᠯᠬᠦ᠌》 ᠲᠦᠷᠦ᠎ᠶ᠋ᠢᠨ ᠪᠤᠳᠤᠯᠭ᠎ᠠ᠎ᠶ᠋ᠢ ᠢᠳᠡᠪᠬᠢᠳᠡᠢ ᠴᠤᠤᠷᠢᠶᠠᠳᠤᠨ᠂ ᠮᠠᠯ ᠰᠦᠷᠦᠭ᠎ᠤᠨ ᠪᠦᠲᠦᠴᠠ᠎ᠳᠡᠭᠡᠨ ᠵᠤᠷᠢᠭ᠍ᠳᠠᠢ ᠲᠤᠬᠢᠷᠠᠭᠤᠯᠤᠯᠲᠠ ᠬᠢᠵᠦ᠍᠂ ᠦᠪᠡᠷ᠎ᠤᠨ ᠬᠤᠪᠢᠳᠠᠭ᠍ᠰᠠᠨ 3500 ᠭᠠᠷᠤᠢ ᠮᠦ᠍ ᠨᠤᠳᠤᠭ ᠲᠡᠭᠡᠷ᠎ᠡ᠎ᠪᠠᠨ 50 ᠭᠠᠷᠤᠢ ᠰᠠᠢᠨ ᠡᠭᠦᠯᠳᠡᠷ᠎ᠤᠨ ᠱᠢᠮᠧᠨ᠋ᠲᠠᠷ ᠦᠭᠡᠷ᠂ 300 ᠬᠤᠨᠢ ᠮᠠᠯᠵᠢᠵᠤ᠂ ᠮᠠᠯᠵᠢᠯ᠎ᠤᠨ ᠦᠷ᠎ᠡ ᠠᠱᠢᠬ᠎ᠨᠢ ᠵᠢᠯ ᠲᠤᠳᠤᠮ ᠲᠡᠭᠡᠭ᠌ᠰᠢᠯᠡᠭ᠌ᠰᠡᠨ ᠪᠦᠭᠡᠳ ᠨᠤᠲᠤᠭ ᠪᠡᠯᠴᠢᠭᠡᠷ᠎ᠢᠶᠠᠨ ᠲᠤᠭᠤᠷᠢᠭ ᠬᠤᠪᠢᠶᠠᠨ ᠰᠡᠯᠭᠦᠨ ᠮᠠᠯᠵᠢᠭ᠍ᠰᠠᠨ᠎ᠢᠶᠠᠷ ᠨᠤᠲᠤᠭ ᠪᠡᠯᠴᠢᠭᠡᠷ᠎ᠨᠢ ᠴᠤ᠌ ᠵᠢᠯ᠎ᠠᠴᠠ ᠵᠢᠯ ᠰᠠᠢᠵᠢᠷᠠᠨ ᠰᠡᠷᠭᠦᠭᠡᠳ ᠠᠵᠤ ᠠᠬᠤᠢ ᠪᠤᠯᠤᠨ ᠠᠮᠢ ᠠᠬᠤᠢ᠎ᠶ᠋ᠢᠨ ᠬᠤᠤᠰ ᠦᠷ᠎ᠡ ᠠᠱᠢᠬ᠎ᠢ ᠤᠯᠤᠭ᠍ᠰᠠᠨ ᠪᠠᠢᠨ᠎ᠠ᠃ ᠡᠨᠡ ᠡᠳᠦᠷ ᠲᠡᠷᠡ ᠶᠡᠷᠦᠩᠬᠡᠢ ᠱᠦᠵᠢ ᠰᠢ᠎ᠶ᠋ᠢᠨ ᠫᠢᠡᠭ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠡᠷᠢᠶ᠎ᠡ᠎ᠶ᠋ᠢ ᠰᠤᠨᠤᠰᠤᠭᠠᠳ᠄ 《ᠦᠨᠳᠦᠰᠤᠨ ᠱᠠᠲᠤᠨ᠎ᠤ ᠨᠠᠮ᠎ᠤᠨ ᠭᠡᠱᠢᠭᠦᠨ ᠪᠤᠯᠤᠭ᠍ᠰᠠᠨ᠎ᠤ ᠬᠤᠪᠢ᠎ᠳᠤ ᠶᠡᠷᠦᠩᠬᠡᠢ ᠱᠦᠵᠢ᠎ᠶ᠋ᠢᠨ ᠴᠢᠬᠤᠯᠠ ᠵᠢᠭᠠᠪᠤᠷᠢ᠎ᠶ᠋ᠢ ᠪᠠᠲᠤ ᠴᠡᠭᠡᠵᠢᠯᠡᠨ᠂ ᠨᠠᠮ᠎ᠤᠨ ᠭᠡᠱᠢᠭᠦᠨ᠎ᠤ ᠲᠡᠷᠢᠭᠦᠨ᠎ᠤ ᠴᠢᠨᠠᠷ᠎ᠢ ᠢᠮᠠᠭ᠍ᠳᠠ ᠲᠡᠭᠡᠳᠦᠯᠡᠵᠦ᠍᠂ ᠦᠨᠡᠨᠴᠢ ᠱᠢᠳᠤᠷᠭᠤ᠎ᠪᠠᠷ ᠮᠠᠯᠴᠢᠨ ᠲᠦᠮᠡᠨ᠎ᠳᠡᠭᠡᠨ ᠦᠢᠯᠡᠴᠢᠯᠡᠵᠦ᠍᠂ ᠠᠵᠤ ᠠᠮᠢᠳᠤᠷᠠᠯ᠎ᠢᠶᠠᠨ ᠨᠡᠩ ᠦᠨᠢᠷ ᠲᠠᠩᠰᠤᠭ ᠪᠤᠯᠭᠠᠨ ᠴᠤᠭ᠍ᠴᠠᠯᠠᠨ ᠪᠠᠢᠭᠤᠯᠬᠤ᠎ᠪᠠᠷ ᠬᠦᠴᠦᠯᠡᠨ ᠵᠢᠳᠬᠦᠨ᠎ᠡ》 ᠭᠡᠵᠦ᠍ ᠵᠤᠷᠢᠭ᠎ᠢᠶᠠᠨ ᠢᠯᠡᠳᠭᠡᠯ᠎ᠠ᠃
      ᠡᠳᠡᠨᠡᠢᠬᠢᠨ᠎ᠳᠤ ᠬᠦᠷᠦᠯᠴᠡᠨ ᠢᠷᠡᠭ᠌ᠰᠡᠨ ᠬᠤᠭᠤᠯᠠᠳᠤ᠎ᠶ᠋ᠢᠨ ᠭᠤᠤᠯ ᠪᠠᠯᠭᠠᠰᠤᠨ᠎ᠤ ᠱᠢᠨᠡᠪᠤᠯᠠᠭ ᠭᠠᠴᠠᠭᠠᠨ᠎ᠤ ᠮᠠᠯᠴᠢᠨ ᠡᠷᠬᠢᠮᠪᠡᠶᠠᠷ ᠴᠤᠭ᠍ᠮᠠᠨᠳᠤᠬᠤ ᠨᠠᠷ᠄ 《ᠶᠡᠷᠦᠩᠭᠡᠢ ᠱᠦᠵᠢ ᠰᠢ᠎ᠶ᠋ᠢᠨ ᠫᠢᠡᠭ᠎ᠤᠨ ᠬᠠᠢᠷ᠎ᠠ ᠬᠠᠯᠠᠮᠵᠢ᠎ᠳᠤ ᠪᠢᠳᠡ ᠮᠠᠱᠢᠳᠠ ᠵᠤᠷᠢᠭ᠍ᠵᠢᠨ ᠲᠤᠭ᠍ᠳᠤᠯᠵᠤ ᠪᠠᠢᠨ᠎ᠠ᠂ ᠬᠤᠢᠱᠢᠳᠠ ᠬᠦᠷᠰᠢ ᠵᠡᠷᠭᠡᠯᠡᠳᠡᠭᠡ ᠠᠢᠯ ᠤᠰᠤᠨ᠎ᠤ᠎ᠬᠢᠨ᠎ᠲᠠᠢ᠎ᠪᠠᠨ ᠰᠡᠳᠭᠢᠯ ᠨᠢᠭᠡᠳᠤᠨ ᠪᠦᠯᠬᠦᠮᠳᠡᠨ ᠨᠢᠭ᠍ᠳᠠᠷᠠᠵᠤ᠂ ᠨᠡᠩ ᠢᠯᠡᠭᠦᠦ ᠱᠢᠷᠭᠠᠭᠤ ᠬᠦᠳᠡᠯᠮᠦᠷᠢᠯᠡᠨ᠂ ᠱᠢᠨᠵᠢᠯᠡᠬᠦ᠌ ᠤᠬᠠᠭᠠᠨᠴᠢ᠎ᠪᠠᠷ ᠮᠠᠯᠵᠢᠬᠤ ᠦᠢᠯᠡᠳᠪᠦᠷᠢᠯᠡᠯ᠎ᠢᠶᠠᠨ ᠪᠦᠲᠦᠭᠡᠨ ᠪᠠᠢᠭᠤᠯᠵᠤ᠂ ᠲᠠᠯ᠎ᠠ ᠨᠤᠲᠤᠭ᠎ᠤᠨ ᠠᠮᠢ ᠠᠬᠤᠢ᠎ᠪᠠᠨ ᠡᠵᠡᠨ ᠬᠦᠮᠦᠨ᠎ᠤ ᠬᠠᠷᠢᠭᠤᠴᠠᠯᠭᠠᠳᠤ ᠤᠪᠤᠷ᠎ᠢᠶᠠᠷ ᠬᠠᠢᠷᠠᠯᠠᠨ ᠬᠠᠮᠠᠭᠠᠯᠠᠨ᠎ᠠ》 ᠭᠡᠵᠦ᠍ ᠰᠡᠳᠭᠢᠯ ᠨᠢᠭᠡᠳᠡᠢ ᠶᠠᠷᠢᠵᠠᠭᠠᠨ᠎ᠠ᠃
      ᠢᠷᠭᠤᠢ ᠪᠤᠯ ᠬᠠᠭᠤᠴᠢᠨ ᠪᠠᠷᠭᠤ ᠬᠤᠱᠢᠭᠤᠨ᠎ᠤ ᠪᠠᠶᠡᠡᠬᠠᠳᠡ ᠰᠤᠮᠤᠨ᠎ᠤ ᠬᠦᠭᠡᠲᠤᠪᠤ ᠭᠠᠴᠠᠭᠠᠨ᠎ᠤ ᠮᠠᠯᠴᠢᠨ ᠪᠤᠯᠤᠨ᠎ᠠ᠃ 5 ᠰᠠᠷ᠎ᠠ᠎ᠶ᠋ᠢᠨ 22 ᠎ᠤᠨ ᠤᠷᠤᠢ᠂ ᠡᠳᠡᠨ᠎ᠤ᠎ᠬᠢᠨ᠎ᠤ ᠭᠤᠷᠪᠠᠨ ᠠᠮᠠ ᠬᠦᠮᠦᠨ ᠬᠤᠭᠤᠯᠠ᠎ᠪᠠᠨ ᠡᠷᠳᠡᠬᠡᠠ ᠢᠳᠡᠴᠢᠭᠡᠭᠡᠤᠨ ᠪᠠᠶᠠᠷ ᠲᠤᠷᠠᠰᠭᠠᠯ᠎ᠤᠨ ᠡᠳᠤᠷ ᠡᠮᠤᠰᠳᠡᠭ ᠦᠨᠳᠤᠰᠤᠳᠡᠨ᠎ᠤ ᠬᠤᠪᠴᠡᠰᠤ᠎ᠪᠠᠷ᠎ᠢᠶᠠᠨ ᠭᠤᠶᠤᠯᠠᠠ᠂ ᠲᠧᠯᠸᠢᠰ᠎ᠤᠨ ᠡᠮᠤᠨ᠎ᠠ ᠰᠠᠭᠤᠵᠤ᠂ ᠲᠦᠪ ᠲᠧᠯᠸᠢᠰ᠎ᠤᠨ ᠰᠤᠨᠢᠨ ᠮᠡᠳᠡᠭᠡᠨ᠎ᠤ ᠨᠠᠪᠳᠡᠷᠡᠬᠦᠯᠭᠡ᠎ᠶ᠋ᠢ ᠦᠵᠡᠬᠦ᠌᠎ᠪᠠᠷ ᠬᠦᠯᠢᠶᠡᠯ᠎ᠡ᠃
      ᠶᠡᠷᠤᠩᠭᠡᠢ ᠱᠦᠵᠢ ᠰᠢ᠎ᠶ᠋ᠢᠨ ᠫᠢᠡᠭ᠎ᠤᠨ ᠦᠪᠤᠷ ᠮᠤᠩᠭᠤᠯ᠎ᠤᠨ ᠲᠦᠯᠤᠭᠡᠯᠡᠭ᠌ᠴᠢᠤᠨ᠎ᠤᠨ ᠪᠦᠯᠬᠦᠮ᠎ᠤᠨ ᠬᠢᠨᠡᠨ ᠵᠦᠪᠯᠡᠬᠦ᠌᠎ᠳᠤ ᠤᠷᠤᠯᠴᠠᠬᠤ᠎ᠳᠠᠭᠠᠨ ᠴᠢᠬᠤᠯᠠ ᠶᠠᠷᠢᠶ᠎ᠠ ᠲᠠᠯᠪᠢᠵᠤ᠄ 《ᠮᠠᠠ᠎ᠤ ᠨᠠᠮ᠎ᠳᠤ ᠦᠪᠡᠷ᠎ᠤᠨ ᠬᠡᠰᠡᠡ ᠤᠨᠴᠠᠭᠠᠢ ᠠᠱᠢᠭ ᠲᠤᠰᠠ ᠬᠡᠵᠥ᠍ ᠪᠠᠢᠳᠠᠭ ᠦᠬᠡᠢ᠂ ᠮᠠᠠ᠎ᠤ ᠨᠠᠮ ᠶᠠᠮᠠᠷᠪᠠ ᠴᠠᠭ ᠦᠶ᠎ᠠ᠎ᠳᠤ ᠴᠤ᠌ ᠪᠦᠷ ᠠᠷᠠᠳ ᠲᠦᠮᠡᠡ᠎ᠤ ᠠᠱᠢᠭ ᠲᠤᠰᠠ᠎ᠶ᠋ᠢ ᠲᠡᠷᠢᠬᠦᠠ᠎ᠳᠤ ᠲᠡᠯᠪᠢᠳᠠᠭ᠃ ᠠᠷᠠᠳ ᠲᠦᠮᠡᠡ᠎ᠢ ᠲᠡᠬᠡᠳᠤᠯᠠᠠ᠂ ᠠᠮᠢ ᠨᠠᠰᠤ᠎ᠶ᠋ᠢ ᠲᠡᠬᠡᠳᠤᠯᠠᠵᠥ᠍᠂ ᠠᠷᠠᠳ ᠲᠦᠮᠡᠡ᠎ᠤ ᠠᠮᠢ ᠨᠠᠰᠤᠠ᠎ᠤ ᠠᠮᠤᠷ ᠲᠦᠪᠱᠢᠠ ᠪᠠ ᠪᠠᠶ᠎ᠠ ᠮᠠᠬᠠᠪᠤᠳ᠎ᠤᠨ ᠡᠷᠡᠬᠦᠯ ᠮᠠᠠᠳᠤ᠎ᠶ᠋ᠢ ᠬᠠᠮᠠᠭᠠᠯᠠᠬᠤ᠎ᠳᠤ ᠶᠠᠮᠠᠷᠪᠠ ᠦᠷᠡᠭ᠌ᠳᠡᠯ ᠭᠠᠷᠭᠠᠬᠤ᠎ᠠᠴᠠ ᠴᠤ᠌ ᠪᠤᠴᠠᠬᠤ ᠦᠬᠡᠢ》 ᠬᠡᠰᠡᠡ ᠦᠬᠡ᠎ᠶ᠋ᠢ ᠰᠤᠨᠤᠰᠤᠭᠠᠤᠨ ᠢᠷᠭᠤᠢ᠎ᠶ᠋ᠢᠨ ᠰᠡᠤᠡᠬᠢᠯ ᠲᠦᠢᠯ᠎ᠢᠶᠠᠷ ᠲᠤᠭ᠍ᠳᠤᠯᠵᠡᠢ᠂ ᠬᠤᠢᠱᠢᠳᠡ ᠦᠷᠬᠦᠯᠵᠢᠯᠡᠨ ᠴᠢᠷᠮᠠᠢᠨ ᠲᠡᠮᠡᠴᠡᠬᠦ᠌ ᠡᠷᠴᠢ ᠵᠤᠷᠢᠭ᠎ᠢ ᠮᠢᠨᠢ ᠨᠠᠩ ᠶᠡᠭᠡ ᠬᠦᠪᠴᠢᠯᠠᠯ᠎ᠠ ᠬᠡᠵᠥ᠍ ᠪᠠᠢᠯ᠎ᠠ᠃
      ᠢᠷᠭᠤᠢ᠎ᠶ᠋ᠢᠨ᠎ᠬᠢᠨ 5000 ᠭᠠᠷᠤᠢ ᠮᠦ᠍ ᠨᠤᠳᠤᠭ ᠪᠠᠯᠴᠢᠭᠡᠷ᠎ᠲᠠᠢ᠂ 300 ᠱᠢᠬᠠᠮ ᠬᠤᠨᠢ᠂ 70 ᠭᠠᠷᠤᠢ ᠦᠭᠡᠷ ᠮᠠᠯᠵᠢᠵᠥ᠍᠂ ᠵᠢᠯ᠎ᠤᠨ ᠴᠡᠪᠡᠷ ᠤᠷᠤᠯᠭ᠎ᠠ᠎ᠨᠢ 10 ᠲᠦᠮᠡᠨ ᠲᠦᠬᠦᠷᠢᠭ᠎ᠲᠤ ᠬᠦᠷᠴᠤ᠌ ᠪᠠᠢᠳᠠᠭ᠃ ᠢᠷᠭᠤᠢ᠄ 《ᠶᠡᠷᠤᠩᠭᠡᠢ ᠱᠦᠵᠢ ᠰᠢ᠎ᠶ᠋ᠢᠨ ᠫᠢᠡᠭ᠎ᠤᠨ ᠬᠦᠰᠡᠯ ᠨᠠᠢᠳᠠᠯᠭ᠎ᠠ᠎ᠶ᠋ᠢ ᠬᠦᠰᠡᠷᠳᠡᠬᠦᠯᠬᠦ᠌ ᠦᠭᠡᠢ᠂ ᠨᠤᠳᠤᠭ ᠪᠠᠯᠴᠢᠬᠡᠷ᠎ᠢᠶᠠᠨ ᠬᠠᠢᠷᠠᠯᠠᠠ ᠬᠠᠮᠠᠭᠠᠯᠠᠵᠤ ᠠᠮᠢ ᠠᠬᠤᠢ᠎ᠶ᠋ᠢ ᠰᠠᠢᠵᠢᠷᠠᠭᠤᠯᠬᠤ᠎ᠳᠤ ᠬᠦᠴᠦᠠ᠎ᠢᠶᠠᠨ ᠡᠷᠬᠦᠵᠦ᠍᠂ ᠮᠠᠯ ᠤᠨᠤᠭ᠎ᠠ᠎ᠪᠠᠨ ᠨᠢᠮᠪᠡᠢ ᠲᠤᠳᠤᠮᠳᠡᠠ᠂ ᠮᠠᠯᠵᠢᠬᠤ ᠦᠢᠯᠡᠤᠡᠪᠤᠷᠢᠯᠡᠯ᠎ᠢᠶᠠᠨ ᠬᠦᠭ᠌ᠵᠢᠬᠦᠯᠵᠤ᠂ ᠠᠵᠢᠯᠴᠢ ᠬᠤᠶᠡᠷ ᠭᠠᠷ᠎ᠢᠶᠠᠷ᠎ᠢᠶᠠᠨ ᠵᠢᠷᠭᠠᠯᠳᠤ ᠠᠮᠢᠳᠤᠷᠡᠯ᠎ᠢᠶᠠᠨ ᠴᠤᠡᠡᠴᠠᠯᠠᠨ᠂ ᠬᠦᠳᠡᠭᠡ ᠲᠤᠰᠭᠤᠠ᠎ᠢ ᠬᠦᠭ᠌ᠵᠢᠬᠦᠯᠤᠠ ᠮᠠᠠᠳᠤᠭᠤᠯᠬᠤ ᠦᠢᠯᠡᠰ᠎ᠲᠤ ᠦᠪᠡᠷ᠎ᠤᠨ ᠦᠴᠤᠭᠡᠨ ᠬᠤᠪᠢ ᠨᠠᠮᠠᠷᠢ᠎ᠪᠠᠨ ᠦᠵᠡᠬᠦᠯᠬᠦ᠌᠎ᠪᠠᠷ ᠴᠢᠷᠮᠠᠢᠨ᠎ᠠ》 ᠭᠡᠵᠤ ᠵᠤᠷᠢᠭ᠎ᠢᠶᠠᠨ ᠢᠯᠡᠳᠭᠡᠨ᠎ᠠ᠃
      ᠱᠢᠶᠠᠩ ᠪᠠᠯᠭᠠᠰᠤᠠ᠎ᠤ ᠦᠨᠳᠦᠰᠦᠨ ᠱᠠᠳᠤᠨ᠎ᠤ ᠺᠠᠳ᠋ᠷ ᠪᠤᠯᠤᠭ᠍ᠰᠠᠨ᠎ᠤ ᠬᠤᠪᠢ᠎ᠳᠤ᠂ ᠤᠯᠠᠭᠠᠨᠬᠤᠳᠠ᠎ᠶ᠋ᠢᠨ ᠢᠯᠠᠯᠳᠠ ᠪᠠᠯᠭᠠᠰᠤᠨ᠎ᠤ ᠨᠠᠮ᠎ᠤᠨ ᠬᠤᠷᠢᠶᠠᠠ᠎ᠤ ᠱᠦᠵᠢ ᠯᠦ᠍ ᠴᠢ ᠬᠦᠸᠧ ᠶᠡᠷᠤᠩᠬᠡᠢ ᠱᠦᠵᠢ᠎ᠶ᠋ᠢᠨ ᠴᠢᠬᠤᠯᠠ ᠶᠠᠷᠢᠶ᠎ᠠ᠎ᠶ᠋ᠢ ᠬᠦᠯᠢᠶᠠᠨ ᠠᠪᠴᠦ᠍ ᠰᠤᠨᠤᠰᠤᠭᠠᠳ᠄ 《ᠠᠮᠢᠯᠠᠯ᠎ᠤᠨ ᠬᠦᠴᠦᠠ᠎ᠢᠶᠠᠷ ᠪᠢᠯᠬᠠᠮ᠎ᠠ ᠡᠨᠡ ᠬᠦ᠌ ᠱᠢᠨ᠎ᠠ ᠴᠠᠭ ᠦᠶ᠎ᠠ᠎ᠳᠤ ᠠᠵᠢᠯᠯᠠᠵᠥ᠍ ᠠᠮᠢᠳᠤᠷᠠᠵᠥ᠍ ᠪᠠᠢᠬᠤ᠎ᠪᠠᠨ ᠪᠢ ᠦᠨᠡᠬᠡᠷ ᠵᠤᠯ᠎ᠲᠠᠢ ᠬᠡᠵᠥ᠍ ᠪᠤᠳᠤᠳᠠᠭ᠂ ᠢᠮᠤ᠎ᠠᠴᠠ ᠬᠤᠢᠱᠢᠳᠠ᠎ᠶ᠋ᠢᠨ ᠠᠵᠢᠯ᠎ᠳᠠᠭᠠᠨ ᠤᠭ ᠰᠠᠨᠠᠭ᠎ᠠ᠎ᠪᠠᠨ ᠦᠯᠦ᠍ ᠮᠠᠷᠳᠠᠠ᠂ ᠡᠬᠦᠷᠬᠡ ᠬᠠᠷᠢᠭᠤᠴᠠᠯᠭ᠎ᠠ᠎ᠪᠠᠨ ᠪᠠᠳᠤ ᠴᠠᠬᠡᠵᠢᠯᠡᠵᠦ᠍᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠬᠢᠬᠡᠳ ᠬᠦᠳᠡᠭᠡ ᠲᠤᠰᠭᠤᠨ᠎ᠢ ᠬᠦᠭ᠌ᠵᠢᠬᠦᠯᠦᠨ ᠮᠠᠨᠳᠤᠭᠤᠯᠬᠤ᠎ᠶ᠋ᠢ ᠤᠷᠭᠠᠨᠢᠭ᠎ᠢᠶᠠᠷ ᠵᠤᠯᠭᠠᠭᠤᠯᠬᠤ᠎ᠶ᠋ᠢ ᠠᠬᠢᠭᠤᠯᠬᠤ᠎ᠳᠤ ᠤᠶᠤᠠ ᠲᠡᠷᠢᠬᠢ᠎ᠪᠠᠨ ᠱᠢᠪᠬᠠᠵᠥ᠍᠂ ᠨᠠᠮ ᠪᠠ ᠵᠠᠰᠠᠭ᠎ᠤᠨ ᠤᠷᠳᠤᠨ᠎ᠤ ᠮᠠᠯᠴᠢᠠ ᠲᠠᠷᠢᠶᠠᠴᠢᠳ᠎ᠲᠤ ᠦᠵᠡᠬᠦᠯᠵᠥ᠍ ᠪᠠᠢᠭ᠎ᠠ ᠡᠯ᠎ᠠ ᠵᠦᠢᠯ᠎ᠤᠨ ᠬᠠᠷᠠᠭᠠᠯᠵᠠᠯ᠎ᠤᠨ ᠲᠦᠷᠦ᠎ᠶ᠋ᠢᠨ ᠪᠤᠳᠤᠯᠭ᠎ᠠ᠎ᠶ᠋ᠢ ᠤᠯᠠᠠ ᠲᠦᠮᠡᠡ᠎ᠳᠤ ᠵᠢᠩᠬᠢᠨᠢ᠎ᠪᠠᠷ ᠬᠦᠷᠳᠡᠬᠡᠵᠥ᠍᠂ ᠤᠯᠠᠨ ᠲᠦᠮᠡᠠ᠎ᠤ ᠵᠤᠯ ᠵᠢᠷᠭᠠᠯ᠎ᠤᠨ ᠵᠢᠭᠠᠯᠳᠠ ᠲᠤᠭ᠎ᠠ᠎ᠶ᠋ᠢ ᠨᠡᠮᠡᠭ᠌ᠳᠡᠬᠦᠯᠬᠦ᠌᠎ᠪᠠᠷ ᠴᠢᠷᠮᠡᠢᠠ ᠠᠵᠢᠯᠯᠠᠨ᠎ᠠ》 ᠬᠡᠵᠥ᠍ ᠮᠠᠰᠢ ᠲᠤᠭ᠍ᠳᠤᠯᠤᠩᠭᠤᠢ ᠵᠤᠷᠢᠭ᠎ᠢᠶᠠᠨ ᠢᠯᠡᠳᠭᠡᠨ᠎ᠠ᠃
      《ᠵᠡᠬᠡᠯᠢ ᠭᠤᠳᠤᠮᠵᠢ᠎ᠶ᠋ᠢᠨ ᠨᠡᠢᠬᠡᠮ ᠲᠤᠭᠤᠷᠢᠭ᠎ᠤᠨ ᠨᠢᠬᠡᠨ ᠦᠨᠳᠦᠰᠦᠨ ᠱᠠᠳᠤᠨ᠎ᠤ ᠺᠠᠳ᠋ᠷ ᠪᠤᠯᠤᠭ᠍ᠰᠠᠨ᠎ᠤ ᠬᠤᠪᠢ᠎ᠳᠤ᠂ ᠶᠡᠷᠤᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠤᠳᠭ᠎ᠠ ᠬᠦᠠ ᠡᠬᠦᠷᠬᠡ ᠬᠦᠠᠳᠤ ᠮᠦᠷᠳᠡᠬᠡᠡ ᠢᠷᠠᠭᠤ ᠠᠯᠳᠠᠷᠳᠠᠢ ᠬᠡᠰᠡᠡ ᠲᠦᠷᠦᠭ᠌ᠳᠡᠯ ᠤᠯᠭᠤᠯ᠎ᠠ᠃ ᠪᠢᠳᠡ ᠡᠷᠬᠡᠪᠰᠢ ᠶᠡᠷᠤᠩᠬᠡᠢ ᠱᠦᠵᠢ ᠰᠢ᠎ᠶ᠋ᠢᠨ ᠫᠢᠩ᠎ᠤᠨ ᠵᠢᠭᠠᠪᠦᠷᠢ᠎ᠪᠠᠷ ᠨᠡᠢᠬᠡᠮ ᠲᠤᠭᠤᠷᠢᠭ᠎ᠤᠨ ᠤᠯᠠᠨ ᠲᠦᠮᠡᠨ᠎ᠤ ᠠᠮᠤᠷ ᠵᠢᠮᠤᠷ ᠠᠵᠠ ᠲᠦᠷᠦᠬᠦ᠌ ᠠᠰᠠᠭᠤᠳᠠᠯ᠎ᠢ ᠢᠮᠬᠠᠳᠠ ᠰᠡᠳᠭᠢᠯ᠎ᠳᠡᠭᠡᠨ ᠪᠤᠳᠤᠵᠥ᠍᠂ ᠪᠤᠳᠠᠳᠠᠢᠵᠢᠭᠤᠯᠤᠠ ᠨᠠᠢᠳᠠᠪᠤᠷᠢᠵᠢᠭᠤᠯᠬᠤ᠎ᠶ᠋ᠢ ᠰᠠᠢᠳᠤᠷ ᠠᠳᠭᠤᠵᠦ᠍᠂ ᠤᠯᠠᠨ ᠲᠦᠮᠡᠨ᠎ᠳᠤ ᠦᠨᠡᠨ ᠪᠠᠲᠤᠲᠠᠢ ᠬᠤᠪᠢᠷᠠᠯᠳᠠ᠎ᠶ᠋ᠢ ᠦᠵᠡᠭᠦᠯᠦᠨ᠂ ᠪᠤᠳᠠᠳᠠᠢ ᠠᠱᠢᠭ ᠬᠦᠷᠳᠡᠬᠡᠬᠦ᠌᠎ᠪᠠᠷ ᠴᠢᠷᠮᠠᠢᠠ ᠠᠵᠢᠯᠯᠠᠨ᠎ᠠ》 ᠬᠡᠵᠦ᠍ ᠤᠯᠠᠭᠠᠨᠬᠤᠳᠠ᠎ᠶ᠋ᠢᠨ ᠬᠢᠨᠭ᠌ᠭᠠᠨ ᠵᠡᠬᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠲᠡᠳ᠋ ᠡᠷᠬᠢᠯᠡᠭ᠌ᠴᠢ ᠴᠢᠨ ᠱᠢᠶᠤᠤ ᠬᠤᠩ ᠬᠡᠯᠡᠨ᠎ᠠ᠃
      5 ᠰᠠᠷ᠎ᠠ᠎ᠶ᠋ᠢᠨ 22 ᠎ᠤᠨ ᠤᠷᠤᠢ᠂ ᠬᠠᠩᠭᠢᠨ ᠬᠤᠢᠲᠤ ᠬᠤᠱᠢᠭᠤᠨ᠎ᠤ ᠱᠠᠮᠪᠠ ᠪᠠᠯᠭᠠᠰᠤ᠎ᠶ᠋ᠢᠨ ᠵᠦᠩ ᠨᠠᠨ ᠴᠢᠦᠢ ᠲᠤᠰᠭᠤᠨ᠎ᠤ ᠲᠠᠷᠢᠶᠠᠴᠢᠳ ᠡᠳᠦᠷ᠎ᠤᠨ ᠠᠵᠢᠯ᠎ᠢᠶᠠᠨ ᠡᠷᠳᠡᠬᠡᠡ ᠲᠠᠭᠤᠰᠭᠠᠭᠠᠳ ᠱᠢᠦᠢ ᠢ ᠮᠠᠯ ᠠᠵᠤ ᠠᠬᠤᠢ᠎ᠶ᠋ᠢᠨ ᠬᠢᠵᠠᠭᠠᠷᠲᠤ ᠺᠤᠮᠫᠠᠨᠢ᠎ᠶ᠋ᠢᠨ ᠵᠤᠴᠢᠳ᠎ᠤᠨ ᠦᠷᠦᠭᠡᠨ᠎ᠳᠤ ᠴᠤᠭ᠍ᠯᠠᠷᠠᠨ᠂ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ ᠪᠤᠯᠬᠤ ᠲᠤᠰ ᠲᠤᠰᠭᠤᠨ᠎ᠤ ᠨᠠᠮ᠎ᠤᠨ ᠡᠭᠦᠷ᠎ᠤᠨ ᠱᠦᠵᠢ ᠵᠠᠩ ᠵᠶ᠋ᠢ ᠱᠢᠩ᠎ᠤᠨ ᠡᠬᠡᠨᠡᠷ᠎ᠲᠠᠢ ᠬᠠᠮᠲᠤ ᠤᠷᠤᠢ᠎ᠶ᠋ᠢᠨ 7 ᠴᠠᠭ᠎ᠲᠤ ᠲᠦᠪ᠎ᠤᠨ ᠲᠧᠯᠸᠢᠰ ᠬᠤᠷᠢᠶᠠᠨ᠎ᠤ ᠰᠤᠨᠢᠨ ᠮᠡᠳᠡᠭᠡ᠎ᠶ᠋ᠢ ᠦᠵᠡᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠰᠤᠨᠤᠰᠪᠠ᠃
      ᠵᠦᠩ ᠨᠠᠨ ᠴᠢᠦᠢ ᠲᠤᠰᠭᠤᠨ᠎ᠤ ᠡᠷᠬᠢᠯᠡᠭ᠌ᠴᠢ ᠳ᠋ᠠᠨ ᠽᠢ ᠢ᠄ 《ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠠᠳ ᠲᠦᠮᠡᠨ᠎ᠢᠶᠠᠷ ᠭᠤᠤᠯ ᠪᠤᠯᠭᠠᠬᠤ ᠦᠵᠡᠯ ᠰᠠᠨᠠᠭ᠎ᠠ᠎ᠶ᠋ᠢ ᠪᠠᠷᠢᠮᠲᠠᠯᠠᠨ᠎ᠠ ᠬᠡᠰᠡᠨ᠎ᠨᠢ ᠮᠠᠨᠤᠰ᠎ᠲᠤ ᠮᠠᠰᠢ ᠶᠡᠭᠡ ᠵᠤᠷᠢᠭ᠍ᠵᠢᠭᠤᠯᠤᠯ ᠦᠭ᠌ᠪᠡ᠃ ᠦᠨᠳᠦᠰᠦᠨ ᠱᠠᠲᠤᠨ᠎ᠤ ᠺᠠᠳ᠋ᠷ ᠪᠤᠯᠤᠭ᠍ᠰᠠᠨ᠎ᠤ ᠬᠤᠪᠢ᠎ᠳᠤ᠂ ᠪᠢᠲᠡ ᠨᠠᠮ᠎ᠤᠨ ᠲᠦᠷᠦ᠎ᠶ᠋ᠢᠨ ᠪᠤᠳᠤᠯᠭ᠎ᠠ᠎ᠶ᠋ᠢ ᠴᠠᠭ ᠲᠤᠬᠠᠢ᠎ᠳᠤᠨᠢ ᠲᠤᠰᠭᠤᠨ᠎ᠤ ᠠᠷᠠᠳ ᠲᠦᠮᠡᠨ᠎ᠳᠡᠭᠡᠨ ᠤᠯᠠᠮᠵᠢᠯᠠᠨ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠲᠠ ᠱᠢᠪᠲᠤᠯᠬᠤ ᠲᠠᠢᠯᠠᠯᠳᠤᠭᠠᠨ᠎ᠤ ᠢᠯᠠᠯᠲᠠ᠎ᠶ᠋ᠢ ᠵᠠᠪᠠᠯ ᠤᠯᠵᠤ᠂ ᠤᠷᠤᠱᠢᠨ ᠰᠠᠭᠤᠬᠤ ᠤᠷᠴᠢᠨ ᠲᠤᠭᠤᠷᠢᠨ᠎ᠢ ᠴᠡᠭ᠌ᠴᠡᠯᠡᠨ ᠵᠠᠰᠠᠬᠤ᠎ᠶ᠋ᠢ ᠰᠠᠢᠳᠤᠷ ᠠᠳᠭᠤᠵᠤ᠂ ᠲᠤᠰᠭᠤᠨ᠎ᠤ ᠠᠷᠠᠳ ᠲᠦᠮᠡᠨ᠎ᠤ ᠵᠤᠯ ᠵᠢᠷᠭᠠᠯ᠎ᠤᠨ ᠲᠦᠷᠦᠭ᠌ᠳᠡᠯ᠎ᠢ ᠤᠯᠠᠮ ᠨᠡᠮᠡᠭ᠌ᠳᠡᠬᠦᠯᠬᠦ᠌᠎ᠪᠠᠷ ᠴᠢᠷᠮᠠᠢᠨ᠎ᠠ》 ᠬᠡᠵᠦ᠍ ᠪᠠᠢᠯ᠎ᠠ᠃
      ᠤᠷᠠᠳ᠎ᠤᠨ ᠬᠤᠢᠲᠤ ᠬᠤᠱᠢᠭᠤᠨ᠎ᠤ ᠪᠠᠶᠠᠨᠪᠤᠯᠠᠭ ᠪᠠᠯᠭᠠᠰᠤ᠎ᠶ᠋ᠢᠨ ᠪᠤᠯᠠᠭ ᠭᠠᠴᠠᠭᠠᠨ᠎ᠤ ᠮᠠᠯᠴᠢᠨ ᠲᠦᠭᠡᠭᠡᠯ᠄ 《ᠶᠡᠷᠤᠩᠬᠡᠢ ᠱᠦᠵᠢ ᠰᠢ᠎ᠶ᠋ᠢᠨ ᠫᠢᠩ᠎ᠤᠨ ᠠᠷᠠᠳ ᠲᠦᠮᠡᠡ᠎ᠳᠤ ᠪᠤᠶᠠᠠ ᠦᠢᠯᠡᠳᠬᠦ᠌᠎ᠪᠠᠷ ᠬᠠᠮᠤᠭ᠎ᠤᠨ ᠴᠢᠬᠤᠯᠠ ᠠᠵᠢᠯ᠎ᠤᠨ ᠪᠦᠳᠦᠮᠵᠢ᠎ᠪᠠᠨ ᠪᠤᠯᠭᠠᠬᠤ ᠬᠡᠷᠡᠭ᠌ᠳᠡᠢ᠃ ᠠᠷᠠᠳ ᠲᠦᠮᠡᠡ᠎ᠤ ᠠᠮᠤᠷ ᠵᠢᠮᠤᠷ ᠠᠵᠥ᠍ ᠲᠦᠷᠦᠬᠦ᠂ ᠠᠮᠤᠷ ᠲᠦᠪᠱᠢᠠ ᠬᠠᠯᠠᠭᠤᠠ ᠲᠤᠯᠠᠭᠠᠠ ᠪᠠᠢᠬᠤ ᠠᠰᠠᠭᠤᠳᠠᠯ᠎ᠢ ᠢᠮᠬᠠᠳᠠ ᠰᠠᠳᠭᠢᠯ᠎ᠳᠡᠭᠡᠨ ᠪᠤᠳᠤᠵᠥ᠍᠂ ᠤᠯᠠᠠ ᠲᠦᠮᠡᠡ᠎ᠤ ᠠᠩᠬᠠᠷᠴᠤ᠌ ᠪᠠᠢᠭ᠎ᠠ ᠠᠵᠢᠯ ᠤᠯᠭᠤᠯᠳᠠ᠂ ᠰᠤᠷᠭᠠᠠ ᠬᠦᠮᠦᠵᠢᠯ᠂ ᠨᠠᠢᠬᠡᠮ᠎ᠤᠨ ᠪᠠᠳᠤᠯᠠᠭ᠎ᠠ᠂ ᠡᠮᠴᠢᠯᠡᠭᠡ᠂ ᠤᠷᠤᠠ ᠰᠠᠭᠤᠴᠠ᠂ ᠨᠠᠰᠤᠵᠢᠯ᠂ ᠢᠳᠡᠬᠡᠡ᠎ᠤ ᠠᠮᠤᠷ ᠲᠦᠪᠱᠢᠠ᠂ ᠨᠠᠢᠬᠡᠮ᠎ᠤᠨ ᠠᠮᠤᠷ᠎ᠢ ᠬᠠᠮᠠᠭᠠᠯᠠᠬᠤ ᠵᠡᠷᠬᠡ ᠪᠤᠳᠠᠳᠠᠢ ᠠᠰᠠᠭᠤᠳᠠᠯ᠎ᠢ ᠰᠠᠳᠭᠢᠯ ᠲᠡᠯᠪᠢᠵᠥ᠍ ᠬᠦᠴᠤ᠌ ᠤᠷᠤᠭᠤᠯᠤᠠ ᠱᠢᠢᠳᠪᠤᠷᠢᠯᠡᠵᠥ᠍᠂ ᠤᠯᠠᠠ ᠲᠦᠮᠡᠡ᠎ᠳᠤ ᠬᠤᠪᠢᠷᠠᠯᠳᠠ᠎ᠶ᠋ᠢ ᠦᠵᠡᠭᠦᠯᠬᠦ᠂ ᠪᠤᠳᠠᠳᠠᠢ ᠠᠱᠢᠭ ᠬᠦᠷᠳᠡᠬᠡᠬᠦ᠌᠎ᠪᠠᠷ ᠴᠢᠷᠮᠠᠢᠬᠤ ᠬᠡᠷᠡᠭ᠌ᠳᠡᠢ ᠬᠡᠰᠡᠡ ᠵᠢᠭᠠᠪᠤᠷᠢ᠎ᠨᠢ ᠮᠠᠨ᠎ᠤ ᠮᠠᠯᠴᠢᠨ ᠲᠠᠷᠢᠶᠠᠴᠢᠨ᠎ᠤ ᠤᠷᠤᠯᠭ᠎ᠠ᠎ᠶ᠋ᠢ ᠵᠢᠯ᠎ᠠᠴᠠ ᠵᠢᠯ ᠨᠡᠮᠡᠭ᠌ᠳᠡᠭᠦᠯᠵᠦ᠍᠂ ᠠᠮᠢᠳᠤᠷᠠᠯ᠎ᠢ ᠡᠳᠦᠷ᠎ᠠᠴᠠ ᠡᠳᠦᠷ ᠴᠢᠨᠡᠭᠡᠯᠢᠭ᠌ᠵᠢᠭᠦᠯᠬᠦ᠌ ᠬᠡᠰᠡᠡ ᠶᠠᠪᠤᠳᠠᠯ ᠮᠦᠠ᠂ ᠮᠠᠱᠢᠳᠠ ᠪᠠᠶᠠᠷᠯᠠᠠ ᠲᠡᠯᠠᠷᠬᠠᠵᠥ᠍ ᠪᠠᠢᠨ᠎ᠠ》 ᠬᠡᠵᠦ᠍ ᠰᠡᠳᠭᠢᠯ ᠲᠤᠭ᠍ᠳᠤᠯᠤᠨ ᠶᠠᠷᠢᠨ᠎ᠠ᠃
      ᠤᠯᠠᠭᠠᠨᠴᠠᠪ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠨᠣᠮᠣᠭᠠᠨ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠤᠯᠤᠰ ᠲᠥᠷᠥ᠎ᠶ᠋ᠢᠨ ᠵᠢᠭᠠᠨ ᠵᠢᠯᠣᠭᠤᠳᠣᠭ᠍ᠴᠢ ᠮᠸᠡᠭ ᠷᠦᠩ ᠴᠠᠩ᠄ 《ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠨᠢ ᠮᠠᠨ᠎ᠤ ᠡᠷᠴᠢ ᠵᠣᠷᠢᠭ᠎ᠢ ᠬᠥᠪᠴᠢᠯᠡᠯ᠎ᠡ᠃ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠠᠵᠢᠯᠯᠠᠵᠤ ᠪᠠᠢᠭ᠎ᠠ ᠨᠡᠭᠦᠲᠡᠯ ᠠᠷᠠᠳ᠎ᠤᠨ ᠬᠠᠮᠢᠶᠠᠷᠤᠯᠲᠠ᠎ᠶ᠋ᠢᠨ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ᠂ ᠪᠢ ᠶᠠᠷᠢᠶᠠᠨ᠎ᠤ ᠵᠣᠷᠢᠭ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠨ᠂ ᠡᠳᠦᠷ ᠲᠤᠲᠤᠮ᠎ᠤᠨ ᠠᠵᠢᠯ᠎ᠳᠠᠭᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠎ᠶ᠋ᠢ ᠰᠠᠢᠲᠤᠷ ᠲᠤᠭᠤᠱᠢᠯᠠᠭᠤᠯᠵᠤ᠂ ᠴᠤᠴᠠᠯᠲᠠ ᠦᠭᠡᠢ ᠤᠷᠤᠭ᠍ᠰᠢᠯᠠᠬᠤ᠂ ᠵᠣᠪᠠᠭᠤᠷᠢ ᠵᠦᠳᠡᠭᠦᠷᠢ᠎ᠶ᠋ᠢ ᠲᠡᠰᠪᠦᠷᠢᠯᠡᠬᠦ᠌ ᠮᠣᠩᠭᠤᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠤᠭ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠠ᠂ ᠡᠷᠡᠮᠡᠬᠡᠢᠯᠡᠨ ᠤᠷᠤᠭ᠍ᠰᠢᠯᠠᠬᠤ ᠡᠷᠴᠢ ᠵᠣᠷᠢᠭ᠂ ᠴᠢᠷᠮᠠᠢᠨ ᠲᠡᠮᠡᠴᠡᠵᠥ᠍ ᠵᠠᠪᠠᠯ ᠢᠯᠠᠬᠤ ᠢᠲᠡᠭᠡᠯ ᠵᠣᠷᠢᠭ᠎ᠢᠶᠠᠷ ᠢᠮᠠᠭ᠍ᠲᠠ ᠬᠠᠷᠢᠶ᠎ᠠ ᠣᠷᠣᠨ᠎ᠤ ᠣᠯᠠᠨ ᠲᠦᠮᠡᠨ᠎ᠲᠠᠢ ᠬᠤᠪᠢ ᠵᠠᠶᠠᠭ᠎ᠠ᠎ᠪᠠᠨ ᠬᠠᠮᠲᠤᠳᠭᠠᠠ ᠰᠡᠳᠭᠢᠯ ᠵᠢᠷᠦᠬᠡ᠎ᠪᠠᠨ ᠬᠤᠯᠪᠣᠨ᠎ᠠ᠃ ᠬᠠᠷᠢᠶ᠎ᠠ ᠣᠷᠣᠨ᠎ᠤ ᠣᠯᠠᠨ ᠲᠦᠮᠡᠨ᠎ᠳᠤ ᠲᠠᠰᠤᠷᠠᠯᠲᠠ ᠦᠭᠡᠢ ᠪᠤᠶᠠᠨ ᠦᠢᠯᠡᠳᠬᠦ᠌᠎ᠶ᠋ᠢᠨ ᠬᠠᠮᠲᠤ ᠴᠢᠷᠮᠠᠢᠨ ᠠᠵᠢᠯᠯᠠᠬᠤ᠎ᠪᠠᠷ ᠳᠠᠮᠵᠢᠨ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠢ ᠰᠠᠢᠲᠤᠷ ᠰᠠᠬᠢᠵᠤ᠂ ᠬᠢᠯᠢ ᠬᠢᠵᠠᠭᠠᠷ ᠣᠷᠣᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠬᠤᠪᠢ ᠨᠡᠮᠡᠷᠢ ᠦᠵᠡᠭᠦᠯᠵᠦ᠍᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠲᠦᠮᠡᠨ ᠭᠠᠵᠠᠷ᠎ᠤᠨ ᠤᠷᠲᠤ ᠴᠠᠭᠠᠨ ᠬᠡᠷᠡᠮ᠎ᠢ ᠨᠠᠩ ᠪᠠᠲᠤ ᠪᠠᠬᠢ ᠪᠣᠯᠭᠠᠨ ᠪᠦᠲᠦᠭᠡᠨ ᠪᠠᠢᠭᠤᠯᠬᠤ᠎ᠪᠠᠷ ᠴᠢᠷᠮᠠᠢᠨ᠎ᠠ》 ᠬᠡᠵᠤ ᠶᠠᠷᠢᠪᠠ᠃
      (ᠡᠬᠡ ᠪᠢᠴᠢᠭ᠎ᠢ ᠲᠤᠰ ᠰᠣᠨᠢᠨ᠎ᠤ ᠰᠤᠷᠪᠤᠯᠵᠢᠯᠠᠭ᠍ᠴᠢ ᠸ᠊ · ᠭᠡᠷᠡᠯᠳᠤ ᠸᠠᠩ ᠲᠠᠨ᠎ᠠ ᠪᠤᠤ ᠴᠢᠩ ᠱᠧᠩ ᠡᠷᠳᠡᠨᠢᠵᠢᠷᠭᠠᠯ ᠪᠢᠯᠢᠭ᠌ᠪᠡᠭᠠᠳᠤᠷ ᠦ᠋ ᠴᠢᠩ ᠯᠠᠨ ᠬᠡᠱᠢᠭ᠌ᠪᠦᠶᠠᠠ ᠲᠡᠭᠦᠰᠪᠢᠯᠢᠭ ᠬᠠᠢ ᠵᠢᠶᠦ᠋ᠨ ᠪᠢᠴᠢᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号