ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠭᠤᠷᠪᠠᠳᠤᠭᠠᠷ ᠬᠤᠷᠠᠯ ᠸᠢᠳᠢᠣ᠋ ᠬᠤᠷᠠᠯ ᠬᠤᠷᠠᠯᠳᠤᠭᠤᠯᠪᠠ
2020-05-26 10:37:22
ᠵᠣᠬᠢᠶᠠᠭ᠍ᠴᠢ᠄
ᠽᠸᠤ ᠸᠧᠢ ᠯᠢᠨ ᠬᠤᠢ ᠯᠢᠦ ᠬᠤᠢ
ᠣᠩᠱᠢᠭ᠍ᠰᠠᠨ ᠣᠳᠠᠭ᠎ᠠ᠄
★★★☆☆

    ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠭᠤᠷᠪᠠᠳᠤᠭᠠᠷ ᠬᠤᠷᠠᠯ 25 ᠎ᠤ ᠦᠳᠡ᠎ᠶ᠋ᠢᠨ ᠡᠮᠦᠨ᠎ᠡ ᠸᠢᠳᠢᠣ᠋ ᠬᠤᠷᠠᠯ ᠬᠤᠷᠠᠯᠳᠤᠭᠤᠯᠪᠠ᠃ ᠨᠠᠮ᠎ᠤᠨ ᠲᠥᠪ ᠬᠤᠷᠢᠶᠠᠨ᠎ᠤ ᠤᠯᠤᠰ ᠲᠦᠷᠦ᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠲᠡᠷᠢᠭᠦᠯᠡᠭ᠌ᠴᠢ ᠸᠠᠩ ᠶᠠᠩ ᠬᠤᠷᠠᠯ᠎ᠳᠤ ᠣᠷᠣᠯᠴᠠᠪᠠ᠃ 12 ᠭᠡᠱᠢᠭᠦᠨ ᠶᠡᠭᠡ ᠬᠤᠷᠠᠯ ᠳᠡᠭᠡᠷ᠎ᠡ ᠦᠭᠡ ᠬᠡᠯᠡᠪᠡ᠃ ᠬᠤᠷᠠᠯ᠎ᠨᠢ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠪᠠᠢᠭᠤᠯᠭ᠎ᠠ᠎ᠳᠤ ᠭᠤᠤᠯ ᠬᠤᠷᠠᠯ᠎ᠤᠨ ᠲᠠᠯᠠᠪᠠᠢ ᠭᠠᠷᠭᠠᠵᠤ᠂ ᠭᠡᠱᠢᠭᠦᠳ᠎ᠤᠨ ᠰᠠᠭᠤᠭ᠎ᠠ ᠭᠠᠵᠠᠷ᠎ᠲᠤ ᠬᠤᠪᠢᠶᠠᠷᠢ ᠬᠤᠷᠠᠯ᠎ᠤᠨ ᠲᠠᠯᠠᠪᠠᠢ ᠭᠠᠷᠭᠠᠪᠠ᠃
    ᠨᠠᠮ᠎ᠤᠨ ᠲᠥᠪ ᠬᠤᠷᠢᠶᠠᠨ᠎ᠤ ᠱᠦᠵᠢ ᠨᠡᠷ᠎ᠤᠨ ᠭᠠᠵᠠᠷ᠎ᠤᠨ ᠱᠦᠵᠢ᠂ ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠶᠢᠦ ᠴᠢᠤᠸᠠᠨ ᠬᠤᠷᠠᠯ᠎ᠳᠤ ᠣᠷᠣᠯᠴᠠᠨ ᠬᠡᠱᠢᠬᠦᠳ᠎ᠤᠨ ᠬᠡᠯᠡᠬᠦ᠌᠎ᠶ᠋ᠢ ᠰᠣᠨᠣᠰᠪᠠ᠃
    ᠬᠤᠸᠠᠩ ᠯᠦ᠍ ᠴᠢ ᠭᠡᠱᠢᠭᠦᠨ᠂ ᠬᠢᠲᠠᠳ ᠡᠮ ᠡᠮᠨᠡᠯᠭᠡ ᠬᠦᠨᠳᠦ ᠶᠡᠭᠡ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠭᠦ᠌ ᠳᠤᠮᠳᠠ ᠴᠢᠬᠤᠯᠠ ᠦᠢᠯᠡᠳᠦᠯ ᠦᠵᠡᠭᠦᠯᠦᠭ᠌ᠰᠡᠨ᠎ᠢ ᠦᠢᠯᠡᠳᠦᠯᠭᠡ ᠭᠡᠷᠡᠴᠢᠯᠡᠵᠡᠶ᠃ ᠬᠢᠲᠠᠳ ᠧᠦ᠋ᠷᠣᠫᠠ ᠡᠮ ᠡᠮᠨᠡᠯᠭᠡ᠎ᠶ᠋ᠢᠨ ᠬᠠᠮᠵᠢᠯᠴᠠᠭ᠍ᠰᠠᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠬᠢᠲᠠᠳ ᠡᠮ ᠡᠮᠨᠡᠯᠭᠡ᠎ᠶ᠋ᠢᠨ ᠲᠤᠰᠭᠠᠶ ᠮᠡᠷᠭᠡᠵᠢᠯᠲᠡᠨ᠎ᠢ ᠤᠯᠤᠰ᠎ᠤᠨ ᠡᠯ᠎ᠡ ᠱᠠᠲᠤᠨ᠎ᠤ ᠡᠪᠡᠳᠴᠢᠨ ᠡᠮᠭᠡᠭ᠎ᠢ ᠰᠡᠷᠭᠡᠢᠯᠡᠨ ᠵᠠᠰᠠᠬᠤ ᠱᠢᠢᠳᠪᠦᠷᠢᠲᠦ ᠪᠣᠳᠣᠯᠭ᠎ᠠ ᠪᠠ ᠲᠥᠰᠦᠯ ᠲᠣᠭ᠍ᠲᠠᠭᠠᠬᠤ᠎ᠳᠤ ᠣᠷᠣᠯᠴᠠᠭᠤᠯᠵᠤ᠂ ᠬᠢᠲᠠᠳ ᠡᠮ ᠡᠮᠨᠡᠯᠭᠡ᠎ᠶ᠋ᠢᠨ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠬᠢᠲᠠᠳ ᠧᠦ᠋ᠷᠣᠫᠠ ᠡᠮ ᠡᠮᠨᠡᠯᠭᠡ᠎ᠶ᠋ᠢ ᠤᠶᠠᠯᠳᠤᠭᠤᠯᠤᠨ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠵᠠᠰᠠᠬᠤ ᠰᠤᠳᠤᠯᠭᠠᠨ᠎ᠤ ᠲᠠᠪᠴᠠᠩ᠎ᠢ ᠪᠠᠢᠭᠤᠯᠬᠤ ᠳᠤᠬᠠᠢ ᠰᠠᠨᠠᠯ ᠰᠠᠨᠠᠭᠤᠯᠭ᠎ᠠ ᠳᠤᠷᠠᠳᠴᠠᠢ᠃
    ᠴᠧᠩ ᠬᠤᠩ ᠭᠡᠱᠢᠭᠦᠨ ᠳᠤᠮᠳᠠᠳᠤ ᠤᠯᠤᠰ᠎ᠤᠨ ᠠᠷᠠᠳᠴᠢᠯᠠᠭ᠍ᠰᠠᠨ ᠬᠤᠯᠪᠣᠭ᠎ᠠ᠎ᠶ᠋ᠢᠨ ᠲᠥᠪ ᠬᠤᠷᠢᠶ᠎ᠠ᠎ᠶ᠋ᠢ ᠲᠥᠯᠥᠭᠡᠯᠡᠨ ᠦᠭᠡ ᠬᠡᠯᠡᠭᠦ᠎ᠳᠡᠭᠡᠨ᠂ ᠮᠠᠨ᠎ᠤ ᠤᠯᠤᠰ᠎ᠤᠨ ᠬᠡᠤᠬᠡᠳ ᠪᠠᠭᠠᠴᠤᠳ᠎ᠤᠨ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠤᠨ ᠭᠤᠤᠯ ᠭᠦᠢᠴᠡᠳᠭᠡᠯ ᠲᠤᠭ᠎ᠠ ᠵᠠᠯᠭᠠᠭ᠎ᠠ᠎ᠪᠠᠷ ᠬᠤᠷᠢ ᠭᠠᠷᠤᠶ ᠵᠢᠯ ᠳᠣᠷᠣᠭ᠍ᠰᠢᠯᠠᠭ᠍ᠰᠠᠨ᠎ᠤ ᠭᠦᠨ ᠳᠠᠪᠬᠤᠷᠭ᠎ᠠ᠎ᠶ᠋ᠢᠨ ᠱᠢᠯᠲᠠᠭᠠᠨ᠎ᠨᠢ ᠱᠢᠨᠵᠢᠯᠡᠬᠦ᠌ ᠤᠬᠠᠭᠠᠨᠴᠢ ᠱᠢᠰᠲ᠋ᠧᠮᠳᠦ ᠡᠷᠡᠭᠦᠯ ᠮᠡᠨᠳᠦ᠎ᠶ᠋ᠢᠨ ᠬᠥᠮᠦᠵᠢᠯ᠂ ᠪᠡᠶ᠎ᠡ ᠮᠠᠬᠠᠪᠣᠳ᠎ᠤᠨ ᠱᠢᠯᠭᠠᠨ ᠬᠡᠮᠵᠢᠯᠲᠡ ᠪᠠ ᠬᠤᠷᠢᠭ᠍ᠯᠠᠯᠳᠠ᠎ᠶ᠋ᠢᠨ ᠱᠢᠰᠲ᠋ᠧᠮ ᠳᠤᠲᠠᠭ᠍ᠳᠠᠭ᠍ᠰᠠᠨ᠎ᠠᠴᠠ ᠪᠣᠯᠤᠭ᠍ᠰᠠᠨ ᠶᠤᠮ ᠭᠡᠵᠠᠢ᠃ ᠳᠡᠷᠡ ᠰᠠᠨᠠᠭᠤᠯᠭ᠎ᠠ᠎ᠳᠠᠭᠠᠨ᠂ ᠡᠷᠡᠭᠦᠯ ᠮᠡᠨᠳᠦ᠎ᠶ᠋ᠢᠨ ᠬᠥᠮᠦᠵᠢᠯ᠎ᠢ ᠤᠯᠤᠰ ᠠᠷᠠᠳ᠎ᠤᠨ ᠰᠤᠷᠭᠠᠨ ᠬᠥᠮᠦᠵᠢᠯ᠎ᠤᠨ ᠱᠢᠰᠲ᠋ᠧᠮ᠎ᠳᠤ ᠣᠷᠣᠭᠤᠯᠵᠤ᠂ ᠬᠡᠤᠬᠡᠳ ᠵᠠᠯᠠᠭᠤᠴᠤᠳ ᠪᠠᠭᠠᠴᠤᠳ᠎ᠤᠨ ᠬᠠᠷᠠᠬᠠᠨ ᠪᠠᠭ᠎ᠠ᠎ᠠᠴᠠ᠎ᠪᠠᠨ ᠡᠷᠡᠭᠦᠯ ᠰᠠᠢᠬᠠᠨ ᠠᠮᠢᠳᠤᠷᠠᠯ᠎ᠤᠨ ᠠᠷᠭ᠎ᠠ ᠮᠠᠶᠢᠭ᠎ᠲᠠᠢ ᠪᠣᠯᠬᠤ᠎ᠶ᠋ᠢ ᠠᠬᠢᠭᠤᠯᠬᠤ    ᠬᠡᠷᠡᠭ᠌ᠲᠡᠶ; ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠠᠵᠢᠯ᠎ᠢ ᠴᠢᠩᠭᠠᠳᠭᠠᠵᠤ᠂ ᠪᠡᠶ᠎ᠡ ᠮᠠᠬᠠᠪᠣᠳ᠎ᠤᠨ ᠡᠷᠡᠭᠦᠯ ᠮᠡᠨᠳᠦ᠎ᠶ᠋ᠢᠨ ᠪᠠᠢᠴᠠᠭᠠᠯᠲᠠ᠎ᠶ᠋ᠢᠨ ᠵᠠᠭ᠍ᠪᠤᠷ ᠪᠠ ᠠᠭᠤᠯᠭ᠎ᠠ᠎ᠶ᠋ᠢ ᠱᠢᠯᠢᠳᠡᠭ᠌ᠵᠢᠭᠦᠯᠵᠦ᠍᠂ ᠡᠷᠲᠡ ᠢᠯᠡᠷᠡᠭᠦᠯᠵᠦ᠍᠂ ᠡᠷᠲᠡ ᠬᠤᠷᠢᠭ᠍ᠯᠠᠬᠤ ᠴᠢᠬᠤᠯᠠᠳᠠᠢ; ᠪᠦᠬᠦ᠌ ᠤᠯᠤᠰ᠎ᠤᠨ ᠬᠡᠤᠬᠡᠳ ᠪᠠᠭᠠᠴᠤᠳ᠎ᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ᠎ᠶ᠋ᠢᠨ ᠲᠣᠮᠣ ᠳ᠋ᠠᠢᠲ᠋ᠠ᠎ᠶ᠋ᠢᠨ ᠲᠠᠪᠴᠠᠩ ᠪᠣᠯᠤᠨ ᠱᠢᠯᠭᠠᠨ ᠬᠡᠮᠵᠢᠵᠦ᠍ ᠤᠷᠢᠳᠴᠢᠯᠠᠨ ᠰᠡᠷᠭᠡᠢᠯᠡᠬᠦ᠌ ᠲᠤᠭ᠎ᠠ ᠪᠠᠷᠢᠮᠲᠠ᠎ᠶ᠋ᠢ ᠬᠠᠮᠲᠤ᠎ᠪᠠᠷ ᠡᠳ᠋ᠯᠡᠬᠦ᠌ ᠱᠢᠰᠲ᠋ᠧᠮ᠎ᠢ ᠪᠠᠢᠭᠤᠯᠵᠤ᠂ ᠬᠡᠤᠬᠡᠳ ᠵᠠᠯᠠᠭᠤᠴᠤᠳ ᠪᠠᠭᠠᠴᠤᠳ᠎ᠤᠨ ᠡᠷᠡᠭᠦᠯ᠎ᠢᠶᠠᠷ ᠦᠰᠦᠨ ᠪᠤᠢᠵᠢᠬᠤ᠎ᠶ᠋ᠢ ᠬᠠᠮᠲᠤ᠎ᠪᠠᠷ ᠠᠬᠢᠭᠤᠯᠪᠠᠯ ᠵᠤᠬᠢᠨ᠎ᠠ ᠭᠡᠪᠡ᠃
    ᠵᠧᠤ ᠬᠠᠨ ᠮᠢᠨ ᠭᠡᠱᠢᠭᠦᠨ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠲᠥᠪ ᠬᠤᠷᠢᠶ᠎ᠠ᠎ᠶ᠋ᠢ ᠲᠥᠯᠥᠭᠡᠯᠡᠨ ᠦᠭᠡ ᠭᠡᠯᠡᠬᠦ᠌᠎ᠳᠡᠭᠡᠨ᠂ ᠭᠤᠤᠯ ᠬᠤᠲᠠ᠎ᠶ᠋ᠢᠨ ᠬᠥᠭ᠌ᠵᠢᠯᠲᠡ᠎ᠶ᠋ᠢ ᠲᠦᠷᠭᠡᠳᠭᠡᠬᠦ᠌᠎ᠨᠢ ᠦᠢᠯᠡᠳᠪᠦᠷᠢᠯᠡᠯ᠎ᠤᠨ ᠴᠢᠬᠤᠯᠠ ᠬᠦᠴᠦᠨ ᠵᠦᠢᠯ᠎ᠤᠨ ᠵᠣᠬᠢᠰᠲᠠᠶ ᠱᠢᠯᠵᠢᠯᠲᠡ ᠬᠢᠭᠦ᠌ ᠪᠣᠯᠤᠨ ᠥᠨᠳᠥᠷ ᠪᠦᠲᠦᠮᠵᠢᠲᠡᠶ ᠴᠤᠭ᠍ᠯᠠᠷᠠᠬᠤ᠎ᠳᠤ ᠠᠱᠢᠭ᠍ᠲᠠᠶ ᠪᠠᠢᠵᠤ᠂ ᠨᠥᠯᠥᠭᠡᠯᠡᠨ ᠳᠠᠢᠴᠢᠯᠠᠬᠤ ᠦᠢᠯᠡᠳᠦᠯ᠎ᠢ ᠪᠠᠳᠠᠷᠠᠭᠤᠯᠵᠤ᠂ ᠣᠷᠣᠨ ᠪᠦᠰᠡ᠎ᠶ᠋ᠢᠨ ᠴᠢᠨᠠᠷ ᠰᠠᠢᠲᠠᠶ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠳᠠᠭ᠃ ᠱᠢᠰᠲ᠋ᠧᠮ᠎ᠲᠠᠢ ᠲᠥᠯᠥᠪᠵᠢᠭᠦᠯᠵᠤ᠂ ᠭᠤᠤᠯ ᠬᠤᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠵᠦᠢ ᠵᠣᠬᠢᠰᠲᠠᠶ ᠪᠠᠢᠷᠢᠯᠠᠭᠤᠯᠤᠯᠲᠠ ᠪᠣᠯᠤᠨ ᠣᠨᠴᠠᠯᠢᠭ᠎ᠢ ᠢᠯᠡᠷᠡᠭᠦᠯᠬᠦ᠌᠎ᠶ᠋ᠢ 《ᠠᠷᠪᠠᠨ ᠳᠥᠷᠪᠡᠳᠦᠭᠡᠷ ᠲᠠᠪᠤᠨ     ᠵᠢᠯ》 ᠎ᠤᠨ ᠲᠥᠯᠥᠪᠵᠢᠭᠦᠯᠭᠡ᠎ᠶ᠋ᠢᠨ ᠭᠤᠤᠯ ᠡᠭᠦᠷᠭᠡ᠎ᠶ᠋ᠢᠨ ᠨᠢᠭᠡ ᠪᠣᠯᠭᠠᠵᠤ᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠤᠨ᠂ ᠣᠷᠣᠨ ᠪᠦᠰᠡ᠎ᠶ᠋ᠢᠨ ᠬᠤᠭᠤᠷᠣᠨᠳᠣᠬᠢ ᠵᠥᠪᠳᠡᠯᠴᠡᠭᠡ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠶᠡᠭᠡ ᠬᠤᠲᠠ᠎ᠶ᠋ᠢᠨ ᠳᠤᠭᠤᠷᠢᠭ᠎ᠤᠨ ᠨᠢᠭᠡ ᠴᠣᠭ᠍ᠴᠠᠵᠢᠯᠲᠠ᠎ᠶ᠋ᠢ ᠠᠬᠢᠭᠤᠯᠵᠤ᠂ ᠭᠤᠤᠯ ᠬᠤᠲᠠ᠎ᠶ᠋ᠢᠨ ᠬᠥᠭ᠌ᠵᠢᠯᠲᠡ᠎ᠶ᠋ᠢᠨ ᠣᠷᠴᠢᠨ ᠲᠣᠭᠤᠷᠢᠨ᠎ᠢ ᠱᠢᠯᠢᠳᠡᠭ᠌ᠵᠢᠭᠦᠯᠵᠦ᠍᠂ ᠬᠤᠲᠠ᠎ᠶ᠋ᠢᠨ ᠵᠠᠰᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠪᠡᠯ ᠵᠤᠬᠢᠨ᠎ᠡ ᠬᠡᠪᠡ᠃
    ᠯᠦᠸᠧ ᡁᠢ ᠵᠢᠶᠦ᠋ᠨ ᠭᠡᠱᠢᠭᠦᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠢᠵᠢᠭ᠎ᠤᠨ ᠪᠠᠢᠳᠠᠯ᠎ᠤᠨ ᠨᠥᠯᠥᠭᠡ᠎ᠪᠠᠷ ᠬᠦᠯᠤᠰᠤᠨ ᠠᠵᠢᠯᠴᠢᠳ᠎ᠤᠨ ᠠᠵᠢᠯ ᠣᠯᠭᠤᠯᠲᠠ᠎ᠳᠤ ᠬᠦᠨᠳᠦ ᠬᠡᠴᠡᠭᠦᠤ ᠪᠠᠢᠳᠠᠯ ᠲᠤᠯᠭᠠᠷᠠᠵᠤ ᠪᠠᠢᠨ᠎ᠠ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠩᠭᠤ᠎ᠶ᠋ᠢᠨ ᠪᠠᠢᠳᠠᠯ᠎ᠢ ᠣᠨᠣᠪᠴᠢᠲᠠᠶ ᠡᠵᠡᠮᠳᠡᠵᠦ᠍᠂ ᠠᠵᠤ ᠦᠢᠯᠡᠰ᠎ᠢᠶᠠᠷ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠤᠨ᠂ ᠪᠥᠬᠦ᠌ ᠠᠵᠤ ᠦᠢᠯᠡᠰ᠎ᠤᠨ ᠬᠡᠯᠬᠢᠶ᠎ᠡ ᠬᠠᠮᠵᠢᠯᠴᠠᠨ ᠠᠵᠢᠯ᠎ᠢᠶᠠᠨ ᠰᠡᠷᠭᠦᠭᠡᠵᠦ᠍ ᠦᠢᠯᠡᠳᠪᠦᠷᠢᠯᠡᠯ᠎ᠢᠶᠠᠨ ᠰᠡᠷᠭᠦᠭᠡᠬᠦ᠌᠎ᠶ᠋ᠢ ᠠᠬᠢᠭᠤᠯᠬᠤ ᠬᠡᠷᠡᠭ᠌ᠲᠡᠢ; ᠥᠭᠡᠷᠡᠴᠢᠯᠡᠯᠲᠡ᠎ᠪᠠᠷ ᠠᠵᠢᠯ ᠣᠯᠭᠤᠯᠲᠠ᠎ᠶ᠋ᠢ ᠠᠬᠢᠭᠤᠯᠵᠤ᠂ ᠬᠤᠳᠠ ᠬᠥᠳᠡᠭᠡ᠎ᠶ᠋ᠢᠨ ᠨᠢᠭᠡᠳᠦᠯᠲᠡᠶ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠱᠢᠰᠲ᠋ᠧᠮ᠂ ᠠᠵᠢᠯ ᠣᠯᠭᠤᠯᠲᠠ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠪᠠᠢᠭᠤᠯᠵᠤ᠂ ᠱᠢᠨ᠎ᠡ ᠤᠷ᠎ᠠ ᠴᠢᠳᠠᠪᠤᠷᠢ ᠱᠢᠨ᠎ᠡ ᠠᠵᠢᠯ᠎ᠤᠨ ᠪᠠᠢᠷᠢ᠎ᠶ᠋ᠢᠨ ᠪᠣᠯᠪᠠᠰᠤᠷᠠᠭᠤᠯᠤᠯ᠎ᠢ ᠥᠷᠨᠢᠭᠦᠯᠦᠨ᠎ᠡ; ᠦᠢᠯᠡᠴᠢᠯᠡᠭᠡ᠎ᠪᠠᠷ ᠠᠵᠢᠯ ᠣᠯᠭᠤᠯᠲᠠ᠎ᠶ᠋ᠢ ᠪᠠᠲᠤᠯᠠᠵᠤ᠂ ᠬᠢᠵᠢᠭ᠎ᠤᠨ ᠪᠠᠢᠳᠠᠯ᠎ᠤᠨ ᠳᠠᠭᠠᠷᠢᠯᠲᠠ᠎ᠳᠤ ᠤᠴᠠᠷᠠᠭ᠍ᠰᠠᠨ ᠠᠵᠤ ᠦᠢᠯᠡᠰ᠂ ᠠᠵᠤ ᠠᠬᠤᠢ᠍ᠢᠯᠠᠯ᠎ᠢ ᠲᠡᠳᠬᠦᠨ ᠳᠡᠮᠵᠢᠬᠦ᠌᠎ᠪᠠᠨ ᠦᠷᠭᠡᠳᠭᠡᠵᠤ᠂ ᠶᠠᠳᠠᠭᠤᠷᠠᠭ᠍ᠰᠠᠨ ᠪᠤᠶᠤ ᠳᠠᠬᠢᠨᠳᠠ ᠶᠠᠳᠠᠭᠤᠷᠠᠭ᠍ᠰᠠᠨ ᠬᠥᠯᠥᠰᠥᠨ ᠠᠵᠢᠯᠴᠢᠳ᠎ᠢ ᠬᠠᠪᠰᠤᠷᠤᠨ ᠲᠡᠳᠬᠦᠬᠦ᠌ ᠬᠦ᠍ᠷᠢᠶ᠎ᠡ ᠬᠡᠪᠴᠢᠶᠡᠨ᠎ᠳᠤ ᠣᠷᠣᠭᠤᠯᠪᠠᠯ ᠵᠤᠬᠢᠨ᠎ᠠ ᠬᠡᠪᠡ᠃
    ᠵᠠᠩ ᠢᠦᠢ ᠳ᠋ᠦᠩ ᠭᠡᠱᠢᠭᠦᠨ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠲᠥᠪ ᠬᠤᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠣᠳᠣᠬᠠᠨ᠎ᠳᠤ ᠮᠠᠨ᠎ᠤ ᠤᠯᠤᠰ᠎ᠤᠨ ᠪᠦᠬᠦ᠌ ᠠᠷᠠᠳ᠎ᠤᠨ ᠨᠤᠮ ᠤᠩᠱᠢᠯᠭ᠎ᠠ ᠲᠡᠢᠮᠦ᠍ ᠰᠠᠢᠨ ᠲᠦᠭᠡᠮᠡᠯᠵᠢᠭᠡᠳᠦᠢ᠂ ᠨᠠᠩ ᠴᠦ᠍ ᠭᠦᠨᠵᠡᠭᠡᠶ ᠪᠢᠰᠢ ᠪᠠᠢᠨ᠎ᠠ᠃ ᠬᠠᠤᠯᠢ ᠲᠣᠭ᠍ᠲᠠᠭᠠᠬᠤ ᠠᠬᠢᠴᠠ᠎ᠶ᠋ᠢ ᠲᠦᠷᠭᠡᠳᠭᠡᠵᠦ᠍᠂ ᠪᠥᠬᠦ᠌ ᠠᠷᠠᠳ᠎ᠤᠨ ᠨᠤᠮ ᠤᠩᠱᠢᠯᠭ᠎ᠠ᠎ᠶ᠋ᠢ ᠭᠦᠨᠵᠡᠭᠡᠶ ᠠᠬᠢᠭᠤᠯᠬᠤ᠎ᠳᠤ ᠬᠠᠤᠯᠢᠵᠢᠯ᠎ᠤᠨ ᠪᠠᠲᠤᠯᠠᠭ᠎ᠠ ᠬᠠᠩᠭᠠᠬᠤ ᠴᠢᠬᠤᠯᠠᠳᠠᠢ; ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠰᠣᠶᠣᠯ᠎ᠤᠨ ᠴᠢᠭ᠌ᠯᠡᠯ᠎ᠢ ᠪᠠᠲᠤ ᠡᠵᠡᠮᠳᠡᠵᠦ᠍᠂ ᠰᠠᠨᠠᠭᠠᠴᠢᠯᠠᠭ᠎ᠠ᠎ᠠᠴᠠ᠎ᠪᠠᠨ ᠬᠥᠲᠥᠯᠥᠨ ᠳᠠᠭᠠᠭᠤᠯᠵᠤ᠂ ᠪᠦᠬᠦ᠌ ᠠᠷᠠᠳ᠎ᠤᠨ ᠨᠤᠮ ᠤᠩᠱᠢᠬᠤ ᠬᠢᠷᠢ ᠲᠦᠪᠱᠢᠨ᠎ᠢ ᠳᠡᠭᠡᠭ᠌ᠰᠢᠯᠡᠭᠦᠯᠬᠦ᠌ ᠴᠢᠬᠤᠯᠠᠳᠠᠢ; ᠬᠡᠪᠯᠡᠯ᠂ ᠵᠠᠭᠤᠴᠢᠯᠠᠭᠤᠷ᠎ᠤᠨ ᠪᠠᠢᠭᠤᠯᠤᠮᠵᠢ ᠪᠣᠯᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠲᠤᠰᠭᠠᠶ ᠮᠡᠷᠭᠡᠵᠢᠯᠲᠡᠨ ᠡᠷᠳᠡᠮᠲᠡᠳ᠎ᠤᠨ ᠭᠠᠷ ᠬᠤᠯᠪᠣᠯᠴᠠᠬᠤ᠎ᠶ᠋ᠢ ᠠᠬᠢᠭᠤᠯᠵᠤ᠂ ᠱᠢᠯᠢᠳᠡᠭ ᠨᠣᠮ ᠪᠢᠴᠢᠭ᠎ᠢ ᠬᠦᠨᠴᠡ᠎ᠲᠠᠢ ᠲᠠᠢᠯᠪᠤᠷᠢᠯᠠᠬᠤ᠂ ᠤᠯᠠᠮᠵᠢᠯᠠᠨ ᠳᠡᠯᠭᠡᠷᠡᠭᠦᠯᠬᠦ᠌ ᠠᠵᠢᠯ᠎ᠢ ᠰᠠᠢᠲᠤᠷ ᠬᠢᠵᠦ᠍᠂ ᠪᠦᠬᠦ᠌ ᠠᠷᠠᠳ᠎ᠤᠨ ᠨᠤᠮ ᠤᠩᠱᠢᠯᠭ᠎ᠠ᠎ᠶ᠋ᠢᠨ ᠬᠡᠯᠪᠡᠷᠢ᠎ᠶ᠋ᠢ ᠪᠠᠶᠠᠯᠢᠭ᠍ᠵᠢᠭᠤᠯᠵᠤ᠂ ᠨᠣᠮ᠎ᠤᠨ ᠰᠤᠷᠪᠤᠯᠵᠢᠲᠤ ᠳᠤᠮᠳᠠᠳᠤ ᠤᠯᠤᠰ᠎ᠢ ᠪᠦᠲᠦᠭᠡᠨ ᠪᠠᠢᠭᠤᠯᠬᠤ ᠬᠡᠷᠡᠭ᠌ᠳᠡᠢ ᠬᠡᠪᠡ᠃
    ᠶᠠᠨ ᠱᠢᠶᠣᠤ ᠫᠸᠢ ᠭᠡᠱᠢᠭᠦᠨ ᠳᠤᠮᠳᠠᠳᠤ ᠤᠯᠤᠰ᠎ᠤᠨ ᡁᠢᠭᠦ᠋ᠩᠳᠠᠩ ᠨᠠᠮ᠎ᠤᠨ ᠲᠥᠪ ᠬᠤᠷᠢᠶ᠎ᠠ᠎ᠶ᠋ᠢ ᠲᠥᠯᠥᠭᠡᠯᠡᠨ ᠦᠭᠡ ᠬᠡᠯᠡᠭᠦ᠎ᠳᠡᠭᠡᠨ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠤᠢ᠍ᠢᠯᠠᠭᠠᠭ᠍ᠳᠠᠬᠤᠨ᠎ᠢ ᠪᠠᠷᠢᠮᠲᠠᠯᠠᠵᠤ᠂ 《ᠨᠢᠭᠡ ᠪᠦᠰᠡ ᠨᠢᠭᠡ ᠵᠠᠮ》 ᠎ᠤᠨ ᠱᠢᠨ᠎ᠡ᠎ᠶ᠋ᠢ ᠡᠭᠦᠳᠬᠦ᠌ ᠬᠠᠮᠲᠤᠷᠠᠯᠴᠠᠭ᠎ᠠ᠎ᠶ᠋ᠢ ᠴᠢᠨᠠᠭ᠍ᠰᠢᠳᠠ ᠭᠦᠨᠵᠡᠭᠡᠢᠷᠡᠭᠦᠯᠦᠶ᠎ᠡ᠃ ᠳᠤᠮᠳᠠ ᠤᠷᠲᠤ ᠬᠤᠭᠤᠴᠠᠭᠠᠨ᠎ᠤ ᠲᠥᠯᠥᠪᠵᠢᠭᠦᠯᠪᠡ ᠨᠠᠢᠷᠠᠭᠤᠯᠤᠨ ᠵᠤᠬᠢᠶᠠᠵᠤ᠂ 《ᠨᠢᠭᠡ ᠪᠦᠰᠡ ᠨᠢᠭᠡ ᠵᠠᠮ》 ᠎ᠤᠨ ᠤᠯᠠᠨ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠠᠮᠲᠤᠷᠠᠯᠴᠠᠭ᠎ᠠ᠎ᠶ᠋ᠢ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠦᠯᠦᠪᠵᠢᠭᠦᠯᠭᠡ᠎ᠶ᠋ᠢᠨ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠥᠯᠥᠪᠯᠡᠭᠡ᠎ᠳᠤ ᠣᠷᠣᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠠᠵᠢᠯᠯᠠᠭᠠᠨ᠎ᠤ ᠲᠥᠯᠥᠪᠯᠡᠭᠡ᠎ᠶ᠋ᠢᠨ ᠬᠡᠷᠡᠭ᠌ᠵᠢᠭᠦᠯᠦᠯᠲᠡ᠎ᠶ᠋ᠢ ᠲᠦᠷᠭᠡᠳᠭᠡᠵᠦ᠍᠂ ᠲᠡᠷᠢᠬᠦᠨ᠎ᠤ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠬᠠᠨᠳᠤᠭᠤᠯᠤᠨ᠂ ᠲᠦᠷᠢᠮ᠎ᠤᠨ ᠪᠠᠲᠤᠯᠠᠭ᠎ᠠ᠎ᠶ᠋ᠢ ᠲᠡᠭᠦᠯᠳᠡᠷᠵᠢᠭᠦᠯᠵᠦ᠍᠂ ᠱᠢᠨ᠎ᠡ᠎ᠶ᠋ᠢ ᠡᠭᠦᠳᠬᠦ᠌ ᠬᠠᠮᠲᠤᠷᠠᠯᠴᠠᠭ᠎ᠠ᠎ᠶ᠋ᠢᠨ ᠯᠠᠪᠳᠠᠭᠤᠨ᠎ᠢᠶᠠᠷ ᠬᠤᠯᠠ ᠠᠶᠠᠯᠠᠬᠤ᠎ᠳᠤ ᠬᠦᠴᠦᠨ ᠨᠡᠮᠡᠷᠢᠯᠡᠬᠦ᠌᠎ᠶ᠋ᠢ ᠰᠠᠨᠠᠭᠤᠯᠪᠠ᠃  
    ᠵᠢᠶᠠᠩ ᠽᠧ ᠯᠢᠨ ᠭᠡᠱᠢᠭᠦᠨ᠂ ᠮᠠᠨ᠎ᠤ ᠤᠯᠤᠰ᠎ᠤᠨ ᠬᠥᠳᠡᠭᠡ ᠲᠣᠰᠭᠤᠨ᠎ᠤ ᠠᠵᠤ ᠦᠢᠯᠡᠰ ᠠᠭᠤᠰᠤᠯᠴᠠᠨ ᠬᠥᠭ᠌ᠵᠢᠬᠦ᠌ ᠬᠠᠨᠳᠤᠰᠢ᠎ᠲᠠᠢ ᠪᠣᠯᠵᠤ᠂ 《ᠲᠠᠷᠢᠶᠠᠯᠠᠩ +》 ᠣᠯᠠᠨ ᠡᠵᠡᠩᠨᠡᠯᠲᠡ᠎ᠶ᠋ᠢᠨ ᠬᠡᠯᠪᠡᠷᠢ᠎ᠶ᠋ᠢᠨ ᠠᠭᠤᠰᠤᠯᠴᠠᠯ ᠨᠡᠩ ᠪᠠᠶᠠᠯᠢᠭ᠍ᠵᠢᠵᠠᠶ᠂ ᠭᠡᠪᠡᠴᠦ᠍ ᠴᠢᠨᠠᠭ᠍ᠰᠢᠳᠠ ᠬᠥᠭ᠌ᠵᠢᠭᠦᠯᠬᠦ᠌᠎ᠳᠤ ᠮᠥᠨ ᠯᠡ ᠵᠠᠷᠢᠮ ᠠᠰᠠᠭᠤᠳᠠᠯ ᠲᠤᠯᠭᠠᠷᠠᠵᠤ ᠪᠠᠢᠨ᠎ᠠ᠃ ᠪᠦᠬᠦ᠌ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠳᠤᠮᠳᠠ ᠡᠷᠬᠡ ᠠᠱᠢᠭ ᠠᠳᠠᠯᠢ ᠲᠡᠩᠴᠡᠭᠦᠤ ᠪᠠᠢᠬᠤ᠂ ᠬᠠᠷᠢᠭᠤᠴᠠᠯᠭ᠎ᠠ ᠠᠳᠠᠯᠢ ᠲᠡᠭ᠌ᠰᠢ᠎ᠲᠠᠢ ᠪᠠᠢᠬᠤ᠂ ᠬᠠᠷᠢᠯᠴᠠᠨ ᠠᠱᠢᠭ ᠣᠯᠭᠤᠵᠤ ᠬᠠᠮᠲᠤ᠎ᠪᠠᠷ ᠠᠱᠢᠭ ᠬᠦᠷᠲᠡᠬᠦ᠌ ᠠᠱᠢᠭ ᠲᠤᠰᠠ᠎ᠶ᠋ᠢᠨ ᠬᠤᠯᠪᠣᠭᠠᠨ᠎ᠤ ᠲᠣᠭ᠍ᠲᠠᠴᠠ᠎ᠶ᠋ᠢ ᠪᠠᠢᠭᠤᠯᠵᠤ᠂ ᠲᠠᠷᠢᠶᠠᠴᠢᠳ᠎ᠤᠨ ᠠᠱᠢᠭ ᠣᠷᠣᠯᠭ᠎ᠠ᠎ᠶ᠋ᠢ ᠦᠨᠡᠨ ᠬᠦ᠌ ᠪᠠᠲᠤᠯᠠᠬᠤ ᠴᠢᠬᠤᠯᠠᠳᠠᠶ; ᠭᠠᠵᠠᠷ ᠱᠢᠷᠣᠢ ᠵᠡᠷᠭᠡ ᠬᠠᠩᠭᠠᠯᠭ᠎ᠠ᠎ᠶ᠋ᠢᠨ ᠲᠦᠷᠦ᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠡᠯᠧᠮᠧᠨ᠋ᠲ᠎ᠤᠨ ᠬᠢᠵᠠᠭᠠᠷᠯᠠᠯ᠎ᠢ ᠳᠠᠪᠠᠭ᠍ᠤ ᠬᠡᠷᠡᠭ᠌ᠲᠡᠢ; ᠲᠤᠮᠤ ᠬᠡᠯᠪᠡᠷᠢ᠎ᠶ᠋ᠢᠨ ᠤᠳᠤ ᠦᠶ᠎ᠡ᠎ᠶ᠋ᠢᠨ ᠲᠠᠷᠢᠶᠠᠯᠠᠩ᠎ᠤᠨ ᠲᠣᠯᠣᠭᠠᠢᠯᠠᠭ᠍ᠴᠢ ᠦᠢᠯᠡᠳᠦᠯ᠎ᠢ ᠪᠠᠳᠠᠷᠠᠭᠤᠯᠵᠤ᠂ ᠠᠭᠤᠰᠤᠯᠴᠠᠬᠤ ᠬᠥᠳᠡᠯᠭᠡᠬᠦ᠌ ᠬᠦᠴᠦᠨ᠎ᠢ ᠴᠢᠩᠭᠠᠷᠠᠭᠤᠯᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠂ ᠲᠠᠷᠢᠶᠠᠴᠢᠳ᠎ᠢ ᠨᠡᠩ ᠰᠠᠢᠨ ᠰᠠᠢᠬᠠᠨ ᠱᠢᠨ᠎ᠡ ᠠᠮᠢᠳᠤᠷᠠᠯ᠎ᠢ ᠡᠳ᠋ᠯᠡᠭᠦᠯᠬᠦ᠌ ᠵᠡᠷᠬᠡ ᠰᠠᠨᠠᠯ ᠰᠠᠨᠠᠭᠤᠯᠭ᠎ᠠ ᠲᠤᠷᠠᠳᠪᠠ᠃
    ᠯᠢᠶᠠᠨ ᠵᠢᠶᠧ ᠳ᠋ᠧ ᠭᠡᠱᠢᠭᠦᠨ ᠲᠠᠢᠸᠠᠨ᠎ᠤ ᠠᠷᠠᠳᠴᠢᠯᠠᠯ᠎ᠢᠶᠠᠷ ᠥᠪᠡᠷᠲᠡᠭᠡᠨ ᠵᠠᠰᠠᠬᠤ ᠬᠤᠯᠪᠣᠭ᠎ᠠ᠎ᠶ᠋ᠢᠨ ᠲᠥᠪ ᠬᠤᠷᠢᠶ᠎ᠠ᠎ᠶ᠋ᠢ ᠲᠥᠯᠥᠭᠡᠯᠡᠨ ᠦᠬᠡ ᠬᠡᠯᠡᠬᠦ᠌᠎ᠳᠡᠭᠡᠨ᠂ ᠡᠬᠡ ᠤᠯᠤᠰ᠎ᠤᠨ ᠡᠬᠡ ᠬᠠᠭᠤᠷᠠᠢ᠎ᠳᠠᠬᠢ ᠲᠠᠢᠸᠠᠨ᠎ᠤ ᠠᠷᠠᠯᠵᠢᠶᠠᠴᠢᠨ᠎ᠤ ᠪᠡᠯᠡ ᠣᠷᠣᠭᠤᠯᠤᠯᠲᠠ᠎ᠶ᠋ᠢᠨ ᠲᠦᠷᠦᠯ ᠵᠦᠢᠯ ᠨᠡᠢᠲᠡ ᠠᠷᠪᠠᠨ ᠲᠦᠮᠡ᠎ᠶ᠋ᠢ ᠳᠠᠪᠠᠵᠤ᠂ ᠲᠠᠢᠸᠠᠨ᠎ᠤ ᠪᠡᠯᠡ ᠣᠷᠣᠭᠤᠯᠤᠭ᠍ᠰᠠᠨ ᠠᠵᠤ ᠠᠬᠤᠢᠯᠠᠯ᠎ᠳᠤ ᠰᠠᠢᠨ ᠰᠠᠢᠬᠠᠨ ᠬᠥᠭ᠌ᠵᠢᠯᠲᠡ᠎ᠶ᠋ᠢᠨ ᠪᠠᠢᠳᠠᠯ    ᠢᠯᠡᠷᠡᠪᠡ᠃ ᠲᠠᠢᠸᠠᠨ᠎ᠳᠤ ᠬᠠᠷᠠᠭᠠᠯᠵᠠᠯ ᠦᠵᠡᠭᠦᠯᠬᠦ᠌ ᠬᠠᠮᠢᠶ᠎ᠠ ᠪᠦᠬᠦᠢ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠦᠨ ᠱᠢᠯᠢᠳᠡᠭ᠌ᠵᠢᠭᠦᠯᠵᠦ᠍ ᠨᠡᠩ ᠣᠨᠣᠪᠴᠢᠲᠠᠶ ᠪᠦᠲᠦᠮᠵᠢᠲᠡᠶ ᠪᠠᠢᠬᠤ᠎ᠶ᠋ᠢ ᠪᠠᠳᠤᠯᠠᠵᠤ᠂ ᠲᠠᠢᠸᠠᠨ᠎ᠤ ᠪᠡᠯᠡ ᠣᠷᠣᠭᠤᠯᠤᠯᠲᠠ᠎ᠶ᠋ᠢᠨ ᠠᠵᠤ ᠠᠬᠤᠢᠯᠠᠯ᠎ᠢ ᠬᠠᠪᠰᠤᠷᠤᠨ ᠪᠡᠯᠡ ᠬᠤᠷᠠᠮᠳᠤᠭᠤᠯᠬᠤ᠂ ᠠᠵᠢᠯᠴᠢᠨ ᠬᠡᠷᠡᠭ᠌ᠯᠡᠬᠦ᠌ ᠵᠡᠷᠭᠡ ᠪᠣᠳᠠᠲᠠᠶ ᠠᠰᠠᠭᠤᠳᠠᠯ᠎ᠢ ᠰᠠᠢᠲᠤᠷ ᠱᠢᠶᠳᠪᠦᠷᠢᠯᠡᠵᠦ᠍᠂ ᠲᠠᠢᠸᠠᠨ᠎ᠤ ᠠᠵᠤ ᠠᠬᠤᠢᠯᠠᠯ᠎ᠢ ᠬᠥᠲᠥᠯᠥᠨ ᠵᠢᠯᠣᠭᠤᠳᠴᠤ᠌ ᠡᠬᠡ ᠤᠯᠤᠰ᠎ᠤᠨ ᠡᠬᠡ ᠬᠠᠭᠤᠷᠠᠶ᠎ᠶ᠋ᠢᠨ ᠬᠠᠮᠢᠶ᠎ᠠ ᠪᠦᠬᠦᠢ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠳᠤ ᠠᠭᠤᠰᠭᠠᠨ ᠤᠷᠤᠭᠤᠯᠵᠤ᠂ ᠲᠠᠢᠸᠠᠨ ᠬᠤᠭᠤᠯᠠᠶ᠎ᠶ᠋ᠢᠨ ᠬᠤᠶᠠᠷ ᠬᠦᠪᠡᠭᠡ᠎ᠶ᠋ᠢᠨ ᠠᠵᠤ ᠠᠬᠤᠶ ᠨᠡᠢᠭᠡᠮ᠎ᠤᠨ ᠠᠭᠤᠰᠤᠯᠴᠠᠨ ᠬᠥᠭ᠌ᠵᠢᠬᠦ᠌᠎ᠶ᠋ᠢ ᠲᠦᠯᠬᠢᠨ ᠠᠬᠢᠭᠤᠯᠵᠤ᠂ ᠨᠠᠢᠷᠠᠮᠳᠠᠯ᠎ᠢᠶᠠᠷ ᠨᠢᠭᠡᠳᠭᠡᠬᠦ᠌ ᠠᠷᠠᠳ᠎ᠤᠨ ᠪᠤᠳᠤᠯ ᠰᠠᠨᠠᠭᠠᠨ᠎ᠤ ᠰᠠᠭᠤᠷᠢ᠎ᠶ᠋ᠢ ᠲᠠᠰᠤᠷᠠᠯᠳᠠ ᠦᠭᠡᠢ ᠵᠤᠵᠠᠭᠠᠳᠭᠠᠬᠤ᠎ᠶ᠋ᠢ ᠰᠠᠨᠠᠭᠤᠯᠪᠠ᠃
    ᠯᠢᠦ ᠪᠢᠩ ᠵᠢᠶᠠᠩ ᠭᠡᠱᠢᠭᠦᠨ ᠦᠬᠡ ᠬᠡᠯᠡᠬᠦ᠌᠎ᠳᠡᠭᠡᠨ᠂ ᠱᠢᠨᠵᠢᠯᠡᠬᠦ᠌ ᠤᠬᠠᠭᠠᠨᠴᠢ᠎ᠪᠠᠷ ᠤᠨᠢᠯᠠᠵᠤ ᠬᠠᠤᠯᠢ ᠶᠣᠰᠣᠭᠠᠷ ᠪᠣᠬᠢᠷᠲᠤᠯ᠎ᠢ ᠵᠠᠰᠠᠬᠤ᠎ᠶ᠋ᠢ ᠪᠠᠷᠢᠮᠲᠠᠯᠠᠵᠤ᠂ ᠬᠦᠬᠡ ᠣᠭ᠍ᠲᠠᠷᠭᠤᠢ᠎ᠶ᠋ᠢ ᠬᠠᠮᠠᠭᠠᠯᠠᠬᠤ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠤᠯᠬᠤ ᠬᠡᠷᠡᠭ᠌ᠲᠡᠢ᠃ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠳᠤ ᠠᠭᠠᠷ ᠮᠠᠨᠳᠠᠯ᠎ᠤᠨ ᠪᠣᠬᠢᠷᠲᠤᠯ᠎ᠢ ᠪᠣᠶ ᠪᠣᠯᠭᠠᠭ᠍ᠰᠠᠨ ᠠᠵᠤ ᠦᠶᠯᠡᠰ᠎ᠤᠨ ᠪᠦᠲᠦᠴᠡ ᠬᠡᠳᠦ ᠬᠦᠨᠳᠤ ᠪᠠᠢᠬᠤ ᠪᠠ ᠪᠠᠢᠷᠢᠯᠠᠭᠤᠯᠤᠯᠲᠠ᠎ᠶ᠋ᠢᠨ ᠲᠠᠯ᠎ᠠ᠎ᠪᠠᠷ ᠵᠠᠮᠪᠠᠷᠠᠭ᠎ᠠ ᠠᠯᠳᠠᠭ᠍ᠰᠠᠨ᠂ ᠡᠨᠧᠷᠭᠢ᠎ᠶ᠋ᠢᠨ ᠪᠦᠲᠦᠴᠡ᠎ᠶ᠋ᠢᠨ ᠲᠠᠯ᠎ᠠ᠎ᠪᠠᠷ ᠨᠡᠭᠦᠷᠡᠰᠦ ᠳᠡᠢᠰᠢ ᠬᠡᠯᠪᠠᠢᠬᠦ᠂ ᠵᠠᠮ ᠲᠡᠭᠡᠭᠡᠪᠦᠷᠢ᠎ᠶ᠋ᠢᠨ ᠪᠦᠲᠦᠴᠡ ᠵᠠᠰᠠᠮᠠᠯ ᠵᠠᠮ ᠳᠡᠢᠰᠢ ᠬᠡᠯᠪᠠᠢᠬᠦ᠌ ᠵᠡᠷᠭᠡ ᠭᠤᠤᠯ ᠠᠰᠠᠭᠤᠳᠠᠯ᠎ᠳᠤ ᠴᠢᠭ᠌ᠯᠡᠭᠦᠯᠵᠦ᠍᠂ ᠨᠢᠭᠡᠳᠦᠯᠲᠡᠶ ᠲᠥᠯᠥᠪᠵᠢᠬᠦᠯᠦᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠬᠥᠬᠡᠮᠥ᠋ᠷᠡᠨ᠎ᠤ ᠭᠤᠷᠪᠠᠯᠵᠢᠨ ᠬᠤᠢᠭ᠂ ᠵᠦᠵᠢᠶᠠᠩ ᠮᠥᠷᠡᠨ᠎ᠤ ᠭᠤᠷᠪᠠᠯᠵᠢᠨ ᠬᠤᠢᠭ᠂ ᠪᠡᠭᠡᠵᠢᠩ ᠲᠢᠶᠠᠨᠵᠢᠨ ᠾᠧᠪᠸᠢ᠎ᠶ᠋ᠢᠨ ᠣᠷᠣᠨ ᠪᠦᠰᠡ᠎ᠶ᠋ᠢᠨ ᠭᠤᠤᠯᠳᠠᠯᠭ᠎ᠠ᠎ᠲᠠᠢ ᠠᠵᠤ ᠦᠶᠯᠡᠰ᠎ᠤᠨ ᠲᠥᠪᠯᠡᠷᠡᠯ᠎ᠤᠨ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠭᠤᠷᠪᠠᠨ ᠶᠡᠭᠡ ᠣᠷᠣᠨ ᠪᠦᠰᠡ᠎ᠶ᠋ᠢᠨ ᠨᠡᠭᠦᠷᠡᠰᠦᠨ᠎ᠤ ᠬᠡᠷᠡᠭ᠌ᠯᠡᠭᠡᠨ᠎ᠤ ᠶᠡᠷᠦᠩᠬᠡᠶ ᠬᠡᠮᠵᠢᠶ᠎ᠡ᠎ᠶ᠋ᠢ ᠬᠢᠵᠠᠭᠠᠷᠯᠠᠬᠤ᠎ᠶ᠋ᠢ ᠬᠡᠷᠡᠭ᠌ᠵᠢᠭᠦᠯᠬᠦ᠌ ᠬᠡᠷᠡᠭ᠌ᠳᠡᠢ᠃ ᠲᠡᠮᠦᠷ ᠵᠠᠮ᠎ᠤᠨ ᠪᠠᠷᠠᠭ᠎ᠠ ᠲᠡᠭᠡᠭᠡᠪᠦᠷᠢᠯᠡᠬᠦ᠌ ᠬᠠᠷᠢᠴᠠᠯ᠎ᠢ ᠳᠡᠭᠡᠭ᠌ᠰᠢᠯᠡᠭᠦᠯᠵᠦ᠍᠂ ᠱᠢᠲᠠᠭᠠᠯᠭ᠎ᠠ᠎ᠶ᠋ᠢᠨ ᠲᠣᠰᠣᠨ᠎ᠤ ᠪᠣᠬᠢᠷᠲᠤᠯ ᠪᠣᠳᠠᠰ᠎ᠤᠨ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠡᠬᠢ ᠡᠭᠦᠰᠦᠯ᠎ᠠᠴᠠ᠎ᠨᠢ ᠪᠠᠭᠠᠰᠭᠠᠬᠤ ᠬᠡᠷᠡᠭ᠌ᠳᠡᠢ ᠬᠡᠵᠥ᠍ ᠰᠠᠨᠠᠭᠤᠯᠪᠠ᠃
    ᠵᠢᠶᠠᠩ ᠶᠢᠩ ᠭᠡᠱᠢᠭᠦᠨ ᠨᠠᠮ ᠪᠦᠯᠦᠭ᠎ᠤᠨ ᠪᠤᠰᠤ ᠡᠳᠡᠬᠡᠳ᠎ᠤᠨ ᠬᠥᠮᠦᠰ᠎ᠤᠨ᠎ᠬᠢᠨ᠎ᠢ ᠲᠥᠯᠥᠭᠡᠯᠡᠨ ᠦᠬᠡ ᠬᠡᠯᠡᠬᠦ᠌᠎ᠳᠡᠭᠡᠨ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠨᠢ ᠳᠤᠮᠳᠠ ᠵᠢᠵᠢᠭ ᠪᠢᠴᠢᠯ ᠠᠵᠤ ᠠᠬᠤᠢᠯᠠᠯ᠎ᠳᠤ ᠤᠷᠢᠳᠦ ᠡᠮᠦᠨ᠎ᠡ ᠭᠠᠷᠤᠭ᠎ᠠ ᠥᠬᠡᠶ ᠬᠦᠴᠢᠷ ᠳᠦᠪᠡᠭ ᠤᠴᠠᠷᠠᠭᠤᠯᠤᠬ᠍ᠰᠠᠨ᠎ᠳᠤ᠂ ᠵᠠᠰᠠᠭ᠎ᠤᠨ ᠣᠷᠳᠣᠨ ᠨᠢᠭᠡᠨᠲᠡ ᠡᠯ᠎ᠡ ᠲᠥᠷᠥᠯ᠎ᠤᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠨᠡᠢᠲᠡᠯᠡᠪᠡ᠃ ᠳᠠᠷᠠᠭᠠᠴᠢ᠎ᠶ᠋ᠢᠨ ᠱᠠᠲᠤᠨ᠎ᠳᠤ ᠠᠵᠤ ᠠᠬᠤᠢᠯᠠᠯ᠎ᠢ ᠬᠠᠪᠰᠤᠷᠤᠨ ᠲᠡᠳᠬᠦᠬᠦ᠌᠎ᠳᠤ ᠬᠤᠷᠢᠭ᠎ᠠ ᠱᠤᠭᠤᠮ᠎ᠤᠨ ᠰᠡᠳᠭᠢᠬᠦᠶ᠎ᠲᠠᠢ ᠪᠠᠢᠵᠤ᠂ 《ᠦᠨᠳᠦᠰᠦᠨ ᠵᠦᠢᠯ᠎ᠢ ᠪᠠᠲᠤᠯᠠᠬᠤ》 ᠴᠢᠬᠤᠯᠠᠳᠠᠢ᠎ᠶ᠋ᠢ᠎ᠨᠢ ᠡᠷᠬᠡᠪᠰᠢ 《ᠦᠨᠳᠦᠰᠦᠨ ᠵᠦᠢᠯ᠎ᠢ ᠪᠠᠲᠤᠯᠠᠬᠤ》 ᠬᠡᠷᠡᠭ᠌ᠲᠡᠶ᠂ ᠭᠠᠭ᠍ᠴᠠ ᠬᠦ᠌ 《ᠠᠵᠤ ᠠᠬᠤᠢᠯᠠᠯ᠎ᠢ ᠪᠠᠳᠤᠯᠠᠪᠠᠯ》 ᠰᠠᠶᠢ 《ᠠᠵᠢᠯ ᠣᠯᠭᠤᠯᠲᠠ᠎ᠶ᠋ᠢ ᠪᠠᠳᠤᠯᠠᠵᠤ》 ᠴᠢᠳᠠᠨ᠎ᠠ; ᠲᠠᠪᠴᠠᠩ᠎ᠤᠨ ᠰᠡᠳᠭᠢᠬᠦᠶ᠎ᠲᠠᠢ ᠪᠠᠢᠵᠤ᠂ ᠵᠠᠰᠠᠭ᠎ᠤᠨ ᠣᠷᠳᠣᠨ ᠪᠣᠯᠤᠨ ᠲᠤᠯᠤᠭᠠᠢᠯᠠᠭ᠍ᠴᠢ ᠠᠵᠤ ᠠᠬᠤᠢᠯᠠᠯ ᠬᠦᠴᠦ᠍ ᠬᠠᠮᠳᠤᠷᠠᠨ ᠠᠵᠤ ᠦᠶᠯᠡᠰ᠎ᠤᠨ ᠬᠡᠯᠬᠢᠶ᠎ᠠ ᠪᠠ ᠠᠮᠢ ᠠᠬᠤᠶ᠎ᠶ᠋ᠢᠨ ᠬᠦᠷᠢᠶᠡᠨ᠎ᠤ ᠳᠡᠮᠵᠢᠯᠭᠡ ᠬᠠᠩᠭᠠᠬᠤ ᠬᠡᠷᠡᠭ᠌ᠲᠡᠢ; ᠱᠢᠨ᠎ᠡ᠎ᠶ᠋ᠢ ᠡᠭᠦᠳᠬᠦ᠌ ᠰᠡᠳᠭᠢᠬᠦᠶ᠎ᠲᠠᠢ ᠪᠠᠢᠵᠤ᠂ ᠴᠢᠳᠠᠮᠵᠢ ᠪᠦᠬᠦᠢ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠲᠠᠢ ᠬᠠᠮᠵᠢᠯᠴᠠᠨ 《ᠲᠤᠭ᠎ᠠ ᠪᠠᠷᠢᠮᠲᠠ᠎ᠲᠠᠢ ᠬᠠᠮᠳᠤ ᠤᠷᠤᠱᠢᠬᠤ》 ᠎ᠶ᠋ᠢ ᠪᠠᠢᠭᠤᠯᠵᠤ᠂ ᠠᠵᠤ ᠠᠬᠤᠢᠯᠠᠯ᠎ᠢ ᠨᠠᠩ ᠣᠯᠠᠨ ᠬᠦᠷᠳᠡᠮᠵᠢ᠎ᠶ᠋ᠢᠨ ᠲᠦᠷᠦᠭ᠌ᠳᠡᠯ᠎ᠲᠠᠢ ᠪᠤᠯᠭᠠᠪᠠᠯ ᠵᠤᠬᠢᠨ᠎ᠠ ᠬᠡᠪᠡ᠃
    ᠾᠧ ᠳ᠋ᠢᠩ ᠢ ᠭᠡᠱᠢᠭᠦᠨ ᠦᠬᠡ ᠬᠡᠯᠡᠬᠦ᠌᠎ᠳᠡᠭᠡᠨ᠂ ᠣᠣᠮᠧᠨ ᠡᠬᠡ ᠤᠯᠤᠰ᠎ᠲᠠᠭᠠᠨ ᠪᠤᠴᠠᠵᠤ ᠢᠷᠡᠭ᠌ᠰᠡᠨ 20 ᠵᠢᠯ᠎ᠤᠨ ᠲᠤᠷᠰᠢ᠂ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》 ᠴᠢᠭ᠌ᠯᠡᠯᠲᠡ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠣᠣᠮᠧᠨ᠎ᠤ ᠣᠨᠴᠠᠯᠢᠭ᠂ ᠣᠣᠮᠧᠨ᠎ᠤ ᠬᠢᠯᠠᠰ ᠴᠡᠭ᠂ ᠣᠣᠮᠧᠨ᠎ᠤ ᠲᠤᠷᠱᠢᠯᠭ᠎ᠠ》 ᠎ᠶ᠋ᠢ ᠡᠭᠦᠳᠪᠡ᠃ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》 ᠳᠦᠷᠢᠮ᠎ᠤᠨ ᠢᠲᠡᠭᠡᠯ᠎ᠢ ᠢᠮᠠᠭ᠍ᠲᠠ ᠪᠠᠷᠢᠮᠲᠠᠯᠠᠵᠤ᠂ ᠤᠯᠤᠰ ᠣᠷᠣᠨ᠎ᠤ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ ᠪᠠ ᠣᠣᠮᠧᠨ᠎ᠤ ᠤᠷᠳᠤ ᠬᠤᠭᠤᠴᠠᠭᠠᠨ᠎ᠤ ᠴᠡᠴᠡᠭ᠌ᠯᠡᠯ ᠬᠥᠭ᠌ᠵᠢᠯ ᠪᠠ ᠲᠣᠭ᠍ᠲᠠᠭᠤᠨ ᠪᠠᠢᠳᠠᠯ᠎ᠢ ᠬᠠᠮᠠᠭᠠᠯᠠᠬᠤ᠎ᠶ᠋ᠢ ᠨᠢᠭᠡᠳᠭᠡᠵᠦ᠍᠂ ᠡᠬᠡ ᠤᠯᠤᠰ᠎ᠲᠠᠢ᠎ᠪᠠᠨ ᠰᠡᠳᠭᠢᠯ ᠰᠠᠨᠠᠭ᠎ᠠ᠎ᠪᠠᠨ ᠨᠢᠭᠡᠳᠭᠡᠵᠦ᠍᠂ ᠬᠤᠪᠢ ᠵᠠᠶᠠᠭ᠎ᠠ᠎ᠪᠠᠨ ᠬᠠᠮᠲᠤᠳᠭᠠᠨ᠂ ᠰᠡᠳᠭᠢᠯ ᠵᠢᠷᠦᠬᠡ᠎ᠪᠠᠨ ᠬᠤᠯᠪᠤᠨ᠂ ᠱᠢᠨ᠎ᠡ ᠴᠠᠭ ᠦᠶ᠎ᠡ᠎ᠶ᠋ᠢᠨ ᠣᠣᠮᠧᠨ᠎ᠤ ᠣᠨᠴᠠᠯᠢᠭ᠎ᠲᠠᠢ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》 ᠠᠮᠵᠢᠯᠲᠠ᠎ᠲᠠᠢ ᠦᠢᠯᠡᠳᠦᠯᠭᠡ᠎ᠶ᠋ᠢᠨ ᠲᠣᠭ᠍ᠲᠠᠭᠤᠨ᠎ᠢᠶᠠᠷ ᠤᠷᠤᠭ᠍ᠰᠢᠯᠠᠬᠤ᠎ᠶ᠋ᠢ ᠲᠠᠰᠤᠷᠠᠯᠲᠠ ᠦᠭᠡᠢ ᠠᠬᠢᠭᠤᠯᠤᠨ᠎ᠠ ᠬᠡᠪᠡ᠃
    ᠱᠢᠶᠤᠤ ᠷᠠᠨ ᠭᠡᠱᠢᠭᠦᠨ ᠦᠬᠡ ᠬᠡᠯᠡᠬᠦ᠌᠎ᠳᠡᠭᠡᠨ᠂ ᠲᠣᠰ ᠤᠳᠠᠭᠠᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠷᠢᠭ᠍ᠯᠠᠯᠳᠠ᠎ᠶ᠋ᠢᠨ ᠳᠠᠢᠯᠠᠯᠳᠤᠭᠠᠨ ᠪᠣᠯ ᠦᠨᠳᠦᠰᠦᠲᠡᠨ᠎ᠤ ᠵᠣᠷᠢᠭ ᠰᠠᠨᠠᠭᠠᠨ᠎ᠤ ᠱᠢᠨ᠎ᠡ ᠴᠠᠭ ᠦᠶ᠎ᠡ᠎ᠳᠠᠬᠢ ᠬᠠᠮᠤᠭ᠎ᠤᠨ ᠠᠮᠢᠳᠤᠯᠢᠭ ᠲᠠᠢᠯᠪᠤᠷᠢᠯᠠᠯᠲᠠ ᠪᠣᠯᠤᠨ᠎ᠠ᠃ ᠡᠬᠡ ᠣᠷᠣᠨᠴᠢ ᠦᠵᠡᠯ᠎ᠢᠶᠠᠷ ᠭᠤᠣᠯ ᠪᠣᠯᠭᠠᠭ᠍ᠰᠠᠨ ᠦᠨᠳᠦᠰᠦᠲᠡᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠵᠣᠷᠢᠭ ᠰᠠᠨᠠᠭ᠎ᠠ᠎ᠶ᠋ᠢᠨ ᠲᠡᠤᠬᠡᠨ ᠲᠡᠮᠳᠡᠭ᠌ᠯᠡᠯ ᠪᠣᠯᠤᠨ ᠤᠯᠠᠮᠵᠢᠯᠠᠯ᠎ᠢ ᠦᠨᠡᠨ ᠬᠦ᠌ ᠰᠠᠢᠲᠤᠷ ᠬᠢᠵᠦ᠍᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠵᠣᠷᠢᠭ ᠰᠠᠨᠠᠭ᠎ᠠ᠎ᠪᠠᠷ ᠳᠡᠪᠢᠰᠭᠡᠷ ᠪᠣᠯᠭᠠᠭ᠍ᠰᠠᠨ ᠰᠣᠶᠣᠯ᠎ᠤᠨ ᠢᠲᠡᠭᠡᠯ᠎ᠢ ᠬᠦᠮᠦᠵᠢᠬᠦᠯᠦᠨ ᠪᠠᠲᠤᠳᠭᠠᠵᠤ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠨᠠᠢᠷᠠᠯ ᠬᠥᠭ᠌ᠵᠢᠮ᠎ᠤᠨ ᠢᠷᠠᠭᠤ ᠬᠠᠭᠤᠳᠠᠰᠤ᠎ᠶ᠋ᠢ ᠪᠢᠴᠢᠭ᠌ᠯᠡᠬᠦ᠌ ᠬᠡᠷᠡᠭ᠌ᠲᠡᠶ ᠭᠡᠪᠡ᠃
    ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠳᠡᠳ᠋ ᠲᠡᠷᠢᠭᠦᠯᠡᠭ᠌ᠴᠢ ᠬᠥ᠋ ᠱᠧᠩ ᠽᠦ᠍ ᠬᠤᠷᠠᠯ᠎ᠢ ᠡᠷᠬᠢᠯᠡᠪᠡ᠃
    ᠪᠥᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠳᠡᠳ᠋ ᠲᠡᠷᠢᠭᠦᠯᠡᠭ᠌ᠴᠢ ᠵᠠᠩ ᠴᠢᠩ ᠯᠢ᠂ ᠯᠢᠦ ᠴᠢ ᠪᠦᠦ᠂ ᠸᠠᠨ ᠭᠠᠩ᠂ ᠾᠧ ᠾᠧᠦ ᠬᠤᠸᠠ᠂ ᠯᠦ᠍ ᠵᠠᠨ ᠬᠥᠩ᠂ ᠸᠠᠩ ᠵᠧᠩ ᠸᠧᠶ᠂ ᠮᠠ ᠪᠢᠶᠤᠤ᠂ ᠴᠧᠨ ᠱᠢᠶᠤᠤ ᠭᠤᠸᠠᠩ᠂ ᠯᠢᠶᠠᠩ ᠵᠧᠨ ᠶᠢᠩ᠂ ᠶᠠᠩ ᠴᠤᠸᠠᠨ ᠲᠠᠩ᠂ ᠯᠢ ᠪᠢᠨ᠂ ᠪᠠᠭᠠᠲᠤᠷ᠂ ᠸᠠᠩ ᠶᠦᠩ ᠴᠢᠩ᠂ ᠾᠧ ᠯᠢ ᠹᠧᠩ᠂ ᠰᠤ᠌ ᠬᠤᠶ᠂ ᠵᠧᠩ ᠵᠢᠶᠠᠨ ᠪᠠᠩ᠂ ᠯᠢᠦ ᠱᠢᠨ ᠴᠧᠩ᠂ ᠾᠧ ᠸᠧᠶ᠂ ᠱᠣᠤ ᠬᠤᠩ᠂ ᠭᠤᠤ ᠶᠦᠨ ᠯᠦᠩ ᠬᠤᠷᠠᠯ᠎ᠳᠤ ᠤᠷᠤᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号