ᠰᠢ᠎ᠶ᠋ᠢᠨ ᠫᠢᠩ ᠴᠢᠯᠥᠬᠡᠯᠡᠬᠦ᠌ ᠴᠡᠷᠢᠭ ᠪᠤᠯᠤᠨ ᠵᠡᠪᠰᠡᠭ᠌᠎ᠳᠤ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠲᠦᠯᠥᠬᠡᠯᠡᠭ᠌ᠴᠢᠳ᠎ᠤᠨ ᠪᠦᠯᠬᠦᠮ᠎ᠤᠨ ᠪᠦᠬᠦᠳᠡ ᠬᠤᠷᠡᠯ᠎ᠳᠤ ᠤᠷᠤᠯᠴᠠᠬᠤ᠎ᠳᠠᠭᠠᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠤᠭ᠍ᠰᠠᠨ ᠤᠷᠢᠳᠠᠯ ᠲᠣᠣᠷ᠎ᠠ ᠴᠡᠷᠢᠭ ᠠᠩᠭᠢ᠎ᠶ᠋ᠢᠨ ᠡᠯ᠎ᠡ ᠵᠦᠢᠯ᠎ᠤᠨ ᠠᠵᠢᠯ᠎ᠢ ᠯᠠᠪᠳᠠᠭᠤᠨ ᠪᠠᠳᠤᠲᠠᠢ ᠠᠬᠢᠭᠤᠯᠵᠦ᠍ ᠤᠯᠤᠰ᠎ᠤᠨ ᠪᠠᠲᠤᠯᠠᠨ ᠬᠠᠮᠠᠭᠠᠯᠠᠯᠲᠠ ᠪᠤᠯᠤᠨ ᠴᠡᠷᠢᠭ ᠠᠩᠭᠢ᠎ᠶ᠋ᠢᠨ ᠪᠠᠢᠭᠤᠯᠤᠯᠲᠠ᠎ᠶ᠋ᠢᠨ 2020 ᠣᠨ᠎ᠤ ᠬᠠᠷᠠᠯᠲᠠ ᠡᠭᠦᠷᠭᠡ᠎ᠶ᠋ᠢ ᠡᠷᠡᠰ ᠪᠡᠶᠡᠯᠡᠭᠦᠯᠬᠦ᠌ ᠬᠡᠷᠡᠭ᠌ᠳᠡᠢ ᠭᠡᠵᠦ᠍ ᠴᠢᠬᠤᠯᠠᠴᠢᠯᠠᠪᠠ
2020-05-27 09:09:24
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆
ᠱᠢᠨᠬᠤᠸᠠ ᠬᠤᠷᠢᠶᠡᠨ᠎ᠤ ᠪᠡᠭᠡᠵᠢᠩ᠎ᠤᠨ 5 ᠰᠠᠷ᠎ᠠ᠎ᠶ᠋ᠢᠨ 26 ᠤ ᠴᠠᠬᠢᠯᠭᠠᠨ ᠮᠡᠳᠡᠭᠡ (ᠰᠤᠷᠪᠤᠯᠵᠢᠯᠠᠬ᠍ᠴᠢ ᠯᠢ ᠱᠢᠤᠸᠠᠢ ᠶᠦᠩ ᠯᠢ ᠱᠢᠤᠸᠠᠨ ᠯᠢᠶᠠᠩ) ᠨᠠᠮ᠎ᠤᠨ ᠲᠦᠪ ᠬᠤᠷᠢᠶᠡᠨ᠎ᠤ ᠶᠡᠷᠤᠩᠬᠡᠢ ᠱᠦᠵᠢ᠂ ᠤᠯᠤᠰ᠎ᠤᠨ ᠲᠡᠷᠢᠬᠦᠯᠡᠭ᠌ᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠡᠨ᠎ᠤ ᠲᠡᠷᠢᠬᠦᠯᠡᠭ᠌ᠴᠢ ᠰᠢ᠎ᠶ᠋ᠢᠨ ᠫᠢᠩ 26 ᠤ ᠦᠳᠡ᠎ᠶ᠋ᠢᠨ ᠬᠤᠢᠨ᠎ᠡ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠭᠤᠷᠪᠠᠳᠤᠭᠠᠷ ᠬᠤᠷᠡᠯ᠎ᠤᠨ ᠴᠢᠯᠥᠬᠡᠯᠡᠬᠦ᠌ ᠴᠡᠷᠢᠭ ᠪᠤᠯᠤᠨ ᠵᠡᠪᠰᠡᠭ᠌᠎ᠳᠤ ᠴᠠᠭ᠍ᠳᠠᠭᠠᠨ᠎ᠤ ᠴᠡᠷᠢᠭ ᠠᠩᠬᠢ᠎ᠶ᠋ᠢᠨ ᠲᠦᠯᠥᠬᠡᠯᠡᠭ᠌ᠴᠢᠳ᠎ᠤᠨ ᠪᠦᠯᠬᠦᠮ᠎ᠤᠨ ᠪᠦᠬᠦᠳᠡ ᠬᠤᠷᠡᠯ᠎ᠳᠤ ᠤᠷᠤᠯᠴᠠᠬᠤ᠎ᠳᠠᠭᠠᠨ᠂ ᠪᠦᠬᠦ᠌ ᠴᠡᠷᠢᠭ᠎ᠤᠨ᠎ᠬᠢᠨ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ᠎ᠪᠠᠨ ᠨᠠᠮ᠎ᠤᠨ ᠲᠦᠪ ᠬᠤᠷᠢᠶᠡᠨ᠎ᠤ ᠱᠢᠢᠳᠪᠤᠷᠢᠳᠤ ᠪᠤᠳᠤᠯᠭ᠎ᠠ ᠪᠠᠢᠷᠢᠯᠠᠭᠤᠯᠤᠯᠳᠠ᠎ᠲᠠᠢ ᠨᠢᠬᠡᠳᠭᠡᠵᠥ᠍᠂ ᠢᠳᠡᠬᠡᠯ ᠵᠤᠷᠢᠭ᠎ᠢᠶᠠᠨ ᠪᠠᠳᠤᠳᠭᠠᠨ᠂ ᠬᠦᠴᠢᠷ᠎ᠢ ᠰᠦᠷᠦᠨ ᠤᠷᠤᠭ᠍ᠰᠢᠯᠠᠵᠥ᠍᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌᠎ᠶ᠋ᠢ ᠪᠠᠢᠡᠭ᠌ᠭᠤᠵᠢᠭᠤᠯᠤᠭ᠍ᠰᠠᠨ ᠤᠷᠢᠳᠡᠯ ᠲᠤᠤᠷ᠎ᠡ ᠴᠡᠷᠢᠭ ᠠᠩᠬᠢ᠎ᠶ᠋ᠢᠨ ᠡᠯ᠎ᠡ ᠵᠦᠢᠯ᠎ᠤᠨ ᠠᠵᠢᠯ᠎ᠢ ᠯᠠᠪᠳᠠᠭᠤᠨ ᠪᠠᠳᠤᠳᠠᠢ ᠠᠬᠢᠭᠤᠯᠵᠥ᠍᠂ ᠤᠯᠤᠰ᠎ᠤᠨ ᠪᠠᠳᠤᠯᠠᠨ ᠬᠠᠮᠠᠭᠠᠯᠠᠯᠳᠠ ᠪᠤᠯᠤᠨ ᠴᠡᠷᠢᠭ ᠠᠩᠬᠢ᠎ᠶ᠋ᠢᠨ ᠪᠠᠢᠭᠤᠯᠤᠯᠳᠠ᠎ᠶ᠋ᠢᠨ 2020 ᠤᠨ᠎ᠤ ᠬᠠᠷᠠᠯᠳᠡ ᠡᠬᠦᠷᠬᠡ᠎ᠶ᠋ᠢ ᠡᠷᠡᠰ ᠪᠡᠶᠡᠯᠡᠬᠦᠯᠵᠥ᠍᠂ ᠨᠠᠮ ᠪᠤᠯᠤᠨ ᠠᠷᠠᠳ ᠲᠦᠮᠠᠨ᠎ᠤ ᠲᠠᠭᠠᠭᠠᠯᠭᠠᠭ᠍ᠰᠠᠠ ᠡᠯ᠎ᠡ ᠵᠦᠢᠯ᠎ᠤᠨ ᠡᠬᠦᠷᠬᠡ᠎ᠶ᠋ᠢ ᠡᠷᠡᠰ ᠪᠡᠶᠡᠯᠡᠬᠦᠯᠬᠦ᠌ ᠬᠡᠷᠡᠭ᠌ᠳᠡᠢ ᠬᠡᠵᠥ᠍ ᠴᠢᠬᠤᠯᠠᠴᠢᠯᠠᠪᠠ᠃
ᠬᠤᠷᠠᠯ ᠳᠡᠬᠡᠷ᠎ᠡ᠂ ᠯᠢ ᠶᠦᠩ᠂ ᠾᠧ ᠯᠸᠢ᠂ ᠸᠠᠩ ᠬᠠᠢ᠂ ᠯᠢ ᠾᠦᠸᠧ ᠬᠤᠢ᠂ ᠼᠦᠢ ᠢᠥᠢ ᠯᠢᠩ᠂ ᠵᠦᠩ ᡁᠢ ᠮᠢᠩ᠂ ᠸᠠᠩ ᠬᠤᠢ ᠴᠢᠩ᠂ ᠯᠢᠦ ᠭᠤᠸᠠᠩ ᠪᠢᠨ ᠵᠡᠷᠬᠡ 8 ᠳᠦᠯᠦᠬᠡᠯᠡᠭ᠌ᠴᠢ ᠳᠤᠰ ᠳᠤᠰ ᠦᠬᠡ ᠬᠡᠯᠡᠵᠥ᠍᠂ ᠮᠠᠨ᠎ᠤ ᠴᠡᠷᠢᠭ᠎ᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠡᠬᠦᠷᠬᠡ᠎ᠶ᠋ᠢ ᠬᠦᠢᠴᠡᠳᠭᠡᠭ᠌ᠰᠡᠨ᠂ ᠬᠢᠵᠢᠭ᠎ᠤᠨ ᠪᠠᠢᠳᠠᠯ᠎ᠤᠨ ᠳᠤᠤᠷ᠎ᠠ ᠴᠡᠷᠢᠭ ᠪᠤᠯᠪᠠᠰᠤᠷᠠᠭᠤᠯᠵᠥ᠍ ᠳᠠᠢᠨ᠎ᠳᠤ ᠪᠡᠯᠡᠳᠭᠡᠭ᠌ᠰᠡᠨ᠂ ᠠᠮᠢᠳᠤ ᠪᠤᠳᠠᠰ᠎ᠤᠨ ᠠᠮᠤᠷ ᠳᠦᠪᠱᠢᠨ᠎ᠤ ᠰᠡᠷᠬᠡᠢᠯᠡᠨ ᠬᠠᠮᠠᠭᠠᠯᠠᠬᠤ ᠴᠢᠳᠠᠪᠤᠷᠢ᠎ᠶ᠋ᠢᠨ ᠪᠠᠢᠭᠤᠯᠤᠯᠳᠠ᠎ᠶ᠋ᠢ ᠳᠦᠷᠬᠡᠳᠭᠡᠬᠦ᠂ ᠤᠯᠤᠰ᠎ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ᠎ᠶ᠋ᠢᠨ ᠦᠬᠡᠷᠡᠴᠢᠯᠡᠯᠳᠡ᠎ᠶ᠋ᠢᠨ ᠬᠠᠤᠯᠢ ᠳᠤᠬ᠍ᠳᠠᠭᠠᠬᠤ ᠠᠵᠢᠯ᠎ᠢ ᠠᠬᠢᠭᠤᠯᠬᠤ᠂ ᠮᠠᠨ᠎ᠤ ᠴᠡᠷᠢᠭ᠎ᠤᠨ ᠪᠠᠢᠭᠤᠯᠤᠯᠳᠠ᠎ᠶ᠋ᠢᠨ 《ᠠᠷᠪᠠᠨ ᠭᠤᠷᠪᠠᠳᠤᠭᠠᠷ ᠳᠠᠪᠤᠨ ᠵᠢᠯ》 ᠤᠨ ᠳᠦᠯᠦᠪᠵᠢᠬᠦᠯᠬᠡ᠎ᠶ᠋ᠢᠨ ᠨᠠᠢᠳᠠᠪᠤᠷᠢᠵᠢᠭᠤᠯᠤᠯᠳᠠ ᠪᠤᠯᠤᠨ 《ᠠᠷᠪᠠᠨ ᠳᠦᠷᠪᠡᠳᠦᠬᠡᠷ ᠳᠠᠪᠤᠨ ᠵᠢᠯ》 ᠤᠨ ᠳᠦᠯᠦᠪᠵᠢᠬᠦᠯᠬᠡ᠎ᠶ᠋ᠢ ᠨᠠᠢᠷᠠᠭᠤᠯᠤᠨ ᠵᠤᠬᠢᠶᠠᠬᠤ ᠠᠵᠢᠯ᠎ᠢ ᠰᠠᠢᠳᠤᠷ ᠠᠳᠭᠤᠬᠤ ᠵᠡᠷᠬᠡ ᠠᠰᠠᠭᠤᠳᠠᠯ᠎ᠤᠨ ᠳᠤᠬᠠᠢ ᠰᠠᠨᠠᠯ ᠰᠠᠨᠠᠭᠤᠯᠭ᠎ᠠ ᠳᠤᠷᠠᠳᠴᠠᠢ᠃
ᠳᠦᠯᠦᠬᠡᠯᠡᠭ᠌ᠴᠢ᠎ᠶ᠋ᠢᠨ ᠬᠡᠯᠡᠬᠦ᠌᠎ᠶ᠋ᠢ ᠨᠠᠷᠢᠨ ᠬᠢᠨᠠᠮᠠᠭᠠᠢ ᠰᠤᠨᠤᠰᠤᠬ᠍ᠰᠠᠨ᠎ᠤ ᠳᠠᠷᠠᠭ᠎ᠠ ᠰᠢ᠎ᠶ᠋ᠢᠨ ᠫᠢᠩ ᠴᠢᠬᠤᠯᠠ ᠶᠠᠷᠢᠶ᠎ᠠ ᠳᠠᠯᠪᠢᠪᠠ᠃ ᠳᠡᠷᠡ ᠡᠩ ᠳᠡᠷᠢᠬᠦᠨ᠎ᠳᠤ ᠪᠦᠬᠦ᠌ ᠴᠡᠷᠢᠭ ᠠᠩᠬᠢ᠎ᠶ᠋ᠢᠨ ᠱᠢᠨ᠎ᠡ ᠳᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠡᠬᠦᠷᠬᠡ᠎ᠶ᠋ᠢ ᠬᠦᠢᠴᠡᠳᠭᠡᠭ᠌ᠰᠡᠨ ᠪᠠᠢᠳᠠᠯ᠎ᠢ ᠬᠦᠢᠴᠡᠳ ᠨᠤᠳᠠᠯᠠᠪᠠ᠃ ᠰᠢ᠎ᠶ᠋ᠢᠨ ᠫᠢᠩ᠂ ᠡᠨᠡ ᠤᠳᠠᠭ᠎ᠠ᠎ᠶ᠋ᠢᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠳᠠᠮᠡᠴᠡᠯ᠎ᠨᠢ ᠮᠠᠨ᠎ᠤ ᠴᠡᠷᠢᠭ᠎ᠲᠤ ᠠᠪᠴᠤ᠌ ᠬᠡᠯᠡᠪᠡᠯ ᠨᠢᠬᠡ ᠤᠳᠠᠭ᠎ᠠ᠎ᠶ᠋ᠢᠨ ᠳᠤᠮᠤ ᠱᠢᠯᠭᠠᠯᠳᠠ ᠪᠤᠯᠤᠨ᠎ᠠ᠃ ᠠᠷᠠᠳ᠎ᠤᠨ ᠴᠡᠷᠢᠭ ᠠᠩᠬᠢ ᠨᠠᠮ᠎ᠤᠨ ᠵᠢᠯᠤᠭᠤᠳᠤᠯᠭ᠎ᠠ᠎ᠶ᠋ᠢ ᠰᠤᠨᠤᠰᠤᠨ ᠵᠠᠷᠯᠢᠭ᠎ᠢ ᠳᠤᠰᠤᠮᠠᠬ᠍ᠴᠠ ᠬᠦᠳᠡᠯᠤᠯᠴᠡᠵᠥ᠍᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠳᠡᠮᠡᠴᠡᠯ ᠳᠤᠮᠳᠠ ᠴᠢᠬᠤᠯᠠ ᠦᠢᠯᠡᠳᠦᠯ ᠪᠠᠳᠠᠷᠠᠭᠤᠯᠵᠥ᠍ ᠳᠤᠪᠤᠢᠮ᠎ᠠ ᠬᠤᠪᠢ ᠨᠡᠮᠡᠷᠢ ᠦᠵᠡᠬᠦᠯᠪᠡ᠃ ᠠᠷᠠᠳ᠎ᠤᠨ ᠴᠡᠷᠢᠭ ᠠᠩᠬᠢ ᠪᠤᠯ ᠢᠮᠠᠬ᠍ᠳᠠ ᠨᠠᠮ ᠪᠠ ᠠᠷᠠᠳ ᠳᠦᠮᠡᠨ᠎ᠤ ᠪᠦᠷᠢᠨ ᠢᠳᠡᠬᠡᠯ᠎ᠢ ᠤᠯᠤᠬ᠍ᠰᠠᠨ ᠪᠠᠭᠠᠳᠤᠷᠯᠢᠭ ᠴᠡᠷᠢᠭ ᠠᠩᠬᠢ ᠮᠦᠨ ᠬᠡᠳᠡᠭ᠎ᠢ ᠦᠢᠯᠡᠳᠦᠯᠬᠡ ᠳᠠᠬᠢᠨᠳᠠ ᠬᠡᠷᠡᠴᠢᠯᠡᠵᠠᠢ ᠬᠡᠵᠥ᠍ ᠵᠢᠭᠠᠵᠥ᠍ ᠭᠠᠷᠭᠠᠪᠠ᠃
ᠰᠢ᠎ᠶ᠋ᠢᠨ ᠫᠢᠩ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠰᠠᠢᠳᠤᠷ ᠬᠢᠬᠦ᠌᠎ᠲᠠᠢ ᠤᠶᠠᠯᠳᠤᠭᠤᠯᠵᠤ᠂ ᠤᠯᠤᠰ᠎ᠤᠨ ᠪᠠᠳᠤᠯᠠᠨ ᠬᠠᠮᠠᠭᠠᠯᠠᠯᠳᠠ ᠪᠤᠯᠤᠨ ᠴᠡᠷᠢᠭ ᠠᠩᠭᠢ᠎ᠶ᠋ᠢᠨ ᠪᠠᠢᠭᠤᠯᠤᠯᠳᠠ᠎ᠶ᠋ᠢᠨ ᠭᠤᠤᠯᠳᠠᠯᠭ᠎ᠠ᠎ᠲᠠᠢ ᠠᠵᠢᠯ᠎ᠤᠨ ᠲᠤᠬᠠᠢ ᠱᠠᠭᠠᠷᠳᠠᠯᠭ᠎ᠠ ᠳᠤᠷᠠᠳᠴᠠᠢ᠃ ᠲᠡᠷᠡ᠂ ᠲᠤᠰ ᠤᠳᠠᠭ᠎ᠠ᠎ᠶ᠋ᠢᠨ ᠬᠢᠵᠢᠭ᠎ᠤᠨ ᠪᠠᠢᠳᠠᠯ᠎ᠨᠢ ᠳᠡᠯᠡᠬᠡᠢ᠎ᠶ᠋ᠢᠨ ᠪᠠᠢᠷᠢᠱᠢᠯ᠎ᠳᠤ ᠭᠦᠨ ᠨᠦᠯᠦᠭᠡ ᠭᠠᠷᠭᠠᠵᠤ᠂ ᠮᠠᠨ᠎ᠤ ᠤᠯᠤᠰ᠎ᠤᠨ ᠠᠮᠤᠷ ᠲᠦᠪᠱᠢᠨ ᠪᠤᠯᠤᠨ ᠬᠦᠭ᠌ᠵᠢᠯᠳᠡ᠎ᠳᠤ ᠴᠤ᠌ ᠭᠦᠨ ᠨᠦᠯᠦᠭᠡ ᠭᠠᠷᠭᠠᠪᠡ᠃ ᠬᠤᠷᠢᠭ᠎ᠠ ᠱᠤᠭᠤᠮ᠎ᠤᠨ ᠰᠡᠳᠭᠢᠬᠦᠢ᠎ᠶ᠋ᠢ ᠪᠠᠷᠢᠮᠳᠠᠯᠠᠵᠤ᠂ ᠴᠡᠷᠢᠭ ᠪᠤᠯᠪᠠᠰᠤᠷᠠᠭᠤᠯᠤᠨ ᠳᠠᠢᠨ᠎ᠳᠤ ᠪᠡᠯᠡᠳᠭᠡᠬᠦ᠌ ᠠᠵᠢᠯ᠎ᠢ ᠪᠦᠬᠦ᠌ ᠲᠠᠯ᠎ᠠ᠎ᠪᠠᠷ ᠴᠢᠩᠭᠠᠳᠭᠠᠨ᠂ ᠡᠯ᠎ᠠ ᠵᠦᠢᠯ᠎ᠤᠨ ᠪᠤᠳᠤᠯᠢᠶᠠᠨᠳᠠᠢ ᠪᠠᠢᠳᠠᠯ᠎ᠢ ᠴᠠᠭ ᠲᠤᠬᠠᠢᠳᠤᠨᠢ ᠪᠦᠲᠦᠮᠵᠢᠳᠠᠢ ᠱᠢᠢᠳᠪᠦᠷᠢᠯᠡᠵᠤ᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠦᠭ᠌ᠵᠢᠯᠳᠡ᠎ᠶ᠋ᠢᠨ ᠠᠱᠢᠭ ᠲᠤᠰᠠ᠎ᠶ᠋ᠢ ᠡᠷᠡᠰ ᠬᠠᠮᠠᠭᠠᠯᠠᠵᠤ᠂ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠪᠦᠬᠦ᠌ ᠲᠠᠯ᠎ᠠ᠎ᠶ᠋ᠢᠨ ᠲᠤᠭ᠍ᠳᠠᠭᠤᠨ᠎ᠢ ᠬᠠᠮᠠᠭᠠᠯᠠᠬᠤ ᠬᠡᠷᠡᠭ᠌ᠳᠠᠢ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠤᠭ᠍ᠰᠠᠨ ᠨᠦᠬᠦᠴᠡᠯ ᠳᠤᠤᠷ᠎ᠠ ᠴᠡᠷᠢᠭ ᠪᠤᠯᠪᠠᠰᠤᠷᠠᠭᠤᠯᠤᠨ ᠳᠠᠢᠨ᠎ᠳᠤ ᠪᠡᠯᠡᠳᠭᠡᠬᠦ᠌ ᠠᠷᠭ᠎ᠠ ᠬᠡᠯᠪᠡᠷᠢ ᠠᠷᠭ᠎ᠠ ᠬᠡᠮᠵᠢᠶ᠎ᠠ᠎ᠶ᠋ᠢ ᠰᠦᠪᠡᠭ᠌ᠴᠢᠯᠡᠨ᠂ ᠴᠠᠭ ᠪᠠ ᠪᠠᠢᠳᠠᠯ᠎ᠲᠠᠢ ᠤᠶᠠᠯᠳᠤᠭᠤᠯᠤᠨ ᠱᠢᠨᠵᠢᠯᠡᠬᠦ᠌ ᠤᠬᠠᠭᠠᠨᠴᠢ᠎ᠪᠠᠷ ᠲᠤᠬᠢᠷᠠᠭᠤᠯᠤᠨ ᠡᠵᠡᠮᠳᠡᠬᠦ᠌᠎ᠶ᠋ᠢ ᠰᠠᠢᠳᠤᠷ ᠬᠢᠵᠤ᠂ ᠴᠡᠷᠢᠭ᠎ᠤᠨ ᠶᠠᠪᠤᠳᠠᠯ᠎ᠤᠨ ᠲᠡᠮᠡᠴᠡᠯ ᠬᠢᠬᠦ᠌ ᠪᠡᠯᠡᠳᠭᠡᠯ᠎ᠢ ᠳᠠᠷᠦ᠋ᠢᠬᠠᠨ ᠠᠬᠢᠭᠤᠯᠵᠤ᠂ ᠪᠤᠳᠠᠳᠤ ᠪᠠᠢᠯᠳᠤᠭᠠᠨᠴᠢᠯᠠᠬ᠍ᠰᠠᠨ ᠴᠡᠷᠢᠭ᠎ᠤᠨ ᠶᠠᠪᠤᠳᠠᠯ᠎ᠤᠨ ᠪᠤᠯᠪᠠᠰᠤᠷᠠᠯ᠎ᠢ ᠠᠮᠢᠳᠤᠯᠢᠭ᠎ᠢᠶᠠᠷ ᠦᠷᠨᠢᠭᠦᠯᠵᠤ᠂ ᠮᠠᠨ᠎ᠤ ᠴᠡᠷᠢᠭ᠎ᠤᠨ ᠴᠡᠷᠢᠭ᠎ᠤᠨ ᠶᠠᠪᠤᠳᠠᠯ᠎ᠤᠨ ᠡᠭᠦᠷᠭᠡ᠎ᠶ᠋ᠢ ᠪᠡᠶᠡᠯᠡᠭᠦᠯᠬᠦ᠌ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌ ᠬᠡᠷᠡᠭ᠌ᠳᠠᠢ ᠭᠡᠵᠤ ᠴᠢᠬᠤᠯᠠᠴᠢᠯᠠᠪᠠ᠃
ᠰᠢ᠎ᠶ᠋ᠢᠨ ᠫᠢᠩ᠂ ᠡᠨᠡ ᠤᠳᠠᠭ᠎ᠠ᠎ᠶ᠋ᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠡᠮᠡᠴᠡᠯ᠎ᠨᠢ ᠤᠯᠤᠰ᠎ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠭᠢ᠎ᠶ᠋ᠢᠨ ᠦᠭᠡᠷᠡᠴᠢᠯᠡᠯᠳᠡ᠎ᠳᠤ ᠠᠪᠴᠤ᠌ ᠬᠡᠯᠡᠪᠡᠯ ᠨᠢᠭᠡ ᠤᠳᠠᠭ᠎ᠠ᠎ᠶ᠋ᠢᠨ ᠪᠤᠳᠠᠳᠠᠢ ᠱᠢᠯᠭᠠᠯᠳᠠ ᠪᠤᠯᠤᠨ᠎ᠠ᠂ ᠦᠭᠡᠷᠡᠴᠢᠯᠡᠯᠳᠡ᠎ᠶ᠋ᠢᠨ ᠦᠷ᠎ᠠ ᠪᠦᠲᠦᠮᠵᠢ᠎ᠶ᠋ᠢ ᠭᠦᠢᠴᠡᠳ ᠬᠠᠷᠠᠭᠤᠯᠬᠤ᠎ᠶ᠋ᠢᠨ ᠬᠠᠮᠳᠤ ᠦᠭᠡᠷᠡᠴᠢᠯᠡᠯᠳᠡ᠎ᠳᠤ ᠱᠢᠨ᠎ᠠ ᠱᠠᠭᠠᠷᠳᠠᠯᠭ᠎ᠠ ᠲᠠᠯᠪᠢᠵᠠᠢ᠃ ᠴᠢᠭ᠌ᠯᠡᠯ᠎ᠢᠶᠠᠨ ᠦᠯᠦ᠍ ᠬᠤᠪᠢᠷᠠᠭᠤᠯᠬᠤ᠂ ᠵᠠᠮ᠎ᠢᠶᠠᠨ ᠦᠯᠦ᠍ ᠦᠭᠡᠷᠡᠳᠦᠭᠦᠯᠬᠦ᠂ ᠬᠦᠴᠦ᠎ᠪᠠᠨ ᠦᠯᠦ᠍ ᠰᠤᠯᠠᠷᠠᠭᠤᠯᠬᠤ᠎ᠶ᠋ᠢ ᠪᠠᠷᠢᠮᠳᠠᠯᠠᠵᠤ᠂ ᠲᠦᠷᠦ᠎ᠶ᠋ᠢᠨ ᠪᠤᠳᠤᠯᠭ᠎ᠠ ᠳᠦᠷᠢᠮ᠎ᠤᠨ ᠦᠭᠡᠷᠡᠴᠢᠯᠡᠯᠳᠡ ᠬᠢᠬᠦ᠌ ᠭᠤᠤᠯᠳᠠᠯᠭ᠎ᠠ᠎ᠶ᠋ᠢ ᠴᠢᠩᠭ᠎ᠠ ᠠᠳᠭᠤᠨ᠂ ᠡᠯ᠎ᠠ ᠵᠦᠢᠯ᠎ᠤᠨ ᠦᠭᠡᠷᠡᠴᠢᠯᠡᠯᠳᠡ᠎ᠶ᠋ᠢᠨ ᠠᠵᠢᠯ᠎ᠢ ᠨᠢᠭᠡᠳᠦᠯᠳᠠᠢ ᠲᠦᠯᠦᠪᠵᠢᠭᠦᠯᠦᠨ ᠰᠠᠢᠳᠤᠷ ᠠᠳᠭᠤᠵᠤ᠂ ᠲᠤᠭ᠍ᠳᠠᠭᠠᠭ᠍ᠰᠠᠨ ᠦᠭᠡᠷᠡᠴᠢᠯᠡᠯᠳᠡ᠎ᠶ᠋ᠢᠨ ᠡᠭᠦᠷᠭᠡ᠎ᠶ᠋ᠢ ᠲᠤᠭ᠍ᠳᠠᠭ᠍ᠰᠠᠨ ᠴᠠᠭᠲᠤᠨᠢ ᠪᠡᠶᠡᠯᠡᠭᠦᠯᠬᠦ᠌ ᠬᠡᠷᠡᠭ᠌ᠳᠠᠢ᠃ ᠦᠬᠡᠷᠡᠴᠢᠯᠠᠯᠳᠠ ᠬᠢᠵᠤ ᠱᠢᠨ᠎ᠠ᠎ᠶ᠋ᠢ ᠡᠬᠦᠳᠬᠦ᠌ ᠰᠡᠳᠭᠢᠴᠠ ᠪᠤᠯᠤᠨ ᠠᠷᠭ᠎ᠠ᠎ᠪᠠᠷ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠠᠵᠢᠯ᠎ᠳᠤ ᠢᠯᠡᠷᠡᠭ᠌ᠰᠡᠨ ᠱᠢᠨ᠎ᠠ ᠪᠠᠢᠳᠠᠯ ᠱᠢᠨ᠎ᠠ ᠠᠰᠠᠭᠤᠳᠠᠯ᠎ᠢ ᠱᠢᠢᠳᠪᠤᠷᠢᠯᠡᠬᠦ᠌᠎ᠶ᠋ᠢ ᠴᠢᠬᠤᠯᠠᠴᠢᠯᠠᠬᠤ ᠭᠡᠷᠡᠭ᠌ᠳᠠᠢ᠃ ᠮᠠᠨ᠎ᠤ ᠴᠡᠷᠢᠭ᠎ᠤᠨ ᠠᠨᠠᠭᠠᠬᠤ ᠤᠬᠠᠭᠠᠨ᠎ᠤ ᠰᠤᠳᠤᠯᠭᠠᠨ᠎ᠤ ᠲᠠᠪᠠᠭᠤᠯᠢᠬ᠎ᠢ ᠪᠠᠳᠠᠷᠠᠭᠤᠯᠤᠨ᠂ ᠱᠢᠨ᠎ᠠ ᠲᠢᠳᠢᠮᠯᠢᠭ ᠠᠭᠤᠰᠭᠢᠨ ᠦᠷᠪᠢᠰᠤᠯ᠎ᠤᠨ ᠡᠮ ᠲᠠᠩ ᠪᠤᠯᠤᠨ ᠸᠠᠺᠼᠢᠨ᠎ᠤ ᠰᠤᠳᠤᠯᠭᠠᠨ᠎ᠢ ᠲᠦᠷᠬᠡᠳᠭᠡᠵᠤ᠂ ᠨᠡᠩ ᠤᠯᠠᠨ ᠱᠢᠯᠢᠳᠡᠭ ᠤᠢ᠍ᠢᠯᠡᠳᠬᠦᠨᠢ ᠤᠢ᠍ᠢᠯᠡᠳᠪᠤᠷᠢᠯᠡᠬᠦ᠌ ᠭᠡᠷᠡᠭ᠌ᠳᠠᠢ᠃ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠱᠢᠨ᠎ᠠ᠎ᠶ᠋ᠢ ᠡᠬᠦᠳᠬᠦ᠌᠎ᠠᠴᠠ ᠲᠠᠢᠴᠢᠨ ᠬᠦᠴᠤᠨ ᠤᠯᠬᠤ᠎ᠶ᠋ᠢ ᠪᠠᠷᠢᠮᠳᠠᠯᠠᠵᠤ᠂ ᠤᠯᠤᠰ᠎ᠤᠨ ᠪᠠᠳᠤᠯᠠᠨ ᠬᠠᠮᠠᠭᠠᠯᠠᠯᠳᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠱᠢᠨ᠎ᠠ ᠡᠭᠦᠳᠦᠯᠳᠡ᠂ ᠢᠯᠠᠩᠭᠤᠶ᠎ᠠ ᠪᠡᠶ᠎ᠠ᠎ᠪᠠᠨ ᠲᠠᠭᠠᠭᠠᠬ᠍ᠰᠠᠨ ᠱᠢᠨ᠎ᠠ ᠡᠭᠦᠳᠦᠯᠳᠡ᠂ ᠤᠤᠭᠠᠯ ᠱᠢᠨ᠎ᠠ ᠡᠭᠦᠳᠦᠯᠳᠡ᠎ᠶ᠋ᠢ ᠴᠢᠩᠭᠠᠳᠭᠠᠬᠤ ᠭᠡᠷᠡᠭ᠌ᠳᠠᠢ᠃ ᠦᠬᠡᠷᠡᠴᠢᠯᠠᠯᠳᠠ ᠬᠢᠵᠤ ᠱᠢᠨ᠎ᠠ᠎ᠶ᠋ᠢ ᠡᠬᠦᠳᠬᠦ᠌᠎ᠶ᠋ᠢᠨ ᠵᠠᠩᠬᠢᠯᠠᠭ᠎ᠠ᠎ᠨᠢ ᠬᠦᠮᠤᠨ᠎ᠳᠤ ᠪᠠᠢᠨ᠎ᠠ᠂ 《ᠭᠤᠷᠪᠠ᠎ᠶ᠋ᠢ ᠨᠢᠬᠡ ᠴᠤᠬ᠍ᠴᠠᠵᠢᠭᠤᠯᠤᠭ᠍ᠰᠠᠨ》 ᠴᠢᠳᠠᠪᠤᠷᠢᠳᠠᠨ᠎ᠢ ᠬᠦᠮᠤᠵᠢᠬᠦᠯᠬᠦ᠌ ᠱᠢᠰᠲ᠋ᠧᠮ᠎ᠢ ᠪᠠᠢᠭᠤᠯᠵᠤ᠂ ᠮᠤᠷᠠᠯ ᠴᠢᠳᠠᠪᠤᠷᠢ ᠬᠤᠤᠰᠯᠠᠬ᠍ᠰᠠᠨ ᠲᠡᠭᠡᠳᠤ ᠮᠡᠳᠡᠯᠬᠡ ᠪᠤᠯᠪᠠᠰᠤᠷᠠᠯ᠎ᠲᠠᠢ᠂ ᠲᠤᠰᠭᠠᠢᠵᠢᠬ᠍ᠰᠠᠨ ᠱᠢᠨ᠎ᠠ ᠬᠡᠯᠪᠡᠷᠢ᠎ᠶ᠋ᠢᠨ ᠴᠡᠷᠢᠭ᠎ᠤᠨ ᠶᠠᠪᠤᠳᠠᠯ᠎ᠤᠨ ᠴᠢᠳᠠᠪᠤᠷᠢᠳᠠᠨ᠎ᠤ ᠡᠩᠨᠡᠭᠡ᠎ᠶ᠋ᠢ ᠬᠦᠮᠤᠵᠢᠬᠦᠯᠬᠦ᠌ ᠭᠡᠷᠡᠭ᠌ᠳᠠᠢ ᠬᠡᠵᠤ ᠵᠢᠭᠠᠵᠤ ᠭᠠᠷᠭᠠᠪᠠ᠃
ᠰᠢ᠎ᠶ᠋ᠢᠨ ᠫᠢᠩ᠂ ᠡᠨᠡ ᠵᠢᠯ ᠪᠤᠯ ᠮᠠᠨ᠎ᠤ ᠴᠡᠷᠢᠭ᠎ᠤᠨ ᠪᠠᠢᠭᠤᠯᠤᠯᠳᠠ ᠬᠦᠭ᠌ᠵᠢᠬᠦᠯᠤᠯᠳᠠᠶ᠋ᠢᠨ 《ᠠᠷᠪᠠᠨ ᠭᠤᠷᠪᠠᠳᠤᠭᠠᠷ ᠲᠠᠪᠤᠨ ᠵᠢᠯ》 ᠤᠨ ᠲᠦᠯᠤᠪᠵᠢᠬᠦᠯᠬᠡ᠎ᠶ᠋ᠢᠨ ᠰᠡᠬᠦᠯ ᠬᠤᠷᠢᠶᠠᠬᠤ ᠵᠢᠯ ᠪᠤᠯᠤᠨ᠎ᠠ᠂ ᠶᠡᠷᠦ᠍ ᠪᠤᠰᠤ᠎ᠶ᠋ᠢᠨ ᠠᠷᠭ᠎ᠠ ᠬᠡᠮᠵᠢᠶ᠎ᠠ ᠠᠪᠴᠤ᠌᠂ ᠬᠢᠵᠢᠭ᠎ᠤᠨ ᠪᠠᠢᠳᠠᠯ᠎ᠤᠨ ᠨᠦᠯᠤᠬᠡ᠎ᠶ᠋ᠢ ᠢᠯᠠᠨ ᠲᠠᠪᠠᠵᠤ᠂ ᠬᠦᠴᠤᠨ᠎ᠢᠶᠠᠨ ᠲᠦᠪᠯᠡᠷᠡᠬᠦᠯᠤᠨ ᠲᠦᠯᠤᠪᠵᠢᠬᠦᠯᠬᠡ᠎ᠶ᠋ᠢ ᠨᠠᠢᠳᠠᠪᠤᠷᠢᠵᠢᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠢ ᠰᠠᠢᠳᠤᠷ ᠬᠢᠵᠤ᠂ ᠴᠢᠬᠤᠯᠠ ᠶᠡᠭᠡ ᠡᠬᠦᠷᠬᠡ᠎ᠶ᠋ᠢ ᠪᠡᠶᠡᠯᠡᠬᠦᠯᠬᠦ᠂ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢ᠎ᠪᠠᠨ ᠶᠡᠭᠡ᠎ᠪᠠᠷ ᠲᠡᠭᠡᠭ᠌ᠰᠢᠯᠡᠬᠦᠯᠬᠦ᠌᠎ᠶ᠋ᠢ ᠪᠠᠳᠤᠯᠠᠬᠤ ᠭᠡᠷᠡᠭ᠌ᠳᠠᠢ᠃ ᠮᠠᠨ᠎ᠤ ᠴᠡᠷᠢᠭ᠎ᠤᠨ 《ᠠᠷᠪᠠᠨ ᠲᠦᠷᠪᠡᠳᠤᠭᠡᠷ ᠲᠠᠪᠤᠨ ᠵᠢᠯ》 ᠤᠨ ᠲᠦᠯᠤᠪᠵᠢᠬᠦᠯᠬᠡ᠎ᠶ᠋ᠢ ᠰᠠᠢᠳᠤᠷ ᠨᠠᠢᠷᠠᠭᠤᠯᠤᠨ ᠵᠤᠬᠢᠶᠠᠵᠦ᠍᠂ ᠤᠯᠤᠰ᠎ᠤᠨ ᠬᠦᠭ᠌ᠵᠢᠬᠦᠯᠦᠯᠳᠠᠶ᠋ᠢᠨ ᠪᠠᠢᠷᠢᠱᠢᠭᠤᠯᠤᠯᠳᠠ᠎ᠲᠠᠢ ᠵᠤᠬᠢᠴᠠᠭᠤᠯᠬᠤ᠎ᠶ᠋ᠢ ᠴᠢᠬᠤᠯᠠᠴᠢᠯᠠᠨ᠂ ᠪᠠᠢᠯᠳᠤᠬᠤ ᠪᠤᠳᠤᠯᠭ᠎ᠠ᠎ᠶ᠋ᠢᠨ ᠲᠠᠪᠬᠤᠷᠭ᠎ᠠ᠎ᠠᠴᠠ ᠨᠢᠬᠡ ᠴᠤᠬ᠍ᠴᠠᠵᠢᠭᠤᠯᠬᠤ ᠲᠦᠯᠤᠪᠵᠢᠬᠦᠯᠬᠡ᠎ᠶ᠋ᠢ ᠰᠠᠢᠳᠤᠷ ᠬᠢᠵᠤ᠂ ᠲᠦᠯᠤᠪᠵᠢᠬᠦᠯᠬᠡ᠎ᠶ᠋ᠢᠨ ᠶᠠᠰᠤ ᠴᠢᠨᠠᠷ᠎ᠢ ᠪᠠᠳᠤᠯᠠᠬᠤ ᠭᠡᠷᠡᠭ᠌ᠳᠠᠢ᠃ ᠱᠢᠨᠵᠢᠯᠡᠬᠦ᠌ ᠤᠬᠠᠭᠠᠨᠴᠢ᠎ᠪᠠᠷ ᠲᠤᠬᠢᠷᠠᠭᠤᠯᠵᠤ᠂ ᠨᠠᠷᠢᠨ ᠨᠢᠬ᠍ᠳᠠ ᠲᠦᠯᠤᠪᠯᠡᠨ᠂ ᠴᠡᠷᠢᠭ᠎ᠤᠨ ᠵᠠᠷᠤᠳᠠᠯ᠎ᠢ ᠰᠠᠢᠳᠤᠷ ᠬᠠᠮᠢᠶᠠᠷᠤᠨ ᠰᠠᠢᠳᠤᠷ ᠭᠡᠷᠡᠭ᠌ᠯᠠᠵᠤ᠂ ᠮᠦᠩᠬᠦ᠌ ᠪᠤᠯᠭᠠᠨ᠎ᠢ ᠬᠠᠮᠤᠬ᠎ᠤᠨ ᠶᠡᠭᠡ ᠦᠷ᠎ᠠ ᠠᠱᠢᠬ᠍ᠳᠠᠢ᠎ᠪᠠᠷ ᠭᠡᠷᠡᠭ᠌ᠯᠡᠬᠦ᠌ ᠭᠡᠷᠡᠭ᠌ᠳᠠᠢ ᠬᠡᠵᠤ ᠴᠢᠬᠤᠯᠠᠴᠢᠯᠠᠪᠠ᠃
ᠰᠢ᠎ᠶ᠋ᠢᠨ ᠫᠢᠩ᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠲᠡᠯ ᠪᠤᠯ ᠮᠠᠠ᠎ᠤ ᠨᠠᠮ ᠪᠤᠯᠤᠨ ᠤᠯᠤᠰ᠎ᠤᠨ ᠤᠯᠤᠰ ᠲᠦᠷᠦ᠎ᠶ᠋ᠢᠨ ᠢᠯᠡᠳᠳᠡ ᠲᠠᠪᠠᠭᠤᠯᠢᠭ ᠮᠦᠨ᠂ ᠡᠨᠡ ᠤᠲᠠᠭ᠎ᠠ᠎ᠶ᠋ᠢᠨ ᠬᠢᠵᠢᠭ᠎ᠤᠨ ᠪᠠᠢᠲᠠᠯ᠎ᠢ ᠰᠡᠷᠭᠡᠢᠯᠡᠡ ᠡᠵᠡᠮᠲᠡᠬᠦ᠌ ᠲᠡᠮᠡᠴᠡᠯ ᠡᠬᠦᠨ᠎ᠢ ᠬᠦᠢᠴᠡᠳ ᠬᠠᠷᠠᠭᠤᠯᠵᠠᠢ᠃ ᠮᠠᠠ᠎ᠤ ᠴᠡᠷᠢᠭ ᠴᠡᠷᠢᠭ᠎ᠤᠨ ᠶᠠᠪᠤᠲᠠᠯ᠎ᠤᠨ ᠡᠬᠦᠷᠭᠡ᠎ᠪᠠᠨ ᠰᠠᠢᠲᠤᠷ ᠪᠡᠶᠡᠯᠡᠭᠦᠯᠬᠦ᠌᠎ᠶ᠋ᠢᠨ ᠬᠠᠮᠳᠤ ᠭᠠᠵᠠᠷ ᠤᠷᠤᠨ᠎ᠤ ᠠᠵᠦ᠍ ᠠᠬᠤᠢ ᠨᠡᠢᠭᠡᠮ᠎ᠤᠨ ᠬᠦᠭ᠌ᠵᠢᠯᠲᠠ᠎ᠶ᠋ᠢ ᠲᠡᠮᠵᠢᠵᠦ᠍᠂ ᠶᠠᠲᠠᠭᠤ᠎ᠠᠴᠠ ᠠᠩᠭᠢᠵᠢᠷᠠᠭᠤᠯᠬᠤ ᠪᠤᠭᠤᠮᠲᠠ ᠱᠢᠪᠲᠤᠯᠬᠤ ᠲᠠᠢᠯᠠᠯᠲᠤᠭᠠᠠ᠎ᠤ ᠢᠯᠠᠯᠲᠠ ᠤᠯᠬᠤ᠎ᠶ᠋ᠢ ᠲᠡᠮᠵᠢᠵᠦ᠍᠂ ᠤᠷᠤᠨ ᠨᠤᠳᠤᠬᠢ ᠬᠠᠪᠰᠤᠷᠤᠨ ᠨᠡᠢᠭᠡᠮ᠎ᠤᠨ ᠶᠡᠭᠡ ᠲᠠᠯ᠎ᠠ᠎ᠶ᠋ᠢᠨ ᠲᠤᠭ᠍ᠲᠠᠭᠤᠨ ᠪᠠᠢᠲᠠᠯ᠎ᠢ ᠬᠠᠮᠠᠭᠠᠯᠠᠬᠤ ᠠᠵᠢᠯ᠎ᠢ ᠰᠠᠢᠲᠤᠷ ᠬᠢᠬᠦ᠌ ᠬᠡᠷᠡᠭ᠌ᠳᠠᠢ᠃ ᠲᠦᠪ᠎ᠤᠨ ᠪᠠ ᠲᠦᠷᠦ᠎ᠶ᠋ᠢᠨ ᠪᠠᠢᠭᠤᠯᠭ᠎ᠠ᠂ ᠤᠷᠤᠨ ᠨᠤᠳᠤᠬ᠎ᠤᠨ ᠡᠯ᠎ᠠ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠤᠷᠲᠤᠨ᠎ᠨᠢ ᠤᠯᠤᠰ᠎ᠤᠨ ᠪᠠᠲᠤᠯᠠᠠ ᠬᠠᠮᠠᠭᠠᠯᠠᠯᠲᠠ ᠪᠤᠯᠤᠨ ᠴᠡᠷᠢᠭ ᠠᠩᠭᠢ᠎ᠶ᠋ᠢᠨ ᠪᠠᠢᠭᠤᠯᠤᠯᠲᠠ᠎ᠶ᠋ᠢ ᠲᠡᠮᠵᠢᠵᠦ᠍᠂ ᠭᠡᠭᠦᠲᠡᠭ ᠲᠦᠬᠦᠷᠡᠩ ᠬᠠᠯᠠᠭᠤᠨ ᠰᠡᠳᠭᠢᠯᠭᠡ᠎ᠪᠠᠷ ᠦᠷᠭᠡᠡ ᠤᠯᠠᠠ ᠲᠠᠷᠤᠭ᠎ᠠ ᠪᠠᠢᠯᠲᠤᠭ᠍ᠴᠢᠶ᠋ᠢᠨ ᠬᠦᠴᠢᠷᠲᠠᠯ᠎ᠢ ᠱᠢᠢᠳᠪᠦᠷᠢᠯᠡᠡ ᠦᠭ᠌ᠴᠤ᠂ ᠤᠯᠤᠰ᠎ᠢ ᠬᠦᠴᠦᠷᠭᠡᠭ᠌ᠵᠢᠭᠦᠯᠵᠦ᠍ ᠴᠡᠷᠢᠭ᠎ᠢ ᠮᠠᠨᠳᠤᠭᠤᠯᠬᠤ ᠠᠤᠭ᠎ᠠ ᠬᠦᠴᠤᠨ᠎ᠢ ᠨᠢᠭ᠍ᠲᠠᠷᠠᠭᠤᠯᠬᠤ ᠬᠡᠷᠡᠭ᠌ᠳᠠᠢ ᠭᠡᠵᠦ᠍ ᠵᠢᠭᠠᠵᠦ᠍ ᠭᠠᠷᠭᠠᠪᠠ᠃
ᠨᠠᠮ᠎ᠤᠨ ᠲᠦᠪ ᠬᠤᠷᠢᠶᠠᠠ᠎ᠤ ᠤᠯᠤᠰ ᠲᠦᠷᠦ᠎ᠶ᠋ᠢᠨ ᠲᠤᠪᠴᠢᠶᠠᠠ᠎ᠤ ᠭᠡᠱᠢᠭᠦᠨ᠂ ᠲᠦᠪ᠎ᠤᠨ ᠴᠡᠷᠢᠭ᠎ᠤᠨ ᠶᠠᠪᠤᠲᠠᠯ᠎ᠤᠨ ᠬᠤᠷᠢᠶᠠᠠ᠎ᠤ ᠲᠡᠳ᠋ ᠲᠡᠷᠢᠭᠦᠯᠡᠭ᠌ᠴᠢ ᠱᠢᠤᠢ ᠴᠢ ᠯᠢᠶᠠᠩ ᠬᠤᠷᠠᠯ᠎ᠢ ᠡᠷᠬᠢᠯᠡᠵᠦ᠍᠂ ᠨᠠᠮ᠎ᠤᠨ ᠲᠦᠪ ᠬᠤᠷᠢᠶᠠᠠ᠎ᠤ ᠤᠯᠤᠰ ᠲᠦᠷᠦ᠎ᠶ᠋ᠢᠨ ᠲᠤᠪᠴᠢᠶᠠᠠ᠎ᠤ ᠭᠡᠱᠢᠭᠦᠨ᠂ ᠲᠦᠪ᠎ᠤᠨ ᠴᠡᠷᠢᠭ᠎ᠤᠨ ᠶᠠᠪᠤᠲᠠᠯ᠎ᠤᠨ ᠬᠤᠷᠢᠶᠠᠠ᠎ᠤ ᠲᠡᠳ᠋ ᠲᠡᠷᠢᠭᠦᠯᠡᠭ᠌ᠴᠢ ᠵᠠᠩ ᠶᠢᠤ ᠱᠢᠶᠠ᠂ ᠲᠦᠪ᠎ᠤᠨ ᠴᠡᠷᠢᠭ᠎ᠤᠨ ᠶᠠᠪᠤᠲᠠᠯ᠎ᠤᠨ ᠬᠤᠷᠢᠶᠠᠠ᠎ᠤ ᠭᠡᠱᠢᠭᠦᠨ ᠸᠧᠢ ᠹᠧᠩ ᠡᡁᠧ᠂ ᠯᠢ ᠽᠦᠸᠧ ᠴᠧᠩ᠂ ᠮᠢᠶᠤᠤ ᠬᠤᠸᠠ᠂ ᠵᠠᠩ ᠱᠧᠩ ᠮᠢᠠ ᠬᠤᠷᠠᠯ᠎ᠳᠤ ᠤᠷᠤᠯᠴᠠᠵᠠᠢ᠃
ᠣᠷᠴᠢᠭᠤᠯᠤᠭ᠍ᠴᠢ᠄
ᠨᠠᠢᠷᠠᠭᠤᠯᠤᠭ᠍ᠴᠢ᠄
ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号