《ᠰᠠᠢᠳ ᠨᠠᠷ᠎ᠤᠨ ᠰᠤᠷᠪᠤᠯᠵᠢᠯᠠᠭ᠎ᠠ ᠬᠦᠯᠢᠶᠠᠬᠦ᠌ ᠵᠠᠮ》 ᠤᠯᠤᠰ᠎ᠤᠨ ᠪᠤᠳᠤᠯᠭ᠎ᠠ ᠠᠷᠠᠳ᠎ᠤᠨ ᠪᠠᠢᠳᠠᠯ᠎ᠢ ᠳᠠᠮᠵᠢᠭᠤᠯᠤᠨ᠎ᠠ
2020-05-26 10:37:28
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

    5 ᠰᠠᠷ᠎ᠠ᠎ᠶ᠋ᠢᠨ 25 ᠎ᠤ ᠦᠳᠡ᠎ᠶ᠋ᠢᠨ ᠬᠤᠢᠨ᠎ᠠ᠂ ᠪᠦᠬᠦ᠌ ᠤᠯᠤᠰ᠎ᠤᠨ ᠬᠤᠶᠠᠷ ᠬᠤᠷᠠᠯ᠎ᠤᠨ ᠬᠤᠶᠠᠳᠡᠬᠢ ᠳᠠᠯᠠᠪᠤᠷ 《ᠰᠠᠢᠳ ᠨᠠᠷ᠎ᠤᠨ ᠰᠤᠷᠪᠤᠯᠵᠢᠯᠠᠭ᠎ᠠ ᠬᠦᠯᠢᠶᠡᠭᠦ᠌ ᠵᠠᠮ》 ᠎ᠤᠨ ᠰᠤᠷᠪᠤᠯᠵᠢᠯᠠᠭ᠎ᠠ᠎ᠶ᠋ᠢᠨ ᠠᠵᠢᠯᠯᠠᠭ᠎ᠠ ᠶᠠᠪᠤᠬ᠍ᠳᠠᠪᠠ᠃ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠠᠵᠥ᠍ ᠦᠢᠯᠡᠳᠪᠦᠷᠢ ᠪᠠ ᠮᠡᠳᠡᠭᠡ ᠵᠠᠩᠬᠢᠵᠢᠯᠳᠠ᠎ᠶ᠋ᠢᠨ ᠶᠠᠮᠤᠨ᠂ ᠠᠮᠢ ᠠᠬᠤᠢ ᠤᠷᠴᠢᠨ ᠳᠤᠭᠤᠷᠢᠨ᠎ᠤ ᠶᠠᠮᠤᠨ᠎ᠤ ᠭᠤᠷᠪᠠᠨ ᠰᠠᠢᠳ ᠵᠠᠭᠤᠴᠢᠯᠠᠭᠤᠷ᠎ᠤᠨ ᠸᠢᠳᠢᠣ᠋ ᠰᠤᠷᠪᠤᠯᠵᠢᠯᠠᠭ᠎ᠠ᠎ᠶ᠋ᠢ ᠬᠦᠯᠢᠶᠡᠵᠥ᠍᠂ ᠬᠠᠯᠠᠮᠱᠢᠯ ᠠᠰᠠᠭᠤᠳᠠᠯ᠎ᠳᠤ ᠬᠠᠷᠢᠭᠤᠯᠳᠠ ᠦᠭ᠌ᠪᠡ᠃
    ᠬᠢᠵᠢᠭ᠎ᠤᠨ ᠪᠠᠢᠳᠠᠯ᠎ᠤᠨ ᠪᠦᠬᠦ᠌ ᠳᠡᠯᠡᠬᠡᠢ᠎ᠶ᠋ᠢᠨ ᠠᠵᠥ᠍ ᠠᠬᠤᠢ᠎ᠳᠤ ᠤᠴᠠᠷᠠᠭᠤᠯᠤᠬ᠍ᠰᠠᠨ ᠬᠦᠨᠳᠤ ᠨᠤᠴᠢᠳᠠᠢ ᠳᠠᠭᠠᠷᠢᠯᠳᠠ᠎ᠳᠤ ᠴᠢᠭ᠌ᠯᠡᠬᠦᠯᠦᠨ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ᠎ᠶ᠋ᠢᠨ ᠦᠨᠳᠦᠰᠦᠨ ᠪᠠᠢᠳᠠᠯ᠎ᠢ ᠬᠡᠷᠬᠢᠨ ᠳᠤᠬ᠍ᠳᠠᠪᠤᠷᠢᠵᠢᠭᠤᠯᠬᠤ ᠪᠤᠯ? ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠰᠠᠢᠳ ᠵᠦᠩ ᠱᠠᠨ᠄ ᠭᠠᠳᠠᠭᠠᠳᠤ ᠠᠷᠠᠯᠵᠢᠶ᠎ᠠ᠎ᠠᠴᠠ ᠠᠪᠴᠤ᠌ ᠦᠵᠡᠪᠡᠯ᠂ ᠬᠠᠮᠤᠭ᠎ᠤᠨ ᠭᠤᠤᠯ᠎ᠨᠢ ᠭᠠᠳᠠᠭᠠᠳᠤ ᠠᠷᠠᠯᠵᠢᠶ᠎ᠠ᠎ᠶ᠋ᠢᠨ ᠭᠤᠤᠯ ᠴᠤᠬ᠍ᠴᠠ᠎ᠶ᠋ᠢ ᠳᠤᠬ᠍ᠳᠠᠪᠤᠷᠢᠵᠢᠭᠤᠯᠬᠤ ᠶᠠᠪᠤᠳᠠᠯ ᠪᠤᠯᠤᠨ᠎ᠠ᠃ ᠮᠠᠨ᠎ᠤ ᠤᠯᠤᠰ᠎ᠤᠨ ᠡᠯ᠎ᠡ ᠳᠦᠷᠦᠯ᠎ᠤᠨ ᠭᠠᠳᠠᠭᠠᠳᠤ ᠠᠷᠠᠯᠵᠢᠶᠠᠨ᠎ᠤ ᠭᠤᠤᠯ ᠴᠤᠬ᠍ᠴᠠ 30 ᠳᠦᠮᠡ᠎ᠶ᠋ᠢ ᠳᠠᠪᠠᠵᠥ᠍᠂ ᠡᠬᠦᠨ᠎ᠳᠤ ᠠᠷᠠᠳ᠎ᠤᠨ ᠡᠵᠡᠩᠨᠡᠯᠳᠡ᠎ᠶ᠋ᠢᠨ ᠠᠵᠤ ᠠᠬᠤᠢ᠍ᠢᠯᠠᠯ᠂ ᠤᠯᠤᠰ᠎ᠤᠨ ᠦᠮᠴᠢᠯᠡᠯ᠎ᠤᠨ ᠠᠵᠥ᠍ ᠠᠬᠤᠢ᠍ᠢᠯᠠᠯ ᠪᠤᠯᠤᠨ ᠭᠠᠳᠠᠭᠠᠳᠤ ᠪᠡᠯᠡ᠎ᠶ᠋ᠢᠨ ᠠᠵᠥ᠍ ᠠᠬᠤᠢ᠍ᠢᠯᠠᠯ᠎ᠢ ᠪᠠᠭ᠍ᠳᠠᠭᠠᠨ᠎ᠠ᠃ ᠬᠢᠵᠢᠭ᠎ᠤᠨ ᠪᠠᠢᠳᠠᠯ᠎ᠤᠨ ᠳᠠᠭᠠᠷᠢᠯᠳᠠ ᠳᠤᠤᠷ᠎ᠠ᠂ ᠡᠳᠡᠬᠡᠷ ᠠᠵᠥ᠍ ᠠᠬᠤᠢ᠍ᠢᠯᠠᠯ ᠤᠷᠢᠳᠦ ᠡᠮᠤᠨ᠎ᠡ ᠪᠠᠢᠭ᠎ᠠ ᠦᠬᠡᠢ ᠬᠦᠴᠢᠷᠳᠡᠯ᠎ᠳᠤ ᠳᠤᠯᠭᠠᠷᠠᠪᠠ᠃ ᠨᠠᠮ᠎ᠤᠨ ᠳᠦᠪ ᠬᠤᠷᠢᠶ᠎ᠠ᠂ ᠳᠦᠷᠦ᠎ᠶ᠋ᠢᠨ ᠶᠠᠪᠤᠳᠠᠯ᠎ᠤᠨ ᠬᠤᠷᠢᠶ᠎ᠠ ᠳᠡᠬᠡᠳᠤ ᠬᠡᠮᠵᠢᠶ᠎ᠡ᠎ᠪᠠᠷ ᠴᠢᠬᠤᠯᠠᠴᠢᠯᠠᠵᠥ᠍᠂ ᠡᠳ᠋᠎ᠤᠨ ᠵᠠᠰᠠᠬ ᠭᠠᠢᠯᠢ ᠳᠠᠳᠠᠪᠤᠷᠢ᠂ ᠮᠦᠩᠬᠦᠨ ᠬᠦᠢᠯᠬᠡᠬᠡᠨ᠎ᠤ ᠳᠠᠭᠠᠳᠭᠠᠯ᠂ ᠠᠵᠥ᠍ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ ᠵᠡᠷᠬᠡ ᠳᠠᠯ᠎ᠠ᠎ᠪᠠᠷ ᠳᠦᠷᠦ᠎ᠶ᠋ᠢᠨ ᠪᠤᠳᠤᠯᠭ᠎ᠠ᠎ᠶ᠋ᠢᠨ ᠳᠡᠮᠵᠢᠯᠬᠡ ᠦᠵᠡᠬᠦᠯᠵᠥ᠍᠂ ᠠᠵᠥ᠍ ᠠᠬᠤᠢ᠍ᠢᠯᠠᠯ᠎ᠤᠨ ᠳᠠᠷᠤᠭᠠᠰᠤ᠎ᠶ᠋ᠢ ᠬᠦᠩᠬᠡᠷᠡᠬᠦᠯᠦᠨ᠂ ᠠᠵᠥ᠍ ᠠᠬᠤᠢ᠍ᠢᠯᠠᠯ᠎ᠤᠨ ᠠᠮᠢᠵᠢᠷᠠᠯ᠎ᠤᠨ ᠬᠦᠴᠦᠨ᠎ᠢ ᠬᠦᠭ᠌ᠵᠢᠬᠡᠵᠡᠢ ᠬᠡᠵᠦ᠍ ᠢᠯᠡᠳᠭᠡᠪᠡ᠃ 《ᠭᠠᠳᠠᠭᠠᠳᠤ ᠠᠷᠠᠯᠵᠢᠶᠠᠨ᠎ᠤ ᠭᠤᠤᠯ ᠴᠤᠬ᠍ᠴᠠ ᠳᠤᠬ᠍ᠳᠠᠭᠤᠨ ᠪᠠᠢᠵᠤ ᠯᠠ ᠪᠠᠢᠪᠠᠯ᠂ ᠮᠠᠨ᠎ᠤ ᠤᠯᠤᠰ᠎ᠤᠨ ᠭᠠᠳᠠᠭᠠᠳᠤ ᠠᠷᠠᠯᠵᠢᠶ᠎ᠠ ᠯᠠᠪᠳᠠᠢ ᠳᠤᠬ᠍ᠳᠠᠭᠤᠨ ᠪᠠᠢᠵᠥ᠍᠂ ᠬᠦᠭ᠌ᠵᠢᠯᠳᠡ᠎ᠪᠠᠨ ᠤᠯᠵᠥ᠍ ᠴᠢᠳᠠᠨ᠎ᠠ》 ᠬᠡᠵᠥ᠍ ᠵᠦᠩ ᠱᠠᠨ ᠬᠡᠯᠡᠨ᠎ᠡ᠃ ᠭᠠᠳᠠᠭᠠᠳᠤ ᠪᠡᠯᠡ᠎ᠶ᠋ᠢ ᠲᠤᠭ᠍ᠳᠠᠪᠤᠷᠢᠵᠢᠭᠤᠯᠬᠤ ᠲᠤᠬᠠᠢ᠂ ᠨᠢᠭᠡ᠎ᠳᠤ ᠭᠠᠳᠠᠭᠠᠳᠤ ᠪᠡᠯᠡ᠎ᠶ᠋ᠢᠨ ᠨᠡᠮᠡᠭ᠌ᠳᠡᠯ᠎ᠢ ᠦᠷᠭᠡᠳᠭᠡᠨ᠎ᠠ᠃ ᠬᠤᠶᠠᠷ᠎ᠲᠤ ᠭᠠᠳᠠᠭᠠᠳᠤ ᠪᠡᠯᠡ᠎ᠶ᠋ᠢᠨ ᠦᠯᠡᠳᠡᠭ᠌ᠳᠡᠯ᠎ᠢ ᠲᠤᠭ᠍ᠳᠠᠪᠤᠷᠢᠵᠢᠭᠤᠯᠤᠨ᠎ᠠ᠃ ᠮᠠᠨ᠎ᠤ ᠤᠯᠤᠰ᠎ᠤᠨ ᠬᠤᠳᠠᠯᠳᠤᠭ᠎ᠠ ᠡᠷᠬᠢᠯᠡᠬᠦ᠌ ᠤᠷᠴᠢᠨ ᠰᠠᠢᠵᠢᠷᠠᠵᠤ᠂ ᠠᠵᠤ ᠠᠬᠤᠢ ᠬᠦᠭ᠌ᠵᠢᠵᠤ᠂ ᠵᠠᠬ᠎ᠠ ᠳᠡᠯᠭᠡᠭᠦᠷ ᠨᠡᠮᠡᠭ᠌ᠳᠡᠭᠦ᠎ᠶ᠋ᠢ ᠳᠠᠭᠠᠯᠳᠤᠵᠤ᠂ ᠭᠠᠳᠠᠭᠠᠳᠤ᠎ᠶ᠋ᠢᠨ ᠰᠡᠷᠬᠦᠯᠡᠩ ᠬᠤᠳᠠᠯᠳᠤᠭᠠᠴᠢᠨ ᠳᠤᠮᠳᠠᠳᠤ ᠤᠯᠤᠰ᠎ᠤᠨ ᠲᠤᠮᠤ ᠵᠠᠬ᠎ᠠ ᠳᠡᠯᠭᠡᠭᠦᠷ᠎ᠢ ᠯᠠᠪᠳᠠᠢ ᠬᠠᠶᠠᠬᠤ ᠦᠭᠡᠢ ᠭᠡᠳᠡᠭ᠎ᠢ ᠪᠢ ᠢᠳᠡᠭᠡᠵᠤ ᠪᠠᠢᠨ᠎ᠠ ᠭᠡᠵᠤ ᠲᠡᠷᠡ ᠬᠡᠯᠡᠵᠠᠢ᠃
    ᠳᠤᠮᠳᠠ ᠪᠠᠭ᠎ᠠ ᠠᠵᠤ ᠠᠬᠤᠢ᠍ᠢᠯᠠᠯ᠎ᠢ ᠬᠡᠷᠬᠢᠨ ᠬᠠᠪᠰᠤᠷᠴᠤ᠌ ᠬᠦᠴᠢᠷᠳᠡᠯ᠎ᠢ᠎ᠨᠢ ᠱᠢᠢᠳᠪᠦᠷᠢᠯᠡᠬᠦ᠌ ᠪᠤᠢ? 《ᠡᠨᠡ ᠵᠢᠯ᠎ᠤᠨ ᠵᠠᠰᠠᠭ᠎ᠤᠨ ᠤᠷᠳᠤᠨ᠎ᠤ ᠢᠯᠡᠳᠭᠡᠯ᠎ᠳᠤ ᠳᠤᠮᠳᠠ ᠪᠠᠭ᠎ᠠ ᠠᠵᠤ ᠠᠬᠤᠢ᠍ᠢᠯᠠᠯ᠎ᠢ ᠬᠠᠪᠰᠤᠷᠤᠨ ᠳᠡᠳᠭᠦᠬᠦ᠌ ᠲᠤᠬᠠᠢ ᠲᠦᠷᠦ᠎ᠶ᠋ᠢᠨ ᠪᠤᠳᠤᠯᠭ᠎ᠠ ᠶᠡᠭᠡ ᠬᠡᠮᠵᠢᠶ᠎ᠠ᠎ᠶ᠋ᠢ ᠡᠵᠡᠯᠠᠵᠠᠢ᠃ ᠤᠳᠤᠬᠠᠨ ᠪᠤᠯᠳᠠᠯ᠎ᠠ᠂ ᠵᠠᠰᠠᠭ᠎ᠤᠨ ᠤᠷᠳᠤᠨ᠎ᠠᠴᠠ 90 ᠱᠢᠬᠠᠮ ᠬᠤᠯᠪᠤᠭ᠍ᠳᠠᠯ ᠪᠦᠬᠦᠢ ᠲᠦᠷᠦ᠎ᠶ᠋ᠢᠨ ᠪᠤᠳᠤᠯᠭ᠎ᠠ ᠲᠤᠭ᠍ᠳᠠᠭᠠᠪᠠ᠂ ᠡᠨᠡ᠎ᠨᠢ ᠳᠤᠮᠳᠠ ᠪᠠᠭ᠎ᠠ ᠠᠵᠤ ᠠᠬᠤᠢ᠍ᠢᠯᠠᠯ᠎ᠤᠨ ᠬᠦᠭ᠌ᠵᠢᠯᠳᠡ ᠪᠤᠯᠤᠨ ᠤᠳᠤᠬᠠᠨ᠎ᠤ ᠬᠦᠴᠢᠷᠳᠡᠯ᠎ᠢ ᠲᠤᠭᠤᠯᠬᠤ᠎ᠳᠤ ᠴᠦᠮ ᠲᠤᠩ ᠶᠡᠭᠡ ᠦᠢᠯᠡᠳᠦᠯ ᠦᠵᠡᠭᠦᠯᠬᠦ᠌    ᠪᠤᠯᠤᠨ᠎ᠠ》 ᠭᠡᠵᠤ ᠮᠢᠶᠤᠤ ᠸᠧᠢ ᠬᠡᠯᠡᠪᠡ᠃ ᠲᠡᠷᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠳᠠ᠎ᠶ᠋ᠢᠨ ᠶᠠᠮᠤᠨ ᠭᠤᠷᠪᠠᠨ ᠲᠠᠯ᠎ᠠ᠎ᠠᠴᠠ ᠲᠦᠷᠦ᠎ᠶ᠋ᠢᠨ ᠪᠤᠳᠤᠯᠭ᠎ᠠ᠎ᠶ᠋ᠢᠨ ᠨᠠᠢᠳᠠᠪᠤᠷᠢᠵᠢᠭᠤᠯᠤᠯᠳᠠ᠎ᠶ᠋ᠢ ᠠᠳᠭᠤᠨ᠎ᠠ᠃ ᠨᠢᠭᠡ᠎ᠳᠤ᠂ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠳᠤᠮᠳᠠ ᠪᠠᠭ᠎ᠠ ᠠᠵᠤ ᠠᠬᠤᠢ᠍ᠢᠯᠠᠯ᠎ᠤᠨ ᠬᠦᠭ᠌ᠵᠢᠯᠳᠡ᠎ᠶ᠋ᠢ ᠠᠬᠢᠭᠤᠯᠬᠤ ᠠᠵᠢᠯ᠎ᠤᠨ ᠤᠳᠤᠷᠢᠳᠭᠤ ᠳᠤᠭᠤᠢ᠍ᠢᠯᠠᠩ᠎ᠤᠨ ᠠᠯᠪᠠᠨ ᠭᠡᠷ᠎ᠤᠨ ᠵᠤᠬᠢᠴᠠᠭᠤᠯᠬᠤ ᠦᠢᠯᠡᠳᠦᠯ᠎ᠢ ᠰᠠᠢᠳᠤᠷ ᠪᠠᠳᠠᠷᠠᠭᠤᠯᠵᠤ᠂ ᠡᠯ᠎ᠠ ᠬᠤᠯᠪᠤᠭ᠍ᠳᠠᠯ ᠪᠦᠬᠦᠢ ᠰᠠᠯᠠᠭ᠎ᠠ ᠮᠦᠴᠢᠷ᠎ᠤᠨ᠎ᠬᠢᠨ ᠡᠳᠡᠭᠡᠷ ᠲᠦᠷᠦ᠎ᠶ᠋ᠢᠨ ᠪᠤᠳᠤᠯᠭ᠎ᠠ᠎ᠶ᠋ᠢᠨ ᠨᠠᠷᠢᠨ ᠳᠦᠷᠢᠮ᠎ᠢ ᠳᠠᠷᠦ᠋ᠢᠬᠠᠨ ᠲᠤᠭ᠍ᠳᠠᠭᠠᠵᠤ ᠨᠠᠢᠳᠠᠪᠤᠷᠢᠵᠢᠭᠤᠯᠬᠤ᠎ᠶ᠋ᠢ ᠱᠠᠯᠠᠪᠳᠠᠭᠤᠯᠤᠨ᠎ᠠ᠃ ᠬᠤᠶᠠᠷ᠎ᠲᠤ᠌᠂ ᠡᠯ᠎ᠠ ᠭᠠᠵᠠᠷ᠎ᠤᠨ ᠲᠤᠮᠲᠠ ᠪᠠᠭ᠎ᠠ ᠠᠵᠦ᠍ ᠠᠬᠤᠢ᠍ᠢᠯᠠᠯ᠎ᠤᠨ ᠬᠦᠭ᠌ᠵᠢᠯᠲᠠ᠎ᠶ᠋ᠢ ᠠᠬᠢᠭᠤᠯᠬᠤ ᠠᠵᠢᠯ᠎ᠤᠨ ᠵᠤᠬᠢᠴᠠᠭᠤᠯᠬᠤ ᠲᠤᠭ᠍ᠲᠠᠴᠠ᠎ᠶ᠋ᠢᠨ ᠦᠢᠯᠡᠲᠦᠯ᠎ᠢᠶᠠᠨ ᠪᠠᠲᠠᠷᠠᠭᠤᠯᠬᠤ᠎ᠶ᠋ᠢ ᠴᠢᠨᠠᠭ᠍ᠰᠢᠲᠠ ᠱᠠᠯᠠᠪᠲᠠᠭᠤᠯᠤᠨ ᠱᠠᠭᠠᠷᠲᠠᠵᠦ᠍᠂ ᠪᠤᠲᠠᠲᠤ ᠪᠠᠢᠲᠠᠯ᠎ᠲᠠᠢ᠎ᠪᠠᠨ ᠤᠶᠠᠯᠲᠤᠭᠤᠯᠵᠦ᠍᠂ ᠲᠤᠰ ᠭᠠᠵᠠᠷ᠎ᠤᠨ ᠲᠤᠮᠲᠠ ᠪᠠᠭ᠎ᠠ ᠠᠵᠦ᠍ ᠠᠬᠤᠢ᠍ᠢᠯᠠᠯ᠎ᠳᠤ ᠬᠤᠯᠪᠤᠭ᠍ᠲᠠᠯ ᠪᠦᠬᠦᠢ ᠲᠦᠷᠦ᠎ᠶ᠋ᠢᠨ ᠪᠤᠲᠤᠯᠭ᠎ᠠ ᠲᠤᠭ᠍ᠲᠠᠭᠠᠬᠤ᠎ᠶ᠋ᠢᠨ ᠲᠠᠭᠠᠤ ᠲᠦᠪ᠎ᠤᠨ ᠲᠠᠪᠬᠤᠷᠭ᠎ᠠ᠎ᠶ᠋ᠢᠨ ᠲᠦᠷᠦ᠎ᠶ᠋ᠢᠨ ᠪᠤᠲᠤᠯᠭ᠎ᠠ᠎ᠶ᠋ᠢ ᠨᠠᠢᠲᠠᠪᠤᠷᠢᠵᠢᠭᠤᠯᠵᠦ᠍ ᠠᠮᠵᠢᠯᠲᠠ ᠤᠯᠬᠤ᠎ᠶ᠋ᠢ ᠠᠬᠢᠭᠤᠯᠤᠨ᠎ᠠ᠃ ᠭᠤᠷᠪᠠ᠎ᠳᠤ᠂ ᠡᠨᠡ ᠵᠢᠯ᠎ᠤᠨ ᠲᠤᠤᠷ᠎ᠠ ᠬᠠᠭᠠᠰ ᠵᠢᠯ᠎ᠳᠤ ᠡᠯ᠎ᠠ ᠭᠠᠵᠠᠷ᠎ᠤᠨ ᠲᠦᠷᠦ᠎ᠶ᠋ᠢᠨ ᠪᠤᠲᠤᠯᠭ᠎ᠠ᠎ᠶ᠋ᠢ ᠨᠠᠢᠲᠠᠪᠤᠷᠢᠵᠢᠭᠤᠯᠤᠭ᠍ᠰᠠᠠ ᠪᠠᠢᠲᠠᠯ᠎ᠳᠤ ᠭᠤᠷᠪᠠᠲᠤᠭᠠᠷ ᠡᠲᠡᠭᠡᠳ᠎ᠠᠴᠠ ᠦᠨᠡᠯᠡᠯᠲᠡ ᠬᠢᠬᠦ᠌᠎ᠶ᠋ᠢ ᠵᠤᠬᠢᠶᠠᠠ ᠪᠠᠢᠭᠤᠯᠤᠨ᠎ᠠ᠃ 《ᠦᠨᠲᠦᠰᠤᠨ ᠵᠤᠷᠢᠯᠭ᠎ᠠ ᠪᠤᠯ ᠲᠠᠷᠤᠢ ᠡᠲᠡᠭᠡᠷ ᠲᠦᠷᠦ᠎ᠶ᠋ᠢᠨ ᠪᠤᠲᠤᠯᠭ᠎ᠠ᠎ᠶ᠋ᠢ ᠳᠠᠷᠤᠢ ᠳᠦᠷᠬᠡᠨ ᠪᠤᠲᠠᠲᠠᠢ ᠨᠠᠢᠲᠠᠪᠤᠷᠢᠵᠢᠭᠤᠯᠵᠦ᠍᠂ ᠦᠷᠭᠡᠡ ᠤᠯᠠᠠ ᠲᠤᠮᠲᠠ ᠪᠠᠭ᠎ᠠ ᠠᠵᠦ᠍ ᠠᠬᠤᠢ᠍ᠢᠯᠠᠯ᠎ᠢ ᠵᠢᠩᠭᠢᠨᠢ ᠬᠦᠷᠲᠡᠮᠵᠢ᠎ᠶ᠋ᠢᠨ ᠲᠦᠷᠦᠭ᠌ᠲᠡᠯ᠎ᠲᠠᠢ ᠪᠤᠯᠭᠠᠵᠦ᠍᠂ ᠤᠲᠤᠬᠠᠠ᠎ᠳᠤ ᠲᠤᠯᠭᠠᠷᠠᠵᠦ᠍ ᠪᠠᠢᠭ᠎ᠠ ᠬᠦᠴᠢᠷᠲᠠᠯ᠎ᠢ ᠢᠯᠠᠠ ᠲᠠᠪᠠᠭᠤᠯᠤᠨ᠎ᠠ》 ᠭᠡᠵᠦ᠍ ᠮᠢᠶᠤᠤ ᠸᠧᠢ ᠬᠡᠯᠡᠪᠡ᠃
    ᠬᠢᠵᠢᠭ᠎ᠤᠨ ᠪᠠᠢᠲᠠᠯ᠎ᠢ ᠰᠡᠷᠭᠡᠢᠯᠡᠡ ᠡᠵᠡᠮᠲᠡᠬᠦ᠌ ᠪᠠ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠲᠠ᠎ᠶ᠋ᠢ ᠭᠡᠷᠬᠢᠨ ᠴᠢᠨᠠᠭ᠍ᠰᠢᠲᠠ ᠨᠢᠭᠡᠲᠦᠯᠲᠡᠢ ᠲᠦᠯᠦᠪᠵᠢᠭᠦᠯᠬᠦ᠌ ᠪᠤᠢ? ᠬᠤᠸᠠᠩ ᠷᠦᠨ ᠴᠢᠤ 《ᠬᠦᠴᠢᠷᠲᠡᠯ᠎ᠳᠤ ᠲᠤᠯᠭᠠᠷᠠᠵᠦ᠍᠂ ᠦᠷᠢᠰᠦᠯᠲᠦᠭᠡᠡ᠎ᠳᠤ ᠲᠤᠯᠭᠠᠷᠠᠭ᠍ᠰᠠᠨ᠎ᠠᠴᠠ ᠪᠤᠯᠤᠭᠠᠳ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠲᠠ᠎ᠶ᠋ᠢᠨ ᠠᠵᠢᠯ᠎ᠤᠨ ᠱᠠᠭᠠᠷᠲᠠᠯᠭ᠎ᠠ᠎ᠶ᠋ᠢ ᠰᠤᠯᠠᠷᠠᠭᠤᠯᠵᠦ᠍ ᠪᠤᠯᠬᠤ ᠦᠭᠡᠢ᠂ ᠤᠷᠴᠢᠨ ᠲᠤᠭᠤᠷᠢᠨ᠎ᠤ ᠬᠢᠨᠠᠠ ᠬᠠᠮᠢᠶᠠᠷᠤᠯᠲᠠ ᠪᠤᠯᠤᠨ ᠤᠷᠴᠢᠨ ᠲᠤᠭᠤᠷᠢᠨ᠎ᠤ ᠵᠦᠪᠱᠢᠶᠡᠷᠡᠯ᠎ᠤᠨ ᠱᠠᠭᠠᠷᠲᠠᠯᠭ᠎ᠠ᠎ᠶ᠋ᠢ ᠰᠤᠯᠠᠷᠠᠭᠤᠯᠵᠦ᠍ ᠪᠤᠯᠬᠤ ᠦᠭᠡᠢ》 ᠭᠡᠪᠡ᠃ ᠲᠡᠷᠡ᠂ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠳᠠ᠎ᠶ᠋ᠢᠨ ᠠᠵᠢᠯ᠎ᠤᠨ ᠴᠢᠭ᠌ᠯᠡᠯ᠎ᠢ ᠬᠤᠪᠢᠷᠠᠭᠤᠯᠬᠤ ᠦᠬᠡᠢ᠂ ᠡᠷᠴᠢᠮ᠎ᠢ ᠰᠤᠯᠠᠷᠠᠭᠤᠯᠬᠤ ᠦᠬᠡᠢ᠂ ᠪᠠᠷᠢᠮᠵᠢᠶ᠎ᠠ᠎ᠶ᠋ᠢ ᠪᠠᠭᠤᠷᠠᠭᠤᠯᠬᠤ ᠦᠬᠡᠢ ᠪᠠᠢᠬᠤ᠎ᠶ᠋ᠢ ᠪᠡᠶᠡᠯᠡᠬᠦᠯᠤᠨ᠎ᠠ ᠬᠡᠵᠤ ᠢᠯᠡᠷᠬᠡᠢᠯᠡᠪᠡ᠃ ᠬᠤᠸᠠᠩ ᠷᠦᠨ ᠴᠢᠤ᠂ ᠱᠢᠨ᠎ᠠ ᠲᠢᠳᠢᠮᠯᠢᠭ ᠠᠭᠤᠰᠭᠢᠨ ᠦᠷᠪᠢᠰᠤᠯ᠎ᠤᠨ ᠬᠢᠵᠢᠭ᠎ᠤᠨ ᠪᠠᠢᠳᠠᠯ᠎ᠤᠨ ᠠᠵᠤ ᠠᠬᠤᠢ ᠨᠡᠢᠬᠡᠮ᠎ᠤᠨ ᠬᠦᠭ᠌ᠵᠢᠯᠳᠠ᠎ᠳᠠᠬᠢ ᠨᠦᠯᠤᠬᠡ᠎ᠶ᠋ᠢ ᠨᠢᠬᠡᠳᠤᠯᠳᠠᠢ ᠲᠦᠯᠤᠪᠵᠢᠬᠦᠯᠤᠨ ᠪᠤᠳᠤᠯᠬᠢᠯᠠᠬᠤ᠎ᠶ᠋ᠢᠨ ᠬᠠᠮᠳᠤ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠳᠠ᠎ᠶ᠋ᠢᠨ ᠠᠵᠢᠯ᠎ᠤᠨ ᠠᠬᠢᠴᠠ ᠪᠤᠯᠤᠨ ᠡᠷᠴᠢᠮ᠎ᠢ ᠰᠠᠢᠳᠤᠷ     ᠡᠵᠡᠮᠳᠡᠨ᠎ᠠ᠃ ᠪᠤᠬᠢᠷᠳᠤᠯ᠎ᠢ ᠤᠨᠤᠴᠠᠳᠠᠢ ᠵᠠᠰᠠᠬᠤ᠂ ᠱᠢᠨᠵᠢᠯᠡᠬᠦ᠌ ᠤᠬᠠᠭᠠᠨᠴᠢ᠎ᠪᠠᠷ ᠵᠠᠰᠠᠬᠤ᠂ ᠬᠠᠤᠯᠢ ᠶᠤᠰᠤᠭᠠᠷ ᠵᠠᠰᠠᠬᠤ᠎ᠶ᠋ᠢ ᠨᠡᠩ ᠴᠢᠬᠤᠯᠠᠴᠢᠯᠠᠵᠤ᠂ ᠲᠤᠬᠠᠢ᠎ᠶ᠋ᠢᠨ ᠭᠠᠵᠠᠷ᠎ᠤᠨ ᠪᠠᠢᠳᠠᠯ᠎ᠳᠤᠨᠢ ᠲᠤᠬᠢᠷᠠᠭᠤᠯᠵᠤ ᠵᠤᠬᠢᠰᠳᠠᠢ ᠠᠷᠭ᠎ᠠ ᠪᠤᠳᠤᠯᠭ᠎ᠠ ᠪᠤᠯᠤᠨ ᠠᠷᠭ᠎ᠠ ᠬᠡᠮᠵᠢᠶ᠎ᠠ ᠠᠪᠬᠤ ᠪᠤᠯᠤᠨ᠎ᠠ᠃ ᠡᠨᠡ ᠵᠢᠯ᠎ᠳᠤ᠂ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠳᠠ᠎ᠶ᠋ᠢᠨ ᠶᠠᠮᠤᠨ᠎ᠤ᠎ᠬᠢᠨ ᠤᠷᠤᠨ ᠨᠤᠳᠤᠬ᠎ᠤᠨ ᠪᠤᠬᠢᠷᠳᠤᠯ᠎ᠢ ᠵᠠᠰᠠᠬᠤ ᠠᠵᠢᠯ᠎ᠳᠠᠬᠢ ᠤᠳᠤᠷᠢᠳᠤᠯᠭ᠎ᠠ ᠪᠤᠯᠤᠨ ᠬᠠᠪᠰᠤᠷᠤᠯᠭ᠎ᠠ ᠲᠡᠮᠵᠢᠯᠬᠡ᠎ᠪᠠᠨ ᠨᠡᠩ ᠴᠢᠬᠤᠯᠠᠴᠢᠯᠠᠵᠤ᠂ 5 ᠰᠠᠷ᠎ᠠ᠎ᠠᠴᠠ ᠡᠬᠢᠯᠠᠵᠤ ᠵᠢᠯᠤᠭᠤᠳᠤᠨ ᠬᠠᠪᠰᠤᠷᠬᠤ ᠠᠵᠢᠯ᠎ᠤᠨ ᠲᠤᠭᠤᠢ᠍ᠢᠯᠠᠩ᠎ᠢ ᠵᠠᠯᠭᠠᠭ᠎ᠠ᠎ᠪᠠᠷ ᠲᠤᠮᠢᠯᠠᠵᠤ᠂ ᠤᠷᠤᠨ ᠨᠤᠳᠤᠬ ᠪᠤᠯᠤᠨ ᠠᠵᠤ ᠠᠬᠤᠢ᠍ᠢᠯᠠᠯ᠎ᠳᠤ ᠬᠦᠨᠵᠡᠬᠡᠢᠷᠡᠨ᠂ ᠤᠷᠤᠨ ᠨᠤᠳᠤᠬ᠎ᠤᠨ᠎ᠬᠢᠨ᠎ᠢ ᠬᠠᠪᠰᠤᠷᠤᠨ ᠠᠮᠢ ᠠᠬᠤᠢ ᠤᠷᠴᠢᠨ ᠲᠤᠭᠤᠷᠢᠨ᠎ᠤ ᠲᠤᠪᠤᠢᠮ᠎ᠠ ᠠᠰᠠᠭᠤᠳᠠᠯ᠎ᠢ ᠢᠯᠡᠷᠡᠬᠦᠯᠵᠤ᠂ ᠤᠷᠤᠨ ᠨᠤᠳᠤᠬ᠎ᠤᠨ ᠵᠠᠰᠠᠯᠳᠠ᠎ᠶ᠋ᠢᠨ ᠴᠢᠳᠠᠪᠤᠷᠢ᠎ᠶ᠋ᠢ ᠲᠡᠭᠡᠭ᠌ᠰᠢᠯᠡᠬᠦᠯᠵᠦ᠍ ᠪᠠᠢᠨ᠎ᠠ ᠬᠡᠵᠠᠢ᠃
    ᠡᠬᠦᠨ᠎ᠠᠴᠠ ᠭᠠᠳᠠᠨ᠎ᠠ᠂ ᠭᠤᠷᠪᠠᠨ ᠰᠠᠢᠳ ᠪᠠᠰᠠ ᠡᠮᠴᠢᠯᠡᠬᠡᠨ᠎ᠤ ᠡᠳ᠋ ᠪᠤᠳᠠᠰ᠎ᠤᠨ ᠭᠠᠳᠠᠭᠠᠳᠤ ᠭᠠᠷᠭᠠᠯᠳᠠ᠂ ᠱᠢᠨ᠎ᠠ ᠡᠨᠧᠷᠬᠢ᠎ᠶ᠋ᠢᠨ ᠮᠠᠱᠢᠨ ᠲᠡᠷᠬᠡ᠂ 5G ᠎ᠶ᠋ᠢᠨ ᠬᠤᠳᠠᠯᠳᠤᠭᠠᠨ᠎ᠤ ᠭᠡᠷᠡᠭ᠌ᠯᠡᠭᠡ ᠵᠡᠷᠬᠡ ᠬᠠᠯᠠᠮᠱᠢᠯ ᠠᠰᠠᠭᠤᠳᠠᠯ᠎ᠤᠨ ᠲᠤᠬᠠᠢ ᠰᠤᠷᠪᠤᠯᠵᠢᠯᠠᠬ᠍ᠴᠢ᠎ᠶ᠋ᠢᠨ ᠠᠰᠠᠭᠤᠯᠳᠠ᠎ᠶ᠋ᠢ      ᠬᠠᠷᠢᠭᠤᠯᠵᠠᠢ᠃

         (ᠱᠢᠨᠬᠤᠸᠠ ᠬᠤᠷᠢᠶᠠᠨ᠎ᠤ ᠪᠡᠭᠡᠵᠢᠩ᠎ᠤᠨ 5 ᠰᠠᠷ᠎ᠠ᠎ᠶ᠋ᠢᠨ 25 ᠎ᠤ ᠴᠠᠬᠢᠯᠭᠠᠨ ᠮᠡᠳᠡᠭᠡ᠎ᠠᠴᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号