ᠤᠯᠠᠭᠠᠨᠮᠥ᠋ᠴᠢᠷ᠄ ᠠᠷᠠᠳ ᠲᠦᠮᠡᠨ᠎ᠤ ᠦᠩᠱᠢᠭ ᠬᠥᠷᠥᠰᠥᠨ᠎ᠳᠤ ᠦᠨᠳᠦᠰᠦ ᠬᠦᠨ ᠬᠠᠳᠭᠤᠯ᠎ᠠ
2020-05-26 09:20:07
ᠵᠣᠬᠢᠶᠠᠭ᠍ᠴᠢ᠄
ᠶᠧ ᠸᠧᠨ ᠴᠠᠩ ᠵᠤᠤ ᠳ᠋ᠠᠨ
ᠣᠩᠱᠢᠭ᠍ᠰᠠᠨ ᠣᠳᠠᠭ᠎ᠠ᠄
★★★☆☆

     ᠪᠤᠯᠤᠩ ᠨᠡᠭᠡᠭᠡᠭᠦ᠌ ᠦᠭᠡ᠄ 5 ᠰᠠᠷ᠎ᠠ᠎ᠶ᠋ᠢᠨ 22 ᠎ᠤᠨ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ ᠴᠢᠬᠤᠯᠠ ᠶᠠᠷᠢᠶ᠎ᠠ ᠲᠠᠯᠪᠢᠵᠤ᠂ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠪᠠᠷᠢᠮᠲᠠᠯᠠᠬᠤ ᠬᠥᠭ᠌ᠵᠢᠯᠲᠡ᠎ᠶ᠋ᠢᠨ ᠦᠵᠡᠯ ᠰᠠᠨᠠᠭᠠᠨ᠎ᠤ ᠲᠤᠬᠠᠢ ᠭᠦᠨᠵᠡᠭᠡᠢ ᠲᠣᠳᠣᠷᠬᠠᠢᠯᠠᠨ ᠥᠭᠦᠯᠡᠪᠡ᠃ ᠳᠤᠰ ᠰᠦᠯᠵᠢᠶ᠎ᠡ ᠡᠨᠡ ᠡᠳᠤᠷ᠎ᠠᠴᠠ ᠡᠬᠢᠯᠡᠨ 《ᠠᠷᠠᠳ ᠲᠦᠮᠡᠨ᠎ᠢ ᠳᠡᠭᠡᠳᠦᠯᠡᠵᠤ ᠠᠷᠠᠳ ᠲᠦᠮᠡᠨ᠎ᠳᠤ ᠪᠤᠶᠠᠨ ᠦᠢᠯᠡᠳᠦᠨ᠎ᠡ · ᠦᠪᠦᠷ ᠮᠤᠩᠭᠤᠯ᠎ᠤᠨ ᠦᠯᠢᠭᠡᠷ》 ᠭᠡᠬᠦ᠌ ᠪᠤᠯᠤᠩᠨᠡᠭᠡᠭᠡᠵᠤ᠂ ᠠᠮᠢᠳᠤ ᠳᠦᠷᠰᠦᠯᠢᠭ ᠦᠯᠢᠭᠡᠷ᠎ᠤᠳ᠎ᠢᠶᠠᠷ ᠳᠠᠮᠵᠢᠨ ᠲᠠᠯ᠎ᠠ ᠨᠤᠲᠤᠭ᠎ᠤᠨ ᠬᠥᠪᠡᠭᠦᠳ ᠥᠬᠢᠳ᠎ᠤᠨ 《ᠠᠷᠠᠳ ᠲᠦᠮᠡᠨ᠎ᠢ ᠳᠡᠭᠡᠳᠦᠯᠡᠬᠦ᠂ ᠠᠷᠠᠳ ᠲᠦᠮᠡᠨ᠎ᠳᠤ ᠨᠢᠭ᠍ᠳᠠ ᠲᠦᠱᠢᠭ᠌ᠯᠡᠬᠦ᠂ ᠠᠷᠠᠳ ᠲᠦᠮᠡᠨ᠎ᠳᠤ ᠲᠠᠰᠤᠷᠠᠯᠲᠠ ᠥᠬᠡᠶ ᠪᠤᠶᠠᠨ ᠦᠶᠯᠡᠳᠬᠦ᠂ ᠠᠷᠠᠳ ᠲᠦᠮᠡᠨ᠎ᠳᠤ ᠪᠠᠲᠤ ᠦᠨᠳᠦᠰᠦᠯᠡᠭᠦ᠎ᠶ᠋ᠢ ᠡᠷᠬᠡᠪᠰᠢ ᠪᠠᠷᠢᠮᠳᠠᠯᠠᠬᠤ》 ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠩ ᠰᠠᠢᠲᠤᠷ ᠰᠤᠷᠤᠯᠴᠠᠨ ᠲᠤᠭᠤᠱᠢᠯᠠᠭᠤᠯᠬᠤ᠎ᠶ᠋ᠢ ᠬᠦᠭ᠌ᠵᠢᠬᠡᠵᠤ᠂ ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠡᠯ᠎ᠡ ᠵᠦᠢᠯ᠎ᠤᠨ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠪᠣᠳᠠᠲᠠᠶ ᠠᠵᠢᠯ᠎ᠳᠠᠭᠠᠨ ᠨᠠᠢᠳᠠᠪᠤᠷᠢᠵᠢᠭᠤᠯᠬᠤ᠎ᠳᠤᠨᠢ ᠬᠦᠴᠦᠨ ᠨᠡᠮᠡᠷᠢᠯᠡᠬᠦ᠌᠎ᠶ᠋ᠢ ᠵᠤᠷᠢᠯ᠎ᠠ᠃
                   — ᠨᠠᠢᠷᠠᠭᠤᠯᠤᠭ᠍ᠴᠢ᠎ᠠᠴᠠ  

      ᠤᠯᠠᠭᠠᠨᠮᠦᠴᠢᠷ᠎ᠤᠨ ᠠᠬᠠᠮᠠᠳ ᠤᠷᠠᠯᠢᠭ᠍ᠴᠢᠨ ᠲᠡᠳᠮ᠎ᠠ ᠵᠠᠯᠠᠭᠤ ᠨᠢᠬᠡ ᠦᠶ᠎ᠠ᠎ᠶ᠋ᠢᠨ ᠤᠯᠠᠭᠠᠨᠮᠦᠴᠢᠷ᠎ᠤᠨ᠎ᠬᠢᠨ᠎ᠲᠠᠢ ᠬᠠᠮᠳᠤ ᠲᠤᠭ᠍ᠯᠠᠯᠳᠠ ᠭᠠᠷᠭᠠᠵᠤ ᠪᠠᠢᠭ᠎ᠠ᠎ᠨᠢ᠃
                             ᠰᠤᠷᠪᠤᠯᠵᠢᠯᠠᠭ᠍ᠴᠢ ᠸᠠᠩ ᠯᠸᠢ ᠰᠡᠬᠦᠳᠡᠷᠯᠡᠪᠡ  



      ᠬᠦᠪᠡᠬᠡᠳᠤ ᠱᠢᠷ᠎ᠠ ᠬᠤᠱᠢᠭᠤᠨ᠎ᠤ ᠤᠯᠠᠭᠠᠨᠮᠦᠴᠢᠷ᠎ᠤᠨ᠎ᠬᠢᠨ ᠬᠦᠳᠡᠭᠡ ᠪᠠᠭᠤᠵᠤ ᠮᠠᠯᠴᠢᠳ᠎ᠲᠤ ᠲᠤᠭ᠍ᠯᠠᠯᠳᠠ ᠭᠠᠷᠭᠠᠨ ᠦᠭ᠌ᠴᠦ ᠪᠠᠢᠭ᠎ᠠ᠎ᠨᠢ᠃
                    ᠱᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ ᠫᠧᠩ ᠶᠤᠸᠠᠨ ᠰᠡᠬᠦᠳᠡᠷᠯᠡᠪᠡ  

      ᠠᠷᠠᠳ ᠲᠦᠮᠡᠨ᠎ᠢ ᠳᠡᠭᠡᠳᠦᠯᠡᠬᠦ᠂ ᠠᠷᠠᠳ ᠲᠦᠮᠡᠨ᠎ᠳᠤ ᠨᠢᠭ᠍ᠳᠠ ᠲᠦᠱᠢᠭ᠌ᠯᠡᠬᠦ᠂ ᠠᠷᠠᠳ ᠲᠦᠮᠡᠨ᠎ᠳᠤ ᠲᠠᠰᠤᠷᠠᠯᠲᠠ ᠥᠬᠡᠶ ᠪᠤᠶᠠᠨ ᠦᠶᠯᠡᠳᠬᠦ᠂ ᠠᠷᠠᠳ ᠲᠦᠮᠡᠨ᠎ᠳᠤ ᠪᠠᠲᠤ ᠦᠨᠳᠦᠰᠦᠯᠡᠭᠦ᠎ᠶ᠋ᠢ ᠡᠷᠬᠡᠪᠰᠢ ᠪᠠᠷᠢᠮᠳᠠᠯᠠᠬᠤ ᠬᠡᠷᠡᠭ᠌ᠲᠡᠶ ᠁ ᠶᠡᠷᠦᠩᠬᠡᠶ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠠ᠎ᠶ᠋ᠢᠨ ᠴᠢᠬᠤᠯᠠ ᠶᠠᠷᠢᠶ᠎ᠠ᠎ᠠᠴᠠ 《ᠠᠷᠠᠳ ᠲᠦᠮᠡᠨ》 ᠭᠡᠬᠦ᠌ ᠦᠬᠡ᠎ᠶ᠋ᠢ ᠣᠯᠠᠨ ᠤᠳᠠᠭ᠎ᠠ ᠰᠣᠨᠣᠰᠤᠭᠠᠳ᠂ ᠰᠥᠨᠢᠳ ᠪᠠᠷᠠᠭᠤᠨ ᠬᠤᠱᠢᠭᠤᠨ᠎ᠤ ᠤᠯᠠᠭᠠᠨᠮᠥ᠋ᠴᠢᠷ᠎ᠤᠨ ᠭᠡᠱᠢᠭᠦᠳ ᠪᠠᠶᠠᠷᠯᠠᠨ ᠳᠣᠭ᠍ᠳᠣᠯᠵᠦ᠍ ᠶᠡᠷᠦᠩᠬᠡᠶ ᠱᠦᠵᠢ ᠰᠢ᠎ᠶ᠋ᠢᠨ ᠫᠢᠩ᠎ᠤᠨ 2017 ᠣᠨ᠎ᠤ 11 ᠰᠠᠷ᠎ᠠ᠎ᠶ᠋ᠢᠨ 21 ᠎ᠤ ᠡᠳᠦᠷ᠎ᠤᠨ ᠳᠡᠳᠡᠡ᠎ᠳᠤ ᠢᠯᠡᠭᠡᠭ᠌ᠰᠡᠨ ᠬᠠᠷᠢᠭᠤ ᠵᠠᠬᠢᠳᠠᠯ᠎ᠢ ᠳᠠᠬᠢᠨᠲᠠ ᠡᠷᠭᠢᠴᠡᠭᠦᠯᠪᠡ᠃
      《ᠠᠷᠠᠳ ᠲᠦᠮᠡᠨ》 ᠭᠡᠬᠦ᠌ ᠬᠤᠶᠠᠷ ᠦᠬᠡ ᠮᠢᠩᠭᠠᠨ ᠵᠢᠩ ᠬᠦᠨᠳᠦ᠃ ᠶᠡᠷᠦᠩᠬᠡᠶ ᠱᠦᠵᠢ᠎ᠶ᠋ᠢᠨ ᠴᠢᠬᠤᠯᠠ ᠶᠠᠷᠢᠶ᠎ᠠ ᠪᠥᠬᠦ᠌ ᠣᠷᠣᠨ᠎ᠤ ᠤᠯᠠᠭᠠᠨᠮᠥ᠋ᠴᠢᠷ᠎ᠤᠨ ᠭᠡᠱᠢᠭᠦᠳ᠎ᠤᠨ ᠳᠤᠮᠳᠠ ᠬᠦᠴᠦᠳᠦ ᠲᠤᠰᠭᠠᠯ ᠭᠠᠷᠴᠤ᠌᠂ ᠣᠯᠠᠨ᠎ᠢᠶᠠᠷ᠎ᠢᠶᠠᠨ ᠠᠷᠠᠳ ᠲᠦᠮᠡᠨ ᠬᠠᠮᠢᠭ᠎ᠠ ᠪᠠᠢᠪᠠᠯ ᠲᠤᠭ᠍ᠯᠠᠯᠳᠠ᠎ᠶ᠋ᠢᠨ ᠲᠠᠪᠴᠠᠩ ᠲᠡᠨᠳᠡ ᠪᠠᠢᠬᠤ ᠤᠭ᠎ᠠ ᠰᠠᠨᠠᠭ᠎ᠠ᠎ᠪᠠᠨ ᠳᠠᠬᠢᠨᠲᠠ ᠪᠠᠲᠤᠳᠭᠠᠨ᠂ ᠠᠮᠢᠳᠤᠷᠠᠯ᠎ᠤᠨ ᠦᠩᠱᠢᠭ ᠬᠥᠷᠥᠰᠥᠨ᠎ᠳᠤ ᠦᠨᠳᠦᠰᠦᠯᠡᠵᠤ᠂ ᠠᠷᠠᠳ ᠲᠦᠮᠡᠨ᠎ᠳᠤ ᠦᠢᠯᠡᠴᠢᠯᠡᠬᠦ᠌ ᠡᠭᠦᠷᠭᠡ ᠬᠠᠷᠢᠭᠤᠴᠠᠯᠭ᠎ᠠ᠎ᠪᠠᠨ ᠪᠠᠲᠤᠳᠭᠠᠯ᠎ᠠ᠃

      ᠠᠷᠠᠳ ᠲᠦᠮᠡᠨ᠎ᠳᠤ ᠦᠨᠳᠦᠰᠤᠯᠡᠵᠥ᠍ ᠠᠷᠠᠳ ᠲᠦᠮᠡᠨ᠎ᠢᠶᠠᠨ ᠬᠡᠬᠦ᠌ ᠤᠭ ᠰᠠᠨᠠᠭ᠎ᠠ᠎ᠪᠠᠨ ᠮᠠᠷᠲᠠᠬᠤ ᠦᠭᠡᠶ

      ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠨ᠂ ᠱᠢᠯᠢ᠎ᠶ᠋ᠢᠨ ᠭᠤᠣᠯ ᠠᠢᠮᠠᠭ᠎ᠤᠨ ᠰᠥᠨᠢᠳ ᠪᠠᠷᠠᠭᠤᠨ ᠬᠤᠱᠢᠭᠤᠨ᠎ᠤ ᠤᠯᠠᠭᠠᠨᠮᠥ᠋ᠴᠢᠷ᠎ᠤᠨ ᠪᠥᠵᠢᠭ᠌ᠴᠢᠨ ᠬᠠᠰᠳᠠᠨ᠎ᠠ ᠤᠯᠠᠭᠠᠨᠮᠥ᠋ᠴᠢᠷ᠎ᠤᠨ ᠲᠤᠬᠠᠶ ᠶᠠᠷᠢᠬᠤ ᠪᠦᠷᠢ 《ᠭᠤᠷᠪᠠ᠎ᠶ᠋ᠢ ᠬᠢᠬᠦ᠌ ᠦᠬᠡᠢ ᠪᠤᠯ ᠶᠠᠪᠤᠵᠤ ᠪᠣᠯᠬᠤ ᠤᠢ᠍ᠭᠡᠢ》 ᠬᠡᠳᠡᠭ᠎ᠢ ᠲᠤᠷᠠᠳᠤᠳᠠᠭ᠃ ᠲᠡᠷᠡ ᠬᠡᠯᠡᠬᠦ᠌᠎ᠳᠡᠭᠡᠨ᠂ ᠤᠯᠠᠭᠠᠨᠮᠥ᠋ᠴᠢᠷ ᠪᠠᠢᠭᠤᠯᠤᠭ᠍ᠳᠠᠭ᠍ᠰᠠᠨ᠎ᠠᠴᠠ᠎ᠪᠠᠨ ᠬᠥᠭ᠌ᠵᠢᠨ ᠪᠤᠵᠠᠭᠠᠢᠷᠠᠳᠠᠯ᠎ᠠ 《ᠪᠥᠬᠦ᠌ ᠰᠡᠳᠭᠢᠯ ᠪᠥᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠦᠶᠯᠡᠴᠢᠯᠡᠬᠦ᠌》 ᠵᠣᠷᠢᠯᠲᠠ᠎ᠶ᠋ᠢ ᠢᠮᠠᠭ᠍ᠲᠠ ᠲᠤᠭᠤᠱᠢᠯᠠᠭᠤᠯᠤᠭ᠍ᠰᠠᠭᠠᠷ ᠢᠷᠡᠵᠡᠶ᠂ ᠡᠭᠦᠨ᠎ᠳᠤ ᠬᠥᠮᠦᠰ᠎ᠤᠨ ᠰᠡᠳᠭᠢᠯ᠎ᠳᠤ ᠬᠠᠮᠤᠭ᠎ᠤᠨ ᠭᠦᠨ ᠰᠠᠭᠤᠭ᠍ᠳᠠᠭ᠍ᠰᠠᠨ᠎ᠨᠢ ᠳᠠᠷᠤᠶ 《ᠤᠰᠤᠨ᠎ᠤ ᠭᠠᠩ᠎ᠢ᠎ᠨᠢ ᠳᠦᠭᠦᠷᠬᠡᠬᠦ᠌ ᠦᠬᠡᠢ ᠪᠤᠯ ᠶᠠᠪᠤᠵᠤ ᠪᠣᠯᠬᠤ ᠦᠭᠡᠢ; ᠬᠦᠷᠢᠶ᠎ᠡ ᠬᠠᠱᠢᠶ᠎ᠠ᠎ᠶ᠋ᠢ᠎ᠨᠢ ᠴᠡᠪᠡᠷᠯᠡᠬᠦ᠌ ᠦᠭᠡᠢ ᠪᠣᠯ ᠶᠠᠪᠤᠵᠤ ᠪᠣᠯᠬᠤ ᠦᠭᠡᠢ; ᠠᠮᠤ ᠪᠤᠳᠠᠭᠠᠨ᠎ᠤ ᠫᠢᠶᠣᠣ ᠪᠠ ᠵᠣᠭᠤᠰ᠎ᠢᠶᠠᠨ ᠭᠦᠶᠴᠡᠳ ᠲᠤᠱᠢᠶᠠᠬᠤ ᠦᠭᠡᠢ ᠪᠣᠯ ᠶᠠᠪᠤᠵᠤ ᠪᠣᠯᠬᠤ ᠦᠭᠡᠢ》 ᠭᠡᠬᠦ᠌ 《ᠭᠤᠷᠪᠠ᠎ᠶ᠋ᠢ ᠬᠢᠬᠦ᠌ ᠦᠬᠡᠢ ᠪᠤᠯ ᠶᠠᠪᠤᠵᠤ ᠪᠣᠯᠬᠤ ᠥᠬᠡᠶ》 ᠤᠯᠠᠮᠵᠢᠯᠠᠯ ᠪᠤᠯᠬᠤ ᠶᠤᠮᠰᠠᠨ᠃
      2017 ᠣᠨ᠎ᠤ 11 ᠰᠠᠷ᠎ᠠ᠎ᠶ᠋ᠢᠨ 21 ᠎ᠤ ᠡᠳᠦᠷ᠂ ᠶᠡᠷᠦᠩᠬᠡᠶ ᠱᠦᠵᠢ ᠰᠢ᠎ᠶ᠋ᠢᠨ ᠫᠢᠩ ᠰᠥᠨᠢᠳ ᠪᠠᠷᠠᠭᠤᠨ ᠬᠤᠱᠢᠭᠤᠨ᠎ᠤ ᠤᠯᠠᠭᠠᠨᠮᠥ᠋ᠴᠢᠷ᠎ᠤᠨ ᠭᠡᠱᠢᠭᠦᠳ᠎ᠲᠤ ᠬᠠᠷᠢᠭᠤ ᠵᠠᠬᠢᠳᠠᠯ ᠢᠯᠡᠭᠡᠵᠦ᠍᠂ 《ᠤᠯᠠᠭᠠᠨᠮᠥ᠋ᠴᠢᠷ᠎ᠤᠨ ᠦᠨᠢᠳᠡ᠎ᠶ᠋ᠢᠨ ᠦᠷᠨᠢᠩᠭᠦᠢ ᠬᠦᠭ᠌ᠵᠢᠯᠳᠡ᠎ᠨᠢ ᠠᠷᠠᠳ ᠲᠦᠮᠡᠨ ᠤᠷᠠᠯᠢᠭ᠎ᠢ ᠬᠡᠷᠡᠭ᠌ᠰᠡᠨ᠎ᠡ᠂ ᠤᠷᠠᠯᠢᠭ ᠴᠤ᠌ ᠠᠷᠠᠳ ᠲᠦᠮᠡᠨ᠎ᠢ ᠬᠡᠷᠡᠭ᠌ᠰᠡᠨ᠎ᠡ ᠭᠡᠳᠡᠭ᠎ᠢ ᠬᠠᠷᠠᠭᠤᠯᠵᠤ ᠪᠤᠢ᠃ ᠱᠢᠨ᠎ᠡ ᠴᠠᠭ ᠦᠶ᠎ᠠ᠎ᠳᠤ᠂ ᠲᠠ ᠨᠠᠷ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠵᠤ᠂ ᠤᠯᠠᠭᠠᠨᠮᠥ᠋ᠴᠢᠷ᠎ᠤᠨ ᠱᠢᠯᠢᠳᠡᠭ ᠤᠯᠠᠮᠵᠢᠯᠠᠯ᠎ᠢ ᠶᠡᠭᠡ᠎ᠪᠠᠷ ᠪᠠᠳᠠᠷᠠᠭᠤᠯᠤᠨ᠂ ᠠᠮᠢᠳᠤᠷᠠᠯ᠎ᠤᠨ ᠱᠢᠮᠡᠯᠢᠭ ᠬᠥᠷᠥᠰᠥᠨ᠎ᠳᠤ ᠦᠨᠳᠦᠰᠦᠯᠡᠵᠦ᠍᠂ ᠮᠠᠯᠴᠢᠨ ᠲᠦᠮᠡᠨ᠎ᠳᠤ ᠦᠢᠯᠡᠴᠢᠯᠡᠨ᠂ ᠤᠳᠭ᠎ᠠ ᠤᠷᠠᠯᠢᠭ᠎ᠤᠨ ᠱᠢᠨ᠎ᠡ ᠡᠭᠦᠳᠦᠯᠳᠡ᠎ᠶ᠋ᠢ ᠠᠬᠢᠭᠤᠯᠵᠤ᠂ ᠤᠯᠠᠨ ᠲᠦᠮᠡᠨ᠎ᠲᠠᠢ ᠤᠢ᠍ᠢᠷᠠᠳᠤᠭ᠍ᠰᠠᠨ᠂ ᠤᠯᠠᠨ ᠲᠦᠮᠡᠨ᠎ᠤ ᠳᠤᠮᠳᠠ ᠳᠡᠯᠭᠡᠷᠡᠵᠤ ᠳᠠᠭᠠᠱᠢᠶᠠᠭ᠍ᠳᠠᠭ᠍ᠰᠠᠨ ᠱᠢᠯᠢᠳᠡᠭ ᠪᠦᠲᠦᠭᠡᠯ᠎ᠢ ᠨᠡᠩ ᠤᠯᠠᠨ ᠵᠤᠬᠢᠶᠠᠨ ᠪᠦᠳᠦᠭᠡᠭᠦ᠎ᠪᠠᠷ ᠴᠢᠷᠮᠠᠢᠵᠤ᠂ ᠥᠨᠢ ᠡᠭᠦᠷᠢᠳᠡ ᠲᠠᠯ᠎ᠠ ᠨᠤᠲᠤᠭ᠎ᠤᠨ 〈ᠬᠤᠪᠢᠰᠭᠠᠯᠲᠤ ᠤᠳᠭ᠎ᠠ ᠤᠷᠠᠯᠢᠭ᠎ᠤᠨ ᠬᠦᠩᠭᠡᠨ ᠮᠣᠷᠢᠲᠤ ᠴᠡᠷᠢᠭ〉 ᠪᠣᠯᠬᠤ᠎ᠶ᠋ᠢ ᠬᠦᠰᠡᠵᠤ ᠪᠠᠢᠨ᠎ᠠ》 ᠭᠡᠵᠤ ᠳᠡᠳᠡ ᠨᠠᠷ᠎ᠢ ᠵᠤᠷᠢᠭ᠍ᠵᠢᠭᠤᠯᠤᠭ᠍ᠰᠠᠨ ᠪᠠᠢᠨ᠎ᠠ᠃
      ᠶᠡᠷᠦᠩᠬᠡᠶ ᠱᠦᠵᠢ᠎ᠶ᠋ᠢᠨ ᠬᠠᠷᠢᠭᠤ ᠵᠠᠬᠢᠳᠠᠯ ᠣᠳᠣᠬᠠᠨ᠎ᠳᠤ ᠰᠥᠨᠢᠳ ᠪᠠᠷᠠᠭᠤᠨ ᠬᠤᠱᠢᠭᠤᠨ᠎ᠤ ᠤᠯᠠᠭᠠᠨᠮᠥ᠋ᠴᠢᠷ᠎ᠤᠨ ᠦᠵᠡᠭᠦᠯᠭᠡ᠎ᠶ᠋ᠢᠨ ᠲᠢᠩᠬᠢᠮ᠎ᠳᠤ ᠳᠡᠯᠭᠡᠭ᠌ᠳᠡᠵᠤ᠂ ᠣᠬᠤᠷᠬᠠᠨ ᠬᠡᠳᠦᠨ ᠵᠠᠭᠤᠨ ᠦᠰᠦᠭ᠎ᠤᠨ ᠳᠣᠲᠣᠷ᠎ᠠ 《ᠠᠷᠠᠳ ᠲᠦᠮᠡᠨ》 ᠭᠡᠬᠦ᠌ ᠡᠨᠡ ᠬᠦ᠌ ᠭᠤᠣᠯ ᠵᠠᠩᠭᠢᠯᠠᠭ᠎ᠠ᠎ᠶ᠋ᠢᠨ ᠦᠭᠡ᠎ᠨᠢ ᠥᠪᠥᠷ ᠮᠣᠩᠭᠤᠯ᠎ᠤᠨ 3000 ᠭᠠᠷᠤᠶ ᠤᠯᠠᠭᠠᠨᠮᠥ᠋ᠴᠢᠷ᠎ᠤᠨ ᠭᠡᠱᠢᠭᠦᠳ᠎ᠤᠨ ᠰᠡᠳᠭᠢᠯ᠎ᠳᠤ ᠪᠠᠲᠤ ᠬᠠᠳᠠᠩᠱᠢᠵᠠᠶ᠂ ᠲᠡᠷᠡ ᠪᠣᠯ ᠵᠢᠯᠣᠭᠤᠳᠣᠯᠭ᠎ᠠ ᠪᠠ ᠵᠣᠷᠢᠭ᠍ᠵᠢᠭᠤᠯᠤᠯ ᠮᠥᠨ᠂ ᠨᠠᠩ ᠴᠤ᠌ ᠤᠯᠠᠭᠠᠨᠮᠥ᠋ᠴᠢᠷ᠎ᠤᠨ ᠡᠭᠦᠷᠭᠡ ᠬᠠᠷᠢᠭᠤᠴᠠᠯᠭ᠎ᠠ ᠪᠠ ᠣᠭ ᠰᠠᠨᠠᠭ᠎ᠠ ᠪᠣᠯᠤᠨ᠎ᠠ᠃

      ᠠᠷᠠᠳ ᠲᠦᠮᠡᠨ᠎ᠳᠤ ᠪᠤᠶᠠᠨ ᠦᠢᠯᠡᠳᠴᠦ᠍ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ᠎ᠡ

      5 ᠰᠠᠷ᠎ᠠ᠎ᠶ᠋ᠢᠨ ᠤᠲᠤᠭ ᠬᠤᠱᠢᠭᠤᠨ᠎ᠤ ᠲᠠᠯ᠎ᠠ ᠨᠤᠲᠤᠭ ᠨᠤᠮᠢᠨ ᠨᠤᠭᠤᠭᠠᠨ᠎ᠢᠶᠠᠷ ᠬᠠᠯᠢᠭᠤᠷᠠᠨ᠎ᠠ᠃ ᠨᠢᠭᠡᠨ ᠰᠠᠯᠠᠭ᠎ᠠ 《ᠤᠯᠠᠭᠠᠨᠮᠥ᠋ᠴᠢᠷ +》 ᠶᠡᠷᠦᠩᠬᠡᠢᠯᠡᠭ᠌ᠰᠡᠨ ᠦᠢᠯᠡᠴᠢᠯᠡᠭᠡᠨ᠎ᠤ ᠠᠩᠭᠢ ᠰᠦᠮᠡᠲᠦ ᠰᠤᠮᠤ᠎ᠶ᠋ᠢᠨ ᠴᠠᠭᠠᠨ ᠣᠪᠣᠭ᠎ᠠ ᠭᠠᠴᠠᠭᠠᠨ᠎ᠳᠤ ᠬᠦᠷᠴᠦ᠍᠂ 50 ᠬᠦᠷᠦᠭ᠌ᠰᠡᠨ ᠮᠠᠯᠴᠢᠨ ᠪᠠᠭᠠᠲᠤᠷ᠎ᠲᠤ 《ᠣᠯᠠᠨ᠎ᠢᠶᠠᠷ ᠨᠢᠭᠡ᠎ᠳᠤ ᠬᠠᠨᠳᠤᠭᠤᠯᠬᠤ》 ᠶᠠᠳᠠᠭᠤ᠎ᠶ᠋ᠢ ᠲᠡᠳᠬᠦᠬᠦ᠌ ᠤᠬᠠᠭᠤᠯᠭ᠎ᠠ᠎ᠶ᠋ᠢᠨ ᠠᠵᠢᠯᠯᠠᠭ᠎ᠠ ᠦᠷᠨᠢᠭᠦᠯᠦᠭ᠌ᠰᠡᠨ ᠶᠤᠮ᠃ ᠶᠠᠳᠠᠭᠤ᠎ᠠᠴᠠ ᠠᠩᠭᠢᠵᠢᠷᠠᠭ᠍ᠰᠠᠨ ᠪᠠᠭᠠᠲᠤᠷ᠄ 《ᠣᠳᠣᠬᠠᠨ᠎ᠳᠤ ᠤᠯᠠᠭᠠᠨᠮᠥ᠋ᠴᠢᠷ᠎ᠨᠢ ᠠᠶ᠎ᠠ ᠳᠠᠭᠤᠤ᠎ᠪᠠᠷ ᠪᠢᠳᠠᠨ᠎ᠢ ᠪᠠᠶᠠᠰᠭᠠᠬᠤ᠎ᠪᠠᠷ ᠪᠠᠷᠠᠬᠤ ᠥᠬᠡᠶ᠂ ᠪᠢᠳᠡᠨ᠎ᠢ ᠬᠠᠪᠰᠤᠷᠤᠨ ᠪᠠᠶᠠᠵᠢᠬᠤ ᠵᠠᠮ᠎ᠢ ᠲᠥᠯᠥᠪᠵᠢᠭᠦᠯᠤᠨ ᠦᠭ᠌ᠬᠦᠭ᠌ᠰᠡᠨ᠂ ᠮᠠᠯᠴᠢᠨ ᠪᠢᠳᠠ ᠬᠡᠵᠢᠶᠡᠳᠡ 〈ᠮᠠᠨ᠎ᠤ〉 ᠤᠯᠠᠭᠠᠨᠮᠥ᠋ᠴᠢᠷ᠎ᠢᠶᠠᠨ ᠪᠠᠶᠠᠷᠯᠠᠨ ᠤᠭ᠍ᠲᠤᠨ᠎ᠠ!》 ᠭᠡᠵᠤ ᠳᠤᠭ᠍ᠳᠤᠯᠤᠨ ᠬᠡᠯᠡᠨ᠎ᠡ᠃
      2019 ᠤᠨ᠎ᠤ 7 ᠰᠠᠷ᠎ᠠ᠎ᠶ᠋ᠢᠨ 15 ᠎ᠤ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ ᠦᠪᠦᠷ ᠮᠤᠩᠭᠤᠯ᠎ᠳᠤ ᠱᠢᠨᠵᠢᠯᠡᠨ ᠪᠠᠢᠴᠠᠭᠠᠬᠤ᠎ᠶ᠋ᠢᠨ ᠬᠠᠮᠳᠤ 《ᠤᠭ ᠰᠠᠨᠠᠭ᠎ᠠ᠎ᠪᠠᠨ ᠦᠯᠦ᠍ ᠮᠠᠷᠳᠠᠵᠤ ᠡᠬᠦᠷᠬᠡ ᠬᠠᠷᠢᠭᠤᠴᠠᠯᠭ᠎ᠠ᠎ᠪᠠᠨ ᠪᠠᠳᠤ ᠴᠡᠬᠡᠵᠢᠯᠡᠬᠦ᠌》 ᠭᠤᠤᠯ ᠰᠡᠳᠦᠪᠳᠤ ᠬᠦᠮᠦᠵᠢᠯ᠎ᠢ ᠵᠢᠯᠤᠭᠤᠳᠭᠤ᠎ᠳᠠᠭᠠᠨ᠂ ᠤᠯᠠᠭᠠᠨᠮᠦᠴᠢᠷ ᠱᠢᠭ ᠤᠯᠠᠨ ᠲᠦᠮᠡᠨ᠎ᠳᠤ ᠦᠢᠯᠡᠴᠢᠯᠡᠬᠦ᠂ ᠦᠨᠳᠦᠰᠦᠨ ᠱᠠᠳᠤᠨ᠎ᠳᠤ ᠦᠢᠯᠡᠴᠢᠯᠡᠬᠦ᠌ ᠤᠷᠠᠯᠢᠭ᠎ᠤᠨ ᠠᠵᠢᠯᠯᠠᠭ᠎ᠠ 《ᠬᠡᠵᠢᠶᠡᠳᠡ ᠴᠠᠭ ᠦᠶ᠎ᠠ᠎ᠠᠴᠠ ᠬᠤᠴᠤᠷᠬᠤ ᠦᠬᠡᠢ》 ᠬᠡᠵᠦ᠍ ᠴᠢᠬᠤᠯᠠᠴᠢᠯᠠᠪᠠ᠃
      ᠠᠷᠠᠳ ᠲᠦᠮᠡᠨ᠎ᠳᠤ ᠪᠤᠶᠠᠨ ᠦᠢᠯᠡᠳᠬᠦ᠌᠎ᠪᠠᠷ ᠬᠠᠮᠤᠭ᠎ᠤᠨ ᠴᠢᠬᠤᠯᠠ ᠠᠵᠢᠯ᠎ᠤᠨ ᠪᠦᠳᠦᠮᠵᠢ᠎ᠪᠠᠨ ᠪᠤᠯᠭᠠᠪᠠ᠃ ᠤᠯᠠᠭᠠᠨᠮᠦᠴᠢᠷ᠎ᠤᠨ ᠵᠤᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠤᠨ᠂ ᠱᠢᠨ᠎ᠡ ᠴᠠᠭ ᠦᠶ᠎ᠠ᠎ᠶ᠋ᠢᠨ ᠪᠤᠯᠪᠠᠰᠤᠨ᠎ᠤ ᠦᠢᠯᠡᠳᠦᠯᠬᠡ᠎ᠶ᠋ᠢᠨ ᠲᠦᠪ᠎ᠤᠨ ᠪᠠᠢᠭᠤᠯᠤᠯᠳᠠ᠎ᠶ᠋ᠢ ᠬᠦᠨᠵᠡᠬᠡᠢᠷᠡᠬᠦᠯᠦᠨ ᠦᠷᠬᠡᠳᠭᠡᠵᠦ᠍᠂ ᠳᠤᠮᠳᠠᠳᠤ ᠤᠯᠤᠰ᠎ᠤᠨ ᠤᠨᠴᠠᠯᠢᠭ᠎ᠲᠠᠢ ᠰᠠᠢᠨ ᠳᠤᠷᠠᠴᠤᠤᠯ᠎ᠤᠨ ᠦᠢᠯᠡᠴᠢᠯᠡᠭᠡ᠎ᠶ᠋ᠢ ᠦᠪᠦᠷ ᠮᠤᠩᠭᠤᠯ᠎ᠳᠤ ᠬᠦᠨ ᠦᠨᠳᠦᠰᠦᠯᠡᠬᠦᠯᠬᠦ᠌᠎ᠶ᠋ᠢᠨ ᠲᠦᠯᠦᠬᠡ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠳᠡᠰ᠂ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠂ ᠬᠠᠤᠯᠢ ᠴᠠᠭᠠᠵᠠ᠂ ᠳᠠᠷᠢᠶᠠᠯᠠᠩ ᠮᠠᠯ ᠠᠵᠤ ᠠᠬᠤᠢ᠂ ᠬᠤᠳᠠᠯᠳᠤᠭ᠎ᠠ᠂ ᠰᠤᠶᠤᠯ᠂ ᠡᠷᠡᠬᠦᠯ ᠬᠠᠮᠠᠭᠠᠯᠠᠯ ᠲᠦᠯᠦᠪᠯᠡᠬᠡᠳᠦ ᠦᠷᠡᠵᠢᠯ᠎ᠤᠨ ᠵᠦᠪᠯᠡᠯ ᠵᠡᠷᠬᠡ 11 ᠲᠢᠩᠬᠢᠮ ᠳᠤᠪᠴᠢᠶ᠎ᠠ᠎ᠶ᠋ᠢᠨ ᠬᠠᠮᠳᠤᠷᠠᠭ᠍ᠰᠠᠨ ᠤᠯᠠᠭᠠᠨᠮᠦᠴᠢᠷ 《ᠤᠯᠠᠭᠠᠨᠮᠦᠴᠢᠷ +》 ᠬᠡᠯᠪᠡᠷᠢ᠎ᠪᠠᠷ ᠦᠨᠳᠦᠰᠦᠨ ᠱᠠᠳᠤᠨ᠎ᠳᠤ ᠶᠡᠷᠦᠩᠬᠡᠢᠯᠡᠭ᠌ᠰᠡᠨ ᠦᠢᠯᠡᠴᠢᠯᠡᠭᠡ ᠬᠠᠩᠭᠠᠭ᠍ᠰᠠᠨ ᠪᠠᠢᠨ᠎ᠠ᠃
      ᠣᠯᠠᠨ ᠲᠦᠮᠡᠨᠴᠢ ᠴᠢᠨᠠᠷᠲᠠᠶ ᠰᠣᠶᠣᠯ᠎ᠤᠨ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ ᠥᠷᠨᠢᠭᠦᠯᠬᠦ᠌᠎ᠠᠴᠠ ᠭᠠᠳᠠᠨ᠎ᠠ᠂ ᠤᠯᠠᠭᠠᠨᠮᠥ᠋ᠴᠢᠷ᠎ᠤᠨ᠎ᠬᠢᠨ ᠪᠠᠰᠠ ᠤᠳᠭ᠎ᠠ ᠤᠷᠠᠯᠢᠭ᠎ᠤᠨ ᠪᠣᠯᠪᠠᠰᠤᠷᠠᠯ᠂ ᠲᠣᠭ᠍ᠯᠠᠯᠲᠠ ᠤᠬᠠᠭᠠᠯᠠᠨ ᠰᠡᠳᠦᠬᠦ᠌ ᠵᠡᠷᠭᠡ ᠦᠶᠯᠡᠴᠢᠯᠡᠭᠡ᠎ᠶ᠋ᠢ ᠢᠳᠡᠪᠬᠢᠲᠡᠶ ᠥᠷᠨᠢᠭᠦᠯᠵᠠᠢ᠃ ᠨᠢᠳᠤᠨᠤᠨ ᠲᠦᠩᠯᠢᠶᠣᠤ ᠬᠤᠲᠠ 200 ᠭᠠᠷᠤᠶ ᠤᠳᠠᠭ᠎ᠠ᠎ᠶ᠋ᠢᠨ ᠤᠷᠠᠯᠢᠭ᠎ᠤᠨ ᠬᠠᠪᠰᠤᠷᠤᠨ ᠵᠢᠯᠤᠭᠤᠳᠤᠯᠭ᠎ᠠ ᠥᠷᠨᠢᠭᠦᠯᠵᠦ᠍᠂ 700 ᠭᠠᠷᠤᠶ ᠠᠷᠠᠳ᠎ᠤᠨ ᠤᠷᠠᠯᠢᠭ᠎ᠤᠨ ᠪᠦᠯᠬᠦᠮ ᠪᠤᠯᠤᠨ 5000 ᠭᠠᠷᠤᠶ ᠤᠳᠭ᠎ᠠ ᠤᠷᠠᠯᠢᠭ᠎ᠤᠨ ᠭᠤᠤᠯᠯᠠᠭ᠍ᠴᠢ ᠬᠦᠴᠦᠨ᠎ᠳᠤ ᠪᠤᠯᠪᠠᠰᠤᠷᠠᠯ ᠬᠦᠷᠳᠡᠬᠡᠭ᠌ᠰᠠᠨ ᠠᠵᠢ᠃
      ᠦᠶ᠎ᠡ ᠦᠶ᠎ᠡ᠎ᠶ᠋ᠢᠨ ᠤᠯᠠᠭᠠᠨᠮᠥ᠋ᠴᠢᠷ᠎ᠤᠨ ᠭᠡᠱᠢᠭᠦᠳ ᠬᠦᠬᠡ ᠲᠩᠷᠢ᠎ᠪᠠᠷ ᠬᠥᠱᠢᠭᠡ ᠪᠤᠯᠭᠠᠵᠤ ᠬᠦᠷᠦᠰᠦᠳᠤ ᠭᠠᠵᠠᠷ᠎ᠢᠶᠠᠷ ᠤᠷᠠᠯᠢᠭ᠎ᠤᠨ ᠳᠠᠢᠰᠠ᠎ᠪᠠᠨ ᠪᠤᠯᠭᠠᠭ᠍ᠰᠠᠭᠠᠷ ᠢᠷᠡᠪᠡ᠃ ᠮᠠᠨ᠎ᠤ ᠤᠯᠤᠰ᠎ᠤᠨ ᠤᠳᠭ᠎ᠠ ᠤᠷᠠᠯᠢᠭ᠎ᠤᠨ ᠬᠥᠭ᠌ᠵᠢᠯᠲᠡ᠎ᠶ᠋ᠢᠨ ᠲᠡᠤᠬᠡᠨ᠎ᠳᠤ ᠨᠢᠭᠡᠨ ᠭᠠᠢᠬᠠᠮᠱᠢᠭ ᠢᠯᠡᠷᠡᠭ᠌ᠰᠡᠨ᠎ᠢ ᠪᠦᠬᠦ᠌ ᠳᠡᠯᠡᠬᠡᠢ᠎ᠪᠠᠷ᠎ᠢᠶᠠᠨ ᠬᠡᠷᠡᠴᠢᠯᠡᠵᠤ ᠪᠤᠢ᠄ ᠲᠠᠷᠤᠢ ᠨᠡᠢᠲᠡ 130 ᠭᠠᠷᠤᠶ ᠲᠦᠮᠡᠨ ᠺᠢᠯᠣᠮᠧᠲᠷ ᠠᠶᠠᠯᠠᠵᠤ᠂ ᠮᠠᠯᠴᠢᠨ ᠲᠠᠷᠢᠶᠠᠴᠢᠨ ᠪᠠ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ 36 ᠲᠦᠮᠡ ᠭᠠᠷᠤᠶ ᠲᠠᠯᠠᠪᠠᠢ ᠲᠣᠭ᠍ᠯᠠᠯᠲᠠ ᠭᠠᠷᠭᠠᠨ ᠦᠢᠯᠡᠴᠢᠯᠡᠵᠦ᠍᠂ ᠦᠵᠡᠭ᠌ᠴᠢ᠎ᠶ᠋ᠢᠨ ᠪᠥᠬᠦ᠌ ᠲᠤᠭ᠎ᠠ 2.6 ᠳ᠋ᠦᠩᠱᠢᠭᠤᠷ ᠬᠥᠮᠦᠨ ᠤᠳᠠᠭ᠎ᠠ᠎ᠳᠤ ᠬᠦᠷᠴᠡᠶ᠃

      ᠠᠷᠠᠳ ᠲᠦᠮᠡᠨ᠎ᠳᠤ ᠦᠢᠯᠡᠴᠢᠯᠡᠵᠦ᠍ ᠬᠤᠪᠢᠰᠭᠠᠯᠲᠤ ᠤᠳᠤᠮᠱᠢᠯ᠎ᠢᠶᠠᠨ ᠤᠯᠠᠮᠵᠢᠯᠠᠨ ᠵᠠᠯᠭᠠᠮᠵᠢᠯᠠᠨ᠎ᠠ

      ᠱᠢᠨ᠎ᠡ ᠴᠠᠭ ᠦᠶ᠎ᠡ᠎ᠳᠤ ᠤᠷᠤᠯ᠎ᠠ᠂ ᠲᠠᠯ᠎ᠠ ᠨᠤᠲᠤᠭ᠎ᠤᠨ ᠦᠢᠯᠡᠳᠪᠦᠷᠢᠯᠡᠯ ᠠᠮᠢᠳᠤᠷᠠᠯ ᠵᠢᠴᠢ ᠰᠣᠶᠣᠯ ᠤᠷᠠᠯᠢᠭ᠎ᠤᠨ ᠠᠬᠤᠢ ᠪᠠᠢᠳᠠᠯ᠎ᠳᠤ ᠲᠩᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠭᠠᠷᠴᠠᠢ᠃ ᠬᠤᠲᠠ ᠪᠠᠯᠭᠠᠰᠤᠵᠢᠯᠳᠠ᠎ᠶ᠋ᠢᠨ ᠠᠬᠢᠴᠠ ᠲᠦᠷᠭᠡᠳᠴᠦ᠍᠂ ᠰᠦᠯᠵᠢᠶᠡᠨ᠎ᠤ ᠰᠣᠶᠣᠯ᠎ᠤᠨ ᠬᠥᠭ᠌ᠵᠢᠯᠲᠡ ᠵᠢᠴᠢ ᠬᠤᠲᠠ ᠪᠠᠯᠭᠠᠰᠤᠨ᠎ᠤ ᠰᠠᠭᠤᠭᠠᠯᠢ ᠠᠷᠠᠳ ᠤᠯᠠᠱᠢᠷᠠᠭ᠍ᠰᠠᠨ᠎ᠢᠶᠠᠷ ᠮᠠᠯᠴᠢᠨ ᠲᠠᠷᠢᠶᠠᠴᠢᠨ᠎ᠤ ᠣᠶᠤᠨ᠎ᠤ ᠠᠮᠢᠳᠤᠷᠠᠯ ᠡᠳᠦᠷ ᠢᠷᠡᠬᠦᠶ᠎ᠡ ᠪᠠᠶᠠᠯᠢᠭ᠍ᠵᠢᠵᠤ ᠣᠯᠠᠨ ᠡᠱᠢᠵᠢᠭ᠌ᠰᠡᠨ᠎ᠢᠶᠠᠷ ᠤᠯᠠᠭᠠᠨᠮᠥ᠋ᠴᠢᠷ᠎ᠤᠨ ᠮᠠᠯᠴᠢᠨ ᠲᠠᠷᠢᠶᠠᠴᠢᠨ᠎ᠳᠤ ᠨᠠᠩ ᠰᠠᠢᠨ ᠦᠢᠯᠡᠴᠢᠯᠡᠬᠦ᠌᠎ᠳᠤ ᠱᠢᠨ᠎ᠡ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠃
      《ᠠᠷᠠᠳ ᠣᠯᠠᠨ᠎ᠤ ᠰᠡᠳᠭᠢᠯ ᠬᠠᠨᠤᠮᠵᠢᠲᠠᠶ ᠪᠠᠢᠬᠤ ᠡᠰᠡᠬᠦ᠂ ᠪᠠᠭ᠍ᠠᠷᠬ᠍ᠨ ᠲᠠᠭᠠᠱᠢᠶᠠᠬᠤ ᠡᠰᠡᠬᠦ᠌》 ᠪᠤᠯ ᠤᠯᠠᠭᠠᠨᠮᠥ᠋ᠴᠢᠷ᠎ᠤᠨ ᠱᠢᠨ᠎ᠡ᠎ᠶ᠋ᠢ ᠡᠭᠦᠳᠬᠦ᠌ ᠪᠠ ᠳᠤᠭ᠍ᠯᠠᠯᠳᠠ ᠭᠠᠷᠭᠠᠬᠤ᠎ᠶ᠋ᠢᠨ ᠵᠤᠷᠢᠯᠳᠠ ᠪᠠ ᠲᠤᠰᠤᠯᠳᠠ ᠮᠥᠨ᠃ 《ᠴᠤᠬᠤᠮ ᠶᠠᠮᠠᠷ ᠲᠣᠭ᠍ᠯᠠᠯᠲᠠ ᠭᠠᠷᠭᠠᠪᠠᠯ ᠰᠠᠶᠢ ᠣᠳᠣ ᠦᠶ᠎ᠡ᠎ᠶ᠋ᠢᠨ ᠦᠵᠡᠭ᠌ᠴᠢᠳ᠎ᠤᠨ ᠳᠤᠷ᠎ᠠ ᠪᠠᠬ᠎ᠠ᠎ᠶ᠋ᠢ ᠳᠠᠳᠠᠬᠤ ᠪᠤᠢ? ᠬᠦᠳᠦᠯᠦᠭ᠌ᠴᠢ᠎ᠠᠴᠠ ᠳᠤᠭ᠍ᠯᠠᠯᠳᠠ᠎ᠪᠠᠨ ᠳᠠᠨᠢᠯᠴᠠᠭᠤᠯᠤᠭ᠍ᠰᠠᠨ᠎ᠤ ᠳᠠᠷᠠᠭᠠᠬᠠᠨ ᠳᠠᠭᠤᠤ ᠪᠥᠵᠢᠭ᠎ᠤᠨ ᠲᠣᠭ᠍ᠯᠠᠯᠲᠠ᠎ᠪᠠᠨ ᠡᠬᠢᠯᠡᠬᠦᠯᠬᠦ᠌ ᠬᠠᠭᠤᠴᠢᠨ ᠵᠠᠭ᠍ᠪᠤᠷ᠎ᠢᠶᠠᠨ ᠪᠠᠢᠯᠭᠠᠵᠤ ᠪᠤᠯᠬᠤ ᠦᠬᠡᠢ ᠮᠦᠷᠳᠡᠭᠡᠨ ᠤᠯᠠᠭᠠᠨᠮᠥ᠋ᠴᠢᠷ᠎ᠤᠨ ᠶᠠᠩᠵᠤ᠎ᠪᠠᠨ ᠴᠦ᠍ ᠠᠯᠳᠠᠵᠤ ᠪᠣᠯᠬᠤ ᠦᠭᠡᠢ》 ᠬᠡᠵᠥ᠍ ᠱᠢᠨ᠎ᠡ ᠴᠠᠭ ᠦᠶ᠎ᠡ᠎ᠶ᠋ᠢᠨ ᠤᠯᠠᠭᠠᠨᠮᠥ᠋ᠴᠢᠷ᠎ᠲᠤ ᠲᠤᠯᠭᠠᠷᠠᠵᠤ ᠪᠠᠢᠭ᠎ᠠ ᠥᠷᠢᠰᠥᠯᠳᠦᠭᠡᠨ᠎ᠳᠤ ᠥᠪᠥᠷ ᠮᠣᠩᠭᠤᠯ᠎ᠤᠨ ᠦᠨᠳᠦᠰᠦᠲᠡᠨ᠎ᠤ ᠤᠷᠠᠯᠢᠭ ᠵᠦᠴᠦᠭᠡ᠎ᠶ᠋ᠢᠨ ᠬᠦᠷᠢᠶᠡᠯᠡᠩ᠎ᠤᠨ ᠱᠢᠭᠤᠳ ᠬᠠᠷᠢᠶ᠎ᠠ ᠤᠯᠠᠭᠠᠨᠮᠥ᠋ᠴᠢᠷ᠎ᠤᠨ ᠤᠷᠠᠯᠢᠭ᠎ᠤᠨ ᠪᠦᠯᠬᠦᠮ᠎ᠤᠨ ᠳᠠᠷᠤᠭ᠎ᠠ ᠨᠠᠰᠤᠨ ᠮᠠᠰᠢ ᠬᠦᠨ ᠲᠦᠷᠦᠭ᠌ᠳᠡᠯ᠎ᠲᠠᠢ ᠪᠠᠢᠯ᠎ᠠ᠃
      《ᠰᠦᠯᠵᠢᠶᠡᠨ ᠭᠠᠳᠠᠨ᠎ᠠ》 ᠰᠣᠳᠣᠨ ᠪᠦᠲᠦᠭᠡᠯ ᠭᠠᠷᠭᠠᠵᠤ᠂ 《ᠰᠦᠯᠵᠢᠶᠡᠨ ᠳᠡᠭᠡᠷ᠎ᠡ》 ᠳᠤᠭ᠍ᠯᠠᠯᠳᠠ ᠬᠦᠷᠭᠡᠨ᠎ᠡ᠃ ᠡᠳᠦᠭᠡ᠂ ᠬᠠᠩᠭᠢᠨ ᠬᠤᠱᠢᠭᠤᠨ᠎ᠤ ᠤᠯᠠᠭᠠᠨᠮᠥ᠋ᠴᠢᠷ᠎ᠤᠨ ᠠᠷᠠᠳ᠎ᠲᠤ ᠠᠱᠢᠭ ᠬᠦᠷᠲᠡᠭᠡᠬᠦ᠌ ᠲᠣᠭ᠍ᠯᠠᠯᠲᠠ᠎ᠨᠢ ᠤᠨᠳᠤᠤ ᠨᠢᠭᠡ ᠵᠦᠶᠯ᠎ᠤᠨ ᠠᠷᠭ᠎ᠠ ᠬᠡᠯᠡᠪᠡᠷᠢ᠎ᠪᠠᠷ ᠰᠣᠯᠢᠭ᠍ᠳᠠᠪᠠ᠄ WIFI ᠎ᠪᠠᠨ ᠬᠤᠯᠪᠣᠵᠤ᠂ ᠴᠠᠭ ᠲᠤᠬᠠᠶ᠎ᠳᠤᠨᠢ ᠱᠢᠩᠭᠡᠭᠡᠨ ᠦᠶᠯᠡᠳᠴᠦ᠍᠂ ᠬᠤᠯᠪᠤᠭᠠᠰᠤ᠎ᠪᠠᠨ ᠢᠯᠡᠬᠡᠨ᠎ᠡ ᠁ ᠡᠨᠡ ᠬᠦ᠌ ᠲᠣᠭ᠍ᠯᠠᠯᠲᠠ᠎ᠶ᠋ᠢ 《ᠰᠦᠯᠵᠢᠶᠡᠨ ᠳᠡᠭᠡᠷᠡᠬᠢ ᠤᠯᠠᠭᠠᠨᠮᠥ᠋ᠴᠢᠷ》 ᠎ᠤᠨ ᠱᠢᠭᠤᠳ ᠨᠡᠪᠲᠡᠷᠡᠭᠦᠯᠬᠦ᠌ ᠲᠠᠪᠴᠠᠩ᠎ᠳᠤ ᠨᠡᠪᠲᠡᠷᠡᠭᠦᠯᠦᠨ᠎ᠡ᠂ ᠲᠣᠭ᠍ᠯᠠᠯᠲᠠ ᠡᠬᠢᠯᠡᠬᠡᠳ ᠬᠡᠳᠦᠬᠡᠨ ᠮᠢᠨᠦ᠋ᠲ ᠪᠤᠯᠤᠯ ᠦᠬᠡᠢ᠎ᠪᠠᠷ ᠭᠠᠷ ᠤᠲᠠᠰᠤᠨ᠎ᠤ ᠱᠢᠭᠤᠳ ᠨᠡᠪᠲᠡᠷᠡᠭᠦᠯᠭᠡ᠎ᠨᠢ ᠮᠠᠰᠢ ᠣᠯᠠᠨ ᠰᠦᠯᠵᠢᠶᠡᠨ ᠢᠷᠭᠡᠳ᠎ᠤᠨ ᠠᠩᠬᠠᠷᠤᠯ᠎ᠢ ᠲᠠᠲᠠᠵᠠᠶ᠃ ᠬᠠᠩᠭᠢᠨ ᠬᠤᠱᠢᠭᠤᠨ᠎ᠤ ᠤᠯᠠᠭᠠᠨᠮᠥ᠋ᠴᠢᠷ᠎ᠤᠨ ᠳᠡᠳ᠋ ᠳᠠᠷᠤᠭ᠎ᠠ ᠯᠢᠦ ᠶᠠᠩ᠄ 《ᠱᠢᠨ᠎ᠡ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠷᠭ᠎ᠠ ᠪᠠᠷᠢᠯ᠎ᠢ ᠠᠱᠢᠭ᠍ᠯᠠᠭ᠍ᠰᠠᠨ᠎ᠢᠶᠠᠷ ᠲᠣᠭ᠍ᠯᠠᠯᠲᠠ᠎ᠨᠢ ᠵᠠᠪᠠᠯ ᠲᠠᠢᠰᠠᠨ ᠳᠡᠭᠡᠷ᠎ᠡ ᠭᠠᠷᠬᠤ ᠤᠴᠢᠷ ᠦᠬᠡᠢ ᠪᠤᠯᠤᠯ᠎ᠠ᠂ ᠮᠠᠯᠴᠢᠨ ᠲᠠᠷᠢᠶᠠᠴᠢᠳ᠎ᠲᠤ ᠬᠡᠷᠡᠭ᠌ᠴᠡᠭᠡ᠎ᠲᠠᠢ ᠯᠡ ᠶᠤᠮ ᠪᠣᠯ ᠪᠢᠳᠡ ᠪᠦᠷ ᠠᠷᠭ᠎ᠠ ᠰᠦᠪᠡᠭ᠌ᠴᠢᠯᠡᠵᠦ᠍ ᠬᠠᠩᠭᠠᠨ᠎ᠠ》 ᠬᠡᠵᠦ᠍ ᠶᠠᠷᠢᠨ᠎ᠠ᠃
      《ᠬᠢᠵᠢᠭ》 ᠎ᠲᠠᠢ ᠲᠠᠮᠡᠴᠡᠬᠦ᠌ ᠬᠤᠭᠤᠴᠠᠭᠠᠨ᠎ᠳᠤ᠂ ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠰᠦᠯᠵᠢᠶᠡᠨ᠎ᠤ ᠪᠦᠯᠦᠭ᠌ᠯᠡᠯ ᠶᠤᠸᠠᠢ · ᠬᠤᠷᠱᠢᠯᠴᠠᠨ ᠰᠤᠩᠭᠤᠨ ᠨᠡᠪᠳᠡᠷᠡᠬᠦᠯᠬᠦ᠌ ᠳᠠᠪᠴᠠᠩ᠎ᠳᠤ 《ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ — ᠤᠯᠠᠭᠠᠨᠮᠥ᠋ᠴᠢᠷ》 ᠎ᠤᠨ ᠲᠤᠰᠭᠠᠶ ᠲᠣᠭᠤᠷᠢᠭ ᠭᠠᠷᠭᠠᠪᠠ᠃ ᠡᠨᠡ ᠬᠦ᠌ ᠲᠧᠯᠸᠢᠰ᠎ᠤᠨ ᠦᠵᠦᠬᠦᠷᠯᠢᠭ᠎ᠤᠨ ᠳᠡᠯᠭᠡᠨ ᠦᠵᠡᠭᠦᠯᠬᠦ᠌ ᠲᠠᠢᠰᠠᠨ ᠳᠡᠭᠡᠷ᠎ᠡ᠂ ᠤᠯᠠᠭᠠᠨᠮᠥ᠋ᠴᠢᠷ᠎ᠤᠨ ᠭᠡᠱᠢᠭᠦᠳ 《ᠰᠦᠯᠵᠢᠶᠡᠨ ᠳᠡᠭᠡᠷᠡᠬᠢ ᠤᠯᠠᠭᠠᠨᠮᠥ᠋ᠴᠢᠷ》 ᠎ᠤᠨ ᠬᠡᠯᠪᠡᠷᠢ᠎ᠪᠠᠷ ᠨᠡᠪᠳᠡᠷᠡᠬᠦᠯᠵᠦ᠍᠂ ᠠᠭᠤᠯᠭ᠎ᠠ᠎ᠶ᠋ᠢᠨ ᠬᠤᠪᠢ᠎ᠳᠤ ᠳᠠᠭᠤᠤ ᠪᠥᠵᠢᠭ᠂ ᠬᠥᠭ᠌ᠵᠢᠮᠳᠡᠭᠦᠷ᠂ ᠲᠠᠢᠰᠠᠨ᠎ᠤ ᠵᠦᠴᠦᠭᠡ᠂ ᠶᠠᠷᠢᠶᠠᠲᠤ ᠵᠦᠴᠦᠭᠡ᠂ ᠬᠥᠳᠡᠭᠡ ᠪᠠᠭᠤᠵᠤ ᠲᠣᠭ᠍ᠯᠠᠯᠲᠠ ᠭᠠᠷᠭᠠᠭ᠍ᠰᠠᠨ ᠵᠡᠷᠭᠡ ᠭᠤᠢᠳᠠ ᠰᠠᠢᠬᠠᠨ ᠳᠤᠭ᠍ᠯᠠᠯᠳᠠ᠎ᠶ᠋ᠢ ᠬᠠᠮᠤᠷᠴᠠᠶ᠃ ᠲᠤᠰᠭᠠᠶ ᠳᠤᠭᠤᠷᠢᠭ᠎ᠤᠨ ᠪᠦᠷᠬᠦᠴᠡ᠎ᠨᠢ 100 ᠲᠦᠮᠡᠨ ᠬᠡᠷ ᠪᠦᠯᠢ᠎ᠶ᠋ᠢ ᠲᠠᠪᠠᠭ᠍ᠰᠠᠨ ᠪᠠᠢᠨ᠎ᠠ᠃
      ᠰᠤᠯᠤᠩᠭᠠᠷᠠᠭ᠍ᠰᠠᠨ ᠳ᠋ᠧᠩ᠎ᠤᠨ ᠬᠡᠷᠡᠯ ᠪᠠᠢᠬᠤ ᠦᠬᠡᠢ᠂ ᠭᠤᠶᠤ ᠰᠠᠢᠬᠠᠨ ᠤᠷᠠᠯᠢᠭ᠎ᠤᠨ ᠳᠠᠢᠰᠠ ᠪᠠᠢᠬᠤ ᠦᠬᠡᠢ᠃ ᠬᠤᠶᠠᠷ ᠵᠢᠯ᠎ᠤᠨ ᠲᠤᠷᠰᠢ᠂ ᠥᠪᠥᠷ ᠮᠣᠩᠭᠤᠯ᠎ᠤᠨ 《ᠲᠠᠯ᠎ᠠ ᠨᠤᠲᠤᠭ᠎ᠤᠨ ᠶᠡᠷᠦᠩᠬᠡᠢᠯᠡᠭ᠌ᠰᠡᠨ ᠦᠶᠯᠡᠴᠢᠯᠡᠭᠡᠨ᠎ᠤ ᠬᠥᠩᠭᠡᠨ ᠮᠣᠷᠢᠲᠤ ᠴᠡᠷᠢᠭ》 ᠎ᠤᠨ 500 ᠭᠠᠷᠤᠶ ᠰᠠᠢᠨ ᠳᠤᠷ᠎ᠠ᠎ᠶ᠋ᠢᠨ ᠦᠶᠯᠡᠴᠢᠯᠡᠭᠡᠨ᠎ᠤ ᠪᠦᠯᠬᠦᠮ 《ᠤᠯᠠᠭᠠᠨᠮᠥ᠋ᠴᠢᠷ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ ᠠᠷᠠᠳ ᠲᠦᠮᠡᠨ᠎ᠤ ᠳᠤᠮᠳᠠ ᠬᠦᠨᠵᠡᠬᠡᠢᠷᠡᠬᠦ᠌》 ᠶᠡᠷᠦᠩᠬᠡᠢᠯᠡᠭ᠌ᠰᠡᠨ ᠰᠠᠢᠨ ᠳᠤᠷ᠎ᠠ᠎ᠶ᠋ᠢᠨ ᠦᠶᠯᠡᠴᠢᠯᠡᠭᠡᠨ᠎ᠤ ᠠᠵᠢᠯᠯᠠᠭ᠎ᠠ᠎ᠶ᠋ᠢ ᠨᠡᠢᠳᠡ 4000 ᠭᠠᠷᠤᠶ ᠲᠠᠯᠠᠪᠠᠶ ᠥᠷᠨᠢᠭᠦᠯᠪᠡ᠃
      ᠴᠠᠭ ᠦᠶ᠎ᠡ ᠬᠤᠪᠢᠷᠠᠭ᠍ᠰᠠᠨ ᠴᠤ᠌ ᠠᠷᠠᠳ ᠲᠦᠮᠡᠨ᠎ᠢᠶᠠᠷ ᠭᠤᠣᠯ ᠪᠣᠯᠭᠠᠬᠤ ᠤᠯᠠᠭᠠᠨᠮᠥ᠋ᠴᠢᠷ᠎ᠤᠨ ᠬᠤᠪᠢᠰᠭᠠᠯᠳᠤ ᠤᠳᠤᠮᠱᠢᠯ ᠦᠨᠢᠳᠡ ᠬᠤᠪᠢᠷᠠᠰᠢ ᠦᠬᠡᠢ ᠶᠤᠮ᠃ ᠳᠡᠳᠡ 《ᠠᠮᠢᠳᠤᠷᠠᠯ᠎ᠤᠨ ᠦᠩ ᠱᠢᠮᠡᠯᠢᠭ ᠬᠦᠷᠦᠰᠦᠨ᠎ᠳᠤ ᠦᠨᠳᠦᠰᠦᠯᠡᠵᠤ ᠮᠠᠯᠴᠢᠨ ᠲᠦᠮᠡᠨ᠎ᠳᠤ ᠦᠢᠯᠡᠴᠢᠯᠡᠬᠦ᠌》 ᠱᠢᠯᠢᠳᠡᠭ ᠤᠯᠠᠮᠵᠢᠯᠠᠯ᠎ᠢᠶᠠᠨ ᠤᠯᠠᠮᠵᠢᠯᠠᠨ ᠵᠠᠯᠭᠠᠮᠵᠢᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ  ᠦᠢᠯᠡᠳᠦᠯᠭᠡᠵᠢᠭᠦᠯᠤᠨ᠂ ᠱᠢᠨ᠎ᠡ ᠴᠠᠭ ᠦᠶ᠎ᠡ᠎ᠶ᠋ᠢᠨ ᠤᠯᠠᠭᠠᠨᠮᠥ᠋ᠴᠢᠷ᠎ᠤᠨ ᠦᠢᠯᠡᠰ᠎ᠤᠨ ᠬᠥᠭ᠌ᠵᠢᠯ ᠴᠡᠴᠡᠭ᠌ᠯᠡᠯ᠎ᠢ ᠠᠬᠢᠭᠤᠯᠤᠭ᠍ᠰᠠᠭᠠᠷ ᠁

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号