ᠬᠠᠤᠯᠢᠵᠢᠯ᠎ᠤᠨ ᠵᠠᠰᠠᠬ᠎ᠤᠨ ᠤᠷᠳᠤᠨ᠎ᠢ ᠪᠠᠢᠭᠤᠯᠬᠤ᠎ᠳᠤ ᠠᠷᠠᠳ ᠣᠯᠠᠨ᠎ᠤ ᠣᠷᠣᠯᠴᠠᠯᠭ᠎ᠠ ᠳᠣᠳᠠᠭ᠍ᠳᠠᠵᠣ ᠦᠯᠦ᠍ ᠪᠣᠯᠣᠨ᠎ᠠ
2020-05-27 11:09:56
ᠵᠣᠬᠢᠶᠠᠭ᠍ᠴᠢ᠄
ᠱᠢᠨᠡᠪᠢᠯᠢᠭ
ᠣᠩᠱᠢᠭ᠍ᠰᠠᠨ ᠣᠳᠠᠭ᠎ᠠ᠄
★★★☆☆

     ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠷᠪᠠ ᠶᠢᠰᠦᠳᠦᠬᠡᠷ ᠬᠤᠷᠠᠯ᠎ᠠᠴᠠ ᠮᠠᠨ᠎ᠤ ᠤᠷᠤᠨ᠎ᠤ 2019 ᠤᠨ᠎ᠤ ᠵᠢᠯ᠎ᠤᠨ ᠬᠠᠤᠯᠢᠵᠢᠯ᠎ᠤᠨ ᠵᠠᠰᠠᠬ᠎ᠤᠨ ᠤᠷᠳᠤᠨ᠎ᠤ ᠪᠠᠢᠭᠤᠯᠤᠯᠳᠠ᠎ᠶ᠋ᠢ ᠠᠬᠢᠭᠤᠯᠤᠬ᠍ᠰᠠᠨ ᠪᠠᠢᠳᠠᠯ᠎ᠤᠨ ᠮᠡᠳᠡᠭᠦᠯᠦᠯᠳᠡ᠎ᠶ᠋ᠢ ᠰᠣᠨᠣᠰᠣᠨ ᠬᠢᠨᠠᠨ ᠵᠦᠪᠯᠡᠵᠡᠢ᠃ ᠮᠡᠳᠡᠭᠦᠯᠦᠯᠳᠡ᠎ᠳᠤ ᠬᠠᠤᠯᠢᠵᠢᠯ᠎ᠤᠨ ᠵᠠᠰᠠᠬ᠎ᠤᠨ ᠤᠷᠳᠤᠨ᠎ᠤ ᠪᠠᠢᠭᠤᠯᠤᠯᠳᠠ᠎ᠶ᠋ᠢᠨ ᠠᠵᠢᠯ᠎ᠤᠨ ᠠᠮᠵᠢᠯᠳᠠ᠎ᠶ᠋ᠢ ᠳ᠋ᠦᠩᠨᠡᠭ᠌ᠰᠡᠨ ᠪᠦᠭᠡᠳ ᠤᠷᠤᠱᠢᠵᠤ ᠪᠠᠢᠭ᠎ᠠ ᠠᠰᠠᠭᠤᠳᠠᠯ᠎ᠢ ᠳᠣᠷᠠᠳᠴᠣ᠂ ᠡᠳᠡᠬᠡᠷ ᠠᠰᠠᠭᠤᠳᠠᠯ᠎ᠢ ᠱᠢᠢᠳᠪᠦᠷᠢᠯᠡᠬᠦ᠌ ᠲᠠᠯ᠎ᠠ᠎ᠪᠠᠷ ᠰᠠᠨᠠᠭᠤᠯᠭ᠎ᠠ ᠲᠤᠷᠠᠳᠴᠠᠢ᠃
     ᠨᠡᠢᠬᠡᠮ᠎ᠤᠨ ᠡᠯ᠎ᠡ ᠲᠠᠯ᠎ᠠ᠎ᠶ᠋ᠢᠨ᠎ᠬᠢᠨ᠎ᠤ ᠵᠠᠰᠠᠬ᠎ᠤᠨ ᠤᠷᠳᠤᠨ᠎ᠤ ᠴᠢᠬᠤᠯᠠ ᠶᠡᠭᠡ ᠱᠢᠢᠳᠪᠦᠷᠢᠳᠦ ᠪᠤᠳᠤᠯᠭ᠎ᠠ ᠲᠤᠬ᠍ᠳᠠᠭᠠᠬᠤ᠎ᠳᠤ ᠤᠷᠤᠯᠴᠠᠬᠤ ᠠᠷᠭ᠎ᠠ ᠵᠠᠮ ᠪᠠ ᠠᠷᠭ᠎ᠠ ᠬᠡᠯᠪᠡᠷᠢ᠎ᠶ᠋ᠢ ᠱᠢᠯᠤᠭᠤᠳᠭᠠᠨ ᠲᠡᠬᠦᠯᠳᠡᠷᠵᠢᠬᠦᠯᠵᠦ᠍᠂ ᠴᠢᠬᠤᠯᠠ ᠶᠡᠭᠡ ᠠᠷᠠᠳ᠎ᠤᠨ ᠠᠮᠢᠳᠤᠷᠠᠯ᠎ᠤᠨ ᠱᠢᠢᠳᠪᠦᠷᠢᠳᠦ ᠪᠤᠳᠤᠯᠭ᠎ᠠ ᠲᠤᠬ᠍ᠳᠠᠭᠠᠬᠤ᠎ᠳᠤ ᠠᠷᠠᠳ᠎ᠤᠨ ᠰᠠᠨᠠᠭ᠎ᠠ᠎ᠶ᠋ᠢ ᠪᠠᠢᠴᠠᠭᠠᠬᠤ ᠲᠦᠷᠢᠮ᠎ᠢ ᠶᠡᠬᠡᠪᠡᠷ ᠲᠡᠯᠬᠡᠷᠡᠬᠦᠯᠦᠨ᠂ ᠤᠯᠠᠨ ᠲᠦᠮᠡᠨ᠎ᠤ ᠰᠠᠨᠠᠯ᠎ᠢ ᠦᠷᠬᠡᠨ᠎ᠢᠶᠠᠷ ᠰᠤᠨᠤᠰᠴᠤ᠌᠂ ᠨᠡᠢᠭᠡᠮ ᠨᠡᠢᠳᠡ᠎ᠶ᠋ᠢᠨ ᠦᠨᠡᠨ ᠪᠤᠳᠠᠳᠠᠢ ᠤᠷᠤᠯᠴᠠᠯᠭ᠎ᠠ᠎ᠶ᠋ᠢ ᠴᠢᠩᠭᠠᠳᠭᠠᠬᠤ ᠪᠤᠯ ᠲᠡᠭᠡᠷ᠎ᠠ ᠲᠤᠷᠠᠳᠤᠬ᠍ᠰᠠᠨ ᠰᠠᠨᠠᠭᠤᠯᠭ᠎ᠠ᠎ᠶ᠋ᠢᠨ ᠲᠤᠳᠤᠷᠠᠬᠢ ᠨᠢᠬᠡ ᠪᠤᠯᠤᠨ᠎ᠠ᠃
     ᠬᠠᠤᠯᠢᠵᠢᠯ᠎ᠤᠨ ᠵᠠᠰᠠᠬ᠎ᠤᠨ ᠤᠷᠳᠤᠨ᠎ᠢ ᠪᠠᠢᠭᠤᠯᠬᠤ ᠪᠤᠯ ᠠᠷᠠᠳ ᠤᠯᠠᠨ᠎ᠤ ᠬᠦᠰᠡᠯ ᠪᠠᠷᠠᠯᠠᠯ᠂ ᠨᠡᠩ ᠴᠤ᠌ ᠬᠠᠤᠯᠢᠵᠢᠯ᠎ᠤᠨ ᠨᠡᠢᠬᠡᠮ᠂ ᠬᠠᠤᠯᠢᠵᠢᠯ᠎ᠤᠨ ᠤᠯᠤᠰ᠎ᠢ ᠪᠠᠢᠭᠤᠯᠬᠤ᠎ᠶ᠋ᠢᠨ ᠴᠢᠬᠤᠯᠠ ᠰᠠᠭᠤᠷᠢ᠃ ᠶᠠᠮᠠᠷᠱᠢᠦ ᠵᠠᠰᠠᠬ᠎ᠤᠨ ᠤᠷᠳᠤᠨ᠎ᠨᠢ ᠬᠠᠤᠯᠢᠵᠢᠯ᠎ᠤᠨ ᠵᠠᠰᠠᠬ᠎ᠤᠨ ᠤᠷᠳᠤᠨ᠎ᠳᠤ ᠲᠤᠭᠠᠴᠠᠬ᠍ᠳᠠᠬᠤ ᠪᠤᠢ? ᠨᠢᠬᠡ᠎ᠲᠤᠨᠢ ᠡᠷᠬᠡ ᠬᠢᠯᠢ᠎ᠶ᠋ᠢᠨ ᠵᠠᠭᠠᠭ᠎ᠲᠠᠢ᠂ ᠬᠤᠶᠠᠷ᠎ᠲᠤᠨᠢ ᠢᠯᠡ ᠳᠣᠳᠣ ᠵᠠᠰᠠᠬ᠎ᠤᠨ ᠶᠠᠪᠣᠳᠠᠯ᠎ᠲᠠᠢ ᠪᠠᠢᠬᠤ᠎ᠳᠤ ᠣᠷᠣᠱᠢᠨ᠎ᠠ᠃ ᠡᠨᠡ ᠬᠤᠶᠠᠷ ᠬᠠᠷᠠᠯᠳᠠ᠎ᠶ᠋ᠢ ᠪᠡᠶᠡᠯᠡᠬᠦᠯᠬᠦ᠌᠎ᠳᠤ ᠵᠠᠰᠠᠬ᠎ᠤᠨ ᠤᠷᠳᠤᠨ ᠵᠦᠪᠬᠡᠨ ᠳᠣᠰ ᠪᠡᠶ᠎ᠡ᠎ᠳᠡᠭᠡᠨ ᠲᠦᠱᠢᠭ᠌ᠯᠡᠨ ᠠᠬᠢᠭᠤᠯᠣᠭᠠᠳ ᠪᠤᠯᠴᠢᠬᠠᠬᠤ ᠪᠢᠰᠢ ᠪᠦᠬᠡᠳ ᠪᠠᠰᠠ ᠲᠡᠭᠡᠷ᠎ᠡ ᠱᠠᠳᠤᠨ᠎ᠤ ᠵᠠᠰᠠᠬ᠎ᠤᠨ ᠤᠷᠳᠤᠨ ᠪᠠᠢᠴᠠᠭᠠᠨ ᠬᠢᠨᠠᠯᠳᠠ ᠲᠠᠯᠪᠢᠭᠠᠳ ᠯᠡ ᠪᠡᠶᠡᠯᠡᠭ᠌ᠳᠡᠴᠢᠬᠡᠳᠡᠭ ᠶᠠᠪᠣᠳᠠᠯ ᠪᠢᠰᠢ᠃ ᠵᠠᠰᠠᠬ᠎ᠤᠨ ᠤᠷᠳᠤᠨ ᠬᠠᠤᠯᠢ ᠴᠠᠭᠠᠵᠠ᠎ᠶ᠋ᠢᠨ ᠰᠡᠳᠭᠢᠴᠡ᠎ᠪᠠᠷ ᠠᠰᠠᠭᠤᠳᠠᠯ᠎ᠢ ᠰᠡᠳᠭᠢᠵᠦ᠍᠂ ᠬᠠᠤᠯᠢ ᠴᠠᠭᠠᠵᠠ᠎ᠶ᠋ᠢᠨ ᠠᠷᠭ᠎ᠠ ᠬᠡᠯᠪᠡᠷᠢ᠎ᠪᠠᠷ ᠠᠰᠠᠭᠤᠳᠠᠯ᠎ᠢ ᠱᠢᠢᠳᠪᠦᠷᠢᠯᠡᠵᠦ᠍ ᠪᠠᠢᠬᠤ ᠡᠰᠡᠬᠦ᠌᠎ᠶ᠋ᠢ ᠴᠤᠬᠤᠮ ᠬᠡᠨ ᠦᠨᠡᠯᠡᠬᠦ᠌ ᠪᠤᠢ ᠬᠡᠪᠡᠯ᠂ ᠲᠠᠷᠤᠢ ᠠᠷᠠᠳ ᠤᠯᠠᠨ ᠪᠣᠯᠣᠨ᠎ᠠ᠃ ᠠᠷᠠᠳ ᠤᠯᠠᠨ ᠪᠠ ᠨᠡᠢᠬᠡᠮ᠎ᠤᠨ ᠵᠤᠬᠢᠶᠠᠨ ᠪᠠᠢᠭᠤᠯᠤᠯᠳᠠ ᠵᠠᠰᠠᠬ᠎ᠤᠨ ᠤᠷᠳᠤᠨ᠎ᠤ ᠲᠦᠷᠦ᠎ᠶ᠋ᠢᠨ ᠪᠤᠳᠤᠯᠭ᠎ᠠ᠂ ᠬᠠᠤᠯᠢ ᠬᠡᠷᠡᠭ᠌ᠵᠢᠬᠦᠯᠬᠦ᠌ ᠠᠵᠢᠯᠯᠠᠭ᠎ᠠ᠎ᠳᠤ ᠪᠠᠢᠳᠠᠯ᠎ᠢ ᠮᠡᠳᠡᠬᠦ᠌ ᠡᠷᠬᠡ᠂ ᠤᠷᠤᠯᠴᠠᠬᠤ ᠡᠷᠬᠡ᠂ ᠢᠯᠡᠳᠭᠡᠬᠦ᠌ ᠡᠷᠬᠡ ᠪᠤᠯᠤᠨ ᠬᠢᠨᠠᠯᠳᠠ ᠲᠠᠯᠪᠢᠬᠤ ᠡᠷᠬᠡ ᠭᠦᠢᠴᠡᠳ ᠦᠬᠡᠢ ᠪᠤᠯᠬᠤ᠎ᠳᠤ ᠬᠦᠷᠪᠡᠯ ᠬᠠᠤᠯᠢᠵᠢᠯ᠎ᠤᠨ ᠵᠠᠰᠠᠬ᠎ᠤᠨ ᠤᠷᠳᠤᠨ᠎ᠢ ᠪᠠᠢᠭᠤᠯᠬᠤ᠎ᠶ᠋ᠢᠨ ᠤᠴᠢᠷ ᠤᠳᠭ᠎ᠠ᠎ᠨᠢ ᠬᠠᠮᠢᠭ᠎ᠠ ᠪᠠᠢᠬᠤ ᠪᠢᠯᠡ⁈ ᠠᠷᠠᠳ ᠤᠯᠠᠨ᠎ᠤ ᠤᠷᠤᠯᠴᠠᠯᠭ᠎ᠠ᠎ᠶ᠋ᠢᠨ ᠬᠡᠮᠵᠢᠶ᠎ᠡ ᠪᠠ ᠨᠡᠢᠬᠡᠮ᠎ᠤᠨ ᠬᠢᠨᠠᠯᠳᠠ᠎ᠶ᠋ᠢᠨ ᠡᠷᠴᠢᠮ᠎ᠨᠢ ᠬᠠᠤᠯᠢᠵᠢᠯ᠎ᠤᠨ ᠵᠠᠰᠠᠬ᠎ᠤᠨ ᠤᠷᠳᠤᠨ᠎ᠤ ᠪᠠᠢᠭᠤᠯᠤᠯᠳᠠ᠎ᠶ᠋ᠢᠨ ᠪᠦᠳᠦᠮᠵᠢ᠎ᠶ᠋ᠢ ᠲᠤᠬ᠍ᠳᠠᠭᠠᠳᠠᠬ᠃
     ᠬᠠᠤᠯᠢᠵᠢᠯ᠎ᠤᠨ ᠵᠠᠰᠠᠬ᠎ᠤᠨ ᠤᠷᠳᠤᠨ᠎ᠤ ᠪᠠᠢᠭᠤᠯᠤᠯᠳᠠ᠎ᠶ᠋ᠢᠨ ᠭᠤᠤᠯ ᠲᠦᠯᠬᠢᠴᠡ ᠬᠦᠴᠦᠨ᠎ᠨᠢ ᠠᠷᠠᠳ ᠢᠷᠭᠡᠳ᠎ᠤᠨ ᠬᠢᠨᠠᠯᠳᠠ ᠪᠠ ᠤᠷᠤᠯᠴᠠᠯᠭ᠎ᠠ᠎ᠠᠴᠠ ᠢᠷᠡᠯᠳᠡᠢ᠂ ᠵᠦᠪᠬᠡᠨ ᠢᠩᠬᠢᠪᠡᠯ ᠬᠠᠤᠯᠢᠵᠢᠯ᠎ᠤᠨ ᠵᠠᠰᠠᠬ᠎ᠤᠨ ᠤᠷᠳᠤᠨ᠎ᠤ ᠪᠠᠢᠭᠤᠯᠤᠯᠳᠠ ᠤᠯᠠᠮ ᠡᠷᠴᠢ ᠬᠦᠴᠦᠳᠡᠢ ᠬᠦᠨᠴᠡ᠎ᠲᠠᠢ ᠶᠠᠪᠣᠭ᠍ᠳᠠᠵᠣ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号