ᠠᠷᠠᠳ ᠲᠦᠮᠡᠨ᠎ᠢᠶᠠᠷ ᠭᠤᠣᠯ ᠪᠤᠯᠭᠠᠬᠤ᠎ᠶ᠋ᠢ ᠢᠮᠠᠭ᠍ᠲᠠ ᠪᠠᠷᠢᠮᠳᠠᠯᠠᠰᠤᠭᠠᠢ — ᠶᠡᠷᠦᠩᠭᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠭᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠦ᠍ ᠨᠠᠢᠳᠠᠪᠦᠷᠢᠵᠢᠭᠤᠯᠬᠤ ᠲᠤᠬᠠᠢ ᠬᠤᠶᠠᠷᠳᠡ ᠦᠬᠦᠯᠡᠬᠦ᠌᠎ᠨᠢ
2020-05-25 10:07:21
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

      ᠬᠡᠨ᠎ᠤ ᠲᠦᠯᠦᠭᠡ ᠪᠠᠢᠬᠤ ᠪᠤᠯ ᠨᠢᠬᠡ ᠲᠦᠷᠦ᠎ᠶ᠋ᠢᠨ ᠨᠠᠮ᠂ ᠨᠢᠬᠡ ᠲᠦᠷᠦ᠎ᠶ᠋ᠢᠨ ᠡᠷᠬᠡ᠎ᠶ᠋ᠢᠨ ᠱᠢᠨᠵᠢ ᠴᠢᠨᠠᠷ᠎ᠢ ᠱᠢᠯᠭᠠᠬᠤ ᠱᠢᠯᠭᠠᠭᠤᠷ ᠮᠥᠨ᠃
      ᠶᠡᠷᠤᠩᠬᠡᠢ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠭᠤᠷᠪᠠᠳᠤᠭᠠᠷ ᠬᠤᠷᠡᠯ᠎ᠤᠨ ᠦᠪᠤᠷ ᠮᠤᠩᠭᠤᠯ᠎ᠤᠨ ᠲᠦᠯᠥᠬᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶ᠎ᠠ᠎ᠨᠢ ᠤᠯᠤᠰ ᠲᠦᠷᠦ᠍᠂ ᠪᠦᠬᠦ᠌ ᠲᠡᠯ᠎ᠡ᠂ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ᠎ᠠᠴᠠ᠂ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠳᠠᠯᠠᠬᠤ ᠶᠠᠪᠤᠳᠠᠯ᠎ᠢ ᠬᠦᠨᠵᠡᠬᠡᠢ ᠲᠤᠳᠤᠷᠬᠠᠢᠯᠠᠨ ᠦᠬᠦᠯᠡᠵᠥ᠍᠂ ᠴᠢᠬᠤᠯᠠ ᠱᠠᠭᠠᠷᠳᠠᠯᠭ᠎ᠠ ᠲᠤᠷᠠᠳᠴᠠᠢ᠃ ᠪᠢᠳᠡ ᠶᠡᠷᠤᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠬᠦᠨᠵᠡᠬᠡᠢ ᠰᠤᠷᠤᠯᠴᠠᠨ ᠤᠢ᠍ᠢᠯᠠᠭᠠᠵᠥ᠍᠂ ᠠᠷᠠᠳ ᠲᠦᠮᠡᠨ᠎ᠢ ᠲᠡᠬᠡᠳᠤᠯᠡᠬᠦ᠂ ᠠᠷᠠᠳ ᠲᠦᠮᠡᠨ᠎ᠳᠤ ᠨᠢᠬ᠍ᠳᠠ ᠲᠦᠱᠢᠭ᠌ᠯᠡᠬᠦ᠂ ᠠᠷᠠᠳ ᠲᠦᠮᠡᠨ᠎ᠳᠤ ᠲᠠᠰᠤᠷᠠᠯᠳᠡ ᠦᠭᠡᠢ ᠪᠤᠶᠠᠨ ᠦᠢᠯᠡᠳᠬᠦ᠂ ᠠᠷᠠᠳ ᠲᠦᠮᠡᠨ᠎ᠤ ᠲᠤᠮᠳᠠ ᠪᠡᠳᠤ ᠦᠨᠳᠦᠰᠦᠯᠡᠬᠦ᠌᠎ᠶ᠋ᠢ ᠪᠠᠷᠢᠮᠳᠠᠯᠠᠬᠤ᠎ᠶ᠋ᠢᠨ ᠬᠠᠮᠳᠤ ᠡᠯ᠎ᠡ ᠵᠦᠢᠯ᠎ᠤᠨ ᠱᠢᠢᠳᠪᠤᠷᠢᠳᠤ ᠪᠤᠳᠤᠯᠭ᠎ᠠ ᠪᠠᠢᠷᠢᠯᠠᠭᠤᠯᠤᠯᠳᠠ ᠪᠤᠯᠤᠨ ᠪᠤᠳᠠᠳᠠᠢ ᠠᠵᠢᠯ᠎ᠳᠠᠭᠠᠨ ᠨᠠᠢᠳᠠᠪᠤᠷᠢᠵᠢᠭᠤᠯᠵᠥ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠤᠨ ᠬᠦᠭ᠌ᠵᠢᠯᠳᠡ᠎ᠶ᠋ᠢ ᠨᠢᠭᠡᠳᠦᠯᠳᠠᠢ ᠲᠦᠯᠦᠪᠵᠢᠭᠦᠯᠬᠦ᠌ ᠠᠵᠢᠯ᠎ᠢ ᠰᠠᠢᠳᠦᠷ ᠬᠢᠬᠦ᠌ ᠳᠤᠮᠳᠠ ᠨᠠᠢᠳᠠᠪᠤᠷᠢᠵᠢᠭᠤᠯᠵᠤ᠂ ᠶᠠᠷᠢᠶ᠎ᠠ᠎ᠶ᠋ᠢᠨ ᠵᠤᠷᠢᠭ ᠰᠠᠨᠠᠭᠠᠨ᠎ᠤ ᠵᠢᠯᠤᠭᠤᠳᠤᠯᠭ᠎ᠠ ᠲᠤᠤᠷ᠎ᠡ ᠱᠢᠨ᠎ᠡ ᠴᠠᠭ ᠦᠶ᠎ᠡ᠎ᠶ᠋ᠢᠨ ᠦᠪᠤᠷ ᠮᠤᠩᠭᠤᠯ᠎ᠤᠨ ᠬᠦᠭ᠌ᠵᠢᠯᠳᠡ᠎ᠶ᠋ᠢ ᠨᠡᠩ ᠰᠠᠢᠳᠤᠷ ᠠᠬᠢᠭᠤᠯᠵᠥ᠍᠂ ᠨᠠᠮ ᠪᠤᠯᠤᠨ ᠤᠯᠤᠰ᠎ᠤᠨ ᠶᠡᠭᠡ ᠲᠡᠯ᠎ᠡ᠎ᠳᠤ ᠨᠡᠩ ᠰᠠᠢᠳᠤᠷ ᠦᠢᠯᠡᠴᠢᠯᠡᠬᠦ᠌ ᠬᠡᠷᠡᠭ᠌ᠳᠡᠢ᠃
      ᠲᠦᠮᠡᠨ ᠭᠠᠵᠠᠷ ᠠᠶᠠᠯᠠᠪᠠᠴᠦ᠍ ᠤᠭ ᠰᠠᠨᠠᠭ᠎ᠠ᠎ᠪᠠᠨ ᠦᠯᠥ᠍ ᠮᠠᠷᠳᠠᠮᠤᠢ᠃ ᠬᠡᠳᠤᠢ ᠶᠡᠭᠡ ᠦᠷᠢᠰᠦᠯᠳᠦᠬᠡᠨ ᠪᠠ ᠲᠠᠷᠤᠯᠳᠠ᠎ᠳᠤ ᠲᠤᠯᠭᠠᠷᠠᠭ᠍ᠰᠠᠨ ᠴᠦ᠍ ᠲᠡᠷᠡ᠂ ᠬᠡᠳᠤᠢ ᠶᠡᠭᠡ ᠦᠷᠡᠭ᠌ᠳᠡᠯ ᠪᠠ ᠦᠨ᠎ᠡ ᠦᠷᠳᠡᠭ ᠭᠠᠷᠭᠠᠭ᠍ᠰᠠᠠ ᠴᠦ᠍ ᠲᠡᠷᠡ᠂ ᠨᠠᠮ ᠢᠮᠠᠭ᠍ᠳᠠ ᠤᠯᠠᠨ ᠲᠦᠮᠡᠨ᠎ᠤ ᠠᠱᠢᠬ ᠲᠤᠰᠠ᠎ᠶ᠋ᠢ ᠲᠡᠷᠢᠬᠦᠨ᠎ᠳᠤ ᠲᠡᠯᠪᠢᠬ᠍ᠰᠠᠭᠠᠷ ᠢᠷᠡᠵᠠᠢ᠃ ᠬᠡᠨᠡᠳᠳᠡ ᠭᠠᠷᠤᠭ᠍ᠰᠠᠨ ᠱᠢᠨ᠎ᠡ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠤᠨ ᠡᠮᠤᠨ᠎ᠡ᠂ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠭ᠍ᠰᠠᠠ ᠨᠠᠮ᠎ᠤᠨ ᠲᠦᠪ ᠬᠤᠷᠢᠶ᠎ᠡ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠤᠳ᠎ᠤᠨ ᠡᠷᠡᠬᠦᠯ ᠮᠡᠨᠳᠤ᠎ᠶ᠋ᠢ ᠢᠮᠠᠬ᠍ᠳᠠ ᠲᠡᠷᠢᠬᠦᠨ᠎ᠳᠤ ᠲᠠᠯᠪᠢᠭ᠍ᠰᠠᠭᠠᠷ ᠢᠷᠡᠪᠡ᠃ ᠪᠦᠬᠦ᠌ ᠤᠯᠤᠰ᠎ᠤᠨ ᠬᠡᠪᠴᠢᠶᠠᠨ᠎ᠠᠴᠠ ᠬᠠᠮᠤᠭ᠎ᠤᠨ ᠱᠢᠯᠢᠳᠡᠭ ᠡᠮᠴᠢ᠂ ᠬᠠᠮᠤᠭ᠎ᠤᠨ ᠲᠡᠷᠢᠭᠦᠨ᠎ᠤ ᠲᠤᠨᠤᠭ ᠲᠦᠬᠦᠭᠡᠷᠤᠮᠵᠢ᠂ ᠬᠠᠮᠤᠭ᠎ᠤᠨ ᠪᠠᠴᠢᠮ ᠱᠠᠭᠠᠷᠳᠠᠭ᠍ᠳᠠᠵᠤ ᠪᠠᠢᠭ᠎ᠠ ᠡᠬᠢ ᠪᠠᠶᠠᠯᠢᠭ᠎ᠢ ᠱᠢᠯᠵᠢᠭᠦᠯᠦᠨ ᠲᠦᠪᠯᠡᠷᠡᠬᠦᠯᠵᠤ᠂ ᠪᠦᠬᠦ᠌ ᠬᠦᠴᠦ᠎ᠪᠠᠷ᠎ᠢᠶᠠᠨ ᠬᠢᠵᠢᠭ ᠡᠪᠡᠳᠴᠢᠨ᠎ᠢ ᠡᠮᠨᠡᠨ ᠵᠠᠰᠠᠵᠤ᠂ ᠡᠮᠨᠡᠨ ᠵᠠᠰᠠᠬᠤ ᠪᠦᠬᠦ᠌ ᠵᠠᠷᠤᠳᠠᠯ᠎ᠢ ᠤᠯᠤᠰ᠎ᠠᠴᠠ ᠬᠠᠷᠢᠭᠤᠴᠠᠨ ᠡᠬᠦᠷᠬᠡᠯᠡᠪᠡ᠃ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠠ ᠮᠠᠬᠠᠪᠤᠳ᠎ᠤᠨ ᠡᠷᠡᠭᠦᠯ ᠮᠡᠨᠳᠦ᠎ᠶ᠋ᠢ ᠬᠠᠮᠠᠭᠠᠯᠠᠬᠤ᠎ᠶ᠋ᠢᠨ ᠲᠦᠯᠦᠭᠡ ᠶᠠᠮᠠᠷᠪᠠ ᠦᠷᠡᠭ᠌ᠳᠡᠯ ᠭᠠᠷᠭᠠᠬᠤ᠎ᠠᠴᠠ ᠴᠦ᠍ ᠪᠤᠴᠠᠭ᠍ᠰᠠᠨ ᠦᠬᠡᠢ ᠡᠨᠡ ᠬᠦ᠌ ᠬᠢᠵᠢᠭ᠎ᠲᠠᠢ ᠲᠡᠮᠡᠴᠡᠬᠦ᠌ ᠳᠠᠢᠨ᠎ᠨᠢ ᠮᠠᠨ᠎ᠤ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠢ ᠲᠠᠢᠯᠪᠤᠷᠢᠯᠠᠵᠤ᠂ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ᠎ᠶ᠋ᠢ ᠳᠡᠭᠡᠳᠦᠯᠡᠬᠦ᠌ ᠬᠦᠱᠢᠶ᠎ᠠ᠎ᠶ᠋ᠢ ᠪᠤᠰᠭᠠᠯ᠎ᠠ᠃
      ᠠᠷᠠᠳ ᠲᠦᠮᠡᠨ᠎ᠤ ᠵᠤᠭ᠍ᠰᠤᠯᠳᠠ ᠪᠤᠯ ᠦᠨᠳᠦᠰᠦᠨ ᠤᠯᠤᠰ ᠲᠦᠷᠦ᠎ᠶ᠋ᠢᠨ ᠵᠤᠭ᠍ᠰᠤᠯᠳᠠ ᠮᠦᠨ᠂ ᠠᠷᠠᠳ ᠲᠦᠮᠡᠨ ᠪᠤᠯ ᠮᠠᠨ᠎ᠤ ᠨᠠᠮ᠎ᠤᠨ ᠲᠦᠷᠦ᠍ ᠪᠠᠷᠢᠬᠤ ᠬᠠᠮᠤᠭ᠎ᠤᠨ ᠶᠡᠭᠡ ᠦᠮᠦᠭ ᠲᠦᠱᠢᠭ ᠮᠦᠨ᠃ ᠠᠷᠠᠳ ᠲᠦᠮᠡᠨ᠎ᠢ ᠮᠠᠷᠳᠠᠵᠤ᠂ ᠠᠷᠠᠳ ᠲᠦᠮᠡᠨ᠎ᠠᠴᠠ ᠰᠠᠯᠤᠩᠬᠢᠷᠠᠪᠠᠯ ᠪᠢᠳᠡ ᠦᠬᠦᠭ᠌ᠰᠡᠨ ᠤᠰᠤ᠂ ᠦᠬᠦᠱᠢᠷᠡᠭ᠌ᠰᠡᠨ ᠮᠤᠳᠤ ᠮᠡᠳᠦ ᠪᠤᠯᠵᠤ᠂ ᠶᠠᠮᠠᠷ ᠴᠤ᠌ ᠶᠠᠪᠤᠳᠠᠯ᠎ᠢ ᠬᠢᠵᠤ ᠪᠦᠲᠦᠭᠡᠵᠤ ᠳᠡᠢᠯᠬᠦ᠌ ᠦᠭᠡᠢ ᠶᠤᠮ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠠᠳ᠎ᠤᠨ ᠳᠠᠢᠨ᠂ ᠶᠡᠷᠦᠩᠬᠡᠢ ᠳᠠᠢᠯᠠᠯᠳᠤᠭᠠᠨ᠂ ᠬᠤᠷᠢᠡᠡᠯᠠᠯᠳᠠ᠎ᠶ᠋ᠢᠨ ᠳᠠᠢᠯᠠᠯᠳᠤᠭᠠᠨ᠎ᠤ ᠢᠯᠠᠯᠳᠠ᠎ᠶ᠋ᠢ ᠤᠯᠬᠤ᠎ᠳᠤ ᠦᠷᠭᠡᠨ ᠤᠯᠠᠨ ᠠᠷᠠᠳ ᠲᠦᠮᠡᠨ᠎ᠤ ᠤᠷᠤᠯᠴᠠᠯᠭ᠎ᠠ ᠪᠠ ᠬᠤᠪᠢ ᠨᠡᠮᠡᠷᠢ᠎ᠠᠴᠠ ᠰᠠᠯᠵᠤ ᠴᠢᠳᠠᠬᠤ ᠦᠭᠡᠢ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠤᠨ ᠬᠦᠭ᠌ᠵᠢᠯᠳᠡ᠎ᠶ᠋ᠢ ᠨᠢᠭᠡᠳᠦᠯᠳᠠᠢ ᠲᠦᠯᠦᠪᠵᠢᠭᠦᠯᠬᠦ᠌᠎ᠶ᠋ᠢ ᠰᠠᠢᠳᠤᠷ ᠬᠢᠵᠤ᠂ ᠬᠢᠵᠢᠭ᠎ᠠᠴᠠ ᠪᠤᠯᠤᠭ᠍ᠰᠠᠨ ᠨᠦᠯᠦᠭᠡ᠎ᠶ᠋ᠢ ᠪᠠᠭᠠᠰᠭᠠᠬᠤ᠎ᠳᠤ ᠮᠦᠨ ᠴᠤ᠌ ᠠᠷᠠᠳ ᠲᠦᠮᠡᠨ᠎ᠳᠤ ᠨᠢᠭ᠍ᠳᠠ ᠲᠦᠱᠢᠭ᠌ᠯᠡᠬᠦ᠌ ᠬᠡᠷᠡᠭ᠌ᠳᠠᠢ᠃ ᠠᠷᠠᠳ ᠲᠦᠮᠡᠨ᠎ᠳᠤ ᠨᠢᠭ᠍ᠳᠠ ᠲᠦᠱᠢᠭ᠌ᠯᠡᠵᠤ᠂ ᠠᠷᠠᠳ ᠲᠦᠮᠡᠨ᠎ᠤ ᠠᠤᠭ᠎ᠠ ᠬᠦᠴᠦᠨ᠎ᠢ ᠪᠠᠳᠠᠷᠠᠭᠤᠯᠤᠨ ᠨᠠᠮ ᠪᠤᠯᠤᠨ ᠠᠷᠠᠳ ᠲᠦᠮᠡᠨ᠎ᠤ ᠦᠢᠯᠡᠰ᠎ᠲᠤ ᠤᠷᠤᠯᠴᠠᠭᠤᠯᠬᠤ᠎ᠳᠤ ᠬᠦᠷᠪᠡᠯ ᠶᠠᠮᠠᠷᠪᠠ ᠬᠦᠴᠢᠷᠳᠡᠯ ᠪᠠ ᠦᠷᠢᠰᠦᠯᠳᠦᠭᠡᠨ ᠴᠤ᠌ ᠪᠢᠳᠡᠨ᠎ᠤ ᠤᠷᠤᠭ᠍ᠰᠢᠯᠠᠯᠳᠠ᠎ᠶ᠋ᠢᠨ ᠠᠯᠬᠤᠭ᠎ᠠ᠎ᠶ᠋ᠢ ᠬᠤᠷᠢᠡᠡᠯᠠᠵᠤ ᠴᠢᠳᠠᠬᠤ ᠦᠭᠡᠢ ᠭᠡᠳᠡᠭ᠎ᠢ ᠲᠡᠤᠬᠡ ᠨᠢᠭᠡᠨᠳᠡ ᠭᠡᠷᠡᠴᠢᠯᠡᠭ᠌ᠰᠡᠨ ᠪᠦᠭᠡᠳ ᠳᠠᠬᠢᠨ ᠳᠠᠪᠳᠠᠨ ᠭᠡᠷᠡᠴᠢᠯᠡᠭ᠌ᠰᠡᠬᠡᠷ᠃
      ᠲᠦᠷᠦ᠎ᠶ᠋ᠢ ᠵᠠᠰᠠᠬᠤ᠎ᠳᠤ ᠠᠷᠠᠳ ᠲᠦᠮᠡᠨ᠎ᠳᠤ ᠠᠱᠢᠭ ᠬᠦᠷᠳᠡᠭᠡᠬᠦ᠌᠎ᠪᠠᠷ ᠰᠠᠭᠤᠷᠢ ᠪᠤᠯᠭᠠᠬᠤ ᠬᠡᠷᠡᠭ᠌ᠳᠠᠢ᠃ ᠠᠵᠤ ᠠᠬᠤᠢ ᠨᠡᠢᠭᠡᠮ᠎ᠤᠨ ᠬᠦᠭ᠌ᠵᠢᠯᠳᠡ᠎ᠶ᠋ᠢ ᠠᠬᠢᠭᠤᠯᠬᠤ᠎ᠨᠢ ᠡᠴᠦᠰ᠎ᠤᠨ ᠡᠴᠦᠰ᠎ᠲᠡᠭᠡᠨ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠲᠠᠰᠤᠷᠠᠯᠳᠠ ᠦᠭᠡᠢ ᠬᠠᠩᠭᠠᠬᠤ᠎ᠶ᠋ᠢᠨ ᠲᠦᠯᠦᠭᠡ ᠶᠤᠮ᠃ ᠪᠢᠲᠠ ᠠᠷᠠᠳ ᠲᠦᠮᠡᠨ᠎ᠤ ᠠᠮᠤᠷ ᠵᠢᠮᠦᠷ ᠠᠵᠤ ᠲᠦᠷᠦᠬᠦ᠂ ᠠᠮᠤᠷ ᠲᠦᠪᠱᠢᠨ ᠬᠠᠯᠠᠭᠤᠨ ᠲᠤᠯᠠᠭᠠᠨ ᠪᠠᠢᠬᠤ ᠠᠰᠠᠭᠤᠳᠠᠯ᠎ᠢ ᠢᠮᠠᠭ᠍ᠳᠠ ᠰᠡᠳᠭᠢᠯ᠎ᠳᠡᠭᠡᠨ ᠪᠤᠳᠤᠵᠤ᠂ ᠤᠯᠠᠨ ᠲᠦᠮᠡᠨ᠎ᠤ ᠠᠩᠬᠠᠷᠴᠤ᠌ ᠪᠠᠢᠭ᠎ᠠ ᠠᠵᠢᠯ ᠤᠯᠭᠤᠯᠳᠠ᠂ ᠰᠤᠷᠭᠠᠨ ᠬᠦᠮᠦᠵᠢᠯ᠂ ᠨᠡᠢᠭᠡᠮ᠎ᠤᠨ ᠪᠠᠳᠤᠯᠠᠭ᠎ᠠ᠂ ᠡᠮᠴᠢᠯᠡᠭᠡᠨ᠂ ᠤᠷᠤᠨ ᠰᠠᠭᠤᠴᠠ᠂ ᠨᠠᠰᠤᠵᠢᠯ᠎ᠤᠨ ᠠᠰᠠᠷᠠᠮᠵᠢ᠂ ᠢᠳᠡᠭᠡᠨ᠎ᠤ ᠠᠮᠤᠷ ᠲᠦᠪᠱᠢᠨ᠂ ᠨᠡᠢᠭᠡᠮ᠎ᠤᠨ ᠠᠮᠤᠷ᠎ᠢ ᠬᠠᠮᠠᠭᠠᠯᠠᠬᠤ ᠵᠡᠷᠭᠡ ᠪᠤᠳᠠᠳᠠᠢ ᠠᠰᠠᠭᠤᠳᠠᠯ᠎ᠢ ᠰᠡᠳᠭᠢᠯ ᠲᠠᠯᠪᠢᠵᠤ ᠬᠦᠴᠦ᠍ ᠤᠷᠤᠭᠤᠯᠤᠨ ᠱᠢᠢᠳᠪᠦᠷᠢᠯᠡᠵᠤ᠂ ᠨᠢᠭᠡᠳ ᠨᠢᠭᠡ᠎ᠪᠠᠷ ᠨᠠᠢᠳᠠᠪᠤᠷᠢᠵᠢᠭᠤᠯᠤᠨ᠂ ᠵᠢᠯ ᠳᠠᠷᠠᠭᠠᠯᠠᠨ ᠬᠢᠵᠤ᠂ ᠤᠯᠠᠨ ᠲᠦᠮᠡᠨ᠎ᠳᠤ ᠬᠤᠪᠢᠷᠠᠯᠳᠠ᠎ᠶ᠋ᠢ ᠦᠵᠡᠬᠦᠯᠬᠦ᠂ ᠪᠤᠳᠠᠳᠠᠢ ᠠᠱᠢᠭ ᠬᠦᠷᠳᠡᠭᠡᠬᠦ᠌᠎ᠪᠠᠷ ᠴᠢᠷᠮᠠᠢᠬᠤ ᠬᠡᠷᠡᠭ᠌ᠳᠠᠢ᠃ ᠶᠠᠲᠠᠭᠤ᠎ᠠᠴᠠ ᠠᠩᠭᠢᠵᠢᠷᠠᠭᠤᠯᠬᠤ ᠪᠤᠭᠤᠮᠲᠠ ᠱᠢᠪᠲᠤᠯᠬᠤ ᠪᠤᠯᠤᠨ ᠬᠦᠲᠡᠭᠡ ᠲᠤᠰᠭᠤᠨ᠎ᠢ ᠬᠦᠭ᠌ᠵᠢᠭᠦᠯᠦᠨ ᠮᠠᠠᠲᠤᠭᠤᠯᠬᠤ᠎ᠶ᠋ᠢ ᠤᠷᠭᠠᠨᠢᠭ᠎ᠢᠶᠠᠷ ᠵᠤᠯᠭᠠᠭᠤᠯᠬᠤ᠎ᠶ᠋ᠢ ᠠᠬᠢᠭᠤᠯᠵᠤ᠂ ᠶᠡᠭᠡ ᠳᠡᠭᠡᠳᠤ ᠰᠤᠷᠭᠠᠭᠤᠯᠢ᠎ᠶ᠋ᠢᠨ ᠲᠡᠭᠦᠰᠭᠦ ᠤᠶᠤᠳᠠᠳ᠂ ᠬᠦᠯᠦᠰᠦᠨ ᠲᠠᠷᠢᠶᠠᠴᠢᠳ᠂ ᠴᠡᠷᠢᠭ᠎ᠠᠴᠠ ᠬᠠᠯᠠᠭ᠍ᠳᠠᠭ᠍ᠰᠠᠳ ᠵᠡᠷᠭᠡ ᠭᠤᠤᠯᠳᠠᠯᠭ᠎ᠠ᠎ᠲᠠᠢ ᠬᠦᠮᠦᠰ᠎ᠤᠨ ᠠᠵᠢᠯ ᠤᠯᠭᠤᠯᠳᠠ᠎ᠶ᠋ᠢᠨ ᠠᠵᠢᠯ᠎ᠢ ᠰᠠᠢᠳᠤᠷ ᠬᠢᠵᠦ᠍᠂ ᠬᠦᠨᠲᠦ ᠶᠡᠭᠡ ᠬᠢᠵᠢᠭ᠎ᠤᠨ ᠪᠠᠢᠲᠡᠯ᠎ᠢ ᠰᠡᠷᠭᠡᠢᠯᠡᠡ ᠡᠵᠡᠮᠲᠡᠵᠦ᠍ ᠠᠪᠤᠷᠠᠠ ᠡᠮᠨᠡᠬᠦ᠌ ᠱᠢᠰᠲ᠋ᠧᠮ ᠪᠤᠯᠤᠨ ᠤᠯᠠᠠ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠱᠢᠰᠲ᠋ᠧᠮ᠎ᠢ ᠱᠠᠯᠠᠪᠲᠠᠠ ᠲᠡᠭᠦᠯᠲᠡᠷᠵᠢᠭᠦᠯᠵᠦ᠍᠂ ᠬᠦᠭᠡ ᠤᠭ᠍ᠳᠠᠷᠭᠤᠢ᠂ ᠬᠦᠭᠡᠮᠲᠦᠭ ᠤᠰᠤ᠂ ᠠᠷᠢᠭᠤᠨ ᠬᠦᠷᠦᠰᠦ᠎ᠶ᠋ᠢ ᠬᠠᠮᠠᠭᠠᠯᠠᠬᠤ ᠲᠠᠢᠯᠠᠯᠲᠤᠭᠠᠠ᠎ᠢ ᠦᠷᠬᠦᠯᠵᠢᠯᠠᠠ ᠰᠠᠢᠳᠦᠷ ᠬᠢᠵᠦ᠍᠂ ᠠᠷᠠᠳ ᠲᠦᠮᠡᠡ᠎ᠢᠶᠠᠷ ᠭᠤᠤᠯ ᠪᠤᠯᠭᠠᠭ᠍ᠰᠠᠠ ᠬᠦᠭ᠌ᠵᠢᠯᠲᠠ᠎ᠶ᠋ᠢᠨ ᠦᠵᠡᠯ ᠰᠠᠨᠠᠭ᠎ᠠ᠎ᠶ᠋ᠢ ᠠᠷᠠᠳ ᠲᠦᠮᠡᠡ᠎ᠢ ᠵᠤᠯ ᠵᠢᠷᠭᠠᠯ᠎ᠲᠠᠢ ᠠᠮᠢᠲᠤᠷᠠᠭᠤᠯᠬᠤ ᠪᠤᠲᠠᠲᠤ ᠠᠵᠢᠯᠯᠠᠭ᠎ᠠ ᠲᠡᠭᠡᠷ᠎ᠠ ᠢᠯᠡᠷᠡᠭᠦᠯᠬᠦ᠌ ᠬᠡᠷᠡᠭ᠌ᠲᠡᠢ᠃
      ᠤᠯᠠᠨ᠎ᠤ ᠬᠦᠴᠦᠨ᠎ᠳᠤ ᠤᠪᠤᠭ᠎ᠠ ᠪᠤᠰᠤᠨ᠎ᠠ᠃ ᠮᠠᠨ᠎ᠤ ᠨᠠᠮ ᠠᠷᠠᠳ ᠲᠦᠮᠡᠨ᠎ᠤ ᠳᠤᠮᠳᠠ᠎ᠠᠴᠠ ᠢᠷᠡᠵᠦ᠍᠂ ᠠᠷᠠᠳ ᠲᠦᠮᠡᠨ᠎ᠲᠠᠢ ᠴᠢᠰᠦ ᠮᠢᠬᠠᠨ᠎ᠤ ᠬᠤᠯᠪᠤᠭ᠎ᠠ᠎ᠲᠠᠢ ᠪᠠᠢᠵᠤ᠂ ᠠᠷᠠᠳ ᠲᠦᠮᠡᠨ᠎ᠠᠴᠠ ᠬᠦᠴᠤᠨ ᠴᠢᠲᠠᠯ ᠤᠯᠳᠠᠭ᠃ ᠡᠷᠡᠮᠡᠬᠡᠢᠯᠡᠨ ᠳᠠᠪᠱᠢᠬᠤ ᠠᠶᠠᠠ ᠵᠠᠮ᠎ᠳᠤ ᠠᠷᠠᠳ ᠲᠦᠮᠡᠨ᠎ᠯᠤᠭ᠎ᠠ᠎ᠶ᠋ᠢᠨ ᠴᠢᠰᠦ ᠮᠢᠬᠠᠨ᠎ᠤ ᠬᠠᠷᠢᠴᠠᠭ᠎ᠠ᠎ᠪᠠᠨ ᠢᠮᠠᠭ᠍ᠲᠠ ᠪᠠᠳᠤᠯᠠᠵᠤ᠂ ᠢᠮᠠᠭ᠍ᠲᠠ ᠠᠷᠠᠳ ᠤᠯᠠᠨ᠎ᠯᠤᠭ᠎ᠠ ᠪᠤᠳᠤᠯ᠎ᠢᠶᠠᠨ ᠨᠢᠬᠡᠳᠭᠡᠨ ᠬᠦᠴᠦ᠎ᠪᠠᠨ ᠬᠠᠮᠳᠤᠳᠭᠠᠵᠤ᠂ ᠬᠠᠳᠠᠭᠤ ᠪᠡᠷᠬᠡᠱᠢᠶᠡᠯ᠎ᠢ ᠬᠠᠮᠳᠤ᠎ᠪᠠᠷ ᠲᠤᠭᠤᠯᠵᠤ ᠵᠢᠷᠭᠠᠯ ᠵᠤᠪᠠᠯᠠᠩ᠎ᠢᠶᠠᠨ ᠬᠠᠮᠳᠤᠳᠭᠠᠬᠤ᠎ᠳᠤ ᠬᠦᠷᠪᠡᠯ ᠪᠢᠳᠡ ᠠᠯᠢᠪᠠ ᠬᠦᠴᠢᠷ ᠪᠡᠷᠭᠡᠱᠢᠶᠠᠯ ᠬᠠᠷᠰᠢ ᠰᠠᠭᠠᠳ᠎ᠢ ᠴᠦᠮ ᠢᠯᠠᠠ ᠲᠠᠪᠠᠵᠦ᠍ ᠲᠠᠢᠯᠬᠦ᠌᠎ᠨᠢ ᠯᠠᠪᠳᠠᠢ᠂ ᠦᠪᠦᠷ ᠮᠤᠩᠭᠤᠯ᠎ᠤᠨ ᠨᠡᠩ ᠰᠠᠢᠨ ᠰᠠᠢᠬᠠᠠ ᠢᠷᠡᠭᠡᠲᠦᠢ᠎ᠶ᠋ᠢ ᠡᠭᠦᠳᠬᠦ᠌ ᠲᠠᠢᠯᠬᠦ᠌᠎ᠨᠢ ᠯᠠᠪᠳᠠᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号