《ᠮᠤᠩᠭᠤᠯ ᠮᠤᠷᠢᠨ᠎ᠤ ᠵᠤᠷᠢᠭ ᠰᠠᠨᠠᠭ᠎ᠠ》 ᠎ᠶ᠋ᠢ ᠶᠡᠭᠡ᠎ᠪᠠᠷ ᠪᠠᠳᠠᠷᠠᠭᠤᠯᠵᠦ᠍ ᠦᠵᠡᠰᠭᠦᠯᠡᠩᠲᠦ ᠰᠠᠢᠬᠠᠨ ᠦᠪᠦᠷ ᠮᠤᠩᠭᠤᠯ᠎ᠢᠶᠠᠨ ᠪᠦᠲᠦᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠱᠢᠪᠬᠠᠨ᠎ᠡ — ᠶᠡᠷᠦᠩᠭᠡᠢ ᠱᠦᠵᠢ ᠰᠢ᠎ᠶ᠋ᠢᠨ ᠫᠢᠡᠭ᠎ᠤᠨ ᠴᠢᠬᠤᠯᠠ ᠶᠠᠷᠢᠶ᠎ᠠ ᠦᠪᠡᠷᠳᠡᠭᠡᠨ ᠵᠠᠰᠠᠬᠤ ᠤᠷᠤᠨ᠎ᠤ ᠨᠡᠢᠭᠡᠮ᠎ᠤᠨ ᠡᠯ᠎ᠡ ᠡᠲᠡᠭᠡᠳ᠎ᠤᠨ ᠲᠤᠮᠳᠠ ᠴᠢᠩᠭ᠎ᠠ ᠲᠤᠰᠭᠠᠯ ᠭᠠᠷᠪᠠ
2020-05-25 09:37:54
ᠵᠣᠬᠢᠶᠠᠭ᠍ᠴᠢ᠄
ᠶᠣᠸᠠᠢ ᠶᠢᠩ ᠪᠤᠤ ᠢᠤᠢ ᠶᠢᠩ ᠤᠷᠭᠤᠮᠠᠯ ᠨᠠᠷᠠᠨᠳᠤᠩᠭᠠᠯᠠᠭ ᠦᠷᠴᠠᠢᠬᠤ ᠰᠦᠨ ᠯᠢ ᠶᠢᠩ ᠠᠭᠤᠯᠠ ᠪᠤᠤ ᠨᠠᠷᠠᠨᠳᠤᠶᠠᠭ᠎ᠠ ᠳᠡᠯᠬᠡᠷᠬᠦᠦ
ᠣᠩᠱᠢᠭ᠍ᠰᠠᠨ ᠣᠳᠠᠭ᠎ᠠ᠄
★★★☆☆

     5 ᠰᠠᠷ᠎ᠠ᠎ᠶ᠋ᠢᠨ 22 ᠎ᠤᠨ ᠡᠳᠦᠷ᠂ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠠᠷᠪᠠᠨ ᠭᠤᠷᠪᠠᠳᠣᠭᠠᠷ ᠬᠤᠭᠤᠴᠠᠭᠠᠨ᠎ᠤ ᠪᠦᠬᠦ᠌ ᠣᠯᠣᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠣᠭᠠᠷ ᠬᠤᠷᠠᠯ᠎ᠤᠨ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠭᠦᠮ᠎ᠤᠨ ᠬᠢᠨᠠᠨ ᠵᠦᠪᠯᠡᠭᠦ᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶ᠎ᠠ ᠦᠪᠡᠷᠳᠡᠭᠡᠨ ᠵᠠᠰᠠᠬᠤ ᠤᠷᠤᠨ᠎ᠤ ᠨᠡᠢᠭᠡᠮ᠎ᠤᠨ ᠡᠯ᠎ᠡ ᠡᠲᠡᠭᠡᠳ᠎ᠤᠨ ᠲᠤᠮᠳᠠ ᠴᠢᠩᠭ᠎ᠠ ᠲᠤᠰᠭᠠᠯ ᠭᠠᠷᠪᠠ᠃ ᠤᠯᠠᠨ᠎ᠢᠶᠠᠷ᠎ᠢᠶᠠᠨ ᠶᠡᠷᠦᠩᠭᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠬᠢᠨᠠᠮᠠᠭᠠᠢ ᠰᠤᠷᠤᠯᠴᠠᠨ ᠲᠤᠭᠤᠱᠢᠯᠠᠭᠤᠯᠵᠦ᠍᠂ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠠ᠎ᠶ᠋ᠢᠨ ᠦᠵᠡᠯ ᠰᠠᠨᠠᠭ᠎ᠠ᠎ᠶ᠋ᠢ ᠪᠠᠷᠢᠮᠳᠠᠯᠠᠵᠦ᠍᠂ 《ᠵᠢᠷᠭᠤᠭ᠎ᠠ᠎ᠶ᠋ᠢ ᠲᠤᠬ᠍ᠳᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠳᠤᠳᠠᠢ ᠰᠠᠢᠳᠤᠷ ᠬᠢᠵᠦ᠍᠂ 《ᠵᠢᠷᠭᠤᠭ᠎ᠠ᠎ᠶ᠋ᠢ ᠪᠠᠳᠤᠯᠠᠬᠤ》 ᠡᠭᠦᠷᠭᠡ᠎ᠶ᠋ᠢ ᠪᠦᠭᠦ᠌ ᠲᠠᠯ᠎ᠠ᠎ᠪᠠᠷ ᠨᠠᠢᠳᠠᠪᠤᠷᠢᠵᠢᠭᠤᠯᠵᠦ᠍᠂ ᠴᠢᠨᠡᠭᠡᠯᠢᠭ ᠨᠡᠢᠭᠡᠮ᠎ᠢ ᠪᠦᠭᠦ᠌ ᠲᠠᠯ᠎ᠠ᠎ᠪᠠᠷ ᠪᠡᠶᠡᠯᠡᠭᠦᠯᠭᠦ᠌ ᠱᠢᠢᠳᠪᠤᠷᠢᠳᠤ ᠢᠯᠠᠯᠳᠠ᠎ᠶ᠋ᠢ ᠤᠯᠬᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠱᠢᠢᠳᠪᠤᠷᠢᠳᠤ ᠲᠠᠢᠯᠠᠯᠳᠤᠭᠠᠨ᠎ᠤ ᠬᠠᠷᠠᠯᠳᠠ ᠡᠭᠦᠷᠭᠡ᠎ᠶ᠋ᠢ ᠪᠡᠶᠡᠯᠡᠭᠦᠯᠭᠦ᠎ᠶ᠋ᠢᠨ ᠲᠦᠯᠦᠭᠡ ᠴᠢᠷᠮᠠᠢᠨ᠎ᠠ ᠭᠡᠵᠦ᠍ ᠢᠯᠡᠷᠭᠡᠢᠯᠡᠵᠡᠭᠡᠪᠡ᠃
     ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠭᠢᠮ᠎ᠤᠨ ᠨᠡᠢᠭᠡᠮ᠎ᠤᠨ ᠠᠪᠤᠷᠠᠨ ᠲᠤᠰᠠᠯᠠᠬᠤ ᠭᠠᠵᠠᠷ᠎ᠤᠨ ᠲᠠᠷᠤᠭ᠎ᠠ ᠬᠠᠨ ᠱᠤᠤ ᠵᠢᠶᠦ᠋ᠨ᠂ ᠶᠡᠷᠦᠩᠭᠡᠢ ᠱᠦᠵᠢ᠎ᠶ᠋ᠢᠨ ᠶᠠᠷᠢᠶᠠᠨ᠎ᠳᠤ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠠ᠎ᠶ᠋ᠢᠨ ᠦᠵᠡᠯ ᠰᠠᠨᠠᠭ᠎ᠠ᠎ᠶ᠋ᠢ ᠭᠦᠢᠴᠡᠳ ᠢᠯᠡᠷᠡᠭᠦᠯᠪᠠ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ 《ᠠᠷᠠᠳ᠎ᠤᠨ ᠶᠠᠪᠤᠳᠠᠯ᠎ᠤᠨ᠎ᠬᠢᠨ ᠠᠷᠠᠳ᠎ᠤᠨ ᠲᠦᠯᠦᠭᠡ ᠵᠢᠳᠭᠦᠵᠦ᠍᠂ ᠠᠷᠠᠳ᠎ᠤᠨ ᠶᠠᠪᠤᠳᠠᠯ᠎ᠤᠨ᠎ᠬᠢᠨ ᠠᠷᠠᠳ᠎ᠢᠶᠠᠨ ᠬᠠᠢᠷᠠᠯᠠᠬᠤ》 ᠤᠢ᠍ᠢᠯᠠᠭᠠᠬ᠍ᠳᠠᠬᠤᠨ᠎ᠢ ᠶᠡᠭᠡ᠎ᠪᠠᠷ ᠦᠢᠯᠡᠳᠦᠯᠭᠡᠵᠢᠭᠦᠯᠵᠦ᠍᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ᠂ ᠭᠤᠤᠯᠳᠠᠯᠭ᠎ᠠ᠎ᠲᠠᠢ ᠬᠦᠮᠦᠰ᠂ ᠤᠯᠠᠨ ᠲᠦᠮᠡᠨ᠎ᠢ ᠬᠠᠢᠷᠠᠯᠠᠨ ᠬᠠᠯᠠᠮᠵᠢᠯᠠᠬᠤ ᠲᠡᠭᠡᠷ᠎ᠠ ᠠᠩᠬᠠᠷᠣᠯ᠎ᠢᠶᠠᠨ ᠲᠦᠪᠯᠡᠷᠡᠭᠦᠯᠵᠦ᠍᠂ ᠠᠷᠠᠳ᠎ᠤᠨ ᠠᠮᠢᠳᠤᠷᠠᠯ᠎ᠤᠨ ᠦᠨᠳᠦᠰᠦᠨ ᠪᠠᠳᠤᠯᠠᠭ᠎ᠠ᠂ ᠦᠨᠳᠦᠰᠦᠨ ᠱᠠᠳᠤᠨ᠎ᠤ ᠨᠡᠢᠭᠡᠮ᠎ᠤᠨ ᠵᠠᠰᠠᠯᠳᠠ᠂ ᠦᠨᠳᠤᠰᠤᠨ ᠨᠡᠢᠭᠡᠮ᠎ᠤᠨ ᠦᠢᠯᠡᠴᠢᠯᠡᠭᠡ ᠵᠡᠷᠭᠡ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭᠦ᠌ ᠲᠡᠭᠡᠷ᠎ᠠ ᠠᠩᠬᠠᠷᠣᠯ᠎ᠢᠶᠠᠨ ᠲᠦᠪᠯᠡᠷᠡᠭᠦᠯᠦᠨ᠎ᠠ ᠬᠡᠵᠦ᠍ ᠵᠤᠷᠢᠭ᠎ᠢᠶᠠᠨ ᠢᠯᠡᠳᠭᠡᠵᠦ᠍ ᠪᠠᠢᠯ᠎ᠠ᠃ ᠤᠳᠤᠬᠠᠨ᠎ᠳᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠭᠦ᠌ ᠪᠠ ᠠᠷᠠᠳ᠎ᠤᠨ ᠠᠮᠢᠳᠤᠷᠠᠯ᠎ᠤᠨ ᠡᠯ᠎ᠠ ᠵᠦᠢᠯ᠎ᠤᠨ ᠠᠵᠢᠯ᠎ᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠦ᠍᠂ ᠪᠠᠢᠡᠭ᠌ᠭᠤᠵᠢᠬ᠍ᠰᠠᠨ ᠰᠡᠷᠭᠡᠢᠯᠡᠨ ᠡᠵᠡᠮᠳᠡᠭᠦ᠌ ᠪᠠᠢᠳᠠᠯ ᠲᠤᠤᠷ᠎ᠠ ᠤᠳᠤ ᠪᠠᠢᠭ᠎ᠠ ᠲᠦᠷᠢᠮ ᠲᠤᠬ᠍ᠳᠠᠭᠠᠯ ᠠᠷᠭ᠎ᠠ ᠬᠡᠮᠵᠢᠶ᠎ᠡ᠎ᠪᠠᠨ ᠦᠷᠭᠦᠯᠵᠢᠯᠠᠨ ᠨᠠᠢᠳᠠᠪᠤᠷᠢᠵᠢᠭᠤᠯᠵᠦ᠍᠂ ᠬᠤᠳᠠ ᠬᠦᠳᠡᠭᠡ᠎ᠶ᠋ᠢᠨ ᠨᠠᠭᠠᠳᠣ ᠵᠠᠬ᠎ᠠ᠎ᠶ᠋ᠢᠨ ᠠᠮᠢᠳᠣᠷᠠᠯ᠎ᠤᠨ ᠪᠠᠳᠤᠯᠠᠭ᠎ᠠ᠂ ᠤᠨᠴᠠᠭᠠᠢ ᠭᠦᠴᠢᠷᠳᠠᠯᠲᠠᠢ ᠬᠦᠮᠦᠰ᠂ ᠦᠨᠤᠴᠢᠨ ᠭᠡᠤᠭᠡᠳ ᠵᠡᠷᠭᠡ ᠬᠦᠴᠢᠷᠳᠠᠯᠲᠠᠢ ᠤᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠪᠠᠳᠤᠯᠠᠭ᠎ᠠ᠎ᠶ᠋ᠢᠨ ᠠᠵᠢᠯ᠎ᠢ ᠰᠠᠢᠳᠤᠷ ᠬᠢᠵᠦ᠍᠂ ᠬᠢᠵᠢᠭ᠂ ᠡᠪᠡᠳᠴᠢᠨ᠂ ᠭᠠᠮᠱᠢᠬ᠂ ᠵᠡᠮᠳᠡᠭ᠂ ᠰᠤᠷᠤᠯᠭ᠎ᠠ᠎ᠠᠴᠠ ᠪᠤᠯᠤᠬ᠍ᠰᠠᠨ ᠲᠦᠷ ᠴᠠᠬ᠎ᠤᠨ ᠬᠦᠴᠢᠷᠳᠠᠯᠳᠠᠢ ᠭᠡᠷ ᠪᠦᠯᠢ᠎ᠶ᠋ᠢ ᠠᠪᠤᠷᠠᠨ ᠲᠤᠰᠠᠯᠠᠵᠦ᠍᠂ ᠲᠦᠷ ᠴᠠᠬ᠎ᠤᠨ ᠦᠨ᠎ᠠ ᠬᠠᠨᠭ᠌ᠰᠢ᠎ᠶ᠋ᠢᠨ ᠨᠦᠭᠦᠪᠦᠷᠢ ᠵᠡᠷᠭᠡ ᠠᠪᠤᠷᠠᠨ ᠲᠤᠰᠠᠯᠠᠬᠤ ᠨᠦᠭᠦᠪᠦᠷᠢ᠎ᠶ᠋ᠢ ᠴᠠᠬ ᠲᠤᠬᠠᠢ᠎ᠳᠤᠨᠢ ᠭᠦᠢᠴᠡᠳ ᠲᠤᠭ᠎ᠠ᠎ᠪᠠᠷ ᠤᠯᠭᠤᠨ᠎ᠠ᠃ ᠪᠢᠳᠡ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠶᠠᠳᠠᠭᠤ᠎ᠠᠴᠠ ᠠᠩᠭᠢᠵᠢᠷᠠᠭᠤᠯᠬᠤ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠳᠤᠯᠠᠭ᠎ᠠ᠎ᠶ᠋ᠢᠨ ᠦᠢᠯᠡᠳᠤᠯ᠎ᠢ ᠦᠨᠡᠨ ᠬᠦ᠌ ᠪᠠᠳᠠᠷᠠᠭᠤᠯᠵᠦ᠍᠂ ᠪᠠᠳᠤᠯᠠᠬᠤ ᠴᠢᠬᠤᠯᠠᠳᠠᠢ᠎ᠶ᠋ᠢ᠎ᠨᠢ ᠴᠢᠳᠠᠬᠤ᠎ᠶ᠋ᠢᠨ ᠬᠢᠷᠢ᠎ᠪᠠᠷ᠎ᠢᠶᠠᠨ ᠪᠠᠳᠤᠯᠠᠵᠦ᠍᠂ ᠠᠪᠤᠷᠠᠬᠤ ᠴᠢᠬᠤᠯᠠᠳᠠᠢ᠎ᠶ᠋ᠢ᠎ᠨᠢ ᠴᠢᠳᠠᠬᠤ᠎ᠶ᠋ᠢᠨ ᠬᠢᠷᠢ᠎ᠪᠠᠷ᠎ᠢᠶᠠᠨ ᠠᠪᠤᠷᠠᠵᠦ᠍᠂ ᠠᠰᠠᠷᠠᠬᠤ ᠴᠢᠬᠤᠯᠠᠳᠠᠢ᠎ᠶ᠋ᠢ᠎ᠨᠢ ᠴᠢᠳᠠᠬᠤ᠎ᠶ᠋ᠢᠨ ᠬᠢᠷᠢ᠎ᠪᠠᠷ᠎ᠢᠶᠠᠨ ᠠᠰᠠᠷᠠᠵᠦ᠍᠂ ᠨᠦᠭᠦᠪᠦᠷᠢᠯᠡᠭᠦ᠌ ᠴᠢᠬᠤᠯᠠᠳᠠᠢ᠎ᠶ᠋ᠢ᠎ᠨᠢ ᠴᠢᠳᠠᠬᠤ᠎ᠶ᠋ᠢᠨ ᠲᠤᠳᠤᠷ᠎ᠠ᠎ᠪᠠᠨ ᠨᠦᠭᠦᠪᠦᠷᠢᠯᠡᠵᠦ᠍᠂ ᠬᠠᠪᠰᠤᠷᠬᠤ ᠴᠢᠬᠤᠯᠠᠳᠠᠢ᠎ᠶ᠋ᠢ᠎ᠨᠢ ᠴᠢᠳᠠᠬᠤ᠎ᠶ᠋ᠢᠨ ᠬᠢᠷᠢ᠎ᠪᠠᠷ᠎ᠢᠶᠠᠨ ᠬᠠᠪᠰᠤᠷᠤᠨ᠎ᠠ ᠬᠡᠵᠦ᠍ ᠲᠡᠷᠡ ᠤᠴᠢᠷᠯᠠᠵᠦ᠍ ᠪᠠᠢᠯ᠎ᠠ᠃
     ᠶᠠᠷᠦᠩᠬᠡᠢ ᠱᠦᠵᠢ ᠰᠢ᠎ᠶ᠋ᠢᠨ ᠫᠢᠡᠭ ᠴᠢᠬᠤᠯᠠ ᠶᠠᠷᠢᠶᠠᠨ᠎ᠳᠠᠭᠠᠨ 《ᠦᠪᠤᠷ ᠮᠤᠩᠭᠤᠯ᠎ᠤᠨ ᠦᠪᠠᠷᠲᠠᠬᠡᠨ ᠵᠠᠰᠠᠬᠤ ᠤᠷᠤᠨ ᠪᠤᠯ ᠮᠠᠨ᠎ᠤ ᠤᠯᠤᠰ᠎ᠤᠨ ᠬᠠᠮᠤᠭ᠎ᠤᠨ ᠡᠷᠲᠠ ᠪᠠᠢᠭᠤᠯᠤᠭ᠍ᠲᠠᠭ᠍ᠰᠠᠨ ᠦᠨᠲᠤᠰᠤᠲᠠᠨ᠎ᠤ ᠦᠪᠠᠷᠲᠠᠬᠡᠨ ᠵᠠᠰᠠᠬᠤ ᠤᠷᠤᠨ ᠪᠤᠯᠤᠨ᠎ᠠ᠂ ᠦᠨᠲᠤᠰᠤᠲᠠᠨ᠎ᠤ ᠤᠷᠤᠨ᠎ᠤ ᠦᠪᠠᠷᠲᠠᠬᠡᠨ ᠵᠠᠰᠠᠬᠤ ᠪᠠᠢᠭᠤᠯᠣᠯ᠎ᠢ ᠪᠠᠷᠢᠮᠲᠠᠯᠠᠨ ᠲᠠᠬᠦᠯᠲᠠᠷᠵᠢᠬᠦᠯᠵᠤ᠂ ᠦᠨᠲᠤᠰᠤᠲᠠᠨ᠎ᠨᠦᠭᠦᠳ᠎ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠴᠢᠩᠭᠠᠳᠭᠠᠨ᠂ ᠦᠨᠲᠤᠰᠤᠲᠠᠨ᠎ᠤ ᠤᠷᠤᠨ᠎ᠤ ᠠᠵᠤ ᠠᠬᠤᠢ ᠨᠠᠢᠬᠡᠮ᠎ᠤᠨ ᠬᠦᠭ᠌ᠵᠢᠯᠲᠠ᠎ᠶ᠋ᠢᠨ ᠠᠯᠬᠤᠴᠠ᠎ᠶ᠋ᠢ ᠲᠦᠷᠬᠡᠳᠭᠡᠵᠤ᠂ ᠡᠯ᠎ᠠ ᠦᠨᠲᠤᠰᠤᠲᠠᠨ᠎ᠤ ᠪᠦᠯᠬᠦᠮᠲᠠᠯ ᠲᠠᠪᠱᠢᠯᠲᠠ᠎ᠶ᠋ᠢ ᠠᠬᠢᠭᠤᠯᠬᠤ ᠲᠠᠯ᠎ᠠ᠎ᠪᠠᠷ ᠦᠷᠬᠦᠯᠵᠢᠯᠠᠨ ᠡᠮᠤᠨ᠎ᠠ ᠡᠩᠨᠡᠭᠡ᠎ᠳᠤ ᠬᠤᠱᠢᠭᠤᠷᠠᠬᠤ ᠬᠡᠷᠡᠭ᠌ᠲᠠᠢ》 ᠬᠡᠵᠤ ᠴᠢᠬᠤᠯᠠᠴᠢᠯᠠᠪᠠ᠃ ᠦᠪᠠᠷᠲᠠᠬᠡᠨ ᠵᠠᠰᠠᠬᠤ ᠤᠷᠤᠨ᠎ᠤ ᠦᠨᠲᠤᠰᠤᠲᠠᠨ᠎ᠤ ᠬᠡᠷᠡᠭ ᠡᠷᠬᠢᠯᠡᠬᠦ᠌ ᠵᠦᠪᠯᠡᠯ᠎ᠤᠨ ᠺᠠᠳ᠋ᠷ ᠠᠵᠢᠯᠲᠠᠳ᠎ᠤᠨ ᠦᠵᠡᠬᠦ᠌᠎ᠪᠠᠷ᠂ ᠶᠠᠷᠦᠩᠬᠡᠢ ᠱᠦᠵᠢ᠎ᠶ᠋ᠢᠨ ᠴᠢᠬᠤᠯᠠ ᠶᠠᠷᠢᠶ᠎ᠠ ᠬᠦᠰᠡᠯ ᠨᠠᠢᠲᠠᠯᠭ᠎ᠠ᠎ᠨᠢ ᠳᠡᠳᠡᠨ᠎ᠤ ᠠᠵᠢᠯ᠎ᠢᠶᠠᠨ ᠰᠠᠢᠲᠤᠷ ᠬᠢᠬᠦ᠌ ᠡᠷᠴᠢ ᠵᠣᠷᠢᠭ᠎ᠢ ᠨᠡᠩ ᠬᠦᠪᠴᠢᠯᠡᠵᠦ᠍᠂ ᠦᠨᠳᠦᠰᠦᠳᠡᠨ᠎ᠤ ᠠᠵᠢᠯ᠎ᠢ ᠰᠠᠢᠳᠣᠷ ᠬᠢᠬᠦ᠌᠎ᠳᠤ ᠦᠨᠲᠤᠰᠤᠨ ᠵᠢᠷᠤᠮᠯᠠᠯ ᠪᠠ ᠠᠵᠢᠯᠯᠠᠭᠠᠨ᠎ᠤ ᠵᠦᠭ᠌ᠯᠡᠬᠦᠷ ᠬᠠᠩᠭᠠᠵᠠᠢ᠃ ᠦᠨᠲᠤᠰᠤᠲᠠᠨ᠎ᠤ ᠠᠵᠢᠯ᠎ᠤᠨ ᠰᠠᠯᠠᠭ᠎ᠠ ᠮᠦᠴᠢᠷ ᠪᠠ ᠦᠨᠲᠤᠰᠤᠲᠠᠨ᠎ᠤ ᠠᠵᠢᠯ᠎ᠤᠨ ᠠᠵᠢᠯᠲᠠᠨ ᠪᠤᠯᠤᠭ᠍ᠰᠠᠨ᠎ᠤ ᠬᠤᠪᠢ᠎ᠳᠤ᠂ ᠲᠡᠳᠡ ᠶᠠᠷᠦᠩᠬᠡᠢ ᠱᠦᠵᠢ ᠰᠢ᠎ᠶ᠋ᠢᠨ ᠫᠢᠡᠭ᠎ᠤᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠡᠷᠠᠰ ᠲᠤᠭᠤᠱᠢᠯᠠᠭᠤᠯᠤᠨ ᠨᠠᠢᠲᠠᠪᠤᠷᠢᠵᠢᠭᠤᠯᠵᠤ᠂ ᠦᠨᠲᠤᠰᠤᠲᠠᠨ᠎ᠤ ᠪᠦᠯᠬᠦᠮᠲᠠᠯ ᠲᠠᠪᠱᠢᠯᠲᠠ᠎ᠶ᠋ᠢᠨ ᠡᠯ᠎ᠠ ᠵᠦᠢᠯ᠎ᠤᠨ ᠠᠵᠢᠯ᠎ᠢ ᠯᠠᠪᠲᠠᠭᠤᠨ ᠪᠠᠲᠤᠲᠠᠢ ᠰᠠᠢᠲᠤᠷ ᠬᠢᠵᠤ᠂ ᠦᠨᠲᠤᠰᠤᠲᠠᠨ᠎ᠨᠦᠭᠦᠳ ᠬᠠᠮᠲᠤ᠎ᠪᠠᠷ ᠪᠦᠯᠬᠦᠮᠲᠠᠨ ᠲᠠᠮᠠᠴᠡᠵᠤ᠂ ᠬᠠᠮᠲᠤ᠎ᠪᠠᠷ ᠴᠡᠴᠡᠭ᠌ᠯᠡᠨ ᠬᠦᠭ᠌ᠵᠢᠬᠦ᠌᠎ᠶ᠋ᠢ ᠠᠬᠢᠭᠤᠯᠤᠨ᠂ ᠮᠠᠨ᠎ᠤ ᠤᠷᠤᠨ᠎ᠤ 《ᠵᠢᠱ᠌ᠢᠶᠠᠴᠢ ᠦᠪᠠᠷᠲᠠᠬᠡᠨ ᠵᠠᠰᠠᠬᠤ ᠤᠷᠤᠨ》 ᠎ᠤ ᠡᠷᠬᠢᠮ ᠲᠠᠬᠡᠲᠤ ᠢᠷᠠᠭᠤ ᠠᠯᠲᠠᠷ᠎ᠢᠶᠠᠨ ᠪᠠᠳᠣᠯᠠᠨ ᠪᠠᠲᠠᠷᠠᠭᠤᠯᠬᠤ᠎ᠳᠤ ᠨᠠᠩ ᠶᠡᠭᠡ ᠬᠤᠪᠢ ᠨᠠᠮᠠᠷᠢ ᠦᠵᠡᠬᠦᠯᠤᠨ᠎ᠠ ᠭᠡᠵᠦ᠍ ᠢᠯᠡᠷᠬᠡᠢᠯᠡᠵᠡᠭᠡᠪᠡ᠃
     ᠶᠡᠷᠤᠩᠬᠡᠢ ᠱᠦᠵᠢ᠎ᠶ᠋ᠢᠨ ᠴᠢᠬᠤᠯᠠ ᠶᠠᠷᠢᠶ᠎ᠠ᠎ᠶ᠋ᠢ ᠰᠤᠨᠤᠰᠴᠦ᠍᠂ ᠡᠨᠡ ᠬᠡᠳᠤᠨ ᠰᠠᠷ᠎ᠠ᠎ᠶ᠋ᠢᠨ ᠬᠢᠵᠢᠭ᠎ᠲᠠᠢ ᠲᠡᠮᠡᠴᠡᠬᠦ᠌ ᠡᠮᠤᠨ᠎ᠡ ᠹᠷᠤᠨᠲ᠎ᠲᠠᠬᠢ ᠦᠩᠬᠡᠷᠡᠯᠳᠡ᠎ᠪᠠᠨ ᠡᠷᠬᠢᠴᠡᠬᠦᠯᠬᠦ᠌᠎ᠪᠠᠷ᠂ ᠦᠪᠡᠷᠳᠡᠭᠡᠨ ᠵᠠᠰᠠᠬᠤ ᠤᠷᠤᠨ᠎ᠤ ᠱᠢᠨ᠎ᠡ ᠳᠢᠳᠢᠮᠯᠢᠭ ᠠᠭᠤᠰᠭᠢᠨ ᠦᠷᠪᠢᠰᠦᠯ᠎ᠤᠨ ᠡᠮᠴᠢᠯᠡᠭᠡᠨ᠎ᠤ ᠲᠤᠰᠭᠠᠢ ᠮᠡᠷᠭᠡᠵᠢᠯᠳᠡᠨ᠎ᠤ ᠳᠤᠭᠤᠢ᠍ᠢᠯᠠᠩ᠎ᠤᠨ ᠳᠠᠷᠤᠭ᠎ᠠ ᠰᠦᠨ ᠳ᠋ᠧ ᠵᠢᠶᠦ᠋ᠨ ᠲᠦᠷᠦᠭ᠌ᠳᠡᠯ ᠭᠦᠨ ᠪᠠᠢᠯ᠎ᠠ᠃ 《ᠡᠨᠡ ᠤᠳᠠᠭ᠎ᠠ᠎ᠶ᠋ᠢᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠠᠵᠢᠯ ᠪᠤᠯ ᠲᠠᠷᠤᠢ ᠶᠡᠷᠤᠩᠬᠡᠢ ᠱᠦᠵᠢ᠎ᠶ᠋ᠢᠨ ᠴᠢᠬᠤᠯᠠᠴᠢᠯᠠᠬ᠍ᠰᠠᠠ 〈ᠠᠷᠠᠳ ᠲᠦᠮᠡᠨ᠎ᠢ ᠲᠡᠬᠡᠳᠤᠯᠡᠬᠦ᠌᠎ᠶ᠋ᠢ ᠪᠠᠷᠢᠮᠳᠠᠯᠠᠬᠤ〉 ᠎ᠶ᠋ᠢ ᠦᠢᠯᠡᠳᠦᠯᠬᠡᠵᠢᠬᠦᠯᠥᠭ᠌ᠰᠡᠡ ᠶᠠᠪᠤᠳᠠᠯ ᠪᠤᠯᠤᠨ᠎ᠠ᠂ ᠦᠴᠦᠬᠡᠨ ᠡᠷᠡᠮᠡᠯᠵᠡᠯ᠎ᠲᠠᠢ ᠯᠠ ᠶᠤᠮ ᠪᠤᠯ ᠠᠯᠢ ᠨᠢᠬᠡᠨ ᠬᠦᠮᠦᠨ᠎ᠤ ᠠᠮᠢ ᠨᠠᠰᠤ᠎ᠶ᠋ᠢ ᠴᠦ᠍ ᠦᠷᠡᠭ᠌ᠳᠡᠬᠦᠯᠬᠦ᠌ ᠦᠬᠡᠢ ᠪᠠᠢᠬᠤ᠎ᠶ᠋ᠢ ᠬᠢᠴᠢᠶᠡᠵᠦ᠍ ᠪᠠᠢᠭ᠎ᠠ᠎ᠨᠢ ᠮᠠᠨ᠎ᠤ ᠨᠠᠮ᠎ᠤᠨ ᠤᠯᠠᠨ ᠲᠦᠮᠡᠨ᠎ᠤ ᠠᠱᠢᠬ ᠲᠤᠰᠠ᠎ᠶ᠋ᠢ ᠬᠡᠵᠢᠶᠡᠳᠡ ᠲᠡᠷᠢᠬᠦᠨ᠎ᠳᠤ ᠲᠠᠯᠪᠢᠳᠠᠭ᠎ᠤᠨ ᠪᠤᠳᠠᠲᠠᠢ ᠢᠯᠡᠷᠡᠯ ᠶᠤᠮ》 ᠬᠡᠵᠥ᠍ ᠰᠦᠨ ᠳ᠋ᠧ ᠵᠢᠶᠦ᠋ᠨ ᠬᠡᠯᠡᠨ᠎ᠠ᠃
     《ᠤᠯᠤᠰ᠎ᠠᠴᠠ ᠡᠯ᠎ᠡ ᠲᠠᠯ᠎ᠡ᠎ᠶ᠋ᠢᠨ ᠬᠦᠴᠤᠨ᠎ᠢ ᠲᠠᠢᠴᠢᠯᠠᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠤ ᠤᠷᠤᠯᠴᠠᠭᠤᠯᠵᠤ᠂ ᠠᠷᠠᠳ ᠲᠦᠮᠡᠨ᠎ᠤ ᠠᠮᠢ ᠨᠠᠰᠤᠨ᠎ᠤ ᠲᠦᠯᠦᠭᠡ ᠶᠠᠮᠠᠷᠪᠠ ᠦᠷᠡᠭ᠌ᠳᠡᠯ᠎ᠢ ᠴᠦ᠍ ᠭᠠᠷᠭᠠᠬᠤ᠎ᠠᠴᠠ ᠪᠤᠴᠠᠬᠤ ᠦᠭᠡᠢ ᠲᠡᠮᠡᠴᠡᠭ᠌ᠰᠡᠨ ᠶᠤᠮ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠪᠠᠢᠩᠭᠤᠵᠢᠭ᠍ᠰᠠᠨ ᠱᠠᠳᠤᠨ᠎ᠳᠤ ᠤᠷᠤᠬ᠍ᠰᠡᠨ᠎ᠤ ᠲᠠᠷᠠᠭ᠎ᠠ᠂ ᠪᠢᠳᠠ ᠦᠷᠬᠦᠯᠵᠢᠯᠡᠨ ᠨᠢᠬ᠍ᠳᠠᠷᠠᠨ ᠪᠦᠯᠬᠦᠮᠳᠡᠵᠤ᠂ ᠬᠢᠵᠢᠭ᠎ᠲᠠᠢ ᠲᠡᠮᠡᠴᠡᠭ᠌ᠰᠡᠨ ᠦᠷ᠎ᠡ ᠪᠦᠳᠦᠭᠡᠯ᠎ᠢᠶᠠᠨ ᠪᠠᠬᠢᠵᠢᠬᠦᠯᠦᠨ᠎ᠡ》 ᠭᠡᠵᠦ᠍ ᠬᠢᠵᠢᠭ᠎ᠤᠨ ᠪᠠᠢᠳᠠᠯ ᠡᠭᠦᠰᠦᠭ᠌ᠰᠡᠨ᠎ᠤ ᠳᠠᠷᠠᠭ᠎ᠠ ᠬᠤᠪᠸᠢ᠎ᠶ᠋ᠢ ᠲᠤᠰᠠᠯᠠᠬᠤ᠎ᠪᠠᠷ ᠭᠤᠶᠤᠴᠢᠯᠠᠯ ᠳᠡᠪᠱᠢᠬᠦᠯᠦᠭ᠌ᠰᠡᠨ ᠦᠬᠠᠢ ᠬᠤᠳᠠ᠎ᠶ᠋ᠢᠨ ᠬᠠᠢᠨᠠᠨ ᠲᠤᠭᠤᠷᠢᠭ᠎ᠤᠨ ᠠᠷᠠᠳ᠎ᠤᠨ ᠡᠮᠨᠡᠯᠭᠡ᠎ᠶ᠋ᠢᠨ ᠬᠤᠷᠢᠶᠠᠨ᠎ᠤ ᠡᠮᠴᠢ ᠰᠤᠮᠢᠶ᠎ᠠ ᠪᠤᠳᠤᠯ᠎ᠢᠶᠠᠨ ᠲᠡᠯᠭᠡᠨ᠎ᠡ᠃
     《ᠪᠢᠳᠡ ᠶᠡᠷᠤᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠵᠦ᠍᠂ ᠭᠠᠳᠠᠨ᠎ᠡ᠎ᠠᠴᠠ ᠬᠠᠯᠳᠠᠪᠤᠷᠢᠯᠡᠨ ᠤᠷᠤᠵᠤ ᠢᠷᠠᠬᠦ᠌᠎ᠶ᠋ᠢ ᠰᠡᠷᠭᠡᠢᠯᠡᠬᠦ᠂ ᠲᠤᠳᠤᠭᠠᠳᠤ᠎ᠳᠠᠭᠠᠨ ᠲᠠᠬᠢᠨ ᠬᠡᠴᠡᠭᠦᠳᠡᠬᠦ᠌᠎ᠶ᠋ᠢ ᠰᠡᠷᠭᠡᠢᠯᠡᠬᠦ᠌ ᠱᠠᠭᠠᠷᠳᠠᠯᠭ᠎ᠠ᠎ᠶ᠋ᠢ ᠦᠷᠬᠦᠯᠵᠢᠯᠡᠨ ᠪᠠᠷᠢᠮᠳᠠᠯᠠᠵᠤ᠂ ᠰᠡᠷᠭᠡᠢᠯᠡᠨ ᠡᠵᠡᠮᠳᠡᠬᠦ᠌ ᠠᠵᠢᠯ᠎ᠢ ᠪᠠᠢᠩᠭᠤᠵᠢᠭᠤᠯᠬᠤ ᠲᠤᠬ᠍ᠳᠠᠴᠠ᠎ᠪᠠᠨ ᠲᠡᠬᠦᠯᠳᠡᠷᠵᠢᠬᠦᠯᠵᠤ᠂ ᠬᠢᠵᠢᠭ᠎ᠤᠨ ᠲᠠᠬᠢᠨ ᠬᠡᠴᠡᠭᠦᠳᠬᠦ᠌ ᠪᠠᠢᠳᠠᠯ ᠡᠬᠦᠰᠭᠦ ᠦᠭᠡᠢ ᠪᠠᠢᠬᠤ᠎ᠶ᠋ᠢ ᠦᠨᠡᠨ ᠬᠦ᠌ ᠪᠠᠲᠤᠯᠠᠨ᠎ᠠ》 ᠭᠡᠵᠦ᠍ ᠦᠪᠡᠷᠳᠡᠭᠡᠨ ᠵᠠᠰᠠᠬᠤ ᠤᠷᠤᠨ᠎ᠤ ᠡᠷᠡᠬᠦᠯ ᠬᠠᠮᠠᠭᠠᠯᠠᠯ ᠡᠷᠡᠬᠦᠯ ᠮᠡᠨᠳᠦ᠎ᠶ᠋ᠢᠨ ᠵᠦᠪᠯᠡᠯ᠎ᠤᠨ ᠬᠠᠷᠢᠭᠤᠴᠠᠯᠭᠠᠳᠠᠨ ᠳᠠᠷᠠᠭᠠᠴᠢ᠎ᠶ᠋ᠢᠨ ᠠᠵᠢᠯ᠎ᠤᠨ ᠲᠦᠯᠦᠪᠯᠡᠭᠡ᠎ᠪᠠᠨ ᠲᠠᠨᠢᠯᠴᠠᠭᠤᠯᠤᠨ᠎ᠠ᠃
     ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠠᠴᠠ ᠥᠪᠥᠷ ᠮᠣᠩᠭᠤᠯ᠎ᠤᠨ ᠠᠵᠢᠯ᠎ᠢ ᠬᠠᠯᠠᠮᠵᠢᠯᠠᠨ ᠳᠠᠮᠵᠢᠵᠤ᠂ ᠥᠪᠥᠷ ᠮᠣᠩᠭᠤᠯ᠎ᠤᠨ ᠠᠷᠠᠳ ᠲᠦᠮᠡᠨ᠎ᠢ ᠬᠠᠯᠠᠮᠵᠢᠯᠠᠵᠤ ᠪᠠᠢᠬᠤ᠎ᠶ᠋ᠢ ᠭᠦᠶᠴᠡᠳ ᠤᠯᠵᠤ ᠬᠠᠷᠠᠯ᠎ᠠ᠃ ᠪᠢᠳᠡ ᠶᠡᠷᠦᠩᠬᠡᠶ ᠱᠦᠵᠢ᠎ᠶ᠋ᠢᠨ ᠭᠦᠨ ᠵᠤᠵᠠᠭᠠᠨ ᠬᠠᠢᠷ᠎ᠠ ᠬᠠᠯᠠᠮᠵᠢ ᠪᠠ ᠬᠦᠰᠡᠯ ᠨᠠᠢᠲᠠᠯᠭ᠎ᠠ᠎ᠶ᠋ᠢ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠵᠦ᠍᠂ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠤᠨ᠂ ᠡᠯ᠎ᠡ ᠲᠦᠷᠦᠯ᠎ᠤᠨ ᠠᠵᠢᠯ᠎ᠢᠶᠠᠨ ᠰᠠᠢᠳᠦᠷ ᠬᠢᠨ᠎ᠡ ᠭᠡᠵᠦ᠍ ᠮᠠᠨ᠎ᠤ ᠣᠷᠣᠨ᠎ᠤ ᠰᠤᠶᠤᠯ ᠪᠠ ᠵᠢᠭᠤᠯᠴᠢᠯᠠᠯ᠎ᠤᠨ ᠱᠢᠰᠲ᠋ᠧᠮ᠎ᠤᠨ᠎ᠬᠢᠨ ᠰᠠᠨᠠᠯ ᠨᠢᠭᠡᠲᠠᠢ ᠢᠯᠡᠷᠭᠡᠢᠯᠡᠯ᠎ᠡ᠃
     《ᠣᠳᠣ ᠠᠮᠢᠳᠤᠷᠠᠯ᠎ᠤᠨ ᠲᠦᠪᠱᠢᠨ ᠳᠡᠭᠡᠭ᠌ᠰᠢᠯᠡᠬᠦ᠌᠎ᠶ᠋ᠢ ᠳᠠᠭᠠᠯᠳᠤᠨ᠂ ᠠᠷᠠᠳ ᠲᠦᠮᠡᠨ᠎ᠤ ᠤᠶᠤᠨ ᠰᠠᠨᠠᠭ᠎ᠠ ᠰᠣᠶᠣᠯ᠎ᠤᠨ ᠠᠮᠢᠳᠤᠷᠠᠯ᠎ᠤᠨ ᠬᠡᠷᠡᠭ᠌ᠴᠡᠭᠡ ᠱᠠᠭᠠᠷᠳᠠᠯᠭ᠎ᠠ ᠤᠯᠠᠮ᠎ᠠᠴᠠ ᠤᠯᠠᠮ ᠥᠨᠳᠥᠷ ᠪᠤᠯᠵᠤ ᠪᠠᠢᠨ᠎ᠠ᠃ ᠪᠢᠳᠡ ᠤᠳᠤ ᠦᠶ᠎ᠡ᠎ᠶ᠋ᠢᠨ ᠤᠯᠠᠨ ᠨᠡᠢᠲᠡ᠎ᠶ᠋ᠢᠨ ᠰᠣᠶᠣᠯ᠎ᠤᠨ ᠦᠶᠯᠡᠴᠢᠯᠡᠭᠡᠨ᠎ᠤ ᠱᠢᠰᠲ᠋ᠧᠮ᠎ᠤᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠲᠦᠷᠭᠡᠳᠭᠡᠵᠦ᠍᠂ ᠠᠷᠠᠳ ᠤᠯᠠᠨ᠎ᠤ ᠤᠯᠠᠨ ᠨᠡᠢᠲᠡ᠎ᠶ᠋ᠢᠨ ᠰᠣᠶᠣᠯ᠎ᠤᠨ ᠴᠢᠨᠠᠷ ᠰᠠᠢᠲᠠᠶ ᠦᠶᠯᠡᠴᠢᠯᠡᠭᠡᠨ᠎ᠤ ᠬᠡᠷᠡᠭ᠌ᠴᠡᠭᠡ᠎ᠶ᠋ᠢ ᠲᠠᠰᠤᠷᠠᠯᠳᠠ ᠦᠭᠡᠢ ᠬᠠᠩᠭᠠᠬᠤ᠎ᠪᠠᠷ ᠴᠢᠷᠮᠠᠢᠨ᠎ᠠ》 ᠭᠡᠵᠦ᠍ ᠦᠪᠠᠷᠳᠡᠭᠡᠨ ᠵᠠᠰᠠᠬᠤ ᠤᠷᠤᠨ᠎ᠤ ᠰᠤᠶᠦᠯ ᠪᠠ ᠵᠢᠭᠤᠯᠴᠢᠯᠠᠯ᠎ᠤᠨ ᠲᠢᠩᠬᠢᠮ᠎ᠤᠨ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠭᠠᠵᠠᠷ᠎ᠤᠨ ᠳᠠᠷᠤᠭ᠎ᠠ ᠬᠠᠨ ᠶᠠᠩ ᠬᠡᠯᠡᠪᠡ᠃
     ᠦᠪᠠᠷᠳᠡᠭᠡᠨ ᠵᠠᠰᠠᠬᠤ ᠤᠷᠤᠨ᠎ᠤ ᠱᠢᠭᠤᠳ ᠬᠠᠷᠢᠶ᠎ᠠ ᠤᠯᠠᠭᠠᠨᠮᠥ᠋ᠴᠢᠷ᠎ᠤᠨ ᠲᠤᠯᠭᠠᠷᠮ᠎ᠠ᠄ 《ᠶᠡᠷᠦᠩᠬᠡᠢ ᠱᠦᠵᠢ ᠤᠳᠠᠭ᠎ᠠ ᠪᠦᠷᠢ᠎ᠶ᠋ᠢᠨ ᠶᠠᠷᠢᠶᠠᠨ᠎ᠳᠠᠭᠠᠨ ᠴᠥᠮ ᠠᠷᠠᠳ ᠲᠦᠮᠡᠨ᠎ᠢ ᠲᠠᠷᠢᠭᠦᠨ᠎ᠳᠤ ᠳᠤᠷᠠᠳᠳᠠᠭ᠃ ᠶᠡᠷᠦᠩᠬᠡᠶ ᠱᠦᠵᠢ ᠰᠢ᠎ᠶ᠋ᠢᠨ ᠫᠢᠩ ᠰᠥᠨᠢᠳ ᠪᠠᠷᠠᠭᠤᠨ ᠬᠤᠱᠢᠭᠤᠨ᠎ᠤ ᠤᠯᠠᠭᠠᠨᠮᠥ᠋ᠴᠢᠷ᠎ᠤᠨ ᠭᠡᠱᠢᠭᠦᠳ᠎ᠲᠤ ᠬᠠᠷᠢᠭᠤ ᠵᠠᠬᠢᠳᠠᠯ ᠢᠯᠡᠭᠡᠵᠦ᠍᠂ ᠤᠯᠠᠭᠠᠨᠮᠥ᠋ᠴᠢᠷ ᠥᠨᠢ ᠡᠭᠦᠷᠢᠳᠡ ᠲᠠᠯ᠎ᠠ ᠨᠤᠲᠤᠭ᠎ᠤᠨ ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ ᠪᠣᠯᠬᠤ᠎ᠶ᠋ᠢ ᠬᠦᠰᠡᠭ᠌ᠰᠡᠨ ᠪᠠᠢᠨ᠎ᠠ᠃ ᠤᠯᠠᠭᠠᠨᠮᠥ᠋ᠴᠢᠷ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢ ᠮᠠᠰᠢ ᠢᠷᠠᠭᠤ ᠠᠯᠳᠠᠷ᠎ᠲᠠᠢ ᠰᠠᠨᠠᠭ᠍ᠳᠠᠵᠤ ᠪᠠᠢᠨ᠎ᠠ᠃ ᠪᠢᠳᠡ ᠶᠡᠷᠦᠩᠬᠡᠶ ᠱᠦᠵᠢ᠎ᠶ᠋ᠢᠨ ᠬᠦᠰᠡᠯ ᠨᠠᠢᠳᠠᠯᠭ᠎ᠠ᠎ᠪᠠᠷ ᠦᠷᠭᠦᠯᠵᠢᠯᠡᠨ ᠠᠷᠠᠳ ᠲᠦᠮᠡᠨ᠎ᠳᠤ ᠨᠠᠮ᠎ᠤᠨ ᠲᠥᠷᠥ᠎ᠶ᠋ᠢᠨ ᠪᠣᠳᠣᠯᠭ᠎ᠠ᠎ᠶ᠋ᠢ ᠳᠠᠮᠵᠢᠭᠤᠯᠵᠤ᠂ ᠦᠨᠳᠦᠰᠦᠨ ᠱᠠᠲᠤᠨ᠎ᠤ ᠠᠷᠠᠳ ᠲᠦᠮᠡᠨ᠎ᠳᠤ ᠨᠡᠩ ᠰᠠᠢᠲᠤᠷ ᠦᠢᠯᠡᠴᠢᠯᠡᠨ᠎ᠡ》 ᠭᠡᠵᠦ᠍ ᠬᠡᠯᠡᠵᠦ᠍ ᠪᠠᠢᠯ᠎ᠠ᠃
     《ᠶᠡᠷᠦᠩᠬᠡᠢ ᠱᠦᠵᠢ᠎ᠶ᠋ᠢᠨ ᠶᠠᠷᠢᠶ᠎ᠠ᠎ᠨᠢ ᠮᠠᠨ᠎ᠤ ᠨᠠᠮ᠎ᠤᠨ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠡ᠎ᠶ᠋ᠢᠨ ᠦᠵᠡᠯ ᠰᠠᠨᠠᠭ᠎ᠠ᠎ᠶ᠋ᠢ ᠭᠦᠢᠴᠡᠳ ᠢᠯᠡᠷᠡᠭᠦᠯᠵᠠᠢ᠃ ᠠᠷᠠᠳ ᠲᠦᠮᠡᠨ᠎ᠢᠶᠠᠷ ᠦᠨᠳᠦᠰᠦ ᠪᠤᠯᠭᠠᠵᠤ᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠵᠤ᠂ ᠪᠤᠬᠢᠷᠳᠤᠯ ᠦᠭᠡᠢ᠎ᠪᠠᠷ ᠬᠦᠭ᠌ᠵᠢᠭᠦᠯᠬᠦ᠌᠎ᠶ᠋ᠢ ᠪᠠᠷᠢᠮᠳᠠᠯᠠᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯ᠎ᠨᠢ ᠴᠤ᠌ ᠮᠦᠨ ᠠᠷᠠᠳ ᠲᠦᠮᠡᠨ᠎ᠤ ᠳᠤᠮᠳᠠ ᠦᠨᠳᠦᠰᠦᠯᠡᠵᠤ᠂ ᠠᠷᠠᠳ ᠲᠦᠮᠡᠨ᠎ᠳᠤ ᠦᠢᠯᠡᠴᠢᠯᠡᠵᠤ᠂ 〈ᠮᠤᠩᠭᠤᠯ ᠮᠤᠷᠢᠨ᠎ᠤ ᠵᠤᠷᠢᠭ ᠰᠠᠨᠠᠭ᠎ᠠ〉 ᠎ᠶ᠋ᠢᠨ ᠵᠤᠷᠢᠬ᠍ᠵᠢᠭᠤᠯᠤᠯ᠎ᠢᠶᠠᠷ ᠦᠷᠭᠦᠯᠵᠢᠯᠡᠨ ᠭᠤᠢᠪᠢᠰᠢ ᠦᠭᠡᠢ ᠤᠷᠤᠭ᠍ᠰᠢᠯᠠᠨ᠎ᠠ᠂ ᠠᠷᠠᠳ ᠲᠦᠮᠡᠨ᠎ᠳᠤ ᠪᠤᠶᠠᠨ ᠦᠢᠯᠡᠳᠬᠦ᠌ ᠪᠤᠯ ᠦᠷᠭᠡᠨ ᠤᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠳᠠᠨ᠎ᠤ ᠱᠢᠨ᠎ᠡ᠎ᠶ᠋ᠢ ᠡᠭᠦᠳᠬᠦ᠌᠎ᠶ᠋ᠢᠨ ᠤᠭ ᠬᠦᠳᠡᠯᠭᠡᠬᠦ᠌ ᠬᠦᠴᠦᠨ ᠮᠦᠨ》 ᠭᠡᠵᠤ ᠦᠪᠦᠷ ᠮᠤᠩᠭᠤᠯ᠎ᠤᠨ ᠠᠮᠢᠳᠤ ᠪᠤᠳᠠᠰ᠎ᠤᠨ ᠮᠡᠷᠭᠡᠵᠢᠯ᠎ᠤᠨ ᠰᠤᠳᠤᠯᠭᠠᠨ᠎ᠤ ᠬᠦᠷᠢᠶᠡᠯᠡᠩ᠎ᠤᠨ ᠤᠷᠭᠤᠮᠠᠯ᠎ᠤᠨ ᠮᠤᠯᠧᠺᠦ᠋ᠯ᠎ᠤᠨ ᠠᠮᠢᠳᠤ ᠪᠤᠳᠠᠰ᠎ᠤᠨ ᠤᠬᠠᠭᠠᠨ᠎ᠤ ᠭᠤᠤᠯᠳᠠᠯᠭ᠎ᠠ᠎ᠲᠠᠢ ᠲᠤᠷᠱᠢᠯᠳᠠ᠎ᠶ᠋ᠢᠨ ᠳᠠᠰᠤᠭ᠎ᠤᠨ ᠡᠷᠬᠢᠯᠡᠭ᠌ᠴᠢ ᠵᠠᠩ ᠱᠢᠦ ᠵᠢᠤᠸᠠᠨ ᠱᠢᠭᠤᠷᠬᠠᠢ ᠶᠠᠷᠢᠯ᠎ᠠ᠃
     ᠦᠪᠡᠷᠳᠡᠭᠡᠨ ᠵᠠᠰᠠᠬᠤ ᠤᠷᠤᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠢᠩᠬᠢᠮ᠎ᠤᠨ ᠰᠠᠭᠤᠷᠢ ᠰᠤᠳᠤᠯᠭᠠᠨ᠎ᠤ ᠭᠠᠵᠠᠷ᠎ᠤᠨ᠎ᠶ᠋ᠢᠨ ᠯᠦᠩ᠄ 《ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠪᠠᠷ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠳᠠᠯᠠᠨ᠂ ᠪᠢᠳᠡ ᠰᠠᠭᠤᠷᠢ ᠰᠤᠳᠤᠯᠭᠠᠨ ᠪᠠ ᠬᠡᠷᠡᠭ᠌ᠯᠡᠭᠡᠨ᠎ᠤ ᠰᠠᠭᠤᠷᠢ ᠰᠤᠳᠤᠯᠭᠠᠨ᠎ᠢ ᠳᠤᠬ᠍ᠳᠠᠪᠤᠷᠢᠵᠢᠭᠤᠯᠬᠤ᠎ᠪᠠᠷ ᠳᠠᠮᠵᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠤᠯᠭᠠᠭᠤᠷᠢᠯᠠᠬᠤ ᠬᠦᠴᠦᠨ᠎ᠤ ᠳᠠᠰᠤᠷᠠᠯᠳᠠ ᠦᠭᠡᠢ ᠨᠡᠮᠡᠭ᠌ᠳᠡᠬᠦ᠌᠎ᠶ᠋ᠢ ᠠᠭᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ 2500 ᠭᠠᠷᠤᠢ ᠲᠦᠮᠡᠨ ᠲᠠᠯ᠎ᠠ ᠨᠤᠳᠤᠭ᠎ᠤᠨ ᠠᠷᠠᠳ ᠲᠦᠮᠡᠨ᠎ᠤ ᠠᠮᠢᠳᠤᠷᠠᠯ᠎ᠢ ᠨᠡᠩ ᠰᠠᠢᠨ ᠰᠠᠢᠬᠠᠨ ᠪᠤᠯᠭᠠᠬᠤ᠎ᠪᠠᠷ ᠳᠡᠮᠡᠴᠡᠬᠦ᠌ ᠢᠲᠡᠭᠡᠯ ᠵᠤᠷᠢᠭ ᠬᠦᠪᠴᠢᠯᠡᠭ᠌ᠳᠡᠵᠦ᠍ ᠪᠠᠢᠨ᠎ᠠ》 ᠭᠡᠵᠤ ᠶᠠᠷᠢᠨ᠎ᠠ᠃
     ᠶᠡᠷᠦᠩᠭᠡᠢ ᠱᠦᠵᠢ ᠰᠢ᠎ᠶ᠋ᠢᠨ ᠫᠢᠡᠭ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠡᠷᠢᠶ᠎ᠠ᠎ᠨᠢ ᠪᠦᠬᠦ᠌ ᠤᠷᠤᠨ᠎ᠤ ᠡᠯ᠎ᠠ ᠦᠨᠳᠦᠰᠦᠳᠡᠨ ᠡᠯ᠎ᠠ ᠡᠳᠡᠭᠡᠳ᠎ᠤᠨ ᠵᠠᠯᠠᠭᠤᠴᠤᠳ᠎ᠤᠨ ᠲᠤᠮᠳᠠ ᠮᠦᠨ ᠬᠠᠯᠠᠭᠤᠨ ᠲᠤᠰᠭᠠᠯ ᠭᠠᠷᠪᠠ᠃
     ᠠᠯᠠᠱᠠ ᠠᠢᠮᠠᠭ᠎ᠤᠨ ᠡᠪᠯᠡᠯ᠎ᠤᠨ ᠬᠤᠷᠢᠶ᠎ᠠ᠎ᠶ᠋ᠢᠨ ᠲᠡᠳ᠋ ᠱᠦᠵᠢ ᠠᠷᠢᠭᠤᠨᠳᠠᠨ᠎ᠠ᠄ 《ᠶᠡᠷᠦᠩᠭᠡᠢ ᠱᠦᠵᠢ ᠰᠢ᠎ᠶ᠋ᠢᠨ ᠫᠢᠡᠭ᠎ᠤᠨ ᠴᠢᠬᠤᠯᠠ ᠶᠡᠷᠢᠶ᠎ᠠ᠎ᠶ᠋ᠢ ᠰᠤᠨᠤᠰᠤᠭᠠᠳ ᠶᠡᠭᠡᠳᠠ ᠤᠷᠮᠠᠱᠢᠨ ᠵᠤᠷᠢᠭ᠍ᠵᠢᠭ᠍ᠰᠠᠨ ᠶᠤᠮ᠃ ᠱᠢᠨ᠎ᠠ ᠴᠠᠭ ᠦᠶ᠎ᠠ᠎ᠶ᠋ᠢᠨ ᠡᠪᠯᠡᠯ᠎ᠤᠨ ᠵᠤᠬᠢᠶᠠᠨ ᠪᠠᠢᠭᠤᠯᠤᠯᠳᠠ᠎ᠶ᠋ᠢᠨ ᠺᠠᠳ᠋ᠷ ᠪᠤᠯᠤᠬ᠍ᠰᠠᠨ᠎ᠤ ᠬᠤᠪᠢ᠎ᠳᠤ᠂ ᠪᠢᠳᠡ ᠶᠡᠷᠦᠩᠭᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠳᠤ ᠴᠡᠭᠡᠵᠢᠯᠡᠵᠦ᠍᠂ ᠦᠨᠳᠦᠰᠦᠨ ᠱᠠᠳᠤᠨ᠎ᠤ ᠡᠪᠯᠡᠯ᠎ᠤᠨ ᠠᠵᠢᠯ᠎ᠢᠶᠠᠨ ᠰᠠᠢᠳᠤᠷ ᠬᠢᠵᠤ᠂ ᠦᠷᠭᠡᠨ ᠤᠯᠠᠨ ᠵᠠᠯᠠᠭᠤᠴᠤᠳ᠎ᠢ ᠬᠦᠳᠦᠯᠦᠨ ᠲᠠᠭᠠᠭᠤᠯᠵᠤ ᠢᠳᠡᠭᠡᠯ ᠪᠢᠱᠢᠷᠠᠯ᠎ᠢ᠎ᠨᠢ ᠪᠠᠳᠤᠳᠭᠠᠵᠤ᠂ 〈ᠮᠤᠩᠭᠤᠯ ᠮᠤᠷᠢᠨ᠎ᠤ ᠵᠤᠷᠢᠭ ᠰᠠᠨᠠᠭ᠎ᠠ〉 ᠎ᠪᠠᠷ ᠡᠷᠡᠮᠡᠭᠡᠢᠯᠡᠨ ᠲᠠᠮᠠᠴᠡᠵᠤ᠂ ᠦᠵᠡᠰᠭᠦᠯᠡᠩᠳᠦ ᠰᠠᠢᠬᠠᠨ ᠦᠪᠦᠷ ᠮᠤᠩᠭᠤᠯ᠎ᠢᠶᠠᠨ ᠪᠦᠳᠦᠭᠡᠨ ᠪᠠᠢᠭᠤᠯᠵᠤ᠂ ᠠᠭᠤᠤ ᠶᠡᠭᠡ ᠲᠤᠮᠳᠠᠳᠤ᠎ᠶ᠋ᠢᠨ ᠵᠡᠬᠦᠳᠦ᠎ᠪᠠᠨ ᠲᠡᠷᠭᠡᠯᠱᠢᠬᠦᠯᠬᠦ᠌᠎ᠳᠤ ᠤᠷᠢ ᠵᠠᠯᠠᠭᠤ᠎ᠶ᠋ᠢᠨ ᠬᠦᠴᠦᠨ ᠴᠢᠳᠠᠯ᠎ᠢᠶᠠᠨ ᠨᠠᠮᠠᠷᠢᠯᠠᠨ᠎ᠠ》 ᠭᠡᠵᠤ ᠵᠤᠷᠢᠭ᠎ᠢᠶᠠᠨ ᠢᠯᠡᠳᠭᠡᠨ᠎ᠡ᠃
     《ᠶᠡᠷᠦᠩᠭᠡᠢ ᠱᠦᠵᠢ ᠰᠢ᠎ᠶ᠋ᠢᠨ ᠫᠢᠡᠭ᠎ᠤᠨ ᠴᠢᠬᠤᠯᠠ ᠶᠠᠷᠢᠶ᠎ᠠ᠎ᠨᠢ ᠪᠢᠳᠠᠨ᠎ᠳᠤ ᠴᠦᠬᠦᠷᠠᠰᠢ ᠦᠭᠡᠢ ᠲᠠᠮᠠᠴᠡᠬᠦ᠌ ᠬᠦᠴᠤᠨ ᠴᠢᠳᠠᠯ᠎ᠢ ᠤᠯᠭᠤᠭ᠍ᠰᠠᠨ ᠪᠠᠢᠨ᠎ᠠ᠃ ᠪᠢᠳᠠ ᠦᠷᠬᠦᠯᠵᠢᠯᠡᠨ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠳᠠ ᠪᠠ ᠪᠦᠳᠤᠭᠡᠨ ᠪᠠᠢᠭᠤᠯᠤᠯᠳᠠ᠎ᠪᠠᠨ ᠴᠢᠩᠭᠠᠳᠭᠠᠵᠤ᠂ ᠰᠡᠳᠭᠢᠴᠠ᠎ᠪᠠᠨ ᠬᠤᠪᠢᠷᠠᠭᠤᠯᠤᠨ ᠮᠠᠯᠵᠢᠬᠤ ᠠᠷᠭ᠎ᠠ ᠭᠡᠯᠪᠡᠷᠢ᠎ᠪᠠᠨ ᠱᠢᠨᠠᠴᠢᠯᠠᠵᠤ᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠵᠤ᠂ ᠪᠤᠬᠢᠷᠳᠤᠯ ᠦᠭᠡᠢ᠎ᠪᠠᠷ ᠬᠦᠭ᠌ᠵᠢᠬᠦᠯᠬᠦ᠌ ᠵᠠᠮ᠎ᠢᠶᠠᠷ ᠵᠠᠮᠨᠠᠵᠤ᠂ ᠡᠬᠡ ᠤᠯᠤᠰ᠎ᠤᠨ ᠤᠮᠠᠷᠠᠳᠤ᠎ᠶ᠋ᠢᠨ ᠦᠵᠡᠰᠭᠦᠯᠠᠩᠳᠤ ᠰᠠᠢᠬᠠᠨ ᠦᠵᠡᠮᠵᠢ᠎ᠶ᠋ᠢᠨ ᠤᠷᠤᠨ᠎ᠢ ᠴᠤᠭ᠍ᠴᠠᠯᠠᠨ ᠪᠠᠢᠭᠤᠯᠬᠤ᠎ᠳᠤ ᠮᠦᠷᠤ᠎ᠶ᠋ᠢᠨ ᠬᠦᠴᠤ᠎ᠪᠠᠨ ᠡᠷᠬᠦᠨ᠎ᠠ》 ᠭᠡᠵᠦ᠍ ᠬᠦᠯᠦᠨ ᠪᠤᠢᠷ ᠬᠤᠳᠠ᠎ᠶ᠋ᠢᠨ ᠡᠸᠡᠩᠭᠢ ᠦᠨᠳᠦᠰᠦᠳᠡᠨ᠎ᠤ ᠦᠪᠡᠷᠳᠡᠭᠡᠨ ᠵᠠᠰᠠᠬᠤ ᠬᠤᠱᠢᠭᠤᠨ᠎ᠤ ᠮᠠᠯᠴᠢᠨ ᠵᠠᠯᠠᠭᠤ ᠰᠤᠮᠢᠶ᠎ᠠ ᠢᠲᠡᠭᠡᠯ ᠲᠦᠭᠦᠷᠡᠩ ᠶᠠᠷᠢᠨ᠎ᠠ᠃
     ᠦᠪᠡᠷᠳᠡᠭᠡᠨ ᠵᠠᠰᠠᠬᠤ ᠤᠷᠤᠨ᠎ᠤ ᠡᠮᠡᠭ᠌ᠳᠡᠢᠴᠤᠳ᠎ᠤᠨ ᠬᠤᠯᠪᠤᠭ᠎ᠠ᠎ᠶ᠋ᠢᠨ ᠺᠠᠳ᠋ᠷ ᠶᠠᠩ ᠲᠢᠩ᠄ 《ᠶᠡᠷᠦᠩᠭᠡᠢ ᠱᠦᠵᠢ ᠰᠢ᠎ᠶ᠋ᠢᠨ ᠫᠢᠡᠭ᠎ᠤᠨ ᠴᠢᠬᠤᠯᠠ ᠶᠠᠷᠢᠶᠠᠨ᠎ᠳᠤ ᠠᠷᠠᠳ ᠲᠦᠮᠡᠨ᠎ᠢ ᠲᠡᠭᠡᠳᠦᠯᠡᠬᠦ᠌᠎ᠶ᠋ᠢ ᠪᠠᠷᠢᠮᠳᠠᠯᠠᠨ᠂ ᠠᠷᠠᠳ ᠲᠦᠮᠡᠨ᠎ᠤ ᠠᠱᠢᠭ ᠲᠤᠰᠠ᠎ᠶ᠋ᠢ ᠲᠡᠷᠢᠬᠦᠨ᠎ᠳᠤ ᠲᠠᠯᠪᠢᠬᠤ᠎ᠶ᠋ᠢ ᠤᠯᠠᠨ ᠤᠳᠠᠭ᠎ᠠ ᠴᠢᠬᠤᠯᠠᠴᠢᠯᠠᠵᠠᠢ᠃ ᠡᠮᠡᠭ᠌ᠳᠡᠢᠴᠤᠳ᠎ᠤᠨ ᠬᠤᠯᠪᠤᠭ᠎ᠠ᠎ᠶ᠋ᠢᠨ ᠺᠠᠳ᠋ᠷ ᠪᠤᠯᠤᠭ᠍ᠰᠠᠨ᠎ᠤ ᠬᠤᠪᠢ᠎ᠳᠤ᠂ ᠪᠢᠳᠡ ᠦᠷᠭᠡᠨ ᠤᠯᠠᠨ ᠡᠮᠡᠭ᠌ᠳᠡᠢᠴᠤᠳ᠎ᠢᠶᠠᠨ ᠲᠠᠢᠴᠢᠯᠠᠨ᠂ ᠰᠡᠳᠭᠢᠯ᠎ᠢᠶᠠᠨ ᠨᠢᠭᠡᠳᠭᠡᠨ ᠬᠦᠴᠤᠨ᠎ᠢᠶᠠᠨ ᠬᠠᠮᠳᠤᠳᠭᠠᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠌ ᠪᠠ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠢᠯᠠᠯᠳᠠ᠎ᠶ᠋ᠢ ᠤᠯᠬᠤ᠎ᠳᠤ ᠡᠮᠡᠭ᠌ᠳᠡᠢᠴᠤᠳ᠎ᠤᠨ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠪᠠᠢᠯ᠎ᠠ᠃
     ᠭᠠᠷᠠᠭ᠎ᠤᠨ ᠠᠮᠠᠷᠠᠯᠳᠠ᠎ᠳᠤ ᠴᠦ᠍ ᠠᠮᠠᠷᠠᠯ ᠥᠬᠡᠢ᠎ᠪᠠᠷ ᠠᠯᠠᠱᠠ ᠠᠢᠮᠠᠬ᠎ᠲᠤ ᠠᠵᠢᠯ᠎ᠢᠶᠠᠷ ᠪᠠᠭᠤᠬ᠍ᠰᠠᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ᠎ᠤᠨ ᠠᠮᠢ ᠠᠬᠤᠢ ᠤᠷᠴᠢᠨ ᠲᠤᠭᠤᠷᠢᠨ᠎ᠤ ᠱᠠᠯᠠᠪᠳᠠᠭᠤᠯᠤᠨ ᠪᠠᠢᠴᠠᠭᠠᠯᠲᠠ᠎ᠶ᠋ᠢᠨ ᠠᠯᠪᠠᠨ ᠭᠡᠷ᠎ᠤᠨ ᠲᠡᠳ᠋ ᠡᠷᠬᠢᠯᠡᠭ᠌ᠴᠢ ᠱ᠌ᠢ ᠵᠢᠶᠦ᠋ᠨ ᠶᠧ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠪᠤᠯᠤᠨ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠰᠦᠯᠵᠢᠶ᠎ᠡ ᠪᠣᠯᠤᠨ ᠲᠧᠯᠸᠢᠰ᠎ᠢᠶᠠᠷ ᠰᠡᠳᠭᠢᠯ ᠲᠠᠯᠪᠢᠨ ᠰᠣᠨᠣᠰᠴᠠᠢ ᠬᠡᠵᠦ᠍ ᠰᠤᠷᠪᠤᠯᠵᠢᠯᠠᠬ᠍ᠴᠢ᠎ᠳᠤ ᠤᠷᠦ᠋ᠢᠬᠠᠨ ᠬᠠᠷᠢᠭᠤ ᠥᠭ᠌ᠪᠡ᠃ 《ᠶᠡᠷᠦᠩᠬᠡᠢ ᠱᠦᠵᠢ᠂ ᠠᠷᠠᠳ ᠲᠦᠮᠡᠨ᠎ᠢ ᠲᠡᠭᠡᠳᠦᠯᠡᠬᠦ᠌᠎ᠶ᠋ᠢ ᠪᠠᠷᠢᠮᠳᠠᠯᠠᠵᠤ᠂ ᠠᠷᠠᠳ ᠲᠦᠮᠡᠨ᠎ᠳᠤ ᠲᠠᠰᠤᠷᠠᠯᠲᠠ ᠦᠭᠡᠢ ᠪᠤᠶᠠᠨ ᠦᠢᠯᠡᠳᠴᠦ᠍᠂ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠡᠯ᠎ᠡ ᠵᠦᠢᠯ᠎ᠤᠨ ᠱᠢᠢᠳᠪᠦᠷᠢᠳᠦ ᠪᠤᠳᠤᠯᠭ᠎ᠠ ᠪᠠᠢᠷᠢᠯᠠᠭᠤᠯᠤᠯᠲᠠ ᠪᠤᠯᠤᠨ ᠪᠤᠳᠠᠳᠠᠢ ᠠᠵᠢᠯ᠎ᠤᠨ ᠲᠤᠮᠳᠠ᠎ᠪᠠᠨ ᠨᠠᠢᠳᠠᠪᠤᠷᠢᠵᠢᠭᠤᠯᠵᠤ᠂ ᠠᠮᠢ ᠠᠬᠤᠢ᠎ᠶ᠋ᠢᠨ ᠪᠤᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠤᠳᠤᠯᠭ᠎ᠠ᠎ᠶ᠋ᠢᠨ ᠲᠤᠭ᠍ᠳᠠᠯ ᠬᠦᠴᠦ᠎ᠶ᠋ᠢ ᠪᠠᠷᠢᠮᠳᠠᠯᠠᠵᠤ᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠵᠦ᠍᠂ ᠪᠤᠬᠢᠷᠳᠤᠯ ᠦᠭᠡᠢ᠎ᠪᠠᠷ ᠬᠦᠭ᠌ᠵᠢᠬᠦᠯᠬᠦ᠌ ᠤᠳᠤᠷᠢᠳᠤᠮᠵᠢ᠎ᠶ᠋ᠢ ᠪᠠᠳᠤ ᠪᠠᠬᠢ ᠪᠤᠢ ᠪᠤᠯᠭᠠᠵᠤ᠂ ᠬᠦᠬᠡ ᠤᠬ᠍ᠳᠠᠷᠭᠤᠢ᠂ ᠬᠦᠬᠡᠮᠳᠦᠭ ᠤᠰᠤ᠂ ᠠᠷᠢᠭᠤᠨ ᠬᠦᠷᠦᠰᠦ᠎ᠶ᠋ᠢᠨ ᠬᠠᠮᠠᠭᠠᠯᠠᠯᠲᠠ᠎ᠶ᠋ᠢᠨ ᠲᠠᠢᠯᠠᠯᠳᠤᠭᠠᠨ᠎ᠢ ᠦᠷᠭᠦᠯᠵᠢᠯᠡᠨ ᠰᠠᠢᠳᠤᠷ ᠬᠢᠵᠦ᠍᠂ ᠡᠬᠡ ᠤᠯᠤᠰ᠎ᠤᠨ ᠤᠮᠠᠷᠠᠳᠤ ᠬᠢᠯᠢ᠎ᠶ᠋ᠢᠨ ᠡᠨᠡ ᠬᠦ᠌ ᠲᠦᠮᠡᠨ ᠭᠠᠵᠠᠷ᠎ᠤᠨ ᠨᠤᠮᠢᠨ ᠨᠤᠭᠤᠭᠠᠨ ᠤᠷᠳᠤ ᠴᠠᠭᠠᠨ ᠬᠡᠷᠡᠮ᠎ᠢ ᠨᠡᠩ ᠪᠠᠬᠢᠯᠢᠭ᠌ ᠪᠠᠢᠭᠤᠯᠬᠤ ᠬᠡᠷᠡᠭ᠌ᠳᠡᠢ ᠭᠡᠵᠦ᠍ ᠴᠢᠬᠤᠯᠠᠴᠢᠯᠠᠪᠠ᠂ ᠶᠡᠷᠦᠩᠬᠡᠢ ᠱᠦᠵᠢ ᠮᠠᠨ᠎ᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠤᠬᠠᠢ ᠦᠨᠡᠨ ᠬᠦ᠌ ᠰᠠᠨᠠᠭᠠᠱᠢᠷᠠᠵᠤ ᠪᠠᠢᠨ᠎ᠠ᠂ ᠪᠢᠳᠡ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠬᠦᠰᠡᠷᠳᠡᠭᠦᠯᠬᠦ᠌ ᠦᠭᠡᠢ᠎ᠪᠠᠷ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠵᠦ᠍᠂ ᠮᠠᠨ᠎ᠤ ᠤᠷᠤᠨ᠎ᠤ ᠪᠤᠬᠢᠷᠳᠤᠯ᠎ᠢ ᠰᠡᠷᠭᠡᠢᠯᠡᠨ ᠵᠠᠰᠠᠬᠤ ᠪᠤᠭᠤᠮᠲᠠ ᠱᠢᠪᠳᠤᠯᠬᠤ ᠲᠠᠢᠯᠠᠯᠳᠤᠭᠠᠨ᠎ᠤ ᠪᠦᠷᠢᠨ ᠢᠯᠠᠯᠲᠠ ᠪᠠ 〈ᠬᠦᠯᠦᠨ ᠨᠠᠭᠤᠷ᠂ ᠤᠯᠠᠭᠠᠨᠰᠤᠬᠠᠢ ᠨᠠᠭᠤᠷ᠂ ᠲᠠᠭ᠎ᠠ᠎ᠶ᠋ᠢᠨ ᠨᠠᠭᠤᠷ〉 ᠎ᠤᠨ ᠠᠮᠢ ᠠᠬᠤᠢ᠎ᠶ᠋ᠢᠨ ᠶᠡᠷᠦᠩᠬᠡᠢᠯᠡᠨ ᠵᠠᠰᠠᠯᠲᠠ᠎ᠶ᠋ᠢ ᠰᠠᠢᠳᠤᠷ ᠪᠡᠶᠡᠯᠡᠭᠦᠯᠵᠦ᠍᠂ ᠠᠮᠢ ᠠᠬᠤᠢ ᠤᠷᠴᠢᠨ ᠲᠤᠭᠤᠷᠢᠨ᠎ᠤ ᠡᠯ᠎ᠡ ᠭᠤᠭ᠍ᠴᠤᠭ᠎ᠠ᠎ᠶ᠋ᠢᠨ ᠠᠵᠢᠯ᠎ᠢ ᠰᠠᠢᠳᠤᠷ ᠬᠢᠵᠦ᠍᠂ ᠶᠡᠷᠦᠩᠬᠡᠢ ᠱᠦᠵᠢ᠎ᠳᠤ ᠬᠠᠨᠤᠮᠵᠢᠳᠠᠢ ᠬᠠᠷᠢᠭᠤᠯᠳᠠ᠎ᠶ᠋ᠢᠨ ᠬᠠᠭᠤᠳᠠᠰᠤ ᠲᠤᠱᠢᠶᠠᠨ᠎ᠠ》 ᠭᠡᠵᠦ᠍ ᠲᠡᠷᠡ ᠢᠳᠡᠭᠡᠯ ᠲᠡᠭᠦᠯᠳᠡᠷ ᠶᠠᠷᠢᠵᠦ᠍ ᠪᠠᠢᠯ᠎ᠠ᠃
     ᠲᠡᠷᠡ ᠪᠠᠰᠠ᠄ 《ᠪᠢ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠲᠠ᠎ᠶ᠋ᠢᠨ ᠹᠷᠤᠨᠲ᠎ᠤᠨ ᠨᠢᠭᠡᠨ ᠠᠵᠢᠯᠳᠠᠨ ᠪᠤᠯᠤᠭ᠍ᠰᠠᠨ᠎ᠤ ᠬᠤᠪᠢ᠎ᠳᠤ᠂ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠳᠤ ᠴᠡᠭᠡᠵᠢᠯᠡᠵᠦ᠍᠂ 〈ᠠᠮᠵᠢᠯᠲᠠ ᠤᠯᠤᠭ᠍ᠰᠠᠨ᠎ᠨᠢ ᠨᠠᠳᠠ᠎ᠠᠴᠠ ᠪᠤᠯᠤᠭ᠍ᠰᠠᠨ ᠪᠢᠰᠢ〉 ᠬᠠᠷᠢᠠ 〈ᠠᠮᠵᠢᠯᠲᠠ ᠤᠯᠤᠭ᠍ᠰᠠᠨ ᠶᠠᠪᠤᠴᠠ᠎ᠳᠤ ᠪᠢ ᠤᠷᠤᠯᠴᠠᠭ᠍ᠰᠠᠨ〉 ᠬᠡᠮᠡᠬᠦ᠌ ᠬᠠᠷᠢᠭᠤᠴᠠᠯᠭ᠎ᠠ᠎ᠶ᠋ᠢ ᠪᠠᠷᠢᠵᠤ᠂ ᠲᠤᠬᠠᠢᠯᠠᠭ᠍ᠰᠠᠨ ᠠᠵᠢᠯ᠎ᠢᠶᠠᠨ ᠰᠠᠢᠳᠤᠷ ᠬᠢᠵᠦ᠍᠂ ᠡᠵᠡᠨ ᠬᠦᠮᠦᠨ᠎ᠤ ᠤᠪᠤᠷ᠎ᠢᠶᠠᠷ ᠬᠠᠨᠳᠤᠵᠤ᠂ ᠮᠠᠨ᠎ᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠲᠠ᠎ᠶ᠋ᠢᠨ ᠠᠵᠢᠯ᠎ᠳᠤ ᠦᠪᠡᠷ᠎ᠤᠨ ᠬᠤᠪᠢ ᠨᠡᠮᠡᠷᠢ᠎ᠪᠠᠨ ᠦᠵᠡᠭᠦᠯᠦᠨ᠎ᠡ》 ᠭᠡᠵᠦ᠍ ᠵᠤᠷᠢᠭ᠎ᠢᠶᠠᠨ ᠢᠯᠡᠳᠭᠡᠭ᠌ᠰᠡᠨ ᠪᠠᠢᠨ᠎ᠠ᠃
     ᠦᠪᠦᠷ ᠮᠤᠩᠭᠤᠯ᠎ᠤᠨ ᠲᠠᠷᠢᠶᠠᠯᠠᠩ ᠮᠠᠯ ᠠᠵᠤ ᠠᠬᠤᠢ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠲᠠᠷᠤᠭ᠎ᠠ ᠯᠦ᠍ ᠵᠠᠨ ᠶᠤᠸᠠᠨ᠄ 《ᠶᠡᠷᠦᠩᠬᠡᠢ ᠱᠦᠵᠢ ᠰᠢ᠎ᠶ᠋ᠢᠨ ᠫᠢᠩ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ᠎ᠳᠠᠭᠠᠨ᠂ ᠠᠷᠠᠳ ᠲᠦᠮᠡᠨ᠎ᠢ ᠲᠡᠭᠡᠳᠦᠯᠡᠬᠦ᠌᠎ᠶ᠋ᠢ ᠪᠠᠷᠢᠮᠳᠠᠯᠠᠵᠦ᠍᠂ ᠠᠷᠠᠳ ᠲᠦᠮᠡᠨ᠎ᠳᠤ ᠲᠠᠰᠤᠷᠠᠯᠳᠠ ᠦᠭᠡᠢ ᠪᠤᠶᠠᠨ ᠦᠢᠯᠡᠳᠴᠦ᠍᠂ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠡ᠎ᠶ᠋ᠢᠨ ᠦᠵᠡᠯ ᠰᠠᠨᠠᠭ᠎ᠠ᠎ᠶ᠋ᠢ ᠡᠯ᠎ᠠ ᠵᠦᠢᠯ᠎ᠤᠨ ᠱᠢᠢᠳᠪᠦᠷᠢᠳᠤ ᠪᠤᠳᠤᠯᠭ᠎ᠠ ᠪᠠᠢᠷᠢᠯᠠᠭᠤᠯᠤᠯᠳᠠ ᠪᠠ ᠪᠤᠳᠠᠳᠠᠢ ᠠᠵᠢᠯ᠎ᠤᠨ ᠲᠤᠮᠳᠠ᠎ᠪᠠᠨ ᠨᠠᠢᠳᠠᠪᠤᠷᠢᠵᠢᠭᠤᠯᠬᠤ ᠬᠡᠷᠡᠭ᠌ᠳᠡᠢ ᠭᠡᠪᠠ᠃ ᠠᠷᠠᠳ ᠲᠦᠮᠡᠨ᠎ᠳᠤ ᠵᠣᠯ ᠵᠢᠷᠭᠠᠯ ᠡᠳ᠋ᠯᠡᠬᠦᠯᠬᠦ᠌ ᠪᠣᠯ ᠡᠪ ᠬᠠᠮᠳᠦ ᠨᠠᠮ᠎ᠤᠨ ᠬᠡᠱᠢᠬᠦᠳ᠎ᠤᠨ ᠡᠬᠦᠷᠢᠳᠡ᠎ᠶ᠋ᠢᠨ ᠠᠵᠢᠯ ᠦᠢᠯᠡᠰ ᠪᠣᠯᠤᠨ᠎ᠠ᠃ ᠪᠢᠳᠡ ᠬᠦᠴᠦᠯᠡᠨ ᠵᠢᠳᠬᠦᠵᠦ᠍ ᠪᠤᠳᠠᠲᠤ ᠠᠵᠢᠯᠯᠠᠭ᠎ᠠ᠎ᠪᠠᠷ᠎ᠢᠶᠠᠨ ᠠᠷᠠᠳ ᠲᠦᠮᠡᠨ᠎ᠤ ᠲᠥᠯᠥᠭᠡ ᠢᠯᠡᠬᠦᠬᠡᠨ ᠰᠠᠢᠨ ᠠᠵᠢᠯ ᠬᠢᠶ᠎ᠡ ᠬᠡᠵᠦ᠍ ᠪᠤᠳᠤᠵᠦ᠍ ᠪᠠᠢᠨ᠎ᠠ᠃ ᠦᠪᠦᠷ ᠮᠤᠩᠭᠤᠯ ᠮᠠᠯ ᠠᠵᠤ ᠠᠬᠤᠢ ᠲᠠᠷᠢᠶᠠᠯᠠᠩ᠎ᠤᠨ ᠲᠤᠮᠤ ᠤᠷᠤᠨ ᠪᠤᠯᠤᠭ᠍ᠰᠠᠨ᠎ᠤ ᠬᠤᠪᠢ᠎ᠳᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ ᠪᠤᠯᠤᠨ ᠠᠮᠢ ᠠᠬᠤᠢ᠎ᠶ᠋ᠢᠨ ᠠᠮᠤᠷ ᠲᠦᠪᠱᠢᠨ᠎ᠤ ᠴᠢᠬᠤᠯᠠ ᠡᠭᠦᠷᠭᠡ ᠪᠠ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠤᠢ᠂ ᠶᠡᠷᠦᠩᠬᠡᠢ ᠱᠦᠵᠢ᠎ᠶ᠋ᠢᠨ ᠠᠷᠠᠳ ᠲᠦᠮᠡᠨ᠎ᠢᠶᠠᠷ ᠭᠤᠤᠯ ᠪᠤᠯᠭᠠᠬᠤ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠳᠤ ᠱᠢᠨ᠎ᠠ ᠬᠦᠭ᠌ᠵᠢᠯᠳᠡ᠎ᠶ᠋ᠢᠨ ᠤᠢ᠍ᠢᠯᠠᠭᠠᠭ᠍ᠳᠠᠬᠤᠨ᠎ᠢ ᠪᠠᠷᠢᠮᠳᠠᠯᠠᠵᠤ᠂ ᠴᠢᠨᠠᠷ ᠰᠠᠢᠳᠠᠢ ᠬᠦᠭ᠌ᠵᠢᠯᠳᠡ᠎ᠶ᠋ᠢᠨ ᠱᠠᠭᠠᠷᠳᠠᠯᠭ᠎ᠠ ᠶᠤᠰᠤᠭᠠᠷ᠂ ᠠᠷᠠᠳ ᠲᠦᠮᠡᠨ᠎ᠤ ᠬᠡᠷᠡᠭ᠌ᠴᠡᠭᠡ ᠱᠠᠭᠠᠷᠳᠠᠯᠭ᠎ᠠ ᠪᠤᠯᠤᠨ ᠦᠷ᠎ᠠ ᠬᠤᠢᠴᠢᠰ᠎ᠤᠨ᠎ᠢᠶᠠᠨ ᠢᠷᠡᠭᠡᠳᠦᠢ᠎ᠶ᠋ᠢ ᠪᠤᠳᠤᠯᠬᠢᠯᠠᠨ᠂ ᠦᠪᠦᠷ ᠮᠤᠩᠭᠤᠯ᠎ᠤᠨ ᠮᠠᠯ ᠠᠵᠤ ᠠᠬᠤᠢ ᠲᠠᠷᠢᠶᠠᠯᠠᠩ᠎ᠤᠨ ᠦᠷᠭᠦᠯᠵᠢᠯᠡᠬᠦ᠌ ᠬᠦᠭ᠌ᠵᠢᠯᠳᠡ ᠪᠤᠯᠤᠨ ᠠᠮᠢ ᠠᠬᠤᠢ᠎ᠶ᠋ᠢᠨ ᠪᠤᠯᠪᠠᠰᠤᠨ᠎ᠤ ᠪᠠᠢᠭᠤᠯᠤᠯᠳᠠ᠎ᠶ᠋ᠢ ᠢᠳᠡᠪᠬᠢᠳᠡᠢ ᠠᠬᠢᠭᠤᠯᠪᠠᠯ ᠵᠤᠬᠢᠨ᠎ᠠ᠃ ᠨᠢᠭᠡ᠎ᠳᠤ᠂ ᠲᠠᠷᠢᠶᠠᠯᠠᠩ᠎ᠤᠨ ᠠᠮᠢ ᠠᠬᠤᠢ᠎ᠶ᠋ᠢᠨ ᠪᠦᠳᠦᠭᠡᠨ ᠪᠠᠢᠭᠤᠯᠤᠯᠳᠠ᠎ᠶ᠋ᠢ ᠤᠯᠠᠮ ᠨᠢᠭᠡ ᠠᠯᠬᠤᠮ ᠴᠢᠬᠤᠯᠠᠴᠢᠯᠠᠨ ᠴᠢᠩᠭᠠᠳᠭᠠᠵᠤ᠂ 〈ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠲᠠᠷᠢᠶᠠᠨ ᠭᠠᠵᠠᠷ᠎ᠤᠨ ᠶᠠᠰᠤ ᠴᠢᠨᠠᠷ᠎ᠤᠨ ᠬᠠᠮᠢᠶᠠᠷᠤᠯᠳᠠ᠎ᠶ᠋ᠢᠨ ᠲᠦᠷᠢᠮ〉 ᠎ᠢ ᠲᠦᠷᠭᠡᠨ ᠲᠤᠭ᠍ᠳᠠᠭᠠᠨ ᠨᠡᠢᠳᠡᠯᠡᠵᠦ᠍᠂ ᠲᠠᠷᠢᠶᠠᠨ ᠭᠠᠵᠠᠷ᠎ᠢ ᠬᠠᠤᠯᠢ ᠶᠤᠰᠤᠭᠠᠷ ᠬᠠᠮᠠᠭᠠᠯᠠᠨ᠎ᠠ; ᠬᠤᠶᠠᠷ᠎ᠲᠤ᠌᠂ ᠲᠠᠷᠢᠶᠠᠨ ᠭᠠᠵᠠᠷ᠎ᠤᠨ ᠶᠠᠰᠤ ᠴᠢᠨᠠᠷ ᠪᠤᠯᠤᠨ ᠤᠰᠤᠨ᠎ᠤ ᠡᠬᠢ ᠪᠠᠶᠠᠯᠢᠭ᠎ᠤᠨ ᠲᠠᠭᠠᠭᠠᠴᠠ᠎ᠪᠠᠷ ᠲᠦᠱᠢᠭ ᠪᠤᠯᠭᠠᠵᠤ᠂ ᠵᠦᠷᠢᠶᠡᠴᠢᠯᠡᠭ᠌ᠰᠡᠨ ᠲᠦᠷᠦ᠎ᠶ᠋ᠢᠨ ᠪᠤᠳᠤᠯᠭ᠎ᠠ ᠲᠤᠭ᠍ᠳᠠᠭᠠᠨ ᠨᠡᠢᠳᠡᠯᠡᠵᠦ᠍᠂ ᠲᠠᠷᠢᠶᠠᠯᠠᠬᠤ᠎ᠪᠠᠨ ᠵᠦᠢ ᠵᠤᠬᠢᠰᠳᠠᠢ ᠵᠤᠭ᠍ᠰᠤᠭᠠᠵᠤ᠂ ᠲᠠᠷᠢᠶᠠᠨ ᠭᠠᠵᠠᠷ᠎ᠢ ᠱᠢᠨᠵᠢᠯᠡᠬᠦ᠌ ᠤᠬᠠᠭᠠᠨᠴᠢ᠎ᠪᠠᠷ ᠬᠡᠷᠡᠭ᠌ᠯᠡᠵᠦ᠍᠂ ᠮᠠᠯ ᠠᠵᠤ ᠠᠬᠤᠢ ᠲᠠᠷᠢᠶᠠᠯᠠᠩ᠎ᠤᠨ ᠵᠦᠷᠢᠶᠡᠵᠢᠭ᠌ᠰᠡᠨ ᠪᠤᠬᠢᠷᠳᠤᠯ ᠦᠭᠡᠢ ᠬᠦᠭ᠌ᠵᠢᠯᠳᠡ᠎ᠶ᠋ᠢᠨ ᠵᠠᠮ᠎ᠢᠶᠠᠷ ᠵᠠᠮᠨᠠᠨ᠎ᠠ; ᠭᠤᠷᠪᠠ᠎ᠳᠤ᠂ ᠮᠠᠯ ᠠᠵᠤ ᠠᠬᠤᠢ ᠲᠠᠷᠢᠶᠠᠯᠠᠩ᠎ᠤᠨ ᠬᠦᠭ᠌ᠵᠢᠯᠳᠡ᠎ᠶ᠋ᠢᠨ ᠠᠷᠭ᠎ᠠ ᠮᠠᠶᠢᠭ᠎ᠢ ᠬᠤᠪᠢᠷᠠᠭᠤᠯᠵᠤ᠂ ᠠᠮᠢ ᠠᠬᠤᠢ᠎ᠶ᠋ᠢᠨ ᠲᠠᠷᠢᠶᠠᠯᠠᠩ᠂ ᠲᠤᠤᠷ᠎ᠠ ᠨᠡᠭᠦᠷᠡᠰᠦᠳᠦ᠋ᠷᠦᠭ᠌ᠴᠢᠳᠤ ᠲᠠᠷᠢᠶᠠᠯᠠᠩ ᠪᠤᠯᠤᠨ ᠴᠢᠨᠠᠷ ᠰᠠᠢᠳᠠᠢ ᠦᠨᠳᠦᠷ ᠦᠷ᠎ᠠ ᠠᠱᠢᠭ᠍ᠳᠤ ᠮᠠᠯ ᠠᠵᠤ ᠠᠬᠤᠢ ᠲᠠᠷᠢᠶᠠᠯᠠᠩ᠎ᠢ ᠢᠳᠡᠪᠬᠢᠳᠡᠢ ᠬᠦᠭ᠌ᠵᠢᠭᠦᠯᠦᠨ᠎ᠠ》 ᠭᠡᠵᠦ᠍ ᠢᠳᠡᠭᠡᠯ ᠲᠡᠭᠦᠯᠳᠡᠷ ᠶᠠᠷᠢᠵᠤ ᠪᠠᠢᠯ ᠎ᠠ᠃
     ᠬᠦᠬᠡᠬᠤᠲᠠ᠎ᠶ᠋ᠢᠨ ᠬᠤᠲᠤᠩ ᠠᠷᠠᠳ᠎ᠤᠨ ᠲᠤᠭᠤᠷᠢᠭ᠎ᠤᠨ ᠭᠠᠢᠯᠢ᠎ᠶ᠋ᠢᠨ ᠶᠠᠪᠤᠳᠠᠯ᠎ᠤᠨ ᠲᠤᠪᠴᠢᠶᠠᠨ᠎ᠤ ᠪᠤᠯᠤᠳ ᠲᠡᠮᠦᠷ ᠵᠠᠮ᠎ᠤᠨ ᠭᠠᠢᠯᠢ᠎ᠶ᠋ᠢᠨ ᠶᠠᠪᠤᠳᠠᠯ᠎ᠤᠨ ᠭᠠᠵᠠᠷ᠎ᠤᠨ ᠲᠠᠷᠤᠭ᠎ᠠ ᠣᠳᠭᠤᠨᠵᠢᠷᠭᠠᠯ ᠰᠤᠷᠪᠤᠯᠵᠢᠯᠠᠭ᠎ᠠ ᠬᠦᠯᠢᠶᠡᠬᠦ᠌᠎ᠳᠡᠭᠡᠨ᠄ 《ᠶᠡᠷᠦᠩᠬᠡᠢ ᠱᠦᠵᠢ ᠰᠢ᠎ᠶ᠋ᠢᠨ ᠫᠢᠩ ᠥᠪᠦᠷ ᠮᠣᠩᠭᠤᠯ᠎ᠤᠨ ᠲᠦᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ᠎ᠳᠠᠭᠠᠨ᠂ ᠠᠷᠠᠳ ᠲᠦᠮᠡᠨ᠎ᠢ ᠲᠡᠭᠡᠳᠦᠯᠡᠬᠦ᠂ ᠠᠷᠠᠳ ᠲᠦᠮᠡᠨ᠎ᠳᠤ ᠨᠢᠬ᠍ᠳᠠ ᠲᠦᠱᠢᠭ᠌ᠯᠡᠬᠦ᠂ ᠠᠷᠠᠳ ᠲᠦᠮᠡᠨ᠎ᠳᠤ ᠳᠠᠰᠤᠷᠠᠯᠳᠠ ᠥᠬᠡᠢ ᠪᠤᠶᠠᠨ ᠦᠢᠯᠡᠳᠬᠦ᠂ ᠠᠷᠠᠳ ᠲᠦᠮᠡᠨ᠎ᠤ ᠳᠤᠮᠳᠠ ᠪᠠᠳᠤ ᠦᠨᠳᠦᠰᠦᠯᠡᠬᠦ᠌᠎ᠶ᠋ᠢ ᠡᠷᠬᠡᠪᠰᠢ ᠪᠠᠷᠢᠮᠲᠠᠯᠠᠬᠤ ᠬᠡᠷᠡᠭ᠌ᠳᠡᠢ ᠬᠡᠵᠦ᠍ ᠵᠢᠭᠠᠵᠦ᠍ ᠭᠠᠷᠭᠠᠵᠠᠢ᠃ ᠡᠨᠡ᠎ᠨᠢ ᠭᠠᠢᠯᠢ᠎ᠶ᠋ᠢᠨ ᠠᠵᠢᠯᠳᠠᠨ ᠪᠢᠳᠡᠨ᠎ᠳᠤ ᠥᠪᠡᠷ᠎ᠤᠨ ᠠᠵᠢᠯ᠎ᠤᠨ ᠪᠠᠢᠷᠢ ᠬᠢᠬᠡᠳ ᠡᠭᠦᠷᠬᠡ ᠲᠤᠱᠢᠶᠠᠯ᠎ᠢᠶᠠᠨ ᠨᠠᠮ ᠪᠠ ᠠᠷᠠᠳ ᠲᠦᠮᠡᠨ᠎ᠤ ᠲᠥᠯᠥᠭᠡ ᠤᠴᠢᠷ ᠶᠠᠪᠤᠳᠠᠯ ᠬᠦᠢᠴᠡᠳᠭᠡᠬᠦ᠌᠎ᠳᠤ ᠬᠡᠷᠡᠭ᠌ᠯᠡᠵᠦ᠍᠂ ᠠᠵᠦ᠍ ᠠᠬᠤᠢ᠍ᠢᠯᠠᠯ ᠬᠢᠬᠡᠳ ᠭᠠᠢᠯᠢ ᠲᠤᠱᠢᠶᠡᠬ᠍ᠴᠢ᠎ᠳᠤ ᠠᠱᠢᠬ ᠬᠦᠷᠳᠡᠬᠡᠬᠦ᠌᠎ᠳᠤ ᠵᠣᠷᠢᠭᠤᠯᠬᠤ ᠬᠡᠷᠡᠭ᠌ᠳᠡᠢ ᠬᠡᠰᠡᠨ᠎ᠢ ᠰᠡᠩᠬᠡᠷᠡᠭᠦᠯᠦᠨ ᠲᠠᠨᠢᠭᠤᠯᠵᠠᠢ ᠬᠡᠪᠡ᠃
     ᠭᠠᠢᠯᠢ᠎ᠶ᠋ᠢᠨ ᠠᠵᠢᠯᠳᠠᠨ ᠪᠤᠯᠤᠬ᠍ᠰᠠᠨ᠎ᠤ ᠬᠤᠪᠢ᠎ᠳᠤ᠂ ᠪᠢ ᠪᠠᠰᠠ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠠᠬᠢ ᠭᠠᠢᠯᠢ᠎ᠶ᠋ᠢᠨ ᠲᠤᠬᠠᠢ ᠲᠥᠷᠥ᠎ᠶ᠋ᠢᠨ ᠪᠣᠳᠣᠯᠭ᠎ᠠ᠎ᠶ᠋ᠢᠨ ᠲᠠᠯ᠎ᠠ᠎ᠪᠠᠷ ᠢᠯᠡᠬᠦᠦ ᠠᠩᠬᠠᠷᠴᠠᠢ᠃ ᠢᠯᠡᠳᠭᠡᠯ᠎ᠳᠤ ᠡᠨᠡ ᠵᠢᠯ ᠭᠠᠢᠯᠢ᠎ᠶ᠋ᠢ ᠪᠠᠭᠠᠰᠭᠠᠵᠦ᠍ ᠰᠦᠢᠳᠭᠡᠯ᠎ᠢ ᠪᠠᠭᠤᠷᠠᠭᠤᠯᠬᠤ ᠬᠡᠮᠵᠢᠶ᠎ᠠ᠎ᠶ᠋ᠢ ᠪᠠᠷᠤᠭ 5000 ᠳ᠋ᠥᠩᠱᠢᠭᠤᠷ ᠲᠥᠬᠦᠷᠢᠭ ᠱᠢᠨ᠎ᠠ᠎ᠪᠠᠷ ᠨᠡᠮᠡᠭ᠌ᠳᠡᠬᠦᠯᠦᠨ᠎ᠠ; ᠵᠢᠱ᠌ᠢᠯᠲᠠ᠎ᠪᠠᠷ ᠪᠦᠬᠦ᠌ ᠵᠢᠯ᠎ᠳᠤ ᠠᠵᠤ ᠠᠬᠤᠢ᠍ᠢᠯᠠᠯ᠎ᠤᠨ ᠳᠠᠷᠤᠭᠠᠰᠤ᠎ᠶ᠋ᠢ 2.5 ᠲᠥᠮᠡᠨ ᠳ᠋ᠥᠩᠱᠢᠭᠤᠷ ᠭᠠᠷᠤᠢ ᠲᠥᠭᠦᠷᠢᠭ ᠬᠥᠩᠭᠡᠷᠡᠭᠦᠯᠦᠨ᠎ᠠ; ᠪᠠᠭ᠎ᠠ ᠵᠢᠵᠢᠭ ᠠᠵᠤ ᠠᠬᠤᠢ᠍ᠢᠯᠠᠯ᠂ ᠬᠤᠪᠢ᠎ᠶ᠋ᠢᠨ ᠠᠵᠤ ᠠᠬᠤᠢ᠍ᠢᠯᠠᠯ᠎ᠤᠨ ᠠᠱᠢᠭ ᠤᠷᠤᠯᠭ᠎ᠠ᠎ᠶ᠋ᠢᠨ ᠭᠠᠢᠯᠢ᠎ᠪᠠᠨ ᠲᠤᠱᠢᠶᠠᠬᠤ ᠴᠠᠭ᠎ᠢ ᠳᠠᠷᠠᠭ᠎ᠠ ᠵᠢᠯ ᠪᠣᠯᠲᠠᠯ᠎ᠠ ᠤᠷᠳᠤᠳᠭᠠᠨ᠎ᠠ; ᠭᠠᠢᠯᠢ᠎ᠶ᠋ᠢ ᠪᠠᠭᠠᠰᠠᠬ᠍ᠵᠦ ᠰᠦᠢᠳᠭᠡᠯ᠎ᠢ ᠪᠠᠭᠤᠷᠠᠭᠤᠯᠬᠤ ᠲᠥᠷᠦ᠎ᠶ᠋ᠢᠨ ᠪᠤᠳᠤᠯᠭ᠎ᠠ᠎ᠶ᠋ᠢ ᠡᠷᠡᠰ ᠨᠠᠢᠳᠠᠪᠤᠷᠢᠵᠢᠭᠤᠯᠵᠦ᠍᠂ ᠬᠦᠬᠡᠮᠳᠦᠭ ᠠᠭᠤᠯᠠ᠎ᠪᠠᠨ ᠬᠡᠪ᠎ᠢᠶᠠᠷ᠎ᠨᠢ ᠦᠯᠡᠳᠡᠭᠡᠵᠦ᠍᠂ ᠬᠦᠭ᠌ᠵᠢᠬᠦ᠌ ᠢᠷᠡᠭᠡᠳᠦᠢ᠎ᠪᠠᠨ ᠲᠡᠮᠡᠴᠡᠨ ᠤᠯᠤᠨ᠎ᠠ ᠁ ᠭᠡᠵᠦ᠍ ᠲᠤᠷᠠᠳᠤᠬ᠍ᠰᠠᠨ᠎ᠨᠢ ᠭᠠᠢᠯᠢ᠎ᠶ᠋ᠢᠨ ᠶᠠᠪᠤᠳᠠᠯ᠎ᠤᠨ ᠲᠤᠪᠴᠢᠶ᠎ᠠ᠎ᠶ᠋ᠢᠨ ᠠᠵᠢᠯᠲᠠᠨ ᠪᠠ ᠠᠵᠤ ᠠᠬᠤᠢ᠍ᠢᠯᠠᠯᠲᠠᠳ᠎ᠤᠨ ᠲᠤᠮᠲᠠ ᠴᠢᠩᠭ᠎ᠠ ᠲᠤᠰᠭᠠᠯ ᠭᠠᠷᠴᠤ᠌᠂ ᠬᠦᠮᠤᠰ᠎ᠤᠨ ᠰᠡᠳᠭᠢᠯ᠎ᠢ ᠲᠤᠯᠠᠭᠠᠴᠠᠭᠤᠯᠤᠨ ᠠᠵᠤ ᠠᠬᠤᠢ᠍ᠢᠯᠠᠯᠳᠠᠳ᠎ᠤᠨ ᠵᠤᠷᠢᠭ᠎ᠢ ᠬᠦᠪᠴᠢᠯᠡᠭ᠌ᠰᠡᠨ ᠪᠠᠢᠨ᠎ᠠ ᠬᠡᠵᠦ᠍ ᠲᠡᠷᠡ ᠬᠡᠯᠡᠨ᠎ᠡ᠃
     《ᠱᠢᠨ᠎ᠠ ᠲᠦᠷᠦ᠎ᠶ᠋ᠢᠨ ᠪᠤᠳᠤᠯᠭ᠎ᠠ᠎ᠨᠢ ᠮᠠᠨ᠎ᠤ ᠤᠷᠤᠨ᠎ᠤ ᠠᠵᠤ ᠠᠬᠤᠢ᠍ᠢᠯᠠᠯ᠎ᠳᠤ ᠰᠠᠢᠬᠠᠨ ᠮᠠᠷᠭᠠᠰᠢ ᠰᠠᠷᠠᠭᠤᠯ ᠢᠷᠡᠭᠡᠳᠦᠢ᠎ᠶ᠋ᠢᠨ ᠵᠠᠮ᠎ᠢ ᠨᠡᠭᠡᠭᠡᠨ ᠥᠭ᠌ᠴᠦ᠂ ᠠᠵᠤ ᠠᠬᠤᠢ᠍ᠢᠯᠠᠯᠳᠠᠳ᠎ᠢ ᠶᠡᠭᠡ᠎ᠪᠠᠷ ᠵᠤᠷᠢᠭ᠍ᠵᠢᠭᠤᠯᠵᠠᠢ᠃ ᠣᠳᠣᠬᠠᠨ᠎ᠳᠤ ᠠᠵᠤ ᠠᠬᠤᠢ᠍ᠢᠯᠠᠯ ᠡᠵᠡᠩᠨᠡᠯᠲᠠ ᠬᠢᠬᠦ᠌᠎ᠳᠤ ᠨᠡᠢᠲᠡᠮ ᠬᠦᠴᠢᠷᠲᠡᠵᠦ᠍ ᠪᠠᠢᠭ᠎ᠠ ᠪᠠᠢᠳᠠᠯ ᠲᠤᠤᠷ᠎ᠠ᠂ ᠭᠠᠢᠯᠢ᠎ᠶ᠋ᠢ ᠪᠠᠭᠠᠰᠭᠠᠵᠦ᠍ ᠰᠦᠢᠳᠭᠡᠯ᠎ᠢ ᠪᠠᠭᠤᠷᠠᠭᠤᠯᠬᠤ᠎ᠪᠠᠷ ᠲᠠᠮᠵᠢᠭᠤᠯᠤᠨ᠂ ᠠᠵᠤ ᠠᠬᠤᠢ᠍ᠢᠯᠠᠯ᠎ᠢ ᠳᠡᠮᠵᠢᠵᠦ᠍ ᠬᠦᠭ᠌ᠵᠢᠬᠦᠯᠬᠦ᠌᠎ᠨᠢ ᠤᠯᠤᠰ ᠠᠷᠠᠳ᠎ᠤᠨ ᠠᠵᠤ ᠠᠬᠤᠢ᠎ᠶ᠋ᠢᠨ ᠬᠦᠭ᠌ᠵᠢᠯᠲᠠ᠂ ᠠᠵᠢᠯ ᠣᠯᠭᠤᠯᠲᠠ᠂ ᠨᠡᠢᠭᠡᠮ᠎ᠤᠨ ᠲᠤᠭ᠍ᠲᠠᠭᠤᠨ᠎ᠳᠤ ᠪᠦᠷ ᠰᠠᠢᠨ ᠦᠢᠯᠡᠳᠦᠯ ᠦᠵᠡᠭᠦᠯᠦᠨ᠎ᠠ᠃ ᠵᠦᠪᠬᠡᠨ ᠠᠵᠤ ᠠᠬᠤᠢ᠍ᠢᠯᠠᠯ ᠬᠡᠪ᠎ᠤᠨ ᠶᠤᠰᠤᠭᠠᠷ ᠡᠵᠡᠩᠨᠡᠯᠲᠠ᠎ᠪᠠᠨ ᠪᠠᠳᠤᠯᠠᠵᠦ᠍ ᠬᠦᠭ᠌ᠵᠢᠪᠡᠯ ᠰᠠᠶᠢ ᠤᠯᠤᠰ ᠠᠷᠠᠳ᠎ᠤᠨ ᠠᠵᠤ ᠠᠬᠤᠢ᠎ᠶ᠋ᠢᠨ ᠵᠢᠭᠠᠯᠳᠠ ᠲᠤᠭ᠎ᠠ᠂ ᠭᠠᠢᠯᠢ᠎ᠶ᠋ᠢᠨ ᠤᠷᠤᠯᠭ᠎ᠠ ᠪᠠᠲᠤᠯᠠᠭ᠎ᠠ᠎ᠲᠠᠢ ᠪᠣᠯᠣᠨ᠎ᠠ᠃ ᠮᠠᠨ᠎ᠤ ᠭᠠᠢᠯᠢ᠎ᠶ᠋ᠢᠨ ᠶᠠᠪᠤᠳᠠᠯ᠎ᠤᠨ ᠰᠠᠯᠠᠭ᠎ᠠ ᠮᠦᠴᠢᠷ᠎ᠤᠨ᠎ᠬᠢᠨ ᠲᠦᠷᠦ᠎ᠶ᠋ᠢᠨ ᠪᠤᠳᠤᠯᠭ᠎ᠠ᠎ᠶ᠋ᠢ ᠦᠷᠬᠦᠯᠵᠢᠯᠡᠨ ᠨᠠᠷᠢᠨ ᠬᠢᠨᠠᠮᠠᠭᠠᠢ ᠨᠠᠢᠳᠠᠪᠤᠷᠢᠵᠢᠭᠤᠯᠵᠦ᠍᠂ ᠦᠷᠭᠡᠨ ᠤᠯᠠᠨ ᠭᠠᠢᠯᠢ ᠲᠤᠱᠢᠶᠠᠬ᠍ᠴᠢ᠎ᠳᠤ ᠨᠡᠩ ᠲᠦᠭᠦᠮ ᠦᠵᠡᠬᠦᠯᠵᠦ᠍ ᠨᠡᠩ ᠱᠢᠯᠢᠳᠡᠭ ᠦᠢᠯᠡᠴᠢᠯᠡᠭᠡ ᠬᠠᠩᠭᠠᠵᠦ᠍ ᠤᠷᠤᠨ ᠨᠤᠲᠤᠭ᠎ᠤᠨ᠎ᠢᠶᠠᠨ ᠴᠢᠨᠠᠷ ᠰᠠᠢᠲᠠᠢ ᠬᠦᠭ᠌ᠵᠢᠯᠲᠠ᠎ᠳᠤ ᠬᠦᠴᠦᠨ ᠨᠡᠮᠡᠷᠢᠯᠡᠨ᠎ᠠ》 ᠭᠡᠵᠦ᠍ ᠲᠡᠷᠡ ᠶᠠᠷᠢᠵᠦ᠍ ᠪᠠᠢᠯ᠎ᠠ᠃
    (ᠳᠣᠰ ᠰᠣᠨᠢᠨ᠎ᠤ ᠰᠣᠷᠪᠣᠯᠵᠢᠯᠠᠭ᠍ᠴᠢ ᠶᠣᠸᠠᠢ ᠶᠢᠩ ᠪᠤᠤ ᠢᠤᠢ ᠶᠢᠩ ᠤᠷᠭᠤᠮᠠᠯ ᠨᠠᠷᠠᠨᠳᠤᠩᠭᠠᠯᠠᠭ ᠦᠷᠴᠠᠢᠬᠤ ᠰᠦᠨ ᠯᠢ ᠶᠢᠩ ᠠᠭᠤᠯᠠ ᠪᠤᠤ ᠨᠠᠷᠠᠨᠳᠤᠶᠠᠭ᠎ᠠ ᠳᠡᠯᠬᠡᠷᠬᠦᠦ ᠰᠤᠷᠪᠤᠯᠵᠢᠯᠠᠨ ᠮᠡᠳᠡᠭᠡᠯᠡᠪᠡ)  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号