ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠭᠤᠷᠪᠠᠳᠤᠭᠠᠷ ᠬᠤᠷᠠᠯ ᠬᠤᠶᠠᠳᠤᠭᠠᠷ ᠪᠦᠬᠦᠳᠡ ᠬᠤᠷᠠᠯ ᠬᠢᠪᠡ
2020-05-25 09:54:37
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

    ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠭᠤᠷᠪᠠᠳᠤᠭᠠᠷ ᠬᠤᠷᠠᠯ 24 ᠎ᠤ ᠦᠳᠡ᠎ᠶ᠋ᠢᠨ ᠬᠤᠢᠨ᠎ᠠ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠬᠤᠶᠠᠳᠤᠭᠠᠷ ᠪᠦᠬᠦᠳᠡ ᠬᠤᠷᠠᠯ ᠬᠢᠪᠡ᠃ ᠨᠠᠮ᠎ᠤᠨ ᠲᠦᠪ ᠬᠤᠷᠢᠶᠠᠨ᠎ᠤ ᠤᠯᠤᠰ ᠲᠦᠷᠦ᠎ᠶ᠋ᠢᠨ ᠲᠤᠪᠴᠢᠶᠠᠨ᠎ᠤ ᠪᠠᠢᠩᠭᠤ᠎ᠶ᠋ᠢᠨ ᠬᠡᠱᠢᠬᠦᠨ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠲᠡᠷᠢᠬᠦᠯᠡᠭ᠌ᠴᠢ ᠸᠠᠩ ᠶᠠᠩ ᠬᠤᠷᠠᠯ᠎ᠳᠤ ᠤᠷᠤᠯᠴᠠᠪᠠ᠃ 12 ᠬᠡᠱᠢᠬᠦᠨ ᠶᠡᠭᠡ ᠬᠤᠷᠠᠯ ᠲᠡᠭᠡᠷ᠎ᠠ ᠦᠬᠡ ᠬᠡᠯᠡᠵᠡᠢ᠃
    ᠨᠠᠮ᠎ᠤᠨ ᠲᠦᠪ ᠬᠤᠷᠢᠶᠠᠨ᠎ᠤ ᠤᠯᠤᠰ ᠲᠦᠷᠦ᠎ᠶ᠋ᠢᠨ ᠲᠤᠪᠴᠢᠶᠠᠨ᠎ᠤ ᠬᠡᠱᠢᠬᠦᠨ᠂ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠲᠡᠳ᠋ ᠶᠡᠷᠦᠩᠬᠡᠢ ᠰᠠᠢᠳ ᠰᠦᠨ ᠴᠦᠨ ᠯᠠᠨ᠂ ᠨᠠᠮ᠎ᠤᠨ ᠲᠦᠪ ᠬᠤᠷᠢᠶᠠᠨ᠎ᠤ ᠤᠯᠤᠰ ᠲᠦᠷᠦ᠎ᠶ᠋ᠢᠨ ᠲᠤᠪᠴᠢᠶᠠᠨ᠎ᠤ ᠬᠡᠱᠢᠬᠦᠨ᠂ ᠲᠦᠪ᠎ᠤᠨ ᠱᠦᠵᠢ ᠨᠠᠷ᠎ᠤᠨ ᠭᠠᠵᠠᠷ᠎ᠤᠨ ᠱᠦᠵᠢ᠂ ᠲᠦᠪ᠎ᠤᠨ ᠤᠬᠠᠭᠤᠯᠬᠤ ᠬᠡᠯᠳᠡᠰ᠎ᠤᠨ ᠲᠠᠷᠤᠭ᠎ᠠ ᠬᠤᠧᠠᠩ ᠺᠦᠨ ᠮᠢᠩ ᠵᠢᠴᠢ ᠨᠠᠮ᠎ᠤᠨ ᠲᠦᠪ ᠬᠤᠷᠢᠶ᠎ᠠ᠂ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠬᠠᠮᠢᠶ᠎ᠠ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭᠠᠳᠠᠨ ᠬᠤᠷᠠᠯ᠎ᠳᠤ ᠤᠷᠤᠯᠴᠠᠨ ᠶᠠᠷᠢᠶ᠎ᠠ᠎ᠶ᠋ᠢ ᠰᠤᠨᠤᠰᠴᠠᠢ᠃
    ᠨᠢᠮᠠᠷᠠᠰᠢ ᠬᠡᠱᠢᠬᠦᠨ᠂ 2019 ᠤᠨ᠎ᠤ ᠰᠡᠬᠦᠯᠴᠢ᠎ᠪᠠᠷ ᠲᠦᠪᠡᠳ᠎ᠤᠨ 62.8 ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ ᠪᠦᠬᠦᠨ᠎ᠢᠶᠠᠷ᠎ᠢᠶᠠᠨ ᠶᠠᠳᠠᠭᠤ᠎ᠠᠴᠠ᠎ᠪᠠᠨ ᠠᠩᠬᠢᠵᠢᠷᠠᠵᠦ᠍᠂ 74 ᠶᠠᠳᠠᠭᠤ ᠬᠦᠴᠢᠷᠳᠡᠯᠳᠡᠢ ᠱᠢᠶᠠᠨ (ᠲᠤᠭᠤᠷᠢᠬ) ᠪᠦᠬᠦᠨ᠎ᠢᠶᠠᠷ᠎ᠢᠶᠠᠨ ᠶᠠᠳᠠᠭᠤ᠎ᠠᠴᠠ᠎ᠪᠠᠨ ᠠᠩᠬᠢᠵᠢᠷᠠᠵᠦ᠍᠂ ᠪᠦᠬᠦ᠌ ᠤᠯᠤᠰ᠎ᠲᠠᠢ ᠬᠠᠮᠳᠤ᠎ᠪᠠᠷ ᠪᠦᠬᠦ᠌ ᠲᠠᠯ᠎ᠠ᠎ᠶ᠋ᠢᠨ ᠴᠢᠨᠡᠬᠡᠯᠢᠭ ᠨᠡᠢᠬᠡᠮ᠎ᠳᠤ ᠲᠠᠪᠱᠢᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠬᠢᠯᠢ ᠬᠢᠵᠠᠭᠠᠷ᠎ᠢ ᠵᠠᠰᠠᠵᠦ᠍ ᠲᠦᠪᠡᠳ᠎ᠢ ᠲᠤᠭ᠍ᠳᠠᠭᠤᠨ ᠪᠠᠢᠯᠭᠠᠬᠤ ᠴᠢᠬᠤᠯᠠ ᠦᠬᠦᠯᠡᠯᠳᠡ᠎ᠶ᠋ᠢᠨ ᠲᠦᠪᠡᠳ᠎ᠲᠠᠬᠢ ᠠᠮᠵᠢᠯᠳᠠ᠎ᠲᠠᠢ ᠦᠢᠯᠡᠳᠦᠯᠬᠡ᠎ᠶ᠋ᠢ ᠬᠦᠢᠴᠡᠳ ᠢᠯᠡᠷᠡᠬᠦᠯᠵᠦ᠍᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ ᠪᠠ ᠲᠤᠮᠳᠠᠳᠤ ᠤᠯᠤᠰ᠎ᠤᠨ ᠤᠨᠴᠠᠯᠢᠬ᠎ᠲᠠᠢ ᠨᠡᠢᠬᠡᠮ ᠵᠢᠷᠤᠮ᠎ᠤᠨ ᠪᠠᠢᠭᠤᠯᠤᠯ᠎ᠤᠨ ᠲᠠᠪᠠᠭᠤᠯᠢᠬ ᠴᠢᠨᠠᠷ᠎ᠢ ᠬᠦᠢᠴᠡᠳ ᠢᠯᠡᠷᠡᠬᠦᠯᠵᠡᠢ᠃ ᠴᠠᠰᠤᠳᠤ᠎ᠶ᠋ᠢᠨ ᠤᠷᠤᠨ᠎ᠤ ᠬᠦᠪᠡᠬᠦᠳ ᠦᠬᠢᠳ ᠠᠵᠢᠯᠴᠢ ᠬᠦᠳᠡᠯᠮᠦᠷᠢᠴᠢ᠎ᠪᠠᠷ ᠴᠢᠨᠡᠬᠡᠯᠢᠭ᠌ᠵᠢᠬᠦ᠌ ᠲᠤᠳᠤᠭᠠᠳᠤ ᠬᠦᠳᠡᠯᠬᠡᠬᠦ᠌ ᠬᠦᠴᠦᠨ᠎ᠢᠶᠠᠨ ᠦᠷᠬᠦᠯᠵᠢᠯᠡᠨ ᠴᠢᠩᠭᠠᠷᠠᠭᠤᠯᠵᠤ᠂ ᠠᠷᠢᠭᠤᠨ ᠲᠠᠭ᠍ᠱᠢᠨ ᠨᠤᠳᠤᠬ ᠤᠷᠤᠨ᠎ᠢᠶᠠᠨ ᠰᠠᠢᠳᠤᠷ ᠰᠠᠬᠢᠨ ᠬᠠᠮᠠᠭᠠᠯᠠᠵᠦ᠍᠂ ᠵᠤᠯ ᠵᠢᠷᠭᠠᠯᠳᠤ ᠬᠡᠷ ᠤᠷᠤᠨ᠎ᠢᠶᠠᠨ ᠰᠠᠢᠳᠤᠷ ᠪᠦᠲᠦᠬᠡᠨ ᠪᠠᠢᠭᠤᠯᠤᠨ᠎ᠠ ᠬᠡᠵᠦ᠍ ᠬᠡᠯᠡᠪᠡ᠃
    ᠬᠤ᠌ ᠢᠤᠢ ᠬᠡᠱᠢᠬᠦᠨ 100 ᠭᠠᠷᠤᠢ ᠡᠳᠦᠷ᠎ᠤᠨ ᠬᠢᠵᠢᠭ᠎ᠲᠠᠢ ᠲᠡᠮᠡᠴᠡᠭ᠌ᠰᠡᠨ ᠲᠦᠷᠦᠭ᠌ᠳᠡᠯ᠎ᠢᠶᠠᠨ ᠬᠤᠪᠢᠶᠠᠯᠴᠠᠬᠤ᠎ᠳᠠᠭᠠᠨ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ ᠪᠤᠯ ᠬᠢᠵᠢᠭ᠎ᠢ ᠢᠯᠠᠬ᠍ᠰᠠᠨ ᠦᠨᠳᠦᠰᠦᠨ ᠪᠠᠳᠤᠯᠠᠭ᠎ᠠ ᠮᠦᠨ; 《ᠡᠩᠬᠡ᠎ᠶ᠋ᠢᠨ ᠡᠯᠴᠢᠳ》 ᠪᠤᠯ ᠱᠢᠨ᠎ᠠ ᠴᠠᠬ ᠦᠶ᠎ᠠ᠎ᠶ᠋ᠢᠨ ᠬᠠᠮᠤᠬ᠎ᠤᠨ ᠬᠠᠢᠷᠠᠳᠤ ᠬᠦᠮᠦᠰ ᠮᠦᠨ; ᠠᠯᠢ ᠤᠯᠠᠨ ᠠᠷᠤ ᠲᠠᠯ᠎ᠠ᠎ᠶ᠋ᠢᠨ ᠪᠠᠳᠤᠯᠠᠭ᠎ᠠ᠎ᠶ᠋ᠢᠨ ᠠᠵᠢᠯᠳᠠᠨ᠂ ᠰᠠᠢᠨ ᠲᠤᠷ᠎ᠠ᠎ᠶ᠋ᠢᠨ ᠠᠵᠢᠯᠯᠠᠬ᠍ᠴᠢ᠂ ᠡᠷᠡᠯᠭᠡᠭ ᠪᠠᠭᠠᠳᠤᠷᠯᠢᠬ ᠦᠬᠠᠨ᠎ᠤ ᠠᠷᠠᠳ ᠪᠤᠳᠠᠳᠤ ᠠᠵᠢᠯᠯᠠᠭ᠎ᠠ᠎ᠪᠠᠷ᠎ᠢᠶᠠᠨ ᠬᠢᠵᠢᠭ᠎ᠲᠠᠢ ᠲᠡᠮᠡᠴᠡᠬᠦ᠌ ᠬᠦᠴᠦᠳᠤ ᠤᠷᠤᠰᠭᠠᠯ᠎ᠢ ᠪᠦᠷᠢᠯᠳᠦᠭᠦᠯᠪᠡ᠃ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠬ᠍ᠰᠠᠨ ᠨᠠᠮ᠎ᠤᠨ ᠲᠦᠪ ᠬᠤᠷᠢᠶᠠᠨ᠎ᠤ ᠪᠠᠳᠤ ᠴᠢᠩᠭ᠎ᠠ ᠤᠳᠤᠷᠢᠳᠤᠯᠭ᠎ᠠ ᠪᠠ ᠨᠢᠬᠡᠳᠦᠯᠳᠡᠢ ᠵᠢᠯᠤᠭᠤᠳᠤᠯᠭ᠎ᠠ ᠲᠤᠤᠷ᠎ᠠ᠂ ᠪᠢᠳᠡ ᠪᠦᠯᠬᠦᠮᠳᠡᠨ ᠨᠢᠬᠡᠳᠴᠤ᠌ ᠦᠬᠠᠨ᠎ᠢ ᠬᠠᠮᠠᠭᠠᠯᠠᠬᠤ ᠲᠠᠢᠯᠠᠯᠳᠤᠭᠠᠨ᠂ ᠬᠤᠪᠧᠢ᠎ᠶ᠋ᠢ ᠬᠠᠮᠠᠭᠠᠯᠠᠬᠤ ᠲᠠᠢᠯᠠᠯᠳᠤᠭᠠᠨ᠎ᠤ ᠢᠯᠠᠯᠳᠠ᠎ᠶ᠋ᠢ ᠤᠯᠵᠠᠢ ᠬᠡᠵᠦ᠍ ᠬᠡᠯᠡᠪᠡ᠃
    ᠭᠧ ᠵᠢᠶᠦ᠋ᠨ ᠪᠦᠸᠧ ᠬᠡᠱᠢᠬᠦᠨ 《9.3》 ᠎ᠤ ᠡᠷᠳᠡᠮ ᠱᠢᠨᠵᠢᠯᠡᠬᠡᠨ᠎ᠤ ᠨᠡᠢᠬᠡᠮᠯᠢᠭ᠎ᠤᠨ ᠲᠦᠪ ᠬᠤᠷᠢᠶ᠎ᠠ᠎ᠶ᠋ᠢ ᠲᠦᠯᠦᠭᠡᠯᠡᠨ ᠦᠭᠡ ᠬᠡᠯᠡᠬᠦ᠌᠎ᠳᠡᠭᠡᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠬᠦᠷᠢᠶ᠎ᠠ ᠴᠠᠷᠠᠭ᠎ᠠ᠎ᠶ᠋ᠢᠨ ᠰᠤᠷᠳᠠᠯ ᠪᠠ ᠡᠷᠳᠡᠮ ᠱᠢᠨᠵᠢᠯᠡᠬᠡᠨ᠎ᠤ ᠰᠤᠷᠳᠠᠯ᠎ᠤᠨ ᠪᠠᠢᠭᠤᠯᠤᠯᠳᠠ ᠡᠬᠦᠷᠬᠡ ᠬᠦᠨᠳᠤ ᠵᠠᠮ ᠬᠤᠯᠠ ᠪᠠᠢᠨ᠎ᠠ᠃ ᠠᠰᠠᠭᠤᠳᠠᠯ᠎ᠢᠶᠠᠷ ᠤᠳᠤᠷᠢᠳᠤᠮᠵᠢ ᠪᠤᠯᠭᠠᠬᠤ᠎ᠶ᠋ᠢ ᠪᠠᠷᠢᠮᠳᠠᠯᠠᠨ᠂ ᠨᠡᠢᠬᠡᠮ᠎ᠤᠨ ᠬᠡᠷᠡᠭ᠌ᠴᠡᠭᠡ ᠱᠠᠭᠠᠷᠳᠠᠯᠭ᠎ᠠ᠎ᠳᠤ ᠱᠢᠭᠤᠳ ᠴᠢᠭ᠌ᠯᠡᠬᠦᠯᠵᠦ᠍᠂ ᠤᠯᠤᠰ᠎ᠤᠨ ᠪᠠᠢᠯᠳᠤᠬᠤ ᠪᠤᠳᠤᠯᠭ᠎ᠠ᠎ᠶ᠋ᠢ ᠮᠥᠷᠳᠡᠨ ᠲᠠᠭᠠᠵᠦ᠍᠂ ᠦᠬᠦᠯᠡᠯ ᠪᠦᠲᠦᠭᠡᠯ᠎ᠢᠶᠠᠨ ᠡᠬᠡ ᠤᠯᠤᠰ᠎ᠤᠨ ᠦᠷᠬᠡᠨ ᠠᠭᠤᠳᠠᠮ ᠭᠠᠵᠠᠷ ᠨᠤᠳᠤᠭ ᠲᠡᠬᠡᠷ᠎ᠠ᠂ ᠠᠭᠤᠤ ᠶᠡᠭᠡ ᠲᠡᠮᠡᠴᠡᠯ᠎ᠤᠨ ᠲᠤᠮᠳᠠ ᠪᠢᠴᠢᠬᠦ᠌ ᠬᠡᠷᠡᠭ᠌ᠳᠡᠢ᠃ ᠰᠠᠭᠤᠷᠢ ᠰᠤᠳᠤᠯᠭᠠᠨ᠎ᠤ ᠤᠨᠴᠠᠯᠢᠬ᠎ᠲᠠᠢ ᠲᠤᠬᠢᠷᠠᠯᠴᠠᠬ᠍ᠰᠠᠨ ᠪᠠᠳᠤᠯᠠᠬᠤ᠂ ᠦᠨᠡᠯᠡᠬᠦ᠌ ᠪᠠ ᠤᠷᠮᠠᠱᠢᠭᠤᠯᠬᠤ ᠲᠤᠬ᠍ᠳᠠᠴᠠ᠎ᠶ᠋ᠢ ᠲᠡᠬᠦᠯᠳᠡᠷᠵᠢᠬᠦᠯᠦᠨ᠂ 《ᠬᠦᠢᠳᠡᠨ ᠤᠯᠪᠤᠬ ᠳᠡᠭᠡᠷ᠎ᠡ ᠤᠯᠠᠨ ᠵᠢᠯ ᠲᠤᠷᠠᠳᠠᠶ᠎ᠠ ᠰᠠᠭᠤᠬᠤ》 ᠬᠠᠳᠠᠭᠤ ᠪᠠᠷᠢᠮᠳᠠᠯᠠᠯ᠎ᠢ ᠰᠠᠢᠱᠢᠶᠠᠨ ᠬᠦᠬᠢᠬᠦᠯᠵᠦ᠍᠂ ᠯᠠᠪᠳᠠᠭᠤᠨ ᠪᠠᠳᠤᠳᠠᠢ ᠱᠢᠷᠭᠠᠭᠤ ᠬᠠᠳᠠᠭᠤᠵᠢᠯᠳᠠᠢ ᠠᠵᠢᠯᠯᠠᠬᠤ᠂ ᠦᠨᠳᠦᠷ ᠤᠷᠬᠢᠯ᠎ᠳᠤ ᠡᠷᠡᠮᠡᠭᠡᠢᠯᠡᠨ ᠠᠪᠠᠷᠢᠬᠤ ᠠᠭᠤᠷ ᠠᠮᠢᠰᠭᠤᠯ᠎ᠢ ᠪᠦᠷᠢᠯᠳᠦᠬᠦᠯᠬᠦ᠌ ᠬᠡᠷᠡᠭ᠌ᠳᠡᠢ ᠬᠡᠪᠡ᠃
    ᠶᠠᠩ ᠸᠧᠢ ᠮᠢᠨ ᠬᠡᠱᠢᠬᠦᠨ᠂ ᠬᠡᠨᠡᠳᠳᠡ ᠢᠷᠡᠭ᠌ᠰᠡᠨ ᠱᠢᠨ᠎ᠠ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠤᠯᠠᠨ ᠬᠤᠪᠢᠷᠠᠯᠳᠠ ᠠᠪᠴᠢᠷᠠᠭ᠍ᠰᠠᠨ ᠪᠤᠯᠪᠠᠴᠤ᠌ ᠮᠠᠨ᠎ᠤ ᠤᠯᠤᠰ᠎ᠤᠨ ᠠᠵᠦ᠍ ᠠᠬᠤᠢ᠎ᠶ᠋ᠢᠨ ᠤᠷᠳᠤ ᠬᠤᠭᠤᠴᠠᠭ᠎ᠠ ᠰᠠᠢᠵᠢᠷᠠᠯᠳᠠ᠎ᠲᠠᠢ ᠪᠠᠢᠬᠤ ᠦᠨᠳᠦᠰᠦᠨ ᠬᠠᠨᠳᠤᠰᠢ᠎ᠶ᠋ᠢ ᠬᠤᠪᠢᠷᠠᠭᠤᠯᠵᠦ᠍ ᠲᠡᠢᠯᠬᠦ᠌ ᠦᠬᠡᠢ ᠶᠤᠮ᠃ ᠪᠢᠳᠡᠨ᠎ᠳᠤ ᠯᠤᠳᠤ ᠶᠡᠭᠡ ᠵᠠᠬ᠎ᠠ ᠲᠡᠯᠬᠡᠬᠦᠷ᠎ᠤᠨ ᠤᠷᠤᠨ ᠵᠠᠢ᠂ ᠬᠦᠴᠦᠷᠭᠡᠭ ᠶᠡᠭᠡ ᠦᠬᠡᠷᠡᠴᠢᠯᠡᠯᠳᠡ᠎ᠶ᠋ᠢᠨ ᠬᠦᠳᠡᠯᠬᠡᠬᠦ᠌ ᠬᠦᠴᠤᠨ᠂ ᠪᠦᠷᠢᠨ ᠬᠦᠢᠴᠡᠳ ᠲᠦᠷᠦ᠎ᠶ᠋ᠢᠨ ᠪᠤᠳᠤᠯᠭ᠎ᠠ᠎ᠶ᠋ᠢᠨ ᠪᠠᠭᠠᠵᠢ᠂ ᠢᠯᠡ ᠲᠤᠪᠤᠢᠮ᠎ᠠ ᠪᠠᠢᠭᠤᠯᠤᠯ᠎ᠤᠨ ᠲᠠᠪᠠᠭᠤᠯᠢᠬ ᠪᠠᠢᠨ᠎ᠠ᠃ ᠮᠠᠨ᠎ᠤ ᠤᠯᠤᠰ᠎ᠤᠨ ᠪᠠᠢᠭᠤᠯᠤᠯ᠎ᠤᠨ ᠲᠠᠪᠠᠭᠤᠯᠢᠬ᠎ᠢᠶᠠᠨ ᠤᠯᠤᠰ᠎ᠤᠨ ᠵᠠᠰᠠᠯᠳᠠ᠎ᠶ᠋ᠢᠨ ᠬᠦᠴᠦᠨ ᠴᠢᠳᠠᠪᠤᠷᠢ ᠪᠤᠯᠭᠠᠨ ᠬᠤᠪᠢᠷᠠᠭᠤᠯᠵᠤ᠂ ᠠᠵᠦ᠍ ᠠᠬᠤᠢ᠎ᠶ᠋ᠢᠨ ᠵᠠᠰᠠᠯᠳᠠ᠎ᠶ᠋ᠢᠨ ᠲᠦᠪᠱᠢᠨ᠎ᠢᠶᠠᠨ ᠲᠡᠭᠡᠭ᠌ᠰᠢᠯᠡᠬᠦᠯᠵᠥ᠍ ᠯᠠ ᠪᠠᠢᠪᠠᠯ ᠲᠤᠮᠳᠠᠳᠤ ᠤᠯᠤᠰ᠎ᠤᠨ ᠠᠵᠦ᠍ ᠠᠬᠤᠢ᠎ᠶ᠋ᠢᠨ ᠠᠪᠤᠷᠭᠤ ᠬᠦᠯᠬᠡ ᠤᠩᠭᠤᠴᠠ ᠯᠠᠪᠳᠠᠢ ᠲᠠᠯᠳᠠ ᠪᠤᠱᠤᠭ᠎ᠠ ᠪᠠᠷᠳᠠᠭᠠᠳᠤ ᠲᠠᠩ᠎ᠢ ᠠᠵᠢᠬ ᠦᠬᠡᠢ ᠲᠤᠭᠤᠯᠵᠦ᠍᠂ ᠦᠷᠬᠦᠯᠵᠢᠯᠡᠨ ᠤᠷᠤᠬ᠍ᠰᠢᠯᠠᠵᠦ᠍ ᠴᠢᠳᠠᠨ᠎ᠠ ᠬᠡᠵᠦ᠍ ᠬᠡᠯᠡᠪᠡ᠃
    ᠬᠤᠧᠠᠩ ᠯᠢ ᠬᠡᠱᠢᠬᠦᠨ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠤᠯᠪᠤᠭ᠎ᠠ᠎ᠶ᠋ᠢ ᠲᠦᠯᠦᠬᠡᠯᠡᠨ ᠦᠭᠡ ᠬᠡᠯᠡᠬᠦ᠌᠎ᠳᠡᠭᠡᠨ᠂ ᠦᠬᠠᠨ᠎ᠤ ᠠᠷᠠᠳ᠎ᠤᠨ ᠡᠵᠡᠩᠨᠡᠯᠳᠡ᠎ᠶ᠋ᠢᠨ ᠠᠵᠦ᠍ ᠠᠬᠤᠢ᠍ᠢᠯᠠᠯ ᠪᠤᠯᠤᠬ᠍ᠰᠠᠨ᠎ᠤ ᠬᠤᠪᠢ᠎ᠳᠤ᠂ ᠪᠢᠳᠡ ᠬᠢᠵᠢᠭ᠎ᠲᠠᠢ ᠲᠡᠮᠡᠴᠡᠬᠦ᠌ ᠠᠵᠢᠯᠯᠠᠭ᠎ᠠ᠎ᠳᠤ ᠪᠦᠬᠦ᠌ ᠶᠠᠪᠤᠴᠠ᠎ᠪᠠᠷ ᠤᠷᠤᠯᠴᠠᠬᠤ᠎ᠳᠠᠭᠠᠨ ᠨᠠᠮ᠎ᠤᠨ ᠪᠠᠳᠤ ᠴᠢᠩᠭ᠎ᠠ ᠵᠦᠪ ᠤᠨᠤᠪᠴᠢᠳᠠᠢ ᠤᠳᠤᠷᠢᠳᠤᠯᠭ᠎ᠠ᠂ ᠪᠦᠬᠦ᠌ ᠤᠯᠤᠰ᠎ᠤᠨ ᠠᠷᠠᠳ ᠲᠦᠮᠡᠨ᠎ᠤ ᠰᠡᠳᠭᠢᠯ᠎ᠢᠶᠠᠨ ᠨᠢᠬᠡᠳᠭᠡᠵᠤ ᠬᠦᠴᠤᠨ᠎ᠢᠶᠠᠨ ᠬᠠᠮᠳᠤᠳᠭᠠᠭ᠍ᠰᠠᠨ᠂ ᠲᠤᠮᠳᠠᠳᠤ᠎ᠶ᠋ᠢᠨ ᠦᠨᠳᠦᠰᠦᠳᠡᠨ᠎ᠤ ᠠᠤᠭ᠎ᠠ ᠶᠡᠭᠡ ᠬᠦᠴᠦᠨ ᠴᠢᠳᠠᠯ᠎ᠢ ᠤᠯᠵᠦ᠍ ᠬᠠᠷᠠᠵᠠᠢ᠃ ᠤᠳᠤᠬᠠᠨ᠎ᠳᠤ ᠠᠷᠠᠳ᠎ᠤᠨ ᠡᠵᠡᠩᠨᠡᠯᠳᠡ᠎ᠶ᠋ᠢᠨ ᠠᠵᠦ᠍ ᠠᠬᠤᠢ᠍ᠢᠯᠠᠯ ᠤᠷᠢᠳᠤ ᠡᠮᠦᠨ᠎ᠠ ᠪᠠᠢᠭ᠎ᠠ ᠦᠬᠡᠢ ᠬᠦᠴᠢᠷᠳᠡᠯ ᠪᠠ ᠲᠠᠷᠤᠯᠳᠠ᠎ᠳᠤ ᠲᠤᠯᠭᠠᠷᠠᠵᠤ ᠪᠠᠢᠨ᠎ᠠ᠂ ᠲᠦᠷᠢᠮ ᠠᠷᠭ᠎ᠠ ᠬᠡᠮᠵᠢᠶ᠎ᠠ᠎ᠶ᠋ᠢ ᠲᠡᠬᠦᠯᠳᠡᠷᠵᠢᠬᠦᠯᠬᠦ᠂ ᠲᠤᠭᠤᠷᠢᠨ ᠪᠠᠢᠴᠠᠭᠠᠵᠦ᠍ ᠱᠠᠯᠠᠪᠳᠠᠭᠤᠯᠤᠨ ᠪᠠᠢᠴᠠᠭᠠᠬᠤ᠎ᠶ᠋ᠢ ᠴᠢᠩᠭᠠᠳᠭᠠᠬᠤ᠂ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠱᠢᠯᠢᠳᠡᠭ᠌ᠵᠢᠬᠦᠯᠬᠦ᠌ ᠵᠡᠷᠬᠡ ᠠᠷᠭ᠎ᠠ ᠬᠡᠮᠵᠢᠶ᠎ᠠ᠎ᠪᠠᠷ ᠲᠠᠮᠵᠢᠵᠦ᠍᠂ ᠠᠵᠦ᠍ ᠠᠬᠤᠢ᠍ᠢᠯᠠᠯ᠎ᠳᠤ ᠠᠱᠢᠬ ᠬᠦᠷᠳᠡᠬᠡᠬᠦ᠌ ᠲᠦᠷᠦ᠎ᠶ᠋ᠢᠨ ᠪᠤᠳᠤᠯᠭ᠎ᠠ᠎ᠶ᠋ᠢᠨ ᠨᠠᠢᠳᠠᠪᠤᠷᠢᠵᠢᠭᠤᠯᠤᠯᠳᠠ᠎ᠶ᠋ᠢ ᠰᠠᠢᠳᠤᠷ ᠠᠳᠭᠤᠨ᠂ ᠠᠷᠠᠳ᠎ᠤᠨ ᠡᠵᠡᠩᠨᠡᠯᠳᠡ᠎ᠶ᠋ᠢᠨ ᠠᠵᠦ᠍ ᠠᠬᠤᠢ᠍ᠢᠯᠠᠯ᠎ᠤᠨ 《ᠵᠢᠷᠭᠤᠭ᠎ᠠ᠎ᠶ᠋ᠢ ᠲᠤᠬ᠍ᠳᠠᠪᠤᠷᠢᠵᠢᠭᠤᠯᠬᠤ》᠂ 《ᠵᠢᠷᠭᠤᠭ᠎ᠠ᠎ᠶ᠋ᠢ ᠪᠠᠳᠤᠯᠠᠬᠤ》 ᠲᠤᠮᠳᠠᠬᠢ ᠴᠢᠬᠤᠯᠠ ᠦᠢᠯᠡᠳᠦᠯ᠎ᠢ ᠨᠡᠩ ᠰᠠᠢᠳᠤᠷ ᠪᠠᠳᠠᠷᠠᠭᠤᠯᠬᠤ᠎ᠶ᠋ᠢ ᠰᠠᠨᠠᠭᠤᠯᠵᠦ᠍ ᠪᠠᠢᠨ᠎ᠠ ᠬᠡᠪᠡ᠃
    ᠯᠢ ᠱᠢᠤᠸᠠᠢ ᠮᠧᠶ ᠬᠡᠱᠢᠬᠦᠨ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠶᠠᠪᠤᠳᠠᠯ᠎ᠨᠢ ᠲᠦᠭ ᠲᠦᠮᠡᠨ ᠠᠢᠯ ᠡᠷᠦᠬᠡ᠎ᠲᠠᠢ ᠬᠤᠯᠪᠣᠬ᠍ᠳᠠᠵᠥ᠍᠂ ᠠᠷᠠᠳ᠎ᠤᠨ ᠰᠡᠳᠭᠢᠯ᠎ᠢ ᠤᠯᠵᠦ᠍ ᠠᠯᠳᠠᠬᠤ᠎ᠲᠠᠢ ᠬᠤᠯᠪᠣᠭ᠍ᠳᠠᠵᠤ ᠪᠠᠢᠳᠠᠭ᠃ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠪᠣᠳᠠᠲᠠᠶ ᠬᠡᠷᠡᠭ᠌ᠴᠡᠭᠡ᠎ᠶ᠋ᠢ ᠭᠦᠶᠴᠡᠳ ᠪᠣᠳᠣᠯᠬᠢᠯᠠᠵᠤ᠂ ᠵᠠᠰᠠᠭ᠎ᠤᠨ ᠣᠷᠳᠣᠨ᠎ᠤ ᠵᠠᠰᠠᠭ ᠵᠠᠬᠢᠷᠭᠠᠨ᠎ᠤ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠠᠬᠢᠭᠤᠯᠵᠤ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠪᠠᠢᠩᠭᠤ᠎ᠶ᠋ᠢᠨ ᠴᠢᠨᠠᠷᠳᠠᠢ ᠪᠤᠯᠭᠠᠬᠤ᠎ᠶ᠋ᠢ ᠠᠬᠢᠭᠤᠯᠪᠠᠯ ᠵᠤᠬᠢᠨ᠎ᠠ; ᠡᠯ᠎ᠡ ᠱᠠᠲᠤᠨ᠎ᠤ ᠵᠠᠰᠠᠭ᠎ᠤᠨ ᠣᠷᠳᠣᠨ ᠦᠷ᠎ᠡ ᠳ᠋ᠦᠩ᠎ᠢᠶᠠᠷ ᠤᠳᠤᠷᠢᠳᠤᠮᠵᠢ ᠪᠣᠯᠭᠠᠬᠤ ᠱᠢᠯᠭᠠᠨ ᠦᠨᠡᠯᠡᠬᠦ᠌ ᠪᠠᠷᠢᠮᠵᠢᠶ᠎ᠠ᠎ᠶ᠋ᠢ ᠲᠣᠭ᠍ᠲᠠᠭᠠᠵᠤ᠂ ᠬᠠᠷᠢᠶ᠎ᠠ ᠰᠠᠯᠠᠭ᠎ᠠ ᠮᠥᠴᠢᠷ ᠪᠣᠯᠤᠨ ᠳᠣᠤᠷ᠎ᠠ ᠨᠢᠭᠡ ᠱᠠᠲᠤᠨ᠎ᠤ ᠵᠠᠰᠠᠭ᠎ᠤᠨ ᠣᠷᠳᠣᠨ᠎ᠤ ᠡᠭᠦᠷᠭᠡᠯᠡᠯ᠎ᠢ ᠬᠥᠩᠭᠡᠷᠡᠭᠦᠯᠦᠭ᠌ᠰᠡᠨ ᠪᠣᠳᠠᠲᠤ ᠦᠷ᠎ᠡ ᠪᠦᠲᠦᠮᠵᠢ ᠵᠢᠴᠢ ᠣᠯᠠᠨ ᠲᠦᠮᠡᠨ᠎ᠤ ᠬᠠᠨᠤᠮᠵᠢ᠎ᠶ᠋ᠢᠨ ᠬᠡᠮᠵᠢᠶ᠎ᠡ᠎ᠪᠠᠷ ᠵᠠᠩᠭᠢᠯᠠᠭ᠎ᠠ᠎ᠶ᠋ᠢᠨ ᠵᠢᠭᠠᠯᠲᠠ ᠲᠤᠭ᠎ᠠ ᠪᠣᠯᠭᠠᠪᠠᠯ ᠵᠤᠬᠢᠨ᠎ᠠ; ᠳᠠᠷᠤᠭᠠᠰᠤ᠎ᠶ᠋ᠢ ᠬᠥᠩᠭᠡᠷᠡᠭᠦᠯᠬᠦ᠌ ᠶᠠᠪᠤᠴᠠ᠎ᠳᠠᠬᠢ ᠬᠢᠨᠠᠯᠲᠠ ᠬᠠᠮᠢᠶᠠᠷᠤᠯᠲᠠ ᠪᠠ ᠶᠠᠷᠢᠶ᠎ᠠ ᠬᠡᠯᠡᠯᠴᠡᠭᠡᠨ᠎ᠤ ᠬᠢᠨᠠᠯᠲᠠ᠎ᠶ᠋ᠢ ᠴᠢᠩᠭᠠᠳᠭᠠᠪᠠᠯ ᠵᠤᠬᠢᠨ᠎ᠠ ᠬᠡᠵᠥ᠍ ᠬᠡᠯᠡᠪᠠ᠃
    ᠴᠢᠦᠢ ᠹᠧᠩ ᠬᠤᠩ ᠭᠡᠱᠢᠭᠦᠨ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠲᠥᠪ ᠬᠤᠷᠢ᠊ ᠡᠶ᠎ᠡ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠤᠰᠤᠨ᠎ᠤ ᠡᠬᠢ ᠪᠠᠶᠠᠯᠢᠭ ᠳᠤᠲᠠᠭ᠍ᠳᠠᠬᠤ᠂ ᠤᠰᠤᠨ᠎ᠤ ᠣᠷᠴᠢᠨ ᠲᠣᠭᠤᠷᠢᠨ ᠪᠣᠬᠢᠷᠲᠤᠬᠤ᠂ ᠤᠰᠤᠨ᠎ᠤ ᠠᠮᠢ ᠠᠬᠤᠢ ᠡᠪᠳᠡᠭ᠌ᠳᠡᠬᠦ᠌ ᠭᠤᠷᠪᠠᠨ ᠶᠡᠭᠡ ᠠᠰᠠᠭᠤᠳᠠᠯ ᠡᠳᠦᠷ ᠢᠷᠡᠬᠦᠶ᠎ᠡ ᠲᠤᠪᠤᠢᠮ᠎ᠠ ᠪᠤᠯᠵᠤ ᠪᠠᠢᠨ᠎ᠠ᠃ ᠤᠰᠤᠨ᠎ᠤ ᠡᠬᠢ ᠪᠠᠶᠠᠯᠢᠭ᠎ᠤᠨ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠪᠠᠷ ᠭᠤᠣᠯ ᠱᠢᠵᠢᠮ ᠪᠣᠯᠭᠠᠵᠤ᠂ ᠤᠰᠤ ᠠᠷᠪᠢᠯᠠᠬᠤ᠎ᠶ᠋ᠢ ᠲᠡᠷᠢᠭᠦᠨ᠎ᠳᠤ ᠲᠠᠯᠪᠢᠬᠤ ᠡᠨᠡ ᠬᠦ᠌ ᠵᠠᠩᠭᠢᠯᠠᠭ᠎ᠠ᠎ᠶ᠋ᠢ ᠳᠣᠪᠤᠢᠯᠭᠠᠵᠤ᠂ ᠪᠦᠬᠦ᠋ᠢᠯᠠ ᠠᠵᠤ ᠦᠶᠯᠡᠰ᠂ ᠪᠦᠬᠦ᠌ ᠶᠠᠪᠤᠴᠠ᠂ ᠪᠦᠬᠦ᠌ ᠬᠥᠮᠦᠰ ᠵᠡᠷᠭᠡ ᠭᠤᠷᠪᠠᠨ ᠬᠡᠮᠵᠢᠯᠳᠦ ᠱᠢᠰᠲ᠋ᠧᠮ᠎ᠢᠶᠠᠷ ᠳᠠᠮᠵᠢᠨ᠂ ᠬᠥᠮᠦᠨ ᠠᠮᠠ᠂ ᠬᠤᠲᠠ ᠪᠠ ᠠᠵᠤ ᠦᠢᠯᠡᠰ᠎ᠤᠨ ᠬᠥᠭ᠌ᠵᠢᠯᠲᠡ᠎ᠶ᠋ᠢ ᠵᠦᠶ ᠵᠣᠬᠢᠰᠲᠠᠶ ᠲᠥᠯᠥᠪᠵᠢᠭᠦᠯᠵᠦ᠍᠂ ᠤᠰᠤᠨ᠎ᠤ ᠡᠬᠢ ᠪᠠᠶᠠᠯᠢᠭ᠎ᠤᠨ ᠬᠠᠮᠤᠭ᠎ᠤᠨ ᠴᠢᠩᠭ᠎ᠠ ᠬᠢᠵᠠᠭᠠᠷᠯᠠᠯ᠎ᠢᠶᠠᠷ ᠵᠦᠶ ᠵᠣᠬᠢᠰ ᠥᠬᠡᠶ ᠤᠰᠤ ᠬᠡᠷᠡᠭ᠌ᠯᠡᠬᠦ᠌ ᠬᠡᠷᠡᠭ᠌ᠴᠡᠭᠡ᠎ᠶ᠋ᠢ ᠬᠢᠵᠠᠭᠠᠷᠯᠠᠵᠤ᠂ ᠪᠣᠬᠢᠷᠲᠤᠯ ᠥᠬᠡᠶ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ ᠪᠠ ᠬᠡᠷᠡᠭ᠌ᠯᠡᠭᠡᠨ᠎ᠤ ᠵᠠᠭ᠍ᠪᠤᠷ᠎ᠢ ᠪᠣᠶ ᠪᠣᠯᠭᠠᠬᠤ᠎ᠶ᠋ᠢ ᠠᠬᠢᠭᠤᠯᠪᠠᠯ ᠵᠤᠬᠢᠨ᠎ᠠ ᠬᠡᠪᠡ᠃
    ᠴᠧᠨ ᠹᠧᠩ ᠹᠦ᠋ ᠵᠧᠨ ᠬᠡᠱᠢᠬᠦᠨ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠬᠦᠨᠳᠦ ᠨᠣᠴᠢᠲᠠᠶ ᠬᠡᠮᠵᠢᠶ᠎ᠡ ᠲᠡᠤᠬᠡᠨ᠎ᠳᠤ ᠭᠠᠷᠤᠭ᠎ᠠ ᠦᠭᠡᠢ᠂ ᠳᠤᠮᠳᠠᠳᠤ ᠤᠯᠤᠰ᠎ᠤᠨ ᠬᠢᠵᠢᠭ᠎ᠤᠨ ᠪᠠᠢᠳᠠᠯ᠎ᠲᠠᠢ ᠲᠡᠮᠡᠴᠡᠭ᠌ᠰᠠᠨ ᠲᠤᠷᠱᠢᠯᠭ᠎ᠠ ᠮᠠᠰᠢ ᠬᠤᠪᠣᠷ ᠨᠠᠨᠳᠢᠨ᠂ ᠭᠠᠷ ᠬᠤᠯᠪᠣᠨ ᠬᠠᠮᠲᠤᠷᠠᠨ ᠠᠵᠢᠯᠯᠠᠬᠤ ᠪᠣᠯ ᠬᠢᠵᠢᠭ᠎ᠢ ᠢᠯᠠᠬᠤ ᠴᠣᠷ᠎ᠤᠨ ᠭᠠᠭ᠍ᠴᠠ ᠠᠷᠭ᠎ᠠ ᠵᠠᠮ ᠮᠥᠨ᠃ ᠪᠦᠬᠦ᠌ ᠪᠥᠮᠪᠥᠷᠴᠡᠭ᠎ᠤᠨ ᠬᠢᠵᠢᠭ᠎ᠤᠨ ᠪᠠᠢᠳᠠᠯ ᠪᠠᠰᠠ ᠳᠠᠭᠤᠰᠤᠭ᠎ᠠ ᠦᠭᠡᠢ᠂ ᠳᠡᠯᠡᠬᠡᠶ ᠨᠡᠢᠲᠡ᠎ᠪᠠᠷ᠎ᠢᠶᠠᠨ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠦᠵᠡᠯᠲᠡ᠎ᠶ᠋ᠢ ᠦᠷᠭᠦᠯᠵᠢᠯᠡᠨ ᠪᠠᠷᠢᠮᠲᠠᠯᠠᠵᠤ᠂ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶ᠋ᠢᠨ ᠵᠢᠯᠣᠭᠤᠳᠣᠯᠭ᠎ᠠ ᠳᠣᠤᠷ᠎ᠠ᠂ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭᠠᠳᠭᠠᠵᠤ᠂ ᠣᠳᠣᠬᠠᠨ᠎ᠤ ᠬᠢᠮᠤᠷᠠᠯ᠎ᠢ ᠭᠠᠷ ᠬᠤᠯᠪᠣᠨ ᠢᠯᠠᠨ ᠳᠠᠪᠠᠵᠤ᠂ ᠬᠥᠮᠦᠨ ᠲᠥᠷᠥᠯᠬᠢᠲᠡᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠬᠠᠮᠲᠤ᠎ᠶ᠋ᠢᠨ ᠴᠣᠭ᠍ᠴᠠ᠎ᠶ᠋ᠢ ᠬᠠᠮᠲᠤ᠎ᠪᠠᠷ ᠪᠠᠢᠭᠤᠯᠪᠠᠯ ᠵᠤᠬᠢᠨ᠎ᠠ ᠬᠡᠵᠡᠢ᠃
    ᠮᠦᠲ᠋ᠧᠯᠢᠹᠦ᠋ ᠬᠠᠰᠤᠮ ᠬᠡᠱᠢᠬᠦᠨ᠂ ᠲᠩᠷᠢ ᠠᠭᠤᠯᠠ᠎ᠶ᠋ᠢᠨ ᠨᠠᠷᠠᠰᠤ ᠦᠨᠳᠦᠰᠦ᠎ᠪᠠᠷ᠎ᠢᠶᠠᠨ ᠵᠠᠯᠭᠠᠯᠳᠤᠵᠥ᠍᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠡᠳᠭᠢᠯ ᠵᠢᠷᠦᠬᠡ᠎ᠪᠠᠷ᠎ᠢᠶᠠᠨ ᠬᠤᠯᠪᠤᠯᠳᠤᠨ᠎ᠠ᠃ ᠣᠳᠣᠬᠠᠨ᠎ᠳᠤ ᠱᠢᠨᠵᠢᠶᠠᠩ᠎ᠤᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠮᠤᠷ ᠲᠦᠪᠱᠢᠨ᠎ᠤ ᠰᠡᠳᠭᠢᠯᠭᠡ ᠶᠡᠭᠡ᠎ᠪᠠᠷ ᠨᠡᠮᠡᠭ᠌ᠳᠡᠵᠦ᠍᠂ ᠪᠢ ᠥᠨᠥᠳᠦᠷ᠎ᠤᠨ ᠨᠤᠲᠤᠭ ᠤᠰᠤᠨ᠎ᠳᠠᠭᠠᠨ ᠬᠢᠵᠠᠭᠠᠯᠠᠰᠢ ᠦᠭᠡᠢ ᠣᠮᠣᠭ᠍ᠰᠢᠵᠤ ᠪᠠᠢᠨ᠎ᠠ! ᠱᠢᠨᠵᠢᠶᠠᠩ᠎ᠤᠨ ᠥᠨᠥᠳᠥᠷ᠎ᠤᠨ ᠶᠡᠭᠡ ᠰᠠᠢᠨ ᠪᠠᠢᠳᠠᠯ ᠬᠢᠯᠪᠠᠷ ᠪᠤᠰᠤ᠎ᠪᠠᠷ ᠢᠷᠡᠭ᠌ᠰᠡᠨ ᠶᠤᠮ᠂ ᠪᠢᠳᠡ ᠡᠷᠬᠡᠪᠰᠢ ᠬᠤᠪᠢ ᠲᠠᠬᠢᠨ ᠨᠠᠨᠳᠢᠩᠨᠠᠵᠤ᠂ ᠡᠷᠡᠰ ᠬᠠᠮᠠᠭᠠᠯᠠᠵᠤ᠂ ᠪᠦᠯᠬᠦᠮᠳᠡᠯ᠎ᠲᠠᠢ ᠡᠶ᠎ᠡ ᠵᠣᠬᠢᠴᠠᠩᠭᠤᠢ᠂ ᠴᠡᠴᠡᠭ᠌ᠯᠡᠨ ᠬᠥᠭ᠌ᠵᠢᠭ᠌ᠰᠡᠨ ᠪᠠᠶᠠᠨ ᠴᠢᠨᠡᠭᠡᠯᠢᠭ᠂ ᠪᠣᠯᠪᠠᠰᠤᠨ ᠲᠠᠪᠱᠢᠯᠳᠠ᠎ᠲᠠᠢ᠂ ᠠᠮᠤᠷ ᠲᠠᠢᠪᠤᠩ ᠠᠵᠤ ᠲᠦᠷᠦᠭᠦ᠌ ᠨᠡᠢᠭᠡᠮ ᠵᠢᠷᠤᠮᠲᠤ ᠱᠢᠨᠵᠢᠶᠠᠩ᠎ᠢ ᠪᠠᠢᠭᠤᠯᠪᠠᠯ ᠵᠤᠬᠢᠨ᠎ᠠ ᠬᠡᠵᠥ᠍ ᠬᠡᠯᠡᠪᠠ᠃
    ᠾᠧ ᠪᠦᠦ ᠱᠢᠶᠠᠩ ᠭᠡᠱᠢᠭᠦᠨ ᠳᠤᠮᠳᠠᠳᠤ ᠤᠯᠤᠰ᠎ᠤᠨ ᠭᠤᠮᠢᠨᠳᠠᠩ ᠨᠠᠮ᠎ᠤᠨ ᠬᠤᠪᠢᠰᠭᠠᠯᠲᠤ ᠬᠤᠷᠢᠶ᠎ᠠ᠎ᠶ᠋ᠢᠨ ᠲᠥᠪ ᠬᠤᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠣᠳᠣᠬᠠᠨ᠎ᠳᠤ ᠲᠠᠢᠸᠠᠨ ᠬᠤᠭᠤᠯᠠᠢ᠎ᠶ᠋ᠢᠨ ᠪᠠᠢᠳᠠᠯ ᠪᠤᠳᠤᠯᠢᠶᠠᠨᠲᠠᠶ ᠪᠠᠢᠬᠤ ᠪᠠᠢᠳᠠᠯ ᠲᠤᠤᠷ᠎ᠠ ᠵᠠᠪᠠᠯ ᠨᠢᠬᠡ ᠯᠡ ᠳᠤᠮᠳᠠᠳᠤ ᠤᠯᠤᠰ ᠪᠠᠢᠬᠤ ᠵᠠᠷᠴᠢᠮ᠎ᠢ ᠪᠠᠷᠢᠮᠲᠠᠯᠠᠵᠥ᠍᠂ 《ᠶᠡᠷᠡᠨ ᠬᠤᠶᠠᠷ ᠤᠨ᠎ᠤ ᠬᠠᠮᠲᠤ᠎ᠶ᠋ᠢᠨ ᠲᠠᠨᠢᠯᠲᠠ》 ᠎ᠶ᠋ᠢ ᠡᠷᠡᠰ ᠬᠠᠮᠠᠭᠠᠯᠠᠵᠤ᠂ 《ᠲᠠᠢᠸᠠᠨ ᠬᠤᠭᠤᠯᠠᠶ᠎ᠶ᠋ᠢᠨ ᠬᠤᠶᠠᠷ ᠬᠦᠪᠡᠭᠡ ᠨᠢᠭᠡ ᠭᠡᠷ᠎ᠤᠨ ᠬᠥᠮᠦᠨ ᠮᠡᠲᠦ ᠲᠤᠳᠤᠨᠤ》 ᠪᠠᠢᠬᠤ ᠣᠢᠯᠠᠭᠠᠭ᠍ᠳᠠᠬᠤᠨ᠎ᠢ ᠦᠶᠯᠡᠳᠦᠯᠭᠡᠵᠢᠭᠦᠯᠵᠦ᠍᠂ ᠲᠡᠦᠬᠡ᠎ᠶ᠋ᠢᠨ ᠬᠥᠭ᠌ᠵᠢᠯᠲᠡ᠎ᠶ᠋ᠢᠨ ᠶᠡᠭᠡ ᠬᠠᠨᠳᠤᠰᠢ᠎ᠶ᠋ᠢ ᠳᠠᠭᠠᠵᠤ᠂ ᠬᠤᠶᠠᠷ ᠬᠥᠪᠡᠭᠡᠨ᠎ᠤ ᠠᠭᠤᠰᠤᠯᠴᠠᠨ ᠬᠥᠭ᠌ᠵᠢᠬᠦ᠌᠎ᠶ᠋ᠢ ᠭᠦᠨᠵᠡᠭᠡᠢᠷᠡᠭᠦᠯᠵᠦ᠍᠂ ᠠᠷᠠᠳ᠎ᠤᠨ ᠰᠡᠳᠭᠢᠯ᠎ᠤᠨ ᠨᠡᠪᠲᠡᠷᠡᠯᠴᠡᠭᠡ᠎ᠶ᠋ᠢ ᠴᠢᠷᠮᠠᠢᠨ ᠠᠬᠢᠭᠤᠯᠪᠠᠯ ᠵᠤᠬᠢᠨ᠎ᠠ᠃ ᠲᠠᠢᠸᠠᠨ ᠬᠤᠭᠤᠯᠠᠢ᠎ᠶ᠋ᠢᠨ ᠬᠤᠶᠠᠷ ᠬᠦᠪᠡᠬᠡᠨ᠎ᠤ ᠠᠬ᠎ᠠ ᠳᠡᠭᠦᠦ ᠨᠡᠷ ᠭᠠᠷ ᠭᠠᠷ᠎ᠢᠶᠠᠨ ᠬᠤᠯᠪᠣᠯᠴᠠᠨ᠂ ᠰᠡᠳᠭᠢᠯ ᠨᠢᠭᠡᠳᠴᠦ᠍ ᠬᠦᠴᠦ᠎ᠪᠠᠨ ᠬᠠᠮᠲᠤᠳᠭᠠᠵᠤ᠂ ᠲᠦᠮᠡᠨ ᠪᠡᠷᠬᠡ᠎ᠶ᠋ᠢ ᠢᠯᠠᠨ ᠳᠠᠪᠠᠵᠤ᠂ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠡᠲᠡᠭᠡᠳ ᠵᠢᠴᠢ ᠬᠠᠭᠠᠴᠠᠭᠤᠯᠬᠤ ᠠᠵᠢᠯᠯᠠᠭ᠎ᠠ᠎ᠶ᠋ᠢ ᠬᠠᠮᠲᠤ᠎ᠪᠠᠷ ᠡᠰᠡᠷᠭᠦᠴᠡᠵᠦ᠍᠂ ᠡᠬᠡ ᠣᠷᠣᠨ᠎ᠢᠶᠠᠨ ᠨᠠᠢᠷᠠᠮᠳᠠᠯ᠎ᠢᠶᠠᠷ ᠨᠢᠭᠡᠳᠭᠡᠬᠦ᠌ ᠠᠬᠢᠴᠠ᠎ᠶ᠋ᠢ ᠬᠠᠮᠲᠤ᠎ᠪᠠᠷ ᠠᠬᠢᠭᠤᠯᠵᠤ᠂ ᠲᠠᠢᠸᠠᠨ ᠬᠤᠭᠤᠯᠠᠶ᠎ᠶ᠋ᠢᠨ ᠬᠤᠶᠠᠷ ᠬᠦᠪᠡᠬᠡᠨ᠎ᠤ ᠠᠬ᠎ᠠ ᠳᠡᠭᠦᠤ ᠨᠡᠷ᠎ᠤᠨ ᠰᠠᠢᠨ ᠰᠠᠢᠬᠠᠨ ᠢᠷᠡᠭᠡᠳᠦᠶ᠎ᠶ᠋ᠢ ᠬᠠᠮᠲᠤ᠎ᠪᠠᠷ ᠡᠭᠦᠳᠪᠠᠯ ᠵᠤᠬᠢᠨ᠎ᠠ ᠬᠡᠪᠡ᠃
    ᠲᠦ ᠬᠠᠢ ᠮᠢᠩ ᠭᠡᠱᠢᠭᠦᠨ᠂ ᠭᠡᠷ ᠪᠠ ᠤᠯᠤᠰ ᠶᠡᠷᠦ᠎ᠠᠴᠠ ᠨᠢᠬᠡ ᠴᠤᠭ᠍ᠴᠠ᠂ ᠱᠢᠶᠠᠩᠭᠠᠩ ᠪᠣᠯᠤᠨ ᠳᠣᠲᠣᠷ᠎ᠠ ᠭᠠᠵᠠᠷ᠎ᠨᠢ ᠴᠢᠰᠤ ᠮᠢᠬᠠᠨ᠎ᠤ ᠬᠤᠯᠪᠣᠭ᠎ᠠ᠎ᠲᠠᠢ ᠪᠠᠢᠳᠠᠭ᠃ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》 ᠪᠠᠢᠭᠤᠯᠤᠯ᠎ᠤᠨ ᠢᠲᠡᠭᠡᠯ᠎ᠢᠶᠠᠨ ᠪᠠᠲᠤᠳᠭᠠᠵᠤ᠂ ᠪᠠᠷᠢᠮᠲᠠᠯᠠᠬᠤ ᠴᠢᠬᠤᠯᠠᠳᠠᠢ᠎ᠶ᠋ᠢ᠎ᠨᠢ ᠵᠠᠪᠠᠯ ᠪᠠᠷᠢᠮᠲᠠᠯᠠᠵᠤ᠂ ᠬᠢᠬᠦ᠌ ᠴᠢᠬᠤᠯᠠᠳᠠᠢ ᠠᠵᠢᠯ᠎ᠢ ᠡᠷᠬᠡᠪᠰᠢ ᠬᠦᠯᠢᠴᠡᠩᠭᠦᠶ ᠨᠠᠷᠢᠨ ᠬᠢᠨᠠᠮᠠᠭᠠᠶ ᠰᠠᠢᠲᠤᠷ ᠬᠢᠬᠦ᠌ ᠭᠡᠷᠡᠭ᠌ᠳᠠᠢ᠃ 《ᠱᠢᠶᠠᠩᠭᠠᠩ᠎ᠢ ᠲᠤᠰᠠᠭᠠᠷ ᠲᠣᠭ᠍ᠲᠠᠨᠢᠭᠤᠯᠬᠤ》 ᠬᠦᠴᠦᠨ᠎ᠤ ᠣᠷᠣᠱᠢᠨ ᠲᠣᠭ᠍ᠲᠠᠨᠢᠬᠤ ᠬᠥᠷᠥᠰᠥ᠍ ᠱᠢᠷᠣᠶ᠎ᠶ᠋ᠢ ᠲᠦᠢᠯᠪᠤᠷᠢᠲᠠᠶ ᠴᠡᠪᠡᠷᠯᠡᠨ ᠠᠷᠢᠯᠭᠠᠵᠤ᠂ ᠱᠢᠶᠠᠩᠭᠠᠩ᠎ᠢ ᠶᠠᠭᠠᠬᠢᠭ᠍ᠰᠠᠨ ᠴᠤ᠌ ᠤᠯᠤᠰ᠎ᠤᠨ ᠠᠮᠤᠷ ᠲᠦᠪᠱᠢᠨ᠎ᠤ ᠠᠶᠤᠯ ᠲᠦᠭ᠌ᠰᠢᠭᠦᠷᠢ ᠪᠣᠯᠭᠠᠵᠤ ᠪᠣᠯᠬᠤ ᠦᠭᠡᠢ᠃ ᠱᠢᠶᠠᠩᠭᠠᠩ᠎ᠤᠨ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠮᠤᠷ ᠲᠦᠪᠱᠢᠨ᠎ᠢ ᠬᠠᠮᠠᠭᠠᠯᠠᠬᠤ ᠤᠯᠤᠰ᠎ᠤᠨ ᠬᠠᠤᠯᠢ ᠴᠠᠭᠠᠵᠠ᠎ᠶ᠋ᠢᠨ ᠲᠦᠷᠢᠮ ᠪᠠ ᠭᠦᠶᠴᠡᠳᠭᠡᠬᠦ᠌ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠬᠦ᠌᠎ᠶ᠋ᠢ ᠡᠷᠡᠰ ᠲᠡᠮᠵᠢᠨ᠎ᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠬᠠᠤᠯᠢ᠎ᠶ᠋ᠢ ᠲᠠᠢᠯᠪᠤᠷᠢᠯᠠᠬᠤ ᠡᠷᠬᠡ ᠪᠠ ᠬᠢᠨᠠᠯᠲᠠ ᠲᠠᠯᠪᠢᠬᠤ ᠡᠷᠬᠡ᠎ᠪᠠᠨ ᠭᠦᠶᠴᠡᠳ ᠬᠡᠷᠡᠭ᠌ᠯᠡᠵᠦ᠍᠂ ᠥᠨᠳᠤᠰᠤᠨ ᠬᠠᠤᠯᠢ᠎ᠶ᠋ᠢᠨ 《ᠬᠤᠷᠢᠨ ᠭᠤᠷᠪᠠᠳᠤᠭᠠᠷ ᠵᠤᠷᠪᠤᠰ》 ᠎ᠤᠨ ᠬᠠᠤᠯᠢ ᠲᠣᠭ᠍ᠲᠠᠭᠠᠯᠲᠠ᠎ᠳᠤ ᠲᠣᠳᠣᠷᠬᠠᠶ ᠵᠢᠯᠣᠭᠤᠳᠤᠯᠭ᠎ᠠ ᠦᠭ᠌ᠬᠦ ᠪᠠ ᠱᠠᠯᠠᠪᠳᠠᠭᠤᠯᠤᠨ ᠨᠠᠢᠳᠠᠪᠤᠷᠢᠵᠢᠭᠤᠯᠪᠠᠯ ᠵᠤᠬᠢᠨ᠎ᠠ ᠬᠡᠵᠥ᠍ ᠰᠠᠨᠠᠯ ᠰᠠᠨᠠᠭᠤᠯᠭ᠎ᠠ ᠲᠤᠷᠠᠳᠴᠠᠢ᠃
    ᠴᠢ ᠵᠢᠶᠠᠨ ᠭᠦᠸᠧ ᠭᠡᠱᠢᠭᠦᠨ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠴᠡᠷᠢᠭ ᠠᠩᠬᠢ ᠪᠣᠯ ᠨᠠᠮ᠎ᠤᠨ ᠵᠢᠯᠤᠭᠤᠳᠤᠯᠭ᠎ᠠ᠎ᠶ᠋ᠢ ᠲᠠᠭᠠᠬᠤ᠂ ᠢᠯᠠᠭᠤᠭ᠍ᠰᠠᠨ ᠳᠠᠢᠨ ᠬᠢᠵᠦ᠍ ᠴᠢᠳᠠᠬᠤ᠂ ᠠᠷᠠᠳ ᠲᠦᠮᠡᠨ᠎ᠳᠤ ᠦᠢᠯᠡᠴᠢᠯᠡᠬᠦ᠂ ᠵᠣᠷᠢᠭ᠍ᠲᠠᠢ᠎ᠪᠠᠷ ᠪᠠᠢᠯᠳᠤᠬᠤ ᠪᠤᠯᠤᠳ ᠲᠡᠮᠥᠷ ᠮᠡᠳᠤ ᠴᠡᠷᠢᠭ ᠠᠩᠬᠢ ᠪᠣᠯᠤᠨ᠎ᠠ᠃ ᠴᠡᠷᠢᠭ ᠠᠩᠬᠢ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠡᠰᠡᠷᠭᠦᠴᠡᠬᠦ᠌ ᠲᠠᠢᠯᠠᠯᠳᠤᠭᠠᠨ᠎ᠳᠤ ᠢᠳᠡᠪᠬᠢᠲᠡᠢ ᠣᠷᠣᠯᠴᠠᠵᠤ᠂ ᠰᠢ᠎ᠶ᠋ᠢᠨ ᠫᠢᠩ᠎ᠤᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ ᠪᠣᠯ ᠠᠷᠠᠳ᠎ᠤᠨ ᠴᠡᠷᠢᠭ ᠠᠩᠬᠢ᠎ᠶ᠋ᠢᠨ ᠴᠡᠷᠢᠭ᠎ᠢ ᠬᠦᠴᠦᠷᠬᠡᠭ᠌ᠵᠢᠭᠦᠯᠬᠦ᠌ ᠠᠷᠭ᠎ᠠ ᠵᠠᠮ᠂ ᠢᠯᠠᠯᠲᠠ ᠤᠯᠬᠤ ᠠᠷᠭ᠎ᠠ ᠵᠠᠮ ᠪᠣᠯᠬᠤ᠎ᠶ᠋ᠢ ᠳᠠᠬᠢᠨᠲᠠ ᠭᠡᠷᠡᠴᠢᠯᠡᠪᠡ᠃ ᠪᠢᠳᠡ ᠡᠷᠬᠡᠪᠰᠢ ᠠᠷᠠᠳ ᠲᠦᠮᠡᠨ᠎ᠳᠤ ᠬᠠᠷᠢᠭᠤᠴᠠᠬᠤ ᠪᠣᠯ ᠨᠠᠮ᠎ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠮᠥᠨ᠂ ᠨᠠᠮ᠎ᠤᠨ ᠵᠢᠯᠤᠭᠤᠳᠤᠯᠭ᠎ᠠ᠎ᠶ᠋ᠢ ᠳᠠᠭᠠᠬᠤ ᠪᠣᠯ ᠠᠷᠠᠳ᠎ᠤᠨ ᠴᠡᠷᠢᠭ ᠠᠩᠬᠢ᠎ᠶ᠋ᠢᠨ ᠡᠭᠦᠷᠢᠳᠡ ᠬᠤᠪᠢᠷᠠᠰᠢ ᠦᠭᠡᠢ ᠴᠡᠷᠢᠭ᠎ᠤᠨ ᠰᠦᠭ ᠰᠦᠨᠡᠰᠦ ᠮᠥᠨ ᠭᠡᠳᠡᠭ᠎ᠢ ᠴᠠᠭ ᠢᠮᠠᠭ᠍ᠲᠠ ᠪᠠᠲᠤ ᠴᠡᠭᠡᠵᠢᠯᠡᠪᠠᠯ ᠵᠤᠬᠢᠨ᠎ᠠ ᠬᠡᠵᠥ᠍    ᠬᠡᠯᠡᠪᠡ᠃
    ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠳᠡᠳ᠋ ᠲᠡᠷᠢᠭᠦᠯᠡᠭ᠌ᠴᠢ ᠰᠤ᠌ ᠬᠤᠢ ᠬᠤᠷᠠᠯ᠎ᠢ ᠡᠷᠬᠢᠯᠡᠪᠡ᠃
    ᠪᠥᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠳᠡᠳ᠋ ᠲᠡᠷᠢᠭᠦᠯᠡᠭ᠌ᠴᠢ ᠵᠠᠩ ᠴᠢᠩ ᠯᠢ᠂ ᠯᠢᠦ ᠴᠢ ᠪᠦᠦ᠂ ᠫᠠᠪᠠᠯᠠ · ᠭᠧᠯᠧᠭ᠌ᠨᠠᠮᠵᠢᠯ᠂ ᠸᠠᠨ ᠭᠠᠩ᠂ ᠾᠧ ᠾᠧᠦ ᠬᠤᠸᠠ᠂ ᠯᠦ᠍ ᠵᠠᠨ ᠬᠥᠩ᠂ ᠸᠠᠩ ᠵᠧᠩ ᠸᠧᠶ᠂ ᠮᠠ ᠪᠢᠶᠤᠤ᠂ ᠴᠧᠨ ᠱᠢᠶᠤᠤ ᠭᠤᠸᠠᠩ᠂ ᠯᠢᠶᠠᠩ ᠵᠧᠨ ᠶᠢᠩ᠂ ᠶᠠᠩ ᠴᠤᠸᠠᠨ ᠲᠠᠩ᠂ ᠯᠢ ᠪᠢᠨ᠂ ᠪᠠᠭᠠᠲᠤᠷ᠂ ᠸᠠᠩ ᠶᠦᠩ ᠴᠢᠩ᠂ ᠾᠧ ᠯᠢ ᠹᠧᠩ᠂ ᠵᠧᠩ ᠵᠢᠶᠠᠨ ᠪᠠᠩ᠂ ᠬᠥ᠋ ᠱᠧᠩ ᠽᠦ᠍᠂ ᠯᠢᠦ ᠱᠢᠨ ᠴᠧᠩ᠂ ᠾᠧ ᠸᠧᠶ᠂ ᠱᠣᠤ ᠬᠤᠩ᠂ ᠭᠤᠤ ᠶᠦᠨ ᠯᠦᠩ ᠨᠠᠷ ᠬᠤᠷᠠᠯ᠎ᠳᠤ ᠣᠷᠣᠯᠴᠠᠪᠠ᠃  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号