ᠲᠦᠷᠦ᠎ᠶ᠋ᠢᠨ ᠶᠠᠪᠤᠳᠠᠯ᠎ᠤᠨ ᠭᠡᠱᠢᠭᠦᠨ ᠪᠦᠭᠡᠳ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠸᠠᠩ ᠢ ᠳᠤᠮᠳᠠᠳᠤ ᠤᠯᠤᠰ᠎ᠤᠨ ᠭᠠᠳᠠᠭᠠᠳᠤ ᠬᠠᠷᠢᠯᠴᠠᠭᠠᠨ᠎ᠤ ᠲᠦᠷᠦ᠎ᠶ᠋ᠢᠨ ᠪᠤᠳᠤᠯᠭ᠎ᠠ ᠪᠠ ᠭᠠᠳᠠᠭᠠᠳᠤ᠎ᠯᠤᠭ᠎ᠠ᠎ᠶ᠋ᠢᠨ ᠬᠠᠷᠢᠴᠠᠭᠠᠨ᠎ᠤ ᠲᠤᠬᠠᠢ ᠳᠤᠮᠳᠠᠳᠤ ᠭᠠᠳᠠᠭᠠᠳᠤ᠎ᠶ᠋ᠢᠨ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠪᠠ
2020-05-26 11:39:45
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

    ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ 24 ᠎ᠤ ᠡᠳᠦᠷ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠸᠢᠳᠢᠣ᠋ ᠰᠤᠷᠪᠤᠯᠵᠢᠯᠠᠭ᠍ᠴᠢ᠎ᠶ᠋ᠢᠨ ᠬᠤᠷᠠᠯ ᠬᠢᠵᠤ᠂ ᠲᠦᠷᠦ᠎ᠶ᠋ᠢᠨ ᠶᠠᠪᠤᠳᠠᠯ᠎ᠤᠨ ᠭᠡᠱᠢᠭᠦᠨ ᠪᠥᠭᠡᠳ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠸᠠᠩ ᠢ ᠳᠤᠮᠳᠠᠳᠤ ᠤᠯᠤᠰ᠎ᠤᠨ ᠭᠠᠳᠠᠭᠠᠳᠤ ᠬᠠᠷᠢᠯᠴᠠᠭᠠᠨ᠎ᠤ ᠲᠦᠷᠦ᠎ᠶ᠋ᠢᠨ ᠪᠤᠳᠤᠯᠭ᠎ᠠ ᠪᠠ ᠭᠠᠳᠠᠭᠠᠳᠤ᠎ᠯᠤᠭ᠎ᠠ᠎ᠶ᠋ᠢᠨ ᠬᠠᠷᠢᠴᠠᠭᠠᠨ᠎ᠤ ᠲᠤᠬᠠᠢ ᠳᠤᠮᠳᠠᠳᠤ ᠭᠠᠳᠠᠭᠠᠳᠤ᠎ᠶ᠋ᠢᠨ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠪᠠ᠃
    ᠸᠠᠩ ᠢ᠄ ᠰᠤᠷᠪᠤᠯᠵᠢᠯᠠᠭ᠍ᠴᠢ ᠨᠠᠢᠵᠠ ᠨᠠᠷ᠂ ᠲᠠ ᠪᠦᠬᠦᠨ ᠰᠠᠢᠨ ᠪᠠᠢᠵᠠᠭᠠᠨ᠎ᠠ ᠤᠤ! ᠡᠨᠡ ᠵᠢᠯ᠎ᠤᠨ ᠰᠣᠷᠪᠣᠯᠵᠢᠯᠠᠭ᠍ᠴᠢ᠎ᠶ᠋ᠢᠨ ᠬᠤᠷᠠᠯ᠎ᠢ ᠨᠢᠭᠡᠨ ᠣᠨᠴᠠᠭᠠᠶ ᠴᠠᠭ ᠬᠤᠭᠤᠴᠠᠭᠠᠨ᠎ᠤ ᠵᠠᠩᠭᠢᠯᠠᠭ᠎ᠠ᠎ᠶ᠋ᠢᠨ ᠴᠠᠭ᠎ᠲᠤ ᠬᠢᠵᠤ ᠪᠠᠢᠨ᠎ᠠ᠂ ᠳᠡᠯᠡᠬᠡᠶ᠎ᠶ᠋ᠢᠨ ᠡᠯ᠎ᠡ ᠤᠯᠤᠰ ᠶᠠᠭ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠲᠠᠢ ᠬᠦᠴᠦᠯᠡᠨ ᠲᠡᠮᠡᠴᠡᠵᠦ᠍ ᠪᠠᠢᠨ᠎ᠠ᠃ ᠡᠨᠡ ᠲᠣᠬᠢᠶᠠᠯ᠎ᠢᠶᠠᠷ᠂ ᠪᠢ ᠳᠤᠷᠠᠲᠠᠶ᠎ᠠ ᠡᠩ ᠲᠡᠷᠢᠭᠦᠨ᠎ᠳᠤ ᠪᠦᠬᠦ᠌ ᠬᠦᠴᠦᠨ᠎ᠢᠶᠠᠷ᠎ᠢᠶᠠᠨ ᠠᠮᠢ ᠨᠠᠰᠤ᠎ᠶ᠋ᠢ ᠠᠪᠤᠷᠠᠬᠤ᠎ᠪᠠᠷ ᠵᠢᠳᠭᠦᠨ ᠴᠢᠷᠮᠠᠢᠵᠤ ᠪᠠᠢᠭ᠎ᠠ ᠡᠯ᠎ᠡ ᠤᠯᠤᠰ᠎ᠤᠨ ᠡᠮᠴᠢᠯᠡᠭᠡᠨ᠎ᠤ ᠠᠵᠢᠯᠲᠠᠳ᠎ᠲᠤ ᠡᠷᠬᠢᠮ ᠳᠡᠭᠡᠳᠦ ᠬᠦᠨᠳᠦᠳᠭᠡᠯ ᠳᠡᠪᠱᠢᠭᠦᠯᠵᠦ᠍᠂ ᠵᠣᠯ ᠪᠤᠰᠤ᠎ᠪᠠᠷ ᠨᠠᠰᠤ ᠪᠠᠷᠠᠭ᠍ᠰᠠᠨ ᠪᠤᠢ ᠪᠦᠬᠦᠢ ᠠᠳᠡᠭ᠌ᠳᠡᠭ᠌ᠰᠡᠳ᠎ᠢ ᠭᠦᠨ᠎ᠡ ᠡᠮᠭᠡᠨᠢᠨ ᠭᠠᠱᠢᠭᠤᠳᠠᠵᠤ ᠪᠠᠢᠬᠤ᠎ᠪᠠᠨ ᠢᠯᠡᠳᠭᠡᠶ᠎ᠡ᠃ ᠡᠭᠦᠨ᠎ᠤ ᠬᠠᠮᠲᠤ᠌᠂ ᠪᠢ ᠪᠠᠰᠠ ᠡᠨᠡ ᠤᠳᠠᠭᠠᠨ᠎ᠤ ᠬᠢᠵᠢᠭ᠎ᠤᠨ ᠪᠠᠢᠳᠠᠯ᠎ᠤᠨ ᠳᠤᠮᠳᠠ ᠳᠤᠮᠳᠠᠳᠤ ᠤᠯᠤᠰ᠎ᠢ ᠣᠢᠯᠠᠭᠠᠵᠤ᠂ ᠬᠠᠯᠠᠮᠵᠢᠯᠠᠵᠤ᠂ ᠬᠠᠪᠰᠤᠷᠤᠯᠭ᠎ᠠ ᠦᠵᠡᠭᠦᠯᠦᠭ᠌ᠰᠡᠨ ᠡᠯ᠎ᠡ ᠤᠯᠤᠰ᠎ᠤᠨ ᠵᠠᠰᠠᠭ᠎ᠤᠨ ᠣᠷᠳᠣᠨ ᠪᠠ ᠠᠷᠠᠳ ᠲᠦᠮᠡᠨ᠎ᠳᠤ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠦᠶ᠎ᠡ᠃ ᠸᠢᠷᠦ᠋ᠰ ᠬᠥᠮᠦᠨ ᠲᠥᠷᠥᠯᠬᠢᠲᠡᠨ᠎ᠢ ᠢᠯᠠᠵᠤ ᠳᠡᠢᠯᠬᠦ᠌ ᠦᠭᠡᠢ᠂ ᠬᠥᠮᠦᠨ ᠲᠥᠷᠥᠯᠬᠢᠲᠡᠨ ᠬᠢᠵᠢᠭ᠎ᠢ ᠯᠠᠪᠲᠠᠢ ᠢᠯᠠᠨ᠎ᠠ᠃ ᠲᠦᠨᠡᠷ ᠬᠠᠷᠠᠩᠭᠤᠶ ᠴᠠᠭ ᠮᠦᠴᠡ ᠡᠴᠦᠰ᠎ᠲᠡᠭᠡᠨ ᠥᠩᠭᠡᠷᠡᠵᠦ᠍᠂ ᠭᠡᠭᠡᠨ ᠰᠠᠷᠠᠭᠤᠯ ᠤᠳᠠᠯ ᠦᠭᠡᠢ ᠬᠦᠷᠴᠦ᠍    ᠢᠷᠡᠨ᠎ᠠ᠃ ᠳᠣᠣᠷ᠎ᠠ ᠪᠢ ᠳᠤᠷᠠᠲᠠᠶ᠎ᠠ ᠤᠯᠠᠨ᠎ᠤ ᠠᠰᠠᠭᠤᠯᠲᠠ᠎ᠶ᠋ᠢ ᠬᠠᠷᠢᠭᠤᠯᠤᠶ᠎ᠠ᠃
    《ᠠᠷᠠᠳ᠎ᠤᠨ ᠡᠳᠦᠷ᠎ᠤᠨ ᠰᠣᠨᠢᠨ》 ᠎ᠤ ᠰᠤᠷᠪᠤᠯᠵᠢᠯᠠᠭ᠍ᠴᠢ᠄ ᠬᠥᠮᠦᠰ ᠡᠨᠡ ᠤᠳᠠᠭᠠᠨ᠎ᠤ ᠬᠢᠵᠢᠭ᠎ᠤᠨ ᠪᠠᠢᠳᠠᠯ᠎ᠠᠴᠠ ᠣᠯᠬᠤ ᠬᠠᠮᠤᠭ᠎ᠤᠨ ᠴᠢᠬᠤᠯᠠ ᠰᠡᠩᠬᠡᠷᠡᠭᠦᠯᠦᠯ᠎ᠨᠢ ᠶᠠᠭᠤ ᠪᠤᠢ?
    ᠸᠠᠩ ᠢ᠄ ᠡᠨᠡ ᠤᠳᠠᠭᠠᠨ᠎ᠤ ᠬᠢᠵᠢᠭ᠎ᠤᠨ ᠪᠠᠢᠳᠠᠯ ᠪᠢᠳᠡᠨ᠎ᠳᠤ ᠦᠭ᠌ᠭᠦᠭ᠌ᠰᠡᠨ ᠬᠠᠮᠤᠭ᠎ᠤᠨ ᠶᠡᠭᠡ ᠰᠡᠩᠬᠡᠷᠡᠭᠦᠯᠦᠯ ᠪᠣᠯ᠄ ᠡᠯ᠎ᠡ ᠤᠯᠤᠰ᠎ᠤᠨ ᠠᠷᠠᠳ ᠲᠦᠮᠡᠨ᠎ᠤ ᠠᠮᠢ ᠨᠠᠰᠤ ᠡᠷᠡᠭᠦᠯ ᠮᠡᠨᠳᠤ ᠶᠡᠷᠦ᠎ᠠᠴᠠ ᠥᠨᠥᠳᠦᠷ᠎ᠤᠨ ᠱᠢᠭ ᠡᠢᠮᠦ᠍ ᠵᠢᠷᠭᠠᠯ ᠵᠣᠪᠠᠯᠠᠩ᠎ᠢᠶᠠᠨ ᠬᠠᠮᠲᠤᠳᠭᠠᠵᠤ᠂ ᠨᠢᠭ᠍ᠲᠠ ᠬᠤᠯᠪᠣᠯᠳᠤᠵᠤ ᠥᠩᠭᠡᠷᠡᠭ᠌ᠰᠡᠨ ᠦᠭᠡᠢ; ᠪᠢᠳᠡ ᠪᠠᠰᠠ ᠶᠡᠷᠦ᠎ᠠᠴᠠ ᠡᠯ᠎ᠡ ᠤᠯᠤᠰ ᠨᠢᠭᠡᠨ ᠪᠥᠮᠪᠥᠷᠴᠡᠭ ᠲᠣᠰᠭᠤᠨ᠎ᠳᠤ ᠠᠮᠢᠳᠤᠷᠠᠵᠤ ᠪᠤᠢ᠂ ᠬᠥᠮᠦᠨ ᠲᠥᠷᠥᠯᠬᠢᠲᠡᠨ ᠪᠣᠯ ᠦᠨᠡᠨ᠎ᠳᠡᠭᠡᠨ ᠨᠢᠭᠡᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ ᠮᠥᠨ ᠭᠡᠳᠡᠭ᠎ᠢ ᠥᠨᠥᠳᠦᠷ᠎ᠤᠨ ᠱᠢᠭ ᠢᠩᠭᠢᠵᠦ᠍ ᠭᠦᠨᠵᠡᠭᠡᠶ ᠲᠠᠨᠢᠵᠤ ᠣᠯᠤᠭ᠎ᠠ ᠦᠭᠡᠢ᠃
    ᠸᠢᠷᠦ᠋ᠰ᠎ᠨᠢ ᠤᠯᠤᠰ᠎ᠤᠨ ᠬᠢᠯᠢ ᠵᠠᠭᠠᠭ ᠪᠠ ᠦᠨᠳᠦᠰᠦᠲᠡᠨ ᠶᠠᠰᠤᠲᠠᠨ ᠭᠡᠵᠤ ᠢᠯᠭᠠᠬᠤ ᠦᠭᠡᠶ ᠪᠠᠢᠵᠤ᠂ ᠪᠦᠬᠦ᠌ ᠬᠥᠮᠦᠨ ᠲᠥᠷᠥᠯᠬᠢᠲᠡᠨ᠎ᠳᠤ ᠥᠷᠢᠰᠥᠯᠳᠦᠭᠡᠨ ᠠᠪᠴᠢᠷᠠᠪᠠ᠃ ᠡᠭᠦᠨ᠎ᠢ ᠤᠯᠤᠰ ᠲᠥᠷᠥ᠎ᠶ᠋ᠢᠨ ᠶᠠᠪᠤᠲᠠᠯ ᠪᠤᠯᠭᠠᠵᠤ ᠤᠷᠤᠯᠳᠤᠪᠠᠯ ᠵᠥᠪᠬᠡᠨ ᠸᠢᠷᠦ᠋ᠰ᠎ᠲᠤ ᠵᠠᠪᠱᠢᠬᠤ ᠲᠣᠬᠢᠶᠠᠯ ᠣᠯᠭᠤᠨ᠎ᠠ᠂ ᠬᠥᠷᠰᠢ᠎ᠪᠠᠨ ᠬᠤᠬᠢᠷᠠᠭᠤᠯᠪᠠᠯ ᠵᠥᠪᠬᠡᠨ ᠸᠢᠷᠦ᠋ᠰ᠎ᠲᠤ ᠨᠢᠭᠡᠳ ᠨᠢᠭᠡ᠎ᠪᠠᠷ ᠲᠠᠭᠠᠷᠢᠭ᠍ᠲᠠᠨ᠎ᠠ᠂ ᠱᠢᠨᠵᠢᠯᠡᠬᠦ᠌ ᠤᠬᠠᠭᠠᠨ᠎ᠢ ᠬᠠᠢᠬᠤᠷᠬᠤ ᠦᠭᠡᠢ ᠪᠤᠯ ᠵᠥᠪᠬᠡᠨ ᠸᠢᠷᠦ᠋ᠰ᠎ᠲᠤ ᠳᠠᠭᠠᠷᠢᠯᠲᠠ᠎ᠶ᠋ᠢᠨ ᠵᠡᠪᠱᠢᠶᠠᠨ ᠤᠯᠭᠤᠨ᠎ᠠ᠃ ᠡᠢᠮᠦ᠎ᠠᠴᠠ ᠲᠡᠷᠢᠭᠦᠯᠡᠭ᠌ᠴᠢ ᠰᠢ᠎ᠶ᠋ᠢᠨ ᠫᠢᠩ ᠣᠯᠠᠨ ᠤᠳᠠᠭ᠎ᠠ ᠪᠦᠬᠦ᠌ ᠳᠡᠯᠡᠬᠡᠢ᠎ᠳᠤ᠂ ᠸᠢᠷᠦ᠋ᠰ ᠪᠣᠯ ᠬᠥᠮᠦᠨ ᠲᠥᠷᠥᠯᠬᠢᠲᠡᠨ᠎ᠤ ᠬᠠᠮᠲᠤ᠎ᠶ᠋ᠢᠨ ᠳᠠᠢᠰᠤᠨ ᠮᠥᠨ᠂ ᠭᠠᠭ᠍ᠴᠠ ᠬᠦ᠌ ᠪᠦᠯᠬᠦᠮᠳᠡᠪᠡᠯ ᠰᠠᠶᠢ ᠸᠢᠷᠦ᠋ᠰ᠎ᠢ ᠪᠠᠢᠯᠳᠤᠨ ᠢᠯᠠᠵᠤ ᠴᠢᠳᠠᠨ᠎ᠠ᠃ ᠪᠦᠯᠬᠦᠮᠳᠡᠨ ᠬᠠᠮᠲᠤᠷᠠᠯᠴᠠᠬᠤ ᠪᠣᠯ ᠬᠢᠵᠢᠭ᠎ᠤᠨ ᠪᠠᠢᠳᠠᠯ᠎ᠢ ᠢᠯᠠᠨ ᠳᠠᠪᠠᠭ᠍ᠤ ᠬᠠᠮᠤᠭ᠎ᠤᠨ ᠬᠦᠴᠦᠲᠡᠶ ᠵᠡᠪᠰᠡᠭ ᠮᠥᠨ ᠭᠡᠵᠦ᠍ ᠤᠷᠢᠶᠠᠯᠠᠪᠠ᠃
    ᠬᠢᠵᠢᠭ᠎ᠤᠨ ᠪᠠᠢᠳᠠᠯ᠎ᠨᠢ ᠠᠮᠢ ᠨᠠᠰᠤ᠎ᠪᠠᠷ ᠦᠷᠡᠭ᠌ᠳᠡᠯ ᠪᠤᠯᠭᠠᠵᠤ ᠪᠠᠢᠭᠠᠳ ᠮᠠᠨ᠎ᠳᠤ᠂ ᠡᠯ᠎ᠡ ᠤᠯᠤᠰ᠎ᠤᠨ᠎ᠬᠢᠨ ᠣᠷᠣᠨ ᠪᠦᠰᠡ ᠦᠨᠳᠦᠰᠦᠲᠡᠨ ᠶᠠᠰᠤᠲᠠᠨ᠂ ᠲᠡᠤᠬᠡ ᠰᠣᠶᠣᠯ ᠴᠢᠨᠠᠭ᠍ᠰᠢᠯᠠᠪᠠᠯ ᠨᠡᠢᠭᠡᠮ᠎ᠤᠨ ᠪᠠᠢᠭᠤᠯᠤᠯ ᠠᠳᠠᠯᠢ ᠪᠤᠰᠤ ᠭᠡᠵᠤ ᠢᠯᠭᠠᠯ ᠦᠭᠡᠢ᠎ᠪᠠᠷ ᠭᠠᠷ ᠬᠤᠯᠪᠣᠨ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠵᠤ᠂ ᠮᠠᠨ᠎ᠤ ᠬᠥᠮᠦᠨ ᠲᠥᠷᠥᠯᠬᠢᠲᠡᠨ᠎ᠤ ᠴᠣᠷ᠎ᠤᠨ ᠭᠠᠭ᠍ᠴᠠ ᠣᠷᠣᠱᠢᠨ ᠲᠣᠭ᠍ᠲᠠᠨᠢᠵᠤ ᠪᠣᠯᠬᠤ ᠡᠨᠡ ᠬᠦ᠌ ᠣᠳᠣᠨ ᠪᠥᠮᠪᠥᠷᠴᠡᠭ᠎ᠢᠶᠠᠨ ᠬᠠᠮᠲᠤ᠎ᠪᠠᠷ ᠰᠠᠢᠲᠤᠷ ᠬᠠᠮᠠᠭᠠᠯᠠᠪᠠᠯ ᠵᠤᠬᠢᠨ᠎ᠠ ᠭᠡᠳᠡᠭ᠎ᠢ ᠬᠡᠯᠡᠵᠤ ᠦᠭ᠌ᠴᠤ ᠪᠠᠢᠨ᠎ᠠ᠃ ᠡᠭᠦᠨ᠎ᠤ ᠳᠣᠲᠣᠷᠠᠬᠢ ᠨᠢᠭᠡᠨ ᠴᠢᠬᠤᠯᠠ ᠬᠠᠷᠠᠯᠲᠠ ᠪᠣᠯ ᠳᠠᠷᠤᠶ ᠬᠥᠮᠦᠨ ᠲᠥᠷᠥᠯᠬᠢᠲᠡᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠬᠠᠮᠲᠤ᠎ᠶ᠋ᠢᠨ ᠴᠣᠭ᠍ᠴᠠ᠎ᠶ᠋ᠢ ᠲᠦᠷᠭᠡᠪᠴᠢᠯᠡᠨ ᠪᠠᠢᠭᠤᠯᠬᠤ ᠶᠠᠪᠤᠳᠠᠯ ᠪᠣᠯᠤᠨ᠎ᠠ᠃ ᠳᠤᠮᠳᠠᠳᠤ ᠤᠯᠤᠰ ᠳᠡᠯᠡᠬᠡᠶ ᠳᠡᠭᠡᠷᠡᠬᠢ ᠬᠠᠷᠢᠭᠤᠴᠠᠯᠭ᠎ᠠ ᠡᠭᠦᠷᠭᠡᠯᠡᠯ᠎ᠲᠠᠢ ᠤᠯᠤᠰ ᠪᠣᠯᠤᠭ᠍ᠰᠠᠨ᠎ᠤ ᠬᠤᠪᠢ᠎ᠳᠤ᠂ ᠳᠤᠷᠠᠲᠠᠶ᠎ᠠ ᠡᠭᠦᠨ᠎ᠤ ᠲᠦᠯᠦᠭᠡ ᠦᠪᠡᠷ᠎ᠤᠨ ᠬᠤᠪᠢ ᠨᠡᠮᠡᠷᠢ᠎ᠪᠠᠨ ᠦᠵᠡᠭᠦᠯᠦᠨ᠎ᠠ᠃
    ᠳᠤᠮᠳᠠᠳᠤ ᠤᠯᠤᠰ᠎ᠤᠨ ᠣᠯᠠᠨ ᠤᠯᠤᠰ᠎ᠤᠨ ᠲᠧᠯᠸᠢᠰ ᠬᠤᠷᠢᠶᠠᠨ᠎ᠤ ᠰᠤᠷᠪᠤᠯᠵᠢᠯᠠᠭ᠍ᠴᠢ᠄ ᠬᠢᠵᠢᠭ᠎ᠤᠨ ᠪᠠᠢᠳᠠᠯ ᠪᠣᠯᠤᠨ ᠠᠮᠧᠷᠢᠺᠠ᠎ᠶ᠋ᠢᠨ ᠶᠡᠭᠡ ᠰᠣᠩᠭᠤᠭᠤᠯᠢ᠎ᠶ᠋ᠢᠨ ᠨᠥᠯᠥᠭᠡ᠎ᠪᠠᠷ ᠳᠤᠮᠳᠠᠳᠤ ᠠᠮᠧᠷᠢᠺᠠ᠎ᠶ᠋ᠢᠨ ᠬᠠᠷᠢᠴᠠᠭ᠎ᠠ ᠡᠳᠦᠷ ᠢᠷᠡᠬᠦᠶ᠎ᠡ ᠪᠠᠴᠢᠮ ᠪᠤᠯᠵᠤ ᠪᠠᠢᠨ᠎ᠠ᠃ ᠲᠠ ᠳᠤᠮᠳᠠᠳᠤ ᠠᠮᠧᠷᠢᠺᠠ᠎ᠶ᠋ᠢᠨ ᠬᠠᠷᠢᠴᠠᠭ᠎ᠠ ᠤᠯᠠᠮ ᠨᠢᠭᠡ ᠠᠯᠬᠤᠮ ᠮᠠᠭᠤᠳᠠᠬᠤ᠎ᠠᠴᠠ ᠰᠠᠨᠠᠭᠠᠱᠢᠷᠠᠨ ᠵᠤᠪᠠᠨᠢᠵᠤ ᠪᠠᠢᠨ᠎ᠠ ᠤᠤ?
    ᠸᠠᠩ ᠢ᠄ ᠣᠳᠣᠬᠠᠨ᠎ᠳᠤ᠂ ᠠᠮᠧᠷᠢᠺᠠ ᠨᠢᠭᠡᠨᠲᠡ ᠳᠡᠯᠡᠬᠡᠶ ᠳᠡᠭᠡᠷᠡᠬᠢ ᠬᠢᠵᠢᠭ᠎ᠤᠨ ᠪᠠᠢᠳᠠᠯ ᠬᠠᠮᠤᠭ᠎ᠤᠨ ᠬᠦᠨᠳᠦ ᠨᠣᠴᠢᠲᠠᠶ ᠤᠯᠤᠰ ᠪᠣᠯᠵᠣ᠂ ᠸᠢᠷᠦ᠋ᠰ᠎ᠲᠤ ᠡᠳᠦᠷ ᠪᠤᠯᠭᠠᠨ ᠬᠦᠮᠦᠨ᠎ᠤ ᠠᠮᠢ ᠨᠠᠰᠦ ᠬᠦᠨᠦᠭᠡᠭ᠌ᠳᠡᠵᠤ ᠪᠠᠢᠨ᠎ᠠ᠃ ᠠᠮᠧᠷᠢᠺᠠ᠎ᠶ᠋ᠢᠨ ᠠᠷᠠᠳ ᠲᠦᠮᠡᠨ᠎ᠤ ᠵᠣᠯ ᠪᠤᠰᠤ ᠤᠴᠠᠷᠠᠯ᠎ᠳᠤ ᠪᠢᠳᠡ ᠶᠡᠬᠡᠳᠡ ᠥᠷᠥ᠍ ᠡᠪᠡᠳᠴᠦ᠍ ᠪᠠᠢᠨ᠎ᠠ᠂ ᠠᠮᠧᠷᠢᠺᠠ᠎ᠶ᠋ᠢᠨ ᠠᠷᠠᠳ ᠲᠦᠮᠡᠨ᠎ᠤ ᠬᠢᠵᠢᠭ᠎ᠤᠨ ᠪᠠᠢᠳᠠᠯ᠎ᠢ ᠲᠦᠷᠭᠡᠬᠡᠨ ᠢᠯᠠᠨ ᠳᠠᠪᠠᠵᠤ᠂ ᠬᠡᠪ᠎ᠤᠨ ᠦᠢᠯᠡᠳᠪᠦᠷᠢᠯᠡᠯ ᠠᠮᠢᠳᠤᠷᠠᠯ᠎ᠢᠶᠠᠨ ᠡᠷᠲᠡᠬᠡᠨ ᠰᠡᠷᠭᠦᠭᠡᠬᠦ᠌᠎ᠶ᠋ᠢ ᠴᠢᠩ ᠰᠡᠳᠭᠢᠯ᠎ᠠᠴᠠ᠎ᠪᠠᠨ ᠬᠦᠰᠡᠨ ᠵᠦᠡᠭ᠌ᠨᠡᠵᠤ ᠪᠠᠢᠨ᠎ᠠ᠃
    ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠪᠣᠯ ᠳᠤᠮᠳᠠᠳᠤ ᠠᠮᠧᠷᠢᠺᠠ ᠬᠤᠶᠠᠷ ᠤᠯᠤᠰ᠎ᠤᠨ ᠬᠠᠮᠲᠤ᠎ᠶ᠋ᠢᠨ ᠳᠠᠢᠰᠤᠨ ᠮᠥᠨ᠃ ᠬᠠᠷᠢᠯᠴᠠᠨ ᠳᠡᠮᠵᠢᠨ ᠬᠠᠪᠰᠤᠷᠬᠤ ᠪᠣᠯ ᠬᠤᠶᠠᠷ ᠤᠯᠤᠰ᠎ᠤᠨ ᠠᠷᠠᠳ ᠲᠦᠮᠡᠨ᠎ᠤ ᠬᠠᠮᠲᠤ᠎ᠶ᠋ᠢᠨ ᠬᠦᠰᠡᠯ ᠡᠷᠡᠮᠡᠯᠵᠡᠯ ᠮᠥᠨ᠃ ᠬᠢᠵᠢᠭ᠎ᠤᠨ ᠪᠠᠢᠳᠠᠯ᠎ᠤᠨ ᠡᠬᠢᠨ᠎ᠤ ᠦᠶ᠎ᠡ᠎ᠳᠤ᠂ ᠠᠮᠧᠷᠢᠺᠠ᠎ᠶ᠋ᠢᠨ ᠮᠠᠰᠢ ᠣᠯᠠᠨ ᠨᠡᠢᠭᠡᠮᠯᠢᠭ᠂ ᠠᠵᠤ ᠠᠬᠤᠢᠯᠠᠯ ᠪᠣᠯᠤᠨ ᠠᠷᠠᠳ ᠣᠯᠠᠨ ᠳᠤᠮᠳᠠᠳᠤ ᠤᠯᠤᠰ᠎ᠲᠤ ᠲᠤᠰᠠᠯᠠᠮᠵᠢ ᠦᠵᠡᠭᠦᠯᠵᠡᠶ᠃ ᠠᠮᠧᠷᠢᠺᠠ᠎ᠳᠤ ᠬᠢᠵᠢᠭ᠎ᠤᠨ ᠪᠠᠢᠳᠠᠯ ᠡᠭᠦᠰᠦᠭ᠌ᠰᠡᠨ᠎ᠤ ᠳᠠᠷᠠᠭ᠎ᠠ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠂ ᠣᠷᠣᠨ ᠨᠤᠲᠤᠭ ᠪᠣᠯᠤᠨ ᠡᠯ᠎ᠡ ᠡᠲᠡᠭᠡᠳ᠎ᠤᠨ ᠬᠥᠮᠦᠰ ᠴᠦ᠍ ᠢᠳᠡᠪᠬᠢᠲᠡᠶ᠎ᠪᠠᠷ ᠠᠴᠢ ᠬᠠᠷᠢᠭᠤᠯᠲᠠ ᠪᠤᠯᠭᠠᠵᠤ᠂ ᠠᠮᠧᠷᠢᠺᠠ᠎ᠳᠤ ᠶᠡᠭᠡ ᠬᠡᠮᠵᠢᠶᠡᠨ᠎ᠤ ᠪᠠᠴᠢᠮ ᠱᠠᠭᠠᠷᠳᠠᠭ᠍ᠲᠠᠵᠤ ᠪᠠᠢᠭ᠎ᠠ ᠡᠮᠴᠢᠯᠡᠭᠡᠨ᠎ᠤ ᠡᠳ᠋ ᠪᠣᠳᠠᠰ᠎ᠢᠶᠠᠷ ᠢᠪᠡᠭᠡᠨ ᠲᠤᠰᠠᠯᠠᠪᠠ᠃ ᠪᠢᠳᠡ ᠪᠠᠰᠠ ᠠᠮᠧᠷᠢᠺᠠ᠎ᠶ᠋ᠢᠨ ᠲᠠᠯ᠎ᠠ᠎ᠶ᠋ᠢᠨ᠎ᠬᠢᠨ᠎ᠤ ᠳᠤᠮᠳᠠᠳᠤ ᠤᠯᠤᠰ᠎ᠠᠴᠠ ᠡᠳ᠋ ᠪᠤᠳᠠᠰ ᠬᠤᠳᠠᠯᠳᠤᠨ ᠠᠪᠬᠤ᠎ᠳᠤ ᠳᠡᠮᠵᠢᠯᠭᠡ ᠪᠠ ᠳᠥᠭᠦᠮ ᠦᠵᠡᠭᠦᠯᠵᠦ᠍᠂ ᠵᠦᠪᠭᠡᠨ ᠠᠮᠠᠪᠴᠢ᠎ᠶ᠋ᠢᠨ ᠨᠢᠭᠡ ᠵᠦᠶᠯ᠎ᠳᠤ ᠳᠠᠷᠤᠢ 120 ᠭᠠᠷᠤᠢ ᠳ᠋ᠦᠩᠱᠢᠭᠤᠷ ᠱᠢᠷᠬᠡᠭ ᠠᠮᠠᠪᠴᠢ᠎ᠶ᠋ᠢ ᠠᠮᠧᠷᠢᠺᠠ᠎ᠳᠤ ᠭᠠᠷᠭᠠᠵᠤ᠂ ᠠᠮᠧᠷᠢᠺᠠ᠎ᠶ᠋ᠢᠨ ᠬᠥᠮᠦᠨ ᠨᠢᠭᠡᠪᠦᠷᠢ᠎ᠳᠤ ᠪᠠᠷᠤᠭ 40 ᠠᠮᠠᠪᠴᠢ ᠬᠠᠩᠭᠠᠬ᠍ᠰᠠᠨ᠎ᠲᠠᠢ ᠲᠡᠩᠴᠡᠨ᠎ᠠ᠃
    ᠭᠡᠪᠡᠴᠦ᠍ ᠬᠠᠷᠠᠮᠰᠠᠯᠲᠠᠶ᠎ᠨᠢ᠂ ᠱᠢᠨ᠎ᠡ ᠲᠢᠲᠢᠮᠯᠢᠭ ᠸᠢᠷᠦ᠋ᠰ᠎ᠠᠴᠠ ᠭᠠᠳᠠᠨ᠎ᠠ᠂ ᠪᠠᠰᠠ ᠨᠢᠭᠡ ᠵᠦᠢᠯ᠎ᠤᠨ 《ᠤᠯᠤᠰ ᠲᠥᠷᠥ᠎ᠶ᠋ᠢᠨ ᠸᠢᠷᠦ᠋ᠰ》 ᠠᠮᠧᠷᠢᠺᠠ᠎ᠳᠤ ᠲᠠᠷᠬᠠᠵᠤ ᠲᠡᠯᠭᠡᠷᠡᠵᠤ ᠪᠠᠢᠨ᠎ᠠ᠃ ᠡᠨᠡ ᠬᠦ᠌ 《ᠤᠯᠤᠰ ᠲᠥᠷᠥ᠎ᠶ᠋ᠢᠨ ᠸᠢᠷᠦ᠋ᠰ》 ᠎ᠨᠢ ᠳᠠᠷᠤᠶ ᠠᠯᠢᠪᠠ ᠲᠣᠬᠢᠶᠠᠯ᠎ᠢ ᠠᠱᠢᠬ᠍ᠯᠠᠨ ᠳᠤᠮᠳᠠᠳᠤ ᠤᠯᠤᠰ᠎ᠢ ᠳᠠᠭᠠᠷᠢᠵᠤ ᠭᠦᠳᠭᠡᠵᠤ ᠪᠠᠢᠭ᠎ᠠ ᠶᠠᠪᠤᠳᠠᠯ ᠪᠤᠯᠤᠨ᠎ᠠ᠃ ᠵᠠᠷᠢᠮ ᠤᠯᠤᠰ ᠲᠥᠷᠥ᠎ᠶ᠋ᠢᠨ ᠵᠠᠪᠱᠢᠭ᠍ᠴᠢᠳ ᠬᠠᠮᠤᠭ᠎ᠤᠨ ᠦᠨᠳᠦᠰᠦᠨ ᠪᠣᠳᠠᠲᠤ ᠬᠡᠷᠡᠭ᠎ᠢ ᠬᠠᠢᠬᠤᠷᠬᠤ ᠦᠭᠡᠢ᠂ ᠳᠤᠮᠳᠠᠳᠤ ᠤᠯᠤᠰ᠎ᠲᠤ ᠴᠢᠭ᠌ᠯᠡᠭᠦᠯᠦᠨ ᠮᠠᠰᠢ ᠤᠯᠠᠨ ᠬᠤᠳᠠᠯ ᠴᠠᠯᠴᠢᠶ᠎ᠠ ᠵᠣᠬᠢᠶᠠᠵᠤ᠂ ᠮᠠᠰᠢ ᠤᠯᠠᠨ ᠤᠪ ᠶᠠᠪᠤᠭᠤᠯᠭ᠎ᠠ᠎ᠶ᠋ᠢ ᠤᠬᠠᠭᠠᠯᠠᠬ᠍ᠰᠠᠨ ᠪᠠᠢᠨ᠎ᠠ᠃ ᠤᠢ᠍ᠢᠷ᠎ᠠ᠎ᠳᠤ ᠬᠥᠮᠦᠰ ᠡᠳᠡᠭᠡᠷ ᠬᠤᠳᠠᠯ ᠴᠠᠯᠴᠢᠶ᠎ᠠ᠎ᠶ᠋ᠢ ᠡᠮᠬᠢᠳᠭᠡᠨ ᠲᠡᠪᠲᠡᠷᠯᠡᠵᠦ᠍᠂ ᠢᠨᠲ᠋ᠧᠷ ᠰᠦᠯᠵᠢᠶ᠎ᠡ ᠳᠡᠭᠡᠷ᠎ᠡ ᠤᠯᠠᠨ᠎ᠳᠤ ᠨᠡᠢᠲᠡᠯᠡᠭ᠌ᠰᠡᠨ ᠪᠠᠢᠨ᠎ᠠ᠃ ᠬᠡᠷᠪᠡ ᠪᠠᠰᠠ ᠱᠢᠨ᠎ᠡ ᠬᠤᠳᠠᠯ ᠴᠠᠯᠴᠢᠶ᠎ᠠ ᠭᠠᠷᠴᠤ᠌ ᠢᠷᠡᠪᠡᠯ᠂ ᠦᠷᠭᠦᠯᠵᠢᠯᠡᠨ ᠲᠡᠮᠳᠡᠭ᠌ᠯᠡᠯ᠎ᠳᠤ ᠲᠡᠮᠳᠡᠭ᠌ᠯᠡᠭ᠌ᠲᠡᠨ ᠤᠷᠤᠬᠤ ᠪᠤᠯᠤᠨ᠎ᠠ᠃ ᠡᠨᠡ ᠬᠦ᠌ ᠬᠤᠳᠠᠯ ᠴᠠᠯᠴᠢᠶ᠎ᠠ᠎ᠶ᠋ᠢᠨ ᠲᠡᠮᠲᠡᠭ᠌ᠯᠡᠯ᠎ᠨᠢ ᠤᠯᠠᠮ ᠤᠷᠲᠤ ᠪᠣᠯᠪᠠᠯ᠂ ᠴᠤᠤᠷᠬᠠᠯ ᠲᠠᠯᠪᠢᠭ᠍ᠴᠢᠳ᠎ᠤᠨ ᠶᠣᠰᠣ ᠰᠤᠷᠳᠠᠬᠤᠨ᠎ᠤ ᠲᠦᠪᠱᠢᠨ᠎ᠢ ᠲᠡᠳᠦᠢ ᠳᠣᠤᠷ᠎ᠠ ᠪᠣᠯᠭᠠᠵᠤ᠂ ᠲᠡᠤᠬᠡᠨ ᠳᠡᠭᠡᠷ᠎ᠡ ᠤᠯᠠᠮ ᠠᠷᠪᠢᠨ ᠭᠬᠢᠷ ᠪᠤᠷᠲᠠᠭ ᠦᠯᠡᠳᠡᠭᠡᠬᠦ᠌ ᠶᠤᠮ᠃
    ᠪᠢ ᠠᠳᠡ ᠤᠷᠢᠶᠠᠯᠠᠶ᠎ᠠ᠄ ᠡᠷᠬᠢᠮ ᠨᠠᠨᠳᠢᠨ ᠴᠠᠭ᠎ᠢᠶᠠᠨ ᠪᠢᠲᠡᠭᠡᠢ ᠲᠠᠯᠠᠭᠠᠷ ᠰᠦᠢᠳᠭᠡᠶ᠎ᠠ᠂ ᠡᠷᠬᠢᠮ ᠬᠠᠯᠠᠭᠤᠨ ᠠᠮᠢ ᠨᠠᠰᠤ᠎ᠶ᠋ᠢ ᠳᠠᠬᠢᠵᠤ ᠦᠯᠦ᠍ ᠬᠠᠢᠬᠤᠷᠬᠤ᠎ᠪᠠᠨ ᠪᠤᠯᠢᠶ᠎ᠠ᠃ ᠳᠤᠮᠳᠠᠳᠤ ᠠᠮᠧᠷᠢᠺᠠ ᠬᠤᠶᠠᠷ ᠤᠯᠤᠰ᠎ᠤᠨ ᠣᠳᠣᠬᠠᠨ᠎ᠤ ᠬᠠᠮᠤᠭ᠎ᠠᠴᠠ ᠢᠯᠡᠭᠦᠦ ᠬᠢᠬᠦ᠌ ᠴᠢᠬᠤᠯᠠᠲᠠᠢ ᠶᠠᠪᠤᠳᠠᠯ ᠪᠤᠯ᠂ ᠡᠩ ᠲᠡᠷᠢᠭᠦᠨ᠎ᠳᠤ᠂ ᠬᠢᠵᠢᠭ᠎ᠲᠠᠢ ᠲᠡᠮᠡᠴᠡᠭ᠌ᠰᠡᠡ ᠲᠤᠷᠱᠢᠯᠭ᠎ᠠ᠎ᠪᠠᠨ ᠬᠠᠷᠢᠯᠴᠠᠨ ᠲᠣᠯᠢᠯᠠᠨ ᠬᠤᠪᠢᠶᠠᠯᠴᠠᠵᠤ᠂ ᠬᠤᠶᠠᠷ ᠤᠯᠤᠰ᠎ᠤᠨ ᠲᠣᠰ ᠲᠣᠰ᠎ᠤᠨ᠎ᠢᠶᠠᠨ ᠬᠢᠵᠢᠭ᠎ᠲᠠᠢ ᠲᠡᠮᠡᠴᠡᠬᠦ᠌ ᠲᠡᠮᠡᠴᠡᠯ᠎ᠳᠤ ᠬᠦᠴᠦᠨ ᠨᠡᠮᠡᠷᠢᠯᠡᠬᠦ᠌ ᠶᠠᠪᠤᠲᠠᠯ ᠪᠤᠯᠤᠨ᠎ᠠ; ᠬᠤᠶᠠᠳᠤᠭᠠᠷ᠎ᠲᠤ᠌᠂ ᠳᠡᠯᠡᠬᠡᠶ ᠨᠡᠢᠲᠡ᠎ᠶ᠋ᠢᠨ ᠬᠦᠰᠡᠯ ᠡᠷᠡᠮᠡᠯᠵᠡᠯ᠎ᠳᠤ ᠨᠡᠢᠴᠡᠭᠦᠯᠵᠦ᠍᠂ ᠬᠢᠵᠢᠭ᠎ᠲᠠᠢ ᠲᠡᠮᠡᠴᠡᠬᠦ᠌ ᠤᠯᠠᠨ ᠲᠠᠯᠠᠲᠤ ᠬᠠᠮᠲᠤᠷᠠᠯᠴᠠᠭ᠎ᠠ᠎ᠳᠤ ᠣᠷᠣᠯᠴᠠᠬᠤ ᠪᠠ ᠬᠠᠮᠲᠤᠷᠠᠯᠴᠠᠭ᠎ᠠ᠎ᠶ᠋ᠢ ᠠᠬᠢᠭᠤᠯᠵᠤ᠂ ᠪᠦᠬᠦ᠌ ᠳᠡᠯᠡᠬᠡᠢ᠎ᠶ᠋ᠢᠨ ᠬᠢᠵᠢᠭ᠎ᠲᠠᠢ ᠲᠡᠮᠡᠴᠡᠬᠦ᠌᠎ᠳᠤ ᠢᠳᠡᠪᠬᠢᠲᠡᠶ ᠦᠶᠯᠡᠳᠦᠯ ᠪᠠᠳᠠᠷᠠᠭᠤᠯᠬᠤ ᠶᠠᠪᠤᠲᠠᠯ ᠪᠤᠯᠤᠨ᠎ᠠ; ᠭᠤᠷᠪᠠᠳᠤᠭᠠᠷ᠎ᠲᠤ᠌᠂ ᠬᠢᠵᠢᠭ᠎ᠤᠨ ᠪᠠᠢᠳᠠᠯ ᠤᠷᠲᠤ ᠬᠤᠭᠤᠴᠠᠭ᠎ᠠ ᠦᠷᠬᠦᠯᠵᠢᠯᠡᠬᠦ᠌ ᠪᠠ ᠰᠡᠷᠭᠡᠢᠯᠡᠨ ᠡᠵᠡᠮᠳᠡᠬᠦ᠌ ᠠᠵᠢᠯ᠎ᠢ ᠪᠠᠢᠩᠭᠤᠵᠢᠭᠤᠯᠬᠤ ᠪᠤᠲᠠᠲᠦ ᠪᠠᠢᠲᠠᠯ᠎ᠠᠴᠠ ᠡᠭᠦᠰᠴᠤ᠌᠂ ᠬᠢᠵᠢᠭ᠎ᠤᠨ ᠪᠠᠢᠳᠠᠯ᠎ᠤᠨ ᠬᠤᠶᠠᠷ ᠤᠯᠤᠰ᠎ᠤᠨ ᠠᠵᠤ ᠠᠬᠤᠶ ᠵᠢᠴᠢ ᠳᠡᠯᠡᠬᠡᠶ᠎ᠶ᠋ᠢᠨ ᠠᠵᠤ ᠠᠬᠤᠶ᠎ᠳᠤ ᠦᠵᠡᠭᠦᠯᠬᠦ᠌ ᠳᠠᠭᠠᠷᠢᠯᠲᠠ᠎ᠶ᠋ᠢ ᠬᠡᠷᠬᠢᠨ ᠪᠠᠭᠠᠰᠭᠠᠬᠤ ᠲᠤᠬᠠᠶ ᠬᠤᠷᠸ᠎ᠠ ᠲᠦᠷᠦ᠎ᠶ᠋ᠢᠨ ᠪᠤᠳᠤᠯᠭ᠎ᠠ᠎ᠶ᠋ᠢ ᠵᠣᠬᠢᠴᠠᠭᠤᠯᠤᠨ ᠨᠡᠪᠲᠡᠷᠡᠯᠴᠡᠭᠦᠯᠬᠦ᠌᠎ᠶ᠋ᠢ ᠡᠷᠲᠡ᠎ᠠᠴᠠ ᠭᠠᠷᠲᠠᠵᠤ ᠬᠢᠬᠦ᠌ ᠶᠠᠪᠤᠳᠠᠯ ᠪᠣᠯᠤᠨ᠎ᠠ᠃
    ᠳᠤᠮᠳᠠᠳᠤ ᠠᠮᠧᠷᠢᠺᠠ᠎ᠶ᠋ᠢᠨ ᠬᠠᠷᠢᠯᠴᠠᠭᠠᠨ᠎ᠤ ᠣᠳᠣᠬᠢ ᠪᠠᠢᠳᠠᠯ ᠪᠣᠯᠤᠨ ᠢᠷᠡᠭᠡᠳᠦᠶ᠎ᠶ᠋ᠢᠨ ᠲᠤᠬᠠᠶ ᠳᠤᠮᠳᠠᠳᠤ᠎ᠶ᠋ᠢᠨ ᠲᠠᠯ᠎ᠠ᠎ᠠᠴᠠ᠂ ᠳᠡᠯᠡᠬᠡᠶ ᠳᠡᠭᠡᠷᠡᠬᠢ ᠬᠠᠮᠤᠭ᠎ᠤᠨ ᠲᠣᠮᠣ ᠬᠥᠭ᠌ᠵᠢᠵᠦ᠍ ᠪᠠᠢᠭ᠎ᠠ ᠤᠯᠤᠰ ᠪᠠ ᠬᠠᠮᠤᠭ᠎ᠤᠨ ᠲᠣᠮᠣ ᠬᠥᠭ᠌ᠵᠢᠭ᠌ᠰᠡᠨ ᠤᠯᠤᠰ ᠪᠣᠯᠤᠭ᠍ᠰᠠᠨ᠎ᠤ ᠬᠤᠪᠢ᠎ᠳᠤ᠂ ᠪᠢᠳᠡ ᠳᠡᠯᠡᠬᠡᠶ᠎ᠶ᠋ᠢᠨ ᠡᠩᠬᠡ ᠲᠠᠢᠪᠤᠩ ᠪᠣᠯᠤᠨ ᠬᠥᠭ᠌ᠵᠢᠯᠲᠡ᠎ᠶ᠋ᠢᠨ ᠲᠠᠯ᠎ᠠ᠎ᠪᠠᠷ ᠴᠥᠮ ᠴᠢᠬᠤᠯᠠ ᠶᠡᠭᠡ ᠬᠠᠷᠢᠭᠤᠴᠠᠯᠭ᠎ᠠ ᠡᠭᠦᠷᠭᠡᠯᠡᠵᠦ᠍ ᠪᠠᠢᠭ᠎ᠠ ᠲᠤᠯᠠ᠂ ᠬᠥᠮᠦᠨ ᠲᠥᠷᠥᠯᠬᠢᠲᠡᠨ᠎ᠳᠤ ᠬᠠᠷᠢᠭᠤᠴᠠᠬᠤ᠂ ᠲᠡᠦᠬᠡ᠎ᠳᠤ ᠬᠠᠷᠢᠭᠤᠴᠠᠬᠤ᠂ ᠠᠷᠠᠳ ᠲᠦᠮᠡᠨ᠎ᠳᠤ ᠬᠠᠷᠢᠭᠤᠴᠠᠬᠤ ᠣᠪᠣᠷ᠎ᠢᠶᠠᠷ᠂ ᠬᠤᠶᠠᠷ ᠤᠯᠤᠰ᠎ᠤᠨ ᠬᠠᠷᠢᠴᠠᠭ᠎ᠠ᠎ᠳᠤ ᠬᠢᠨᠠᠮᠠᠭᠠᠶ ᠬᠠᠨᠳᠤᠵᠤ ᠲᠣᠬᠢᠲᠠᠶ ᠱᠢᠶᠳᠪᠦᠷᠢᠯᠡᠪᠡᠯ ᠵᠤᠬᠢᠨ᠎ᠠ ᠭᠡᠳᠡᠭ᠎ᠢ ᠳᠤᠮᠳᠠᠳᠤ᠎ᠶ᠋ᠢᠨ ᠲᠠᠯ᠎ᠠ ᠶᠡᠷᠦᠨᠢ ᠰᠠᠨᠠᠭᠠᠴᠢᠯᠠᠭ᠍ᠰᠠᠭᠠᠷ ᠢᠷᠡᠵᠡᠢ᠃ ᠳᠤᠮᠳᠠᠳᠤ ᠠᠮᠧᠷᠢᠺᠠ ᠬᠠᠮᠲᠤᠷᠠᠯᠴᠠᠪᠠᠯ ᠬᠤᠶᠠᠷ ᠤᠯᠤᠰ᠎ᠲᠤ ᠪᠦᠷ ᠠᠱᠢᠭ᠍ᠲᠠᠶ᠂ ᠲᠡᠮᠡᠴᠡᠯᠳᠦᠪᠡᠯ ᠬᠤᠶᠠᠷ ᠲᠠᠯ᠎ᠠ᠎ᠪᠠᠷ᠎ᠢᠶᠠᠨ ᠪᠦᠷ ᠬᠤᠬᠢᠷᠠᠨ᠎ᠠ᠂ ᠡᠨᠡ ᠪᠣᠯ ᠬᠡᠳᠦᠨ ᠠᠷᠪᠠᠨ ᠵᠢᠯ᠎ᠤᠨ ᠲᠤᠷᠱᠢᠯᠭ᠎ᠠ ᠰᠤᠷᠭᠠᠮᠵᠢ᠎ᠠᠴᠠ ᠣᠯᠤᠭ᠍ᠰᠠᠨ ᠬᠠᠮᠤᠭ᠎ᠤᠨ ᠮᠡᠷᠭᠡᠨ ᠬᠤᠷᠢᠶᠠᠩᠭᠤᠢᠯᠠᠯ ᠪᠣᠯᠬᠤ ᠲᠤᠯᠠ ᠬᠤᠶᠠᠷ ᠲᠠᠯ᠎ᠠ᠎ᠪᠠᠷ᠎ᠢᠶᠠᠨ ᠪᠠᠲᠤ ᠴᠡᠭᠡᠵᠢᠯᠡᠬᠦ᠌ ᠬᠡᠷᠡᠭ᠌ᠲᠡᠶ᠃
    ᠳᠤᠮᠳᠠᠳᠤ ᠠᠮᠧᠷᠢᠺᠠ᠎ᠶ᠋ᠢᠨ ᠨᠡᠢᠭᠡᠮ᠎ᠤᠨ ᠪᠠᠢᠭᠤᠯᠤᠯ ᠠᠳᠠᠯᠢ ᠦᠭᠡᠢ᠂ ᠭᠡᠪᠡᠴᠦ᠍ ᠡᠨᠡ ᠪᠣᠯ ᠬᠤᠶᠠᠷ ᠤᠯᠤᠰ᠎ᠤᠨ ᠠᠷᠠᠳ ᠲᠦᠮᠡᠨ᠎ᠤ ᠲᠤᠰ ᠲᠤᠰ᠎ᠤᠨ ᠰᠣᠩᠭᠤᠯᠲᠠ ᠮᠥᠨ᠂ ᠬᠠᠷᠢᠯᠴᠠᠨ ᠬᠦᠨᠳᠦᠳᠭᠡᠬᠦ᠌ ᠬᠡᠷᠡᠭ᠌ᠲᠡᠶ᠃ ᠳᠤᠮᠳᠠᠳᠤ ᠠᠮᠧᠷᠢᠺᠠ᠎ᠶ᠋ᠢᠨ ᠬᠤᠭᠤᠷᠣᠨᠳᠣ ᠦᠨᠡᠬᠡᠷ ᠪᠠᠭ᠎ᠠ ᠪᠤᠰᠤ ᠵᠥᠷᠢᠯᠳᠦᠭᠡᠨ ᠣᠷᠣᠱᠢᠵᠤ ᠪᠠᠢᠨ᠎ᠠ᠂ ᠭᠡᠪᠡᠴᠦ᠍ ᠡᠨᠡ᠎ᠨᠢ ᠬᠠᠮᠲᠤᠷᠠᠯᠴᠠᠬᠤ ᠣᠷᠣᠨ ᠵᠠᠶ ᠦᠭᠡᠢ ᠭᠡᠰᠡᠨ ᠶᠠᠪᠤᠳᠠᠯ ᠪᠢᠰᠢ ᠶᠤᠮ᠃ ᠣᠳᠣᠬᠠᠨ᠎ᠤ ᠳᠡᠯᠡᠬᠡᠢ ᠳᠡᠭᠡᠷᠡᠬᠢ ᠪᠠᠷᠤᠭ ᠪᠤᠢ ᠪᠦᠬᠦᠢ ᠪᠦᠬᠦ᠌ ᠪᠥᠮᠪᠥᠷᠴᠡᠭ᠎ᠤᠨ ᠴᠢᠨᠠᠷᠲᠠᠢ ᠥᠷᠢᠰᠥᠯᠳᠦᠭᠡᠨ᠎ᠢ ᠴᠥᠮ ᠳᠤᠮᠳᠠᠳᠤ ᠠᠮᠧᠷᠢᠺᠠ ᠬᠤᠶᠠᠷ ᠲᠤᠮᠤ ᠤᠯᠤᠰ ᠵᠣᠬᠢᠴᠠᠭᠤᠯᠤᠨ ᠠᠷᠭᠠᠴᠠᠭᠠᠬᠤ ᠴᠢᠬᠤᠯᠠᠲᠠᠢ ᠪᠠᠢᠨ᠎ᠠ᠃
    ᠳᠤᠮᠳᠠᠳᠤ᠎ᠶ᠋ᠢᠨ ᠲᠠᠯ᠎ᠠ ᠮᠥᠷᠭᠦᠯᠳᠦᠭᠡᠨ ᠭᠠᠷᠭᠠᠬᠤ ᠦᠭᠡᠢ ᠡᠰᠡᠷᠭᠦᠴᠡᠯᠳᠦᠬᠦ᠌ ᠦᠭᠡᠢ᠂ ᠬᠠᠷᠢᠯᠴᠠᠨ ᠬᠦᠨᠳᠦᠳᠭᠡᠬᠦ᠂ ᠬᠠᠮᠲᠤᠷᠠᠯᠴᠠᠨ ᠬᠠᠮᠲᠤ᠎ᠪᠠᠷ ᠠᠱᠢᠭ ᠬᠦᠷᠲᠡᠬᠦ᠌ ᠵᠣᠷᠢᠭ ᠰᠠᠨᠠᠭ᠎ᠠ᠎ᠶ᠋ᠢ ᠪᠠᠷᠢᠮᠲᠠᠯᠠᠵᠤ᠂ ᠠᠮᠧᠷᠢᠺᠠ᠎ᠶ᠋ᠢᠨ ᠲᠠᠯ᠎ᠠ᠎ᠲᠠᠢ ᠵᠣᠬᠢᠴᠠᠩᠭᠤᠢ᠂ ᠬᠠᠮᠲᠤᠷᠠᠯᠴᠠᠭ᠍ᠰᠠᠨ᠂ ᠲᠣᠭ᠍ᠲᠠᠭᠤᠨ ᠳᠤᠮᠳᠠᠳᠤ ᠠᠮᠧᠷᠢᠺᠠ᠎ᠶ᠋ᠢᠨ ᠬᠠᠷᠢᠴᠠᠭ᠎ᠠ᠎ᠶ᠋ᠢ ᠪᠠᠢᠭᠤᠯᠤᠨ᠎ᠠ ᠭᠡᠵᠤ ᠢᠮᠠᠭ᠍ᠲᠠ ᠬᠦᠴᠦᠯᠡᠭ᠌ᠰᠡᠭᠡᠷ ᠪᠠᠢᠭ᠎ᠠ ᠶᠤᠮ᠃ ᠡᠭᠦᠨ᠎ᠤ ᠵᠡᠷᠭᠡ᠎ᠪᠠᠷ᠂ ᠪᠢᠳᠡ ᠪᠠᠰᠠ ᠡᠷᠬᠡᠪᠰᠢ ᠳᠤᠮᠳᠠᠳᠤ ᠤᠯᠤᠰ᠎ᠤᠨ ᠡᠷᠬᠡ ᠮᠡᠳᠡᠯ ᠪᠠ ᠨᠤᠲᠤᠭ ᠳᠡᠪᠢᠰᠭᠡᠷ᠎ᠤᠨ ᠪᠦᠷᠢᠨ ᠪᠦᠲᠦᠨ ᠪᠠᠢᠬᠤ᠎ᠶ᠋ᠢ ᠬᠠᠮᠠᠭᠠᠯᠠᠵᠤ᠂ ᠥᠪᠡᠷ᠎ᠤᠨ ᠵᠦᠶ ᠶᠣᠰᠣᠨ᠎ᠤ ᠬᠥᠭ᠌ᠵᠢᠯᠲᠡ᠎ᠶ᠋ᠢᠨ ᠡᠷᠬᠡ᠎ᠪᠠᠨ ᠬᠠᠮᠠᠭᠠᠯᠠᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠤ ᠬᠠᠯᠠ ᠵᠣᠪᠠᠯᠠᠩ᠎ᠢ ᠲᠤᠭᠤᠯᠤᠨ ᠪᠠᠢᠵᠤ ᠣᠯᠤᠭ᠍ᠰᠠᠨ ᠪᠠᠢᠷᠢ ᠰᠠᠭᠤᠷᠢ ᠪᠠ ᠨᠡᠷ᠎ᠡ ᠬᠦᠨᠳᠦ᠎ᠪᠠᠨ ᠬᠠᠮᠠᠭᠠᠯᠠᠨ᠎ᠠ᠃ ᠳᠤᠮᠳᠠᠳᠤ ᠤᠯᠤᠰ ᠠᠮᠧᠷᠢᠺᠠ᠎ᠶ᠋ᠢ ᠬᠤᠪᠢᠷᠠᠭᠤᠯᠬᠤ ᠰᠠᠨᠠᠭ᠎ᠠ ᠦᠭᠡᠢ᠂ ᠨᠡᠩ ᠴᠤ᠌ ᠠᠮᠧᠷᠢᠺᠠ᠎ᠶ᠋ᠢ ᠣᠷᠣᠯᠠᠬᠤ ᠰᠠᠨᠠᠭ᠎ᠠ ᠦᠭᠡᠢ; ᠠᠮᠧᠷᠢᠺᠠ ᠪᠠᠰᠠ ᠦᠪᠡᠷ᠎ᠤᠨ ᠰᠠᠨᠠᠭ᠎ᠠ᠎ᠪᠠᠷ᠎ᠢᠶᠠᠨ ᠳᠤᠮᠳᠠᠳᠤ ᠤᠯᠤᠰ᠎ᠢ ᠬᠤᠪᠢᠷᠠᠭᠤᠯᠵᠤ ᠴᠢᠳᠠᠬᠤ ᠦᠭᠡᠢ᠂ ᠳᠤᠮᠳᠠᠳᠤ ᠤᠯᠤᠰ᠎ᠤᠨ 14 ᠳ᠋ᠦᠩᠱᠢᠭᠤᠷ ᠠᠷᠠᠳ ᠲᠦᠮᠡᠨ᠎ᠤ ᠣᠳᠣᠬᠢᠴᠢᠯᠠᠯᠲᠠ ᠲᠡᠢᠰᠢ ᠤᠷᠤᠭ᠍ᠰᠢᠯᠠᠬᠤ ᠲᠡᠤᠬᠡᠨ ᠠᠬᠢᠴᠠ᠎ᠶ᠋ᠢ ᠨᠡᠩ ᠴᠤ᠌ ᠬᠤᠷᠢᠬ᠍ᠯᠠᠵᠤ ᠲᠡᠢᠯᠬᠦ᠌ ᠦᠭᠡᠢ ᠶᠤᠮ᠃
    ᠠᠮᠧᠷᠢᠺᠠ᠎ᠶ᠋ᠢᠨ ᠵᠠᠷᠢᠮ ᠤᠯᠤᠰ ᠲᠦᠷᠦ᠎ᠶ᠋ᠢᠨ ᠬᠦᠴᠦᠨ ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ᠎ᠶ᠋ᠢ ᠪᠠᠷᠢᠴᠠᠭᠠᠯᠠᠵᠤ᠂ ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ᠎ᠶ᠋ᠢ 《ᠱᠢᠨ᠎ᠡ ᠬᠦᠢᠳᠡᠨ ᠲᠠᠢᠨ》 ᠤᠷᠤᠭᠤ ᠲᠦᠯᠬᠢᠨ ᠣᠷᠣᠭᠤᠯᠬᠤ᠎ᠪᠠᠷ ᠤᠷᠤᠯᠳᠤᠵᠤ ᠪᠠᠢᠨ᠎ᠠ᠃ ᠡᠢᠮᠦᠷᠬᠦᠦ ᠠᠶᠤᠯᠲᠠᠢ ᠠᠷᠭ᠎ᠠ ᠬᠢᠲᠡᠯ᠎ᠨᠢ ᠲᠡᠦᠬᠡᠨ ᠬᠦᠭ᠌ᠵᠢᠯᠲᠡ᠎ᠶ᠋ᠢ ᠤᠬᠤᠷᠢᠭᠤᠯᠵᠤ᠂ ᠬᠤᠶᠠᠷ ᠤᠯᠤᠰ᠎ᠤᠨ ᠠᠷᠠᠳ ᠲᠦᠮᠡᠨ᠎ᠤ ᠤᠳᠠᠭᠠᠨ ᠵᠢᠯ ᠬᠤᠷᠠᠮᠳᠤᠭᠤᠯᠤᠭ᠍ᠰᠠᠨ ᠬᠠᠮᠲᠤᠷᠠᠯᠴᠠᠭᠠᠨ᠎ᠤ ᠦᠷ᠎ᠡ ᠪᠦᠲᠦᠭᠡᠯ᠎ᠢ ᠦᠭᠡᠢᠬᠢᠬᠦ᠌᠎ᠪᠠᠷ ᠪᠠᠷᠠᠬᠤ ᠦᠭᠡᠶ ᠪᠠᠰᠠ ᠠᠮᠧᠷᠢᠺᠠ᠎ᠶ᠋ᠢᠨ ᠦᠪᠡᠷ᠎ᠤᠨ ᠢᠷᠡᠭᠡᠳᠦᠶ᠎ᠶ᠋ᠢᠨ ᠬᠥᠭ᠌ᠵᠢᠯᠲᠡ᠎ᠶ᠋ᠢ ᠬᠤᠬᠢᠷᠠᠭᠤᠯᠵᠤ᠂ ᠳᠡᠯᠡᠬᠡᠶ᠎ᠶ᠋ᠢᠨ ᠲᠣᠭ᠍ᠲᠠᠭᠤᠨ ᠪᠠ ᠬᠥᠭ᠌ᠵᠢᠯ ᠴᠡᠴᠡᠭ᠌ᠯᠡᠯ᠎ᠳᠤ ᠠᠶᠤᠯ ᠲᠦᠭ᠌ᠰᠢᠭᠦᠷᠢ ᠤᠴᠠᠷᠠᠭᠤᠯᠬᠤ ᠶᠤᠮ᠂ ᠤᠳᠤ ᠡᠭᠦᠨ᠎ᠢ ᠰᠡᠷᠡᠮᠵᠢᠯᠡᠬᠦ᠌ ᠬᠡᠷᠡᠭ᠌ᠲᠡᠢ᠃ ᠬᠤᠶᠠᠷ ᠤᠯᠤᠰ᠎ᠤᠨ ᠡᠯ᠎ᠡ ᠡᠲᠡᠭᠡᠳ᠎ᠤᠨ ᠡᠷᠳᠡᠮᠲᠡᠨ ᠮᠡᠷᠭᠡᠳ ᠡᠭᠦᠨ᠎ᠢ ᠬᠤᠷᠢᠬ᠍ᠯᠠᠨ ᠵᠣᠭ᠍ᠰᠣᠭᠠᠬᠤ ᠬᠡᠷᠡᠭ᠌ᠲᠡᠶ᠃
    ᠮᠥᠨ ᠯᠡ ᠲᠡᠷᠡ ᠦᠭᠡ᠂ ᠳᠤᠮᠳᠠᠳᠤ ᠠᠮᠧᠷᠢᠺᠠ ᠬᠤᠶᠠᠷ ᠤᠯᠤᠰ᠎ᠤᠨ ᠠᠷᠠᠳ ᠲᠦᠮᠡᠨ᠎ᠤ ᠦᠨᠳᠦᠰᠦᠨ ᠠᠱᠢᠭ ᠲᠤᠰᠠ ᠪᠠ ᠠᠯᠤᠰ ᠬᠡᠳᠦ᠎ᠶ᠋ᠢᠨ ᠠᠱᠢᠭ ᠲᠤᠰᠠ᠎ᠶ᠋ᠢᠨ ᠲᠥᠯᠥᠭᠡ᠂ ᠬᠥᠮᠦᠨ ᠲᠥᠷᠥᠯᠬᠢᠲᠡᠨ᠎ᠤ ᠢᠷᠡᠭᠡᠳᠦᠶ ᠪᠣᠯᠤᠨ ᠪᠤᠶᠠᠨ ᠵᠢᠷᠭᠠᠯ᠎ᠤᠨ ᠲᠥᠯᠥᠭᠡ᠂ ᠳᠤᠮᠳᠠᠳᠤ ᠠᠮᠧᠷᠢᠺᠠ ᠬᠤᠶᠠᠷ ᠲᠠᠯ᠎ᠠ᠎ᠪᠠᠷ᠎ᠢᠶᠠᠨ ᠡᠷᠬᠡᠪᠰᠢ ᠠᠳᠠᠯᠢ ᠪᠤᠰᠤ ᠨᠡᠢᠭᠡᠮ᠎ᠤᠨ ᠪᠠᠢᠭᠤᠯᠤᠯ᠂ ᠠᠳᠠᠯᠢ ᠪᠤᠰᠤ ᠰᠣᠶᠣᠯ᠎ᠤᠨ ᠠᠬᠤᠶ ᠪᠠᠢᠳᠠᠯ᠎ᠲᠠᠢ ᠤᠯᠤᠰ᠎ᠤᠨ ᠡᠨᠡ ᠬᠦ᠌ ᠤᠲᠤᠨ ᠪᠥᠮᠪᠥᠷᠴᠡᠭ ᠳᠡᠭᠡᠷ᠎ᠡ ᠨᠠᠢᠷᠠᠮᠳᠠᠯ᠎ᠢᠶᠠᠷ ᠵᠡᠷᠭᠡᠴᠡᠨ ᠣᠷᠣᠱᠢᠬᠤ᠂ ᠬᠠᠷᠢᠯᠴᠠᠨ ᠠᠱᠢᠭ᠍ᠲᠠᠶ ᠬᠠᠮᠲᠤ᠎ᠪᠠᠷ ᠠᠱᠢᠭ ᠬᠦᠷᠳᠡᠬᠦ᠌ ᠬᠠᠮᠲᠤ᠎ᠪᠠᠷ ᠤᠷᠤᠱᠢᠬᠤ ᠵᠠᠮ᠎ᠢ ᠡᠷᠢᠯᠬᠢᠯᠡᠬᠦ᠌ ᠬᠡᠷᠡᠭ᠌ᠲᠡᠢ᠃
    ᠱᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ᠄ ᠬᠢᠵᠢᠭ᠎ᠤᠨ ᠪᠠᠢᠳᠠᠯ᠎ᠨᠢ ᠳᠡᠯᠡᠬᠡᠢ ᠶᠢᠷᠲᠢᠨᠴᠦ᠎ᠶ᠋ᠢ ᠥᠩᠭᠡᠷᠡᠭ᠌ᠰᠡᠨ᠎ᠤ ᠪᠠᠢᠲᠠᠯ᠎ᠳᠠᠭᠠᠨ ᠪᠤᠴᠠᠵᠤ ᠳᠡᠢᠯᠬᠦ᠌ ᠦᠭᠡᠢ ᠪᠣᠯᠭᠠᠪᠠ᠂ ᠳᠤᠮᠳᠠᠳᠤ᠎ᠶ᠋ᠢᠨ ᠲᠠᠯ᠎ᠠ᠎ᠶ᠋ᠢᠨ᠎ᠬᠢᠨ ᠬᠢᠵᠢᠭ᠎ᠤᠨ ᠳᠠᠷᠠᠭᠠᠬᠢ ᠳᠡᠯᠡᠬᠡᠢ ᠶᠢᠷᠲᠢᠨᠴᠦ᠍ ᠪᠣᠯᠤᠨ ᠳᠡᠯᠡᠬᠡᠢᠵᠢᠯᠲᠡ᠎ᠶ᠋ᠢᠨ ᠢᠷᠡᠭᠡᠳᠦᠢ᠎ᠶ᠋ᠢᠨ ᠲᠤᠬᠠᠢ ᠬᠡᠷᠬᠢᠨ ᠦᠵᠡᠬᠦ᠌ ᠪᠤᠢ?
    ᠸᠠᠩ ᠢ᠄ ᠳᠡᠯᠡᠬᠡᠢ ᠶᠢᠷᠲᠢᠨᠴᠦ᠍ ᠬᠡᠯᠡᠯᠭᠡᠨ ᠦᠭᠡᠢ ᠥᠩᠭᠡᠷᠡᠭ᠌ᠰᠡᠨ᠎ᠤ ᠪᠠᠢᠲᠠᠯ᠎ᠳᠠᠭᠠᠨ ᠪᠤᠴᠠᠵᠤ ᠲᠡᠢᠯᠬᠦ᠌ ᠦᠭᠡᠢ᠂ ᠤᠴᠢᠷ᠎ᠨᠢ ᠲᠡᠦᠬᠡ ᠤᠷᠤᠬ᠍ᠰᠢᠯᠠᠨ ᠳᠠᠪᠱᠢᠵᠤ ᠪᠤᠢ᠃ ᠳᠡᠯᠡᠬᠡᠢ᠎ᠶ᠋ᠢᠨ ᠬᠥᠭ᠌ᠵᠢᠯᠲᠡ᠎ᠶ᠋ᠢᠨ ᠲᠡᠦᠬᠡ᠎ᠶ᠋ᠢ ᠠᠵᠢᠬ᠍ᠯᠠᠪᠠᠯ᠂ ᠬᠥᠮᠦᠨ ᠲᠥᠷᠥᠯᠬᠢᠲᠡᠨ ᠶᠠᠭ ᠶᠡᠭᠡ ᠭᠠᠢ ᠭᠠᠮᠱᠢᠭ᠎ᠯᠤᠭ᠎ᠠ ᠤᠳᠠᠭ᠎ᠠ ᠲᠠᠷᠠᠭᠠᠯᠠᠨ ᠲᠡᠮᠡᠴᠡᠵᠤ ᠢᠯᠠᠬᠤ᠎ᠶ᠋ᠢᠨ ᠳᠤᠮᠳᠠ ᠬᠥᠭ᠌ᠵᠢᠨ ᠲᠠᠪᠱᠢᠬ᠍ᠰᠠᠨ ᠶᠤᠮ᠃ ᠳᠤᠮᠳᠠᠳᠤ᠎ᠶ᠋ᠢᠨ ᠲᠠᠯ᠎ᠠ᠎ᠶ᠋ᠢᠨ᠎ᠬᠢᠨ᠂ ᠬᠡᠷᠪᠡ ᠡᠯ᠎ᠡ ᠤᠯᠤᠰ᠎ᠤᠨ᠎ᠬᠢᠨ ᠴᠦᠮ ᠵᠥᠪ ᠰᠣᠩᠭᠤᠯᠲᠠ ᠬᠢᠵᠦ᠍᠂ ᠵᠥᠪ ᠴᠢᠭ᠌ᠯᠡᠯ᠎ᠢ ᠪᠠᠷᠢᠮᠲᠠᠯᠠᠳᠠᠭ ᠯᠠ ᠶᠤᠮ ᠪᠣᠯ᠂ ᠮᠠᠨ᠎ᠤ ᠡᠨᠡ ᠳᠡᠯᠡᠬᠡᠶ ᠶᠢᠷᠲᠢᠨᠴᠦ᠍ ᠯᠠᠪᠲᠠᠶ ᠬᠢᠵᠢᠭ᠎ᠤᠨ ᠪᠠᠢᠳᠠᠯ᠎ᠢ ᠢᠯᠠᠭ᠍ᠰᠠᠨ᠎ᠤ ᠳᠠᠷᠠᠭ᠎ᠠ ᠨᠠᠩ ᠭᠡᠭᠡᠨ ᠰᠠᠷᠠᠭᠤᠯ ᠢᠷᠡᠭᠡᠳᠦᠶ᠎ᠪᠠᠨ ᠤᠭ᠍ᠲᠤᠨ ᠠᠪᠴᠢᠷᠠᠵᠤ ᠴᠢᠳᠠᠨ᠎ᠠ ᠭᠡᠵᠦ᠍ ᠦᠵᠡᠵᠦ᠍ ᠪᠠᠢᠨ᠎ᠠ᠃
    ᠡᠩ ᠲᠡᠷᠢᠭᠦᠨ᠎ᠳᠤ᠂ ᠳᠡᠯᠡᠬᠡᠢᠵᠢᠯᠲᠡ᠎ᠨᠢ ᠨᠡᠩ ᠪᠠᠭ᠍ᠲᠠᠭᠠᠮᠵᠢᠲᠠᠢ ᠪᠥᠭᠡᠳ ᠲᠦᠭᠡᠮᠡᠯ ᠬᠦᠷᠲᠡᠭᠡᠮᠵᠢᠲᠦ ᠬᠥᠭ᠌ᠵᠢᠯᠲᠡ᠎ᠶ᠋ᠢ ᠱᠠᠭᠠᠷᠳᠠᠨ᠎ᠠ᠃ ᠳᠡᠯᠡᠬᠡᠢᠵᠢᠯᠲᠡ ᠪᠣᠯ ᠳᠡᠯᠡᠬᠡᠢ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠵᠠᠢᠯᠠᠰᠢ ᠦᠭᠡᠢ ᠬᠠᠨᠳᠤᠰᠢ ᠮᠥᠨ᠂ ᠪᠠᠰᠠ ᠴᠤ᠌ ᠬᠥᠮᠦᠨ ᠲᠥᠷᠥᠯᠬᠢᠲᠡᠨ᠎ᠤ ᠲᠠᠪᠱᠢᠯᠳᠠ᠎ᠶ᠋ᠢ ᠠᠬᠢᠭᠤᠯᠬᠤ ᠬᠦᠴᠦᠷᠬᠡᠭ ᠶᠡᠭᠡ ᠤᠷᠤᠰᠭᠠᠯ ᠮᠥᠨ᠃ ᠠᠵᠤ ᠠᠬᠤᠢ᠎ᠶ᠋ᠢᠨ ᠳᠡᠯᠡᠬᠡᠢᠵᠢᠯᠲᠡ᠎ᠨᠢ ᠶᠠᠭ ᠯᠠ ᠲᠤᠭ᠎ᠠ ᠦᠭᠡᠢ ᠤᠯᠠᠨ ᠭᠤᠤᠯ ᠮᠦᠷᠡᠨ᠎ᠢᠶᠠᠷ ᠪᠦᠷᠢᠯᠳᠦᠭ᠌ᠰᠡᠨ ᠨᠡᠯᠦᠭᠡᠷ ᠶᠡᠭᠡ ᠲᠠᠯᠠᠢ ᠮᠡᠲᠦ᠍᠂ ᠲᠠᠬᠢᠨ ᠬᠠᠷᠢᠯᠴᠠᠨ ᠰᠠᠯᠤᠩᠭᠢᠷᠠᠭ᠍ᠰᠠᠨ ᠨᠠᠭᠤᠷ ᠴᠥᠭᠦᠷᠥᠮ ᠪᠤᠯᠵᠤ ᠬᠤᠪᠢᠷᠠᠬᠤ ᠪᠣᠯᠤᠯᠴᠠᠭ᠎ᠠ ᠦᠭᠡᠢ ᠶᠤᠮ᠃ ᠳᠡᠯᠡᠬᠡᠢᠵᠢᠯᠲᠡ᠎ᠶ᠋ᠢ ᠲᠡᠪᠴᠢᠵᠦ᠍᠂ ᠬᠠᠮᠠᠭᠠᠯᠠᠬᠤ ᠦᠵᠡᠯ᠎ᠢ ᠲᠠᠬᠢᠨ ᠪᠠᠷᠢᠮᠲᠠᠯᠠᠬᠤ᠎ᠨᠢ ᠯᠠᠪᠲᠠᠢ ᠠᠯᠤᠰ ᠢᠷᠡᠭᠡᠳᠦᠢ ᠦᠭᠡᠢ ᠶᠤᠮ᠃
    ᠪᠢᠳᠡ ᠡᠬᠢ ᠪᠠᠶᠠᠯᠢᠭ᠎ᠢ ᠪᠦᠬᠦ᠌ ᠪᠥᠮᠪᠥᠷᠴᠡᠭ᠎ᠢᠶᠠᠷ ᠵᠦᠶ ᠵᠣᠬᠢᠰᠲᠠᠶ ᠲᠣᠬᠢᠷᠠᠭᠤᠯᠵᠤ᠂ ᠬᠠᠮᠤᠭ᠎ᠤᠨ ᠰᠠᠢᠨ ᠥᠪᠡᠷ᠎ᠤᠨ ᠥᠷᠲᠡᠭ᠎ᠤᠨ ᠦᠷ᠎ᠡ ᠠᠱᠢᠭ᠎ᠢ ᠪᠠᠲᠤᠯᠠᠬᠤ᠎ᠶ᠋ᠢ ᠪᠠᠷᠢᠮᠲᠠᠯᠠᠬᠤ᠎ᠶ᠋ᠢᠨ ᠬᠠᠮᠲᠤ ᠪᠠᠰᠠ ᠳᠡᠯᠡᠬᠡᠢᠵᠢᠯᠲᠡ᠎ᠠᠴᠠ ᠪᠣᠯᠤᠭ᠍ᠰᠠᠨ ᠶᠠᠳᠠᠭᠤ ᠪᠠᠶᠠᠨ᠎ᠤ ᠵᠥᠷᠢᠶ᠎ᠡ ᠶᠡᠬᠡᠰᠭᠦ᠂ ᠭᠠᠵᠠᠷ ᠣᠷᠣᠨ᠎ᠤ ᠬᠥᠭ᠌ᠵᠢᠯᠲᠡ ᠲᠡᠩᠴᠡᠭᠦᠷᠢ ᠦᠭᠡᠢ ᠪᠤᠯᠬᠤ ᠵᠡᠷᠭᠡ ᠭᠡᠮ ᠰᠣᠭᠤᠭ᠎ᠢ ᠨᠠᠮᠳᠠᠭᠤᠯᠬᠤ᠎ᠶ᠋ᠢ ᠨᠡᠩ ᠠᠩᠬᠠᠷᠬᠤ ᠬᠡᠷᠡᠭ᠌ᠲᠡᠶ᠃ ᠳᠡᠯᠡᠬᠡᠢᠵᠢᠯᠲᠠ᠎ᠳᠤ ᠣᠷᠣᠱᠢᠵᠤ ᠪᠠᠢᠭ᠎ᠠ ᠠᠰᠠᠭᠤᠳᠠᠯ᠎ᠢ ᠵᠥᠪᠬᠡᠨ ᠳᠡᠯᠡᠬᠡᠢᠵᠢᠯᠲᠡ᠎ᠶ᠋ᠢᠨ ᠬᠥᠭ᠌ᠵᠢᠯᠲᠡ᠎ᠶ᠋ᠢᠨ ᠳᠤᠮᠳᠠ ᠯᠠ ᠱᠢᠢᠳᠪᠦᠷᠢᠯᠡᠬᠦ᠌ ᠬᠡᠷᠡᠭ᠌ᠲᠡᠢ᠃ ᠡᠭᠦᠨ᠎ᠳᠤ ᠪᠢᠳᠡ ᠳᠡᠯᠡᠬᠡᠢᠵᠢᠯᠲᠡ᠎ᠶ᠋ᠢᠨ ᠬᠠᠨᠳᠤᠰᠢ᠎ᠶ᠋ᠢ ᠢᠳᠡᠪᠬᠢᠲᠡᠢ ᠬᠦᠳᠦᠯᠤᠨ ᠵᠢᠯᠣᠭᠤᠳᠭᠤ ᠴᠢᠬᠤᠯᠠᠲᠠᠢ᠃ ᠲᠡᠷᠢᠭᠦᠯᠡᠭ᠌ᠴᠢ ᠰᠢ᠎ᠶ᠋ᠢᠨ ᠫᠢᠩ 2017 ᠣᠨ᠎ᠤ ᠳ᠋ᠠᠦ᠋ᠰ᠎ᠤᠨ ᠶᠠᠷᠢᠶᠠᠨ᠎ᠳᠠᠭᠠᠨ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠳᠡᠯᠡᠬᠡᠢᠵᠢᠯᠲᠡ᠎ᠶ᠋ᠢᠨ ᠲᠤᠬᠠᠢ ᠦᠵᠡᠯᠲᠡ᠎ᠶ᠋ᠢ ᠪᠦᠬᠦ᠌ ᠲᠠᠯ᠎ᠠ᠎ᠪᠠᠷ ᠲᠣᠳᠣᠷᠬᠠᠢᠯᠠᠨ ᠥᠭᠦᠯᠡᠵᠦ᠍᠂ ᠠᠵᠤ ᠠᠬᠤᠢ᠎ᠶ᠋ᠢᠨ ᠳᠡᠯᠡᠬᠡᠢᠵᠢᠯᠲᠡ᠎ᠶ᠋ᠢ ᠨᠡᠩ ᠨᠡᠭᠡᠭᠡᠯᠲᠡᠲᠡᠢ᠂ ᠪᠠᠭ᠍ᠲᠠᠭᠠᠮᠵᠢᠲᠠᠢ᠂ ᠲᠦᠭᠡᠮᠡᠯ ᠠᠱᠢᠭ ᠬᠦᠷᠲᠡᠭᠡᠬᠦ᠂ ᠲᠡᠩᠴᠡᠭᠦᠷᠢᠲᠡᠢ᠂ ᠬᠠᠮᠲᠤ᠎ᠪᠠᠷ ᠠᠱᠢᠭ ᠬᠦᠷᠳᠡᠬᠦ᠌ ᠴᠢᠭ᠌ᠯᠡᠯ ᠲᠡᠢᠰᠢ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠢ ᠭᠡᠵᠦ᠍ ᠳᠤᠷᠠᠳᠪᠠ᠃ ᠥᠨᠥᠳᠦᠷ ᠪᠢᠳᠡ ᠡᠨᠡ ᠬᠦ᠌ ᠨᠤᠲᠠᠯᠠᠯᠲᠠ᠎ᠶ᠋ᠢ ᠳᠠᠬᠢᠨ ᠡᠷᠭᠢᠴᠡᠭᠦᠯᠪᠡᠯ᠂ ᠲᠡᠭᠦᠨ᠎ᠤ ᠳᠣᠲᠣᠷ᠎ᠠ ᠠᠭᠤᠯᠤᠭ᠍ᠳᠠᠵᠤ ᠪᠠᠢᠭ᠎ᠠ ᠡᠯᠪᠡᠭ ᠪᠠᠶᠠᠯᠢᠭ ᠠᠭᠤᠯᠤᠭ᠍ᠳᠠᠬᠤᠨ ᠪᠠ ᠯᠤᠲᠤ ᠶᠡᠭᠡ ᠬᠦᠴᠦᠨ᠎ᠢ ᠨᠡᠩ ᠭᠦᠨᠵᠡᠭᠡᠶ ᠣᠢᠯᠠᠭᠠᠬᠤ ᠪᠤᠯᠤᠨ᠎ᠠ᠃
    ᠬᠤᠶᠠᠳᠤᠭᠠᠷ᠎ᠲᠤ᠌᠂ ᠤᠯᠠᠨ ᠲᠠᠯᠠᠲᠤ ᠦᠵᠡᠯ᠎ᠢ ᠨᠡᠩ ᠡᠷᠡᠰ ᠪᠠᠲᠤ ᠬᠠᠮᠠᠭᠠᠯᠠᠵᠤ ᠪᠠᠳᠠᠷᠠᠭᠤᠯᠬᠤ ᠴᠢᠬᠤᠯᠠᠲᠠᠶ᠃ ᠬᠡᠴᠢᠨᠡᠨ ᠬᠦᠴᠦᠷᠬᠡᠭ ᠶᠡᠭᠡ ᠤᠯᠤᠰ ᠴᠤ᠌ ᠭᠡᠰᠡᠨ ᠴᠥᠮ ᠪᠡᠶ᠎ᠡ᠎ᠪᠠᠨ ᠪᠤᠳᠤᠭᠠᠳ ᠪᠤᠰᠤᠳ᠎ᠢ ᠬᠠᠢᠬᠤᠷᠬᠤ ᠦᠭᠡᠢ ᠪᠠᠢᠵᠤ ᠪᠤᠯᠬᠤ ᠦᠭᠡᠢ᠃ ᠬᠠᠷᠠᠵᠤ ᠪᠠᠢᠭᠠᠳ ᠬᠠᠢᠬᠤᠷᠬᠤ ᠦᠭᠡᠢ ᠪᠤᠯ ᠡᠴᠦᠰ᠎ᠲᠡᠭᠡᠨ ᠥᠪᠡᠷ᠎ᠤᠨ ᠪᠡᠶ᠎ᠡ᠎ᠪᠠᠨ ᠬᠤᠣᠷᠯᠠᠨ᠎ᠠ᠂ ᠪᠦᠳᠦᠷᠢᠭ᠌ᠰᠡᠨ ᠳᠡᠭᠡᠷ᠎ᠡ᠎ᠨᠢ ᠨᠢᠳᠤᠷᠪᠠᠯ ᠡᠴᠦᠰ᠎ᠲᠡᠭᠡᠨ ᠢᠲᠡᠭᠡᠯ ᠬᠦᠨᠳᠦ᠎ᠪᠠᠨ ᠪᠠᠷᠠᠨ᠎ᠠ᠃ ᠪᠢ ᠬᠡᠮᠡᠨ ᠰᠠᠬ᠍ᠰᠠᠭᠤᠷᠠᠵᠤ᠂ ᠬᠠᠷᠢᠭᠤᠴᠠᠯᠭ᠎ᠠ᠎ᠪᠠᠨ ᠲᠦᠯᠬᠢᠬᠦ᠌᠎ᠨᠢ ᠥᠪᠡᠷ᠎ᠤᠨ ᠲᠤᠯᠭᠠᠷᠠᠵᠤ ᠪᠠᠢᠭ᠎ᠠ ᠠᠰᠠᠭᠤᠳᠠᠯ᠎ᠢᠶᠠᠨ ᠱᠢᠢᠳᠪᠦᠷᠢᠯᠡᠦ ᠴᠢᠳᠠᠬᠤ ᠦᠭᠡᠢ ᠮᠥᠷᠲᠡᠭᠡᠨ ᠪᠤᠰᠤᠳ ᠤᠯᠤᠰ᠎ᠤᠨ ᠵᠦᠶ ᠶᠣᠰᠣᠨ᠎ᠤ ᠡᠷᠬᠡ ᠠᠱᠢᠭ᠎ᠢ ᠴᠤ᠌ ᠬᠤᠬᠢᠷᠠᠭᠤᠯᠬᠤ ᠪᠣᠯᠤᠨ᠎ᠠ ᠭᠡᠳᠡᠭ᠎ᠢ ᠡᠨᠡ ᠤᠳᠠᠭᠠᠨ᠎ᠤ ᠬᠢᠵᠢᠭ᠎ᠤᠨ ᠪᠠᠢᠳᠠᠯ᠎ᠨᠢ ᠪᠣᠳᠠᠲᠤ ᠬᠡᠷᠡᠭ᠎ᠢᠶᠠᠷ ᠭᠡᠷᠡᠴᠢᠯᠡᠪᠡ᠃ ᠤᠯᠠᠮ᠎ᠠᠴᠠ ᠤᠯᠠᠮ ᠣᠯᠠᠱᠢᠷᠠᠵᠤ ᠪᠠᠢᠭ᠎ᠠ ᠪᠦᠬᠦ᠌ ᠪᠥᠮᠪᠥᠷᠴᠡᠭ᠎ᠤᠨ ᠴᠢᠨᠠᠷᠲᠠᠢ ᠥᠷᠢᠰᠥᠯᠳᠦᠭᠡᠨ᠎ᠤ ᠡᠮᠦᠨ᠎ᠡ᠂ ᠳᠡᠯᠡᠬᠡᠢ ᠨᠡᠢᠭᠡᠮ᠎ᠢᠶᠠᠷ᠎ᠢᠶᠠᠨ ᠭᠠᠭ᠍ᠴᠠ ᠬᠦ᠌ ᠤᠯᠠᠨ ᠲᠠᠯᠠᠲᠤ ᠦᠵᠡᠯ᠎ᠢ ᠪᠠᠷᠢᠮᠲᠠᠯᠠᠪᠠᠯ ᠰᠠᠶᠢ ᠬᠠᠮᠲᠤᠷᠠᠯ ᠬᠦᠴᠦᠨ᠎ᠢ ᠪᠦᠷᠢᠯᠳᠦᠭᠦᠯᠵᠦ᠍ ᠴᠢᠳᠠᠨ᠎ᠠ; ᠪᠦᠯᠬᠦᠮᠳᠡᠨ ᠨᠢᠭᠡᠳᠪᠡᠯ ᠰᠠᠶᠢ ᠴᠠᠭ᠎ᠤᠨ ᠪᠡᠷᠬᠡ᠎ᠶ᠋ᠢ ᠬᠠᠮᠲᠤ᠎ᠪᠠᠷ ᠲᠤᠭᠤᠯᠵᠤ ᠴᠢᠳᠠᠨ᠎ᠠ᠃
    ᠭᠤᠷᠪᠠᠳᠤᠭᠠᠷ᠎ᠲᠤ᠌᠂ ᠪᠦᠬᠦ᠌ ᠪᠥᠮᠪᠥᠷᠴᠡᠭ᠎ᠤᠨ ᠵᠠᠰᠠᠯᠲᠠ᠎ᠳᠤ ᠨᠡᠩ ᠣᠨᠤᠴᠠᠲᠠᠢ ᠥᠭᠡᠷᠡᠴᠢᠯᠡᠯᠲᠡ ᠬᠢᠵᠦ᠍ ᠲᠡᠭᠦᠯᠳᠡᠷᠵᠢᠭᠦᠯᠬᠦ᠌ ᠴᠢᠬᠤᠯᠠᠲᠠᠢ᠃ ᠡᠨᠡ ᠤᠳᠠᠭᠠᠨ᠎ᠤ ᠬᠢᠵᠢᠭ᠎ᠤᠨ ᠪᠠᠢᠳᠠᠯ᠎ᠳᠤ ᠡᠯ᠎ᠡ ᠤᠯᠤᠰ᠎ᠤᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠱᠢᠰᠲ᠋ᠧᠮ᠎ᠤᠨ ᠬᠦᠷᠦᠯᠴᠡᠬᠦ᠌ ᠥᠬᠡᠶ ᠲᠠᠯ᠎ᠠ᠂ ᠪᠥᠬᠦ᠌ ᠪᠥᠮᠪᠥᠷᠴᠡᠭ᠎ᠤᠨ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠬᠡᠪᠡᠷᠡᠭ ᠪᠠᠢᠭ᠎ᠠ ᠵᠢᠴᠢ ᠪᠥᠬᠦ᠌ ᠪᠥᠮᠪᠥᠷᠴᠡᠭ᠎ᠤᠨ ᠵᠠᠰᠠᠯᠲᠠ᠎ᠶ᠋ᠢᠨ ᠴᠢᠳᠠᠪᠤᠷᠢ ᠪᠣᠯᠤᠨ ᠵᠠᠰᠠᠯᠲᠠ᠎ᠶ᠋ᠢᠨ ᠱᠢᠰᠲ᠋ᠧᠮ᠎ᠤᠨ ᠳᠤᠲᠠᠭᠤᠳᠠᠯ ᠢᠯᠡᠷᠡᠭ᠌ᠰᠡᠨ ᠪᠠᠢᠨ᠎ᠠ᠃ ᠪᠦᠬᠦ᠌ ᠪᠥᠮᠪᠥᠷᠴᠡᠭ᠎ᠤᠨ ᠵᠠᠰᠠᠯᠲᠠ᠎ᠶ᠋ᠢ ᠥᠭᠡᠷᠡᠴᠢᠯᠡᠨ ᠲᠡᠭᠦᠯᠳᠡᠷᠵᠢᠭᠦᠯᠬᠦ᠌ ᠪᠣᠯ ᠳᠡᠯᠡᠬᠡᠢ ᠨᠡᠢᠭᠡᠮ᠎ᠤᠨ ᠤᠲᠤᠬᠠᠨ᠎ᠤ ᠲᠤᠯᠭᠠᠮ ᠡᠭᠦᠷᠭᠡ ᠪᠤᠯᠤᠨ᠎ᠠ᠃ ᠡᠢᠮᠦ᠎ᠠᠴᠠ ᠪᠢᠳᠡ ᠡᠷᠬᠡᠪᠰᠢ ᠤᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠭᠤᠤᠯᠯᠠᠬᠤ ᠦᠶᠯᠡᠳᠦᠯ ᠵᠢᠴᠢ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ ᠪᠠ ᠡᠯ᠎ᠡ ᠲᠤᠰᠭᠠᠶ ᠪᠠᠢᠭᠤᠯᠤᠮᠵᠢ᠎ᠶ᠋ᠢᠨ ᠪᠠᠢᠪᠠᠰᠤ ᠵᠣᠬᠢᠬᠤ ᠲᠤᠱᠢᠶᠠᠯ ᠬᠠᠷᠢᠭᠤᠴᠠᠯᠭ᠎ᠠ᠎ᠶ᠋ᠢ ᠨᠡᠩ ᠭᠦᠶᠴᠡᠳ ᠪᠠᠳᠠᠷᠠᠭᠤᠯᠬᠤ ᠬᠡᠷᠡᠭ᠌ᠲᠡᠶ; ᠡᠯ᠎ᠡ ᠤᠯᠤᠰ᠎ᠤᠨ ᠬᠤᠷᠸ᠎ᠠ ᠲᠦᠷᠦ᠎ᠶ᠋ᠢᠨ ᠪᠤᠳᠤᠯᠭ᠎ᠠ᠎ᠶ᠋ᠢᠨ ᠵᠣᠬᠢᠴᠠᠭᠤᠯᠭ᠎ᠠ ᠵᠢᠴᠢ ᠵᠠᠰᠠᠯᠲᠠ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠨᠡᠩ ᠬᠠᠨᠳᠤᠯᠭᠠᠲᠤ ᠴᠢᠨᠠᠷᠲᠠᠶ᠎ᠪᠠᠷ ᠴᠢᠩᠭᠠᠳᠭᠠᠬᠤ ᠬᠡᠷᠡᠭ᠌ᠲᠡᠢ; ᠤᠯᠠᠨ ᠤᠯᠤᠰ᠎ᠤᠨ ᠬᠠᠤᠯᠢ ᠪᠠ ᠤᠯᠠᠨ ᠤᠯᠤᠰ᠎ᠤᠨ ᠬᠠᠷᠢᠯᠴᠠᠭᠠᠨ᠎ᠤ ᠦᠨᠳᠦᠰᠦᠨ ᠪᠠᠷᠢᠮᠵᠢᠶ᠎ᠠ᠎ᠶ᠋ᠢ ᠨᠡᠩ ᠡᠷᠡᠰ ᠵᠢᠷᠤᠮᠯᠠᠬᠤ ᠬᠡᠷᠡᠭ᠌ᠲᠡᠶ᠃
    ᠳᠡᠯᠡᠬᠡᠶ ᠶᠢᠷᠲᠢᠨᠴᠦ᠍ ᠥᠩᠭᠡᠷᠡᠭ᠌ᠰᠡᠨ᠎ᠤ ᠪᠠᠢᠲᠠᠯ᠎ᠳᠠᠭᠠᠨ ᠪᠤᠴᠠᠵᠤ ᠲᠡᠢᠯᠬᠦ᠌ ᠤᠢ᠍ᠭᠡᠢ᠂ ᠳᠤᠮᠳᠠᠳᠤ ᠤᠯᠤᠰ ᠴᠤ᠌ ᠤᠷᠤᠭ᠍ᠰᠢᠯᠠᠯᠲᠠ᠎ᠶ᠋ᠢᠨ ᠠᠯᠬᠤᠭ᠎ᠠ᠎ᠪᠠᠨ ᠵᠣᠭ᠍ᠰᠣᠭᠠᠬᠤ ᠤᠢ᠍ᠭᠡᠢ ᠶᠤᠮ᠃ ᠡᠨᠡ ᠤᠲᠠᠭ᠎ᠠ᠎ᠶ᠋ᠢᠨ ᠬᠢᠵᠢᠭ᠎ᠲᠠᠢ ᠲᠡᠮᠡᠴᠡᠬᠦ᠌ ᠳᠠᠢᠯᠠᠯᠳᠤᠭᠠᠨ᠎ᠢᠶᠠᠷ ᠳᠠᠮᠵᠢᠨ ᠳᠤᠮᠳᠠᠳᠤ ᠤᠯᠤᠰ᠎ᠤᠨ ᠨᠡᠢᠭᠡᠮ᠎ᠤᠨ ᠪᠠᠢᠭᠤᠯᠤᠯ ᠪᠣᠯᠤᠨ ᠵᠠᠰᠠᠯᠲᠠ᠎ᠶ᠋ᠢᠨ ᠴᠢᠳᠠᠪᠤᠷᠢ ᠪᠦᠬᠦ᠌ ᠲᠠᠯ᠎ᠠ᠎ᠶ᠋ᠢᠨ ᠱᠢᠯᠭᠠᠯᠲᠠ᠎ᠶ᠋ᠢ ᠳᠠᠭᠠᠭᠠᠵᠤ᠂ ᠤᠯᠤᠰ᠎ᠤᠨ ᠶᠡᠷᠦᠩᠬᠡᠢᠯᠡᠭ᠌ᠰᠡᠨ ᠪᠣᠳᠠᠲᠤ ᠬᠦᠴᠦᠨ ᠭᠦᠶᠴᠡᠳ ᠢᠯᠡᠷᠡᠵᠡᠶ᠂ ᠲᠤᠮᠤ ᠤᠯᠤᠰ᠎ᠤᠨ ᠡᠭᠦᠷᠭᠡᠯᠡᠯ ᠴᠢᠷᠮᠠᠢᠯᠭ᠎ᠠ ᠭᠠᠷᠭᠠᠪᠠᠰᠤ ᠵᠣᠬᠢᠬᠤ ᠦᠢᠯᠡᠳᠦᠯ᠎ᠢᠶᠠᠨ ᠪᠠᠳᠠᠷᠠᠭᠤᠯᠪᠠ᠃ ᠬᠢᠵᠢᠭ᠎ᠤᠨ ᠪᠠᠢᠳᠠᠯ ᠥᠩᠭᠡᠷᠡᠭ᠌ᠰᠡᠨ᠎ᠤ ᠳᠠᠷᠠᠭ᠎ᠠ᠂ ᠳᠤᠮᠳᠠᠳᠤ ᠤᠯᠤᠰ᠎ᠤᠨ ᠠᠵᠤ ᠠᠬᠤᠶ ᠯᠠᠪᠲᠠᠶ ᠨᠠᠩ ᠤᠶᠠᠨ ᠬᠠᠳᠠᠨ ᠬᠦᠴᠦᠨ᠎ᠲᠠᠢ ᠪᠣᠯᠵᠤ᠂ ᠳᠤᠮᠳᠠᠳᠤ᠎ᠶ᠋ᠢᠨ ᠬᠥᠪᠡᠭᠦᠳ ᠥᠬᠢᠳ ᠨᠠᠩ ᠪᠦᠯᠬᠦᠮᠳᠡᠨ ᠰᠡᠳᠭᠢᠯ ᠨᠢᠭᠡᠳᠴᠦ᠍᠂ ᠳᠤᠮᠳᠠᠳᠤ ᠤᠯᠤᠰ᠎ᠤᠨ ᠠᠷᠠᠳ ᠲᠦᠮᠡᠨ ᠯᠠᠪᠲᠠᠶ᠎ᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ᠎ᠢᠶᠠᠷ ᠨᠠᠩ ᠡᠷᠡᠰ ᠭᠤᠢᠪᠢᠰᠢ ᠦᠭᠡᠢ ᠵᠠᠮᠨᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠲᠡᠤᠬᠡ᠎ᠶ᠋ᠢᠨ ᠠᠬᠢᠴᠠ ᠯᠠᠪᠲᠠᠢ ᠬᠤᠷᠢᠬ᠍ᠯᠠᠭ᠍ᠳᠠᠰᠢ ᠦᠭᠡᠢ ᠪᠣᠯᠬᠤ ᠶᠤᠮ᠃
    ᠥᠨᠥᠳᠦᠷ᠎ᠤᠨ ᠣᠷᠣᠰ ᠣᠯᠠᠨ ᠤᠯᠤᠰ᠎ᠤᠨ ᠴᠢᠮᠡᠭᠡᠯᠡᠯ᠎ᠤᠨ ᠬᠤᠷᠢᠶᠠᠨ᠎ᠤ ᠰᠤᠷᠪᠤᠯᠵᠢᠯᠠᠭ᠍ᠴᠢ᠄ ᠲᠠ ᠬᠢᠵᠢᠭ᠎ᠤᠨ ᠪᠠᠢᠳᠠᠯ ᠡᠭᠦᠰᠦᠭ᠌ᠰᠡᠨ᠎ᠠᠴᠠ ᠨᠠᠭᠠᠱᠢᠬᠢ ᠳᠤᠮᠳᠠᠳᠤ ᠣᠷᠣᠰ᠎ᠤᠨ ᠬᠠᠷᠢᠯᠴᠠᠭ᠎ᠠ᠎ᠶ᠋ᠢ ᠬᠡᠷᠬᠢᠨ ᠦᠨᠡᠯᠡᠬᠦ᠌ ᠪᠣᠶ? ᠳᠤᠮᠳᠠᠳᠤ ᠣᠷᠣᠰ ᠬᠤᠯᠪᠣᠭᠠᠯᠠᠨ ᠠᠮᠧᠷᠢᠺᠠ᠎ᠶ᠋ᠢᠨ ᠲᠡᠷᠢᠭᠦᠨ᠎ᠤ ᠪᠠᠢᠷᠢ ᠰᠠᠭᠤᠷᠢ᠎ᠲᠠᠢ ᠥᠷᠢᠰᠦᠯᠳᠦᠨ᠎ᠠ ᠭᠡᠵᠦ᠍ ᠵᠠᠷᠢᠮ ᠬᠦᠮᠦᠨ᠎ᠤ ᠦᠵᠡᠬᠦ᠌᠎ᠶ᠋ᠢ ᠵᠥᠪᠱᠢᠶᠡᠷᠡᠨ᠎ᠠ ᠤᠤ?
    ᠸᠠᠩ ᠢ᠄ ᠳᠤᠮᠳᠠᠳᠤ ᠤᠯᠤᠰ᠎ᠤᠨ ᠲᠠᠯ᠎ᠠ᠎ᠶ᠋ᠢᠨ᠎ᠬᠢᠨ ᠤᠷᠤᠰ᠎ᠤᠨ ᠬᠢᠵᠢᠭ᠎ᠤᠨ ᠪᠠᠢᠳᠠᠯ᠎ᠢ ᠳᠡᠭᠡᠳᠦ ᠬᠡᠮᠵᠢᠶ᠎ᠡ᠎ᠪᠠᠷ ᠠᠩᠬᠠᠷᠴᠤ᠌᠂ ᠤᠷᠤᠰ᠎ᠤᠨ ᠲᠠᠯ᠎ᠠ᠎ᠶ᠋ᠢᠨ ᠬᠢᠵᠢᠭ᠎ᠲᠠᠢ ᠲᠡᠮᠡᠴᠡᠬᠦ᠌᠎ᠳᠤ ᠪᠣᠯᠤᠯᠴᠠᠭ᠎ᠠ ᠪᠦᠬᠦᠢ ᠪᠠᠢᠲᠠᠭ ᠲᠤᠰᠠᠯᠠᠮᠵᠢ᠎ᠶ᠋ᠢ ᠬᠠᠨᠭ᠌ᠭᠠᠬ᠍ᠰᠠᠨ ᠪᠥᠭᠡᠳ ᠦᠷᠭᠦᠯᠵᠢᠯᠡᠨ ᠬᠠᠩᠭᠠᠬᠤ ᠪᠣᠯᠤᠨ᠎ᠠ᠃ ᠶᠡᠷᠦᠩᠬᠡᠢᠯᠡᠭ᠌ᠴᠢ ᠫᠦᠲ᠋ᠢᠨ᠎ᠤ ᠤᠳᠤᠷᠢᠳᠤᠯᠭ᠎ᠠ ᠳᠣᠣᠷ᠎ᠠ᠂ ᠡᠷᠡᠰ ᠬᠠᠲᠠᠭᠤ ᠣᠷᠣᠰ᠎ᠤᠨ ᠠᠷᠠᠳ ᠲᠦᠮᠡᠨ ᠯᠠᠪᠲᠠᠶ ᠬᠢᠵᠢᠭ᠎ᠤᠨ ᠪᠠᠢᠳᠠᠯ᠎ᠢ ᠢᠯᠠᠨ ᠳᠠᠪᠠᠵᠤ᠂ ᠠᠭᠤᠤ ᠶᠡᠭᠡ ᠣᠷᠣᠰ ᠦᠨᠳᠦᠰᠦᠲᠡᠨ ᠴᠦ᠍ ᠬᠢᠵᠢᠭ᠎ᠤᠨ ᠪᠠᠢᠳᠠᠯ᠎ᠤᠨ ᠳᠠᠷᠠᠭ᠎ᠠ ᠯᠠᠪᠲᠠᠶ ᠱᠢᠨ᠎ᠡ ᠠᠮᠢᠵᠢᠷᠠᠯ᠎ᠤᠨ ᠬᠦᠴᠦᠨ᠎ᠢᠶᠠᠨ ᠪᠠᠳᠠᠷᠠᠭᠤᠯᠵᠤ ᠴᠢᠳᠠᠨ᠎ᠠ ᠭᠡᠳᠡᠭ᠎ᠢ ᠪᠢ ᠢᠲᠡᠭᠡᠵᠦ᠍ ᠪᠠᠢᠨ᠎ᠠ᠃
    ᠬᠢᠵᠢᠭ᠎ᠤᠨ ᠪᠠᠢᠳᠠᠯ ᠡᠭᠦᠰᠦᠭ᠌ᠰᠡᠨ᠎ᠠᠴᠠ ᠨᠠᠭᠠᠰᠢ᠂ ᠲᠡᠷᠢᠭᠦᠯᠡᠭ᠌ᠴᠢ ᠰᠢ᠎ᠶ᠋ᠢᠨ ᠫᠢᠩ ᠶᠡᠷᠦᠩᠬᠡᠢᠯᠡᠭ᠌ᠴᠢ ᠫᠦᠲ᠋ᠢᠨ᠎ᠲᠠᠢ ᠤᠯᠠᠨ ᠤᠳᠠᠭ᠎ᠠ ᠤᠲᠠᠰᠤ᠎ᠪᠠᠷ ᠶᠠᠷᠢᠯᠴᠠᠵᠤ᠂ ᠭᠤᠣᠯ ᠪᠣᠯᠬᠤ ᠲᠤᠮᠤ ᠤᠯᠤᠰ᠎ᠤᠨ ᠳᠣᠲᠣᠷ᠎ᠠ ᠬᠠᠮᠤᠭ᠎ᠤᠨ ᠨᠢᠭ᠍ᠲᠠ ᠳᠡᠭᠡᠳᠦ ᠳᠠᠪᠬᠤᠷᠭ᠎ᠠ᠎ᠶ᠋ᠢᠨ ᠤᠯᠤᠯᠴᠠᠭ᠎ᠠ ᠨᠡᠪᠲᠠᠷᠡᠯᠴᠡᠭᠡ᠎ᠶ᠋ᠢ ᠪᠠᠲᠤᠯᠠᠪᠠ᠃ ᠣᠷᠣᠰ ᠪᠣᠯ ᠬᠢᠵᠢᠭ᠎ᠢ ᠰᠡᠷᠭᠡᠢᠯᠡᠬᠦ᠌ ᠲᠤᠰᠭᠠᠢ ᠮᠡᠷᠭᠡᠵᠢᠯᠲᠡᠨ᠎ᠤ ᠲᠥᠯᠥᠭᠡᠯᠡᠭ᠌ᠴᠢᠳ᠎ᠤᠨ ᠪᠦᠯᠬᠦᠮ᠎ᠢ ᠳᠤᠮᠳᠠᠳᠤ ᠤᠯᠤᠰ᠎ᠲᠤ ᠲᠣᠮᠢᠯᠠᠨ ᠢᠷᠡᠭᠦᠯᠦᠭ᠌ᠰᠡᠨ ᠠᠩᠬᠠᠳᠠᠭ᠍ᠴᠢ ᠤᠯᠤᠰ ᠮᠥᠨ᠂ ᠳᠤᠮᠳᠠᠳᠤ ᠤᠯᠤᠰ ᠪᠣᠯ ᠣᠷᠣᠰ᠎ᠲᠤ ᠬᠢᠵᠢᠭ᠎ᠲᠠᠢ ᠲᠡᠮᠡᠴᠡᠬᠦ᠌ ᠡᠳ᠋ ᠪᠣᠳᠠᠰ᠎ᠤᠨ ᠳᠡᠮᠵᠢᠯᠭᠡ ᠬᠠᠮᠤᠭ ᠬᠦᠴᠦᠲᠡᠢ ᠬᠠᠨᠭ᠌ᠭᠠᠬ᠍ᠰᠠᠨ ᠤᠯᠤᠰ ᠮᠥᠨ᠃ ᠬᠤᠶᠠᠷ ᠲᠠᠯ᠎ᠠ᠎ᠶ᠋ᠢᠨ ᠠᠷᠠᠯᠵᠢᠶ᠎ᠠ ᠪᠠᠢᠲᠠᠯ᠎ᠢ ᠰᠥᠷᠦᠨ ᠨᠡᠮᠡᠭ᠌ᠳᠡᠵᠦ᠍᠂ ᠳᠤᠮᠳᠠᠳᠤ ᠤᠯᠤᠰ᠎ᠤᠨ ᠣᠷᠣᠰ᠎ᠠᠴᠠ ᠣᠷᠣᠭᠤᠯᠤᠭ᠍ᠰᠠᠨ ᠭᠠᠳᠠᠭᠠᠳᠤ ᠣᠷᠣᠭᠤᠯᠤᠯᠲᠠ᠎ᠶ᠋ᠢᠨ ᠨᠡᠮᠡᠭ᠌ᠳᠡᠯ᠎ᠤᠨ ᠬᠤᠷᠳᠤᠴᠠ ᠳᠤᠮᠳᠠᠳᠤ ᠤᠯᠤᠰ᠎ᠤᠨ ᠭᠤᠤᠯ ᠪᠣᠯᠬᠤ ᠠᠷᠠᠯᠵᠢᠶᠠᠨ᠎ᠤ ᠬᠠᠨᠢᠲᠠᠨ᠎ᠤ ᠳᠣᠲᠣᠷ᠎ᠠ ᠨᠢᠭᠡᠳᠦᠭᠡᠷ᠎ᠲᠤ ᠣᠷᠣᠵᠠᠶ᠃ ᠣᠨᠴᠠ ᠵᠠᠷᠢᠮ ᠤᠯᠤᠰ᠎ᠤᠨ ᠶᠣᠰᠣ ᠪᠤᠰᠤ ᠳᠠᠭᠠᠷᠢᠯᠲᠠ ᠪᠠ ᠭᠦᠳᠭᠡᠯ᠎ᠤᠨ ᠡᠮᠦᠨ᠎ᠡ᠂ ᠬᠤᠶᠠᠷ ᠲᠠᠯ᠎ᠠ᠎ᠪᠠᠷ᠎ᠢᠶᠠᠨ ᠬᠠᠷᠢᠯᠴᠠᠨ ᠳᠠᠮᠵᠢᠵᠤ᠂ ᠲᠤᠰ ᠲᠤᠰ᠎ᠤᠨ᠎ᠢᠶᠠᠨ ᠲᠦᠯᠦᠭᠡ ᠭᠤᠤᠯᠴᠢ ᠦᠭᠡ ᠬᠡᠯᠡᠵᠦ᠍᠂ 《ᠤᠯᠤᠰ ᠲᠥᠷᠥ᠎ᠶ᠋ᠢᠨ ᠸᠢᠷᠦ᠋ᠰ》 ᠎ᠤᠨ ᠲᠠᠭᠠᠷᠢᠵᠤ ᠳᠡᠢᠯᠬᠦ᠌ ᠦᠭᠡᠢ ᠪᠠᠬᠢᠯᠡᠯᠲᠡ ᠪᠣᠯᠵᠤ᠂ ᠳᠤᠮᠳᠠᠳᠤ ᠣᠷᠣᠰ᠎ᠤᠨ ᠥᠨᠳᠥᠷ ᠲᠦᠪᠱᠢᠨ ᠪᠦᠬᠦᠢ ᠪᠠᠢᠯᠳᠤᠬᠤ ᠪᠣᠳᠣᠯᠭ᠎ᠠ᠎ᠶ᠋ᠢᠨ ᠬᠠᠮᠵᠢᠯᠴᠠᠭ᠎ᠠ᠎ᠶ᠋ᠢ ᠢᠯᠡᠷᠡᠭᠦᠯᠵᠡᠶ᠃
    ᠳᠤᠮᠳᠠᠳᠤ ᠣᠷᠣᠰ᠎ᠤᠨ ᠬᠠᠮᠲᠤ᠎ᠪᠠᠷ ᠬᠢᠵᠢᠭ᠎ᠲᠠᠢ ᠲᠡᠮᠡᠴᠡᠭ᠌ᠰᠡᠨ ᠥᠩᠭᠡᠷᠡᠯᠲᠡ᠎ᠨᠢ ᠬᠢᠵᠢᠭ᠎ᠤᠨ ᠪᠠᠢᠳᠠᠯ᠎ᠤᠨ ᠳᠠᠷᠠᠭᠠᠬᠢ ᠳᠤᠮᠳᠠᠳᠤ ᠣᠷᠣᠰ᠎ᠤᠨ ᠬᠠᠷᠢᠯᠴᠠᠭᠠᠨ᠎ᠳᠤ ᠬᠤᠷᠳᠤᠴᠠ ᠨᠡᠮᠡᠵᠤ ᠳᠡᠰ ᠳᠡᠪᠱᠢᠬᠦᠯᠬᠦ᠌ ᠬᠥᠳᠡᠯᠭᠡᠬᠦ᠌ ᠬᠦᠴᠦᠨ ᠪᠣᠯᠵᠤ ᠬᠤᠪᠢᠷᠠᠨ᠎ᠠ ᠭᠡᠳᠡᠭ᠎ᠢ ᠪᠢ ᠥᠴᠦᠬᠡᠨ ᠴᠦ᠍ ᠰᠡᠵᠢᠭ᠌ᠯᠡᠬᠦ᠌    ᠦᠭᠡᠢ᠃ ᠳᠤᠮᠳᠠᠳᠤ᠎ᠶ᠋ᠢᠨ ᠲᠠᠯ᠎ᠠ ᠳᠤᠷᠠᠲᠠᠶ᠎ᠠ ᠣᠷᠣᠰ᠎ᠤᠨ ᠲᠠᠯ᠎ᠠ᠎ᠯᠤᠭ᠎ᠠ ᠭᠠᠷ ᠬᠤᠯᠪᠣᠨ ᠠᠶᠤᠯ ᠲᠦᠭ᠌ᠰᠢᠭᠦᠷᠢ᠎ᠶ᠋ᠢ ᠠᠵᠠ ᠲᠣᠬᠢᠶᠠᠯ ᠪᠣᠯᠭᠠᠨ ᠬᠤᠪᠢᠷᠠᠭᠤᠯᠵᠤ᠂ ᠡᠨᠧᠷᠭᠢ ᠵᠡᠷᠭᠡ ᠤᠯᠠᠮᠵᠢᠯᠠᠯᠲᠤ ᠬᠦᠷᠢᠶᠡᠨ᠎ᠤ ᠬᠠᠮᠲᠤᠷᠠᠯᠴᠠᠭ᠎ᠠ᠎ᠶ᠋ᠢ ᠲᠣᠭ᠍ᠲᠠᠪᠤᠷᠢᠵᠢᠭᠤᠯᠵᠤ᠂ 《ᠳᠤᠮᠳᠠᠳᠤ ᠣᠷᠣᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠤᠨ》 ᠎ᠢ ᠰᠠᠢᠲᠤᠷ ᠡᠷᠬᠢᠯᠡᠵᠦ᠍᠂ ᠡᠯᠧᠺᠲᠷᠣᠨ ᠬᠤᠳᠠᠯᠳᠤᠭᠠᠨ᠎ᠤ ᠶᠠᠪᠤᠲᠠᠯ᠂ ᠠᠮᠢᠳᠤ ᠪᠣᠳᠠᠰ ᠡᠮ ᠡᠮᠨᠡᠯᠭᠡ᠂ ᠡᠭᠦᠯᠡᠨ ᠠᠵᠤ ᠠᠬᠤᠶ ᠵᠡᠷᠭᠡ ᠱᠢᠨ᠎ᠠ᠎ᠪᠠᠷ ᠮᠠᠨᠳᠤᠬ᠍ᠰᠠᠨ ᠬᠦᠷᠢᠶ᠎ᠡ᠎ᠶ᠋ᠢ ᠲᠦᠷᠭᠡᠳᠭᠡᠨ ᠥᠷᠭᠡᠳᠭᠡᠵᠦ᠍᠂ ᠬᠢᠵᠢᠭ᠎ᠤᠨ ᠳᠠᠷᠠᠭᠠᠬᠢ ᠬᠤᠶᠠᠷ ᠤᠯᠤᠰ᠎ᠤᠨ ᠠᠵᠤ ᠠᠬᠤᠢ᠎ᠶ᠋ᠢᠨ ᠰᠡᠷᠭᠦᠯᠲᠡ᠎ᠳᠤ ᠱᠢᠨ᠎ᠡ ᠨᠡᠮᠡᠭ᠌ᠳᠡᠯ᠎ᠤᠨ ᠴᠡᠭ᠎ᠢ ᠪᠤᠢ ᠪᠣᠯᠭᠠᠨ᠎ᠠ᠃ ᠳᠤᠮᠳᠠᠳᠤ᠎ᠶ᠋ᠢᠨ ᠲᠠᠯ᠎ᠠ ᠪᠠᠰᠠ ᠣᠷᠣᠰ᠎ᠤᠨ ᠲᠠᠯ᠎ᠠ᠎ᠯᠤᠭ᠎ᠠ ᠣᠯᠠᠨ ᠤᠯᠤᠰ᠎ᠤᠨ ᠬᠤᠯᠪᠣᠭᠠᠲᠤ ᠪᠠᠢᠭᠤᠯᠭ᠎ᠠ ᠪᠠᠢᠭᠤᠯᠤᠭ᠍ᠳᠠᠭ᠍ᠰᠠᠨ 75 ᠵᠢᠯ᠎ᠤᠨ ᠣᠶ᠎ᠶ᠋ᠢ ᠳᠤᠷᠠᠰᠭᠠᠬᠤ᠎ᠪᠠᠷ ᠠᠵᠠ ᠲᠣᠬᠢᠶᠠᠯ ᠪᠣᠯᠭᠠᠵᠤ᠂ ᠳᠡᠯᠡᠬᠡᠶ᠎ᠶ᠋ᠢᠨ ᠬᠤᠶᠠᠳᠤᠭᠠᠷ ᠶᠡᠭᠡ ᠳᠠᠢᠨ᠎ᠤ ᠢᠯᠠᠯᠲᠠ᠎ᠶ᠋ᠢᠨ ᠦᠷ᠎ᠡ ᠪᠦᠲᠦᠭᠡᠯ᠎ᠢ ᠡᠷᠡᠰ ᠬᠠᠮᠠᠭᠠᠯᠠᠵᠤ᠂ ᠣᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠦᠨᠳᠦᠰᠦᠨ ᠳᠦᠷᠢᠮ ᠪᠣᠯᠤᠨ ᠣᠯᠠᠨ ᠤᠯᠤᠰ᠎ᠤᠨ ᠬᠠᠷᠢᠯᠴᠠᠭᠠᠨ᠎ᠤ ᠦᠨᠳᠦᠰᠦᠨ ᠪᠠᠷᠢᠮᠵᠢᠶ᠎ᠠ᠎ᠶ᠋ᠢ ᠡᠷᠡᠰ ᠬᠠᠮᠠᠭᠠᠯᠠᠵᠤ᠂ ᠭᠠᠭ᠍ᠴᠠ ᠲᠠᠯ᠎ᠠ᠎ᠶ᠋ᠢᠨ ᠡᠵᠡᠷᠬᠡᠬᠦ᠌ ᠠᠵᠢᠯᠯᠠᠭ᠎ᠠ ᠪᠦᠬᠦᠨ᠎ᠢ ᠡᠷᠡᠰ ᠡᠰᠡᠷᠭᠦᠴᠡᠵᠦ᠍᠂ ᠤᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠂ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠂ ᠠᠯᠳᠠᠨ ᠲᠣᠭᠤᠰᠭ᠎ᠠ ᠤᠯᠤᠰ᠎ᠤᠳ᠂ ᠬᠤᠷᠢᠨ ᠤᠯᠤᠰ᠎ᠤᠨ ᠪᠦᠯᠦᠭ᠌ᠯᠡᠯ ᠵᠡᠷᠭᠡ ᠤᠯᠠᠨ ᠤᠯᠤᠰ᠎ᠤᠨ ᠲᠣᠭ᠍ᠲᠠᠴᠠ᠎ᠳᠠᠬᠢ ᠵᠣᠬᠢᠴᠠᠭᠤᠯᠭ᠎ᠠ ᠬᠠᠮᠲᠤᠷᠠᠯᠴᠠᠭ᠎ᠠ᠎ᠪᠠᠨ ᠲᠠᠰᠤᠷᠠᠯᠳᠡ ᠦᠭᠡᠢ ᠴᠢᠩᠭᠠᠳᠭᠠᠵᠤ᠂ ᠵᠠᠭᠤᠨ ᠵᠢᠯ᠎ᠤᠨ ᠬᠤᠪᠢᠷᠠᠯᠲᠠ᠎ᠶ᠋ᠢᠨ ᠱᠢᠨ᠎ᠡ ᠨᠢᠭᠡ ᠡᠭᠡᠯᠵᠢ᠎ᠶ᠋ᠢᠨ ᠬᠤᠪᠢᠰᠤᠯᠲᠠ᠎ᠶ᠋ᠢ ᠬᠠᠮᠲᠤ᠎ᠪᠠᠷ ᠤᠭ᠍ᠲᠤᠨ᠎ᠠ᠃
    ᠳᠤᠮᠳᠠᠳᠤ ᠣᠷᠣᠰ ᠮᠥᠷᠥ᠍ ᠵᠡᠷᠭᠡᠴᠡᠨ ᠵᠣᠭ᠍ᠰᠣᠵᠤ᠂ ᠬᠠᠷᠢᠯᠴᠠᠨ ᠲᠦᠱᠢᠭ᠌ᠯᠡᠯᠴᠡᠨ ᠨᠢᠭ᠍ᠲᠠ ᠬᠠᠮᠵᠢᠯᠴᠠᠳᠠᠭ ᠯᠡ ᠶᠤᠮ ᠪᠤᠯ᠂ ᠳᠡᠯᠡᠬᠡᠶ᠎ᠶ᠋ᠢᠨ ᠡᠩᠬᠡ ᠲᠠᠢᠪᠤᠩ ᠲᠣᠭ᠍ᠲᠠᠭᠤᠨ ᠪᠠᠢᠳᠠᠯ ᠳᠠᠷᠤᠢ ᠪᠠᠲᠤ ᠴᠢᠩᠭ᠎ᠠ ᠪᠠᠲᠤᠯᠠᠭ᠎ᠠ᠎ᠲᠠᠢ ᠪᠤᠯᠵᠤ᠂ ᠤᠯᠠᠨ ᠤᠯᠤᠰ᠎ᠤᠨ ᠲᠥᠪ ᠭᠤᠤᠯᠴᠢ ᠱᠢᠳᠤᠷᠭᠤ ᠶᠣᠰᠣ᠎ᠶ᠋ᠢ ᠦᠨᠡᠨ ᠬᠦ᠌ ᠬᠠᠮᠠᠭᠠᠯᠠᠵᠤ ᠴᠢᠳᠠᠬᠤ ᠶᠤᠮ᠃
    《ᠳᠤᠮᠳᠠᠳᠤ ᠤᠯᠤᠰ᠎ᠤᠨ ᠡᠳᠦᠷ᠎ᠤᠨ ᠰᠤᠨᠢᠨ》 ᠎ᠤ ᠰᠤᠷᠪᠤᠯᠵᠢᠯᠠᠭ᠍ᠴᠢ᠄ ᠳᠤᠮᠳᠠᠳᠤ ᠤᠯᠤᠰ ᠮᠠᠰᠢ ᠣᠯᠠᠨ ᠤᠯᠤᠰ᠎ᠲᠤ ᠬᠢᠵᠢᠭ᠎ᠲᠠᠢ ᠲᠡᠮᠡᠴᠡᠬᠦ᠌ ᠳᠡᠮᠵᠢᠯᠭᠡ ᠪᠠ ᠬᠠᠪᠰᠤᠷᠤᠯᠭ᠎ᠠ ᠦᠵᠡᠭᠦᠯᠵᠡᠶ᠂ ᠭᠡᠪᠡᠴᠦ᠍ ᠪᠠᠰᠠ ᠡᠭᠦᠨ᠎ᠳᠤ ᠰᠡᠵᠢᠭ ᠲᠦᠷᠦᠭᠦ᠌ ᠳᠠᠭᠤᠨ ᠭᠠᠷᠴᠤ᠌ ᠪᠠᠢᠨ᠎ᠠ᠃ ᠲᠠ ᠡᠭᠦᠨ᠎ᠢ ᠬᠡᠷᠬᠢᠨ ᠦᠵᠡᠬᠦ᠌ ᠪᠤᠢ?
   ᠸᠠᠩ ᠢ᠄ ᠳᠤᠮᠳᠠᠳᠤ ᠤᠯᠤᠰ᠎ᠤᠨ ᠬᠢᠵᠢᠭ᠎ᠲᠠᠢ ᠲᠡᠮᠡᠴᠡᠬᠦ᠌ ᠬᠦᠴᠢᠷ ᠪᠡᠷᠬᠡᠱᠢᠶᠡᠯ᠎ᠲᠠᠢ ᠴᠠᠭ ᠮᠥᠴᠡ᠎ᠳᠤ᠂ ᠪᠢᠳᠡ ᠳᠡᠯᠡᠬᠡᠢ ᠨᠡᠢᠭᠡᠮ᠎ᠤᠨ ᠬᠠᠪᠰᠤᠷᠤᠯᠭ᠎ᠠ ᠪᠠ ᠳᠡᠮᠵᠢᠯᠭᠡ᠎ᠶ᠋ᠢ ᠣᠯᠵᠠᠢ᠃ ᠡᠭᠦᠨ᠎ᠢ ᠪᠢᠳᠡ ᠪᠠᠲᠤ ᠴᠠᠭᠡᠵᠢᠯᠡᠵᠦ᠍᠂ ᠭᠦᠨ ᠲᠠᠯᠠᠷᠬᠠᠵᠤ ᠪᠠᠢᠬᠤ᠎ᠪᠠᠨ ᠢᠯᠡᠳᠭᠡᠶ᠎ᠡ᠃ ᠪᠤᠰᠤᠳ ᠤᠯᠤᠰ ᠬᠢᠵᠢᠭ᠎ᠤᠨ ᠳᠠᠭᠠᠷᠢᠯᠲᠠ᠎ᠳᠤ ᠤᠴᠠᠷᠠᠭ᠍ᠰᠠᠨ ᠣᠢᠶ᠎ᠠ᠎ᠳᠤ᠂ ᠳᠤᠮᠳᠠᠳᠤ ᠤᠯᠤᠰ᠎ᠤᠨ ᠠᠷᠠᠳ ᠲᠦᠮᠡᠨ ᠴᠦ᠍ ᠪᠡᠶ᠎ᠡ᠎ᠪᠠᠷ᠎ᠢᠶᠠᠨ ᠥᠩᠭᠡᠷᠡᠭᠦᠯᠵᠤ ᠪᠠᠢᠭ᠎ᠠ ᠱᠢᠭ᠎ᠢᠶᠠᠨ ᠵᠤᠪᠠᠨᠢᠵᠤ᠂ ᠴᠠᠭ ᠲᠤᠬᠠᠶ᠎ᠳᠤᠨᠢ ᠲᠤᠰᠠᠯᠠᠮᠵᠢ ᠦᠵᠡᠭᠦᠯᠵᠡᠢ᠃
    ᠲᠡᠷᠢᠭᠦᠯᠡᠭ᠌ᠴᠢ ᠰᠢ᠎ᠶ᠋ᠢᠨ ᠫᠢᠩ᠎ᠤᠨ ᠰᠠᠨᠠᠭᠠᠴᠢᠯᠠᠭ᠍ᠰᠠᠨ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠦᠢᠯᠡᠳᠦᠯᠭᠡᠵᠢᠭᠦᠯᠬᠦ᠌᠎ᠶ᠋ᠢᠨ ᠲᠥᠯᠥᠭᠡ᠂ ᠡᠨᠡ ᠬᠡᠳᠦᠨ ᠰᠠᠷ᠎ᠠ᠎ᠳᠤ᠂ ᠪᠢᠳᠡ ᠱᠢᠨ᠎ᠡ ᠳᠤᠮᠳᠠᠳᠤ ᠤᠯᠤᠰ᠎ᠤᠨ ᠲᠡᠦᠬᠡᠨ ᠳᠡᠭᠡᠷᠡᠬᠢ ᠬᠡᠪᠴᠢᠶ᠎ᠡ᠎ᠪᠠᠷ ᠬᠠᠮᠤᠭ᠎ᠤᠨ ᠶᠡᠭᠡ ᠨᠢᠭᠡ ᠤᠳᠠᠭᠠᠨ᠎ᠤ ᠪᠦᠬᠦ᠌ ᠪᠥᠮᠪᠥᠷᠴᠡᠭ᠎ᠤᠨ ᠬᠥᠮᠦᠯᠢᠭ ᠦᠵᠡᠯ᠎ᠤᠨ ᠪᠠᠴᠢᠮ ᠠᠵᠢᠯᠯᠠᠭ᠎ᠠ᠎ᠶ᠋ᠢ ᠦᠷᠨᠢᠭᠦᠯᠪᠡ᠃ ᠣᠳᠣ ᠪᠣᠯᠲᠠᠯ᠎ᠠ ᠪᠢᠳᠡ 150 ᠱᠢᠬᠠᠮ ᠤᠯᠤᠰ ᠪᠣᠯᠤᠨ 4 ᠣᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠳᠤ ᠪᠠᠴᠢᠮ ᠲᠤᠰᠠᠯᠠᠮᠵᠢ ᠬᠠᠨᠭ᠌ᠭᠠᠵᠤ᠂ ᠡᠯ᠎ᠡ ᠲᠠᠯ᠎ᠠ᠎ᠶ᠋ᠢᠨ᠎ᠬᠢᠨ᠎ᠤ ᠪᠠᠴᠢᠮ ᠪᠠᠢᠳᠠᠯ᠎ᠢ ᠨᠠᠮᠲᠠᠭᠤᠯᠪᠠ; 170 ᠭᠠᠷᠤᠶ ᠤᠯᠤᠰ᠎ᠲᠤ ᠡᠷᠡᠭᠦᠯ ᠬᠠᠮᠠᠭᠠᠯᠠᠯ᠎ᠤᠨ ᠲᠤᠰᠭᠠᠶ ᠮᠡᠷᠭᠡᠵᠢᠯᠲᠡᠨ᠎ᠤ ᠲᠤᠰᠭᠠᠶ ᠰᠡᠳᠦᠪᠲᠦ ᠸᠢᠳᠢᠣ᠋ ᠬᠤᠷᠠᠯ ᠬᠢᠵᠤ᠂ ᠡᠮᠴᠢᠯᠡᠭᠡᠨ᠎ᠤ ᠪᠣᠯᠪᠠᠰᠤᠷᠠᠩᠭᠤᠶ ᠲᠤᠷᠱᠢᠯᠭ᠎ᠠ ᠪᠠ ᠰᠡᠷᠭᠡᠢᠯᠡᠨ ᠡᠵᠡᠮᠳᠡᠬᠦ᠌ ᠲᠥᠰᠦᠯ᠎ᠢᠶᠠᠨ ᠥᠴᠦᠬᠡᠨ ᠴᠦ᠍ ᠬᠠᠷᠠᠮᠨᠠᠯ ᠥᠬᠡᠶ ᠬᠤᠪᠢᠶᠠᠯᠴᠠᠪᠠ; ᠪᠠᠴᠢᠮ ᠱᠠᠭᠠᠷᠳᠠᠯᠭ᠎ᠠ᠎ᠲᠠᠢ ᠪᠠᠢᠭ᠎ᠠ 24 ᠤᠯᠤᠰ᠎ᠲᠤ 26 ᠡᠮᠴᠢᠯᠡᠭᠡᠨ᠎ᠤ ᠲᠤᠰᠭᠠᠢ ᠮᠡᠷᠭᠡᠵᠢᠯᠲᠡᠨ᠎ᠤ ᠳᠤᠭᠤᠢᠯᠠᠩ ᠲᠣᠮᠢᠯᠠᠵᠤ᠂ ᠰᠣᠯᠢᠯᠴᠠᠭ᠎ᠠ ᠪᠠ ᠵᠢᠯᠣᠭᠤᠳᠣᠯᠭ᠎ᠠ᠎ᠶ᠋ᠢ ᠨᠢᠭᠤᠷᠳᠠᠨ ᠥᠷᠨᠢᠭᠦᠯᠵᠡᠢ᠃ ᠪᠢᠳᠡ ᠪᠠᠰᠠ ᠶᠠᠰᠦ ᠴᠢᠨᠠᠷ᠎ᠢ ᠪᠠᠲᠤᠯᠠᠭ᠍ᠰᠠᠨ ᠤᠷᠢᠲᠠᠯ ᠳᠣᠣᠷ᠎ᠠ᠂ ᠪᠥᠬᠦ᠌ ᠪᠥᠮᠪᠥᠷᠴᠡᠭ᠎ᠤᠨ ᠳᠤᠲᠠᠭ᠍ᠳᠠᠵᠤ ᠪᠠᠢᠭ᠎ᠠ ᠡᠮᠴᠢᠯᠡᠭᠡᠨ᠎ᠤ ᠡᠳ᠋ ᠪᠣᠳᠠᠰ ᠪᠣᠯᠤᠨ ᠲᠤᠨᠤᠭ ᠲᠥᠬᠦᠭᠡᠷᠦᠮᠵᠢ᠎ᠶ᠋ᠢ ᠲᠦᠷᠭᠡᠪᠴᠢᠯᠡᠨ ᠦᠢᠯᠡᠳᠪᠦᠷᠢᠯᠡᠵᠦ᠍᠂ ᠠᠮᠠᠪᠴᠢ ᠪᠣᠯᠤᠨ ᠬᠠᠮᠠᠭᠠᠯᠠᠯᠲᠠ᠎ᠶ᠋ᠢᠨ ᠬᠤᠪᠴᠠᠰᠤ᠎ᠶ᠋ᠢ ᠳᠠᠷᠤᠢ ᠲᠣᠰ ᠲᠣᠰ 568 ᠳ᠋ᠦᠩᠱᠢᠭᠤᠷ ᠵᠠᠬ᠎ᠠ ᠪᠠ 2.5 ᠳ᠋ᠦᠩᠱᠢᠭᠤᠷ ᠱᠢᠷᠬᠡᠭ᠎ᠢ ᠭᠠᠳᠠᠭᠠᠳᠤ᠎ᠳᠤ ᠭᠠᠷᠭᠠᠪᠠ᠃
    ᠳᠤᠮᠳᠠᠳᠤ ᠤᠯᠤᠰ ᠢᠩᠭᠢᠵᠦ᠍ ᠬᠢᠵᠦ᠍ ᠪᠠᠢᠭ᠎ᠠ᠎ᠨᠢ ᠶᠠᠭᠤᠨ᠎ᠤ ᠡᠮᠦᠨ᠎ᠡ ᠳᠤᠮᠳᠠᠳᠤ᠎ᠶ᠋ᠢᠨ ᠦᠨᠳᠦᠰᠦᠲᠡᠨ ᠪᠣᠯ ᠠᠴᠢ ᠬᠠᠷᠢᠭᠤᠯᠬᠤ᠎ᠶ᠋ᠢ ᠡᠷᠬᠢᠮᠯᠡᠳᠡᠭ ᠦᠨᠳᠦᠰᠦᠲᠡᠨ ᠶᠤᠮ᠂ ᠪᠢᠳᠡ ᠳᠤᠷᠠᠲᠠᠶ᠎ᠠ ᠬᠠᠷᠢᠭᠤ᠎ᠳᠤ ᠪᠠᠷᠢᠭᠤ᠎ᠲᠠᠢ ᠪᠠᠢᠬᠤ᠎ᠶ᠋ᠢ ᠦᠢᠯᠡᠳᠦᠯᠭᠡᠵᠢᠭᠦᠯᠵᠦ᠍᠂ ᠡᠯ᠎ᠡ ᠤᠯᠤᠰ᠎ᠤᠨ ᠠᠷᠠᠳ ᠲᠦᠮᠡᠨ᠎ᠤ ᠳᠤᠮᠳᠠᠳᠤ ᠤᠯᠤᠰ᠎ᠤᠨ ᠠᠷᠠᠳ ᠲᠦᠮᠡᠨ᠎ᠳᠤ ᠬᠠᠨᠲᠤᠵᠤ ᠪᠠᠢᠭ᠎ᠠ ᠨᠥᠬᠦᠷᠰᠡᠭ ᠰᠡᠳᠭᠢᠯ᠎ᠳᠤ ᠠᠴᠢ ᠬᠠᠷᠢᠭᠤᠯᠤᠨ᠎ᠠ᠃ ᠡᠭᠦᠨ᠎ᠤ ᠬᠠᠮᠲᠤ᠌᠂ ᠳᠤᠮᠳᠠᠳᠤ ᠤᠯᠤᠰ ᠪᠣᠯ ᠪᠠᠰᠠ ᠴᠤ᠌ ᠨᠢᠭᠡᠨ ᠬᠥᠮᠦᠨ᠎ᠢ ᠬᠠᠪᠰᠤᠷᠬᠤ ᠳᠤᠷᠠᠲᠠᠶ ᠤᠯᠤᠰ ᠮᠥᠨ᠂ ᠨᠠᠢᠵᠠ ᠬᠦᠴᠢᠷᠳᠡᠯ᠎ᠳᠤ ᠲᠤᠯᠭᠠᠷᠠᠬᠤ ᠦᠶᠡᠰ᠂ ᠪᠢᠳᠡ ᠶᠡᠷᠦ᠎ᠠᠴᠠ ᠬᠠᠨᠴᠤᠶ ᠳᠤᠭ᠍ᠲᠦ᠋ᠢᠯᠠᠨ ᠬᠠᠷᠠᠵᠤ ᠵᠣᠭ᠍ᠰᠣᠳᠠᠭ ᠦᠭᠡᠢ᠃ ᠲᠤᠬᠠᠶ᠎ᠶ᠋ᠢᠨ ᠵᠢᠯ᠎ᠳᠤ ᠠᠹᠷᠢᠺᠠ ᠲᠢᠪ ᠡᠸᠪᠦ᠋ᠯᠠ ᠬᠢᠵᠢᠭ᠎ᠤᠨ ᠳᠠᠭᠠᠷᠢᠯᠲᠠ᠎ᠳᠤ ᠤᠴᠠᠷᠠᠵᠤ᠂ ᠮᠠᠰᠢ ᠤᠯᠠᠨ ᠤᠯᠤᠰ ᠪᠦᠷ ᠬᠢᠵᠢᠭ᠎ᠤᠨ ᠣᠷᠣᠨ᠎ᠠᠴᠠ ᠤᠬᠤᠷᠢᠨ ᠭᠠᠷᠴᠤ᠌ ᠪᠠᠢᠬᠤ ᠦᠶᠡᠰ᠂ ᠳᠤᠮᠳᠠᠳᠤ ᠤᠯᠤᠰ ᠬᠠᠮᠤᠭ ᠲᠡᠷᠢᠭᠦᠨ᠎ᠳᠤ ᠡᠮᠴᠢᠯᠡᠭᠡᠨ᠎ᠤ ᠠᠩᠭᠢ ᠲᠣᠮᠢᠯᠠᠨ ᠠᠹᠷᠢᠺᠠ ᠲᠢᠪ᠎ᠢ ᠲᠤᠰᠠᠯᠠᠵᠤ᠂ ᠠᠹᠷᠢᠺᠠ ᠲᠢᠪ᠎ᠲᠤ ᠬᠠᠮᠤᠭ᠎ᠤᠨ ᠪᠠᠴᠢᠮ ᠱᠠᠭᠠᠷᠳᠠᠭ᠍ᠲᠠᠵᠤ ᠪᠠᠢᠭ᠎ᠠ ᠡᠳ᠋ ᠪᠣᠳᠠᠰ᠎ᠢ ᠬᠠᠮᠤᠭ᠎ᠤᠨ ᠲᠦᠷᠦᠭᠦᠨ᠎ᠳᠤ ᠬᠦᠷᠭᠡᠬᠦ᠌᠎ᠶ᠋ᠢᠨ ᠬᠠᠮᠲᠤ ᠠᠹᠷᠢᠺᠠ ᠲᠢᠪ᠎ᠤᠨ ᠠᠬ᠎ᠠ ᠳᠡᠭᠦᠤ ᠨᠡᠷ᠎ᠲᠠᠢ ᠮᠥᠷᠥ᠍ ᠵᠡᠷᠭᠡᠴᠡᠨ ᠡᠴᠦᠰ᠎ᠲᠤᠨᠢ ᠲᠤᠯᠲᠠᠯ᠎ᠠ ᠲᠡᠮᠡᠴᠡᠪᠡ᠃
    ᠳᠤᠮᠳᠠᠳᠤ ᠤᠯᠤᠰ᠎ᠤᠨ ᠲᠤᠰᠠᠯᠠᠮᠵᠢ᠎ᠨᠢ ᠡᠯ᠎ᠡ ᠤᠯᠤᠰ᠎ᠤᠨ ᠣᠳᠣᠬᠠᠨ᠎ᠤ ᠱᠠᠭᠠᠷᠳᠠᠯᠭ᠎ᠠ᠎ᠶ᠋ᠢ ᠪᠦᠷᠢᠮᠦᠰᠦᠨ ᠬᠠᠩᠭᠠᠵᠤ ᠴᠢᠳᠠᠬᠤ ᠦᠭᠡᠢ ᠭᠡᠳᠡᠭ᠎ᠢ ᠪᠢᠳᠡ ᠮᠡᠳᠡᠨ᠎ᠠ᠂ ᠵᠠᠷᠢᠮ ᠤᠯᠤᠰ ᠲᠦᠷᠦ᠎ᠶ᠋ᠢᠨ ᠬᠦᠴᠦᠨ ᠳᠤᠮᠳᠠᠳᠤ ᠤᠯᠤᠰ᠎ᠤᠨ ᠰᠠᠨᠠᠭ᠎ᠠ ᠵᠤᠷᠢᠯᠲᠠ᠎ᠶ᠋ᠢᠨ ᠲᠤᠬᠠᠢ ᠡᠯ᠎ᠡ ᠵᠦᠢᠯ᠎ᠤᠨ ᠨᠠᠵᠠᠭᠠᠢ ᠲᠠᠯ᠎ᠠ᠎ᠶ᠋ᠢᠨ ᠲᠠᠢᠯᠤᠮᠵᠢ ᠬᠢᠵᠤ ᠪᠠᠢᠬᠤ᠎ᠶ᠋ᠢ ᠪᠢᠳᠡ ᠪᠠᠰᠠ ᠣᠢᠯᠠᠭᠠᠵᠤ ᠪᠠᠢᠨ᠎ᠠ᠃ ᠭᠡᠪᠡᠴᠦ᠍ ᠪᠢᠳᠡ ᠲᠥᠪ ᠴᠢᠬᠡᠴᠢ ᠪᠠᠢᠵᠤ᠂ ᠠᠭᠤᠵᠢᠭᠤ ᠲᠠᠯᠪᠢᠭᠤ᠎ᠪᠠᠷ ᠬᠠᠨᠳᠤᠨ᠎ᠠ᠃ ᠤᠴᠢᠷ᠎ᠨᠢ ᠳᠤᠮᠳᠠᠳᠤ ᠤᠯᠤᠰ᠎ᠤᠨ ᠬᠢᠭ᠌ᠰᠡᠨ ᠠᠵᠢᠯ᠎ᠨᠢ ᠶᠡᠷᠦ᠎ᠠᠴᠠ ᠶᠠᠮᠠᠷ ᠴᠤ᠌ ᠭᠠᠵᠠᠷ ᠤᠷᠤᠨ᠎ᠢᠶᠠᠷ ᠱᠢᠯᠳᠠᠭᠠᠯᠠᠬ᠍ᠳᠠᠬᠤ ᠤᠯᠤᠰ ᠲᠦᠷᠦ᠎ᠶ᠋ᠢᠨ ᠬᠠᠷᠠᠯᠲᠠ᠎ᠶ᠋ᠢ ᠬᠥᠭᠡᠭᠡᠴᠡᠯᠳᠦᠳᠡᠭ ᠦᠭᠡᠢ᠂ ᠶᠡᠷᠦ᠎ᠠᠴᠠ ᠶᠠᠮᠠᠷ ᠴᠤ᠌ ᠠᠵᠤ ᠠᠬᠤᠢ᠎ᠶ᠋ᠢᠨ ᠠᠱᠢᠭ ᠲᠤᠰᠠ᠎ᠶ᠋ᠢᠨ ᠪᠣᠳᠣᠯᠭ᠎ᠠ ᠪᠠᠢᠶᠬᠤ ᠦᠭᠡᠢ᠂ ᠪᠠᠰᠠ ᠶᠡᠷᠦ᠎ᠠᠴᠠ ᠶᠠᠮᠠᠷ ᠴᠤ᠌ ᠤᠯᠤᠰ ᠲᠦᠷᠦ᠎ᠶ᠋ᠢᠨ ᠨᠥᠬᠦᠴᠡᠯ ᠨᠡᠮᠡᠭᠦ᠌ ᠦᠭᠡᠢ ᠶᠤᠮ᠃
    ᠪᠢᠳᠡᠨ᠎ᠤ ᠤᠭ ᠰᠠᠨᠠᠭ᠎ᠠ ᠭᠠᠭ᠍ᠴᠠᠬᠠᠨ ᠪᠤᠢ᠂ ᠳᠠᠷᠤᠶ ᠬᠦᠮᠦᠨ᠎ᠤ ᠠᠮᠢ ᠨᠠᠰᠤ᠎ᠶ᠋ᠢ ᠴᠢᠳᠠᠬᠤ᠎ᠶ᠋ᠢᠨ ᠬᠢᠷᠢ᠎ᠪᠠᠷ ᠢᠯᠡᠭᠦᠬᠡᠨ ᠠᠪᠤᠷᠠᠨ᠎ᠠ; ᠮᠠᠨ᠎ᠤ ᠢᠲᠡᠭᠡᠯ ᠵᠣᠷᠢᠭ ᠢᠮᠠᠭ᠍ᠲᠠ ᠬᠤᠪᠢᠷᠠᠰᠢ ᠦᠭᠡᠢ ᠶᠤᠮ᠂ ᠳᠠᠷᠤᠢ ᠨᠢᠭᠡ ᠤᠯᠤᠰ ᠬᠢᠵᠢᠭ᠎ᠤᠨ ᠪᠠᠢᠳᠠᠯ᠎ᠢ ᠡᠵᠡᠮᠳᠡᠬᠦ᠌᠎ᠨᠢ ᠬᠢᠵᠢᠭ᠎ᠤᠨ ᠪᠠᠢᠳᠠᠯ᠎ᠤᠨ ᠡᠴᠦᠰᠯᠡᠯ ᠪᠢᠰᠢ᠂ ᠡᠯ᠎ᠡ ᠤᠯᠤᠰ ᠬᠠᠮᠲᠤ᠎ᠪᠠᠷ ᠬᠢᠵᠢᠭ᠎ᠤᠨ ᠪᠠᠢᠳᠠᠯ᠎ᠢ ᠢᠯᠠᠬᠤ᠎ᠨᠢ ᠰᠠᠶᠢ ᠵᠢᠩᠬᠢᠨᠢ ᠢᠯᠠᠯᠲᠠ ᠮᠥᠨ᠃
    ᠣᠳᠣᠬᠠᠨ᠎ᠳᠤ ᠬᠢᠵᠢᠭ᠎ᠤᠨ ᠪᠠᠢᠳᠠᠯ ᠮᠥᠨ ᠯᠡ ᠡᠯ᠎ᠡ ᠤᠯᠤᠰ᠎ᠲᠤ ᠦᠷᠪᠢᠰᠦᠨ ᠳᠡᠯᠭᠡᠷᠡᠵᠦ᠍ ᠪᠠᠢᠨ᠎ᠠ᠂ ᠳᠤᠮᠳᠠᠳᠤ ᠤᠯᠤᠰ ᠪᠣᠯ ᠶᠢᠷᠲᠢᠨᠴᠦ᠎ᠶ᠋ᠢᠨ ᠠᠪᠤᠷᠠᠭ᠍ᠴᠢ ᠡᠵᠡᠨ ᠪᠢᠰᠢ᠂ ᠭᠡᠪᠡᠴᠦ᠍ ᠪᠢᠳᠡ ᠳᠤᠷᠠᠲᠠᠶ᠎ᠠ ᠴᠠᠭ᠎ᠤᠨ ᠬᠤᠷ᠎ᠠ ᠪᠤᠯᠵᠤ᠂ ᠨᠠᠢᠵᠠ᠎ᠶ᠋ᠢᠨ ᠠᠶᠤᠯ ᠲᠦᠭ᠌ᠰᠢᠭᠦᠷᠢᠲᠦ ᠴᠠᠭ ᠮᠦᠴᠡ᠎ᠳᠤ ᠵᠢᠷᠭᠠᠯ ᠵᠣᠪᠠᠯᠠᠩ᠎ᠢᠶᠠᠨ ᠬᠠᠮᠲᠤᠳᠭᠠᠬᠤ ᠦᠨᠡᠨᠴᠢ ᠬᠠᠨᠢᠲᠠᠨ ᠪᠤᠯᠤᠨ᠎ᠠ᠃ ᠪᠢᠳᠡ ᠳᠤᠷᠠᠲᠠᠶ᠎ᠠ ᠱᠠᠭᠠᠷᠳᠠᠯᠭ᠎ᠠ᠎ᠲᠠᠢ ᠪᠠᠢᠭ᠎ᠠ ᠤᠯᠤᠰ᠎ᠲᠤ ᠦᠷᠭᠦᠯᠵᠢᠯᠡᠨ ᠴᠢᠳᠠᠯ᠎ᠤᠨ ᠬᠢᠷᠢ᠎ᠪᠠᠷ᠎ᠢᠶᠠᠨ ᠬᠠᠪᠰᠤᠷᠤᠯᠭ᠎ᠠ ᠦᠵᠡᠭᠦᠯᠵᠦ᠍᠂ ᠣᠯᠠᠨ ᠤᠯᠤᠰ᠎ᠤᠨ ᠬᠢᠵᠢᠭ᠎ᠲᠠᠢ ᠲᠡᠮᠡᠴᠡᠬᠦ᠌ ᠬᠠᠮᠲᠤᠷᠠᠯᠴᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠡᠨᠡ ᠤᠳᠠᠭᠠᠨ᠎ᠤ ᠬᠥᠮᠦᠨ ᠲᠥᠷᠥᠯᠬᠢᠲᠡᠨ᠎ᠤ ᠬᠢᠵᠢᠭ᠎ᠲᠠᠢ ᠲᠡᠮᠡᠴᠡᠬᠦ᠌ ᠲᠡᠮᠡᠴᠡᠯ᠎ᠤᠨ ᠡᠴᠦᠰ᠎ᠤᠨ ᠢᠯᠠᠯᠲᠠ᠎ᠶ᠋ᠢ ᠬᠠᠮᠲᠤ᠎ᠪᠠᠷ ᠤᠬ᠍ᠲᠤᠨ᠎ᠠ᠃
    ᠷᠦᠲᠧᠷ ᠬᠤᠷᠢᠶᠠᠨ᠎ᠤ ᠰᠤᠷᠪᠤᠯᠵᠢᠯᠠᠭ᠍ᠴᠢ᠄ ᠳᠤᠮᠳᠠᠳᠤ ᠤᠯᠤᠰ ᠱᠢᠶᠠᠩᠭᠠᠩ᠎ᠳᠤ ᠬᠤᠯᠪᠣᠭ᠍ᠳᠠᠬᠤ ᠤᠯᠤᠰ᠎ᠤᠨ ᠠᠮᠤᠷ ᠲᠦᠪᠱᠢᠨ᠎ᠤ ᠬᠠᠤᠯᠢ ᠲᠣᠭ᠍ᠲᠠᠭᠠᠯᠲᠠ᠎ᠶ᠋ᠢ ᠠᠬᠢᠭᠤᠯᠬᠤ᠎ᠪᠠᠷ ᠲᠣᠭ᠍ᠲᠠᠭ᠍ᠰᠠᠨ᠎ᠨᠢ ᠠᠮᠧᠷᠢᠺᠠ᠎ᠶ᠋ᠢᠨ ᠲᠠᠯ᠎ᠠ᠎ᠶ᠋ᠢᠨ᠎ᠬᠢᠨ᠎ᠤ ᠬᠠᠷᠢᠭᠤ ᠠᠪᠬᠤ᠎ᠳᠤ ᠬᠦᠷᠦᠬᠦᠯᠵᠤ ᠮᠡᠳᠡᠨ᠎ᠠ᠃ ᠱᠢᠶᠠᠩᠭᠠᠩ᠎ᠤᠨ ᠪᠦᠬᠦ᠌ ᠪᠥᠮᠪᠥᠷᠴᠡᠭ᠎ᠤᠨ ᠮᠥᠩᠭᠦᠨ ᠭᠦᠢᠯᠭᠡᠭᠡᠨ᠎ᠤ ᠲᠥᠪ ᠪᠣᠯᠬᠤ ᠪᠠᠢᠷᠢ ᠰᠠᠭᠤᠷᠢ ᠡᠭᠦᠨ᠎ᠠᠴᠠ ᠪᠣᠯᠵᠤ ᠬᠤᠬᠢᠷᠠᠯ᠎ᠳᠤ ᠤᠴᠠᠷᠠᠬᠤ᠎ᠠᠴᠠ ᠳᠤᠮᠳᠠᠳᠤ᠎ᠶ᠋ᠢᠨ ᠲᠠᠯ᠎ᠠ ᠰᠠᠨᠠᠭ᠎ᠠ ᠵᠤᠪᠠᠵᠤ ᠪᠠᠢᠨ᠎ᠠ ᠤᠤ?
   ᠸᠠᠩ ᠢ᠄ ᠨᠢᠭᠡᠳᠦᠭᠡᠷ᠎ᠲᠤ᠌᠂ ᠱᠢᠶᠠᠩᠭᠠᠩ᠎ᠤᠨ ᠬᠡᠷᠡᠭ ᠶᠠᠪᠤᠳᠠᠯ ᠪᠣᠯ ᠳᠤᠮᠳᠠᠳᠤ ᠤᠯᠤᠰ᠎ᠤᠨ ᠳᠣᠲᠣᠭᠠᠳᠤ ᠵᠠᠰᠠᠭ ᠮᠥᠨ᠂ ᠶᠠᠮᠠᠷᠪᠠ ᠭᠠᠳᠠᠭᠠᠳᠤ᠎ᠶ᠋ᠢᠨ᠎ᠬᠢᠨ᠎ᠤ ᠭᠠᠷ ᠲᠦᠷᠦᠭᠦ᠎ᠶ᠋ᠢ ᠵᠥᠪᠱᠢᠶᠡᠷᠡᠬᠦ᠌ ᠦᠭᠡᠢ᠃ ᠳᠣᠲᠣᠭᠠᠳᠤ ᠵᠠᠰᠠᠭ᠎ᠲᠤ ᠦᠯᠦ᠍ ᠭᠠᠷ ᠲᠦᠷᠦᠭᠦ᠌ ᠪᠣᠯ ᠤᠯᠠᠨ ᠤᠯᠤᠰ᠎ᠤᠨ ᠬᠠᠷᠢᠯᠴᠠᠭᠠᠨ᠎ᠤ ᠦᠨᠳᠦᠰᠦᠨ ᠪᠠᠷᠢᠮᠵᠢᠶ᠎ᠠ ᠮᠥᠨ᠂ ᠡᠯ᠎ᠡ ᠤᠯᠤᠰ ᠴᠥᠮ ᠵᠢᠷᠤᠮᠯᠠᠬᠤ ᠬᠡᠷᠡᠭ᠌ᠲᠡᠶ᠃
    ᠬᠤᠶᠠᠳᠤᠭᠠᠷ᠎ᠲᠤ᠌᠂ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠪᠣᠯ ᠶᠡᠷᠦ᠎ᠠᠴᠠ ᠲᠥᠪ᠎ᠤᠨ ᠡᠷᠬᠡ ᠪᠣᠯᠤᠭ᠍ᠰᠠᠭᠠᠷ ᠢᠷᠡᠭ᠌ᠰᠡᠨ ᠶᠤᠮ᠂ ᠶᠠᠮᠠᠷᠪᠠ ᠤᠯᠤᠰ᠎ᠲᠤ ᠴᠥᠮ ᠡᠢᠮᠦ᠍ ᠪᠠᠢᠳᠠᠭ᠃ ᠲᠥᠪ᠎ᠠᠴᠠ ᠦᠨᠳᠦᠰᠦ ᠪᠣᠯᠬᠤ ᠬᠠᠤᠯᠢ᠎ᠶ᠋ᠢᠨ 23 ᠳ᠋ᠤᠭᠠᠷ ᠵᠦᠢᠯ᠎ᠢᠶᠠᠷ ᠲᠠᠮᠵᠢᠭᠤᠯᠤᠨ ᠱᠢᠶᠠᠩᠭᠠᠩ᠎ᠤᠨ ᠵᠠᠰᠠᠭ ᠵᠠᠬᠢᠷᠭᠠᠨ᠎ᠤ ᠣᠨᠴᠠᠭᠠᠶ ᠣᠷᠣᠨ᠎ᠳᠤ ᠥᠪᠡᠷᠲᠡᠭᠡᠨ ᠬᠠᠤᠯᠢ ᠲᠣᠭ᠍ᠲᠠᠭᠠᠬᠤ ᠡᠷᠬᠡ ᠣᠯᠭᠤᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠠᠴᠠ ᠲᠤᠭ᠍ᠲᠠᠭᠠᠭ᠍ᠰᠠᠠ ᠬᠠᠷᠢᠭᠤᠴᠠᠯᠭ᠎ᠠ᠎ᠶ᠋ᠢ᠎ᠨᠢ ᠭᠦᠶᠴᠡᠳᠭᠡᠯᠭᠡᠬᠦ᠌ ᠪᠣᠯᠪᠠᠴᠤ᠌᠂ ᠡᠨᠡ᠎ᠨᠢ ᠲᠥᠪ᠎ᠠᠴᠠ ᠪᠣᠳᠠᠲᠤ ᠪᠠᠢᠳᠠᠯ ᠪᠠ ᠬᠡᠷᠡᠭ᠌ᠴᠡᠭᠡ᠎ᠶ᠋ᠢ ᠦᠨᠳᠦᠰᠦᠯᠡᠨ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ ᠴᠠᠭᠠᠵᠠ᠎ᠶ᠋ᠢᠨ ᠲᠦᠷᠢᠮ ᠪᠠ ᠭᠦᠢᠴᠡᠳᠭᠡᠬᠦ᠌ ᠲᠣᠭ᠍ᠲᠠᠴᠠ᠎ᠶ᠋ᠢ ᠦᠷᠭᠦᠯᠵᠢᠯᠡᠨ ᠪᠠᠢᠭᠤᠯᠬᠤ᠎ᠶ᠋ᠢ ᠨᠥᠯᠥᠭᠡᠯᠡᠬᠦ᠌ ᠦᠭᠡᠢ ᠶᠤᠮ᠃ ᠲᠥᠪ᠎ᠤᠨ ᠵᠠᠰᠠᠭ᠎ᠤᠨ ᠣᠷᠳᠣᠨ᠎ᠠᠴᠠ ᠪᠤᠶ ᠪᠦᠬᠦᠢ ᠣᠷᠣᠨ ᠨᠤᠲᠤᠭ᠎ᠤᠨ ᠵᠠᠰᠠᠭ ᠵᠠᠬᠢᠷᠭᠠᠨ᠎ᠤ ᠣᠷᠣᠨ᠎ᠤ ᠤᠯᠤᠰ᠎ᠤᠨ ᠠᠮᠤᠷ ᠲᠦᠪᠱᠢᠨ᠎ᠤ ᠬᠠᠮᠤᠭ᠎ᠤᠨ ᠶᠡᠭᠡ ᠬᠠᠮᠤᠭ᠎ᠤᠨ ᠡᠴᠦᠰ᠎ᠤᠨ ᠬᠠᠷᠢᠭᠤᠴᠠᠯᠭ᠎ᠠ᠎ᠶ᠋ᠢ ᠡᠭᠦᠷᠭᠡᠯᠡᠨ᠎ᠡ᠃ ᠡᠨᠡ ᠪᠣᠯ ᠤᠯᠤᠰ᠎ᠤᠨ ᠡᠷᠬᠡ ᠮᠡᠳᠡᠯ᠎ᠤᠨ ᠲᠤᠬᠠᠶ ᠦᠨᠳᠦᠰᠦᠨ ᠤᠨᠤᠯ ᠪᠠ ᠵᠠᠷᠴᠢᠮ ᠮᠥᠨ᠂ ᠪᠠᠰᠠ ᠴᠤ᠌ ᠳᠡᠯᠡᠬᠡᠶ᠎ᠶ᠋ᠢᠨ ᠡᠯ ᠎ᠡ ᠤᠯᠤᠰ᠎ᠤᠨ ᠨᠡᠢᠲᠡ᠎ᠶ᠋ᠢᠨ ᠵᠤᠷᠱᠢᠯ ᠮᠥᠨ᠃
    ᠭᠤᠷᠪᠠᠳᠤᠭᠠᠷ᠎ᠲᠤ᠌᠂ ᠨᠢᠳᠤᠨᠤᠨ᠎ᠤ 6 ᠰᠠᠷ᠎ᠠ᠎ᠳᠤ ᠵᠠᠰᠠᠪᠤᠷᠢ ᠣᠷᠣᠭᠤᠯᠬᠤ ᠶᠠᠪᠤᠳᠠᠯ᠎ᠤᠨ ᠲᠤᠬᠠᠢ ᠡᠭᠦᠰᠦᠭ᠌ᠰᠡᠡ ᠦᠢᠮᠡᠭᠡᠨ᠎ᠠᠴᠠ ᠨᠠᠭᠠᠰᠢ᠂ 《ᠱᠢᠶᠠᠩᠭᠠᠩ᠎ᠢ ᠲᠤᠰᠠᠭᠠᠷ ᠲᠣᠭ᠍ᠲᠠᠨᠢᠭᠤᠯᠬᠤ》 ᠵᠣᠬᠢᠶᠠᠨ ᠪᠠᠢᠭᠤᠯᠤᠯᠲᠠ ᠪᠣᠯᠤᠨ ᠲᠤᠰ ᠭᠠᠵᠠᠷ ᠣᠷᠣᠨ᠎ᠤ ᠬᠡᠲᠦᠷᠡᠮᠡᠬᠡᠶ ᠬᠠᠭᠠᠴᠠᠭᠤᠯᠤᠨ ᠲᠤᠰᠠᠭᠠᠷᠯᠠᠬᠤ ᠬᠦᠴᠦᠨ ᠡᠳᠦᠷ ᠢᠷᠡᠬᠦᠶ᠎ᠡ ᠤᠯᠠᠢᠷᠠᠨ ᠰᠠᠮᠠᠭᠤᠷᠠᠵᠤ᠂ ᠬᠦᠴᠦᠷᠬᠡᠭ᠌ᠯᠡᠯ ᠰᠦᠷᠳᠡᠭᠦᠯᠦᠯ᠎ᠤᠨ ᠠᠵᠢᠯᠯᠠᠭ᠎ᠠ ᠲᠠᠰᠤᠷᠠᠯᠲᠠ ᠦᠭᠡᠢ ᠳᠡᠰ ᠳᠡᠪᠱᠢᠪᠡ᠃ ᠭᠠᠳᠠᠭᠠᠳᠤ᠎ᠶ᠋ᠢᠨ ᠬᠦᠴᠦᠨ ᠱᠢᠶᠠᠩᠭᠠᠩ᠎ᠤᠨ ᠬᠡᠷᠡᠭ ᠶᠠᠪᠤᠳᠠᠯ᠎ᠳᠤ ᠬᠠᠤᠯᠢ ᠪᠤᠰᠤ᠎ᠪᠠᠷ ᠭᠠᠷ ᠲᠥᠷᠥᠵᠦ᠍᠂ ᠡᠳᠡᠭᠡᠷ᠎ᠨᠢ ᠴᠥᠮ ᠳᠤᠮᠳᠠᠳᠤ ᠤᠯᠤᠰ᠎ᠤᠨ ᠠᠮᠤᠷ ᠲᠦᠪᠱᠢᠨ᠎ᠳᠤ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠤᠭ᠍ᠰᠠᠨ ᠪᠥᠭᠡᠳ ᠱᠢᠶᠠᠩᠭᠠᠩ᠎ᠤᠨ ᠬᠥᠭ᠌ᠵᠢᠯ ᠴᠡᠴᠡᠭ᠌ᠯᠡᠯ ᠪᠠ ᠲᠣᠭ᠍ᠲᠠᠭᠤᠨ ᠪᠠᠢᠳᠠᠯ᠎ᠢ ᠪᠠᠳᠤᠯᠠᠬᠤ᠂ 《ᠨᠢᠭᠡ ᠤᠯᠤᠰ᠎ᠲᠤ ᠬᠤᠶᠠᠷ ᠪᠠᠢᠭᠤᠯᠤᠯ ᠬᠡᠷᠡᠭ᠌ᠵᠢᠬᠦᠯᠬᠦ᠌》 ᠎ᠶ᠋ᠢ ᠠᠬᠢᠭᠤᠯᠬᠤ᠎ᠳᠤ ᠯᠤᠲᠤ ᠶᠡᠭᠡ ᠰᠦᠷᠳᠡᠭᠦᠯᠦᠯ ᠪᠣᠯᠤᠭ᠍ᠰᠠᠨ ᠪᠠᠢᠨ᠎ᠠ᠃ ᠱᠢᠶᠠᠩᠭᠠᠩ᠎ᠤᠨ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ ᠴᠠᠭᠠᠵᠠ᠎ᠶ᠋ᠢᠨ ᠲᠦᠷᠢᠮ ᠪᠠ ᠭᠦᠶᠴᠡᠳᠭᠡᠬᠦ᠌ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠬᠦ᠌᠎ᠶ᠋ᠢ ᠬᠤᠢᠱᠢᠯᠠᠭᠤᠯᠵᠤ ᠪᠣᠯᠬᠤ ᠦᠭᠡᠢ᠂ ᠵᠠᠪᠠᠯ ᠬᠢᠬᠦ᠌ ᠬᠡᠷᠡᠭ᠌ᠲᠡᠶ᠃
    ᠳᠥᠷᠪᠡᠳᠦᠭᠡᠷ᠎ᠲᠤ᠌᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠡᠨᠡ ᠬᠦ᠌ ᠲᠣᠭ᠍ᠲᠠᠭᠠᠯ᠎ᠨᠢ᠂ ᠤᠯᠤᠰ ᠣᠷᠣᠨ᠎ᠤ ᠠᠮᠤᠷ ᠲᠦᠪᠱᠢᠨ᠎ᠳᠤ ᠬᠦᠨᠳᠦ ᠨᠣᠴᠢᠲᠠᠶ ᠬᠥᠨᠥᠭᠡᠯ ᠤᠴᠠᠷᠠᠭᠤᠯᠤᠭ᠍ᠰᠠᠨ ᠲᠦᠢᠯ᠎ᠤᠨ ᠴᠥᠭᠡᠨ ᠲᠣᠭᠠᠨ᠎ᠤ ᠦᠢᠯᠡ ᠠᠵᠢᠯᠯᠠᠭ᠎ᠠ᠎ᠳᠤ ᠴᠢᠭ᠌ᠯᠡᠭᠦᠯᠵᠤ ᠪᠠᠢᠭ᠎ᠠ ᠶᠤᠮ᠂ ᠱᠢᠶᠠᠩᠭᠠᠩ᠎ᠤᠨ ᠳᠡᠭᠡᠳᠤ ᠬᠡᠮᠵᠢᠶᠡᠨ᠎ᠤ ᠥᠪᠡᠷᠲᠡᠭᠡᠨ ᠵᠠᠰᠠᠬᠤ᠎ᠶ᠋ᠢ ᠨᠥᠯᠥᠭᠡᠯᠡᠬᠦ᠌ ᠦᠭᠡᠢ᠂ ᠱᠢᠶᠠᠩᠭᠠᠩ᠎ᠤᠨ ᠰᠠᠭᠤᠭᠠᠯᠢ ᠠᠷᠠᠳ᠎ᠤᠨ ᠡᠷᠬᠡ ᠪᠠ ᠡᠷᠬᠡ ᠴᠢᠯᠥᠭᠡ᠎ᠶ᠋ᠢ ᠨᠥᠯᠥᠭᠡᠯᠡᠬᠦ᠌ ᠤᠢ᠍ᠭᠡᠢ᠂ ᠭᠠᠳᠠᠭᠠᠳᠤ᠎ᠶ᠋ᠢᠨ ᠪᠡᠯᠠ ᠣᠷᠣᠭᠤᠯᠤᠭ᠍ᠴᠢᠳ᠎ᠤᠨ ᠱᠢᠶᠠᠩᠭᠠᠩ᠎ᠳᠠᠬᠢ ᠵᠦᠶ ᠶᠣᠰᠣᠨ᠎ᠤ ᠡᠷᠬᠡ ᠠᠱᠢᠭ᠎ᠢ ᠨᠥᠯᠥᠭᠡᠯᠡᠬᠦ᠌ ᠤᠢ᠍ᠭᠡᠢ᠃ ᠤᠯᠡᠠ᠎ᠢᠶᠠᠷ᠎ᠢᠶᠠᠨ ᠱᠢᠶᠠᠩᠭᠠᠩ᠎ᠤᠨ ᠢᠷᠡᠭᠡᠳᠦᠢ᠎ᠳᠤ ᠨᠡᠩ ᠢᠲᠡᠭᠡᠯ ᠲᠡᠭᠦᠯᠳᠡᠷ ᠪᠠᠢᠬᠤ ᠬᠡᠷᠡᠭ᠌ᠲᠡᠢ᠂ ᠬᠠᠷᠢᠨ ᠭᠡᠳᠦ ᠰᠠᠨᠠᠭ᠎ᠠ ᠵᠣᠪᠠᠭ᠍ᠰᠠᠨ᠎ᠤ ᠬᠡᠷᠡᠭ ᠤᠢ᠍ᠭᠡᠢ᠃ ᠲᠤᠭ᠍ᠳᠠᠭᠠᠯ᠎ᠢ ᠪᠠᠲᠤᠯᠠᠭ᠍ᠰᠠᠨ᠎ᠤ ᠳᠠᠷᠠᠭ᠎ᠠ ᠬᠠᠤᠯᠢ ᠲᠣᠭ᠍ᠲᠠᠭᠠᠬᠤ ᠵᠢᠷᠤᠮ ᠲᠠᠷᠠᠭᠠᠯᠠᠯ᠎ᠢ ᠡᠬᠢᠯᠡᠭᠦᠯᠬᠦ᠌ ᠪᠣᠯᠤᠨ᠎ᠠ᠂ ᠡᠨᠡ᠎ᠨᠢ ᠱᠢᠶᠠᠩᠭᠠᠩ᠎ᠢ ᠨᠡᠩ ᠪᠦᠷᠢᠨ ᠲᠡᠭᠦᠯᠳᠡᠷ ᠬᠠᠤᠯᠢ ᠴᠠᠭᠠᠵᠠ᠎ᠶ᠋ᠢᠨ ᠱᠢᠰᠲ᠋ᠧᠮ᠂ ᠨᠡᠩ ᠲᠣᠭ᠍ᠲᠠᠭᠤᠨ ᠨᠡᠢᠭᠡᠮ᠎ᠤᠨ ᠡᠮᠬᠢ ᠵᠢᠷᠤᠮ᠂ ᠨᠡᠩ ᠰᠠᠢᠨ ᠬᠠᠤᠯᠢᠵᠢᠯ ᠪᠣᠯᠤᠨ ᠬᠤᠳᠠᠯᠳᠤᠭ᠎ᠠ ᠡᠵᠡᠩᠨᠡᠬᠦ᠌ ᠣᠷᠴᠢᠨ ᠨᠦᠬᠦᠴᠡᠯ᠎ᠲᠠᠢ ᠪᠣᠯᠭᠠᠵᠤ᠂ 《ᠨᠢᠭᠡ ᠤᠯᠤᠰ᠎ᠲᠤ ᠬᠤᠶᠠᠷ ᠪᠠᠢᠭᠤᠯᠤᠯ     ᠬᠡᠷᠡᠭ᠌ᠵᠢᠬᠦᠯᠬᠦ᠌》 ᠦᠨᠳᠦᠰᠦᠨ ᠴᠢᠭ᠌ᠯᠡᠯᠲᠡ᠎ᠶ᠋ᠢ ᠬᠠᠮᠠᠭᠠᠯᠠᠬᠤ᠎ᠳᠤ ᠠᠱᠢᠭ᠍ᠲᠠᠢ ᠪᠣᠯᠭᠠᠬᠤ ᠪᠣᠯᠤᠨ᠎ᠠ᠃ ᠱᠢᠶᠠᠩᠭᠠᠩ᠎ᠤᠨ ᠮᠥᠩᠭᠦᠨ  ᠭᠦᠢᠯᠭᠡᠭᠡ᠂ ᠠᠷᠠᠯᠵᠢᠶ᠎ᠠ ᠪᠠ ᠠᠭᠠᠷ᠎ᠤᠨ ᠲᠡᠭᠡᠭᠡᠪᠦᠷᠢ᠎ᠶ᠋ᠢᠨ ᠲᠥᠪ ᠪᠣᠯᠬᠤ ᠪᠠᠢᠷᠢ ᠰᠠᠭᠤᠷᠢ᠎ᠶ᠋ᠢ ᠬᠠᠮᠠᠭᠠᠯᠠᠬᠤ᠎ᠳᠤ ᠠᠱᠢᠭ᠍ᠲᠠᠶ ᠶᠤᠮ᠃ ᠱᠢᠶᠠᠩᠭᠠᠩ᠎ᠤᠨ ᠥᠨᠢ ᠤᠳᠠᠭᠠᠨ ᠠᠮᠤᠷ ᠲᠦᠪᠱᠢᠨ ᠪᠠᠢᠬᠤ᠂ 《ᠨᠢᠭᠡ ᠤᠯᠤᠰ᠎ᠲᠤ ᠬᠤᠶᠠᠷ ᠪᠠᠢᠭᠤᠯᠤᠯ ᠬᠡᠷᠡᠭ᠌ᠵᠢᠬᠦᠯᠬᠦ᠌》 ᠎ᠶ᠋ᠢ ᠬᠦᠰᠡᠵᠦ᠍ ᠪᠠᠢᠭ᠎ᠠ ᠡᠯ᠎ᠡ ᠡᠲᠡᠭᠡᠳ᠎ᠤᠨ ᠨᠠᠢᠵᠠ ᠨᠠᠷ ᠪᠦᠬᠦᠨ ᠴᠥᠮ ᠡᠭᠦᠨ᠎ᠢ ᠣᠢᠯᠠᠭᠠᠵᠣ ᠳᠡᠮᠵᠢᠬᠦ᠌ ᠶᠤᠮ ᠭᠡᠳᠡᠭ᠎ᠢ ᠢᠲᠡᠭᠡᠵᠦ᠍ ᠪᠠᠢᠨ᠎ᠠ᠃
    ᠹᠧᠩ ᠬᠤᠸᠠᠩ ᠣᠳᠣᠨ ᠲᠧᠯᠸᠢᠰ᠎ᠤᠨ ᠰᠤᠷᠪᠤᠯᠵᠢᠯᠠᠭ᠍ᠴᠢ᠄ ᠳᠤᠮᠳᠠᠳᠤ᠎ᠶ᠋ᠢᠨ ᠲᠠᠯ᠎ᠠ᠎ᠶ᠋ᠢᠨ᠎ᠬᠢᠨ ᠸᠢᠷᠦ᠋ᠰ᠎ᠤᠨ ᠢᠷᠡᠯᠳᠡ᠎ᠶ᠋ᠢᠨ ᠲᠤᠬᠠᠶ ᠣᠯᠠᠨ ᠤᠯᠤᠰ᠎ᠤᠨ ᠲᠤᠰᠠᠭᠠᠷ ᠪᠠᠢᠴᠠᠭᠠᠯᠲᠠ ᠬᠢᠬᠦ᠌᠎ᠶ᠋ᠢ ᠵᠥᠪᠱᠢᠶᠡᠷᠡᠨ᠎ᠡ ᠤᠤ?
    ᠸᠠᠩ ᠢ᠄ ᠸᠢᠷᠦ᠋ᠰ᠎ᠤᠨ ᠢᠷᠡᠯᠳᠡ᠎ᠶ᠋ᠢᠨ ᠠᠰᠠᠭᠤᠳᠠᠯ ᠳᠡᠭᠡᠷ᠎ᠡ᠂ ᠳᠤᠮᠳᠠᠳᠤ᠎ᠶ᠋ᠢᠨ ᠲᠠᠯ᠎ᠠ ᠪᠣᠯᠤᠨ ᠠᠮᠧᠷᠢᠺᠠ᠎ᠶ᠋ᠢᠨ ᠵᠠᠷᠢᠮ ᠤᠯᠤᠰ ᠲᠥᠷᠥ᠎ᠶ᠋ᠢᠨ ᠵᠠᠪᠱᠢᠭ᠍ᠴᠢᠳ᠎ᠤᠨ ᠬᠤᠭᠤᠷᠣᠨᠳᠣᠬᠢ ᠵᠥᠷᠢᠴᠡᠯ ᠪᠣᠯ ᠦᠨᠡᠨ ᠪᠠᠢᠳᠠᠯ ᠪᠣᠯᠤᠨ ᠬᠤᠳᠠᠯ ᠦᠭᠡ᠎ᠶ᠋ᠢᠨ ᠵᠥᠷᠢᠶ᠎ᠡ ᠪᠣᠯᠤᠨ᠎ᠠ᠃ ᠱᠢᠨᠵᠢᠯᠡᠬᠦ᠌ ᠤᠬᠠᠭᠠᠨ ᠪᠠ ᠬᠡᠯᠪᠠᠢᠭᠦᠦ ᠦᠵᠡᠯ᠎ᠤᠨ ᠬᠠᠷᠢᠴᠠᠭᠤᠯᠤᠯ ᠮᠥᠨ᠃
    ᠸᠢᠷᠦ᠋ᠰ᠎ᠤᠨ ᠢᠷᠡᠯᠲᠡ᠎ᠶ᠋ᠢ ᠡᠷᠢᠬᠦ᠌ ᠪᠣᠯ ᠨᠢᠭᠡᠨ ᠲᠥᠪ ᠴᠢᠩᠭ᠎ᠠ ᠨᠠᠷᠢᠨ ᠪᠤᠳᠤᠯᠢᠶᠠᠨᠲᠠᠢ ᠱᠢᠨᠵᠢᠯᠡᠬᠦ᠌ ᠤᠬᠠᠭᠠᠨ᠎ᠤ ᠠᠰᠠᠭᠤᠳᠠᠯ ᠪᠣᠯᠤᠨ᠎ᠠ᠃ ᠱᠢᠨᠵᠢᠯᠡᠬᠦ᠌ ᠤᠬᠠᠭᠠᠨᠲᠠᠨ ᠪᠠ ᠠᠨᠠᠭᠠᠬᠤ ᠤᠬᠠᠭᠠᠨ᠎ᠤ ᠲᠤᠰᠭᠠᠶ ᠮᠡᠷᠭᠡᠵᠢᠯᠲᠡᠨ᠎ᠠᠴᠠ ᠰᠤᠳᠤᠯᠤᠨ ᠰᠦᠪᠡᠭ᠌ᠴᠢᠯᠡᠬᠦ᠌ ᠴᠢᠬᠤᠯᠠᠳᠠᠢ᠃ ᠭᠡᠲᠡᠯ᠎ᠡ ᠠᠮᠧᠷᠢᠺᠠ᠎ᠶ᠋ᠢᠨ ᠵᠠᠷᠢᠮ ᠤᠯᠤᠰ ᠲᠥᠷᠥ᠎ᠶ᠋ᠢᠨ ᠬᠥᠮᠦᠰ ᠬᠠᠷᠢᠨ ᠬᠦᠯᠢᠶᠡᠵᠦ᠍ ᠶᠠᠳᠠᠨ ᠸᠢᠷᠦ᠋ᠰ᠎ᠲᠤ ᠱᠤᠱᠢᠭ᠎ᠠ ᠨᠠᠭᠠᠵᠤ᠂ ᠡᠬᠢ ᠡᠭᠦᠰᠦᠯ᠎ᠢ ᠤᠯᠤᠰ ᠲᠥᠷᠥᠴᠢᠯᠡᠵᠦ᠍᠂ ᠳᠤᠮᠳᠠᠳᠤ ᠤᠯᠤᠰ᠎ᠲᠤ ᠮᠠᠭᠤ ᠨᠡᠷ᠎ᠡ ᠬᠠᠯᠳᠠᠭᠠᠭ᠍ᠰᠠᠨ ᠪᠠᠢᠨ᠎ᠠ᠃ ᠲᠡᠳᠡ ᠥᠪᠡᠷ᠎ᠤᠨ ᠴᠤᠤᠷᠬᠠᠯ ᠲᠠᠯᠪᠢᠬᠤ ᠴᠢᠳᠠᠪᠤᠷᠢ᠎ᠪᠠᠨ ᠥᠨᠳᠥᠷ ᠦᠨᠡᠯᠡᠵᠦ᠍᠂ ᠲᠠᠯᠠᠬᠡᠢ ᠳ᠋ᠡᠭᠢᠨ᠎ᠤ ᠮᠠᠭᠠᠳᠯᠠᠬᠤ ᠴᠢᠳᠠᠪᠤᠷᠢ᠎ᠶ᠋ᠢ ᠪᠠᠰᠤᠪᠠ᠃ ᠲᠡᠤᠬᠡ᠎ᠶ᠋ᠢ ᠪᠣᠳᠠᠲᠤ ᠬᠡᠷᠡᠭ ᠪᠠ ᠦᠨᠡᠨ ᠪᠠᠢᠳᠠᠯ᠎ᠠᠴᠠ ᠪᠢᠴᠢᠪᠡᠯ ᠵᠣᠬᠢᠨ᠎ᠠ᠂ ᠬᠠᠷᠢᠨ ᠬᠤᠳᠠᠯ ᠦᠭᠡ᠎ᠪᠠᠷ ᠪᠤᠷᠤᠭᠤ ᠲᠠᠢᠰᠢ ᠭᠦᠳᠦᠯᠵᠤ ᠪᠣᠬᠢᠷᠲᠤᠭᠤᠯᠵᠤ ᠪᠣᠯᠬᠤ ᠦᠭᠡᠢ᠃ ᠪᠢᠳᠡ ᠴᠠᠢᠯᠭᠠᠨ ᠰᠡᠳᠭᠢᠯᠭᠡ ᠪᠠ ᠤᠶᠤᠨᠴᠢ ᠪᠠᠢᠬᠤ᠎ᠶ᠋ᠢ ᠪᠠᠷᠢᠮᠲᠠᠯᠠᠵᠤ᠂ ᠡᠨᠡ ᠤᠳᠠᠭ᠎ᠠ᠎ᠶ᠋ᠢᠨ ᠪᠦᠬᠦ᠌ ᠪᠥᠮᠪᠥᠷᠴᠡᠭ᠎ᠤᠨ ᠬᠢᠵᠢᠭ᠎ᠤᠨ ᠪᠠᠢᠳᠠᠯ᠎ᠤᠨ ᠬᠦᠦᠷᠨᠢᠯ᠎ᠳᠤ ᠪᠤᠰᠤᠳᠴᠢ ᠦᠨᠡᠨ ᠪᠣᠳᠠᠲᠠᠢ ᠬᠥᠮᠦᠨ ᠲᠥᠷᠥᠯᠬᠢᠲᠡᠨ᠎ᠤ ᠬᠠᠮᠲᠤ᠎ᠶ᠋ᠢᠨ ᠳᠤᠷᠠᠳᠭᠠᠯ ᠦᠯᠡᠳᠡᠭᠡᠪᠡᠯ ᠵᠣᠬᠢᠨ᠎ᠠ᠃
    ᠲᠤᠮᠳᠠᠳᠤ᠎ᠶ᠋ᠢᠨ ᠲᠠᠯ᠎ᠡ᠎ᠶ᠋ᠢᠨ᠎ᠬᠢᠨ ᠣᠯᠠᠨ ᠤᠯᠤᠰ᠎ᠤᠨ ᠱᠢᠨᠵᠢᠯᠡᠬᠦ᠌ ᠤᠬᠠᠭᠠᠨ᠎ᠤ ᠡᠲᠡᠭᠡᠳ ᠸᠢᠷᠦ᠋ᠰ᠎ᠤᠨ ᠢᠷᠡᠯᠳᠡ᠎ᠶ᠋ᠢ ᠡᠷᠢᠬᠦ᠌ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠠᠮᠲᠤᠷᠠᠯᠴᠠᠭ᠎ᠠ ᠬᠢᠬᠦ᠌᠎ᠳᠤ ᠨᠡᠭᠡᠭᠡᠯᠲᠡ᠎ᠲᠠᠢ ᠣᠪᠣᠷ ᠠᠪᠤᠨ᠎ᠠ᠂ ᠡᠨᠡ ᠭᠦ᠌ ᠠᠬᠢᠴᠡ᠎ᠨᠢ ᠲᠤᠰᠭᠠᠢ ᠮᠡᠷᠭᠡᠵᠢᠯ᠎ᠤᠨ ᠴᠢᠨᠠᠷ᠎ᠲᠠᠢ᠂ ᠲᠦᠪ ᠭᠤᠤᠯᠴᠢ ᠴᠢᠨᠠᠷ᠎ᠲᠠᠢ ᠪᠠᠢᠬᠤ ᠪᠡ ᠪᠦᠳᠦᠭᠡᠯᠴᠢ ᠴᠢᠨᠠᠷ᠎ᠲᠠᠢ ᠪᠠᠢᠬᠤ᠎ᠶ᠋ᠢ ᠪᠠᠷᠢᠮᠳᠠᠯᠠᠪᠠᠯ ᠵᠤᠬᠢᠨ᠎ᠠ᠄
    ᠲᠤᠰᠭᠠᠶ ᠮᠡᠷᠭᠡᠵᠢᠯ᠎ᠤᠨ ᠴᠢᠨᠠᠷ ᠭᠡᠳᠡᠭ᠎ᠨᠢ ᠢᠷᠡᠯᠳᠡ᠎ᠶ᠋ᠢ ᠡᠷᠢᠬᠦ᠌᠎ᠳᠤ ᠱᠢᠨᠵᠢᠯᠡᠬᠦ᠌ ᠤᠬᠠᠭᠠᠨ᠎ᠢᠶᠠᠷ ᠦᠨᠳᠦᠰᠦᠯᠡᠯ ᠪᠣᠯᠭᠠᠬᠤ ᠬᠡᠷᠡᠭ᠌ᠲᠡᠶ᠂ ᠳᠡᠯᠡᠬᠡᠢ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠠᠴᠠ ᠭᠤᠣᠯᠯᠠᠨ ᠤᠳᠤᠷᠢᠳᠴᠤ᠌᠂ ᠱᠢᠨᠵᠢᠯᠡᠬᠦ᠌ ᠤᠬᠠᠭᠠᠨᠲᠠᠨ ᠪᠠ ᠠᠨᠠᠭᠠᠬᠤ ᠤᠬᠠᠭᠠᠨ᠎ᠤ ᠲᠤᠰᠭᠠᠢ ᠮᠡᠷᠭᠡᠵᠢᠯᠲᠡᠨ᠎ᠢᠶᠠᠷ ᠪᠦᠬᠦ᠌ ᠳᠡᠯᠡᠬᠡᠢ᠎ᠶ᠋ᠢᠨ ᠬᠡᠪᠴᠢᠶᠡᠨ᠎ᠳᠤ ᠪᠠᠢᠴᠠᠭᠠᠨ ᠰᠤᠳᠤᠯᠤᠯᠳᠠ ᠬᠢᠯᠭᠡᠨ᠎ᠠ᠃ ᠵᠣᠷᠢᠯᠭ᠎ᠠ᠎ᠨᠢ ᠡᠨᠡ ᠲᠥᠷᠥᠯ᠎ᠤᠨ ᠸᠢᠷᠦ᠋ᠰ᠎ᠤᠨ ᠲᠤᠬᠠᠶ ᠱᠢᠨᠵᠢᠯᠡᠬᠦ᠌ ᠤᠬᠠᠭᠠᠨᠴᠢ ᠲᠠᠨᠢᠯᠲᠠ᠎ᠶ᠋ᠢ ᠨᠡᠮᠡᠭ᠌ᠳᠡᠭᠦᠯᠵᠦ᠍᠂ ᠬᠤᠢᠱᠢᠳᠠ ᠬᠦᠨᠳᠦ ᠶᠡᠭᠡ ᠬᠠᠯᠳᠠᠪᠤᠷᠢᠲᠤ ᠴᠢᠨᠠᠷᠲᠠᠶ ᠡᠪᠡᠳᠴᠢᠨ ᠡᠮᠭᠡᠭ᠎ᠢ ᠨᠠᠩ ᠰᠠᠢᠨ ᠠᠷᠭᠠᠴᠠᠭᠠᠬᠤ᠎ᠶ᠋ᠢᠨ ᠲᠥᠯᠥᠭᠡ ᠶᠤᠮ᠃
    ᠲᠥᠪ ᠭᠤᠣᠯᠴᠢ ᠴᠢᠨᠠᠷ ᠭᠡᠳᠡᠭ᠎ᠨᠢ ᠡᠯ᠎ᠡ ᠵᠦᠢᠯ᠎ᠤᠨ ᠤᠯᠤᠰ ᠲᠥᠷᠥ᠎ᠶ᠋ᠢᠨ ᠬᠠᠷᠱᠢᠯᠠᠯ᠎ᠢ ᠠᠷᠢᠯᠭᠠᠬᠤ᠎ᠶ᠋ᠢ ᠵᠢᠭᠠᠵᠤ ᠪᠠᠢᠨ᠎ᠠ᠂ ᠡᠯ᠎ᠡ ᠤᠯᠤᠰ᠎ᠤᠨ ᠡᠷᠬᠡ ᠮᠡᠳᠡᠯ ᠡᠷᠬᠡ ᠲᠡᠭ᠌ᠰᠢ ᠪᠠᠢᠬᠤ᠎ᠶ᠋ᠢ ᠬᠦᠨᠳᠦᠳᠭᠡᠵᠦ᠍᠂ ᠶᠠᠮᠠᠷᠪᠠ 《ᠶᠠᠯ᠎ᠠ᠎ᠲᠠᠢ ᠭᠡᠵᠦ᠍ ᠵᠦᠢᠴᠢᠯᠡᠨ ᠮᠠᠭᠠᠳᠯᠠᠬᠤ》 ᠎ᠶ᠋ᠢ ᠡᠰᠡᠷᠭᠦᠴᠡᠨ᠎ᠡ᠃ ᠱᠢᠨᠵᠢᠯᠡᠨ ᠪᠠᠢᠴᠠᠭᠠᠯᠳᠠ᠎ᠨᠢ ᠬᠢᠵᠢᠭ᠎ᠤᠨ ᠪᠠᠢᠳᠠᠯ᠎ᠲᠠᠢ ᠨᠢᠭ᠍ᠲᠠ ᠬᠤᠯᠪᠣᠭ᠍ᠳᠠᠬᠤ ᠤᠯᠤᠰ ᠪᠦᠬᠦᠨ᠎ᠢ ᠬᠠᠮᠤᠷᠴᠤ᠌᠂ ᠢᠯᠡ ᠲᠣᠳᠣ ᠪᠠ ᠪᠤᠰᠤᠳᠴᠢ ᠣᠶᠤᠨᠴᠢ ᠴᠢᠨᠠᠷ᠎ᠢ ᠪᠠᠷᠢᠮᠲᠠᠯᠠᠬᠤ ᠬᠡᠷᠡᠭ᠌ᠲᠡᠶ᠃
    ᠪᠦᠲᠦᠭᠡᠯᠴᠢ ᠴᠢᠨᠠᠷ ᠭᠡᠳᠡᠭ᠎ᠨᠢ ᠢᠷᠡᠯᠳᠡ᠎ᠶ᠋ᠢ ᠡᠷᠢᠬᠦ᠌᠎ᠨᠢ ᠠᠮᠢ ᠨᠠᠰᠤ᠎ᠶ᠋ᠢ ᠠᠪᠤᠷᠠᠬᠤ ᠪᠠᠴᠢᠮ ᠡᠭᠦᠷᠭᠡ᠎ᠶ᠋ᠢ ᠨᠥᠯᠥᠭᠡᠯᠡᠵᠦ᠍ ᠪᠣᠯᠬᠤ ᠦᠭᠡᠢ᠂ ᠡᠯ᠎ᠡ ᠤᠯᠤᠰ᠎ᠤᠨ ᠬᠤᠭᠤᠷᠣᠨᠳᠣᠬᠢ ᠬᠢᠵᠢᠭ᠎ᠲᠠᠢ ᠲᠡᠮᠡᠴᠡᠭᠦ᠌ ᠬᠠᠮᠲᠤᠷᠠᠯᠴᠠᠭ᠎ᠠ᠎ᠶ᠋ᠢ ᠬᠤᠬᠢᠷᠠᠭᠤᠯᠵᠤ ᠪᠣᠯᠬᠤ ᠦᠭᠡᠶ᠂ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶ᠋ᠢᠨ ᠪᠠᠢᠪᠠᠰᠤ ᠵᠣᠬᠢᠬᠤ ᠦᠶᠯᠡᠳᠦᠯ᠎ᠢ ᠰᠤᠯᠠᠷᠠᠭᠤᠯᠵᠤ ᠪᠣᠯᠬᠤ ᠦᠭᠡᠶ᠃ ᠬᠠᠷᠢᠨ ᠤᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠡᠯ᠎ᠡ ᠱᠢᠰᠲ᠋ᠧᠮ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠮᠵᠢ ᠪᠠ ᠡᠯ᠎ᠡ ᠤᠯᠤᠰ᠎ᠤᠨ ᠪᠦᠯᠬᠦᠮᠳᠡᠯ ᠬᠠᠮᠲᠤᠷᠠᠯᠴᠠᠭ᠎ᠠ᠎ᠶ᠋ᠢ ᠴᠢᠩᠭᠠᠳᠭᠠᠬᠤ᠎ᠳᠤ ᠠᠱᠢᠭ᠍ᠲᠠᠶ᠂ ᠪᠦᠬᠦ᠌ ᠪᠥᠮᠪᠥᠷᠴᠡᠭ᠎ᠤᠨ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠱᠢᠰᠲ᠋ᠧᠮ ᠪᠠ ᠵᠠᠰᠠᠯᠲᠠ᠎ᠶ᠋ᠢᠨ ᠴᠢᠳᠠᠪᠤᠷᠢ᠎ᠶ᠋ᠢ ᠲᠡᠭᠦᠯᠳᠡᠷᠵᠢᠭᠦᠯᠬᠦ᠌᠎ᠳᠤ ᠠᠱᠢᠭ᠍ᠲᠠᠶ ᠪᠠᠢᠬᠤ ᠬᠡᠷᠡᠭ᠌ᠲᠡᠶ᠃
    ᠠᠢᠹᠧᠢ ᠬᠤᠷᠢᠶᠠᠨ᠎ᠤ ᠰᠤᠷᠪᠤᠯᠵᠢᠯᠠᠭ᠍ᠴᠢ᠄ ᠡᠸᠦ᠋ᠷᠣᠫᠠ ᠲᠢᠪ᠎ᠤᠨ᠎ᠬᠢᠨ ᠳᠤᠮᠳᠠᠳᠤ ᠤᠯᠤᠰ᠎ᠤᠨ ᠲᠤᠬᠠᠢ ᠬᠤᠶᠠᠷ  ᠵᠦᠢᠯ᠎ᠤᠨ ᠳᠠᠭᠤᠨ᠎ᠲᠠᠢ᠂ ᠴᠢᠨᠠᠭ᠍ᠰᠢᠯᠠᠪᠠᠯ ᠵᠠᠷᠢᠮ ᠬᠥᠮᠦᠨ᠎ᠨᠢ ᠳᠤᠮᠳᠠᠳᠤ ᠤᠯᠤᠰ᠎ᠢ ᠱᠢᠰᠲ᠋ᠧᠮᠲᠦ ᠴᠢᠨᠠᠷ᠎ᠲᠠᠢ ᠥᠷᠢᠰᠥᠯᠳᠦᠭ᠌ᠴᠢ᠎ᠪᠠᠷ ᠦᠵᠡᠵᠤ ᠪᠠᠢᠨ᠎ᠠ᠃ ᠳᠤᠮᠳᠠᠳᠤ᠎ᠶ᠋ᠢᠨ ᠲᠠᠯ᠎ᠠ᠎ᠠᠴᠠ ᠡᠭᠦᠨ᠎ᠢ ᠬᠡᠷᠬᠢᠨ ᠦᠨᠡᠯᠡᠬᠦ᠌ ᠪᠤᠶ?
    ᠸᠠᠩ ᠢ᠄ ᠳᠤᠮᠳᠠᠳᠤ ᠡᠸᠦ᠋ᠷᠣᠫᠠ᠎ᠶ᠋ᠢᠨ ᠬᠠᠷᠢᠯᠴᠠᠭ᠎ᠠ ᠳᠡᠯᠡᠬᠡᠶ᠎ᠶ᠋ᠢᠨ ᠬᠤᠪᠢᠷᠠᠯᠲᠠ᠎ᠶ᠋ᠢ ᠲᠤᠭᠤᠯᠵᠤ᠂ ᠶᠡᠷᠦᠩᠬᠡᠢ᠎ᠳᠡᠭᠡᠨ ᠬᠠᠮᠲᠤᠷᠠᠯᠴᠠᠭᠠᠨ᠎ᠤ ᠭᠤᠣᠯ ᠬᠦᠭ ᠠᠶᠠᠰ᠎ᠢ ᠪᠠᠲᠤᠯᠠᠵᠤ᠂ ᠬᠦᠴᠦᠷᠬᠡᠭ ᠶᠡᠭᠡ ᠠᠮᠢᠵᠢᠷᠠᠯ᠎ᠤᠨ ᠬᠦᠴᠦᠨ᠎ᠢᠶᠠᠨ ᠢᠯᠡᠷᠡᠭᠦᠯᠪᠡ᠃ ᠬᠤᠶᠠᠷ ᠲᠠᠯ᠎ᠠ᠎ᠪᠠᠷ᠎ᠢᠶᠠᠨ ᠬᠤᠷᠠᠮᠳᠤᠭᠤᠯᠤᠭ᠍ᠰᠠᠨ ᠬᠠᠮᠤᠭ᠎ᠤᠨ ᠴᠢᠬᠤᠯᠠ ᠲᠤᠷᠱᠢᠯᠭ᠎ᠠ ᠪᠣᠯ᠂ ᠪᠢᠳᠡ ᠪᠦᠷᠢᠮᠦᠰᠤᠨ ᠡᠷᠬᠡ ᠲᠡᠭ᠌ᠰᠢ᠎ᠪᠠᠷ ᠶᠠᠷᠢᠯᠴᠠᠭ᠎ᠠ ᠬᠢᠬᠦ᠌᠎ᠪᠠᠷ ᠳᠠᠮᠵᠢᠭᠤᠯᠤᠨ ᠢᠲᠡᠭᠡᠯᠴᠡᠭᠡ᠎ᠪᠠᠨ ᠨᠡᠮᠡᠭ᠌ᠳᠡᠭᠦᠯᠵᠦ᠍ ᠪᠣᠯᠤᠨ᠎ᠠ᠂ ᠪᠦᠲᠦᠭᠡᠯᠴᠢ ᠴᠢᠨᠠᠷᠲᠠᠶ ᠨᠡᠪᠲᠡᠷᠡᠯᠴᠡᠭᠡ᠎ᠪᠠᠷ ᠳᠠᠮᠵᠢᠭᠤᠯᠤᠨ ᠵᠥᠷᠢᠯᠳᠦᠭᠡᠨ᠎ᠢᠶᠠᠨ ᠱᠢᠢᠳᠪᠦᠷᠢᠯᠡᠵᠦ᠍ ᠪᠣᠯᠤᠨ᠎ᠠ᠃ ᠳᠤᠮᠳᠠᠳᠤ ᠧᠦ᠋ᠷᠣᠫᠠ᠎ᠶ᠋ᠢᠨ ᠬᠤᠭᠤᠷᠣᠨᠳᠣ ᠦᠨᠳᠦᠰᠦᠨ ᠠᠱᠢᠭ ᠬᠤᠣᠷ᠎ᠤᠨ ᠮᠥᠷᠭᠦᠯᠳᠦᠭᠡᠨ ᠣᠷᠣᠱᠢᠬᠤ ᠦᠭᠡᠢ᠂ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ ᠥᠷᠨᠢᠭᠦᠯᠬᠦ᠌ ᠣᠷᠣᠨ ᠵᠠᠢ ᠤᠯᠠᠮ᠎ᠠᠴᠠ ᠤᠯᠠᠮ ᠥᠷᠭᠡᠵᠢᠵᠦ᠍᠂ ᠤᠯᠠᠨ ᠲᠠᠯᠠᠲᠤ ᠦᠵᠡᠯ᠎ᠢ ᠳᠡᠮᠵᠢᠬᠦ᠌ ᠬᠠᠮᠲᠤ᠎ᠶ᠋ᠢᠨ ᠲᠠᠨᠢᠯᠲᠠ ᠤᠯᠠᠮ᠎ᠠᠴᠠ ᠤᠯᠠᠮ ᠣᠯᠠᠱᠢᠷᠠᠵᠤ ᠪᠠᠢᠨ᠎ᠠ᠃ ᠬᠥᠮᠦᠨ ᠲᠥᠷᠥᠯᠬᠢᠲᠡᠨ᠎ᠤ ᠬᠥᠭ᠌ᠵᠢᠯᠲᠡ᠎ᠶ᠋ᠢᠨ ᠠᠬᠢᠴᠠ᠎ᠶ᠋ᠢᠨ ᠲᠠᠯ᠎ᠠ᠎ᠠᠴᠠ ᠦᠵᠡᠪᠡᠯ᠂ ᠳᠤᠮᠳᠠᠳᠤ ᠧᠦ᠋ᠷᠣᠫᠠ ᠪᠣᠯ ᠪᠠᠢᠭᠤᠯᠤᠯ᠎ᠤᠨ ᠴᠢᠨᠠᠷᠲᠠᠢ ᠥᠷᠢᠰᠥᠯᠳᠦᠭ᠌ᠴᠢ ᠡᠲᠡᠭᠡᠳ ᠪᠢᠰᠢ ᠬᠠᠷᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ ᠪᠣᠯᠬᠤ ᠶᠣᠰᠣᠲᠠᠢ᠃ ᠳᠤᠮᠳᠠᠳᠤ ᠧᠦ᠋ᠷᠣᠫᠠ᠎ᠶ᠋ᠢᠨ ᠬᠤᠭᠤᠷᠣᠨᠳᠣᠬᠢ ᠬᠠᠷᠢᠯᠴᠠᠭ᠎ᠠ᠎ᠨᠢ ᠬᠠᠷᠢᠯᠴᠠᠨ ᠠᠮᠵᠢᠯᠲᠠ ᠪᠦᠲᠦᠮᠵᠢ ᠡᠭᠦᠳᠬᠦ᠌ ᠵᠥᠪ ᠣᠷᠴᠢᠯ ᠪᠠᠢᠬᠤ ᠶᠣᠰᠣᠲᠠᠢ᠂ ᠬᠠᠷᠢᠨ ᠴᠢ ᠱᠦᠭᠦᠭ᠌ᠳᠡᠵᠦ᠍ ᠪᠢ ᠢᠯᠠᠬᠤ᠎ᠶ᠋ᠢᠨ ᠱᠢᠭ᠌ᠰᠢᠭᠡ ᠤᠷᠤᠯᠳᠤᠭᠠᠨ ᠪᠢᠰᠢ ᠶᠤᠮ᠃
    ᠶᠠᠭ ᠨᠢᠭᠡᠨ ᠡᠸᠦ᠋ᠷᠣᠫᠠ᠎ᠶ᠋ᠢᠨ ᠵᠦᠢᠷ ᠰᠡᠴᠡᠨ ᠦᠭᠡᠨ᠎ᠳᠤ ᠬᠡᠯᠡᠭ᠌ᠰᠡᠨ ᠱᠢᠭ᠎ᠢᠶᠠᠷ᠂ ᠵᠢᠩᠬᠢᠨᠢ ᠨᠠᠢᠵᠠ ᠪᠤᠯ ᠬᠡᠵᠢᠶᠡᠲᠡ ᠬᠠᠷᠢᠯᠴᠠᠨ ᠲᠡᠪᠴᠢᠬᠦ᠌ ᠦᠭᠡᠢ᠃ ᠬᠢᠵᠢᠭ᠎ᠤᠨ ᠪᠠᠢᠳᠠᠯ ᠡᠭᠦᠰᠦᠭ᠌ᠰᠡᠨ᠎ᠤ ᠳᠠᠷᠠᠭ᠎ᠠ᠂ ᠳᠤᠮᠳᠠᠳᠤ ᠧᠦ᠋ᠷᠣᠫᠠ ᠬᠤᠶᠠᠷ ᠲᠠᠯ᠎ᠠ᠎ᠪᠠᠷ᠎ᠢᠶᠠᠨ ᠬᠢᠵᠢᠭ᠎ᠲᠠᠢ ᠲᠡᠮᠡᠴᠡᠭᠦ᠌ ᠴᠢᠷᠮᠠᠢᠯᠭ᠎ᠠ᠎ᠪᠠᠨ ᠬᠠᠷᠢᠯᠴᠠᠨ ᠡᠷᠡᠰ ᠳᠡᠮᠵᠢᠵᠦ᠍᠂ ᠮᠠᠰᠢ ᠣᠯᠠᠨ ᠰᠡᠳᠭᠢᠯ ᠬᠥᠳᠡᠯᠭᠡᠮ᠎ᠡ ᠨᠥᠬᠦᠷᠰᠡᠭ ᠰᠠᠢᠬᠠᠨ ᠶᠠᠪᠤᠲᠠᠯ᠎ᠤᠨ ᠵᠢᠱ᠌ᠢᠶ᠎ᠡ ᠭᠠᠷᠪᠠ᠃ ᠡᠨᠡ ᠬᠦ᠌ ᠤᠷᠢᠳ ᠡᠮᠦᠨ᠎ᠡ ᠭᠠᠷᠤᠭ᠎ᠠ ᠦᠭᠡᠶ ᠬᠢᠮᠤᠷᠠᠯ᠎ᠤᠨ ᠡᠮᠦᠨ᠎ᠡ ᠳᠤᠮᠳᠠᠳᠤ ᠡᠸᠦ᠋ᠷᠣᠫᠠ᠎ᠶ᠋ᠢᠨ ᠬᠤᠭᠤᠷᠣᠨᠳᠣ ᠦᠵᠡᠯ ᠤᠬᠠᠮᠰᠠᠷ᠎ᠤᠨ ᠬᠡᠯᠪᠡᠷᠢ᠎ᠶ᠋ᠢᠨ ᠵᠥᠷᠢᠶ᠎ᠡ᠎ᠶ᠋ᠢ ᠳᠠᠪᠠᠪᠠᠯ ᠵᠣᠬᠢᠨ᠎ᠠ᠃ ᠥᠪᠡᠷ᠎ᠢ᠎ᠪᠠᠨ ᠪᠡᠶᠡᠯᠡᠭᠦᠯᠬᠦ᠌ ᠰᠡᠵᠢᠭ᠌ᠯᠡᠯ᠎ᠠᠴᠠ ᠮᠤᠯᠲᠤᠷᠠᠵᠤ᠂ ᠪᠦᠯᠬᠦᠮᠳᠡᠨ ᠨᠢᠭᠡᠳᠴᠦ᠍᠂ ᠬᠢᠵᠢᠭ᠎ᠲᠠᠢ ᠲᠡᠮᠡᠴᠡᠭᠦ᠌ ᠬᠠᠮᠲᠤ᠎ᠶ᠋ᠢᠨ ᠳᠠᠭᠤᠨ᠎ᠢ ᠴᠤᠤᠷᠢᠶᠠᠲᠤᠭᠤᠯᠬᠤ ᠬᠡᠷᠡᠭ᠌ᠲᠡᠢ᠃
    ᠳᠤᠮᠳᠠᠳᠤ ᠡᠸᠦ᠋ᠷᠣᠫᠠ᠎ᠶ᠋ᠢᠨ ᠡᠨᠡ ᠵᠢᠯ᠎ᠤᠨ ᠤᠤᠯ᠎ᠤᠨ ᠲᠣᠭ᠍ᠲᠠᠭᠠᠭ᠍ᠰᠠᠨ ᠴᠢᠬᠤᠯᠠ ᠶᠡᠭᠡ ᠭᠠᠳᠠᠭᠠᠳᠤ ᠬᠠᠷᠢᠯᠴᠠᠭᠠᠨ᠎ᠤ ᠵᠥᠪᠯᠡᠬᠦ᠌ ᠵᠦᠢᠯ ᠬᠢᠵᠢᠭ᠎ᠤᠨ ᠪᠠᠢᠳᠠᠯ᠎ᠤᠨ ᠵᠣᠬᠢᠬᠤ ᠨᠥᠯᠥᠭᠡ᠎ᠶ᠋ᠢ ᠬᠦᠷᠳᠡᠪᠡ᠃ ᠬᠤᠶᠠᠷ ᠲᠠᠯ᠎ᠠ᠎ᠪᠠᠷ᠎ᠢᠶᠠᠨ ᠬᠤᠷᠢᠨ ᠬᠤᠶᠠᠳᠤᠭᠠᠷ ᠤᠳᠠᠭᠠᠨ᠎ᠤ ᠳᠤᠮᠳᠠᠳᠤ ᠤᠯᠤᠰ — ᠡᠸᠦ᠋ᠷᠣᠫᠠ᠎ᠶ᠋ᠢᠨ ᠬᠤᠯᠪᠣᠭᠠᠨ᠎ᠤ ᠤᠳᠤᠷᠢᠳᠭᠤ ᠬᠥᠮᠦᠰ᠎ᠤᠨ ᠠᠭᠤᠯᠵᠠᠯᠲᠠ᠎ᠶ᠋ᠢ ᠳᠠᠷᠦ᠋ᠢᠬᠠᠨ ᠡᠷᠬᠢᠯᠡᠬᠦ᠌ ᠲᠤᠬᠠᠶ ᠤᠯᠤᠯᠴᠠᠭ᠎ᠠ ᠨᠡᠪᠲᠡᠷᠡᠯᠴᠡᠭᠡ ᠬᠢᠬᠦ᠌᠎ᠪᠠᠨ ᠪᠠᠲᠤᠯᠠᠵᠦ᠍᠂ ᠳᠤᠮᠳᠠᠳᠤ ᠤᠯᠤᠰ — ᠡᠸᠦ᠋ᠷᠣᠫᠠ᠎ᠶ᠋ᠢᠨ ᠬᠤᠯᠪᠣᠭᠠᠨ᠎ᠤ ᠲᠦᠷᠦᠭᠦᠴᠦᠳ᠎ᠤᠨ ᠬᠤᠷᠠᠯ᠎ᠢ ᠵᠤᠬᠢᠰᠲᠠᠢ ᠴᠠᠭ᠎ᠲᠤᠨᠢ ᠲᠣᠬᠢᠷᠠᠭᠤᠯᠤᠨ ᠬᠤᠷᠠᠯᠳᠤᠭᠤᠯᠬᠤ᠎ᠶ᠋ᠢ ᠢᠳᠡᠪᠬᠢᠲᠡᠶ ᠰᠦᠪᠡᠭ᠌ᠴᠢᠯᠡᠵᠦ᠍ ᠪᠠᠢᠨ᠎ᠠ᠂ ᠬᠤᠶᠠᠷ ᠲᠠᠯ᠎ᠠ᠎ᠪᠠᠷ᠎ᠢᠶᠠᠨ ᠪᠠᠰᠠ ᠡᠨᠡ ᠵᠢᠯ᠎ᠤᠨ ᠲᠤᠲᠤᠷ᠎ᠠ ᠳᠤᠮᠳᠠᠳᠤ ᠡᠸᠦ᠋ᠷᠣᠫᠠ᠎ᠶ᠋ᠢᠨ ᠪᠡᠯᠡ ᠣᠷᠣᠭᠤᠯᠤᠯᠲᠠ᠎ᠶ᠋ᠢᠨ ᠬᠡᠯᠡᠯᠴᠡᠭᠡᠷ᠎ᠢ ᠪᠡᠶᠡᠯᠡᠭᠦᠯᠬᠦ᠌᠎ᠪᠠᠷ ᠴᠢᠷᠮᠠᠢᠨ᠎ᠠ᠃ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠂ ᠲᠣᠭᠠᠴᠢᠯᠠᠭ᠍ᠰᠠᠨ ᠠᠵᠤ ᠠᠬᠤᠶ᠂ ᠵᠣᠬᠢᠶᠠᠮᠠᠯ ᠣᠶᠤᠨ ᠴᠢᠳᠠᠪᠤᠷᠢ ᠵᠡᠷᠭᠡ ᠱᠢᠨ᠎ᠡ ᠬᠦᠷᠢᠶᠡᠨ᠎ᠳᠠᠬᠢ ᠬᠠᠷᠢᠯᠴᠠᠨ ᠠᠱᠢᠭ᠍ᠲᠠᠶ ᠬᠠᠮᠲᠤᠷᠠᠯᠴᠠᠭ᠎ᠠ᠎ᠶ᠋ᠢ ᠥᠷᠭᠡᠳᠭᠡᠵᠦ᠍᠂ ᠳᠤᠮᠳᠠᠳᠤ ᠡᠸᠦ᠋ᠷᠣᠫᠠ᠎ᠶ᠋ᠢᠨ ᠬᠠᠷᠢᠯᠴᠠᠭ᠎ᠠ ᠪᠠᠢᠭᠤᠯᠤᠭ᠍ᠰᠠᠨ 45 ᠵᠢᠯ᠎ᠤᠨ ᠤᠢ᠎ᠪᠠᠷ ᠠᠵᠠ ᠲᠣᠬᠢᠶᠠᠯ ᠪᠣᠯᠭᠠᠵᠤ᠂ ᠬᠤᠶᠠᠷ ᠲᠠᠯ᠎ᠠ᠎ᠶ᠋ᠢᠨ ᠬᠠᠷᠢᠯᠴᠠᠭ᠎ᠠ᠎ᠶ᠋ᠢᠨ ᠨᠠᠩ ᠯᠠᠪᠳᠠᠭᠤᠨ ᠪᠣᠯᠪᠠᠰᠤᠷᠠᠩᠭᠤᠶ ᠪᠣᠯᠬᠤ᠎ᠶ᠋ᠢ ᠠᠬᠢᠭᠤᠯᠵᠤ᠂ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠪᠡᠶᠡᠯᠡᠭᠦᠯᠦᠨ᠎ᠡ᠃
    《ᠪᠥᠮᠪᠥᠷᠴᠡᠭ᠎ᠤᠨ ᠴᠠᠭ ᠰᠣᠨᠢᠨ》 ᠎ᠤ ᠰᠤᠷᠪᠤᠯᠵᠢᠯᠠᠭ᠍ᠴᠢ᠄ ᠳᠤᠮᠳᠠᠳᠤ ᠤᠯᠤᠰ᠎ᠤᠨ ᠲᠠᠯ᠎ᠠ ᠠᠮᠧᠷᠢᠺᠠ᠎ᠶ᠋ᠢᠨ᠎ᠬᠢᠨ᠎ᠤ ᠬᠢᠵᠢᠭ᠎ᠤᠨ ᠪᠠᠢᠳᠠᠯ᠎ᠤᠨ ᠲᠤᠬᠠᠶ ᠳᠤᠮᠳᠠᠳᠤ ᠤᠯᠤᠰ᠎ᠲᠤ ᠴᠢᠭ᠌ᠯᠡᠭᠦᠯᠦᠭ᠌ᠰᠡᠨ ᠲᠥᠯᠥᠪᠦᠷᠢ ᠨᠡᠬᠡᠬᠦ᠌ ᠭᠡᠰᠡᠨ ᠵᠠᠭᠠᠯᠳᠤᠯᠭ᠎ᠠ᠎ᠶ᠋ᠢ ᠬᠡᠷᠬᠢᠨ ᠠᠷᠭᠠᠴᠠᠭᠠᠬᠤ ᠭᠡᠵᠦ᠍ ᠪᠠᠢᠭ᠎ᠠ ᠪᠤᠶ?
    ᠸᠠᠩ ᠢ᠄ ᠳᠤᠮᠳᠠᠳᠤ ᠤᠯᠤᠰ᠎ᠲᠤ ᠴᠢᠭ᠌ᠯᠡᠭᠦᠯᠦᠭ᠌ᠰᠡᠨ ᠡᠳᠡᠭᠡᠷ 《ᠲᠤᠷ᠎ᠠ᠎ᠪᠠᠷ᠎ᠢᠶᠠᠨ ᠭᠠᠷᠭᠠᠭ᠍ᠰᠠᠠ ᠵᠠᠭᠠᠯᠳᠤᠯᠭ᠎ᠠ》 ᠎ᠨᠢ ᠪᠣᠳᠠᠲᠤ ᠬᠡᠷᠡᠭ ᠶᠠᠪᠤᠳᠠᠯ᠎ᠤᠨ ᠰᠠᠭᠤᠷᠢ ᠦᠭᠡᠢ᠂ ᠬᠠᠤᠯᠢ ᠴᠠᠭᠠᠵᠠ᠎ᠶ᠋ᠢᠨ ᠦᠨᠳᠦᠰᠦ ᠪᠠᠷᠢᠮᠲᠠ ᠦᠭᠡᠢ᠂ ᠳᠡᠯᠡᠬᠡᠶ ᠨᠡᠢᠲᠡ᠎ᠶ᠋ᠢᠨ ᠦᠯᠢᠭᠡᠷ ᠵᠢᠱ᠌ᠢᠶ᠎ᠡ ᠦᠭᠡᠢ ᠪᠠᠢᠵᠤ᠂ ᠲᠡᠷᠡ ᠴᠢᠭ᠎ᠢᠶᠠᠷ᠎ᠢᠶᠠᠨ 《ᠭᠤᠷᠪᠠ ᠦᠭᠡᠢ ᠦᠶᠯᠡᠳᠬᠦᠨ》 ᠮᠥᠨ᠃
    ᠡᠨᠡ ᠬᠦ᠌ ᠭᠡᠨᠡᠳᠲᠡ ᠡᠭᠦᠰᠦᠭ᠌ᠰᠡᠨ ᠬᠢᠵᠢᠭ᠎ᠤᠨ ᠪᠠᠢᠳᠠᠯ᠎ᠳᠤ᠂ ᠳᠤᠮᠳᠠᠳᠤ ᠤᠯᠤᠰ ᠪᠤᠯ ᠪᠤᠰᠤᠳ ᠤᠯᠤᠰ᠎ᠲᠠᠢ ᠠᠳᠠᠯᠢᠬᠠᠨ ᠬᠤᠬᠢᠷᠠᠯ ᠠᠮᠰᠠᠭ᠍ᠴᠢ ᠮᠥᠨ᠃ ᠦᠯᠦ᠍ ᠮᠡᠳᠡᠬᠦ᠌ ᠱᠢᠨ᠎ᠡ ᠬᠡᠯᠪᠡᠷᠢ᠎ᠶ᠋ᠢᠨ ᠸᠢᠷᠦ᠋ᠰ᠎ᠤᠨ ᠡᠮᠦᠨ᠎ᠡ ᠳᠤᠮᠳᠠᠳᠤ ᠤᠯᠤᠰ ᠠᠷᠠᠳ ᠲᠦᠮᠡᠨ᠎ᠤ ᠠᠮᠢ ᠨᠠᠰᠤ ᠡᠷᠡᠭᠦᠯ ᠮᠡᠨᠳᠦ ᠪᠣᠯᠤᠨ ᠪᠦᠬᠦ᠌ ᠪᠥᠮᠪᠥᠷᠴᠡᠭ᠎ᠤᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠦᠶᠯᠡᠰ᠎ᠲᠤ ᠳᠡᠭᠡᠳᠦ ᠬᠡᠮᠵᠢᠶ᠎ᠡ᠎ᠪᠠᠷ ᠬᠠᠷᠢᠭᠤᠴᠠᠬᠤ ᠣᠪᠣᠷ᠎ᠢᠶᠠᠷ ᠬᠠᠮᠤᠭ ᠡᠷᠳᠡ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠳᠤ ᠬᠢᠵᠢᠭ᠎ᠤᠨ ᠪᠠᠢᠳᠠᠯ᠎ᠢ ᠮᠡᠳᠡᠭᠦᠯᠬᠦ᠌᠎ᠶ᠋ᠢᠨ ᠬᠠᠮᠲᠤ ᠴᠠᠭ ᠲᠤᠬᠠᠶ᠎ᠳᠤᠨᠢ ᠬᠤᠯᠪᠣᠭ᠍ᠳᠠᠯ ᠪᠦᠬᠦᠢ ᠤᠯᠤᠰ ᠪᠣᠯᠤᠨ ᠭᠠᠵᠠᠷ ᠣᠷᠣᠨ᠎ᠯᠤᠭ᠎ᠠ ᠮᠡᠳᠡᠭᠡ ᠵᠠᠩᠭᠢ᠎ᠪᠠᠨ ᠬᠤᠪᠢᠶᠠᠯᠴᠠᠨ᠂ ᠬᠠᠮᠤᠭ ᠡᠷᠲᠡ ᠸᠢᠷᠦ᠋ᠰ᠎ᠤᠨ ᠭᠧᠨ᠎ᠤ ᠴᠤᠪᠤᠷᠠᠯ᠎ᠢ ᠲᠣᠭ᠍ᠲᠠᠭᠠᠬᠤ᠎ᠶ᠋ᠢᠨ ᠬᠠᠮᠲᠤ ᠡᠯ᠎ᠡ ᠲᠠᠯ᠎ᠠ᠎ᠳᠤ ᠬᠠᠩᠭᠠᠵᠤ᠂ ᠬᠠᠮᠤᠭ ᠡᠷᠲᠡ ᠳᠡᠯᠡᠬᠡᠢ ᠳ᠋ᠠᠬᠢᠨ᠎ᠳᠤ ᠣᠨᠣᠱᠢᠯᠠᠨ ᠡᠮᠨᠡᠬᠦ᠌ ᠪᠠ ᠰᠡᠷᠭᠡᠢᠯᠡᠨ ᠡᠵᠡᠮᠳᠡᠬᠦ᠌ ᠲᠥᠰᠦᠯ᠎ᠢ ᠨᠡᠢᠲᠡᠯᠡᠪᠡ᠃ ᠬᠠᠲᠠᠭᠤ ᠴᠢᠩᠭ᠎ᠠ ᠰᠡᠷᠭᠡᠢᠯᠡᠨ ᠡᠵᠡᠮᠳᠡᠬᠦ᠌ ᠪᠠᠢᠳᠠᠯ᠎ᠤᠨ ᠡᠮᠦᠨ᠎ᠡ᠂ ᠪᠢᠳᠡ ᠡᠷᠡᠰ ᠬᠠᠳᠠᠭᠤ ᠵᠣᠷᠢᠭ᠎ᠢᠶᠠᠷ᠂ ᠬᠠᠮᠤᠭ ᠣᠬᠤᠷᠬᠠᠨ ᠬᠤᠭᠤᠴᠠᠭᠠᠨ᠎ᠳᠤ ᠸᠢᠷᠦ᠋ᠰ᠎ᠤᠨ ᠬᠠᠯᠳᠠᠪᠤᠷᠢᠯᠠᠬᠤ ᠠᠷᠭ᠎ᠠ ᠵᠠᠮ᠎ᠢ ᠲᠠᠰᠤᠯᠵᠤ᠂ ᠬᠢᠵᠢᠭ᠎ᠤᠨ ᠪᠠᠢᠳᠠᠯ᠎ᠤᠨ ᠲᠦᠷᠭᠡᠨ ᠦᠷᠪᠢᠰᠦᠨ ᠳᠡᠯᠭᠡᠷᠡᠬᠦ᠌᠎ᠶ᠋ᠢ ᠪᠦᠲᠦᠮᠵᠢᠲᠡᠶ ᠬᠤᠷᠢᠬ᠍ᠯᠠᠪᠠ᠃ ᠡᠭᠦᠨ᠎ᠤ ᠲᠥᠯᠥᠭᠡ ᠯᠤᠲᠤ ᠶᠡᠭᠡ ᠦᠷᠡᠭ᠌ᠳᠡᠯ ᠭᠠᠷᠭᠠᠵᠤ᠂ ᠬᠦᠨᠳᠦ ᠶᠡᠭᠡ ᠦᠷᠡᠭ᠌ᠳᠡᠯ ᠰᠦᠶᠳᠦᠯ᠎ᠢ ᠡᠭᠦᠷᠭᠡᠯᠡᠪᠡ᠃ ᠳᠤᠮᠳᠠᠳᠤ ᠤᠯᠤᠰ᠎ᠤᠨ ᠬᠢᠵᠢᠭ᠎ᠲᠠᠢ ᠲᠡᠮᠡᠴᠡᠭᠦ᠌ ᠠᠵᠢᠯᠯᠠᠭ᠎ᠠ᠎ᠶ᠋ᠢ ᠪᠦᠬᠦ᠌ ᠳᠡᠯᠡᠬᠡᠢ᠎ᠳᠤ ᠢᠯᠡ ᠪᠣᠯᠭᠠᠵᠤ᠂ ᠴᠠᠭ ᠬᠤᠭᠤᠴᠠᠭ᠎ᠠ᠎ᠨᠢ ᠲᠣᠪ ᠲᠣᠳᠣᠷᠬᠠᠶ᠂ ᠪᠣᠳᠠᠲᠤ ᠶᠠᠪᠤᠳᠠᠯ᠎ᠤᠨ ᠲᠤᠭ᠎ᠠ ᠪᠠᠷᠢᠮᠲᠠ᠎ᠨᠢ ᠲᠣᠪ ᠲᠣᠳᠣᠷᠬᠠᠶ ᠪᠠᠢᠭ᠎ᠠ᠎ᠠᠴᠠ᠂ ᠴᠠᠭ ᠬᠤᠭᠤᠴᠠᠭ᠎ᠠ ᠪᠠ ᠲᠡᠤᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠲᠡᠢᠯᠦᠨ᠎ᠠ᠃
    ᠬᠤᠬᠢᠷᠠᠯ ᠠᠮᠰᠠᠭ᠍ᠴᠢ᠎ᠠᠴᠠ 《ᠬᠠᠷᠢᠭᠤᠴᠠᠯᠭ᠎ᠠ ᠨᠡᠬᠡᠮᠵᠢᠯᠡᠵᠦ᠍ ᠲᠥᠯᠥᠪᠦᠷᠢ ᠨᠡᠬᠡᠬᠦ᠌》 ᠭᠡᠵᠦ᠍ ᠬᠥᠭᠡᠷᠭᠡᠳᠡᠵᠦ᠍᠂ ᠳᠤᠷ᠎ᠠ᠎ᠪᠠᠷ᠎ᠢᠶᠠᠨ ᠵᠠᠭᠠᠯᠳᠤᠭ᠍ᠰᠠᠳ᠎ᠲᠤ ᠡᠯ᠎ᠡ ᠵᠦᠢᠯ᠎ᠤᠨ 《ᠭᠡᠷᠡᠴᠢ ᠪᠠᠷᠢᠮᠲᠠ》 ᠭᠡᠳᠡᠭ᠎ᠢ ᠬᠠᠭᠤᠷᠮᠠᠭ᠍ᠯᠠᠨ ᠵᠣᠬᠢᠶᠠᠵᠤ ᠦᠭ᠌ᠬᠦ ᠪᠤᠯ᠂ ᠣᠯᠠᠨ ᠤᠯᠤᠰ᠎ᠤᠨ ᠬᠠᠤᠯᠢᠵᠢᠯ᠎ᠢ ᠲᠠᠯᠬᠢᠳᠠᠭ᠍ᠰᠠᠨ ᠶᠠᠪᠤᠳᠠᠯ ᠮᠥᠨ᠂ ᠪᠠᠰᠠ ᠴᠤ᠌ ᠬᠥᠮᠦᠨ ᠲᠥᠷᠥᠯᠬᠢᠲᠡᠨ᠎ᠤ ᠰᠠᠢᠨ ᠰᠠᠨᠠᠭᠠᠨ᠎ᠠᠴᠠ ᠲᠡᠷᠰᠯᠡᠭ᠌ᠰᠡᠨ ᠶᠠᠪᠤᠳᠠᠯ ᠮᠥᠨ᠂ ᠪᠣᠳᠠᠲᠠᠶ᠎ᠳᠤ ᠨᠡᠢᠴᠡᠬᠦ᠌ ᠦᠭᠡᠢ᠂ ᠶᠣᠰᠣᠨ᠎ᠳᠤ ᠨᠡᠢᠴᠡᠬᠦ᠌ ᠦᠭᠡᠢ᠂ ᠬᠠᠤᠯᠢ᠎ᠳᠤ ᠨᠡᠢᠴᠡᠬᠦ᠌ ᠦᠭᠡᠢ ᠶᠤᠮ᠃ ᠥᠨᠥᠳᠦᠷ᠎ᠤᠨ ᠳᠤᠮᠳᠠᠳᠤ ᠤᠯᠤᠰ ᠨᠢᠭᠡᠨᠲᠡ ᠵᠠᠭᠤᠨ ᠵᠢᠯ᠎ᠤᠨ ᠡᠮᠦᠨᠡᠬᠢ ᠳᠤᠮᠳᠠᠳᠤ ᠤᠯᠤᠰ ᠪᠢᠰᠢ ᠪᠣᠯᠵᠠᠶ᠂ ᠥᠨᠥᠳᠦᠷ᠎ᠤᠨ ᠳᠡᠯᠡᠬᠡᠶ ᠶᠢᠷᠲᠢᠨᠴᠦ᠍ ᠴᠦ᠍ ᠵᠠᠭᠤᠨ ᠵᠢᠯ᠎ᠤᠨ ᠡᠮᠦᠨᠡᠬᠢ ᠳᠡᠯᠡᠬᠡᠶ ᠶᠢᠷᠳᠢᠨᠴᠤ᠌ ᠪᠢᠰᠢ᠂ ᠬᠡᠷᠪᠡ ᠲᠤᠷ᠎ᠠ᠎ᠪᠠᠷ᠎ᠢᠶᠠᠨ ᠵᠠᠭᠠᠯᠳᠤᠯᠭ᠎ᠠ ᠬᠢᠵᠤ ᠳᠤᠮᠳᠠᠳᠤ ᠤᠯᠤᠰ᠎ᠤᠨ ᠡᠷᠬᠡ ᠮᠡᠳᠡᠯ ᠪᠠ ᠨᠡᠷ᠎ᠡ ᠬᠦᠨᠳᠦ᠎ᠳᠤ ᠬᠠᠯᠳᠠᠨ᠂ ᠳᠤᠮᠳᠠᠳᠤ ᠤᠯᠤᠰ᠎ᠤᠨ ᠠᠷᠠᠳ ᠲᠦᠮᠡᠨ᠎ᠤ ᠱᠢᠷᠭᠠᠭᠤ ᠬᠥᠳᠡᠯᠮᠦᠷᠢ᠎ᠶ᠋ᠢᠨ ᠦᠷ᠎ᠡ ᠪᠦᠲᠦᠭᠡᠯ᠎ᠢ ᠬᠢᠬᠠᠨ ᠮᠥᠯᠵᠢᠬᠦ᠌ ᠭᠡᠵᠤ ᠰᠠᠨᠠᠵᠤ ᠪᠠᠢᠪᠠᠯ᠂ ᠪᠠᠷᠤᠭ ᠭᠡᠭᠡᠨ ᠴᠠᠭᠠᠨ ᠡᠳᠦᠷ᠎ᠢᠶᠠᠷ ᠵᠡᠭᠦᠳᠦᠯᠡᠵᠦ᠍᠂ ᠥᠪᠡᠷ᠎ᠢ᠎ᠪᠠᠨ ᠳᠣᠷᠣᠮᠵᠢᠯᠠᠵᠤ ᠪᠠᠢᠬᠤ ᠶᠠᠪᠤᠳᠠᠯ ᠪᠤᠯᠤᠨ᠎ᠠ᠃
    ᠭᠦᠡᠭ᠌ᠲ᠋ᠦ᠋ᠩ ᠴᠢᠮᠡᠭᠡᠯᠡᠯ᠎ᠤᠨ ᠬᠤᠷᠢᠶᠠᠨ᠎ᠤ ᠰᠤᠷᠪᠤᠯᠵᠢᠯᠠᠭ᠍ᠴᠢ᠄ ᠳᠤᠮᠳᠠᠳᠤ ᠤᠯᠤᠰ᠎ᠤᠨ᠎ᠬᠢᠨ ᠳᠤᠮᠳᠠᠳᠤ ᠶᠠᠫᠣᠨ ᠺᠣᠷᠢᠶᠠ᠎ᠶ᠋ᠢᠨ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢ ᠬᠡᠷᠬᠢᠨ ᠦᠵᠡᠬᠦ᠌ ᠪᠤᠢ?
    ᠸᠠᠩ ᠢ᠄ ᠳᠤᠮᠳᠠᠳᠤ ᠶᠠᠫᠣᠨ ᠺᠣᠷᠢᠶᠠ ᠭᠤᠷᠪᠠᠨ ᠤᠯᠤᠰ ᠪᠣᠯ ᠨᠥᠬᠦᠷᠰᠡᠭ ᠬᠥᠷᠰᠢ ᠪᠣᠯᠤᠨ᠎ᠠ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠡᠭᠦᠰᠦᠭ᠌ᠰᠡᠨ᠎ᠠᠴᠠ ᠨᠠᠭᠠᠰᠢ᠂ ᠳᠤᠮᠳᠠᠳᠤ ᠶᠠᠫᠣᠨ ᠺᠣᠷᠢᠶᠠ ᠭᠤᠷᠪᠠᠨ ᠤᠯᠤᠰ ᠪᠦᠯᠬᠦᠮᠳᠡᠨ ᠬᠠᠮᠵᠢᠯᠴᠠᠵᠤ᠂ ᠤᠷᠢᠳ ᠬᠤᠵᠢᠳ ᠣᠨᠴᠠᠭᠠᠶ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ᠎ᠤᠨ ᠬᠤᠷᠠᠯ ᠪᠣᠯᠤᠨ ᠡᠷᠡᠭᠦᠯ ᠬᠠᠮᠠᠭᠠᠯᠠᠯ᠎ᠤᠨ ᠶᠠᠮᠤᠨ᠎ᠤ ᠰᠠᠢᠳ᠎ᠤᠨ ᠬᠤᠷᠠᠯ᠎ᠢ ᠬᠤᠷᠠᠯᠳᠤᠭᠤᠯᠵᠤ᠂ ᠬᠢᠵᠢᠭ᠎ᠤᠨ ᠪᠠᠢᠳᠠᠯ᠎ᠤᠨ ᠮᠡᠳᠡᠭᠡ ᠵᠠᠩᠭᠢ᠂ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠂ ᠬᠢᠯᠢ᠎ᠪᠠᠷ ᠣᠷᠣᠵᠤ ᠭᠠᠷᠬᠤ ᠬᠥᠮᠦᠰ᠎ᠤᠨ ᠬᠠᠮᠢᠶᠠᠷᠤᠯᠲᠠ ᠵᠡᠷᠭᠡ ᠲᠠᠯ᠎ᠠ᠎ᠪᠠᠷ ᠨᠢᠭ᠍ᠲᠠ ᠬᠠᠮᠵᠢᠯᠴᠠᠨ᠂ ᠰᠡᠷᠭᠡᠢᠯᠡᠨ ᠡᠵᠡᠮᠳᠡᠬᠦ᠌ ᠬᠠᠮᠲᠤᠷᠠᠯ ᠬᠦᠴᠦᠨ᠎ᠢ ᠪᠦᠷᠢᠯᠳᠦᠭᠦᠯᠵᠦ᠍᠂ ᠸᠢᠷᠦ᠋ᠰ᠎ᠤᠨ ᠭᠠᠵᠠᠷ ᠣᠷᠣᠨ᠎ᠳᠠᠬᠢ ᠲᠠᠷᠬᠠᠯᠲᠠ᠎ᠶ᠋ᠢ ᠪᠦᠲᠦᠮᠵᠢᠲᠡᠶ ᠬᠤᠷᠢᠬ᠍ᠯᠠᠪᠠ᠃ ᠭᠤᠷᠪᠠᠨ ᠤᠯᠤᠰ᠎ᠤᠨ ᠠᠷᠠᠳ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ 《ᠠᠭᠤᠯᠠ ᠤᠰᠤ᠎ᠨᠢ ᠠᠰᠳᠠᠭᠠᠨ ᠴᠤ᠌᠂ ᠠᠳᠠᠯᠢᠬᠠᠨ ᠨᠢᠭᠡᠨ ᠤᠷᠤᠨ ᠪᠦᠰᠡ ᠬᠤᠪᠢ ᠵᠠᠶᠠᠭᠠᠨ᠎ᠳᠤ ᠪᠠᠢᠬᠤ》 《ᠶᠤᠰᠦ ᠵᠢᠷᠤᠮ᠎ᠨᠢ ᠠᠳᠠᠯᠢᠬᠠᠨ ᠪᠠᠢᠪᠠᠰᠤ᠂ ᠤᠯᠤᠰ ᠬᠦᠷᠦᠨ᠎ᠨᠢ ᠠᠳᠠᠯᠢ ᠪᠤᠰᠤ ᠪᠠᠢᠭ᠍ᠰᠠᠠ ᠴᠤ᠌ ᠬᠢᠴᠢᠶᠡᠩᠭᠦ᠋ᠢᠯᠡᠨ ᠭᠦᠢᠴᠡᠳᠭᠡᠬᠦ᠌》 ᠴᠠᠭ ᠦᠶ᠎ᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠪᠡ᠃ ᠳᠤᠮᠳᠠᠳᠤ ᠶᠠᠫᠣᠨ ᠺᠣᠷᠢᠶᠠ ᠭᠤᠷᠪᠠᠨ ᠤᠯᠤᠰ ᠬᠠᠮᠲᠤᠷᠠᠨ ᠬᠢᠵᠢᠭ᠎ᠲᠠᠢ ᠲᠡᠮᠡᠴᠡᠵᠤ᠂ ᠪᠦᠬᠦ᠌ ᠪᠥᠮᠪᠥᠷᠴᠡᠭ᠎ᠤᠨ ᠬᠢᠵᠢᠭ᠎ᠲᠠᠢ ᠲᠡᠮᠡᠴᠡᠭᠦ᠎ᠳᠤ ᠦᠯᠢᠭᠡᠷ ᠳᠠᠭᠤᠷᠢᠶᠠᠯ ᠪᠣᠯᠵᠤ᠂ ᠳᠡᠯᠡᠬᠡᠶ ᠨᠡᠢᠲᠡ᠎ᠳᠤ ᠢᠲᠡᠭᠡᠯ ᠨᠡᠮᠡᠷᠢᠯᠡᠭ᠌ᠰᠡᠨ ᠪᠠᠢᠨ᠎ᠠ᠃
    ᠲᠠᠷᠠᠭᠠᠴᠢ᠎ᠶ᠋ᠢᠨ ᠠᠯᠬᠤᠮ᠎ᠳᠤ᠂ ᠬᠢᠵᠢᠭ᠎ᠤᠨ ᠪᠠᠢᠳᠠᠯ᠎ᠢ ᠦᠷᠭᠦᠯᠵᠢᠯᠡᠨ ᠴᠢᠩᠭ᠎ᠠ ᠰᠡᠷᠭᠡᠢᠯᠡᠨ ᠡᠵᠡᠮᠳᠡᠭᠦ᠎ᠶ᠋ᠢᠨ ᠬᠠᠮᠲᠤ᠌᠂ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠯᠢ ᠲᠦᠷᠭᠡᠨ᠎ᠢᠶᠠᠷ ᠰᠡᠷᠭᠦᠭᠡᠬᠦ᠌ ᠪᠣᠯ ᠪᠢᠳᠡᠨ᠎ᠳᠤ ᠲᠤᠯᠭᠠᠷᠠᠵᠤ ᠪᠠᠢᠭ᠎ᠠ ᠬᠠᠮᠲᠤ᠎ᠶ᠋ᠢᠨ ᠰᠡᠳᠦᠪ ᠪᠣᠯᠤᠨ᠎ᠠ᠃ ᠪᠦᠬᠦ᠌ ᠪᠥᠮᠪᠥᠷᠴᠡᠭ᠎ᠤᠨ ᠭᠤᠣᠯ ᠪᠣᠯᠬᠤ ᠠᠵᠤ ᠠᠬᠤᠢ᠎ᠶ᠋ᠢᠨ ᠴᠣᠭ᠍ᠴᠠ ᠪᠣᠯᠤᠭ᠍ᠰᠠᠨ᠎ᠤ ᠬᠤᠪᠢ᠎ᠳᠤ᠂ ᠳᠤᠮᠳᠠᠳᠤ ᠶᠠᠫᠣᠨ ᠺᠣᠷᠢᠶᠠ ᠭᠤᠷᠪᠠᠨ ᠤᠯᠤᠰ᠎ᠤᠨ GDP ᠪᠦᠬᠦ᠌ ᠪᠥᠮᠪᠥᠷᠴᠡᠭ᠎ᠤᠨ ᠶᠡᠷᠦᠩᠬᠡᠢ ᠬᠡᠮᠵᠢᠶᠡᠨ᠎ᠤ ᠲᠠᠪᠤᠨ᠎ᠤ ᠨᠢᠭᠡ ᠬᠤᠪᠢ᠎ᠠᠴᠠ ᠳᠡᠭᠡᠭ᠌ᠰᠢᠬᠢ᠎ᠶ᠋ᠢ ᠡᠵᠡᠯᠡᠨ᠎ᠡ᠃ ᠭᠤᠷᠪᠠᠨ ᠤᠯᠤᠰ ᠡᠩ ᠲᠡᠷᠢᠭᠦᠨ᠎ᠳᠤ ᠬᠢᠵᠢᠭ᠎ᠤᠨ ᠪᠠᠢᠳᠠᠯ᠎ᠢ ᠡᠵᠡᠮᠳᠡᠵᠤ᠂ ᠡᠩ ᠲᠡᠷᠢᠭᠦᠨ᠎ᠳᠤ ᠠᠵᠢᠯ᠎ᠢᠶᠠᠨ ᠰᠡᠷᠭᠦᠭᠡᠵᠦ᠍ ᠦᠢᠯᠡᠳᠪᠦᠷᠢᠯᠡᠯ᠎ᠢᠶᠠᠨ ᠰᠡᠷᠭᠦᠭᠡᠵᠦ᠍᠂ ᠭᠠᠵᠠᠷ ᠣᠷᠣᠨ᠎ᠤ ᠠᠵᠤ ᠠᠬᠤᠢ᠎ᠶ᠋ᠢᠨ ᠰᠡᠷᠭᠦᠭᠡᠯᠲᠡ᠎ᠶ᠋ᠢ ᠠᠬᠢᠭᠤᠯᠬᠤ᠎ᠳᠤ ᠴᠢᠬᠤᠯᠠ ᠬᠥᠳᠡᠯᠭᠡᠬᠦ᠌ ᠬᠦᠴᠦᠨ ᠬᠠᠩᠭᠠᠬᠤ ᠪᠥᠭᠡᠳ ᠪᠦᠬᠦ᠌ ᠪᠥᠮᠪᠥᠷᠴᠡᠭ᠎ᠤᠨ ᠠᠵᠤ ᠠᠬᠤᠢ᠎ᠶ᠋ᠢᠨ ᠲᠣᠭ᠍ᠲᠠᠭᠤᠨ᠎ᠢ ᠬᠠᠮᠠᠭᠠᠯᠠᠬᠤ᠎ᠳᠤ ᠢᠳᠡᠪᠬᠢᠲᠡᠢ ᠦᠢᠯᠡᠳᠦᠯ ᠦᠵᠡᠭᠦᠯᠬᠦ᠌ ᠪᠣᠯᠤᠨ᠎ᠠ᠃
    ᠡᠩ ᠲᠡᠷᠢᠭᠦᠨ᠎ᠳᠤ᠂ ᠬᠢᠵᠢᠭ᠎ᠤᠨ ᠪᠠᠢᠲᠠᠯ ᠳᠠᠬᠢᠨ ᠡᠭᠦᠰᠭᠦ᠎ᠶ᠋ᠢ ᠴᠢᠩᠭ᠎ᠠ ᠰᠡᠷᠭᠡᠢᠯᠡᠵᠦ᠍᠂ ᠬᠢᠵᠢᠭ᠎ᠲᠠᠢ ᠲᠡᠮᠡᠴᠡᠭ᠌ᠰᠡᠨ ᠦᠷ᠎ᠡ ᠪᠦᠲᠦᠭᠡᠯ᠎ᠢ ᠪᠠᠬᠢᠵᠢᠭᠦᠯᠬᠦ᠌ ᠬᠡᠷᠡᠭ᠌ᠲᠡᠢ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ᠎ᠳᠤ᠂ ᠪᠢᠳᠡ ᠮᠡᠳᠡᠭᠡ ᠵᠠᠩᠭᠢ ᠪᠠ ᠲᠤᠷᠱᠢᠯᠭ᠎ᠠ᠎ᠪᠠᠨ ᠦᠷᠭᠦᠯᠵᠢᠯᠡᠨ ᠬᠤᠪᠢᠶᠠᠯᠴᠠᠵᠤ᠂ ᠬᠤᠯᠪᠣᠭᠠᠯᠠᠨ ᠰᠡᠷᠭᠡᠢᠯᠡᠵᠦ᠍ ᠬᠤᠯᠪᠣᠭᠠᠯᠠᠨ ᠡᠵᠡᠮᠳᠡᠬᠦ᠌ ᠲᠣᠬᠢᠷᠠᠭᠤᠯᠤᠯᠲᠠ᠎ᠶ᠋ᠢ ᠲᠡᠭᠦᠯᠳᠡᠷᠵᠢᠭᠦᠯᠬᠦ᠌ ᠬᠡᠷᠡᠭ᠌ᠲᠡᠢ᠃ ᠡᠮ ᠪᠠ ᠸᠠᠺᠼᠢᠨ ᠰᠤᠳᠤᠯᠤᠨ ᠨᠡᠭᠡᠭᠡᠬᠦ᠌ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠭᠠᠵᠠᠷ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠷᠢᠯᠴᠠᠬᠤ ᠲᠣᠭ᠍ᠲᠠᠴᠠ ᠪᠣᠯᠤᠨ ᠡᠮ ᠡᠮᠨᠡᠯᠭᠡ᠎ᠶ᠋ᠢᠨ ᠡᠳ᠋ ᠪᠣᠳᠠᠰ ᠨᠥᠭᠡᠴᠡᠯᠡᠬᠦ᠌ ᠲᠥᠪ᠎ᠢ ᠪᠠᠢᠭᠤᠯᠵᠤ᠂ ᠢᠨᠲ᠋ᠧᠷ ᠰᠦᠯᠵᠢᠶ᠎ᠡ᠂ ᠲᠣᠮᠣ ᠳ᠋ᠠᠢᠲ᠋ᠠ ᠵᠡᠷᠭᠡ ᠮᠡᠳᠡᠭᠡ ᠵᠠᠩᠭᠢ᠎ᠶ᠋ᠢᠨ ᠮᠡᠷᠭᠡᠵᠢᠯ᠎ᠤᠨ  ᠦᠢᠯᠡᠳᠦᠯ᠎ᠢ  ᠭᠦᠢᠴᠡᠳ ᠪᠠᠳᠠᠷᠠᠭᠤᠯᠤᠨ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠵᠠᠰᠠᠯᠲᠠ᠎ᠶ᠋ᠢᠨ ᠬᠢᠷᠢ ᠲᠦᠪᠱᠢᠨ ᠪᠠ ᠪᠠᠴᠢᠮ ᠪᠠᠢᠳᠠᠯ᠎ᠢ ᠠᠷᠭᠠᠴᠠᠭᠠᠬᠤ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠢ᠃
    ᠬᠤᠶᠠᠷ᠎ᠲᠤ᠌᠂ ᠠᠵᠢᠯ᠎ᠢᠶᠠᠨ ᠰᠡᠷᠭᠦᠭᠡᠵᠤ ᠦᠢᠯᠡᠳᠪᠦᠷᠢᠯᠡᠯ᠎ᠢᠶᠠᠨ ᠰᠡᠷᠭᠦᠭᠡᠬᠦ᠌ ᠬᠠᠮᠲᠤᠷᠠᠯᠴᠠᠭ᠎ᠠ᠎ᠶ᠋ᠢ ᠠᠬᠢᠭᠤᠯᠵᠤ᠂ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠲᠣᠭ᠍ᠲᠠᠪᠤᠷᠢᠵᠢᠭᠤᠯᠬᠤ ᠬᠡᠷᠡᠭ᠌ᠲᠡᠢ᠃ ᠰᠡᠷᠭᠡᠢᠯᠡᠨ ᠡᠵᠡᠮᠳᠡᠬᠦ᠌᠎ᠶ᠋ᠢ ᠰᠠᠢᠲᠤᠷ ᠬᠢᠭ᠌ᠰᠡᠨ ᠤᠷᠢᠲᠠᠯ ᠳᠣᠣᠷ᠎ᠠ᠂ ᠳᠤᠮᠳᠠᠳᠤ ᠤᠯᠤᠰ ᠳᠤᠷᠠᠲᠠᠶ᠎ᠠ ᠺᠣᠷᠢᠶᠠ ᠵᠢᠴᠢ ᠨᠠᠩ ᠣᠯᠠᠨ ᠤᠯᠤᠰ᠎ᠲᠠᠢ ᠳᠥᠭᠦᠮ ᠳᠥᠲᠡ ᠬᠥᠮᠦᠰ᠎ᠤᠨ ᠶᠠᠪᠤᠯᠴᠠᠭ᠎ᠠ᠎ᠶ᠋ᠢᠨ 《ᠲᠦᠷᠭᠡᠨ ᠨᠡᠪᠲᠡᠷᠡᠬᠦ᠌ ᠵᠠᠮ》 ᠭᠠᠷᠭᠠᠬᠤ ᠪᠠ ᠪᠠᠷᠠᠭ᠎ᠠ᠎ᠶ᠋ᠢᠨ ᠭᠦᠶᠯᠭᠡᠭᠡᠨ᠎ᠢ ᠠᠬᠢᠭᠤᠯᠬᠤ 《ᠰᠠᠭᠠᠳ ᠥᠬᠡᠶ ᠨᠡᠪᠲᠡᠷᠡᠬᠦ᠌ ᠵᠠᠮ》 ᠎ᠢ ᠨᠡᠭᠡᠭᠡᠵᠦ᠍᠂ ᠪᠣᠯᠤᠯᠴᠠᠭ᠎ᠠ᠎ᠲᠠᠢ ᠨᠥᠬᠦᠴᠡᠯ ᠳᠣᠤᠷ᠎ᠠ ᠪᠣᠳᠠᠲᠠᠶ᠎ᠶ᠋ᠢ ᠡᠷᠬᠢᠮᠯᠡᠬᠦ᠌ ᠬᠠᠮᠲᠤᠷᠠᠯᠴᠠᠭ᠎ᠠ᠎ᠪᠠᠨ ᠲᠦᠷᠭᠡᠳᠭᠡᠨ ᠰᠡᠷᠭᠦᠭᠡᠵᠦ᠍᠂ ᠲᠤᠰ ᠲᠤᠰ᠎ᠤᠨ᠎ᠢᠶᠠᠨ ᠪᠠ ᠭᠠᠵᠠᠷ ᠣᠷᠣᠨ᠎ᠤ ᠠᠵᠤ ᠠᠬᠤᠶ᠎ᠶ᠋ᠢᠨ ᠡᠷᠬᠢᠯᠲᠡ ᠤᠷᠴᠢᠯ᠎ᠢ ᠰᠠᠭᠠᠳ ᠦᠭᠡᠢ ᠨᠡᠪᠲᠡᠷᠡᠭᠦᠯᠦᠨ᠎ᠡ᠃
    ᠭᠤᠷᠪᠠ᠎ᠳᠤ᠂ 《ᠬᠢᠵᠢᠭ᠎ᠤᠨ ᠲᠠᠷᠠᠭᠠᠬᠢ ᠴᠠᠭ ᠦᠶ᠎ᠡ》 ᠎ᠳᠤ ᠠᠩᠬᠠᠷᠤᠯ᠎ᠢᠶᠠᠨ ᠬᠠᠨᠳᠤᠭᠤᠯᠵᠤ᠂ ᠣᠷᠣᠨ ᠪᠦᠰᠡ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠬᠢᠷᠢ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠤᠯᠠᠨ ᠲᠠᠯᠠᠲᠤ ᠦᠵᠡᠯ ᠪᠠ ᠴᠢᠯᠥᠭᠡᠲᠦ ᠠᠷᠠᠯᠵᠢᠶ᠎ᠠ᠎ᠶ᠋ᠢ ᠪᠠᠷᠢᠮᠲᠠᠯᠠᠵᠤ᠂ ᠪᠣᠭᠤᠮᠲᠠ᠎ᠶ᠋ᠢᠨ ᠭᠠᠢᠯᠢ᠎ᠶ᠋ᠢ ᠬᠠᠰᠤᠵᠤ ᠬᠡᠯᠲᠦᠷᠢᠭᠦᠯᠦᠨ᠂ ᠪᠠᠬᠢᠯᠡᠯᠲᠡ ᠬᠤᠷᠢᠭ᠎ᠠ᠎ᠶ᠋ᠢ ᠬᠦᠴᠦᠨ ᠦᠭᠡᠢ ᠪᠣᠯᠭᠠᠵᠤ᠂ ᠵᠠᠬ᠎ᠠ ᠳᠡᠯᠭᠡᠭᠦᠷ᠎ᠢᠶᠠᠨ ᠬᠠᠷᠢᠯᠴᠠᠨ ᠨᠡᠭᠡᠭᠡᠬᠦ᠌ ᠬᠡᠷᠡᠭ᠌ᠲᠡᠢ᠃ ᠡᠷᠡᠭᠦᠯ ᠮᠡᠨᠳᠦ᠎ᠶ᠋ᠢᠨ ᠡᠮᠴᠢᠯᠡᠭᠡ᠂ ᠣᠶᠤᠨᠴᠢ ᠦᠢᠯᠡᠳᠬᠦ᠌ ᠦᠢᠯᠡᠰ᠂ 5G ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠠᠵᠤ ᠠᠬᠤᠶ᠎ᠶ᠋ᠢᠨ ᠱᠢᠨ᠎ᠡ ᠨᠡᠮᠡᠭ᠌ᠳᠡᠯ᠎ᠤᠨ ᠴᠡᠭ᠎ᠢ ᠪᠤᠢᠵᠢᠭᠤᠯᠬᠤ ᠬᠡᠷᠡᠭ᠌ᠲᠡᠢ᠃ ᠳᠤᠮᠳᠠᠳᠤ ᠶᠠᠫᠣᠨ ᠺᠣᠷᠢᠶᠠ᠎ᠶ᠋ᠢᠨ ᠴᠢᠯᠥᠭᠡᠲᠦ ᠠᠷᠠᠯᠵᠢᠶᠠᠨ᠎ᠤ ᠬᠡᠯᠡᠯᠴᠡᠭᠡ᠎ᠶ᠋ᠢ ᠲᠦᠷᠭᠡᠳᠭᠡᠵᠦ᠍᠂ ᠵᠢᠯ᠎ᠤᠨ ᠳᠣᠲᠣᠷ᠎ᠠ ᠣᠷᠣᠨ ᠪᠦᠰᠡ᠎ᠶ᠋ᠢᠨ ᠪᠦᠬᠦ᠌ ᠲᠠᠯ᠎ᠠ᠎ᠶ᠋ᠢᠨ ᠠᠵᠤ ᠠᠬᠤᠢ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠬᠡᠯᠡᠯᠴᠡᠭᠡᠷ᠎ᠲᠤ ᠭᠠᠷ᠎ᠤᠨ ᠦᠰᠦᠭ ᠵᠢᠷᠤᠬᠤ᠎ᠪᠠᠷ ᠴᠢᠷᠮᠠᠢᠵᠤ᠂ ᠠᠵᠤ ᠠᠬᠤᠢ᠎ᠶ᠋ᠢᠨ ᠠᠭᠤᠰᠤᠯᠴᠠᠯ᠎ᠢ ᠭᠦᠨᠵᠡᠭᠡᠢᠷᠡᠭᠦᠯᠦᠨ᠎ᠡ᠃ ᠡᠯ᠎ᠡ ᠵᠦᠢᠯ᠎ᠤᠨ ᠭᠠᠵᠠᠷ ᠣᠷᠣᠨ᠎ᠤ ᠤᠯᠠᠨ ᠲᠠᠯᠠᠲᠤ ᠲᠣᠭ᠍ᠲᠠᠴᠠ᠎ᠶ᠋ᠢᠨ  ᠦᠢᠯᠡᠳᠦᠯ᠎ᠢ ᠪᠠᠳᠠᠷᠠᠭᠤᠯᠵᠤ᠂ ᠮᠥᠩᠭᠦᠨ ᠭᠦᠢᠯᠭᠡᠭᠡᠨ᠎ᠤ ᠠᠶᠤᠯ ᠲᠦᠭ᠌ᠰᠢᠭᠦᠷᠢ᠎ᠶ᠋ᠢ ᠰᠡᠷᠭᠡᠢᠯᠡᠵᠦ᠍᠂ ᠠᠵᠤ ᠠᠬᠤᠶ᠎ᠶ᠋ᠢᠨ ᠤᠶᠠᠨ ᠬᠠᠳᠠᠨ ᠴᠢᠨᠠᠷ᠎ᠢ ᠴᠢᠩᠭᠠᠳᠭᠠᠬᠤ ᠬᠡᠷᠡᠭ᠌ᠲᠡᠢ᠃
    ᠶᠡᠷᠦᠩᠭᠡᠢᠯᠡᠪᠡᠯ᠂ ᠳᠤᠮᠳᠠᠳᠤ᠎ᠶ᠋ᠢᠨ ᠲᠠᠯ᠎ᠠ ᠲᠤᠷᠠᠳᠠᠶ᠎ᠠ ᠶᠠᠫᠣᠨ ᠺᠣᠷᠢᠶᠠ᠎ᠶ᠋ᠢ ᠪᠠᠭ᠍ᠲᠠᠭᠠᠭ᠍ᠰᠠᠨ ᠡᠯ᠎ᠡ ᠤᠯᠤᠰ᠎ᠲᠠᠢ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠬᠢᠵᠢᠭ᠎ᠤᠨ ᠪᠠᠢᠳᠠᠯ᠎ᠢ ᠡᠷᠲᠡ ᠡᠳᠦᠷ ᠲᠦᠢᠯᠪᠤᠷᠢᠲᠠᠶ ᠢᠯᠠᠬᠤ᠎ᠪᠠᠷ ᠴᠢᠷᠮᠠᠢᠵᠤ᠂ ᠵᠡᠭᠦᠨ ᠠᠽᠢᠶ᠎ᠠ᠎ᠶ᠋ᠢᠨ ᠠᠵᠤ ᠠᠬᠤᠶ᠎ᠶ᠋ᠢᠨ ᠠᠮᠢᠵᠢᠷᠠᠯ᠎ᠤᠨ ᠬᠦᠴᠦᠨ᠎ᠢ ᠲᠡᠬᠢᠨ ᠰᠡᠷᠭᠦᠭᠡᠨ᠂ ᠣᠷᠣᠨ ᠪᠦᠰᠡ ᠪᠣᠯᠤᠨ ᠳᠡᠯᠡᠬᠡᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠳᠤ ᠨᠡᠩ ᠣᠯᠠᠨ ᠳᠣᠷᠣᠨᠠᠳᠠᠬᠢᠨ᠎ᠤ ᠣᠶᠤᠨ ᠤᠬᠠᠭᠠᠨ ᠪᠣᠯᠤᠨ ᠬᠦᠴᠦᠨ ᠴᠢᠳᠠᠯ᠎ᠢᠶᠠᠨ ᠡᠷᠭᠦᠨ᠎ᠡ᠃
    ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶᠠᠨ᠎ᠤ ᠲᠥᠪ ᠲᠧᠯᠸᠢᠰ᠎ᠤᠨ ᠰᠤᠷᠪᠤᠯᠵᠢᠯᠠᠭ᠍ᠴᠢ᠄ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠪᠠᠢᠡᠭ᠌ᠭᠤᠵᠢᠭᠤᠯᠬᠤ᠎ᠯᠤᠭ᠎ᠠ ᠳᠤᠮᠳᠠᠳᠤ ᠤᠯᠤᠰ᠎ᠤᠨ ᠭᠠᠳᠠᠭᠠᠳᠤ ᠬᠠᠷᠢᠯᠴᠠᠭ᠎ᠠ ᠬᠡᠷᠬᠢᠨ ᠵᠣᠬᠢᠴᠠᠬᠤ ᠪᠣᠶ? ᠳᠤᠮᠳᠠᠳᠤ ᠤᠯᠤᠰ᠎ᠤᠨ ᠭᠠᠳᠠᠭᠠᠳᠤ ᠬᠠᠷᠢᠯᠴᠠᠭᠠᠨ᠎ᠤ ᠡᠨᠡ ᠵᠢᠯ᠎ᠤᠨ ᠭᠤᠣᠯᠳᠠᠯᠭ᠎ᠠ᠎ᠨᠢ ᠶᠠᠭᠤ ᠪᠤᠢ?
    ᠸᠠᠩ ᠢ᠄ ᠬᠢᠵᠢᠭ᠎ᠤᠨ ᠪᠠᠢᠳᠠᠯ᠎ᠨᠢ ᠡᠯ᠎ᠡ ᠤᠯᠤᠰ᠎ᠤᠨ ᠬᠠᠷᠢᠯᠴᠠᠭᠠᠨ᠎ᠳᠤ 《ᠲᠦᠷ ᠵᠣᠭ᠍ᠰᠣᠭᠠᠬᠤ ᠳᠠᠷᠤᠪᠴᠢ》 ᠎ᠶ᠋ᠢ ᠲᠠᠷᠤᠭ᠍ᠰᠠᠨ ᠪᠠᠢᠳᠠᠯ᠎ᠳᠤ ᠤᠷᠤᠭᠤᠯᠤᠭ᠍ᠰᠠᠨ ᠪᠤᠯᠪᠠᠴᠤ᠌ ᠳᠤᠮᠳᠠᠳᠤ ᠤᠯᠤᠰ᠎ᠤᠨ ᠭᠠᠳᠠᠭᠠᠳᠤ ᠬᠠᠷᠢᠯᠴᠠᠭ᠎ᠠ ᠵᠤᠭ᠍ᠰᠤᠩᠭᠤᠢᠷᠠᠭ᠍ᠰᠠᠨ ᠥᠬᠡᠶ᠎ᠪᠠᠷ ᠰᠦᠷᠤᠨ ᠤᠷᠤᠭ᠍ᠰᠢᠯᠠᠵᠦ᠍᠂ ᠤᠳᠠᠰᠤ᠂ ᠵᠠᠬᠢᠳᠠᠯ᠂ ᠸᠢᠳᠢᠣ᠋᠎ᠪᠠᠷ ᠭᠤᠤᠯᠯᠠᠭ᠍ᠰᠠᠨ 《ᠡᠭᠦᠯᠡᠨ ᠲᠡᠭᠡᠷᠡᠬᠢ ᠭᠠᠳᠠᠭᠠᠳᠤ ᠬᠠᠷᠢᠯᠴᠠᠭᠠᠨ》 ᠎ᠤ ᠵᠠᠭ᠍ᠪᠤᠷ᠎ᠢ ᠨᠡᠭᠡᠭᠡᠪᠡ᠃
    ᠬᠢᠵᠢᠭ᠎ᠤᠨ ᠪᠠᠢᠲᠠᠯ ᠡᠭᠦᠰᠦᠭ᠌ᠰᠡᠨ᠎ᠠᠴᠠ ᠨᠠᠭᠠᠰᠢ᠂ ᠲᠡᠷᠢᠭᠦᠯᠡᠭ᠌ᠴᠢ ᠰᠢ᠎ᠶ᠋ᠢᠨ ᠫᠢᠩ ᠪᠡᠶ᠎ᠡ᠎ᠪᠠᠷ᠎ᠢᠶᠠᠨ ᠣᠷᠣᠯᠴᠠᠵᠤ᠂ ᠤᠯᠤᠰ᠎ᠤᠨ ᠲᠡᠷᠢᠭᠦᠨ᠎ᠤ ᠭᠠᠳᠠᠭᠠᠳᠤ ᠬᠠᠷᠢᠯᠴᠠᠭ᠎ᠠ᠎ᠪᠠᠷ ᠬᠢᠵᠢᠭ᠎ᠲᠠᠢ ᠲᠡᠮᠡᠴᠡᠬᠦ᠌ ᠭᠠᠳᠠᠭᠠᠳᠤ ᠬᠠᠷᠢᠯᠴᠠᠭ᠎ᠠ᠎ᠶ᠋ᠢ ᠶᠡᠷᠦᠩᠬᠡᠢᠯᠡᠨ ᠵᠢᠯᠣᠭᠤᠳᠴᠤ᠌᠂ ᠤᠳᠤᠷᠢᠳᠤᠭ᠍ᠴᠢ᠎ᠶ᠋ᠢᠨ ᠡᠭᠦᠷᠭᠡᠯᠡᠯ᠎ᠢᠶᠠᠷ ᠤᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠠᠬᠢᠭᠤᠯᠪᠠ᠃ ᠣᠳᠣ ᠪᠣᠯᠲᠠᠯ᠎ᠠ᠂ ᠲᠡᠷᠢᠭᠦᠯᠡᠭ᠌ᠴᠢ ᠰᠢ᠎ᠶ᠋ᠢᠨ ᠫᠢᠩ ᠨᠢᠭᠡᠨᠲᠡ 50 ᠱᠢᠬᠠᠮ ᠭᠠᠳᠠᠭᠠᠳᠤ᠎ᠶ᠋ᠢᠨ ᠤᠳᠤᠷᠢᠳᠭᠤ ᠬᠥᠮᠦᠨ ᠵᠢᠴᠢ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ ᠬᠠᠷᠢᠭᠤᠴᠠᠯᠭᠠᠲᠠᠨ᠎ᠲᠠᠢ ᠤᠲᠠᠰᠤ᠎ᠪᠠᠷ ᠶᠠᠷᠢᠯᠴᠠᠭ᠍ᠰᠠᠨ ᠪᠤᠶᠤ ᠠᠭᠤᠯᠵᠠᠵᠤ᠂ ᠬᠤᠷᠢᠨ ᠤᠯᠤᠰ᠎ᠤᠨ ᠪᠦᠯᠦᠭ᠌ᠯᠡᠯ᠎ᠤᠨ ᠤᠳᠤᠷᠢᠳᠭᠤ ᠬᠥᠮᠦᠰ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠠᠷᠭᠠᠴᠠᠭᠠᠬᠤ ᠣᠨᠴᠠᠭᠠᠢ ᠲᠦᠷᠦᠭᠦᠴᠦᠳ᠎ᠤᠨ ᠬᠤᠷᠠᠯ᠎ᠳᠤ ᠣᠷᠣᠯᠴᠠᠪᠠ᠂ ᠳᠡᠯᠡᠬᠡᠢ᠎ᠶ᠋ᠢᠨ ᠡᠷᠡᠭᠦᠯ ᠬᠠᠮᠠᠭᠠᠯᠠᠯ᠎ᠤᠨ ᠶᠡᠭᠡ ᠬᠤᠷᠠᠯ᠎ᠤᠨ ᠡᠬᠢᠯᠡᠯᠲᠡ᠎ᠶ᠋ᠢᠨ ᠶᠣᠰᠣᠯᠠᠯ᠎ᠳᠤ ᠪᠠᠶᠠᠷ᠎ᠤᠨ ᠦᠭᠡ ᠶᠠᠷᠢᠵᠦ᠍᠂ ᠳᠡᠯᠡᠬᠡᠢ ᠳᠠᠶᠠᠭᠠᠷ᠎ᠲᠤ ᠳᠤᠮᠳᠠᠳᠤ ᠤᠯᠤᠰ ᠳᠡᠯᠡᠭᠡᠢ ᠳ᠋ᠠᠬᠢᠨ᠎ᠲᠠᠢ ᠪᠦᠯᠬᠦᠮᠳᠡᠨ ᠬᠢᠵᠢᠭ᠎ᠲᠠᠢ ᠲᠡᠮᠡᠴᠡᠬᠦ᠌᠎ᠶ᠋ᠢ ᠳᠡᠮᠵᠢᠵᠦ᠍ ᠪᠠᠢᠭ᠎ᠠ ᠢᠯᠡ ᠳᠤᠳᠤ ᠵᠤᠭ᠍ᠰᠤᠯᠳᠠ᠎ᠪᠠᠨ ᠢᠯᠡᠷᠬᠡᠢᠯᠡᠪᠡ᠃ ᠶᠡᠷᠦᠩᠬᠡᠢ ᠰᠠᠢᠳ ᠯᠢ ᠺᠧ ᠴᠢᠶᠠᠩ ᠤᠯᠠᠨ ᠤᠯᠤᠰ᠎ᠤᠨ ᠤᠳᠤᠷᠢᠳᠭᠤ ᠬᠥᠮᠦᠰ᠎ᠲᠠᠢ ᠤᠲᠠᠰᠤ᠎ᠪᠠᠷ ᠶᠠᠷᠢᠯᠴᠠᠭ᠍ᠰᠠᠨ ᠪᠥᠭᠡᠳ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ᠌ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠤᠯᠪᠣᠭ᠎ᠠ ᠪᠣᠯᠤᠨ ᠳᠤᠮᠳᠠᠳᠤ ᠶᠠᠫᠣᠨ ᠺᠣᠷᠢᠶᠠ (10+3) ᠎ᠶ᠋ᠢᠨ ᠤᠳᠤᠷᠢᠳᠭᠤ ᠬᠥᠮᠦᠰ᠎ᠤᠨ ᠣᠨᠴᠠᠭᠠᠢ ᠬᠤᠷᠠᠯ᠎ᠳᠤ ᠣᠷᠣᠯᠴᠠᠪᠠ᠃ ᠮᠢᠨᠦ᠍ ᠪᠡᠶ᠎ᠠ ᠪᠠᠰᠠ ᠡᠯ᠎ᠡ ᠤᠯᠤᠰ᠎ᠤᠨ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ᠎ᠯᠤᠭ᠎ᠠ 100 ᠭᠠᠷᠤᠢ ᠤᠳᠠᠭ᠎ᠠ ᠤᠲᠠᠰᠤ᠎ᠪᠠᠷ ᠶᠠᠷᠢᠯᠴᠠᠪᠠ᠂ ᠪᠢᠳᠡ ᠪᠠᠰᠠ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠤᠯᠪᠣᠭ᠎ᠠ᠎ᠶ᠋ᠢᠨ ᠣᠨᠴᠠᠭᠠᠢ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠨᠠᠷ᠎ᠤᠨ ᠬᠤᠷᠠᠯ᠂ ᠯᠠᠨᠼᠠᠩᠵᠢᠶᠠᠩ ᠮᠥᠷᠡᠨ — ᠮᠸᠢᠭᠤᠩ ᠮᠥᠷᠡᠨ᠎ᠤ ᠤᠯᠤᠰ᠎ᠤᠳ᠎ᠤᠨ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠨᠠᠷ᠎ᠤᠨ ᠬᠤᠷᠠᠯ᠂ ᠳᠤᠮᠳᠠᠳᠤ ᠶᠠᠫᠣᠨ ᠺᠣᠷᠢᠶᠠ᠂ ᠠᠯᠳᠠᠨ ᠲᠣᠭᠤᠰᠭ᠎ᠠ ᠤᠯᠤᠰ᠎ᠤᠳ᠂ ᠱᠠᠩᠬᠠᠢ᠎ᠶ᠋ᠢᠨ ᠬᠠᠮᠲᠤᠷᠠᠯᠴᠠᠭᠠᠨ᠎ᠤ ᠵᠤᠬᠢᠶᠠᠨ ᠪᠠᠢᠭᠤᠯᠤᠯᠲᠠ᠎ᠶ᠋ᠢᠨ ᠤᠯᠤᠰ᠎ᠤᠳ᠎ᠤᠨ ᠸᠢᠳᠢᠣ᠋ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠨᠠᠷ᠎ᠤᠨ ᠬᠤᠷᠠᠯ᠎ᠢ ᠬᠤᠷᠠᠯᠳᠤᠭᠤᠯᠪᠠ᠃
    2020 ᠣᠨ ᠪᠣᠯ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠠᠬᠢᠴᠠ᠎ᠳᠠᠬᠢ ᠲᠦᠢᠯ᠎ᠤᠨ ᠶᠡᠷᠦ᠍ ᠪᠤᠰᠤ᠎ᠶ᠋ᠢᠨ ᠨᠢᠭᠡ ᠵᠢᠯ ᠶᠤᠮ᠃ ᠳᠤᠮᠳᠠᠳᠤ ᠤᠯᠤᠰ᠎ᠤᠨ ᠭᠠᠳᠠᠭᠠᠳᠤ ᠬᠠᠷᠢᠯᠴᠠᠭ᠎ᠠ᠎ᠨᠢ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠪᠠᠢᠡᠭ᠌ᠭᠤᠵᠢᠭᠤᠯᠬᠤ ᠪᠠᠢᠳᠠᠯ ᠳᠣᠣᠷ᠎ᠠ ᠳᠠᠬᠢᠨᠳᠠ ᠬᠤᠶᠠᠭ᠍ᠯᠠᠨ ᠮᠣᠷᠳᠠᠵᠤ᠂ ᠲᠠᠪᠤᠨ ᠶᠡᠭᠡ ᠡᠭᠦᠷᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠬᠢᠯᠠᠰ ᠴᠡᠭ᠎ᠢ ᠴᠣᠭ᠍ᠴᠠᠯᠠᠨ᠎ᠠ᠄
    ᠨᠢᠭᠡ᠎ᠳᠤ᠂ ᠤᠯᠤᠰ᠎ᠤᠨ ᠳᠣᠲᠣᠭᠠᠳᠤ᠎ᠶ᠋ᠢᠨ ᠬᠥᠭ᠌ᠵᠢᠯᠲᠡ᠎ᠳᠤ ᠪᠦᠬᠦ᠌ ᠬᠦᠴᠦᠨ᠎ᠢᠶᠠᠷ᠎ᠢᠶᠠᠨ ᠦᠢᠯᠡᠴᠢᠯᠡᠨ᠎ᠡ᠃ ᠪᠢᠳᠡ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠶᠠᠷ ᠶᠡᠭᠡ ᠲᠠᠯ᠎ᠠ ᠳᠡᠭᠡᠷ᠎ᠠ ᠨᠢᠭᠡᠳᠦᠯᠲᠡᠶ ᠲᠥᠯᠥᠪᠵᠢᠭᠦᠯᠵᠦ᠍᠂ ᠡᠯ᠎ᠡ ᠵᠦᠢᠯ᠎ᠤᠨ ᠭᠠᠳᠠᠭᠠᠳᠤ ᠬᠠᠷᠢᠯᠴᠠᠭᠠᠨ᠎ᠤ ᠡᠬᠢ ᠪᠠᠶᠠᠯᠢᠭ᠎ᠢ ᠭᠦᠶᠴᠡᠳ ᠬᠡᠷᠡᠭ᠌ᠯᠡᠵᠦ᠍᠂ ᠤᠯᠤᠰ᠎ᠤᠨ ᠴᠢᠬᠤᠯᠠ ᠶᠡᠭᠡ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠳᠤ ᠦᠢᠯᠡᠴᠢᠯᠡᠨ᠎ᠡ᠃ 《ᠬᠢᠵᠢᠭ᠎ᠤᠨ ᠳᠠᠷᠠᠭᠠᠬᠢ ᠴᠠᠭ ᠦᠶ᠎ᠡ》 ᠎ᠶ᠋ᠢ ᠪᠣᠳᠣᠯᠬᠢᠯᠠᠵᠤ᠂ ᠪᠦᠬᠦ᠌ ᠪᠥᠮᠪᠥᠷᠴᠡᠭ᠎ᠤᠨ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠣᠭ᠍ᠲᠠᠭᠤᠨ ᠪᠠᠢᠳᠠᠯ᠎ᠢ ᠬᠠᠮᠠᠭᠠᠯᠠᠵᠤ᠂ ᠠᠷᠠᠯᠵᠢᠶ᠎ᠠ ᠪᠡᠯᠡ ᠣᠷᠣᠭᠤᠯᠤᠯᠲᠠ᠎ᠶ᠋ᠢᠨ ᠴᠢᠯᠥᠭᠡᠵᠢᠯᠲᠡ ᠳᠥᠭᠦᠮᠴᠢᠯᠡᠯᠲᠡ᠎ᠶ᠋ᠢ ᠠᠬᠢᠭᠤᠯᠵᠤ᠂ ᠳᠡᠯᠡᠬᠡᠶ᠎ᠶ᠋ᠢᠨ ᠠᠵᠤ ᠠᠬᠤᠶ᠎ᠶ᠋ᠢᠨ ᠤᠷᠤᠭᠤᠳᠠᠬᠤ ᠳᠠᠷᠤᠯᠲᠠ᠎ᠶ᠋ᠢ ᠠᠷᠭᠠᠴᠠᠭᠠᠨ᠎ᠠ᠃
    ᠬᠤᠶᠠᠷ᠎ᠲᠤ᠌᠂ ᠤᠯᠤᠰ ᠣᠷᠣᠨ᠎ᠤ ᠠᠱᠢᠭ ᠲᠤᠰᠠ᠎ᠶ᠋ᠢ ᠡᠷᠡᠰ ᠬᠠᠮᠠᠭᠠᠯᠠᠨ᠎ᠠ᠃ ᠪᠢᠳᠡ ᠨᠠᠩ ᠡᠷᠡᠰ ᠴᠢᠩᠭ᠎ᠠ ᠡᠷᠴᠢ ᠵᠣᠷᠢᠭ᠎ᠢᠶᠠᠷ ᠨᠠᠩ ᠬᠦᠴᠦᠲᠡᠶ ᠠᠷᠭ᠎ᠠ ᠬᠡᠮᠵᠢᠶ᠎ᠡ ᠠᠪᠴᠤ᠌᠂ ᠤᠯᠤᠰ ᠣᠷᠣᠨ᠎ᠤ ᠡᠷᠬᠡ ᠮᠡᠳᠡᠯ᠂ ᠠᠮᠤᠷ ᠲᠦᠪᠱᠢᠨ ᠪᠠ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠡᠷᠡᠰ ᠬᠠᠮᠠᠭᠠᠯᠠᠵᠤ᠂ ᠳᠤᠮᠳᠠᠳᠤ ᠤᠯᠤᠰ᠎ᠤᠨ ᠳᠣᠲᠣᠭᠠᠳᠤ᠎ᠶ᠋ᠢᠨ ᠬᠡᠷᠡᠭ ᠶᠠᠪᠤᠳᠠᠯ᠎ᠳᠤ ᠭᠠᠳᠠᠭᠠᠳᠤ᠎ᠶ᠋ᠢᠨ ᠬᠦᠴᠦᠨ᠎ᠤ ᠭᠠᠷ ᠲᠦᠷᠦᠭᠦ᠌ ᠭᠤᠷᠢᠳᠠᠯᠭ᠎ᠠ᠎ᠶ᠋ᠢ ᠡᠷᠡᠰ ᠰᠡᠷᠭᠡᠢᠯᠡᠨ ᠬᠤᠷᠢᠬ᠍ᠯᠠᠨ᠎ᠠ᠃
    ᠭᠤᠷᠪᠠ᠎ᠳᠤ᠂ ᠬᠠᠨᠢᠲᠠᠨ᠎ᠤ ᠬᠠᠷᠢᠯᠴᠠᠭ᠎ᠠ᠎ᠪᠠᠨ ᠲᠠᠰᠤᠷᠠᠯᠲᠠ ᠦᠭᠡᠢ ᠭᠦᠨᠵᠡᠭᠡᠢᠷᠡᠭᠦᠯᠦᠨ᠎ᠡ᠃ ᠲᠣᠮᠣ ᠤᠯᠤᠰ᠎ᠯᠤᠭ᠎ᠠ᠎ᠶ᠋ᠢᠨ ᠬᠠᠷᠢᠯᠴᠠᠭᠠᠨ᠎ᠤ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ᠎ᠶ᠋ᠢ ᠠᠬᠢᠭᠤᠯᠵᠤ᠂ ᠡᠷᠬᠢᠨ ᠲᠣᠭᠤᠷᠢᠨ᠎ᠤ ᠤᠯᠤᠰ᠎ᠤᠳ᠎ᠯᠤᠭ᠎ᠠ᠎ᠶ᠋ᠢᠨ ᠠᠱᠢᠭ ᠲᠤᠰᠠ᠎ᠶ᠋ᠢᠨ ᠠᠭᠤᠰᠤᠯᠴᠠᠯ᠎ᠢ ᠭᠦᠨᠵᠡᠭᠡᠢᠷᠡᠭᠦᠯᠵᠦ᠍᠂ ᠬᠥᠭ᠌ᠵᠢᠵᠦ᠍ ᠪᠠᠢᠭ᠎ᠠ ᠤᠯᠤᠰ᠎ᠤᠳ᠎ᠯᠤᠭ᠎ᠠ᠎ᠶ᠋ᠢᠨ ᠪᠦᠯᠬᠦᠮᠳᠡᠯ ᠨᠥᠬᠦᠷᠯᠡᠯ᠎ᠢᠶᠠᠨ ᠵᠤᠵᠠᠭᠠᠳᠭᠠᠨ᠎ᠠ᠃
    ᠲᠦᠷᠪᠡ᠎ᠳᠤ᠂ ᠤᠯᠠᠨ ᠲᠠᠯᠠᠲᠤ ᠦᠵᠡᠯ᠎ᠢ ᠡᠷᠡᠰ ᠬᠠᠮᠠᠭᠠᠯᠠᠨ᠎ᠠ᠃ ᠤᠨᠴᠠᠭᠠᠢᠯᠠᠨ ᠪᠦᠬᠦ᠌ ᠪᠥᠮᠪᠥᠷᠴᠡᠭ᠎ᠤᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠵᠠᠰᠠᠯᠲᠡ᠎ᠶ᠋ᠢ ᠠᠬᠢᠭᠤᠯᠵᠤ᠂ ᠪᠦᠬᠦ᠌ ᠪᠥᠮᠪᠥᠷᠴᠡᠭ᠎ᠤᠨ ᠬᠢᠵᠢᠭ᠎ᠲᠠᠢ ᠲᠡᠮᠡᠴᠡᠬᠦ᠌ ᠬᠠᠮᠲᠤᠷᠠᠯᠴᠠᠭ᠎ᠠ᠎ᠳᠤ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶ᠋ᠢᠨ ᠦᠵᠡᠭᠦᠯᠪᠡᠰᠦ ᠵᠣᠬᠢᠬᠤ ᠦᠶᠯᠡᠳᠦᠯ᠎ᠢᠶᠠᠨ ᠪᠠᠳᠠᠷᠠᠭᠤᠯᠬᠤ᠎ᠶ᠋ᠢ ᠳᠠᠮᠵᠢᠵᠤ᠂ ᠬᠥᠮᠦᠨ ᠲᠥᠷᠥᠯᠬᠢᠲᠡᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠤᠨ᠎ᠠ᠃
    ᠲᠠᠪᠤ᠎ᠳᠤ᠂ ᠤᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠢᠳᠡᠪᠬᠢᠲᠡᠶ ᠥᠷᠭᠡᠳᠭᠡᠨ᠎ᠡ᠃ ᠨᠠᠩ ᠣᠯᠠᠨ ᠤᠯᠤᠰ᠎ᠲᠠᠢ ᠬᠤᠯᠪᠤᠭᠠᠯᠠᠨ ᠰᠡᠷᠭᠡᠢᠯᠡᠬᠦ᠌ ᠬᠤᠯᠪᠤᠭᠠᠯᠠᠨ ᠡᠵᠡᠮᠳᠡᠬᠦ᠌ ᠲᠣᠭ᠍ᠲᠠᠴᠠ᠎ᠶ᠋ᠢ ᠪᠠᠢᠭᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠣᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ 《ᠨᠢᠭᠡ ᠪᠦᠰᠡ ᠨᠢᠭᠡ ᠵᠠᠮ》 ᠎ᠤᠨ ᠡᠷᠡᠭᠦᠯ ᠬᠠᠮᠠᠭᠠᠯᠠᠯ᠎ᠤᠨ ᠬᠠᠮᠲᠤᠷᠠᠯᠴᠠᠭ᠎ᠠ᠎ᠶ᠋ᠢ ᠠᠬᠢᠭᠤᠯᠵᠤ᠂ 《ᠡᠷᠡᠭᠦᠯ ᠡᠩᠬᠡ᠎ᠶ᠋ᠢᠨ ᠲᠣᠷᠭᠠᠨ ᠵᠠᠮ》 ᠎ᠢ ᠬᠠᠮᠲᠤ᠎ᠪᠠᠷ ᠪᠠᠢᠭᠤᠯᠵᠤ᠂ ᠪᠥᠬᠦ᠌ ᠪᠥᠮᠪᠥᠷᠴᠡᠭ᠎ᠤᠨ ᠬᠢᠵᠢᠭ᠎ᠲᠠᠢ ᠲᠡᠮᠡᠴᠡᠬᠦ᠌ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠬᠤ᠎ᠳᠤ ᠬᠦᠴᠦᠨ ᠴᠢᠳᠠᠯ᠎ᠢᠶᠠᠨ ᠡᠷᠭᠦᠨ᠎ᠡ᠃
    ᠶᠧᠵᠢᠫᠲ᠎ᠤᠨ ᠳᠤᠮᠳᠠᠳᠤ ᠳᠣᠷᠣᠨᠠᠲᠤ᠎ᠶ᠋ᠢᠨ ᠴᠢᠮᠡᠭᠡᠯᠡᠯ᠎ᠤᠨ ᠬᠤᠷᠢᠶᠠᠨ᠎ᠤ ᠰᠤᠷᠪᠤᠯᠵᠢᠯᠠᠭ᠍ᠴᠢ᠄ ᠳᠤᠮᠳᠠᠳᠤ᠎ᠶ᠋ᠢᠨ ᠲᠠᠯ᠎ᠠ᠎ᠶ᠋ᠢᠨ᠎ᠬᠢᠨ ᠠᠹᠷᠢᠺᠠ ᠲᠢᠪ᠎ᠤᠨ ᠬᠢᠵᠢᠭ᠎ᠲᠠᠢ ᠲᠡᠮᠡᠴᠡᠬᠦ᠌ ᠶᠠᠪᠤᠳᠠᠯ᠎ᠳᠤ ᠬᠡᠷᠬᠢᠨ ᠬᠠᠪᠰᠤᠷᠬᠤ ᠪᠤᠶ?
    ᠸᠠᠩ ᠢ᠄ ᠠᠹᠷᠢᠺᠠ ᠲᠢᠪ᠎ᠤᠨ᠎ᠬᠢᠨ ᠪᠣᠯ ᠳᠤᠮᠳᠠᠳᠤ ᠤᠯᠤᠰ᠎ᠲᠠᠢ ᠵᠢᠷᠭᠠᠯ ᠵᠤᠪᠠᠯᠠᠩ᠎ᠢᠶᠠᠨ ᠬᠠᠮᠲᠤᠳᠭᠠᠭ᠍ᠰᠠᠨ ᠰᠠᠢᠨ ᠠᠬ᠎ᠠ ᠳᠡᠭᠦᠦ ᠮᠥᠨ᠃ ᠳᠤᠮᠳᠠᠳᠤ ᠠᠹᠷᠢᠺᠠ᠎ᠶ᠋ᠢᠨ ᠠᠷᠠᠳ ᠲᠦᠮᠡᠨ ᠦᠨᠳᠦᠰᠦᠲᠡᠨ᠎ᠤ ᠴᠢᠯᠥᠭᠡᠯᠡᠯᠲᠡ᠎ᠶ᠋ᠢᠨ ᠲᠡᠮᠡᠴᠡᠯ ᠳᠤᠮᠳᠠ ᠮᠥᠷᠥ᠍ ᠵᠡᠷᠭᠡᠴᠡᠨ ᠪᠠᠢᠯᠳᠤᠵᠤ᠂ ᠬᠠᠮᠲᠤ᠎ᠶ᠋ᠢᠨ ᠬᠥᠭ᠌ᠵᠢᠯᠲᠡ᠎ᠶ᠋ᠢᠨ ᠵᠠᠮ᠎ᠳᠤ ᠭᠠᠷ ᠬᠤᠯᠪᠣᠨ ᠤᠷᠤᠭ᠍ᠰᠢᠯᠠᠵᠤ ᠪᠠᠢᠨ᠎ᠠ᠂ ᠲᠦᠷᠦᠭᠦᠤ ᠬᠡᠳᠦᠨ ᠵᠢᠯ᠎ᠳᠤ ᠪᠤᠯᠤᠭ᠍ᠰᠠᠨ ᠡᠸᠪᠦ᠋ᠯᠠ᠎ᠶ᠋ᠢᠨ ᠬᠢᠵᠢᠭ᠎ᠲᠠᠢ ᠲᠡᠮᠡᠴᠡᠬᠦ᠌ ᠬᠠᠮᠲᠤᠷᠠᠯᠴᠠᠭ᠎ᠠ ᠳᠤᠮᠳᠠ ᠬᠤᠪᠢ ᠵᠠᠶᠠᠭ᠎ᠠ᠎ᠪᠠᠨ ᠬᠠᠮᠲᠤᠳᠭᠠᠪᠠ᠃ ᠪᠢ ᠠᠹᠷᠢᠺᠠ᠎ᠶ᠋ᠢᠨ ᠬᠤᠯᠪᠣᠭᠠᠨ᠎ᠤ ᠵᠥᠪᠯᠡᠯ᠎ᠤᠨ ᠲᠡᠷᠢᠭᠦᠯᠡᠭ᠌ᠴᠢ᠎ᠶ᠋ᠢᠨ 《ᠳᠤᠮᠳᠠᠳᠤ ᠠᠹᠷᠢᠺᠠ ᠪᠣᠯ ᠨᠠᠢᠵᠠ ᠮᠥᠨ᠂ ᠨᠠᠩ ᠴᠤ᠌ ᠳᠠᠢᠴᠢᠨ ᠬᠠᠨᠢ ᠮᠦᠨ᠂ ᠶᠠᠮᠠᠷᠪᠠ ᠤᠴᠢᠷ ᠶᠠᠪᠤᠳᠠᠯ ᠴᠦ᠍ ᠳᠤᠮᠳᠠᠳᠤ ᠠᠹᠷᠢᠺᠠ᠎ᠶ᠋ᠢᠨ ᠨᠥᠬᠦᠷᠰᠡᠭ ᠬᠠᠷᠢᠯᠴᠠᠭ᠎ᠠ᠎ᠶ᠋ᠢ ᠬᠤᠪᠢᠷᠠᠭᠤᠯᠬᠤ ᠪᠤᠶᠤ ᠬᠤᠬᠢᠷᠠᠭᠤᠯᠵᠤ ᠳᠡᠢᠯᠬᠦ᠌ ᠦᠭᠡᠢ ᠶᠤᠮ》 ᠭᠡᠵᠦ᠍ ᠭᠡᠯᠡᠭ᠌ᠰᠡᠨ ᠦᠭᠡ᠎ᠶ᠋ᠢ ᠪᠦᠷᠢᠮᠦᠰᠦᠨ ᠵᠦᠪᠱᠢᠶᠡᠷᠡᠵᠦ᠍ ᠪᠠᠢᠨ᠎ᠠ᠃
    ᠱᠢᠨ᠎ᠡ ᠲᠢᠲᠢᠮᠯᠢᠭ ᠠᠭᠤᠰᠭᠢᠨ ᠊ᠦᠷᠪᠢᠰᠦᠯ᠎ᠤᠨ ᠬᠢᠵᠢᠭ᠎ᠤᠨ ᠡᠮᠦᠨ᠎ᠡ᠂ ᠳᠤᠮᠳᠠᠳᠤ ᠠᠹᠷᠢᠺᠠ ᠦᠷᠭᠦᠯᠵᠢᠯᠡᠨ ᠵᠣᠪᠠᠭᠤᠷᠢ ᠵᠦᠳᠡᠭᠦᠷᠢ᠎ᠪᠠᠨ ᠬᠠᠮᠲᠤᠳᠭᠠᠵᠤ᠂ ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠦ᠍ ᠪᠠᠢᠨ᠎ᠠ᠃ ᠠᠹᠷᠢᠺᠠ ᠲᠢᠪ᠎ᠤᠨ ᠲᠠᠪᠢᠨ ᠬᠡᠳᠦᠨ ᠤᠳᠤᠷᠢᠳᠭᠤ ᠬᠥᠮᠦᠨ᠎ᠠᠴᠠ ᠴᠠᠬᠢᠯᠭᠠᠨ ᠴᠢᠮᠡᠭᠡ ᠢᠷᠡᠬᠦᠯᠦᠭ᠌ᠰᠡᠨ ᠪᠤᠶᠤ ᠢᠯᠡᠷᠬᠡᠢᠯᠡᠯᠲᠡ ᠨᠡᠢᠲᠡᠯᠡᠵᠦ᠍᠂ ᠳᠤᠮᠳᠠᠳᠤ ᠤᠯᠤᠰ᠎ᠢ ᠲᠣᠬᠤᠨᠢᠭᠤᠯᠵᠤ ᠪᠠᠢᠬᠤ᠎ᠪᠠᠨ ᠢᠯᠡᠳᠭᠡᠭ᠌ᠰᠡᠡ ᠪᠠ ᠳᠡᠮᠵᠢᠯᠭᠡ ᠦᠵᠡᠭᠦᠯᠪᠡ᠃ ᠳᠤᠮᠳᠠᠳᠤ᠎ᠶ᠋ᠢᠨ ᠲᠠᠯ᠎ᠠ᠎ᠶ᠋ᠢᠨ᠎ᠬᠢᠨ ᠠᠹᠷᠢᠺᠠ ᠲᠢᠪ᠎ᠤᠨ ᠲᠠᠪᠤᠨ ᠣᠷᠣᠨ ᠪᠦᠰᠡ ᠵᠢᠴᠢ ᠡᠷᠭᠢᠨ ᠲᠣᠭᠤᠷᠢᠨ᠎ᠤ ᠤᠯᠤᠰ᠎ᠤᠳ᠎ᠲᠤ ᠬᠢᠵᠢᠭ᠎ᠲᠠᠢ ᠲᠡᠮᠡᠴᠡᠬᠦ᠌ ᠡᠮᠴᠢᠯᠡᠭᠡᠨ᠎ᠤ ᠲᠤᠰᠭᠠᠶ ᠮᠡᠷᠭᠡᠵᠢᠯᠲᠡᠨ᠎ᠤ ᠳᠤᠭᠤᠢᠯᠠᠩ ᠲᠣᠮᠢᠯᠠᠪᠠ᠃ ᠠᠹᠷᠢᠺᠠ ᠲᠢᠪ᠎ᠤᠨ 45 ᠤᠯᠤᠰ᠎ᠲᠤ ᠲᠦᠭᠡᠭ᠌ᠰᠡᠨ ᠳᠤᠮᠳᠠᠳᠤ ᠤᠯᠤᠰ᠎ᠤᠨ ᠡᠮᠴᠢᠯᠡᠭᠡᠨ᠎ᠤ ᠠᠩᠭᠢ ᠢᠳᠡᠪᠬᠢᠲᠡᠢ ᠠᠵᠢᠯᠯᠠᠭ᠎ᠠ ᠠᠪᠴᠤ᠌᠂ ᠲᠤᠬᠠᠶ᠎ᠶ᠋ᠢᠨ ᠭᠠᠵᠠᠷ᠎ᠤᠨ ᠠᠷᠠᠳ ᠣᠯᠠᠨ᠎ᠳᠤ ᠡᠮᠴᠢᠯᠡᠭᠡᠨ᠎ᠤ ᠪᠠᠲᠤᠯᠠᠭ᠎ᠠ ᠬᠠᠩᠭᠠᠵᠤ᠂ ᠣᠳᠣ ᠪᠣᠯᠲᠠᠯ᠎ᠠ 400 ᠱᠢᠬᠠᠮ ᠤᠳᠠᠭ᠎ᠠ᠎ᠶ᠋ᠢᠨ ᠬᠢᠵᠢᠭ᠎ᠲᠠᠢ ᠲᠡᠮᠡᠴᠡᠬᠦ᠌ ᠪᠣᠯᠪᠠᠰᠤᠷᠠᠯ ᠥᠷᠨᠢᠭᠦᠯᠵᠦ᠍᠂ ᠲᠤᠬᠠᠶ᠎ᠶ᠋ᠢᠨ ᠭᠠᠵᠠᠷ᠎ᠤᠨ ᠬᠡᠳᠦᠨ ᠲᠦᠮᠡᠨ ᠡᠮᠴᠢ ᠰᠤᠪᠢᠯᠠᠭ᠍ᠴᠢᠳ᠎ᠲᠤ ᠵᠢᠯᠣᠭᠤᠳᠤᠯᠭ᠎ᠠ ᠬᠠᠩᠭᠠᠪᠠ᠃ ᠪᠢᠳᠡ ᠪᠠᠰᠠ ᠭᠡᠷ᠎ᠤᠨ ᠬᠥᠮᠦᠰ᠎ᠲᠡᠭᠡᠨ ᠬᠠᠨᠳᠤᠬᠤ᠎ᠲᠠᠢ ᠠᠳᠠᠯᠢ᠎ᠪᠠᠷ ᠳᠤᠮᠳᠠᠳᠤ ᠤᠯᠤᠰ᠎ᠲᠤ ᠪᠠᠢᠭ᠎ᠠ ᠠᠹᠷᠢᠺᠠ ᠲᠢᠪ᠎ᠤᠨ ᠬᠠᠷᠢᠶᠠᠲᠤ ᠢᠷᠭᠡᠨ᠎ᠤ ᠠᠮᠤᠷ ᠲᠦᠪᠱᠢᠨ᠎ᠢ ᠬᠠᠷᠠᠭᠠᠯᠵᠠᠪᠠ᠃ ᠬᠤᠪᠧᠶ ᠪᠣᠯᠤᠨ ᠦᠬᠠᠨ᠎ᠳᠤ ᠰᠤᠷᠤᠯᠴᠠᠵᠤ ᠪᠠᠢᠭ᠎ᠠ ᠠᠹᠷᠢᠺᠠ ᠲᠢᠪ᠎ᠤᠨ 3000 ᠭᠠᠷᠤᠶ ᠰᠤᠷᠤᠭ᠍ᠴᠢ᠎ᠶ᠋ᠢᠨ ᠳᠤᠲᠤᠷ᠎ᠠ 1 ᠰᠤᠷᠤᠭ᠍ᠴᠢ ᠬᠠᠯᠳᠠᠪᠤᠷᠢᠯᠠᠭ᠍ᠳᠠᠵᠤ ᠡᠮᠴᠢᠯᠡᠬᠦ᠌᠎ᠪᠠᠷ ᠳᠠᠮᠵᠢᠨ ᠮᠠᠰᠢ ᠲᠦᠷᠭᠡᠨ ᠢᠯᠠᠷᠢᠱᠢᠭ᠍ᠰᠠᠨ᠎ᠠᠴᠠ ᠭᠠᠳᠠᠨ᠎ᠠ᠂ ᠪᠤᠰᠤᠳ᠎ᠨᠢ ᠴᠥᠮ ᠠᠮᠤᠷ ᠮᠡᠨᠳᠦ ᠪᠠᠢᠨ᠎ᠠ᠃
    ᠡᠨᠡ ᠵᠢᠯ ᠪᠣᠯ ᠳᠤᠮᠳᠠᠳᠤ ᠠᠹᠷᠢᠺᠠ᠎ᠶ᠋ᠢᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ ᠪᠠᠢᠭᠤᠯᠤᠭ᠍ᠳᠠᠭ᠍ᠰᠠᠨ 20 ᠵᠢᠯ᠎ᠤᠨ ᠤᠢ ᠪᠣᠯᠤᠨ᠎ᠠ᠃ ᠳᠤᠮᠳᠠᠳᠤ ᠠᠹᠷᠢᠺᠠ᠎ᠶ᠋ᠢᠨ ᠬᠠᠷᠢᠯᠴᠠᠭ᠎ᠠ ᠬᠦᠴᠢᠷ ᠪᠡᠷᠬᠡ᠎ᠶ᠋ᠢ ᠲᠤᠭᠤᠯᠵᠤ᠂ ᠡᠳᠦᠷ ᠢᠷᠡᠬᠦᠶ᠎ᠡ ᠱᠢᠨᠡᠳᠦᠨ ᠬᠤᠪᠢᠷᠠᠵᠤ ᠪᠠᠢᠨ᠎ᠠ᠃ ᠪᠢᠳᠡ ᠦᠷᠭᠦᠯᠵᠢᠯᠡᠨ ᠠᠹᠷᠢᠺᠠ ᠲᠢᠪ᠎ᠢ ᠬᠠᠪᠰᠤᠷᠤᠨ ᠬᠢᠵᠢᠭ᠎ᠲᠠᠢ ᠲᠡᠮᠡᠴᠡᠵᠦ᠍᠂ ᠬᠢᠵᠢᠭ᠎ᠲᠠᠢ ᠲᠡᠮᠡᠴᠡᠬᠦ᠌ ᠡᠳ᠋ ᠪᠣᠳᠠᠰ᠎ᠤᠨ ᠲᠤᠰᠠᠯᠠᠮᠵᠢ᠎ᠶ᠋ᠢ ᠠᠯᠢ ᠴᠢᠳᠠᠬᠤ᠎ᠪᠠᠷ ᠠᠹᠷᠢᠺᠠ ᠲᠢᠪ ᠵᠡᠷᠭᠡ ᠬᠥᠭ᠌ᠵᠢᠵᠦ᠍ ᠪᠠᠢᠭ᠎ᠠ ᠤᠯᠤᠰ ᠲᠡᠢᠰᠢ ᠬᠡᠯᠪᠠᠢᠯᠭᠡᠬᠦ᠌᠎ᠶ᠋ᠢᠨ ᠬᠠᠮᠲᠤ ᠠᠹᠷᠢᠺᠠ ᠲᠢᠪ᠎ᠲᠤ ᠱᠢᠨ᠎ᠡ ᠨᠢᠭᠡ ᠪᠦᠯᠦᠭ ᠡᠮᠴᠢᠯᠡᠭᠡᠨ᠎ᠤ ᠲᠤᠰᠭᠠᠶ ᠮᠡᠷᠭᠡᠵᠢᠯᠲᠡᠨ᠎ᠤ ᠳᠤᠭᠤᠢᠯᠠᠩ ᠲᠣᠮᠢᠯᠠᠬᠤ᠎ᠶ᠋ᠢ ᠪᠣᠳᠣᠯᠬᠢᠯᠠᠵᠤ ᠪᠠᠢᠨ᠎ᠠ᠃ ᠪᠢᠳᠡ ᠪᠠᠰᠠ ᠳᠤᠮᠳᠠᠳᠤ ᠠᠹᠷᠢᠺᠠ᠎ᠶ᠋ᠢᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ᠎ᠤᠨ ᠪᠡᠭᠡᠵᠢᠩ᠎ᠳᠠᠬᠢ ᠲᠦᠷᠦᠭᠦᠴᠦᠳ᠎ᠤᠨ ᠬᠤᠷᠠᠯ᠎ᠠᠴᠠ ᠲᠣᠭ᠍ᠲᠠᠭᠠᠭ᠍ᠰᠠᠨ ᠡᠷᠡᠭᠦᠯ ᠮᠡᠨᠳᠦ ᠡᠷᠡᠭᠦᠯ ᠬᠠᠮᠠᠭᠠᠯᠠᠯ᠎ᠤᠨ ᠠᠵᠢᠯᠯᠠᠭ᠎ᠠ᠎ᠶ᠋ᠢ ᠦᠷᠭᠦᠯᠵᠢᠯᠡᠨ ᠨᠠᠢᠳᠠᠪᠤᠷᠢᠵᠢᠭᠤᠯᠵᠤ᠂ ᠠᠹᠷᠢᠺᠠ ᠲᠢᠪ᠎ᠲᠠᠬᠢ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠤᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠠᠹᠷᠢᠺᠠ ᠲᠢᠪ᠎ᠤᠨ ᠡᠯ᠎ᠡ ᠤᠯᠤᠰ᠎ᠤᠨ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠴᠢᠳᠠᠪᠤᠷᠢ᠎ᠶ᠋ᠢ       ᠳᠡᠭᠡᠭ᠌ᠰᠢᠯᠡᠭᠦᠯᠦᠨ᠎ᠡ᠃ ᠡᠭᠦᠨ᠎ᠠᠴᠠ ᠭᠠᠳᠠᠨ᠎ᠠ᠂ ᠪᠢᠳᠡ ᠪᠠᠰᠠ ᠠᠹᠷᠢᠺᠠ ᠲᠢᠪ᠎ᠤᠨ ᠪᠡᠶ᠎ᠡ᠎ᠪᠠᠨ ᠳᠠᠭᠠᠭᠠᠵᠤ ᠬᠥᠭ᠌ᠵᠢᠬᠦ᠌ ᠴᠢᠳᠠᠪᠤᠷᠢ᠎ᠪᠠᠨ ᠳᠡᠭᠡᠭ᠌ᠰᠢᠯᠡᠬᠦᠯᠬᠦ᠌᠎ᠳᠤᠨᠢ ᠬᠠᠪᠰᠤᠷᠬᠤ᠎ᠪᠠᠷ ᠦᠷᠭᠦᠯᠵᠢᠯᠡᠨ ᠴᠢᠷᠮᠠᠢᠵᠤ᠂ ᠣᠳᠣᠬᠠᠨ᠎ᠤ ᠳᠤᠮᠳᠠᠳᠤ ᠠᠹᠷᠢᠺᠠ᠎ᠶ᠋ᠢᠨ ᠴᠢᠬᠤᠯᠠ ᠬᠠᠮᠲᠤᠷᠠᠯᠴᠠᠭᠠᠨ᠎ᠤ ᠲᠥᠷᠥᠯ  ᠵᠦᠢᠯ᠎ᠢ ᠲᠣᠬᠢᠲᠠᠶ ᠲᠣᠬᠢᠷᠠᠭᠤᠯᠤᠨ᠂ ᠬᠢᠵᠢᠭ᠎ᠤᠨ ᠨᠥᠯᠥᠭᠡ᠎ᠶ᠋ᠢ ᠬᠦᠷᠲᠡᠭ᠌ᠰᠡᠨ ᠠᠹᠷᠢᠺᠠ ᠲᠢᠪ᠎ᠤᠨ ᠤᠯᠤᠰ᠎ᠤᠳ᠎ᠤᠨ ᠡᠷᠲᠡᠬᠡᠨ ᠠᠵᠢᠯ᠎ᠢᠶᠠᠨ ᠰᠡᠷᠭᠦᠭᠡᠵᠤ ᠦᠶᠯᠡᠳᠪᠦᠷᠢᠯᠡᠯ᠎ᠢᠶᠠᠨ ᠰᠡᠷᠭᠦᠭᠡᠬᠦ᠌᠎ᠶ᠋ᠢ᠎ᠨᠢ ᠳᠡᠮᠵᠢᠵᠦ᠍᠂ ᠠᠹᠷᠢᠺᠠ ᠲᠢᠪ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠬᠠᠨᠳᠤᠰᠢ᠎ᠶ᠋ᠢ ᠬᠠᠮᠠᠭᠠᠯᠠᠨ᠎ᠠ᠃ ᠪᠢᠳᠡ ᠪᠠᠰᠠ ᠬᠤᠷᠢᠨ ᠤᠯᠤᠰ᠎ᠤᠨ ᠪᠦᠯᠦᠭ᠌ᠯᠡᠯ᠎ᠤᠨ 《ᠥᠷᠢ ᠱᠢᠷᠢ᠎ᠶ᠋ᠢ ᠬᠤᠢᠱᠢᠯᠠᠭᠤᠯᠬᠤ ᠰᠠᠨᠠᠭᠠᠴᠢᠯᠠᠭ᠎ᠠ》 ᠎ᠶ᠋ᠢ ᠨᠠᠢᠳᠠᠪᠤᠷᠢᠵᠢᠭᠤᠯᠬᠤ᠎ᠶ᠋ᠢ ᠢᠳᠡᠪᠬᠢᠲᠡᠢ ᠠᠬᠢᠭᠤᠯᠵᠤ᠂ ᠠᠹᠷᠢᠺᠠ ᠲᠢᠪ᠎ᠤᠨ ᠤᠯᠤᠰ᠎ᠤᠳ᠎ᠤᠨ ᠥᠷᠢ ᠱᠢᠷᠢ᠎ᠶ᠋ᠢᠨ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢᠨ ᠬᠠᠮᠲᠤ ᠬᠤᠶᠠᠷ ᠲᠠᠯ᠎ᠠ᠎ᠶ᠋ᠢᠨ ᠠᠷᠭ᠎ᠠ ᠵᠠᠮ᠎ᠢᠶᠠᠷ ᠠᠹᠷᠢᠺᠠ ᠲᠢᠪ᠎ᠤᠨ ᠤᠨᠴᠠ ᠬᠦᠴᠢᠷᠳᠡᠯᠲᠡᠢ ᠤᠯᠤᠰ᠎ᠤᠳ᠎ᠲᠤ ᠤᠯᠠᠮ ᠨᠢᠭᠡ ᠠᠯᠬᠤᠮ ᠳᠡᠮᠵᠢᠯᠭᠡ ᠦᠵᠡᠭᠦᠯᠬᠦ᠌᠎ᠶ᠋ᠢ ᠪᠣᠳᠣᠯᠬᠢᠯᠠᠵᠦ᠍᠂ ᠠᠹᠷᠢᠺᠠ ᠲᠢᠪ᠎ᠤᠨ ᠠᠬ᠎ᠠ ᠳᠡᠭᠦᠦ ᠡᠭᠡᠴᠢ ᠥᠬᠢᠨ ᠳᠡᠭᠦᠦ ᠨᠡᠷ᠎ᠢ ᠬᠠᠪᠰᠤᠷᠤᠨ ᠬᠦᠴᠢᠷ ᠪᠡᠷᠭᠡ᠎ᠶ᠋ᠢ ᠢᠯᠡᠨ ᠳᠠᠪᠠᠭᠤᠯᠤᠨ᠎ᠠ᠃
    《ᠪᠦᠭᠦᠳᠡ᠎ᠶ᠋ᠢᠨ ᠬᠦᠴᠦ᠍ ᠪᠤᠯ ᠪᠤᠯᠤᠳ ᠲᠡᠮᠦᠷ᠂ ᠬᠠᠮᠲᠤ᠎ᠶ᠋ᠢᠨ ᠬᠦᠴᠦ᠍ ᠪᠤᠯ ᠬᠠᠳᠠ ᠴᠢᠯᠠᠭᠤ》᠃ ᠳᠤᠮᠳᠠᠳᠤ ᠠᠹᠷᠢᠺᠠ ᠬᠤᠶᠠᠷ ᠲᠠᠯ᠎ᠠ ᠵᠢᠴᠢ ᠳᠡᠯᠡᠬᠡᠶ ᠨᠡᠢᠲᠡ᠎ᠶ᠋ᠢᠨ ᠬᠠᠮᠲᠤ᠎ᠶ᠋ᠢᠨ ᠴᠢᠷᠮᠠᠢᠯᠭ᠎ᠠ᠎ᠪᠠᠷ ᠠᠹᠷᠢᠺᠠ ᠲᠢᠪ᠎ᠤᠨ ᠡᠨᠡ ᠬᠦ᠌ ᠱᠢᠨᠡᠭᠡᠨ ᠨᠡᠭᠡᠭᠡᠭ᠌ᠳᠡᠭ᠌ᠰᠡᠨ ᠡᠬᠡ ᠬᠠᠭᠤᠷᠠᠶ᠎ᠨᠢ ᠬᠢᠵᠢᠭ ᠳᠠᠬᠤᠯ᠎ᠢ ᠢᠯᠠᠭ᠍ᠰᠠᠨ᠎ᠤ ᠲᠠᠷᠠᠭ᠎ᠠ ᠯᠠᠪᠲᠠᠶ ᠨᠡᠩ ᠰᠠᠢᠨ ᠪᠥᠭᠡᠳ ᠨᠡᠩ ᠲᠦᠷᠭᠡᠨ ᠬᠥᠭ᠌ᠵᠢᠯᠲᠡ᠎ᠶ᠋ᠢ ᠪᠡᠶᠡᠯᠡᠭᠦᠯᠵᠦ᠍ ᠴᠢᠳᠠᠨ᠎ᠠ ᠭᠡᠳᠡᠭ᠎ᠢ ᠪᠢᠳᠡ ᠢᠲᠡᠭᠡᠵᠦ᠍ ᠪᠠᠢᠨ᠎ᠠ᠃
    ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠤᠷᠢᠶᠠᠨ᠎ᠤ ᠲᠦᠪ ᠷᠠᠳᠢᠣ᠋᠎ᠶ᠋ᠢᠨ ᠰᠤᠷᠪᠤᠯᠵᠢᠯᠠᠭ᠍ᠴᠢ᠄ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ ᠪᠠ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠳᠤ ᠳᠤᠮᠳᠠᠳᠤ ᠤᠯᠤᠰ᠎ᠤᠨ ᠭᠠᠳᠠᠭᠠᠳᠤ ᠬᠠᠷᠢᠯᠴᠠᠭ᠎ᠠ ᠬᠡᠷᠬᠢᠨ ᠦᠢᠯᠡᠳᠦᠯ ᠦᠵᠡᠭᠦᠯᠬᠦ᠌ ᠪᠤᠢ?
    ᠸᠠᠩ ᠢ᠄ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠪᠣᠯ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠮᠥᠨ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠪᠣᠯ ᠮᠢᠩᠭᠠᠨ ᠤᠨ᠎ᠤ ᠬᠦᠰᠡᠯ ᠵᠡᠭᠦᠲᠦ ᠮᠥᠨ᠃ ᠡᠨᠡ ᠬᠤᠶᠠᠷ ᠶᠡᠭᠡ ᠲᠡᠦᠬᠡᠲᠦ ᠡᠭᠦᠷᠭᠡ ᠪᠣᠯ 2020 ᠣᠨ᠎ᠤ ᠪᠦᠬᠦ᠌ ᠤᠯᠤᠰ᠎ᠤᠨ ᠲᠡᠮᠡᠴᠡᠯ᠎ᠤᠨ ᠪᠠᠢᠷᠢᠱᠢᠯ ᠪᠤᠯᠬᠤ ᠮᠦᠷᠲᠡᠭᠡᠨ ᠪᠠᠰᠠ ᠭᠠᠳᠠᠭᠠᠳᠤ ᠬᠠᠷᠢᠯᠴᠠᠭᠠᠨ᠎ᠤ ᠹᠷᠣᠨᠲ ᠳᠡᠭᠡᠷᠡᠬᠢ ᠪᠦᠬᠦ᠌ ᠨᠥᠬᠦᠳ᠎ᠤᠨ ᠬᠠᠷᠢᠭᠤᠴᠠᠯᠭ᠎ᠠ ᠪᠠ ᠡᠭᠦᠷᠭᠡᠯᠡᠯ ᠮᠥᠨ᠃
    ᠬᠤᠶᠠᠷ ᠶᠡᠭᠡ ᠡᠭᠦᠷᠭᠡ᠎ᠶ᠋ᠢ ᠪᠡᠶᠡᠯᠡᠭᠦᠯᠬᠦ᠌᠎ᠳᠤ ᠪᠢᠳᠡ ᠭᠤᠤᠯᠳᠠᠭᠤ ᠥᠪᠡᠷ᠎ᠤᠨ ᠪᠡᠶ᠎ᠡ᠎ᠪᠠᠨ ᠲᠦᠱᠢᠭ᠌ᠯᠡᠬᠦ᠌᠎ᠶ᠋ᠢᠨ ᠵᠡᠷᠭᠡ᠎ᠪᠠᠷ ᠪᠠᠰᠠ ᠳᠡᠯᠡᠬᠡᠶ᠎ᠶ᠋ᠢᠨ ᠰᠠᠢᠨ ᠰᠠᠢᠬᠠᠨ ᠣᠷᠴᠢᠨ ᠨᠥᠬᠦᠴᠡᠯ᠎ᠢ ᠱᠠᠭᠠᠷᠳᠠᠨ᠎ᠠ᠃ ᠣᠳᠣᠬᠠᠨ᠎ᠤ ᠬᠠᠮᠤᠭ᠎ᠤᠨ ᠲᠤᠪᠤᠢᠮ᠎ᠠ ᠭᠠᠳᠠᠭᠠᠳᠤ ᠥᠷᠢᠰᠥᠯᠳᠦᠭᠡᠨ ᠪᠣᠯ ᠬᠢᠵᠢᠭ᠎ᠤᠨ ᠪᠠᠢᠳᠠᠯ ᠮᠥᠨ ᠯᠡ ᠪᠦᠬᠦ᠌ ᠳᠡᠯᠡᠬᠡᠶ᠎ᠳᠤ ᠦᠷᠪᠢᠰᠦᠨ ᠳᠡᠯᠭᠡᠷᠡᠵᠦ᠍ ᠪᠠᠢᠭ᠎ᠠ ᠶᠠᠪᠤᠳᠠᠯ ᠪᠠᠢᠵᠤ᠂ ᠮᠠᠨ᠎ᠤ ᠤᠯᠤᠰ᠎ᠤᠨ ᠬᠥᠭ᠌ᠵᠢᠯᠲᠡ ᠲᠦᠢᠯ᠎ᠤᠨ ᠨᠠᠷᠢᠨ ᠪᠤᠳᠤᠯᠢᠶᠠᠨᠲᠠᠶ ᠭᠠᠳᠠᠭᠠᠳᠤ ᠥᠷᠢᠰᠥᠯᠳᠦᠭᠡᠨ᠎ᠳᠤ ᠲᠤᠯᠭᠠᠷᠠᠵᠤ ᠪᠠᠢᠨ᠎ᠠ᠃ ᠭᠠᠳᠠᠭᠠᠳᠤ ᠬᠠᠷᠢᠯᠴᠠᠭᠠᠨ᠎ᠤ ᠤᠢᠯᠡᠴᠢᠯᠡᠭᠡᠨ᠎ᠤ ᠬᠦᠭ᠌ᠵᠢᠯᠲᠡ ᠡᠷᠬᠡᠪᠰᠢ ᠱᠢᠨ᠎ᠡ ᠪᠠᠢᠳᠠᠯ᠎ᠲᠠᠢ ᠵᠣᠬᠢᠴᠠᠵᠤ᠂ ᠱᠢᠨ᠎ᠡ ᠠᠰᠠᠭᠤᠳᠠᠯ᠎ᠢ ᠱᠢᠶᠳᠪᠦᠷᠢᠯᠡᠵᠦ᠍᠂ ᠪᠦᠲᠦᠭᠡᠯᠴᠢ ᠴᠢᠨᠠᠷᠲᠠᠢ᠎ᠪᠠᠷ ᠠᠵᠢᠯ᠎ᠢᠶᠠᠨ ᠥᠷᠨᠢᠭᠦᠯᠵᠦ᠍᠂ ᠣᠯᠠᠨ ᠤᠯᠤᠰ᠎ᠤᠨ ᠬᠢᠵᠢᠭ᠎ᠤᠨ ᠪᠠᠢᠳᠠᠯ᠎ᠠᠴᠠ ᠪᠤᠯᠵᠦ᠍ ᠠᠷᠠᠳ ᠲᠦᠮᠡᠨ᠎ᠤ ᠠᠮᠢ ᠨᠠᠰᠤ ᠡᠷᠡᠭᠦᠯ ᠮᠡᠨᠳᠦ ᠪᠣᠯᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠦᠵᠡᠬᠦᠯᠬᠦ᠌ ᠨᠦᠯᠦᠭᠡ ᠳᠠᠭᠠᠷᠢᠯᠲᠠ᠎ᠶ᠋ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭᠠᠰᠭᠠᠵᠤ᠂ ᠳᠡᠯᠡᠬᠡᠶ᠎ᠶ᠋ᠢᠨ ᠡᠯ᠎ᠡ ᠤᠯᠤᠰ᠎ᠲᠠᠢ ᠮᠥᠷᠥ᠍ ᠵᠡᠷᠭᠡᠴᠡᠨ ᠬᠢᠵᠢᠭ᠎ᠲᠠᠢ ᠲᠡᠮᠡᠴᠡᠬᠦ᠌ ᠶᠠᠪᠤᠴᠠ᠎ᠳᠤ ᠬᠥᠭ᠌ᠵᠢᠯᠲᠡ᠎ᠶ᠋ᠢᠨ ᠱᠢᠨ᠎ᠠ ᠠᠵᠠ ᠲᠣᠬᠢᠶᠠᠯ᠎ᠢ ᠲᠠᠰᠤᠷᠠᠯᠲᠠ ᠤᠢ᠍ᠭᠡᠢ ᠡᠭᠦᠳᠦᠨ᠎ᠡ᠃ ᠬᠢᠵᠢᠭ᠎ᠤᠨ ᠪᠠᠢᠳᠠᠯ᠎ᠢ ᠰᠡᠷᠭᠡᠢᠯᠡᠬᠦ᠌ ᠠᠵᠢᠯ᠎ᠢ ᠦᠷᠭᠦᠯᠵᠢᠯᠡᠨ ᠰᠠᠢᠲᠤᠷ ᠬᠢᠬᠦ᠌᠎ᠶ᠋ᠢᠨ ᠬᠠᠮᠲᠤ᠌᠂ ᠤᠯᠤᠰ᠎ᠤᠳ᠎ᠤᠨ ᠬᠤᠭᠤᠷᠣᠨᠳᠣᠬᠢ ᠬᠡᠪ᠎ᠤᠨ ᠶᠠᠪᠤᠯᠴᠠᠭ᠎ᠠ ᠬᠠᠷᠢᠯᠴᠠᠭ᠎ᠠ᠎ᠶ᠋ᠢ ᠠᠯᠬᠤᠮ ᠠᠯᠬᠤᠮ᠎ᠢᠶᠠᠷ ᠰᠡᠷᠭᠦᠭᠡᠬᠦ᠌᠎ᠳᠤ ᠨᠡᠩ ᠠᠱᠢᠭ᠍ᠲᠠᠶ ᠨᠥᠬᠦᠴᠡᠯ᠎ᠢ ᠪᠤᠢ ᠪᠣᠯᠭᠠᠵᠤ ᠥᠭ᠌ᠬᠦᠨ᠎ᠡ᠃ ᠬᠦᠴᠦᠲᠡᠶ ᠠᠷᠭ᠎ᠠ ᠬᠡᠮᠵᠢᠶ᠎ᠡ ᠠᠪᠴᠤ᠌ ᠪᠠᠢᠭᠠᠳ ᠤᠯᠠᠨ ᠤᠯᠤᠰ᠎ᠤᠨ ᠬᠤᠭᠤᠷᠣᠨᠳᠣᠬᠢ ᠬᠠᠷᠢᠯᠴᠠᠨ ᠠᠱᠢᠭ᠍ᠲᠠᠶ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠳᠤᠮᠳᠠᠳᠤ ᠤᠯᠤᠰ ᠬᠢᠭᠡᠳ ᠳᠡᠯᠡᠬᠡᠶ᠎ᠶ᠋ᠢᠨ ᠬᠠᠮᠲᠤ᠎ᠶ᠋ᠢᠨ ᠬᠥᠭ᠌ᠵᠢᠯ ᠴᠡᠴᠡᠭ᠌ᠯᠡᠯ᠎ᠳᠤ ᠱᠢᠨ᠎ᠡ ᠬᠤᠪᠢ ᠨᠡᠮᠡᠷᠢ ᠦᠵᠡᠭᠦᠯᠦᠨ᠎ᠡ᠃
    ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠌ ᠪᠠ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠬᠠᠷᠠᠯᠲᠠ᠎ᠶ᠋ᠢ ᠪᠡᠶᠡᠯᠡᠭᠦᠯᠬᠦ᠌᠎ᠳᠤ ᠭᠠᠳᠠᠭᠠᠳᠤ ᠶᠠᠪᠤᠳᠠᠯ᠎ᠤᠨ ᠶᠠᠮᠤᠨ ᠪᠠᠰᠠ ᠪᠣᠳᠠᠲᠠᠢ ᠡᠭᠦᠷᠭᠡ ᠡᠭᠦᠷᠭᠡᠯᠡᠵᠦ᠍ ᠪᠠᠢᠳᠠᠭ᠃ 28 ᠵᠢᠯ᠎ᠤᠨ ᠲᠤᠷᠰᠢ᠂ ᠭᠠᠳᠠᠭᠠᠳᠤ ᠶᠠᠪᠤᠳᠠᠯ᠎ᠤᠨ ᠶᠠᠮᠤᠨ ᠤᠯᠤᠰ᠎ᠤᠨ ᠲᠡᠰ᠎ᠤᠨ ᠶᠠᠳᠠᠭᠤ ᠬᠦᠴᠢᠷᠳᠡᠯᠲᠡᠢ ᠱᠢᠶᠠᠨ ᠪᠤᠯᠬᠤ ᠶᠦᠨᠨᠠᠨ ᠮᠤᠵᠢ᠎ᠶ᠋ᠢᠨ ᠵᠢᠨᠫᠢᠩ᠂ ᠮᠠ ᠯᠢ ᠫᠦᠸᠧ᠎ᠳᠤ ᠴᠡᠭ ᠲᠣᠭ᠍ᠲᠠᠭᠠᠨ ᠶᠠᠳᠠᠭᠤ᠎ᠶ᠋ᠢ ᠲᠡᠳᠬᠦᠬᠦ᠌᠎ᠶ᠋ᠢ ᠪᠠᠷᠢᠮᠲᠠᠯᠠᠵᠤ᠂ ᠲᠦᠷᠦᠭᠦᠬᠡᠨ ᠡᠨᠡ ᠬᠤᠶᠠᠷ ᠱᠢᠶᠠᠨ ᠨᠢᠭᠡᠨᠲᠡ ᠵᠢᠩᠬᠢᠨᠢ᠎ᠪᠠᠷ ᠶᠠᠳᠠᠭᠤ᠎ᠠᠴᠠ᠎ᠪᠠᠨ ᠠᠩᠭᠢᠵᠢᠷᠠᠪᠠ᠃ ᠪᠢᠳᠡ ᠥᠩᠭᠡᠷᠡᠭ᠌ᠰᠡᠨ᠎ᠲᠠᠢ᠎ᠪᠠᠨ ᠠᠳᠠᠯᠢ᠎ᠪᠠᠷ ᠬᠠᠪᠰᠤᠷᠤᠨ ᠲᠡᠳᠬᠦᠬᠦ᠌ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠵᠦ᠍᠂ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠬᠦ᠌᠎ᠶ᠋ᠢᠨ ᠬᠠᠮᠲᠤ ᠳᠤᠮᠳᠠᠳᠤ ᠤᠯᠤᠰ᠎ᠤᠨ ᠶᠠᠳᠠᠭᠤ᠎ᠶ᠋ᠢ ᠲᠡᠳᠬᠦᠵᠦ᠍ ᠨᠡᠭᠡᠭᠡᠨ ᠬᠥᠭ᠌ᠵᠢᠭᠦᠯᠦᠭ᠌ᠰᠡᠨ ᠦᠯᠢᠭᠡᠷ᠎ᠢ ᠳᠡᠯᠡᠬᠡᠶ ᠳ᠋ᠠᠬᠢᠨ᠎ᠳᠤ ᠦᠷᠭᠦᠯᠵᠢᠯᠡᠨ ᠰᠠᠢᠲᠤᠷ ᠶᠠᠷᠢᠵᠤ᠂ ᠣᠯᠠᠨ ᠤᠯᠤᠰ᠎ᠤᠨ ᠶᠠᠳᠠᠭᠤ᠎ᠶ᠋ᠢ ᠪᠠᠭᠠᠰᠭᠠᠬᠤ ᠰᠣᠯᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠬᠦ᠌᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ ᠳᠡᠭᠡᠷ᠎ᠠ ᠨᠡᠩ ᠶᠡᠭᠡ᠎ᠪᠠᠷ ᠤᠯᠠᠨ ᠤᠯᠤᠰ᠎ᠤᠨ ᠣᠢᠯᠠᠭᠠᠯᠴᠠᠭ᠎ᠠ ᠳᠡᠮᠵᠢᠯᠭᠡ᠎ᠶ᠋ᠢ ᠣᠯᠵᠤ᠂ ᠪᠦᠬᠦ᠌ ᠪᠥᠮᠪᠥᠷᠴᠡᠭ᠎ᠤᠨ 2030 ᠣᠨ᠎ᠤ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠥᠪᠯᠡᠬᠦ᠌ ᠵᠦᠢᠯ᠎ᠢ ᠪᠡᠶᠡᠯᠡᠭᠦᠯᠬᠦ᠌᠎ᠳᠤ ᠳᠤᠮᠳᠠᠳᠤ ᠤᠯᠤᠰ᠎ᠤᠨ ᠬᠤᠪᠢ ᠨᠡᠮᠡᠷᠢ᠎ᠶ᠋ᠢ ᠦᠵᠡᠭᠦᠯᠦᠨ᠎ᠡ᠃
    ᠠᠮᠧᠷᠢᠺᠠ᠎ᠶ᠋ᠢᠨ ᠤᠲᠠᠰᠤᠲᠤ ᠲᠧᠯᠸᠢᠰ᠎ᠤᠨ ᠰᠣᠨᠢᠨ ᠮᠡᠳᠡᠭᠡᠨ᠎ᠤ ᠰᠦᠯᠵᠢᠶᠡᠨ᠎ᠤ ᠰᠤᠷᠪᠤᠯᠵᠢᠯᠠᠭ᠍ᠴᠢ᠄ ᠳᠤᠮᠳᠠᠳᠤ ᠠᠮᠧᠷᠢᠺᠠ ᠬᠤᠶᠠᠷ ᠲᠠᠯ᠎ᠠ᠎ᠶ᠋ᠢᠨ᠎ᠬᠢᠨ᠎ᠤ 《ᠬᠡᠯᠡᠨ ᠪᠠᠢᠯᠳᠤᠭᠠᠨ》 ᠤᠯᠠᠮ ᠱᠢᠷᠦᠭᠦᠰᠪᠡ᠂ 《ᠪᠠᠢᠯᠳᠤᠭᠠᠨᠲᠦ ᠴᠢᠨ᠋ᠸ᠎ᠠ᠎ᠶ᠋ᠢᠨ ᠭᠠᠳᠠᠭᠠᠳᠤ ᠬᠠᠷᠢᠯᠴᠠᠭ᠎ᠠ》 ᠭᠡᠳᠡᠭ᠎ᠨᠢ ᠳᠤᠮᠳᠠᠳᠤ ᠤᠯᠤᠰ᠎ᠤᠨ ᠭᠠᠳᠠᠭᠠᠳᠤ ᠬᠠᠷᠢᠯᠴᠠᠭᠠᠨ᠎ᠤ ᠢᠷᠡᠭᠡᠳᠦᠶ ᠮᠥᠨ ᠤᠤ?
    ᠸᠠᠩ ᠢ᠄ ᠪᠢ ᠲᠠᠨ᠎ᠤ ᠠᠰᠠᠭᠤᠯᠲᠠ ᠳᠤᠷᠠᠳᠭᠤ ᠡᠷᠬᠡ᠎ᠶ᠋ᠢ ᠬᠦᠨᠳᠦᠳᠭᠡᠨ᠎ᠡ᠂ ᠭᠡᠪᠡᠴᠦ᠍ ᠲᠠᠨ᠎ᠤ ᠠᠰᠠᠭᠤᠯᠲᠠ ᠳᠤᠷᠠᠳᠭᠤ ᠬᠠᠷᠠᠭᠠᠰᠤ᠎ᠶ᠋ᠢ ᠵᠥᠪᠳᠡᠬᠦ᠌ ᠴᠢᠬᠤᠯᠠᠲᠠᠢ ᠪᠠᠢᠨ᠎ᠠ᠃ ᠶᠠᠮᠠᠷ ᠴᠤ᠌ ᠶᠠᠪᠤᠳᠠᠯ᠎ᠳᠤ ᠴᠥᠮ ᠵᠥᠪ ᠪᠤᠷᠤᠭᠤ᠎ᠶ᠋ᠢᠨ ᠮᠠᠭᠠᠳᠯᠠᠯ ᠪᠠᠢᠬᠤ ᠬᠡᠷᠡᠭ᠌ᠲᠡᠶ᠂ ᠬᠥᠮᠦᠨ ᠵᠦᠪ ᠪᠤᠷᠤᠭᠤ᠎ᠶ᠋ᠢ ᠢᠯᠭᠠᠬᠤ ᠦᠭᠡᠢ ᠪᠤᠯ ᠢᠲᠡᠭᠡᠯ ᠬᠦᠨᠳᠦ᠎ᠲᠠᠢ ᠪᠤᠯᠬᠤ᠎ᠳᠤ ᠬᠦᠴᠢᠷ ᠪᠠᠢᠳᠠᠭ; ᠤᠯᠤᠰ ᠣᠷᠣᠨ ᠵᠥᠪ ᠪᠤᠷᠤᠭᠤ᠎ᠶ᠋ᠢ ᠢᠯᠭᠠᠬᠤ ᠦᠭᠡᠢ ᠪᠣᠯ ᠳᠡᠯᠡᠬᠡᠢ ᠨᠡᠢᠭᠡᠮ᠎ᠳᠤ ᠲᠣᠭ᠍ᠲᠠᠨᠢᠬᠤ᠎ᠳᠤ ᠬᠦᠴᠢᠷ ᠪᠠᠢᠳᠠᠭ᠃
    ᠳᠤᠮᠳᠠᠳᠤ ᠤᠯᠤᠰ᠎ᠤᠨ ᠭᠠᠳᠠᠭᠠᠳᠤ ᠬᠠᠷᠢᠯᠴᠠᠭᠠᠨ᠎ᠤ ᠲᠤᠬᠠᠶ᠂ ᠭᠠᠳᠠᠭᠠᠳᠤ᠎ᠳᠤ ᠶᠠᠩᠵᠤ ᠪᠦᠷᠢ᠎ᠶ᠋ᠢᠨ ᠲᠠᠢᠯᠪᠤᠷᠢᠯᠠᠯᠲᠠ ᠪᠠ ᠱᠢᠭᠦᠮᠵᠢ ᠪᠠᠢᠳᠠᠭ᠂ ᠭᠡᠪᠡᠴᠦ᠍ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠪᠤᠯᠤᠭ᠍ᠰᠠᠨ᠎ᠤ ᠬᠤᠪᠢ᠎ᠳᠤ ᠳᠤᠮᠳᠠᠳᠤ ᠤᠯᠤᠰ ᠢᠮᠠᠭ᠍ᠲᠠ ᠪᠡᠶ᠎ᠡ᠎ᠪᠠᠨ ᠳᠠᠭᠠᠭᠠᠵᠤ ᠡᠵᠡᠨ ᠮᠡᠳᠡᠬᠦ᠌ ᠨᠠᠢᠷᠠᠮᠳᠠᠯ᠎ᠤᠨ ᠭᠠᠳᠠᠭᠠᠳᠤ ᠬᠠᠷᠢᠯᠴᠠᠭᠠᠨ᠎ᠤ ᠲᠦᠷᠦ᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠦᠭ᠌ᠰᠡᠭᠡᠷ ᠢᠷᠡᠭ᠌ᠰᠡᠨ᠎ᠢ ᠪᠢ ᠲᠦᠪ ᠶᠤᠰᠤ᠎ᠪᠠᠷ᠂ ᠬᠠᠷᠢᠭᠤᠴᠠᠯᠭ᠎ᠠ᠎ᠲᠠᠢ᠎ᠪᠠᠷ ᠲᠠᠨ᠎ᠳᠤ ᠬᠡᠯᠡᠵᠦ᠍ ᠥᠭ᠌ᠭᠦᠶ᠎ᠡ᠃ ᠳᠡᠯᠡᠬᠡᠶ᠎ᠶ᠋ᠢᠨ ᠪᠠᠢᠳᠠᠯ ᠶᠠᠭᠠᠬᠢᠵᠤ ᠬᠤᠪᠢᠷᠠᠭ᠍ᠰᠠᠨ ᠴᠤ᠌᠂ ᠪᠢᠳᠡ ᠴᠥᠮ ᠡᠩᠬᠡ ᠲᠠᠢᠪᠤᠩ᠂ ᠬᠥᠭ᠌ᠵᠢᠯᠲᠡ᠂ ᠬᠠᠮᠲᠤᠷᠠᠯᠴᠠᠭ᠎ᠠ᠂ ᠬᠠᠮᠲᠤ᠎ᠪᠠᠷ ᠠᠱᠢᠭ ᠬᠦᠷᠲᠡᠬᠦ᠌ ᠲᠤᠭ᠎ᠢ ᠥᠨᠳᠥᠷ ᠮᠠᠨᠳᠤᠭᠤᠯᠵᠤ᠂ ᠳᠡᠯᠡᠬᠡᠶ᠎ᠶ᠋ᠢᠨ ᠡᠩᠬᠡ ᠲᠠᠢᠪᠤᠩ᠎ᠢ ᠬᠠᠮᠠᠭᠠᠯᠠᠬᠤ᠂ ᠬᠠᠮᠲᠤ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠵᠣᠷᠢᠯᠲᠠ᠎ᠪᠠᠨ ᠪᠠᠲᠤ ᠰᠠᠬᠢᠵᠤ᠂ ᠡᠯ᠎ᠡ ᠤᠯᠤᠰ᠎ᠲᠠᠢ ᠨᠥᠬᠦᠷᠰᠡᠭ᠎ᠢᠶᠠᠷ ᠬᠠᠮᠲᠤᠷᠠᠨ ᠠᠵᠢᠯᠯᠠᠵᠤ᠂ ᠬᠥᠮᠦᠨ ᠲᠥᠷᠥᠯᠬᠢᠲᠡᠨ᠎ᠳᠤ ᠨᠡᠩ ᠶᠡᠭᠡ ᠱᠢᠨ᠎ᠡ ᠬᠤᠪᠢ ᠨᠡᠮᠡᠷᠢ ᠦᠵᠡᠭᠦᠯᠬᠦ᠌ ᠪᠤᠯ ᠮᠠᠨ᠎ᠤ ᠡᠭᠦᠷᠭᠡ ᠬᠠᠷᠢᠭᠤᠴᠠᠯᠭ᠎ᠠ ᠪᠤᠯᠤᠨ᠎ᠠ᠃
    ᠳᠤᠮᠳᠠᠳᠤ ᠤᠯᠤᠰ᠎ᠤᠨ ᠭᠠᠳᠠᠭᠠᠳᠤ ᠬᠠᠷᠢᠯᠴᠠᠭᠠᠨ᠎ᠤ ᠲᠦᠷᠦ᠎ᠶ᠋ᠢᠨ ᠪᠤᠳᠤᠯᠭ᠎ᠠ ᠪᠣᠯ ᠲᠠᠪᠤᠨ ᠮᠢᠩᠭᠠᠨ ᠵᠢᠯ᠎ᠤᠨ ᠱᠢᠯᠢᠳᠡᠭ ᠪᠣᠯᠪᠠᠰᠤᠨ᠎ᠤ ᠤᠯᠠᠮᠵᠢᠯᠠᠯ ᠳᠡᠭᠡᠷ᠎ᠡ ᠪᠠᠢᠭᠤᠯᠤᠭ᠍ᠳᠠᠭ᠍ᠰᠠᠨ ᠶᠤᠮ᠃ ᠳᠤᠮᠳᠠᠳᠤ ᠤᠯᠤᠰ ᠪᠣᠯ ᠡᠷᠲᠡᠨ᠎ᠠᠴᠠ ᠠᠪᠤᠭᠠᠳ ᠨᠡᠢᠲᠡ᠎ᠳᠤ ᠮᠡᠳᠡᠷᠡᠭ᠌ᠳᠡᠭ᠌ᠰᠡᠨ ᠶᠣᠰᠣ ᠵᠢᠷᠤᠮ᠎ᠢ ᠡᠷᠬᠢᠮᠯᠡᠳᠡᠭ ᠤᠯᠤᠰ ᠮᠥᠨ᠂ ᠲᠤᠮᠳᠠᠳᠤᠴᠤᠳ ᠡᠩᠭᠡ ᠲᠠᠢᠪᠤᠩ᠂ ᠡᠶ᠎ᠡ ᠵᠣᠬᠢᠴᠠᠯ᠎ᠢ ᠡᠷᠬᠢᠮᠯᠡᠨ᠂ ᠪᠤᠰᠤᠳ᠎ᠲᠤ ᠦᠨᠡᠨᠴᠢ᠎ᠪᠠᠷ ᠬᠠᠨᠳᠤᠵᠤ᠂ ᠢᠲᠡᠭᠡᠯ᠎ᠢᠶᠠᠷ ᠦᠨᠳᠦᠰᠦ ᠪᠣᠯᠭᠠᠳᠠᠭ᠃ ᠪᠢᠳᠠ ᠶᠡᠷᠦ᠎ᠨᠢ ᠰᠠᠨᠠᠭᠠᠴᠢᠯᠠᠭ᠎ᠠ᠎ᠲᠠᠢ᠎ᠪᠠᠷ ᠪᠤᠰᠤᠳ᠎ᠢ ᠳᠠᠷᠤᠯᠠᠬᠤ ᠤᠢ᠍ᠭᠡᠢ ᠶᠤᠮ᠂ ᠭᠡᠪᠡᠴᠤ᠌ ᠡᠬᠦᠨ᠎ᠤ ᠬᠠᠮᠲᠦ ᠪᠠᠰᠠ ᠳᠤᠮᠳᠠᠳᠤ ᠤᠯᠤᠰ᠎ᠤᠨ ᠬᠥᠮᠦᠨ ᠪᠣᠯ ᠵᠠᠷᠴᠢᠮ᠎ᠲᠠᠢ᠂ ᠰᠥᠰᠥ᠍ ᠵᠣᠷᠢᠭ᠎ᠲᠠᠢ ᠪᠠᠢᠳᠠᠭ᠃ ᠵᠣᠷᠢᠭᠤᠳᠠ ᠬᠦᠮᠦᠨ᠎ᠢ ᠬᠦᠨᠦᠭᠡᠬᠦ᠌ ᠠᠵᠢᠯᠯᠠᠭ᠎ᠠ᠎ᠳᠤ᠂ ᠪᠢᠳᠡ ᠯᠠᠪᠲᠠᠶ ᠬᠦᠴᠦᠲᠡᠶ ᠬᠠᠷᠢᠭᠤ ᠴᠣᠬᠢᠯᠲᠠ ᠥᠭ᠌ᠴᠦ᠂ ᠤᠯᠤᠰ ᠣᠷᠣᠨ᠎ᠤ ᠢᠷᠠᠭᠤ ᠠᠯᠳᠠᠷ ᠪᠠ ᠦᠨᠳᠦᠰᠦᠲᠡᠨ᠎ᠤ ᠨᠡᠷ᠎ᠡ ᠬᠦᠨᠳᠦ᠎ᠶ᠋ᠢ ᠡᠷᠡᠰ ᠬᠠᠮᠠᠭᠠᠯᠠᠨ᠎ᠠ᠃ ᠤᠴᠢᠷ ᠱᠢᠯᠲᠠᠭᠠᠨ ᠦᠭᠡᠢ᠎ᠪᠠᠷ ᠭᠦᠳᠭᠡᠬᠦ᠌ ᠠᠵᠢᠯᠯᠠᠭ᠎ᠠ᠎ᠳᠤ ᠪᠢᠳᠡ ᠯᠠᠪᠲᠠᠶ ᠪᠣᠳᠠᠲᠤ ᠬᠡᠷᠡᠭ ᠦᠨᠡᠨ ᠪᠠᠢᠳᠠᠯ᠎ᠢ ᠲᠣᠳᠣᠷᠬᠠᠢᠯᠠᠵᠤ ᠪᠠᠢᠭᠠᠳ᠂ ᠲᠥᠪ ᠭᠤᠤᠯᠴᠢ ᠱᠢᠳᠤᠷᠭᠤ ᠶᠣᠰᠣ ᠪᠠ ᠬᠥᠮᠦᠨ ᠲᠥᠷᠥᠯᠬᠢᠲᠡᠨ᠎ᠤ ᠰᠠᠢᠨ ᠰᠠᠨᠠᠭ᠎ᠠ ᠰᠡᠳᠭᠢᠯ᠎ᠢ ᠡᠷᠡᠰ     ᠬᠠᠮᠠᠭᠠᠯᠠᠨ᠎ᠠ᠃
    ᠳᠤᠮᠳᠠᠳᠤ ᠤᠯᠤᠰ᠎ᠤᠨ ᠭᠠᠳᠠᠭᠠᠳᠤ ᠬᠠᠷᠢᠯᠴᠠᠭᠠᠨ᠎ᠤ ᠢᠷᠡᠭᠡᠳᠦᠢ ᠪᠤᠯ ᠡᠯ᠎ᠡ ᠤᠯᠤᠰ᠎ᠲᠠᠢ ᠬᠠᠮᠲᠤ᠎ᠪᠠᠷ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠪᠠᠷ ᠴᠢᠷᠮᠠᠢᠬᠤ᠎ᠳᠤ ᠪᠤᠢ᠃ ᠡᠯ᠎ᠡ ᠤᠯᠤᠰ ᠴᠥᠮ ᠨᠢᠭᠡ ᠯᠡ ᠪᠥᠮᠪᠥᠷᠴᠡᠭ ᠲᠣᠰᠭᠤᠨ᠎ᠳᠤ ᠤᠷᠤᠱᠢᠵᠤ ᠪᠠᠢᠭ᠎ᠠ ᠪᠣᠯᠬᠤᠷ ᠨᠠᠢᠷᠠᠮᠳᠠᠯ᠎ᠢᠶᠠᠷ ᠵᠡᠷᠭᠡᠴᠡᠨ ᠣᠷᠣᠱᠢᠵᠤ᠂ ᠡᠷᠬᠡ ᠲᠡᠭ᠌ᠰᠢ᠎ᠪᠠᠷ ᠬᠠᠷᠢᠯᠴᠠᠨ ᠶᠠᠪᠤᠯᠴᠠᠬᠤ ᠴᠢᠬᠤᠯᠠᠲᠠᠶ; ᠤᠴᠢᠷ ᠪᠠᠢᠪᠠᠯ ᠬᠠᠮᠲᠤ᠎ᠪᠠᠷ ᠵᠥᠪᠳᠡᠯᠴᠡᠬᠦ᠌ ᠬᠡᠷᠡᠭ᠌ᠲᠡᠶ᠂ ᠬᠠᠷᠢᠨ ᠨᠢᠭᠡ ᠬᠤᠶᠠᠷ ᠤᠯᠤᠰ ᠡᠵᠡᠨ ᠮᠡᠳᠡᠵᠦ᠍ ᠪᠣᠯᠬᠤ ᠦᠭᠡᠢ ᠶᠤᠮ᠃ ᠡᠭᠦᠨ᠎ᠤ ᠲᠤᠯᠠᠳᠠ᠂ ᠳᠤᠮᠳᠠᠳᠤ ᠤᠯᠤᠰ ᠶᠡᠷᠦ᠎ᠠᠴᠠ ᠳᠡᠯᠡᠬᠡᠶ ᠶᠢᠷᠲᠢᠨᠴᠦ᠍ ᠤᠯᠠᠨ ᠲᠦᠢᠯᠱᠢᠷᠡᠯ᠎ᠢᠶᠠᠷ ᠵᠠᠮᠨᠠᠵᠤ᠂ ᠤᠯᠠᠨ ᠤᠯᠤᠰ᠎ᠤᠨ ᠬᠠᠷᠢᠯᠴᠠᠭᠠᠨ᠎ᠤ ᠠᠷᠠᠳᠴᠢᠯᠠᠯᠳᠠ᠎ᠶ᠋ᠢ ᠪᠡᠶᠡᠯᠡᠭᠦᠯᠬᠦ᠌᠎ᠶ᠋ᠢ ᠵᠣᠷᠢᠭ᠍ᠰᠠᠭᠠᠷ ᠢᠷᠡᠭ᠌ᠰᠡᠨ ᠶᠤᠮ᠃ ᠡᠨᠡ ᠬᠦ᠌ ᠵᠣᠷᠢᠯᠲᠠ᠎ᠨᠢ ᠬᠥᠮᠦᠨ ᠲᠥᠷᠥᠯᠬᠢᠲᠡᠨ᠎ᠤ ᠪᠣᠯᠪᠠᠰᠤᠨ᠎ᠤ ᠲᠠᠪᠱᠢᠯᠳᠠ᠎ᠶ᠋ᠢᠨ ᠴᠢᠭ᠌ᠯᠡᠯ᠎ᠲᠠᠢ ᠪᠦᠷᠢᠮᠦᠰᠦᠨ ᠨᠢᠭᠡᠳᠦᠯᠲᠡᠶ ᠪᠠᠢᠵᠤ᠂ ᠵᠣᠩᠬᠢᠯᠠᠬᠤ ᠤᠯᠠᠨ ᠲᠤᠭᠠᠨ᠎ᠤ ᠤᠯᠤᠰ᠎ᠤᠨ ᠬᠦᠰᠡᠯ ᠡᠷᠡᠮᠡᠯᠵᠡᠯ᠎ᠲᠠᠢ ᠪᠦᠷᠢᠮᠦᠰᠦᠨ ᠨᠢᠭᠡᠳᠦᠯᠲᠡᠶ ᠶᠤᠮ᠃ ᠳᠤᠮᠳᠠᠳᠤ ᠤᠯᠤᠰ ᠬᠥᠭ᠌ᠵᠢᠭᠡᠳ ᠶᠠᠮᠠᠷ ᠬᠡᠮᠵᠢᠶᠡᠨ᠎ᠳᠤ ᠬᠦᠷᠦᠭ᠌ᠰᠡᠨ ᠴᠦ᠍᠂ ᠪᠢᠳᠡ ᠴᠥᠮ ᠳᠡᠯᠡᠬᠡᠶ ᠳᠡᠭᠡᠷ᠎ᠡ ᠡᠵᠡᠷᠬᠡᠭ᠌ᠴᠢ ᠪᠤᠯᠬᠤ ᠦᠭᠡᠢ᠂ ᠢᠮᠠᠭ᠍ᠲᠠ ᠳᠡᠯᠡᠬᠡᠶ᠎ᠶ᠋ᠢᠨ ᠡᠯ᠎ᠡ ᠤᠯᠤᠰ᠎ᠤᠨ ᠬᠠᠮᠲᠤ᠎ᠶ᠋ᠢᠨ ᠠᠱᠢᠭ ᠲᠤᠰᠠ᠎ᠶ᠋ᠢᠨ ᠲᠠᠯ᠎ᠠ᠎ᠳᠤ ᠵᠣᠭ᠍ᠰᠣᠵᠤ᠂ ᠲᠡᠦᠬᠡ᠎ᠶ᠋ᠢᠨ ᠬᠥᠭ᠌ᠵᠢᠯᠲᠡ᠎ᠶ᠋ᠢᠨ ᠤᠷᠤᠰᠭᠠᠯ᠎ᠤᠨ ᠵᠥᠪ ᠲᠠᠯ᠎ᠠ᠎ᠳᠤ ᠵᠣᠭ᠍ᠰᠣᠨ᠎ᠠ᠃ ᠳᠤᠮᠳᠠᠳᠤ ᠤᠯᠤᠰ᠎ᠲᠤ ᠡᠵᠡᠷᠬᠡᠭ᠌ᠯᠡᠯ᠎ᠤᠨ ᠮᠠᠯᠠᠭᠠᠶ ᠵᠡᠭᠦᠯᠭᠡᠶ᠎ᠡ ᠭᠡᠵᠦ᠍ ᠳᠠᠩᠳᠠ ᠪᠤᠳᠤᠳᠠᠭ ᠲᠡᠳᠡᠭᠡᠷ ᠬᠥᠮᠦᠰ ᠪᠣᠯ ᠶᠠᠭ ᠥᠪᠡᠷ᠎ᠢᠶᠠᠨ ᠡᠵᠡᠷᠬᠡᠭ᠌ᠴᠢ ᠪᠠᠢᠭ᠎ᠠ ᠶᠤᠮ᠃
    ᠣᠳᠣᠬᠠᠨ᠎ᠤ ᠳᠡᠯᠡᠬᠡᠶ ᠶᠢᠷᠲᠢᠨᠴᠦ᠍ ᠶᠠᠭ ᠤᠷᠢᠳ ᠡᠮᠦᠨ᠎ᠡ ᠪᠠᠢᠭ᠎ᠠ ᠦᠭᠡᠢ ᠵᠠᠭᠤᠨ ᠵᠢᠯ᠎ᠤᠨ ᠬᠤᠪᠢᠷᠠᠯᠲᠠ᠎ᠶ᠋ᠢ ᠥᠩᠭᠡᠷᠡᠭᠡᠵᠦ᠍᠂ ᠡᠯ᠎ᠡ ᠵᠦᠶᠯ᠎ᠤᠨ ᠡᠮᠬᠢ ᠵᠠᠮᠪᠠᠷᠠᠭ᠎ᠠ ᠦᠭᠡᠢ ᠪᠠᠢᠳᠠᠯ ᠪᠠ ᠦᠶᠮᠡᠭᠡᠨ ᠳᠡᠪᠵᠢᠶᠡᠨ᠎ᠢᠶᠠᠷ ᠳᠦᠭᠦᠷᠴᠦ᠍ ᠪᠠᠢᠨ᠎ᠠ᠃ ᠤᠯᠠᠮ᠎ᠠᠴᠠ ᠤᠯᠠᠮ ᠣᠯᠠᠨ ᠪᠤᠯᠵᠤ ᠪᠠᠢᠭ᠎ᠠ ᠪᠦᠬᠦ᠌ ᠪᠥᠮᠪᠥᠷᠴᠡᠭ᠎ᠤᠨ ᠴᠢᠨᠠᠷᠲᠠᠶ ᠥᠷᠢᠰᠥᠯᠳᠦᠭᠡᠨ᠎ᠤ ᠡᠮᠦᠨ᠎ᠡ᠂ ᠡᠯ᠎ᠡ ᠤᠯᠤᠰ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢᠶᠠᠷ ᠬᠠᠷᠢᠯᠴᠠᠨ ᠢᠯᠡᠭᠦᠬᠡᠨ ᠬᠠᠪᠰᠤᠷᠤᠯᠴᠠᠵᠦ᠍᠂ ᠲᠤᠳᠠᠭᠤ ᠱᠢᠭ᠋ ᠵᠢᠮᠡᠯᠡᠯᠴᠠᠵᠦ᠍᠂ ᠢᠯᠡᠭᠦᠬᠡᠨ ᠬᠠᠮᠲᠤᠷᠠᠯᠴᠠᠵᠤ᠂ ᠳᠤᠲᠠᠭᠤ ᠱᠢᠭ᠋ ᠡᠰᠡᠷᠭᠦᠴᠡᠯᠳᠦᠨ᠂ ᠤᠯᠠᠨ᠎ᠢᠶᠠᠷ᠎ᠢᠶᠠᠨ ᠦᠨᠡᠨ ᠬᠦ᠌ ᠭᠠᠷ ᠬᠤᠯᠪᠣᠵᠤ᠂ ᠳᠡᠯᠡᠬᠡᠶ ᠳ᠋ᠠᠬᠢᠨ᠎ᠳᠤ ᠨᠡᠩ ᠰᠠᠢᠨ ᠰᠠᠢᠬᠠᠨ ᠢᠷᠡᠭᠡᠳᠦᠶ᠎ᠶ᠋ᠢ ᠬᠠᠮᠲᠤ᠎ᠪᠠᠷ ᠨᠡᠭᠡᠭᠡᠵᠦ᠍ ᠥᠭ᠌ᠬᠦ᠎ᠶ᠋ᠢ ᠪᠢᠳᠡ ᠬᠦᠰᠡᠵᠦ᠍ ᠪᠠᠢᠨ᠎ᠠ᠃
    ᠳᠤᠮᠳᠠᠳᠤ ᠤᠯᠤᠰ᠎ᠤᠨ ᠣᠯᠠᠨ ᠤᠯᠤᠰ᠎ᠤᠨ ᠷᠠᠳᠢᠣ᠋ ᠨᠡᠪᠲᠡᠷᠡᠭᠦᠯᠭᠡ᠎ᠶ᠋ᠢᠨ ᠬᠤᠷᠢᠶᠠᠨ᠎ᠤ ᠰᠤᠷᠪᠤᠯᠵᠢᠯᠠᠭ᠍ᠴᠢ᠄ ᠳᠤᠮᠳᠠᠳᠤ ᠤᠯᠤᠰ᠎ᠤᠨ᠎ᠬᠢᠨ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶ᠋ᠢᠨ ᠦᠶᠯᠡᠳᠦᠯ᠎ᠢ ᠬᠡᠷᠬᠢᠨ ᠦᠨᠡᠯᠡᠬᠦ᠌ ᠪᠣᠶ? ᠶᠠᠮᠠᠷ ᠥᠭᠡᠷᠡᠴᠢᠯᠡᠯᠲᠡ ᠬᠢᠬᠦ᠌ ᠰᠠᠨᠠᠭᠤᠯᠭ᠎ᠠ᠎ᠲᠠᠢ ᠪᠠᠢᠬᠤ ᠪᠣᠶ?
    ᠸᠠᠩ ᠢ᠄ ᠳᠡᠯᠡᠬᠡᠢ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ ᠪᠣᠯ ᠤᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠲᠤᠰᠭᠠᠢ ᠪᠠᠢᠭᠤᠯᠤᠮᠵᠢ ᠪᠣᠯᠤᠨ᠎ᠠ᠂ ᠳᠡᠷᠡ᠎ᠨᠢ ᠪᠦᠬᠦ᠌ ᠳᠡᠯᠡᠬᠡᠢ᠎ᠶ᠋ᠢᠨ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠦᠢᠯᠡᠰ᠎ᠢ ᠵᠣᠬᠢᠴᠠᠭᠤᠯᠬᠤ ᠲᠠᠯ᠎ᠠ᠎ᠪᠠᠷ ᠭᠤᠣᠯᠯᠠᠭ᠍ᠴᠢ ᠦᠢᠯᠡᠳᠦᠯ ᠦᠵᠡᠭᠦᠯᠵᠦ᠍ ᠪᠤᠢ᠃ ᠲᠠᠨᠳᠧᠰᠠᠢ ᠠᠪᠤᠭᠠᠢ ᠪᠣᠯ ᠤᠯᠠᠨ ᠪᠢᠯᠧᠲ᠎ᠢᠶᠠᠷ ᠰᠣᠩᠭᠤᠭ᠍ᠳᠠᠭ᠍ᠰᠠᠨ ᠶᠡᠷᠦᠩᠬᠡᠢ ᠠᠵᠢᠯᠯᠠᠭ᠍ᠴᠢ ᠪᠦᠬᠡᠳ ᠳᠡᠯᠡᠬᠡᠢ ᠨᠡᠢᠭᠡᠮ᠎ᠤᠨ ᠪᠦᠷᠢᠨ ᠢᠲᠡᠭᠡᠯ᠎ᠢ ᠤᠯᠤᠬ᠍ᠰᠠᠨ ᠬᠦᠮᠦᠨ ᠶᠤᠮ᠃ ᠢᠯᠠᠩᠭᠤᠶ᠎ᠠ ᠲᠡᠷᠡ ᠠᠹᠷᠢᠺᠠ ᠲᠢᠪ᠎ᠤᠨ ᠡᠬᠡ ᠬᠠᠭᠤᠷᠠᠢ᠎ᠠᠴᠠ ᠢᠷᠡᠭ᠌ᠰᠡᠨ ᠪᠤᠯᠬᠤᠷ᠂ ᠬᠥᠭ᠌ᠵᠢᠵᠦ᠍ ᠪᠠᠢᠭ᠎ᠠ ᠤᠯᠤᠰ᠎ᠤᠳ᠎ᠤᠨ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠳᠠᠬᠢ ᠪᠠᠢᠷᠢ ᠰᠠᠭᠤᠷᠢ ᠶᠠᠭ ᠲᠠᠰᠤᠷᠠᠯᠲᠠ ᠦᠭᠡᠢ ᠲᠡᠭᠡᠭ᠌ᠰᠢᠯᠡᠵᠤ ᠪᠠᠢᠬᠤ᠎ᠶ᠋ᠢ ᠬᠠᠷᠠᠭᠤᠯᠵᠤ ᠪᠠᠢᠭ᠎ᠠ ᠶᠤᠮ᠃
    ᠰᠠᠶᠢᠬᠠᠨ ᠶᠠᠪᠤᠭ᠍ᠳᠠᠭ᠍ᠰᠠᠨ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠶᠡᠭᠡ ᠬᠤᠷᠠᠯ ᠳᠡᠭᠡᠷ᠎ᠡ᠂ ᠲᠡᠷᠢᠭᠦᠯᠡᠭ᠌ᠴᠢ ᠰᠢ᠎ᠶ᠋ᠢᠨ ᠫᠢᠩ ᠡᠬᠢᠯᠡᠯᠲᠡ᠎ᠶ᠋ᠢᠨ ᠶᠣᠰᠣᠯᠠᠯ᠎ᠳᠤ ᠪᠠᠶᠠᠷ᠎ᠤᠨ ᠦᠭᠡ ᠬᠡᠯᠡᠬᠦ᠌᠎ᠳᠡᠭᠡᠨ ᠳᠡᠯᠡᠬᠡᠢ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶ᠋ᠢᠨ ᠪᠦᠬᠦ᠌ ᠳᠡᠯᠡᠬᠡᠢ᠎ᠶ᠋ᠢᠨ ᠬᠢᠵᠢᠭ᠎ᠲᠠᠢ ᠳᠡᠮᠡᠴᠡᠬᠦ᠌ ᠠᠵᠢᠯ᠎ᠳᠤ ᠦᠵᠡᠭᠦᠯᠦᠭ᠌ᠰᠡᠨ ᠴᠢᠬᠤᠯᠠ ᠬᠤᠪᠢ ᠨᠡᠮᠡᠷᠢ᠎ᠶ᠋ᠢ ᠢᠳᠡᠪᠬᠢᠲᠡᠢ ᠦᠨᠡᠯᠡᠵᠦ᠍᠂ ᠬᠤᠷᠠᠯ᠎ᠳᠤ ᠣᠷᠣᠯᠴᠠᠭ᠍ᠰᠠᠨ ᠡᠯ᠎ᠡ ᠤᠯᠤᠰ ᠴᠤ᠌ ᠳᠡᠯᠡᠬᠡᠢ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶ᠋ᠢ ᠡᠷᠡᠰ ᠳᠡᠮᠵᠢᠵᠦ᠍ ᠪᠠᠢᠬᠤ᠎ᠪᠠᠨ ᠢᠯᠡᠳᠭᠡᠵᠡᠢ᠃ ᠲᠦᠪ ᠭᠤᠤᠯᠴᠢ ᠶᠣᠰᠣ ᠪᠤᠯ ᠬᠥᠮᠦᠨ᠎ᠤ ᠰᠡᠳᠭᠢᠯ᠎ᠳᠤ ᠪᠠᠢᠲᠠᠭ᠂ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶ᠋ᠢᠨ ᠤᠯᠠᠨ ᠤᠯᠤᠰ᠎ᠲᠠᠬᠢ ᠪᠠᠢᠷᠢ ᠰᠠᠭᠤᠷᠢ ᠪᠠ ᠲᠡᠤᠬᠡ᠎ᠶ᠋ᠢᠨ ᠦᠨᠡᠯᠡᠯᠲᠡ᠎ᠨᠢ ᠣᠨᠴᠠ ᠵᠠᠷᠢᠮ ᠤᠯᠤᠰ᠎ᠤᠨ ᠱᠢᠯᠳᠠᠭᠠᠨ᠎ᠠᠴᠠ ᠪᠤᠯᠵᠤ ᠬᠤᠪᠢᠷᠠᠬᠤ ᠦᠭᠡᠢ ᠶᠤᠮ᠃ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ ᠊ᠦᠬᠡᠳᠡ ᠦᠮᠡᠭᠡᠢ ᠤᠰᠤ ᠰᠠᠴᠤᠵᠤ ᠪᠠᠢᠭ᠎ᠠ ᠬᠥᠮᠦᠨ ᠵᠥᠪᠬᠡᠨ ᠥᠪᠡᠷ᠎ᠢ᠎ᠪᠠᠨ ᠯᠠ ᠪᠤᠵᠠᠷᠲᠤᠭᠤᠯᠵᠦ᠍ ᠪᠠᠢᠭ᠎ᠠ ᠶᠠᠪᠤᠳᠠᠯ ᠶᠤᠮ᠃
    ᠬᠢᠵᠢᠭ᠎ᠤᠨ ᠪᠠᠢᠲᠠᠯ ᠡᠭᠦᠰᠦᠭ᠌ᠰᠡᠨ᠎ᠠᠴᠠ ᠨᠠᠭᠠᠰᠢ᠂ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠨᠢ ᠶᠡᠷᠦᠩᠬᠡᠶ ᠠᠵᠢᠯᠯᠠᠭ᠍ᠴᠢ ᠲᠠᠨᠳᠧᠰᠠᠢ᠎ᠶ᠋ᠢᠨ ᠳᠠᠭᠠᠭᠤᠯᠭ᠎ᠠ ᠳᠣᠤᠷ᠎ᠠ᠂ ᠵᠠᠩᠭᠢᠯᠠᠭ᠎ᠠ᠎ᠶ᠋ᠢᠨ ᠴᠠᠭ ᠭᠤᠬ᠍ᠴᠤᠭ᠎ᠠ ᠪᠦᠬᠦᠨ᠎ᠳᠤ ᠴᠥᠮ ᠱᠢᠨᠵᠢᠯᠡᠬᠦ᠌ ᠤᠬᠠᠭᠠᠨᠴᠢ ᠣᠪᠣᠷ᠎ᠢᠶᠠᠷ ᠴᠠᠭ ᠲᠤᠬᠠᠶ᠎ᠳᠤᠨᠢ ᠲᠤᠰᠭᠠᠶ ᠮᠡᠷᠭᠡᠵᠢᠯ᠎ᠤᠨ ᠰᠠᠨᠠᠭᠤᠯᠭ᠎ᠠ ᠳᠤᠷᠠᠳᠴᠤ᠌᠂ ᠭᠦᠶᠴᠡᠳᠭᠡᠪᠡᠰᠦ ᠵᠣᠬᠢᠬᠤ ᠡᠬᠦᠷᠬᠡ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠵᠡᠢ᠃ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶ᠋ᠢᠨ ᠰᠠᠨᠠᠭᠤᠯᠭ᠎ᠠ᠎ᠪᠠᠷ ᠬᠢᠵᠢᠭ᠎ᠲᠠᠢ ᠳᠡᠮᠡᠴᠡᠬᠦ᠌ ᠠᠵᠢᠯ ᠥᠷᠨᠢᠭᠦᠯᠦᠭ᠌ᠰᠡᠨ ᠤᠯᠤᠰ᠎ᠤᠳ᠎ᠤᠨ ᠬᠢᠵᠢᠭ᠎ᠤᠨ ᠪᠠᠢᠳᠠᠯ᠎ᠨᠢ ᠨᠡᠯᠢᠶᠡᠳ ᠪᠦᠲᠦᠮᠵᠢᠲᠡᠶ ᠡᠵᠡᠮᠱᠢᠭ᠌ᠳᠡᠭ᠌ᠰᠡᠨ᠎ᠢ ᠪᠤᠳᠠᠳᠤ ᠶᠠᠪᠤᠳᠠᠯ ᠬᠡᠷᠡᠴᠢᠯᠡᠵᠦ᠍ ᠪᠤᠢ᠃ ᠬᠠᠷᠢᠨ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶ᠋ᠢᠨ ᠰᠠᠨᠠᠭᠤᠯᠭ᠎ᠠ᠎ᠶ᠋ᠢ ᠣᠮᠲᠣᠭᠠᠢᠯᠠᠭ᠍ᠰᠠᠨ ᠪᠠ ᠭᠠᠳᠠᠭᠤᠷᠴᠢᠯᠠᠭ᠍ᠰᠠᠨ ᠤᠯᠤᠰ᠎ᠤᠳ᠎ᠨᠢ ᠡᠭᠦᠨᠴᠠ ᠬᠦᠨᠳᠦ ᠨᠣᠴᠢᠲᠠᠶ ᠦᠨ᠎ᠡ ᠲᠥᠯᠥᠪᠦᠷᠢ ᠭᠠᠷᠭᠠᠵᠠᠢ᠃
    ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ ᠪᠣᠯ 194 ᠡᠷᠬᠡ ᠮᠡᠳᠡᠯᠳᠦ ᠤᠯᠤᠰ᠎ᠤᠳ᠎ᠢᠶᠠᠷ ᠪᠦᠷᠢᠯᠳᠦᠭ᠌ᠰᠡᠨ ᠤᠯᠠᠨ ᠤᠯᠤᠰ᠎ᠤᠨ ᠪᠠᠢᠭᠤᠯᠤᠮᠵᠢ ᠶᠤᠮ᠂ ᠬᠠᠷᠢᠨ ᠶᠠᠮᠠᠷ ᠨᠢᠭᠡᠨ ᠤᠯᠤᠰ᠎ᠲᠤ ᠯᠡ ᠦᠢᠯᠡᠴᠢᠯᠡᠳᠡᠭ ᠪᠠᠢᠭᠤᠯᠤᠮᠵᠢ ᠪᠢᠰᠢ᠂ ᠨᠡᠩ ᠴᠤ᠌ ᠠᠯᠢ ᠨᠢᠭᠡ ᠤᠯᠤᠰ᠎ᠤᠨ ᠭᠠᠷᠭᠠᠭ᠍ᠰᠠᠨ ᠵᠣᠭᠤᠰ᠎ᠨᠢ ᠠᠷᠪᠢᠨ ᠪᠣᠯ ᠲᠡᠷᠡ ᠨᠢᠬᠡ ᠤᠯᠤᠰ᠎ᠤᠨ ᠰᠠᠨᠠᠭ᠎ᠠ ᠵᠣᠷᠢᠭ᠎ᠢ ᠳᠠᠭᠠᠳᠠᠬ ᠪᠠᠢᠭᠤᠯᠤᠮᠵᠢ ᠪᠢᠰᠢ᠃ ᠬᠢᠵᠢᠭ᠎ᠤᠨ ᠪᠠᠢᠲᠠᠯ᠎ᠤᠨ ᠡᠮᠤᠨ᠎ᠠ᠂ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠳᠤ ᠳᠡᠷᠤᠯᠳᠠ ᠦᠵᠡᠬᠦᠯᠵᠦ᠍᠂ ᠴᠢᠨᠠᠬ᠍ᠰᠢᠯᠠᠭᠠᠳ ᠠᠶᠤᠯᠭᠠᠨ ᠰᠦᠷᠳᠡᠬᠦᠯᠬᠦ᠌᠎ᠨᠢ ᠪᠦᠷ ᠬᠠᠮᠤᠭ᠎ᠤᠨ ᠨᠠᠭᠠᠳᠤ ᠵᠠᠬ᠎ᠠ᠎ᠶ᠋ᠢᠨ ᠬᠥᠮᠦᠯᠢᠭ ᠦᠵᠡᠯ᠎ᠤᠨ ᠵᠣᠷᠢᠭ ᠰᠠᠨᠠᠭ᠎ᠠ᠎ᠪᠠᠷ ᠳᠤᠲᠠᠭ᠍ᠳᠠᠵᠤ᠂ ᠳᠡᠯᠡᠬᠡᠶ ᠨᠡᠢᠭᠡᠮ᠎ᠤᠨ ᠬᠦᠷᠢᠶᠡᠯᠡᠯ᠎ᠢ ᠤᠯᠵᠦ᠍ ᠴᠢᠳᠠᠬᠤ ᠦᠭᠡᠢ ᠶᠤᠮ ᠭᠡᠳᠡᠭ᠎ᠢ ᠪᠢ ᠳᠠᠬᠢᠨᠳᠠ ᠴᠢᠬᠤᠯᠠᠴᠢᠯᠠᠶ᠎ᠠ᠃
    ᠠᠮᠢ ᠨᠠᠰᠤ᠎ᠶ᠋ᠢ ᠳᠡᠭᠡᠳᠦᠯᠡᠵᠦ᠍᠂ ᠬᠦᠮᠦᠨ᠎ᠢ ᠠᠪᠤᠷᠠᠬᠤ᠎ᠶ᠋ᠢ ᠲᠡᠷᠢᠭᠦᠨ᠎ᠳᠤ ᠲᠠᠯᠪᠢᠬᠤ ᠭᠡᠷᠡᠭ᠌ᠳᠡᠢ᠃ ᠳᠡᠯᠡᠬᠡᠢ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶ᠋ᠢ ᠳᠡᠮᠵᠢᠵᠦ᠍ ᠪᠠᠢᠭ᠎ᠠ᠎ᠨᠢ ᠬᠦᠮᠦᠨ᠎ᠢ ᠠᠪᠤᠷᠠᠬᠤ᠎ᠶ᠋ᠢ ᠳᠡᠮᠵᠢᠵᠦ᠍ ᠪᠠᠢᠭ᠎ᠠ ᠶᠠᠪᠤᠳᠠᠯ ᠪᠣᠯᠤᠨ᠎ᠠ᠂ ᠡᠨᠡ ᠪᠣᠯ ᠰᠠᠢᠨ ᠰᠠᠨᠠᠭ᠎ᠠ᠎ᠲᠠᠢ ᠤᠯᠤᠰ ᠪᠦᠬᠦᠨ᠎ᠤ ᠬᠢᠪᠡᠰᠦ ᠵᠣᠬᠢᠬᠤ ᠰᠣᠩᠭᠤᠯᠲᠠ ᠪᠣᠯᠤᠨ᠎ᠠ᠃
    ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶ᠋ᠢᠨ ᠥᠭᠡᠷᠡᠴᠢᠯᠡᠯᠳᠡ᠎ᠶ᠋ᠢᠨ ᠠᠰᠠᠭᠤᠳᠠᠯ᠎ᠤᠨ ᠲᠤᠬᠠᠶ ᠭᠡᠪᠡᠯ ᠦᠨᠡᠨ᠎ᠳᠡᠭᠡᠨ ᠤᠳᠠᠭ᠎ᠠ ᠪᠦᠷᠢ᠎ᠶ᠋ᠢᠨ ᠬᠦᠨᠳᠦ ᠶᠡᠭᠡ ᠬᠢᠵᠢᠭ᠎ᠤᠨ ᠪᠠᠢᠲᠠᠯ᠎ᠤᠨ ᠳᠠᠷᠠᠭ᠎ᠠ᠂ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ ᠴᠥᠮ ᠪᠥᠬᠦ᠌ ᠲᠠᠯ᠎ᠠ᠎ᠶ᠋ᠢᠨ ᠳ᠋ᠦᠩᠨᠡᠯᠲᠡ ᠪᠡ ᠦᠨᠡᠯᠡᠯᠲᠡ ᠬᠢᠳᠡᠭ ᠶᠤᠮ᠃ ᠭᠡᠪᠡᠴᠦ᠍ ᠬᠠᠨᠳᠤᠯᠭ᠎ᠠ ᠴᠢᠭ᠌ᠯᠡᠯ᠎ᠨᠢ ᠪᠤᠯ ᠡᠷᠬᠡᠪᠰᠢ ᠦᠷᠭᠦᠯᠵᠢᠯᠡᠨ ᠪᠠᠷᠢᠮᠲᠠᠯᠠᠬᠤ᠎ᠠᠴᠠ ᠪᠢᠰᠢ ᠬᠠᠷᠢᠨ ᠤᠯᠠᠨ ᠲᠠᠯᠠᠲᠤ ᠦᠵᠡᠯ᠎ᠢ ᠲᠠᠶᠠᠭ᠍ᠳᠠᠵᠤ ᠪᠤᠯᠬᠤ ᠦᠬᠡᠢ᠂ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶ᠋ᠢᠨ ᠦᠢᠯᠡᠳᠦᠯ᠎ᠢ ᠳᠡᠮᠵᠢᠬᠦ᠌᠎ᠠᠴᠠ ᠪᠢᠰᠢ ᠬᠠᠷᠢᠨ ᠰᠤᠯᠠᠷᠠᠭᠤᠯᠵᠤ ᠪᠣᠯᠬᠤ ᠦᠭᠡᠢ ᠶᠤᠮ᠃ 73 ᠳ᠋ᠤᠭᠠᠷ ᠬᠤᠭᠤᠴᠠᠭᠠᠨ᠎ᠤ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠶᠡᠭᠡ ᠬᠤᠷᠠᠯ᠎ᠤᠨ ᠱᠢᠶᠳᠪᠦᠷᠢ᠎ᠳᠤ ᠨᠢᠬᠡᠨᠳᠡ ᠡᠭᠦᠨ᠎ᠤ ᠲᠤᠬᠠᠶ ᠲᠣᠳᠣᠷᠬᠠᠶ ᠲᠣᠳᠣᠷᠬᠠᠢᠯᠠᠯᠲᠠ ᠬᠢᠵᠡᠶ᠃ ᠪᠢᠳᠡᠨ᠎ᠤ ᠦᠵᠡᠬᠦ᠌᠎ᠪᠠᠷ ᠭᠤᠣᠯᠳᠠᠯᠭ᠎ᠠ᠎ᠶ᠋ᠢ ᠭᠤᠷᠪᠠᠨ ᠲᠠᠯ᠎ᠠ᠎ᠠᠴᠠ ᠭᠠᠷᠳᠠᠨ ᠬᠢᠵᠦ᠍ ᠪᠣᠯᠤᠨ᠎ᠠ᠄ ᠨᠢᠭᠡ᠎ᠳᠤ᠂ ᠳᠦᠷᠢᠮ ᠳᠤᠬ᠍ᠳᠠᠭᠠᠯ᠎ᠤᠨ ᠲᠠᠯ᠎ᠠ᠎ᠠᠴᠠ ᠤᠯᠤᠰ ᠲᠥᠷᠥ᠎ᠶ᠋ᠢᠨ ᠬᠦᠴᠦᠨ ᠵᠦᠢᠯ᠎ᠤᠨ ᠬᠠᠷᠱᠢᠯᠠᠯ᠎ᠢ ᠨᠠᠩ ᠰᠠᠢᠳᠤᠷ ᠠᠷᠢᠯᠭᠠᠵᠤ᠂ ᠱᠢᠨᠵᠢᠯᠡᠬᠦ᠌ ᠤᠬᠠᠭᠠᠨ ᠪᠤᠯᠤᠨ ᠲᠤᠰᠭᠠᠶ ᠮᠡᠷᠭᠡᠵᠢᠯ᠎ᠤᠨ ᠰᠠᠨᠠᠯ᠎ᠢ ᠬᠦᠨᠳᠦᠳᠭᠡᠵᠦ᠍᠂ ᠤᠯᠤᠰ ᠲᠦᠷᠦᠴᠢᠯᠡᠭᠦ᠌ ᠪᠠ ᠮᠠᠭᠤ ᠨᠡᠷ᠎ᠠ ᠮᠤᠨᠳᠠᠭ ᠴᠤᠯᠠ ᠬᠠᠯᠳᠠᠭᠠᠬᠤ ᠠᠷᠭ᠎ᠠ ᠬᠢᠳᠡᠯ᠎ᠢ ᠲᠠᠶᠠᠭ᠍ᠳᠠᠬᠤ ᠬᠡᠷᠡᠭ᠌ᠲᠡᠶ᠃ ᠬᠤᠶᠠᠷ᠎ᠲᠤ᠌᠂ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠳᠤ ᠨᠡᠩ ᠪᠦᠷᠢᠨ ᠭᠦᠶᠴᠡᠳ ᠡᠬᠢ ᠪᠠᠶᠠᠯᠢᠭ ᠣᠯᠭᠤᠵᠤ᠂ ᠲᠡᠭᠦᠨ᠎ᠤ ᠪᠦᠬᠦ᠌ ᠳᠡᠯᠡᠬᠡᠢ᠎ᠶ᠋ᠢᠨ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠢᠮᠤᠷᠠᠯ᠎ᠢ ᠠᠷᠭᠠᠴᠠᠭᠠᠬᠤ ᠴᠢᠳᠠᠪᠤᠷᠢ᠎ᠶ᠋ᠢ᠎ᠨᠢ ᠳᠡᠭᠡᠭ᠌ᠰᠢᠯᠡᠭᠦᠯᠦᠨ᠎ᠡ᠃ ᠭᠤᠷᠪᠠ᠎ᠳᠤ᠂ ᠬᠥᠮᠦᠨ ᠲᠥᠷᠥᠯᠬᠢᠲᠡᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠷᠢᠮᠲᠠᠯᠠᠵᠤ᠂ ᠬᠥᠭ᠌ᠵᠢᠵᠦ᠍ ᠪᠠᠢᠭ᠎ᠠ ᠤᠯᠤᠰ᠎ᠤᠳ᠎ᠤᠨ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠦᠢᠯᠡᠰ᠎ᠲᠤ ᠦᠵᠡᠭᠦᠯᠬᠦ᠌ ᠳᠡᠮᠵᠢᠯᠭᠡ ᠪᠠ ᠪᠡᠯᠡ ᠣᠷᠣᠭᠤᠯᠤᠯᠲᠠ᠎ᠶ᠋ᠢ ᠴᠢᠩᠭᠠᠳᠭᠠᠨ᠎ᠡ᠃
    ᠺᠠᠽᠠᠬ᠍ᠰᠲ᠋ᠠᠨ᠎ᠤ ᠴᠢᠮᠡᠭᠡᠯᠡᠯ᠎ᠤᠨ ᠬᠤᠷᠢᠶᠠᠨ᠎ᠤ ᠰᠤᠷᠪᠤᠯᠵᠢᠯᠠᠭ᠍ᠴᠢ᠄ ᠳᠤᠮᠳᠠᠳᠤ ᠤᠯᠤᠰ ᠬᠢᠵᠢᠭ᠎ᠤᠨ ᠪᠠᠢᠳᠠᠯ᠎ᠳᠤ ᠨᠥᠯᠥᠭᠡᠯᠡᠭ᠌ᠳᠡᠭ᠌ᠰᠡᠨ 《ᠨᠢᠭᠡ ᠪᠦᠰᠡ ᠨᠢᠭᠡ ᠵᠠᠮ》 ᠎ᠤᠨ ᠬᠠᠮᠲᠤᠷᠠᠯᠴᠠᠭ᠎ᠠ᠎ᠶ᠋ᠢ ᠬᠡᠷᠬᠢᠨ ᠰᠡᠷᠭᠦᠭᠡᠬᠦ᠌ ᠪᠤᠢ?
    ᠸᠠᠩ ᠢ᠄ ᠬᠢᠵᠢᠭ᠎ᠤᠨ ᠪᠠᠢᠳᠠᠯ᠎ᠨᠢ 《ᠨᠢᠭᠡ ᠪᠦᠰᠡ ᠨᠢᠭᠡ ᠵᠠᠮ》 ᠎ᠤᠨ ᠬᠠᠮᠲᠤᠷᠠᠯᠴᠠᠭ᠎ᠠ᠎ᠳᠤ ᠦᠨᠡᠨ ᠬᠦ᠌ ᠡᠳᠦᠶ ᠲᠡᠳᠦᠶ ᠨᠥᠯᠥᠭᠡ ᠦᠵᠡᠭᠦᠯᠵᠡᠶ᠂ ᠭᠡᠪᠡᠴᠦ᠍ ᠪᠦᠷ ᠲᠦᠷ ᠴᠠᠭ᠎ᠤᠨ ᠪᠥᠭᠡᠳ ᠬᠡᠰᠡᠭ ᠲᠠᠯ᠎ᠠ᠎ᠶ᠋ᠢᠨ᠎ᠬᠢ ᠶᠤᠮ᠃ ᠪᠦᠬᠦᠯᠢ ᠴᠣᠭ᠍ᠴᠠ᠎ᠶ᠋ᠢᠨ ᠪᠠ ᠠᠯᠤᠰ ᠬᠡᠲᠦ᠎ᠶ᠋ᠢᠨ ᠪᠠᠢᠳᠠᠯ᠎ᠠᠴᠠ ᠦᠵᠡᠪᠡᠯ᠂ ᠬᠢᠵᠢᠭ᠎ᠤᠨ ᠪᠠᠢᠳᠠᠯ᠎ᠤᠨ ᠱᠢᠯᠭᠠᠯᠲᠠ᠎ᠪᠠᠷ ᠳᠠᠮᠵᠢᠭᠠᠳ᠂ 《ᠨᠢᠭᠡ ᠪᠦᠰᠡ ᠨᠢᠭᠡ ᠵᠠᠮ》 ᠎ᠢ ᠬᠠᠮᠲᠤ᠎ᠪᠠᠷ ᠪᠦᠲᠦᠭᠡᠨ ᠪᠠᠢᠭᠤᠯᠬᠤ ᠰᠠᠭᠤᠷᠢ ᠨᠠᠩ ᠪᠠᠲᠤᠵᠢᠵᠦ᠍᠂ ᠬᠥᠳᠡᠯᠭᠡᠬᠦ᠌ ᠬᠦᠴᠦᠨ ᠨᠠᠩ ᠲᠡᠭᠦᠯᠳᠡᠷᠵᠢᠵᠦ᠍᠂ ᠢᠷᠡᠭᠡᠳᠦᠶ ᠨᠠᠩ ᠰᠠᠷᠠᠭᠤᠯ ᠠᠭᠤᠳᠠᠮ ᠪᠣᠯᠬᠤ ᠶᠤᠮ᠃
    《ᠨᠢᠭᠡ ᠪᠦᠰᠡ ᠨᠢᠭᠡ ᠵᠠᠮ》 ᠎ᠤᠨ ᠰᠠᠭᠤᠷᠢ ᠪᠤᠯ ᠡᠯ᠎ᠡ ᠤᠯᠤᠰ᠎ᠤᠨ ᠠᠷᠠᠳ ᠲᠦᠮᠡᠨ᠎ᠳᠤ ᠤᠯᠭᠤᠬᠤ ᠳᠤᠰ ᠪᠠᠶ᠎ᠠ᠎ᠶ᠋ᠢᠨ ᠠᠱᠢᠭ ᠲᠤᠰᠠ᠎ᠠᠴᠠ ᠢᠷᠡᠯᠳᠡ᠎ᠲᠠᠢ ᠶᠤᠮ᠃ ᠬᠠᠮᠲᠤᠷᠠᠯᠴᠠᠭ᠎ᠠ ᠡᠬᠢᠯᠡᠭ᠌ᠰᠡᠨ᠎ᠠᠴᠠ ᠨᠠᠭᠠᠱᠢᠬᠢ 7 ᠵᠢᠯ᠎ᠤᠨ ᠲᠤᠷᠰᠢ᠂ ᠳᠤᠮᠳᠠᠳᠤ ᠤᠯᠤᠰ 138 ᠤᠯᠤᠰ᠎ᠯᠤᠭ᠎ᠠ 《ᠨᠢᠭᠡ ᠪᠦᠰᠡ ᠨᠢᠭᠡ ᠵᠠᠮ》 ᠎ᠤᠨ ᠬᠠᠮᠲᠤᠷᠠᠯᠴᠠᠭᠠᠨ᠎ᠤ ᠪᠢᠴᠢᠭ ᠮᠠᠲ᠋ᠧᠷᠢᠶᠠᠯ ᠳᠤᠬᠢᠷᠠᠯᠴᠠᠵᠦ᠍᠂ ᠬᠠᠮᠲᠤ᠎ᠪᠠᠷ 2000 ᠭᠠᠷᠤᠶ ᠲᠥᠷᠥᠯ ᠵᠦᠶᠯ᠎ᠢ ᠥᠷᠨᠢᠭᠦᠯᠵᠦ᠍᠂ ᠲᠦᠭ ᠲᠦᠮᠡᠨ ᠬᠥᠮᠦᠨ᠎ᠳᠤ ᠠᠵᠢᠯ ᠤᠯᠭᠤᠵᠠᠢ᠃ ᠲᠣᠰ ᠤᠳᠠᠭᠠᠨ᠎ᠤ ᠬᠢᠵᠢᠭ᠎ᠤᠨ ᠪᠠᠢᠳᠠᠯ᠎ᠤᠨ ᠬᠤᠭᠤᠴᠠᠭᠠᠨ᠎ᠳᠤ᠂ 《ᠨᠢᠭᠡ ᠪᠦᠰᠡ ᠨᠢᠭᠡ ᠵᠠᠮ》 ᠎ᠤᠨ ᠮᠠᠰᠢ ᠣᠯᠠᠨ ᠰᠠᠭᠤᠷᠢ ᠲᠥᠬᠦᠭᠡᠷᠦᠮᠵᠢ ᠪᠠ ᠠᠷᠠᠳ᠎ᠤᠨ ᠠᠮᠢᠳᠤᠷᠠᠯ᠎ᠤᠨ ᠲᠥᠷᠥᠯ ᠵᠦᠶᠯ᠎ᠤᠳ ᠴᠥᠮ ᠬᠢᠵᠢᠭ᠎ᠲᠠᠢ ᠳᠡᠮᠡᠴᠡᠬᠦ᠌ ᠠᠵᠢᠯ᠎ᠳᠤ ᠴᠢᠬᠤᠯᠠ ᠦᠶᠯᠡᠳᠦᠯ ᠦᠵᠡᠭᠦᠯᠵᠡᠢ᠃ ᠵᠢᠱ᠌ᠢᠶᠡᠯᠡᠪᠡᠯ ᠳᠤᠮᠳᠠᠳᠤ ᠫᠠᠺᠢᠰᠲ᠋ᠠᠨ᠎ᠤ ᠠᠵᠤ ᠠᠬᠤᠢ᠎ᠶ᠋ᠢᠨ ᠬᠤᠩᠭᠢᠯ᠎ᠤᠨ ᠡᠨᠧᠷᠭᠢ᠎ᠶ᠋ᠢᠨ ᠲᠦᠷᠥᠯ ᠵᠦᠢᠯ᠎ᠨᠢ ᠠᠵᠢᠯᠯᠠᠬᠤ᠎ᠪᠠᠨ ᠪᠠᠷᠢᠮᠳᠠᠯᠠᠭᠠᠳ᠂ ᠫᠠᠺᠢᠰᠲ᠋ᠠᠨ᠎ᠳᠤ ᠭᠤᠷᠪᠠᠨ᠎ᠤ ᠨᠢᠭᠡ ᠬᠤᠪᠢ᠎ᠶ᠋ᠢᠨ ᠴᠠᠬᠢᠯᠭᠠᠨ ᠬᠦᠴᠦᠨ᠎ᠢ ᠬᠠᠩᠭᠠᠵᠠᠢ᠃ ᠲᠤᠰ ᠭᠠᠵᠠᠷ ᠣᠷᠣᠨ᠎ᠤ ᠠᠭᠠᠷ᠎ᠤᠨ ᠠᠶᠠᠯᠠᠯ ᠶᠡᠭᠡ ᠬᠡᠪᠴᠢᠶ᠎ᠡ᠎ᠪᠠᠷ ᠳᠠᠰᠤᠷᠠᠵᠦ᠍ ᠵᠣᠭ᠍ᠰᠣᠬ᠍ᠰᠠᠨ ᠪᠠᠢᠳᠠᠯ ᠳᠣᠣᠷ᠎ᠠ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ 1 ᠰᠠᠷ᠎ᠠ᠎ᠠᠴᠠ 4 ᠰᠠᠷ᠎ᠠ ᠪᠣᠯᠲᠠᠯᠠᠬᠢ ᠠᠶᠠᠯᠠᠯ ᠬᠢᠭ᠌ᠰᠡᠨ ᠲᠤᠭ᠎ᠠ ᠪᠣᠯᠤᠨ ᠪᠠᠷᠠᠭ᠎ᠠ ᠶᠠᠪᠤᠭᠤᠯᠤᠭ᠍ᠰᠠᠨ ᠬᠡᠮᠵᠢᠶ᠎ᠡ᠎ᠨᠢ ᠠᠳᠠᠯᠢ ᠬᠤᠭᠤᠴᠠᠭᠠᠨ᠎ᠤ᠎ᠬᠢ᠎ᠠᠴᠠ 24% ᠪᠣᠯᠤᠨ 27% ᠎ᠪᠠᠷ ᠨᠡᠮᠡᠭ᠌ᠳᠡᠵᠦ᠍᠂ ᠨᠡᠢᠲᠡ 8000 ᠱᠢᠬᠠᠮ ᠲᠣᠨ ᠬᠢᠵᠢᠭ᠎ᠲᠠᠢ ᠳᠡᠮᠡᠴᠡᠬᠦ᠌ ᠡᠳ᠋ ᠪᠣᠳᠠᠰ᠎ᠢ ᠵᠥᠭᠡᠭᠡᠪᠦᠷᠢᠯᠡᠨ ᠬᠦᠷᠭᠡᠵᠦ᠍᠂ ᠧᠦ᠋ᠷᠣᠫᠠ ᠠᠽᠢᠶ᠎ᠠ᠎ᠶ᠋ᠢᠨ ᠡᠬᠡ ᠬᠠᠭᠤᠷᠠᠶ᠎ᠶ᠋ᠢᠨ ᠬᠤᠭᠤᠷᠣᠨᠳᠣᠬᠢ ᠨᠡᠷ᠎ᠡ ᠨᠢᠳᠡᠷ᠎ᠲᠡᠭᠡᠨ ᠨᠡᠢᠴᠡᠭ᠌ᠰᠡᠨ 《ᠠᠮᠢ ᠨᠠᠰᠤᠨ᠎ᠤ ᠵᠠᠮ》 ᠪᠣᠯᠤᠭ᠍ᠰᠠᠨ ᠪᠠᠢᠨ᠎ᠠ᠃
    《ᠨᠢᠭᠡ ᠪᠦᠰᠡ ᠨᠢᠭᠡ ᠵᠠᠮ》 ᠎ᠤᠨ ᠬᠥᠳᠡᠯᠭᠡᠬᠦ᠌ ᠬᠦᠴᠦᠨ ᠪᠤᠯ ᠡᠯ᠎ᠡ ᠤᠯᠤᠰ᠎ᠤᠨ ᠬᠠᠮᠲᠤ᠎ᠶ᠋ᠢᠨ ᠬᠥᠭ᠌ᠵᠢᠯᠲᠡ᠎ᠶ᠋ᠢᠨ ᠱᠢᠢᠳᠮᠡᠭ ᠵᠣᠷᠢᠭ᠎ᠠᠴᠠ ᠢᠷᠡᠯᠳᠡ᠎ᠲᠠᠢ ᠶᠤᠮ᠃ ᠬᠠᠮᠲᠤᠷᠠᠯᠴᠠᠭ᠎ᠠ ᠡᠬᠢᠯᠡᠭ᠌ᠰᠡᠨ᠎ᠠᠴᠠ ᠨᠠᠭᠠᠱᠢᠬᠢ 7 ᠵᠢᠯ᠎ᠤᠨ ᠲᠤᠷᠰᠢ᠂ ᠳᠤᠮᠳᠠᠳᠤ ᠤᠯᠤᠰ ᠬᠢᠭᠡᠳ ᠵᠠᠮ ᠳᠠᠭᠠᠤ᠎ᠶ᠋ᠢᠨ ᠤᠯᠤᠰ᠎ᠤᠳ᠎ᠯᠤᠭ᠎ᠠ᠎ᠶ᠋ᠢᠨ ᠡᠳ᠋ ᠪᠠᠷᠠᠭᠠᠨ᠎ᠤ ᠠᠷᠠᠯᠵᠢᠶᠡᠨ᠎ᠤ ᠶᠡᠷᠦᠩᠬᠡᠢ ᠵᠤᠭᠤᠰᠤᠨ ᠲᠤᠭ᠎ᠠ 7.8 ᠲᠦᠮᠡᠨ ᠳ᠋ᠦᠩᠱᠢᠭᠤᠷ ᠳ᠋ᠣᠯᠯᠠᠷ᠎ᠢ ᠳᠠᠪᠠᠵᠤ᠂ ᠵᠠᠮ ᠳᠠᠭᠠᠤ᠎ᠶ᠋ᠢᠨ ᠤᠯᠤᠰ᠎ᠤᠳ᠎ᠲᠤ ᠱᠢᠭᠤᠳ ᠪᠡᠯᠡ ᠣᠷᠣᠭᠤᠯᠤᠬ᠍ᠰᠠᠨ ᠵᠤᠭᠤᠰᠤᠨ ᠳᠤᠭ᠎ᠠ 1100 ᠳ᠋ᠦᠩᠱᠢᠭᠤᠷ ᠳ᠋ᠣᠯᠯᠠᠷ᠎ᠢ ᠳᠠᠪᠠᠵᠠᠶ᠃ ᠬᠡᠳᠦ᠋ᠢᠪᠡᠷ ᠬᠢᠵᠢᠭ᠎ᠲᠤ ᠳᠠᠭᠠᠷᠢᠬ᠍ᠳᠠᠬ᠍ᠰᠠᠨ ᠪᠤᠯᠪᠠᠴᠤ᠌᠂ ᠡᠨᠡ ᠵᠢᠯ᠎ᠤᠨ ᠨᠢᠭᠡᠳᠦᠭᠡᠷ ᠤᠯᠠᠷᠢᠯ᠎ᠳᠤ ᠳᠤᠮᠳᠠᠳᠤ ᠤᠯᠤᠰ᠎ᠤᠨ 《ᠨᠢᠭᠡ ᠪᠦᠰᠡ ᠨᠢᠭᠡ ᠵᠠᠮ》 ᠎ᠢ ᠬᠠᠮᠲᠤ᠎ᠪᠠᠷ ᠪᠥᠲᠥᠭᠡᠨ ᠪᠠᠢᠭᠤᠯᠬᠤ ᠤᠯᠤᠰ᠎ᠤᠳ᠎ᠲᠤ ᠪᠠᠯᠠ ᠣᠷᠣᠭᠤᠯᠤᠬ᠍ᠰᠠᠨ ᠬᠡᠮᠵᠢᠶ᠎ᠠ ᠪᠠᠢᠲᠠᠯ᠎ᠢ ᠰᠦᠷᠦᠨ 11.7% ᠎ᠪᠠᠷ ᠨᠡᠮᠡᠭ᠌ᠳᠡᠵᠦ᠍᠂ ᠠᠷᠠᠯᠵᠢᠶᠠᠨ᠎ᠤ ᠵᠤᠭᠤᠰᠤᠨ ᠲᠤᠭ᠎ᠠ 3.2% ᠨᠡᠮᠡᠭ᠌ᠳᠡᠵᠡᠢ᠃ ᠳᠤᠮᠳᠠᠳᠤ ᠯᠠᠤᠰ᠎ᠤᠨ ᠲᠡᠮᠦᠷ ᠵᠠᠮ᠂ ᠬᠠᠩᠭᠠᠷᠢ ᠰᠧᠷᠪᠢᠶ᠎ᠠ᠎ᠶ᠋ᠢᠨ ᠲᠡᠮᠦᠷ ᠵᠠᠮ᠂ ᠺᠠᠮᠪᠣᠵᠠ᠎ᠶ᠋ᠢᠨ ᠬᠤᠤᠰ ᠱᠢᠳᠠᠭᠠᠯᠭ᠎ᠠ᠎ᠶ᠋ᠢᠨ ᠮᠠᠲ᠋ᠧᠷᠢᠶᠠᠯ᠎ᠤᠨ ᠴᠠᠬᠢᠯᠭᠠᠨ᠎ᠤ ᠦᠶᠯᠡᠳᠪᠦᠷᠢ᠂ ᠶᠧᠵᠢᠫᠲ᠎ᠤᠨ ᠱᠢᠨ᠎ᠡ ᠵᠠᠰᠠᠭ ᠵᠠᠬᠢᠷᠭᠠᠨ᠎ᠤ ᠨᠡᠢᠰᠯᠡᠯ᠎ᠤᠨ CBD ᠎ᠶ᠋ᠢᠨ ᠲᠥᠷᠥᠯ ᠵᠦᠶᠯ᠎ᠤᠳ ᠯᠠᠪᠳᠠᠭᠤᠨ᠎ᠢᠶᠠᠷ ᠠᠬᠢᠵᠦ᠍᠂ ᠲᠦᠷ ᠴᠠᠭ ᠠᠵᠢᠯ᠎ᠢᠶᠠᠨ ᠵᠣᠭ᠍ᠰᠣᠭᠠᠭ᠍ᠰᠠᠨ ᠦᠯᠡᠮᠵᠢ ᠳᠤᠭᠠᠨ᠎ᠤ ᠲᠦᠷᠦᠯ ᠵᠦᠢᠯ᠎ᠤᠳ ᠴᠦ᠍ ᠤᠢ᠍ᠢᠷ᠎ᠠ᠎ᠠᠴᠠ ᠦᠢᠯᠡᠳᠪᠦᠷᠢᠯᠡᠯ᠎ᠢᠶᠠᠨ ᠰᠡᠷᠭᠦᠭᠡᠵᠡᠢ᠂ ᠡᠨᠡ ᠪᠦᠬᠦᠨ᠎ᠨᠢ ᠴᠥᠮ ᠡᠯ᠎ᠡ ᠤᠯᠤᠰ᠎ᠤᠨ ᠬᠢᠵᠢᠭ᠎ᠢ ᠢᠯᠠᠵᠦ᠍᠂ ᠠᠵᠤ ᠠᠬᠤᠢ᠎ᠪᠠᠨ ᠰᠡᠷᠭᠦᠭᠡᠬᠦ᠌᠎ᠳᠤ ᠬᠦᠴᠦᠳᠦ ᠶᠡᠭᠡ ᠬᠦᠴᠦᠨ ᠨᠡᠮᠡᠷᠢᠯᠡᠬᠦ᠌ ᠪᠣᠯᠤᠨ᠎ᠠ᠃
    《ᠨᠢᠭᠡ ᠪᠦᠰᠡ ᠨᠢᠭᠡ ᠵᠠᠮ》 ᠎ᠤᠨ ᠠᠯᠤᠰ ᠢᠷᠡᠭᠡᠳᠦᠢ ᠪᠤᠯ ᠱᠢᠨ᠎ᠡ ᠬᠠᠮᠲᠤᠷᠠᠯᠴᠠᠭᠠᠨ᠎ᠤ ᠬᠦᠷᠢᠶ᠎ᠡ᠎ᠶ᠋ᠢ ᠲᠠᠰᠤᠷᠠᠯᠲᠠ ᠦᠭᠡᠢ ᠨᠡᠭᠡᠭᠡᠬᠦ᠌᠎ᠠᠴᠠ ᠢᠷᠡᠯᠲᠡ᠎ᠲᠠᠢ ᠶᠤᠮ᠃ ᠬᠢᠵᠢᠭ᠎ᠤᠨ ᠪᠠᠢᠲᠠᠯ ᠦᠩᠬᠡᠷᠡᠭ᠌ᠰᠡᠨ᠎ᠤ ᠳᠠᠷᠠᠭ᠎ᠠ᠂ ᠡᠯ᠎ᠡ ᠤᠯᠤᠰ᠎ᠤᠨ ᠠᠵᠤ ᠠᠬᠤᠶ᠎ᠪᠠᠨ ᠬᠥᠭ᠌ᠵᠢᠭᠦᠯᠬᠦ᠂ ᠠᠷᠠᠳ᠎ᠤᠨ ᠠᠮᠢᠳᠤᠷᠠᠯ᠎ᠢᠶᠠᠨ ᠪᠠᠲᠤᠯᠠᠬᠤ ᠬᠦᠰᠡᠯ ᠡᠷᠡᠮᠡᠯᠵᠡᠯ ᠨᠠᠩ ᠴᠢᠩᠭᠠᠷᠠᠵᠦ᠍᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠦᠷᠢᠶᠡᠨ᠎ᠳᠠᠬᠢ ᠬᠠᠮᠲᠤᠷᠠᠯᠴᠠᠭᠠᠨ᠎ᠤ ᠬᠡᠷᠡᠭ᠌ᠴᠡᠭᠡ ᠱᠠᠭᠠᠷᠳᠠᠯᠭ᠎ᠠ ᠴᠦ᠍ ᠶᠡᠭᠡ᠎ᠪᠠᠷ ᠨᠡᠮᠡᠭ᠌ᠳᠡᠬᠦ᠌ ᠪᠣᠯᠤᠨ᠎ᠠ᠃ ᠳᠤᠮᠳᠠᠳᠤ᠎ᠶ᠋ᠢᠨ ᠲᠠᠯ᠎ᠠ᠎ᠶ᠋ᠢᠨ᠎ᠬᠢᠨ ᠵᠠᠮ ᠳᠠᠭᠠᠤ ᠤᠯᠤᠰ᠎ᠤᠳ᠎ᠯᠤᠭ᠎ᠠ ᠬᠠᠮᠲᠤ᠎ᠪᠠᠷ 《ᠡᠷᠡᠭᠦᠯ ᠡᠩᠭᠡ᠎ᠶ᠋ᠢᠨ ᠲᠣᠷᠭᠠᠨ ᠵᠠᠮ》 ᠎ᠤᠨ ᠪᠦᠲᠦᠭᠡᠨ ᠪᠠᠢᠭᠤᠯᠤᠯᠲᠠ᠎ᠶ᠋ᠢ ᠶᠡᠭᠡ᠎ᠪᠠᠷ ᠠᠬᠢᠭᠤᠯᠵᠤ᠂ ᠵᠤᠬᠢᠰᠲᠠᠢ ᠴᠠᠬ᠎ᠲᠤᠨᠢ ᠵᠤᠬᠢᠴᠠᠭᠤᠯᠤᠨ 《ᠨᠢᠭᠡ ᠪᠦᠰᠡ ᠨᠢᠭᠡ ᠵᠠᠮ》 ᠎ᠤᠨ ᠳᠡᠭᠡᠳᠦ ᠲᠠᠰ ᠵᠡᠷᠬᠡ᠎ᠶ᠋ᠢᠨ ᠸᠢᠳᠢᠣ᠋ ᠬᠤᠷᠠᠯ᠎ᠢ ᠬᠤᠷᠠᠯᠳᠤᠭᠤᠯᠵᠦ᠍᠂ ᠡᠯ᠎ᠡ ᠤᠯᠤᠰ᠎ᠤᠨ ᠠᠷᠠᠳ ᠲᠦᠮᠡᠨ᠎ᠤ ᠡᠷᠡᠭᠦᠯ ᠮᠡᠨᠳᠦ ᠬᠢᠬᠡᠳ ᠠᠮᠤᠷ ᠲᠦᠪᠱᠢᠨ᠎ᠢ ᠨᠠᠩ ᠰᠠᠢᠲᠤᠷ ᠬᠠᠮᠠᠭᠠᠯᠠᠨ᠎ᠠ᠃ 《ᠲᠣᠭᠠᠴᠢᠯᠠᠭ᠍ᠰᠠᠨ ᠲᠣᠷᠭᠠᠨ ᠵᠠᠮ》 ᠎ᠤᠨ ᠪᠦᠲᠦᠭᠡᠨ ᠪᠠᠢᠭᠤᠯᠤᠯᠲᠠ᠎ᠶ᠋ᠢ ᠬᠦᠴᠦᠯᠡᠨ ᠠᠬᠢᠭᠤᠯᠵᠤ᠂ ᠡᠯ᠎ᠡ ᠤᠯᠤᠰ᠎ᠤᠨ ᠠᠵᠤ ᠠᠬᠤᠢ᠎ᠶ᠋ᠢᠨ ᠬᠥᠭ᠌ᠵᠢᠯᠲᠡ᠎ᠳᠤ ᠨᠡᠩ ᠤᠯᠠᠨ ᠱᠢᠨ᠎ᠡ ᠨᠡᠮᠡᠭ᠌ᠳᠡᠯ᠎ᠤᠨ ᠴᠡᠭ᠎ᠢ ᠡᠭᠦᠳᠤᠨ ᠦᠭ᠌ᠴᠦ᠂ ᠪᠦᠬᠦ᠌ ᠳᠡᠯᠡᠬᠡᠢ᠎ᠶ᠋ᠢᠨ ᠠᠵᠤ ᠠᠬᠤᠢ᠎ᠶ᠋ᠢᠨ ᠰᠡᠷᠭᠦᠯᠲᠡ᠎ᠳᠤ ᠨᠡᠩ ᠤᠯᠠᠨ ᠱᠢᠨ᠎ᠡ ᠬᠥᠳᠡᠯᠭᠡᠬᠦ᠌ ᠬᠦᠴᠦᠨ᠎ᠤ ᠡᠬᠢ ᠰᠤᠷᠪᠤᠯᠵᠢ ᠬᠠᠩᠭᠠᠨ᠎ᠠ᠃
    ᠶᠡᠷᠦᠩᠬᠡᠢᠯᠡᠪᠡᠯ᠂ ᠳᠤᠮᠳᠠᠳᠤ ᠤᠯᠤᠰ ᠡᠯ᠎ᠡ ᠤᠯᠤᠰ᠎ᠤᠨ᠎ᠬᠢᠨ᠎ᠲᠠᠢ ᠭᠠᠷ ᠬᠤᠯᠪᠣᠯᠴᠠᠨ 《ᠨᠢᠭᠡ ᠪᠦᠰᠡ ᠨᠢᠭᠡ ᠵᠠᠮ》 ᠎ᠢ ᠬᠠᠮᠳᠤ᠎ᠪᠠᠷ ᠠᠬᠢᠭᠤᠯᠬᠤ ᠢᠲᠡᠭᠡᠯ ᠰᠤᠯᠠᠷᠠᠬᠤ ᠥᠬᠡᠶ᠂ ᠵᠣᠷᠢᠭ ᠮᠤᠬᠤᠬᠤ ᠥᠬᠡᠶ᠂ ᠪᠢᠳᠡ ᠦᠷᠭᠦᠯᠵᠢᠯᠡᠨ ᠬᠠᠮᠲᠤ᠎ᠪᠠᠷ ᠵᠥᠪᠳᠡᠬᠦ᠌ ᠬᠠᠮᠲᠤ᠎ᠪᠠᠷ ᠪᠠᠢᠭᠤᠯᠬᠤ ᠬᠠᠮᠲᠤ᠎ᠪᠠᠷ ᠡᠳ᠋ᠯᠡᠬᠦ᠌ ᠵᠠᠷᠴᠢᠮ᠎ᠢ ᠪᠠᠷᠢᠮᠲᠠᠯᠠᠵᠤ᠂ ᠨᠡᠭᠡᠭᠡᠯᠲᠡ᠎ᠲᠠᠢ᠂ ᠪᠣᠬᠢᠷᠲᠤᠯ ᠦᠭᠡᠢ᠂ ᠠᠷᠢᠭᠤᠨ ᠴᠢᠬᠡᠴᠢ ᠪᠠᠢᠬᠤ ᠤᠢ᠍ᠢᠯᠠᠭᠠᠬ᠍ᠳᠠᠬᠤᠨ᠎ᠢ ᠪᠠᠷᠢᠮᠲᠠᠯᠠᠵᠤ᠂ ᠥᠨᠳᠥᠷ ᠪᠠᠷᠢᠮᠵᠢᠶ᠎ᠠ᠎ᠲᠠᠢ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠂ ᠦᠷᠭᠦᠯᠵᠢᠯᠡᠬᠦ᠌ ᠬᠠᠷᠠᠯᠲᠠ᠎ᠶ᠋ᠢ ᠴᠢᠷᠮᠠᠢᠨ ᠪᠡᠶᠡᠯᠡᠭᠦᠯᠵᠦ᠍᠂ 《ᠨᠢᠭᠡ ᠪᠦᠰᠡ ᠨᠢᠭᠡ ᠵᠠᠮ》 ᠎ᠢ ᠬᠥᠭ᠌ᠵᠢᠯᠲᠡ᠎ᠶ᠋ᠢᠨ ᠵᠠᠮ᠂ ᠬᠠᠮᠲᠤᠷᠠᠯᠴᠠᠭᠠᠨ᠎ᠤ ᠵᠠᠮ᠂ ᠡᠷᠡᠭᠦᠯ ᠡᠩᠭᠡ᠎ᠶ᠋ᠢᠨ ᠵᠠᠮ ᠪᠣᠯᠭᠠᠨ ᠴᠣᠭ᠍ᠴᠠᠯᠠᠨ᠎ᠠ᠃
    ᠲᠠᠢᠸᠠᠨ᠎ᠤ ᠠᠰᠠᠭᠤᠳᠠᠯ ᠪᠣᠯ ᠳᠤᠮᠳᠠᠳᠤ ᠤᠯᠤᠰ᠎ᠤᠨ ᠳᠣᠲᠣᠭᠠᠳᠤ ᠶᠠᠪᠤᠳᠠᠯ ᠮᠥᠨ᠃ ᠨᠢᠭᠡ ᠯᠡ ᠳᠤᠮᠳᠠᠳᠤ ᠤᠯᠤᠰ ᠪᠠᠢᠬᠤ ᠵᠠᠷᠴᠢᠮ ᠪᠣᠯ ᠳᠡᠯᠡᠬᠡᠶ ᠨᠡᠢᠬᠡᠮ᠎ᠤᠨ ᠨᠡᠢᠳᠡᠮ᠎ᠤᠨ ᠬᠠᠮᠲᠤ᠎ᠶ᠋ᠢᠨ ᠲᠠᠨᠢᠯᠲᠠ ᠮᠥᠨ᠂ ᠮᠦᠨ ᠴᠤ᠌ ᠳᠤᠮᠳᠠᠳᠤ ᠤᠯᠤᠰ ᠪᠣᠯᠤᠨ ᠪᠤᠢ ᠪᠦᠬᠦᠢ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ ᠤᠯᠤᠰ᠎ᠤᠨ ᠬᠤᠶᠠᠷ ᠲᠠᠯ᠎ᠠ᠎ᠶ᠋ᠢᠨ ᠬᠠᠷᠢᠯᠴᠠᠭᠠᠨ᠎ᠤ ᠤᠯᠤᠰ ᠲᠦᠷᠦ᠎ᠶ᠋ᠢᠨ ᠰᠠᠭᠤᠷᠢ ᠮᠥᠨ᠃ ᠬᠢᠵᠢᠭ᠎ᠢ ᠰᠡᠷᠭᠡᠢᠯᠡᠬᠦ᠌ ᠬᠠᠮᠲᠤᠷᠠᠯᠴᠠᠭ᠎ᠠ᠎ᠪᠠᠷ ᠬᠠᠯᠬᠠᠪᠴᠢ ᠪᠣᠯᠭᠠᠵᠤ ᠲᠠᠢᠸᠠᠨ᠎ᠤ ᠡᠷᠬᠡ ᠪᠠᠷᠢᠭ᠍ᠴᠢᠳ᠎ᠲᠠᠢ ᠠᠯᠪᠠᠨ᠎ᠤ ᠲᠠᠯ᠎ᠠ᠎ᠶ᠋ᠢᠨ ᠶᠠᠪᠤᠯᠴᠠᠭ᠎ᠠ ᠥᠷᠨᠢᠭᠦᠯᠬᠦ᠌᠎ᠶ᠋ᠢ ᠪᠢᠲᠠ ᠡᠷᠡᠰ ᠡᠰᠡᠷᠭᠦᠴᠡᠨ᠎ᠡ᠃ ᠨᠢᠬᠡ ᠯᠡ ᠳᠤᠮᠳᠠᠳᠤ ᠤᠯᠤᠰ ᠪᠠᠢᠬᠤ ᠵᠠᠷᠴᠢᠮ᠎ᠠᠴᠠ ᠲᠡᠷᠰᠯᠠᠵᠤ ᠲᠠᠢᠸᠠᠨ᠎ᠳᠤ ᠤᠯᠠᠨ ᠤᠯᠤᠰ᠎ᠤᠨ ᠣᠷᠣᠨ ᠵᠠᠶ ᠤᠯᠭᠤᠬᠤ᠎ᠶ᠋ᠢ ᠡᠷᠡᠰ ᠡᠰᠡᠷᠭᠦᠴᠡᠵᠦ᠍᠂ ᠭᠠᠳᠠᠭᠠᠳᠤ᠎ᠶ᠋ᠢᠨ ᠬᠦᠴᠦᠨ᠎ᠤ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠡᠲᠡᠭᠡᠳ᠎ᠤᠨ 《ᠬᠢᠵᠢᠭ᠎ᠤᠨ ᠪᠠᠢᠳᠠᠯ᠎ᠢ ᠠᠱᠢᠬ᠍ᠯᠠᠨ ᠲᠤᠰᠠᠭᠠᠷ ᠲᠣᠭ᠍ᠲᠠᠨᠢᠭᠤᠯᠬᠤ》 ᠎ᠶ᠋ᠢ ᠵᠣᠷᠢᠭ᠍ᠵᠢᠭᠤᠯᠬᠤ ᠪᠠ ᠳᠤᠷ᠎ᠠ᠎ᠪᠠᠷ᠎ᠨᠢ ᠲᠠᠯᠪᠢᠬᠤ᠎ᠶ᠋ᠢ ᠡᠷᠡᠰ ᠡᠰᠡᠷᠭᠦᠴᠡᠨ᠎ᠡ᠃
    ᠲᠠᠢᠸᠠᠨ ᠬᠤᠭᠤᠯᠠᠶ᠎ᠶ᠋ᠢᠨ ᠬᠤᠶᠠᠷ ᠬᠦᠪᠡᠬᠡᠨ᠎ᠤ ᠨᠢᠭᠡᠳᠦᠯ᠎ᠢ ᠪᠡᠶᠡᠯᠡᠭᠦᠯᠬᠦ᠌ ᠪᠣᠯ ᠲᠡᠤᠬᠡ᠎ᠶ᠋ᠢᠨ ᠵᠠᠢᠯᠠᠰᠢ ᠦᠭᠡᠢ ᠬᠠᠨᠳᠤᠰᠢ ᠮᠥᠨ᠂ ᠶᠠᠮᠠᠷᠪᠠ ᠬᠥᠮᠦᠨ ᠶᠠᠮᠠᠷᠪᠠ ᠬᠦᠴᠦᠨ ᠴᠤ᠌ ᠬᠤᠷᠢᠬ᠍ᠯᠠᠵᠤ ᠴᠢᠳᠠᠬᠤ ᠦᠭᠡᠢ ᠶᠤᠮ᠃ ᠪᠢᠳᠡ ᠠᠮᠧᠷᠢᠺᠠ᠎ᠶ᠋ᠢᠨ ᠲᠠᠯ᠎ᠠ᠎ᠶ᠋ᠢᠨ᠎ᠬᠢᠨ᠎ᠢ ᠲᠠᠢᠸᠠᠨ᠎ᠤ ᠠᠰᠠᠭᠤᠳᠠᠯ᠎ᠤᠨ ᠳᠡᠭᠡᠳᠦ ᠬᠡᠮᠵᠢᠶᠡᠨ᠎ᠤ ᠰᠡᠷᠭᠡᠭ ᠴᠢᠨᠠᠷ᠎ᠢ ᠭᠦᠶᠴᠡᠳ ᠲᠠᠨᠢᠵᠤ᠂ ᠨᠢᠭᠡ ᠯᠡ ᠳᠤᠮᠳᠠᠳᠤ ᠤᠯᠤᠰ ᠪᠠᠢᠬᠤ ᠵᠠᠷᠴᠢᠮ ᠪᠠ ᠳᠤᠮᠳᠠᠳᠤ ᠠᠮᠧᠷᠢᠺᠠ᠎ᠶ᠋ᠢᠨ ᠭᠤᠷᠪᠠᠨ ᠬᠠᠮᠲᠤᠷᠠᠨ ᠭᠠᠷᠭᠠᠬ᠍ᠰᠠᠨ ᠠᠯᠪᠠᠨ ᠮᠡᠳᠡᠭᠡ᠎ᠶ᠋ᠢ ᠬᠢᠴᠢᠶᠡᠩᠭᠦ᠋ᠢᠯᠡᠨ ᠰᠠᠬᠢᠬᠤ᠎ᠶ᠋ᠢ ᠱᠠᠭᠠᠷᠳᠠᠵᠤ ᠪᠠᠢᠨ᠎ᠠ; ᠠᠮᠧᠷᠢᠺᠠ᠎ᠶ᠋ᠢᠨ᠎ᠬᠢᠨ ᠪᠣᠳᠠᠲᠤ ᠪᠠᠢᠳᠠᠯ᠎ᠳᠤ ᠨᠡᠢᠴᠡᠬᠦ᠌ ᠦᠭᠡᠢ ᠬᠡᠢ ᠭᠤᠷᠢᠳᠠᠯ᠎ᠢᠶᠠᠨ ᠲᠠᠶᠠᠭ᠍ᠳᠠᠵᠤ᠂ ᠤᠯᠤᠰ᠎ᠤᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠪᠢᠱᠢᠯᠭᠠᠯ᠎ᠢᠶᠠᠨ ᠲᠠᠶᠠᠭ᠍ᠳᠠᠬᠤ᠎ᠶ᠋ᠢ ᠢᠳᠭᠠᠵᠤ ᠪᠠᠢᠨ᠎ᠠ; ᠠᠮᠧᠷᠢᠺᠠ᠎ᠶ᠋ᠢᠨ᠎ᠬᠢᠨ ᠳᠤᠮᠳᠠᠳᠤ ᠤᠯᠤᠰ᠎ᠤᠨ ᠤᠯᠤᠰ ᠲᠦᠷᠤ᠎ᠶ᠋ᠢᠨ ᠬᠤᠷᠢᠭ᠎ᠠ ᠱᠤᠭᠤᠮ᠎ᠳᠤ ᠬᠠᠯᠳᠠᠬᠤ᠎ᠪᠠᠨ ᠲᠠᠶᠠᠬ᠍ᠳᠠᠵᠤ᠂ 14 ᠳ᠋ᠦᠩᠱᠢᠭᠤᠷ ᠳᠤᠮᠳᠠᠳᠤ ᠤᠯᠤᠰ᠎ᠤᠨ ᠠᠷᠠᠳ ᠲᠦᠮᠡᠨ᠎ᠤ ᠤᠯᠤᠰ ᠣᠷᠣᠨ᠎ᠤ ᠨᠢᠭᠡᠳᠦᠯ᠎ᠢᠶᠠᠨ ᠬᠠᠮᠠᠭᠠᠯᠠᠬᠤ ᠡᠷᠡᠰ ᠪᠠᠲᠤ ᠵᠣᠷᠢᠭ᠎ᠢ ᠪᠤᠷᠤᠭᠤ ᠮᠠᠭᠠᠳᠯᠠᠬᠤ᠎ᠠᠴᠠ ᠰᠡᠷᠬᠡᠢᠯᠡᠬᠦ᠌᠎ᠶ᠋ᠢ ᠲᠥᠪ ᠴᠢᠩᠭ᠎ᠠ᠎ᠪᠠᠷ ᠮᠡᠳᠡᠭ᠌ᠳᠡᠵᠤ ᠪᠠᠢᠨ᠎ᠠ᠃
    ᠱᠢᠩᠭᠠᠫᠣᠷ᠎ᠤᠨ 《ᠲᠠᠯᠠᠢ᠎ᠶ᠋ᠢᠨ ᠬᠤᠭᠤᠯᠠᠢ᠎ᠶ᠋ᠢᠨ ᠰᠤᠨᠢᠨ》 ᠎ᠤ ᠰᠤᠷᠪᠤᠯᠵᠢᠯᠠᠬ᠍ᠴᠢ᠄ ᠵᠠᠷᠢᠮ ᠬᠥᠮᠦᠨ ᠳᠤᠮᠳᠠᠳᠤ ᠤᠯᠤᠰ᠎ᠤᠨ᠎ᠬᠢᠨ ᠬᠢᠵᠢᠭ᠎ᠤᠨ ᠪᠠᠢᠳᠠᠯ᠎ᠢ ᠠᠱᠢᠬ᠍ᠯᠠᠨ ᠡᠮᠦᠨᠡᠲᠦ ᠲᠠᠩᠭᠢᠰ᠎ᠲᠠᠬᠢ ᠠᠵᠢᠯᠯᠠᠭ᠎ᠠ᠎ᠪᠠᠨ ᠴᠢᠩᠭᠠᠳᠭᠠᠵᠤ ᠪᠠᠢᠨ᠎ᠠ ᠬᠡᠵᠤ ᠦᠵᠡᠵᠤ ᠪᠤᠢ᠂ ᠲᠠ ᠡᠭᠦᠨ᠎ᠳᠤ ᠶᠠᠮᠠᠷ ᠦᠨᠡᠯᠡᠯᠲᠡ᠎ᠲᠠᠢ ᠪᠤᠢ? 《ᠡᠮᠦᠨᠡᠲᠦ ᠲᠠᠩᠭᠢᠰ᠎ᠤᠨ ᠦᠶᠯᠡ ᠠᠵᠢᠯᠯᠠᠭᠠᠨ᠎ᠤ ᠪᠠᠷᠢᠮᠵᠢᠶ᠎ᠠ》 ᠎ᠶ᠋ᠢᠨ ᠲᠤᠬᠠᠢ ᠵᠥᠪᠳᠡᠯᠴᠡᠭᠡ᠎ᠶ᠋ᠢ ᠨᠥᠯᠥᠭᠡᠯᠠᠨ᠎ᠠ ᠦᠦ?
    ᠸᠠᠩ ᠢ᠄ ᠳᠤᠮᠳᠠᠳᠤ ᠤᠯᠤᠰ᠎ᠤᠨ᠎ᠬᠢᠨ ᠬᠢᠵᠢᠭ᠎ᠤᠨ ᠪᠠᠢᠳᠠᠯ᠎ᠢ ᠠᠱᠢᠬ᠍ᠯᠠᠨ ᠡᠮᠦᠨᠡᠲᠦ ᠲᠠᠩᠭᠢᠰ᠎ᠲᠠᠬᠢ ᠠᠵᠢᠯᠯᠠᠭ᠎ᠠ᠎ᠪᠠᠨ ᠦᠷᠬᠡᠳᠭᠡᠵᠤ ᠪᠠᠢᠨ᠎ᠠ ᠭᠡᠰᠡᠨ ᠬᠡᠯᠡᠯᠭᠡ ᠪᠣᠯ ᠱᠠᠯ ᠳᠡᠮᠡᠶ ᠶᠠᠷᠢᠶ᠎ᠠ ᠪᠣᠯᠤᠨ᠎ᠠ ᠭᠡᠵᠦ᠍ ᠦᠵᠡᠵᠤ ᠪᠠᠢᠨ᠎ᠠ᠃ ᠦᠢᠷ᠎ᠠ᠎ᠶ᠋ᠢᠨ ᠨᠢᠭᠡ ᠬᠤᠭᠤᠴᠠᠭᠠᠨ᠎ᠳᠤ᠂ ᠳᠤᠮᠳᠠᠳᠤ ᠤᠯᠤᠰ᠎ᠤᠨ᠎ᠬᠢᠨ ᠬᠦᠴᠤᠨ᠎ᠢᠶᠠᠨ ᠲᠦᠪᠯᠡᠷᠡᠬᠦᠯᠤᠨ ᠵᠡᠬᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠤᠯᠪᠤᠭ᠎ᠠ᠎ᠶ᠋ᠢᠨ ᠤᠯᠤᠰ᠎ᠯᠤᠭ᠎ᠠ ᠬᠢᠵᠢᠭ᠎ᠲᠠᠢ ᠲᠡᠮᠡᠴᠡᠬᠦ᠌ ᠬᠠᠮᠲᠤᠷᠠᠯᠴᠠᠭ᠎ᠠ ᠥᠷᠨᠢᠭᠦᠯᠵᠦ᠍᠂ ᠬᠤᠶᠠᠷ ᠲᠠᠯ᠎ᠠ᠎ᠪᠠᠷ᠎ᠢᠶᠠᠨ ᠬᠠᠷᠢᠯᠴᠠᠨ ᠲᠡᠮᠵᠢᠵᠤ ᠬᠠᠷᠢᠯᠴᠠᠨ ᠬᠠᠪᠰᠤᠷᠤᠯᠴᠠᠵᠤ᠂ ᠢᠲᠡᠭᠡᠯᠴᠡᠭᠡ ᠴᠤ᠌ ᠴᠢᠨᠠᠬ᠍ᠰᠢᠳᠠ ᠨᠡᠮᠡᠭ᠌ᠳᠡᠪᠡ᠃ ᠬᠢᠵᠢᠭ᠎ᠲᠠᠢ ᠲᠡᠮᠡᠴᠡᠬᠦ᠌ ᠡᠳ᠋ ᠪᠣᠳᠠᠰ᠎ᠢ ᠲᠦᠬᠦᠷᠡᠩ ᠠᠴᠢᠬ᠍ᠰᠠᠨ ᠤᠩᠭᠤᠴᠠ ᠰᠡᠯ᠂ ᠨᠢᠰᠭᠡᠯ᠎ᠤᠳ ᠡᠮᠦᠨᠡᠲᠦ ᠲᠠᠩᠭᠢᠰ᠎ᠢᠶᠠᠷ ᠶᠠᠭᠠᠷᠠᠨ ᠰᠦᠯᠵᠢᠯᠳᠦᠵᠤ᠂ ᠡᠮᠦᠨᠡᠲᠦ ᠲᠠᠩᠭᠢᠰ᠎ᠨᠢ ᠶᠠᠭ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠤᠯᠪᠤᠭ᠎ᠠ᠎ᠶ᠋ᠢᠨ ᠤᠯᠤᠰ᠎ᠯᠤᠭ᠎ᠠ ᠭᠠᠷ ᠬᠤᠯᠪᠣᠨ ᠬᠢᠵᠢᠭ᠎ᠲᠠᠢ ᠲᠡᠮᠡᠴᠡᠬᠦ᠌᠎ᠶ᠋ᠢᠨ ᠬᠠᠷᠢᠯᠴᠠᠨ ᠲᠤᠰᠠᠯᠠᠯᠴᠠᠬᠤ ᠲᠠᠩᠭᠢᠰ᠂ ᠬᠠᠮᠲᠤᠷᠠᠯᠴᠠᠭ᠎ᠠ᠎ᠶ᠋ᠢᠨ ᠲᠠᠩᠭᠢᠰ ᠪᠤᠯᠵᠤ ᠪᠠᠢᠨ᠎ᠠ᠃ ᠬᠠᠷᠢᠨ ᠴᠥᠭᠡᠨ ᠲᠣᠭᠠᠨ᠎ᠤ ᠬᠢᠯᠢ᠎ᠶ᠋ᠢᠨ ᠭᠠᠳᠠᠨᠠᠬᠢ ᠤᠯᠤᠰ ᠡᠮᠦᠨᠡᠲᠦ ᠲᠠᠩᠭᠢᠰ᠎ᠲᠤ ᠴᠡᠷᠢᠭ᠎ᠤᠨ ᠨᠢᠰᠭᠡᠯ ᠴᠡᠷᠢᠭ᠎ᠤᠨ ᠬᠥᠯᠭᠡ ᠣᠩᠭᠤᠴᠠ ᠨᠡᠮᠡᠨ ᠲᠤᠮᠢᠯᠠᠵᠤ ᠵᠡᠪᠰᠡᠭ᠌ᠲᠦ ᠬᠦᠴᠦᠨ᠎ᠢᠶᠠᠨ ᠭᠠᠢᠬᠠᠭᠤᠯᠵᠤ᠂ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠤᠯᠪᠤᠭ᠎ᠠ᠎ᠶ᠋ᠢᠨ ᠤᠯᠤᠰ᠎ᠯᠤᠭ᠎ᠠ᠎ᠶ᠋ᠢᠨ ᠬᠠᠷᠢᠯᠴᠠᠭ᠎ᠠ᠎ᠳᠤ ᠪᠠᠢᠨ ᠲᠠᠬᠢᠨ ᠦᠲᠦᠭᠡᠯᠭᠡ ᠬᠢᠵᠤ᠂ ᠠᠷᠭ᠎ᠠ ᠤᠬᠠᠭᠠᠨ᠎ᠢᠶᠠᠨ ᠱᠢᠪᠬᠠᠵᠤ ᠬᠢᠯᠪᠠᠷ ᠪᠤᠰᠤ ᠢᠷᠡᠭ᠌ᠰᠡᠨ ᠡᠮᠦᠨᠡᠲᠦ ᠲᠠᠩᠭᠢᠰ᠎ᠤᠨ ᠲᠣᠭ᠍ᠲᠠᠭᠤᠨ ᠪᠠᠢᠳᠠᠯ᠎ᠢ ᠡᠪᠳᠡᠵᠦ᠍ ᠪᠠᠢᠨ᠎ᠠ᠂ ᠡᠢᠮᠤᠷᠬᠦᠦ ᠠᠵᠢᠯᠯᠠᠭ᠎ᠠ᠎ᠨᠢ ᠬᠤᠤᠷᠠᠨ ᠰᠠᠨᠠᠭ᠎ᠠ ᠡᠪᠤᠷᠯᠠᠵᠤ ᠪᠠᠢᠭ᠎ᠠ᠎ᠠᠴᠠ ᠬᠥᠮᠦᠨ᠎ᠢ ᠵᠢᠭ᠌ᠰᠢᠭᠦᠯᠦᠨ᠎ᠡ᠃
    ᠤᠢ᠍ᠢᠷ᠎ᠠ᠎ᠶ᠋ᠢᠨ ᠬᠡᠳᠦᠨ ᠵᠢᠯ᠎ᠳᠤ᠂ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠤᠯᠪᠤᠭ᠎ᠠ᠎ᠶ᠋ᠢᠨ ᠬᠠᠮᠲᠤ᠎ᠶ᠋ᠢᠨ ᠴᠢᠷᠮᠠᠢᠯᠭ᠎ᠠ᠎ᠪᠠᠷ᠂ ᠡᠮᠦᠨᠡᠲᠦ ᠲᠠᠩᠭᠢᠰ᠎ᠤᠨ ᠪᠠᠢᠳᠠᠯ ᠲᠠᠰᠤᠷᠠᠯᠲᠠ ᠦᠭᠡᠢ ᠲᠣᠭ᠍ᠲᠠᠭᠤᠨ ᠪᠤᠯᠵᠤ ᠰᠠᠢᠵᠢᠷᠠᠬᠤ ᠬᠠᠨᠳᠤᠰᠢ᠎ᠲᠠᠢ ᠪᠣᠯᠪᠠ᠃ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠤᠯᠪᠤᠭ᠎ᠠ᠎ᠶ᠋ᠢᠨ ᠡᠯ᠎ᠡ ᠤᠯᠤᠰ᠎ᠤᠨ ᠳᠠᠯᠠᠶ ᠳᠡᠭᠡᠷᠡᠬᠢ ᠠᠪᠤᠷᠠᠯᠲᠠ᠂ ᠳᠠᠯᠠᠶ ᠲᠠᠩᠭᠢᠰ᠎ᠤᠨ ᠣᠷᠴᠢᠨ ᠲᠣᠭᠤᠷᠢᠨ᠎ᠤ ᠬᠠᠮᠠᠭᠠᠯᠠᠯᠲᠠ᠂ ᠳᠠᠯᠠᠶ ᠲᠠᠩᠭᠢᠰ᠎ᠤᠨ ᠱᠢᠨᠵᠢᠯᠡᠬᠦ᠌ ᠤᠬᠠᠭᠠᠨ᠎ᠤ ᠱᠢᠨᠵᠢᠯᠡᠬᠡᠨ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ ᠢᠳᠡᠪᠬᠢᠲᠡᠶ ᠠᠬᠢᠴᠠ᠎ᠲᠠᠢ ᠪᠣᠯᠵᠠᠶ᠃ 《ᠡᠮᠦᠨᠡᠲᠦ ᠲᠠᠩᠭᠢᠰ᠎ᠤᠨ ᠦᠢᠯᠡ ᠠᠵᠢᠯᠯᠠᠭ᠎ᠠ᠎ᠶ᠋ᠢᠨ ᠪᠠᠷᠢᠮᠵᠢᠶ᠎ᠠ》 ᠎ᠶ᠋ᠢᠨ ᠵᠥᠪᠳᠡᠯᠴᠡᠭᠡ ᠴᠦ᠍ ᠲᠦᠷᠭᠡᠨ ᠪᠥᠭᠡᠳ ᠡᠮᠬᠢ ᠵᠢᠷᠤᠮ᠎ᠲᠠᠢ ᠶᠠᠪᠤᠭ᠍ᠳᠠᠵᠤ ᠪᠠᠢᠨ᠎ᠠ᠂ ᠣᠳᠣᠬᠠᠨ᠎ᠳᠤ ᠲᠦᠰᠤᠯ᠎ᠢ ᠬᠤᠶᠠᠳᠤᠭᠠᠷ ᠡᠭᠡᠯᠵᠢ᠎ᠶ᠋ᠢᠨ ᠬᠢᠨᠠᠨ ᠤᠩᠱᠢᠬᠤ ᠱᠠᠲᠤᠨ᠎ᠳᠤ ᠣᠷᠣᠭᠠᠳ ᠪᠠᠢᠨ᠎ᠠ᠃ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠤᠯᠪᠤᠭ᠎ᠠ᠎ᠶ᠋ᠢᠨ᠎ᠬᠢᠨ 《ᠪᠠᠷᠢᠮᠵᠢᠶ᠎ᠠ》 ᠲᠤᠬᠢᠷᠠᠯᠴᠠᠬᠤ ᠲᠤᠬᠠᠢ ᠠᠯᠢ ᠡᠷᠲᠡ ᠲᠣᠳᠣᠷᠬᠠᠶ ᠬᠠᠮᠲᠤ᠎ᠶ᠋ᠢᠨ ᠲᠠᠨᠢᠯᠲᠠ᠎ᠲᠠᠢ ᠪᠣᠯᠵᠠᠢ᠂ ᠪᠢᠳᠡᠨ᠎ᠤ ᠡᠨᠡ ᠬᠦ᠌ ᠬᠠᠷᠠᠯᠲᠠ᠎ᠶ᠋ᠢ ᠪᠡᠶᠡᠯᠡᠭᠦᠯᠬᠦ᠌ ᠢᠲᠡᠭᠡᠯ ᠵᠣᠷᠢᠭ ᠪᠣᠯ ᠡᠷᠡᠰ ᠪᠠᠲᠤ ᠶᠤᠮ᠂ ᠭᠠᠳᠠᠭᠠᠳᠤ ᠶᠢᠷᠲᠢᠨᠴᠦ᠎ᠶ᠋ᠢᠨ ᠶᠠᠮᠠᠷᠪᠠ ᠬᠠᠷᠱᠢᠯᠠᠯ ᠡᠪᠳᠡᠯᠡᠭᠡ᠎ᠳᠤ ᠨᠦᠯᠤᠬᠡᠯᠡᠭ᠌ᠳᠡᠬᠦ᠌ ᠦᠭᠡᠢ ᠶᠤᠮ᠃ ᠳᠤᠮᠳᠠᠳᠤ ᠤᠯᠤᠰ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠤᠯᠪᠤᠭ᠎ᠠ᠎ᠶ᠋ᠢᠨ ᠡᠯ᠎ᠠ ᠤᠯᠤᠰ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭᠠᠳᠭᠠᠵᠤ᠂ ᠬᠢᠵᠢᠭ᠎ᠤᠨ ᠪᠠᠢᠳᠠᠯ᠎ᠠᠴᠠ ᠪᠣᠯᠵᠤ ᠲᠦᠷ ᠵᠣᠭ᠍ᠰᠣᠭᠠᠭ᠍ᠰᠠᠨ 《ᠪᠠᠷᠢᠮᠵᠢᠶ᠎ᠠ》 ᠎ᠶ᠋ᠢᠨ ᠵᠥᠪᠳᠡᠯᠴᠡᠭᠡ᠎ᠶ᠋ᠢ ᠡᠷᠲᠡᠬᠡᠨ ᠳᠠᠬᠢᠨ ᠡᠬᠢᠯᠡᠭᠦᠯᠬᠦ᠌᠎ᠶ᠋ᠢᠨ ᠬᠠᠮᠲᠤ ᠳᠠᠯᠠᠶ ᠲᠡᠬᠡᠷᠡᠬᠢ ᠬᠠᠮᠳᠤᠷᠠᠯᠴᠠᠭ᠎ᠠ᠎ᠶ᠋ᠢᠨ ᠱᠢᠨ᠎ᠡ ᠬᠡᠯᠪᠡᠷᠢ᠎ᠶ᠋ᠢ ᠢᠳᠡᠪᠬᠢᠲᠡᠶ ᠰᠦᠪᠡᠭ᠌ᠴᠢᠯᠡᠵᠤ᠂ ᠡᠮᠦᠨᠡᠲᠦ ᠲᠠᠩᠭᠢᠰ᠎ᠤᠨ ᠭᠠᠵᠠᠷ ᠣᠷᠣᠨ᠎ᠤ ᠡᠩᠬᠡ ᠲᠠᠢᠪᠤᠩ ᠲᠣᠭ᠍ᠲᠠᠭᠤᠨ ᠪᠣᠯᠤᠨ ᠬᠥᠭ᠌ᠵᠢᠯ ᠴᠡᠴᠡᠭ᠌ᠯᠡᠯ᠎ᠢ ᠦᠨᠡᠨ ᠬᠦ᠌ ᠰᠠᠢᠲᠤᠷ ᠬᠠᠮᠠᠭᠠᠯᠠᠨ᠎ᠠ᠃
    ᠳᠤᠮᠳᠠᠳᠤ ᠤᠯᠤᠰ᠎ᠤᠨ ᠰᠣᠨᠢᠨ ᠮᠡᠳᠡᠭᠡᠨ᠎ᠤ ᠬᠤᠷᠢᠶᠠᠨ᠎ᠤ ᠰᠤᠷᠪᠤᠯᠵᠢᠯᠠᠭ᠍ᠴᠢ᠄ ᠭᠠᠳᠠᠭᠠᠳᠤ ᠶᠠᠪᠤᠳᠠᠯ᠎ᠤᠨ ᠶᠠᠮᠤᠨ ᠪᠠ ᠭᠠᠳᠠᠭᠠᠳᠤ᠎ᠳᠤ ᠰᠠᠭᠤᠭ᠎ᠠ ᠡᠯᠴᠢᠨ ᠰᠠᠢᠳ᠎ᠤᠨ ᠶᠠᠮᠤᠨ ᠺᠤᠨᠰᠦ᠋ᠯ᠎ᠤᠨ ᠭᠠᠵᠠᠷ᠎ᠤᠨ᠎ᠬᠢᠨ ᠭᠠᠳᠠᠭᠠᠳᠤ᠎ᠳᠤ ᠪᠠᠢᠭ᠎ᠠ ᠳᠤᠮᠳᠠᠳᠤ ᠤᠯᠤᠰ᠎ᠤᠨ ᠠᠬ᠎ᠠ ᠳᠡᠭᠦᠤ ᠨᠡᠷ᠎ᠤᠨ ᠬᠦᠴᠢᠷᠳᠡᠯ᠎ᠢ ᠱᠢᠶᠳᠪᠦᠷᠢᠯᠡᠬᠦ᠌᠎ᠶ᠋ᠢᠨ ᠲᠥᠯᠥᠭᠡ ᠬᠢᠭ᠌ᠰᠡᠨ ᠠᠵᠢᠯ᠎ᠢ ᠲᠠ ᠶᠠᠷᠢᠭᠠᠳ ᠥᠭ᠌ᠭᠦᠨ᠎ᠡ ᠦᠦ?
    ᠸᠠᠩ ᠢ᠄ ᠬᠢᠵᠢᠭ᠎ᠤᠨ ᠪᠠᠢᠳᠠᠯ ᠭᠠᠷᠤᠬ᠍ᠰᠠᠨ᠎ᠠᠴᠠ ᠨᠠᠭᠠᠰᠢ᠂ ᠭᠠᠳᠠᠭᠠᠳᠤ᠎ᠳᠤ ᠪᠠᠢᠭ᠎ᠠ ᠳᠤᠮᠳᠠᠳᠤ ᠤᠯᠤᠰ᠎ᠤᠨ ᠢᠷᠭᠡᠨ ᠡᠭᠡ ᠤᠯᠤᠰ᠎ᠤᠨ᠎ᠢᠶᠠᠨ ᠲᠥᠯᠥᠭᠡ ᠰᠠᠨᠠᠭᠠᠱᠢᠷᠠᠭ᠍ᠰᠠᠭᠠᠷ ᠢᠷᠡᠪᠡ᠃ ᠶᠡᠷᠦᠩᠬᠡᠶ ᠱᠦᠵᠢ ᠰᠢ᠎ᠶ᠋ᠢᠨ ᠫᠢᠩ ᠭᠠᠳᠠᠭᠠᠳᠤ᠎ᠳᠤ ᠪᠠᠢᠭ᠎ᠠ ᠳᠤᠮᠳᠠᠳᠤ ᠤᠯᠤᠰ᠎ᠤᠨ ᠢᠷᠭᠡᠨ᠎ᠤ ᠠᠮᠤᠷ ᠲᠦᠪᠱᠢᠨ ᠪᠠ ᠡᠷᠡᠭᠦᠯ ᠮᠡᠨᠳᠦ᠎ᠶ᠋ᠢ ᠦᠨᠡᠨ ᠬᠦ᠌ ᠰᠠᠢᠲᠤᠷ ᠬᠠᠮᠠᠭᠠᠯᠠᠬᠤ ᠬᠡᠷᠡᠭ᠌ᠲᠡᠶ ᠭᠡᠵᠦ᠍ ᠣᠯᠠᠨᠲᠠ ᠴᠢᠬᠤᠯᠠᠴᠢᠯᠠᠪᠠ᠃ ᠭᠠᠳᠠᠭᠠᠳᠤ ᠶᠠᠪᠤᠳᠠᠯ᠎ᠤᠨ ᠶᠠᠮᠤᠨ ᠪᠣᠯᠤᠨ ᠭᠠᠳᠠᠭᠠᠳᠤ᠎ᠳᠤ ᠰᠠᠭᠤᠭ᠎ᠠ ᠡᠯᠴᠢᠨ ᠰᠠᠢᠳ᠎ᠤᠨ ᠶᠠᠮᠤᠨ ᠺᠤᠨᠰᠦ᠋ᠯ᠎ᠤᠨ ᠭᠠᠵᠠᠷ᠎ᠤᠨ᠎ᠬᠢᠨ ᠪᠠᠴᠢᠮ ᠬᠥᠳᠡᠯᠦᠯᠴᠡᠵᠦ᠍᠂ ᠪᠦᠬᠦ᠌ ᠪᠥᠮᠪᠥᠷᠴᠡᠭ᠎ᠲᠤ ᠳᠠᠢᠴᠢᠯᠠᠯᠲᠠ ᠬᠢᠵᠦ᠍᠂ ᠪᠦᠬᠦ᠌ ᠬᠦᠴᠦᠨ᠎ᠢᠶᠠᠷ᠎ᠢᠶᠠᠨ ᠨᠠᠮ ᠪᠣᠯᠤᠨ ᠤᠯᠤᠰ᠎ᠤᠨ ᠬᠠᠢᠷ᠎ᠠ ᠬᠠᠯᠠᠮᠵᠢ᠎ᠶ᠋ᠢ ᠭᠠᠳᠠᠭᠠᠳᠤ᠎ᠳᠤ ᠪᠠᠢᠭ᠎ᠠ ᠳᠤᠮᠳᠠᠳᠤ ᠤᠯᠤᠰ᠎ᠤᠨ ᠢᠷᠭᠡᠨ ᠨᠢᠭᠡᠪᠦᠷᠢ᠎ᠳᠤ ᠳᠠᠮᠵᠢᠭᠤᠯᠵᠤ᠂ ᠪᠦᠬᠦ᠌ ᠪᠥᠮᠪᠥᠷᠴᠡᠭ᠎ᠤᠨ ᠬᠡᠪᠴᠢᠶᠡᠨ᠎ᠳᠤ ᠤᠷᠢᠳ ᠡᠮᠦᠨ᠎ᠡ ᠭᠠᠷᠤᠭ᠎ᠠ ᠦᠭᠡᠢ ᠺᠤᠨᠰᠦ᠋ᠯ᠎ᠤᠨ ᠬᠠᠮᠠᠭᠠᠯᠠᠯᠲᠠ᠎ᠶ᠋ᠢᠨ ᠲᠤᠰᠭᠠᠶ ᠠᠵᠢᠯᠯᠠᠭ᠎ᠠ᠎ᠶ᠋ᠢ ᠥᠷᠨᠢᠭᠦᠯᠪᠡ᠃
    ᠪᠢᠳᠡ ᠡᠯ᠎ᠡ ᠤᠯᠤᠰ᠎ᠢᠶᠠᠷ ᠲᠦᠭᠡᠵᠤ ᠲᠠᠷᠬᠠᠵᠤ ᠪᠠᠢᠭ᠎ᠠ ᠳᠤᠮᠳᠠᠳᠤ ᠤᠯᠤᠰ᠎ᠤᠨ ᠢᠷᠭᠡᠳ᠎ᠲᠠᠢ ᠬᠤᠯᠪᠣᠭ᠎ᠠ ᠠᠪᠴᠤ᠌᠂ ᠲᠡᠳᠡᠨ᠎ᠤ ᠬᠦᠴᠢᠷ ᠵᠣᠪᠠᠭᠤᠷᠢ᠎ᠶ᠋ᠢ᠎ᠨᠢ ᠱᠢᠢᠳᠪᠦᠷᠢᠯᠡᠵᠦ᠍ ᠥᠭ᠌ᠪᠡ᠃ ᠤᠯᠤᠰ᠎ᠤᠨ ᠳᠣᠲᠣᠭᠠᠳᠤ᠎ᠶ᠋ᠢᠨ ᠠᠯᠳᠠᠷᠲᠤ ᠲᠤᠰᠭᠠᠶ ᠮᠡᠷᠭᠡᠵᠢᠯᠲᠡᠨ᠎ᠢ ᠲᠤᠬᠢᠷᠠᠭᠤᠯᠤᠨ ᠸᠢᠳᠢᠣ᠋ ᠵᠠᠯᠭᠠᠭᠤᠯᠵᠤ᠂ ᠭᠠᠳᠠᠭᠠᠳᠤ᠎ᠳᠤ ᠰᠤᠷᠤᠯᠴᠠᠵᠤ ᠪᠠᠢᠭ᠎ᠠ ᠰᠤᠷᠤᠭ᠍ᠴᠢᠳ᠎ᠲᠤ ᠰᠡᠷᠭᠡᠢᠯᠡᠨ ᠬᠠᠮᠠᠭᠠᠯᠠᠬᠤ ᠮᠡᠳᠡᠯᠭᠡ ᠤᠯᠠᠮᠵᠢᠯᠠᠪᠠ᠃ 20 ᠭᠠᠷᠤᠶ ᠡᠮᠴᠢᠯᠡᠭᠡᠨ᠎ᠤ ᠲᠤᠰᠭᠠᠶ ᠮᠡᠷᠭᠡᠵᠢᠯᠲᠡᠨ᠎ᠤ ᠳᠤᠭᠤᠢᠯᠠᠩ᠎ᠢ ᠵᠣᠬᠢᠴᠠᠭᠤᠯᠵᠤ ᠪᠠᠢᠭᠠᠳ ᠡᠯ᠎ᠡ ᠤᠯᠤᠰ᠎ᠲᠤ ᠣᠴᠢᠭᠤᠯᠵᠤ᠂ ᠭᠠᠳᠠᠭᠠᠳᠤ᠎ᠳᠤ ᠪᠠᠢᠭ᠎ᠠ ᠳᠤᠮᠳᠠᠳᠤ ᠤᠯᠤᠰ᠎ᠤᠨ ᠢᠷᠭᠡᠨ ᠪᠠ ᠥᠷᠭᠡᠨ ᠤᠯᠠᠨ ᠬᠠᠷᠢᠶᠠᠲᠤ ᠨᠡᠷ᠎ᠲᠤ ᠵᠢᠯᠣᠭᠤᠳᠣᠯᠭ᠎ᠠ ᠬᠠᠩᠭᠠᠪᠠ᠃ ᠲᠤᠬᠠᠶ᠎ᠶ᠋ᠢᠨ ᠭᠠᠵᠠᠷ ᠵᠢᠴᠢ ᠤᠯᠤᠰ᠎ᠤᠨ ᠳᠣᠲᠣᠭᠠᠳᠤ᠎ᠶ᠋ᠢᠨ ᠠᠯᠤᠰ᠎ᠠᠴᠠ ᠣᠨᠣᠱᠢᠯᠠᠨ ᠡᠮᠨᠡᠬᠦ᠌ ᠠᠷᠭ᠎ᠠ ᠵᠠᠮ᠎ᠲᠠᠢ ᠬᠠᠷᠢᠯᠴᠠᠵᠤ ᠪᠠᠢᠭᠠᠳ᠂ ᠣᠯᠠᠨ᠎ᠤ ᠭᠠᠳᠠᠭᠠᠳᠤ ᠤᠯᠤᠰ᠎ᠲᠤ ᠬᠢᠵᠢᠭ᠎ᠢ ᠰᠡᠷᠭᠡᠢᠯᠡᠬᠦ᠌᠎ᠳᠤ ᠦᠢᠯᠡᠴᠢᠯᠡᠭᠡ ᠬᠢᠵᠤ ᠳᠡᠮᠵᠢᠯᠭᠡ ᠦᠵᠡᠬᠦᠯᠪᠠ᠃ ᠪᠢᠳᠠ ᠭᠠᠳᠠᠭᠠᠳᠤ᠎ᠳᠤ ᠰᠤᠷᠤᠯᠴᠠᠵᠤ ᠪᠠᠢᠭ᠎ᠠ ᠰᠤᠷᠤᠭ᠍ᠴᠢᠳ᠎ᠤᠨ ᠠᠮᠤᠷ ᠲᠦᠪᠱᠢᠨ ᠠᠶᠤᠯ ᠲᠦᠭ᠌ᠰᠢᠭᠦᠷᠢ᠎ᠳᠤ ᠤᠨᠴᠠᠭᠠᠢᠯᠠᠨ ᠠᠩᠬᠠᠷᠤᠯ ᠲᠠᠯᠪᠢᠵᠤ᠂ ᠠᠷᠭ᠎ᠠ ᠪᠦᠬᠦᠨ᠎ᠢ ᠰᠦᠪᠡᠭ᠌ᠴᠢᠯᠡᠨ 100 ᠭᠠᠷᠤᠶ ᠲᠦᠮᠡᠨ ᠬᠤᠪᠢ ᠬᠠᠢᠷ᠎ᠠ ᠬᠠᠯᠠᠮᠵᠢ᠎ᠪᠠᠷ ᠪᠢᠯᠬᠠᠭ᠍ᠰᠠᠨ 《ᠡᠷᠡᠭᠦᠯ ᠮᠡᠨᠳᠦ᠎ᠶ᠋ᠢᠨ ᠪᠣᠭ᠍ᠴᠣ》 ᠎ᠶ᠋ᠢ ᠬᠡᠷᠡᠭ᠌ᠴᠡᠭᠡ ᠪᠦᠬᠦᠢ ᠰᠤᠷᠤᠭ᠍ᠴᠢᠳ᠎ᠤᠨ ᠭᠠᠷ᠎ᠲᠤ ᠨᠢᠭᠡᠳ ᠨᠢᠭᠡ᠎ᠪᠠᠷ ᠬᠦᠷᠭᠡᠵᠦ᠍ ᠥᠭ᠌ᠴᠠᠢ᠃
    ᠭᠠᠳᠠᠭᠠᠳᠤ ᠶᠠᠪᠤᠳᠠᠯ᠎ᠤᠨ ᠶᠠᠮᠤᠨ᠎ᠤ 12308 ᠨᠤᠮᠧᠷᠳᠤ ᠺᠤᠨᠰᠦ᠋ᠯ᠎ᠤᠨ ᠬᠠᠮᠠᠭᠠᠯᠠᠯᠲᠠ᠎ᠶ᠋ᠢᠨ ᠱᠢᠭᠤᠳ ᠨᠡᠪᠳᠡᠷᠡᠬᠦ᠌ ᠤᠲᠠᠰᠤ 24 ᠴᠠᠭ᠎ᠢᠶᠠᠷ ᠠᠵᠢᠯᠯᠠᠵᠤ᠂ ᠵᠦᠪᠬᠡᠨ 3 ᠎ᠠᠴᠠ 4 ᠰᠠᠷ᠎ᠠ᠎ᠶ᠋ᠢᠨ ᠬᠤᠭᠤᠷᠤᠨᠳᠤ 20 ᠭᠠᠷᠤᠶ ᠲᠦᠮᠡᠨ ᠤᠲᠠᠰᠤ ᠨᠡᠪᠲᠡᠷᠡᠵᠦ᠍᠂ ᠳᠤᠮᠳᠠᠴᠢ᠎ᠪᠠᠷ ᠡᠳᠦᠷ ᠪᠦᠷᠢ 3600 ᠭᠠᠷᠤᠶ ᠤᠳᠠᠭ᠎ᠠ ᠤᠳᠠᠰᠤ ᠨᠠᠪᠳᠠᠷᠠᠵᠠᠢ᠃ ᠪᠢᠳᠡ ᠢᠷᠡᠭ᠌ᠰᠡᠨ ᠤᠲᠠᠰᠤ ᠪᠦᠬᠦᠨ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠴᠢᠷ ᠪᠦᠬᠦᠨ᠎ᠢ ᠲᠠᠩᠰᠠᠯᠠᠵᠤ᠂ ᠶᠠᠪᠤᠳᠠᠯ ᠪᠣᠯᠭᠠᠨ᠎ᠢ ᠱᠢᠢᠳᠪᠦᠷᠢᠯᠡᠵᠤ᠂ ᠭᠠᠳᠠᠭᠠᠳᠤ᠎ᠳᠤ ᠪᠠᠢᠭ᠎ᠠ ᠳᠤᠮᠳᠠᠳᠤ ᠤᠯᠤᠰ᠎ᠤᠨ ᠢᠷᠬᠡᠨ᠎ᠤ ᠲᠤᠰᠠᠯᠠᠮᠵᠢ ᠭᠤᠶᠤᠴᠢᠯᠠᠬᠤ ᠵᠠᠮ᠎ᠢ ᠴᠢᠷᠮᠠᠢᠨ ᠰᠠᠭᠠᠳ ᠦᠭᠡᠢ ᠨᠡᠪᠲᠡᠷᠡᠭᠦᠯᠪᠠ᠃
    ᠪᠢᠳᠡ ᠬᠢᠵᠢᠭ᠎ᠤᠨ ᠡᠬᠢᠨ᠎ᠤ ᠬᠤᠭᠤᠴᠠᠭᠠᠨ᠎ᠳᠤ ᠨᠢᠰᠭᠡᠯ ᠲᠦᠷᠢᠶᠡᠰᠤᠯᠠᠵᠤ ᠭᠠᠳᠠᠭᠠᠳᠤ᠎ᠳᠤ ᠬᠠᠱᠢᠭ᠍ᠳᠠᠭ᠍ᠰᠠᠨ ᠳᠤᠮᠳᠠᠳᠤ ᠤᠯᠤᠰ᠎ᠤᠨ ᠢᠷᠭᠡᠨ᠎ᠢ ᠲᠤᠰᠴᠤ᠌ ᠠᠪᠴᠢᠷᠠᠪᠠ᠃ ᠭᠠᠳᠠᠭᠠᠳᠤ᠎ᠶ᠋ᠢᠨ ᠬᠢᠵᠢᠭ᠎ᠤᠨ ᠪᠠᠢᠳᠠᠯ ᠬᠦᠨᠳᠦ ᠨᠣᠴᠢᠲᠠᠶ ᠪᠣᠯᠤᠭ᠍ᠰᠠᠨ᠎ᠤ ᠳᠠᠷᠠᠭ᠎ᠠ᠂ ᠲᠦᠷ ᠴᠠᠭ᠎ᠤᠨ ᠵᠢᠱᠢᠶᠠᠨ᠎ᠤ ᠨᠢᠰᠭᠡᠯ ᠲᠣᠬᠢᠷᠠᠭᠤᠯᠵᠤ ᠦᠨᠡᠬᠡᠷ ᠬᠦᠴᠢᠷᠳᠡᠯ᠎ᠲᠠᠢ ᠡᠯ᠎ᠡ ᠭᠠᠵᠠᠷ᠎ᠤᠨ ᠠᠬ᠎ᠠ ᠳᠡᠭᠦᠤ ᠨᠡᠷ᠎ᠢ ᠡᠮᠬᠢ ᠵᠢᠷᠤᠮ᠎ᠲᠠᠢ᠎ᠪᠠᠷ ᠲᠤᠰᠴᠤ᠌ ᠠᠪᠴᠢᠷᠠᠵᠠᠶ᠃
    ᠭᠠᠳᠠᠭᠠᠳᠤ ᠬᠠᠷᠢᠯᠴᠠᠭ᠎ᠠ ᠠᠷᠠᠳ᠎ᠤᠨ ᠲᠥᠯᠥᠭᠡ ᠪᠠᠢᠬᠤ ᠪᠣᠯ ᠪᠢᠳᠡᠨ᠎ᠤ ᠢᠮᠠᠭ᠍ᠲᠠ᠎ᠶ᠋ᠢᠨ ᠬᠤᠪᠢᠷᠠᠰᠢ ᠦᠭᠡᠢ ᠵᠣᠷᠢᠯᠲᠠ ᠮᠦᠨ᠃ ᠡᠨᠡ ᠬᠡᠳᠦᠨ ᠰᠠᠷ᠎ᠠ᠎ᠶ᠋ᠢᠨ ᠣᠨᠴᠠᠭᠠᠢ ᠴᠠᠭ ᠊ᠦᠶ᠎ᠠ᠎ᠳᠤ᠂ ᠭᠠᠳᠠᠭᠠᠳᠤ᠎ᠳᠤ ᠰᠠᠭᠤᠭ᠎ᠠ ᠡᠯᠴᠢᠨ ᠰᠠᠢᠳ ᠨᠢᠭᠡᠪᠦᠷᠢ᠂ ᠡᠯᠴᠢᠨ ᠰᠠᠢᠳ᠎ᠤᠨ ᠶᠠᠮᠤᠨ ᠺᠤᠨᠰᠦ᠋ᠯ᠎ᠤᠨ ᠭᠠᠵᠠᠷ᠎ᠤᠨ ᠠᠵᠢᠯᠲᠠᠨ ᠨᠢᠭᠡᠪᠦᠷᠢ᠂ ᠴᠦᠮ ᠳᠡᠭᠡᠳᠤ ᠬᠡᠮᠵᠢᠶᠡᠨ᠎ᠤ ᠬᠠᠷᠢᠭᠤᠴᠠᠯᠭᠠᠲᠤ ᠰᠡᠳᠭᠢᠯᠭᠡ᠎ᠪᠠᠷ ᠥᠪᠡᠷ᠎ᠤᠨ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠬᠠᠯᠳᠠᠪᠤᠷᠢᠯᠠᠭ᠍ᠲᠠᠬᠤ ᠲᠦᠭ᠌ᠰᠢᠭᠦᠷᠢ᠎ᠠᠴᠠ ᠠᠶᠤᠬᠤ ᠦᠭᠡᠢ᠂ ᠳᠤᠷᠠᠲᠠᠶ᠎ᠠ ᠦᠷᠡᠭ᠌ᠳᠡᠯ ᠭᠠᠷᠭᠠᠵᠤ ᠬᠤᠪᠢ ᠨᠡᠮᠡᠷᠢ ᠦᠵᠡᠭᠦᠯᠪᠠ᠃ ᠭᠠᠳᠠᠭᠠᠳᠤ᠎ᠳᠤ ᠪᠠᠢᠭ᠎ᠠ ᠠᠬ᠎ᠠ ᠲᠡᠬᠦᠤ ᠨᠡᠷ ᠬᠠᠷᠢ ᠨᠤᠲᠤᠭ᠎ᠲᠤ ᠪᠠᠢᠭ᠎ᠠ ᠪᠤᠯᠪᠠᠴᠤ᠌ ᠡᠬᠡ ᠤᠯᠤᠰ ᠴᠢᠨᠢ ᠥᠨᠢ ᠡᠭᠦᠷᠢᠳᠡ ᠲᠠᠨ᠎ᠤ ᠦᠮᠦᠭ ᠲᠦᠱᠢᠭ ᠪᠤᠯᠵᠤ᠂ ᠭᠠᠳᠠᠭᠠᠳᠤ᠎ᠳᠤ ᠰᠠᠭᠤᠭ᠎ᠠ ᠡᠯᠴᠢᠨ ᠰᠠᠢᠳ᠎ᠤᠨ ᠶᠠᠮᠤᠨ ᠺᠤᠨᠰᠦ᠋ᠯ᠎ᠤᠨ ᠭᠠᠵᠠᠷ ᠴᠠᠭ ᠢᠮᠠᠭ᠍ᠲᠠ ᠲᠠ ᠨᠠᠷ᠎ᠲᠠᠢ ᠬᠠᠮᠲᠤ ᠪᠠᠢᠨ᠎ᠠ᠃
    ᠫᠠᠺᠢᠰᠲ᠋ᠠᠨ᠎ᠤ ᠴᠢᠮᠡᠭᠡᠯᠡᠯ᠎ᠤᠨ ᠬᠤᠷᠢᠶᠠᠨ᠎ᠤ ᠰᠤᠷᠪᠤᠯᠵᠢᠯᠠᠭ᠍ᠴᠢ᠄ ᠲᠠ ᠣᠳᠣᠬᠠᠨ᠎ᠤ ᠠᠹᠭᠠᠨᠢᠰᠲ᠋ᠠᠨ᠎ᠤ ᠪᠠᠢᠳᠠᠯ᠎ᠢ ᠬᠡᠷᠬᠢᠨ ᠦᠵᠡᠵᠦ᠍ ᠪᠠᠢᠬᠤ ᠪᠤᠢ?
    ᠸᠠᠩ ᠢ᠄ ᠠᠹᠭᠠᠨᠢᠰᠲ᠋ᠠᠨ᠎ᠢ ᠶᠡᠷᠦ᠎ᠠᠴᠠ ᠠᠽᠢᠶ᠎ᠠ ᠲᠢᠪ᠎ᠤᠨ ᠵᠢᠷᠤᠬᠡ ᠭᠤᠤᠯ ᠭᠡᠳᠡᠭ᠃ ᠭᠠᠵᠠᠷ ᠣᠷᠣᠨ᠎ᠤ ᠡᠩᠬᠡ ᠲᠠᠢᠪᠤᠩ ᠲᠣᠭ᠍ᠲᠠᠭᠤᠨ ᠪᠠᠢᠳᠠᠯ᠎ᠳᠤ ᠴᠢᠬᠤᠯᠠ ᠨᠥᠯᠥᠭᠡ᠎ᠲᠠᠢ ᠶᠤᠮ᠃ ᠤᠳᠤᠬᠠᠨ᠎ᠳᠤ ᠠᠹᠭᠠᠨᠢᠰᠲ᠋ᠠᠨ᠎ᠤ ᠪᠠᠢᠳᠠᠯ ᠲᠦᠷᠭᠡᠨ ᠬᠤᠪᠢᠷᠠᠵᠤ᠂ ᠤᠷᠢᠳ ᠡᠮᠦᠨ᠎ᠡ ᠪᠠᠢᠭ᠎ᠠ ᠦᠭᠡᠢ ᠪᠠᠢᠲᠠᠯ᠎ᠢᠶᠠᠷ ᠡᠩᠬᠡ ᠲᠠᠢᠪᠤᠩ᠎ᠢ ᠪᠡᠶᠡᠯᠡᠭᠦᠯᠬᠦ᠌᠎ᠳᠤ ᠤᠢ᠍ᠢᠷᠠᠳᠴᠤ᠌ ᠪᠤᠢ᠂ ᠭᠡᠪᠡᠴᠦ᠍ ᠤᠷᠤᠭ᠍ᠰᠢᠯᠠᠯᠳᠠ᠎ᠶ᠋ᠢᠨ ᠵᠠᠮ᠎ᠨᠢ ᠰᠠᠷᠠᠭᠤᠯ ᠳᠠᠷᠳᠠᠩ ᠪᠢᠰᠢ᠂ ᠲᠠᠪᠤᠨ  ᠵᠦᠢᠯ᠎ᠤᠨ ᠪᠠᠴᠢᠮ ᠡᠭᠦᠷᠭᠡ᠎ᠶ᠋ᠢ ᠪᠡᠶᠡᠯᠡᠭᠦᠯᠬᠦ᠌ ᠴᠢᠬᠤᠯᠠᠲᠠᠶ ᠪᠠᠢᠨ᠎ᠠ᠄
    ᠨᠢᠭᠡ᠎ᠳᠤ᠂ ᠵᠠᠰᠠᠭ᠎ᠤᠨ ᠣᠷᠳᠣᠨ᠎ᠤ ᠪᠦᠯᠬᠦᠮᠳᠡᠯ᠎ᠢ ᠪᠠᠬᠢᠵᠢᠭᠦᠯᠬᠦ᠌ ᠬᠡᠷᠡᠭ᠌ᠲᠡᠢ᠃ ᠶᠡᠷᠦᠩᠬᠡᠢᠯᠡᠭ᠌ᠴᠢ ᠵᠢᠶᠠᠨᠢ ᠪᠣᠯᠤᠨ ᠳ᠋ᠤᠺᠲ᠋ᠤᠷ ᠠᠪᠦ᠋ᠳᠦ᠋ᠯᠠ ᠬᠤᠯᠪᠣᠭᠠᠲᠤ ᠵᠠᠰᠠᠭ᠎ᠤᠨ ᠣᠷᠳᠣᠨ ᠪᠠᠢᠭᠤᠯᠬᠤ ᠵᠦᠪᠯᠡᠯᠴᠡᠬᠡᠷ ᠲᠤᠬᠢᠷᠠᠯᠴᠠᠬᠤ᠎ᠶ᠋ᠢ ᠪᠢᠳᠡ ᠪᠠᠶᠠᠷᠯᠠᠨ ᠤᠭ᠍ᠲᠤᠵᠤ᠂ ᠬᠡᠪ᠎ᠤᠨ ᠡᠷᠭᠢᠯᠲᠡ᠎ᠶ᠋ᠢ ᠡᠷᠲᠡᠬᠡᠨ ᠪᠡᠶᠡᠯᠡᠭᠦᠯᠬᠦ᠌᠎ᠶ᠋ᠢ ᠬᠦᠰᠡᠨ ᠬᠦᠯᠢᠶᠠᠵᠤ ᠪᠠᠢᠨ᠎ᠠ᠃ ᠬᠤᠶᠠᠷ᠎ᠲᠤ᠌᠂ ᠨᠠᠢᠷᠠᠮᠳᠠᠯ᠎ᠤᠨ ᠬᠡᠯᠡᠯᠴᠡᠭᠡ᠎ᠶ᠋ᠢᠨ ᠲᠦᠯᠦᠪ ᠪᠦᠲᠦᠴᠡ᠎ᠶ᠋ᠢ ᠭᠠᠷᠭᠠᠬᠤ ᠬᠡᠷᠡᠭ᠌ᠲᠡᠢ᠃ ᠠᠹᠭᠠᠨᠢᠰᠲ᠋ᠠᠨ᠎ᠤ ᠡᠯ᠎ᠠ ᠪᠦᠯᠦᠭ᠎ᠤᠨ᠎ᠬᠢᠨ ᠳᠠᠷᠦ᠋ᠢᠬᠠᠨ ᠲᠠᠢᠯᠠᠯᠳᠤᠬᠤ᠎ᠪᠠᠨ ᠵᠣᠭ᠍ᠰᠣᠵᠤ᠂ ᠳᠣᠲᠣᠭᠠᠳᠤ᠎ᠶ᠋ᠢᠨ ᠬᠡᠯᠡᠯᠴᠡᠭᠡ᠎ᠶ᠋ᠢ ᠲᠤᠬᠢᠷᠠᠭᠤᠯᠬᠤ ᠲᠤᠬᠠᠶ ᠡᠷᠲᠡᠬᠡᠨ ᠰᠠᠨᠠᠯ ᠨᠢᠭᠡᠳᠴᠦ᠍᠂ ᠤᠯᠤᠰ ᠣᠷᠣᠨ᠎ᠤ ᠢᠷᠡᠭᠡᠳᠦᠶ᠎ᠶ᠋ᠢᠨ ᠪᠦᠲᠦᠴᠡ᠎ᠶ᠋ᠢᠨ ᠲᠤᠬᠠᠶ ᠵᠥᠪᠳᠡᠯᠴᠡᠬᠦ᠌᠎ᠳᠤ ᠲᠦᠬᠦᠮ ᠦᠵᠡᠬᠦᠯᠬᠦ᠌᠎ᠶ᠋ᠢ ᠪᠢᠲᠠ ᠤᠷᠢᠶᠠᠯᠠᠵᠤ ᠪᠠᠢᠨ᠎ᠠ᠃ ᠭᠤᠷᠪᠠ᠎ᠳᠤ᠂ ᠴᠡᠷᠢᠭ᠎ᠢᠶᠠᠨ ᠲᠣᠬᠢᠲᠠᠶ ᠪᠥᠭᠡᠳ ᠡᠮᠬᠢ ᠵᠢᠷᠤᠮ᠎ᠲᠠᠢ᠎ᠪᠠᠷ ᠲᠠᠲᠠᠬᠤ ᠬᠡᠷᠡᠭ᠌ᠲᠡᠢ᠃ ᠠᠮᠧᠷᠢᠺᠠ᠎ᠶ᠋ᠢᠨ ᠴᠡᠷᠢᠭ ᠬᠠᠷᠢᠭᠤᠴᠠᠬᠤ ᠤᠪᠤᠷ᠎ᠢᠶᠠᠷ ᠤᠬᠤᠷᠢᠨ ᠭᠠᠷᠴᠤ᠌᠂ ᠠᠹᠭᠠᠨᠢᠰᠲ᠋ᠠᠨ ᠵᠢᠴᠢ ᠭᠠᠵᠠᠷ ᠣᠷᠣᠨ᠎ᠤ ᠤᠯᠤᠰ᠎ᠤᠨ ᠠᠱᠢᠭ ᠲᠤᠰᠠ᠎ᠶ᠋ᠢ ᠬᠤᠬᠢᠷᠠᠭᠤᠯᠬᠤ᠎ᠠᠴᠠ ᠵᠠᠢᠯᠠᠰᠭᠢᠬᠦ᠌ ᠶᠤᠰᠤᠳᠠᠢ᠃ ᠲᠦᠷᠪᠡ᠎ᠳᠤ᠂ ᠰᠦᠷᠳᠡᠭᠦᠯᠬᠦ᠌ ᠦᠵᠡᠯ᠎ᠳᠤ ᠴᠣᠬᠢᠯᠲᠠ ᠥᠭ᠌ᠭᠦ ᠬᠡᠷᠡᠭ᠌ᠲᠡᠢ᠃ ᠡᠯ᠎ᠡ ᠲᠠᠯ᠎ᠠ᠎ᠶ᠋ᠢᠨ᠎ᠬᠢᠨ ᠰᠦᠷᠳᠡᠭᠦᠯᠦᠯ᠎ᠢ ᠦᠷᠭᠦᠯᠵᠢᠯᠡᠨ ᠬᠦᠴᠦᠯᠡᠨ ᠡᠰᠡᠷᠭᠦᠴᠡᠵᠦ᠍᠂ ᠡᠯ᠎ᠡ ᠵᠦᠶᠯ᠎ᠤᠨ ᠰᠦᠷᠳᠡᠭᠦᠯᠬᠦ᠌ ᠬᠦᠴᠦᠨ᠎ᠤ ᠳᠠᠬᠢᠨ ᠪᠤᠢ ᠪᠣᠯᠬᠤ᠎ᠠᠴᠠ ᠵᠠᠢᠯᠠᠰᠭᠢᠬᠦ᠌ ᠬᠡᠷᠡᠭ᠌ᠲᠡᠶ᠃ ᠲᠠᠪᠤ᠎ᠳᠤ᠂ ᠭᠠᠳᠠᠭᠠᠳᠤ ᠲᠠᠯ᠎ᠠ᠎ᠶ᠋ᠢᠨ ᠳᠡᠮᠵᠢᠯᠭᠡ᠎ᠶ᠋ᠢ ᠴᠢᠷᠮᠠᠢᠨ ᠣᠯᠬᠤ ᠬᠡᠷᠡᠭ᠌ᠲᠡᠢ᠃ ᠠᠹᠭᠠᠨᠢᠰᠲ᠋ᠠᠨ ᠪᠣᠯᠤᠨ ᠫᠠᠺᠢᠰᠲ᠋ᠠᠨ ᠵᠡᠷᠭᠡ ᠤᠯᠤᠰ᠎ᠤᠨ ᠬᠠᠷᠢᠯᠴᠠᠭ᠎ᠠ᠎ᠶ᠋ᠢ ᠦᠷᠭᠦᠯᠵᠢᠯᠡᠨ ᠰᠠᠢᠵᠢᠷᠠᠭᠤᠯᠵᠤ᠂ ᠳᠡᠯᠡᠬᠡᠶ ᠨᠡᠢᠭᠡᠮ᠎ᠠᠴᠠ ᠠᠹᠭᠠᠨᠢᠰᠲ᠋ᠠᠨ᠎ᠤ ᠨᠠᠢᠷᠠᠮᠳᠠᠯ᠎ᠢᠶᠠᠷ ᠡᠶᠡᠳᠡᠬᠦ᠌ ᠠᠬᠢᠴᠠ᠎ᠳᠤ ᠦᠵᠡᠬᠦᠯᠬᠦ᠌ ᠳᠡᠮᠵᠢᠯᠭᠡ ᠬᠠᠮᠵᠢᠯᠴᠠᠭ᠎ᠠ᠎ᠶ᠋ᠢ ᠨᠡᠩ ᠢᠯᠡᠬᠦᠤ ᠤᠯᠬᠤ᠎ᠪᠠᠷ ᠴᠢᠷᠮᠠᠢᠬᠤ ᠬᠡᠷᠡᠭ᠌ᠲᠡᠢ᠃
    ᠡᠨᠡ ᠶᠠᠪᠤᠴᠠ᠎ᠳᠤ ᠪᠠᠰᠠ ᠭᠤᠷᠪᠠᠨ ᠵᠠᠷᠴᠢᠮ᠎ᠢ ᠪᠠᠷᠢᠮᠲᠠᠯᠠᠬᠤ ᠶᠤᠰᠤᠳᠠᠢ ᠭᠡᠵᠦ᠍ ᠪᠢᠳᠡ ᠦᠵᠡᠵᠦ᠍ ᠪᠠᠢᠨ᠎ᠠ᠄
    ᠡᠩ ᠲᠡᠷᠢᠭᠦᠨ᠎ᠳᠤ᠂ ᠠᠹᠭᠠᠨᠢᠰᠲ᠋ᠠᠨᠴᠤᠳ᠎ᠢᠶᠠᠷ ᠭᠤᠣᠯᠯᠠᠭᠤᠯᠬᠤ᠎ᠶ᠋ᠢ ᠪᠠᠷᠢᠮᠲᠠᠯᠠᠵᠤ᠂ ᠠᠹᠭᠠᠨᠢᠰᠲ᠋ᠠᠨ᠎ᠤ ᠠᠷᠠᠳ ᠲᠦᠮᠡᠨ᠎ᠢᠶᠠᠷ ᠤᠯᠤᠰ ᠣᠷᠣᠨ᠎ᠤ ᠢᠷᠡᠭᠡᠳᠦᠶ᠎ᠪᠠᠨ ᠡᠷᠭᠡ ᠮᠡᠳᠡᠨ ᠲᠣᠭ᠍ᠲᠠᠭᠠᠯᠭᠠᠵᠤ᠂ ᠦᠨᠳᠦᠰᠦᠲᠡᠨ᠎ᠤ᠎ᠪᠠᠨ ᠬᠤᠪᠢ ᠵᠠᠶᠠᠭ᠎ᠠ᠎ᠶ᠋ᠢ ᠪᠦᠷᠢᠮᠦᠰᠦᠨ ᠡᠵᠡᠮᠱᠢᠭᠦ᠌ ᠪᠤᠯᠭᠠᠨ᠎ᠠ᠃ ᠳᠠᠷᠠᠭ᠎ᠠ᠎ᠨᠢ᠂ ᠡᠩᠭᠡ ᠲᠠᠢᠪᠤᠩ᠎ᠢ ᠤᠷᠢᠳ᠎ᠢᠶᠠᠷ ᠪᠣᠳᠣᠯᠬᠢᠯᠠᠬᠤ᠎ᠶ᠋ᠢ ᠪᠠᠷᠢᠮᠲᠠᠯᠠᠵᠤ᠂ ᠡᠯ᠎ᠡ ᠲᠠᠯ᠎ᠠ᠎ᠶ᠋ᠢᠨ᠎ᠬᠢᠨ ᠴᠥᠮ ᠵᠡᠪᠰᠡᠭ᠌ᠲᠦ ᠬᠦᠴᠦᠨ᠎ᠢᠶᠠᠷ ᠥᠪᠡᠷ᠎ᠤᠨ ᠠᠱᠢᠭ ᠲᠤᠰᠠ᠎ᠶ᠋ᠢᠨ ᠬᠦᠰᠡᠯ ᠱᠠᠭᠠᠷᠳᠠᠯᠭ᠎ᠠ᠎ᠪᠠᠨ ᠪᠡᠶᠡᠯᠡᠭᠦᠯᠬᠦ᠌᠎ᠠᠴᠠ ᠵᠠᠢᠯᠠᠰᠭᠢᠪᠡᠯ ᠵᠤᠬᠢᠨ᠎ᠠ᠃ ᠭᠤᠷᠪᠠᠳᠤᠭᠠᠷ᠎ᠲᠤ᠌᠂ ᠥᠷᠭᠡᠨ ᠳᠡᠯᠭᠡᠷ ᠪᠠᠭ᠍ᠲᠠᠭᠠᠮᠵᠢᠲᠠᠢ ᠪᠠᠢᠬᠤ᠎ᠶ᠋ᠢ ᠪᠠᠷᠢᠮᠲᠠᠯᠠᠵᠤ᠂ ᠢᠷᠡᠭᠡᠳᠦᠢ᠎ᠶ᠋ᠢᠨ ᠠᠹᠭᠠᠨᠢᠰᠲ᠋ᠠᠨ ᠨᠡᠩ ᠪᠠᠭ᠍ᠲᠠᠭᠠᠮᠵᠢᠲᠠᠢ᠂ ᠨᠡᠩ ᠪᠦᠯᠬᠦᠮᠳᠡᠯ᠎ᠲᠠᠢ᠂ ᠨᠡᠩ ᠬᠦᠴᠦᠨ᠎ᠲᠠᠢ ᠪᠠᠢᠪᠠᠯ ᠵᠤᠬᠢᠨ᠎ᠠ᠃
    ᠠᠹᠭᠠᠨᠢᠰᠲ᠋ᠠᠨ᠎ᠤ ᠠᠷᠠᠳ ᠲᠦᠮᠡᠨ ᠳᠠᠢᠨ ᠲᠠᠵᠢᠨ᠎ᠤ ᠪᠠᠷᠠᠭᠠᠨ ᠰᠡᠬᠦᠳᠡᠷ᠎ᠠᠴᠠ ᠰᠠᠯᠵᠤ᠂ ᠵᠣᠯ ᠵᠢᠷᠭᠠᠯᠳᠤ ᠠᠮᠢᠳᠤᠷᠠᠯ᠎ᠢᠶᠠᠨ ᠬᠥᠭᠡᠭᠡᠴᠡᠯᠳᠦᠬᠦ᠌ ᠡᠷᠬᠡ᠎ᠲᠠᠢ ᠶᠤᠮ᠃ ᠬᠥᠷᠰᠢ ᠵᠡᠷᠭᠡᠯᠡᠳᠡᠭᠡ ᠪᠠ ᠠᠬ᠎ᠠ ᠳᠡᠭᠦᠦ ᠪᠣᠯᠤᠭ᠍ᠰᠠᠨ᠎ᠤ ᠬᠤᠪᠢ᠎ᠳᠤ᠂ ᠳᠤᠮᠳᠠᠳᠤ ᠤᠯᠤᠰ᠎ᠤᠨ ᠠᠷᠠᠳ ᠲᠦᠮᠡᠨ ᠶᠡᠷᠦ᠎ᠠᠴᠠ ᠠᠹᠭᠠᠨᠢᠰᠲ᠋ᠠᠨ᠎ᠤ ᠠᠷᠠᠳ ᠲᠦᠮᠡᠨ᠎ᠲᠠᠢ ᠡᠷᠡᠰ ᠪᠠᠲᠤ ᠬᠠᠮᠲᠤ ᠵᠣᠭ᠍ᠰᠣᠵᠤ ᠪᠤᠢ᠃ ᠳᠤᠮᠳᠠᠳᠤ᠎ᠶ᠋ᠢᠨ ᠲᠠᠯ᠎ᠠ᠎ᠶ᠋ᠢᠨ᠎ᠬᠢᠨ ᠠᠹᠭᠠᠨᠢᠰᠲ᠋ᠠᠨ᠎ᠤ ᠳᠣᠲᠣᠭᠠᠳᠤ᠎ᠶ᠋ᠢᠨ ᠬᠡᠯᠡᠯᠴᠡᠭᠡ᠎ᠶ᠋ᠢ ᠠᠬᠢᠭᠤᠯᠬᠤ᠂ ᠡᠩᠬᠡ ᠲᠠᠢᠪᠤᠩ ᠲᠣᠭ᠍ᠲᠠᠭᠤᠨ᠎ᠢ ᠰᠡᠷᠭᠦᠭᠡᠬᠦ᠂ ᠠᠵᠤ ᠠᠬᠤᠢ᠎ᠶ᠋ᠢᠨ ᠲᠠᠬᠢᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ᠂ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠳᠤ ᠣᠷᠣᠯᠴᠠᠬᠤ᠎ᠳᠤ ᠦᠷᠬᠦᠯᠵᠢᠯᠠᠨ ᠢᠳᠡᠪᠬᠢᠲᠡᠢ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠤᠨ᠎ᠠ᠃
    ᠬᠤᠪᠧᠶ᠎ᠶ᠋ᠢᠨ ᠣᠳᠣᠨ ᠲᠧᠯᠸᠢᠰ᠎ᠤᠨ ᠰᠤᠷᠪᠤᠯᠵᠢᠯᠠᠭ᠍ᠴᠢ᠄ ᠭᠠᠳᠠᠭᠠᠳᠤ ᠶᠠᠪᠤᠳᠠᠯ᠎ᠤᠨ ᠶᠠᠮᠤᠨ᠎ᠤ᠎ᠬᠢᠨ ᠦᠬᠠᠨ᠎ᠤ ᠨᠡᠷ᠎ᠡ ᠬᠦᠨᠳᠤ᠎ᠶ᠋ᠢ ᠰᠡᠷᠬᠦᠬᠡᠬᠦ᠂ ᠦᠬᠠᠨ᠎ᠢ ᠬᠠᠮᠠᠭᠠᠯᠠᠬᠤ ᠳᠠᠢᠯᠠᠯᠲᠤᠭᠠᠨ᠎ᠤ ᠢᠯᠠᠯᠲᠠ᠎ᠶ᠋ᠢ ᠤᠯᠬᠤ᠎ᠳᠤ ᠯᠤᠲᠤ ᠶᠡᠭᠡ ᠴᠢᠷᠮᠠᠢᠯᠭ᠎ᠠ ᠭᠠᠷᠭᠠᠵᠠᠶ᠃ ᠬᠤᠢᠱᠢᠳᠠ ᠭᠠᠳᠠᠭᠠᠳᠤ ᠶᠠᠪᠤᠳᠠᠯ᠎ᠤᠨ ᠶᠠᠮᠤᠨ᠎ᠤ᠎ᠬᠢᠨ ᠬᠤᠪᠸᠢ᠎ᠶ᠋ᠢᠨ ᠬᠥᠭ᠌ᠵᠢᠯᠳᠠ ᠨᠡᠬᠡᠬᠡᠯᠳᠠ᠎ᠳᠤ ᠶᠠᠮᠠᠷᠱᠢᠤ ᠬᠠᠪᠰᠤᠷᠤᠯᠭ᠎ᠠ ᠬᠠᠩᠭᠠᠬᠤ ᠪᠤᠢ?
    ᠸᠠᠩ ᠢ᠄ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠪᠸᠢ᠎ᠶ᠋ᠢ ᠬᠠᠮᠠᠭᠠᠯᠠᠬᠤ ᠲᠠᠢᠯᠠᠯᠲᠤᠭᠠᠨ᠂ ᠦᠬᠠᠨ᠎ᠢ ᠬᠠᠮᠠᠭᠠᠯᠠᠬᠤ ᠲᠠᠢᠯᠠᠯᠲᠤᠭᠠᠨ᠎ᠤ ᠱᠢᠢᠳᠪᠦᠷᠢᠲᠦ ᠴᠢᠨᠠᠷᠲᠠᠶ ᠦᠷ᠎ᠡ ᠪᠦᠳᠤᠭᠡᠯ᠎ᠢ ᠤᠯᠪᠠ᠃ ᠡᠨᠡ ᠤᠳᠠᠭᠠᠨ᠎ᠤ ᠱᠢᠷᠭᠠᠭᠤ ᠬᠠᠲᠠᠭᠤᠵᠢᠯᠲᠠᠶ ᠭᠠᠷᠮᠠᠭᠠᠢ ᠲᠡᠮᠡᠴᠡᠯ᠎ᠳᠤ᠂ ᠬᠤᠪᠸᠢ ᠪᠣᠯᠤᠨ ᠦᠬᠠᠨ᠎ᠤ ᠠᠷᠠᠳ ᠲᠦᠮᠡᠨ ᠯᠤᠲᠤ ᠶᠡᠭᠡ ᠴᠢᠷᠮᠠᠢᠯᠭ᠎ᠠ ᠪᠠ ᠦᠷᠡᠭ᠌ᠳᠡᠯ ᠭᠠᠷᠭᠠᠵᠤ᠂ ᠪᠦᠬᠦ᠌ ᠤᠯᠤᠰ ᠴᠢᠨᠠᠭ᠍ᠰᠢᠯᠠᠪᠠᠯ ᠳᠡᠯᠡᠬᠡᠶ᠎ᠶ᠋ᠢᠨ ᠬᠢᠵᠢᠭ᠎ᠲᠠᠢ ᠲᠡᠮᠡᠴᠡᠬᠦ᠌ ᠲᠡᠮᠡᠴᠡᠯ᠎ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠠᠢ᠂ ᠠᠳᠡ ᠪᠢ ᠭᠠᠳᠠᠭᠠᠳᠤ ᠬᠠᠷᠢᠯᠴᠠᠭᠠᠨ᠎ᠤ ᠹᠷᠣᠨᠲ᠎ᠤᠨ ᠪᠦᠬᠦ᠌ ᠨᠥᠬᠦᠳ᠎ᠢ ᠲᠥᠯᠥᠭᠡᠯᠡᠵᠦ᠍᠂ ᠡᠷᠡᠯᠬᠡᠭ ᠪᠠᠭᠠᠲᠤᠷᠯᠢᠭ ᠬᠤᠪᠸᠢ᠎ᠶ᠋ᠢᠨ ᠠᠷᠠᠳ ᠲᠦᠮᠡᠨ ᠪᠠ ᠦᠬᠠᠨ᠎ᠤ ᠠᠷᠠᠳ ᠲᠦᠮᠡᠨ᠎ᠳᠤ ᠡᠷᠬᠢᠮ ᠳᠡᠭᠡᠳᠦ ᠬᠦᠨᠳᠦᠳᠭᠡᠯ᠎ᠢᠶᠠᠨ ᠳᠡᠪᠱᠢᠭᠦᠯᠦᠶ᠎ᠡ!
    ᠬᠢᠵᠢᠭ᠎ᠤᠨ ᠪᠠᠢᠳᠠᠯ ᠡᠭᠦᠰᠦᠭ᠌ᠰᠡᠨ᠎ᠠᠴᠠ ᠨᠠᠭᠠᠰᠢ᠂ ᠭᠠᠳᠠᠭᠠᠳᠤ ᠬᠠᠷᠢᠯᠴᠠᠭᠠᠨ᠎ᠤ ᠹᠷᠣᠨᠲ᠎ᠤᠨ᠎ᠬᠢᠨ ᠬᠤᠪᠸᠢ᠎ᠶ᠋ᠢ ᠬᠠᠮᠠᠭᠠᠯᠠᠬᠤ ᠲᠠᠢᠯᠠᠯᠲᠤᠭᠠᠨ᠂ ᠦᠬᠠᠨ᠎ᠢ ᠬᠠᠮᠠᠭᠠᠯᠠᠬᠤ ᠲᠠᠢᠯᠠᠯᠲᠤᠭᠠᠨ᠎ᠳᠤ ᠢᠳᠡᠪᠬᠢᠲᠡᠶ ᠣᠷᠣᠯᠴᠠᠪᠠ᠂ ᠪᠢᠳᠠ ᠲᠦᠪ᠎ᠤᠨ ᠵᠢᠯᠤᠭᠤᠳᠭᠤ ᠲᠤᠭᠤᠢ᠍ᠢᠯᠠᠩ᠎ᠤᠨ ᠨᠢᠬᠡᠳᠤᠯᠳᠠᠢ ᠲᠦᠯᠤᠪᠵᠢᠬᠦᠯᠬᠡ ᠲᠤᠤᠷ᠎ᠠ᠂ ᠦᠬᠠᠨ᠎ᠳᠤ ᠠᠵᠢᠯᠯᠠᠬᠤ ᠳᠤᠭᠤᠢᠯᠠᠩ ᠲᠣᠮᠢᠯᠠᠵᠤ᠂ ᠬᠤᠪᠸᠢ᠎ᠶ᠋ᠢ ᠲᠤᠰᠠᠯᠠᠬᠤ ᠬᠢᠵᠢᠭ᠎ᠲᠠᠢ ᠲᠡᠮᠡᠴᠡᠬᠦ᠌ ᠡᠳ᠋ ᠪᠣᠳᠠᠰ᠎ᠢ ᠴᠤᠭ᠍ᠯᠠᠭᠤᠯᠵᠤ᠂ ᠤᠯᠠᠨ ᠤᠯᠤᠰ᠎ᠤᠨ ᠲᠤᠰᠠᠯᠠᠮᠵᠢ᠎ᠶ᠋ᠢ ᠵᠣᠬᠢᠴᠠᠭᠤᠯᠤᠨ ᠬᠦᠯᠢᠶᠡᠨ ᠠᠪᠤᠪᠠ᠃ ᠭᠠᠳᠠᠭᠠᠳᠤ ᠬᠠᠷᠢᠯᠴᠠᠭᠠᠨ᠎ᠤ ᠱᠢᠰᠲ᠋ᠧᠮ᠎ᠤᠨ ᠬᠤᠪᠧᠶ᠎ᠳᠤ ᠲᠥᠷᠥᠯ ᠰᠠᠳᠤᠨ᠎ᠢᠶᠠᠨ ᠡᠷᠭᠢᠨ ᠦᠵᠡᠵᠦ᠍ ᠠᠮᠠᠷᠠᠯᠳᠠ᠎ᠪᠠᠨ ᠠᠪᠴᠤ᠌ ᠪᠠᠢᠬ᠍ᠰᠠᠨ ᠵᠠᠭᠤ ᠭᠠᠷᠤᠶ ᠺᠠᠳ᠋ᠷ ᠴᠤ᠌ ᠬᠦᠳᠡᠯᠦᠯᠴᠡᠨ᠂ ᠲᠤᠬᠠᠢ᠎ᠶ᠋ᠢᠨ ᠭᠠᠵᠠᠷ᠎ᠤᠨ ᠬᠢᠵᠢᠭ᠎ᠲᠠᠢ ᠲᠡᠮᠡᠴᠡᠬᠦ᠌ ᠠᠵᠢᠯ᠎ᠳᠤ ᠤᠷᠤᠯᠴᠠᠵᠤ᠂ ᠨᠤᠳᠤᠬ᠎ᠤᠨ ᠠᠬ᠎ᠠ ᠲᠡᠬᠦᠤ ᠨᠠᠷ᠎ᠲᠠᠢ ᠮᠦᠷᠤ ᠵᠡᠷᠬᠡᠴᠡᠨ ᠪᠠᠢᠯᠳᠤᠪᠠ᠃ ᠬᠢᠵᠢᠭ᠎ᠤᠨ ᠪᠠᠢᠳᠠᠯ ᠡᠭᠦᠰᠭᠦ᠎ᠳᠤ᠂ ᠭᠠᠳᠠᠭᠠᠳᠤ᠎ᠳᠤ ᠪᠠᠢᠭ᠎ᠠ ᠬᠤᠪᠧᠶ᠎ᠶ᠋ᠢᠨ ᠠᠬ᠎ᠠ ᠳᠡᠭᠦᠤ ᠨᠡᠷ ᠰᠠᠳᠤᠨ ᠲᠥᠷᠥᠯ᠎ᠢᠶᠠᠨ ᠰᠠᠨᠠᠭᠠᠯᠵᠠᠵᠤ ᠪᠠᠢᠭ᠍ᠰᠠᠨ ᠪᠣᠯᠪᠠᠴᠤ᠌ ᠵᠠᠮ ᠬᠠᠷᠢᠯᠴᠠᠭ᠎ᠠ ᠲᠠᠰᠤᠯᠤᠭ᠍ᠳᠠᠭ᠍ᠰᠠᠨ᠎ᠠᠴᠠ ᠤᠯᠤᠰ᠎ᠲᠠᠭᠠᠨ ᠪᠤᠴᠠᠬᠤ ᠵᠠᠮ ᠦᠭᠡᠶ ᠪᠣᠯᠵᠠᠶ᠂ ᠪᠢᠳᠡ ᠭᠠᠳᠠᠭᠠᠳᠤ᠎ᠳᠤ ᠰᠠᠭᠤᠭ᠎ᠠ ᠡᠯ᠎ᠡ ᠡᠯᠴᠢᠨ ᠰᠠᠢᠳ᠎ᠤᠨ ᠶᠠᠮᠤᠨ ᠺᠤᠨᠰᠦ᠋ᠯ᠎ᠤᠨ ᠭᠠᠵᠠᠷ᠎ᠢ ᠳᠠᠢᠴᠢᠯᠠᠨ ᠠᠬ᠎ᠠ ᠳᠡᠭᠦᠦ ᠨᠡᠷ᠎ᠲᠠᠢ᠎ᠪᠠᠨ ᠬᠤᠯᠪᠣᠭ᠎ᠠ ᠠᠪᠴᠤ᠌᠂ ᠨᠢᠰᠭᠡᠯ ᠲᠦᠷᠢᠶᠡᠰᠤᠯᠠᠵᠤ ᠣᠯᠠᠨ᠎ᠢ ᠭᠡᠷ᠎ᠲᠤᠨᠢ ᠬᠦᠷᠭᠡᠭᠦᠯᠬᠦ᠌᠎ᠪᠠᠷ ᠲᠣᠬᠢᠷᠠᠭᠤᠯᠵᠠᠢ᠃
    ᠣᠳᠣᠬᠠᠨ᠎ᠳᠤ ᠬᠤᠪᠧᠶ᠎ᠶ᠋ᠢᠨ ᠠᠵᠤ ᠠᠬᠤᠶ᠂ ᠨᠡᠢᠭᠡᠮ᠎ᠤᠨ ᠡᠯ᠎ᠡ ᠲᠠᠯ᠎ᠠ᠎ᠶ᠋ᠢᠨ ᠡᠮᠬᠢ ᠳᠢᠭ᠌ᠯᠢᠮ ᠠᠩᠬ᠎ᠠ ᠠᠯᠬᠤᠮ ᠬᠡᠪ᠎ᠤᠨ ᠪᠠᠢᠳᠠᠯ᠎ᠢᠶᠠᠨ ᠰᠡᠷᠭᠦᠭᠡᠵᠡᠶ᠃ ᠭᠠᠳᠠᠭᠠᠳᠤ ᠶᠠᠪᠤᠳᠠᠯ᠎ᠤᠨ ᠶᠠᠮᠤᠨ᠎ᠤ᠎ᠬᠢᠨ ᠲᠤᠰ ᠪᠡᠶ᠎ᠡ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ᠂ ᠬᠤᠪᠧᠶ᠎ᠶ᠋ᠢᠨ 《ᠬᠢᠵᠢᠭ᠎ᠤᠨ ᠲᠠᠷᠠᠭᠠᠬᠢ ᠴᠠᠬ ᠦᠶ᠎ᠠ》 ᠎ᠶ᠋ᠢᠨ ᠬᠥᠭ᠌ᠵᠢᠯᠲᠡ᠎ᠳᠤ ᠬᠦᠴᠦᠨ ᠨᠡᠮᠡᠷᠢᠯᠡᠨ᠎ᠡ᠃ ᠪᠢᠳᠡ ᠬᠤᠪᠧᠶ᠂ ᠦᠬᠠᠨ᠎ᠳᠤ ᠪᠠᠴᠢᠮ ᠬᠡᠷᠡᠭ᠌ᠴᠡᠭᠡ ᠪᠦᠬᠦᠢ ᠬᠥᠮᠦᠰ᠎ᠤᠨ ᠶᠠᠪᠤᠯᠴᠠᠭ᠎ᠠ᠎ᠶ᠋ᠢᠨ ᠲᠦᠷᠭᠡᠨ ᠪᠦᠭᠡᠳ ᠲᠦᠳᠡ ᠵᠠᠮ᠎ᠢ ᠨᠡᠭᠡᠭᠡᠵᠤ ᠦᠭ᠌ᠬᠦ ᠲᠤᠬᠠᠶ ᠢᠳᠡᠪᠬᠢᠲᠡᠶ ᠰᠤᠳᠤᠯᠤᠨ ᠶᠠᠷᠢᠯᠴᠠᠵᠤ᠂ ᠬᠤᠪᠸᠢ᠎ᠶ᠋ᠢᠨ ᠭᠠᠳᠠᠭᠠᠳᠤ᠎ᠲᠠᠢ ᠬᠤᠯᠪᠤᠭ᠍ᠳᠠᠭ᠍ᠰᠠᠨ ᠠᠵᠤ ᠠᠬᠤᠢᠯᠠᠯ᠎ᠤᠨ ᠠᠵᠢᠯ᠎ᠢᠶᠠᠨ ᠰᠡᠷᠭᠦᠭᠡᠬᠦ᠌  ᠦᠢᠯᠡᠳᠪᠦᠷᠢᠯᠡᠯ᠎ᠢᠶᠠᠨ ᠰᠡᠷᠭᠦᠭᠡᠬᠦ᠌᠎ᠶ᠋ᠢ ᠲᠡᠮᠵᠢᠨ᠎ᠠ; ᠪᠢᠳᠡ ᠪᠦᠬᠦ᠌ ᠪᠥᠮᠪᠥᠷᠴᠡᠭ᠎ᠤᠨ ᠬᠢᠵᠢᠭ᠎ᠤᠨ ᠪᠠᠢᠳᠠᠯ᠎ᠤᠨ ᠬᠠᠨᠳᠤᠰᠢ᠎ᠶ᠋ᠢ ᠦᠨᠳᠦᠰᠦᠯᠡᠵᠦ᠍᠂ ᠬᠤᠪᠸᠢ᠎ᠶ᠋ᠢᠨ ᠤᠯᠠᠨ ᠤᠯᠤᠰ᠎ᠤᠨ ᠰᠣᠯᠢᠯᠴᠠᠭ᠎ᠠ᠎ᠶ᠋ᠢ ᠲᠠᠬᠢᠨ ᠡᠬᠢᠯᠡᠭᠦᠯᠬᠦ᠂ ᠭᠠᠳᠠᠭᠠᠳᠤ᠎ᠯᠤᠭ᠎ᠠ᠎ᠶ᠋ᠢᠨ ᠬᠠᠮᠲᠤᠷᠠᠯᠴᠠᠭ᠎ᠠ᠎ᠶ᠋ᠢ ᠥᠷᠭᠡᠳᠭᠡᠬᠦ᠌᠎ᠳᠤ ᠨᠡᠩ ᠤᠯᠠᠨ ᠠᠵᠠ ᠲᠣᠬᠢᠶᠠᠯ ᠡᠭᠦᠳᠴᠦ᠍ ᠥᠭ᠌ᠭᠦᠨ᠎ᠡ᠃ ᠨᠥᠬᠦᠴᠡᠯ ᠪᠦᠷᠢᠯᠳᠦᠭ᠌ᠰᠡᠨ ᠦᠶ᠎ᠡ᠎ᠳᠤ᠂ ᠭᠠᠳᠠᠭᠠᠳᠤ ᠶᠠᠪᠤᠳᠠᠯ᠎ᠤᠨ ᠶᠠᠮᠤᠨ᠎ᠤ᠎ᠬᠢᠨ ᠲᠤᠷᠠᠳᠠᠶ᠎ᠠ ᠬᠤᠪᠧᠶ᠎ᠳᠤ ᠪᠠᠰᠠ ᠨᠢᠭᠡ ᠤᠳᠠᠭ᠎ᠠ᠎ᠶ᠋ᠢᠨ ᠪᠦᠬᠦ᠌ ᠪᠦᠮᠪᠦᠷᠴᠡᠭ᠎ᠲᠤ ᠤᠨᠴᠠᠭᠠᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠡᠷᠬᠢᠯᠡᠵᠦ᠍᠂ ᠳᠡᠯᠡᠬᠡᠶ᠎ᠶ᠋ᠢᠨ ᠡᠯ᠎ᠡ ᠤᠯᠤᠰ᠎ᠲᠤ ᠭᠠᠯ ᠤᠰᠤᠨ᠎ᠤ ᠠᠶᠤᠯ᠎ᠳᠤ ᠳᠠᠬᠢᠨ ᠠᠮᠢᠯᠠᠵᠤ ᠭᠠᠷᠤᠳᠢ ᠨᠢᠷᠸᠠᠨ ᠳᠦᠷᠢ ᠦᠵᠡᠭᠦᠯᠦᠭ᠌ᠰᠡᠨ ᠬᠤᠪᠧᠶ ᠪᠣᠯᠤᠨ ᠦᠬᠠᠨ᠎ᠢ ᠲᠡᠯᠬᠡᠨ ᠦᠵᠡᠬᠦᠯᠦᠨ᠎ᠡ᠂ ᠮᠥᠨ ᠴᠦ᠍ ᠳᠡᠯᠡᠬᠡᠶ᠎ᠶ᠋ᠢᠨ ᠠᠷᠠᠳ ᠲᠦᠮᠡᠨ᠎ᠳᠤ ᠬᠤᠪᠧᠶ᠎ᠶ᠋ᠢ ᠨᠠᠩ ᠢᠯᠡᠭᠦᠤ ᠣᠢᠯᠠᠭᠠᠭᠤᠯᠵᠤ᠂ ᠦᠬᠠᠨ᠎ᠢ ᠳᠡᠮᠵᠢᠬᠦ᠌ ᠪᠣᠯᠭᠠᠨ᠎ᠠ᠃
    ᠰᠤᠷᠪᠤᠯᠵᠢᠯᠠᠭ᠍ᠴᠢ᠎ᠶ᠋ᠢᠨ ᠬᠤᠷᠠᠯ 1 ᠴᠠᠭ 40 ᠮᠢᠨᠦ᠋ᠲ ᠶᠠᠪᠤᠬ᠍ᠳᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号