ᠶᠠᠳᠠᠭᠤ᠎ᠶ᠋ᠢ ᠲᠡᠳᠬᠦᠬᠦ᠌ ᠦᠷ᠎ᠠ ᠪᠦᠲᠦᠮᠵᠢ᠎ᠶ᠋ᠢ ᠪᠠᠬᠢᠵᠢᠭᠦᠯᠵᠦ᠍ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠪᠤᠯᠤᠨ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠶ᠋ᠢ ᠤᠷᠭᠠᠨᠢᠭ᠎ᠢᠶᠠᠷ ᠵᠤᠯᠭᠠᠭᠤᠯᠤᠨ᠎ᠠ -- ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠦᠪᠡᠷᠲᠡᠭᠡᠨ ᠵᠠᠰᠠᠬᠤ ᠣᠷᠣᠨ᠎ᠤ ᠨᠡᠢᠭᠡᠮ᠎ᠤᠨ ᠡᠯ᠎ᠡ ᠡᠲᠡᠭᠡᠳ᠎ᠤᠨ ᠳᠤᠮᠳᠠ ᠴᠢᠩᠭ᠎ᠠ ᠳᠤᠰᠭᠠᠯ ᠭᠠᠷᠪᠠ
2020-05-26 09:54:43
ᠵᠣᠬᠢᠶᠠᠭ᠍ᠴᠢ᠄
ᠭᠤᠸ᠎ᠠ ᠬᠡᠱᠢᠭ᠌ᠪᠦᠶᠠᠨ ᠸ᠊ · ᠭᠡᠷᠡᠯᠳᠤ ᠲᠡᠬᠦᠰᠪᠢᠯᠢᠭ ᠬᠠᠢ ᠵᠢᠶᠦ᠋ᠨ
ᠣᠩᠱᠢᠭ᠍ᠰᠠᠨ ᠣᠳᠠᠭ᠎ᠠ᠄
★★★☆☆

     ᠶᠡᠷᠦᠩᠬᠡᠢ ᠱᠦᠵᠢ ᠰᠢ᠎ᠶ᠋ᠢᠨ ᠫᠢᠩ 5 ᠰᠠᠷ᠎ᠡ᠎ᠶ᠋ᠢᠨ 22 ᠎ᠤᠨ ᠦᠳᠡ᠎ᠶ᠋ᠢᠨ ᠬᠤᠢᠨ᠎ᠠ ᠲᠡᠬᠦᠨ᠎ᠤ ᠪᠠᠢᠭ᠎ᠠ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠭᠤᠷᠪᠠᠳᠤᠭᠠᠷ ᠬᠤᠷᠡᠯ᠎ᠤᠨ ᠦᠪᠤᠷ ᠮᠤᠩᠭᠤᠯ᠎ᠤᠨ ᠲᠦᠯᠥᠬᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ᠎ᠳᠠᠭᠠᠨ 《ᠠᠵᠢᠯ ᠦᠢᠯᠡᠰ ᠠᠵᠢᠯ ᠤᠯᠭᠤᠯᠳᠠ᠎ᠪᠠᠷ ᠶᠠᠳᠠᠭᠤ᠎ᠶ᠋ᠢ ᠳᠡᠳᠬᠦᠬᠦ᠌ ᠦᠷ᠎ᠠ ᠪᠦᠲᠦᠮᠵᠢ᠎ᠶ᠋ᠢ ᠪᠠᠬᠢᠵᠢᠭᠦᠯᠦᠨ ᠦᠷᠭᠡᠳᠭᠡᠵᠤ᠂ ᠶᠠᠳᠠᠭᠤ᠎ᠶ᠋ᠢ ᠳᠡᠳᠭᠦᠬᠦ᠌᠎ᠪᠠᠷ ᠤᠨᠳᠤᠤ ᠭᠠᠵᠠᠷ᠎ᠲᠤ ᠨᠡᠭᠦᠯᠭᠡᠭ᠌ᠰᠡᠨ᠎ᠤ ᠳᠠᠷᠠᠭᠠᠬᠢ ᠳᠡᠮᠵᠢᠯᠭᠡ᠎ᠶ᠋ᠢ ᠰᠠᠢᠳᠤᠷ ᠬᠢᠵᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠪᠤᠯᠤᠨ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠶ᠋ᠢ ᠤᠷᠭᠠᠨᠢᠭ᠎ᠢᠶᠠᠷ ᠵᠤᠯᠭᠠᠭᠤᠯᠬᠤ᠎ᠶ᠋ᠢ ᠠᠬᠢᠭᠤᠯᠬᠤ ᠬᠡᠷᠡᠭ᠌ᠳᠠᠢ》 ᠬᠡᠵᠦ᠍ ᠱᠠᠭᠠᠷᠳᠠᠵᠠᠢ᠃ ᠡᠨᠡ᠎ᠨᠢ ᠪᠦᠬᠦ᠌ ᠤᠷᠤᠨ᠎ᠤ ᠨᠡᠢᠭᠡᠮ᠎ᠤᠨ ᠡᠯ᠎ᠡ ᠡᠳᠡᠭᠡᠳ᠂ ᠶᠠᠳᠠᠭᠤ᠎ᠶ᠋ᠢ ᠲᠡᠳᠬᠦᠬᠦ᠌ ᠡᠮᠦᠨ᠎ᠡ ᠹᠷᠤᠨᠲ᠎ᠲᠤ ᠭᠠᠪᠱᠢᠭᠠᠢᠯᠠᠵᠦ᠍ ᠪᠠᠢᠭ᠎ᠠ ᠺᠠᠳ᠋ᠷ ᠤᠯᠠᠨ ᠲᠦᠮᠡᠨ ᠪᠤᠯᠤᠨ ᠦᠷᠭᠡᠨ ᠤᠯᠠᠨ ᠮᠠᠯᠴᠢᠨ ᠲᠠᠷᠢᠶᠠᠴᠢᠨ᠎ᠤ ᠲᠤᠮᠳᠠ ᠴᠢᠩᠭ᠎ᠠ ᠲᠤᠰᠭᠠᠯ ᠭᠠᠷᠪᠠ᠃
     《ᠪᠢᠳᠡ ᠶᠡᠷᠦᠩᠬᠡᠶ ᠱᠦᠵᠢ᠎ᠶ᠋ᠢᠨ ᠵᠢᠭᠠᠪᠤᠷᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠳᠤ ᠠᠷᠠᠳ ᠲᠦᠮᠡᠨ᠎ᠳᠤ ᠲᠦᠱᠢᠭ᠌ᠯᠡᠨ᠂ ᠠᠷᠠᠳ ᠲᠦᠮᠡᠨ᠎ᠳᠤ ᠠᠱᠢᠭ ᠬᠦᠷᠲᠡᠭᠡᠬᠦ᠌᠎ᠶ᠋ᠢ ᠪᠡᠶᠡᠯᠡᠭᠦᠯᠬᠦ᠌ ᠬᠡᠷᠡᠭ᠌ᠳᠠᠢ᠃ ᠢᠯᠠᠩᠭᠤᠶ᠎ᠠ ᠠᠵᠤ ᠦᠢᠯᠡᠰ ᠠᠵᠢᠯ ᠣᠯᠭᠤᠯᠲᠠ᠎ᠪᠠᠷ ᠶᠠᠳᠠᠭᠤ᠎ᠶ᠋ᠢ ᠲᠡᠳᠬᠦᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ᠎ᠳᠠᠭᠠᠨ ᠪᠣᠳᠠᠲᠤ ᠦᠷ᠎ᠡ ᠪᠦᠲᠦᠮᠵᠢ᠎ᠶ᠋ᠢ ᠴᠢᠬᠤᠯᠠᠴᠢᠯᠠᠵᠤ᠂ ᠬᠠᠮᠢᠶ᠎ᠠ ᠪᠦᠬᠦᠢ ᠠᠷᠭ᠎ᠠ ᠬᠡᠮᠵᠢᠶ᠎ᠡ᠎ᠳᠤ ᠴᠠᠭ ᠲᠤᠬᠠᠶ᠎ᠳᠤᠨᠢ ᠲᠣᠬᠢᠷᠠᠭᠤᠯᠤᠯᠲᠠ ᠬᠢᠵᠦ᠍᠂ ᠶᠠᠳᠠᠭᠤ᠎ᠶ᠋ᠢ ᠲᠡᠳᠬᠦᠬᠦ᠌ ᠠᠵᠤ ᠦᠢᠯᠡᠰ᠎ᠢᠶᠠᠷ ᠶᠠᠳᠠᠭᠤ ᠬᠦᠴᠢᠷᠳᠠᠯᠳᠠᠢ ᠬᠦᠮᠦᠨ ᠠᠮᠠ᠎ᠶ᠋ᠢ ᠳᠠᠢᠴᠢᠯᠠᠨ ᠶᠠᠳᠠᠭᠤ ᠬᠦᠴᠢᠷᠳᠠᠯᠳᠠᠢ ᠬᠦᠮᠦᠨ ᠠᠮᠠ᠎ᠶ᠋ᠢ ᠴᠦᠭᠡᠳᠭᠡᠭᠦ᠌ ᠲᠣᠭ᠍ᠲᠠᠴᠠ᠎ᠶ᠋ᠢ ᠱᠢᠯᠢᠳᠡᠭ᠌ᠵᠢᠭᠦᠯᠵᠦ᠍᠂ ᠤᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠵᠦ᠍᠂ ᠦᠯᠡᠳᠡᠵᠦ᠍ ᠪᠠᠢᠭ᠎ᠠ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠶᠠᠳᠠᠭᠤ᠎ᠠᠴᠠ ᠠᠩᠭᠢᠵᠢᠷᠠᠭᠤᠯᠬᠤ ᠬᠠᠷᠠᠯᠲᠠ ᠡᠭᠦᠷᠭᠡ᠎ᠪᠠᠨ ᠪᠡᠶᠡᠯᠡᠭᠦᠯᠬᠦ᠌᠎ᠶ᠋ᠢ ᠪᠠᠲᠤᠯᠠᠨ᠎ᠠ》 ᠭᠡᠵᠤ ᠥᠪᠡᠷᠲᠡᠭᠡᠨ ᠵᠠᠰᠠᠬᠤ ᠣᠷᠣᠨ᠎ᠤ ᠶᠠᠳᠠᠭᠤ᠎ᠶ᠋ᠢ ᠲᠡᠳᠬᠦᠬᠦ᠌ ᠨᠡᠭᠡᠭᠡᠯᠳᠡ᠎ᠶ᠋ᠢᠨ ᠠᠯᠪᠠᠨ ᠬᠡᠷ᠎ᠤᠨ ᠨᠠᠮ᠎ᠤᠨ ᠤᠳᠤᠷᠢᠳᠭᠤ ᠳᠤᠭᠤᠢ᠍ᠢᠯᠠᠩ᠎ᠤᠨ ᠪᠦᠷᠢᠯᠳᠦᠬᠦᠨ᠂ ᠳᠡᠳ᠋ ᠡᠷᠬᠢᠯᠡᠭ᠌ᠴᠢ ᠹᠧᠩ ᠠᠶ ᠱᠢᠶᠠ ᠳᠤᠭ᠍ᠳᠤᠯᠤᠩᠭᠤᠢ ᠶᠠᠷᠢᠨ᠎ᠠ᠃
     ᠣᠨᠣᠴᠠᠲᠠᠶ᠎ᠪᠠᠷ ᠠᠷᠭ᠎ᠠ ᠪᠤᠳᠤᠯᠭ᠎ᠠ ᠬᠡᠷᠡᠭ᠌ᠵᠢᠭᠦᠯᠬᠦ᠌ ᠨᠠᠮ᠎ᠤᠨ ᠳᠦᠪ ᠬᠤᠷᠢᠶᠠᠨ᠎ᠤ ᠱᠢᠢᠳᠪᠦᠷᠢᠳᠤ ᠪᠤᠳᠤᠯᠭ᠎ᠠ ᠪᠠᠢᠷᠢᠯᠠᠭᠤᠯᠤᠯᠳᠠ ᠶᠡᠷᠦᠩᠬᠡᠶ ᠱᠠᠭᠠᠷᠳᠠᠯᠭ᠎ᠠ ᠶᠣᠰᠣᠭᠠᠷ ᠮᠠᠨ᠎ᠤ ᠤᠷᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠡᠯ᠎ᠡ ᠵᠦᠢᠯ᠎ᠤᠨ ᠠᠵᠢᠯ᠎ᠢ ᠴᠢᠩᠭ᠎ᠠ ᠠᠳᠭᠤᠨ ᠪᠤᠳᠠᠳᠠᠢ ᠠᠳᠭᠤᠵᠤ ᠨᠠᠷᠢᠯᠢᠭ ᠠᠳᠭᠤᠵᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠢᠯᠠᠯᠳᠠ᠎ᠶ᠋ᠢ ᠡᠷᠡᠰ ᠲᠠᠮᠠᠴᠠᠨ ᠤᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠡ᠎ᠪᠠᠷ ᠪᠠᠶᠠᠯᠡᠬᠦᠯᠬᠦ᠌ ᠬᠠᠷᠠᠯᠳᠠ ᠡᠬᠦᠷᠭᠡ᠎ᠪᠠᠨ ᠪᠡᠶᠡᠯᠡᠭᠦᠯᠬᠦ᠌᠎ᠪᠠᠷ ᠴᠢᠷᠮᠠᠢᠭ᠍ᠰᠠᠭᠠᠷ ᠢᠷᠡᠵᠠᠢ᠃ ᠤᠳᠤᠬᠠᠨ᠎ᠳᠤ ᠪᠦᠬᠦ᠌ ᠤᠷᠤᠨ᠎ᠤ 3694 ᠶᠠᠳᠠᠭᠤ ᠬᠦᠴᠢᠷᠳᠡᠯᠲᠡᠶ ᠭᠠᠴᠠᠭ᠎ᠠ ᠲᠣᠰᠭᠤᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠤᠨ᠂ 57 ᠶᠠᠳᠠᠭᠤ ᠬᠦᠴᠢᠷᠳᠡᠯᠲᠡᠢ ᠬᠤᠱᠢᠭᠤ ᠱᠢᠶᠠᠨ ᠪᠦᠬᠦᠨ᠎ᠢᠶᠠᠷ᠎ᠢᠶᠠᠨ ᠶᠠᠳᠠᠭᠤ᠎ᠠᠴᠠ ᠠᠩᠬᠢᠵᠢᠷᠠᠬ᠍ᠰᠠᠨ ᠴᠤ᠌ ᠡᠯ᠎ᠡ ᠭᠠᠵᠠᠷ ᠤᠷᠤᠨ ᠮᠦᠨ ᠬᠦ᠌ 《ᠲᠦᠷᠪᠡ᠎ᠶ᠋ᠢ ᠦᠯᠦ᠍ ᠳᠠᠶᠠᠭ᠍ᠳᠠᠬᠤ》 ᠲᠦᠷᠦ᠎ᠶ᠋ᠢᠨ ᠪᠤᠳᠤᠯᠭ᠎ᠠ᠎ᠶ᠋ᠢ ᠴᠢᠩᠭ᠎ᠠ ᠬᠡᠷᠡᠭ᠌ᠵᠢᠭᠦᠯᠤᠨ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠤᠨ ᠦᠷ᠎ᠡ ᠪᠦᠲᠦᠭᠡᠯ᠎ᠢ ᠨᠡᠩ ᠰᠠᠢᠲᠤᠷ ᠪᠠᠬᠢᠵᠢᠭᠦᠯᠦᠭ᠌ᠰᠡᠬᠡᠷ ᠪᠠᠢᠨ᠎ᠠ᠃ ᠮᠠᠨ᠎ᠤ ᠣᠷᠣᠨ 《ᠠᠷᠪᠠᠨ ᠭᠤᠷᠪᠠᠳᠤᠭᠠᠷ ᠲᠠᠪᠤᠨ ᠵᠢᠯ》 ᠎ᠶ᠋ᠢᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠳᠤ 12.49 ᠲᠦᠮᠡᠨ ᠲᠠᠩᠰᠠᠯᠠᠵᠤ ᠺᠠᠷᠲᠯᠠᠭ᠍ᠰᠠᠨ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢ ᠣᠨᠳᠣᠤ ᠭᠠᠵᠠᠷ᠎ᠲᠤ ᠨᠡᠭᠦᠯᠭᠡᠨ ᠱᠢᠯᠵᠢᠭᠦᠯᠵᠤ ᠶᠠᠳᠠᠭᠤ᠎ᠶ᠋ᠢ ᠲᠡᠳᠬᠦᠬᠦ᠌ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ 2019 ᠣᠨ᠎ᠤ 9 ᠰᠠᠷ᠎ᠠ᠎ᠶ᠋ᠢᠨ ᠰᠡᠭᠦᠯᠴᠢ᠎ᠪᠠᠷ ᠪᠦᠬᠦᠨ᠎ᠢ ᠪᠡᠶᠡᠯᠡᠭᠦᠯᠪᠡ᠃
     《ᠮᠠᠨ᠎ᠤ ᠤᠷᠤᠨ ᠠᠵᠤ ᠦᠢᠯᠡᠰ᠎ᠢᠶᠠᠷ ᠶᠠᠳᠠᠭᠤ᠎ᠶ᠋ᠢ ᠲᠡᠳᠬᠦᠬᠦ᠌ ᠪᠦᠷᠭᠦᠴᠡ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠠᠵᠤ ᠦᠢᠯᠡᠰ ᠪᠣᠯᠤᠨ ᠠᠵᠢᠯ ᠣᠯᠭᠤᠯᠲᠠ᠎ᠶ᠋ᠢ ᠬᠠᠷᠢᠯᠴᠠᠨ ᠨᠥᠬᠦᠪᠥᠷᠢᠯᠡᠬᠦ᠂ ᠣᠬᠤᠷ ᠠᠪᠰᠠᠷᠬᠠᠨ ᠪᠥᠭᠡᠳ ᠲᠦᠷᠭᠡᠨ ᠲᠥᠷᠥᠯ ᠵᠦᠢᠯ ᠪᠣᠯᠤᠨ ᠤᠷᠲᠤ ᠬᠤᠭᠤᠴᠠᠭᠠᠨ᠎ᠤ ᠠᠵᠤ ᠦᠢᠯᠡᠰ᠎ᠢ ᠬᠠᠷᠢᠯᠴᠠᠨ ᠨᠥᠬᠦᠪᠥᠷᠢᠯᠡᠬᠦ᠂ ᠣᠷᠣᠨ᠎ᠤ ᠭᠠᠳᠠᠨ᠎ᠠ ᠬᠦᠴᠦ᠍ ᠶᠠᠪᠤᠬᠤ ᠪᠠ ᠲᠤᠬᠠᠶ᠎ᠶ᠋ᠢᠨ ᠭᠠᠵᠠᠷ ᠪᠣᠯᠤᠨ ᠦᠢᠷ᠎ᠡ ᠬᠠᠪᠢ᠎ᠳᠠᠭᠠᠨ ᠠᠵᠢᠯ ᠣᠯᠭᠤᠬᠤ᠎ᠶ᠋ᠢ ᠬᠠᠷᠢᠯᠴᠠᠨ ᠨᠥᠬᠦᠪᠥᠷᠢᠯᠡᠬᠦ᠌᠎ᠶ᠋ᠢ ᠠᠬᠢᠭᠤᠯᠤᠭ᠍ᠰᠠᠭᠠᠷ ᠪᠠᠢᠨ᠎ᠠ》 ᠭᠡᠵᠤ ᠹᠧᠩ ᠠᠶ ᠱᠢᠶᠠ ᠬᠡᠯᠡᠨ᠎ᠡ᠃ ᠳᠡᠭᠦᠨ᠎ᠤ ᠳᠠᠨᠢᠯᠴᠠᠭᠤᠯᠬᠤ᠎ᠪᠠᠷ᠂ ᠮᠠᠨ᠎ᠤ ᠤᠷᠤᠨ ᠬᠡᠷᠡᠯᠴᠢ ᠴᠡᠨᠡᠭ᠎ᠢᠶᠠᠷ ᠶᠠᠳᠠᠭᠤ᠎ᠶ᠋ᠢ ᠲᠡᠳᠬᠦᠬᠦ᠌ ᠴᠠᠬᠢᠯᠭᠠᠨ ᠥᠷᠲᠡᠭᠡᠨ᠎ᠤ ᠠᠱᠢᠭ ᠬᠦᠷᠳᠡᠭᠡᠭᠦ᠌ ᠦᠢᠯᠡᠳᠦᠯ᠎ᠢ ᠢᠳᠡᠪᠬᠢᠲᠡᠶ ᠪᠠᠳᠠᠷᠠᠭᠤᠯᠵᠤ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ᠎ᠤ ᠲᠤᠬᠠᠶ᠎ᠶ᠋ᠢᠨ ᠭᠠᠵᠠᠷ᠎ᠲᠤᠨᠢ ᠣᠢᠷ᠎ᠠ ᠬᠠᠪᠢ᠎ᠳᠠᠭᠠᠨ ᠠᠵᠢᠯ ᠤᠯᠬᠤ᠎ᠶ᠋ᠢ ᠠᠬᠢᠭᠤᠯᠵᠤ ᠪᠠᠢᠨ᠎ᠠ᠃ ᠡᠨᠡ ᠵᠢᠯ᠎ᠳᠤ ᠬᠡᠷᠡᠯᠴᠢ ᠴᠡᠨᠡᠭ᠎ᠢᠶᠠᠷ ᠶᠠᠳᠠᠭᠤ᠎ᠶ᠋ᠢ ᠲᠡᠳᠬᠦᠬᠦ᠌ ᠠᠵᠢᠯ᠎ᠤᠨ ᠪᠠᠢᠷᠢ᠎ᠶ᠋ᠢ 1.6 ᠲᠦᠮᠡ ᠳᠤᠬᠢᠷᠠᠭᠤᠯᠤᠭ᠍ᠰᠠᠨ ᠰᠠᠭᠤᠷᠢᠨ ᠳᠡᠭᠡᠷ᠎ᠡ ᠳᠠᠬᠢᠨ 3 ᠲᠦᠮᠡ ᠣᠷᠴᠢᠮ ᠠᠵᠢᠯ᠎ᠤᠨ ᠪᠠᠢᠷᠢ ᠲᠣᠬᠢᠷᠠᠭᠤᠯᠬᠤ᠎ᠪᠠᠷ ᠪᠤᠢ᠃ ᠪᠦᠬᠦ᠌ ᠣᠷᠣᠨ᠎ᠤ ᠶᠠᠳᠠᠭᠤ᠎ᠶ᠋ᠢ ᠲᠡᠳᠬᠦᠬᠦ᠌ ᠳᠠᠭᠠᠭᠤᠯᠤᠭ᠍ᠴᠢ ᠠᠵᠤ ᠠᠬᠤᠢ᠍ᠢᠯᠠᠯ 983 ᠪᠠᠢᠵᠤ᠂ 5 ᠰᠠᠷ᠎ᠠ᠎ᠶ᠋ᠢᠨ 15 ᠎ᠤ ᠡᠳᠦᠷ ᠪᠣᠯᠲᠠᠯ᠎ᠠ᠂ 971 ᠎ᠨᠢ ᠠᠵᠢᠯ᠎ᠢᠶᠠᠨ ᠰᠡᠷᠭᠦᠭᠡᠵᠤ ᠦᠢᠯᠡᠳᠪᠦᠷᠢᠯᠡᠯ᠎ᠢᠶᠠᠨ ᠰᠡᠷᠭᠦᠭᠡᠨ 53997 ᠬᠥᠳᠡᠯᠮᠦᠷᠢ ᠬᠦᠴᠦᠨ᠎ᠢ ᠱᠢᠩᠭᠡᠭᠡᠨ ᠠᠪᠴᠤ᠌ ᠠᠵᠢᠯ ᠣᠯᠭᠤᠵᠤ᠂ ᠡᠭᠦᠨ᠎ᠳᠤ 13148 ᠶᠠᠳᠠᠭᠤ ᠬᠦᠴᠢᠷᠳᠡᠯᠲᠡᠶ ᠬᠥᠮᠦᠨ ᠠᠮᠠ᠎ᠳᠤ ᠠᠵᠢᠯ ᠣᠯᠭᠤᠪᠠ᠃ ᠪᠦᠬᠦ᠌ ᠣᠷᠣᠨ᠎ᠤ ᠶᠠᠳᠠᠭᠤ᠎ᠶ᠋ᠢ ᠲᠡᠳᠬᠦᠬᠦ᠌ ᠦᠢᠯᠡᠳᠪᠦᠷᠢ᠎ᠶ᠋ᠢᠨ ᠲᠠᠰᠤᠭ 261 ᠪᠠᠢᠵᠤ᠂ ᠨᠢᠭᠡᠨᠲᠡ 259 ᠎ᠨᠢ ᠠᠵᠢᠯ᠎ᠢᠶᠠᠨ ᠰᠡᠷᠭᠦᠭᠡᠵᠤ ᠦᠢᠯᠡᠳᠪᠦᠷᠢᠯᠡᠯ᠎ᠢᠶᠠᠨ ᠰᠡᠷᠭᠦᠭᠡᠨ 7021 ᠬᠥᠳᠡᠯᠮᠦᠷᠢ᠎ᠶ᠋ᠢᠨ ᠬᠦᠴᠦᠨ᠎ᠳᠤ ᠠᠵᠢᠯ ᠣᠯᠭᠤᠵᠤ᠂ ᠡᠭᠦᠨ᠎ᠳᠤ 2810 ᠶᠠᠳᠠᠭᠤ ᠬᠦᠴᠢᠷᠳᠡᠯᠲᠡᠶ ᠬᠥᠮᠦᠨ ᠠᠮᠠ᠎ᠳᠤ ᠠᠵᠢᠯ ᠣᠯᠭᠤᠭ᠍ᠰᠠᠨ ᠪᠠᠢᠨ᠎ᠠ᠃
     《ᠡᠮᠦᠨᠡᠭᠡᠨ ᠦᠪᠡᠷᠳᠡᠭᠡᠨ ᠵᠠᠰᠠᠬᠤ ᠤᠷᠤᠨ᠎ᠤ ᠶᠠᠳᠠᠭᠤ᠎ᠶ᠋ᠢ ᠳᠡᠳᠭᠦᠭᠦ᠌ ᠨᠡᠭᠡᠭᠡᠯᠳᠡ᠎ᠶ᠋ᠢᠨ ᠠᠯᠪᠠᠨ ᠬᠡᠷ᠎ᠠᠴᠠ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠬᠢᠭᠡᠳ ᠬᠦᠳᠡᠭᠡ ᠳᠤᠰᠭᠤᠨ᠎ᠢ ᠬᠦᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠤᠷᠭᠠᠨᠢᠭ᠎ᠢᠶᠠᠷ ᠵᠤᠯᠭᠠᠯᠴᠠᠭᠤᠯᠬᠤ ᠳᠤᠬᠠᠢ ᠲᠦᠷᠦ᠎ᠶ᠋ᠢᠨ ᠪᠤᠳᠤᠯᠭ᠎ᠠ᠎ᠶ᠋ᠢᠨ ᠰᠠᠨᠠᠯ ᠰᠠᠨᠠᠭᠤᠯᠭ᠎ᠠ᠎ᠶ᠋ᠢ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠳᠤ ᠳᠡᠪᠱᠢᠭᠦᠯᠦᠭ᠌ᠰᠡᠨ ᠪᠠᠢᠨ᠎ᠠ᠃ ᠶᠠᠳᠠᠭᠤ ᠬᠦᠴᠢᠷᠳᠡᠯᠳᠡᠢ ᠬᠦᠮᠦᠨ ᠠᠮᠠ᠎ᠶ᠋ᠢ ᠴᠦᠭᠡᠳᠭᠡᠭᠦ᠎ᠶ᠋ᠢ ᠠᠬᠢᠭᠤᠯᠬᠤ ᠪᠤᠯᠤᠨ 〈ᠬᠤᠶᠠᠷ᠎ᠲᠤ ᠵᠣᠪᠠᠭ᠍ᠤ ᠦᠭᠡᠢ ᠭᠤᠷᠪᠠ᠎ᠶ᠋ᠢ ᠪᠠᠲᠤᠯᠠᠬᠤ〉 ᠎ᠶ᠋ᠢ ᠣᠷᠭᠠᠨᠢᠭ᠎ᠢᠶᠠᠷ ᠵᠣᠯᠭᠠᠭᠤᠯᠬᠤ᠎ᠶ᠋ᠢ ᠠᠬᠢᠭᠤᠯᠤᠨ᠂ ᠠᠵᠤ ᠦᠢᠯᠡᠰ᠎ᠢᠶᠠᠷ ᠭᠦᠭ᠌ᠵᠢᠭᠦᠯᠦᠨ ᠮᠠᠨᠳᠤᠭᠤᠯᠬᠤ᠂ ᠴᠢᠳᠠᠪᠤᠷᠢᠳᠠᠨ᠎ᠢᠶᠠᠷ ᠬᠦᠭ᠌ᠵᠢᠭᠦᠯᠦᠨ ᠮᠠᠨᠳᠤᠭᠤᠯᠬᠤ᠂ ᠰᠤᠶᠤᠯ᠎ᠢᠶᠠᠷ ᠬᠦᠭ᠌ᠵᠢᠭᠦᠯᠦᠨ ᠮᠠᠨᠳᠤᠭᠤᠯᠬᠤ᠂ ᠠᠮᠢ ᠠᠬᠤᠢ᠎ᠪᠠᠷ ᠬᠦᠭ᠌ᠵᠢᠭᠦᠯᠦᠨ ᠮᠠᠨᠳᠤᠭᠤᠯᠬᠤ᠂ ᠵᠤᠬᠢᠶᠠᠨ ᠪᠠᠢᠭᠤᠯᠤᠯᠳᠠ᠎ᠪᠠᠷ ᠭᠦᠭ᠌ᠵᠢᠭᠦᠯᠦᠨ ᠮᠠᠨᠳᠤᠭᠤᠯᠬᠤ 〈ᠳᠠᠪᠤᠨ ᠭᠦᠭ᠌ᠵᠢᠭᠦᠯᠦᠨ ᠮᠠᠨᠳᠤᠭᠤᠯᠬᠤ〉 ᠎ᠶ᠋ᠢ ᠤᠷᠭᠠᠨᠢᠭ᠎ᠢᠶᠠᠷ ᠵᠤᠯᠭᠠᠭᠤᠯᠬᠤ᠎ᠶ᠋ᠢ ᠠᠬᠢᠭᠤᠯᠬᠤ ᠳᠤᠬᠠᠢ ᠰᠠᠨᠠᠭᠠᠴᠢᠯᠠᠵᠠᠢ》 ᠭᠡᠵᠤ ᠹᠧᠩ ᠠᠢ ᠱᠢᠶᠠ ᠬᠡᠯᠡᠨ᠎ᠡ᠃
     ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠡᠨ ᠵᠦᠪᠯᠡᠬᠦ᠌᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶ᠎ᠠ᠎ᠶ᠋ᠢ ᠰᠤᠨᠤᠰᠤᠭᠠᠳ ᠮᠠᠨ᠎ᠤ ᠤᠷᠤᠨ᠎ᠤ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠡᠯ᠎ᠠ ᠠᠵᠢᠯ᠎ᠤᠨ ᠹᠷᠤᠨᠲ᠎ᠤᠨ᠎ᠬᠢᠨ ᠤᠷᠮ᠎ᠠ ᠵᠤᠷᠢᠭ᠎ᠨᠢ ᠡᠷᠴᠢᠯᠡᠭ᠌ᠳᠡᠵᠤ᠂ ᠦᠪᠡᠷᠲᠡᠭᠡᠨ ᠵᠠᠰᠭᠠᠤ ᠤᠷᠤᠨ᠎ᠤ ᠪᠤᠲᠠᠲᠤ ᠪᠠᠢᠲᠠᠯ᠎ᠳᠤ ᠰᠠᠭᠤᠷᠢᠯᠠᠨ᠂ ᠨᠡᠩ ᠪᠣᠳᠠᠲᠠᠶ᠎ᠶ᠋ᠢ ᠡᠷᠬᠢᠮᠯᠡᠭ᠌ᠰᠡᠨ᠂ ᠨᠠᠩ ᠪᠦᠳᠤᠮᠵᠢᠳᠠᠢ ᠪᠣᠭᠤᠮᠲᠠ ᠱᠢᠪᠲᠤᠯᠬᠤ ᠠᠷᠭ᠎ᠠ ᠬᠡᠮᠵᠢᠶ᠎ᠡ ᠠᠪᠴᠤ᠌᠂ 《ᠮᠤᠩᠭᠤᠯ ᠮᠤᠷᠢᠨ᠎ᠤ ᠵᠤᠷᠢᠬ ᠰᠠᠨᠠᠭ᠎ᠠ》 ᠎ᠶ᠋ᠢ ᠶᠡᠭᠡ᠎ᠪᠠᠷ ᠪᠠᠳᠠᠷᠠᠭᠤᠯᠤᠨ᠂ ᠨᠠᠮ᠎ᠤᠨ ᠳᠦᠪ ᠬᠤᠷᠢᠶᠠᠨ᠎ᠤ ᠱᠢᠢᠳᠪᠦᠷᠢᠳᠤ ᠪᠤᠳᠤᠯᠭ᠎ᠠ ᠪᠠᠢᠷᠢᠯᠠᠭᠤᠯᠤᠯᠳᠠ ᠪᠤᠯᠤᠨ ᠲᠦᠷᠦ᠎ᠶ᠋ᠢᠨ ᠪᠤᠲᠤᠯᠭ᠎ᠠ ᠠᠷᠭ᠎ᠠ ᠬᠡᠮᠵᠢᠶ᠎ᠠ᠎ᠶ᠋ᠢ ᠡᠷᠡᠰ ᠳᠤᠭᠤᠱᠢᠯᠠᠭᠤᠯᠤᠨ ᠨᠠᠢᠲᠠᠪᠤᠷᠢᠵᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠤᠨ ᠦᠨᠳᠦᠰᠦᠨ ᠵᠦᠢᠯ᠎ᠢ ᠪᠠᠲᠤᠯᠠᠬᠤ ᠡᠭᠦᠷᠭᠡ ᠬᠠᠷᠢᠭᠤᠴᠠᠯᠭ᠎ᠠ᠎ᠪᠠᠨ ᠪᠦᠬᠦ᠌ ᠬᠦᠴᠦᠨ᠎ᠢᠶᠠᠷ ᠭᠦᠢᠴᠡᠳᠭᠡᠵᠦ᠍᠂ 《ᠨᠢᠭᠡ ᠡᠷᠦᠬᠡ ᠨᠢᠭᠡ ᠬᠥᠮᠦᠨ᠎ᠢ ᠴᠦ᠍ ᠡᠩᠨᠡᠭᠡ᠎ᠠᠴᠠ ᠬᠤᠴᠤᠷᠤᠭᠤᠯᠬᠤ ᠦᠭᠡᠢ》 ᠪᠠᠢᠬᠤ᠎ᠶ᠋ᠢ ᠦᠨᠡᠨ ᠬᠦ᠌ ᠪᠠᠳᠤᠯᠠᠬᠤ᠎ᠪᠠᠷ ᠢᠲᠡᠭᠡᠯ ᠵᠣᠷᠢᠭ᠎ᠨᠢ ᠬᠦᠪᠴᠢᠯᠡᠭ᠌ᠳᠡᠭ᠌ᠰᠠᠨ ᠪᠠᠢᠨ᠎ᠠ᠃
     ᠬᠢᠨᠭ᠌ᠭᠠᠨ ᠠᠢᠮᠠᠭ᠎ᠤᠨ ᠶᠠᠳᠠᠭᠤ᠎ᠶ᠋ᠢ ᠲᠡᠳᠬᠦᠬᠦ᠌ ᠠᠯᠪᠠᠨ ᠬᠡᠷ᠎ᠤᠨ ᠲᠡᠳ᠋ ᠡᠷᠬᠢᠯᠡᠭ᠌ᠴᠢ ᠴᠧᠨ ᠬᠤᠩ ᠬᠤᠧᠨ᠄ 《ᠶᠡᠷᠦᠩᠬᠡᠢ ᠱᠦᠵᠢ᠎ᠶ᠋ᠢᠨ ᠴᠢᠬᠤᠯᠠ ᠶᠠᠷᠢᠶ᠎ᠠ᠎ᠨᠢ ᠬᠢᠨᠭ᠌ᠭᠠᠨ ᠠᠢᠮᠠᠬ᠎ᠤᠨ ᠶᠠᠳᠠᠭᠤ᠎ᠶ᠋ᠢ ᠲᠡᠳᠬᠦᠬᠦ᠌ ᠺᠠᠳ᠋ᠷ ᠤᠯᠠᠨ ᠲᠦᠮᠡᠨ᠎ᠳᠤ ᠲᠦᠢᠯ᠎ᠤᠨ ᠶᠡᠭᠡ ᠵᠤᠷᠢᠬ᠍ᠵᠢᠭᠤᠯᠤᠯ ᠪᠤᠯᠵᠦ᠍᠂ ᠮᠠᠨ᠎ᠤ ᠠᠵᠢᠯ᠎ᠤᠨ ᠴᠢᠭ᠌ᠯᠡᠯ᠎ᠢ ᠲᠤᠳᠤᠷᠬᠠᠢᠯᠠᠪᠠ᠃ ᠬᠢᠨᠭ᠌ᠭᠠᠨ ᠠᠢᠮᠠᠭ᠎ᠤᠨ ᠶᠠᠳᠠᠭᠤ ᠬᠦᠴᠢᠷᠳᠡᠯᠳᠡᠢ ᠬᠦᠮᠦᠨ ᠠᠮᠠ 45 ᠲᠦᠮᠡ ᠪᠠᠢᠬ᠍ᠰᠠᠨ᠎ᠠᠴᠠ ᠬᠠᠰᠤᠭ᠍ᠳᠠᠭᠠᠳ 1705 ᠪᠤᠯᠵᠦ᠍᠂ ᠶᠠᠳᠠᠭᠤᠷᠠᠯ᠎ᠤᠨ ᠨᠤᠷᠮ᠎ᠠ 41% ᠪᠠᠢᠬ᠍ᠰᠠᠨ᠎ᠠᠴᠠ᠎ᠪᠠᠨ ᠪᠠᠭᠤᠷᠠᠭᠠᠳ 0.15% ᠪᠤᠯᠪᠠ᠂ 6 ᠬᠤᠱᠢᠭᠤ ᠱᠢᠶᠠᠨ ᠬᠤᠳᠠ ᠪᠦᠬᠦᠨ᠎ᠢᠶᠠᠷ᠎ᠢᠶᠠᠨ ᠶᠠᠳᠠᠭᠤ ᠮᠠᠯᠠᠭᠠᠢ᠎ᠪᠠᠨ ᠲᠠᠶᠠᠬ᠍ᠳᠠᠵᠤ᠂ 602 ᠶᠠᠳᠠᠭᠤ ᠬᠦᠴᠢᠷᠳᠡᠯᠳᠡᠢ ᠭᠠᠴᠠᠭ᠎ᠠ ᠲᠤᠰᠭᠤᠨ ᠶᠠᠳᠠᠭᠤ᠎ᠠᠴᠠ᠎ᠪᠠᠨ ᠠᠩᠬᠢᠵᠢᠷᠠᠵᠠᠢ᠃ ᠬᠢᠨᠭ᠌ᠭᠠᠨ ᠠᠢᠮᠠᠭ 725 ᠡᠷᠤᠬᠡ᠂ 1705 ᠶᠠᠳᠠᠭᠤ ᠬᠦᠴᠢᠷᠳᠡᠯᠳᠡᠢ ᠬᠦᠮᠦᠨ ᠠᠮᠠ᠎ᠳᠤ ᠶᠠᠳᠠᠭᠤ᠎ᠠᠴᠠ ᠠᠩᠬᠢᠵᠢᠷᠠᠭᠤᠯᠬᠤ 〈ᠵᠠᠭᠤᠨ ᠡᠳᠦᠷ᠎ᠤᠨ ᠱᠢᠪᠳᠤᠯᠤᠯᠳᠠ〉 ᠎ᠶ᠋ᠢᠨ ᠪᠦᠷᠢᠶ᠎ᠠ᠎ᠶ᠋ᠢ ᠲᠠᠬᠢᠨᠳᠠ ᠬᠠᠨᠭ᠌ᠬᠢᠨᠠᠭᠤᠯᠪᠡ᠃ ᠪᠦᠬᠦ᠌ ᠠᠢᠮᠠᠭ ᠬᠦᠴᠤ᠎ᠪᠠᠨ ᠲᠦᠪᠯᠠᠷᠡᠬᠦᠯᠵᠦ᠍᠂ ᠭᠤᠤᠯᠳᠠᠯᠭ᠎ᠠ᠎ᠶ᠋ᠢ ᠲᠤᠪᠤᠢᠯᠭᠠᠨ᠂ ᠵᠠᠩᠬᠢᠯᠠᠭ᠎ᠠ᠎ᠶ᠋ᠢᠨ ᠭᠤᠬ᠍ᠴᠤᠭ᠎ᠠ᠎ᠶ᠋ᠢ ᠰᠠᠢᠳᠤᠷ ᠠᠤᠠᠬᠤᠨ᠂ 〈ᠶᠠᠳᠠᠭᠤ ᠬᠦᠮᠦᠨ ᠠᠮᠠ ᠪᠠᠢᠬᠤ ᠦᠭᠡᠢ ᠪᠤᠯᠭᠠᠬᠤ ᠵᠠᠭᠤᠨ ᠡᠳᠦᠷ᠎ᠤᠨ ᠬᠠᠮ ᠲᠠᠢᠯᠠᠯᠳᠤᠭᠠᠨ〉᠂ 〈ᠲᠠᠬᠢᠨ ᠶᠠᠳᠠᠭᠤᠷᠠᠬᠤ᠎ᠶ᠋ᠢ ᠰᠡᠷᠬᠡᠢᠯᠡᠨ ᠶᠠᠳᠠᠭᠤ᠎ᠶ᠋ᠢ ᠬᠠᠪᠰᠤᠷᠤᠨ ᠲᠡᠮᠵᠢᠬᠦ᠌ ᠵᠠᠭᠤᠨ ᠡᠳᠦᠷ᠎ᠤᠨ ᠬᠠᠮ ᠲᠠᠢᠯᠠᠯᠳᠤᠭᠠᠨ〉᠂ 〈ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ᠎ᠶ᠋ᠢ ᠵᠢᠬ᠍ᠰᠠᠭᠠᠨ ᠪᠠᠢᠴᠠᠭᠠᠵᠤ ᠴᠡᠭ᠌ᠴᠡᠯᠡᠬᠦ᠌ ᠬᠠᠮ ᠲᠠᠢᠯᠠᠯᠳᠤᠭᠠᠨ〉 ᠵᠡᠷᠬᠡ ᠭᠤᠷᠪᠠᠨ ᠲᠤᠮᠤ ᠲᠠᠢᠯᠠᠯᠳᠤᠭᠠᠨ᠎ᠢ ᠶᠠᠪᠤᠭ᠍ᠳᠠᠭᠤᠯᠤᠨ᠎ᠡ》 ᠬᠡᠪᠡ᠃
     ᠠᠵᠦ᠍ ᠦᠢᠯᠡᠰ᠎ᠢᠶᠠᠷ ᠶᠠᠳᠠᠭᠤ᠎ᠶ᠋ᠢ ᠲᠡᠳᠬᠦᠬᠦ᠌ ᠲᠠᠯ᠎ᠠ᠎ᠪᠠᠷ ᠬᠢᠨᠭ᠌ᠭᠠᠨ ᠠᠢᠮᠠᠭ ᠡᠬᠢ ᠪᠠᠶᠠᠯᠢᠭ᠎ᠤᠨ ᠲᠠᠪᠠᠭᠤᠯᠢᠭ᠎ᠲᠠᠭᠠᠨ ᠲᠦᠱᠢᠭ᠌ᠯᠡᠵᠦ᠍᠂ 《ᠡᠷᠳᠡᠨᠢ ᠱᠢᠰᠢ ᠤᠰᠤᠨ ᠲᠤᠳᠤᠷᠭ᠎ᠠ᠂ ᠰᠠᠭᠠᠯᠢ᠎ᠶ᠋ᠢᠨ ᠦᠨᠢᠶ᠎ᠠ ᠮᠢᠬᠠᠨ᠎ᠤ ᠦᠬᠡᠷ᠂ ᠵᠢᠭᠤᠯᠴᠢᠯᠠᠯ᠎ᠤᠨ ᠦᠢᠯᠡᠰ》 ᠵᠡᠷᠬᠡ ᠲᠠᠪᠠᠭᠤᠯᠢᠭ ᠤᠨᠴᠠᠯᠢᠬ᠍ᠳᠤ ᠦᠢᠯᠡᠰ᠎ᠤᠨ ᠲᠤᠭᠤᠷᠢᠨ᠎ᠳᠤ᠂ ᠠᠵᠦ᠍ ᠦᠢᠯᠡᠰ᠎ᠤᠨ ᠬᠡᠯᠬᠢᠶ᠎ᠠ᠎ᠶ᠋ᠢ ᠤᠷᠳᠤᠤᠡᠬᠠᠵᠦ᠍᠂ ᠦᠷᠳᠡᠭ᠎ᠤᠨ ᠬᠡᠯᠬᠢᠶ᠎ᠠ᠎ᠶ᠋ᠢ ᠲᠡᠬᠡᠭ᠌ᠰᠢᠯᠡᠬᠦᠯᠤᠨ᠂ ᠨᠢᠬᠡ ᠪᠦᠯᠦᠭ ᠤᠨᠴᠠᠯᠢᠭ᠎ᠲᠠᠢ᠂ ᠤᠯᠠᠨ ᠲᠦᠮᠡᠨ ᠤᠷᠤᠯᠴᠠᠬᠤ ᠢᠳᠡᠪᠬᠢᠵᠢᠯ᠎ᠢᠶᠠᠷ ᠦᠨᠳᠦᠷ᠂ ᠶᠠᠳᠠᠭᠤ᠎ᠶ᠋ᠢ ᠲᠠᠢᠴᠢᠯᠠᠵᠦ᠍ ᠶᠠᠳᠠᠭᠤ᠎ᠠᠴᠠ ᠠᠩᠬᠢᠵᠢᠷᠠᠭᠤᠯᠬᠤ ᠦᠷ᠎ᠡ ᠠᠱᠢᠭ᠎ᠢᠶᠠᠷ ᠰᠠᠢᠨ᠂ ᠦᠷᠬᠦᠯᠵᠢᠯᠡᠬᠦ᠌ ᠠᠵᠦ᠍ ᠦᠢᠯᠡᠰ᠎ᠢᠶᠠᠷ ᠶᠠᠳᠠᠭᠤ᠎ᠶ᠋ᠢ ᠲᠡᠳᠬᠦᠬᠦ᠌ ᠲᠦᠷᠦᠯ ᠵᠦᠢᠯ᠎ᠢ ᠪᠤᠢᠵᠢᠭᠤᠯᠵᠦ᠍᠂ ᠲᠦᠷᠦ᠎ᠶ᠋ᠢᠨ ᠪᠤᠳᠤᠯᠭ᠎ᠠ᠎ᠶ᠋ᠢᠨ ᠲᠡᠮᠵᠢᠯᠬᠡ᠎ᠶ᠋ᠢᠨ ᠡᠷᠴᠢᠮ᠎ᠢᠶᠠᠨ ᠴᠢᠩᠭᠠᠷᠠᠭᠤᠯᠵᠦ᠍᠂ ᠲᠠᠭᠠᠭᠤᠯᠤᠬ᠍ᠴᠢ ᠠᠵᠦ᠍ ᠠᠬᠤᠢ᠍ᠢᠯᠠᠯ᠂ ᠬᠤᠷᠱᠢᠶ᠎ᠠ ᠬᠢᠬᠡᠳ ᠲᠠᠷᠢᠶᠠᠯᠠᠩ ᠮᠠᠯᠵᠢᠯ᠎ᠤᠨ ᠲᠠᠯᠠᠪᠠᠢ᠎ᠶ᠋ᠢ ᠱᠢᠯᠢᠳᠡᠭ᠌ᠵᠢᠬᠦᠯᠬᠦ᠌᠎ᠶ᠋ᠢ ᠠᠬᠢᠭᠤᠯᠪᠠ᠃ ᠡᠵᠡᠩᠨᠡᠯᠳᠡ᠎ᠶ᠋ᠢᠨ ᠭᠤᠤᠯ ᠴᠤᠬ᠍ᠴᠡ ᠬᠢᠬᠡᠳ ᠶᠠᠳᠠᠭᠤ ᠬᠦᠴᠢᠷᠳᠡᠯᠳᠡᠢ ᠡᠷᠤᠬᠡ᠎ᠶ᠋ᠢᠨ ᠠᠱᠢᠭ ᠲᠤᠰᠠ᠎ᠶ᠋ᠢᠨ ᠬᠤᠯᠪᠤᠭᠠᠨ᠎ᠤ ᠲᠤᠬ᠍ᠳᠠᠴᠡ᠎ᠶ᠋ᠢ ᠲᠡᠬᠦᠯᠳᠡᠷᠵᠢᠬᠦᠯᠵᠦ᠍᠂ ᠶᠠᠳᠠᠭᠤ᠎ᠠᠴᠠ ᠠᠩᠬᠢᠵᠢᠷᠠᠭᠤᠯᠬᠤ ᠠᠵᠦ᠍ ᠦᠢᠯᠡᠰ᠎ᠤᠨ ᠰᠠᠭᠤᠷᠢ᠎ᠶ᠋ᠢ ᠪᠠᠳᠤ ᠴᠤᠬ᠍ᠴᠠᠯᠠᠨ᠂ ᠶᠠᠳᠠᠭᠤ ᠬᠦᠴᠢᠷᠳᠡᠯᠳᠡᠢ ᠡᠷᠤᠬᠡ᠎ᠶ᠋ᠢᠨ ᠡᠵᠡᠩᠨᠡᠯᠳᠡ᠎ᠶ᠋ᠢᠨ ᠴᠢᠨᠡᠷᠳᠡᠢ ᠤᠷᠤᠯᠭ᠎ᠠ᠎ᠶ᠋ᠢ ᠲᠤᠬ᠍ᠳᠠᠪᠦᠷᠢᠳᠡᠢ ᠲᠡᠬᠡᠭ᠌ᠰᠢᠯᠡᠬᠦᠯᠵᠠᠢ᠃ ᠠᠵᠢᠯ ᠤᠯᠭᠤᠵᠦ᠍ ᠶᠠᠳᠠᠭᠤ᠎ᠶ᠋ᠢ ᠲᠡᠳᠬᠦᠬᠦ᠌ ᠲᠠᠯ᠎ᠠ᠎ᠪᠠᠷ ᠬ᠍ᠬᠳᠤᠯᠭᠠᠳᠤ ᠴᠢᠨᠠᠷᠳᠠᠢ ᠠᠵᠢᠯ ᠤᠯᠭᠤᠬᠤ ᠪᠤᠯᠪᠠᠰᠤᠷᠠᠯ ᠡᠷᠬᠢᠯᠡᠨ᠂ 《ᠬᠦᠯᠦᠰᠦᠨ ᠠᠵᠢᠯ ᠬᠢᠬᠦ᠌ ᠱᠢᠭᠤᠳ ᠨᠡᠪᠳᠡᠷᠡᠬᠦ᠌ ᠲᠡᠷᠬᠡ》 ᠵᠡᠷᠬᠡ ᠬᠦᠳᠡᠯᠮᠦᠷᠢ ᠦᠢᠯᠡᠴᠢᠯᠡᠭᠡ᠎ᠶ᠋ᠢ ᠵᠤᠯᠭᠠᠭᠤᠯᠬᠤ᠂ ᠠᠵᠢᠯ ᠤᠯᠭᠤᠬᠤ ᠦᠢᠯᠡᠴᠢᠯᠡᠬᠡᠨ᠎ᠤ ᠲᠡᠪᠴᠠᠩ᠎ᠢ ᠲᠡᠬᠦᠯᠳᠡᠷᠵᠢᠬᠦᠯᠵᠦ᠍᠂ ᠠᠷᠭ᠎ᠠ ᠪᠦᠬᠦᠨ᠎ᠢ ᠰᠦᠪᠡᠭ᠌ᠴᠢᠯᠡᠵᠦ᠍ ᠠᠵᠢᠯ᠎ᠤᠨ ᠪᠠᠢᠷᠢ᠎ᠶ᠋ᠢ ᠲᠤᠬ᠍ᠳᠠᠪᠦᠷᠢᠵᠢᠭᠤᠯᠤᠨ ᠦᠷᠬᠡᠳᠭᠡᠵᠡᠢ᠃ ᠶᠠᠳᠠᠭᠤ᠎ᠶ᠋ᠢ ᠲᠡᠳᠬᠦᠨ ᠤᠨᠳᠤᠤ ᠭᠠᠵᠠᠷ᠎ᠲᠤ ᠨᠡᠭᠦᠯᠭᠡᠭ᠌ᠰᠡᠨ ᠤᠯᠠᠨ ᠲᠦᠮᠡᠨ᠎ᠤ ᠠᠵᠦ᠍ ᠦᠢᠯᠡᠰ᠂ ᠠᠵᠢᠯ ᠤᠯᠭᠤᠬᠤ᠂ ᠦᠨᠳᠦᠰᠦᠨ ᠤᠯᠠᠨ ᠨᠡᠢᠳᠡ᠎ᠶ᠋ᠢᠨ ᠦᠢᠯᠡᠴᠢᠯᠡᠭᠡ᠂ ᠨᠡᠢᠬᠡᠮ᠎ᠳᠤ ᠠᠭᠤᠰᠤᠯᠴᠠᠬᠤ᠂ ᠨᠡᠢᠬᠡᠮ ᠲᠤᠭᠤᠷᠢᠭ᠎ᠤᠨ ᠴᠡᠭ᠌ᠴᠡᠯᠡᠨ ᠵᠠᠰᠠᠬᠤ ᠵᠡᠷᠬᠡ ᠪᠤᠳᠠᠳᠠᠢ ᠠᠰᠠᠭᠤᠳᠠᠯ᠎ᠢ ᠬᠦᠴᠦ᠎ᠪᠠᠨ ᠲᠦᠪᠯᠡᠷᠡᠬᠦᠯᠦᠨ ᠰᠠᠢᠳᠤᠷ ᠱᠢᠢᠳᠪᠦᠷᠢᠯᠡᠵᠦ᠍᠂ ᠤᠨᠳᠤᠤ ᠭᠠᠵᠠᠷ᠎ᠲᠤ ᠨᠡᠬᠦᠭ᠌ᠰᠡᠨ ᠤᠯᠠᠨ ᠲᠦᠮᠡᠨ᠎ᠤ ᠠᠵᠢᠯ ᠤᠯᠭᠤᠵᠦ᠍ ᠪᠠᠶᠠᠵᠢᠨ ᠴᠢᠨᠡᠬᠡᠯᠢᠭ᠌ᠵᠢᠬᠦ᠌᠎ᠶ᠋ᠢ ᠪᠠᠳᠤᠯᠠᠵᠠᠢ᠃
     ᠬᠢᠨᠭ᠌ᠭᠠᠨ ᠠᠢᠮᠠᠭ᠎ᠤᠨ ᠲᠡᠳ᠋ ᠠᠢᠮᠠᠭ᠎ᠤᠨ ᠲᠠᠷᠤᠭ᠎ᠠ ᠵᠠᠩ ᠬᠦᠸᠧ ᠫᠢᠩ᠄ 《ᠲᠦᠷᠦ᠎ᠶ᠋ᠢᠨ ᠪᠤᠳᠤᠯᠭ᠎ᠠ᠎ᠶ᠋ᠢᠨ ᠵᠢᠯᠤᠭᠤᠳᠤᠯᠭ᠎ᠠ᠎ᠶ᠋ᠢ ᠡᠷᠴᠢᠮᠵᠢᠬᠦᠯᠵᠦ᠍᠂ ᠲᠠᠭᠤᠷᠢᠶᠠᠯ᠎ᠤᠨ ᠬᠦᠴᠦᠨ᠎ᠢ ᠴᠢᠬᠤᠯᠠᠴᠢᠯᠠᠵᠦ᠍᠂ ᠠᠵᠢᠯᠴᠢ ᠬᠦᠳᠡᠯᠮᠦᠷᠢᠴᠢ᠎ᠪᠠᠷ ᠶᠠᠳᠠᠭᠤ᠎ᠠᠴᠠ ᠠᠩᠬᠢᠵᠢᠷᠠᠵᠤ ᠪᠠᠶᠠᠵᠢᠬᠤ ᠪᠤᠯ ᠢᠷᠠᠭᠤ ᠠᠯᠳᠠᠷᠳᠠᠢ ᠭᠡᠳᠡᠭ ᠦᠵᠡᠯᠲᠡ ᠲᠠᠨᠢᠯᠲᠠ᠎ᠶ᠋ᠢ ᠪᠤᠢ ᠪᠤᠯᠭᠠᠨ᠂ ᠶᠠᠳᠠᠭᠤ ᠬᠦᠴᠢᠷᠳᠡᠯᠳᠡᠢ ᠤᠯᠠᠨ ᠲᠦᠮᠡᠨ᠎ᠤ ᠲᠤᠳᠤᠭᠠᠳᠤ ᠬᠦᠳᠡᠯᠬᠡᠬᠦ᠌ ᠬᠦᠴᠦᠨ᠎ᠢ ᠪᠠᠳᠠᠷᠠᠭᠤᠯᠤᠨ᠎ᠠ᠃ ᠲᠦᠪ᠎ᠤᠨ ᠪᠠᠢᠭᠤᠯᠭ᠎ᠠ᠎ᠶ᠋ᠢᠨ ᠠᠵᠦ᠍ ᠠᠬᠤᠢ᠍ᠢᠯᠠᠯ ᠠᠵᠢᠯ ᠦᠢᠯᠡᠰ᠎ᠤᠨ ᠨᠢᠬᠡᠴᠢ᠎ᠶ᠋ᠢᠨ ᠴᠡᠭ ᠲᠤᠬ᠍ᠳᠠᠭᠠᠵᠦ᠍ ᠶᠠᠳᠠᠭᠤ᠎ᠶ᠋ᠢ ᠲᠡᠳᠬᠦᠬᠦ᠂ ᠮᠤᠵᠢ᠎ᠶ᠋ᠢᠨ ᠲᠡᠰ᠎ᠤᠨ ᠤᠳᠤᠷᠢᠳᠤᠯᠭ᠎ᠠ ᠶᠠᠳᠠᠭᠤ ᠬᠦᠴᠢᠷᠳᠡᠯᠳᠡᠢ ᠬᠤᠱᠢᠭᠤ ᠱᠢᠶᠠᠨ᠎ᠲᠠᠢ ᠬᠠᠷᠢᠯᠴᠠᠬᠤ᠂ ᠲᠢᠩᠬᠢᠮ ᠲᠤᠪᠴᠢᠶᠠᠨ᠎ᠤ ᠠᠵᠢᠯ ᠲᠦᠷᠦᠯ᠎ᠢᠶᠠᠷ ᠬᠠᠪᠰᠤᠷᠤᠨ ᠲᠡᠮᠵᠢᠬᠦ᠂ ᠦᠪᠡᠷᠳᠡᠭᠡᠨ ᠵᠠᠰᠠᠬᠤ ᠤᠷᠤᠨ᠎ᠠᠴᠠ ᠲᠤᠮᠢᠯᠠᠨ ᠰᠠᠭᠤᠭ᠎ᠠ ᠶᠠᠳᠠᠭᠤ᠎ᠶ᠋ᠢ ᠲᠡᠳᠬᠦᠬᠦ᠌ ᠶᠡᠷᠤᠩᠬᠡᠢ ᠠᠩᠬᠢ ᠵᠡᠷᠬᠡ ᠬᠠᠪᠰᠤᠷᠤᠨ ᠲᠡᠳᠬᠦᠬᠦ᠌ ᠡᠬᠢ ᠪᠠᠶᠠᠯᠢᠭ᠎ᠢ ᠬᠦᠢᠴᠡᠳ ᠠᠱᠢᠬ᠍ᠯᠠᠵᠦ᠍᠂ ᠪᠡᠬᠡᠵᠢᠩ ᠦᠪᠤᠷ ᠮᠤᠩᠭᠤᠯ᠎ᠤᠨ ᠶᠠᠳᠠᠭᠤ᠎ᠶ᠋ᠢ ᠲᠡᠳᠬᠦᠬᠦ᠌ ᠬᠠᠪᠰᠤᠷᠤᠯᠴᠠᠭ᠎ᠠ᠎ᠶ᠋ᠢ ᠬᠦᠨᠵᠡᠬᠡᠢᠷᠡᠬᠦᠯᠵᠦ᠍᠂ ᠠᠵᠨ ᠲᠤᠬᠢᠶᠠᠯ ᠤᠶᠤᠨ ᠤᠬᠠᠭᠠᠨ᠎ᠢ ᠠᠱᠢᠬ᠍ᠯᠠᠵᠦ᠍ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠬᠠᠮ ᠬᠦᠴᠦᠨ᠎ᠢ ᠨᠡᠢᠳᠭᠡᠵᠦ᠍᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠢ ᠰᠠᠢᠳᠤᠷ ᠬᠢᠨ᠎ᠠ》 ᠬᠡᠵᠦ᠍ ᠢᠯᠡᠷᠬᠡᠢᠯᠡᠪᠡ᠃
     5 ᠰᠠᠷ᠎ᠠ᠎ᠶ᠋ᠢᠨ 22 ᠎ᠤᠨ ᠤᠷᠤᠢ᠂ ᠪᠠᠶᠠᠨᠨᠠᠭᠤᠷ ᠬᠤᠲᠠ᠎ᠶ᠋ᠢᠨ ᠬᠠᠩᠬᠢᠨ ᠬᠤᠢᠲᠤ ᠬᠤᠱᠢᠭᠤᠨ᠎ᠤ ᠱᠠᠮᠪᠠ ᠪᠠᠯᠭᠠᠰᠤ᠎ᠶ᠋ᠢᠨ ᠵᠦᠩ ᠨᠠᠨ ᠴᠢᠦᠢ ᠲᠤᠰᠭᠤᠨ᠎ᠤ ᠺᠠᠳ᠋ᠷ ᠪᠤᠯᠤᠨ ᠲᠠᠷᠢᠶᠠᠴᠢᠳ ᠶᠠᠭᠠᠷᠠᠯᠲᠠᠢ ᠨᠢᠭᠡ ᠡᠳᠦᠷ᠎ᠤᠨ ᠠᠵᠢᠯ᠎ᠢᠶᠠᠨ ᠲᠠᠭᠤᠰᠭᠠᠭᠠᠳ ᠱᠢᠦᠢ ᠢ ᠮᠠᠯ ᠠᠵᠤ ᠠᠬᠤᠢ᠎ᠶ᠋ᠢᠨ ᠺᠤᠮᠫᠠᠨᠢ᠎ᠶ᠋ᠢᠨ ᠬᠤᠷᠠᠯ᠎ᠤᠨ ᠲᠡᠩᠬᠢᠮ᠎ᠤᠨ ᠲᠧᠯᠸᠢᠰ᠎ᠤᠨ ᠡᠮᠦᠨ᠎ᠡ ᠴᠤᠭ᠍ᠯᠠᠷᠠᠵᠤ᠂ ᠲᠤᠭ᠍ᠳᠤᠯᠤᠭ᠍ᠰᠠᠨ ᠰᠡᠳᠭᠢᠯ᠎ᠢᠶᠠᠨ ᠲᠠᠷᠤᠵᠤ ᠶᠠᠳᠠᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠡᠬᠢᠯᠡᠯᠲᠡ᠎ᠶ᠋ᠢᠨ ᠦᠪᠡᠳᠡᠭ᠌ᠰᠢ ᠶᠤᠰᠤᠯᠠᠯ ᠵᠢᠴᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠰᠤᠨᠢᠨ ᠮᠡᠳᠡᠭᠡ᠎ᠶ᠋ᠢ ᠰᠡᠳᠭᠢᠯ ᠲᠠᠯᠪᠢᠨ ᠰᠤᠨᠢᠷᠬᠠᠵᠠᠭᠠᠨ᠎ᠡ᠃
     《ᠠᠷᠠᠳ ᠲᠦᠮᠡᠨ᠎ᠢ ᠲᠡᠭᠡᠳᠦᠯᠡᠬᠦ᠌ ᠤᠢ᠍ᠢᠯᠠᠭᠠᠭ᠍ᠳᠠᠬᠤᠨ᠎ᠨᠢ ᠦᠨᠳᠦᠰᠦᠨ ᠱᠠᠲᠤᠨ᠎ᠤ ᠤᠯᠠᠨ ᠲᠦᠮᠡᠨ᠎ᠤ ᠰᠡᠳᠭᠢᠯ᠎ᠳᠤ ᠬᠦᠷᠴᠡᠢ᠃ ᠤᠳᠤ ᠮᠠᠨ᠎ᠤ ᠲᠤᠰᠭᠤᠨ᠎ᠤ ᠪᠠᠶᠠᠵᠢᠨ ᠴᠢᠨᠡᠭᠡᠯᠢᠭ᠌ᠵᠢᠬᠦ᠌ ᠠᠷᠭ᠎ᠠ ᠵᠠᠮ ᠶᠠᠪᠤᠬᠤ ᠲᠤᠳᠤᠮ ᠦᠷᠭᠡᠨ ᠪᠤᠯᠵᠤ᠂ ᠠᠮᠢᠳᠤᠷᠠᠯ ᠡᠳᠦᠷ᠎ᠠᠴᠠ᠎ᠪᠠᠨ ᠡᠳᠦᠷ ᠦᠭᠡᠳᠡᠯᠡᠵᠤ ᠪᠠᠢᠭ᠎ᠠ᠎ᠨᠢ ᠪᠦᠷ ᠨᠠᠮ᠎ᠤᠨ ᠰᠠᠢᠨ ᠲᠦᠷᠦ᠎ᠶ᠋ᠢᠨ ᠪᠤᠳᠤᠯᠭ᠎ᠠ᠎ᠳᠤ ᠲᠦᠱᠢᠭ᠌ᠯᠡᠵᠤ᠂ ᠮᠠᠨ᠎ᠤ ᠲᠠᠷᠢᠶᠠᠴᠢᠳ᠎ᠤᠨ ᠠᠵᠤ ᠦᠢᠯᠡᠰ᠎ᠢᠶᠠᠨ ᠬᠦᠭ᠌ᠵᠢᠭᠦᠯᠦᠨ ᠴᠢᠨᠡᠭᠡᠯᠢᠭ ᠨᠡᠢᠭᠡᠮ᠎ᠢ ᠵᠤᠷᠢᠬᠤ ᠢᠳᠡᠭᠡᠯ ᠤᠯᠠᠮ ᠬᠦᠪᠴᠢᠯᠡᠭ᠌ᠳᠡᠯ᠎ᠡ᠂ ᠤᠳᠤ ᠲᠤᠰᠭᠤᠨ᠎ᠤ ᠮᠢᠬᠠᠨ᠎ᠤ ᠦᠭᠡᠷ ᠲᠡᠵᠢᠭᠡᠬᠦ᠂ ᠵᠠᠬᠢᠶᠠᠯᠠᠭ᠎ᠠ᠎ᠪᠠᠷ ᠴᠢᠬᠢ ᠪᠤᠢᠵᠢᠭᠤᠯᠬᠤ᠂ ᠵᠢᠮᠢᠰ ᠨᠤᠭᠤᠭ᠎ᠠ ᠲᠠᠷᠢᠬᠤ᠂ ᠮᠤᠳᠤᠨ ᠮᠠᠲ᠋ᠧᠷᠢᠶᠠᠯ ᠡᠳ᠋ᠱᠢᠭᠦᠯᠬᠦ᠌ ᠵᠡᠷᠭᠡ ᠪᠠᠶᠠᠵᠢᠯ᠎ᠤᠨ ᠠᠵᠤ ᠦᠢᠯᠡᠰ ᠬᠦᠭ᠌ᠵᠢᠨ ᠪᠠᠳᠠᠷᠠᠵᠤ᠂ ᠵᠢᠯ᠎ᠤᠨ ᠬᠦᠮᠦᠨ ᠲᠤᠮᠳᠠᠴᠢ᠎ᠶ᠋ᠢᠨ ᠴᠡᠪᠡᠷ ᠤᠷᠤᠯᠭ᠎ᠠ 2 ᠲᠦᠮᠡᠨ ᠲᠦᠭᠦᠷᠢᠭ᠎ᠢ ᠲᠠᠪᠠᠨ᠂ 22 ᠶᠠᠳᠠᠭᠤ ᠬᠦᠴᠢᠷᠳᠡᠯᠲᠡᠢ ᠡᠷᠦᠬᠡ ᠪᠦᠷ ᠶᠠᠳᠠᠭᠤ᠎ᠠᠴᠠ ᠠᠩᠬᠢᠵᠢᠷᠠᠵᠤ᠂ ᠪᠦᠬᠦ᠌ ᠲᠤᠰᠭᠤᠨ᠎ᠤ 60% ᠎ᠶ᠋ᠢᠨ ᠲᠠᠷᠢᠶᠠᠴᠢᠨ ᠡᠷᠦᠬᠡ ᠵᠢᠵᠢᠭ ᠮᠠᠱᠢᠨ ᠲᠡᠷᠭᠡ᠎ᠲᠠᠢ ᠪᠤᠯᠵᠠᠢ》 ᠭᠡᠮᠡᠨ ᠲᠤᠰᠭᠤᠨ᠎ᠤ ᠡᠷᠬᠢᠯᠡᠭ᠌ᠴᠢ ᠳ᠋ᠠᠨ ᠽᠢ ᠢ ᠲᠤᠭ᠍ᠳᠤᠯᠤᠨ ᠶᠠᠷᠢᠨ᠎ᠠ᠃
     ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ᠂ ᠵᠦᠩ ᠨᠠᠨ ᠴᠢᠦᠢ ᠲᠤᠰᠭᠤᠨ᠎ᠤ ᠨᠠᠮ᠎ᠤᠨ ᠡᠭᠦᠷ᠎ᠤᠨ ᠱᠦᠵᠢ ᠵᠠᠩ ᠵᠶ᠋ᠢ ᠱᠢᠨ᠎ᠤ ᠪᠠᠢᠭᠤᠯᠤᠭ᠍ᠰᠠᠨ ᠱᠢᠦᠢ ᠢ ᠮᠠᠯ ᠠᠵᠤ ᠠᠬᠤᠢ᠎ᠶ᠋ᠢᠨ ᠺᠤᠮᠫᠠᠨᠢ ᠤᠷᠭᠠᠨᠢᠭ ᠮᠢᠬᠠᠨ᠎ᠤ ᠦᠭᠡᠷ ᠲᠡᠵᠢᠭᠡᠵᠦ᠍ ᠪᠤᠯᠪᠠᠰᠤᠷᠠᠭᠤᠯᠬᠤ᠎ᠶ᠋ᠢ ᠭᠤᠤᠯᠳᠠᠯᠭ᠎ᠠ᠎ᠲᠠᠢ ᠬᠦᠭ᠌ᠵᠢᠭᠦᠯᠵᠦ᠍᠂ ᠮᠢᠬᠠᠨ᠎ᠤ ᠦᠭᠡᠷ ᠪᠤᠢᠵᠢᠭᠤᠯᠬᠤ᠂ ᠡᠪᠡᠰᠦ ᠪᠤᠷᠳᠤᠭ᠎ᠠ ᠡᠳ᠋ᠱᠢᠭᠦᠯᠬᠦ᠂ ᠨᠢᠳᠤᠯᠵᠤ ᠦᠪᠴᠢᠬᠦ᠂ ᠪᠤᠯᠭᠤᠭ᠍ᠰᠠᠨ ᠢᠳᠡᠭᠡᠨ᠎ᠢ ᠪᠤᠯᠪᠠᠰᠤᠷᠠᠭᠤᠯᠬᠤ ᠪᠦᠬᠦ᠌ ᠠᠵᠤ ᠦᠢᠯᠡᠰ᠎ᠤᠨ ᠬᠡᠯᠬᠢᠶ᠎ᠡ᠎ᠶ᠋ᠢ ᠪᠦᠷᠢᠯᠳᠦᠭᠦᠯᠵᠦ᠍᠂ 《ᠨᠠᠮ᠎ᠤᠨ ᠡᠭᠦᠷ + ᠰᠠᠭᠤᠷᠢᠨ + ᠲᠠᠷᠢᠶᠠᠴᠢᠨ ᠡᠷᠦᠬᠡ》 ᠎ᠶ᠋ᠢᠨ ᠵᠠᠭ᠍ᠪᠤᠷ᠎ᠢᠶᠠᠷ ᠲᠠᠷᠢᠶᠠᠴᠢᠨ ᠠᠵᠤ ᠠᠬᠤᠢ᠍ᠢᠯᠠᠯ᠎ᠤᠨ ᠬᠤᠯᠪᠤᠭᠠᠯᠠᠯ᠎ᠤᠨ ᠲᠤᠭ᠍ᠲᠠᠯᠴᠠᠭ᠎ᠠ ᠪᠠᠢᠭᠤᠯᠤᠨ᠂ ᠤᠢ᠍ᠢᠷ᠎ᠠ ᠬᠠᠪᠢ᠎ᠶ᠋ᠢᠨ 3000 ᠡᠷᠦᠬᠡ ᠮᠠᠯᠴᠢᠨ ᠲᠠᠷᠢᠶᠠᠴᠢᠨ᠎ᠢ ᠲᠠᠢᠴᠢᠯᠠᠨ ᠤᠷᠤᠯᠭ᠎ᠠ᠎ᠶ᠋ᠢ᠎ᠨᠢ ᠨᠡᠮᠡᠭ᠌ᠳᠡᠭᠦᠯᠵᠦ᠍᠂ ᠴᠢᠨᠡᠭᠡᠯᠢᠭ᠌ᠵᠢᠯ᠎ᠤᠨ ᠵᠠᠮ᠎ᠢᠶᠠᠷ ᠵᠠᠮᠨᠠᠵᠤ ᠪᠤᠢ᠃ 2019 ᠤᠨ᠎ᠳᠤ ᠵᠦᠩ ᠨᠠᠨ ᠴᠢᠦᠢ ᠲᠤᠰᠭᠤᠨ᠎ᠤ ᠦᠭᠡᠷ᠎ᠤᠨ ᠠᠵᠤ ᠦᠢᠯᠡᠰ᠎ᠲᠤ ᠤᠷᠤᠯᠴᠠᠭ᠍ᠰᠠᠨ ᠲᠠᠷᠢᠶᠠᠴᠢᠨ᠎ᠤ ᠡᠷᠦᠬᠡ ᠪᠦᠷᠢ᠎ᠶ᠋ᠢᠨ ᠲᠤᠮᠳᠠᠴᠢ ᠤᠷᠤᠯᠭ᠎ᠠ 13 ᠲᠦᠮᠡᠨ ᠲᠦᠭᠦᠷᠢᠭ᠎ᠢ ᠲᠠᠪᠠᠪᠠ᠃
     ᠵᠦᠩ ᠨᠠᠨ ᠴᠢᠦᠢ ᠲᠤᠰᠭᠤᠨ᠎ᠤ ᠶᠢᠰᠤᠳᠦᠭᠡᠷ ᠲᠤᠭᠤᠢ᠍ᠢᠯᠠᠩ ᠴᠢᠬᠢ ᠪᠤᠢᠵᠢᠭᠤᠯᠬᠤ ᠠᠵᠤ ᠦᠢᠯᠡᠰ᠎ᠢ ᠬᠦᠭ᠌ᠵᠢᠭᠦᠯᠵᠦ᠍᠂ ᠡᠨᠡ ᠵᠢᠯ 260 ᠬᠦᠯᠡᠮᠵᠢ᠂ 100 ᠲᠦᠮᠡᠨ ᠲᠠᠪᠠᠭ ᠴᠢᠬᠢ ᠪᠤᠢᠵᠢᠭᠤᠯᠬᠤ ᠬᠡᠪᠴᠢᠶᠡᠨ᠎ᠳᠤ ᠬᠦᠷᠪᠡ᠃ 《ᠤᠳᠤ ᠮᠠᠨ᠎ᠤ ᠲᠤᠭᠤᠢ᠍ᠢᠯᠠᠩ᠎ᠤᠨ 90% ᠎ᠶ᠋ᠢᠨ ᠬᠦᠮᠦᠨ᠎ᠨᠢ ᠡᠨᠡ ᠬᠦ᠌ ᠠᠵᠤ ᠦᠢᠯᠡᠰ᠎ᠤᠨ ᠬᠡᠯᠬᠢᠶ᠎ᠡ᠎ᠳᠤ ᠤᠷᠤᠯᠴᠠᠵᠤ᠂ ᠬᠠᠮᠤᠭ᠎ᠤᠨ ᠴᠦᠭᠡᠨ ᠴᠢᠬᠢ ᠪᠤᠢᠵᠢᠭᠤᠯᠵᠤ ᠪᠠᠢᠭ᠎ᠠ ᠠᠢᠯ᠎ᠨᠢ ᠵᠢᠯ᠎ᠤᠨ 5 ᠲᠦᠮᠡ ᠭᠠᠷᠤᠢ ᠲᠦᠭᠦᠷᠢᠭ᠎ᠤᠨ ᠤᠷᠤᠯᠭ᠎ᠠ᠎ᠲᠠᠢ ᠪᠠᠢᠵᠤ᠂ ᠵᠠᠷᠢᠮ ᠲᠤᠮᠤ ᠡᠷᠦᠬᠡ᠎ᠨᠢ ᠵᠢᠯ᠎ᠳᠡᠭᠡᠨ ᠭᠤᠴᠢ ᠲᠦᠴᠢᠨ ᠲᠦᠮᠡᠨ ᠲᠦᠭᠦᠷᠢᠭ᠎ᠤᠨ ᠤᠷᠤᠯᠭ᠎ᠠ ᠤᠯᠳᠠᠭ》 ᠬᠡᠵᠦ᠍ ᠶᠢᠰᠦᠳᠦᠭᠡᠷ ᠲᠤᠭᠤᠢ᠍ᠢᠯᠠᠩ᠎ᠤᠨ ᠲᠠᠷᠤᠭ᠎ᠠ ᠸᠠᠩ ᠬᠤᠩ ᠤᠮᠤᠬ᠍ᠳᠠᠢ ᠶᠠᠷᠢᠨ᠎ᠠ᠃
     ᠵᠦᠩ ᠨᠠᠨ ᠴᠢᠦᠢ ᠲᠤᠰᠭᠤᠨ ᠲᠤᠬᠠᠢ᠎ᠶ᠋ᠢᠨ ᠭᠠᠵᠠᠷ᠎ᠤᠨ ᠤᠨᠴᠠᠯᠢᠭ᠎ᠲᠠᠭᠠᠨ ᠲᠤᠬᠢᠷᠠᠭᠤᠯᠤᠨ ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠬᠦᠭ᠌ᠵᠢᠭᠦᠯᠵᠦ᠍᠂ ᠲᠤᠰᠭᠤᠨ᠎ᠤ ᠠᠷᠠᠳ᠎ᠤᠨ 12 ᠲᠤᠭᠤᠢ᠍ᠢᠯᠠᠩ ᠦᠪᠡᠷ ᠦᠪᠡᠷ᠎ᠤᠨ ᠤᠨᠴᠠᠯᠢᠭ᠎ᠲᠠᠢ 《ᠨᠢᠭᠡ ᠲᠤᠰᠭᠤᠨ ᠨᠢᠭᠡ ᠲᠦᠷᠦᠯ ᠲᠡᠮᠳᠡᠭ᠎ᠲᠠᠢ》 ᠠᠵᠤ ᠦᠢᠯᠡᠰ᠎ᠤᠨ ᠬᠦᠭ᠌ᠵᠢᠯᠲᠡ᠎ᠶ᠋ᠢᠨ ᠪᠦᠳᠦᠴᠡ᠎ᠶ᠋ᠢ ᠪᠦᠷᠢᠯᠳᠦᠭᠦᠯᠵᠡᠢ᠃
     ᠵᠦᠩ ᠨᠠᠨ ᠴᠢᠦᠢ ᠲᠤᠰᠭᠤᠨ᠎ᠤ ᠨᠢᠭᠡᠳᠦᠭᠡᠷ ᠱᠦᠵᠢ ᠵᠦᠩ ᠽᠦᠸᠧ ᠴᠧᠩ᠄ 《ᠲᠤᠰᠭᠤᠨ᠎ᠳᠤ ᠰᠠᠭᠤᠭ᠎ᠠ ᠨᠢᠭᠡᠳᠦᠭᠡᠷ ᠱᠦᠵᠢ ᠪᠤᠯᠤᠭ᠍ᠰᠠᠨ᠎ᠤ ᠬᠤᠪᠢ᠎ᠳᠤ᠂ ᠦᠷᠭᠦᠯᠵᠢᠯᠡᠨ ᠦᠨᠳᠦᠰᠦᠨ ᠱᠠᠲᠤᠨ᠎ᠳᠤ ᠬᠦᠨᠵᠡᠭᠡᠢᠷᠡᠵᠦ᠍᠂ ᠤᠯᠠᠨ ᠲᠦᠮᠡᠨ᠎ᠳᠤ ᠦᠢᠯᠡᠴᠢᠯᠡᠨ᠂ ᠨᠠᠮ᠎ᠤᠨ ᠪᠠᠢᠭᠤᠯᠤᠯᠲᠠ᠎ᠶ᠋ᠢ ᠠᠤᠡᠬᠤᠵᠤ ᠰᠠᠭᠤᠷᠢ᠎ᠪᠠᠨ ᠴᠢᠩᠭᠠᠤᠡᠬᠠᠬᠤ᠎ᠪᠠᠷ ᠲᠠᠮᠵᠢᠭᠤᠯᠤᠨ᠂ ᠪᠤᠬᠢᠷᠳᠤᠯ ᠦᠭᠡᠢ ᠤᠨᠴᠠᠯᠢᠭ᠍ᠲᠤ ᠲᠠᠷᠢᠮᠠᠯ ᠲᠡᠵᠢᠭᠡᠪᠦᠷᠢ᠎ᠶ᠋ᠢᠨ ᠠᠵᠤ ᠦᠢᠯᠡᠰ᠎ᠢ ᠬᠦᠴᠦᠷᠭᠡᠭ᠌ᠵᠢᠭᠦᠯᠵᠦ᠍᠂ ᠤᠯᠠᠨ ᠲᠦᠮᠡᠨ᠎ᠤ ᠤᠷᠤᠯᠭ᠎ᠠ᠎ᠶ᠋ᠢ ᠨᠡᠮᠡᠭ᠌ᠳᠡᠭᠦᠯᠬᠦ᠌ ᠵᠠᠮ᠎ᠢ ᠦᠷᠭᠡᠳᠭᠡᠵᠦ᠍᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠲᠠ ᠱᠢᠪᠲᠤᠯᠬᠤ᠎ᠶ᠋ᠢᠨ ᠦᠷ᠎ᠡ ᠪᠦᠳᠦᠮᠵᠢ᠎ᠶ᠋ᠢ ᠪᠠᠳᠤᠤᠡᠬᠠᠭ᠍ᠰᠠᠨ ᠰᠠᠭᠤᠷᠢᠨ ᠳᠡᠭᠡᠷ᠎ᠡ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠶ᠋ᠢ ᠰᠠᠢᠳᠤᠷ ᠰᠦᠪᠡᠭ᠌ᠴᠢᠯᠡᠨ᠎ᠡ》 ᠬᠡᠵᠦ᠍ ᠢᠳᠡᠭᠡᠯ ᠲᠦᠭᠦᠷᠡᠩ ᠶᠠᠷᠢᠨ᠎ᠠ᠃
     ᠥᠪᠡᠷᠲᠡᠭᠡᠨ ᠵᠠᠰᠠᠬᠤ ᠣᠷᠣᠨ᠎ᠤ ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤᠨ᠎ᠳᠤ ᠰᠠᠭᠤᠭ᠎ᠠ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠤᠨ ᠶᠡᠷᠦᠩᠬᠡᠢ ᠠᠩᠭᠢ᠎ᠶ᠋ᠢᠨ ᠭᠡᠱᠢᠭᠦᠨ ᠵᠠᠩ ᠭᠦᠸᠧ ᠪᠢᠨ᠄ 《ᠶᠡᠷᠦᠩᠬᠡᠶ ᠱᠦᠵᠢ ᠰᠢ᠎ᠶ᠋ᠢᠨ ᠫᠢᠩ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠣᠷᠣᠯᠴᠠᠭ᠍ᠰᠠᠨ᠎ᠨᠢ ᠥᠪᠥᠷ ᠮᠣᠩᠭᠤᠯ᠎ᠤᠨ ᠬᠥᠭ᠌ᠵᠢᠯᠲᠡ᠎ᠶ᠋ᠢ ᠲᠦᠢᠯ᠎ᠤᠨ ᠬᠠᠯᠠᠮᠵᠢᠯᠠᠵᠤ ᠪᠠᠢᠭ᠎ᠠ᠎ᠶ᠋ᠢ ᠬᠠᠷᠠᠭᠤᠯᠵᠤ᠂ ᠴᠥᠭᠡᠨ ᠲᠣᠭᠠᠲᠤ ᠦᠨᠳᠦᠰᠦᠲᠡᠨ᠎ᠤ ᠭᠠᠵᠠᠷ ᠣᠷᠣᠨ᠎ᠳᠤ ᠯᠤᠲᠤ ᠶᠡᠭᠡ ᠵᠣᠷᠢᠭ᠍ᠵᠢᠭᠤᠯᠤᠯ ᠪᠤᠯᠵᠠᠢ᠃ ᠶᠡᠷᠦᠩᠬᠡᠶ ᠱᠦᠵᠢ ᠰᠢ᠎ᠶ᠋ᠢᠨ ᠫᠢᠩ ᠠᠵᠢᠯ ᠤᠢ᠍ᠢᠯᠡᠰ ᠠᠵᠢᠯ ᠤᠯᠭᠤᠯᠲᠠ ᠶᠠᠳᠠᠭᠤ᠎ᠶ᠋ᠢ ᠲᠡᠳᠬᠦᠬᠦ᠌ ᠦᠷ᠎ᠠ ᠪᠦᠲᠦᠮᠵᠢ᠎ᠶ᠋ᠢ ᠪᠠᠬᠢᠵᠢᠭᠦᠯᠦᠨ ᠦᠷᠭᠡᠳᠭᠡᠵᠤ᠂ ᠶᠠᠳᠠᠭᠤ᠎ᠶ᠋ᠢ ᠲᠡᠳᠬᠦᠬᠦ᠌᠎ᠪᠠᠷ ᠤᠨᠳᠤᠤ ᠭᠠᠵᠠᠷ᠎ᠲᠤ ᠨᠡᠭᠦᠯᠭᠡᠭ᠌ᠰᠡᠨ᠎ᠤ ᠲᠠᠷᠠᠭᠠᠬᠢ ᠲᠠᠮᠵᠢᠯᠭᠡ᠎ᠶ᠋ᠢ ᠰᠠᠢᠳᠤᠷ ᠬᠢᠵᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠲᠤᠯᠬᠤ ᠪᠤᠯᠤᠨ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠶ᠋ᠢ ᠤᠷᠭᠠᠨᠢᠭ᠎ᠢᠶᠠᠷ ᠵᠤᠯᠭᠠᠭᠤᠯᠬᠤ᠎ᠶ᠋ᠢ ᠠᠬᠢᠭᠤᠯᠬᠤ ᠬᠡᠷᠡᠭ᠌ᠲᠠᠢ ᠬᠡᠵᠤ ᠴᠢᠬᠤᠯᠠᠴᠢᠯᠠᠪᠠ᠃ ᠡᠨᠡ᠎ᠨᠢ ᠶᠡᠷᠦᠩᠬᠡᠶ ᠱᠦᠵᠢ ᠰᠢ᠎ᠶ᠋ᠢᠨ ᠫᠢᠩ ᠥᠪᠥᠷ ᠮᠣᠩᠭᠤᠯ᠎ᠤᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠱᠢᠪᠲᠤᠯᠬᠤ ᠠᠵᠢᠯ᠎ᠢ ᠢᠮᠠᠭ᠍ᠲᠠ ᠰᠡᠳᠭᠢᠯ᠎ᠳᠡᠭᠡᠨ ᠪᠣᠳᠣᠵᠤ ᠪᠠᠢᠭ᠎ᠠ᠎ᠶ᠋ᠢ ᠢᠯᠡᠳᠭᠡᠨ᠂ ᠨᠠᠮ᠎ᠤᠨ ᠲᠥᠪ ᠬᠤᠷᠢᠶ᠎ᠠ᠎ᠶ᠋ᠢᠨ ᠦᠨᠳᠦᠰᠦᠲᠡᠨ᠎ᠤ ᠭᠠᠵᠠᠷ ᠣᠷᠣᠨ᠂ ᠬᠢᠯᠢ ᠬᠢᠵᠠᠭᠠᠷ ᠣᠷᠣᠨ᠎ᠳᠤ ᠲᠠᠯᠪᠢᠭ᠍ᠰᠠᠨ ᠬᠦᠰᠡᠯ ᠨᠠᠢᠳᠠᠯᠭ᠎ᠠ᠎ᠶ᠋ᠢ ᠭᠦᠶᠴᠡᠳ ᠢᠯᠡᠳᠭᠡᠵᠦ᠍᠂ ᠨᠠᠮ᠎ᠤᠨ ᠲᠥᠪ ᠬᠤᠷᠢᠶ᠎ᠠ᠎ᠶ᠋ᠢᠨ ᠬᠥᠭ᠌ᠵᠢᠯᠲᠡ᠎ᠪᠠᠷ ᠪᠠᠷᠤᠭ᠍ᠲᠠᠶ ᠭᠠᠵᠠᠷ ᠣᠷᠣᠨ᠎ᠤ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠵᠠᠪᠠᠯ ᠣᠯᠬᠤ ᠡᠷᠡᠰ ᠵᠣᠷᠢᠭ᠎ᠢ ᠭᠦᠢᠴᠡᠳ ᠢᠯᠡᠷᠡᠭᠦᠯᠵᠡᠶ》 ᠭᠡᠪᠡ᠃
     ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠶᠠᠳᠠᠭᠤ ᠬᠦᠴᠢᠷᠳᠡᠯᠲᠡᠶ ᠬᠥᠮᠦᠨ ᠠᠮᠠ 2016 ᠣᠨ᠎ᠳᠤ 6356 ᠡᠷᠦᠬᠡ 13368 ᠬᠦᠮᠦᠨ ᠠᠮᠠ ᠪᠠᠢᠭ᠍ᠰᠠᠨ᠎ᠠᠴᠠ᠎ᠪᠠᠨ 2019 ᠤᠨ ᠪᠣᠯᠬᠤ᠎ᠳᠤ 52 ᠡᠷᠦᠬᠡ 113 ᠬᠥᠮᠦᠨ ᠠᠮᠠ ᠪᠣᠯᠵᠤ᠂ ᠶᠠᠳᠠᠭᠤ ᠬᠦᠴᠢᠷᠳᠡᠯᠲᠡᠶ ᠬᠤᠱᠢᠭᠤ ᠱᠢᠶᠠᠨ᠎ᠤ ᠡᠩᠨᠡᠭᠡ᠎ᠠᠴᠠ ᠭᠠᠷᠴᠠᠢ᠃ ᠭᠡᠪᠡᠴᠦ᠍ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠤᠨ ᠦᠯᠡᠳᠡᠭ᠌ᠰᠡᠨ ᠡᠭᠦᠷᠭᠡ᠎ᠶ᠋ᠢ ᠪᠡᠶᠡᠯᠡᠭᠦᠯᠵᠦ᠍᠂ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠮᠵᠢ᠎ᠶ᠋ᠢ ᠪᠠᠬᠢᠵᠢᠭᠦᠯᠬᠦ᠌᠎ᠳᠤ ᠪᠠᠰᠠ ᠮᠠᠰᠢ ᠤᠯᠠᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠴᠢᠬᠤᠯᠠ᠎ᠲᠠᠢ᠃ ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤ ᠬᠤᠢᠱᠢᠲᠠ ᠶᠡᠷᠦᠩᠬᠡᠶ ᠱᠦᠵᠢ᠎ᠶ᠋ᠢᠨ ᠵᠢᠭᠠᠪᠤᠷᠢ᠎ᠶ᠋ᠢ ᠬᠢᠨᠠᠮᠠᠭᠠᠶ ᠲᠤᠭᠤᠱᠢᠯᠠᠭᠤᠯᠵᠤ᠂ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ ᠪᠠ ᠲᠥᠷᠥᠯ ᠵᠦᠢᠯ᠎ᠢ ᠨᠠᠷᠢᠯᠢᠭ᠍ᠵᠢᠭᠤᠯᠵᠤ᠂ ᠶᠡᠷᠦᠩᠬᠡᠢᠯᠡᠭ᠌ᠰᠡᠨ ᠴᠢᠨᠠᠷᠲᠠᠶ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠴᠢᠩᠭᠠᠤᠡᠬᠠᠵᠤ᠂ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠬᠦᠯᠵᠦ᠍᠂ ᠲᠠᠩᠰᠠᠯᠠᠵᠤ ᠺᠠᠷᠳ᠋ᠯᠠᠭ᠍ᠰᠠᠨ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢ ᠬᠤᠭᠤᠴᠠᠭ᠎ᠠ ᠶᠣᠰᠣᠭᠠᠷ ᠲᠣᠭ᠍ᠲᠠᠭᠤᠨ᠎ᠢᠶᠠᠷ ᠶᠠᠳᠠᠭᠤ᠎ᠠᠴᠠ ᠠᠩᠭᠢᠵᠢᠷᠠᠭᠤᠯᠬᠤ᠎ᠶ᠋ᠢ ᠦᠨᠡᠨ ᠬᠦ᠌ ᠪᠠᠲᠤᠯᠠᠨ᠎ᠠ᠃
     《ᠡᠷᠬᠡᠪᠰᠢ ᠠᠷᠠᠳ ᠲᠦᠮᠡᠨ᠎ᠳᠤ ᠪᠤᠶᠠᠨ ᠦᠢᠯᠡᠳᠬᠦ᠌᠎ᠪᠠᠷ ᠬᠠᠮᠤᠭ᠎ᠤᠨ ᠴᠢᠬᠤᠯᠠ ᠠᠵᠢᠯ᠎ᠤᠨ ᠪᠦᠳᠦᠮᠵᠢ᠎ᠪᠠᠨ ᠪᠤᠯᠭᠠᠬᠤ ᠬᠡᠷᠡᠭ᠌ᠳᠠᠢ᠃ ᠪᠢᠳᠡ ᠠᠵᠤ ᠠᠬᠤᠢ ᠨᠡᠢᠭᠡᠮ᠎ᠤᠨ ᠬᠦᠭ᠌ᠵᠢᠯᠳᠡ᠎ᠶ᠋ᠢ ᠠᠬᠢᠭᠤᠯᠵᠤ ᠪᠠᠢᠬᠤ᠎ᠨᠢ ᠡᠴᠦᠰ᠎ᠤᠨ ᠡᠴᠦᠰ᠎ᠲᠡᠭᠡᠨ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠲᠠᠰᠤᠷᠠᠯᠳᠠ ᠦᠭᠡᠢ ᠬᠠᠩᠭᠠᠬᠤ᠎ᠶ᠋ᠢᠨ ᠲᠦᠯᠦᠭᠡ ᠶᠤᠮ》᠃ ᠶᠡᠷᠦᠩᠬᠡᠢ ᠱᠦᠵᠢ᠎ᠶ᠋ᠢᠨ ᠵᠠᠬᠢᠶ᠎ᠠ ᠵᠢᠭᠠᠪᠤᠷᠢ᠎ᠶ᠋ᠢ ᠪᠡᠶᠡᠯᠡᠬᠦᠯᠬᠦ᠌᠎ᠳᠤ ᠨᠢᠭᠡ ᠬᠤᠪᠢ᠎ᠨᠢ ᠪᠠᠢᠷᠢᠯᠠᠭᠤᠯᠬᠤ᠎ᠳᠤ ᠪᠠᠢᠵᠦ᠍᠂ ᠶᠢᠰᠦᠨ ᠬᠤᠪᠢ᠎ᠨᠢ ᠨᠠᠢᠲᠠᠪᠤᠷᠢᠵᠢᠭᠤᠯᠬᠤ᠎ᠳᠤ ᠪᠤᠢ᠃ ᠮᠠᠨ᠎ᠤ ᠤᠷᠤᠨ 《ᠳᠥᠷᠪᠡ᠎ᠶ᠋ᠢ ᠦᠯᠦ᠍ ᠲᠠᠶᠠᠭ᠍ᠳᠠᠬᠤ》 ᠱᠠᠭᠠᠷᠳᠠᠯᠭ᠎ᠠ᠎ᠶ᠋ᠢ ᠦᠷᠬᠦᠯᠵᠢᠯᠡᠨ ᠴᠢᠩᠭ᠎ᠠ ᠨᠠᠢᠳᠠᠪᠤᠷᠢᠵᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠬᠠᠷᠢᠭᠤᠴᠠᠯᠭ᠎ᠠ᠂ ᠲᠥᠷᠥ᠎ᠶ᠋ᠢᠨ ᠪᠣᠳᠣᠯᠭ᠎ᠠ᠂ ᠬᠠᠪᠰᠤᠷᠤᠨ ᠲᠡᠳᠬᠦᠬᠦ᠂ ᠬᠢᠨᠠᠨ ᠬᠠᠮᠢᠶᠠᠷᠬᠤ᠎ᠶ᠋ᠢᠨ ᠦᠷᠭᠦᠯᠵᠢᠯᠡᠬᠦ᠌ ᠴᠢᠨᠠᠷ᠎ᠢ ᠦᠨᠡᠨ ᠬᠦ᠌ ᠪᠠᠲᠤᠯᠠᠵᠤ᠂ ᠪᠦᠬᠦ᠌ ᠲᠠᠯ᠎ᠠ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠶ ᠵᠣᠯᠭᠠᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠰᠠᠭᠤᠷᠢ᠎ᠶ᠋ᠢ ᠨᠡᠩ ᠪᠠᠬᠢᠵᠢᠬᠦᠯᠵᠤ᠂ ᠴᠢᠨᠡᠭᠡᠯᠢᠭ᠌ᠵᠢᠬᠦ᠌ ᠵᠠᠮ᠎ᠢ ᠶᠠᠪᠤᠬᠤ ᠳᠤᠲᠤᠮ ᠥᠷᠭᠡᠳᠭᠡᠨ᠎ᠡ᠃ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠵᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠶ᠋ᠢ ᠠᠬᠢᠭᠤᠯᠬᠤ ᠦᠵᠡᠯ ᠤᠬᠠᠮᠰᠠᠷ᠎ᠢ ᠴᠢᠩᠭᠠᠤᠡᠬᠠᠵᠤ᠂ ᠲᠥᠪ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠲᠤᠰᠭᠠᠢ ᠲᠣᠭᠤᠷᠢᠨ ᠪᠠᠢᠴᠠᠭᠠᠯᠲᠠ᠎ᠶ᠋ᠢᠨ 《ᠡᠷᠭᠢᠨ ᠬᠠᠷᠠᠬᠤ》 ᠪᠠ ᠦᠷ᠎ᠡ ᠪᠦᠲᠦᠮᠵᠢ᠎ᠶ᠋ᠢ ᠬᠢᠨᠠᠨ ᠱᠢᠯᠭᠠᠬᠤ᠎ᠳᠤ ᠵᠢᠭᠠᠵᠤ ᠭᠠᠷᠭᠠᠭ᠍ᠰᠠᠨ ᠠᠰᠠᠭᠤᠳᠠᠯ᠂ 《ᠤᠭ ᠰᠠᠨᠠᠭ᠎ᠠ᠎ᠪᠠᠨ ᠦᠯᠦ᠍ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》 ᠭᠤᠣᠯ ᠰᠡᠳᠦᠪᠲᠦ ᠬᠥᠮᠦᠵᠢᠯ᠎ᠤᠨ ᠪᠠᠢᠴᠠᠭᠠᠨ ᠭᠠᠷᠭᠠᠭ᠍ᠰᠠᠨ ᠠᠰᠠᠭᠤᠳᠠᠯ᠂ ᠪᠦᠬᠦ᠌ ᠣᠷᠣᠨ᠎ᠤ ᠪᠠᠢᠳᠠᠯ᠎ᠢ ᠣᠢᠯᠠᠭᠠᠵᠤ ᠵᠢᠭ᠍ᠰᠠᠭᠠᠨ ᠪᠠᠢᠴᠠᠭᠠᠭᠠᠳ ᠢᠯᠡᠷᠡᠭᠦᠯᠦᠭ᠌ᠰᠡᠨ ᠠᠰᠠᠭᠤᠳᠠᠯ᠎ᠢ ᠨᠢᠭᠡᠳᠦᠯᠲᠡᠢ ᠲᠥᠯᠥᠪᠵᠢᠭᠦᠯᠦᠨ ᠨᠠᠷᠢᠨ ᠲᠠᠩᠰᠠ ᠪᠠᠢᠭᠤᠯᠵᠤ᠂ ᠨᠢᠭᠡ ᠴᠤᠭ᠍ᠴᠠᠵᠢᠭᠤᠯᠤᠨ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠢ ᠪᠦᠬᠦ᠌ ᠬᠦᠴᠦᠨ᠎ᠢᠶᠠᠷ᠎ᠢᠶᠠᠨ ᠰᠠᠢᠲᠤᠷ ᠬᠢᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠤᠨ ᠦᠷ᠎ᠠ ᠪᠦᠲᠦᠮᠵᠢ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠪᠠᠷ ᠴᠢᠷᠮᠠᠢᠵᠤ ᠪᠠᠢᠨ᠎ᠡ᠃
     (ᠲᠤᠰ ᠰᠤᠨᠢᠨ᠎ᠤ ᠰᠤᠷᠪᠤᠯᠵᠢᠯᠠᠬ᠍ᠴᠢ ᠭᠤᠸ᠎ᠠ ᠬᠡᠱᠢᠭ᠌ᠪᠦᠶᠠᠨ ᠸ᠊ · ᠭᠡᠷᠡᠯᠳᠤ ᠲᠡᠬᠦᠰᠪᠢᠯᠢᠭ ᠬᠠᠢ ᠵᠢᠶᠦ᠋ᠨ ᠶᠡᠷᠦᠩᠭᠡᠢᠯᠡᠨ ᠮᠡᠳᠡᠭᠡᠯᠡᠪᠡ)  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号